ᠰᠢ ᠶᠢᠨ ᠫᠢᠩ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠠᠶᠢᠳᠠᠯᠭ᠎ᠠ ᠪᠠᠷ᠂ ᠪᠢ ︽ᠨᠠᠮ ᠤᠨ ᠵᠠᠭᠤᠨ | ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢᠨ ᠲᠤᠬᠠᠶ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢ ᠲᠤᠭᠤᠷᠪᠢᠨ ᠪᠢᠴᠢᠭᠰᠡᠨ ᠬᠤᠯᠪᠣᠭᠳᠠᠯ | ᠪᠦᠬᠦᠢ ᠪᠠᠶᠢᠳᠠᠯ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠶ᠎ᠠ᠃ | ᠨᠢᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ | ᠬᠤᠷᠠᠯ ᠤᠨ ᠵᠥᠪᠯᠡᠬᠦ ᠰᠡᠳᠦᠪ ᠤᠨ ᠲᠤᠬᠠᠶ ᠪᠣᠳᠣᠯᠬᠢᠯᠠᠯ | ᠮᠠᠨ ᠤ ᠨᠠᠮ ᠲᠡᠦᠬᠡᠨ ᠲᠤᠷᠰᠢᠯᠭ᠎ᠠ ᠶᠢ ᠳ᠋ᠦᠩᠨᠡᠬᠦ ᠶᠢ ᠶᠡᠷᠦ ᠨᠢ ᠳᠡᠭᠡᠳᠤ ᠭᠡᠮᠵᠢᠶ᠎ᠠ ᠪᠠᠷ ᠴᠢᠬᠤᠯᠠᠴᠢᠯᠠᠭᠰᠠᠭᠠᠷ | ᠢᠷᠡᠪᠠ᠃ ᠠᠯᠢ ᠡᠷᠲᠡ ᠶᠠᠨ ᠠᠨ ᠳᠤ ᠪᠠᠶᠢᠬᠤ ᠳᠠᠭᠠᠨ ᠮᠠᠤ ᠽᠧ ᠳ᠋ᠦᠩ ᠨᠥᠬᠦᠷ᠄ ︽ᠬᠡᠷᠪᠡ ᠨᠠᠮ ᠤᠨ ᠲᠡᠦᠬᠡ ᠶᠢ | ᠲᠣᠳᠣᠷᠬᠠᠢ ᠮᠡᠳᠡᠬᠦ ᠤᠢᠭᠡᠢ᠂ ᠨᠠᠮ ᠤᠨ ᠲᠡᠦᠬᠡᠨ ᠳᠡᠭᠡᠷᠡᠬᠢ ᠶᠠᠪᠤᠵᠤ ᠦᠩᠭᠡᠷᠡᠭᠰᠡᠨ ᠵᠠᠮ ᠢ ᠲᠣᠳᠣᠷᠬᠠᠶ ᠮᠡᠳᠡᠬᠦ | ᠦᠭᠡᠢ ᠪᠣᠯ ᠤᠴᠢᠷ ᠶᠠᠪᠤᠳᠠᠯ ᠢ ᠨᠡᠩ ᠰᠠᠶᠢᠨ ᠰᠢᠢᠳᠪᠤᠷᠢᠯᠡᠵᠤ ᠴᠢᠳᠠᠬᠤ ᠦᠭᠡᠢ ᠶᠤᠮ︾ ᠭᠡᠵᠤ ᠵᠢᠭᠠᠵᠤ ᠭᠠᠷᠭᠠᠵᠠᠢ᠃ | ᠶᠠᠫᠣᠨ ᠢ ᠡᠰᠡᠷᠭᠦᠴᠡᠭᠰᠡᠨ ᠳᠠᠶᠢᠨ ᠤ ᠡᠴᠦᠰ ᠤᠨ ᠢᠯᠠᠯᠲᠠ ᠶᠢ ᠲᠡᠮᠡᠴᠡᠨ ᠣᠯᠬᠤ ᠵᠠᠩᠭᠢᠯᠠᠭ᠎ᠠ ᠶᠢᠨ ᠦᠶ᠎ᠠ ᠪᠤᠯᠬᠤ | 1945 ᠣᠨ ᠳᠤ᠂ ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ | ᠬᠤᠷᠠᠯ ᠠᠴᠠ ︽ᠲᠡᠤᠭᠡᠨ ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠪᠠᠲᠤᠯᠠᠵᠤ᠂ ᠨᠠᠮ ᠪᠠᠶᠢᠭᠤᠯᠤᠭᠳᠠᠭᠰᠠᠨ ᠤ | ᠲᠠᠷᠠᠭᠠᠬᠢ ᠢᠯᠠᠩᠭᠤᠶ᠎ᠠ ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠠᠴᠠ ᠽᠦᠨᠶ᠋ᠢ ᠶᠢᠨ ᠬᠤᠷᠠᠯᠳᠤᠭᠠᠨ ᠠᠴᠠ ᠡᠮᠦᠨ᠎ᠠ ᠬᠥᠷᠳᠡᠯᠠᠬᠢ ᠡᠨᠡ ᠬᠡᠰᠡᠭ ᠨᠠᠮ ᠤᠨ ᠲᠡᠤᠭᠡ ᠵᠢᠴᠢ | ᠲᠡᠭᠦᠨ ᠤ ᠲᠤᠷᠰᠢᠯᠭ᠎ᠠ ᠰᠤᠷᠭᠠᠮᠵᠢ ᠶᠢ ᠳ᠋ᠦᠩᠨᠡᠵᠤ᠂ ᠴᠢᠬᠤᠯᠠ ᠶᠡᠭᠡ ᠲᠡᠦᠬᠡᠨ ᠠᠰᠠᠭᠤᠳᠠᠯ ᠤᠳ ᠲᠤ ᠳ᠋ᠦᠩ | ᠭᠠᠷᠭᠠᠵᠤ᠂ ᠳᠤᠮᠳᠠᠳᠤ ᠤᠯᠤᠰ ᠤᠨ ᠬᠤᠪᠢᠰᠬᠠᠯ ᠤᠨ ᠦᠨᠳᠦᠰᠦᠨ ᠠᠰᠠᠭᠤᠳᠠᠯ ᠤᠨ ᠲᠤᠬᠠᠶ ᠪᠦᠬᠦ ᠨᠠᠮ ᠢᠯᠠᠩᠭᠤᠶ᠎ᠠ | ᠨᠠᠮ ᠤᠨ ᠳᠡᠭᠡᠳᠦ ᠵᠡᠷᠭᠡ ᠶᠢᠨ ᠺᠠᠳ᠋ᠷᠴᠤᠳ ᠤᠨ ᠲᠠᠨᠢᠯᠲᠠ ᠶᠢ ᠨᠢᠭᠡᠳᠦᠯᠲᠡᠶ ᠪᠣᠯᠭᠠᠵᠤ᠂ ᠪᠦᠬᠦ ᠨᠠᠮ ᠤᠨ ᠪᠦᠯᠬᠦᠮᠳᠡᠯ ᠢ | ᠴᠢᠩᠭᠠᠳᠬᠠᠭᠠᠳ᠂ ᠨᠠᠮ ᠤᠨ ᠳᠣᠯᠣᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠬᠤ ᠳᠤ ᠬᠥᠢᠴᠡᠳ | ᠨᠥᠬᠦᠴᠡᠯ ᠪᠦᠷᠢᠳᠦᠭᠦᠯᠤᠨ ᠦᠭᠴᠤ᠂ ᠳᠤᠮᠳᠠᠳᠤ ᠤᠯᠤᠰ ᠤᠨ ᠬᠤᠪᠢᠰᠬᠠᠯ ᠤᠨ ᠦᠢᠯᠡᠰ ᠤᠨ ᠬᠥᠭᠵᠢᠯᠲᠡ ᠶᠢ | ᠬᠥᠴᠤᠳᠠᠢ ᠠᠬᠢᠭᠤᠯᠤᠭᠰᠠᠨ ᠪᠠᠶᠢᠨ᠎ᠠ᠃ | ᠥᠭᠡᠷᠡᠴᠢᠯᠡᠯᠲᠡ ᠨᠡᠭᠡᠭᠡᠯᠲᠡ ᠬᠢᠬᠦ ᠰᠢᠨ᠎ᠡ ᠦᠶ᠎ᠠ ᠳᠤ ᠣᠷᠣᠬᠰᠠᠨ ᠤ ᠲᠠᠷᠠᠭ᠎ᠠ᠂ ᠳ᠋ᠧᠩ ᠰᠢᠶᠤᠤ ᠫᠢᠩ | ᠨᠥᠬᠦᠷ᠄ ︽ᠲᠡᠦᠭᠡᠠ ᠲᠡᠭᠡᠷᠡᠬᠢ ᠠᠮᠵᠢᠯᠳᠠ ᠤᠯᠦᠡᠡᠰᠡᠠ ᠲᠤᠷᠰᠢᠯᠭ᠎ᠠ ᠪᠤᠯ ᠡᠷᠬᠢᠮ ᠨᠡᠡᠳᠢᠠ ᠡᠳ᠋ ᠪᠡᠶᠡᠯᠢᠬ ᠶᠤᠮ᠂ | ᠠᠯᠳᠠᠭ᠎ᠠ ᠭᠠᠷᠭᠠᠡᠡᠰᠡᠠ ᠲᠤᠷᠰᠢᠯᠭ᠎ᠠ᠂ ᠢᠯᠬᠠᠳ᠋ᠬᠠᠰᠡᠠ ᠲᠤᠷᠰᠢᠯᠭ᠎ᠠ ᠮᠦᠠ ᠴᠦ ᠠᠳᠡᠯᠢᠬᠠᠠ ᠡᠷᠬᠢᠮ ᠨᠡᠡᠳᠢᠠ ᠡᠳ᠋ | ᠪᠡᠶᠡᠯᠢᠬ ᠶᠤᠮ᠃ ᠢᠡᠭᠬᠢᠵᠦ ᠪᠠᠶᠢᠭᠠᠦᠠ ᠴᠢᠭᠯᠡᠯᠳᠠ ᠲᠦᠷᠦ ᠶᠢᠨ ᠪᠤᠳᠦᠯᠭ᠎ᠠ ᠲᠤᠡᠡᠳᠡᠭᠠᠪᠡᠯ ᠪᠦᠬᠦ ᠨᠡᠮ ᠤᠨ ᠤᠢᠵᠡᠯ | ᠰᠡᠨᠠᠭ᠎ᠠ ᠶᠢ ᠨᠢᠭᠡᠦᠡᠭᠡᠵᠦ᠂ ᠰᠢᠨ᠎ᠡ ᠪᠦᠯᠬᠦᠮᠳᠡᠯ ᠳᠤ ᠬᠦᠷᠴᠦ ᠴᠢᠳᠡᠨ᠎ᠡ᠃ ᠢᠢᠮᠦ ᠰᠡᠭᠤᠷᠢ ᠪᠤᠯ ᠬᠠᠮᠤᠬ ᠤᠨ | ᠨᠡᠶᠢᠳᠡᠪᠦᠷᠢᠳᠡᠢ ᠪᠠᠶᠢᠳᠠᠬ︾ ᠭᠡᠵᠤ ᠬᠡᠯᠡᠭᠰᠡᠨ ᠶᠤᠮ᠃ 1981 ᠣᠨ ᠳᠤ᠂ ᠨᠠᠮ ᠤᠨ ᠠᠷᠪᠠᠨ ᠨᠢᠭᠡᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ︽ᠤᠯᠤᠰ ᠪᠠᠶᠢᠭᠤᠯᠤᠭᠳᠠᠭᠰᠠᠨ ᠠᠴᠠ | ᠨᠠᠭᠠᠰᠢᠬᠢ ᠨᠠᠮ ᠤᠨ ᠲᠡᠤᠭᠡᠨ ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠪᠠᠲᠤᠯᠠᠵᠤ᠂ ᠰᠢᠨ᠎ᠡ ᠳᠤᠮᠳᠠᠳᠤ | ᠤᠯᠤᠰ ᠪᠠᠶᠢᠭᠤᠯᠤᠭᠳᠠᠬᠤ ᠠᠴᠠ ᠡᠮᠦᠨᠡᠬᠢ ᠨᠠᠮ ᠤᠨ ᠲᠡᠤᠭᠡ ᠶᠢ ᠡᠷᠭᠢᠴᠡᠭᠦᠯᠤᠨ᠂ ᠨᠡᠶᠢᠭᠡᠮ ᠵᠢᠷᠤᠮᠲᠤ ᠬᠤᠪᠢᠰᠬᠠᠯ ᠪᠠ | ᠪᠦᠲᠦᠭᠡᠨ ᠪᠠᠶᠢᠭᠤᠯᠤᠯᠲᠠ ᠶᠢᠨ ᠲᠡᠦᠬᠡᠨ ᠲᠤᠷᠰᠢᠯᠭ᠎ᠠ ᠶᠢ ᠳ᠋ᠦᠩᠨᠡᠵᠦ᠂ ᠵᠠᠷᠢᠮ ᠴᠢᠬᠤᠯᠠ ᠶᠡᠭᠡ ᠬᠡᠷᠡᠭ ᠶᠠᠪᠤᠳᠠᠯ | ᠪᠣᠯᠤᠨ ᠴᠢᠬᠤᠯᠠ ᠬᠥᠮᠦᠰ ᠲᠤ ᠦᠨᠡᠯᠡᠯᠲᠡ ᠬᠢᠵᠠᠢ᠂ ᠢᠯᠠᠩᠭᠤᠶ᠎ᠠ ᠮᠠᠤ ᠽᠧ ᠳ᠋ᠦᠩ ᠨᠥᠬᠦᠷ ᠪᠣᠯᠤᠨ ᠮᠠᠤ ᠽᠧ | ᠳ᠋ᠦᠩ ᠤᠨ ᠦᠵᠡᠯ ᠰᠠᠨᠠᠭ᠎ᠠ ᠶᠢ ᠵᠥᠪ ᠢᠶᠠᠷ ᠦᠨᠡᠯᠡᠵᠦ᠂ ᠵᠥᠪ ᠪᠤᠷᠤᠭᠤ ᠶᠢ ᠢᠯᠭᠠᠷᠠᠭᠤᠯᠤᠨ ᠲᠤᠳᠤᠯᠠᠵᠤ᠂ ︽ | ᠵᠡᠭᠦᠨ︾ ᠤ ᠪᠠ ᠪᠠᠷᠠᠭᠤᠨ ᠤ ᠬᠤᠶᠠᠷ ᠲᠠᠯ᠎ᠠ ᠶᠢᠨ ᠪᠤᠷᠤᠭᠤ ᠦᠵᠡᠯᠲᠡ ᠶᠢ ᠵᠠᠯᠠᠷᠠᠭᠤᠯᠤᠨ᠂ ᠪᠦᠬᠦ ᠨᠠᠮ ᠤᠨ ᠦᠵᠡᠯ | ᠰᠠᠨᠠᠭ᠎ᠠ ᠶᠢ ᠨᠢᠭᠡᠳᠭᠡᠭᠡᠳ᠂ ᠨᠠᠮ ᠤᠨ ᠪᠦᠯᠬᠦᠮᠳᠡᠨ ᠨᠢᠭᠡᠳᠴᠦ ᠬᠤᠯᠠ ᠶᠢ ᠬᠠᠷᠠᠬᠤ ᠶᠢ ᠠᠬᠢᠭᠤᠯᠬᠤ᠂ | ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠨᠡᠩ | ᠰᠠᠶᠢᠨ ᠠᠬᠢᠭᠤᠯᠬᠤ ᠳᠤ ᠴᠢᠬᠤᠯᠠ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃ ᠤᠳᠤ᠂ ᠠᠩᠬᠠᠳᠠᠭᠴᠢ ᠲᠡᠦᠬᠡ ᠶᠢᠨ | ᠰᠢᠢᠳᠪᠦᠷᠢ ᠶᠢ ᠲᠣᠭᠲᠠᠭᠠᠬᠰᠠᠨ ᠠᠴᠠ ᠨᠢᠭᠡᠨᠲᠡ 76 ᠵᠢᠯ ᠥᠩᠭᠡᠷᠡᠪᠡ᠂ ᠬᠤᠶᠠᠳᠤᠭᠠᠷ ᠲᠡᠦᠬᠡ ᠶᠢᠨ ᠰᠢᠢᠳᠪᠦᠷᠢ ᠶᠢ | ᠲᠣᠭᠲᠠᠭᠠᠬᠰᠠᠨ ᠠᠴᠠ ᠴᠤ 40 ᠵᠢᠯ ᠥᠩᠭᠡᠷᠡᠴᠢᠭᠡᠯᠠ᠃ 40 ᠵᠢᠯ ᠤᠨ ᠲᠤᠷᠰᠢ᠂ ᠨᠠᠮ ᠪᠠ ᠤᠯᠤᠰ ᠤᠨ ᠠᠵᠢᠯ | ᠦᠢᠯᠡᠰ ᠶᠡᠭᠡ ᠪᠠᠷ ᠤᠷᠤᠬᠰᠢ ᠬᠥᠭᠵᠢᠵᠦ᠂ ᠨᠠᠮ ᠤᠨ ᠤᠨᠤᠯ ᠪᠠ ᠦᠢᠯᠡᠳᠦᠯᠭᠡ ᠴᠦ ᠶᠡᠭᠡ ᠪᠠᠷ ᠤᠷᠤᠬᠰᠢ | ᠬᠥᠭᠵᠢᠵᠠᠢ᠃ ᠲᠡᠤᠬᠡ ᠶᠢᠨ ᠰᠢᠨ᠎ᠡ ᠭᠠᠷᠤᠭᠠᠨ ᠳᠡᠭᠡᠷ᠎ᠡ ᠵᠤᠭᠰᠤᠵᠤ᠂ ᠥᠩᠭᠡᠷᠡᠭᠰᠡᠨ ᠢᠶᠠᠨ ᠡᠷᠭᠢᠴᠡᠭᠦᠯᠦᠨ᠂ | ᠢᠷᠡᠭᠡᠳᠦᠶ ᠪᠠᠨ ᠪᠠᠷᠠᠯᠠᠬᠤᠶ᠎ᠠ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠤᠭᠡᠨ ᠲᠤᠷᠰᠢᠯᠭ᠎ᠠ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠶ ᠵᠢᠯ ᠤᠨ ᠲᠤᠷᠰᠢᠬᠢ ᠴᠢᠬᠤᠯᠠ | ᠶᠡᠭᠡ ᠠᠮᠵᠢᠯᠲᠠ ᠪᠦᠲᠦᠮᠵᠢ ᠪᠠ ᠲᠡᠤᠭᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠨᠢ ᠪᠤᠰᠤᠳᠴᠢ | ᠬᠡᠷᠡᠭᠴᠡᠭᠡ ᠲᠠᠢ ᠪᠦᠭᠡᠳ ᠪᠡᠶᠡᠴᠢ ᠨᠥᠬᠦᠴᠡᠯ ᠴᠦ ᠪᠦᠷᠢᠳᠦᠭᠰᠡᠨ ᠪᠠᠶᠢᠨ᠎ᠠ᠃ | ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠤᠭᠡᠨ ᠴᠠᠭ ᠮᠥᠴᠡ ᠳᠤ᠂ ᠨᠠᠮ ᠪᠠ | ᠠᠷᠠᠳ ᠲᠦᠮᠡᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠦ ᠨᠢᠭᠡᠳᠦᠭᠡᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠪᠠᠨ ᠢᠯᠠᠯᠲᠠ ᠲᠠᠢ ᠪᠠᠷ ᠪᠡᠶᠡᠯᠡᠭᠦᠯᠤᠭᠡᠳ᠂ ᠶᠠᠭ ᠨᠡᠶᠢᠭᠡᠮ ᠵᠢᠷᠤᠮᠳᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠲᠡᠶᠢᠰᠢ ᠤᠷᠤᠭᠰᠢᠯᠠᠵᠤ ᠪᠠᠶᠢᠭ᠎ᠠ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ᠂ ᠨᠠᠮ ᠤᠨ | ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠬᠦ ᠲᠠᠯ᠎ᠠ ᠪᠠᠷ | ᠳ᠋ᠦᠩᠨᠡᠭᠦ ᠨᠢ ᠪᠦᠬᠦ ᠨᠠᠮ ᠢᠶᠠᠷ ᠢᠶᠠᠨ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ | ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠭᠦ ᠶᠢ ᠠᠬᠢᠭᠤᠯᠬᠤ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠳᠤ | ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ | ᠭᠡᠵᠤ ᠨᠠᠮ ᠤᠨ ᠲᠦᠪ ᠬᠤᠷᠢᠶ᠎ᠠ ᠦᠵᠡᠵᠤ ᠪᠠᠶᠢᠨ᠎ᠠ᠃ | ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠰᠦᠷ ᠳᠠᠯᠠᠶᠢᠴᠠᠲᠠᠢ᠂ ᠴᠠᠭ ᠤᠨ ᠠᠯᠭᠠᠰᠠᠯ ᠣᠷᠳᠣ᠂ | ᠬᠤᠯᠪᠣᠭᠳᠠᠬᠤ ᠬᠡᠪᠴᠢᠶ᠎ᠡ ᠥᠷᠭᠡᠨ᠂ ᠰᠤᠳᠤᠯᠬᠤ ᠴᠢᠬᠤᠯᠠᠲᠠᠶ ᠠᠰᠠᠭᠤᠳᠠᠯ ᠣᠯᠠᠨ ᠶᠤᠮ᠃ ᠶᠡᠷᠤᠩᠭᠡᠢ ᠳᠤᠨᠢ ᠠᠪᠴᠤ | ᠬᠡᠯᠡᠪᠡᠯ ᠲᠡᠤᠭᠡ ᠶᠢ ᠳ᠋ᠦᠩᠨᠡᠬᠦ᠂ ᠵᠢᠮ᠎ᠡ ᠶᠣᠰᠣ ᠶᠢ ᠡᠵᠡᠮᠰᠢᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠢᠷᠡᠭᠡᠳᠦᠶ | ᠲᠡᠶᠢᠰᠢ ᠤᠷᠤᠭᠰᠢᠯᠠᠬᠤ ᠱᠠᠭᠠᠷᠳᠠᠯᠭ᠎ᠠ ᠶᠣᠰᠣᠭᠠᠷ᠂ ᠨᠠᠮ ᠤᠨ ᠶᠠᠪᠤᠵᠤ ᠢᠷᠡᠭᠰᠡᠨ ᠭᠡᠷᠡᠯ ᠰᠠᠴᠤᠷᠠᠩᠭᠤᠶ | ᠦᠡᠭᠭᠡᠷᠡᠯᠳᠡ ᠶᠢ ᠰᠠᠶᠢᠲᠤᠷ ᠳ᠋ᠦᠩᠨᠡᠵᠦ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠯᠤᠭᠰᠠᠨ | ᠬᠢᠯᠠᠯᠵᠠᠭᠰᠠᠨ ᠠᠮᠵᠢᠯᠲᠠ ᠪᠦᠳᠤᠮᠵᠢ ᠶᠢ ᠰᠠᠶᠢᠲᠤᠷ ᠳ᠋ᠦᠩᠨᠡᠵᠦ᠂ ᠨᠠᠮ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ | ᠥᠭᠡᠷᠡᠴᠢᠯᠡᠯᠲᠡ ᠶᠢ ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ ᠠᠵᠢᠯ ᠦᠢᠯᠡᠰ ᠤᠨ ᠬᠠᠲᠠᠭᠤᠵᠢᠨ ᠵᠤᠷᠢᠬᠵᠢᠵᠤ | ᠡᠷᠡᠯᠭᠡᠭᠯᠡᠨ ᠤᠷᠤᠬᠰᠢᠯᠠᠭᠰᠠᠨ ᠣᠨᠣᠯ ᠪᠠ ᠦᠢᠯᠡᠳᠦᠯᠭᠡ ᠶᠢ ᠰᠠᠶᠢᠲᠤᠷ ᠳ᠋ᠦᠩᠨᠡᠬᠦ ᠬᠡᠷᠡᠭᠳᠠᠢ᠃ ᠪᠣᠳᠠᠲᠠᠶ ᠪᠠᠷ ᠬᠡᠯᠡᠪᠡᠯ᠂ | ᠨᠠᠮ ᠠᠴᠠ ᠠᠷᠠᠳ ᠲᠦᠮᠡᠨ ᠢ ᠤᠳᠤᠷᠢᠳᠤᠨ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ | ᠵᠠᠭᠤᠨ ᠵᠢᠯ ᠤᠨ ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠤᠨ ᠢᠯᠠᠯᠲᠠ ᠠᠴᠠ ᠢᠯᠠᠯᠲᠠ ᠵᠦᠭ | ᠤᠷᠤᠭᠰᠢᠯᠠᠭᠰᠠᠨ ᠠᠭᠤᠤ ᠶᠡᠭᠡ ᠲᠡᠤᠭᠡᠨ ᠠᠬᠢᠴᠠ᠂ ᠤᠯᠤᠰ ᠪᠠ ᠦᠨᠳᠦᠰᠦᠲᠡᠨ ᠳᠤ ᠪᠠᠶᠢᠭᠤᠯᠤᠭᠰᠡᠨ ᠠᠭᠤᠤ ᠶᠡᠭᠡ | ᠲᠡᠤᠭᠡᠨ ᠭᠠᠪᠢᠶ᠎ᠠ ᠵᠢᠳᠬᠦᠯ ᠢ ᠪᠦᠬᠦ ᠲᠠᠯ᠎ᠠ ᠪᠠᠷ ᠳ᠋ᠦᠩᠨᠡᠬᠦ ᠬᠡᠷᠡᠭᠲᠡᠶ︔ ᠨᠠᠮ ᠤᠨ ᠮᠠᠷᠺᠰ ᠤᠨ ᠦᠵᠡᠯ ᠤᠨ | ᠦᠨᠳᠤᠰᠤᠨ ᠤᠬ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠶᠢ ᠲᠠᠰᠤᠷᠠᠯᠳᠠ ᠦᠭᠡᠢ ᠠᠬᠢᠭᠤᠯᠤᠭᠰᠠᠨ ᠵᠠᠭᠤᠨ ᠵᠢᠯ ᠤᠨ ᠥᠩᠭᠡᠷᠡᠯᠲᠡ ᠶᠢ ᠬᠥᠨᠵᠡᠭᠡᠢ ᠰᠤᠳᠤᠯᠵᠤ᠂ | ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠤᠯᠳᠡ ᠶᠢᠨ ᠤᠨᠤᠯ ᠢ ᠬᠥᠨᠵᠡᠭᠡᠢ ᠣᠶᠢᠯᠠᠭᠠᠨ ᠡᠵᠡᠮᠰᠢᠬᠦ ᠬᠡᠷᠡᠭᠳᠠᠢ︔ | ᠨᠠᠮ ᠤᠨ ᠲᠠᠰᠤᠷᠠᠯᠲᠠ ᠤᠢᠭᠡᠢ ᠨᠠᠮ ᠤᠨ ᠪᠦᠯᠬᠦᠮᠳᠡᠯ ᠢ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠭᠡ ᠰᠦᠷ | ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠬᠠᠮᠠᠭᠠᠯᠠᠭᠰᠠᠨ ᠵᠠᠭᠤᠨ ᠵᠢᠯ ᠤᠨ ᠥᠩᠭᠡᠷᠡᠯᠲᠡ ᠶᠢ ᠭᠦᠨᠵᠡᠭᠡᠶ | ᠰᠤᠳᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠡᠨᠡ ᠬᠦ ᠮᠠᠷᠺᠰ ᠤᠨ ᠦᠵᠡᠯ ᠤᠨ | ᠲᠦᠷᠦ ᠶᠢᠨ ᠨᠠᠮ ᠤᠨ ᠢᠯᠡ ᠲᠣᠳᠣ ᠣᠨᠴᠠᠯᠢᠭ ᠪᠠ ᠤᠯᠤᠰ ᠲᠦᠷᠦ ᠶᠢᠨ ᠳᠠᠪᠠᠭᠤᠯᠢᠭ ᠢ ᠭᠦᠨᠵᠡᠭᠡᠢ ᠤᠬᠠᠵᠤ | ᠣᠶᠢᠯᠠᠭᠠᠬᠤ ᠬᠡᠷᠡᠭᠲᠡᠢ︔ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠤᠯᠭᠤᠵᠤ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠴᠢᠷᠮᠠᠶᠢᠬᠰᠠᠨ ᠵᠠᠭᠤᠨ ᠵᠢᠯ ᠤᠨ | ᠥᠩᠭᠡᠷᠡᠯᠲᠡ ᠶᠢ ᠭᠦᠨᠵᠡᠭᠡᠶ ᠰᠤᠳᠤᠯᠵᠤ᠂ ᠨᠠᠮ ᠪᠣᠯᠤᠨ ᠠᠷᠠᠳ ᠲᠦᠮᠡᠨ ᠤ ᠬᠤᠭᠤᠷᠤᠨᠳᠤᠬᠢ ᠦᠬᠦᠵᠦ ᠰᠡᠬᠡᠬᠦ ᠪᠠᠨ | ᠬᠤᠯᠪᠤᠵᠤ᠂ ᠵᠢᠷᠭᠠᠯ ᠵᠤᠪᠠᠯᠠᠩ ᠢᠶᠠᠨ ᠬᠠᠮᠳᠤᠳᠬᠠᠬᠰᠠᠨ ᠰᠠᠯᠵᠤ ᠪᠤᠯᠤᠰᠢ ᠦᠭᠡᠢ ᠬᠠᠷᠢᠴᠠᠭ᠎ᠠ ᠶᠢ ᠭᠦᠨᠵᠡᠭᠡᠶ ᠲᠠᠨᠢᠵᠤ᠂ | ᠨᠡᠩ ᠰᠠᠶᠢᠨ ᠢᠶᠠᠷ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠠᠷᠠᠳ ᠲᠦᠮᠡᠨ ᠳᠤ ᠲᠦᠰᠢᠭᠯᠡᠨ ᠲᠡᠤᠭᠡ ᠶᠢᠨ | ᠠᠤᠭ᠎ᠠ ᠦᠢᠯᠡᠰ ᠢ ᠡᠭᠦᠳᠦᠨ ᠪᠦᠲᠦᠭᠡᠬᠦ ᠬᠡᠷᠡᠭᠲᠡᠶ︔ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠤᠭᠰᠠᠨ ᠵᠠᠭᠤᠨ ᠵᠢᠯ ᠤᠨ ᠥᠩᠭᠡᠷᠡᠯᠲᠡ ᠶᠢ | ᠬᠥᠨᠵᠡᠭᠡᠢ ᠰᠤᠳᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠡᠭᠦᠷᠢᠳᠡ ᠵᠤᠬᠰᠤᠰᠢ ᠦᠭᠡᠢ ᠬᠢᠬᠦ ᠡᠷᠡᠰ | ᠵᠤᠷᠢᠬ ᠪᠠ ᠪᠠᠳᠤ ᠪᠠᠷᠢᠮᠲᠠᠯᠡᠯ ᠢ ᠴᠢᠩᠭᠠᠳᠬᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ | ᠴᠢᠩᠭ᠎ᠠ ᠤᠳᠤᠷᠢᠳᠬᠤ ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠲᠡᠦᠬᠡ ᠶᠢᠨ ᠬᠥᠭᠵᠢᠯᠲᠡ ᠶᠢᠨ | ᠵᠢᠮ᠎ᠡ ᠶᠣᠰᠣ ᠪᠠ ᠶᠡᠭᠡ ᠬᠠᠨᠳᠤᠰᠢ ᠶᠢ ᠭᠦᠨᠵᠡᠭᠡᠶ ᠰᠤᠳᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ | ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠡᠦᠬᠡᠨ ᠰᠠᠨᠠᠭᠠᠴᠢᠯᠠᠭ᠎ᠠ ᠶᠢ ᠢᠮᠠᠭᠲᠠ ᠡᠵᠡᠮᠰᠢᠵᠦ᠂ | ᠨᠢᠭᠡᠨᠲᠡ ᠲᠣᠭᠲᠠᠭᠰᠠᠨ ᠲᠡᠮᠡᠴᠡᠯ ᠤᠨ ᠬᠠᠷᠠᠯᠲᠠ ᠪᠠᠨ ᠪᠠᠳᠤᠵᠢᠭᠤᠯᠬᠤ᠂ ᠴᠤᠭ ᠵᠤᠷᠢᠬ ᠪᠠᠳᠠᠷᠠᠩᠭᠤᠢ ᠪᠠᠷ ᠢᠷᠡᠭᠡᠳᠦᠢ | ᠲᠡᠶᠢᠰᠢ ᠤᠷᠤᠭᠰᠢᠯᠠᠬᠤ ᠰᠥᠰᠥ ᠵᠣᠷᠢᠭ ᠪᠣᠯᠤᠨ ᠬᠦᠴᠦᠨ ᠴᠢᠳᠠᠯ ᠢᠶᠠᠨ ᠨᠡᠮᠡᠭᠳᠡᠭᠦᠯᠬᠦ ᠬᠡᠷᠡᠭᠲᠡᠢ ᠭᠡᠵᠤ ᠨᠠᠮ ᠤᠨ | ᠲᠦᠪ ᠬᠤᠷᠢᠶ᠎ᠠ ᠦᠵᠡᠵᠤ ᠪᠠᠶᠢᠨ᠎ᠠ᠃ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ | ᠳ᠋ᠦᠩᠨᠡᠬᠦ ᠳᠡᠭᠡᠨ ᠬᠤᠪᠢᠰᠤᠩᠭᠤᠶ ᠪᠣᠳᠠᠰᠴᠢ ᠦᠵᠡᠯ ᠪᠠ ᠲᠡᠤᠭᠡ ᠶᠢᠨ ᠪᠣᠳᠠᠰᠴᠢ ᠦᠵᠡᠯ ᠤᠨ ᠠᠷᠭ᠎ᠠ ᠶᠢᠨ ᠤᠨᠤᠯ ᠢ | ᠪᠠᠷᠢᠮᠲᠠᠯᠠᠵᠤ᠂ ᠪᠣᠳᠠᠲᠠᠶ ᠪᠦᠭᠡᠳ ᠲᠡᠤᠭᠡ ᠶᠢᠨ᠂ ᠪᠤᠰᠤᠳᠴᠢ ᠪᠦᠭᠡᠳ ᠪᠦᠬᠦ ᠲᠠᠯ᠎ᠠ ᠶᠢᠨ᠂ ᠬᠤᠯᠪᠤᠭ᠎ᠠ ᠶᠢᠨ ᠪᠠ | ᠬᠥᠭᠵᠢᠯᠲᠡ ᠶᠢᠨ ᠦᠵᠡᠯᠲᠡ ᠪᠠᠷ ᠨᠠᠮ ᠤᠨ ᠲᠡᠤᠭᠡ ᠶᠢ ᠦᠵᠡᠬᠦ ᠬᠡᠷᠡᠭᠲᠡᠶ᠃ ᠵᠥᠪ ᠨᠠᠮ ᠤᠨ ᠲᠡᠦᠬᠡ ᠶᠢᠨ | ᠦᠵᠡᠯᠲᠡ ᠶᠢ ᠪᠠᠷᠢᠮᠲᠠᠯᠠᠵᠤ᠂ ᠬᠠᠮ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠨᠠᠮ ᠤᠨ ᠲᠡᠤᠭᠡ ᠶᠢᠨ | ᠬᠥᠭᠵᠢᠯᠲᠡ ᠶᠢᠨ ᠭᠤᠤᠯ ᠰᠡᠳᠦᠪ ᠭᠤᠤᠯ ᠰᠢᠵᠢᠮ᠂ ᠭᠤᠤᠯ ᠤᠷᠤᠰᠬᠠᠯ ᠮᠥᠨ ᠴᠢᠨᠠᠷ ᠢ ᠵᠥᠪ ᠤᠨᠤᠪᠴᠢᠳᠠᠢ | ᠡᠵᠡᠮᠰᠢᠵᠦ᠂ ᠨᠠᠮ ᠤᠨ ᠤᠷᠤᠭᠰᠢᠯᠠᠯᠲᠠ ᠶᠢᠨ ᠵᠠᠮ ᠲᠡᠭᠡᠷ᠎ᠠ ᠦᠡᠭᠭᠡᠷᠡᠬᠦᠯᠦᠭᠰᠡᠨ ᠠᠯᠳᠠᠰᠢ ᠪᠠ ᠨᠤᠭᠤᠷᠠᠯ ᠳᠤ | ᠵᠥᠪ ᠢᠶᠠᠷ ᠬᠠᠨᠳᠤᠵᠤ᠂ ᠠᠮᠵᠢᠯᠲᠠ ᠶᠢᠨ ᠳᠤᠮᠳᠠ ᠠᠴᠠ ᠲᠤᠷᠰᠢᠯᠭ᠎ᠠ ᠶᠢ ᠰᠢᠩᠭᠡᠭᠡᠨ ᠠᠪᠴᠤ᠂ ᠠᠯᠳᠠᠰᠢ ᠶᠢᠨ | ᠳᠤᠮᠳᠠ ᠠᠴᠠ ᠰᠤᠷᠭᠠᠮᠵᠢ ᠶᠢ ᠬᠥᠯᠢᠶᠡᠨ ᠠᠪᠴᠤ᠂ ᠢᠯᠠᠯᠲᠠ ᠲᠡᠶᠢᠰᠢ ᠤᠷᠤᠭᠰᠢᠯᠠᠬᠤ ᠵᠠᠮ ᠢ ᠲᠠᠰᠤᠷᠠᠯᠳᠠ ᠦᠭᠡᠢ | ᠨᠡᠭᠡᠭᠡᠬᠦ ᠬᠡᠷᠡᠭᠲᠡᠶ᠃ ᠲᠡᠦᠬᠡ ᠶᠢᠨ ᠦᠭᠡᠶᠢᠰᠭᠡᠬᠦ ᠦᠵᠡᠯ ᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠵᠦ᠂ ᠦᠵᠡᠯ | ᠰᠠᠨᠠᠭ᠎ᠠ ᠪᠠᠷ ᠬᠥᠳᠤᠯᠤᠨ ᠵᠢᠯᠣᠭᠤᠳᠬᠤ ᠪᠠ ᠣᠨᠣᠯ ᠢᠶᠠᠷ ᠢᠯᠭᠠᠨ ᠵᠠᠳᠠᠯᠬᠤ ᠪᠠᠨ ᠴᠢᠩᠭᠠᠳᠬᠠᠵᠤ᠂ ᠨᠠᠮ ᠤᠨ | ᠲᠡᠤᠭᠡᠨ ᠳᠡᠭᠡᠷᠡᠬᠢ ᠵᠠᠷᠢᠮ ᠴᠢᠬᠤᠯᠠ ᠶᠡᠭᠡ ᠲᠡᠤᠭᠡᠨ ᠠᠰᠠᠭᠤᠳᠠᠯ ᠤᠨ ᠲᠤᠬᠠᠶ ᠪᠠᠯᠠᠷᠬᠠᠶ ᠲᠠᠨᠢᠯᠲᠠ ᠪᠣᠯᠤᠨ | ᠥᠷᠥᠭᠡᠰᠦᠭᠡᠯ ᠣᠶᠢᠯᠠᠭᠠᠯᠲᠠ ᠶᠢ ᠲᠣᠳᠣᠷᠬᠠᠢ ᠪᠤᠯᠭᠠᠵᠤ᠂ ᠦᠨᠳᠤᠰᠤᠨ ᠠᠴᠠ ᠨᠢ ᠨᠡᠩ ᠰᠠᠶᠢᠨ ᠴᠡᠭᠴᠡᠯᠡᠨ ᠵᠠᠰᠠᠬᠤ | ᠬᠡᠷᠡᠭᠳᠠᠢ ᠭᠡᠵᠤ ᠨᠠᠮ ᠤᠨ ᠲᠥᠪ ᠬᠤᠷᠢᠶ᠎ᠠ ᠦᠵᠡᠵᠤ ᠪᠠᠶᠢᠨ᠎ᠠ᠃ | ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠶᠢ ᠲᠤᠭᠤᠷᠪᠢᠨ ᠪᠢᠴᠢᠬᠦ ᠳᠤ᠂ ᠨᠠᠮ ᠤᠨ ᠲᠥᠪ | ᠬᠤᠷᠢᠶ᠎ᠠ ᠳᠣᠤᠷᠠᠬᠢ ᠬᠡᠳᠦᠨ ᠵᠦᠢᠯ ᠢ ᠴᠢᠬᠤᠯᠠᠴᠢᠯᠡᠨ ᠰᠠᠶᠢᠲᠤᠷ ᠡᠵᠡᠮᠰᠢᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ | | ᠨᠢᠭᠡᠳᠦᠭᠡᠷ ᠲᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠤᠬᠡᠨ ᠲᠤᠷᠰᠢᠯᠭ᠎ᠠ ᠶᠢ ᠳ᠋ᠦᠩᠨᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠮᠠᠨ ᠤ ᠨᠠᠮ ᠤᠷᠢᠳ ᠬᠤᠵᠢᠳ | ᠬᠤᠶᠠᠷ ᠲᠡᠤᠬᠡᠨ ᠰᠢᠢᠳᠪᠦᠷᠢ ᠲᠣᠭᠲᠠᠭᠠᠵᠦ ᠦᠡᠭᠬᠡᠷᠡᠵᠠᠢ᠃ ᠨᠠᠮ ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ | ᠨᠡᠭᠡᠭᠡᠯᠲᠡ ᠶᠢᠨ ᠡᠬᠢᠨ ᠤ ᠦᠶ᠎ᠡ ᠪᠣᠯᠲᠠᠯᠠᠬᠢ ᠨᠠᠮ ᠤᠨ ᠲᠡᠦᠬᠡᠨ ᠳᠡᠭᠡᠷᠡᠬᠢ ᠴᠢᠬᠤᠯᠠ ᠶᠡᠭᠡ ᠵᠥᠪ ᠪᠤᠷᠤᠭᠤ ᠶᠢᠨ | ᠠᠰᠠᠭᠤᠳᠠᠯ ᠢ ᠡᠨᠡ ᠬᠤᠶᠠᠷ ᠲᠡᠦᠬᠡᠨ ᠰᠢᠢᠳᠪᠦᠷᠢ ᠦᠨᠳᠦᠰᠦᠨ ᠳᠡᠭᠡᠨ ᠴᠥᠮ ᠰᠢᠢᠳᠪᠦᠷᠢᠯᠡᠵᠦ᠂ ᠦᠨᠳᠦᠰᠦᠨ | ᠥᠭᠦᠯᠡᠯᠲᠡ ᠪᠠ ᠳ᠋ᠦᠩ ᠨᠢ ᠤᠳᠤ ᠪᠣᠯᠲᠠᠯ᠎ᠠ ᠮᠥᠨ ᠲᠤᠬᠢᠷᠠᠵᠤ ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ | ᠬᠢᠭᠰᠡᠨ ᠠᠴᠠ ᠨᠠᠭᠠᠰᠢ᠂ ᠨᠠᠮ ᠤᠨ ᠠᠵᠢᠯ ᠳᠤ ᠬᠡᠳᠦ᠋ᠢᠪᠡᠷ ᠡᠳᠦᠶ ᠲᠡᠳᠦᠶ ᠠᠰᠠᠭᠤᠳᠠᠯ ᠭᠠᠷᠴᠤ ᠦᠡᠭᠬᠡᠷᠡᠭᠰᠡᠨ | ᠪᠣᠯᠪᠠᠴᠤ᠂ ᠶᠡᠷᠦᠩᠬᠡᠶ ᠳᠤᠨᠢ ᠠᠪᠴᠤ ᠬᠡᠯᠡᠪᠡᠯ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠤᠷᠤᠭᠰᠢᠲᠠᠶ᠂ | ᠤᠷᠤᠭᠰᠢᠯᠠᠬᠤ ᠴᠢᠭᠯᠡᠯ ᠵᠥᠪ᠂ ᠣᠯᠤᠭᠰᠠᠨ ᠠᠮᠵᠢᠯᠲᠠ ᠪᠦᠲᠦᠮᠵᠢ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ | ᠶᠤᠮ᠃ ᠡᠭᠦᠨ ᠳᠤ ᠰᠠᠭᠤᠷᠢᠯᠠᠨ᠂ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠬᠦᠴᠦᠯᠡᠬᠦ ᠴᠡᠭ ᠢᠶᠠᠨ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ | ᠳ᠋ᠦᠩᠨᠡᠬᠦ ᠳᠡᠭᠡᠷ᠎ᠡ ᠲᠠᠯᠪᠢᠵᠤ ᠪᠠᠶᠢᠭᠠᠳ᠂ ᠪᠦᠬᠦ ᠨᠠᠮ ᠤᠨ ᠤᠶᠤᠨ ᠤᠬᠠᠭᠠᠨ ᠢᠶᠠᠨ ᠨᠡᠮᠡᠭᠳᠡᠭᠦᠯᠬᠦ᠂ ᠪᠦᠯᠬᠦᠮᠳᠡᠯ ᠢᠶᠠᠨ | ᠵᠤᠵᠠᠭᠠᠳᠬᠠᠬᠤ᠂ ᠢᠲᠡᠭᠡᠯ ᠵᠣᠷᠢᠭ ᠢᠶᠠᠨ ᠪᠠᠳᠤᠳᠬᠠᠬᠤ᠂ ᠲᠡᠮᠡᠴᠡᠯ ᠤᠨ ᠵᠣᠷᠢᠭ ᠢᠶᠠᠨ ᠴᠢᠩᠭᠠᠳᠬᠠᠬᠤ ᠶᠢ | ᠠᠬᠢᠭᠤᠯᠤᠨ᠎ᠠ᠃ | ᠬᠤᠶᠠᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ | ᠭᠡᠬᠦ ᠡᠨᠡ ᠬᠦ ᠭᠤᠤᠯᠳᠠᠯᠭ᠎ᠠ ᠶᠢ ᠲᠤᠪᠤᠶᠢᠯᠭᠠᠨ᠎ᠠ᠃ ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠰᠢᠨ᠎ᠡ | ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ | ᠡᠬᠦᠰᠦᠭᠰᠡᠨ ᠳᠡᠤᠬᠡᠳᠦ ᠴᠢᠨᠠᠷᠳᠠᠢ ᠬᠤᠪᠢᠰᠤᠯᠳᠠ ᠪᠤᠯᠤᠨ ᠬᠤᠷᠠᠮᠳᠤᠭᠤᠯᠤᠭᠰᠠᠨ ᠰᠢᠨ᠎ᠠ ᠰᠤᠷᠭᠤᠭ ᠳᠤᠷᠰᠢᠯᠭ᠎ᠠ ᠶᠢ | ᠭᠤᠤᠯᠳᠠᠯᠭ᠎ᠠ ᠲᠠᠢ ᠳ᠋ᠦᠩᠨᠡᠨ᠎ᠠ᠂ ᠡᠬᠦᠨ ᠤ ᠭᠤᠤᠯ ᠪᠣᠳᠣᠯᠬᠢᠯᠠᠯ ᠬᠡᠪᠡᠯ᠂ ᠨᠠᠮ ᠤᠨ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠦᠶ᠎ᠡ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠦᠶ᠎ᠡ᠂ ᠨᠠᠮ ᠤᠨ | ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠮ ᠤᠨ ᠠᠷᠪᠠᠨ | ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠬᠦᠷᠲᠡᠯᠡᠬᠢ ᠲᠡᠤᠬᠡ ᠶᠢ ᠡᠮᠦᠨ᠎ᠡ | ᠬᠤᠶᠠᠷ ᠲᠡᠤᠬᠡᠨ ᠰᠢᠢᠳᠪᠦᠷᠢ ᠳᠤ ᠨᠢᠭᠡᠨᠲᠡ ᠰᠢᠰᠲ᠋ᠧᠮ ᠲᠠᠢ ᠳ᠋ᠦᠩᠨᠡᠵᠠᠢ︔ ᠥᠭᠡᠷᠡᠴᠢᠯᠡᠯᠲᠡ ᠨᠡᠭᠡᠭᠡᠯᠲᠡ ᠪᠠ | ᠨᠡᠶᠢᠭᠡᠮ ᠵᠢᠷᠤᠮ ᠤᠨ ᠤᠳᠤᠬᠢᠴᠢᠯᠠᠬᠤ ᠪᠦᠳᠤᠭᠡᠨ ᠪᠠᠶᠢᠭᠤᠯᠤᠯᠳᠡ ᠶᠢᠨ ᠰᠢᠨ᠎ᠡ ᠦᠶ᠎ᠡ ᠶᠢᠨ ᠠᠮᠵᠢᠯᠲᠠ ᠪᠦᠳᠦᠮᠵᠢ ᠪᠠ | ᠲᠤᠷᠰᠢᠯᠭ᠎ᠠ ᠶᠢ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠬᠤᠷᠠᠯᠳᠤᠭᠰᠠᠨ ᠬᠤᠷᠢᠨ ᠵᠢᠯ ᠤᠨ ᠤᠢ᠂ ᠭᠤᠴᠢᠨ ᠵᠢᠯ ᠤᠨ ᠤᠢ ᠶᠢᠨ ᠦᠶ᠎ᠡ ᠳᠤ ᠨᠠᠮ ᠤᠨ ᠲᠥᠪ ᠬᠤᠷᠢᠶ᠎ᠠ | ᠴᠥᠮ ᠨᠠᠷᠢᠨ ᠬᠢᠨᠠᠮᠠᠭᠠᠶ ᠳ᠋ᠦᠩᠨᠡᠵᠦ᠂ ᠪᠢ ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠤᠢ ᠶᠢ | ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶᠠᠨ ᠳᠠᠭᠠᠨ ᠪᠠᠰᠠ ᠰᠢᠰᠲ᠋ᠧᠮ ᠲᠠᠢ ᠳ᠋ᠦᠩᠨᠡᠭᠰᠡᠨ ᠶᠤᠮ᠃ ᠡᠶᠢᠮᠦ ᠠᠴᠠ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠮᠦᠨᠡᠬᠢ ᠲᠡᠤᠬᠡᠨ ᠦᠶ᠎ᠡ ᠶᠢ ᠡᠨᠡ ᠤᠳᠠᠭᠠᠨ ᠤ ᠪᠥᠬᠦᠳᠡ | ᠬᠤᠷᠠᠯ ᠤᠨ ᠰᠢᠢᠳᠪᠦᠷᠢ ᠳᠤ ᠨᠢᠭᠡᠨᠲᠡ ᠭᠠᠷᠭᠠᠭᠰᠠᠨ ᠳ᠋ᠦᠩᠨᠡᠯᠲᠡ ᠪᠠ ᠳ᠋ᠦᠩ ᠤᠨ ᠰᠠᠭᠤᠷᠢᠨ ᠳᠡᠭᠡᠷ᠎ᠡ ᠲᠦᠢᠮᠣᠴᠢᠯᠠᠨ | ᠥᠭᠦᠯᠡᠨᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠡᠨᠡ ᠬᠦ | ᠭᠤᠣᠯᠳᠠᠯᠭ᠎ᠠ ᠶᠢ ᠳᠣᠪᠤᠶᠢᠯᠭᠠᠬᠤ ᠨᠢ᠂ ᠪᠦᠬᠦ ᠨᠠᠮ ᠢ ᠬᠥᠲᠥᠯᠥᠨ ᠵᠢᠯᠣᠭᠤᠳᠴᠤ ᠢᠲᠡᠭᠡᠯ ᠵᠣᠷᠢᠭ ᠢᠶᠠᠨ ᠤᠯᠠᠮ ᠨᠢᠭᠡ | ᠠᠯᠬᠤᠮ ᠪᠠᠲᠤᠳᠬᠠᠵᠦ᠂ ᠮᠠᠨ ᠤ ᠶᠠᠭ ᠬᠢᠵᠦ ᠪᠠᠶᠢᠭ᠎ᠠ ᠠᠵᠢᠯ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ | ᠪᠠᠶᠢᠭᠠᠳ᠂ ᠨᠡᠩ ᠴᠤᠭ ᠪᠠᠳᠠᠷᠠᠩᠭᠤᠶ ᠳᠦᠷᠰᠦ ᠪᠠᠶᠢᠳᠠᠯ ᠢᠶᠠᠷ ᠰᠢᠨ᠎ᠡ ᠠᠶᠠᠨ ᠵᠠᠮ ᠳᠤ ᠣᠷᠣᠵᠤ᠂ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠬᠤ ᠳᠤ ᠠᠰᠢᠭᠲᠠᠶ ᠶᠤᠮ᠃ | ᠭᠤᠷᠪᠠᠳᠤᠭᠠᠷ ᠲᠤ᠂ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠢ | ᠦᠨᠡᠯᠡᠬᠦ ᠳᠡᠭᠡᠨ ᠨᠠᠮ ᠤᠨ ᠲᠥᠪ ᠬᠤᠷᠢᠶᠠᠨ ᠤ ᠨᠢᠭᠡᠨᠲᠡ ᠭᠠᠷᠭᠠᠭᠰᠠᠨ ᠳ᠋ᠦᠩ ᠲᠠᠢ ᠵᠤᠯᠭᠠᠯᠳᠤᠭᠤᠯᠬᠤ ᠶᠢ | ᠴᠢᠬᠤᠯᠠᠴᠢᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠡᠮᠦᠨᠡᠬᠢ ᠨᠠᠮ ᠤᠨ ᠲᠡᠦᠬᠡᠨ ᠳᠡᠭᠡᠷᠡᠬᠢ | ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠤᠨ ᠲᠤᠬᠠᠢ ᠡᠮᠦᠨ᠎ᠡ ᠬᠤᠶᠠᠷ ᠲᠡᠤᠬᠡᠨ | ᠰᠢᠢᠳᠪᠦᠷᠢ᠂ ᠨᠠᠮ ᠤᠨ ᠠᠯᠢ ᠤᠯᠠᠨ ᠴᠢᠬᠤᠯᠠ ᠲᠤᠯᠭᠤᠷ ᠪᠢᠴᠢᠭ ᠲᠤ ᠴᠥᠮ ᠶᠡᠭᠡ ᠬᠡᠮᠵᠢᠶᠡᠨ ᠤ ᠥᠭᠦᠯᠡᠯᠲᠡ | ᠬᠢᠵᠦ᠂ ᠲᠥᠪ ᠴᠢᠩᠭ᠎ᠠ ᠪᠠᠷ ᠳ᠋ᠦᠩ ᠭᠠᠷᠭᠠᠵᠤ ᠥᠩᠭᠡᠷᠡᠵᠡᠢ᠃ ᠡᠨᠡ ᠤᠳᠠᠭᠠᠨ ᠤ ᠪᠥᠬᠦᠳᠡ ᠬᠤᠷᠠᠯ ᠤᠨ | ᠰᠢᠢᠳᠪᠦᠷᠢ ᠳᠤ ᠡᠳᠡᠭᠡᠷ ᠦᠨᠳᠦᠰᠦᠨ ᠥᠭᠦᠯᠡᠯᠲᠡ ᠪᠠ ᠳ᠋ᠦᠩ ᠢ ᠪᠠᠷᠢᠮᠲᠠᠯᠠᠨ᠎ᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠶᠡᠷᠡᠨ ᠲᠠᠪᠤᠨ | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ | ᠪᠠᠶᠢᠭᠤᠯᠤᠭᠳᠠᠭᠰᠠᠨ ᠶᠡᠷᠡᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠠᠶᠢᠭᠤᠯᠤᠭᠳᠠᠭᠰᠠᠨ ᠲᠠᠯᠠᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠢᠯᠠᠩᠭᠤᠶ᠎ᠠ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠡᠷᠭᠡ ᠴᠢᠬᠤᠯᠠ ᠬᠤᠷᠠᠯ | ᠳᠡᠭᠡᠷ᠎ᠡ᠂ ᠨᠠᠮ ᠤᠨ ᠲᠡᠤᠬᠡ ᠳᠤ ᠴᠥᠮ ᠳ᠋ᠦᠩᠨᠡᠯᠲᠡ ᠪᠠ ᠥᠭᠦᠯᠡᠯᠲᠡ ᠬᠢᠵᠦ ᠦᠡᠭᠬᠡᠷᠡᠵᠠᠢ᠂ ᠡᠨᠡ ᠨᠢ ᠨᠠᠮ ᠤᠨ | ᠵᠠᠭᠤᠨ ᠵᠢᠯ ᠤᠨ ᠲᠡᠮᠡᠴᠡᠯ ᠤᠨ ᠳᠤᠬᠠᠢ ᠨᠠᠮ ᠤᠨ ᠲᠥᠪ ᠬᠤᠷᠢᠶᠠᠨ ᠤ ᠰᠢᠨ᠎ᠡ ᠲᠠᠨᠢᠯᠲᠠ ᠶᠢ ᠢᠯᠡᠷᠡᠭᠦᠯᠦᠭᠰᠡᠨ ᠶᠤᠮ᠃ | ᠡᠨᠡ ᠤᠳᠠᠭᠠᠨ ᠤ ᠪᠥᠬᠦᠳᠡ ᠬᠤᠷᠠᠯ ᠤᠨ ᠰᠢᠢᠳᠪᠦᠷᠢ ᠳᠤ ᠡᠳᠡᠭᠡᠷ ᠰᠢᠨ᠎ᠡ ᠲᠠᠨᠢᠯᠲᠠ ᠶᠢ ᠬᠠᠷᠠᠭᠤᠯᠤᠨ᠎ᠠ᠃ | ᠬᠤᠶᠠᠷ᠂ ᠰᠢᠢᠳᠪᠦᠷᠢ ᠶᠢᠨ ᠨᠤᠤᠷᠠᠭ ᠢ ᠲᠤᠭᠤᠷᠪᠢᠭᠰᠠᠨ ᠶᠠᠪᠤᠴᠠ | ᠡᠨᠡ ᠵᠢᠯ ᠤᠨ 3 ᠰᠠᠷ᠎ᠠ ᠳᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷ᠎ᠡ ᠨᠠᠮ ᠤᠨ ᠵᠠᠭᠤᠨ | ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ | ᠳ᠋ᠦᠩᠨᠡᠬᠦ ᠠᠰᠠᠭᠤᠳᠠᠯ ᠢ ᠭᠤᠤᠯᠳᠠᠯᠭ᠎ᠠ ᠲᠠᠢ ᠰᠤᠳᠤᠯᠵᠦ᠂ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ | ᠪᠠᠶᠢᠭᠤᠯᠤᠨ᠂ ᠨᠠᠳᠠ ᠪᠠᠷ ᠳᠤᠭᠤᠶᠢᠯᠠᠩ ᠤᠨ ᠳᠠᠷᠤᠭ᠎ᠠ ᠶᠢᠨ ᠳᠤᠰᠢᠶᠠᠯ ᠢ ᠡᠬᠦᠷᠬᠡᠯᠡᠬᠦᠯᠵᠦ᠂ ᠸᠠᠩ ᠬᠤ᠋ ᠨᠢᠩ᠂ ᠵᠤᠤ | ᠯᠧ ᠵᠶᠢ ᠨᠥᠬᠦᠷ ᠢᠶᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠬᠦᠷᠬᠡᠯᠡᠬᠦᠯᠦᠨ᠂ ᠨᠠᠮ ᠪᠠ | ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠬᠤᠯᠪᠣᠭᠳᠠᠯ ᠪᠦᠬᠦᠢ ᠲᠥᠪ ᠤᠨ ᠰᠠᠯᠠᠭ᠎ᠠ | ᠮᠥᠴᠢᠷ ᠪᠣᠯᠤᠨ ᠣᠷᠣᠨ ᠨᠤᠲᠤᠭ ᠤᠨ ᠬᠠᠷᠢᠭᠤᠴᠠᠯᠭᠠᠲᠠᠨ ᠨᠥᠬᠦᠳ ᠢ ᠣᠷᠣᠯᠴᠠᠭᠤᠯᠵᠦ᠂ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠳᠣᠤᠷ᠎ᠠ ᠪᠢᠴᠢᠭ ᠮᠠᠲ᠋ᠧᠷᠢᠶᠠᠯ | ᠲᠤᠭᠤᠷᠪᠢᠨ ᠪᠢᠴᠢᠬᠦ ᠠᠵᠢᠯ ᠢ ᠡᠭᠦᠷᠭᠡᠯᠡᠬᠦᠯᠬᠦ ᠪᠠᠷ ᠳᠤᠭᠳᠠᠭᠠᠪᠠ᠃ | 4 ᠰᠠᠷ᠎ᠠ ᠶᠢᠨ 1 ᠤ ᠡᠳᠦᠷ᠂ ᠨᠠᠮ ᠤᠨ ᠲᠥᠪ ᠬᠤᠷᠢᠶ᠎ᠠ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠨᠠᠮ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ | ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠬᠦ ᠠᠰᠠᠭᠤᠳᠠᠯ ᠢ ᠭᠤᠤᠯᠳᠠᠯᠭ᠎ᠠ ᠲᠠᠢ ᠰᠤᠳᠤᠯᠬᠤ ᠲᠤᠬᠠᠶ ᠰᠠᠨᠠᠯ | ᠬᠤᠷᠢᠶᠠᠬᠤ ᠮᠡᠳᠡᠭᠳᠡᠯ︾ ᠳᠠᠷᠬᠠᠭᠠᠵᠤ᠂ ᠨᠠᠮ ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠪᠠ᠃ | | ᠬᠠᠷᠢᠭᠤ ᠲᠤᠰᠬᠠᠭᠰᠠᠨ ᠰᠠᠨᠠᠯ ᠠᠴᠠ ᠦᠵᠡᠪᠡᠯ᠂ ᠨᠠᠮ ᠤᠨ ᠲᠥᠪ ᠬᠤᠷᠢᠶ᠎ᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠬᠤ ᠪᠠᠷ ᠳᠠᠮᠵᠢᠨ᠂ ᠨᠠᠮ ᠤᠨ | ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ | ᠳ᠋ᠦᠩᠨᠡᠬᠦ ᠪᠠᠷ ᠳᠤᠭᠳᠠᠭᠰᠠᠨ ᠶᠠᠪᠤᠳᠠᠯ ᠪᠤᠯ ᠲᠥᠪ ᠴᠢᠩᠭ᠎ᠠ ᠲᠡᠦᠬᠡᠲᠦ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠢᠳᠪᠦᠷᠢᠲᠦ ᠪᠣᠳᠣᠯᠭ᠎ᠠ ᠮᠦᠨ᠂ ᠲᠡᠷᠡ ᠨᠢ ᠨᠠᠮ ᠤᠨ ᠳᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠨ᠂ ᠠᠮᠢᠵᠢᠷᠠᠯ ᠤᠨ ᠬᠦᠴᠦᠨ ᠪᠤᠯᠤᠨ ᠠᠮᠢᠳᠤᠯᠢᠬ ᠬᠦᠴᠦᠨ ᠢᠶᠠᠨ ᠡᠭᠦᠷᠢᠳᠡ ᠬᠠᠳᠠᠭᠠᠯᠠᠬᠤ ᠡᠷᠡᠰ | ᠪᠠᠲᠤ ᠵᠣᠷᠢᠭ ᠢ ᠭᠦᠢᠴᠡᠳ ᠢᠯᠡᠷᠡᠭᠦᠯᠵᠦ᠂ ᠨᠠᠮ ᠤᠨ ᠲᠡᠤᠬᠡ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ | ᠡᠵᠡᠮᠰᠢᠨ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠡᠤᠬᠡ ᠶᠢᠨ ᠰᠠᠨᠠᠭᠠᠴᠢᠯᠠᠭ᠎ᠠ ᠪᠣᠯᠤᠨ | ᠡᠭᠦᠷᠭᠡ ᠬᠠᠷᠢᠭᠤᠴᠠᠯᠭ᠎ᠠ ᠶᠢ ᠢᠮᠠᠭᠳᠠ ᠡᠵᠡᠮᠳᠠᠵᠦ ᠪᠠᠶᠢᠳᠠᠭ ᠢ ᠭᠦᠢᠴᠡᠳ ᠢᠯᠡᠷᠡᠭᠦᠯᠵᠦ᠂ ᠨᠠᠮ ᠤᠨ ᠣᠳᠣᠬᠢ | ᠪᠠᠶᠢᠳᠠᠯ ᠳᠠᠭᠠᠨ ᠰᠠᠭᠤᠷᠢᠯᠠᠨ᠂ ᠢᠷᠡᠭᠡᠳᠦᠶ ᠶᠢ ᠪᠣᠳᠣᠯᠬᠢᠯᠠᠵᠦ᠂ ᠲᠡᠤᠬᠡᠨ ᠲᠤᠷᠰᠢᠯᠭ᠎ᠠ ᠶᠢ ᠳ᠋ᠦᠩᠨᠡᠨ ᠬᠡᠷᠡᠭᠯᠡᠬᠦ ᠶᠢ | ᠴᠢᠬᠤᠯᠠᠴᠢᠯᠠᠳᠠᠭ ᠠᠯᠤᠰ ᠤᠨ ᠬᠠᠷᠠᠴᠠ ᠪᠠ ᠬᠦᠨᠵᠡᠬᠡᠢ ᠪᠤᠳᠤᠯᠬᠢᠯᠠᠯ ᠢ ᠭᠦᠢᠴᠡᠳ ᠢᠯᠡᠷᠡᠭᠦᠯᠵᠡᠶ ᠬᠡᠵᠦ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠰᠠᠨᠠᠯ ᠨᠢᠬᠡᠳᠠᠢ ᠦᠵᠡᠵᠦ ᠪᠠᠶᠢᠨ᠎ᠠ᠃ ᠡᠨᠡ ᠤᠳᠠᠭᠠᠨ ᠤ | ᠪᠥᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠳᠦᠮᠵᠢ ᠪᠠ | ᠲᠡᠤᠬᠡᠨ ᠲᠤᠷᠰᠢᠯᠭ᠎ᠠ ᠶᠢ ᠴᠢᠬᠤᠯᠠᠴᠢᠯᠠᠨ ᠳ᠋ᠦᠩᠨᠡᠬᠦ ᠶᠢ ᠰᠠᠨᠠᠯ ᠨᠢᠬᠡᠳᠠᠢ ᠵᠦᠪᠰᠢᠶᠡᠷᠡᠭᠰᠡᠨ ᠪᠦᠬᠡᠳ ᠰᠢᠢᠳᠪᠦᠷᠢ ᠳᠤ | ᠰᠤᠳᠤᠯᠤᠨ ᠰᠢᠢᠳᠪᠦᠷᠢᠯᠡᠬᠦ ᠴᠢᠬᠤᠯᠠᠲᠠᠶ ᠴᠢᠬᠤᠯᠠ ᠶᠡᠭᠡ ᠠᠰᠠᠭᠤᠳᠠᠯ ᠤᠨ ᠲᠤᠬᠠᠶ ᠮᠠᠰᠢ ᠤᠯᠠᠨ ᠰᠠᠶᠢᠨ ᠰᠠᠨᠠᠯ ᠪᠠ | ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠪᠢᠰᠬᠠᠯ᠂ | ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠤᠬᠡᠨ ᠦᠶ᠎ᠡ ᠳᠤ ᠦᠷᠭᠦᠯᠵᠢᠯᠡᠨ ᠲᠡᠮᠡᠴᠡᠵᠦ᠂ | ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠤᠬᠡ᠂ ᠳᠡᠯᠡᠬᠡᠶ ᠶᠢᠨ ᠨᠡᠶᠢᠭᠡᠮ ᠵᠢᠷᠤᠮ ᠤᠨ ᠬᠥᠭᠵᠢᠯᠲᠡ ᠶᠢᠨ | ᠲᠡᠤᠬᠡ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠲᠡᠤᠬᠡ ᠶᠢ ᠬᠡᠷᠡᠯᠳᠦᠬᠦᠯᠦᠭᠰᠠᠨ ᠭᠠᠶᠢᠬᠠᠮᠰᠢᠭ ᠢ | ᠡᠭᠦᠳᠦᠨ᠂ ᠤᠢᠢᠷ᠎ᠠ ᠦᠶ᠎ᠡ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠲᠡᠦᠬᠡᠨ ᠠᠬᠢᠴᠠ ᠶᠢ ᠲᠦᠢᠯᠪᠤᠷᠢᠲᠠᠶ | ᠬᠤᠪᠢᠷᠠᠭᠤᠯᠵᠤ᠂ ᠳᠡᠯᠡᠬᠡᠶ ᠶᠢᠨ ᠨᠡᠶᠢᠭᠡᠮ ᠵᠢᠷᠤᠮ ᠤᠨ ᠲᠡᠤᠬᠡ ᠶᠢᠨ ᠬᠥᠭᠵᠢᠯᠲᠡ ᠶᠢᠨ ᠢᠷᠠᠭᠤ ᠭᠠᠶᠢᠬᠠᠮᠰᠢᠭᠲᠤ | ᠬᠠᠭᠤᠳᠠᠰᠤ ᠶᠢ ᠠᠮᠢᠳᠤᠯᠢᠭ ᠪᠢᠴᠢᠭᠯᠡᠨ᠂ ᠮᠠᠷᠺᠰ ᠤᠨ ᠦᠵᠡᠯ ᠤᠨ ᠰᠢᠨ᠎ᠡ ᠠᠬᠤᠶ ᠪᠠᠶᠢᠳᠠᠯ ᠢ ᠠᠮᠵᠢᠯᠳᠠ ᠲᠠᠢ | ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠯᠠᠷᠠᠰᠢ | ᠦᠭᠡᠢ ᠭᠠᠪᠢᠶ᠎ᠠ ᠵᠢᠳᠬᠦᠯ ᠪᠠᠶᠢᠭᠤᠯᠵᠦ᠂ ᠬᠥᠮᠦᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠴᠢᠬᠤᠯᠠ ᠶᠡᠭᠡ | ᠬᠤᠪᠢ ᠨᠡᠮᠡᠷᠢ ᠦᠵᠡᠭᠦᠯᠪᠡ᠃ ᠡᠨᠡ ᠬᠦ ᠠᠭᠤᠤ ᠶᠡᠭᠡ ᠠᠶᠠᠨ ᠵᠠᠮ ᠳᠤ᠂ ᠨᠠᠮ ᠪᠠ ᠠᠷᠠᠳ ᠲᠦᠮᠡᠨ ᠲᠦᠢᠯ ᠤᠨ | ᠡᠯᠪᠡᠭ ᠪᠠᠶᠠᠯᠢᠭ ᠡᠷᠬᠢᠮ ᠨᠠᠨᠳᠢᠨ ᠲᠡᠤᠬᠡᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠡᠳᠡᠭᠡᠷ ᠨᠢ ᠪᠦᠷ | ᠰᠢᠰᠲ᠋ᠧᠮ ᠲᠠᠢ ᠳ᠋ᠦᠩᠨᠡᠬᠦᠰᠢᠳᠠᠢ ᠵᠦᠢᠯ ᠮᠦᠨ ᠬᠡᠵᠦ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠠ | ᠲᠠᠯ᠎ᠠ ᠶᠢᠨ ᠬᠢᠨ ᠰᠠᠨᠠᠯ ᠨᠢᠬᠡᠳᠠᠢ ᠦᠵᠠᠵᠦ ᠪᠠᠶᠢᠨ᠎ᠠ᠃ ᠡᠨᠡ ᠤᠳᠠᠭᠠᠨ ᠤ ᠪᠥᠬᠦᠳᠡ ᠬᠤᠷᠠᠯ ᠠᠴᠠ ᠨᠠᠮ ᠤᠨ ᠵᠠᠭᠤᠨ | ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ ᠪᠦᠬᠦ ᠲᠠᠯ᠎ᠠ ᠪᠠᠷ | ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ᠎ᠡ ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠣᠯᠤᠭᠰᠠᠨ | ᠲᠡᠤᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠤᠬᠡᠲᠦ ᠴᠢᠨᠠᠷᠲᠠᠶ ᠬᠤᠪᠢᠰᠤᠯᠲᠠ ᠵᠢᠴᠢ ᠰᠢᠨ᠎ᠡ | ᠰᠤᠷᠭᠤᠭ ᠲᠤᠷᠰᠢᠯᠭ᠎ᠠ ᠶᠢ ᠭᠤᠤᠯᠳᠠᠯᠭ᠎ᠠ ᠲᠠᠢ ᠳ᠋ᠦᠩᠨᠡᠬᠦ ᠶᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ | ᠲᠠᠯ᠎ᠠ ᠶᠢᠨ ᠬᠢᠨ ᠰᠠᠨᠠᠭᠤᠯᠵᠠᠢ᠃ | ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠪᠢᠴᠢᠭ ᠮᠠᠲ᠋ᠧᠷᠢᠶᠠᠯ ᠲᠤᠭᠤᠷᠪᠢᠬᠤ | ᠳᠤᠭᠤᠶᠢᠯᠠᠩ ᠨᠠᠮ ᠤᠨ ᠴᠢᠬᠤᠯᠠ ᠲᠡᠦᠬᠡᠨ ᠲᠤᠯᠭᠤᠷ ᠪᠢᠴᠢᠭ ᠢ ᠨᠠᠷᠢᠨ ᠬᠢᠨᠠᠮᠠᠭᠠᠶ ᠰᠤᠷᠤᠯᠴᠠᠨ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠭᠦᠢᠴᠡᠳ ᠰᠢᠩᠬᠡᠬᠡᠨ ᠠᠪᠴᠤ᠂ | ᠴᠢᠬᠤᠯᠠ ᠶᠡᠭᠡ ᠠᠰᠠᠭᠤᠳᠠᠯ ᠢ ᠭᠦᠨᠵᠡᠭᠡᠶ ᠰᠤᠳᠤᠯᠤᠨ᠂ ᠰᠢᠢᠳᠪᠦᠷᠢ ᠶᠢᠨ ᠨᠤᠤᠷᠠᠭ ᠢ ᠲᠤᠭᠤᠷᠪᠢᠨ ᠪᠢᠴᠢᠬᠦ ᠠᠵᠢᠯ ᠢ | ᠨᠠᠷᠢᠨ ᠬᠢᠨᠠᠮᠠᠭᠠᠶ ᠥᠷᠨᠢᠭᠦᠯᠪᠠ᠃ | 9 ᠰᠠᠷ᠎ᠠ ᠶᠢᠨ 6 ᠤ ᠡᠳᠦᠷ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ | ᠲᠣᠭᠲᠠᠭᠠᠯ ᠢ ᠦᠨᠳᠦᠰᠦᠯᠡᠨ᠂ ᠰᠢᠢᠳᠪᠦᠷᠢ ᠶᠢᠨ ᠰᠠᠨᠠᠯ ᠬᠤᠷᠢᠶᠠᠬᠤ ᠨᠤᠤᠷᠠᠭ ᠢ ᠨᠠᠮ ᠤᠨ ᠲᠣᠳᠣᠭᠠᠳᠦ ᠶᠢᠨ ᠵᠣᠭᠢᠬᠤ | ᠭᠡᠪᠴᠢᠶᠡᠨ ᠳᠤ ᠲᠣᠷᠤᠭᠰᠢ ᠲᠠᠷᠬᠠᠭᠠᠨ ᠰᠠᠨᠠᠯ ᠬᠤᠷᠢᠶᠠᠵᠦ᠂ ᠨᠠᠮ ᠤᠨ ᠲᠤᠲᠤᠭᠠᠳᠤ ᠶᠢᠨ ᠬᠡᠰᠡᠭ ᠠᠬᠠᠮᠠᠳ | ᠨᠦᠬᠦᠳ ᠠᠴᠠ ᠴᠤ ᠰᠠᠨᠠᠯ ᠬᠤᠷᠢᠶᠠᠪᠠ᠂ ᠪᠠᠰᠠ ᠡᠯ᠎ᠠ ᠠᠷᠠᠳᠴᠢᠯᠠᠭᠰᠠᠨ ᠨᠠᠮ ᠪᠦᠯᠦᠭ ᠤᠨ ᠲᠦᠪ ᠬᠤᠷᠢᠶ᠎ᠠ᠂ ᠪᠦᠭᠦ | ᠣᠯᠣᠰ ᠤᠨ ᠦᠢᠯᠡᠳᠪᠦᠷᠢ ᠬᠤᠳᠠᠯᠳᠣᠭᠠᠴᠢᠳ ᠤᠨ ᠬᠤᠯᠪᠣᠭᠠᠳᠦ ᠬᠤᠷᠠᠯ ᠤᠨ ᠬᠠᠷᠢᠭᠤᠴᠠᠯᠭᠠᠳᠠᠨ ᠭᠢᠭᠡᠳ ᠨᠠᠮ | ᠪᠦᠯᠦᠭ ᠤᠨ ᠪᠣᠰᠣ ᠭᠦᠮᠦᠰ ᠤᠨ ᠲᠦᠯᠦᠭᠡᠯᠡᠭᠴᠢ ᠶᠢᠨ ᠰᠠᠨᠠᠯ ᠢ ᠲᠣᠰᠬᠠᠶᠢᠯᠠᠨ ᠰᠣᠨᠣᠰᠪᠠ᠃ ᠬᠠᠷᠢᠭᠤ ᠲᠤᠰᠬᠠᠭᠰᠠᠨ | ᠰᠠᠨᠠᠯ ᠤᠨ ᠪᠠᠶᠢᠳᠠᠯ ᠠᠴᠠ ᠦᠵᠡᠪᠡᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ | ᠰᠢᠢᠳᠪᠦᠷᠢ ᠶᠢᠨ ᠰᠠᠨᠠᠯ ᠬᠤᠷᠢᠶᠠᠬᠤ ᠨᠤᠤᠷᠠᠭ ᠢ ᠭᠦᠢᠴᠡᠳ ᠨᠤᠲᠠᠯᠠᠵᠤ᠂ ᠰᠢᠢᠳᠪᠦᠷᠢ ᠶᠢᠨ ᠨᠤᠤᠷᠠᠭ ᠤᠨ ᠪᠣᠷᠣ | ᠲᠥᠯᠥᠪ ᠤᠨ ᠪᠦᠲᠦᠴᠡ ᠪᠣᠯᠤᠨ ᠭᠤᠣᠯ ᠠᠭᠤᠯᠭ᠎ᠠ ᠶᠢ ᠰᠠᠨᠠᠯ ᠨᠢᠭᠡᠲᠡᠢ ᠵᠥᠪᠰᠢᠶᠡᠷᠡᠵᠦ ᠪᠠᠶᠢᠨ᠎ᠠ᠃ | ᠰᠢᠢᠳᠪᠦᠷᠢ ᠶᠢᠨ ᠨᠤᠤᠷᠠᠭ ᠤᠨ ᠬᠠᠮᠤᠭ ᠤᠨ ᠢᠯᠡ ᠲᠣᠳᠣ ᠣᠨᠴᠠᠯᠢᠭ ᠪᠣᠯ ᠦᠨᠡᠨ ᠠᠴᠠ ᠵᠥᠪ ᠢ ᠡᠷᠢᠵᠦ᠂ | ᠲᠡᠦᠬᠡ ᠶᠢ ᠬᠦᠨᠳᠦᠳᠭᠡᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠯᠭᠤᠷ ᠵᠤᠷᠢᠯᠲᠠ ᠡᠭᠦᠷᠭᠡ | ᠬᠠᠷᠢᠭᠤᠴᠠᠯᠭ᠎ᠠ ᠶᠢ ᠲᠤᠰᠬᠠᠵᠤ᠂ ᠲᠡᠦᠬᠡ ᠶᠢᠨ ᠪᠣᠳᠠᠲᠤ ᠶᠠᠪᠤᠳᠠᠯ ᠲᠠᠢ ᠨᠡᠶᠢᠴᠡᠵᠦ ᠪᠠᠶᠢᠭ᠎ᠠ ᠶᠠᠪᠤᠳᠠᠯ ᠮᠥᠨ︔ | ᠰᠢᠢᠳᠪᠦᠷᠢ ᠶᠢᠨ ᠨᠣᠣᠷᠠᠭ ᠲᠠᠬᠢ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠤᠨ | ᠲᠤᠬᠠᠶ ᠥᠭᠦᠯᠡᠯᠲᠡ ᠪᠠ ᠦᠨᠡᠯᠡᠯᠲᠡ ᠨᠢ ᠨᠠᠮ ᠤᠨ ᠲᠡᠦᠬᠡᠨ ᠲᠤᠯᠭᠤᠷ ᠪᠢᠴᠢᠭ ᠲᠠᠬᠢ ᠨᠢᠭᠡᠨᠲᠡ ᠪᠠᠶᠢᠭ᠎ᠠ ᠥᠭᠦᠯᠡᠯᠲᠡ | ᠪᠠ ᠳ᠋ᠦᠩ ᠲᠠᠢ ᠵᠣᠯᠭᠠᠯᠳᠤᠵᠤ᠂ ᠨᠠᠮ ᠤᠨ ᠲᠡᠦᠬᠡ ᠶᠢᠨ ᠲᠤᠬᠠᠶ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢᠬᠢ ᠨᠠᠮ ᠤᠨ ᠲᠥᠪ ᠬᠤᠷᠢᠶᠠᠨ ᠤ ᠰᠢᠨ᠎ᠡ ᠲᠠᠨᠢᠯᠲᠠ ᠶᠢ ᠬᠠᠷᠠᠭᠤᠯᠤᠭᠰᠠᠨ ᠪᠠᠶᠢᠨ᠎ᠠ᠃ | ᠰᠢᠢᠳᠪᠦᠷᠢ ᠶᠢᠨ ᠨᠤᠤᠷᠠᠬ ᠲᠤ ᠳ᠋ᠦᠡᠭᠨᠡᠨ ᠬᠤᠷᠢᠶᠠᠩᠭᠤᠶᠢᠯᠠᠭᠰᠠᠨ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ︾ ᠨᠢ ᠨᠠᠮ ᠤᠨ ᠳᠤᠮᠳᠠᠳᠤ ᠤᠯᠤᠰ ᠪᠠ | ᠬᠥᠮᠦᠨ ᠲᠥᠷᠥᠯᠬᠢᠲᠡᠨ ᠳᠤ ᠦᠵᠡᠭᠦᠯᠦᠭᠰᠡᠨ ᠲᠡᠦᠬᠡᠲᠦ ᠴᠢᠨᠠᠷᠲᠠᠶ ᠬᠤᠪᠢ ᠨᠡᠮᠡᠷᠢ ᠶᠢ ᠪᠦᠬᠦ ᠲᠠᠯ᠎ᠠ ᠪᠠᠷ᠂ ᠭᠦᠨ | ᠭᠦᠨᠵᠡᠭᠡᠶ᠂ ᠰᠢᠰᠲ᠋ᠧᠮ ᠲᠠᠢ ᠲᠤᠰᠬᠠᠪᠠ︔ ᠳ᠋ᠦᠩᠨᠡᠨ ᠬᠤᠷᠢᠶᠠᠩᠭᠤᠶᠢᠯᠠᠭᠰᠠᠨ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ︾ ᠨᠢ ᠲᠡᠦᠬᠡ᠂ ᠤᠳᠤ᠂ ᠢᠷᠡᠭᠡᠳᠦᠶ ᠶᠢ | ᠨᠡᠪᠲᠡᠷᠡᠭᠦᠯᠵᠦ᠂ ᠴᠢᠬᠤᠯᠠ ᠶᠡᠭᠡ ᠲᠡᠦᠬᠡᠲᠦ ᠠᠴᠢ ᠬᠤᠯᠪᠣᠭᠳᠠᠯ ᠪᠠ ᠪᠣᠳᠠᠲᠤ ᠵᠢᠯᠣᠭᠤᠳᠬᠤ ᠠᠴᠢ | ᠬᠤᠯᠪᠣᠭᠳᠠᠯ ᠲᠠᠢ ᠶᠤᠮ ᠭᠡᠵᠦ ᠰᠠᠨᠠᠯ ᠨᠢᠭᠡᠲᠡᠢ ᠦᠵᠡᠪᠡ᠃ | ᠰᠢᠢᠳᠪᠦᠷᠢ ᠶᠢᠨ ᠨᠤᠤᠷᠠᠭ ᠪᠤᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ | ᠲᠤᠯᠭᠤᠷ ᠵᠤᠷᠢᠯᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ ᠳᠤᠮᠳᠠᠳᠤ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠳᠠᠯᠠᠨ ᠬᠦᠭᠵᠢᠭᠦᠯᠬᠦ ᠤᠯᠤᠰ ᠲᠦᠷᠦ ᠶᠢᠨ ᠲᠤᠩᠬᠠᠭ ᠮᠥᠨ᠂ ᠲᠡᠦᠬᠡ ᠪᠠᠷ ᠲᠣᠯᠢ ᠪᠣᠯᠭᠠᠬᠤ᠂ | ᠢᠷᠡᠭᠡᠳᠦᠶ ᠪᠠᠨ ᠡᠭᠦᠳᠦᠨ ᠨᠡᠭᠡᠭᠡᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠠᠵᠢᠯᠯᠠᠭᠠᠨ ᠤ ᠵᠦᠭᠯᠡᠭᠦᠷ ᠮᠥᠨ᠂ ᠨᠠᠮ ᠤᠨ ᠡᠮᠦᠨ᠎ᠡ ᠬᠤᠶᠠᠷ ᠲᠡᠦᠬᠡᠨ ᠰᠢᠢᠳᠪᠦᠷᠢ ᠲᠠᠢ ᠤᠯᠠᠮᠵᠢᠯᠠᠯ | ᠨᠢᠭᠡᠲᠡᠢ ᠮᠥᠷᠲᠡᠭᠡᠨ ᠪᠠᠰᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠪᠤᠯᠬᠤᠷ ᠪᠦᠬᠦ ᠨᠠᠮ ᠢ ᠤᠷᠮᠠᠰᠢᠭᠤᠯᠤᠨ | ᠵᠤᠷᠢᠭᠵᠢᠭᠤᠯᠵᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠶᠡᠭᠡ ᠦᠩᠭᠡ ᠭᠡᠷᠡᠯ ᠢ ᠲᠡᠮᠡᠴᠡᠨ | ᠤᠯᠤᠭᠤᠯᠬᠤ ᠨᠢ ᠯᠠᠪᠲᠠᠢ ᠶᠤᠮ ᠭᠡᠵᠦ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠡᠯ᠎ᠡ ᠲᠠᠯ᠎ᠠ ᠶᠢᠨ ᠬᠢᠨ ᠨᠡᠶᠢᠳᠡᠮ | ᠦᠵᠡᠪᠡ᠃ | ᠰᠠᠨᠠᠯ ᠬᠤᠷᠢᠶᠠᠬᠤ ᠶᠠᠪᠤᠴᠠ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ | ᠮᠠᠰᠢ ᠤᠯᠠᠨ ᠰᠠᠶᠢᠨ ᠰᠠᠨᠠᠯ ᠪᠠ ᠰᠠᠨᠠᠭᠤᠯᠭ᠎ᠠ ᠳᠤᠷᠠᠳᠪᠠ᠃ ᠪᠢᠴᠢᠭ ᠮᠠᠲ᠋ᠧᠷᠢᠶᠠᠯ ᠲᠤᠭᠤᠷᠪᠢᠬᠤ ᠳᠤᠭᠤᠶᠢᠯᠠᠩ | ᠡᠳᠡᠭᠡᠷ ᠰᠠᠨᠠᠯ ᠪᠠ ᠰᠠᠨᠠᠭᠤᠯᠭ᠎ᠠ ᠶᠢ ᠵᠤᠷᠪᠤᠰ ᠳᠠᠷᠠᠭᠠᠯᠠᠨ ᠵᠠᠳᠠᠯᠵᠦ᠂ ᠰᠢᠩᠭᠡᠭᠡᠨ ᠠᠪᠴᠤ ᠪᠣᠯᠬᠤ ᠶᠢ ᠨᠢ ᠠᠯᠢ | ᠴᠢᠳᠠᠬᠤ ᠪᠠᠷ ᠰᠢᠩᠭᠡᠭᠡᠨ ᠠᠪᠤᠪᠠ᠃ ᠳᠠᠬᠢᠨ ᠳᠠᠪᠲᠠᠨ ᠰᠤᠳᠤᠯᠵᠤ ᠲᠤᠩᠭᠠᠨ ᠪᠣᠳᠣᠯᠬᠢᠯᠠᠬᠤ ᠪᠠᠷ ᠳᠠᠮᠵᠢᠨ᠂ | ᠰᠢᠢᠳᠪᠦᠷᠢ ᠶᠢᠨ ᠨᠤᠤᠷᠠᠭ ᠲᠤ 547 ᠭᠠᠵᠠᠷ ᠵᠠᠰᠠᠪᠤᠷᠢ ᠣᠷᠣᠭᠤᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠡᠯ᠎ᠡ ᠲᠠᠯ᠎ᠠ ᠶᠢᠨ ᠬᠢᠨ ᠤ ᠰᠠᠨᠠᠯ ᠪᠠ ᠰᠠᠨᠠᠭᠤᠯᠭ᠎ᠠ ᠶᠢ ᠭᠦᠢᠴᠡᠳ ᠲᠤᠰᠬᠠᠪᠠ᠃ | ᠰᠢᠢᠳᠪᠦᠷᠢ ᠶᠢᠨ ᠨᠣᠣᠷᠠᠭ ᠢ ᠲᠤᠭᠤᠷᠪᠢᠬᠤ ᠶᠠᠪᠤᠴᠠ ᠳᠤ᠂ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠬᠤᠷᠢᠶ᠎ᠠ 3 ᠤᠳᠠᠭ᠎ᠠ ᠬᠤᠷᠠᠯ ᠬᠤᠷᠠᠯᠳᠤᠭᠤᠯᠵᠤ᠂ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶ᠎ᠠ 2 ᠤᠳᠠᠭ᠎ᠠ ᠬᠤᠷᠠᠯ ᠬᠤᠷᠠᠯᠳᠤᠭᠤᠯᠵᠤ ᠬᠢᠨᠠᠨ ᠶᠠᠷᠢᠯᠴᠠᠭᠠᠳ᠂ ᠡᠨᠡ ᠤᠳᠠᠭᠠᠨ ᠤ ᠪᠥᠬᠦᠳᠡ | ᠬᠤᠷᠠᠯ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠰᠢᠢᠳᠪᠦᠷᠢ ᠶᠢᠨ ᠨᠤᠤᠷᠠᠭ ᠢ ᠪᠤᠢ ᠪᠣᠯᠭᠠᠪᠠ᠃ | ᠭᠤᠷᠪᠠ᠂ ᠰᠢᠢᠳᠪᠦᠷᠢ ᠶᠢᠨ ᠨᠤᠤᠷᠠᠭ ᠤᠨ ᠦᠨᠳᠦᠰᠦᠨ ᠪᠣᠷᠣ ᠲᠥᠯᠥᠪ ᠪᠠ ᠭᠤᠤᠯ ᠠᠭᠤᠯᠭ᠎ᠠ | ᠰᠢᠢᠳᠪᠦᠷᠢ ᠶᠢᠨ ᠨᠤᠤᠷᠠᠭ ᠲᠤ ᠣᠷᠣᠰᠢᠯ ᠪᠠ ᠲᠡᠭᠦᠰᠭᠡᠯ ᠤᠨ ᠦᠭᠡ ᠠᠴᠠ ᠭᠠᠳᠠᠨ᠎ᠠ ᠨᠡᠶᠢᠲᠡ 7 ᠬᠡᠰᠡᠭ | ᠪᠤᠢ᠃ | ᠨᠢᠭᠡᠳᠦᠭᠡᠷ ᠬᠡᠰᠡᠭ ︽ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ | ᠣᠯᠤᠭᠰᠠᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠡᠵᠡᠷᠬᠡᠭ ᠲᠦᠷᠢᠮᠡᠬᠡᠶ | ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ | ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ | ᠶᠠᠪᠤᠳᠠᠯ ᠪᠤᠯᠬᠤ ᠶᠢ ᠦᠭᠦᠯᠡᠨ ᠲᠤᠲᠤᠷᠬᠠᠶᠢᠯᠠᠪᠠ᠃ ᠨᠠᠮ ᠤᠨ ᠪᠤᠶ ᠪᠣᠯᠤᠭᠰᠠᠨ ᠲᠡᠦᠬᠡᠨ ᠠᠬᠤᠶ ᠪᠠᠶᠢᠳᠠᠯ ᠳᠤ | ᠵᠠᠳᠠᠯᠤᠯᠲᠠ ᠬᠢᠵᠦ᠂ ᠨᠠᠮ ᠠᠴᠠ ᠠᠷᠠᠳ ᠲᠦᠮᠡᠨ ᠢ ᠤᠳᠤᠷᠢᠳᠤᠨ ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠪᠠ | ᠶᠡᠭᠡ ᠬᠤᠪᠢᠰᠬᠠᠯ ᠤᠨ ᠦᠶ᠎ᠡ᠂ ᠭᠠᠵᠠᠷ ᠲᠠᠷᠢᠶᠠᠨ ᠤ ᠬᠤᠪᠢᠰᠬᠠᠯᠲᠤ ᠳᠠᠶᠢᠨ ᠤ ᠦᠶ᠎ᠡ᠂ ᠶᠠᠫᠣᠨ ᠢ ᠡᠰᠡᠷᠭᠦᠴᠡᠬᠦ | ᠳᠠᠶᠢᠨ ᠤ ᠦᠶ᠎ᠡ᠂ ᠴᠢᠯᠥᠭᠡᠯᠡᠬᠦ ᠳᠠᠶᠢᠨ ᠤ ᠦᠶ᠎ᠡ ᠳᠤ ᠬᠤᠪᠢᠰᠬᠠᠯᠲᠤ ᠲᠡᠮᠡᠴᠡᠯ ᠬᠢᠭᠰᠡᠨ ᠲᠡᠦᠬᠡᠨ ᠠᠬᠢᠴᠠ ᠪᠠ | ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠪᠦᠲᠦᠮᠵᠢ ᠵᠢᠴᠢ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠤᠢ | ᠪᠤᠯᠭᠠᠭᠰᠠᠨ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠢ ᠬᠡᠷᠡᠭᠵᠢᠭᠦᠯᠦᠭᠰᠡᠨ ᠪᠠ ᠠᠬᠢᠭᠤᠯᠤᠭᠰᠠᠨ | ᠴᠢᠬᠤᠯᠠ ᠶᠡᠭᠡ ᠠᠮᠵᠢᠯᠲᠠ ᠪᠦᠲᠦᠮᠵᠢ ᠶᠢ ᠳ᠋ᠦᠩᠨᠡᠪᠡ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ | ᠪᠠᠶᠢᠭᠤᠯᠵᠦ᠂ ᠦᠨᠳᠤᠰᠤᠳᠡᠨ ᠤ ᠲᠤᠰᠠᠭᠠᠷ ᠲᠤᠬᠳᠠᠨᠢᠯ᠂ ᠠᠷᠠᠳ ᠲᠦᠮᠡᠨ ᠤ ᠴᠢᠯᠤᠭᠡᠯᠡᠯᠳᠡ ᠶᠢ ᠪᠡᠶᠡᠯᠡᠬᠦᠯᠵᠤ᠂ | ᠳᠤᠮᠳᠠᠳᠤ ᠤᠯᠤᠰ ᠤᠨ ᠬᠡᠳᠦᠨ ᠮᠢᠩᠭᠠᠨ ᠵᠢᠯ ᠤᠨ ᠹᠸᠣᠳᠠᠯ ᠤᠨ ᠡᠵᠡᠷᠬᠡᠭ ᠶᠤᠰᠤᠨ ᠤ ᠤᠯᠤᠰ ᠲᠥᠷᠥ ᠠᠴᠠ | ᠠᠷᠠᠳ ᠤᠨ ᠠᠷᠠᠳᠴᠢᠯᠠᠯ ᠳᠤ ᠰᠢᠯᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ︔ ᠳᠤᠮᠳᠠᠳᠤ | ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ | ᠬᠠᠲᠠᠭᠤᠵᠢᠯᠲᠠᠢ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠪᠣᠰᠴᠤ | ᠵᠣᠭᠰᠣᠪᠠ᠂ ᠳᠤᠮᠳᠠᠳᠤ ᠶᠢᠨ ᠦᠨᠳᠦᠰᠦᠲᠡᠨ ᠤ ᠬᠥᠮᠦᠨ ᠪᠤᠯᠭᠠᠨ ᠳᠤ ᠳᠠᠷᠤᠯᠠᠭᠳᠠᠵᠤ᠂ ᠳᠠᠷᠤᠯᠠᠯ ᠳᠤᠷᠤᠮᠵᠢᠯᠠᠯ ᠢ | ᠬᠠᠰᠢᠷᠠᠲᠠᠯ᠎ᠠ ᠠᠮᠰᠠᠵᠦ ᠪᠠᠶᠢᠭᠰᠠᠨ ᠴᠠᠭ ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ ᠤᠯᠤᠰ ᠤᠨ | ᠬᠥᠭᠵᠢᠯᠲᠡ ᠡᠭᠦᠨ ᠠᠴᠠ ᠡᠬᠢᠯᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ | ᠲᠤᠩᠬᠠᠭᠯᠠᠭᠰᠠᠨ ᠢ ᠴᠢᠬᠤᠯᠠᠴᠢᠯᠠᠪᠠ᠃ | ᠬᠤᠶᠠᠳᠤᠭᠠᠷ ᠬᠡᠰᠡᠭ ︽ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠦᠭᠰᠡᠨ ᠪᠠ ᠨᠡᠶᠢᠭᠡᠮ ᠵᠢᠷᠤᠮᠲᠤ | ᠪᠥᠲᠥᠭᠡᠨ ᠪᠠᠶᠢᠭᠤᠯᠤᠯᠲᠠ ᠶᠢ ᠠᠬᠢᠭᠤᠯᠤᠭᠰᠠᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ | ᠪᠣᠯ᠂ ᠰᠢᠨ᠎ᠡ ᠠᠷᠠᠳᠴᠢᠯᠠᠭᠰᠠᠨ ᠶᠣᠰᠣᠨ ᠠᠴᠠ ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ | ᠪᠡᠶᠡᠯᠡᠭᠦᠯᠵᠦ᠂ ᠨᠡᠶᠢᠭᠡᠮ ᠵᠢᠷᠤᠮᠲᠤ ᠬᠤᠪᠢᠰᠬᠠᠯ ᠬᠢᠵᠦ᠂ ᠨᠡᠶᠢᠭᠡᠮ ᠵᠢᠷᠤᠮᠲᠦ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ | ᠦᠨᠳᠦᠰᠦᠨ ᠤᠯᠤᠰ ᠲᠦᠷᠦ ᠶᠢᠨ ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠭᠦ ᠶᠠᠪᠤᠳᠠᠯ ᠪᠤᠯᠬᠤ ᠶᠢ | ᠦᠭᠦᠯᠡᠨ ᠲᠤᠲᠤᠷᠬᠠᠶᠢᠯᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠨᠠᠮ ᠠᠴᠠ ᠠᠷᠠᠳ | ᠲᠦᠮᠡᠨ ᠢ ᠤᠳᠤᠷᠢᠳᠤᠨ ᠠᠯᠢ ᠣᠯᠠᠨ ᠬᠦᠨᠳᠦ ᠬᠡᠴᠡᠭᠦᠦ ᠰᠢᠯᠭᠠᠯᠳᠠ ᠶᠢ ᠢᠯᠠᠨ ᠳᠠᠪᠠᠵᠤ᠂ ᠰᠢᠨ᠎ᠡ ᠪᠠᠷ | ᠮᠠᠨᠳᠦᠯᠡᠭᠰᠡᠨ ᠲᠦᠷᠦ ᠶᠢᠨ ᠡᠷᠬᠡ ᠶᠢ ᠪᠠᠬᠢᠵᠢᠭᠦᠯᠦᠨ᠂ ᠠᠮᠵᠢᠯᠲᠠ ᠲᠠᠢ ᠪᠠᠷ ᠨᠡᠶᠢᠭᠡᠮ ᠵᠢᠷᠤᠮᠲᠤ ᠥᠭᠡᠷᠡᠴᠢᠯᠡᠯᠲᠡ ᠶᠢ | ᠪᠡᠶᠡᠯᠡᠭᠦᠯᠵᠦ᠂ ᠨᠡᠶᠢᠭᠡᠮ ᠵᠢᠷᠤᠮᠲᠤ ᠪᠠᠶᠢᠭᠤᠯᠤᠯ ᠢ ᠪᠠᠶᠢᠭᠤᠯᠦᠨ᠂ ᠪᠦᠬᠦ ᠲᠠᠯ᠎ᠠ ᠶᠢᠨ ᠶᠡᠭᠡ ᠬᠡᠪᠴᠢᠶᠡᠨ ᠤ ᠨᠡᠶᠢᠭᠡᠮ | ᠵᠢᠷᠤᠮᠲᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠡ ᠪᠠᠶᠢᠳᠠᠯ ᠢ | ᠨᠡᠭᠡᠭᠡᠭᠰᠡᠨ ᠲᠡᠦᠬᠡᠨ ᠠᠬᠢᠴᠠ ᠪᠠ ᠡᠭᠦᠳᠦᠨ ᠪᠦᠲᠦᠭᠡᠭᠰᠡᠨ ᠠᠭᠤᠦ ᠶᠡᠭᠡ ᠠᠮᠵᠢᠯᠲᠠ ᠪᠦᠲᠦᠮᠵᠢ ᠶᠢ ᠳ᠋ᠦᠩᠨᠡᠪᠡ᠃ | ᠨᠠᠮ ᠤᠨ ᠲᠥᠷᠥ ᠪᠠᠷᠢᠭᠴᠢ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠭᠠᠷᠭᠠᠭᠰᠠᠨ ᠴᠢᠷᠮᠠᠶᠢᠯᠭ᠎ᠠ ᠪᠠ | ᠬᠤᠷᠠᠮᠳᠤᠭᠤᠯᠤᠭᠰᠠᠨ ᠠᠩᠬ᠎ᠠ ᠠᠯᠬᠤᠮ ᠤᠨ ᠲᠤᠷᠰᠢᠯᠭ᠎ᠠ ᠶᠢ ᠳ᠋ᠦᠩᠨᠡᠵᠦ᠂ ᠡᠨᠡ ᠬᠦ ᠦᠶ᠎ᠡ ᠳᠤ ᠨᠠᠮ ᠤᠨ ᠣᠯᠤᠭᠰᠠᠨ | ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠢ ᠲᠣᠳᠣᠷᠬᠠᠶᠢᠯᠠᠨ ᠥᠭᠦᠯᠡᠭᠰᠡᠨ ᠰᠠᠭᠤᠷᠢᠨ | ᠳᠡᠭᠡᠷ᠎ᠡ᠂ ᠮᠠᠤ ᠽᠧ ᠳ᠋ᠦᠩ ᠤᠨ ᠦᠵᠡᠯ ᠰᠠᠨᠠᠭ᠎ᠠ ᠳᠤ ᠰᠢᠨᠵᠢᠯᠡᠬᠦ ᠤᠬᠠᠭᠠᠨᠴᠢ ᠦᠨᠡᠯᠡᠯᠲᠡ ᠬᠢᠪᠡ᠃ ᠡᠨᠡ ᠬᠦ | ᠦᠶ᠎ᠡ ᠳᠤ ᠨᠠᠮ ᠠᠴᠠ ᠠᠷᠠᠳ ᠲᠦᠮᠡᠨ ᠢ ᠤᠳᠤᠷᠢᠳᠤᠨ ᠠᠭᠤᠤ ᠶᠡᠭᠡ ᠠᠮᠵᠢᠯᠲᠠ ᠪᠦᠲᠦᠮᠵᠢ ᠶᠢ ᠡᠬᠦᠳᠴᠤ᠂ | ᠶᠠᠳᠠᠭᠤ ᠬᠤᠭᠤᠰᠤᠨ᠂ ᠬᠥᠮᠦᠨ ᠠᠮᠠ ᠣᠯᠠᠨᠲᠠᠢ ᠳᠣᠷᠣᠨᠠᠳᠠᠬᠢᠨ ᠤ ᠲᠤᠮᠤ ᠤᠯᠤᠰ ᠢ ᠲᠤᠮᠤ ᠠᠯᠬᠤᠮ ᠢᠶᠠᠷ ᠨᠡᠶᠢᠭᠡᠮ | ᠵᠢᠷᠤᠮᠲᠤ ᠨᠡᠶᠢᠭᠡᠮ ᠳᠤ ᠣᠷᠣᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ︔ ᠳᠤᠮᠳᠠᠳᠤ | ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ | ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ | ᠡᠪᠳᠡᠬᠦ ᠳᠤ ᠴᠢᠳᠠᠮᠠᠭᠠᠶ ᠪᠠᠷ ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ᠂ | ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ | ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ | ᠲᠤᠩᠬᠠᠭᠯᠠᠭᠰᠠᠨ ᠢ ᠴᠢᠬᠤᠯᠠᠴᠢᠯᠠᠪᠠ᠃ | ᠭᠤᠷᠪᠠᠳᠤᠭᠠᠷ ᠬᠡᠰᠡᠭ ︽ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠬᠢᠭᠰᠡᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠭᠰᠠᠨ ᠭᠤᠣᠯ ᠡᠭᠦᠷᠭᠡ ᠪᠣᠯ᠂ ᠳᠤᠮᠳᠠᠳᠤ | ᠤᠯᠤᠰ ᠤᠨ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ ᠨᠡᠶᠢᠭᠡᠮ ᠤᠨ | ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ ᠠᠩᠭᠢᠵᠢᠷᠠᠭᠤᠯᠤᠨ | ᠠᠯᠢ ᠲᠦᠷᠭᠡᠨ ᠢᠶᠠᠷ ᠪᠠᠶᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠰᠢᠨ᠎ᠡ ᠠᠮᠢᠳᠤᠯᠢᠭ ᠬᠦᠴᠦᠨ ᠢᠶᠠᠷ ᠪᠢᠯᠬᠠᠭᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠢᠶᠠᠷ | ᠬᠥᠭᠵᠢᠭᠰᠡᠨ ᠪᠣᠳᠠᠰ ᠤᠨ ᠨᠥᠬᠦᠴᠡᠯ ᠢ ᠬᠠᠩᠭᠠᠬᠤ ᠶᠠᠪᠤᠳᠠᠯ ᠪᠤᠯᠬᠤ ᠶᠢ ᠦᠭᠦᠯᠡᠨ ᠲᠤᠲᠤᠷᠬᠠᠶᠢᠯᠠᠪᠠ᠃ ᠨᠠᠮ ᠤᠨ | ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠲᠡᠦᠬᠡᠲᠦ ᠠᠴᠢ | ᠬᠤᠯᠪᠣᠭᠳᠠᠯ ᠢ ᠴᠢᠬᠤᠯᠠᠴᠢᠯᠠᠵᠤ᠂ ᠳ᠋ᠧᠩ ᠰᠢᠶᠤᠤ ᠫᠢᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ | ᠳᠤᠮᠳᠠᠳᠤ ᠤᠯᠤᠰ ᠤᠨ ᠡᠪ ᠬᠠᠮᠲᠤᠴᠤᠳ᠂ ᠵᠢᠶᠠᠩ ᠽᠧ ᠮᠢᠨ ᠨᠥᠬᠦᠷ ᠢᠶᠠᠷ ᠭᠤᠤᠯ ᠲᠥᠯᠥᠭᠡᠯᠡᠭᠴᠢ ᠪᠠᠨ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ᠂ ᠬᠤ᠋ ᠶᠢᠨ ᠲᠤᠦ ᠨᠥᠬᠦᠷ ᠢᠶᠠᠷ ᠭᠤᠤᠯ ᠲᠥᠯᠥᠭᠡᠯᠡᠭᠴᠢ ᠪᠠᠨ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠭᠠᠷᠭᠠᠭᠰᠠᠨ ᠲᠡᠦᠬᠡᠨ ᠬᠤᠪᠢ ᠨᠡᠮᠡᠷᠢ ᠶᠢ ᠳ᠋ᠦᠩᠨᠡᠵᠦ᠂ | ᠨᠠᠮ ᠠᠴᠠ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠶᠢ ᠤᠳᠤᠷᠢᠳᠤᠭᠰᠠᠨ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠦᠷᠢᠯᠳᠦᠭᠦᠯᠦᠭᠰᠡᠨ᠂ | ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ | ᠠᠬᠢᠭᠤᠯᠤᠭᠰᠠᠨ᠂ ᠮᠠᠨ ᠤ ᠤᠯᠤᠰ ᠤᠨ ᠥᠭᠡᠷᠡᠴᠢᠯᠡᠯᠲᠡ ᠬᠢᠬᠦ ᠬᠥᠭᠵᠢᠬᠦᠯᠬᠦ ᠲᠣᠭᠲᠠᠭᠤᠨ ᠪᠠᠶᠢᠯᠭᠠᠬᠤ ᠶᠢᠨ ᠪᠦᠬᠦ | ᠲᠠᠯ᠎ᠠ ᠳᠤ ᠬᠤᠯᠪᠣᠭᠳᠠᠬᠤ ᠠᠯᠢ ᠤᠯᠠᠨ ᠠᠶᠤᠯ ᠲᠦᠭᠰᠢᠭᠦᠷᠢ ᠶᠢᠨ ᠰᠢᠯᠭᠠᠯᠲᠠ ᠶᠢ ᠯᠠᠪᠳᠠᠭᠤᠨ ᠲᠣᠭᠲᠠᠭᠤᠨ ᠢᠶᠠᠷ | ᠠᠷᠭᠠᠴᠠᠭᠰᠠᠨ᠂ ᠡᠬᠡ ᠣᠷᠣᠨ ᠢᠶᠠᠨ ᠨᠢᠭᠡᠳᠭᠡᠬᠦ ᠶᠡᠭᠡ ᠦᠢᠯᠡᠰ ᠢ ᠠᠬᠢᠭᠤᠯᠤᠭᠰᠠᠨ᠂ ᠳᠡᠯᠡᠬᠡᠶ ᠶᠢᠨ ᠡᠩᠬᠡ | ᠲᠠᠶᠢᠪᠤᠩ ᠢ ᠬᠠᠮᠠᠭᠠᠯᠠᠭᠰᠠᠨ ᠪᠠ ᠬᠠᠮᠲᠤ ᠪᠠᠷ ᠬᠦᠭᠵᠢᠬᠦ ᠶᠢ ᠠᠬᠢᠭᠤᠯᠤᠭᠰᠠᠨ᠂ ᠨᠠᠮ ᠤᠨ ᠪᠠᠶᠢᠭᠤᠯᠤᠯᠲᠠ ᠶᠢᠨ ᠰᠢᠨ᠎ᠡ | ᠠᠭᠤᠤ ᠶᠡᠭᠡ ᠢᠨᠵᠧᠨᠧᠷᠢᠩ ᠢ ᠡᠭᠦᠳᠦᠨ ᠨᠡᠭᠡᠭᠡᠭᠰᠡᠨ ᠪᠠ ᠠᠬᠢᠭᠤᠯᠤᠭᠰᠠᠨ ᠵᠡᠷᠭᠡ ᠲᠠᠯ᠎ᠠ ᠠᠴᠠ ᠰᠢᠨ᠎ᠡ ᠴᠠᠭ | ᠦᠶ᠎ᠡ ᠶᠢᠨ ᠰᠦᠷ ᠳᠠᠯᠠᠶᠢᠴᠠᠲᠠᠶ ᠲᠡᠦᠬᠡᠨ ᠬᠠᠭᠤᠳᠠᠰᠤ ᠪᠠ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ | ᠶᠡᠭᠡ ᠠᠮᠵᠢᠯᠲᠠ ᠪᠦᠲᠦᠮᠵᠢ ᠶᠢ ᠢᠯᠡᠷᠡᠭᠦᠯᠪᠡ᠃ ᠡᠨᠡ ᠬᠦ ᠦᠶ᠎ᠡ ᠶᠢᠨ ᠨᠠᠮ ᠠᠴᠠ ᠠᠷᠠᠳ ᠲᠦᠮᠡᠨ ᠢ ᠤᠳᠤᠷᠢᠳᠤᠨ | ᠡᠭᠦᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠨᠢ ᠳᠤᠮᠳᠠᠳᠤ ᠶᠢᠨ ᠦᠨᠳᠦᠰᠦᠲᠡᠨ ᠤ ᠪᠣᠰᠴᠤ | ᠵᠣᠭᠰᠣᠭᠰᠠᠨ ᠠᠴᠠ ᠪᠠᠨ ᠪᠠᠶᠠᠵᠢᠭᠰᠠᠨ ᠠᠭᠤᠤ ᠶᠡᠭᠡ ᠦᠰᠦᠷᠦᠯᠲᠡ ᠶᠢ ᠠᠬᠢᠭᠤᠯᠤᠭᠰᠠᠨ︔ ᠳᠤᠮᠳᠠᠳᠤ ᠤᠯᠤᠰ ᠤᠨ | ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ | ᠲᠡᠮᠡᠴᠡᠯ ᠢᠶᠠᠷ ᠢᠶᠠᠨ᠂ ᠥᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠲᠦ ᠣᠯᠣᠰ ᠤᠨ ᠢᠷᠡᠭᠡᠳᠦᠶ | ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠨᠢᠬᠡᠨ ᠠᠷᠭ᠎ᠠ ᠮᠦᠨ᠂ ᠳᠤᠮᠳᠠᠲᠦ ᠣᠯᠣᠰ ᠤᠨ ᠤᠨᠴᠠᠯᠢᠭ | ᠪᠦᠬᠦᠢ ᠨᠡᠶᠢᠭᠡᠮ ᠵᠢᠷᠦᠮ ᠤᠨ ᠵᠠᠮ ᠪᠤᠯ ᠳᠤᠮᠳᠠᠲᠦ ᠣᠯᠣᠰ ᠤᠨ ᠬᠦᠭᠵᠢᠯ ᠴᠡᠴᠡᠭᠯᠡᠯ ᠢ ᠵᠢᠭᠠᠨ ᠵᠢᠯᠦᠭᠤᠳᠬᠤ ᠵᠥᠪ | ᠵᠠᠮ ᠮᠦᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠢ | ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠬᠰᠠᠨ ᠢ ᠴᠢᠬᠤᠯᠠᠴᠢᠯᠠᠪᠠ᠃ | ᠳᠥᠷᠪᠡᠳᠦᠭᠡᠷ ᠬᠡᠰᠡᠭ ︽ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ | ᠦᠶ᠎ᠡ ᠶᠢ ᠡᠭᠦᠳᠦᠨ ᠨᠡᠭᠡᠭᠡᠭᠰᠡᠨ︾᠃ ᠡᠨᠡ ᠬᠦ ᠦᠶ᠎ᠡ ᠶᠢᠨ ᠨᠠᠮ ᠳᠤ ᠲᠤᠯᠭᠠᠷᠠᠵᠤ ᠪᠠᠶᠢᠭ᠎ᠠ ᠭᠤᠣᠯ ᠡᠭᠦᠷᠭᠡ ᠪᠣᠯ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢᠨ ᠰᠢᠨ᠎ᠡ ᠠᠶᠠᠯᠠᠯ ᠢ ᠡᠬᠢᠯᠡᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠬᠠᠷᠠᠯᠲᠠ ᠵᠦᠭ | ᠦᠷᠭᠦᠯᠵᠢᠯᠡᠨ ᠤᠷᠤᠭᠰᠢᠯᠠᠬᠤ ᠶᠠᠪᠤᠳᠠᠯ ᠪᠤᠯᠬᠤ ᠶᠢ ᠦᠭᠦᠯᠡᠨ ᠲᠤᠳᠤᠷᠬᠠᠶᠢᠯᠠᠪᠠ᠃ ᠳᠤᠮᠳᠠᠳᠤ ᠣᠯᠣᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠬᠡᠬᠦ ᠡᠨᠡ ᠬᠦ ᠮᠠᠨ ᠤ ᠤᠯᠤᠰ ᠤᠨ ᠬᠥᠭᠵᠢᠯᠲᠡ ᠶᠢᠨ | ᠰᠢᠨ᠎ᠡ ᠲᠡᠦᠬᠡᠨ ᠣᠷᠣᠨ ᠪᠠᠶᠢᠷᠢ ᠶᠢ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢᠬᠢ ᠨᠠᠮ ᠤᠨ ᠣᠨᠣᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠵᠤ᠂ | ᠰᠢᠨ᠎ᠡ ᠴᠠᠭ ᠦᠶ᠎ᠡ ᠳᠤ ᠨᠠᠮ ᠳᠤ ᠲᠤᠯᠭᠠᠷᠠᠵᠤ ᠪᠠᠶᠢᠭ᠎ᠠ ᠪᠠᠶᠢᠳᠠᠯ᠂ ᠲᠤᠯᠭᠠᠷᠠᠵᠤ ᠪᠠᠶᠢᠭ᠎ᠠ ᠲᠦᠭᠰᠢᠭᠦᠷᠢ ᠪᠠ | ᠰᠢᠯᠭᠠᠯᠳᠠ ᠳᠤ ᠭᠦᠨᠵᠡᠭᠡᠢ ᠵᠠᠳᠠᠯᠤᠯᠳᠠ ᠬᠢᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠲᠥᠷᠥ ᠶᠢᠨ ᠪᠠᠶᠢᠭᠤᠯᠤᠯᠲᠠ᠂ ᠪᠦᠬᠦ ᠲᠠᠯ᠎ᠠ ᠪᠠᠷ | ᠬᠠᠤᠯᠢ ᠶᠣᠰᠣᠭᠠᠷ ᠤᠯᠤᠰ ᠢᠶᠠᠨ ᠵᠠᠰᠠᠬᠤ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠪᠦᠲᠦᠭᠡᠨ ᠪᠠᠶᠢᠭᠤᠯᠤᠯᠲᠠ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠬᠤ ᠪᠠ ᠡᠬᠡ ᠤᠯᠤᠰ ᠤᠨ ᠨᠢᠭᠡᠳᠦᠯ ᠢ ᠠᠬᠢᠭᠤᠯᠬᠤ᠂ ᠭᠠᠳᠠᠭᠠᠳᠤ | ᠬᠠᠷᠢᠯᠴᠠᠭᠠᠨ ᠤ ᠠᠵᠢᠯ ᠵᠡᠷᠭᠡ 13 ᠲᠠᠯ᠎ᠠ ᠠᠴᠠ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ | ᠦᠢᠯᠡᠰ ᠤᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠡᠭᠦᠰᠦᠭᠰᠡᠨ ᠲᠡᠦᠬᠡᠲᠦ ᠴᠢᠨᠠᠷᠲᠠᠶ | ᠬᠤᠪᠢᠰᠤᠯᠲᠠ ᠶᠢ ᠬᠦᠷᠢᠶ᠎ᠡ ᠬᠤᠪᠢᠶᠠᠨ ᠳ᠋ᠦᠩᠨᠡᠵᠦ᠂ ᠶᠢᠰᠤᠨ ᠵᠢᠯ ᠤᠨ ᠲᠤᠷᠰᠢᠬᠢ ᠤᠤᠭᠠᠯ ᠡᠭᠦᠳᠦᠯᠲᠡ ᠶᠢᠨ | ᠴᠢᠨᠠᠷᠲᠠᠶ ᠦᠵᠡᠯ ᠰᠠᠨᠠᠭ᠎ᠠ᠂ ᠬᠤᠪᠢᠰᠤᠯᠲᠠ ᠶᠢᠨ ᠴᠢᠨᠠᠷᠲᠠᠶ ᠦᠢᠯᠡᠳᠦᠯᠭᠡ᠂ ᠰᠢᠪᠲᠤᠯᠤᠯᠲᠠ ᠶᠢᠨ ᠴᠢᠨᠠᠷᠲᠠᠶ ᠠᠬᠢᠯᠲᠠ᠂ | ᠪᠡᠯᠭᠡ ᠲᠡᠮᠳᠡᠭ ᠤᠨ ᠴᠢᠨᠠᠷᠲᠠᠶ ᠦᠷ᠎ᠡ ᠪᠦᠲᠦᠭᠡᠯ ᠢ ᠭᠤᠤᠯᠳᠠᠯᠭ᠎ᠠ ᠲᠠᠢ ᠳ᠋ᠦᠩᠨᠡᠪᠠ᠃ ᠡᠨᠡ ᠬᠦ ᠦᠶ᠎ᠡ ᠶᠢᠨ | ᠨᠠᠮ ᠠᠴᠠ ᠠᠷᠠᠳ ᠲᠦᠮᠡᠨ ᠢ ᠤᠳᠤᠷᠢᠳᠤᠨ ᠡᠬᠦᠳᠦᠭᠰᠡᠨ ᠠᠭᠤᠤ ᠶᠡᠭᠡ ᠠᠮᠵᠢᠯᠲᠠ ᠪᠦᠲᠦᠮᠵᠢ ᠨᠢ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ | ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭ᠎ᠠ ᠲᠠᠢ ᠤᠶᠤᠨ ᠰᠠᠨᠠᠭᠠᠨ ᠤ ᠬᠦᠴᠦᠨ | ᠬᠠᠩᠭᠠᠬᠰᠠᠨ︔ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠦ ᠣᠯᠣᠰ ᠤᠨ ᠠᠷᠠᠳ ᠲᠦᠮᠡᠨ | ᠡᠷᠡᠯᠬᠡᠭ ᠪᠠᠭᠠᠲᠤᠷᠯᠢᠭ ᠡᠷᠡᠰ ᠬᠠᠳᠠᠭᠤᠵᠢᠯᠲᠠᠢ ᠲᠡᠮᠡᠴᠡᠯ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠪᠣᠰᠴᠤ | ᠵᠣᠭᠰᠣᠭᠰᠠᠨ ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠨ | ᠠᠪᠴᠢᠷᠠᠭᠰᠠᠨ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠬᠰᠠᠨ ᠢ ᠴᠢᠬᠤᠯᠠᠴᠢᠯᠠᠪᠠ᠃ | ᠲᠠᠪᠤᠳᠤᠭᠠᠷ ᠬᠡᠰᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ | ᠲᠡᠤᠬᠡᠲᠦ ᠠᠴᠢ ᠬᠤᠯᠪᠣᠭᠳᠠᠯ︾᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠠ ᠴᠢᠬᠤᠯᠠ ᠶᠡᠭᠡ | ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠭᠰᠡᠨ ᠰᠠᠭᠤᠷᠢᠨ ᠳᠡᠭᠡᠷ᠎ᠡ᠂ ᠨᠠᠩ ᠠᠭᠤᠳᠠᠮ | ᠰᠠᠷᠠᠭᠤᠯ ᠬᠠᠷᠠᠭᠠᠰᠤ ᠪᠠᠷ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ᠂ ᠲᠤᠬᠠᠶᠢᠯᠠᠪᠠᠯ | ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠶ ᠬᠤᠪᠢ ᠵᠠᠶᠠᠭ᠎ᠠ ᠶᠢ | ᠦᠨᠳᠦᠰᠦᠨ ᠠᠴᠠ ᠨᠢ ᠬᠤᠪᠢᠷᠠᠭᠤᠯᠤᠭᠰᠠᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠭᠰᠡᠨ᠂ ᠮᠠᠷᠺᠰ ᠤᠨ ᠦᠵᠡᠯ ᠤᠨ ᠬᠦᠴᠦᠷᠬᠡᠭ ᠶᠡᠭᠡ ᠠᠮᠢᠵᠢᠷᠠᠯ ᠤᠨ | ᠬᠦᠴᠦᠨ ᠢ ᠢᠯᠡᠷᠡᠭᠦᠯᠦᠭᠰᠡᠨ᠂ ᠳᠡᠯᠡᠬᠡᠶ ᠶᠢᠨ ᠲᠡᠤᠬᠡ ᠶᠢᠨ ᠠᠬᠢᠴᠠ ᠶᠢ ᠭᠦᠨᠵᠡᠭᠡᠶ ᠨᠥᠯᠥᠭᠡᠯᠡᠭᠰᠡᠨ᠂ ᠴᠠᠭ | ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠵᠦ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ | ᠪᠤᠯᠪᠠᠰᠤᠷᠠᠭᠤᠯᠤᠭᠰᠠᠨ ᠢ ᠳ᠋ᠦᠩᠨᠡᠵᠦ᠂ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ | ᠦᠨᠳᠦᠰᠦᠲᠡᠨ᠂ ᠮᠠᠷᠺᠰ ᠤᠨ ᠦᠵᠡᠯ᠂ ᠬᠥᠮᠦᠨ ᠲᠥᠷᠥᠯᠬᠢᠲᠡᠨ ᠤ ᠲᠠᠪᠰᠢᠯᠳᠠ ᠶᠢᠨ ᠦᠢᠯᠡᠰ᠂ ᠮᠠᠷᠺᠰ ᠤᠨ | ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠳᠤ ᠦᠵᠡᠭᠦᠯᠦᠭᠰᠡᠨ ᠲᠡᠤᠬᠡᠲᠦ ᠴᠢᠨᠠᠷᠲᠠᠶ ᠬᠤᠪᠢ ᠨᠡᠮᠡᠷᠢ ᠶᠢ | ᠲᠣᠳᠣᠷᠬᠠᠶᠢᠯᠠᠨ ᠥᠭᠦᠯᠡᠪᠡ᠃ ᠡᠨᠡ ᠲᠠᠪᠤᠨ ᠵᠤᠷᠪᠤᠰ ᠬᠤᠷᠢᠶᠠᠩᠭᠤᠶᠢᠯᠠᠯ ᠨᠢ ᠳᠤᠮᠳᠠᠳᠤ ᠶᠢᠨ ᠡᠬᠡ ᠭᠠᠵᠠᠷ ᠲᠤ | ᠰᠠᠭᠤᠷᠢᠯᠠᠭᠰᠠᠨ ᠮᠥᠷᠲᠡᠭᠡᠨ ᠪᠠᠰᠠ ᠬᠥᠮᠦᠨ ᠲᠥᠷᠥᠯᠬᠢᠲᠡᠨ ᠤ ᠢᠷᠡᠭᠡᠳᠦᠶ ᠶᠢ ᠪᠠᠷᠠᠯᠠᠵᠦ᠂ ᠳᠤᠮᠳᠠᠳᠤ ᠤᠯᠤᠰ ᠤᠨ | ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ | ᠬᠠᠷᠢᠴᠠᠭ᠎ᠠ ᠶᠢ ᠬᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠮᠠᠷᠺᠰ ᠤᠨ ᠦᠵᠡᠯ᠂ ᠳᠡᠯᠡᠬᠡᠶ ᠶᠢᠨ | ᠨᠡᠶᠢᠭᠡᠮ ᠵᠢᠷᠤᠮ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠬᠠᠷᠢᠴᠠᠭ᠎ᠠ ᠶᠢ ᠬᠠᠷᠠᠭᠤᠯᠵᠦ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ ᠯᠣᠭᠢᠭ᠂ ᠤᠨᠤᠯ ᠤᠨ ᠯᠣᠭᠢᠭ᠂ | ᠦᠢᠯᠡᠳᠦᠯᠭᠡ ᠶᠢᠨ ᠯᠣᠭᠢᠭ ᠢ ᠨᠡᠪᠲᠡᠷᠡᠭᠦᠯᠵᠡᠶ᠃ | ᠵᠢᠷᠭᠤᠳᠤᠭᠠᠷ ᠬᠡᠰᠡᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ | ᠲᠡᠤᠬᠡᠨ ᠲᠤᠷᠰᠢᠯᠭ᠎ᠠ︾᠃ ᠦᠨᠳᠦᠰᠦᠨ ᠴᠢᠨᠠᠷᠲᠠᠶ ᠪᠠ ᠠᠯᠤᠰ ᠬᠡᠳᠤ ᠶᠢᠨ ᠵᠢᠯᠣᠭᠤᠳᠬᠤ ᠠᠴᠢ ᠬᠤᠯᠪᠣᠭᠳᠠᠯ | ᠪᠦᠬᠦᠢ ᠠᠷᠪᠠᠨ ᠵᠤᠷᠪᠤᠰ ᠲᠡᠤᠬᠡᠨ ᠲᠤᠷᠰᠢᠯᠭ᠎ᠠ ᠶᠢ ᠬᠤᠷᠢᠶᠠᠩᠭᠤᠶᠢᠯᠠᠵᠠᠶ᠂ ᠲᠤᠬᠠᠶᠢᠯᠠᠪᠠᠯ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠨ᠎ᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠂ ᠤᠨᠤᠯ ᠤᠨ ᠰᠢᠨ᠎ᠡ | ᠡᠭᠦᠳᠤᠯᠲᠡ ᠶᠢ ᠪᠠᠷᠢᠮᠲᠠᠯᠠᠨ᠎ᠠ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ | ᠵᠠᠮ ᠢ ᠪᠠᠷᠢᠮᠲᠠᠯᠠᠨ᠎ᠠ᠂ ᠬᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠂ ᠵᠠᠮ ᠨᠡᠭᠡᠭᠡᠨ | ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠂ ᠵᠣᠷᠢᠭᠲᠠᠶ ᠪᠠᠷ ᠲᠡᠮᠡᠴᠡᠯ ᠬᠢᠬᠦ ᠶᠢ ᠪᠠᠷᠢᠮᠲᠠᠯᠠᠨ᠎ᠠ᠂ ᠨᠢᠭᠡᠳᠦᠮᠡᠯ ᠹᠷᠣᠨᠲ ᠢ | ᠪᠠᠷᠢᠮᠲᠠᠯᠠᠨ᠎ᠠ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠨ᠎ᠠ᠃ ᠡᠨᠡ ᠠᠷᠪᠠᠨ ᠵᠤᠷᠪᠤᠰ ᠲᠡᠤᠬᠡᠨ | ᠲᠤᠷᠰᠢᠯᠭ᠎ᠠ ᠪᠣᠯ ᠰᠢᠰᠲ᠋ᠧᠮ ᠨᠢ ᠪᠦᠷᠢᠨ ᠪᠦᠲᠦᠨ᠂ ᠬᠠᠷᠢᠯᠴᠠᠨ ᠨᠡᠪᠲᠡᠷᠡᠯᠴᠡᠭᠰᠡᠨ ᠣᠷᠭᠠᠨᠢᠭ ᠪᠦᠬᠦᠯᠢ ᠴᠣᠭᠴᠠ | ᠮᠦᠨ᠂ ᠲᠡᠷᠡ ᠨᠢ ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠲᠠᠰᠤᠷᠠᠯᠲᠠ ᠦᠭᠡᠢ ᠠᠮᠵᠢᠯᠲᠠ ᠣᠯᠬᠤ ᠶᠢᠨ | ᠦᠨᠳᠦᠰᠦᠨ ᠪᠠᠲᠤᠯᠠᠭ᠎ᠠ ᠶᠢ ᠢᠯᠡᠷᠡᠭᠦᠯᠵᠦ᠂ ᠨᠠᠮ ᠤᠨ ᠢᠮᠠᠭᠲᠠ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ | ᠬᠦᠴᠦᠨ ᠴᠢᠳᠠᠯ ᠤᠨ ᠡᠬᠢ ᠰᠤᠷᠪᠤᠯᠵᠢ ᠶᠢ ᠢᠯᠡᠷᠡᠭᠦᠯᠵᠦ᠂ ᠨᠠᠮ ᠤᠨ ᠢᠮᠠᠭᠲᠠ ᠲᠡᠦᠬᠡ ᠶᠢᠨ ᠰᠠᠨᠠᠭᠠᠴᠢᠯᠠᠭ᠎ᠠ ᠶᠢ | ᠡᠵᠡᠮᠰᠢᠵᠦ ᠪᠠᠶᠢᠬᠤ ᠶᠢᠨ ᠦᠨᠳᠦᠰᠦᠨ ᠰᠢᠯᠲᠠᠭᠠᠨ ᠢ ᠢᠯᠡᠷᠡᠭᠦᠯᠵᠦ᠂ ᠨᠠᠮ ᠤᠨ ᠡᠭᠦᠷᠢᠲᠡ ᠲᠡᠷᠢᠭᠦᠨ ᠤ ᠴᠢᠨᠠᠷ ᠪᠣᠯᠤᠨ | ᠴᠡᠪᠡᠷ ᠴᠢᠨᠠᠷ ᠢᠶᠠᠨ ᠬᠠᠳᠠᠭᠠᠯᠠᠬᠤ᠂ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠴᠢᠯᠠᠬᠤ ᠶᠢᠨ | ᠦᠨᠳᠦᠰᠦᠨ ᠠᠷᠭ᠎ᠠ ᠵᠠᠮ ᠢ ᠢᠯᠡᠷᠡᠭᠦᠯᠪᠡ᠃ ᠡᠨᠡ ᠠᠷᠪᠠᠨ ᠵᠤᠷᠪᠤᠰ ᠲᠡᠤᠬᠡᠨ ᠲᠤᠷᠰᠢᠯᠭ᠎ᠠ ᠪᠣᠯ ᠤᠷᠲᠤ | ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠦᠨ᠂ ᠨᠠᠮ | ᠪᠣᠯᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠥᠪ ᠬᠥᠷᠥᠩᠭᠡ ᠮᠥᠨ᠂ | ᠡᠷᠬᠡᠪᠰᠢ ᠬᠤᠪᠢ ᠳᠠᠬᠢᠨ ᠨᠠᠨᠳᠢᠩᠨᠠᠵᠦ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠦ ᠰᠢᠨ᠎ᠡ ᠴᠠᠭ | ᠦᠶ᠎ᠡ ᠶᠢᠨ ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠦᠭᠵᠢᠭᠦᠯᠬᠦ ᠬᠡᠷᠡᠭᠲᠡᠢ ᠭᠡᠰᠡᠨ ᠢ | ᠴᠢᠬᠤᠯᠠᠴᠢᠯᠠᠪᠠ᠃ | ᠳᠣᠯᠣᠳᠤᠭᠠᠷ ᠬᠡᠰᠡᠭ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ︾᠃ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠪᠦᠬᠦ | ᠨᠠᠮ ᠢᠶᠠᠷ ᠢᠶᠠᠨ ᠰᠠᠨᠠᠭᠰᠠᠨ ᠳᠠᠭᠠᠨ ᠬᠦᠷᠬᠦ ᠪᠠᠷ ᠰᠢᠨᠳᠠᠷᠠᠰᠢ ᠦᠭᠡᠢ ᠲᠡᠮᠡᠴᠡᠬᠦ ᠵᠤᠷᠢᠭ ᠢᠶᠠᠷ ᠲᠣᠭᠲᠠᠭᠰᠠᠨ | ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ ᠭᠠᠵᠠᠷ ᠠᠶᠠᠯᠠᠬᠤᠢ ᠳᠤᠷ ᠶᠡᠷᠡᠨ ᠭᠠᠵᠠᠷ ᠲᠤᠭᠤᠯᠤᠭᠰᠠᠨ ᠠᠨᠤ | ᠬᠠᠭᠠᠰ ᠵᠠᠮᠨᠠᠭᠰᠠᠨ ᠲᠡᠲᠦᠢ ᠪᠤᠯᠠᠢ ᠭᠡᠬᠦ ᠰᠡᠷᠭᠡᠭ ᠲᠠᠨᠢᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ ᠭᠡᠰᠡᠨ ᠢ ᠴᠢᠬᠤᠯᠠᠴᠢᠯᠠᠪᠠ︔ ᠡᠷᠬᠡᠪᠰᠢ ᠨᠠᠮ ᠤᠨ | ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ᠂ ᠠᠷᠠᠳ | ᠲᠦᠮᠡᠨ ᠪᠠᠶᠠᠵᠢᠨ ᠴᠢᠨᠡᠭᠡᠯᠢᠭᠵᠢᠬᠦ᠂ ᠤᠯᠤᠰ ᠣᠷᠣᠨ ᠬᠦᠴᠦᠷᠬᠡᠭᠵᠢᠨ ᠪᠠᠳᠠᠷᠠᠬᠤ᠂ ᠳᠤᠮᠳᠠᠳᠤ ᠤᠯᠤᠰ | ᠦᠵᠡᠰᠭᠦᠯᠡᠩᠲᠦ ᠰᠠᠶᠢᠬᠠᠨ ᠪᠤᠯᠬᠤ ᠶᠢ ᠬᠠᠮᠵᠢᠯᠴᠠᠭᠤᠯᠤᠨ ᠠᠬᠢᠭᠤᠯᠬᠤ ᠬᠡᠷᠡᠭᠲᠡᠢ ᠭᠡᠰᠡᠨ ᠢ ᠴᠢᠬᠤᠯᠠᠴᠢᠯᠠᠪᠠ︔ | ᠡᠷᠬᠡᠪᠰᠢ ᠠᠷᠠᠳ ᠤᠯᠠᠨ ᠯᠤᠭ᠎ᠠ ᠶᠢᠨ ᠰᠠᠯᠵᠤ ᠪᠣᠯᠤᠰᠢ ᠦᠭᠡᠢ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ | ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠳᠠ ᠦᠭᠡᠢ ᠰᠠᠶᠢᠲᠤᠷ | ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠶ ᠭᠡᠰᠡᠨ ᠢ ᠴᠢᠬᠤᠯᠠᠴᠢᠯᠠᠪᠠ︔ ᠡᠷᠬᠡᠪᠰᠢ | ᠵᠤᠪᠠᠵᠦ ᠵᠦᠳᠡᠬᠦᠢ ᠳᠤᠷ ᠲᠤᠭᠲᠠᠨᠢᠵᠦ᠂ ᠵᠢᠷᠭᠠᠵᠦ ᠴᠡᠩᠬᠡᠬᠦᠢ ᠳᠤᠷ ᠰᠦᠨᠦᠮᠤᠢ ᠭᠡᠳᠡᠭ ᠢ ᠪᠠᠲᠦ ᠴᠡᠭᠡᠵᠢᠯᠡᠨ᠂ ᠴᠠᠭ | ᠢᠮᠠᠭᠲᠠ ᠠᠯᠤᠰ ᠤᠨ ᠪᠤᠳᠤᠯᠭ᠎ᠠ ᠲᠠᠢ ᠪᠠᠶᠢᠵᠦ᠂ ᠠᠮᠤᠷ ᠲᠥᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ | ᠪᠣᠳᠣᠯᠬᠢᠯᠠᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ | ᠦᠷᠭᠦᠯᠵᠢᠯᠡᠨ ᠠᠬᠢᠭᠤᠯᠬᠤ ᠬᠡᠷᠡᠭᠲᠡᠢ ᠭᠡᠰᠡᠨ ᠢ ᠴᠢᠬᠤᠯᠠᠴᠢᠯᠠᠪᠠ︔ ᠵᠠᠯᠭᠠᠮᠵᠢᠯᠠᠭᠴᠢ ᠲᠠᠢ ᠪᠠᠶᠢᠯᠭᠠᠬᠤ ᠡᠨᠡ ᠬᠦ | ᠦᠨᠳᠦᠰᠦᠨ ᠶᠡᠭᠡ ᠪᠤᠳᠤᠯᠭ᠎ᠠ ᠶᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ ᠭᠡᠰᠡᠨ ᠢ ᠴᠢᠬᠤᠯᠠᠴᠢᠯᠠᠪᠠ᠃ ᠪᠦᠬᠦ ᠨᠠᠮ | ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠦᠴᠦᠭᠡᠳᠦᠷ ᠤᠨ ᠭᠠᠰᠠᠯᠠᠩ | ᠵᠣᠪᠠᠯᠠᠩ ᠪᠠ ᠭᠡᠷᠡᠯ ᠭᠢᠯᠪᠠᠭ᠎ᠠ ᠪᠠᠨ ᠤᠮᠠᠷᠲᠠᠬᠤ ᠦᠭᠡᠢ᠂ ᠥᠨᠥᠳᠦᠷ ᠤᠨ ᠡᠭᠦᠷᠭᠡ ᠬᠠᠷᠢᠭᠤᠴᠠᠯᠭ᠎ᠠ ᠳᠠᠭᠠᠨ | ᠤᠰᠤᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠡᠷᠡᠮᠡᠯᠵᠡᠯ ᠢᠶᠠᠨ ᠬᠥᠰᠡᠷᠳᠡᠭᠦᠯᠬᠦ ᠦᠭᠡᠢ ᠪᠠᠶᠢᠵᠦ᠂ | ᠲᠡᠤᠬᠡ ᠪᠠᠷ ᠲᠣᠯᠢ ᠪᠣᠯᠭᠠᠵᠦ᠂ ᠢᠷᠡᠭᠡᠳᠦᠶ ᠪᠠᠨ ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ | ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠣᠯᠣᠰ ᠤᠨ ᠵᠡᠭᠦᠳᠦ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠰᠤᠭᠡᠢ ᠭᠡᠵᠦ ᠤᠷᠢᠶᠠᠯᠠᠪᠠ᠃ | ᠨᠥᠬᠦᠳ ᠡ︕ ᠡᠨᠡ ᠰᠢᠢᠳᠪᠦᠷᠢ ᠶᠢ ᠬᠢᠨᠠᠨ ᠶᠠᠷᠢᠯᠴᠠᠵᠤ ᠪᠠᠲᠤᠯᠠᠬᠤ ᠪᠤᠯ ᠡᠨᠡ ᠤᠳᠠᠭᠠᠨ ᠤ ᠪᠥᠬᠦᠳᠡ | ᠬᠤᠷᠠᠯ ᠤᠨ ᠭᠤᠤᠯ ᠡᠭᠦᠷᠭᠡ ᠮᠥᠨ᠃ ᠣᠯᠠᠨ ᠢᠶᠠᠷ ᠢᠶᠠᠨ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠡᠦᠬᠡ᠂ ᠣᠳᠣ᠂ ᠢᠷᠡᠭᠡᠳᠦᠶ ᠶᠢ ᠨᠡᠪᠲᠡᠷᠡᠭᠦᠯᠦᠨ ᠡᠵᠡᠮᠳᠡᠵᠦ᠂ | ᠭᠦᠨᠵᠡᠭᠡᠶ ᠰᠡᠳᠭᠢᠨ ᠪᠣᠳᠣᠯᠬᠢᠯᠠᠵᠤ᠂ ᠭᠦᠨᠵᠡᠭᠡᠶ ᠰᠤᠳᠤᠯᠤᠨ ᠶᠠᠷᠢᠯᠴᠠᠵᠤ᠂ ᠰᠡᠳᠭᠢᠯ ᠰᠠᠨᠠᠭ᠎ᠠ ᠪᠠᠨ ᠲᠥᠪᠯᠡᠷᠡᠭᠦᠯᠵᠦ᠂ | ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠪᠦᠲᠦᠭᠡᠯᠴᠢ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠤ᠂ | ᠬᠠᠮᠲᠤ ᠪᠠᠷ ᠢᠶᠠᠨ ᠡᠨᠡ ᠤᠳᠠᠭᠠᠨ ᠤ ᠪᠥᠬᠦᠳᠡ ᠬᠤᠷᠠᠯ ᠢ ᠰᠠᠶᠢᠲᠤᠷ ᠬᠤᠷᠠᠯᠳᠤᠭᠤᠯᠤᠨ᠂ ᠰᠢᠢᠳᠪᠦᠷᠢ ᠶᠢᠨ | ᠨᠤᠤᠷᠠᠭ ᠢ ᠰᠠᠶᠢᠲᠤᠷ ᠵᠠᠰᠠᠶ᠎ᠠ᠃ ︵ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ | ᠳᠣᠪᠴᠢᠶ᠎ᠠ ᠣᠷᠴᠢᠭᠤᠯᠪᠠ︶ | |