︵2021 ᠣᠨ ᠤ 11 ᠰᠠᠷ᠎ᠠ ᠶᠢᠨ 11 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠲᠤᠯᠠᠪᠠ︶ | | | | ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠵᠢᠷᠭᠤᠳᠤᠭᠠᠷ ᠪᠦᠭᠦᠳᠡ ᠬᠤᠷᠠᠯ᠂ 2021 ᠤᠨ ᠤ 11 ᠰᠠᠷ᠎ᠠ ᠶᠢᠨ 8 ᠤ ᠡᠳᠦᠷ ᠠᠴᠠ 11 ᠤ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠲᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | | | | | ᠲᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠵᠢᠷᠭᠤᠳᠤᠭᠠᠷ ᠪᠦᠭᠦᠳᠡ ᠬᠤᠷᠠᠯ᠂ 2021 ᠤᠨ ᠤ 11 ᠰᠠᠷ᠎ᠠ ᠶᠢᠨ 8 ᠤ ᠡᠳᠦᠷ ᠠᠴᠠ 11 ᠤ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠪᠦᠬᠦᠳᠡ ᠬᠤᠷᠠᠯ ᠢ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠠᠴᠠ | ᠡᠷᠬᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ 2021 ᠣᠨ ᠤ 11 ᠰᠠᠷ᠎ᠠ ᠶᠢᠨ 8 ᠤ ᠡᠳᠦᠷ ᠠᠴᠠ 11 ᠤ ᠡᠳᠦᠷ ᠪᠣᠯᠲᠠᠯ᠎ᠠ | ᠪᠡᠭᠡᠵᠢᠩ ᠳᠤ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 197 ᠬᠥᠮᠤᠨ᠂ ᠲᠥᠪ | ᠬᠤᠷᠢᠶᠠᠨ ᠤ ᠣᠷᠣᠯᠠᠭᠴᠢ ᠭᠡᠰᠢᠭᠦᠨ 151 ᠬᠥᠮᠤᠨ ᠣᠷᠣᠯᠴᠠᠪᠠ᠃ ᠲᠥᠪ ᠬᠤᠷᠢᠶᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢᠳ ᠤᠨ ᠳᠣᠲᠣᠷᠠᠬᠢ ᠬᠡᠰᠡᠭ ᠦᠨᠳᠦᠰᠦᠨ | ᠱᠠᠲᠤᠨ ᠤ ᠨᠥᠬᠦᠳ ᠪᠠ ᠲᠤᠰᠬᠠᠶ ᠮᠡᠷᠭᠡᠵᠢᠯᠲᠡᠳ ᠡᠷᠳᠡᠮᠲᠡᠳ ᠴᠤ ᠬᠤᠷᠠᠯ ᠳᠤ ᠰᠤᠯᠠ ᠣᠷᠣᠯᠴᠠᠪᠠ᠃ ᠪᠥᠬᠦᠳᠡ | ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ ᠡᠷᠬᠢᠯᠡᠪᠡ᠃ ᠲᠥᠪ ᠬᠤᠷᠢᠶᠠᠨ ᠤ ᠶᠡᠷᠦᠩᠬᠡᠢ | ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠭᠡᠯ ᠢ ᠰᠣᠨᠣᠰᠤᠨ ᠶᠠᠷᠢᠯᠴᠠᠵᠤ᠂ ︽ᠨᠠᠮ ᠤᠨ ᠵᠠᠭᠤᠨ ᠵᠢᠯ ᠤᠨ | ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢ ᠬᠢᠨᠠᠨ ᠶᠠᠷᠢᠯᠴᠠᠵᠤ ᠪᠠᠲᠤᠯᠠᠨ᠂ ︽ᠨᠠᠮ ᠤᠨ | ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠲᠤᠬᠠᠶ | ᠰᠢᠢᠳᠪᠦᠷᠢ︾ ᠶᠢ ᠬᠢᠨᠠᠨ ᠶᠠᠷᠢᠯᠴᠠᠵᠤ ᠪᠠᠲᠤᠯᠠᠪᠠ᠃ ᠰᠢ ᠶᠢᠨ ᠫᠢᠩ ︽ᠨᠠᠮ ᠤᠨ ᠵᠠᠭᠤᠨ ᠵᠢᠯ ᠤᠨ ᠲᠡᠮᠡᠴᠡᠯ ᠤᠨ | ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠰᠢᠢᠳᠪᠦᠷᠢ ︵ᠶᠠᠷᠢᠯᠴᠠᠬᠤ ᠨᠤᠤᠷᠠᠭ︶︾ ᠶᠢᠨ ᠲᠤᠬᠠᠶ ᠪᠥᠬᠦᠳᠡ ᠬᠤᠷᠠᠯ ᠳᠤ | ᠲᠣᠳᠣᠷᠬᠠᠶᠢᠯᠠᠯᠲᠠ ᠬᠢᠪᠡ᠃ | ᠪᠥᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ | ᠪᠥᠬᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ | ᠨᠤᠲᠠᠯᠠᠪᠠ᠃ ᠨᠢᠭᠡ ᠵᠢᠯ ᠤᠨ ᠲᠤᠷᠰᠢ᠂ ᠳᠡᠯᠡᠬᠡᠶ ᠶᠢᠷᠳᠢᠨᠴᠤ ᠶᠢᠨ ᠵᠠᠭᠤᠨ ᠵᠢᠯ ᠳᠤ ᠪᠠᠶᠢᠭ᠎ᠠ ᠦᠭᠡᠶ ᠶᠡᠭᠡ | ᠬᠤᠪᠢᠰᠤᠯᠲᠠ ᠪᠣᠯᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠳᠡᠯᠡᠬᠡᠶ ᠨᠡᠶᠢᠳᠡ ᠶᠢᠨ | ᠬᠡᠪᠴᠢᠶᠡᠨ ᠳᠤ ᠶᠡᠭᠡ ᠪᠠᠷ ᠳᠡᠯᠭᠡᠷᠡᠵᠤ ᠪᠠᠶᠢᠭ᠎ᠠ ᠪᠠᠶᠢᠳᠠᠯ ᠰᠤᠯᠪᠢᠴᠠᠨ ᠨᠦᠯᠤᠭᠡᠯᠡᠵᠤ᠂ ᠭᠠᠳᠠᠭᠠᠳᠤ ᠣᠷᠴᠢᠨ | ᠨᠦᠬᠦᠴᠡᠯ ᠨᠡᠩ ᠪᠤᠳᠤᠯᠢᠶᠠᠨᠲᠠᠶ ᠬᠦᠨᠳᠦ ᠬᠡᠴᠡᠭᠦᠤ ᠪᠤᠯᠵᠤ᠂ ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠡᠯ᠎ᠡ ᠵᠦᠢᠯ ᠤᠨ ᠡᠭᠦᠷᠭᠡ ᠲᠦᠢᠯ ᠤᠨ ᠨᠦᠰᠡᠷ ᠬᠦᠨᠳᠦ ᠪᠦᠭᠡᠳ ᠬᠠᠲᠠᠭᠤ ᠪᠡᠷᠬᠡ ᠪᠤᠯᠪᠠ᠃ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠥᠨᠳᠥᠷ ᠮᠠᠨᠳᠤᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ | ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠳᠥᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠠᠵᠤ ᠠᠬᠤᠢ ᠶᠢᠨ ᠨᠨᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠢ | ᠪᠠᠲᠤᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠢᠳᠡᠪᠬᠢᠲᠡᠢ ᠠᠬᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠬᠦᠯᠤᠨ᠂ ᠶᠠᠳᠠᠭᠤ ᠠᠴᠠ ᠠᠩᠭᠢᠵᠢᠷᠠᠭᠤᠯᠬᠤ ᠪᠡᠷᠭᠡ | ᠰᠡᠳᠤᠪ ᠢ ᠰᠢᠢᠳᠪᠤᠷᠢᠯᠡᠬᠦ ᠲᠠᠶᠢᠨ ᠳᠤ ᠬᠤᠭᠤᠴᠠᠭ᠎ᠠ ᠶᠤᠰᠤᠭᠠᠷ ᠢᠯᠠᠯᠲᠠ ᠣᠯᠵᠤ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠪᠦᠲᠦᠮᠵᠢᠲᠡᠶ ᠰᠠᠶᠢᠵᠢᠷᠠᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢ ᠯᠠᠪᠳᠠᠭᠤᠨ | ᠪᠠᠳᠤᠳᠠᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ | ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠲᠡᠤᠭᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠪᠥᠭᠡᠳ | ᠪᠦᠲᠦᠮᠵᠢᠲᠡᠶ ᠦᠷᠨᠢᠬᠦᠯᠵᠤ᠂ ᠤᠯᠠᠨ ᠵᠦᠢᠯ ᠤᠨ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ ᠢ ᠢᠯᠠᠨ ᠳᠠᠪᠠᠭᠠᠳ᠂ | ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠲᠤ ᠰᠢᠨ᠎ᠡ ᠴᠢᠬᠤᠯᠠ ᠶᠡᠭᠡ ᠠᠮᠵᠢᠯᠲᠠ ᠪᠦᠲᠦᠮᠵᠢ ᠶᠢ | ᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠰᠢᠷᠢᠰ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠭᠰᠡᠨ ᠢ ᠠᠯᠪᠠᠨ ᠶᠣᠰᠣᠭᠠᠷ ᠨᠡᠶᠢᠲᠡᠯᠡᠵᠦ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠤᠭ ᠵᠤᠷᠢᠬ ᠪᠠᠳᠠᠷᠠᠩᠭᠤᠢ ᠪᠠᠷ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠵᠠᠮ ᠳᠤ ᠮᠣᠷᠳᠠᠬᠤ ᠶᠢ ᠤᠷᠮᠠᠰᠢᠭᠤᠯᠤᠨ | ᠵᠤᠷᠢᠬᠵᠢᠭᠤᠯᠤᠭᠰᠠᠨ ᠪᠠᠶᠢᠨ᠎ᠠ ᠭᠡᠵᠤ ᠰᠠᠨᠠᠯ ᠨᠢᠭᠡᠳᠡᠢ ᠦᠵᠡᠪᠠ᠃ | ᠪᠦᠬᠦᠳᠡ ᠬᠤᠷᠠᠯ ᠠᠴᠠ ᠦᠵᠡᠭᠰᠡᠨ ᠨᠢ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ | ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠳ᠋ᠦᠩᠨᠡᠬᠦ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ | ᠲᠡᠤᠬᠡᠨ ᠨᠥᠬᠦᠴᠡᠯ ᠳᠣᠤᠷ᠎ᠠ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ ᠬᠡᠷᠡᠭᠴᠡᠭᠡ ᠮᠥᠨ︔ ᠤᠯᠤᠰ ᠲᠥᠷᠥ ᠶᠢᠨ ᠤᠬᠠᠮᠰᠠᠷ᠂ | ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢᠶᠠᠨ ᠴᠢᠩᠭᠠᠳᠬᠠᠵᠤ᠂ | ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ | ᠰᠢ ᠶᠢᠨ ᠫᠢᠩ ᠨᠦᠬᠦᠷ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ | ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠦᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠪᠡᠶᠡᠯᠡᠬᠦᠯᠤᠨ᠂ ᠪᠦᠬᠦ ᠨᠠᠮ ᠢᠶᠠᠷ ᠢᠶᠠᠨ ᠠᠯᠬᠤᠭ᠎ᠠ ᠨᠢᠭᠡᠲᠡᠢ | ᠤᠷᠤᠭᠰᠢᠯᠠᠬᠤ ᠶᠢ ᠦᠨᠡᠨ ᠬᠦ ᠪᠠᠳᠤᠯᠠᠬᠤ ᠶᠢᠨ ᠭᠡᠷᠡᠭᠴᠡᠭᠡ ᠮᠦᠨ︔ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠠᠬᠢᠭᠤᠯᠬᠤ᠂ ᠪᠦᠬᠦ ᠨᠠᠮ ᠤᠨ ᠲᠡᠮᠡᠴᠡᠯ ᠬᠢᠬᠦ ᠴᠢᠳᠠᠪᠤᠷᠢ ᠪᠠ ᠲᠦᠭᠰᠢᠭᠦᠷᠢ ᠦᠷᠢᠰᠤᠯᠳᠤᠭᠡᠨ ᠢ ᠠᠷᠭᠠᠴᠠᠬᠤ | ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠡᠭᠦᠷᠢᠳᠡ | ᠬᠠᠳᠠᠭᠠᠯᠠᠬᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ | ᠪᠡᠶᠡᠯᠡᠬᠦᠯᠬᠦ ᠶᠢᠨ ᠲᠥᠯᠥᠭᠡ ᠦᠷᠭᠦᠯᠵᠢᠯᠡᠨ ᠲᠡᠮᠡᠴᠡᠬᠦ ᠶᠢᠨ ᠬᠡᠷᠡᠭᠴᠡᠭᠡ ᠮᠥᠨ᠃ ᠪᠦᠬᠦ ᠨᠠᠮ ᠢᠶᠠᠷ ᠢᠶᠠᠨ ᠲᠡᠤᠬᠡ ᠶᠢᠨ | ᠪᠣᠳᠠᠰᠴᠢ ᠦᠵᠡᠯᠲᠡ ᠪᠠ ᠵᠦᠪ ᠨᠠᠮ ᠤᠨ ᠲᠡᠤᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ | ᠲᠡᠮᠡᠴᠡᠯ ᠤᠨ ᠳᠤᠮᠳᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠭᠡᠳᠡᠭ ᠢ | ᠲᠤᠳᠤᠷᠬᠠᠢ ᠲᠠᠨᠢᠵᠤ᠂ ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠨ᠎ᠠ | ᠭᠡᠳᠡᠭ ᠢ ᠲᠤᠳᠤᠷᠬᠠᠢ ᠣᠶᠢᠯᠠᠭᠠᠬᠤ ᠶᠢᠨ ᠤᠯᠠᠮ ᠠᠴᠠ ᠨᠡᠩ ᠭᠤᠶᠢᠪᠢᠰᠢ ᠦᠭᠡᠢ ᠪᠠᠷ᠂ ᠨᠡᠩ ᠤᠬᠠᠮᠰᠠᠷ ᠠᠴᠠ ᠪᠠᠨ | ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ᠂ ᠰᠢᠨ᠎ᠡ ᠴᠠᠭ ᠦᠶ᠎ᠡ ᠳᠤ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠦᠭᠵᠢᠬᠦᠯᠬᠦ ᠬᠡᠷᠡᠭᠳᠠᠢ᠃ | ᠪᠦᠬᠦᠳᠡ ᠬᠤᠷᠠᠯ ᠠᠴᠠ ᠲᠤᠷᠠᠳᠤᠨ ᠭᠠᠷᠭᠠᠭᠰᠠᠨ ᠨᠢ᠂ ᠳᠤᠮᠳᠠᠳᠤ ᠤᠯᠤᠰ ᠤᠨ ᠡᠪ ᠬᠠᠮᠲᠤ ᠨᠠᠮ 1921 | ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠢᠮᠠᠭᠳᠠ ᠲᠤᠯᠭᠤᠷ ᠵᠤᠷᠢᠯᠳᠠ ᠡᠭᠦᠷᠭᠡ | ᠬᠠᠷᠢᠭᠤᠴᠠᠯᠭ᠎ᠠ ᠪᠠᠨ ᠪᠣᠯᠭᠠᠵᠤ᠂ ᠡᠪ ᠬᠠᠮᠲᠤ ᠶᠣᠰᠣᠨ ᠤ ᠬᠦᠰᠡᠯᠡᠩ ᠪᠣᠯᠤᠨ ᠨᠡᠶᠢᠭᠡᠮ ᠵᠢᠷᠤᠮ ᠤᠨ ᠢᠲᠡᠭᠡᠯ | ᠵᠣᠷᠢᠭ ᠢ ᠢᠮᠠᠭᠲᠠ ᠪᠠᠷᠢᠮᠲᠠᠯᠠᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ | ᠲᠡᠮᠡᠴᠡᠨ ᠤᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠶ ᠲᠡᠮᠡᠴᠡᠬᠡᠳ᠂ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠶ | ᠲᠡᠤᠬᠡᠨ ᠶᠠᠪᠤᠴᠠ ᠶᠢ ᠥᠩᠭᠡᠷᠡᠭᠦᠯᠪᠡ᠃ ᠨᠠᠮ ᠪᠣᠯᠤᠨ ᠠᠷᠠᠳ ᠲᠦᠮᠡᠨ ᠤ ᠵᠠᠭᠤᠨ ᠵᠢᠯ ᠤᠨ ᠲᠡᠮᠡᠴᠡᠯ ᠨᠢ | ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ ᠬᠠᠮᠤᠭ ᠤᠨ ᠰᠦᠷ ᠵᠢᠪᠬᠤᠯᠠᠩᠲᠠᠢ | ᠲᠤᠤᠯᠢᠰ ᠢ ᠪᠢᠴᠢᠭᠯᠡᠭᠰᠡᠨ ᠶᠤᠮ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠠ ᠳᠤ᠂ | ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠡᠵᠡᠷᠬᠡᠭ ᠲᠦᠷᠢᠮᠡᠬᠡᠶ ᠶᠣᠰᠣ᠂ ᠹᠧᠣᠳᠠᠯ ᠶᠣᠰᠣ᠂ ᠨᠣᠶᠠᠨᠴᠢ | ᠬᠥᠷᠥᠩᠭᠡᠲᠦ ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ | ᠴᠢᠯᠥᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ ᠶᠠᠪᠤᠳᠠᠯ ᠪᠤᠯᠤᠨ᠎ᠠ᠃ ᠬᠤᠪᠢᠰᠬᠠᠯᠲᠤ | ᠲᠡᠮᠡᠴᠡᠯ ᠤᠨ ᠳᠤᠮᠳᠠ᠂ ᠮᠠᠤ ᠽᠧ ᠳ᠋ᠦᠩ ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ | ᠤᠯᠤᠰ ᠤᠨ ᠡᠪ ᠬᠠᠮᠲᠤᠴᠤᠳ ᠮᠠᠷᠺᠰ ᠯᠧᠨᠢᠨ ᠤ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠷᠭᠠᠭᠤ ᠬᠠᠲᠠᠭᠤᠵᠢᠯᠲᠠᠶ ᠬᠠᠶᠢᠨ ᠰᠦᠪᠡᠭᠴᠢᠯᠡᠯᠳᠡ ᠬᠢᠵᠦ᠂ ᠯᠤᠲᠤ | ᠶᠡᠭᠡ ᠦᠷᠡᠭᠳᠡᠯ ᠭᠠᠷᠭᠠᠵᠤ ᠪᠠᠶᠢᠭᠠᠳ ᠬᠤᠷᠠᠮᠳᠤᠭᠤᠯᠤᠭᠰᠠᠨ ᠠᠯᠢ ᠤᠯᠠᠨ ᠥᠪᠡᠷᠮᠢᠴᠡ ᠪᠦᠲᠦᠭᠡᠯᠴᠢ ᠴᠢᠨᠠᠷᠲᠠᠶ | ᠲᠤᠷᠰᠢᠯᠭ᠎ᠠ ᠳᠤ ᠤᠨᠤᠯ ᠤᠨ ᠬᠤᠷᠢᠶᠠᠩᠭᠤᠶᠢᠯᠠᠯ ᠬᠢᠵᠤ᠂ ᠬᠥᠳᠡᠭᠡ ᠲᠣᠰᠬᠤᠨ ᠢᠶᠠᠷ ᠬᠤᠲᠠ ᠶᠢ ᠪᠦᠰᠡᠯᠡᠬᠦ᠂ | ᠵᠡᠪᠰᠡᠭᠲᠦ ᠬᠦᠴᠦᠨ ᠢᠶᠠᠷ ᠲᠦᠷᠤ ᠶᠢᠨ ᠡᠷᠬᠡ ᠶᠢ ᠪᠤᠯᠢᠶᠠᠨ ᠠᠪᠬᠤ ᠵᠥᠪ ᠣᠨᠣᠪᠴᠢᠲᠠᠶ ᠬᠤᠪᠢᠰᠬᠠᠯ ᠤᠨ ᠵᠠᠮ ᠢ | ᠨᠡᠭᠡᠭᠡᠵᠦ᠂ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠤᠢ ᠪᠣᠯᠭᠠᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ | ᠢᠯᠠᠯᠲᠠ ᠶᠢ ᠲᠡᠮᠡᠴᠡᠨ ᠤᠯᠬᠤ ᠳᠤ ᠵᠥᠪ ᠴᠢᠭᠯᠡᠯ ᠢ ᠲᠣᠳᠣᠷᠬᠠᠶ ᠵᠢᠭᠠᠵᠤ ᠥᠭᠪᠡ᠃ ᠨᠠᠮ ᠠᠴᠠ ᠠᠷᠠᠳ ᠲᠦᠮᠡᠨ ᠢ | ᠤᠳᠤᠷᠢᠳᠤᠨ ᠠᠮᠢ ᠴᠦᠯᠡᠨ ᠡᠷᠡᠯᠬᠡᠭᠯᠡᠨ ᠪᠠᠶᠢᠯᠳᠤᠵᠤ᠂ ᠨᠤᠭᠤᠷᠠᠰᠢ ᠦᠭᠡᠢ ᠲᠡᠮᠡᠴᠡᠨ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠴᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠢ ᠪᠠᠶᠢᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ | ᠪᠡᠶᠡᠯᠡᠭᠦᠯᠵᠤ᠂ ᠬᠠᠭᠤᠴᠢᠨ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ | ᠲᠦᠢᠯᠪᠤᠷᠢᠲᠠᠶ ᠡᠴᠦᠰᠯᠡᠭᠦᠯᠵᠦ᠂ ᠥᠷᠭᠡᠨ ᠤᠯᠠᠨ ᠬᠥᠳᠡᠯᠮᠦᠷᠢᠴᠢᠨ ᠠᠷᠠᠳ ᠲᠦᠮᠡᠨ ᠢ ᠲᠦᠢᠯ ᠤᠨ ᠴᠥᠭᠡᠨ | ᠲᠣᠭᠠᠨ ᠤ ᠮᠥᠯᠵᠢᠭᠴᠢᠳ ᠨᠣᠶᠠᠷᠬᠠᠵᠤ ᠪᠠᠶᠢᠭᠰᠠᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠬᠠᠭᠤᠴᠢᠨ | ᠳᠤᠮᠳᠠᠳᠤ ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ | ᠤᠯᠤᠰ ᠤᠳ ᠤᠨ ᠳᠤᠮᠳᠠᠳᠤ ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠠ ᠡᠵᠡᠷᠬᠡᠭ | ᠲᠦᠷᠢᠮᠡᠭᠡᠶᠢᠳᠡᠨ ᠤ ᠳᠤᠮᠳᠠᠳᠤ ᠤᠯᠤᠰ ᠲᠠᠬᠢ ᠠᠯᠢᠪᠠ ᠣᠨᠴᠠ ᠡᠷᠬᠡ ᠶᠢ ᠲᠦᠢᠯᠪᠤᠷᠢᠲᠠᠶ ᠬᠦᠴᠦᠨ ᠦᠭᠡᠢ ᠪᠣᠯᠭᠠᠵᠤ᠂ | ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ ᠹᠸᠤᠳᠠᠯ ᠤᠨ ᠡᠵᠡᠷᠬᠡᠭ ᠶᠤᠰᠤᠨ ᠤ ᠤᠯᠤᠰ ᠲᠦᠷᠦ ᠠᠴᠠ | ᠠᠷᠠᠳ ᠤᠨ ᠠᠷᠠᠳᠴᠢᠯᠠᠯ ᠳᠤ ᠰᠢᠯᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ ᠪᠦᠭᠡᠳ ᠪᠠᠰᠠ | ᠳᠡᠯᠡᠬᠡᠶ ᠶᠢᠨ ᠤᠯᠤᠰ ᠲᠦᠷᠦ ᠶᠢᠨ ᠪᠠᠶᠢᠷᠢᠰᠢᠯ ᠢ ᠲᠦᠢᠯ ᠤᠨ ᠶᠡᠭᠡ ᠪᠠᠷ ᠬᠤᠪᠢᠷᠠᠭᠤᠯᠵᠤ᠂ ᠪᠦᠬᠦ ᠳᠡᠯᠡᠬᠡᠶ ᠶᠢᠨ | ᠳᠠᠷᠤᠯᠠᠭᠳᠠᠵᠤ ᠪᠠᠶᠢᠭ᠎ᠠ ᠦᠨᠳᠦᠰᠦᠲᠡᠨ ᠪᠠ ᠳᠠᠷᠤᠯᠠᠭᠳᠠᠵᠤ ᠪᠠᠶᠢᠭ᠎ᠠ ᠠᠷᠠᠳ ᠲᠦᠮᠡᠨ ᠤ ᠴᠢᠯᠥᠭᠡᠯᠡᠯᠲᠡ ᠪᠠᠨ | ᠲᠡᠮᠡᠴᠡᠨ ᠤᠯᠬᠤ ᠲᠡᠮᠡᠴᠡᠯ ᠢ ᠵᠣᠷᠢᠬᠵᠢᠭᠤᠯᠤᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ | ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ | ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ ᠵᠣᠭᠰᠣᠪᠠ᠂ ᠳᠤᠮᠳᠠᠳᠤ ᠶᠢᠨ | ᠦᠨᠳᠦᠰᠦᠲᠡᠨ ᠤ ᠬᠥᠮᠦᠨ ᠪᠤᠯᠭᠠᠨ ᠳᠤ ᠲᠠᠷᠤᠯᠠᠬᠳᠠᠵᠦ᠂ ᠲᠠᠷᠤᠯᠠᠯ ᠲᠤᠷᠤᠮᠵᠢᠯᠠᠯ ᠢ ᠬᠠᠰᠢᠷᠠᠲᠠᠯ᠎ᠠ ᠠᠮᠰᠠᠵᠤ | ᠪᠠᠶᠢᠬᠰᠠᠨ ᠴᠠᠭ ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ ᠤᠯᠤᠰ ᠤᠨ ᠬᠥᠭᠵᠢᠯᠲᠡ ᠡᠭᠦᠨ ᠠᠴᠠ | ᠡᠬᠢᠯᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠡᠶᠢᠭᠡᠮ ᠵᠢᠷᠤᠮᠲᠤ ᠬᠤᠪᠢᠰᠬᠠᠯ ᠪᠣᠯᠤᠨ ᠪᠦᠲᠦᠭᠡᠨ | ᠪᠠᠶᠢᠭᠤᠯᠤᠯᠲᠠ ᠶᠢᠨ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠰᠢᠨ᠎ᠡ ᠠᠷᠠᠳᠴᠢᠯᠠᠭᠰᠠᠨ | ᠶᠣᠰᠣᠨ ᠠᠴᠠ ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ | ᠬᠤᠪᠢᠰᠬᠠᠯ ᠬᠢᠵᠦ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ | ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠭᠦ ᠶᠠᠪᠤᠳᠠᠯ ᠪᠤᠯᠤᠨ᠎ᠠ᠃ ᠡᠨᠡ ᠬᠦ ᠦᠶ᠎ᠠ ᠳᠤ᠂ ᠮᠠᠤ ᠽᠧ | ᠳ᠋ᠦᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠨᠡᠶᠢᠭᠡᠮ | ᠵᠢᠷᠤᠮᠲᠤ ᠪᠦᠳᠦᠭᠡᠨ ᠪᠠᠶᠢᠭᠤᠯᠤᠯᠲᠠ ᠶᠢᠨ ᠲᠤᠬᠠᠶ ᠠᠯᠢ ᠤᠯᠠᠨ ᠴᠢᠬᠤᠯᠠ ᠦᠵᠡᠯ ᠰᠠᠨᠠᠭ᠎ᠠ ᠶᠢ ᠳᠤᠷᠠᠳᠤᠨ ᠭᠠᠷᠭᠠᠪᠠ᠃ | ᠮᠠᠤ ᠽᠧ ᠳ᠋ᠦᠩ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ ᠢ ᠲᠤᠮᠳᠠᠳᠤ ᠤᠯᠤᠰ ᠲᠤ ᠪᠦᠳᠤᠭᠡᠯᠴᠢ ᠪᠠᠷ | ᠬᠡᠷᠡᠭᠯᠡᠵᠦ ᠬᠥᠭᠵᠢᠬᠦᠯᠦᠭᠰᠡᠨ ᠶᠠᠪᠤᠳᠠᠯ ᠮᠦᠨ᠂ ᠦᠢᠯᠡᠳᠦᠯᠭᠡ ᠪᠠᠷ ᠭᠡᠷᠡᠴᠢᠯᠡᠭᠳᠡᠭᠰᠡᠨ ᠲᠤᠮᠳᠠᠳᠤ ᠤᠯᠤᠰ ᠤᠨ | ᠬᠤᠪᠢᠰᠬᠠᠯ ᠪᠠ ᠪᠦᠲᠦᠭᠡᠨ ᠪᠠᠶᠢᠭᠤᠯᠤᠯᠳᠠ ᠶᠢᠨ ᠲᠤᠬᠠᠢ ᠵᠦᠪ ᠤᠨᠤᠯ ᠤᠨ ᠵᠠᠷᠴᠢᠮ ᠪᠠ ᠲᠤᠷᠰᠢᠯᠭ᠎ᠠ ᠶᠢᠨ | ᠳ᠋ᠦᠡᠭᠨᠡᠯᠳᠡ ᠮᠦᠨ᠂ ᠮᠠᠷᠺᠰ ᠤᠨ ᠦᠵᠡᠯ ᠢ ᠲᠤᠮᠳᠠᠳᠤ ᠤᠯᠤᠰᠴᠢᠯᠠᠭᠰᠠᠨ ᠠᠩᠬᠠᠳᠤᠭᠠᠷ ᠤᠳᠠᠭᠠᠨ ᠤ ᠲᠡᠤᠭᠡᠳᠤ | ᠴᠢᠨᠠᠷᠳᠠᠢ ᠦᠰᠦᠷᠦᠯᠳᠡ ᠮᠦᠨ᠃ ᠨᠠᠮ ᠠᠴᠠ ᠠᠷᠠᠳ ᠲᠦᠮᠡᠨ ᠢ ᠤᠳᠤᠷᠢᠳᠤᠨ ᠥᠪᠡᠷ ᠤᠨ ᠬᠦᠴᠦ ᠪᠠᠷ ᠢᠶᠠᠨ | ᠳᠡᠭᠵᠢᠷᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ | ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠳᠤᠮᠵᠢ ᠶᠢ ᠡᠭᠦᠳᠴᠤ᠂ ᠳᠤᠮᠳᠠᠳᠤ ᠶᠢᠨ ᠦᠨᠳᠦᠰᠦᠲᠡᠨ ᠤ | ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ ᠪᠥᠭᠡᠳ ᠭᠦᠨ ᠭᠦᠨᠵᠡᠭᠡᠶ ᠨᠡᠶᠢᠭᠡᠮ ᠤᠨ ᠬᠤᠪᠢᠰᠤᠯᠲᠠ ᠶᠢ | ᠪᠡᠶᠡᠯᠡᠭᠦᠯᠵᠦ᠂ ᠶᠠᠳᠠᠭᠤ ᠬᠤᠭᠤᠰᠣᠨ᠂ ᠬᠥᠮᠦᠨ ᠠᠮᠠ ᠣᠯᠠᠨᠲᠠᠶ ᠳᠣᠷᠣᠨᠠᠳᠠᠬᠢᠨ ᠤ ᠲᠣᠮᠣ ᠤᠯᠤᠰ ᠢ ᠲᠤᠮᠤ | ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ ᠤᠷᠤᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠪᠡ᠃ | ᠮᠠᠨ ᠤ ᠤᠯᠤᠰ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ | ᠤᠯᠤᠰ ᠠᠷᠠᠳ ᠤᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠨᠥᠬᠦᠴᠡᠯ ᠢ ᠢᠯᠡᠳᠲᠡ ᠬᠤᠪᠢᠷᠠᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ᠂ ᠡᠷᠡᠭᠦᠯ | ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠢ ᠮᠠᠰᠢ ᠶᠡᠭᠡ ᠬᠥᠭᠵᠢᠯᠳᠠ ᠲᠠᠢ ᠪᠤᠯᠭᠠᠵᠤ᠂ ᠠᠷᠠᠳ ᠤᠨ ᠴᠢᠯᠥᠭᠡᠯᠡᠬᠦ | ᠴᠡᠷᠢᠭ ᠢ ᠪᠤᠵᠠᠭᠠᠶᠢᠷᠠᠭᠤᠯᠤᠨ ᠳᠡᠭᠡᠭᠰᠢᠯᠡᠭᠦᠯᠵᠦ᠂ ᠬᠠᠭᠤᠴᠢᠨ ᠳᠤᠮᠳᠠᠳᠤ ᠤᠯᠤᠰ ᠤᠨ ᠭᠤᠲᠤᠭᠠᠯ ᠲᠤᠷᠤᠮᠵᠢᠯᠠᠯ | ᠠᠮᠰᠠᠵᠤ ᠪᠠᠶᠢᠬᠰᠠᠨ ᠭᠠᠳᠠᠭᠠᠳᠤ ᠬᠠᠷᠢᠯᠴᠠᠭ᠎ᠠ ᠶᠢ ᠲᠦᠢᠯᠪᠤᠷᠢᠲᠠᠶ ᠡᠴᠦᠰᠯᠡᠭᠦᠯᠪᠡ᠃ ᠳᠤᠮᠳᠠᠳᠤ ᠤᠯᠤᠰ ᠤᠨ ᠡᠪ | ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ | ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠤ | ᠴᠢᠳᠠᠮᠠᠭᠠᠶ ᠪᠠᠷ ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ᠂ ᠭᠠᠭᠴᠠ ᠬᠦ | ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ | ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ | ᠡᠭᠦᠷᠭᠡ ᠪᠣᠯ᠂ ᠳᠤᠮᠳᠠᠳᠤ ᠤᠯᠤᠰ ᠤᠨ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠥᠪ ᠵᠠᠮ ᠢ ᠦᠷᠭᠦᠯᠵᠢᠯᠡᠨ | ᠰᠦᠪᠡᠭᠴᠢᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ᠂ ᠠᠷᠠᠳ ᠲᠦᠮᠡᠨ ᠢ | ᠶᠠᠳᠠᠭᠤ ᠠᠴᠠ ᠠᠩᠭᠢᠵᠢᠷᠠᠭᠤᠯᠤᠨ ᠠᠯᠢ ᠲᠦᠷᠭᠡᠨ ᠢᠶᠠᠷ ᠪᠠᠶᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ ᠠᠮᠢᠳᠤᠯᠢᠬ ᠬᠦᠴᠦᠨ ᠢᠶᠠᠷ ᠪᠢᠯᠬᠠᠬᠰᠠᠨ ᠪᠠᠶᠢᠭᠤᠯᠤᠯ ᠤᠨ | ᠪᠠᠲᠤᠯᠠᠭ᠎ᠠ ᠪᠠ ᠲᠦᠷᠭᠡᠨ ᠢᠶᠠᠷ ᠬᠥᠭᠵᠢᠭᠰᠡᠨ ᠪᠣᠳᠠᠰ ᠤᠨ ᠨᠥᠬᠦᠴᠡᠯ ᠢ ᠬᠠᠩᠭᠠᠬᠤ ᠶᠠᠪᠤᠳᠠᠯ ᠪᠤᠯᠤᠨ᠎ᠠ᠃ ᠨᠠᠮ ᠤᠨ | ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠤᠶᠢᠰᠢ᠂ ᠳ᠋ᠧᠩ | ᠰᠢᠶᠣᠤ ᠫᠢᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠵᠥᠪ ᠪᠤᠷᠤᠭᠤ ᠬᠤᠶᠠᠷ ᠲᠠᠯ᠎ᠠ ᠶᠢᠨ | ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ | ᠪᠠᠶᠢᠭᠤᠯᠬᠤ ᠡᠨᠡ ᠬᠦ ᠦᠨᠳᠦᠰᠦᠨ ᠠᠰᠠᠭᠤᠳᠠᠯ ᠤᠨ ᠲᠣᠭᠤᠷᠢᠨ ᠳᠤ᠂ ᠳᠡᠯᠡᠬᠡᠶ ᠶᠢᠨ ᠨᠡᠶᠢᠭᠡᠮ ᠵᠢᠷᠤᠮ ᠤᠨ ᠲᠡᠦᠬᠡᠨ | ᠲᠤᠷᠰᠢᠯᠭ᠎ᠠ ᠪᠠᠷ ᠲᠣᠯᠢ ᠪᠣᠯᠭᠠᠵᠤ᠂ ᠳ᠋ᠧᠩ ᠰᠢᠶᠣᠤ ᠫᠢᠩ ᠤᠨ ᠣᠨᠣᠯ ᠢ ᠪᠤᠢ ᠪᠤᠯᠭᠠᠵᠤ᠂ ᠦᠵᠡᠯ ᠰᠠᠨᠠᠭ᠎ᠠ ᠪᠠᠨ | ᠴᠢᠯᠥᠭᠡᠯᠡᠨ᠂ ᠦᠨᠡᠨ ᠠᠴᠠ ᠵᠥᠪ ᠢ ᠡᠷᠢᠵᠦ᠂ ᠨᠠᠮ ᠪᠠ ᠤᠯᠤᠰ ᠤᠨ ᠠᠵᠢᠯ ᠤᠨ ᠭᠤᠤᠯᠳᠠᠯᠭ᠎ᠠ ᠶᠢ ᠠᠵᠤ | ᠠᠬᠤᠶ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠬᠦ᠂ ᠥᠭᠡᠷᠡᠴᠢᠯᠡᠯᠲᠡ ᠨᠡᠭᠡᠭᠡᠯᠲᠡ ᠶᠢ ᠬᠡᠷᠡᠭᠵᠢᠭᠦᠯᠬᠦ | ᠲᠡᠦᠬᠡᠲᠦ ᠴᠢᠨᠠᠷᠲᠠᠶ ᠰᠢᠢᠳᠪᠦᠷᠢᠲᠦ ᠪᠣᠳᠣᠯᠭ᠎ᠠ ᠭᠠᠷᠭᠠᠵᠤ᠂ ᠨᠡᠶᠢᠭᠡᠮ ᠵᠢᠷᠤᠮ ᠤᠨ ᠮᠥᠨ ᠴᠢᠨᠠᠷ ᠢ ᠭᠦᠨᠵᠡᠭᠡᠶ | ᠢᠯᠡᠷᠡᠭᠦᠯᠦᠨ᠂ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠦᠨᠳᠦᠰᠦᠨ ᠱᠤᠭᠤᠮ ᠢ ᠲᠣᠭᠲᠠᠭᠠᠵᠤ᠂ | ᠥᠪᠡᠷ ᠤᠨ ᠢᠶᠠᠨ ᠵᠠᠮ ᠢᠶᠠᠷ ᠵᠠᠮᠨᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ | ᠪᠠᠶᠢᠭᠤᠯᠬᠤ ᠶᠢ ᠲᠣᠳᠣᠷᠬᠠᠶ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠦᠲᠦᠭᠡᠨ ᠪᠠᠶᠢᠭᠤᠯᠬᠤ ᠠᠯᠢ ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠵᠤ᠂ | ᠬᠤᠷᠢᠨ ᠨᠢᠭᠡᠳᠦᠭᠡᠷ ᠵᠠᠭᠤᠨ ᠤ ᠳᠤᠮᠳᠠᠴᠢ ᠦᠶ᠎ᠡ ᠪᠣᠯᠲᠠᠯ᠎ᠠ ᠭᠤᠷᠪᠠᠨ ᠠᠯᠬᠤᠮ ᠬᠤᠪᠢᠶᠠᠵᠤ ᠶᠠᠪᠤᠬᠤ᠂ ᠨᠡᠶᠢᠭᠡᠮ | ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠲᠣᠭᠲᠠᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠡᠭᠦᠳᠦᠨ | ᠨᠡᠭᠡᠭᠡᠪᠡ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ | ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠬᠤᠶᠢᠰᠢ᠂ ᠵᠢᠶᠠᠩ ᠽᠧ ᠮᠢᠨ ᠨᠥᠬᠦᠷ ᠢᠶᠠᠷ ᠭᠤᠣᠯ | ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ ᠢ ᠪᠠᠷᠢᠮᠲᠠᠯᠠᠨ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠳᠦᠭᠡᠨ | ᠪᠠᠶᠢᠭᠤᠯᠬᠤ ᠪᠠ ᠶᠠᠮᠠᠷ ᠶᠠᠩᠵᠤ ᠶᠢᠨ ᠨᠠᠮ ᠢ ᠪᠠᠶᠢᠭᠤᠯᠬᠤ᠂ ᠨᠠᠮ ᠢ ᠬᠡᠷᠬᠢᠨ ᠪᠠᠶᠢᠭᠤᠯᠬᠤ ᠲᠤᠬᠠᠶ ᠲᠠᠨᠢᠯᠲᠠ ᠪᠠᠨ | ᠭᠦᠨᠵᠡᠭᠡᠶᠢᠷᠡᠭᠦᠯᠵᠤ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠪᠤᠢ ᠪᠣᠯᠭᠠᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ ᠮᠠᠰᠢ ᠪᠤᠳᠤᠯᠢᠶᠠᠨᠲᠠᠶ᠂ ᠳᠡᠯᠡᠬᠡᠶ ᠶᠢᠨ ᠨᠡᠶᠢᠭᠡᠮ ᠵᠢᠷᠤᠮ ᠬᠦᠨᠳᠦ ᠨᠣᠴᠢᠲᠠᠶ | ᠨᠤᠭᠤᠷᠠᠯ ᠪᠦᠳᠦᠷᠢᠯ ᠳᠤ ᠤᠴᠠᠷᠠᠭᠰᠠᠨ ᠬᠠᠲᠠᠭᠤ ᠰᠢᠯᠭᠠᠯᠲᠠ ᠶᠢᠨ ᠡᠮᠦᠨ᠎ᠡ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠬᠠᠮᠠᠭᠠᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠪᠠᠶᠢᠭᠤᠯᠤᠯ ᠤᠨ ᠥᠭᠡᠷᠡᠴᠢᠯᠡᠯᠲᠡ ᠶᠢᠨ ᠬᠠᠷᠠᠯᠲᠠ ᠪᠣᠯᠤᠨ ᠦᠨᠳᠦᠰᠦᠨ ᠪᠣᠷᠣ ᠲᠥᠯᠥᠪ ᠢ ᠲᠣᠭᠲᠠᠭᠠᠵᠤ᠂ ᠨᠡᠶᠢᠭᠡᠮ | ᠵᠢᠷᠤᠮ ᠤᠨ ᠠᠩᠬᠠᠨ ᠤ ᠱᠠᠲᠤᠨ ᠳᠠᠬᠢ ᠨᠡᠶᠢᠲᠡ ᠶᠢᠨ ᠥᠮᠴᠢᠯᠡᠯ ᠢᠶᠠᠷ ᠭᠤᠤᠯ ᠴᠣᠭᠴᠠ ᠪᠣᠯᠭᠠᠬᠤ᠂ ᠤᠯᠠᠨ | ᠲᠦᠷᠦᠯ ᠤᠨ ᠥᠮᠴᠢᠯᠡᠯ ᠤᠨ ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠦᠨᠳᠦᠰᠦᠨ ᠠᠵᠤ ᠠᠬᠤᠶ ᠶᠢᠨ | ᠪᠠᠶᠢᠭᠤᠯᠤᠯ ᠪᠠ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠣᠭᠴᠠ ᠪᠣᠯᠭᠠᠬᠤ᠂ ᠤᠯᠠᠨ | ᠲᠦᠷᠤᠯ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠵᠡᠷᠭᠡ ᠪᠠᠷ ᠬᠡᠷᠡᠭᠯᠡᠬᠦ ᠬᠤᠪᠢᠶᠠᠷᠢᠯᠠᠯᠲᠠ ᠶᠢᠨ ᠲᠦᠷᠢᠮ ᠢ | ᠲᠣᠭᠲᠠᠭᠠᠵᠤ᠂ ᠪᠦᠬᠦ ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ ᠬᠢᠬᠦ ᠰᠢᠨ᠎ᠡ ᠪᠠᠶᠢᠳᠠᠯ ᠢ ᠨᠡᠭᠡᠭᠡᠵᠤ᠂ ᠨᠠᠮ ᠤᠨ | ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠬᠤᠷᠢᠨ ᠨᠢᠭᠡᠳᠦᠭᠡᠷ ᠵᠠᠭᠤᠨ ᠲᠡᠶᠢᠰᠢ ᠠᠮᠵᠢᠯᠲᠠ ᠲᠠᠢ ᠪᠠᠷ ᠤᠷᠤᠬᠰᠢᠯᠠᠭᠤᠯᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠠᠴᠠ | ᠬᠤᠶᠢᠰᠢ᠂ ᠬᠤ᠋ ᠶᠢᠨ ᠲᠤᠤ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ | ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠲᠤᠮᠳᠠ | ᠦᠢᠯᠡᠳᠦᠯᠭᠡ ᠶᠢᠨ ᠰᠢᠨ᠎ᠡ ᠡᠭᠦᠳᠦᠯᠲᠡ᠂ ᠣᠨᠣᠯ ᠤᠨ ᠰᠢᠨ᠎ᠡ ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ ᠶᠢ | ᠠᠬᠢᠭᠤᠯᠵᠤ᠂ ᠰᠢᠨ᠎ᠡ ᠪᠠᠶᠢᠳᠠᠯ ᠤᠨ ᠳᠣᠤᠷ᠎ᠠ ᠶᠠᠮᠠᠷ ᠶᠠᠩᠵᠤ ᠶᠢᠨ ᠬᠥᠭᠵᠢᠯᠲᠡ ᠶᠢ ᠪᠡᠶᠡᠯᠡᠭᠦᠯᠬᠦ᠂ ᠬᠡᠷᠬᠢᠨ | ᠬᠥᠭᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠠᠨᠢᠭᠰᠠᠨ ᠪᠠ ᠲᠡᠭᠦᠨ ᠳᠤ ᠬᠠᠷᠢᠭᠤᠯᠲᠠ ᠥᠭᠴᠦ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠤᠢ ᠪᠣᠯᠭᠠᠵᠤ᠂ ᠴᠢᠬᠤᠯᠠ ᠪᠠᠶᠢᠯᠳᠤᠬᠤ ᠪᠣᠳᠣᠯᠭ᠎ᠠ ᠶᠢᠨ | ᠲᠣᠬᠢᠶᠠᠯᠳᠤ ᠬᠤᠭᠤᠴᠠᠭ᠎ᠠ ᠶᠢ ᠠᠮᠵᠢᠵᠤ᠂ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠤᠯᠲᠠ ᠬᠢᠵᠦ᠂ | ᠨᠢᠭᠡ ᠰᠡᠳᠭᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠨ᠂ ᠬᠥᠮᠦᠨ ᠢᠶᠠᠷ ᠦᠨᠳᠦᠰᠦ ᠪᠣᠯᠭᠠᠬᠤ᠂ ᠪᠦᠬᠦ | ᠲᠠᠯ᠎ᠠ ᠶᠢᠨ ᠵᠣᠬᠢᠴᠠᠩᠭᠤᠶ ᠪᠦᠭᠡᠳ ᠦᠷᠭᠦᠯᠵᠢᠯᠡᠬᠦ ᠬᠥᠭᠵᠢᠯᠲᠡ ᠶᠢ ᠪᠠᠷᠢᠮᠲᠠᠯᠠᠬᠤ ᠶᠢ ᠴᠢᠬᠤᠯᠠᠴᠢᠯᠠᠵᠤ᠂ ᠠᠷᠠᠳ ᠤᠨ | ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ | ᠠᠬᠢᠭᠤᠯᠤᠨ᠂ ᠨᠠᠮ ᠤᠨ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ | ᠪᠠᠶᠢᠭᠤᠯᠤᠯᠲᠠ ᠶᠢ ᠠᠬᠢᠭᠤᠯᠤᠭᠠᠳ᠂ ᠰᠢᠨ᠎ᠡ ᠪᠠᠶᠢᠳᠠᠯ ᠤᠨ ᠳᠣᠤᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠠᠮᠵᠢᠯᠲᠠ ᠲᠠᠢ ᠪᠠᠷ ᠪᠠᠷᠢᠮᠲᠠᠯᠠᠨ ᠬᠥᠭᠵᠢᠭᠦᠯᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠬᠦ ᠦᠶ᠎ᠠ ᠳᠤ᠂ ᠨᠠᠮ ᠠᠴᠠ ᠰᠢᠨ᠎ᠡ ᠦᠢᠯᠡᠳᠦᠯᠭᠡ | ᠪᠣᠯᠤᠨ ᠴᠠᠭ ᠦᠶ᠎ᠡ ᠶᠢᠨ ᠣᠨᠴᠠᠯᠢᠭ ᠠᠴᠠ ᠡᠭᠦᠰᠦᠨ ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠵᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠵᠠᠮ᠂ | ᠬᠥᠭᠵᠢᠯᠲᠡ ᠶᠢᠨ ᠱᠠᠲᠤ᠂ ᠦᠨᠳᠦᠰᠦᠨ ᠡᠭᠦᠷᠭᠡ᠂ ᠬᠥᠭᠵᠢᠯᠲᠡ ᠶᠢᠨ ᠬᠥᠳᠡᠯᠭᠡᠭᠴᠢ ᠬᠦᠴᠦᠨ᠂ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠤᠯᠤᠰ ᠲᠥᠷᠥ ᠶᠢᠨ ᠪᠠᠲᠤᠯᠠᠭ᠎ᠠ᠂ ᠡᠬᠡ ᠤᠯᠤᠰ ᠤᠨ ᠨᠢᠭᠡᠳᠦᠯ᠂ ᠭᠠᠳᠠᠭᠠᠳᠤ | ᠬᠠᠷᠢᠯᠴᠠᠭ᠎ᠠ ᠪᠣᠯᠤᠨ ᠤᠯᠤᠰ ᠤᠨ ᠬᠤᠭᠤᠷᠤᠨᠳᠤᠬᠢ ᠪᠠᠶᠢᠯᠳᠤᠬᠤ ᠪᠣᠳᠣᠯᠭ᠎ᠠ᠂ ᠤᠳᠤᠷᠢᠳᠬᠤ ᠬᠦᠴᠦᠨ ᠪᠣᠯᠤᠨ | ᠲᠦᠰᠢᠭᠯᠡᠬᠦ ᠬᠦᠴᠦᠨ ᠵᠡᠷᠭᠡ ᠠᠯᠢ ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠤᠭᠠᠳ | ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠤᠢ ᠪᠣᠯᠭᠠᠵᠤ᠂ | ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ ᠨᠠᠮ ᠠᠴᠠ ᠠᠷᠠᠳ | ᠲᠦᠮᠡᠨ ᠢ ᠤᠳᠤᠷᠢᠳᠤᠨ ᠦᠵᠡᠯ ᠰᠠᠨᠠᠭ᠎ᠠ ᠪᠠᠨ ᠴᠢᠯᠥᠭᠡᠯᠡᠨ᠂ ᠢᠷᠮᠡᠬᠦᠨ ᠵᠤᠷᠢᠬᠳᠠᠢ ᠪᠠᠷ ᠤᠷᠤᠭᠰᠢᠯᠠᠨ ᠳᠠᠪᠰᠢᠵᠤ᠂ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ | ᠶᠡᠭᠡ ᠠᠮᠵᠢᠯᠲᠠ ᠪᠦᠲᠦᠮᠵᠢ ᠶᠢ ᠡᠭᠦᠳᠴᠤ᠂ ᠮᠠᠨ ᠤ ᠤᠯᠤᠰ ᠳᠡᠭᠡᠳᠦ ᠬᠡᠮᠵᠢᠶ᠎ᠡ ᠪᠠᠷ ᠲᠥᠪᠯᠡᠷᠡᠭᠦᠯᠦᠭᠰᠡᠨ | ᠲᠥᠯᠥᠪᠯᠡᠭᠡᠲᠦ ᠠᠵᠤ ᠠᠬᠤᠢ ᠶᠢᠨ ᠪᠠᠶᠢᠭᠤᠯᠤᠯ ᠠᠴᠠ ᠠᠮᠢᠳᠤᠯᠢᠬ ᠬᠦᠴᠦᠨ ᠢᠶᠠᠷ ᠪᠢᠯᠬᠠᠬᠰᠠᠨ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠳᠤ ᠰᠢᠯᠵᠢᠭᠰᠡᠨ᠂ ᠲᠦᠭᠵᠢᠮᠡᠯ ᠪᠠ ᠬᠠᠭᠠᠰ ᠲᠦᠭᠵᠢᠮᠡᠯ | ᠪᠠᠶᠢᠳᠠᠯ ᠠᠴᠠ ᠪᠠᠨ ᠪᠦᠬᠦ ᠲᠠᠯ᠎ᠠ ᠪᠠᠷ ᠨᠡᠭᠡᠭᠡᠯᠲᠡ ᠬᠢᠭᠰᠡᠨ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠤ᠂ | ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠬᠤᠴᠣᠷᠤᠩᠭᠤᠶ ᠪᠠᠶᠢᠳᠠᠯ ᠠᠴᠠ ᠪᠠᠨ ᠠᠵᠤ ᠠᠬᠤᠶ ᠶᠢᠨ ᠶᠡᠷᠦᠩᠬᠡᠶ | ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠣᠷᠣᠬᠰᠠᠨ ᠲᠡᠤᠬᠡᠲᠦ ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠵᠦ᠂ | ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ ᠦᠭᠡᠶ ᠪᠠᠶᠢᠭᠰᠠᠨ ᠠᠴᠠ ᠪᠠᠨ ᠶᠡᠷᠦᠩᠬᠡᠶ ᠳᠡᠭᠡᠨ | ᠴᠢᠨᠡᠭᠡᠯᠢᠭᠵᠢᠭᠰᠡᠨ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠶᠢᠰᠢ ᠤᠷᠤᠭᠰᠢᠯᠠᠬᠰᠠᠨ ᠲᠡᠤᠬᠡᠲᠦ ᠴᠢᠨᠠᠷᠲᠠᠶ ᠳᠠᠪᠠᠯᠲᠠ ᠶᠢ | ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠠᠴᠠ ᠪᠠᠨ ᠪᠠᠶᠠᠵᠢᠬᠰᠠᠨ ᠠᠭᠤᠤ ᠶᠡᠭᠡ | ᠦᠰᠦᠷᠦᠯᠲᠡ ᠶᠢ ᠠᠬᠢᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ | ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠥᠭᠡᠷᠡᠴᠢᠯᠡᠯᠲᠡ ᠨᠡᠭᠡᠭᠡᠯᠲᠡ ᠪᠣᠯ | ᠣᠳᠣ ᠦᠶ᠎ᠡ ᠶᠢᠨ ᠳᠤᠮᠳᠠᠳᠤ ᠤᠯᠤᠰ ᠤᠨ ᠢᠷᠡᠭᠡᠳᠦᠶ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ | ᠮᠦᠨ᠂ ᠲᠤᠮᠳᠠᠳᠤ ᠤᠯᠤᠰ ᠤᠨ ᠤᠨᠴᠠᠯᠢᠬ ᠪᠦᠬᠦᠢ ᠨᠡᠶᠢᠭᠡᠮ ᠵᠢᠷᠤᠮ ᠤᠨ ᠵᠠᠮ ᠪᠤᠯ ᠲᠤᠮᠳᠠᠳᠤ ᠤᠯᠤᠰ ᠤᠨ | ᠬᠦᠭᠵᠢᠯ ᠴᠡᠴᠡᠭᠯᠡᠯ ᠢ ᠵᠢᠭᠠᠨ ᠵᠢᠯᠤᠭᠤᠳᠬᠤ ᠵᠦᠪ ᠵᠠᠮ ᠮᠦᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ | ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠃ | ᠨᠠᠮ ᠳᠤ ᠲᠤᠯᠭᠠᠷᠠᠵᠤ ᠪᠠᠶᠢᠭ᠎ᠠ ᠭᠤᠤᠯ ᠡᠭᠦᠷᠭᠡ ᠪᠣᠯ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠯᠠᠯ ᠢᠶᠠᠨ | ᠡᠬᠢᠯᠡᠭᠦᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ | ᠬᠠᠷᠠᠯᠲᠠ ᠲᠡᠶᠢᠰᠢ ᠦᠷᠭᠦᠯᠵᠢᠯᠡᠨ ᠤᠷᠤᠭᠰᠢᠯᠠᠬᠤ ᠶᠠᠪᠤᠳᠠᠯ ᠪᠤᠯᠤᠨ᠎ᠠ᠃ ᠨᠠᠮ ᠠᠴᠠ ᠠᠷᠠᠳ ᠲᠦᠮᠡᠨ ᠢ ᠤᠳᠤᠷᠢᠳᠤᠨ | ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ | ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ | ᠪᠦᠲᠦᠮᠵᠢ ᠶᠢ ᠡᠭᠦᠳᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯ ᠲᠥᠯᠥᠭᠡᠯᠡᠭᠴᠢ ᠪᠠᠨ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠤᠨ ᠦᠵᠡᠯ ᠤᠨ ᠦᠨᠳᠦᠰᠦᠨ ᠤᠬ ᠶᠤᠰᠤ ᠶᠢ | ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ | ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠶᠢ ᠪᠠᠷᠢᠮᠲᠠᠯᠠᠵᠦ᠂ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ ᠲᠡᠦᠬᠡᠨ ᠲᠤᠷᠰᠢᠯᠭ᠎ᠠ ᠶᠢ ᠭᠦᠨᠵᠡᠭᠡᠶ | ᠳ᠋ᠦᠩᠨᠡᠵᠤ ᠭᠦᠢᠴᠡᠳ ᠬᠡᠷᠡᠭᠯᠡᠨ᠂ ᠰᠢᠨ᠎ᠡ ᠪᠣᠳᠠᠲᠤ ᠪᠠᠶᠢᠳᠠᠯ ᠠᠴᠠ ᠡᠭᠦᠰᠴᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠤᠢ ᠪᠤᠯᠭᠠᠪᠠ᠃ | ᠰᠢ ᠶᠢᠨ ᠫᠢᠩ ᠨᠥᠬᠦᠷ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ | ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠬᠥᠨ ᠭᠦᠨᠵᠡᠭᠡᠢ | ᠪᠣᠳᠣᠯᠬᠢᠯᠠᠬᠰᠠᠨ ᠪᠠ ᠲᠡᠬᠦᠨ ᠳᠤ ᠰᠢᠨᠵᠢᠯᠡᠬᠦ ᠤᠬᠠᠭᠠᠨᠴᠢ ᠮᠠᠭᠠᠳᠯᠠᠯᠲᠠ ᠬᠢᠵᠦ᠂ ᠰᠢᠨ᠎ᠠ ᠴᠠᠭ ᠦᠶ᠎ᠠ ᠳᠤ ᠶᠡᠮᠡᠷ | ᠶᠡᠩᠵᠤ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ | ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ ᠭᠡᠷᠬᠢᠨ ᠪᠠᠷᠢᠮᠳᠠᠯᠠᠨ ᠬᠦᠭᠵᠢᠬᠦᠯᠬᠦ᠂ ᠶᠠᠮᠠᠷ ᠶᠠᠩᠵᠤ ᠶᠢᠨ ᠨᠡᠶᠢᠭᠡᠮ | ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠨᠡᠶᠢᠭᠡᠮ ᠵᠢᠷᠤᠮᠳᠤ | ᠣᠳᠣᠬᠢᠴᠢᠯᠠᠭᠰᠠᠨ ᠬᠦᠴᠦᠷᠬᠡᠭ ᠤᠯᠤᠰ ᠢ ᠬᠡᠷᠬᠢᠨ ᠪᠦᠲᠦᠭᠡᠨ ᠪᠠᠶᠢᠭᠤᠯᠬᠤ᠂ ᠶᠠᠮᠠᠷ ᠶᠠᠩᠵᠤ ᠶᠢᠨ ᠤᠷᠲᠤ | ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ ᠤᠷᠲᠤ | ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠬᠡᠷᠬᠢᠨ ᠪᠠᠶᠢᠭᠤᠯᠬᠤ ᠵᠡᠷᠭᠡ | ᠴᠢᠬᠤᠯᠠ ᠶᠡᠭᠡ ᠴᠠᠭ ᠦᠶ᠎ᠡ ᠶᠢᠨ ᠰᠡᠳᠦᠪ ᠤᠳ ᠤᠨ ᠲᠤᠬᠠᠢ ᠠᠯᠢ ᠤᠯᠠᠨ ᠤᠤᠭᠠᠯ ᠡᠬᠦᠳᠤᠯᠳᠠ ᠶᠢᠨ ᠴᠢᠨᠠᠷᠲᠠᠶ | ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠤᠳᠤᠯᠭ᠎ᠠ ᠶᠢ ᠳᠤᠷᠠᠳᠤᠨ ᠭᠠᠷᠭᠠᠪᠠ᠂ ᠲᠡᠷᠡ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠡᠭᠦᠳᠦᠭᠴᠢ ᠮᠥᠨ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ | ᠮᠠᠷᠺᠰ ᠤᠨ ᠦᠵᠡᠯ ᠮᠦᠨ᠂ ᠳᠤᠮᠳᠠᠳᠤ ᠶᠢᠨ ᠰᠣᠶᠣᠯ ᠪᠠ ᠳᠤᠮᠳᠠᠳᠤ ᠤᠯᠤᠰ ᠤᠨ ᠵᠣᠷᠢᠭ ᠰᠠᠨᠠᠭᠠᠨ ᠤ ᠴᠠᠭ | ᠦᠶ᠎ᠡ ᠶᠢᠨ ᠤᠬᠢ ᠰᠣᠳᠣ ᠮᠥᠨ᠂ ᠲᠡᠷᠡ ᠨᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠰᠢᠨ᠎ᠡ | ᠦᠰᠦᠷᠦᠯᠲᠡ ᠶᠢ ᠪᠡᠶᠡᠯᠡᠭᠦᠯᠪᠡ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠤᠯᠬᠤ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ | ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠭᠰᠠᠨ ᠨᠢ ᠪᠦᠬᠦ ᠨᠠᠮ ᠪᠦᠬᠦ ᠴᠡᠷᠢᠭ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠬᠰᠠᠨ ᠪᠠᠶᠢᠨ᠎ᠠ᠂ | ᠡᠨᠡ ᠨᠢ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ | ᠨᠠᠮ ᠤᠨ ᠲᠥᠪ ᠬᠤᠷᠢᠶ᠎ᠠ᠂ ᠠᠭᠤᠤ ᠶᠡᠭᠡ ᠲᠡᠤᠬᠡᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠠᠤᠭ᠎ᠠ ᠶᠡᠭᠡ ᠤᠯᠤᠰ | ᠲᠥᠷᠥ ᠶᠢᠨ ᠰᠥᠰᠥ ᠵᠣᠷᠢᠭ᠂ ᠡᠷᠡᠰ ᠴᠢᠩᠭ᠎ᠠ ᠡᠬᠦᠷᠭᠡ ᠬᠠᠷᠢᠭᠤᠴᠠᠯᠭᠠᠳᠤ ᠰᠡᠳᠭᠢᠯᠭᠡ ᠪᠠᠷ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ᠂ ᠠᠭᠤᠤ ᠶᠡᠭᠡ ᠲᠡᠮᠡᠴᠡᠯ᠂ ᠠᠭᠤᠤ | ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠡᠷᠡᠮᠡᠯᠵᠡᠯ ᠢ ᠶᠡᠷᠦᠩᠬᠡᠶᠢᠯᠡᠨ ᠵᠢᠯᠣᠭᠤᠳᠴᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ | ᠠᠯᠢ ᠣᠯᠠᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠯᠢ ᠣᠯᠠᠨ ᠴᠢᠬᠤᠯᠠ ᠶᠡᠭᠡ | ᠠᠷᠭ᠎ᠠ ᠬᠡᠮᠵᠢᠶ᠎ᠡ ᠶᠢ ᠨᠡᠶᠢᠳᠡᠯᠡᠨ᠂ ᠠᠯᠢ ᠣᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠠᠯᠢ ᠣᠯᠠᠨ ᠬᠦᠨᠳᠦ ᠶᠡᠭᠡ | ᠲᠦᠭᠰᠢᠭᠦᠷᠢ ᠦᠷᠢᠰᠤᠯᠳᠤᠭᠡᠨ ᠢ ᠢᠯᠠᠨ ᠲᠠᠪᠠᠵᠤ᠂ ᠤᠷᠲᠤ ᠬᠤᠭᠤᠴᠠᠭᠠᠨ ᠤ ᠲᠤᠷᠰᠢ ᠰᠢᠢᠳᠪᠦᠷᠢᠯᠡᠬᠦ ᠭᠡᠰᠡᠨ | ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠪᠡᠷᠬᠡ ᠰᠡᠳᠦᠪ ᠢ ᠰᠢᠢᠳᠪᠦᠷᠢᠯᠡᠨ᠂ ᠦᠩᠭᠡᠷᠡᠭᠰᠡᠨ ᠳᠤ ᠬᠢᠬᠦ | ᠭᠡᠰᠡᠨ ᠪᠤᠯᠪᠠᠴᠤ ᠬᠢᠵᠦ ᠴᠢᠳᠠᠭᠰᠠᠨ ᠦᠭᠡᠢ ᠮᠠᠰᠢ ᠤᠯᠠᠨ ᠶᠡᠭᠡ ᠶᠠᠪᠤᠳᠠᠯ ᠢ ᠪᠦᠳᠦᠬᠡᠬᠡᠳ᠂ ᠨᠠᠮ ᠪᠠ ᠤᠯᠤᠰ ᠤᠨ | ᠠᠵᠢᠯ ᠦᠢᠯᠡᠰ ᠤᠨ ᠲᠡᠤᠬᠡᠲᠦ ᠴᠢᠨᠠᠷᠲᠠᠶ ᠠᠮᠵᠢᠯᠲᠠ ᠪᠦᠳᠦᠮᠵᠢ ᠣᠯᠬᠤ᠂ ᠲᠡᠤᠬᠡᠲᠦ ᠴᠢᠨᠠᠷᠲᠠᠶ ᠬᠤᠪᠢᠰᠤᠯᠲᠠ | ᠭᠠᠷᠬᠤ ᠶᠢ ᠠᠬᠢᠭᠤᠯᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ᠂ ᠨᠠᠮ ᠤᠨ ᠲᠥᠪ ᠬᠤᠷᠢᠶᠠᠨ ᠤ | ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠬᠦᠴᠦᠲᠡᠶ ᠪᠠᠲᠤᠯᠠᠭ᠎ᠠ ᠲᠠᠢ ᠪᠤᠯᠵᠦ᠂ ᠨᠠᠮ ᠤᠨ | ᠤᠳᠤᠷᠢᠳᠬᠤ ᠪᠠᠶᠢᠭᠤᠯᠤᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠨᠠᠮ ᠤᠨ ᠤᠳᠤᠷᠢᠳᠬᠤ ᠠᠷᠭ᠎ᠠ | ᠬᠡᠯᠪᠡᠷᠢ ᠨᠠᠩ ᠰᠢᠨᠵᠢᠯᠡᠬᠦ ᠤᠬᠠᠭᠠᠨᠴᠢ ᠪᠣᠯᠵᠤ᠂ ᠪᠦᠬᠦ ᠨᠠᠮ ᠢᠶᠠᠷ ᠢᠶᠠᠨ ᠦᠵᠡᠯ ᠰᠠᠨᠠᠭᠠᠨ ᠤ ᠲᠠᠯ᠎ᠠ ᠪᠠᠷ ᠨᠡᠩ | ᠨᠢᠭᠡᠳᠦᠯᠲᠡᠶ᠂ ᠤᠯᠤᠰ ᠲᠦᠷᠦ ᠶᠢᠨ ᠲᠠᠯ᠎ᠠ ᠪᠠᠷ ᠨᠡᠩ ᠪᠦᠯᠬᠦᠮᠳᠡᠯ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠡᠩ | ᠠᠯᠬᠤᠮ ᠨᠢᠭᠡᠲᠡᠶ ᠪᠤᠯᠵᠤ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ | ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ | ᠤᠷᠢᠶᠠᠯᠠᠬᠤ ᠬᠦᠴᠦᠨ ᠢᠯᠡᠳᠲᠡ ᠴᠢᠩᠭᠠᠷᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ᠂ ᠨᠠᠮ ᠤᠨ | ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ | ᠳᠡᠭᠡᠭᠰᠢᠯᠡᠭᠦᠯᠬᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠠᠭᠤᠵᠢᠭᠤ | ᠰᠤᠯᠠ ᠵᠥᠭᠡᠯᠡᠨ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠢᠯᠵᠢᠷᠠᠯ ᠢ ᠡᠰᠡᠷᠭᠦᠴᠡᠬᠦ | ᠲᠡᠮᠡᠴᠡᠯ ᠤᠨ ᠲᠠᠪᠠᠭᠤ ᠢᠯᠠᠯᠲᠠ ᠶᠢ ᠣᠯᠤᠭᠰᠠᠨ ᠪᠥᠭᠡᠳ ᠲᠡᠬᠦᠨ ᠢ ᠪᠦᠬᠦ ᠲᠠᠯ᠎ᠠ ᠪᠠᠷ ᠪᠠᠬᠢᠵᠢᠭᠦᠯᠤᠨ᠂ ᠨᠠᠮ | ᠬᠤᠪᠢᠰᠬᠠᠯᠲᠤ ᠴᠢᠨᠠᠷᠳᠠᠢ ᠳᠠᠪᠲᠠᠯᠲᠠ ᠶᠢᠨ ᠳᠤᠮᠳᠠ ᠨᠠᠩᠳᠡ ᠪᠠᠳᠥ ᠴᠢᠩᠭ᠎ᠠ ᠪᠣᠯᠪᠠ᠃ ᠠᠵᠤ ᠠᠬᠤᠶ ᠶᠢᠨ ᠪᠦᠳᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ᠂ | ᠵᠣᠬᠢᠴᠠᠩᠭᠤᠶ ᠴᠢᠨᠠᠷ᠂ ᠦᠷᠭᠦᠯᠵᠢᠯᠡᠬᠦ ᠴᠢᠨᠠᠷ ᠢᠯᠡᠳᠲᠡ ᠴᠢᠩᠭᠠᠷᠠᠵᠤ᠂ ᠤᠯᠤᠰ ᠤᠨ ᠠᠵᠤ ᠠᠬᠤᠶ ᠶᠢᠨ ᠪᠣᠳᠠᠲᠤ | ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠶ ᠬᠦᠴᠦᠨ ᠰᠢᠨ᠎ᠡ | ᠳᠡᠭᠲᠡᠷ ᠲᠤ ᠭᠠᠷᠴᠤ᠂ ᠮᠠᠨ ᠤ ᠤᠯᠤᠰ ᠤᠨ ᠠᠵᠤ ᠠᠬᠤᠶ ᠨᠡᠩ ᠴᠢᠨᠠᠷ ᠰᠠᠶᠢᠲᠠᠶ᠂ ᠨᠡᠩ ᠦᠷ᠎ᠡ ᠪᠦᠲᠦᠮᠵᠢᠲᠡᠶ᠂ | ᠨᠡᠩ ᠲᠦᠪ ᠭᠤᠤᠯᠴᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ ᠬᠥᠭᠵᠢᠯᠲᠡ ᠶᠢᠨ ᠵᠠᠮ ᠳᠤ ᠤᠷᠤᠪᠠ᠃ | ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ᠂ ᠨᠠᠮ ᠠᠴᠠ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠥᠢᠯᠡᠰ ᠤᠨ ᠥᠷᠭᠡᠵᠢᠨ ᠬᠥᠨᠵᠡᠭᠡᠶᠢᠷᠡᠬᠦ ᠶᠢ ᠲᠠᠰᠤᠷᠠᠯᠳᠠ ᠥᠭᠡᠢ | ᠠᠬᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠨᠡᠩ ᠪᠣᠯᠪᠠᠰᠤᠷᠠᠩᠭᠤᠶ | ᠨᠡᠩ ᠲᠤᠭᠳᠠᠪᠤᠷᠢᠵᠢᠵᠤ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ | ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠠᠮ ᠪᠠ ᠤᠯᠤᠰ ᠤᠨ ᠠᠵᠢᠯ ᠦᠢᠯᠡᠰ ᠰᠢᠨ᠎ᠡ ᠠᠮᠢᠵᠢᠷᠠᠯ ᠤᠨ | ᠬᠦᠴᠦᠨ ᠪᠠ ᠠᠮᠢᠳᠥᠯᠢᠬ ᠬᠥᠴᠥᠨ ᠢᠶᠠᠨ ᠪᠠᠳᠠᠷᠠᠭᠤᠯᠪᠠ᠃ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ᠂ | ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠬᠥᠭᠵᠢᠭᠦᠯᠣᠨ᠂ ᠮᠠᠨ ᠤ ᠤᠯᠤᠰ ᠤᠨ ᠨᠡᠶᠢᠭᠡᠮ | ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠳᠦᠷᠢᠮᠵᠢᠬᠦᠯᠥᠯᠳᠡ᠂ ᠵᠢᠷᠤᠮᠵᠢᠭᠤᠯᠤᠯᠲᠠ᠂ ᠲᠡᠰ | ᠲᠠᠷᠠᠭᠠᠵᠢᠭᠤᠯᠤᠯᠳᠠ ᠪᠦᠬᠦ ᠲᠠᠯ᠎ᠠ ᠪᠠᠷ ᠠᠬᠢᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠤᠯᠤᠰ ᠲᠥᠷᠥ ᠶᠢᠨ ᠪᠠᠶᠢᠭᠤᠯᠤᠯ ᠤᠨ ᠳᠠᠪᠠᠭᠤᠯᠢᠭ ᠴᠢᠨᠠᠷ ᠨᠡᠩ ᠰᠠᠶᠢᠨ ᠪᠠᠳᠠᠷᠠᠵᠤ᠂ ᠠᠮᠢᠳᠤ ᠴᠣᠪᠣᠭᠤᠯᠢᠭ᠂ | ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠪᠠᠬᠢᠵᠢᠨ ᠬᠥᠭᠵᠢᠪᠡ᠃ ᠪᠦᠬᠦ ᠲᠠᠯ᠎ᠠ ᠪᠠᠷ ᠬᠠᠤᠯᠢ | ᠶᠤᠰᠤᠭᠠᠷ ᠤᠯᠤᠰ ᠢᠶᠠᠨ ᠵᠠᠰᠠᠬᠤ ᠲᠠᠯ᠎ᠠ ᠪᠠᠷ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠰᠢᠰᠲ᠋ᠧᠮ ᠲᠠᠰᠤᠷᠠᠯᠲᠠ ᠦᠭᠡᠢ ᠪᠦᠷᠢᠨᠰᠢᠵᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ | ᠪᠠᠶᠢᠭᠤᠯᠤᠯᠲᠠ ᠢᠳᠡᠷᠡᠭᠦᠨ ᠠᠯᠬᠤᠭ᠎ᠠ ᠶᠢ ᠠᠯᠬᠤᠵᠤ᠂ ᠨᠠᠮ ᠤᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ | ᠲᠦᠷᠦ ᠶᠢ ᠤᠳᠤᠷᠢᠳᠬᠤ ᠪᠠ ᠵᠠᠰᠠᠬᠤ ᠴᠢᠳᠠᠪᠦᠷᠢ ᠢᠯᠡᠳᠳᠡ ᠴᠢᠩᠭᠠᠷᠠᠪᠠ᠃ ᠰᠣᠶᠣᠯ ᠤᠨ ᠪᠠᠶᠢᠭᠤᠯᠤᠯᠲᠠ ᠶᠢᠨ | ᠲᠠᠯ᠎ᠠ ᠪᠠᠷ᠂ ᠮᠠᠨ ᠤ ᠤᠯᠤᠰ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠠᠶᠢᠳᠠᠯ ᠳᠤ ᠪᠦᠬᠦ ᠲᠠᠯ᠎ᠠ ᠶᠢᠨ | ᠴᠢᠨᠠᠷᠲᠠᠶ᠂ ᠦᠨᠳᠦᠰᠦᠨ ᠴᠢᠨᠠᠷᠲᠠᠶ ᠬᠤᠪᠢᠷᠠᠯᠲᠠ ᠭᠠᠷᠴᠤ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠮᠡᠳᠡᠭᠳᠡᠭᠦ᠋ᠢᠴᠡ ᠴᠢᠩᠭᠠᠷᠠᠡ᠂ ᠨᠡᠶᠢᠭᠡᠮ | ᠲᠠᠶᠠᠭᠠᠷ ᠤᠨ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠲᠦᠢᠯ ᠤᠨ ᠶᠡᠭᠡ ᠪᠠᠷ ᠳᠡᠭᠡᠭᠰᠢᠯᠡᠭᠡᠳ᠂ ᠰᠢᠨ᠎ᠡ | ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠳᠤ ᠪᠠᠲᠤ ᠴᠢᠩᠭ᠎ᠠ ᠦᠵᠡᠯ | ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠪᠠ᠃ ᠨᠡᠶᠢᠭᠡᠮ ᠤᠨ | ᠪᠠᠶᠢᠭᠤᠯᠤᠯᠲᠠ ᠶᠢᠨ ᠲᠠᠯ᠎ᠠ ᠪᠠᠷ᠂ ᠠᠷᠠᠳ ᠤᠨ ᠠᠮᠢᠳᠤᠷᠠᠯ ᠪᠦᠬᠦ ᠲᠠᠯ᠎ᠠ ᠪᠠᠷ ᠰᠠᠶᠢᠵᠢᠷᠠᠨ᠂ ᠨᠡᠶᠢᠭᠡᠮ ᠤᠨ | ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢ ᠪᠠᠷ ᠵᠠᠰᠠᠭᠰᠠᠨ᠂ ᠤᠶᠤᠨᠴᠢᠯᠠᠭᠰᠠᠨ᠂ ᠲᠤᠰᠬᠠᠶᠢᠵᠢᠭᠰᠠᠨ ᠬᠢᠷᠢ ᠬᠡᠮᠵᠢᠶ᠎ᠡ | ᠶᠡᠭᠡ ᠪᠠᠷ ᠳᠡᠭᠡᠭᠰᠢᠯᠡᠵᠤ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠨᠡᠶᠢᠳᠡ ᠠᠮᠤᠷ | ᠲᠣᠭᠲᠠᠭᠤᠨ ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠬᠥᠭᠵᠢᠭᠦᠯᠵᠦ᠂ ᠨᠡᠶᠢᠭᠡᠮ ᠤᠷᠳᠤ | ᠬᠤᠭᠤᠴᠠᠭ᠎ᠠ ᠪᠠᠷ ᠲᠣᠭᠲᠠᠭᠤᠨ ᠪᠠᠶᠢᠬᠤ ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ᠂ ᠨᠠᠮ ᠤᠨ ᠲᠥᠪ ᠬᠤᠷᠢᠶ᠎ᠠ ᠤᠷᠢᠳ ᠡᠮᠦᠨ᠎ᠡ ᠪᠠᠶᠢᠭ᠎ᠠ ᠦᠭᠡᠶ | ᠡᠷᠴᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠵᠦ᠂ ᠦᠵᠡᠰᠭᠦᠯᠡᠩᠲᠦ ᠰᠠᠶᠢᠬᠠᠨ | ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠵᠤ᠂ ᠮᠠᠨ ᠤ ᠤᠯᠤᠰ ᠤᠨ | ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠳᠤ ᠲᠡᠤᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ | ᠪᠦᠬᠦ ᠲᠠᠯ᠎ᠠ ᠶᠢᠨ ᠴᠢᠨᠠᠷᠲᠠᠶ ᠬᠤᠪᠢᠷᠠᠯᠲᠠ ᠭᠠᠷᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ | ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠠᠷᠠᠳ ᠤᠨ ᠴᠡᠷᠢᠭ ᠠᠩᠭᠢ ᠪᠦᠬᠦᠯᠢ ᠴᠣᠭᠴᠠᠳᠤ ᠴᠢᠨᠠᠷᠲᠠᠶ | ᠬᠤᠪᠢᠰᠬᠠᠯᠳᠤ ᠴᠢᠨᠠᠷᠲᠠᠶ ᠳᠠᠬᠢᠨ ᠴᠤᠬᠴᠠᠯᠠᠯᠳᠡ ᠶᠢ ᠪᠡᠶᠡᠯᠡᠬᠦᠯᠵᠦ᠂ ᠲᠦᠷᠦᠭᠡ ᠴᠢᠩᠭᠠᠯᠠᠨ ᠲᠠᠬᠢᠨᠲᠠ ᠮᠤᠷᠳᠠᠵᠦ᠂ | ᠤᠯᠤᠰ ᠤᠨ ᠪᠠᠳᠤᠯᠠᠨ ᠬᠠᠮᠠᠭᠠᠯᠠᠯᠳᠡ ᠶᠢᠨ ᠪᠣᠳᠠᠲᠤ ᠬᠦᠴᠦᠨ ᠪᠣᠯᠤᠨ ᠠᠵᠤ ᠠᠬᠤᠶ ᠶᠢᠨ ᠪᠣᠳᠠᠲᠤ ᠬᠦᠴᠦᠨ | ᠵᠡᠷᠭᠡ ᠪᠠᠷ ᠳᠡᠭᠡᠭᠰᠢᠯᠡᠵᠦ᠂ ᠠᠷᠠᠳ ᠤᠨ ᠴᠡᠷᠢᠭ ᠠᠩᠬᠢ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ | ᠡᠷᠡᠰ ᠭᠦᠢᠴᠡᠳᠭᠡᠵᠦ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠪᠤᠯᠤᠨ ᠪᠣᠳᠠᠲᠤ ᠠᠵᠢᠯᠯᠠᠭ᠎ᠠ ᠪᠠᠷ ᠢᠶᠠᠨ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠪᠠ᠃ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ᠂ ᠤᠯᠤᠰ ᠣᠷᠣᠨ ᠤ ᠠᠮᠤᠷ ᠲᠦᠪᠰᠢᠨ ᠢ ᠪᠦᠬᠦ ᠲᠠᠯ᠎ᠠ ᠪᠠᠷ | ᠴᠢᠩᠭᠠᠳᠬᠠᠵᠦ᠂ ᠤᠯᠤᠰ ᠲᠦᠷᠦ᠂ ᠠᠵᠤ ᠠᠬᠤᠶ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠶᠢᠷᠲᠢᠨᠴᠦ ᠵᠡᠷᠭᠡ | ᠲᠠᠯ᠎ᠠ ᠶᠢᠨ ᠲᠦᠭᠰᠢᠭᠦᠷᠢ ᠦᠷᠢᠰᠤᠯᠳᠤᠭᠡᠨ ᠤ ᠰᠢᠯᠭᠠᠯᠲᠠ ᠶᠢ ᠳᠠᠭᠠᠭᠠᠵᠤ᠂ ᠨᠠᠮ ᠪᠠ ᠤᠯᠤᠰ ᠤᠨ ᠪᠠᠳᠠᠷᠠᠨ ᠬᠥᠭᠵᠢᠬᠦ᠂ | ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠳᠠᠯᠠᠬᠤ ᠪᠠ ᠡᠭᠡ ᠤᠯᠤᠰ ᠤᠨ ᠨᠢᠭᠡᠳᠦᠯ ᠢ ᠠᠬᠢᠭᠤᠯᠬᠤ ᠲᠠᠯ᠎ᠠ ᠪᠠᠷ᠂ | ᠨᠠᠮ ᠤᠨ ᠲᠦᠪ ᠬᠤᠷᠢᠶ᠎ᠠ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠠᠯᠢ ᠣᠯᠠᠨ ᠠᠷᠭ᠎ᠠ | ᠬᠡᠮᠵᠢᠶ᠎ᠡ ᠠᠪᠴᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ ᠣᠷᠣᠨᠴᠢ | ᠬᠥᠮᠦᠰ ᠢᠶᠠᠷ ᠣᠣᠮᠧᠨ ᠢ ᠵᠠᠰᠠᠭᠤᠯᠬᠤ︾ ᠶᠢ ᠡᠷᠡᠰ ᠨᠠᠶᠢᠳᠠᠪᠤᠷᠢᠵᠢᠭᠤᠯᠤᠨ᠂ ᠰᠢᠶᠠᠩᠭᠠᠩ ᠤᠨ ᠪᠠᠶᠢᠳᠠᠯ ᠤᠨ | ᠰᠠᠮᠠᠭᠤᠷᠠᠯ ᠠᠴᠠ ᠵᠠᠰᠠᠯᠲᠠ ᠳᠤ ᠬᠦᠷᠬᠦ ᠴᠢᠬᠤᠯᠠ ᠶᠡᠭᠡ ᠡᠷᠭᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠬᠠᠤᠯᠢ | ᠶᠣᠰᠣᠭᠠᠷ ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ ᠠᠬᠢᠭᠤᠯᠬᠤ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠬᠦᠯᠬᠦ︾ ᠦᠢᠯᠡᠳᠦᠯᠭᠡ ᠶᠢᠨ ᠯᠠᠪᠳᠠᠭᠤᠨ ᠪᠦᠭᠡᠳ ᠤᠳᠠᠭᠠᠨ ᠶᠠᠪᠤᠬᠳᠠᠬᠤ ᠶᠢ ᠠᠬᠢᠭᠤᠯᠬᠤ ᠳᠤ | ᠪᠠᠲᠤ ᠰᠠᠭᠤᠷᠢ ᠶᠢ ᠲᠠᠯᠪᠢᠵᠦ ᠦᠭᠪᠠ︔ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ | ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ | ᠬᠠᠭᠠᠴᠡᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠬᠦᠴᠦᠨ ᠤ ᠭᠠᠷ ᠲᠦᠷᠦᠭᠦ ᠶᠢ ᠡᠷᠡᠰ | ᠡᠰᠡᠷᠭᠦᠴᠡᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠭᠤᠤᠯᠯᠠᠨ ᠤᠳᠤᠷᠢᠳᠬᠤ ᠡᠷᠬᠡ ᠪᠠ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠪᠡ᠃ ᠭᠠᠳᠠᠭᠠᠳᠤ ᠬᠠᠷᠢᠯᠴᠠᠭᠠᠨ ᠤ ᠠᠵᠢᠯ ᠤᠨ ᠲᠠᠯ᠎ᠠ ᠪᠠᠷ᠂ ᠳᠤᠮᠳᠠᠳᠤ | ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ | ᠤᠷᠤᠰᠬᠠᠯ ᠪᠠ ᠬᠥᠮᠦᠨ ᠲᠥᠷᠥᠯᠬᠢᠲᠡᠨ ᠤ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠬᠤ ᠢᠯᠡ ᠲᠣᠳᠣ | ᠲᠤᠭ ᠲᠡᠮᠳᠡᠭ ᠪᠤᠯᠵᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ ᠳᠡᠯᠡᠬᠡᠶ ᠶᠢᠨ ᠶᠡᠭᠡ ᠬᠤᠪᠢᠰᠤᠯᠲᠠ ᠶᠢᠨ | ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠳᠡᠯᠡᠬᠡᠶ ᠶᠢᠨ ᠰᠠᠮᠠᠭᠤᠨ ᠪᠠᠶᠢᠳᠠᠯ ᠤᠨ ᠲᠤᠮᠳᠠ ᠲᠦᠭᠰᠢᠭᠦᠷᠢ ᠶᠢ ᠲᠣᠬᠢᠶᠠᠯ | ᠪᠣᠯᠭᠠᠨ ᠬᠤᠪᠢᠷᠠᠭᠤᠯᠵᠦ᠂ ᠮᠠᠨ ᠤ ᠤᠯᠤᠰ ᠤᠨ ᠲᠡᠯᠡᠭᠡᠢ ᠲᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ | ᠴᠤᠭᠴᠠᠯᠠᠨ ᠪᠠᠶᠢᠭᠤᠯᠬᠤ ᠬᠦᠴᠦᠨ ᠢᠯᠡᠳᠲᠡ ᠳᠡᠭᠡᠭᠰᠢᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ | ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠳᠠᠭᠤᠵᠢᠯᠳᠠᠢ ᠲᠡᠮᠡᠴᠡᠯ ᠢᠶᠠᠷ ᠢᠶᠠᠨ᠂ | ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠦ | ᠶᠡᠭᠡ ᠦᠰᠦᠷᠦᠯᠲᠡ ᠶᠢ ᠤᠭᠲᠤᠨ ᠠᠪᠴᠢᠷᠠᠬᠰᠠᠡ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ | ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠭᠡᠳᠤ | ᠠᠴᠢ ᠬᠤᠯᠪᠣᠭᠳᠠᠯ ᠢ ᠵᠢᠭᠠᠵᠤ ᠭᠠᠷᠭᠠᠪᠠ᠄ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ | ᠲᠦᠮᠡᠨ ᠤ ᠢᠷᠡᠭᠡᠳᠦᠶ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ | ᠲᠦᠮᠡᠨ ᠲᠤᠷᠤᠮᠵᠢᠯᠠᠭᠳᠠᠵᠤ ᠳᠠᠷᠤᠯᠠᠭᠳᠠᠵᠤ ᠪᠣᠭᠤᠯᠴᠢᠯᠠᠭᠳᠠᠵᠤ ᠪᠠᠶᠢᠭᠰᠠᠨ ᠬᠤᠪᠢ ᠵᠠᠶᠠᠭ᠎ᠠ ᠠᠴᠠ ᠪᠠᠨ | ᠲᠦᠢᠯᠪᠤᠷᠢᠲᠠᠶ ᠠᠩᠭᠢᠵᠢᠷᠠᠵᠤ᠂ ᠤᠯᠤᠰ᠂ ᠨᠡᠶᠢᠭᠡᠮ ᠪᠠ ᠬᠤᠪᠢ ᠵᠠᠶᠠᠭᠠᠨ ᠤ ᠪᠠᠨ ᠡᠵᠡᠨ ᠨᠢ ᠪᠣᠯᠵᠦ᠂ ᠳᠤᠮᠳᠠᠳᠤ | ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠰᠤᠷᠠᠯᠳᠠ ᠦᠭᠡᠢ | ᠪᠣᠳᠠᠲᠤ ᠠᠬᠤᠶ ᠪᠤᠯᠵᠤ ᠬᠤᠪᠢᠷᠠᠪᠠ︔ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ | ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠵᠤ᠂ ᠲᠤᠮᠳᠠᠳᠤ ᠤᠯᠤᠰ ᠬᠡᠳᠦᠨ ᠠᠷᠪᠠᠭ᠋ᠠᠨ | ᠵᠢᠯ ᠤᠨ ᠬᠤᠭᠤᠴᠠᠭᠠᠨ ᠳᠤ ᠬᠥᠭᠵᠢᠭᠰᠡᠨ ᠤᠯᠤᠰ ᠤᠨ ᠬᠡᠳᠦᠨ ᠵᠠᠭᠤᠨ ᠵᠢᠯ ᠶᠠᠪᠤᠵᠦ ᠢᠷᠡᠭᠰᠡᠨ ᠠᠵᠤ | ᠦᠢᠯᠡᠳᠪᠦᠷᠢᠵᠢᠯᠲᠡ ᠶᠢᠨ ᠶᠠᠪᠤᠴᠠ ᠶᠢ ᠶᠠᠪᠤᠵᠦ ᠲᠠᠭᠤᠰᠬᠠᠭᠠᠳ᠂ ᠠᠵᠤ ᠠᠬᠤᠶ ᠲᠦᠷᠭᠡᠨ ᠬᠥᠭᠵᠢᠭᠰᠡᠨ ᠪᠠ | ᠨᠡᠶᠢᠭᠡᠮ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠴᠡᠶ︔ ᠨᠠᠮ ᠤᠨ | ᠵᠠᠭᠤᠨ ᠵᠢᠯ ᠤᠨ ᠲᠡᠮᠡᠴᠡᠯ ᠨᠢ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠵᠤ᠂ | ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠴᠢᠨᠠᠷ ᠪᠤᠯᠤᠨ ᠦᠨᠡᠨ ᠶᠣᠰᠣᠴᠢ ᠴᠢᠨᠠᠷ ᠨᠢ ᠳᠤᠮᠳᠠᠳᠤ | ᠤᠯᠤᠰ ᠲᠤ ᠬᠦᠢᠴᠡᠳ ᠰᠢᠯᠭᠠᠬᠳᠠᠵᠦ᠂ ᠮᠠᠷᠺᠰ ᠤᠨ ᠦᠵᠡᠯ ᠤᠨ ᠠᠷᠠᠳᠴᠢ ᠴᠢᠨᠠᠷ ᠪᠤᠯᠤᠨ ᠦᠢᠯᠡᠳᠦᠯᠭᠡᠳᠦ | ᠴᠢᠨᠠᠷ ᠨᠢ ᠳᠤᠮᠳᠠᠳᠤ ᠤᠯᠤᠰ ᠲᠤ ᠭᠦᠢᠴᠡᠳ ᠲᠤᠭᠤᠰᠢᠯᠠᠭᠳᠠᠵᠤ᠂ ᠮᠠᠷᠺᠰ ᠤᠨ ᠦᠵᠡᠯ ᠤᠨ ᠨᠡᠭᠡᠭᠡᠯᠲᠡᠲᠦ ᠴᠢᠨᠠᠷ | ᠪᠤᠯᠤᠨ ᠴᠠᠭ ᠦᠶᠡᠴᠢ ᠴᠢᠨᠠᠷ ᠨᠢ ᠳᠤᠮᠳᠠᠳᠤ ᠤᠯᠤᠰ ᠲᠤ ᠭᠦᠢᠴᠡᠳ ᠢᠯᠡᠷᠡᠪᠡ︔ ᠨᠠᠮ ᠤᠨ ᠵᠠᠭᠤᠨ ᠵᠢᠯ ᠤᠨ | ᠲᠡᠮᠡᠴᠡᠯ ᠨᠢ ᠳᠡᠯᠡᠬᠡᠶ ᠶᠢᠨ ᠲᠡᠦᠬᠡ ᠶᠢᠨ ᠠᠬᠢᠴᠠ ᠶᠢ ᠭᠦᠨᠵᠡᠭᠡᠶ ᠨᠥᠯᠥᠭᠡᠯᠡᠵᠤ᠂ ᠨᠠᠮ ᠠᠴᠠ ᠠᠷᠠᠳ ᠲᠦᠮᠡᠨ ᠢ | ᠤᠳᠤᠷᠢᠳᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢ ᠠᠮᠵᠢᠯᠲᠠ ᠲᠠᠢ ᠨᠡᠭᠡᠭᠡᠵᠦ᠂ | ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠡᠯ ᠢ ᠡᠭᠦᠳᠴᠦ᠂ ᠬᠥᠭᠵᠢᠵᠦ ᠪᠠᠶᠢᠭ᠎ᠠ ᠤᠯᠤᠰ ᠤᠨ | ᠤᠳᠤᠬᠢᠴᠢᠯᠡᠯᠳᠡ ᠲᠡᠶᠢᠰᠢ ᠤᠷᠤᠬᠰᠢᠯᠠᠬᠤ ᠠᠷᠭ᠎ᠠ ᠵᠠᠮ ᠢ ᠥᠷᠭᠡᠳᠭᠡᠪᠠ︔ ᠨᠠᠮ ᠤᠨ ᠵᠠᠭᠤᠨ ᠵᠢᠯ ᠤᠨ ᠲᠡᠮᠡᠴᠡᠯ ᠨᠢ | ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠵᠤ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ | ᠳᠠᠪᠲᠠᠨ ᠪᠣᠯᠪᠠᠰᠤᠷᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ | ᠵᠣᠷᠢᠭ ᠰᠠᠨᠠᠭᠠᠨ ᠤ ᠲᠤᠬᠳᠠᠯᠴᠠᠭ᠎ᠠ ᠶᠢ ᠪᠦᠷᠢᠯᠳᠦᠭᠦᠯᠵᠦ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ | ᠪᠠᠲᠤᠯᠠᠵᠤ᠂ ᠨᠠᠮ ᠤᠨ ᠲᠥᠷᠥ ᠪᠠᠷᠢᠬᠤ ᠴᠢᠳᠠᠪᠤᠷᠢ ᠪᠣᠯᠤᠨ ᠤᠳᠤᠷᠢᠳᠬᠤ ᠬᠢᠷᠢ ᠭᠡᠮᠵᠢᠶ᠎ᠠ ᠶᠢ ᠲᠠᠰᠤᠷᠠᠯᠲᠠ ᠤᠢᠭᠡᠢ | ᠳᠡᠭᠡᠭᠰᠢᠯᠡᠬᠦᠯᠪᠠ᠂ ᠲᠤᠮᠳᠠᠳᠤ ᠤᠯᠤᠰ ᠤᠨ ᠡᠪ ᠬᠠᠮᠳᠤ ᠨᠠᠮ ᠪᠤᠯ ᠨᠡᠷ᠎ᠡ ᠨᠢᠳᠡᠷ ᠲᠡᠭᠡᠨ ᠨᠡᠶᠢᠴᠡᠭᠰᠡᠨ ᠠᠭᠤᠦ ᠶᠡᠭᠡ | ᠢᠷᠠᠭᠤ ᠠᠯᠳᠠᠷᠲᠠᠢ ᠵᠥᠪ ᠤᠨᠤᠪᠴᠢᠳᠠᠢ ᠨᠠᠮ ᠮᠥᠨ᠃ | ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠨᠢ᠂ ᠵᠠᠭᠤᠨ ᠵᠢᠯ ᠤᠨ ᠲᠤᠷᠰᠢ᠂ ᠨᠠᠮ ᠠᠴᠠ ᠠᠷᠠᠳ | ᠲᠦᠮᠡᠨ ᠢ ᠤᠳᠤᠷᠢᠳᠤᠨ ᠠᠭᠤᠤ ᠶᠡᠭᠡ ᠲᠡᠮᠡᠴᠡᠯ ᠬᠢᠵᠦ᠂ ᠡᠷᠬᠢᠮ ᠨᠠᠨᠳᠢᠨ ᠲᠡᠦᠬᠡᠨ ᠲᠤᠷᠰᠢᠯᠭ᠎ᠠ ᠶᠢ | ᠬᠤᠷᠠᠮᠳᠤᠭᠤᠯᠤᠭᠰᠠᠨ ᠪᠠᠶᠢᠨ᠎ᠠ᠂ ᠲᠤᠬᠠᠶᠢᠯᠠᠪᠠᠯ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠂ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠨ᠎ᠠ᠂ ᠤᠨᠤᠯ ᠤᠨ ᠰᠢᠨ᠎ᠡ ᠡᠭᠦᠳᠤᠯᠳᠡ ᠶᠢ ᠪᠠᠷᠢᠮᠲᠠᠯᠠᠨ᠎ᠠ᠂ ᠪᠡᠶ᠎ᠡ ᠪᠠᠨ ᠳᠠᠭᠠᠭᠠᠵᠤ ᠡᠵᠡᠨ | ᠮᠡᠳᠡᠬᠦ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠵᠠᠮ ᠢ ᠪᠠᠷᠢᠮᠲᠠᠯᠠᠨ᠎ᠠ᠂ ᠬᠡᠬᠦᠳᠡᠭ ᠴᠡᠭᠡᠵᠢᠨ ᠳᠡᠭᠡᠨ ᠳᠡᠯᠡᠬᠡᠶ | ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠂ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠂ ᠵᠣᠷᠢᠭᠲᠠᠶ ᠪᠠᠷ | ᠲᠡᠮᠡᠴᠡᠯ ᠬᠢᠬᠦ ᠶᠢ ᠪᠠᠷᠢᠮᠲᠠᠯᠠᠨ᠎ᠠ᠂ ᠨᠢᠭᠡᠳᠦᠮᠡᠯ ᠹᠷᠣᠨᠲ ᠢ ᠪᠠᠷᠢᠮᠲᠠᠯᠠᠨ᠎ᠠ᠂ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠪᠠᠷᠢᠮᠲᠠᠯᠠᠨ᠎ᠠ᠃ ᠳᠡᠭᠡᠷᠡᠬᠢ ᠠᠷᠪᠠᠨ ᠲᠠᠯ᠎ᠠ ᠪᠣᠯ ᠤᠷᠲᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ | ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠦᠨ᠂ ᠨᠠᠮ ᠪᠣᠯᠤᠨ ᠠᠷᠠᠳ ᠲᠦᠮᠡᠨ ᠤ ᠬᠠᠮᠲᠤ ᠪᠠᠷ ᠡᠭᠦᠳᠦᠨ | ᠪᠦᠲᠦᠭᠡᠭᠰᠡᠨ ᠣᠶᠤᠨ ᠰᠠᠨᠠᠭᠠᠨ ᠤ ᠥᠪ ᠬᠥᠷᠥᠩᠭᠡ ᠮᠦᠨ᠂ ᠡᠷᠬᠡᠪᠰᠢ ᠬᠤᠪᠢ ᠳᠠᠬᠢᠨ ᠨᠠᠨᠳᠢᠩᠨᠠᠵᠤ᠂ ᠤᠷᠲᠤ | ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠰᠢᠨ᠎ᠡ ᠴᠠᠭ ᠦᠶ᠎ᠡ ᠶᠢᠨ ᠦᠢᠯᠡᠳᠦᠯᠭᠡ ᠳᠤᠮᠳᠠ ᠲᠠᠰᠤᠷᠠᠯᠲᠠ ᠦᠭᠡᠢ | ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ | ᠪᠦᠬᠦᠳᠡ ᠬᠤᠷᠠᠯ ᠠᠴᠠ ᠲᠤᠷᠠᠳᠤᠨ ᠭᠠᠷᠭᠠᠭᠰᠠᠨ ᠨᠢ᠂ ᠲᠤᠯᠭᠤᠷ ᠵᠤᠷᠢᠯᠲᠠ ᠪᠠᠨ ᠮᠠᠷᠲᠠᠬᠤ ᠦᠭᠡᠢ ᠪᠤᠯ | ᠰᠠᠶ᠋ᠢ ᠲᠤᠭᠤᠰᠢᠲᠠᠢ ᠪᠠᠷᠢᠮᠲᠠᠯᠠᠵᠤ ᠴᠢᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ | ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠤ ᠪᠤᠢ᠂ ᠵᠠᠭᠤᠨ | ᠵᠢᠯ ᠪᠣᠯ ᠶᠠᠬ ᠴᠤᠬ ᠪᠠᠳᠠᠷᠠᠩᠭᠤᠢ ᠦᠶ᠎ᠡ ᠮᠦᠨ᠃ ᠥᠩᠭᠡᠷᠡᠭᠰᠡᠨ ᠵᠠᠭᠤᠨ ᠵᠢᠯ ᠳᠤ᠂ ᠨᠠᠮ ᠠᠴᠠ ᠠᠷᠠᠳ ᠲᠦᠮᠡᠨ | ᠪᠠ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠤᠳᠤ᠂ ᠨᠠᠮ ᠠᠴᠠ | ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠠᠭᠠᠨ ᠮᠤᠷᠳᠠᠯ᠎ᠠ᠃ ᠪᠦᠬᠦ ᠨᠠᠮ ᠢᠶᠠᠷ ᠢᠶᠠᠨ | ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠤᠢ᠂ ᠶᠠᠭᠤ ᠬᠢᠬᠦ ᠶᠤᠰᠤᠲᠠᠢ ᠪᠤᠢ ᠭᠡᠬᠦ ᠡᠨᠡ ᠬᠦ | ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠨ᠂ | ᠬᠦᠰᠡᠯᠡᠩ ᠢᠲᠡᠭᠡᠯ ᠵᠤᠷᠢᠭ ᠢᠶᠠᠨ ᠪᠠᠲᠤᠳᠬᠠᠵᠤ᠂ ᠲᠤᠯᠭᠤᠷ ᠵᠤᠷᠢᠯᠲᠠ ᠡᠬᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠨ᠂ ᠢᠮᠠᠬᠳᠠ ᠲᠠᠷᠤᠤ ᠬᠢᠴᠢᠶᠡᠩᠭᠦᠢ ᠬᠢᠨᠠᠭᠤᠷ ᠪᠤᠯᠭᠤᠮᠵᠢᠳᠠᠢ ᠪᠠᠶᠢᠵᠤ᠂ ᠪᠠᠷᠳᠠᠮᠨᠠᠬᠤ ᠦᠭᠡᠢ ᠪᠠᠴᠢᠮᠳᠠᠬᠤ | ᠦᠭᠡᠢ ᠪᠠᠷ ᠲᠡᠰᠪᠦᠷᠢ ᠬᠠᠲᠠᠭᠤᠵᠢᠯᠲᠠᠶ ᠲᠡᠮᠡᠴᠡᠵᠦ᠂ ᠶᠠᠮᠠᠷᠪᠠ ᠠᠶᠤᠯ ᠲᠦᠭᠰᠢᠭᠦᠷᠢ ᠠᠴᠠ ᠡᠮᠢᠶᠡᠬᠦ ᠦᠭᠡᠢ᠂ ᠶᠠᠮᠠᠷᠪᠠ | ᠰᠠᠭᠠᠳ ᠬᠠᠷᠰᠢᠯᠠᠯ ᠳᠤ ᠨᠦᠯᠦᠭᠡᠯᠡᠭᠳᠡᠬᠦ ᠦᠭᠡᠢ᠂ ᠦᠨᠳᠦᠰᠦᠨ ᠴᠢᠨᠠᠷᠲᠠᠶ ᠠᠰᠠᠭᠤᠳᠠᠯ ᠳᠡᠭᠡᠷ᠎ᠡ ᠨᠤᠷᠠᠭᠠᠯᠲᠠ ᠶᠢᠨ | ᠴᠢᠨᠠᠷᠲᠠᠶ ᠠᠯᠳᠠᠭ᠎ᠠ ᠶᠠᠭᠠᠬᠢᠭᠰᠠᠨ ᠴᠤ ᠭᠠᠷᠭᠠᠬᠤ ᠦᠭᠡᠢ ᠪᠠᠶᠢᠵᠤ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ | ᠦᠭᠡᠢ ᠲᠡᠮᠡᠴᠡᠬᠦ ᠵᠤᠷᠢᠬ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ ᠭᠠᠵᠠᠷ | ᠠᠶᠠᠯᠠᠬᠤᠢ ᠳᠤᠷ ᠶᠡᠷᠡᠨ ᠭᠠᠵᠠᠷ ᠳᠤᠭᠤᠯᠤᠭᠰᠠᠨ ᠠᠨᠤ ᠬᠠᠭᠠᠰ ᠵᠠᠮᠨᠠᠭᠰᠠᠨ ᠳᠡᠳᠤᠢ ᠪᠤᠯᠠᠢ ᠭᠡᠬᠦ ᠰᠡᠷᠬᠡᠭ | ᠲᠠᠨᠢᠯᠳᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ | ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠢᠶᠠᠷ ᠢᠶᠠᠨ ᠡᠷᠬᠡᠪᠰᠢ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ | ᠠᠷᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ ᠡᠵᠡᠮᠳᠡᠨ᠂ ᠴᠠᠭ ᠦᠶ᠎ᠡ ᠶᠢ ᠬᠥᠲᠥᠯᠥᠨ ᠳᠠᠭᠠᠭᠤᠯᠵᠤ᠂ | ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ | ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠪᠠᠨ | ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ ᠡᠷᠬᠡᠪᠰᠢ ᠨᠠᠮ ᠤᠨ ᠦᠨᠳᠦᠰᠦᠨ ᠣᠨᠣᠯ᠂ ᠦᠨᠳᠦᠰᠦᠨ | ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ | ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠰᠲ᠋ᠧᠮ ᠤᠨ | ᠦᠵᠡᠯᠲᠡ ᠶᠢ ᠪᠠᠷᠢᠮᠲᠠᠯᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠩᠭᠤᠢ ᠪᠠᠷ ᠠᠬᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠮᠲᠤ ᠪᠠᠷ | ᠪᠠᠶᠠᠵᠢᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ | ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠤ ᠡᠵᠡᠨ | ᠰᠠᠭᠤᠵᠤ ᠡᠷᠬᠡ ᠮᠡᠳᠡᠬᠦ ᠶᠢ ᠪᠠᠲᠤᠯᠠᠵᠤ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ | ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ | ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠲᠦᠷᠭᠡᠳᠭᠡᠵᠦ᠂ | ᠠᠷᠠᠳ ᠲᠦᠮᠡᠨ ᠪᠠᠶᠠᠵᠢᠨ ᠴᠢᠨᠡᠭᠡᠯᠢᠭᠵᠢᠭᠦ᠂ ᠤᠯᠤᠰ ᠤᠷᠤᠨ ᠬᠦᠴᠦᠷᠭᠡᠭᠵᠢᠨ ᠪᠠᠳᠠᠷᠠᠬᠤ᠂ ᠳᠤᠮᠳᠠᠳᠤ ᠤᠯᠤᠰ | ᠦᠵᠡᠰᠭᠦᠯᠡᠩᠳᠤ ᠰᠠᠶᠢᠬᠠᠨ ᠪᠤᠯᠬᠤ ᠶᠢ ᠬᠠᠮᠵᠢᠯᠴᠠᠭᠤᠯᠤᠨ ᠠᠬᠢᠭᠤᠯᠬᠤ ᠭᠡᠷᠡᠭᠲᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠨᠠᠮ ᠢᠶᠠᠷ ᠢᠶᠠᠨ ᠡᠷᠬᠡᠪᠰᠢ ᠠᠷᠠᠳ ᠤᠯᠠᠨ ᠯᠤᠭ᠎ᠠ ᠶᠢᠨ | ᠰᠠᠯᠵᠤ ᠪᠤᠯᠤᠰᠢ ᠦᠭᠡᠢ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠲᠠᠰᠤᠷᠠᠯᠲᠠ ᠤᠢᠭᠡᠢ ᠰᠠᠶᠢᠲᠤᠷ ᠪᠡᠶᠡᠯᠡᠭᠦᠯᠵᠤ᠂ ᠰᠠᠶᠢᠲᠤᠷ ᠬᠠᠮᠠᠭᠠᠯᠠᠵᠤ᠂ ᠰᠠᠶᠢᠲᠤᠷ | ᠬᠥᠭᠵᠢᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠰᠠᠶᠢᠨ ᠰᠠᠶᠢᠬᠠᠨ ᠠᠮᠢᠳᠤᠷᠠᠯ ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠶ᠃ ᠪᠦᠬᠦ ᠨᠠᠮ ᠢᠶᠠᠷ ᠢᠶᠠᠨ | ᠡᠷᠬᠡᠪᠰᠢ ᠵᠤᠪᠡᠵᠦ ᠵᠦᠳᠡᠬᠦᠢ ᠳᠤᠷ ᠲᠤᠬᠳᠠᠨᠢᠵᠤ᠂ ᠵᠢᠷᠭᠠᠵᠤ ᠴᠡᠩᠭᠡᠬᠦᠢ ᠳᠤᠷ ᠰᠦᠨᠤᠮᠤᠢ ᠭᠡᠳᠡᠭ ᠢ ᠪᠠᠲᠤ | ᠴᠡᠭᠡᠵᠢᠯᠡᠨ᠂ ᠴᠠᠭ ᠢᠮᠠᠭᠲᠠ ᠠᠯᠤᠰ ᠤᠨ ᠪᠣᠳᠣᠯᠭ᠎ᠠ ᠲᠠᠢ ᠪᠠᠶᠢᠵᠤ᠂ ᠠᠮᠤᠷ ᠲᠦᠪᠰᠢᠨ ᠪᠠᠶᠢᠬᠤ ᠦᠶ᠎ᠠ ᠳᠡᠭᠡᠨ | ᠠᠶᠤᠯ ᠲᠦᠭᠰᠢᠬᠦᠷᠢ ᠶᠢ ᠪᠤᠳᠤᠯᠬᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ | ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠬ ᠶᠠᠪᠤᠭᠤᠯᠬᠤ ᠪᠠᠶᠢᠭᠤᠯᠤᠯᠲᠠ ᠵᠢᠴᠢ ᠢᠯᠵᠢᠷᠠᠯ ᠢ ᠡᠰᠡᠷᠭᠦᠴᠡᠬᠦ | ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠵᠤ᠂ ᠪᠡᠷᠭᠡ ᠠᠴᠠ ᠪᠡᠷᠭᠡᠰᠢᠶᠡᠬᠦ ᠦᠭᠡᠢ᠂ ᠲᠠᠷᠤᠯᠳᠠ ᠳᠤ | ᠳᠠᠷᠤᠭᠳᠠᠬᠤ ᠦᠭᠡᠢ ᠪᠠᠶᠢᠬᠤ ᠶᠢ ᠪᠡᠶᠡᠯᠡᠭᠦᠯᠦᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠢᠯᠡᠰ ᠤᠨ ᠠᠶᠠᠯᠠᠯ ᠤᠨ ᠣᠩᠭᠤᠴᠠ ᠶᠢᠨ ᠳᠠᠪᠠᠯᠭᠠᠨ ᠢ ᠵᠦᠰᠦᠨ ᠳᠣᠯᠭᠢᠶᠠᠨ ᠢ ᠰᠢᠪᠳᠤᠯᠵᠤ᠂ ᠪᠤᠴᠠᠯᠲᠠ ᠦᠭᠡᠢ | ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ 2022 ᠣᠨ ᠤ ᠳᠣᠤᠷ᠎ᠠ ᠬᠠᠭᠠᠰ ᠵᠢᠯ ᠳᠤ ᠪᠡᠭᠡᠵᠢᠩ ᠳᠤ | ᠬᠤᠷᠠᠯᠳᠤᠭᠤᠯᠬᠤ ᠪᠠᠷ ᠲᠣᠭᠲᠠᠭᠠᠪᠠ᠃ | ᠪᠦᠬᠦᠳᠡ ᠬᠤᠷᠠᠯ ᠠᠴᠠ ᠦᠵᠡᠭᠰᠡᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠮᠠᠨ ᠤ ᠨᠠᠮ ᠤᠨ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ | ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠰᠢᠨ᠎ᠠ ᠠᠶᠠᠨ ᠵᠠᠮ ᠳᠤ ᠤᠷᠤᠬᠰᠠᠨ ᠴᠢᠬᠤᠯᠠ ᠴᠠᠭ | ᠮᠥᠴᠡ ᠳᠤ ᠬᠤᠷᠠᠯᠳᠤᠭᠤᠯᠬᠤ ᠨᠢᠭᠡ ᠤᠳᠠᠭᠠᠨ ᠤ ᠮᠠᠰᠢ ᠴᠢᠬᠤᠯᠠ ᠶᠡᠭᠡ ᠬᠤᠷᠠᠯ ᠪᠤᠯᠤᠨ᠎ᠠ᠂ ᠨᠠᠮ ᠪᠠ ᠲᠦᠷᠦ ᠶᠢᠨ | ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠃ ᠪᠦᠬᠦ ᠨᠠᠮ ᠢᠶᠠᠷ ᠢᠶᠠᠨ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠪᠡᠷᠭᠡ ᠶᠢ ᠲᠤᠭᠤᠯᠤᠨ ᠬᠦᠴᠢᠷ ᠢ | ᠲᠠᠪᠠᠵᠦ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠬᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠵᠦ᠂ ᠰᠢᠯᠢᠳᠡᠭ ᠬᠢᠷᠢ ᠪᠦᠳᠤᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠤᠷᠠᠯᠳᠤᠬᠤ ᠶᠢ | ᠤᠭᠲᠤᠬᠤ ᠬᠡᠷᠡᠭᠳᠠᠢ᠃ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ | ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠬᠤ ᠠᠭᠤᠤ ᠶᠡᠭᠡ | ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠦᠨ᠂ ᠥᠴᠥᠭᠡᠳᠦᠷ ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ ᠪᠠᠨ | ᠤᠮᠠᠷᠳᠠᠬᠤ ᠦᠭᠡᠢ᠂ ᠥᠨᠥᠳᠦᠷ ᠤᠨ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠮᠠᠷᠭᠠᠰᠢ ᠶᠢᠨ ᠠᠭᠤᠤ | ᠶᠡᠭᠡ ᠬᠦᠰᠡᠯ ᠡᠷᠡᠮᠡᠯᠵᠠᠯ ᠢᠶᠠᠨ ᠬᠥᠰᠡᠷᠳᠡᠭᠦᠯᠬᠦ ᠦᠭᠡᠢ ᠪᠠᠶᠢᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ | ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠬᠦᠳᠤ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ | ᠲᠡᠮᠡᠴᠡᠰᠦᠭᠡᠢ ᠭᠡᠵᠦ ᠨᠠᠮ ᠤᠨ ᠲᠦᠪ ᠬᠤᠷᠢᠶ᠎ᠠ ᠠᠴᠠ ᠤᠷᠢᠶᠠᠯᠠᠵᠦ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ | ᠠᠭᠤᠤ ᠶᠡᠭᠡ ᠢᠯᠠᠯᠲᠠ ᠪᠠ ᠦᠡᠭᠭᠡ ᠭᠡᠷᠡᠯ ᠢ ᠣᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ | ᠳᠤᠮᠳᠠᠳᠤ ᠤᠯᠤᠰ ᠤᠨ ᠠᠷᠠᠳ ᠲᠦᠮᠡᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠠᠭᠤᠤ ᠶᠡᠭᠡ ᠢᠯᠠᠯᠲᠠ | ᠪᠠ ᠦᠡᠭᠭᠡ ᠬᠡᠷᠡᠯ ᠢ ᠤᠯᠬᠤ ᠨᠢ ᠯᠠᠪᠲᠠᠢ ᠶᠤᠮ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ | ︵ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 11 ᠤ ᠡᠳᠦᠷ ᠤᠨ ᠮᠡᠳᠡᠭᠡ︶ ︵ᠲᠤᠮᠳᠠᠳᠤ | ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠤᠷᠴᠢᠭᠤᠯᠪᠠ︶ | | |