︵1︶ ᠮᠠᠨ ᠤ ᠤᠯᠤᠰ ᠤᠨ ᠡᠯᠡᠰᠦᠷᠭᠡᠭᠵᠢᠭᠰᠡᠨ ᠪᠡᠯᠴᠢᠭᠡᠷ ᠤᠨ ᠭᠤᠤᠯ ᠲᠠᠷᠬᠠᠴᠠ ᠶᠢᠨ ᠪᠠᠶᠢᠳᠠᠯ ᠪᠤᠯᠤᠨ | ᠲᠡᠭᠦᠨ ᠤ ᠤᠨᠴᠠᠯᠢᠭ ᠨᠢ ᠶᠠᠮᠠᠷ ᠪᠠᠶᠢᠭ᠎ᠠ ᠪᠤᠢ︖ | ᠮᠠᠨ ᠤ ᠤᠯᠤᠰ ᠤᠨ ᠡᠯᠡᠰᠦᠷᠭᠡᠭᠵᠢᠭᠰᠡᠨ ᠨᠤᠳᠤᠭ ᠪᠡᠯᠴᠢᠭᠡᠷ ᠪᠤᠯ ᠭᠤᠤᠯᠳᠠᠭᠤ ᠤᠮᠠᠷᠠᠳᠤ ᠶᠢᠨ ᠲᠤᠯᠠᠭᠠᠨ | ᠪᠦᠰᠡ ᠶᠢᠨ ᠭᠠᠵᠠᠷ ᠤᠷᠤᠨ ᠢᠶᠠᠷ ᠪᠠᠶᠢᠷᠢᠯᠠᠵᠤ᠂ ᠵᠡᠭᠦᠨ ᠠᠴᠠ ᠪᠠᠷᠠᠭᠤᠠᠰᠢ ᠬᠠᠭᠠᠰ ᠴᠢᠭᠢᠭᠯᠢᠭ᠂ ᠬᠠᠭᠠᠰ ᠭᠠᠩ | ᠬᠠᠭᠤᠷᠠᠢ᠂ ᠭᠠᠩ ᠬᠠᠭᠤᠷᠠᠢ᠂ ᠲᠦᠢᠯ ᠤᠨ ᠭᠠᠩ ᠬᠠᠭᠤᠷᠠᠢ ᠪᠦᠰᠡ ᠪᠤᠯᠵᠤ ᠪᠦᠷᠢᠯᠳᠦᠵᠡᠢ᠃ ᠡᠶᠢᠮᠤ ᠠᠴᠠ | ᠲᠡᠭᠦᠨ ᠤ ᠤᠷᠭᠤᠬᠤ ᠡᠯᠡᠰᠦᠷᠭᠡᠭ ᠭᠠᠵᠠᠷ ᠤᠨ ᠤᠷᠭᠤᠮᠠᠯ ᠨᠢ ᠮᠡᠳᠡᠭᠳᠡᠮ᠎ᠡ ᠤᠷᠤᠨ ᠪᠦᠰᠡ ᠶᠢᠨ ᠵᠦᠷᠢᠶ᠎ᠠ ᠲᠠᠢ | ᠪᠠᠶᠢᠳᠠᠭ᠃ ᠭᠤᠤᠯ ᠢᠯᠡᠷᠡᠯ ᠨᠢ ᠭᠡᠪᠡᠯ ᠲᠠᠪᠤᠨ ᠲᠠᠯ᠎ᠠ ᠪᠤᠢ᠃ ① ᠡᠯᠡᠰᠦᠷᠭᠡᠭ ᠭᠠᠵᠠᠷ ᠤᠨ ᠤᠷᠭᠤᠮᠠᠯ ᠤᠨ | ᠪᠦᠷᠭᠦᠴᠡ ᠶᠢᠨ ᠲᠤᠠᠠᠳᠠᠪᠤᠷᠢᠳᠤ ᠴᠢᠨᠠᠷ ᠢᠶᠠᠷ ᠪᠠᠷᠤᠠᠠᠳᠠᠢ᠃ ᠦᠢᠯᠡᠳᠪᠤᠷᠢᠯᠡᠯ ᠤᠨ ᠭᠦᠴᠤᠨ ᠨᠢ ᠲᠤᠤᠷ᠎ᠠ ᠪᠦᠭᠡᠳ | ᠲᠤᠠᠠᠳᠠᠭᠤᠨ ᠪᠤᠰᠤ᠂ ᠮᠠᠯ ᠮᠠᠯᠵᠢᠬᠤ ᠳᠤ ᠲᠠᠰᠪᠤᠷᠢ ᠦᠭᠡᠢ ᠪᠠᠶᠢᠳᠠᠭ᠃ ② ᠡᠯᠡᠰᠦᠷᠭᠡᠭᠵᠢᠭᠰᠡᠨ ᠨᠤᠳᠤᠭ | ᠪᠡᠯᠴᠢᠭᠡᠷ ᠤᠨ ᠤᠷᠭᠤᠮᠠᠯ ᠤᠨ ᠪᠦᠷᠭᠦᠴᠡ ᠨᠢ ᠰᠠᠶᠢᠷᠡᠭ ᠪᠦᠭᠡᠳ ᠪᠤᠭᠤᠨᠢ᠂ ᠮᠠᠯ ᠠᠵᠤ ᠠᠬᠤᠢ ᠶᠢᠨ | ᠦᠢᠯᠡᠳᠪᠤᠷᠢᠯᠡᠯ ᠤᠨ ᠭᠦᠭᠵᠢᠯᠳᠡ ᠨᠢ ᠤᠳᠠᠭᠠᠨ ᠪᠦᠭᠡᠳ ᠲᠤᠠᠠᠳᠠᠭᠤᠨ ᠪᠤᠰᠤ ᠪᠠᠶᠢᠳᠠᠭ᠃ ③ ᠡᠯᠡᠰᠦᠷᠭᠡᠭᠵᠢᠭᠰᠡᠨ | ᠨᠤᠳᠤᠭ ᠪᠠᠯᠴᠢᠭᠡᠷ ᠨᠢ ᠲᠤᠬᠠᠢ ᠶᠢᠨ ᠭᠠᠵᠠᠷ ᠤᠨ ᠨᠦᠭᠦᠴᠡᠯ᠂ ᠡᠪᠡᠰᠤ ᠪᠡᠯᠴᠢᠭᠡᠷ ᠤᠨ ᠲᠦᠷᠦᠯ ᠭᠡᠯᠪᠡᠷᠢ᠂ ᠡᠪᠡᠰᠤ | ᠬᠠᠳᠤᠯᠠᠩ ᠤᠨ ᠲᠦᠷᠦᠯ ᠵᠦᠢᠯ ᠨᠢ ᠠᠳᠠᠯᠢ ᠦᠭᠡᠢ ᠠᠴᠠ ᠪᠤᠯᠤᠭᠠᠳ ᠮᠠᠰᠢ ᠶᠡᠭᠡ ᠵᠦᠷᠢᠶ᠎ᠠ ᠲᠠᠢ ᠪᠠᠶᠢᠵᠤ᠂ | ᠤᠯᠠᠷᠢᠯ ᠤᠨ ᠬᠤᠪᠢᠷᠠᠯᠳᠠ ᠭᠢᠭᠡᠳ ᠤᠯᠠᠷᠢᠯ ᠤᠨ ᠦᠵᠡᠭᠳᠡᠯ ᠤᠨ ᠰᠤᠯᠢᠠᠠᠳᠠᠯ ᠢ ᠲᠠᠭᠠᠯᠳᠤᠭᠠᠳ ᠵᠦᠷᠢᠶ᠎ᠠ ᠨᠢ ᠤᠯᠠᠮ | ᠢᠯᠡᠳᠳᠡ ᠪᠤᠯᠳᠠᠭ᠃ ④ ᠡᠯᠡᠰᠦᠷᠭᠡᠭᠵᠢᠭᠰᠡᠨ ᠡᠪᠡᠰᠤ ᠪᠡᠯᠴᠢᠭᠡᠷ ᠤᠨ ᠡᠪᠡᠰᠤᠨ ᠤ ᠪᠦᠯᠦᠭᠯᠡᠯ ᠤᠨ ᠪᠦᠷᠢᠯᠳᠦᠯ ᠨᠢ | ᠠᠳᠠᠯᠢ ᠦᠭᠡᠢ ᠠᠴᠠ ᠪᠤᠯᠤᠭᠠᠳ ᠡᠪᠡᠰᠤ ᠪᠡᠯᠴᠢᠭᠡᠷ ᠤᠨ ᠲᠦᠷᠦᠯ ᠭᠡᠯᠪᠡᠷᠢ ᠨᠢ ᠤᠯᠠᠨ ᠲᠦᠷᠦᠯ ᠶᠠᠩᠵᠤ ᠲᠠᠢ | ᠪᠠᠶᠢᠳᠠᠭ᠃ ⑤ ᠡᠯᠡᠰᠦᠷᠭᠡᠭ ᠤᠷᠤᠨ ᠤ ᠲᠤᠳᠤᠷᠠᠭᠢ ᠤᠰᠤ᠂ ᠭᠦᠷᠦᠰᠤ ᠰᠢᠷᠤᠢ᠂ ᠤᠷᠭᠤᠮᠠᠯ ᠤᠨ ᠡᠭᠢ | ᠪᠠᠶᠠᠯᠢᠭ ᠨᠢ ᠠᠮᠠᠷᠬᠠᠨ ᠡᠪᠳᠡᠭᠳᠡᠭᠦ ᠭᠡᠪᠡᠷᠡᠭ ᠴᠢᠨᠠᠷ ᠲᠠᠢ ᠪᠠᠶᠢᠳᠠᠭ᠃ | ︵2︶ ᠡᠯᠡᠰᠦᠷᠭᠡᠭᠵᠢᠭᠰᠡᠨ ᠪᠡᠯᠴᠢᠭᠡᠷ ᠢ ᠶᠠᠮᠠᠷ ᠠᠷᠭ᠎ᠠ ᠪᠠᠷ ᠰᠠᠶᠢᠵᠢᠷᠠᠭᠤᠯᠬᠤ ᠪᠤᠢ︖ | ᠡᠯᠡᠰᠦᠷᠭᠡᠭᠵᠢᠭᠰᠡᠨ ᠪᠡᠯᠴᠢᠭᠡᠷ ᠢ ᠡᠭᠦᠰᠦᠯ ᠪᠡ ᠲᠠᠷᠬᠠᠯᠳᠠ ᠶᠢᠨ ᠪᠠᠶᠢᠳᠠᠯ ᠠᠴᠠ ᠨᠢ ᠠᠪᠴᠤ ᠦᠵᠡᠪᠡᠯ᠂ | ᠡᠯᠡᠰᠦᠷᠭᠡᠭᠵᠢᠭᠰᠡᠨ ᠨᠤᠳᠤᠭ ᠪᠡᠯᠴᠢᠭᠡᠷ ᠢ ᠪᠤᠯ ᠪᠠᠶᠢᠭᠠᠯᠢ ᠶᠢᠨ ᠨᠦᠭᠦᠴᠡᠯ ᠤᠨ ᠵᠦᠷᠢᠶ᠎ᠠ ᠪᠤᠯᠤᠨ ᠡᠯᠡᠰᠦᠷᠭᠡᠭᠵᠢᠯ ᠤᠨ | ᠭᠡᠮᠵᠢᠶ᠎ᠠ ᠶᠢᠨ ᠠᠳᠠᠯᠢ ᠪᠤᠰᠤ ᠪᠠᠶᠢᠳᠠᠯ ᠠᠴᠠ ᠪᠤᠯᠤᠭᠠᠳ ᠠᠷᠭᠠᠴᠠᠭᠠᠬᠤ ᠪᠤᠳᠤᠯᠭ᠎ᠠ ᠪᠠ ᠵᠠᠰᠠᠬᠤ ᠠᠷᠭ᠎ᠠ ᠭᠡᠮᠵᠢᠶ᠎ᠠ ᠨᠢ | ᠴᠤ ᠠᠳᠠᠯᠢ ᠪᠤᠰᠤ ᠪᠠᠶᠢᠳᠠᠭ ᠶᠤᠮ᠃ ᠭᠤᠤᠯ ᠨᠢ ᠰᠠᠶᠢᠵᠢᠷᠠᠭᠤᠯᠤᠯᠳᠠ ᠶᠢᠨ ᠪᠤᠳᠤᠯᠭ᠎ᠠ ᠨᠢ ᠵᠢᠷᠭᠤᠭᠠᠨ ᠵᠦᠢᠯ ᠪᠤᠢ᠃ | ① ᠮᠠᠯ ᠪᠡᠯᠴᠢᠭᠡᠷᠯᠡᠭᠦᠯᠭᠦ ᠲᠠᠷᠤᠯᠳᠠ ᠶᠢ ᠪᠠᠭᠠᠰᠬᠠᠵᠤ᠂ ᠠᠳᠠᠷ ᠬᠠᠭᠠᠯᠪᠤᠷᠢᠯᠠᠬᠤ ᠶᠢ ᠡᠷᠡᠰ ᠴᠠᠭᠠᠵᠠᠯᠠᠵᠤ᠂ | ᠡᠯᠡᠰᠤ ᠶᠢ ᠪᠢᠳᠡᠭᠦᠮᠵᠢᠯᠡᠨ ᠡᠪᠡᠰᠤ ᠲᠠᠷᠢᠵᠤ᠂ ᠪᠠᠶᠢᠭᠠᠯᠢᠯᠢᠬ ᠤᠷᠭᠤᠮᠠᠯ ᠤᠨ ᠪᠦᠳᠦᠴᠡ ᠶᠢ ᠬᠠᠮᠠᠭᠠᠯᠠᠵᠤ᠂ ᠡᠪᠡᠰᠤ | ᠪᠡᠯᠴᠢᠭᠡᠷ ᠤᠨ ᠡᠭᠢ ᠪᠠᠶᠠᠯᠢᠭ ᠢ ᠵᠤᠭᠢᠰᠳᠠᠢ ᠠᠰᠢᠠᠠᠯᠠᠵᠤ᠂ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠭᠡᠷᠡᠭᠳᠡᠢ᠃ | ② ᠨᠡᠭᠦᠳᠡᠯ ᠡᠯᠡᠰᠤ ᠶᠢ ᠪᠤᠯ ᠡᠯᠡᠰᠤᠨ ᠲᠤᠪᠤᠴᠠᠭ ᠤᠨ ᠤᠢ ᠶᠢᠨ ᠪᠦᠰᠡ ᠪᠡ ᠡᠯᠡᠰᠤ ᠲᠤᠠᠠᠳᠠᠪᠤᠷᠢᠵᠢᠭᠤᠯᠬᠤ | ᠤᠷᠭᠤᠮᠠᠯ ᠲᠠᠷᠢᠬᠤ ᠠᠷᠭ᠎ᠠ ᠪᠠᠷ ᠵᠠᠰᠠᠵᠤ᠂ ᠨᠡᠭᠦᠳᠡᠯ ᠡᠯᠡᠰᠤ ᠶᠢ ᠠᠯᠬᠤᠮ ᠠᠯᠬᠤᠮ ᠢᠶᠠᠷ ᠲᠤᠠᠠᠳᠠᠪᠤᠷᠢᠵᠢᠭᠤᠯᠵᠤ᠂ | ᠪᠠᠶᠢᠭᠠᠯᠢᠯᠢᠬ ᠤᠷᠭᠤᠮᠠᠯ ᠤᠨ ᠪᠦᠷᠭᠦᠴᠡ ᠶᠢ ᠨᠢ ᠰᠡᠷᠭᠦᠭᠡᠭᠦ ᠭᠡᠷᠡᠭᠳᠡᠢ᠃ ③ ᠮᠠᠯ ᠤᠨ ᠪᠠᠭᠳᠠᠭᠠᠮᠵᠢ ᠶᠢᠨ ᠵᠤᠭᠢᠰᠳᠡᠢ | ᠭᠡᠮᠵᠢᠶ᠎ᠠ ᠶᠢ ᠲᠤᠠᠠᠳᠠᠭᠠᠵᠤ᠂ ᠪᠡᠯᠴᠢᠭᠡᠷ ᠢᠶᠠᠷ ᠮᠠᠯ ᠢ ᠲᠤᠠᠠᠳᠠᠭᠠᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠤᠯᠭᠠᠬᠤ | ᠭᠡᠷᠡᠭᠳᠡᠢ᠃ ④ ᠮᠠᠯ ᠪᠡᠯᠴᠢᠭᠡᠷᠯᠡᠭᠦᠯᠭᠦ ᠰᠢᠨᠵᠢᠯᠡᠭᠦ ᠤᠬᠠᠭᠠᠠᠴᠢ ᠲᠦᠷᠢᠮ ᠢ ᠭᠡᠷᠡᠭᠵᠢᠭᠦᠯᠵᠤ᠂ ᠤᠷᠤᠨ ᠲᠤᠭᠤᠷᠢᠭ | ᠬᠤᠪᠢᠶᠠᠨ ᠡᠭᠡᠯᠵᠢᠯᠡᠨ ᠮᠠᠯᠵᠢᠬᠤ ᠲᠦᠷᠢᠮ ᠢ ᠴᠢᠩᠭ᠎ᠠ ᠭᠡᠷᠡᠭᠵᠢᠭᠦᠯᠭᠦ ᠭᠡᠷᠡᠭᠳᠡᠢ᠃ ⑤ ᠭᠠᠵᠠᠷ ᠤᠷᠤᠨ ᠤ | ᠪᠠᠶᠢᠳᠠᠯ ᠳᠠᠭᠠᠨ ᠲᠤᠭᠢᠷᠠᠭᠤᠯᠵᠤ᠂ ᠲᠤᠭᠢᠷᠠᠮᠵᠢᠳᠡᠢ ᠭᠠᠵᠠᠷ ᠤᠷᠤᠨ ᠪᠤᠯ ᠲᠠᠷᠢᠮᠠᠯ ᠪᠡᠯᠴᠢᠭᠡᠷ ᠪᠤᠯᠤᠨ ᠬᠠᠭᠠᠰ ᠲᠠᠷᠢᠮᠠᠯ | ᠪᠡᠯᠴᠢᠭᠡᠷ ᠲᠠᠷᠢᠬᠤ ᠭᠡᠷᠡᠭᠳᠡᠢ᠃ ⑥ ᠡᠯᠡᠰᠦᠷᠭᠡᠭᠵᠢᠭᠰᠡᠨ ᠡᠪᠡᠰᠤ ᠪᠡᠯᠴᠢᠭᠡᠷ ᠤᠨ ᠭᠦᠷᠤᠰᠤ ᠰᠢᠷᠤᠢ ᠶᠢᠨ ᠪᠠᠶᠢᠳᠠᠯ ᠢ | ᠦᠨᠳᠦᠰᠦᠯᠡᠨ ᠤᠷᠭᠠᠨᠢᠭ ᠪᠤᠷᠳᠤᠭᠤᠷ ᠤᠷᠤᠭᠤᠯᠬᠤ ᠪᠡ ᠭᠦᠷᠤᠰᠤ ᠰᠢᠷᠤᠢ ᠶᠢᠨ ᠪᠦᠳᠦᠴᠡ ᠶᠢ ᠰᠠᠶᠢᠵᠢᠷᠠᠭᠤᠯᠵᠤ᠂ | ᠡᠯᠡᠰᠦᠷᠭᠡᠭ ᠭᠠᠵᠠᠷ ᠤᠨ ᠤᠰᠤ ᠬᠠᠮᠠᠭᠠᠯᠠᠬᠤ᠂ ᠪᠤᠷᠳᠤᠭᠤᠷ ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠭᠦᠯᠵᠤ᠂ | ᠤᠷᠭᠤᠮᠠᠯ ᠳᠤ ᠲᠤᠭᠢᠷᠠᠮᠵᠢᠳᠡᠢ ᠤᠷᠭᠤᠯᠳᠠ ᠶᠢᠨ ᠨᠦᠭᠦᠴᠡᠯ ᠤᠯᠭᠤᠨ ᠦᠭᠭᠦ ᠭᠡᠷᠡᠭᠳᠡᠢ᠃ | | ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ | ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ | |