︵2021 ᠣᠨ ᠤ 11 ᠰᠠᠷ᠎ᠠ ᠶᠢᠨ 11 ᠤ ᠡᠳᠦᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠪᠠᠲᠤᠯᠠᠪᠠ︶ | ᠣᠷᠣᠰᠢᠯ | ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ | ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ | ᠮᠠᠨᠳᠤᠯᠲᠠ ᠶᠢ ᠪᠡᠶᠡᠯᠡᠭᠦᠯᠬᠦ ᠪᠠᠷ ᠢᠮᠠᠭᠳᠠ ᠲᠤᠯᠭᠤᠷ ᠵᠤᠷᠢᠯᠳᠠ ᠡᠭᠦᠷᠭᠡ ᠬᠠᠷᠢᠭᠤᠴᠠᠯᠭ᠎ᠠ ᠪᠠᠨ ᠪᠣᠯᠭᠠᠵᠤ᠂ ᠡᠪ | ᠬᠠᠮᠲᠤ ᠶᠣᠰᠣᠨ ᠤ ᠬᠦᠰᠡᠯᠡᠩ ᠪᠣᠯᠤᠨ ᠨᠡᠶᠢᠭᠡᠮ ᠵᠢᠷᠤᠮ ᠤᠨ ᠢᠲᠡᠭᠡᠯ ᠵᠣᠷᠢᠭ ᠢ ᠢᠮᠠᠭᠲᠠ ᠪᠠᠷᠢᠮᠲᠠᠯᠠᠨ᠂ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ | ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ ᠪᠠᠶᠠᠵᠢᠯ | ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠶ ᠲᠡᠮᠡᠴᠡᠬᠡᠳ᠂ | ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠥᠩᠭᠡᠷᠡᠭᠦᠯᠪᠡ᠃ | ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠠᠮᠢ ᠴᠦᠯᠡᠨ ᠡᠷᠡᠯᠬᠡᠭᠯᠡᠨ | ᠪᠠᠶᠢᠯᠳᠤᠵᠤ᠂ ᠨᠤᠭᠤᠷᠠᠰᠢ ᠦᠭᠡᠢ ᠲᠡᠮᠡᠴᠡᠨ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ | ᠪᠦᠲᠦᠮᠵᠢ ᠶᠢ ᠡᠭᠦᠳᠪᠡ︔ ᠥᠪᠡᠷ ᠤᠨ ᠬᠦᠴᠦ ᠪᠠᠷ ᠢᠶᠠᠨ ᠳᠡᠭᠵᠢᠷᠡᠵᠦ᠂ ᠬᠦᠴᠦᠷᠬᠡᠭᠵᠢᠬᠦ ᠪᠠᠷ ᠬᠦᠴᠦᠯᠡᠨ | ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ | ᠪᠦᠳᠤᠮᠵᠢ ᠶᠢ ᠡᠭᠦᠳᠪᠡ︔ ᠦᠵᠡᠯ ᠰᠠᠨᠠᠭ᠎ᠠ ᠪᠠᠨ ᠴᠢᠯᠥᠭᠡᠯᠡᠨ᠂ ᠢᠷᠮᠡᠬᠦᠨ ᠵᠤᠷᠢᠬᠳᠠᠢ ᠪᠠᠷ ᠤᠷᠤᠭᠰᠢᠯᠠᠨ ᠳᠠᠪᠰᠢᠵᠤ᠂ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ | ᠶᠡᠭᠡ ᠠᠮᠵᠢᠯᠲᠠ ᠪᠦᠲᠦᠮᠵᠢ ᠶᠢ ᠡᠭᠦᠳᠪᠡ︔ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠵᠦ᠂ | ᠲᠥᠪ ᠶᠣᠰᠣ ᠶᠢ ᠰᠠᠬᠢᠨ ᠰᠢᠨ᠎ᠡ ᠶᠢ ᠡᠭᠦᠳᠴᠦ᠂ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠦᠲᠦᠮᠵᠢ ᠶᠢ ᠡᠭᠦᠳᠪᠡ᠃ ᠨᠠᠮ ᠪᠣᠯᠤᠨ ᠠᠷᠠᠳ ᠲᠦᠮᠡᠨ ᠤ | ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠡᠭᠡᠷᠡᠬᠢ | ᠬᠠᠮᠤᠭ ᠤᠨ ᠰᠦᠷ ᠵᠢᠪᠬᠤᠯᠠᠩᠲᠠᠢ ᠲᠤᠤᠯᠢᠰ ᠢ ᠪᠢᠴᠢᠭᠯᠡᠭᠰᠡᠨ ᠶᠤᠮ᠃ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠬᠡᠨ ᠲᠤᠷᠰᠢᠯᠭ᠎ᠠ ᠶᠢ | ᠳ᠋ᠦᠩᠨᠡᠬᠦ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠡᠤᠬᠡᠨ ᠨᠥᠬᠦᠴᠡᠯ ᠳᠣᠤᠷ᠎ᠠ ᠨᠡᠶᠢᠭᠡᠮ ᠵᠢᠷᠤᠮᠳᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠰᠢᠨ᠎ᠡ | ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠶᠢᠨ | ᠬᠡᠷᠡᠭᠴᠡᠭᠡ ᠮᠥᠨ︔ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ | ᠨᠢᠭᠡᠳᠦᠯᠲᠡᠶ ᠪᠠᠶᠢᠬᠤ ᠤᠬᠠᠮᠰᠠᠷ ᠢᠶᠠᠨ ᠴᠢᠩᠭᠠᠳᠬᠠᠵᠤ᠂ ᠵᠠᠮ ᠤᠨ ᠢᠲᠡᠭᠡᠯ᠂ ᠣᠨᠣᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠢ ᠶᠢᠨ ᠫᠢᠩ ᠨᠦᠬᠦᠷ ᠤᠨ ᠨᠠᠮ ᠤᠨ | ᠲᠥᠪ ᠬᠤᠷᠢᠶ᠎ᠠ ᠶᠢᠨ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠣᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠬᠤ᠂ | ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠬᠤ ᠶᠢ ᠪᠡᠶᠡᠯᠡᠬᠦᠯᠤᠨ᠂ ᠪᠦᠬᠦ ᠨᠠᠮ ᠢᠶᠠᠷ ᠢᠶᠠᠨ ᠠᠯᠬᠤᠭ᠎ᠠ ᠨᠢᠭᠡᠲᠡᠢ ᠤᠷᠤᠭᠰᠢᠯᠠᠬᠤ ᠶᠢ ᠦᠨᠡᠨ ᠬᠦ | ᠪᠠᠳᠤᠯᠠᠬᠤ ᠶᠢᠨ ᠭᠡᠷᠡᠭᠴᠡᠭᠡ ᠮᠦᠨ︔ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠬᠤ᠂ ᠪᠦᠬᠦ ᠨᠠᠮ ᠤᠨ ᠲᠡᠮᠡᠴᠡᠯ ᠬᠢᠬᠦ | ᠴᠢᠳᠠᠪᠤᠷᠢ ᠪᠠ ᠲᠦᠭᠰᠢᠭᠦᠷᠢ ᠦᠷᠢᠰᠤᠯᠳᠤᠭᠡᠨ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ᠂ ᠨᠠᠮ ᠤᠨ | ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢ ᠡᠭᠦᠷᠢᠳᠡ ᠬᠠᠳᠠᠭᠠᠯᠠᠬᠤ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠬᠦᠯᠬᠦ ᠶᠢᠨ ᠲᠥᠯᠥᠭᠡ | ᠦᠷᠭᠦᠯᠵᠢᠯᠡᠨ ᠲᠡᠮᠡᠴᠡᠬᠦ ᠶᠢᠨ ᠬᠡᠷᠡᠭᠴᠡᠭᠡ ᠮᠥᠨ᠃ ᠪᠦᠬᠦ ᠨᠠᠮ ᠢᠶᠠᠷ ᠢᠶᠠᠨ ᠲᠡᠤᠬᠡ ᠶᠢᠨ ᠪᠣᠳᠠᠰᠴᠢ ᠦᠵᠡᠯᠲᠡ ᠪᠠ | ᠵᠦᠪ ᠨᠠᠮ ᠤᠨ ᠲᠡᠤᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ | ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠭᠡᠳᠡᠭ ᠢ ᠲᠤᠳᠤᠷᠬᠠᠢ ᠲᠠᠨᠢᠵᠤ᠂ | ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠨ᠎ᠠ ᠭᠡᠳᠡᠭ ᠢ ᠲᠤᠳᠤᠷᠬᠠᠢ | ᠣᠶᠢᠯᠠᠭᠠᠬᠤ ᠶᠢᠨ ᠤᠯᠠᠮ ᠠᠴᠠ ᠨᠡᠩ ᠭᠤᠶᠢᠪᠢᠰᠢ ᠦᠭᠡᠢ ᠪᠠᠷ᠂ ᠨᠡᠩ ᠤᠬᠠᠮᠰᠠᠷ ᠠᠴᠠ ᠪᠠᠨ ᠲᠤᠯᠭᠤᠷ ᠵᠤᠷᠢᠯᠳᠠ | ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠦᠭᠵᠢᠬᠦᠯᠬᠦ ᠬᠡᠷᠡᠭᠳᠠᠢ᠃ | 1945 ᠣᠨ ᠳᠤ ᠨᠠᠮ ᠤᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠥᠬᠦᠳᠡ | ᠬᠤᠷᠠᠯ ᠠᠴᠠ ᠪᠠᠲᠤᠯᠠᠭᠰᠠᠨ ︽ᠲᠡᠤᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾᠂ 1981 ᠣᠨ ᠳᠤ | ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ | ᠪᠠᠲᠤᠯᠠᠭᠰᠠᠨ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠤᠬᠡ ᠶᠢᠨ ᠠᠰᠠᠭᠤᠳᠠᠯ ᠤᠳ ᠤᠨ | ᠲᠤᠬᠠᠶ ᠰᠢᠢᠳᠪᠦᠷᠢ︾ ᠨᠢ ᠨᠠᠮ ᠤᠨ ᠴᠢᠬᠤᠯᠠ ᠶᠡᠭᠡ ᠲᠡᠦᠬᠡᠨ ᠬᠡᠷᠡᠭ ᠶᠠᠪᠤᠳᠠᠯ ᠪᠠ ᠴᠢᠬᠤᠯᠠ ᠲᠤᠷᠰᠢᠯᠭ᠎ᠠ | ᠰᠤᠷᠭᠠᠮᠵᠢ ᠶᠢ ᠦᠨᠡᠨ ᠠᠴᠠ ᠵᠥᠪ ᠢ ᠡᠷᠢᠨ ᠳ᠋ᠦᠩᠨᠡᠵᠦ᠂ ᠴᠢᠬᠤᠯᠠ ᠶᠡᠭᠡ ᠲᠡᠤᠬᠡᠨ ᠵᠠᠩᠭᠢᠯᠠᠭ᠎ᠠ ᠶᠢᠨ ᠦᠶ᠎ᠡ ᠳᠤ | ᠪᠦᠬᠦ ᠨᠠᠮ ᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢᠭᠡᠳᠭᠡᠬᠡᠳ᠂ ᠨᠠᠮ ᠪᠠ ᠠᠷᠠᠳ ᠲᠦᠮᠡᠨ ᠤ ᠠᠵᠢᠯ | ᠦᠢᠯᠡᠰ ᠢ ᠠᠬᠢᠭᠤᠯᠬᠤ ᠳᠤ ᠴᠢᠬᠤᠯᠠ ᠬᠦᠳᠦᠯᠦᠨ ᠲᠠᠭᠠᠭᠤᠯᠬᠤ ᠦᠢᠯᠡᠳᠦᠯ ᠦᠵᠡᠭᠦᠯᠪᠠ᠂ ᠲᠡᠭᠦᠨ ᠤ ᠦᠨᠳᠦᠰᠦᠨ | ᠥᠭᠦᠯᠡᠯᠲᠡ ᠪᠠ ᠳ᠋ᠦᠩ ᠨᠢ ᠤᠳᠤ ᠪᠣᠯᠲᠠᠯ᠎ᠠ ᠮᠥᠨ ᠲᠤᠬᠢᠷᠠᠵᠤ ᠪᠠᠶᠢᠨ᠎ᠠ᠃ ᠨᠢᠭᠡ᠂ ᠰᠢᠨ᠎ᠡ ᠠᠷᠠᠳᠴᠢᠯᠠᠭᠰᠠᠨ | ᠬᠤᠪᠢᠰᠬᠠᠯ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠤᠬᠰᠠᠨ ᠰᠢᠨ᠎ᠡ ᠠᠷᠠᠳᠴᠢᠯᠠᠭᠰᠠᠨ ᠬᠤᠪᠢᠰᠬᠠᠯ ᠤᠨ | ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠡᠵᠡᠷᠬᠡᠭ ᠲᠦᠷᠢᠮᠡᠬᠡᠶ ᠶᠣᠰᠣ᠂ ᠹᠧᠣᠳᠠᠯ ᠶᠣᠰᠣ᠂ | ᠨᠣᠶᠠᠨᠴᠢ ᠬᠥᠷᠥᠩᠭᠡᠲᠦ ᠶᠣᠰᠣ ᠶᠢ ᠡᠰᠡᠷᠭᠦᠴᠡᠵᠦ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ | ᠴᠢᠯᠥᠭᠡᠯᠡᠯᠲᠡ ᠶᠢ ᠲᠡᠮᠡᠴᠡᠨ ᠣᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠨᠡᠶᠢᠭᠡᠮ ᠤᠨ ᠦᠨᠳᠦᠰᠦᠨ ᠨᠥᠬᠦᠴᠡᠯ ᠢ ᠪᠤᠢ ᠪᠣᠯᠭᠠᠵᠤ ᠥᠭᠬᠦ ᠶᠠᠪᠤᠳᠠᠯ ᠪᠤᠯᠤᠨ᠎ᠠ᠃ | ᠳᠤᠮᠳᠠᠳᠤ ᠶᠢᠨ ᠦᠨᠳᠦᠰᠦᠲᠡᠨ ᠪᠣᠯ ᠳᠡᠯᠡᠬᠡᠶ ᠳᠡᠭᠡᠷᠡᠬᠢ ᠡᠷᠲᠡᠨ ᠤ ᠪᠥᠭᠡᠳ ᠠᠭᠤᠤ ᠶᠡᠭᠡ ᠦᠨᠳᠦᠰᠦᠲᠡᠨ | ᠮᠦᠨ᠂ ᠲᠠᠪᠤᠨ ᠮᠢᠩᠭ᠎ᠠ ᠭᠠᠷᠤᠶ ᠵᠢᠯ ᠦᠷᠭᠦᠯᠵᠢᠯᠡᠭᠰᠡᠨ ᠭᠡᠷᠡᠯ ᠰᠠᠴᠤᠷᠠᠩᠭᠤᠶ ᠪᠣᠯᠪᠠᠰᠤᠨ ᠢ ᠡᠭᠦᠳᠦᠨ ᠪᠦᠲᠦᠭᠡᠵᠦ᠂ | ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ 1840 | ᠣᠨ ᠤ ᠬᠠᠷ᠎ᠠ ᠲᠠᠮᠠᠬᠢ ᠶᠢᠨ ᠳᠠᠶᠢᠨ ᠤ ᠳᠠᠷᠠᠭ᠎ᠠ᠂ ᠥᠷᠥᠨᠡᠳᠠᠬᠢᠨ ᠤ ᠬᠦᠴᠦᠷᠬᠡᠭ ᠤᠯᠤᠰ ᠤᠳ ᠲᠦᠷᠢᠮᠡᠬᠡᠶᠢᠯᠡᠨ | ᠣᠷᠣᠵᠤ ᠢᠷᠡᠭᠰᠡᠨ ᠪᠠ ᠹᠧᠣᠳᠠᠯ ᠤᠨ ᠨᠣᠶᠠᠷᠬᠠᠯ ᠢᠯᠵᠢᠷᠠᠨ ᠳᠣᠷᠦ᠋ᠢᠲᠠᠭᠰᠠᠨ ᠠᠴᠠ ᠪᠤᠯᠵᠤ᠂ ᠳᠤᠮᠳᠠᠳᠤ ᠤᠯᠤᠰ | ᠠᠯᠬᠤᠮ ᠠᠯᠬᠤᠮ ᠢᠶᠠᠷ ᠬᠠᠭᠠᠰ ᠺᠣᠯᠣᠨᠢ ᠬᠠᠭᠠᠰ ᠹᠧᠣᠳᠠᠯ ᠤᠨ ᠨᠡᠶᠢᠭᠡᠮ ᠳᠤ ᠤᠷᠤᠵᠤ᠂ ᠤᠯᠤᠰ ᠣᠷᠣᠨ ᠭᠤᠲᠤᠭᠠᠯ | ᠲᠤᠷᠤᠮᠵᠢᠯᠠᠯ ᠠᠮᠰᠠᠵᠤ᠂ ᠠᠷᠠᠳ ᠲᠦᠮᠡᠨ ᠠᠶᠤᠯ ᠵᠣᠪᠠᠯᠠᠩ ᠳᠤ ᠤᠨᠠᠵᠤ᠂ ᠰᠤᠶᠤᠯ ᠪᠣᠯᠪᠠᠰᠤᠨ ᠲᠠᠯᠬᠢᠬᠳᠠᠵᠤ᠂ | ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠶ ᠵᠤᠪᠠᠯᠠᠩ ᠳᠤ ᠤᠴᠠᠷᠠᠪᠠ᠃ | ᠦᠨᠳᠦᠰᠦᠲᠡᠨ ᠢᠶᠠᠨ ᠮᠥᠬᠦᠯ ᠠᠴᠠ ᠠᠪᠤᠷᠠᠬᠤ ᠶᠢᠨ ᠲᠥᠯᠥᠭᠡ᠂ ᠳᠤᠮᠳᠠᠳᠤ ᠤᠯᠤᠰ ᠤᠨ ᠠᠷᠠᠳ ᠲᠦᠮᠡᠨ | ᠡᠷᠡᠯᠬᠡᠭᠯᠡᠨ ᠡᠰᠡᠷᠬᠦᠴᠡᠵᠤ᠂ ᠴᠢᠩ ᠵᠣᠷᠢᠭᠲᠠᠳ ᠪᠤᠰᠤᠯᠴᠠᠨ ᠤᠷᠠᠶᠢᠯᠠᠵᠤ᠂ ᠮᠠᠭᠲᠠᠨ ᠳᠠᠭᠤᠯᠠᠭᠤᠰᠢᠲᠠᠶ ᠲᠡᠮᠡᠴᠡᠯ | ᠶᠠᠪᠤᠭᠤᠯᠪᠠ᠃ ᠲᠠᠢ ᠫᠢᠩ ᠲᠢᠶᠠᠨ ᠭᠦᠸᠧ ᠶᠢᠨ ᠬᠥᠳᠡᠯᠭᠡᠭᠡᠨ᠂ ᠭᠠᠳᠠᠭᠠᠳᠤ ᠶᠢ ᠳᠠᠭᠤᠷᠢᠶᠠᠬᠤ ᠬᠥᠳᠡᠯᠭᠡᠭᠡᠨ᠂ | ᠰᠢᠷ᠎ᠠ ᠨᠣᠬᠠᠶ ᠵᠢᠯ ᠤᠨ ᠬᠠᠤᠯᠢ ᠶᠢᠨ ᠥᠭᠡᠷᠡᠴᠢᠯᠡᠯᠲᠡ᠂ ᠢ ᠾᠧ ᠲᠤᠸᠠᠨ ᠤ ᠬᠥᠳᠡᠯᠭᠡᠭᠡᠨ ᠵᠠᠯᠭᠠᠭ᠎ᠠ ᠪᠠᠷ ᠦᠷᠨᠢᠵᠤ᠂ | ᠡᠯ᠎ᠡ ᠵᠦᠢᠯ ᠤᠨ ᠤᠯᠤᠰ ᠢᠶᠠᠨ ᠠᠪᠤᠷᠠᠬᠤ ᠲᠥᠰᠦᠯ ᠢ ᠵᠠᠯᠭᠠᠭ᠎ᠠ ᠪᠠᠷ ᠬᠡᠷᠡᠭᠵᠢᠬᠦᠯᠦᠭᠰᠡᠨ ᠪᠣᠯᠪᠠᠴᠤ ᠴᠥᠮ | ᠢᠯᠠᠭᠳᠠᠯ ᠢᠶᠠᠷ ᠲᠡᠭᠦᠰᠴᠠᠢ᠃ ᠰᠦᠨ ᠵᠦᠩ ᠱᠠᠨ ᠠᠪᠤᠭᠠᠶ ᠶᠢᠨ ᠤᠳᠤᠷᠢᠳᠤᠭᠰᠠᠨ ᠴᠠᠭᠠᠭᠴᠢᠨ ᠭᠠᠭ᠋ᠠᠶ ᠵᠢᠯ ᠤᠨ | ᠬᠤᠪᠢᠰᠬᠠᠯ ᠳᠤᠮᠳᠠᠳᠤ ᠤᠯᠤᠰ ᠢ ᠬᠡᠳᠦᠨ ᠮᠢᠩᠭᠠᠨ ᠵᠢᠯ ᠨᠣᠶᠠᠷᠬᠠᠭᠰᠠᠨ ᠡᠵᠡᠨᠲᠦ ᠶᠣᠰᠣᠨ ᠤ ᠡᠵᠡᠷᠬᠡᠭ | ᠪᠠᠶᠢᠭᠤᠯᠤᠯ ᠢ ᠲᠦᠯᠬᠢᠨ ᠤᠨᠠᠭᠠᠬᠰᠠᠨ ᠪᠤᠯᠪᠠᠴᠤ ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ | ᠨᠡᠶᠢᠭᠡᠮ ᠤᠨ ᠰᠢᠨᠵᠢ ᠴᠢᠨᠠᠷ ᠪᠠ ᠳᠤᠮᠳᠠᠳᠤ ᠤᠯᠤᠰ ᠤᠨ ᠠᠷᠠᠳ ᠲᠦᠮᠡᠨ ᠤ ᠬᠠᠷᠠᠰᠠᠯᠳᠤ ᠬᠤᠪᠢ ᠵᠠᠶᠠᠭ᠎ᠠ ᠶᠢ | ᠬᠤᠪᠢᠷᠠᠭᠤᠯᠵᠤ ᠴᠢᠳᠠᠭᠰᠠᠨ ᠦᠭᠡᠢ᠃ | ᠳᠤᠮᠳᠠᠳᠤ ᠤᠯᠤᠰ ᠰᠢᠨ᠎ᠡ ᠦᠵᠡᠯ ᠰᠠᠨᠠᠭ᠎ᠠ ᠪᠠᠷ ᠮᠥᠬᠦᠯ ᠠᠴᠠ ᠠᠪᠤᠷᠠᠬᠤ ᠬᠥᠳᠡᠯᠭᠡᠭᠡᠨ ᠢ ᠬᠥᠲᠥᠯᠥᠨ | ᠳᠠᠭᠠᠭᠤᠯᠬᠤ ᠶᠢ ᠲᠤᠯᠭᠠᠮ ᠱᠠᠭᠠᠷᠳᠠᠵᠤ᠂ ᠰᠢᠨ᠎ᠡ ᠵᠣᠬᠢᠶᠠᠨ ᠪᠠᠶᠢᠭᠤᠯᠤᠯᠲᠠ ᠪᠠᠷ ᠬᠤᠪᠢᠰᠬᠠᠯ ᠤᠨ ᠬᠦᠴᠦᠨ ᠢ | ᠨᠢᠭᠲᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠪᠠ᠃ ᠠᠷᠪᠠᠨ ᠰᠠᠷ᠎ᠠ ᠶᠢᠨ ᠬᠤᠪᠢᠰᠬᠠᠯ ᠤᠨ ᠫᠤᠤ ᠶᠢᠨ ᠲᠠᠭᠤᠨ | ᠳᠤᠮᠳᠠᠳᠤ ᠤᠯᠤᠰ ᠲᠤ ᠮᠠᠷᠺᠰ ᠯᠧᠨᠢᠨ ᠤ ᠦᠵᠡᠯ ᠢ ᠠᠪᠴᠢᠷᠠᠵᠤ ᠦᠭᠪᠡ᠃ ᠲᠠᠪᠤᠨ ᠰᠠᠷ᠎ᠠ ᠶᠢᠨ ᠲᠦᠷᠪᠡᠨ ᠤ | ᠬᠥᠳᠡᠯᠭᠡᠭᠡᠨ ᠮᠠᠷᠺᠰ ᠤᠨ ᠦᠵᠡᠯ ᠤᠨ ᠳᠤᠮᠳᠠᠳᠤ ᠤᠯᠤᠰ ᠲᠤ ᠳᠡᠯᠭᠡᠷᠡᠬᠦ ᠶᠢ ᠠᠬᠢᠭᠤᠯᠪᠠ᠃ | ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠬᠡᠭᠡᠷᠡᠯᠲᠡ ᠳᠤᠮᠳᠠ᠂ ᠮᠠᠷᠺᠰ ᠯᠧᠨᠢᠨ ᠤ ᠦᠵᠡᠯ ᠢ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠲᠠᠢ | ᠨᠢᠭᠲᠠ ᠤᠶᠠᠯᠳᠤᠭᠤᠯᠬᠤ ᠳᠤᠮᠳᠠ᠂ 1921 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ | ᠴᠠᠭ ᠤᠨ ᠡᠷᠭᠡ ᠪᠠᠷ ᠮᠡᠨᠳᠦᠯᠡᠪᠡ᠃ ᠳᠤᠮᠳᠠᠳᠤ ᠤᠯᠤᠰ ᠲᠤ ᠡᠪ ᠬᠠᠮᠲᠤ ᠨᠠᠮ ᠮᠡᠨᠳᠦᠯᠡᠭᠰᠡᠨ ᠨᠢ ᠤᠷᠢᠳ ᠡᠮᠤᠨ᠎ᠠ | ᠭᠠᠷᠤᠭ᠎ᠠ ᠦᠭᠡᠢ ᠶᠡᠭᠡ ᠬᠡᠷᠡᠭ ᠬᠤᠪᠢᠰᠤᠯ ᠪᠤᠯᠤᠨ᠎ᠠ᠂ ᠳᠤᠮᠳᠠᠳᠤ ᠤᠯᠤᠰ ᠤᠨ ᠬᠤᠪᠢᠰᠬᠠᠯ ᠡᠭᠦᠨ ᠠᠴᠠ ᠡᠬᠢᠯᠡᠨ ᠴᠣ | ᠰᠢᠨ᠎ᠡ ᠳᠦᠷᠰᠦ ᠪᠠᠶᠢᠳᠠᠯ ᠲᠠᠢ ᠪᠣᠯᠤᠭᠰᠠᠨ ᠪᠠᠶᠢᠨ᠎ᠠ᠃ ᠤᠢᠢᠷ᠎ᠠ ᠦᠶ᠎ᠡ ᠶᠢᠨ ᠳᠤᠮᠳᠠᠳᠤ ᠤᠯᠤᠰ ᠤᠨ ᠨᠡᠶᠢᠭᠡᠮ ᠤᠨ | ᠭᠤᠤᠯ ᠵᠥᠷᠢᠴᠡᠯ ᠪᠣᠯ ᠡᠵᠡᠷᠬᠡᠭ ᠲᠦᠷᠢᠮᠡᠬᠡᠶᠢᠳᠠᠨ ᠪᠠ ᠳᠤᠮᠳᠠᠳᠤ ᠶᠢᠨ ᠦᠨᠳᠦᠰᠦᠲᠡᠨ ᠤ ᠬᠤᠭᠤᠷᠤᠨᠳᠤᠬᠢ | ᠵᠥᠷᠢᠴᠡᠯ᠂ ᠹᠸᠤᠳᠠᠯ ᠤᠨ ᠬᠥᠴᠤᠨ ᠪᠠ ᠠᠷᠠᠳ ᠤᠯᠠᠨ ᠤ ᠬᠤᠭᠤᠷᠤᠨᠳᠤᠬᠢ ᠵᠥᠷᠢᠴᠡᠯ ᠪᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠡᠷᠬᠡᠪᠰᠢ | ᠡᠵᠡᠷᠬᠡᠭ ᠲᠦᠷᠢᠮᠡᠬᠡᠶᠢᠳᠡᠨ ᠢ ᠡᠰᠡᠷᠭᠦᠴᠡᠬᠦ ᠹᠸᠤᠳᠠᠯ ᠢ ᠡᠰᠡᠷᠭᠦᠴᠡᠬᠦ ᠲᠡᠮᠡᠴᠡᠯ ᠢ ᠬᠢᠬᠦ ᠬᠡᠷᠡᠭᠲᠡᠶ ᠭᠡᠳᠡᠭ ᠢ ᠨᠠᠮ | ᠭᠦᠨᠵᠡᠭᠡᠶ ᠲᠠᠨᠢᠵᠤ ᠣᠯᠪᠠ᠃ ᠨᠠᠮ ᠪᠠᠶᠢᠭᠤᠯᠤᠭᠳᠠᠭᠰᠠᠨ ᠡᠬᠢᠨ ᠤ ᠦᠶ᠎ᠡ ᠪᠠ ᠶᠡᠭᠡ ᠬᠤᠪᠢᠰᠬᠠᠯ ᠤᠨ ᠦᠶ᠎ᠠ ᠳᠤ᠂ | ᠨᠠᠮ ᠠᠴᠠ ᠠᠷᠠᠳᠴᠢᠯᠠᠭᠰᠠᠨ ᠬᠤᠪᠢᠰᠬᠠᠯ ᠤᠨ ᠬᠥᠲᠥᠯᠪᠦᠷᠢ ᠶᠢ ᠲᠣᠭᠲᠠᠭᠠᠵᠤ᠂ ᠠᠵᠢᠯᠴᠢᠨ ᠤ ᠬᠥᠳᠡᠯᠭᠡᠭᠡᠨ᠂ | ᠵᠠᠯᠠᠭᠤᠴᠤᠳ ᠤᠨ ᠬᠥᠳᠡᠯᠭᠡᠭᠡᠨ᠂ ᠲᠠᠷᠢᠶᠠᠴᠢᠨ ᠤ ᠬᠥᠳᠡᠯᠭᠡᠭᠡᠨ᠂ ᠡᠮᠡᠭᠲᠡᠶᠢᠴᠤᠳ ᠤᠨ ᠬᠥᠳᠡᠯᠭᠡᠭᠡᠨ ᠢ ᠳᠠᠶᠢᠴᠢᠯᠠᠵᠤ᠂ | ᠭᠤᠮᠢᠨᠳᠠᠩ ᠢ ᠥᠭᠡᠷᠡᠴᠢᠯᠡᠨ ᠪᠠᠶᠢᠭᠤᠯᠬᠤ ᠪᠠ ᠢᠷᠭᠡᠨ ᠤ ᠬᠤᠪᠢᠰᠬᠠᠯᠲᠤ ᠴᠡᠷᠢᠭ ᠢ ᠪᠠᠶᠢᠭᠤᠯᠬᠤ ᠶᠢ ᠠᠬᠢᠭᠤᠯᠤᠭᠰᠠᠨ | ᠪᠦᠭᠡᠳ ᠬᠠᠪᠰᠤᠷᠴᠤ᠂ ᠡᠵᠡᠷᠬᠡᠭ ᠲᠦᠷᠢᠮᠡᠬᠡᠶᠢᠳᠡᠨ ᠪᠠ ᠹᠸᠤᠳᠠᠯ ᠢ ᠡᠰᠡᠷᠭᠦᠴᠡᠬᠦ ᠪᠦᠬᠦ ᠤᠯᠤᠰ ᠤᠨ ᠠᠭᠤᠤ ᠶᠡᠭᠡ | ᠲᠡᠮᠡᠴᠡᠯ ᠢ ᠤᠳᠤᠷᠢᠳᠴᠤ᠂ ᠶᠡᠭᠡ ᠬᠤᠪᠢᠰᠬᠠᠯ ᠤᠨ ᠥᠷᠨᠢᠯᠲᠡ ᠭᠠᠷᠭᠠᠪᠠ᠃ 1927 ᠣᠨ ᠳᠤ ᠭᠤᠮᠢᠨᠳᠠᠩ ᠤᠨ | ᠳᠣᠲᠣᠷᠠᠬᠢ ᠲᠡᠷᠰᠯᠡᠭᠦᠤ ᠪᠦᠯᠦᠭ ᠬᠤᠪᠢᠰᠬᠠᠯ ᠠᠴᠠ ᠤᠷᠪᠠᠵᠤ᠂ ᠡᠪ ᠬᠠᠮᠲᠤᠴᠤᠳ ᠪᠠ ᠬᠤᠪᠢᠰᠬᠠᠯᠲᠤ ᠠᠷᠠᠳ | ᠲᠦᠮᠡᠨ ᠢ ᠬᠠᠷᠭᠢᠰ ᠬᠡᠷᠴᠡᠭᠡᠶ ᠪᠠᠷ ᠬᠢᠳᠤᠨ ᠠᠯᠠᠪᠠ᠂ ᠨᠠᠮ ᠤᠨ ᠳᠣᠲᠣᠭᠠᠳᠤ ᠳᠤ ᠴᠧᠨ ᠳ᠋ᠦ᠋ ᠰᠢᠤ ᠪᠠᠷ | ᠲᠥᠯᠥᠭᠡᠯᠡᠭᠦᠯᠦᠭᠰᠡᠨ ᠪᠠᠷᠠᠭᠤᠨ ᠤ ᠦᠵᠡᠯ ᠰᠠᠨᠠᠭ᠎ᠠ ᠬᠥᠭᠵᠢᠭᠡᠳ ᠪᠠᠷᠠᠭᠤᠨ ᠤ ᠪᠥᠭᠡᠷᠡᠩᠬᠡᠶ ᠦᠵᠡᠯ ᠤᠨ ᠠᠯᠳᠠᠭ᠎ᠠ | ᠪᠣᠯᠤᠭᠰᠠᠨ ᠪᠥᠭᠡᠳ ᠨᠠᠮ ᠤᠨ ᠤᠳᠤᠷᠢᠳᠬᠤ ᠪᠠᠶᠢᠭᠤᠯᠭ᠎ᠠ ᠳᠤ ᠨᠣᠶᠠᠷᠬᠠᠬᠤ ᠪᠠᠶᠢᠷᠢ ᠶᠢ ᠡᠵᠡᠯᠡᠭᠰᠡᠨ ᠵᠢᠴᠢ ᠨᠠᠮ ᠪᠠ | ᠠᠷᠠᠳ ᠲᠦᠮᠡᠨ ᠪᠦᠲᠦᠮᠵᠢᠲᠡᠶ ᠡᠰᠡᠷᠭᠦᠴᠡᠯ ᠢ ᠵᠣᠬᠢᠶᠠᠨ ᠪᠠᠶᠢᠭᠤᠯᠵᠤ ᠳᠡᠶᠢᠯᠬᠦ ᠦᠭᠡᠢ ᠪᠠᠶᠢᠬᠰᠠᠨ ᠠᠴᠠ ᠬᠦᠴᠦᠷᠬᠡᠭ | ᠶᠡᠭᠡ ᠳᠠᠶᠢᠰᠤᠨ ᠤ ᠭᠡᠨᠡᠳᠲᠡ ᠶᠢᠨ ᠲᠠᠭᠠᠷᠢᠯᠳᠠ ᠶᠢᠨ ᠳᠣᠤᠷ᠎ᠠ ᠶᠡᠭᠡ ᠬᠤᠪᠢᠰᠬᠠᠯ ᠬᠠᠷᠠᠰᠠᠯᠳᠠᠢ ᠪᠠᠷ ᠢᠯᠠᠭᠳᠠᠪᠠ᠃ | ᠭᠠᠵᠠᠷ ᠲᠠᠷᠢᠶᠠᠨ ᠤ ᠬᠤᠪᠢᠰᠬᠠᠯᠲᠤ ᠳᠠᠶᠢᠨ ᠤ ᠦᠶ᠎ᠡ ᠳᠤ᠂ ᠬᠤᠪᠢᠰᠬᠠᠯ ᠤᠨ ᠵᠡᠪᠰᠡᠭᠲᠦ ᠬᠦᠴᠦᠨ ᠪᠠᠶᠢᠬᠤ ᠦᠭᠡᠢ | ᠪᠣᠯ ᠵᠡᠪᠰᠡᠭᠲᠦ ᠬᠤᠪᠢᠰᠬᠠᠯ ᠤᠨ ᠡᠰᠡᠷᠭᠦᠴᠦᠳ ᠢ ᠢᠯᠠᠵᠤ ᠴᠢᠳᠠᠬᠤ ᠦᠭᠡᠢ᠂ ᠳᠤᠮᠳᠠᠳᠤ ᠤᠯᠤᠰ ᠤᠨ | ᠬᠤᠪᠢᠰᠬᠠᠯ ᠤᠨ ᠢᠯᠠᠯᠲᠠ ᠶᠢ ᠣᠯᠵᠤ ᠴᠢᠳᠠᠬᠤ ᠦᠭᠡᠢ᠂ ᠳᠤᠮᠳᠠᠳᠤ ᠤᠯᠤᠰ ᠤᠨ ᠠᠷᠠᠳ ᠲᠦᠮᠡᠨ ᠪᠠ | ᠳᠤᠮᠳᠠᠳᠤ ᠶᠢᠨ ᠦᠨᠳᠦᠰᠦᠲᠡᠨ ᠤ ᠬᠤᠪᠢ ᠵᠠᠶᠠᠭ᠎ᠠ ᠶᠢ ᠬᠤᠪᠢᠷᠠᠭᠤᠯᠵᠤ ᠴᠢᠳᠠᠬᠤ ᠦᠭᠡᠢ ᠶᠤᠮ᠂ ᠡᠷᠬᠡᠪᠰᠢ ᠵᠡᠪᠰᠡᠭᠲᠦ | ᠬᠤᠪᠢᠰᠬᠠᠯ ᠢᠶᠠᠷ ᠵᠡᠪᠰᠡᠭᠲᠦ ᠬᠤᠪᠢᠰᠬᠠᠯ ᠤᠨ ᠡᠰᠡᠷᠭᠦᠴᠦᠳ ᠢ ᠡᠰᠡᠷᠭᠦᠴᠡᠬᠦ ᠬᠡᠷᠡᠭᠲᠡᠶ ᠭᠡᠳᠡᠭ ᠢ ᠨᠠᠮ ᠬᠠᠲᠠᠭᠤ | ᠰᠢᠷᠦᠭᠦᠨ ᠪᠣᠳᠠᠲᠤ ᠠᠬᠤᠶ ᠶᠢᠨ ᠲᠤᠮᠳᠠ ᠠᠴᠠ ᠲᠠᠨᠢᠵᠤ ᠣᠯᠤᠭᠰᠠᠨ ᠪᠠᠶᠢᠨ᠎ᠠ᠃ ᠨᠠᠨᠴᠠᠩ ᠤᠨ ᠪᠣᠰᠣᠯᠭ᠎ᠠ ᠵᠡᠪᠰᠡᠭᠲᠦ | ᠬᠦᠴᠦᠨ ᠢᠶᠠᠷ ᠭᠤᠮᠢᠨᠳᠠᠩ ᠤᠨ ᠲᠡᠷᠰᠯᠡᠭᠦᠴᠦᠳ ᠢ ᠡᠰᠡᠷᠭᠦᠴᠡᠬᠦ ᠠᠩᠬᠠᠨ ᠤ ᠫᠤᠤ ᠶᠢ ᠲᠠᠯᠪᠢᠭᠰᠠᠨ ᠨᠢ ᠳᠤᠮᠳᠠᠳᠤ | ᠤᠯᠤᠰ ᠤᠨ ᠡᠪ ᠬᠠᠮᠲᠤ ᠨᠠᠮ ᠪᠡᠶ᠎ᠠ ᠪᠠᠨ ᠲᠠᠭᠠᠭᠠᠵᠤ ᠬᠤᠪᠢᠰᠬᠠᠯᠲᠤ ᠳᠠᠶᠢᠨ ᠢ ᠤᠳᠤᠷᠢᠳᠬᠤ᠂ ᠠᠷᠠᠳ ᠤᠨ ᠴᠡᠷᠢᠭ | ᠠᠩᠬᠢ ᠶᠢ ᠡᠭᠦᠳᠦᠨ ᠪᠠᠶᠢᠭᠤᠯᠬᠤ ᠪᠠ ᠵᠡᠪᠰᠡᠭᠲᠦ ᠬᠦᠴᠦᠨ ᠢᠶᠠᠷ ᠲᠦᠷᠤ ᠶᠢᠨ ᠡᠷᠬᠡ ᠶᠢ ᠪᠤᠯᠢᠶᠠᠨ ᠠᠪᠬᠤ ᠶᠢᠨ | ᠡᠬᠢᠯᠡᠯᠲᠡ ᠶᠢ ᠬᠠᠷᠠᠭᠤᠯᠪᠠ᠃ ᠨᠠᠢᠮᠠᠨ ᠰᠠᠷ᠎ᠠ ᠶᠢᠨ ᠳᠤᠯᠤᠭᠠᠨ ᠤ ᠬᠤᠷᠠᠯᠳᠤᠭᠠᠨ ᠠᠴᠠ ᠭᠠᠵᠠᠷ ᠲᠠᠷᠢᠶᠠᠨ ᠤ | ᠬᠤᠪᠢᠰᠬᠠᠯ ᠬᠢᠬᠦ ᠪᠠ ᠵᠡᠪᠰᠡᠭᠲᠦ ᠪᠣᠰᠣᠯᠭ᠎ᠠ ᠭᠠᠷᠭᠠᠬᠤ ᠴᠢᠭᠯᠡᠯᠲᠡ ᠶᠢ ᠲᠣᠭᠲᠠᠭᠠᠪᠠ᠃ ᠨᠠᠮ ᠠᠴᠠ ᠨᠠᠮᠤᠷ ᠤᠨ | ᠬᠤᠷᠢᠶᠠᠯᠲᠠ ᠶᠢᠨ ᠪᠣᠰᠣᠯᠭ᠎ᠠ᠂ ᠭᠤᠸᠠᠩᠵᠧᠦ ᠶᠢᠨ ᠪᠣᠰᠣᠯᠭ᠎ᠠ ᠪᠠ ᠪᠤᠰᠤᠳ ᠮᠠᠰᠢ ᠣᠯᠠᠨ ᠭᠠᠵᠠᠷ ᠣᠷᠣᠨ ᠤ | ᠪᠣᠰᠣᠯᠭ᠎ᠠ ᠶᠢ ᠤᠳᠤᠷᠢᠳᠤᠨ ᠭᠠᠷᠭᠠᠭᠰᠠᠨ ᠪᠤᠯᠪᠠᠴᠤ ᠳᠠᠶᠢᠰᠤᠨ ᠪᠠ ᠮᠠᠨ ᠤ ᠬᠦᠴᠦᠨ ᠤ ᠵᠥᠷᠢᠶ᠎ᠡ ᠮᠠᠰᠢ ᠶᠡᠭᠡ ᠠᠴᠠ | ᠪᠤᠯᠵᠤ ᠡᠳᠡᠭᠡᠷ ᠪᠣᠰᠣᠯᠭ᠎ᠠ ᠶᠢᠨ ᠣᠯᠠᠩᠬᠢ ᠨᠢ ᠢᠯᠠᠭᠳᠠᠵᠠᠶ᠃ ᠲᠤᠬᠠᠶ ᠶᠢᠨ ᠦᠶ᠎ᠡ ᠶᠢᠨ ᠪᠤᠰᠤᠳᠴᠢ ᠨᠥᠬᠦᠴᠡᠯ | ᠳᠣᠣᠷ᠎ᠠ᠂ ᠳᠤᠮᠳᠠᠳᠤ ᠤᠯᠤᠰ ᠤᠨ ᠡᠪ ᠬᠠᠮᠲᠤᠴᠤᠳ ᠤᠷᠤᠰ ᠤᠨ ᠠᠷᠪᠠᠨ ᠰᠠᠷ᠎ᠠ ᠶᠢᠨ ᠬᠤᠪᠢᠰᠬᠠᠯ ᠮᠡᠳᠤ ᠡᠩ | ᠲᠡᠷᠢᠭᠦᠨ ᠳᠤ ᠭᠤᠣᠯ ᠬᠤᠲᠠ ᠶᠢ ᠡᠵᠡᠯᠡᠬᠦ ᠪᠠᠷ ᠲᠠᠮᠵᠢᠨ ᠪᠦᠬᠦ ᠤᠯᠤᠰ ᠤᠨ ᠬᠡᠪᠴᠢᠶᠡᠨ ᠳᠤ ᠬᠤᠪᠢᠰᠬᠠᠯ ᠤᠨ | ᠢᠯᠠᠯᠲᠠ ᠶᠢ ᠣᠯᠵᠤ ᠴᠢᠳᠠᠬᠤ ᠦᠭᠡᠢ ᠶᠤᠮ᠂ ᠨᠠᠮ ᠠᠴᠠ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ | ᠳᠣᠭᠢᠷᠬᠠᠰᠠᠨ ᠬᠤᠪᠢᠰᠬᠠᠯ ᠤᠨ ᠵᠠᠮ ᠢ ᠡᠷᠢᠵᠦ ᠤᠯᠬᠤ ᠶᠢ ᠲᠤᠯᠭᠠᠮ ᠱᠠᠭᠠᠷᠳᠠᠵᠤ ᠪᠠᠶᠢᠬᠰᠠᠨ ᠢ ᠪᠤᠳᠠᠳᠤ ᠬᠡᠷᠡᠭ | ᠬᠡᠷᠡᠴᠢᠯᠠᠵᠠᠢ᠃ | | ᠲᠤᠮᠤ ᠬᠤᠳᠠ ᠨᠤᠭᠤᠳ ᠢ ᠲᠤᠪᠳᠤᠯᠵᠤ ᠪᠠᠶᠢᠬᠰᠠᠨ ᠠᠴᠠ ᠪᠠᠨ ᠬᠥᠳᠡᠭᠡ ᠲᠣᠰᠬᠤᠨ ᠵᠦᠭ ᠤᠷᠤᠭᠰᠢᠯᠠᠬᠤ | ᠪᠣᠯᠤᠭᠰᠠᠨ ᠶᠠᠪᠤᠳᠠᠯ ᠪᠣᠯ ᠳᠤᠮᠳᠠᠳᠤ ᠤᠯᠤᠰ ᠤᠨ ᠬᠤᠪᠢᠰᠬᠠᠯ ᠤᠨ ᠰᠢᠢᠳᠪᠦᠷᠢᠯᠡᠭᠴᠢ ᠠᠴᠢ ᠬᠤᠯᠪᠣᠭᠳᠠᠯ ᠪᠦᠬᠦᠢ | ᠰᠢᠨ᠎ᠡ ᠡᠬᠢᠯᠡᠯᠲᠡ ᠮᠥᠨ᠃ ᠮᠠᠤ ᠽᠧ ᠳ᠋ᠦᠩ ᠨᠥᠬᠦᠷ ᠴᠡᠷᠢᠭ ᠠᠷᠠᠳ ᠢ ᠤᠳᠤᠷᠢᠳᠤᠨ ᠵᠢᠩᠭᠠᠩᠱᠠᠨ ᠳᠤ | ᠠᠩᠬᠠᠳᠠᠭᠴᠢ ᠬᠥᠳᠡᠭᠡ ᠲᠣᠰᠬᠤᠨ ᠤ ᠬᠤᠪᠢᠰᠬᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠨᠠᠮ ᠠᠴᠠ ᠠᠷᠠᠳ | ᠲᠦᠮᠡᠨ ᠢ ᠤᠳᠤᠷᠢᠳᠤᠨ ᠨᠤᠲᠤᠭ ᠤᠨ ᠬᠠᠷᠭᠢᠰᠴᠤᠳ ᠢ ᠴᠣᠬᠢᠨ ᠤᠨᠠᠭᠠᠵᠤ᠂ ᠭᠠᠵᠠᠷ ᠲᠠᠷᠢᠶ᠎ᠠ ᠬᠤᠪᠢᠶᠠᠪᠠ᠃ | ᠭᠦᠲ᠋ᠢᠶᠠᠨ ᠤ ᠬᠤᠷᠠᠯᠳᠤᠭᠠᠨ ᠠᠴᠠ ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠤᠯᠤᠰ ᠲᠥᠷᠥ ᠪᠠᠷ ᠴᠡᠷᠢᠭ | ᠪᠠᠶᠢᠭᠤᠯᠬᠤ ᠵᠠᠷᠴᠢᠮ ᠢ ᠲᠣᠭᠲᠠᠭᠠᠪᠠ᠃ ᠲᠡᠮᠡᠴᠡᠯ ᠤᠨ ᠬᠥᠭᠵᠢᠯᠲᠡ ᠶᠢ ᠳᠠᠭᠠᠯᠳᠤᠨ᠂ ᠨᠠᠮ ᠠᠴᠠ ᠲᠥᠪ ᠤᠨ | ᠬᠤᠪᠢᠰᠬᠠᠯ ᠤᠨ ᠰᠠᠭᠤᠷᠢᠨ ᠭᠠᠵᠠᠷ ᠪᠠ ᠬᠤᠨᠠᠨ ᠬᠤᠪᠸᠢ ᠶᠢᠨ ᠪᠠᠷᠠᠭᠤᠨ ᠬᠡᠰᠡᠭ ᠤᠨ ᠤᠷᠤᠨ᠂ ᠬᠠᠶᠢᠹᠧᠩ ᠯᠦᠹᠧᠩ᠂ | ᠬᠤᠪᠸᠢ ᠾᠧᠨᠠᠨ ᠠᠨᠾᠦ᠋ᠢ᠂ ᠴᠢᠶᠦ᠋ᠩᠶᠠ᠂ ᠹᠦᠵᠢᠶᠠᠨ ᠵᠧᠵᠢᠶᠠᠩ ᠵᠢᠶᠠᠩᠰᠢ᠂ ᠬᠤᠨᠠᠨ ᠬᠤᠪᠸᠢ ᠵᠢᠶᠠᠩᠰᠢ᠂ | ᠬᠤᠨᠠᠨ ᠵᠢᠶᠠᠩᠰᠢ᠂ ᠽᠦᠸᠧᠵᠢᠶᠠᠩ ᠮᠥᠷᠡᠨ ᠶᠢᠤᠵᠢᠶᠠᠩ ᠮᠥᠷᠡᠨ᠂ ᠰᠧᠴᠤᠸᠠᠨ ᠱᠠᠨᠰᠢ᠂ ᠱᠠᠨᠰᠢ ᠭᠠᠨᠰᠦ᠂ ᠬᠤᠨᠠᠨ | ᠬᠤᠪᠸᠢ ᠰᠧᠴᠤᠸᠠᠨ ᠭᠦᠢᠵᠧᠦ ᠵᠡᠷᠭᠡ ᠰᠠᠭᠤᠷᠢᠨ ᠭᠠᠵᠠᠷ ᠢ ᠡᠭᠦᠳᠦᠨ ᠪᠠᠶᠢᠭᠤᠯᠪᠠ᠃ ᠨᠠᠮ ᠠᠴᠠ ᠭᠤᠮᠢᠨᠳᠠᠩ ᠤᠨ | ᠨᠣᠶᠠᠷᠬᠠᠯ ᠳᠣᠣᠷᠠᠬᠢ ᠴᠠᠭᠠᠨ ᠣᠷᠣᠨ ᠳᠤ ᠴᠤ ᠨᠠᠮ ᠪᠤᠯᠤᠨ ᠪᠤᠰᠤᠳ ᠬᠤᠪᠢᠰᠬᠠᠯᠲᠤ ᠵᠣᠬᠢᠶᠠᠨ ᠪᠠᠶᠢᠭᠤᠯᠤᠯᠲᠠ ᠶᠢ | ᠬᠥᠭᠵᠢᠭᠦᠯᠵᠤ᠂ ᠤᠯᠠᠨ ᠲᠦᠮᠡᠨ ᠤ ᠬᠤᠪᠢᠰᠬᠠᠯᠲᠤ ᠲᠡᠮᠡᠴᠡᠯ ᠢ ᠥᠷᠨᠢᠭᠦᠯᠪᠡ᠃ ᠭᠡᠲᠡᠯ᠎ᠡ᠂ ᠨᠠᠮ ᠤᠨ ᠲᠤᠳᠤᠭᠠᠳᠤᠬᠢ | ᠸᠠᠩ ᠮᠢᠩ ᠤᠨ ︽ᠵᠡᠭᠦᠨ︾ ᠤ ᠨᠣᠮᠯᠠᠯ ᠤᠨ ᠦᠵᠡᠯ ᠤᠨ ᠪᠤᠷᠤᠭᠤ ᠤᠳᠤᠷᠢᠳᠤᠯᠭ᠎ᠠ ᠠᠴᠠ ᠪᠤᠯᠵᠤ᠂ ᠲᠥᠪ ᠤᠨ | ᠬᠤᠪᠢᠰᠬᠠᠯ ᠤᠨ ᠰᠠᠭᠤᠷᠢᠨ ᠭᠠᠵᠠᠷ ᠤᠨ ᠲᠠᠪᠤᠳᠤᠭᠠᠷ ᠤᠳᠠᠭᠠᠨ ᠤ ︽ᠪᠦᠰᠡᠯᠡᠨ ᠤᠰᠠᠳᠬᠠᠯᠲᠠ︾ ᠶᠢ ᠡᠰᠡᠷᠭᠦᠴᠡᠭᠦ | ᠲᠡᠮᠡᠴᠡᠯ ᠢᠯᠠᠭᠳᠠᠵᠤ᠂ ᠤᠯᠠᠭᠠᠨ ᠴᠡᠷᠢᠭ ᠪᠠᠶᠢᠯᠳᠤᠬᠤ ᠪᠤᠳᠤᠯᠭ᠎ᠠ ᠶᠢᠨ ᠰᠢᠯᠵᠢᠯᠲᠡ ᠬᠢᠬᠦ ᠦᠭᠡᠢ ᠪᠠᠶᠢᠬᠤ ᠶᠢᠨ | ᠠᠷᠭ᠎ᠠ ᠦᠭᠡᠢ ᠪᠤᠯᠵᠠᠢ᠂ ᠲᠦᠢᠯ ᠤᠨ ᠬᠠᠲᠠᠭᠤ ᠪᠡᠷᠬᠡᠰᠢᠶᠡᠯᠲᠠᠢ ᠤᠷᠳᠤ ᠵᠠᠮ ᠤᠨ ᠠᠶᠠᠨ ᠲᠠᠶᠢᠨ ᠢ ᠬᠢᠵᠤ ᠠᠶᠠᠯᠠᠨ | ᠪᠠᠶᠢᠯᠳᠤᠭᠰᠠᠭᠠᠷ ᠱᠠᠨᠰᠢ ᠶᠢᠨ ᠬᠤᠶᠢᠳᠤ ᠬᠡᠰᠡᠭ ᠲᠤ ᠬᠥᠷᠪᠡ᠃ ︽ᠵᠡᠭᠦᠨ︾ ᠤ ᠱᠤᠭᠤᠮ ᠤᠨ ᠠᠯᠳᠠᠭ᠎ᠠ ᠨᠢ | ᠬᠤᠪᠢᠰᠬᠠᠯ ᠤᠨ ᠰᠠᠭᠤᠷᠢᠨ ᠭᠠᠵᠠᠷ ᠪᠠ ᠴᠠᠭᠠᠨ ᠣᠷᠣᠨ ᠤ ᠬᠤᠪᠢᠰᠬᠠᠯ ᠤᠨ ᠬᠦᠴᠦᠨ ᠳᠤ ᠲᠦᠢᠯ ᠤᠨ ᠶᠡᠭᠡ | ᠬᠤᠬᠢᠷᠠᠯ ᠤᠴᠠᠷᠠᠭᠤᠯᠵᠠᠶ᠃ | 1935 ᠣᠨ ᠤ 1 ᠰᠠᠷ᠎ᠠ ᠳᠤ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠤᠷᠳᠤ ᠵᠠᠮ ᠤᠨ | ᠠᠶᠠᠨ ᠲᠠᠶᠢᠨ ᠤ ᠳᠤᠮᠳᠠ ᠽᠦᠨᠶ᠋ᠢ ᠶᠢᠨ ᠬᠤᠷᠠᠯᠳᠤᠭᠠᠨ ᠢ ᠬᠤᠷᠠᠯᠳᠤᠭᠤᠯᠤᠭᠰᠠᠨ ᠨᠢ ᠬᠡᠷᠡᠭ ᠳᠡᠭᠡᠷ᠎ᠡ ᠪᠠᠨ ᠮᠠᠤ ᠽᠧ | ᠳ᠋ᠦᠩ ᠨᠥᠬᠦᠷ ᠤᠨ ᠨᠠᠮ ᠤᠨ ᠲᠥᠪ ᠬᠤᠷᠢᠶ᠎ᠠ ᠪᠠ ᠤᠯᠠᠭᠠᠨ ᠴᠡᠷᠢᠭ ᠲᠠᠬᠢ ᠤᠳᠤᠷᠢᠳᠬᠤ ᠪᠠᠶᠢᠷᠢ ᠰᠠᠭᠤᠷᠢ ᠶᠢ | ᠲᠣᠭᠲᠠᠭᠠᠵᠤ᠂ ᠮᠠᠤ ᠽᠧ ᠳ᠋ᠦᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠮᠠᠷᠺᠰ ᠤᠨ ᠦᠵᠡᠯ ᠤᠨ | ᠵᠥᠪ ᠱᠤᠭᠤᠮ ᠤᠨ ᠨᠠᠮ ᠤᠨ ᠲᠥᠪ ᠬᠤᠷᠢᠶ᠎ᠠ ᠳᠠᠬᠢ ᠤᠳᠤᠷᠢᠳᠬᠤ ᠪᠠᠶᠢᠷᠢ ᠰᠠᠭᠤᠷᠢ ᠶᠢ ᠡᠬᠢᠯᠡᠨ ᠲᠣᠭᠲᠠᠭᠠᠵᠤ᠂ | ᠮᠠᠤ ᠽᠧ ᠳ᠋ᠦᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶᠠᠨ ᠤ | ᠤᠳᠤᠷᠢᠳᠬᠤ ᠬᠠᠮᠲᠤ ᠶᠢ ᠡᠬᠢᠯᠡᠨ ᠪᠦᠷᠢᠯᠳᠦᠭᠦᠯᠵᠦ᠂ ᠨᠠᠮ ᠤᠨ ᠪᠡᠶ᠎ᠡ ᠪᠠᠨ ᠳᠠᠭᠠᠭᠠᠨ ᠡᠵᠡᠨ ᠮᠡᠳᠡᠵᠦ ᠳᠤᠮᠳᠠᠳᠤ | ᠤᠯᠤᠰ ᠤᠨ ᠬᠤᠪᠢᠰᠬᠠᠯ ᠤᠨ ᠪᠣᠳᠠᠲᠤ ᠠᠰᠠᠭᠤᠳᠠᠯ ᠢ ᠰᠢᠢᠳᠪᠦᠷᠢᠯᠡᠬᠦ ᠰᠢᠨ᠎ᠡ ᠱᠠᠲᠤ ᠶᠢ ᠨᠡᠭᠡᠭᠡᠭᠡᠳ᠂ ᠬᠠᠮᠤᠭ ᠤᠨ | ᠲᠦᠭᠰᠢᠭᠦᠷᠢᠲᠡᠶ ᠵᠠᠩᠭᠢᠯᠠᠭ᠎ᠠ ᠶᠢᠨ ᠦᠶ᠎ᠡ ᠳᠤ ᠨᠠᠮ ᠢ ᠠᠪᠤᠷᠠᠵᠤ᠂ ᠤᠯᠠᠭᠠᠨ ᠴᠡᠷᠢᠭ ᠢ ᠠᠪᠤᠷᠠᠵᠤ᠂ ᠳᠤᠮᠳᠠᠳᠤ | ᠤᠯᠤᠰ ᠤᠨ ᠬᠤᠪᠢᠰᠬᠠᠯ ᠢ ᠠᠪᠤᠷᠬᠠᠰᠠᠨ ᠪᠥᠭᠡᠳ ᠲᠡᠬᠦᠨ ᠤ ᠲᠠᠷᠠᠭ᠎ᠠ ᠨᠠᠮ ᠠᠴᠠ ᠵᠠᠩ ᠭᠦᠸᠧ ᠲᠤᠤ ᠶᠢᠨ | ᠬᠠᠭᠠᠴᠠᠭᠤᠯᠬᠤ ᠦᠵᠡᠯ ᠢ ᠢᠯᠠᠵᠤ᠂ ᠤᠷᠳᠤ ᠵᠠᠮ ᠤᠨ ᠠᠶᠠᠨ ᠲᠠᠶᠢᠨ ᠢ ᠢᠯᠠᠯᠲᠠ ᠲᠠᠢ ᠪᠠᠷ ᠪᠠᠶᠡᠯᠡᠬᠦᠯᠵᠦ᠂ | ᠳᠤᠮᠳᠠᠳᠤ ᠤᠯᠤᠰ ᠤᠨ ᠬᠤᠪᠢᠰᠬᠠᠯ ᠤᠨ ᠰᠢᠨ᠎ᠡ ᠪᠠᠶᠢᠳᠠᠯ ᠢ ᠪᠤᠢ ᠪᠣᠯᠭᠠᠵᠤ ᠴᠢᠳᠠᠬᠰᠠᠨ ᠶᠤᠮ᠃ ᠡᠨᠡ ᠪᠤᠯ ᠨᠠᠮ ᠤᠨ | ᠲᠡᠤᠬᠡᠨ ᠳᠡᠬᠡᠷᠡᠬᠢ ᠮᠠᠨᠳᠤᠯ ᠮᠦᠬᠦᠯ ᠳᠤ ᠬᠤᠯᠪᠣᠭᠳᠠᠬᠰᠠᠨ ᠡᠷᠭᠢᠯᠲᠡ ᠮᠥᠨ᠃ ᠶᠠᠫᠣᠨ ᠢ ᠡᠰᠡᠷᠭᠦᠴᠡᠬᠦ ᠳᠠᠶᠢᠨ ᠤ | ᠦᠶ᠎ᠡ ᠳᠤ᠂ ᠶᠢᠰᠦᠨ ᠰᠠᠷ᠎ᠠ ᠶᠢᠨ ᠠᠷᠪᠠᠨ ᠨᠠᠢᠮᠠᠨ ᠤ ᠬᠡᠷᠡᠭ ᠬᠤᠪᠢᠰᠤᠯ ᠤᠨ ᠳᠠᠷᠠᠭ᠎ᠠ᠂ ᠳᠤᠮᠳᠠᠳᠤ ᠶᠠᠫᠣᠨ ᠤ | ᠦᠨᠳᠦᠰᠦᠲᠡᠨ ᠤ ᠵᠥᠷᠢᠴᠡᠯ ᠠᠭᠠᠵᠢᠮ ᠢᠶᠠᠷ ᠤᠯᠤᠰ ᠤᠨ ᠳᠣᠲᠣᠭᠠᠳᠤ ᠶᠢᠨ ᠠᠩᠭᠢ ᠶᠢᠨ ᠵᠥᠷᠢᠴᠡᠯ ᠠᠴᠠ ᠳᠠᠪᠠᠵᠤ | ᠭᠤᠣᠯ ᠵᠥᠷᠢᠴᠡᠯ ᠪᠣᠯᠪᠠ᠃ ᠶᠠᠫᠣᠨ ᠤ ᠡᠵᠡᠷᠬᠡᠭ ᠲᠦᠷᠢᠮᠡᠬᠡᠶᠢᠲᠡᠨ ᠮᠠᠨ ᠤ ᠤᠯᠤᠰ ᠢ ᠲᠦᠷᠢᠮᠡᠬᠡᠶᠢᠯᠡᠬᠦ ᠪᠠᠨ | ᠲᠦᠷᠭᠡᠳᠭᠡᠵᠤ᠂ ᠦᠨᠳᠦᠰᠦᠲᠡᠨ ᠤ ᠲᠦᠭᠰᠢᠬᠦᠷᠢ ᠤᠷᠢᠳ ᠡᠮᠦᠨ᠎ᠡ ᠭᠠᠷᠤᠭ᠎ᠠ ᠦᠭᠡᠢ ᠬᠦᠨᠳᠦ ᠨᠣᠴᠢᠲᠠᠶ ᠪᠣᠯᠤᠭᠰᠠᠨ | ᠵᠠᠩᠭᠢᠯᠠᠭ᠎ᠠ ᠶᠢᠨ ᠦᠶ᠎ᠠ ᠳᠤ᠂ ᠨᠠᠮ ᠠᠴᠠ ᠡᠩ ᠲᠡᠷᠢᠭᠦᠨ ᠳᠤ ᠵᠡᠪᠰᠡᠭᠲᠦ ᠬᠦᠴᠦᠨ ᠢᠶᠠᠷ ᠶᠠᠫᠣᠨ ᠢ ᠡᠰᠡᠷᠭᠦᠴᠡᠬᠦ | ᠲᠤᠭ ᠢ ᠥᠨᠳᠥᠷ ᠮᠠᠨᠳᠤᠭᠤᠯᠤᠨ᠂ ᠶᠠᠫᠣᠨ ᠢ ᠡᠰᠡᠷᠭᠦᠴᠡᠨ ᠮᠥᠬᠦᠯ ᠠᠴᠠ ᠠᠪᠤᠷᠠᠬᠤ ᠬᠥᠳᠡᠯᠭᠡᠭᠡᠨ ᠢ ᠥᠷᠭᠡᠨ ᠢᠶᠠᠷ | ᠥᠷᠨᠢᠭᠦᠯᠵᠦ᠂ ᠰᠢ ᠠᠨ ᠤ ᠬᠡᠷᠡᠭ ᠬᠤᠪᠢᠰᠤᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠠᠬᠢᠭᠤᠯᠤᠭᠰᠠᠨ ᠨᠢ | ᠭᠤᠮᠢᠨᠳᠠᠩ ᠡᠪ ᠬᠠᠮᠲᠤ ᠨᠠᠮ ᠤᠨ ᠳᠠᠬᠢᠨᠲᠠ ᠬᠠᠮᠲᠤᠷᠠᠨ ᠠᠵᠢᠯᠯᠠᠬᠤ ᠶᠢ ᠠᠬᠢᠭᠤᠯᠬᠤ᠂ ᠨᠢᠬᠳᠠᠷᠠᠨ ᠪᠦᠯᠬᠦᠮᠳᠡᠵᠦ | ᠶᠠᠫᠣᠨ ᠢ ᠡᠰᠡᠷᠭᠦᠴᠡᠬᠦ ᠳᠤ ᠴᠢᠬᠤᠯᠠ ᠶᠡᠭᠡ ᠲᠡᠤᠬᠡᠲᠦ ᠦᠢᠯᠡᠳᠦᠯ ᠦᠵᠡᠭᠦᠯᠪᠡ᠃ ᠳᠣᠯᠣᠭᠠᠨ ᠰᠠᠷ᠎ᠠ ᠶᠢᠨ | ᠲᠤᠯᠤᠭᠠᠨ ᠤ ᠬᠡᠷᠡᠭ ᠬᠤᠪᠢᠰᠤᠯ ᠤᠨ ᠲᠠᠷᠠᠭ᠎ᠠ᠂ ᠨᠠᠮ ᠠᠴᠠ ᠶᠠᠫᠣᠨ ᠢ ᠡᠰᠡᠷᠭᠦᠴᠡᠬᠦ ᠦᠨᠳᠦᠰᠦᠲᠡᠨ ᠤ ᠨᠢᠭᠡᠳᠦᠮᠡᠯ | ᠹᠷᠣᠨᠲ ᠤᠨ ᠵᠥᠪ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠪᠦᠬᠦ ᠲᠠᠯ᠎ᠠ ᠪᠠᠷ ᠶᠠᠫᠣᠨ ᠢ ᠡᠰᠡᠷᠭᠦᠴᠡᠬᠦ ᠳᠠᠶᠢᠨ ᠤ | ᠱᠤᠭᠤᠮ ᠢ ᠪᠠᠷᠢᠮᠲᠠᠯᠠᠵᠤ᠂ ᠤᠳᠠᠭᠠᠨ ᠳᠠᠭᠠᠭᠠᠮᠠᠭᠠᠶ ᠳᠠᠶᠢᠨ ᠬᠢᠬᠦ ᠪᠠᠶᠢᠯᠳᠤᠬᠤ ᠪᠤᠳᠤᠯᠭ᠎ᠠ ᠶᠢᠨ ᠶᠡᠷᠦᠩᠬᠡᠶ ᠴᠢᠭᠯᠡᠯᠲᠡ | ᠪᠠ ᠠᠷᠠᠳ ᠤᠨ ᠳᠠᠶᠢᠨ ᠤ ᠢᠵᠢ ᠪᠦᠷᠢᠳᠦᠭᠰᠡᠨ ᠪᠠᠶᠢᠯᠳᠤᠬᠤ ᠪᠤᠳᠤᠯᠭ᠎ᠠ ᠪᠠᠶᠢᠯᠳᠤᠬᠤ ᠠᠷᠭ᠎ᠠ ᠶᠢ ᠳᠤᠷᠠᠳᠤᠨ | ᠭᠠᠷᠭᠠᠬᠰᠠᠨ ᠪᠠ ᠬᠡᠷᠡᠭᠵᠢᠭᠦᠯᠵᠤ᠂ ᠳᠠᠶᠢᠰᠤᠨ ᠤ ᠠᠷᠤ ᠲᠠᠯ᠎ᠠ ᠶᠢᠨ ᠥᠷᠭᠡᠨ ᠠᠭᠤᠳᠠᠮ ᠳᠠᠶᠢᠨ ᠤ ᠲᠠᠯᠠᠪᠤᠷ ᠢ | ᠨᠡᠭᠡᠭᠡᠭᠰᠡᠨ ᠪᠠ ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠢ ᠪᠠᠶᠢᠭᠤᠯᠵᠤ᠂ ᠨᠠᠢᠮᠠᠳᠤᠭᠠᠷ ᠵᠠᠮ ᠤᠨ ᠴᠡᠷᠢᠭ᠂ ᠰᠢᠨ᠎ᠡ | ᠳᠥᠷᠪᠡᠳᠦᠭᠡᠷ ᠠᠷᠮᠢ᠂ ᠵᠡᠭᠦᠨ ᠬᠤᠶᠢᠲᠤ ᠣᠷᠣᠨ ᠤ ᠶᠠᠫᠣᠨ ᠢ ᠡᠰᠡᠷᠭᠦᠴᠡᠬᠦ ᠬᠤᠯᠪᠣᠭᠠᠲᠤ ᠴᠡᠷᠢᠭ ᠪᠠ ᠶᠠᠫᠣᠨ ᠢ | ᠡᠰᠡᠷᠭᠦᠴᠡᠬᠦ ᠪᠤᠰᠤᠳ ᠠᠷᠠᠳ ᠤᠨ ᠵᠡᠪᠰᠡᠭᠲᠦ ᠬᠦᠴᠦᠨ ᠢ ᠤᠳᠤᠷᠢᠳᠤᠨ᠂ ᠦᠨᠳᠦᠰᠦᠳᠡᠨ ᠲᠠᠶᠠᠭᠠᠷ ᠶᠠᠫᠣᠨ ᠢ | ᠡᠰᠡᠷᠭᠦᠴᠡᠬᠦ ᠳᠠᠶᠢᠨ ᠤ ᠭᠤᠤᠯ ᠲᠤᠯᠭᠠᠭᠤᠷᠢ ᠪᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ | ᠡᠰᠡᠷᠭᠦᠴᠡᠭᠰᠡᠨ ᠳᠠᠶᠢᠨ ᠤ ᠡᠴᠦᠰ ᠤᠨ ᠢᠯᠠᠯᠲᠠ ᠶᠢ ᠣᠯᠬᠤ ᠪᠤᠯᠳᠠᠯ᠎ᠠ ᠡᠷᠡᠯᠭᠡᠭ ᠪᠠᠭᠠᠳᠤᠷᠯᠢᠭ ᠢᠶᠠᠷ ᠪᠠᠶᠢᠯᠳᠤᠵᠡᠢ᠃ | ᠡᠨᠡ ᠪᠣᠯ ᠤᠢᠢᠷ᠎ᠠ ᠦᠶ᠎ᠡ ᠠᠴᠠ ᠨᠠᠭᠠᠰᠢ ᠳᠤᠮᠳᠠᠳᠤ ᠤᠯᠤᠰ ᠤᠨ ᠠᠷᠠᠳ ᠲᠦᠮᠡᠨ ᠤ ᠬᠠᠷᠢ ᠶᠢᠨ ᠳᠠᠶᠢᠰᠤᠨ ᠤ | ᠲᠦᠷᠢᠮᠡᠬᠡᠶᠢᠯᠡᠯ ᠢ ᠡᠰᠡᠷᠭᠦᠴᠡᠭᠡᠳ ᠠᠩᠬ᠎ᠠ ᠤᠳᠠᠭ᠎ᠠ ᠪᠦᠷᠢᠨ ᠢᠯᠠᠯᠲᠠ ᠣᠯᠤᠭᠰᠠᠨ ᠦᠨᠳᠦᠰᠦᠲᠡᠨ ᠤ | ᠴᠢᠯᠥᠭᠡᠯᠡᠯᠲᠡ ᠶᠢᠨ ᠲᠡᠮᠡᠴᠡᠯ ᠪᠣᠯᠤᠨ᠎ᠠ᠂ ᠮᠥᠨ ᠴᠦ ᠳᠡᠯᠡᠬᠡᠶ ᠶᠢᠨ ᠹᠠᠱᠢᠰ ᠢ ᠡᠰᠡᠷᠭᠦᠴᠡᠭᠰᠡᠨ ᠲᠠᠶᠢᠨ ᠤ | ᠢᠯᠠᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠴᠢᠯᠥᠭᠡᠯᠡᠬᠦ ᠳᠠᠶᠢᠨ ᠤ ᠦᠶ᠎ᠠ ᠳᠤ᠂ ᠭᠤᠮᠢᠨᠳᠠᠩ ᠤᠨ | ᠲᠡᠷᠰᠯᠡᠭᠦᠴᠦᠳ ᠤᠨ ᠠᠶᠤᠮᠰᠢᠭ ᠦᠭᠡᠢ ᠪᠠᠷ ᠡᠭᠦᠰᠭᠡᠭᠰᠡᠨ ᠪᠦᠬᠦ ᠲᠠᠯ᠎ᠠ ᠶᠢᠨ ᠳᠣᠲᠣᠭᠠᠳᠤ ᠶᠢᠨ ᠳᠠᠶᠢᠨ ᠤ ᠡᠮᠦᠨ᠎ᠡ᠂ | ᠨᠠᠮ ᠠᠴᠠ ᠥᠷᠭᠡᠨ ᠣᠯᠠᠨ ᠴᠡᠷᠢᠭ ᠠᠷᠠᠳ ᠢ ᠤᠳᠤᠷᠢᠳᠤᠨ ᠢᠳᠡᠪᠬᠢᠲᠡᠶ ᠰᠡᠷᠭᠡᠶᠢᠯᠡᠯᠲᠡ ᠬᠢᠵᠦ | ᠪᠠᠶᠢᠭᠰᠠᠨ ᠠᠴᠠ ᠪᠠᠨ ᠪᠠᠶᠢᠯᠳᠤᠬᠤ ᠪᠣᠳᠣᠯᠭ᠎ᠠ ᠶᠢᠨ ᠳᠠᠭᠠᠷᠢᠯᠲᠠ ᠬᠢᠬᠦ ᠳᠤ ᠠᠯᠬᠤᠮ ᠠᠯᠬᠤᠮ ᠢᠶᠠᠷ ᠰᠢᠯᠵᠢᠵᠦ᠂ | ᠯᠢᠶᠣᠤ ᠱᠧᠨ᠂ ᠬᠤᠸᠠᠢ ᠬᠠᠶ᠂ ᠫᠢᠩ ᠶᠢᠨ ᠭᠤᠷᠪᠠᠨ ᠶᠡᠭᠡ ᠳᠠᠶᠢᠯᠠᠯᠳᠤᠭᠠᠨ ᠪᠣᠯᠤᠨ ᠬᠦᠬᠡᠮᠦ᠋ᠷᠡᠨ ᠢ ᠭᠠᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ᠂ ᠳᠤᠮᠳᠠᠳᠤ ᠡᠮᠦᠨᠡᠲᠦ ᠣᠷᠣᠨ᠂ ᠪᠠᠷᠠᠭᠤᠨ ᠬᠤᠶᠢᠲᠤ ᠣᠷᠣᠨ᠂ ᠪᠠᠷᠠᠭᠤᠨ | ᠡᠮᠦᠨᠡᠲᠦ ᠣᠷᠣᠨ ᠵᠦᠭ ᠢᠯᠠᠯᠲᠠ ᠲᠠᠢ ᠪᠠᠷ ᠤᠷᠤᠭᠰᠢᠯᠠᠵᠤ᠂ ᠭᠤᠮᠢᠨᠳᠠᠩ ᠤᠨ ᠲᠡᠷᠰᠯᠡᠭᠦᠴᠦᠳ ᠤᠨ ᠨᠠᠢᠮᠠᠨ ᠵᠠᠭᠤᠨ | ᠲᠦᠮᠡᠨ ᠴᠡᠷᠢᠭ ᠢ ᠤᠰᠠᠳᠬᠠᠵᠤ᠂ ᠭᠤᠮᠢᠨᠳᠠᠩ ᠤᠨ ᠲᠡᠷᠰᠯᠡᠭᠦᠦ ᠵᠠᠰᠠᠭ ᠤᠨ ᠣᠷᠳᠣᠨ ᠢ ᠲᠦᠯᠬᠢᠨ ᠤᠨᠠᠭᠠᠵᠤ᠂ | ᠡᠵᠡᠷᠬᠡᠭ ᠲᠦᠷᠢᠮᠡᠬᠡᠶ ᠶᠣᠰᠣ᠂ ᠹᠸᠤᠳᠠᠯ ᠶᠣᠰᠣ᠂ ᠨᠣᠶᠠᠨᠴᠢ ᠬᠥᠷᠥᠩᠭᠡᠲᠦ ᠶᠣᠰᠣ ᠭᠡᠬᠦ ᠭᠤᠷᠪᠠᠨ ᠶᠡᠭᠡ ᠠᠭᠤᠯᠠ ᠶᠢ | ᠲᠦᠯᠬᠢᠨ ᠤᠨᠠᠭᠠᠪᠠ᠃ ᠨᠠᠮ ᠤᠨ ᠤᠳᠤᠷᠢᠳᠤᠭᠰᠠᠨ ᠠᠷᠠᠳ ᠤᠨ ᠴᠡᠷᠢᠭ ᠠᠩᠭᠢ ᠨᠢ ᠠᠷᠠᠳ ᠲᠦᠮᠡᠨ ᠤ ᠳᠡᠮᠵᠢᠯᠭᠡ | ᠳᠣᠣᠷ᠎ᠠ᠂ ᠪᠤᠴᠠᠯᠲᠠ ᠦᠭᠡᠢ ᠤᠷᠤᠭᠰᠢᠯᠠᠬᠤ ᠪᠠᠭᠠᠲᠤᠷ ᠵᠣᠷᠢᠭ ᠢᠶᠠᠷ ᠲᠦᠢᠯ ᠤᠨ ᠬᠠᠷᠭᠢᠰ ᠬᠡᠷᠴᠡᠭᠡᠶ ᠳᠠᠶᠢᠰᠤᠨ ᠲᠠᠢ | ᠦᠬᠦᠵᠦ ᠰᠡᠬᠡᠬᠦ ᠶᠢᠨ ᠲᠡᠮᠡᠴᠡᠯ ᠬᠢᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠲᠡᠮᠡᠴᠡᠨ | ᠤᠯᠬᠤ ᠳᠤ ᠲᠡᠦᠬᠡᠨ ᠭᠠᠪᠢᠶ᠎ᠠ ᠵᠢᠳᠬᠦᠯ ᠪᠠᠶᠢᠭᠤᠯᠪᠠ᠃ ᠬᠤᠪᠢᠰᠬᠠᠯᠲᠤ ᠲᠡᠮᠡᠴᠡᠯ ᠤᠨ ᠳᠤᠮᠳᠠ᠂ ᠮᠠᠤ ᠽᠧ ᠳ᠋ᠦᠩ | ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠯᠧᠨᠢᠨ ᠤ | ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠰᠢᠷᠭᠠᠭᠤ ᠬᠠᠲᠠᠭᠤᠵᠢᠯᠲᠠᠶ ᠬᠠᠶᠢᠨ ᠰᠦᠪᠡᠭᠴᠢᠯᠡᠯᠲᠡ ᠬᠢᠵᠦ᠂ ᠯᠤᠲᠤ ᠶᠡᠭᠡ ᠦᠷᠡᠭᠳᠡᠯ ᠭᠠᠷᠭᠠᠵᠤ ᠪᠠᠶᠢᠭᠠᠳ | ᠬᠤᠷᠠᠮᠳᠤᠭᠤᠯᠤᠭᠰᠠᠨ ᠠᠯᠢ ᠤᠯᠠᠨ ᠥᠪᠡᠷᠮᠢᠴᠡ ᠪᠦᠲᠦᠭᠡᠯᠴᠢ ᠴᠢᠨᠠᠷᠲᠠᠶ ᠲᠤᠷᠰᠢᠯᠭ᠎ᠠ ᠳᠤ ᠤᠨᠤᠯ ᠤᠨ | ᠬᠤᠷᠢᠶᠠᠩᠭᠤᠶᠢᠯᠠᠯ ᠬᠢᠵᠤ᠂ ᠬᠥᠳᠡᠭᠡ ᠲᠣᠰᠬᠤᠨ ᠢᠶᠠᠷ ᠬᠤᠲᠠ ᠶᠢ ᠪᠦᠰᠡᠯᠡᠬᠦ᠂ ᠵᠡᠪᠰᠡᠭᠲᠦ ᠬᠦᠴᠦᠨ ᠢᠶᠠᠷ | ᠲᠦᠷᠤ ᠶᠢᠨ ᠡᠷᠬᠡ ᠶᠢ ᠪᠤᠯᠢᠶᠠᠨ ᠠᠪᠬᠤ ᠵᠥᠪ ᠣᠨᠣᠪᠴᠢᠲᠠᠶ ᠬᠤᠪᠢᠰᠬᠠᠯ ᠤᠨ ᠵᠠᠮ ᠢ ᠨᠡᠭᠡᠭᠡᠵᠦ᠂ ᠮᠠᠤ ᠽᠧ | ᠳ᠋ᠦᠩ ᠤᠨ ᠦᠵᠡᠯ ᠰᠠᠨᠠᠭ᠎ᠠ ᠶᠢ ᠪᠤᠢ ᠪᠣᠯᠭᠠᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠲᠡᠮᠡᠴᠡᠨ | ᠤᠯᠬᠤ ᠳᠤ ᠵᠥᠪ ᠴᠢᠭᠯᠡᠯ ᠢ ᠲᠣᠳᠣᠷᠬᠠᠶ ᠵᠢᠭᠠᠵᠤ ᠥᠭᠪᠡ᠃ ᠬᠤᠪᠢᠰᠬᠠᠯᠲᠤ ᠲᠡᠮᠡᠴᠡᠯ ᠤᠨ ᠳᠤᠮᠳᠠ᠂ ᠨᠠᠮ ᠠᠴᠠ | ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠲᠤᠯᠭᠤᠷ ᠵᠤᠷᠢᠯᠲᠠ ᠪᠠᠨ ᠦᠢᠯᠡᠳᠦᠯᠭᠡᠵᠢᠭᠦᠯᠬᠦ᠂ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠦᠷᠡᠭᠳᠡᠯ ᠰᠦᠢᠳᠦᠯ ᠠᠴᠠ ᠦᠯᠦ ᠠᠶᠤᠬᠤ᠂ ᠡᠷᠡᠯᠬᠡᠭ | ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠪᠠᠶᠢᠬᠤ᠂ ᠠᠷᠠᠳ ᠲᠦᠮᠡᠨ ᠳᠡᠭᠡᠨ ᠦᠯᠦ ᠣᠰᠣᠯᠳᠠᠬᠤ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ | ᠢᠨᠵᠧᠨᠧᠷᠢᠩ ᠢ ᠬᠡᠷᠡᠭᠵᠢᠭᠦᠯᠦᠭᠰᠡᠨ ᠪᠠ ᠠᠬᠢᠭᠤᠯᠵᠤ᠂ ᠤᠨᠴᠠᠭᠠᠶᠢᠯᠠᠨ ᠦᠵᠡᠯ ᠰᠠᠨᠠᠭᠠᠨ ᠤ ᠲᠠᠯ᠎ᠠ ᠪᠠᠷ ᠨᠠᠮ | ᠪᠠᠶᠢᠭᠤᠯᠬᠤ ᠵᠠᠷᠴᠢᠮ ᠢ ᠳᠤᠷᠠᠳᠤᠨ ᠭᠠᠷᠭᠠᠵᠤ᠂ ᠠᠷᠠᠳᠴᠢᠯᠠᠯ ᠲᠦᠪᠯᠡᠷᠡᠯ ᠤᠨ ᠶᠣᠰᠣ ᠶᠢ ᠪᠠᠷᠢᠮᠲᠠᠯᠠᠨ᠂ ᠤᠨᠤᠯ ᠢ | ᠪᠣᠳᠠᠲᠠᠶ ᠲᠠᠢ ᠤᠶᠠᠯᠳᠤᠭᠤᠯᠬᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ᠂ ᠰᠢᠭᠦᠮᠵᠢᠯᠡᠯ ᠪᠠ ᠥᠪᠡᠷ ᠤᠨ | ᠰᠢᠭᠦᠮᠵᠢᠯᠡᠯ ᠬᠢᠬᠦ ᠭᠤᠷᠪᠠᠨ ᠶᠡᠭᠡ ᠰᠢᠯᠢᠳᠡᠭ ᠰᠤᠷᠲᠠᠯ ᠢ ᠪᠠᠷᠢᠮᠲᠠᠯᠠᠵᠤ᠂ ᠨᠢᠭᠡᠳᠦᠮᠡᠯ ᠹᠷᠣᠨᠲ᠂ ᠵᠡᠪᠰᠡᠭᠲᠦ ᠲᠡᠮᠡᠴᠡᠯ᠂ | ᠨᠠᠮ ᠤᠨ ᠪᠠᠶᠢᠭᠤᠯᠤᠯᠲᠠ ᠭᠡᠬᠦ ᠭᠤᠷᠪᠠᠨ ᠶᠡᠭᠡ ᠡᠷᠳᠡᠨᠢ ᠶᠢ ᠪᠦᠷᠢᠯᠳᠦᠭᠦᠯᠵᠦ᠂ ᠪᠦᠬᠦ ᠤᠯᠤᠰ ᠤᠨ ᠬᠡᠪᠴᠢᠶᠡᠨ ᠤ᠂ | ᠥᠷᠭᠡᠨ ᠳᠡᠯᠬᠡᠷ ᠤᠯᠠᠨ ᠲᠦᠮᠡᠨᠴᠢ ᠴᠢᠨᠠᠷᠲᠠᠶ᠂ ᠦᠵᠡᠯ ᠰᠠᠨᠠᠭ᠎ᠠ ᠤᠯᠤᠰ ᠲᠦᠷᠦ ᠵᠣᠬᠢᠶᠠᠨ ᠪᠠᠶᠢᠭᠤᠯᠤᠯᠲᠠ ᠶᠢᠨ | ᠲᠠᠯ᠎ᠠ ᠪᠠᠷ ᠪᠦᠷᠢᠮᠦᠰᠦᠨ ᠪᠠᠬᠢᠵᠢᠭ᠍ᠰᠡᠨ ᠮᠠᠷᠺᠰ ᠤᠨ ᠦᠵᠡᠯ ᠤᠨ ᠲᠦᠷᠦ ᠶᠢᠨ ᠨᠠᠮ ᠢ ᠴᠢᠷᠮᠠᠶᠢᠨ ᠪᠠᠶᠢᠭᠤᠯᠪᠠ᠃ | ᠨᠠᠮ 1942 ᠣᠨ ᠠᠴᠠ ᠡᠬᠢᠯᠡᠨ ᠪᠦᠬᠦ ᠨᠠᠮ ᠤᠨ ᠳᠤᠳᠤᠷ᠎ᠠ ᠰᠤᠷᠲᠠᠯ ᠴᠡᠭᠴᠡᠯᠡᠪᠠ᠂ ᠮᠠᠷᠺᠰ ᠤᠨ | ᠦᠵᠡᠯ ᠤᠨ ᠦᠵᠡᠯ ᠰᠠᠨᠠᠭᠠᠨ ᠤ ᠬᠥᠮᠦᠵᠢᠯ ᠬᠢᠬᠦ ᠡᠨᠡ ᠤᠳᠠᠭᠠᠨ ᠤ ᠬᠥᠳᠡᠯᠭᠡᠭᠡᠨ ᠯᠤᠲᠤ ᠶᠡᠭᠡ ᠦᠷ᠎ᠡ ᠪᠦᠲᠦᠮᠵᠢ | ᠤᠯᠪᠠ᠃ ᠨᠠᠮ ᠠᠴᠠ ︽ᠲᠡᠦᠬᠡ ᠶᠢᠨ ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠲᠣᠭᠲᠠᠭᠠᠵᠤ᠂ ᠳᠤᠮᠳᠠᠳᠤ | ᠤᠯᠤᠰ ᠤᠨ ᠬᠤᠪᠢᠰᠬᠠᠯ ᠤᠨ ᠦᠨᠳᠦᠰᠦᠨ ᠠᠰᠠᠭᠤᠳᠠᠯ ᠤᠨ ᠲᠤᠬᠠᠶ ᠪᠦᠬᠦ ᠨᠠᠮ ᠤᠨ ᠲᠠᠨᠢᠯᠲᠠ ᠶᠢ ᠨᠢᠭᠡᠳᠦᠯᠲᠡᠶ | ᠪᠣᠯᠭᠠᠪᠠ᠃ ᠨᠠᠮ ᠤᠨ ᠳᠣᠯᠣᠳᠤᠭᠠᠷ ᠶᠡᠭᠡ ᠬᠤᠷᠠᠯ ᠠᠴᠠ ᠰᠢᠨ᠎ᠡ ᠠᠷᠠᠳᠴᠢᠯᠠᠭᠰᠠᠨ ᠶᠣᠰᠣᠨ ᠤ ᠰᠢᠨ᠎ᠡ ᠳᠤᠮᠳᠠᠳᠤ | ᠤᠯᠤᠰ ᠢ ᠪᠠᠶᠢᠭᠤᠯᠬᠤ ᠳᠤ ᠵᠥᠪ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠣᠭᠲᠠᠭᠠᠭᠠᠳ᠂ ᠪᠦᠬᠦ ᠨᠠᠮ ᠢ | ᠦᠵᠡᠯ ᠰᠠᠨᠠᠭ᠎ᠠ ᠤᠯᠤᠰ ᠲᠦᠷᠦ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠤᠷᠢᠳ ᠡᠮᠦᠨ᠎ᠡ ᠭᠠᠷᠤᠭ᠎ᠠ ᠦᠭᠡᠢ | ᠨᠢᠭᠡᠳᠦᠯᠲᠡᠶ ᠪᠥᠭᠡᠳ ᠪᠦᠯᠬᠦᠮᠳᠡᠯ ᠲᠠᠢ ᠪᠣᠯᠭᠠᠪᠠ᠃ ᠬᠤᠷᠢᠨ ᠨᠠᠢᠮᠠᠨ ᠵᠢᠯ ᠤᠨ ᠴᠢᠰᠤᠲᠦ ᠲᠡᠮᠡᠴᠡᠯ ᠢᠶᠠᠷ ᠳᠠᠮᠵᠢᠨ᠂ | ᠨᠠᠮ ᠠᠴᠠ ᠠᠷᠠᠳ ᠲᠦᠮᠡᠨ ᠢ ᠤᠳᠤᠷᠢᠳᠤᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠨᠠᠮ ᠪᠦᠯᠦᠭ ᠤᠨ | ᠪᠤᠰᠤ ᠠᠷᠠᠳᠴᠢᠯᠠᠭᠰᠠᠨ ᠬᠥᠮᠦᠰ ᠤᠨ ᠢᠳᠡᠪᠬᠢᠲᠡᠶ ᠬᠠᠮᠲᠤᠷᠠᠯᠴᠠᠭ᠎ᠠ ᠳᠤᠤᠷ᠎ᠠ᠂ 1949 ᠣᠨ ᠤ 10 ᠰᠠᠷ᠎ᠠ ᠶᠢᠨ | 1 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠤᠭᠰᠠᠨ ᠢᠶᠠᠨ ᠲᠤᠩᠬᠠᠭᠯᠠᠵᠤ᠂ | ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠵᠤ᠂ ᠬᠠᠭᠤᠴᠢᠨ | ᠳᠤᠮᠳᠠᠳᠤ ᠤᠯᠤᠰ ᠤᠨ ᠬᠠᠭᠠᠰ ᠺᠣᠯᠣᠨᠢ ᠬᠠᠭᠠᠰ ᠹᠸᠤᠳᠠᠯ ᠤᠨ ᠨᠡᠶᠢᠭᠡᠮ ᠤᠨ ᠲᠡᠦᠬᠡ ᠶᠢ ᠲᠦᠢᠯᠪᠤᠷᠢᠲᠠᠶ | ᠡᠴᠦᠰᠯᠡᠭᠦᠯᠵᠦ᠂ ᠥᠷᠭᠡᠨ ᠤᠯᠠᠨ ᠬᠥᠳᠡᠯᠮᠦᠷᠢᠴᠢᠨ ᠠᠷᠠᠳ ᠲᠦᠮᠡᠨ ᠢ ᠲᠦᠢᠯ ᠤᠨ ᠴᠥᠭᠡᠨ ᠲᠣᠭᠠᠨ ᠤ | ᠮᠥᠯᠵᠢᠭᠴᠢᠳ ᠨᠣᠶᠠᠷᠬᠠᠵᠤ ᠪᠠᠶᠢᠭᠰᠠᠨ ᠲᠡᠦᠬᠡ ᠶᠢ ᠲᠦᠢᠯᠪᠤᠷᠢᠲᠠᠶ ᠡᠴᠦᠰᠯᠡᠭᠦᠯᠵᠦ᠂ ᠬᠠᠭᠤᠴᠢᠨ ᠳᠤᠮᠳᠠᠳᠤ | ᠤᠯᠤᠰ ᠤᠨ ᠲᠠᠷᠠᠬᠠᠶ ᠪᠤᠲᠠᠷᠬᠠᠶ ᠪᠠᠶᠢᠳᠠᠯ ᠢ ᠲᠦᠢᠯᠪᠤᠷᠢᠲᠠᠶ ᠡᠴᠦᠰᠯᠡᠭᠦᠯᠵᠦ᠂ ᠬᠦᠴᠦᠷᠬᠡᠭ ᠤᠯᠤᠰ ᠤᠳ ᠤᠨ | ᠳᠤᠮᠳᠠᠳᠤ ᠤᠯᠤᠰ ᠲᠤ ᠠᠯᠪᠠ ᠪᠠᠷ ᠲᠤᠯᠭᠠᠭᠰᠠᠨ ᠲᠡᠭᠰᠢ ᠪᠤᠰᠤ ᠭᠡᠷ᠎ᠡ ᠪᠠ ᠡᠵᠡᠷᠬᠡᠭ ᠲᠦᠷᠢᠮᠡᠭᠡᠶᠢᠳᠡᠨ ᠤ ᠳᠤᠮᠳᠠᠳᠤ | ᠤᠯᠤᠰ ᠲᠠᠬᠢ ᠠᠯᠢᠪᠠ ᠣᠨᠴᠠ ᠡᠷᠬᠡ ᠶᠢ ᠲᠦᠢᠯᠪᠤᠷᠢᠲᠠᠶ ᠬᠦᠴᠦᠨ ᠦᠭᠡᠢ ᠪᠣᠯᠭᠠᠵᠤ᠂ ᠳᠤᠮᠳᠠᠳᠤ ᠤᠯᠤᠰ ᠤᠨ | ᠬᠡᠳᠦᠨ ᠮᠢᠩᠭᠠᠨ ᠵᠢᠯ ᠤᠨ ᠹᠸᠤᠳᠠᠯ ᠤᠨ ᠡᠵᠡᠷᠬᠡᠭ ᠶᠤᠰᠤᠨ ᠤ ᠤᠯᠤᠰ ᠲᠦᠷᠦ ᠠᠴᠠ ᠠᠷᠠᠳ ᠤᠨ ᠠᠷᠠᠳᠴᠢᠯᠠᠯ ᠳᠤ | ᠰᠢᠯᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠦᠭᠰᠡᠨ ᠪᠦᠭᠡᠳ ᠪᠠᠰᠠ ᠳᠡᠯᠡᠬᠡᠶ ᠶᠢᠨ ᠤᠯᠤᠰ ᠲᠦᠷᠦ ᠶᠢᠨ | ᠪᠠᠶᠢᠷᠢᠰᠢᠯ ᠢ ᠲᠦᠢᠯ ᠤᠨ ᠶᠡᠭᠡ ᠪᠠᠷ ᠬᠤᠪᠢᠷᠠᠭᠤᠯᠵᠤ᠂ ᠪᠦᠬᠦ ᠳᠡᠯᠡᠬᠡᠶ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ | ᠪᠠ ᠳᠠᠷᠤᠯᠠᠭᠳᠠᠵᠤ ᠪᠠᠶᠢᠭ᠎ᠠ ᠠᠷᠠᠳ ᠲᠦᠮᠡᠨ ᠤ ᠴᠢᠯᠥᠭᠡᠯᠡᠯᠲᠡ ᠪᠠᠨ ᠲᠡᠮᠡᠴᠡᠨ ᠤᠯᠬᠤ ᠲᠡᠮᠡᠴᠡᠯ ᠢ | ᠵᠣᠷᠢᠬᠵᠢᠭᠤᠯᠤᠭᠰᠠᠨ ᠪᠠᠶᠢᠨ᠎ᠠ᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠢ | ᠰᠣᠩᠭᠤᠵᠠᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠣᠯ | ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠪᠡᠶᠡᠯᠡᠭᠦᠯᠵᠦ ᠴᠢᠳᠠᠬᠤ ᠦᠭᠡᠢ | ᠭᠡᠳᠡᠭ ᠢ ᠦᠢᠯᠡᠳᠦᠯᠭᠡ ᠭᠦᠢᠴᠡᠳ ᠲᠤᠳᠤᠷᠬᠠᠶᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ | ᠪᠠᠭᠠᠲᠤᠷᠯᠢᠭ ᠡᠷᠡᠰ ᠬᠠᠲᠠᠭᠤᠵᠢᠯᠲᠠᠶ ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ | ᠡᠬᠢᠯᠡᠨ ᠪᠣᠰᠴᠤ ᠵᠣᠭᠰᠣᠪᠠ᠂ ᠳᠤᠮᠳᠠᠳᠤ ᠶᠢᠨ ᠦᠨᠳᠦᠰᠦᠲᠡᠨ ᠤ ᠬᠥᠮᠦᠨ ᠪᠤᠯᠭᠠᠨ ᠳᠤ ᠲᠠᠷᠤᠯᠠᠬᠳᠠᠵᠦ᠂ ᠲᠠᠷᠤᠯᠠᠯ | ᠲᠤᠷᠤᠮᠵᠢᠯᠠᠯ ᠢ ᠬᠠᠰᠢᠷᠠᠲᠠᠯ᠎ᠠ ᠠᠮᠰᠠᠵᠤ ᠪᠠᠶᠢᠬᠰᠠᠨ ᠴᠠᠭ ᠦᠶ᠎ᠡ ᠪᠤᠴᠠᠯᠲᠠ ᠦᠭᠡᠢ ᠦᠩᠭᠡᠷᠡᠨ ᠤᠳᠴᠠᠢ᠂ ᠳᠤᠮᠳᠠᠳᠤ | ᠤᠯᠤᠰ ᠤᠨ ᠬᠥᠭᠵᠢᠯᠲᠡ ᠡᠭᠦᠨ ᠠᠴᠠ ᠡᠬᠢᠯᠡᠨ ᠰᠢᠨ᠎ᠡ ᠴᠠᠭ ᠦᠶ᠎ᠡ ᠶᠢ ᠨᠡᠭᠡᠭᠡᠭᠰᠡᠨ ᠢ ᠳᠡᠯᠡᠬᠡᠶ ᠳ᠋ᠠᠬᠢᠨ ᠳᠤ ᠲᠥᠪ | ᠴᠢᠩᠭ᠎ᠠ ᠪᠠᠷ ᠲᠤᠩᠬᠠᠭᠯᠠᠪᠠ᠃ ᠬᠤᠶᠠᠷ᠂ ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠦᠭᠰᠡᠨ ᠪᠠ ᠨᠡᠶᠢᠭᠡᠮ ᠵᠢᠷᠤᠮᠲᠤ | ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠨᠡᠶᠢᠭᠡᠮ ᠵᠢᠷᠤᠮᠲᠤ ᠬᠤᠪᠢᠰᠬᠠᠯ ᠪᠣᠯᠤᠨ ᠪᠦᠲᠦᠭᠡᠨ | ᠪᠠᠶᠢᠭᠤᠯᠤᠯᠲᠠ ᠶᠢᠨ ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠰᠢᠨ᠎ᠡ ᠠᠷᠠᠳᠴᠢᠯᠠᠭᠰᠠᠨ | ᠶᠣᠰᠣᠨ ᠠᠴᠠ ᠨᠡᠶᠢᠭᠡᠮ ᠵᠢᠷᠤᠮ ᠳᠤ ᠰᠢᠯᠵᠢᠨ ᠣᠷᠣᠬᠤ ᠬᠤᠪᠢᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ | ᠬᠤᠪᠢᠰᠬᠠᠯ ᠬᠢᠵᠦ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠦᠨᠳᠦᠰᠦᠨ ᠤᠯᠤᠰ ᠲᠦᠷᠦ ᠶᠢᠨ | ᠤᠷᠢᠲᠠᠯ ᠪᠠ ᠪᠠᠶᠢᠭᠤᠯᠤᠯ ᠤᠨ ᠰᠠᠭᠤᠷᠢ ᠶᠢ ᠲᠠᠯᠪᠢᠵᠤ ᠥᠭᠭᠦ ᠶᠠᠪᠤᠳᠠᠯ ᠪᠤᠯᠤᠨ᠎ᠠ᠃ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠤ ᠳᠠᠷᠠᠭ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠤᠯᠤᠰ ᠲᠦᠷᠦ᠂ ᠠᠵᠤ ᠠᠬᠤᠶ᠂ | ᠴᠡᠷᠢᠭ ᠤᠨ ᠶᠠᠪᠤᠳᠠᠯ ᠵᠡᠷᠭᠡ ᠲᠠᠯ᠎ᠠ ᠶᠢᠨ ᠠᠯᠢ ᠤᠯᠠᠨ ᠬᠠᠲᠠᠭᠤ ᠴᠢᠩᠭ᠎ᠠ ᠰᠢᠯᠭᠠᠯᠳᠠ ᠶᠢ ᠢᠯᠠᠨ ᠳᠠᠪᠠᠵᠦ᠂ | ᠭᠤᠮᠢᠨᠳᠠᠩ ᠤᠨ ᠲᠡᠷᠰᠯᠡᠭᠦᠴᠦᠳ ᠤᠨ ᠦᠯᠡᠳᠡᠭᠳᠡᠯ ᠵᠡᠪᠰᠡᠭᠲᠦ ᠬᠦᠴᠦᠨ ᠪᠠ ᠳᠡᠭᠡᠷᠡᠮ ᠢ ᠴᠡᠪᠡᠷᠯᠡᠨ ᠠᠷᠢᠯᠭᠠᠵᠤ᠂ | ᠲᠥᠪᠡᠳ ᠢ ᠨᠠᠶᠢᠷᠠᠮᠳᠠᠯ ᠢᠶᠠᠷ ᠴᠢᠯᠥᠭᠡᠯᠡᠨ᠂ ᠡᠬᠡ ᠤᠯᠤᠰ ᠤᠨ ᠡᠬᠡ ᠬᠠᠭᠤᠷᠠᠶ ᠶᠢᠨ ᠪᠦᠷᠢᠨ ᠨᠢᠭᠡᠳᠦᠯ ᠢ ᠪᠡᠶᠡᠯᠡᠭᠦᠯᠪᠡ︔ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠠᠵᠢᠯ ᠢ ᠨᠢᠭᠡᠳᠭᠡᠵᠦ᠂ | ᠭᠠᠵᠠᠷ ᠲᠠᠷᠢᠶᠠᠨ ᠤ ᠥᠭᠡᠷᠡᠴᠢᠯᠡᠯᠲᠡ ᠶᠢ ᠪᠡᠶᠡᠯᠡᠭᠦᠯᠦᠨ᠂ ᠨᠡᠶᠢᠭᠡᠮ ᠤᠨ ᠡᠯ᠎ᠡ ᠲᠠᠯ᠎ᠠ ᠶᠢᠨ ᠠᠷᠠᠳᠴᠢᠯᠠᠭᠰᠠᠨ | ᠥᠭᠡᠷᠡᠴᠢᠯᠡᠯᠲᠡ ᠶᠢ ᠬᠢᠵᠦ᠂ ᠡᠷᠡᠭᠲᠡᠶ ᠡᠮᠡᠭᠲᠡᠶ ᠠᠳᠠᠯᠢ ᠲᠡᠭᠰᠢ ᠡᠷᠬᠡ ᠲᠠᠢ ᠪᠠᠶᠢᠬᠤ ᠶᠢ ᠬᠡᠷᠡᠭᠵᠢᠭᠦᠯᠵᠦ᠂ | ᠬᠤᠪᠢᠰᠬᠠᠯ ᠤᠨ ᠡᠰᠡᠷᠭᠦᠴᠦᠳ ᠢ ᠳᠠᠷᠤᠩᠭᠤᠶᠢᠯᠠᠨ᠂ ︽ᠭᠤᠷᠪᠠ ᠶᠢ ᠡᠰᠡᠷᠭᠦᠴᠡᠬᠦ︾᠂ ︽ᠲᠠᠪᠤ ᠶᠢ ᠡᠰᠡᠷᠭᠦᠴᠡᠬᠦ︾ | ᠬᠥᠳᠡᠯᠭᠡᠭᠡᠨ ᠢ ᠥᠷᠨᠢᠭᠦᠯᠵᠦ᠂ ᠬᠠᠭᠤᠴᠢᠨ ᠨᠡᠶᠢᠭᠡᠮ ᠤᠨ ᠦᠯᠡᠳᠡᠭᠡᠭᠰᠡᠨ ᠪᠤᠵᠠᠷ ᠪᠤᠷᠲᠠᠭ ᠢ ᠴᠡᠪᠡᠷᠯᠡᠨ ᠠᠷᠢᠯᠭᠠᠭᠠᠳ᠂ | ᠨᠡᠶᠢᠭᠡᠮ ᠤᠨ ᠳᠦᠷᠰᠦ ᠪᠠᠶᠢᠳᠠᠯ ᠢ ᠴᠣ᠋ ᠰᠢᠨ᠎ᠡ ᠪᠣᠯᠭᠠᠪᠠ᠃ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ | ᠴᠡᠷᠢᠭ ᠰᠦᠷ ᠵᠢᠪᠬᠤᠯᠠᠩᠳᠠᠢ ᠪᠠᠷ᠂ ᠣᠮᠤᠭ ᠲᠡᠭᠦᠯᠳᠡᠷ ᠢᠶᠠᠷ ᠶᠠᠯᠦᠵᠢᠶᠠᠩ ᠮᠥᠷᠡᠨ ᠢ ᠭᠠᠲᠤᠯᠵᠤ᠂ ᠰᠣᠯᠣᠩᠭᠤᠰ ᠤᠨ | ᠠᠷᠠᠳ ᠲᠦᠮᠡᠨ ᠪᠣᠯᠤᠨ ᠴᠡᠷᠢᠭ ᠠᠩᠬᠢ ᠲᠠᠢ ᠮᠥᠷᠥ ᠵᠡᠷᠭᠡᠴᠡᠨ ᠪᠠᠶᠢᠯᠳᠤᠵᠤ᠂ ᠦᠪᠴᠢ ᠵᠡᠪᠰᠡᠭᠯᠡᠭᠰᠡᠨ ᠬᠦᠴᠦᠷᠬᠡᠭ | ᠳᠠᠶᠢᠰᠤᠨ ᠢ ᠪᠠᠶᠢᠯᠳᠤᠨ ᠢᠯᠠᠵᠤ᠂ ᠤᠯᠤᠰ ᠤᠨ ᠰᠦᠷ ᠴᠡᠷᠢᠭ ᠤᠨ ᠰᠦᠷ ᠢ ᠢᠯᠡᠷᠡᠭᠦᠯᠦᠨ᠂ ᠳᠤᠮᠳᠠᠳᠤ ᠤᠯᠤᠰ ᠤᠨ | ᠠᠷᠠᠳ ᠲᠦᠮᠡᠨ ᠤ ᠴᠤᠭ ᠰᠦᠯᠳᠡ ᠶᠢ ᠢᠯᠡᠷᠡᠭᠦᠯᠵᠦ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ | ᠲᠠᠶᠢᠨ ᠤ ᠠᠭᠤᠤ ᠶᠡᠭᠡ ᠢᠯᠠᠯᠲᠠ ᠶᠢ ᠣᠯᠵᠤ᠂ ᠰᠢᠨ᠎ᠡ ᠳᠤᠮᠳᠠᠳᠤ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ | ᠰᠢᠨ᠎ᠡ ᠳᠤᠮᠳᠠᠳᠤ ᠤᠯᠤᠰ ᠤᠨ ᠲᠤᠮᠤ ᠤᠯᠤᠰ ᠤᠨ ᠪᠠᠶᠢᠷᠢ ᠰᠠᠭᠤᠷᠢ ᠶᠢ ᠢᠯᠡᠷᠡᠭᠦᠯᠪᠡ᠃ ᠰᠢᠨ᠎ᠡ ᠳᠤᠮᠳᠠᠳᠤ ᠤᠯᠤᠰ | ᠡᠭᠡᠳᠡᠷᠡᠭᠡᠨ ᠪᠤᠳᠤᠯᠢᠶᠠᠨᠲᠠᠢ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠦᠬᠦᠴᠡᠯ ᠳᠤᠮᠳᠠ ᠯᠠᠪᠳᠠᠭᠤᠨ | ᠪᠠᠲᠤᠲᠠᠢ ᠵᠣᠭᠰᠣᠵᠤ ᠴᠢᠳᠠᠪᠠ᠃ ᠨᠠᠮ ᠤᠳᠤᠷᠢᠳᠴᠤ ᠪᠠᠶᠢᠭᠠᠳ ᠠᠵᠢᠯᠴᠢᠨ ᠠᠩᠬᠢ ᠶᠢᠨ ᠤᠳᠤᠷᠢᠳᠤᠭᠰᠠᠨ᠂ | ᠠᠵᠢᠯᠴᠢᠨ ᠲᠠᠷᠢᠶᠠᠴᠢᠨ ᠤ ᠬᠤᠯᠪᠣᠭ᠎ᠠ ᠪᠠᠷ ᠰᠠᠭᠤᠷᠢ ᠪᠣᠯᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ | ᠵᠠᠰᠠᠭᠲᠤ ᠲᠦᠷᠦ ᠶᠢᠨ ᠵᠠᠰᠠᠭ ᠤᠨ ᠡᠷᠬᠡ ᠶᠢ ᠪᠠᠶᠢᠭᠤᠯᠤᠨ ᠪᠠᠬᠢᠵᠢᠭᠦᠯᠵᠦ᠂ ᠤᠯᠤᠰ ᠣᠷᠣᠨ ᠤ ᠲᠦᠷᠭᠡᠨ ᠢᠶᠠᠷ | ᠬᠥᠭᠵᠢᠬᠦ ᠳᠤ ᠨᠥᠬᠦᠴᠡᠯ ᠡᠭᠦᠳᠴᠦ ᠥᠭᠪᠡ᠃ | 1949 ᠣᠨ ᠳᠤ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠩᠬᠠᠳᠤᠭᠠᠷ | ᠬᠤᠭᠤᠴᠠᠭᠠᠨ ᠤ ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠨᠡᠶᠢᠳᠡ ᠶᠢᠨ ᠬᠥᠲᠥᠯᠪᠦᠷᠢ︾ ᠶᠢ ᠲᠣᠭᠲᠠᠭᠠᠪᠠ᠃ 1953 ᠣᠨ ᠳᠤ᠂ ᠨᠠᠮ ᠠᠴᠠ ᠨᠡᠯᠢᠶᠡᠳ | ᠤᠷᠳᠤ ᠬᠤᠭᠤᠴᠠᠭᠠᠨ ᠤ ᠳᠤᠲᠤᠷ᠎ᠠ᠂ ᠤᠯᠤᠰ ᠤᠨ ᠨᠡᠶᠢᠭᠡᠮ ᠵᠢᠷᠤᠮᠲᠤ ᠠᠵᠤ ᠦᠢᠯᠡᠳᠪᠦᠷᠢᠵᠢᠯᠲᠡ ᠶᠢ ᠠᠯᠬᠤᠮ | ᠠᠯᠬᠤᠮ ᠢᠶᠠᠷ ᠪᠡᠶᠡᠯᠡᠭᠦᠯᠬᠦ ᠪᠦᠭᠡᠳ ᠤᠯᠤᠰ ᠠᠴᠠ ᠲᠠᠷᠢᠶᠠᠯᠠᠩ᠂ ᠭᠠᠷ ᠦᠢᠯᠡᠳᠪᠦᠷᠢ ᠪᠠ ᠬᠥᠷᠥᠩᠭᠡᠲᠦ | ᠦᠢᠯᠡᠳᠪᠦᠷᠢ ᠬᠤᠳᠠᠯᠳᠤᠭ᠎ᠠ ᠳᠤ ᠬᠢᠬᠦ ᠨᠡᠶᠢᠭᠡᠮ ᠵᠢᠷᠤᠮᠲᠤ ᠥᠭᠡᠷᠡᠴᠢᠯᠡᠯᠲᠡ ᠶᠢ ᠠᠯᠬᠤᠮ ᠠᠯᠬᠤᠮ ᠢᠶᠠᠷ ᠪᠡᠶᠡᠯᠡᠭᠦᠯᠬᠦ | ᠰᠢᠯᠵᠢᠯᠲᠡ ᠶᠢᠨ ᠦᠶ᠎ᠡ ᠶᠢᠨ ᠶᠡᠷᠦᠩᠬᠡᠶ ᠱᠤᠭᠤᠮ ᠢ ᠵᠢᠩᠬᠢᠨᠢ ᠪᠠᠷ ᠳᠤᠷᠠᠳᠤᠨ ᠭᠠᠷᠭᠠᠪᠠ᠃ 1954 ᠣᠨ ᠳᠤ᠂ | ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾ ᠶᠢ ᠪᠠᠲᠤᠯᠠᠪᠠ᠃ 1956 ᠣᠨ ᠳᠤ᠂ ᠮᠠᠨ ᠤ ᠤᠯᠤᠰ ᠦᠢᠯᠡᠳᠪᠦᠷᠢᠯᠡᠯ ᠤᠨ ᠬᠡᠷᠡᠭᠰᠡᠯ ᠤᠨ | ᠬᠤᠪᠢ ᠶᠢᠨ ᠥᠮᠴᠢᠯᠡᠯ ᠳᠤ ᠬᠢᠬᠦ ᠨᠡᠶᠢᠭᠡᠮ ᠵᠢᠷᠤᠮᠲᠤ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ | ᠦᠢᠯᠡᠳᠪᠦᠷᠢᠯᠡᠯ ᠤᠨ ᠬᠡᠷᠡᠭᠰᠡᠯ ᠤᠨ ᠨᠡᠶᠢᠲᠡ ᠶᠢᠨ ᠥᠮᠴᠢᠯᠡᠯ ᠪᠠ ᠬᠥᠳᠡᠯᠮᠦᠷᠢᠯᠡᠭᠰᠡᠨ ᠤ ᠬᠢᠨᠢ ᠬᠢᠷᠢ ᠪᠠᠷ | ᠬᠤᠪᠢᠶᠠᠷᠢᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠨᠡᠶᠢᠭᠡᠮ ᠵᠢᠷᠤᠮᠲᠤ ᠠᠵᠤ ᠠᠬᠤᠶ ᠶᠢᠨ ᠪᠠᠶᠢᠭᠤᠯᠤᠯ ᠢ | ᠡᠬᠢᠯᠡᠨ ᠪᠠᠶᠢᠭᠤᠯᠪᠠ᠃ ᠨᠠᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ | ᠵᠥᠪᠯᠡᠯᠭᠡ ᠬᠢᠬᠦ ᠪᠠᠶᠢᠭᠤᠯᠤᠯ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠤᠳᠤᠷᠢᠳᠤᠨ | ᠲᠣᠭᠲᠠᠭᠠᠵᠤ᠂ ᠠᠷᠠᠳ ᠲᠦᠮᠡᠨ ᠤ ᠡᠵᠡᠨ ᠰᠠᠭᠤᠵᠦ ᠡᠷᠬᠡ ᠮᠡᠳᠡᠬᠦ ᠳᠤ ᠪᠠᠶᠢᠭᠤᠯᠤᠯ ᠤᠨ ᠪᠠᠲᠤᠯᠠᠭ᠎ᠠ ᠬᠠᠩᠭᠠᠪᠠ᠃ | ᠨᠠᠮ ᠤᠳᠤᠷᠢᠳᠴᠤ ᠪᠠᠶᠢᠭᠠᠳ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ | ᠪᠦᠯᠬᠦᠮᠳᠡᠯ ᠢ ᠪᠡᠶᠡᠯᠡᠭᠦᠯᠦᠨ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠡᠷᠬᠡ ᠲᠡᠭᠰᠢ ᠬᠠᠪᠰᠤᠷᠤᠯᠴᠠᠬᠰᠠᠨ | ᠨᠡᠶᠢᠭᠡᠮ ᠵᠢᠷᠤᠮᠲᠤ ᠦᠨᠳᠦᠰᠦᠲᠡᠨ ᠤ ᠬᠠᠷᠢᠴᠠᠭ᠎ᠠ ᠶᠢ ᠪᠤᠢ ᠪᠣᠯᠭᠠᠨ ᠬᠥᠭᠵᠢᠭᠦᠯᠵᠦ᠂ ᠪᠦᠬᠦ ᠤᠯᠤᠰ ᠤᠨ ᠠᠵᠢᠯᠴᠢᠨ᠂ | ᠲᠠᠷᠢᠶᠠᠴᠢᠨ᠂ ᠰᠡᠬᠡᠭᠡᠲᠡᠨ ᠪᠠ ᠪᠤᠰᠤᠳ ᠡᠯ᠎ᠡ ᠳᠠᠪᠬᠤᠷᠭ᠎ᠠ ᠶᠢᠨ ᠠᠷᠠᠳ ᠲᠦᠮᠡᠨ ᠤ ᠶᠡᠭᠡ ᠪᠦᠯᠬᠦᠮᠳᠡᠯ ᠢ | ᠪᠡᠶᠡᠯᠡᠭᠦᠯᠦᠨ ᠪᠠᠬᠢᠵᠢᠭᠦᠯᠵᠦ᠂ ᠥᠷᠭᠡᠨ ᠳᠡᠯᠭᠡᠷ ᠨᠢᠭᠡᠳᠦᠮᠡᠯ ᠹᠷᠣᠨᠲ ᠢ ᠴᠢᠩᠭᠠᠳᠬᠠᠨ ᠥᠷᠭᠡᠳᠭᠡᠪᠡ᠃ | ᠨᠡᠶᠢᠭᠡᠮ ᠵᠢᠷᠤᠮᠲᠤ ᠪᠠᠶᠢᠭᠤᠯᠤᠯ ᠤᠨ ᠪᠠᠶᠢᠭᠤᠯᠤᠭᠳᠠᠭᠰᠠᠨ ᠨᠢ ᠮᠠᠨ ᠤ ᠤᠯᠤᠰ ᠤᠨ ᠠᠯᠢᠪᠠ ᠲᠠᠪᠰᠢᠯᠳᠠ ᠪᠠ | ᠬᠥᠭᠵᠢᠯᠲᠡ ᠳᠤ ᠴᠢᠬᠤᠯᠠ ᠰᠠᠭᠤᠷᠢ ᠶᠢ ᠲᠠᠯᠪᠢᠪᠡ᠃ ᠨᠠᠮ ᠤᠨ ᠨᠠᠢᠮᠠᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ | ᠨᠡᠶᠢᠭᠡᠮ ᠵᠢᠷᠤᠮᠲᠤ ᠥᠭᠡᠷᠡᠴᠢᠯᠡᠯᠲᠡ ᠦᠨᠳᠦᠰᠦᠨ ᠳᠡᠭᠡᠨ ᠪᠡᠶᠡᠯᠡᠭᠳᠡᠭᠰᠡᠨ ᠤ ᠳᠠᠷᠠᠭᠠᠬᠢ ᠪᠠᠶᠢᠳᠠᠯ ᠢ ᠦᠨᠳᠦᠰᠦᠯᠡᠵᠦ᠂ | ᠤᠯᠤᠰ ᠤᠨ ᠳᠣᠲᠣᠭᠠᠳᠤ ᠶᠢᠨ ᠭᠤᠤᠯ ᠵᠥᠷᠢᠴᠡᠯ ᠨᠢᠭᠡᠨᠲᠡ ᠠᠵᠢᠯᠴᠢᠨ ᠠᠩᠬᠢ ᠪᠠ ᠬᠥᠷᠥᠩᠭᠡᠲᠡᠨ ᠠᠩᠬᠢ ᠶᠢᠨ | ᠵᠥᠷᠢᠴᠡᠯ ᠪᠢᠰᠢ ᠪᠤᠯᠵᠠᠢ᠂ ᠬᠠᠷᠢᠨ ᠠᠷᠠᠳ ᠲᠦᠮᠡᠨ ᠤ ᠠᠵᠦ ᠠᠬᠤᠢ ᠰᠤᠶᠤᠯ ᠢ ᠦᠳᠲᠡᠷ ᠲᠦᠷᠭᠡᠨ | ᠬᠦᠭᠵᠢᠭᠦᠯᠬᠦ ᠶᠢᠨ ᠬᠡᠷᠡᠭᠴᠡᠭᠡ ᠬᠢᠭᠡᠳ ᠤᠳᠤᠬᠢ ᠠᠵᠤ ᠠᠬᠤᠢ ᠰᠤᠶᠤᠯ ᠤᠨ ᠠᠷᠠᠳ ᠲᠦᠮᠡᠨ ᠤ ᠬᠡᠷᠡᠭᠴᠡᠭᠡ ᠶᠢ | ᠬᠠᠩᠭᠠᠵᠤ ᠳᠡᠶᠢᠯᠬᠦ ᠦᠭᠡᠢ ᠪᠠᠶᠢᠭ᠎ᠠ ᠪᠠᠶᠢᠳᠠᠯ ᠤᠨ ᠬᠤᠭᠤᠷᠤᠨᠳᠤᠬᠢ ᠵᠦᠷᠢᠴᠡᠯ ᠪᠣᠯᠪᠠ᠂ ᠪᠦᠬᠦ ᠤᠯᠤᠰ ᠤᠨ ᠠᠷᠠᠳ | ᠲᠦᠮᠡᠨ ᠤ ᠭᠤᠣᠯ ᠡᠭᠦᠷᠭᠡ ᠪᠣᠯ ᠬᠦᠴᠦ ᠪᠠᠨ ᠲᠥᠪᠯᠡᠷᠡᠭᠦᠯᠦᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠤᠯᠤᠰ ᠤᠨ ᠠᠵᠤ ᠦᠢᠯᠡᠳᠪᠦᠷᠢᠵᠢᠯᠲᠡ ᠶᠢ ᠪᠡᠶᠡᠯᠡᠭᠦᠯᠦᠨ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠪᠣᠳᠠᠰ ᠤᠨ ᠪᠠ ᠰᠣᠶᠣᠯ ᠤᠨ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠬᠤ ᠶᠠᠪᠤᠳᠠᠯ | ᠪᠤᠯᠤᠨ᠎ᠠ ᠭᠡᠵᠦ ᠳᠤᠷᠠᠳᠤᠨ ᠭᠠᠷᠭᠠᠪᠠ᠃ ᠨᠠᠮ ᠠᠴᠠ ᠮᠠᠨ ᠤ ᠤᠯᠤᠰ ᠢᠶᠠᠨ ᠠᠯᠬᠤᠮ ᠠᠯᠬᠤᠮ ᠢᠶᠠᠷ ᠤᠳᠤ | ᠦᠶ᠎ᠡ ᠶᠢᠨ ᠲᠠᠷᠢᠶᠠᠯᠠᠩ᠂ ᠤᠳᠤ ᠦᠶ᠎ᠡ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠪᠠ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠪᠦᠬᠦᠢ ᠨᠡᠶᠢᠭᠡᠮ ᠵᠢᠷᠤᠮᠲᠤ ᠬᠦᠴᠦᠷᠬᠡᠭ | ᠤᠯᠤᠰ ᠪᠣᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠳᠤᠷᠠᠳᠤᠨ ᠭᠠᠷᠭᠠᠭᠠᠳ᠂ ᠠᠷᠠᠳ | ᠲᠦᠮᠡᠨ ᠢ ᠤᠳᠤᠷᠢᠳᠤᠨ ᠪᠦᠬᠦ ᠲᠠᠯ᠎ᠠ ᠶᠢᠨ ᠶᠡᠭᠡ ᠬᠡᠪᠴᠢᠶᠡᠨ ᠤ ᠨᠡᠶᠢᠭᠡᠮ ᠵᠢᠷᠤᠮᠲᠤ ᠪᠦᠳᠦᠭᠡᠠ ᠪᠠᠶᠢᠭᠤᠯᠤᠯᠲᠠ ᠶᠢ | ᠥᠷᠨᠢᠭᠦᠯᠪᠡ᠃ ᠬᠡᠳᠦ ᠤᠳᠠᠭᠠᠨ ᠤ ᠲᠠᠪᠤᠨ ᠵᠢᠯ ᠤᠨ ᠲᠥᠯᠥᠪᠯᠡᠭᠡ ᠶᠢ ᠬᠡᠷᠡᠭᠵᠢᠭᠦᠯᠬᠦ ᠪᠠᠷ ᠳᠠᠮᠵᠢᠭᠠᠳ᠂ ᠮᠠᠨ ᠤ | ᠤᠯᠤᠰ ᠪᠡᠶ᠎ᠡ ᠪᠠᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠰᠢᠰᠲ᠋ᠧᠮ ᠪᠠ ᠤᠯᠤᠰ | ᠠᠷᠠᠳ ᠤᠨ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ | ᠢᠯᠡᠳᠲᠡ ᠬᠤᠪᠢᠷᠠᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ᠂ ᠰᠣᠶᠣᠯ᠂ ᠡᠷᠡᠭᠦᠯ ᠬᠠᠮᠠᠭᠠᠯᠠᠯ᠂ | ᠪᠡᠶ᠎ᠡ ᠶᠢᠨ ᠲᠠᠮᠢᠷ ᠤᠨ ᠦᠢᠯᠡᠰ ᠢ ᠮᠠᠰᠢ ᠶᠡᠭᠡ ᠬᠥᠭᠵᠢᠯᠳᠠ ᠲᠠᠢ ᠪᠤᠯᠭᠠᠪᠡ᠃ ︽ᠬᠤᠶᠠᠷ ᠪᠥᠮᠪᠦᠭᠡ ᠨᠢᠭᠡ ᠤᠳᠤ︾ | ᠵᠡᠷᠭᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠷᠦ᠋ᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠲᠠᠰᠤᠷᠠᠯᠳᠠ | ᠦᠭᠡᠢ ᠰᠢᠪᠲᠤᠯᠤᠯᠲᠠ ᠲᠠᠢ ᠪᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠤ ᠦᠢᠯᠡᠳᠪᠦᠷᠢ ᠦᠭᠡᠢ | ᠪᠠᠶᠢᠬᠰᠠᠨ ᠠᠴᠠ ᠪᠠᠨ ᠪᠠᠶᠢᠬᠤ ᠪᠤᠯᠵᠤ ᠠᠯᠬᠤᠮ ᠠᠯᠬᠤᠮ ᠢᠶᠠᠷ ᠬᠥᠭᠵᠢᠵᠦ ᠡᠬᠢᠯᠡᠪᠡ᠃ ᠠᠷᠠᠳ ᠤᠨ ᠴᠢᠯᠦᠬᠡᠯᠡᠬᠦ | ᠴᠡᠷᠢᠭ ᠢ ᠪᠤᠵᠠᠭᠠᠶᠢᠷᠠᠭᠤᠯᠤᠨ ᠳᠡᠬᠡᠭᠰᠢᠯᠡᠬᠦᠯᠵᠦ᠂ ᠲᠠᠩ ᠭᠠᠭᠴᠠ ᠬᠠᠭᠤᠷᠠᠶ ᠶᠢᠨ ᠴᠡᠷᠢᠭ ᠠᠴᠠ ᠪᠠᠨ ᠳᠠᠯᠠᠢ ᠶᠢᠨ | ᠴᠡᠷᠢᠭ᠂ ᠠᠭᠠᠷ ᠤᠨ ᠴᠡᠷᠢᠭ ᠪᠠ ᠪᠤᠰᠤᠳ ᠮᠡᠷᠭᠡᠵᠢᠯ ᠤᠨ ᠴᠡᠷᠢᠭ ᠤᠨ ᠲᠦᠷᠦᠯ ᠢ ᠪᠠᠭᠲᠠᠭᠠᠭᠰᠠᠨ ᠨᠡᠶᠢᠯᠡᠮᠡᠯ ᠴᠡᠷᠢᠭ | ᠠᠩᠭᠢ ᠪᠣᠯᠵᠦ ᠬᠥᠭᠵᠢᠭᠡᠳ᠂ ᠰᠢᠨ᠎ᠡ ᠪᠠᠷ ᠮᠡᠨᠳᠦᠯᠡᠭᠰᠡᠨ ᠠᠷᠠᠳ ᠤᠨ ᠵᠠᠰᠠᠭ ᠤᠨ ᠡᠷᠬᠡ ᠶᠢ ᠪᠠᠬᠢᠵᠢᠭᠦᠯᠬᠦ᠂ | ᠳᠤᠮᠳᠠᠳᠤ ᠤᠯᠤᠰ ᠤᠨ ᠲᠤᠮᠤ ᠤᠯᠤᠰ ᠤᠨ ᠪᠠᠶᠢᠷᠢ ᠰᠠᠭᠤᠷᠢ ᠶᠢ ᠲᠣᠭᠲᠠᠭᠠᠬᠤ᠂ ᠳᠤᠮᠳᠠᠳᠤ ᠶᠢᠨ ᠦᠨᠳᠦᠰᠦᠲᠡᠨ ᠤ | ᠨᠡᠷ᠎ᠡ ᠬᠦᠨᠳᠦ ᠶᠢ ᠬᠠᠮᠠᠭᠠᠯᠠᠬᠤ ᠳᠤ ᠪᠠᠲᠤ ᠴᠢᠩᠭ᠎ᠠ ᠥᠮᠥᠭ ᠲᠦᠰᠢᠭ ᠬᠠᠩᠭᠠᠪᠠ᠃ | | ᠨᠠᠮ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ | ᠪᠣᠳᠣᠯᠭ᠎ᠠ ᠶᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠰᠠᠨᠠᠭᠠᠴᠢᠯᠠᠨ | ᠪᠠᠷᠢᠮᠲᠠᠯᠠᠵᠤ᠂ ᠤᠯᠤᠰ ᠣᠷᠣᠨ ᠤ ᠲᠤᠰᠠᠭᠠᠷ ᠲᠣᠭᠲᠠᠨᠢᠯ᠂ ᠡᠷᠬᠡ ᠮᠡᠳᠡᠯ᠂ ᠨᠡᠷ᠎ᠡ ᠬᠦᠨᠳᠦ ᠶᠢ ᠡᠷᠡᠰ ᠬᠠᠮᠠᠭᠠᠯᠠᠵᠤ᠂ | ᠳᠡᠯᠡᠬᠡᠶ ᠶᠢᠨ ᠳᠠᠷᠤᠯᠠᠭᠳᠠᠵᠤ ᠪᠠᠶᠢᠭ᠎ᠠ ᠦᠨᠳᠦᠰᠦᠲᠡᠨ ᠤ ᠴᠢᠯᠥᠭᠡᠯᠡᠯᠲᠡ ᠶᠢᠨ ᠦᠢᠯᠡᠰ᠂ ᠰᠢᠨ᠎ᠡ ᠪᠠᠷ ᠲᠤᠰᠠᠭᠠᠷ | ᠲᠣᠭᠲᠠᠨᠢᠭᠰᠠᠨ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠪᠠ ᠡᠯ᠎ᠡ ᠤᠯᠤᠰ ᠤᠨ ᠠᠷᠠᠳ ᠲᠦᠮᠡᠨ ᠤ | ᠰᠢᠳᠤᠷᠭᠤ ᠶᠣᠰᠣᠨ ᠤ ᠲᠡᠮᠡᠴᠡᠯ ᠢ ᠳᠡᠮᠵᠢᠨ ᠲᠤᠰᠠᠯᠠᠵᠤ᠂ ᠡᠵᠡᠷᠬᠡᠭ ᠲᠦᠷᠢᠮᠡᠬᠡᠶ ᠶᠣᠰᠣ᠂ ᠡᠵᠡᠷᠬᠡᠬᠦ ᠦᠵᠡᠯ᠂ | ᠺᠣᠯᠣᠨᠢᠴᠢᠯᠠᠬᠤ ᠦᠵᠡᠯ᠂ ᠠᠷᠠᠰᠤᠲᠠᠨ ᠤ ᠦᠵᠡᠯ ᠢ ᠡᠰᠡᠷᠭᠦᠴᠡᠨ᠂ ᠬᠠᠭᠤᠴᠢᠨ ᠳᠤᠮᠳᠠᠳᠤ ᠤᠯᠤᠰ ᠤᠨ ᠭᠤᠲᠤᠭᠠᠯ | ᠲᠤᠷᠤᠮᠵᠢᠯᠠᠯ ᠠᠮᠰᠠᠵᠤ ᠪᠠᠶᠢᠬᠰᠠᠨ ᠭᠠᠳᠠᠭᠠᠳᠤ ᠬᠠᠷᠢᠯᠴᠠᠭ᠎ᠠ ᠶᠢ ᠲᠦᠢᠯᠪᠤᠷᠢᠲᠠᠶ ᠡᠴᠦᠰᠯᠡᠭᠦᠯᠪᠡ᠃ ᠨᠠᠮ ᠠᠴᠠ | ᠴᠠᠭ ᠢ ᠦᠵᠡᠨ ᠪᠠᠶᠢᠳᠠᠯ ᠢ ᠰᠢᠨᠵᠢᠯᠡᠵᠤ ᠭᠠᠳᠠᠭᠠᠳᠤ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠳᠤ ᠲᠣᠬᠢᠷᠠᠭᠤᠯᠤᠯᠲᠠ | ᠬᠢᠵᠦ᠂ ᠮᠠᠨ ᠤ ᠤᠯᠤᠰ ᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠠᠯᠢᠪᠠ ᠬᠠᠤᠯᠢ ᠶᠣᠰᠣᠨ ᠤ | ᠡᠷᠬᠡ ᠶᠢ ᠰᠡᠷᠭᠦᠭᠡᠬᠦ ᠶᠢ ᠠᠬᠢᠭᠤᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨ᠎ᠡ ᠪᠠᠶᠢᠳᠠᠯ ᠢ ᠨᠡᠭᠡᠭᠡᠵᠦ᠂ | ᠳᠡᠯᠡᠬᠡᠶ ᠨᠡᠶᠢᠲᠡ ᠶᠢᠨ ᠬᠢᠨ ᠤ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠬᠤ ᠪᠠᠶᠢᠷᠢᠰᠢᠯ ᠢ ᠪᠤᠢ | ᠪᠣᠯᠭᠠᠬᠤ ᠶᠢ ᠠᠬᠢᠭᠤᠯᠪᠠ᠃ ᠨᠠᠮ ᠠᠴᠠ ᠭᠤᠷᠪᠠᠨ ᠶᠢᠷᠲᠢᠨᠴᠦ ᠬᠤᠪᠢᠶᠠᠬᠤ ᠪᠠᠶᠢᠯᠳᠤᠬᠤ ᠪᠤᠳᠤᠯᠭ᠎ᠠ ᠶᠢ ᠳᠤᠷᠠᠳᠤᠨ | ᠭᠠᠷᠭᠠᠵᠤ᠂ ᠳᠤᠮᠳᠠᠳᠤ ᠤᠯᠤᠰ ᠡᠭᠦᠷᠢᠳᠡ ᠡᠵᠡᠷᠬᠡᠭᠴᠢ ᠪᠣᠯᠬᠤ ᠦᠭᠡᠢ ᠭᠡᠰᠡᠨ ᠲᠥᠪ ᠴᠢᠩᠭ᠎ᠠ ᠠᠮᠠᠯᠠᠯᠲᠠ ᠬᠢᠵᠦ᠂ | ᠳᠡᠯᠡᠬᠡᠢ ᠨᠡᠶᠢᠲᠡ ᠢᠯᠠᠩᠭᠤᠶ᠎ᠠ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠦᠨᠳᠦᠳᠭᠡᠯ ᠪᠠ ᠮᠠᠭᠲᠠᠭᠠᠯ ᠢ | ᠤᠯᠪᠠ᠃ | ᠨᠠᠮ ᠪᠦᠬᠦ ᠤᠯᠤᠰ ᠲᠤ ᠲᠥᠷᠥ ᠪᠠᠷᠢᠬᠤ ᠳᠤ ᠲᠤᠯᠭᠠᠷᠠᠬᠤ ᠰᠢᠨ᠎ᠡ ᠰᠢᠯᠭᠠᠯᠳᠠ ᠶᠢ ᠭᠦᠢᠴᠡᠳ ᠵᠦᠩᠨᠡᠨ | ᠮᠡᠳᠡᠵᠦ᠂ ᠠᠯᠢ ᠡᠷᠲᠡ ᠴᠢᠯᠥᠭᠡᠯᠡᠬᠦ ᠲᠠᠶᠢᠨ ᠪᠦᠬᠦ ᠤᠯᠤᠰ ᠲᠤ ᠢᠯᠠᠯᠲᠠ ᠤᠯᠬᠤ ᠠᠴᠠ ᠡᠮᠦᠨᠡᠬᠡᠨ | ᠬᠤᠷᠠᠯᠳᠤᠭᠤᠯᠤᠰᠠᠨ ᠨᠠᠮ ᠤᠨ ᠳᠣᠯᠣᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠠᠴᠠ ᠪᠦᠬᠦ ᠨᠠᠮ ᠳᠤ ᠡᠷᠬᠡᠪᠰᠢ ᠦᠷᠭᠦᠯᠵᠢᠯᠡᠨ ᠳᠠᠷᠤᠤ᠂ ᠪᠣᠯᠭᠤᠮᠵᠢᠲᠠᠶ᠂ ᠪᠠᠷᠳᠠᠮᠨᠠᠬᠤ ᠦᠭᠡᠢ᠂ ᠪᠠᠴᠢᠮᠳᠠᠬᠤ | ᠦᠭᠡᠢ ᠰᠤᠷᠲᠠᠯ ᠲᠠᠢ ᠪᠠᠶᠢᠬᠤ ᠬᠡᠷᠡᠭᠲᠡᠶ᠂ ᠡᠷᠬᠡᠪᠰᠢ ᠦᠷᠭᠦᠯᠵᠢᠯᠡᠨ ᠳᠡᠰᠪᠦᠷᠢ ᠬᠠᠲᠠᠭᠤᠵᠢᠯᠲᠠᠶ ᠪᠠᠷ ᠲᠡᠮᠡᠴᠡᠬᠦ | ᠰᠤᠷᠲᠠᠯ ᠲᠠᠢ ᠪᠠᠶᠢᠬᠤ ᠬᠡᠷᠡᠭᠲᠡᠶ ᠭᠡᠵᠦ ᠳᠤᠷᠠᠳᠤᠭᠰᠠᠨ ᠪᠠᠶᠢᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠨᠠᠮ ᠠᠴᠠ ᠲᠦᠷᠦ ᠪᠠᠷᠢᠬᠤ ᠨᠥᠬᠦᠴᠡᠯ | ᠳᠣᠤᠷᠠᠬᠢ ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠰᠡᠳᠦᠪ ᠢ ᠴᠢᠬᠤᠯᠠᠴᠢᠯᠠᠨ ᠳᠤᠷᠠᠳᠴᠤ᠂ ᠦᠵᠡᠯ ᠰᠠᠨᠠᠭ᠎ᠠ | ᠵᠣᠬᠢᠶᠠᠨ ᠪᠠᠶᠢᠭᠤᠯᠤᠯᠲᠠ ᠰᠤᠷᠲᠠᠯ ᠤᠨ ᠲᠠᠯ᠎ᠠ ᠪᠠᠷ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ | ᠤᠳᠤᠷᠢᠳᠤᠯᠭ᠎ᠠ ᠶᠢ ᠪᠠᠬᠢᠵᠢᠭᠦᠯᠪᠡ᠃ ᠨᠠᠮ ᠠᠴᠠ ᠺᠠᠳ᠋ᠷ ᠤᠨ ᠤᠨᠤᠯ ᠤᠨ ᠰᠤᠷᠤᠯᠴᠠᠯᠭ᠎ᠠ ᠪᠠ ᠮᠡᠳᠡᠯᠭᠡ ᠶᠢᠨ | ᠪᠣᠯᠪᠠᠰᠤᠷᠠᠭᠤᠯᠤᠯ ᠢ ᠴᠢᠩᠭᠠᠳᠬᠠᠵᠤ᠂ ᠨᠠᠮ ᠤᠨ ᠤᠳᠤᠷᠢᠳᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠦᠬᠦ ᠨᠠᠮ | ᠢᠯᠠᠩᠭᠤᠶ᠎ᠠ ᠨᠠᠮ ᠤᠨ ᠳᠡᠭᠡᠳᠦ ᠵᠡᠷᠭᠡ ᠶᠢᠨ ᠺᠠᠳ᠋ᠷᠴᠤᠳ ᠢ ᠨᠠᠮ ᠤᠨ ᠪᠦᠯᠬᠦᠮᠳᠡᠯ ᠨᠢᠭᠡᠳᠦᠯ ᠢ ᠬᠠᠮᠠᠭᠠᠯᠠᠬᠤ | ᠤᠬᠠᠮᠰᠠᠷᠲᠤ ᠴᠢᠨᠠᠷ ᠢᠶᠠᠨ ᠴᠢᠩᠭᠠᠳᠬᠠᠬᠤ ᠬᠡᠷᠡᠭᠳᠠᠢ ᠬᠡᠵᠦ ᠱᠠᠭᠠᠷᠳᠠᠪᠠ᠃ ᠨᠠᠮ ᠠᠴᠠ ᠰᠤᠷᠲᠠᠯ ᠴᠡᠭᠴᠡᠯᠡᠬᠦ ᠨᠠᠮ | ᠴᠡᠭᠴᠡᠯᠡᠬᠦ ᠠᠵᠢᠯᠯᠠᠭ᠎ᠠ ᠦᠷᠨᠢᠬᠦᠯᠦᠨ᠂ ᠨᠠᠮ ᠤᠨ ᠳᠣᠲᠣᠭᠠᠳᠤ ᠶᠢᠨ ᠬᠥᠮᠦᠵᠢᠯ ᠢ ᠴᠢᠩᠭᠠᠳᠬᠠᠨ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠴᠡᠭᠴᠡᠯᠡᠵᠦ᠂ ᠨᠠᠮ ᠤᠨ ᠭᠡᠰᠢᠭᠦᠨ ᠤ ᠨᠥᠬᠦᠴᠡᠯ ᠢ | ᠳᠡᠭᠡᠭᠰᠢᠯᠡᠭᠦᠯᠵᠦ᠂ ᠨᠣᠶᠠᠨᠴᠢ ᠰᠤᠷᠲᠠᠯ᠂ ᠵᠠᠷᠯᠢᠭᠳᠠᠬᠤ ᠦᠵᠡᠯ ᠪᠠ ᠱᠠᠮᠰᠢᠨ ᠪᠦᠷᠢᠯᠭᠡᠬᠦ ᠶᠢ ᠡᠰᠡᠷᠭᠦᠴᠡᠪᠡ᠃ | ᠨᠠᠮ ᠠᠴᠠ ᠨᠠᠮ ᠤᠨ ᠭᠡᠰᠢᠭᠦᠨ ᠺᠠᠳ᠋ᠷᠴᠤᠳ ᠤᠨ ᠢᠯᠵᠢᠷᠠᠨ ᠳᠤᠷᠦ᠋ᠢᠳᠠᠵᠤ ᠴᠢᠨᠠᠷ ᠬᠤᠪᠢᠷᠠᠬᠤ ᠶᠢ ᠳᠡᠭᠡᠳᠦ | ᠬᠡᠮᠵᠢᠶ᠎ᠡ ᠪᠠᠷ ᠰᠡᠷᠡᠮᠵᠢᠯᠡᠬᠦ ᠶᠢᠨ ᠬᠠᠮᠲᠤ ᠬᠦᠴᠦᠯᠡᠨ ᠰᠡᠷᠭᠡᠶᠢᠯᠡᠵᠦ᠂ ᠢᠯᠵᠢᠷᠠᠯ ᠢ ᠡᠷᠡᠰ ᠵᠠᠯᠬᠠᠭᠠᠨ ᠰᠢᠢᠳᠭᠡᠪᠡ᠃ | ᠡᠳᠡᠭᠡᠷ ᠴᠢᠬᠤᠯᠠ ᠠᠷᠭ᠎ᠠ ᠬᠡᠮᠵᠢᠶ᠎ᠡ ᠨᠢ ᠨᠠᠮ ᠤᠨ ᠴᠡᠪᠡᠷ ᠴᠢᠨᠠᠷ ᠪᠣᠯᠤᠨ ᠪᠦᠬᠦ ᠨᠠᠮ ᠤᠨ ᠪᠦᠯᠬᠦᠮᠳᠡᠯ ᠢ ᠴᠢᠩᠭᠠᠳᠬᠠᠨ᠂ | ᠨᠠᠮ ᠪᠠ ᠠᠷᠠᠳ ᠤᠯᠠᠨ ᠤ ᠬᠤᠭᠤᠷᠤᠨᠳᠤᠬᠢ ᠬᠠᠷᠢᠯᠴᠠᠭ᠎ᠠ ᠶᠢ ᠨᠢᠭᠲᠠᠷᠠᠭᠤᠯᠵᠤ᠂ ᠲᠦᠷᠦ ᠪᠠᠷᠢᠬᠴᠢ ᠨᠠᠮ ᠤᠨ | ᠪᠠᠶᠢᠭᠤᠯᠤᠯᠲᠠ ᠶᠢᠨ ᠠᠩᠬ᠎ᠠ ᠠᠯᠬᠤᠮ ᠤᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ ᠡᠨᠡ ᠬᠦ ᠦᠶ᠎ᠡ ᠳᠤ᠂ | ᠮᠠᠤ ᠽᠧ ᠳ᠋ᠦᠩ ᠨᠥᠬᠦᠷ ᠮᠠᠷᠺᠰ ᠯᠧᠨᠢᠨ ᠤ ᠦᠵᠡᠯ ᠤᠨ ᠦᠨᠳᠦᠰᠦᠨ ᠤᠭ ᠶᠤᠰᠤ ᠶᠢ ᠳᠤᠮᠳᠠᠳᠤ ᠤᠯᠤᠰ ᠤᠨ | ᠪᠣᠳᠠᠲᠤ ᠪᠠᠶᠢᠳᠠᠯ ᠲᠠᠢ ︽ᠬᠤᠶᠠᠳᠡᠬᠢ ᠤᠳᠠᠭ᠎ᠠ ᠤᠶᠠᠯᠳᠤᠭᠤᠯᠬᠤ︾ ᠶᠢ ᠳᠤᠷᠠᠳᠤᠨ ᠭᠠᠷᠭᠠᠵᠦ᠂ ᠮᠠᠤ ᠽᠧ ᠳ᠋ᠦᠩ | ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠰᠢᠨ᠎ᠡ ᠪᠣᠳᠠᠲᠤ | ᠪᠠᠶᠢᠳᠠᠯ ᠲᠠᠢ ᠤᠶᠠᠯᠳᠤᠭᠤᠯᠤᠨ ᠮᠠᠤ ᠽᠧ ᠳ᠋ᠦᠩ ᠤᠨ ᠦᠵᠡᠯ ᠰᠠᠨᠠᠭ᠎ᠠ ᠶᠢ ᠪᠠᠶᠠᠯᠢᠬᠵᠢᠭᠤᠯᠤᠨ ᠬᠥᠭᠵᠢᠭᠦᠯᠦᠭᠡᠳ᠂ | ᠨᠡᠶᠢᠭᠡᠮ ᠵᠢᠷᠤᠮᠲᠤ ᠨᠡᠶᠢᠭᠡᠮ ᠪᠤᠯ ᠨᠢᠭᠡᠨ ᠮᠠᠰᠢ ᠤᠷᠲᠤ ᠬᠤᠭᠤᠴᠠᠭᠠᠨ ᠤ ᠲᠡᠦᠬᠡᠨ ᠱᠠᠲᠤ ᠦᠶ᠎ᠡ ᠮᠦᠨ᠂ ᠳᠠᠶᠢᠰᠤᠨ | ᠮᠠᠨ ᠤ ᠬᠤᠭᠤᠷᠣᠨᠳᠣᠬᠢ ᠵᠥᠷᠢᠴᠡᠯ ᠪᠠ ᠠᠷᠠᠳ ᠤᠨ ᠳᠣᠲᠣᠭᠠᠳᠤ ᠶᠢᠨ ᠵᠥᠷᠢᠴᠡᠯ ᠢ ᠴᠢᠩᠭ᠎ᠠ ᠢᠯᠭᠠᠵᠤ ᠵᠥᠪ ᠢᠶᠠᠷ | ᠰᠢᠢᠳᠪᠦᠷᠢᠯᠡᠬᠦ᠂ ᠮᠠᠨ ᠤ ᠤᠯᠤᠰ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠠᠷᠪᠠᠨ ᠶᠡᠭᠡ | ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ᠂ ᠮᠠᠨ ᠤ ᠤᠯᠤᠰ ᠤᠨ ᠪᠠᠶᠢᠳᠠᠯ ᠳᠤ ᠳᠣᠭᠢᠷᠬᠠᠰᠠᠨ ᠠᠵᠤ | ᠦᠢᠯᠡᠳᠪᠦᠷᠢᠵᠢᠯᠲᠡ ᠶᠢᠨ ᠵᠠᠮ ᠢ ᠨᠡᠭᠡᠭᠡᠬᠦ᠂ ᠥᠷᠲᠡᠭ ᠤᠨ ᠵᠢᠮ᠎ᠡ ᠶᠣᠰᠣ ᠶᠢ ᠬᠦᠨᠳᠦᠳᠭᠡᠬᠦ᠂ ᠨᠠᠮ ᠪᠠ | ᠠᠷᠠᠳᠴᠢᠯᠠᠭᠰᠠᠨ ᠨᠠᠮ ᠪᠦᠯᠦᠭ ᠤᠨ ᠬᠠᠷᠢᠴᠠᠭᠠᠨ ᠤ ᠲᠠᠯ᠎ᠠ ᠪᠠᠷ ︽ᠤᠷᠳᠤ ᠬᠤᠭᠤᠴᠠᠭ᠎ᠠ ᠪᠠᠷ ᠵᠡᠷᠭᠡᠴᠡᠨ ᠣᠷᠣᠰᠢᠵᠤ᠂ | ᠬᠠᠷᠢᠯᠴᠠᠨ ᠬᠢᠨᠠᠯᠲᠠ ᠲᠠᠯᠪᠢᠬᠤ︾ ᠴᠢᠭᠯᠡᠯᠲᠡ ᠶᠢ ᠬᠡᠷᠡᠭᠵᠢᠭᠦᠯᠬᠦ᠂ ᠰᠢᠨᠵᠢᠯᠡᠬᠦ ᠤᠬᠠᠭᠠᠨ ᠰᠣᠶᠣᠯ ᠤᠨ ᠠᠵᠢᠯ ᠤᠨ | ᠳᠤᠮᠳᠠ ︽ᠦᠡᠭᠭᠡ ᠪᠦᠷᠢ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ ᠦᠶ ᠤᠯᠠᠨ ᠡᠷᠳᠡᠮᠲᠡᠨ ᠢ ᠴᠢᠯᠥᠭᠡᠲᠡᠶ | ᠶᠠᠷᠢᠯᠴᠠᠭᠤᠯᠬᠤ︾ ᠴᠢᠭᠯᠡᠯᠲᠡ ᠶᠢ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠨᠡᠶᠢᠭᠡᠮ ᠵᠢᠷᠤᠮᠲᠤ ᠪᠦᠳᠦᠭᠡᠨ | ᠪᠠᠶᠢᠭᠤᠯᠤᠯᠲᠠ ᠶᠢᠨ ᠲᠤᠬᠠᠶ ᠠᠯᠢ ᠤᠯᠠᠨ ᠴᠢᠬᠤᠯᠠ ᠦᠵᠡᠯ ᠰᠠᠨᠠᠭ᠎ᠠ ᠶᠢ ᠳᠤᠷᠠᠳᠤᠨ ᠭᠠᠷᠭᠠᠪᠠ᠃ ᠡᠳᠡᠭᠡᠷ | ᠥᠪᠡᠷᠮᠢᠴᠡ ᠪᠦᠲᠦᠭᠡᠯᠴᠢ ᠴᠢᠨᠠᠷᠲᠠᠶ ᠤᠨᠤᠯ ᠤᠨ ᠦᠷ᠎ᠡ ᠪᠦᠲᠦᠭᠡᠯ ᠨᠢ ᠤᠳᠤ ᠪᠣᠯᠲᠠᠯ᠎ᠠ ᠴᠢᠬᠤᠯᠠ ᠵᠢᠯᠣᠭᠤᠳᠬᠤ | ᠠᠴᠢ ᠬᠤᠯᠪᠣᠭᠳᠠᠯ ᠲᠠᠢ ᠪᠠᠶᠢᠭᠰᠠᠭᠠᠷ ᠶᠤᠮ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠷᠺᠰ ᠯᠧᠨᠢᠨ ᠤ | ᠦᠵᠡᠯ ᠢ ᠳᠤᠮᠳᠠᠳᠤ ᠤᠯᠤᠰ ᠲᠤ ᠪᠦᠲᠦᠭᠡᠯᠴᠢ ᠪᠠᠷ ᠬᠡᠷᠡᠭᠯᠡᠵᠦ ᠬᠥᠭᠵᠢᠭᠦᠯᠦᠭᠰᠡᠨ ᠶᠠᠪᠤᠳᠠᠯ ᠮᠥᠨ᠂ | ᠦᠢᠯᠡᠳᠦᠯᠭᠡ ᠪᠠᠷ ᠭᠡᠷᠡᠴᠢᠯᠡᠭᠳᠡᠭᠰᠡᠨ ᠳᠤᠮᠳᠠᠳᠤ ᠤᠯᠤᠰ ᠤᠨ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ | ᠲᠤᠬᠠᠶ ᠵᠥᠪ ᠤᠨᠤᠯ ᠤᠨ ᠵᠠᠷᠴᠢᠮ ᠪᠠ ᠲᠤᠷᠰᠢᠯᠭ᠎ᠠ ᠶᠢᠨ ᠳ᠋ᠦᠩᠨᠡᠯᠲᠡ ᠮᠥᠨ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠭᠰᠠᠨ ᠠᠩᠬᠠᠳᠠᠬᠴᠢ ᠤᠳᠠᠭᠠᠨ ᠤ ᠲᠡᠦᠬᠡᠲᠦ ᠴᠢᠨᠠᠷᠲᠠᠶ ᠦᠰᠦᠷᠦᠯᠲᠡ ᠮᠥᠨ᠃ ᠮᠠᠤ ᠽᠧ ᠳ᠋ᠦᠩ ᠤᠨ | ᠦᠵᠡᠯ ᠰᠠᠨᠠᠭᠠᠨ ᠤ ᠠᠮᠢᠨ ᠰᠦᠨᠡᠰᠦ ᠪᠣᠯ ᠡᠯ᠎ᠡ ᠪᠦᠷᠢᠯᠳᠦᠬᠦᠨ ᠬᠡᠰᠡᠭ ᠲᠤᠨᠢ ᠲᠤᠭᠤᠰᠢᠯᠠᠭᠳᠠᠵᠤ ᠪᠠᠶᠢᠭ᠎ᠠ | ᠵᠣᠭᠰᠣᠯᠲᠠ᠂ ᠦᠵᠡᠯᠲᠡ᠂ ᠠᠷᠭ᠎ᠠ ᠮᠥᠨ᠂ ᠲᠡᠷᠡ ᠨᠢ ᠦᠨᠡᠨ ᠠᠴᠠ ᠵᠥᠪ ᠢ ᠡᠷᠢᠬᠦ᠂ ᠤᠯᠠᠨ ᠲᠦᠮᠡᠨᠴᠢ ᠱᠤᠭᠤᠮ᠂ | ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠤᠷᠪᠠᠨ ᠦᠨᠳᠦᠰᠦᠨ ᠲᠠᠯ᠎ᠠ ᠪᠠᠷ ᠢᠯᠡᠷᠡᠵᠦ᠂ ᠨᠠᠮ ᠪᠠ ᠠᠷᠠᠳ ᠲᠦᠮᠡᠨ ᠤ | ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠭᠰᠠᠨ ᠪᠠᠶᠢᠨ᠎ᠠ᠃ | ᠬᠠᠷᠠᠮᠰᠠᠯᠲᠠᠶ ᠨᠢ᠂ ᠨᠠᠮ ᠤᠨ ᠨᠠᠢᠮᠠᠳᠤᠭᠠᠷ ᠶᠡᠭᠡ ᠬᠤᠷᠠᠯ ᠠᠴᠠ ᠪᠦᠷᠢᠯᠳᠦᠭᠦᠯᠦᠭᠰᠡᠨ ᠵᠥᠪ ᠱᠤᠭᠤᠮ ᠢ ᠲᠡᠷᠡ | ᠴᠢᠭ ᠢᠶᠠᠷ ᠨᠢ ᠪᠠᠷᠢᠮᠲᠠᠯᠠᠵᠤ ᠴᠢᠳᠠᠭᠰᠠᠨ ᠦᠭᠡᠢ ᠪᠠᠶᠢᠵᠤ᠂ ᠤᠷᠢᠳ ᠬᠤᠵᠢᠳ ︽ᠶᠡᠭᠡ ᠦᠰᠦᠷᠦᠩᠭᠦᠶ ᠲᠠᠪᠰᠢᠯᠳᠠ︾ | ᠶᠢᠨ ᠬᠥᠳᠡᠯᠭᠡᠭᠡᠨ᠂ ᠠᠷᠠᠳ ᠤᠨ ᠨᠢᠭᠡᠳᠦᠯ ᠪᠠᠶᠢᠭᠤᠯᠬᠤ ᠬᠦᠳᠡᠯᠬᠡᠬᠡᠨ ᠵᠡᠷᠭᠡ ᠠᠯᠳᠠᠭ᠎ᠠ ᠶᠢ ᠭᠠᠷᠭᠠᠵᠤ᠂ | ᠪᠠᠷᠠᠭᠤᠨᠲᠠᠨ ᠢ ᠡᠰᠡᠷᠭᠦᠴᠡᠬᠦ ᠲᠡᠮᠡᠴᠡᠯ ᠢ ᠴᠦ ᠬᠦᠨᠳᠦ ᠨᠣᠴᠢᠲᠠᠶ ᠥᠷᠭᠡᠳᠭᠡᠪᠡ᠃ ᠲᠤᠬᠠᠶ ᠶᠢᠨ ᠦᠶ᠎ᠡ ᠶᠢᠨ ᠬᠦᠨᠳᠦ | ᠬᠡᠴᠡᠬᠦᠦ ᠪᠦᠭᠡᠳ ᠲᠦᠪᠡᠭ ᠪᠤᠳᠤᠯᠢᠶᠠᠨᠲᠠᠶ ᠭᠠᠳᠠᠭᠠᠳᠤ ᠣᠷᠴᠢᠨ ᠨᠦᠬᠦᠴᠡᠯ ᠤᠨ ᠡᠮᠦᠨ᠎ᠡ᠂ ᠨᠠᠮ ᠠᠴᠠ ᠨᠡᠶᠢᠭᠡᠮ | ᠵᠢᠷᠤᠮᠲᠤ ᠲᠦᠷᠦ ᠶᠢᠨ ᠡᠷᠬᠡ ᠶᠢ ᠪᠠᠬᠢᠵᠢᠬᠦᠯᠬᠦ ᠶᠠᠪᠤᠳᠠᠯ ᠢ ᠲᠦᠢᠯ ᠢᠶᠠᠷ ᠠᠩᠬᠠᠷᠴᠤ᠂ ᠡᠬᠦᠨ ᠤ ᠳᠦᠯᠦᠬᠡ ᠤᠯᠠᠨ | ᠲᠠᠯ᠎ᠠ ᠶᠢᠨ ᠴᠢᠷᠮᠠᠶᠢᠯᠭ᠎ᠠ ᠭᠠᠷᠭᠠᠪᠠ᠃ ᠭᠡᠳᠡᠯ᠎ᠠ᠂ ᠨᠡᠶᠢᠭᠡᠮ ᠵᠢᠷᠤᠮᠲᠤ ᠨᠡᠶᠢᠭᠡᠮ ᠤᠨ ᠠᠩᠬᠢ ᠶᠢᠨ ᠲᠡᠮᠡᠴᠡᠯ ᠤᠨ ᠲᠤᠬᠠᠶ | ᠮᠠᠤ ᠽᠧ ᠳ᠋ᠦᠩ ᠨᠥᠬᠦᠷ ᠤᠨ ᠤᠨᠦᠯ ᠪᠠ ᠦᠢᠯᠡᠳᠦᠯᠭᠡ ᠶᠢᠨ ᠲᠠᠯ᠎ᠠ ᠪᠠᠷ ᠬᠢ ᠠᠯᠳᠠᠭ᠎ᠠ ᠶᠠᠪᠤᠬᠤ ᠲᠤᠳᠦᠮ ᠬᠦᠨᠳᠦ | ᠨᠤᠴᠢᠲᠠᠢ ᠪᠤᠯᠵᠤ᠂ ᠨᠠᠮ ᠤᠨ ᠲᠥᠪ ᠬᠤᠷᠢᠶ᠎ᠠ ᠡᠳᠡᠭᠡᠷ ᠠᠯᠳᠠᠭ᠎ᠠ ᠶᠢ ᠴᠠᠭ ᠲᠤᠬᠠᠶ ᠳᠤᠨᠢ ᠵᠠᠯᠠᠷᠠᠭᠤᠯᠵᠤ ᠴᠢᠳᠠᠭᠰᠠᠨ | ᠤᠢᠭᠡᠢ ᠪᠠᠶᠢᠪᠠ᠃ ᠮᠠᠤ ᠽᠧ ᠳ᠋ᠦᠩ ᠨᠥᠬᠦᠷ ᠲᠤᠬᠠᠶ ᠶᠢᠨ ᠦᠶ᠎ᠡ ᠶᠢᠨ ᠮᠠᠨ ᠤ ᠤᠯᠤᠰ ᠤᠨ ᠠᠩᠬᠢ ᠶᠢᠨ ᠪᠠᠶᠢᠳᠠᠯ | ᠵᠢᠴᠢ ᠨᠠᠮ ᠪᠠ ᠤᠯᠤᠰ ᠣᠷᠣᠨ ᠤ ᠤᠯᠤᠰ ᠲᠦᠷᠦ ᠶᠢᠨ ᠪᠠᠶᠢᠳᠠᠯ ᠤᠨ ᠲᠤᠬᠠᠶ ᠪᠦᠷᠢᠮᠦᠰᠦᠨ ᠪᠤᠷᠤᠭᠤ ᠵᠢᠱᠢᠯᠲᠡ | ᠭᠠᠷᠭᠠᠵᠤ᠂ ︽ᠰᠣᠶᠣᠯ ᠤᠨ ᠶᠡᠭᠡ ᠬᠤᠪᠢᠰᠬᠠᠯ︾ ᠢ ᠡᠭᠦᠰᠭᠡᠨ ᠤᠳᠤᠷᠢᠳᠴᠤ᠂ ᠬᠤᠪᠢᠰᠬᠠᠯ ᠤᠨ ᠡᠰᠡᠷᠭᠦᠦ ᠯᠢᠨ | ᠪᠢᠶᠤᠤ᠂ ᠵᠢᠶᠠᠩ ᠴᠢᠩ ᠤᠨ ᠬᠤᠶᠠᠷ ᠪᠦᠯᠦᠭ ᠠᠴᠠ ᠮᠠᠤ ᠽᠧ ᠳ᠋ᠦᠩ ᠨᠥᠬᠦᠷ ᠤᠨ ᠠᠯᠳᠠᠭ᠎ᠠ ᠶᠢ ᠠᠰᠢᠭᠯᠠᠨ᠂ | ᠲᠦᠷᠦ ᠶᠢ ᠲᠦᠢᠪᠡᠭᠡᠵᠦ ᠲᠦᠮᠡᠨ ᠢ ᠭᠠᠰᠠᠯᠭᠠᠭᠰᠠᠨ ᠶᠡᠭᠡ ᠬᠡᠮᠵᠢᠶᠡᠨ ᠤ ᠶᠠᠯᠠᠲᠤ ᠠᠵᠢᠯᠯᠠᠭ᠎ᠠ ᠶᠢ ᠬᠢᠵᠦ᠂ ᠠᠷᠪᠠᠨ | ᠵᠢᠯ ᠤᠨ ᠳᠣᠲᠣᠭᠠᠳᠤ ᠶᠢᠨ ᠰᠠᠮᠠᠭᠤᠷᠠᠯ ᠢ ᠪᠤᠢ ᠪᠤᠯᠭᠠᠭᠠᠳ᠂ ᠨᠠᠮ᠂ ᠤᠯᠤᠰ᠂ ᠠᠷᠠᠳ ᠲᠦᠮᠡᠨ ᠢ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠬᠦᠨᠳᠦ ᠨᠣᠴᠢᠲᠠᠶ ᠨᠤᠭᠤᠷᠠᠯ ᠪᠦᠳᠦᠷᠢᠯ ᠪᠠ | ᠬᠤᠬᠢᠷᠠᠯ ᠳᠤ ᠤᠴᠠᠷᠠᠭᠤᠯᠪᠠ᠂ ᠡᠨᠡ ᠬᠦ ᠰᠤᠷᠭᠠᠮᠵᠢ ᠪᠤᠯ ᠲᠦᠢᠯ ᠤᠨ ᠬᠠᠷᠠᠰᠠᠯᠲᠠᠶ ᠶᠤᠮ᠃ 1976 ᠣᠨ ᠤ 10 | ᠰᠠᠷ᠎ᠠ ᠳᠤ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠨᠠᠮ ᠪᠠ ᠠᠷᠠᠳ ᠲᠦᠮᠡᠨ ᠤ ᠬᠦᠰᠡᠯ ᠵᠣᠷᠢᠭ ᠢ | ᠬᠡᠷᠡᠭᠵᠢᠭᠦᠯᠵᠦ᠂ ︽ᠲᠦᠷᠪᠡᠠ ᠬᠥᠮᠦᠨ ᠤ ᠪᠦᠯᠦᠭ︾ ᠢ ᠡᠷᠡᠰ ᠰᠢᠭᠤᠷᠬᠠᠢ ᠪᠠᠷ ᠪᠤᠲᠠ ᠨᠢᠷᠭᠡᠵᠦ᠂ ︽ᠰᠣᠶᠣᠯ ᠤᠨ | ᠶᠡᠭᠡ ᠬᠤᠪᠢᠰᠬᠠᠯ︾ ᠤᠨ ᠭᠠᠢ ᠭᠠᠮᠰᠢᠭ ᠢ ᠡᠴᠦᠰᠯᠡᠭᠦᠯᠪᠡ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠥᠭᠡᠷᠡᠴᠢᠯᠡᠯᠲᠡ ᠨᠡᠭᠡᠭᠡᠯᠲᠡ ᠬᠢᠬᠦ ᠶᠢᠨ ᠡᠮᠦᠨᠡᠬᠡᠨ | ᠪᠣᠯᠲᠠᠯ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠨᠡᠶᠢᠭᠡᠮ ᠵᠢᠷᠤᠮᠲᠤ ᠬᠤᠪᠢᠰᠬᠠᠯ ᠢ ᠪᠡᠶᠡᠯᠡᠭᠦᠯᠵᠦ᠂ ᠠᠯᠢᠪᠠ | ᠮᠥᠯᠵᠢᠯᠳᠤ ᠪᠠᠶᠢᠭᠤᠯᠤᠯ ᠢ ᠤᠰᠠᠳᠬᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ | ᠥᠷᠭᠡᠨ ᠳᠡᠯᠭᠡᠷ ᠪᠥᠭᠡᠳ ᠭᠦᠨ ᠭᠦᠨᠵᠡᠭᠡᠶ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠶᠠᠳᠠᠭᠤ ᠬᠤᠭᠤᠰᠣᠨ᠂ | ᠬᠥᠮᠦᠨ ᠠᠮᠠ ᠣᠯᠠᠨᠲᠠᠶ ᠳᠣᠷᠣᠨᠠᠳᠠᠬᠢᠨ ᠤ ᠲᠣᠮᠣ ᠤᠯᠤᠰ ᠢ ᠲᠤᠮᠤ ᠠᠯᠬᠤᠮ ᠢᠶᠠᠷ ᠨᠡᠶᠢᠭᠡᠮ ᠵᠢᠷᠤᠮᠲᠤ ᠨᠡᠶᠢᠭᠡᠮ ᠳᠤ | ᠤᠷᠤᠭᠤᠯᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠪᠡ᠃ ᠬᠠᠶᠢᠨ ᠰᠦᠪᠡᠭᠴᠢᠯᠡᠬᠦ ᠶᠠᠪᠤᠴᠠ ᠳᠠᠭᠠᠨ | ᠬᠡᠳᠦ᠋ᠢᠪᠡᠷ ᠬᠦᠨᠳᠦ ᠨᠣᠴᠢᠲᠠᠶ ᠨᠤᠭᠤᠷᠠᠯ ᠪᠦᠳᠦᠷᠢᠯ ᠢ ᠥᠩᠭᠡᠷᠡᠭᠦᠯᠦᠭᠰᠡᠨ ᠪᠣᠯᠪᠠᠴᠤ ᠨᠠᠮ ᠤᠨ ᠨᠡᠶᠢᠭᠡᠮ ᠵᠢᠷᠤᠮᠲᠤ | ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠳᠤᠮᠳᠠ ᠣᠯᠤᠭᠰᠠᠨ ᠥᠪᠡᠷᠮᠢᠴᠡ ᠪᠦᠲᠦᠭᠡᠯᠴᠢ ᠴᠢᠨᠠᠷᠲᠠᠶ | ᠤᠨᠤᠯ ᠤᠨ ᠦᠷ᠎ᠡ ᠪᠦᠲᠦᠭᠡᠯ ᠪᠠ ᠯᠤᠲᠤ ᠶᠡᠭᠡ ᠠᠮᠵᠢᠯᠲᠠ ᠪᠦᠲᠦᠮᠵᠢ ᠨᠢ ᠰᠢᠨ᠎ᠡ ᠲᠡᠦᠬᠡᠨ ᠦᠶ᠎ᠡ ᠳᠤ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠡᠭᠦᠳᠦᠨ ᠪᠠᠶᠢᠭᠤᠯᠬᠤ ᠳᠤ ᠡᠷᠬᠢᠮ ᠨᠠᠨᠳᠢᠨ ᠲᠤᠷᠰᠢᠯᠭ᠎ᠠ᠂ | ᠤᠨᠤᠯ ᠤᠨ ᠪᠡᠯᠡᠳᠭᠡᠯ ᠪᠠ ᠪᠣᠳᠠᠰ ᠤᠨ ᠰᠠᠭᠤᠷᠢ ᠶᠢ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ | ᠲᠡᠮᠡᠴᠡᠯ ᠢᠶᠠᠷ ᠢᠶᠠᠨ᠂ ᠳᠤᠮᠳᠠᠳᠤ ᠤᠯᠤᠰ ᠤᠨ ᠠᠷᠠᠳ ᠲᠦᠮᠡᠨ ᠬᠠᠭᠤᠴᠢᠨ ᠶᠢᠷᠲᠢᠨᠴᠦ ᠶᠢ ᠡᠪᠳᠡᠬᠦ ᠳᠤ | ᠴᠢᠳᠠᠮᠠᠭᠠᠶ ᠪᠠᠷ ᠪᠠᠷᠠᠬᠤ ᠦᠭᠡᠢ᠂ ᠰᠢᠨ᠎ᠡ ᠶᠢᠷᠲᠢᠨᠴᠦ ᠶᠢ ᠪᠠᠶᠢᠭᠤᠯᠬᠤ ᠳᠤ ᠴᠤ ᠴᠢᠳᠠᠮᠠᠭᠠᠶ ᠶᠤᠮ᠂ ᠭᠠᠭᠴᠠ ᠬᠦ | ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ | ᠤᠯᠤᠰ ᠢ ᠬᠥᠭᠵᠢᠭᠦᠯᠵᠦ ᠴᠢᠳᠠᠨ᠎ᠠ ᠭᠡᠳᠡᠭ ᠢ ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ ᠭᠤᠷᠪᠠ᠂ | ᠥᠭᠡᠷᠡᠴᠢᠯᠡᠯᠲᠡ ᠨᠡᠭᠡᠭᠡᠯᠳᠠ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠬᠢᠭᠰᠡᠨ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ | ᠦᠶ᠎ᠠ ᠳᠤ᠂ ᠨᠠᠮ ᠳᠤ ᠲᠤᠯᠭᠠᠷᠠᠭᠰᠠᠨ ᠭᠤᠤᠯ ᠡᠭᠦᠷᠭᠡ ᠪᠣᠯ᠂ ᠳᠤᠮᠳᠠᠳᠤ ᠤᠯᠤᠰ ᠤᠨ ᠨᠡᠶᠢᠭᠡᠮ ᠵᠢᠷᠤᠮ ᠢ ᠪᠦᠲᠦᠭᠡᠨ | ᠪᠠᠶᠢᠭᠤᠯᠬᠤ ᠵᠥᠪ ᠵᠠᠮ ᠢ ᠦᠷᠭᠦᠯᠵᠢᠯᠡᠨ ᠰᠦᠪᠡᠭᠴᠢᠯᠡᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ | ᠴᠢᠯᠥᠭᠡᠯᠡᠨ ᠬᠥᠭᠵᠢᠭᠦᠯᠵᠦ᠂ ᠠᠷᠠᠳ ᠲᠦᠮᠡᠨ ᠢ ᠶᠠᠳᠠᠭᠤ ᠠᠴᠠ ᠠᠩᠭᠢᠵᠢᠷᠠᠭᠤᠯᠤᠨ ᠠᠯᠢ ᠲᠦᠷᠭᠡᠨ ᠢᠶᠠᠷ | ᠪᠠᠶᠠᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠢᠨ᠎ᠡ | ᠠᠮᠢᠳᠤᠯᠢᠬ ᠬᠦᠴᠦᠨ ᠢᠶᠠᠷ ᠪᠢᠯᠬᠠᠬᠰᠠᠨ ᠪᠠᠶᠢᠭᠤᠯᠤᠯ ᠤᠨ ᠪᠠᠲᠤᠯᠠᠭ᠎ᠠ ᠪᠠ ᠲᠦᠷᠭᠡᠨ ᠢᠶᠠᠷ ᠬᠥᠭᠵᠢᠭᠰᠡᠨ ᠪᠣᠳᠠᠰ ᠤᠨ | ᠨᠥᠬᠦᠴᠡᠯ ᠢ ᠬᠠᠩᠭᠠᠬᠤ ᠶᠠᠪᠤᠳᠠᠯ ᠪᠤᠯᠤᠨ᠎ᠠ᠃ ︽ᠰᠣᠶᠣᠯ ᠤᠨ ᠶᠡᠭᠡ ᠬᠤᠪᠢᠰᠬᠠᠯ︾ ᠳᠠᠭᠤᠰᠤᠭᠰᠠᠨ ᠤ ᠳᠠᠷᠠᠭ᠎ᠠ᠂ | ᠨᠠᠮ ᠪᠣᠯᠤᠨ ᠤᠯᠤᠰ ᠤᠷᠤᠨ ᠴᠤᠬᠤᠮ ᠶᠠᠭᠠᠬᠢᠪᠠᠯ ᠵᠤᠬᠢᠬᠤ ᠪᠤᠢ ᠭᠡᠳᠡᠭ ᠠᠰᠠᠭᠤᠳᠠᠯ ᠳᠤ ᠲᠤᠯᠭᠠᠷᠠᠭᠰᠠᠨ ᠴᠢᠬᠤᠯᠠ | ᠶᠡᠭᠡ ᠲᠡᠦᠬᠡᠨ ᠵᠠᠩᠭᠢᠯᠠᠭ᠎ᠠ ᠶᠢᠨ ᠦᠶ᠎ᠠ ᠳᠤ᠂ ᠨᠠᠮ ᠠᠴᠠ ᠭᠠᠭᠴᠠ ᠬᠦ ᠥᠭᠡᠷᠡᠴᠢᠯᠡᠯᠲᠡ ᠨᠡᠭᠡᠭᠡᠯᠳᠠ ᠬᠢᠬᠦ ᠪᠣᠯ ᠰᠠᠶ᠋ᠢ | ᠴᠤᠷᠢ ᠶᠢᠨ ᠭᠠᠭᠴᠠ ᠭᠠᠷᠬᠤ ᠵᠡᠮ ᠮᠥᠨ᠂ ᠡᠰᠡᠪᠡᠯ ᠮᠠᠨ ᠤ ᠣᠳᠣᠬᠢᠴᠢᠯᠠᠯᠲᠠ ᠶᠢᠨ ᠦᠢᠯᠡᠰ ᠪᠠ ᠨᠡᠶᠢᠭᠡᠮ | ᠵᠢᠷᠤᠮ ᠤᠨ ᠦᠢᠯᠡᠰ ᠪᠤᠯᠠᠰᠢᠯᠠᠬᠳᠠᠬᠤ ᠪᠣᠯᠤᠨ᠎ᠠ ᠭᠡᠳᠡᠭ ᠢ ᠭᠦᠨᠵᠡᠭᠡᠶ ᠲᠠᠨᠢᠵᠤ ᠣᠯᠪᠠ᠃ 1978 ᠣᠨ ᠤ 12 | ᠰᠠᠷ᠎ᠠ ᠳᠤ᠂ ᠨᠠᠮ ᠠᠴᠠ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠢ | ᠬᠤᠷᠠᠯᠳᠤᠭᠤᠯᠵᠤ᠂ ︽ᠠᠩᠭᠢ ᠶᠢᠨ ᠲᠡᠮᠡᠴᠡᠯ ᠢᠶᠠᠷ ᠬᠥᠲᠥᠯᠪᠦᠷᠢ ᠪᠣᠯᠭᠠᠬᠤ︾ ᠶᠢ ᠡᠷᠡᠰ ᠰᠢᠭᠤᠷᠬᠠᠶ ᠪᠠᠷ | ᠡᠴᠦᠰᠯᠡᠭᠦᠯᠦᠨ᠂ ᠨᠠᠮ ᠪᠣᠯᠤᠨ ᠤᠯᠤᠰ ᠤᠨ ᠠᠵᠢᠯ ᠤᠨ ᠭᠤᠣᠯᠳᠠᠯᠭ᠎ᠠ ᠶᠢᠨ ᠪᠠᠶᠢᠯᠳᠤᠬᠤ ᠪᠣᠳᠣᠯᠭ᠎ᠠ ᠶᠢᠨ | ᠰᠢᠯᠵᠢᠯᠲᠡ ᠶᠢ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢᠨ ᠰᠢᠨ᠎ᠡ ᠦᠶ᠎ᠡ ᠶᠢ ᠨᠡᠭᠡᠭᠡᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ | ᠨᠠᠮ ᠤᠨ ᠲᠡᠦᠬᠡᠨ ᠳᠡᠭᠡᠷᠡᠬᠢ ᠠᠯᠤᠰ ᠬᠡᠳᠦ ᠶᠢᠨ ᠠᠴᠢ ᠬᠤᠯᠪᠣᠭᠳᠠᠯ ᠪᠦᠬᠦᠢ ᠠᠭᠤᠤ ᠶᠡᠭᠡ ᠡᠷᠭᠢᠯᠲᠡ ᠶᠢ | ᠪᠡᠶᠡᠯᠡᠭᠦᠯᠪᠡ᠃ ᠨᠠᠮ ᠠᠴᠠ ︽ᠰᠣᠶᠣᠯ ᠤᠨ ᠶᠡᠭᠡ ᠬᠤᠪᠢᠰᠬᠠᠯ︾ ᠢ ᠲᠦᠢᠯᠪᠤᠷᠢᠲᠠᠶ ᠦᠭᠡᠶᠢᠰᠭᠡᠬᠦ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠭᠠᠷᠭᠠᠪᠠ᠃ ᠳᠥᠴᠢ ᠭᠠᠷᠤᠶ ᠵᠢᠯ ᠤᠨ ᠲᠤᠷᠰᠢ᠂ ᠨᠠᠮ ᠡᠨᠡ ᠤᠳᠠᠭᠠᠨ ᠤ ᠪᠥᠬᠦᠳᠡ | ᠬᠤᠷᠠᠯ ᠠᠴᠠ ᠲᠣᠭᠲᠠᠭᠠᠭᠰᠠᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠢᠮᠠᠭᠲᠠ ᠭᠤᠶᠢᠪᠢᠰᠢ ᠦᠭᠡᠢ | ᠪᠠᠷᠢᠮᠲᠠᠯᠠᠭᠰᠠᠭᠠᠷ ᠢᠷᠡᠪᠡ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠠᠴᠠ ᠬᠤᠶᠢᠰᠢ᠂ ᠳ᠋ᠧᠩ ᠰᠢᠶᠣᠤ ᠫᠢᠩ ᠨᠥᠬᠦᠷ ᠢᠶᠠᠷ ᠭᠤᠤᠯ ᠲᠥᠯᠥᠭᠡᠯᠡᠭᠴᠢ ᠪᠠᠨ ᠪᠣᠯᠭᠠᠭᠰᠠᠨ | ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠵᠥᠪ | ᠪᠤᠷᠤᠭᠤ ᠬᠤᠶᠠᠷ ᠲᠠᠯ᠎ᠠ ᠶᠢᠨ ᠲᠤᠷᠰᠢᠯᠭ᠎ᠠ ᠶᠢ ᠭᠦᠨᠵᠡᠭᠡᠶ ᠳ᠋ᠦᠩᠨᠡᠵᠦ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ | ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠡᠨᠡ ᠬᠦ ᠦᠨᠳᠦᠰᠦᠨ ᠠᠰᠠᠭᠤᠳᠠᠯ ᠤᠨ ᠲᠣᠭᠤᠷᠢᠨ ᠳᠤ᠂ ᠳᠡᠯᠡᠬᠡᠶ ᠶᠢᠨ | ᠨᠡᠶᠢᠭᠡᠮ ᠵᠢᠷᠤᠮ ᠤᠨ ᠲᠡᠦᠬᠡᠨ ᠲᠤᠷᠰᠢᠯᠭ᠎ᠠ ᠪᠠᠷ ᠲᠣᠯᠢ ᠪᠣᠯᠭᠠᠵᠤ᠂ ᠳ᠋ᠧᠩ ᠰᠢᠶᠣᠤ ᠫᠢᠩ ᠤᠨ ᠣᠨᠣᠯ ᠢ ᠪᠤᠢ | ᠪᠤᠯᠭᠠᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠦᠨᠡᠨ ᠠᠴᠠ ᠵᠥᠪ ᠢ ᠡᠷᠢᠵᠦ᠂ ᠨᠠᠮ ᠪᠠ ᠤᠯᠤᠰ ᠤᠨ ᠠᠵᠢᠯ ᠤᠨ | ᠭᠤᠤᠯᠳᠠᠯᠭ᠎ᠠ ᠶᠢ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠳᠡᠭᠡᠷ᠎ᠡ ᠰᠢᠯᠵᠢᠭᠦᠯᠬᠦ᠂ ᠥᠭᠡᠷᠡᠴᠢᠯᠡᠯᠲᠡ | ᠨᠡᠭᠡᠭᠡᠯᠲᠡ ᠶᠢ ᠬᠡᠷᠡᠭᠵᠢᠭᠦᠯᠬᠦ ᠲᠡᠦᠬᠡᠲᠦ ᠴᠢᠨᠠᠷᠲᠠᠶ ᠰᠢᠢᠳᠪᠦᠷᠢᠲᠦ ᠪᠣᠳᠣᠯᠭ᠎ᠠ ᠭᠠᠷᠭᠠᠵᠤ᠂ ᠨᠡᠶᠢᠭᠡᠮ ᠵᠢᠷᠤᠮ ᠤᠨ | ᠮᠥᠨ ᠴᠢᠨᠠᠷ ᠢ ᠭᠦᠨᠵᠡᠭᠡᠶ ᠢᠯᠡᠷᠡᠭᠦᠯᠦᠨ᠂ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠦᠨᠳᠦᠰᠦᠨ ᠱᠤᠭᠤᠮ ᠢ | ᠲᠣᠭᠲᠠᠭᠠᠵᠤ᠂ ᠥᠪᠡᠷ ᠤᠨ ᠢᠶᠠᠨ ᠵᠠᠮ ᠢᠶᠠᠷ ᠵᠠᠮᠨᠠᠬᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠪᠦᠲᠦᠭᠡᠨ ᠪᠠᠶᠢᠭᠤᠯᠬᠤ ᠶᠢ ᠲᠣᠳᠣᠷᠬᠠᠶ ᠳᠤᠷᠠᠳᠤᠨ ᠭᠠᠷᠭᠠᠵᠤ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠠᠯᠢ ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ | ᠤᠬᠠᠭᠠᠨᠴᠢ ᠪᠠᠷ ᠬᠠᠷᠢᠭᠤᠯᠵᠤ᠂ ᠬᠤᠷᠢᠨ ᠨᠢᠭᠡᠳᠦᠭᠡᠷ ᠵᠠᠭᠤᠨ ᠤ ᠳᠤᠮᠳᠠᠴᠢ ᠦᠶ᠎ᠡ ᠪᠣᠯᠲᠠᠯ᠎ᠠ ᠭᠤᠷᠪᠠᠨ ᠠᠯᠬᠤᠮ | ᠬᠤᠪᠢᠶᠠᠵᠤ ᠶᠠᠪᠤᠬᠤ᠂ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠲᠣᠭᠲᠠᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠠᠮᠵᠢᠯᠲᠠ ᠲᠠᠢ ᠪᠠᠷ ᠡᠭᠦᠳᠦᠨ ᠨᠡᠭᠡᠭᠡᠪᠡ᠃ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ | ᠳᠥᠷᠪᠡᠳᠦᠭᠡᠷ ᠪᠥᠬᠦᠳᠡ ᠬᠤᠷᠠᠯ ᠠᠴᠠ ᠬᠤᠶᠢᠰᠢ᠂ ᠵᠢᠶᠠᠩ ᠽᠧ ᠮᠢᠨ ᠨᠥᠬᠦᠷ ᠢᠶᠠᠷ ᠭᠤᠣᠯ ᠲᠥᠯᠥᠭᠡᠯᠡᠭᠴᠢ ᠪᠠᠨ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ ᠢ | ᠪᠠᠷᠢᠮᠲᠠᠯᠠᠨ᠂ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠳᠦᠭᠡᠨ ᠪᠠᠶᠢᠭᠤᠯᠬᠤ ᠪᠠ ᠶᠠᠮᠠᠷ | ᠶᠠᠩᠵᠤ ᠶᠢᠨ ᠨᠠᠮ ᠢ ᠪᠠᠶᠢᠭᠤᠯᠬᠤ᠂ ᠨᠠᠮ ᠢ ᠬᠡᠷᠬᠢᠨ ᠪᠠᠶᠢᠭᠤᠯᠬᠤ ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠤ᠂ ︽ | ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠪᠤᠢ ᠪᠣᠯᠭᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠮᠠᠰᠢ ᠪᠤᠳᠤᠯᠢᠶᠠᠨᠲᠠᠶ᠂ ᠳᠡᠯᠡᠬᠡᠶ ᠶᠢᠨ ᠨᠡᠶᠢᠭᠡᠮ ᠵᠢᠷᠤᠮ ᠬᠦᠨᠳᠦ ᠨᠣᠴᠢᠲᠠᠶ ᠨᠤᠭᠤᠷᠠᠯ | ᠪᠦᠳᠦᠷᠢᠯ ᠳᠤ ᠤᠴᠠᠷᠠᠭᠰᠠᠨ ᠬᠠᠲᠠᠭᠤ ᠰᠢᠯᠭᠠᠯᠲᠠ ᠶᠢᠨ ᠡᠮᠦᠨ᠎ᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠬᠠᠮᠠᠭᠠᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢᠨ ᠬᠠᠷᠠᠯᠲᠠ ᠪᠣᠯᠤᠨ ᠦᠨᠳᠦᠰᠦᠨ ᠪᠣᠷᠣ ᠲᠥᠯᠥᠪ ᠢ ᠲᠣᠭᠲᠠᠭᠠᠵᠤ᠂ ᠨᠡᠶᠢᠭᠡᠮ ᠵᠢᠷᠤᠮ ᠤᠨ | ᠠᠩᠬᠠᠨ ᠤ ᠱᠠᠲᠤᠨ ᠳᠠᠬᠢ ᠨᠡᠶᠢᠲᠡ ᠶᠢᠨ ᠥᠮᠴᠢᠯᠡᠯ ᠢᠶᠠᠷ ᠭᠤᠤᠯ ᠴᠣᠭᠴᠠ ᠪᠣᠯᠭᠠᠬᠤ᠂ ᠤᠯᠠᠨ ᠲᠦᠷᠦᠯ ᠤᠨ | ᠥᠮᠴᠢᠯᠡᠯ ᠤᠨ ᠠᠵᠤ ᠠᠬᠤᠶ ᠶᠢ ᠬᠠᠮᠲᠤ ᠪᠠᠷ ᠬᠥᠭᠵᠢᠭᠦᠯᠬᠦ ᠦᠨᠳᠦᠰᠦᠨ ᠠᠵᠤ ᠠᠬᠤᠶ ᠶᠢᠨ ᠪᠠᠶᠢᠭᠤᠯᠤᠯ ᠪᠠ | ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠤᠯ ᠴᠣᠭᠴᠠ ᠪᠣᠯᠭᠠᠬᠤ᠂ ᠤᠯᠠᠨ ᠲᠦᠷᠤᠯ ᠤᠨ | ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠵᠡᠷᠭᠡ ᠪᠠᠷ ᠬᠡᠷᠡᠭᠯᠡᠬᠦ ᠬᠤᠪᠢᠶᠠᠷᠢᠯᠠᠯᠲᠠ ᠶᠢᠨ ᠲᠦᠷᠢᠮ ᠢ ᠲᠣᠭᠲᠠᠭᠠᠵᠤ᠂ | ᠪᠦᠬᠦ ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ ᠬᠢᠬᠦ ᠰᠢᠨ᠎ᠡ ᠪᠠᠶᠢᠳᠠᠯ ᠢ ᠨᠡᠭᠡᠭᠡᠵᠤ᠂ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠤᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠬᠤᠷᠢᠨ ᠨᠢᠭᠡᠳᠦᠭᠡᠷ ᠵᠠᠭᠤᠨ ᠲᠡᠶᠢᠰᠢ ᠠᠮᠵᠢᠯᠲᠠ ᠲᠠᠢ ᠪᠠᠷ ᠤᠷᠤᠬᠰᠢᠯᠠᠭᠤᠯᠪᠠ᠃ ᠨᠠᠮ ᠤᠨ ᠠᠷᠪᠠᠨ | ᠵᠢᠷᠭᠤᠳᠤᠭᠠᠷ ᠶᠡᠭᠡ ᠬᠤᠷᠠᠯ ᠠᠴᠠ ᠬᠤᠶᠢᠰᠢ᠂ ᠬᠤ᠋ ᠶᠢᠨ ᠲᠤᠤ ᠨᠥᠬᠦᠷ ᠢᠶᠠᠷ ᠭᠤᠤᠯ ᠲᠥᠯᠥᠭᠡᠯᠡᠭᠴᠢ ᠪᠠᠨ | ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ | ᠠᠬᠢᠴᠠ ᠲᠤᠮᠳᠠ ᠦᠢᠯᠡᠳᠦᠯᠭᠡ ᠶᠢᠨ ᠰᠢᠨ᠎ᠡ ᠡᠭᠦᠳᠦᠯᠲᠡ᠂ ᠣᠨᠣᠯ ᠤᠨ ᠰᠢᠨ᠎ᠡ ᠡᠭᠦᠳᠦᠯᠲᠡ᠂ ᠪᠠᠶᠢᠭᠤᠯᠤᠯ ᠤᠨ | ᠰᠢᠨ᠎ᠡ ᠡᠭᠦᠳᠦᠯᠲᠡ ᠶᠢ ᠠᠬᠢᠭᠤᠯᠵᠤ᠂ ᠰᠢᠨ᠎ᠡ ᠪᠠᠶᠢᠳᠠᠯ ᠤᠨ ᠳᠣᠤᠷ᠎ᠠ ᠶᠠᠮᠠᠷ ᠶᠠᠩᠵᠤ ᠶᠢᠨ ᠬᠥᠭᠵᠢᠯᠲᠡ ᠶᠢ | ᠪᠡᠶᠡᠯᠡᠭᠦᠯᠬᠦ᠂ ᠬᠡᠷᠬᠢᠨ ᠬᠥᠭᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠢ ᠭᠦᠨᠵᠡᠭᠡᠶ ᠲᠠᠨᠢᠭᠰᠠᠨ ᠪᠠ ᠲᠡᠭᠦᠨ ᠳᠤ | ᠬᠠᠷᠢᠭᠤᠯᠲᠠ ᠥᠭᠴᠦ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠤᠢ ᠪᠣᠯᠭᠠᠵᠤ᠂ ᠴᠢᠬᠤᠯᠠ | ᠪᠠᠶᠢᠯᠳᠤᠬᠤ ᠪᠣᠳᠣᠯᠭ᠎ᠠ ᠶᠢᠨ ᠲᠣᠬᠢᠶᠠᠯᠳᠤ ᠬᠤᠭᠤᠴᠠᠭ᠎ᠠ ᠶᠢ ᠠᠮᠵᠢᠵᠤ᠂ ᠰᠡᠳᠭᠢᠯ ᠰᠠᠨᠠᠭ᠎ᠠ ᠪᠠᠨ ᠲᠥᠪᠯᠡᠷᠡᠭᠦᠯᠦᠨ | ᠪᠦᠲᠦᠭᠡᠨ ᠪᠠᠶᠢᠭᠤᠯᠤᠯᠲᠠ ᠬᠢᠵᠦ᠂ ᠨᠢᠭᠡ ᠰᠡᠳᠭᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠨ᠂ | ᠬᠥᠮᠦᠨ ᠢᠶᠠᠷ ᠦᠨᠳᠦᠰᠦ ᠪᠣᠯᠭᠠᠬᠤ᠂ ᠪᠦᠬᠦ ᠲᠠᠯ᠎ᠠ ᠶᠢᠨ ᠵᠣᠬᠢᠴᠠᠩᠭᠤᠶ ᠪᠦᠭᠡᠳ ᠦᠷᠭᠦᠯᠵᠢᠯᠡᠬᠦ ᠬᠥᠭᠵᠢᠯᠲᠡ ᠶᠢ | ᠪᠠᠷᠢᠮᠲᠠᠯᠠᠬᠤ ᠶᠢ ᠴᠢᠬᠤᠯᠠᠴᠢᠯᠠᠵᠤ᠂ ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠵᠤ᠂ | ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠠᠬᠢᠭᠤᠯᠤᠨ᠂ ᠨᠠᠮ ᠤᠨ ᠲᠦᠷᠦ ᠪᠠᠷᠢᠬᠤ ᠴᠢᠳᠠᠪᠤᠷᠢ ᠶᠢᠨ | ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ ᠪᠠᠶᠢᠭᠤᠯᠤᠯᠲᠠ ᠶᠢ ᠠᠬᠢᠭᠤᠯᠤᠭᠠᠳ᠂ ᠰᠢᠨ᠎ᠡ ᠪᠠᠶᠢᠳᠠᠯ ᠤᠨ ᠳᠣᠤᠷ᠎ᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠠᠮᠵᠢᠯᠲᠠ ᠲᠠᠢ ᠪᠠᠷ ᠪᠠᠷᠢᠮᠲᠠᠯᠠᠨ ᠬᠥᠭᠵᠢᠭᠦᠯᠪᠡ᠃ | ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠶᠢᠨ ᠲᠥᠯᠥᠭᠡ᠂ ᠨᠠᠮ ᠠᠴᠠ ᠮᠠᠷᠺᠰ ᠤᠨ ᠦᠵᠡᠯ ᠤᠨ ᠦᠵᠡᠯ | ᠰᠠᠨᠠᠭᠠᠨ ᠤ ᠱᠤᠭᠤᠮ᠂ ᠤᠯᠤᠰ ᠲᠦᠷᠦ ᠶᠢᠨ ᠱᠤᠭᠤᠮ᠂ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠡᠬᠢᠠ | ᠲᠣᠭᠲᠠᠭᠠᠵᠤ᠂ ︽ᠬᠤᠶᠠᠷ ᠪᠦᠬᠦᠠ︾ ᠤ ᠪᠤᠷᠤᠭᠤ ᠴᠢᠭᠯᠡᠯᠲᠡ ᠶᠢ ᠲᠦᠢᠯᠪᠤᠷᠢᠲᠠᠶ ᠦᠭᠡᠶᠢᠰᠭᠡᠵᠦ᠂ ᠮᠠᠤ ᠽᠧ ᠳ᠋ᠦᠩ | ᠨᠥᠬᠦᠷ ᠤᠨ ᠲᠡᠦᠬᠡᠨ ᠪᠠᠶᠢᠷᠢ ᠰᠠᠭᠤᠷᠢ ᠪᠠ ᠮᠠᠤ ᠽᠧ ᠳ᠋ᠦᠩ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠰᠢᠰᠲ᠋ᠧᠮ ᠢ ᠵᠥᠪ ᠢᠶᠠᠷ ᠦᠨᠡᠯᠡᠪᠡ᠃ ᠨᠠᠮ ᠠᠴᠠ ᠮᠠᠨ ᠤ ᠤᠯᠤᠰ ᠤᠨ ᠨᠡᠶᠢᠭᠡᠮ ᠤᠨ ᠭᠤᠤᠯ ᠵᠥᠷᠢᠴᠡᠯ ᠪᠣᠯ ᠠᠷᠠᠳ | ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠣᠳᠠᠰ ᠤᠨ ᠪᠠ ᠰᠣᠶᠣᠯ ᠤᠨ ᠬᠡᠷᠡᠭᠴᠡᠭᠡ ᠬᠢᠭᠡᠳ ᠬᠤᠴᠣᠷᠤᠩᠭᠤᠶ | ᠨᠡᠶᠢᠭᠡᠮ ᠤᠨ ᠦᠢᠯᠡᠳᠪᠦᠷᠢᠯᠡᠯ ᠤᠨ ᠬᠤᠭᠤᠷᠣᠨᠳᠣᠬᠢ ᠵᠥᠷᠢᠴᠡᠯ ᠮᠥᠨ᠂ ᠡᠨᠡ ᠬᠦ ᠭᠤᠤᠯ ᠵᠥᠷᠢᠴᠡᠯ ᠢ | ᠰᠢᠢᠳᠪᠦᠷᠢᠯᠡᠬᠦ ᠪᠣᠯ ᠮᠠᠨ ᠤ ᠭᠤᠤᠯ ᠡᠭᠦᠷᠭᠡ ᠮᠥᠨ ᠭᠡᠵᠦ ᠲᠣᠳᠣᠷᠬᠠᠶ ᠲᠣᠭᠲᠠᠭᠠᠨ᠂ ᠴᠢᠨᠡᠭᠡᠯᠢᠭ ᠨᠡᠶᠢᠭᠡᠮ ᠤᠨ | ᠬᠠᠷᠠᠯᠲᠠ ᠶᠢ ᠳᠤᠷᠠᠳᠤᠨ ᠭᠠᠷᠭᠠᠪᠠ᠃ ᠨᠠᠮ ᠠᠴᠠ ᠡᠯ᠎ᠡ ᠲᠠᠯ᠎ᠠ ᠶᠢᠨ ᠠᠵᠢᠯ ᠤᠨ ᠳᠤᠮᠳᠠ ᠠᠯᠢ ᠤᠯᠠᠨ ᠵᠥᠪ | ᠲᠦᠷᠦ ᠶᠢᠨ ᠪᠤᠳᠤᠯᠭ᠎ᠠ ᠶᠢ ᠰᠡᠷᠭᠦᠭᠡᠭᠰᠡᠨ ᠪᠠ ᠲᠣᠭᠲᠠᠭᠠᠵᠤ᠂ ᠤᠯᠤᠰ ᠠᠷᠠᠳ ᠤᠨ ᠠᠵᠤ ᠠᠬᠤᠶ ᠳᠤ | ᠲᠣᠬᠢᠷᠠᠭᠤᠯᠤᠯᠳᠠ ᠬᠢᠪᠠ᠃ ᠨᠠᠮ ᠤᠳᠤᠷᠢᠳᠴᠤ ᠪᠠᠶᠢᠭᠠᠳ ᠦᠵᠡᠯ ᠰᠠᠨᠠᠭ᠎ᠠ᠂ ᠤᠯᠤᠰ ᠲᠦᠷᠦ᠂ ᠵᠣᠬᠢᠶᠠᠨ | ᠪᠠᠶᠢᠭᠤᠯᠤᠯᠲᠠ ᠵᠡᠷᠭᠡ ᠬᠦᠷᠢᠶᠡᠨ ᠳᠠᠬᠢ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ | ᠂ ᠬᠢᠯᠢᠰ ᠬᠤᠳᠠᠯ ᠪᠤᠷᠤᠭᠤ ᠬᠡᠷᠡᠭ ᠢ ᠶᠡᠭᠡ ᠬᠡᠪᠴᠢᠶ᠎ᠡ ᠪᠠᠷ ᠴᠠᠭᠠᠳᠬᠠᠬᠰᠠᠨ ᠪᠠ ᠨᠡᠶᠢᠭᠡᠮ ᠤᠨ ᠬᠠᠷᠢᠴᠠᠭ᠎ᠠ ᠶᠢ | ᠲᠣᠬᠢᠷᠠᠭᠤᠯᠪᠠ᠃ ᠨᠠᠮ ᠠᠴᠠ ︽ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠨᠠᠮ ᠤᠨ ᠲᠡᠦᠬᠡ ᠶᠢᠨ | ᠠᠰᠠᠭᠤᠳᠠᠯ ᠤᠳ ᠤᠨ ᠲᠤᠬᠠᠶ ᠰᠢᠢᠳᠪᠦᠷᠢ︾ ᠶᠢ ᠲᠣᠭᠲᠠᠭᠠᠭᠰᠠᠨ ᠨᠢ ᠨᠠᠮ ᠤᠨ ᠵᠢᠯᠣᠭᠤᠳᠬᠤ ᠦᠵᠡᠯ ᠰᠠᠨᠠᠭᠠᠨ ᠤ | ᠲᠠᠯ᠎ᠠ ᠪᠠᠷ ᠬᠢ ᠰᠠᠮᠠᠭᠤᠷᠠᠯ ᠢ ᠵᠠᠰᠠᠨ ᠵᠦᠭᠰᠢᠷᠡᠭᠦᠯᠬᠦ ᠠᠵᠢᠯ ᠢᠯᠠᠯᠲᠠ ᠲᠠᠢ ᠪᠠᠷ ᠪᠡᠶᠡᠯᠡᠭᠳᠡᠭᠰᠡᠨ ᠢ ᠬᠠᠷᠠᠭᠤᠯᠵᠤ | ᠪᠠᠶᠢᠨ᠎ᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠳᠤ ᠡᠷᠬᠡᠪᠰᠢ ᠤᠨᠤᠯ ᠤᠨ ᠰᠢᠨ᠎ᠡ ᠡᠭᠦᠳᠦᠯᠲᠡ ᠪᠠᠷ ᠠᠵᠢᠯ ᠦᠢᠯᠡᠰ ᠤᠨ | ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠶ ᠭᠡᠳᠡᠭ ᠢ ᠨᠠᠮ ᠭᠦᠨᠵᠡᠭᠡᠶ ᠲᠠᠨᠢᠵᠤ ᠤᠯᠪᠠ᠃ ᠨᠢᠭᠡ ᠨᠡᠮ ᠨᠢᠭᠡ | ᠤᠯᠦᠰ ᠨᠢᠭᠡ ᠤᠢᠡᠳᠦᠰᠦᠳᠡᠠ ᠠᠯᠢᠪᠡ ᠪᠦᠬᠦᠠ ᠳᠤ ᠲᠡᠪᠳᠡᠷ ᠤᠨ ᠦᠵᠡᠯ ᠢ ᠤᠢᠡᠳᠦᠰᠦᠯᠡᠵᠦ᠂ ᠤᠢᠵᠡᠯ ᠰᠡᠨᠠᠭ᠎ᠠ ᠨᠢ | ᠬᠦᠰᠢᠬᠦᠷᠡᠵᠦ᠂ ᠮᠤᠬᠤᠷ ᠪᠢᠰᠢᠷᠡᠯ ᠢ ᠲᠡᠯᠭᠡᠷᠡᠬᠦᠯᠬᠦ ᠳᠤ ᠬᠦᠷᠪᠡᠯ ᠲᠡᠪᠰᠢᠵᠦ ᠴᠢᠳᠡᠬᠤ ᠤᠢᠭᠡᠢ ᠪᠤᠯᠵᠦ᠂ | ᠠᠮᠢᠵᠢᠷᠠᠯ ᠤᠨ ᠬᠦᠴᠦᠠ ᠤᠢᠭᠡᠢ ᠪᠤᠯᠵᠦ᠂ ᠨᠡᠮ ᠪᠡ ᠲᠦᠷᠦ ᠮᠦᠬᠦᠬᠦ ᠳᠤ ᠬᠦᠷᠦᠨ᠎ᠡ ᠭᠡᠵᠦ ᠳ᠋ᠧᠩ ᠰᠢᠶᠤᠤ ᠫᠢᠩ | ᠨᠥᠬᠦᠷ ᠵᠢᠭᠠᠵᠤ ᠭᠠᠷᠭᠠᠪᠠ᠃ ᠨᠠᠮ ᠠᠴᠠ ᠦᠨᠡᠨ ᠶᠣᠰᠣᠨ ᠤ ᠪᠠᠷᠢᠮᠵᠢᠶ᠎ᠠ ᠶᠢᠨ ᠠᠰᠠᠭᠤᠳᠠᠯ ᠤᠨ ᠲᠤᠬᠠᠢ ᠶᠡᠭᠡ | ᠶᠠᠷᠢᠯᠴᠠᠭ᠎ᠠ ᠥᠷᠨᠢᠭᠦᠯᠬᠦ ᠶᠢ ᠤᠳᠤᠷᠢᠳᠤᠨ ᠳᠠᠮᠵᠢᠵᠤ᠂ ᠰᠢᠨ᠎ᠡ ᠦᠢᠯᠡᠳᠦᠯᠭᠡ ᠪᠣᠯᠤᠨ ᠴᠠᠭ ᠦᠶ᠎ᠡ ᠶᠢᠨ | ᠣᠨᠴᠠᠯᠢᠭ ᠠᠴᠠ ᠡᠭᠦᠰᠦᠨ ᠮᠠᠷᠺᠰ ᠤᠨ ᠦᠵᠡᠯ ᠢ ᠪᠠᠷᠢᠮᠲᠠᠯᠠᠨ ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠵᠠᠮ᠂ ᠬᠥᠭᠵᠢᠯᠲᠡ ᠶᠢᠨ ᠱᠠᠲᠤ᠂ ᠦᠨᠳᠦᠰᠦᠨ | ᠡᠭᠦᠷᠭᠡ᠂ ᠬᠥᠭᠵᠢᠯᠲᠡ ᠶᠢᠨ ᠬᠥᠳᠡᠯᠭᠡᠭᠴᠢ ᠬᠦᠴᠦᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠯᠤᠰ | ᠲᠥᠷᠥ ᠶᠢᠨ ᠪᠠᠲᠤᠯᠠᠭ᠎ᠠ᠂ ᠡᠬᠡ ᠤᠯᠤᠰ ᠤᠨ ᠨᠢᠭᠡᠳᠦᠯ᠂ ᠭᠠᠳᠠᠭᠠᠳᠤ ᠬᠠᠷᠢᠯᠴᠠᠭ᠎ᠠ ᠪᠣᠯᠤᠨ ᠤᠯᠤᠰ ᠤᠨ | ᠬᠤᠭᠤᠷᠤᠨᠳᠤᠬᠢ ᠪᠠᠶᠢᠯᠳᠤᠬᠤ ᠪᠣᠳᠣᠯᠭ᠎ᠠ᠂ ᠤᠳᠤᠷᠢᠳᠬᠤ ᠬᠦᠴᠦᠨ ᠪᠣᠯᠤᠨ ᠲᠦᠰᠢᠭᠯᠡᠬᠦ ᠬᠦᠴᠦᠨ ᠵᠡᠷᠭᠡ ᠠᠯᠢ | ᠤᠯᠠᠨ ᠦᠨᠳᠦᠰᠦᠨ ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠬᠠᠷᠢᠭᠤᠯᠤᠭᠠᠳ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠢ ᠪᠤᠢ ᠪᠣᠯᠭᠠᠵᠤ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ ᠨᠠᠮ ᠤᠨ ᠠᠷᠪᠠᠨ ᠬᠤᠶᠠᠳᠤᠭᠠᠷ ᠶᠡᠭᠡ ᠬᠤᠷᠠᠯ᠂ | ᠠᠷᠪᠠᠨ ᠭᠤᠷᠪᠠᠳᠤᠭᠠᠷ ᠶᠡᠭᠡ ᠬᠤᠷᠠᠯ᠂ ᠠᠷᠪᠠᠨ ᠳᠥᠷᠪᠡᠳᠦᠭᠡᠷ ᠶᠡᠭᠡ ᠬᠤᠷᠠᠯ᠂ ᠠᠷᠪᠠᠨ ᠲᠠᠪᠤᠳᠤᠭᠠᠷ ᠶᠡᠭᠡ ᠬᠤᠷᠠᠯ᠂ | ᠠᠷᠪᠠᠨ ᠵᠢᠷᠭᠤᠳᠤᠭᠠᠷ ᠶᠡᠭᠡ ᠬᠤᠷᠠᠯ᠂ ᠠᠷᠪᠠᠨ ᠳᠣᠯᠣᠳᠤᠭᠠᠷ ᠶᠡᠭᠡ ᠬᠤᠷᠠᠯ ᠠᠴᠠ ᠳᠡᠯᠡᠬᠡᠶ ᠶᠢᠨ ᠪᠠ ᠤᠯᠤᠰ ᠤᠨ | ᠳᠣᠲᠣᠭᠠᠳᠤ ᠶᠢᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ᠂ ᠮᠠᠨ ᠤ ᠤᠯᠤᠰ ᠤᠨ | ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠠᠴᠠ ᠡᠭᠦᠰᠴᠦ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠶ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠬᠦ ᠶᠢ | ᠲᠤᠭᠤᠰᠢᠯᠠᠭᠤᠯᠤᠭᠰᠠᠭᠠᠷ ᠢᠷᠡᠭᠰᠡᠨ ᠪᠥᠭᠡᠳ ᠲᠥᠪ ᠬᠤᠷᠢᠶᠠᠨ ᠤ ᠪᠥᠬᠦᠳᠡ ᠬᠤᠷᠠᠯ ᠢ ᠤᠯᠠᠨᠳᠠ ᠬᠤᠷᠠᠯᠳᠤᠭᠤᠯᠵᠤ | ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠴᠢᠬᠤᠯᠠ ᠶᠡᠭᠡ ᠠᠵᠢᠯ ᠢ ᠲᠤᠰᠬᠠᠶ ᠰᠡᠳᠦᠪ ᠢᠶᠠᠷ | ᠰᠤᠳᠤᠯᠤᠨ ᠪᠠᠶᠢᠷᠢᠯᠠᠭᠤᠯᠪᠠ᠃ ᠮᠠᠨ ᠤ ᠤᠯᠤᠰ ᠤᠨ ᠥᠭᠡᠷᠡᠴᠢᠯᠡᠯᠲᠡ ᠬᠥᠳᠡᠭᠡ ᠲᠣᠰᠬᠤᠨ ᠳᠤ | ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠬᠦ ᠪᠠᠷ ᠲᠦᠷᠦᠬᠦᠯᠡᠬᠦᠯᠦᠨ ᠰᠢᠪᠲᠤᠯᠤᠯᠲᠠ ᠭᠠᠷᠭᠠᠵᠤ᠂ ᠬᠤᠲᠠ ᠶᠢᠨ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠳᠤ ᠠᠯᠬᠤᠮ ᠠᠯᠬᠤᠮ ᠢᠶᠠᠷ ᠰᠢᠯᠵᠢᠭᠰᠡᠨ ᠪᠦᠭᠡᠳ ᠲᠡᠭᠦᠨ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠥᠭᠡᠷᠡᠴᠢᠯᠡᠯᠲᠡ ᠶᠢᠨ ᠴᠢᠭᠯᠡᠯ ᠢ ᠲᠣᠭᠲᠠᠭᠠᠨ᠂ ᠡᠬᠢ | ᠪᠠᠶᠠᠯᠢᠭ ᠤᠨ ᠲᠣᠬᠢᠷᠠᠭᠤᠯᠤᠯᠲᠠ ᠳᠤ ᠦᠵᠡᠭᠦᠯᠬᠦ ᠵᠠᠬ᠎ᠠ ᠳᠡᠯᠭᠡᠭᠦᠷ ᠤᠨ ᠰᠠᠭᠤᠷᠢᠯᠠᠬᠤ ᠴᠢᠨᠠᠷᠲᠠᠶ ᠦᠢᠯᠡᠳᠦᠯ ᠢ ᠨᠡᠩ | ᠶᠡᠭᠡ ᠬᠡᠮᠵᠢᠶ᠎ᠡ ᠨᠡᠩ ᠥᠷᠭᠡᠨ ᠬᠡᠪᠴᠢᠶ᠎ᠡ ᠪᠠᠷ ᠪᠠᠳᠠᠷᠠᠭᠤᠯᠵᠤ᠂ ᠦᠨᠳᠦᠰᠦᠨ ᠠᠵᠤ ᠠᠬᠤᠶ ᠶᠢᠨ ᠪᠠᠶᠢᠭᠤᠯᠤᠯ ᠪᠠ | ᠬᠤᠪᠢᠶᠠᠷᠢᠯᠠᠯᠲᠠ ᠶᠢᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠪᠡ᠃ ᠨᠠᠮ ᠠᠴᠠ ᠠᠵᠤ ᠠᠬᠤᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠡᠷᠡᠰ ᠠᠬᠢᠭᠤᠯᠬᠤ ᠶᠢᠨ ᠬᠠᠮᠲᠤ ᠤᠯᠤᠰ ᠲᠥᠷᠥ᠂ ᠰᠣᠶᠣᠯ᠂ ᠨᠡᠶᠢᠭᠡᠮ ᠵᠡᠷᠭᠡ ᠡᠯ᠎ᠡ | ᠬᠦᠷᠢᠶᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠬᠢᠵᠦ᠂ ᠨᠠᠮ ᠤᠨ ᠪᠠᠶᠢᠭᠤᠯᠤᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠠᠬᠢᠭᠤᠯᠵᠤ᠂ ᠣᠳᠣ ᠦᠶ᠎ᠡ ᠶᠢᠨ ᠳᠤᠮᠳᠠᠳᠤ ᠤᠯᠤᠰ ᠤᠨ ᠪᠠᠶᠢᠳᠠᠯ ᠳᠤ ᠨᠡᠶᠢᠴᠡᠭᠰᠡᠨ᠂ | ᠠᠮᠢᠵᠢᠷᠠᠯ ᠤᠨ ᠬᠦᠴᠦᠨ ᠪᠠ ᠠᠮᠢᠳᠤᠯᠢᠭ ᠬᠦᠴᠦᠨ ᠢᠶᠠᠷ ᠪᠢᠯᠬᠠᠭᠰᠠᠨ ᠪᠠᠶᠢᠭᠤᠯᠤᠯ ᠲᠣᠭᠲᠠᠴᠠ ᠶᠢ ᠲᠠᠰᠤᠷᠠᠯᠲᠠ | ᠤᠢᠭᠡᠢ ᠪᠦᠷᠢᠯᠳᠦᠭᠦᠯᠦᠨ ᠬᠥᠭᠵᠢᠭᠦᠯᠪᠡ᠃ ᠨᠠᠮ ᠠᠴᠠ ᠭᠠᠳᠠᠭᠰᠢ ᠨᠡᠭᠡᠭᠡᠯᠲᠡ ᠬᠢᠬᠦ ᠶᠢ ᠤᠯᠤᠰ ᠤᠨ ᠦᠨᠳᠦᠰᠦᠨ | ᠪᠣᠳᠣᠯᠭ᠎ᠠ ᠪᠣᠯᠭᠠᠨ ᠲᠣᠭᠲᠠᠭᠠᠵᠤ᠂ ᠱᠧᠨᠵᠧᠨ ᠵᠡᠷᠭᠡ ᠠᠵᠤ ᠠᠬᠤᠶ ᠶᠢᠨ ᠣᠨᠴᠠᠭᠠᠶ ᠣᠷᠣᠨ ᠢ ᠡᠷᠬᠢᠯᠡᠬᠦ᠂ | ᠫᠦᠳᠦ᠋ᠩ ᠢ ᠨᠡᠭᠡᠭᠡᠨ ᠬᠥᠭᠵᠢᠭᠦᠯᠬᠦ ᠪᠠ ᠨᠡᠭᠡᠭᠡᠬᠦ᠂ ᠳᠠᠯᠠᠶ ᠳᠠᠭᠠᠤ ᠬᠢᠯᠢ ᠳᠠᠭᠠᠤ ᠮᠥᠷᠡᠨ ᠳᠠᠭᠠᠤ ᠵᠠᠮ ᠳᠠᠭᠠᠤ ᠣᠷᠣᠨ | ᠪᠣᠯᠤᠨ ᠳᠣᠲᠣᠭᠠᠳᠤ ᠬᠠᠭᠤᠷᠠᠶ ᠶᠢᠨ ᠲᠥᠪ ᠬᠤᠲᠠ ᠶᠢᠨ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠬᠤ ᠠᠴᠠ | ᠠᠪᠤᠭᠠᠳ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠬᠦᠷᠲᠡᠯ᠎ᠡ᠂ ︽ᠣᠷᠣᠭᠤᠯᠵᠤ | ᠠᠪᠴᠢᠷᠠᠬᠤ︾ ᠠᠴᠠ ︽ᠭᠠᠳᠠᠭᠰᠢ ᠭᠠᠷᠬᠤ︾ ᠬᠦᠷᠲᠡᠯ᠎ᠡ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ | ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠪᠠ᠃ ᠥᠭᠡᠷᠡᠴᠢᠯᠡᠯᠲᠡ | ᠨᠡᠭᠡᠭᠡᠯᠲᠡ ᠶᠢ ᠦᠷᠭᠦᠯᠵᠢᠯᠡᠨ ᠠᠬᠢᠭᠤᠯᠬᠤ ᠪᠠᠷ ᠳᠠᠮᠵᠢᠭᠠᠳ᠂ ᠮᠠᠨ ᠤ ᠤᠯᠤᠰ ᠳᠡᠭᠡᠳᠦ ᠬᠡᠮᠵᠢᠶ᠎ᠡ ᠪᠠᠷ | ᠲᠥᠪᠯᠡᠷᠡᠭᠦᠯᠦᠭᠰᠡᠨ ᠲᠥᠯᠥᠪᠯᠡᠭᠡᠲᠦ ᠠᠵᠤ ᠠᠬᠤᠢ ᠶᠢᠨ ᠪᠠᠶᠢᠭᠤᠯᠤᠯ ᠠᠴᠠ ᠠᠮᠢᠳᠤᠯᠢᠬ ᠬᠦᠴᠦᠨ ᠢᠶᠠᠷ ᠪᠢᠯᠬᠠᠬᠰᠠᠨ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠳᠤ ᠰᠢᠯᠵᠢᠭᠰᠡᠨ᠂ ᠲᠦᠭᠵᠢᠮᠡᠯ ᠪᠠ | ᠬᠠᠭᠠᠰ ᠲᠦᠭᠵᠢᠮᠡᠯ ᠪᠠᠶᠢᠳᠠᠯ ᠠᠴᠠ ᠪᠠᠨ ᠪᠦᠬᠦ ᠲᠠᠯ᠎ᠠ ᠪᠠᠷ ᠨᠡᠭᠡᠭᠡᠯᠲᠡ ᠬᠢᠭᠰᠡᠨ ᠲᠡᠦᠬᠡᠲᠦ ᠴᠢᠨᠠᠷᠲᠠᠢ ᠬᠤᠪᠢᠷᠠᠯᠲᠠ ᠶᠢ | ᠪᠡᠶᠡᠯᠡᠭᠦᠯᠪᠠ᠃ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠶᠢᠨ ᠲᠥᠯᠥᠭᠡ᠂ ᠨᠠᠮ ᠠᠴᠠ ᠠᠷᠠᠳ | ᠲᠦᠮᠡᠨ ᠢ ᠤᠳᠤᠷᠢᠳᠤᠨ ᠠᠵᠤ ᠠᠬᠤᠶ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠮᠵᠢᠯᠲᠠ | ᠪᠦᠲᠦᠮᠵᠢ ᠤᠯᠪᠠ᠃ ᠨᠠᠮ ᠠᠴᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ | ᠪᠠᠷᠢᠮᠲᠠᠯᠠᠵᠤ᠂ ᠬᠥᠭᠵᠢᠬᠦᠯᠬᠦ ᠪᠣᠯ ᠬᠠᠲᠠᠭᠤ ᠶᠣᠰᠣ ᠮᠥᠨ ᠭᠡᠳᠡᠭ ᠢ ᠪᠠᠷᠢᠮᠳᠠᠯᠠᠨ᠂ ᠰᠢᠨᠵᠢᠯᠡᠬᠦ ᠤᠬᠠᠭᠠᠨ ᠮᠡᠷᠭᠡᠵᠢᠯ | ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠮᠥᠨ ᠭᠡᠵᠦ ᠲᠤᠷᠠᠳᠤᠨ ᠭᠠᠷᠭᠠᠵᠦ᠂ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ᠂ ᠦᠷᠭᠦᠯᠵᠢᠯᠡᠬᠦ ᠬᠥᠭᠵᠢᠯᠲᠡ᠂ ᠴᠢᠳᠠᠪᠤᠷᠢᠲᠠᠨ ᠢᠶᠠᠷ | ᠤᠯᠤᠰ ᠢᠶᠠᠨ ᠬᠦᠴᠦᠷᠬᠡᠭᠵᠢᠭᠦᠯᠬᠦ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠪᠠᠷᠠᠭᠤᠨ | ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠵᠡᠭᠦᠨ ᠬᠤᠶᠢᠲᠤ ᠣᠷᠣᠨ ᠵᠡᠷᠭᠡ | ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠵᠤ᠂ ᠳᠤᠮᠳᠠ ᠬᠡᠰᠡᠭ ᠤᠨ | ᠭᠠᠵᠠᠷ ᠣᠷᠣᠨ ᠤ ᠬᠥᠭᠵᠢᠨ ᠮᠠᠨᠳᠤᠬᠤ ᠶᠢ ᠠᠬᠢᠭᠤᠯᠤᠨ᠂ ᠵᠡᠭᠦᠨ ᠬᠡᠰᠡᠭ ᠤᠨ ᠭᠠᠵᠠᠷ ᠣᠷᠣᠨ ᠤ ᠤᠷᠢᠳ ᠢᠶᠠᠷ | ᠬᠥᠭᠵᠢᠬᠦ ᠶᠢ ᠳᠠᠮᠵᠢᠵᠤ᠂ ᠬᠤᠲᠠ ᠬᠥᠳᠡᠭᠡ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠦ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠥᠭᠵᠢᠯᠲᠡ ᠶᠢ ᠠᠬᠢᠭᠤᠯᠤᠨ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢ ᠬᠥᠭᠵᠢᠭᠦᠯᠬᠦ ᠶᠢ ᠵᠣᠷᠢᠬᠵᠢᠭᠤᠯᠤᠨ ᠳᠡᠮᠵᠢᠵᠦ᠂ ᠠᠵᠤ | ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠬ ᠢ ᠲᠦᠷᠭᠡᠯᠡᠨ ᠬᠤᠪᠢᠷᠠᠭᠤᠯᠵᠦ᠂ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶ ᠶᠢᠨ ᠦᠷᠭᠦᠯᠵᠢᠯᠡᠨ ᠲᠦᠷᠭᠡᠨ ᠬᠥᠭᠵᠢᠬᠦ ᠶᠢ | ᠠᠬᠢᠭᠤᠯᠤᠬᠰᠠᠨ ᠢᠶᠠᠷ ᠤᠯᠤᠰ ᠤᠨ ᠶᠡᠷᠦᠩᠬᠡᠶ ᠬᠦᠴᠦᠨ ᠶᠡᠭᠡ ᠪᠠᠷ ᠳᠡᠭᠡᠭᠰᠢᠯᠡᠪᠡ᠃ ᠨᠠᠮ ᠠᠴᠠ ᠨᠠᠮ ᠤᠨ | ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠦ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ | ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠦ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢ | ᠬᠥᠭᠵᠢᠭᠦᠯᠦᠨ᠂ ᠨᠡᠶᠢᠭᠡᠮ ᠵᠢᠷᠤᠮ ᠤᠨ ᠤᠯᠤᠰ ᠲᠥᠷᠥ ᠶᠢᠨ ᠪᠣᠯᠪᠠᠰᠤᠨ ᠢ ᠪᠠᠶᠢᠭᠤᠯᠵᠤ᠂ ᠤᠯᠤᠰ ᠲᠥᠷᠥ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠶ ᠪᠦᠭᠡᠳ ᠯᠠᠪᠳᠠᠭᠤᠨ ᠢᠶᠠᠷ ᠠᠬᠢᠭᠤᠯᠤᠨ᠂ ᠬᠠᠤᠯᠢ ᠶᠣᠰᠣᠭᠠᠷ | ᠤᠯᠤᠰ ᠢᠶᠠᠨ ᠵᠠᠰᠠᠬᠤ ᠪᠣᠯᠤᠨ ᠶᠣᠰᠣ ᠰᠤᠷᠲᠠᠬᠤᠨ ᠢᠶᠠᠷ ᠤᠯᠤᠰ ᠢᠶᠠᠨ ᠵᠠᠰᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠰᠢᠨ᠎ᠡ ᠦᠨᠳᠦᠰᠦᠨ ᠬᠠᠤᠯᠢ ᠶᠢ ᠲᠣᠭᠲᠠᠭᠠᠨ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ | ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ | ᠰᠢᠰᠲ᠋ᠧᠮ ᠢ ᠪᠦᠷᠢᠯᠳᠦᠭᠦᠯᠦᠨ᠂ ᠬᠥᠮᠦᠨ ᠤ ᠡᠷᠬᠡ ᠶᠢ ᠬᠦᠨᠳᠦᠳᠭᠡᠨ ᠪᠠᠲᠤᠯᠠᠵᠤ᠂ ᠬᠠᠮᠤᠭ ᠤᠨ ᠥᠷᠭᠡᠨ ᠳᠡᠯᠭᠡᠷ | ᠡᠬᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠪᠡ᠃ ᠨᠠᠮ ᠠᠴᠠ ᠬᠦᠰᠡᠯᠡᠩ ᠪᠠ ᠢᠲᠡᠭᠡᠯ | ᠵᠣᠷᠢᠭ ᠤᠨ ᠬᠥᠮᠦᠵᠢᠯ ᠢ ᠴᠢᠩᠭᠠᠳᠬᠠᠨ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠢ ᠪᠠᠶᠢᠭᠤᠯᠤᠨ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠶᠡᠭᠡ ᠬᠥᠭᠵᠢᠯᠳᠡ ᠶᠡᠭᠡ | ᠴᠡᠴᠡᠭᠯᠡᠯᠲᠡ ᠶᠢ ᠠᠬᠢᠭᠤᠯᠪᠠ᠃ ᠨᠠᠮ ᠠᠴᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯᠳᠠᠯᠭ᠎ᠠ | ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢ ᠲᠦᠷᠭᠡᠯᠡᠨ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ | ᠲᠠᠷᠢᠶᠠᠯᠠᠩ ᠤᠨ ᠭᠠᠶᠢᠯᠢ ᠶᠢ ᠬᠦᠴᠦᠨ ᠦᠭᠡᠢ ᠪᠣᠯᠭᠠᠵᠤ᠂ ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ | ᠬᠦᠳᠡᠯᠮᠦᠷᠢᠯᠡᠪᠡᠯ ᠤᠯᠬᠤ ᠤᠷᠤᠯᠭ᠎ᠠ ᠲᠠᠢ᠂ ᠡᠪᠡᠳᠴᠢᠯᠡᠪᠡᠯ ᠦᠵᠡᠬᠦᠯᠬᠦ ᠡᠮᠨᠡᠯᠭᠡ ᠲᠠᠢ᠂ ᠦᠳᠡᠯᠪᠡᠯ ᠬᠦᠷᠳᠡᠬᠦ | ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ ᠪᠠᠶᠢᠬᠤ ᠶᠢ ᠲᠠᠰᠤᠷᠠᠯᠲᠠ ᠦᠭᠡᠢ ᠠᠬᠢᠭᠤᠯᠵᠤ᠂ | ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠪᠠ᠃ ᠨᠠᠮ ᠠᠴᠠ ᠬᠦᠴᠦᠷᠬᠡᠭ ᠶᠡᠭᠡ | ᠣᠳᠣᠬᠢᠴᠢᠯᠠᠭᠰᠠᠨ ᠵᠢᠩᠬᠢᠨᠢᠴᠢᠯᠡᠭᠰᠡᠨ ᠬᠤᠪᠢᠰᠬᠠᠯᠲᠤ ᠴᠡᠷᠢᠭ ᠠᠩᠭᠢ ᠶᠢ ᠪᠠᠶᠢᠭᠤᠯᠬᠤ ᠶᠡᠷᠦᠩᠬᠡᠶ ᠬᠠᠷᠠᠯᠲᠠ ᠶᠢ | ᠳᠤᠷᠠᠳᠴᠤ᠂ ᠴᠡᠷᠢᠭ ᠲᠠᠶᠢᠨ ᠤ ᠲᠡᠮᠡᠴᠡᠯ ᠤᠨ ᠪᠡᠯᠡᠳᠭᠡᠯ ᠤᠨ ᠰᠠᠭᠤᠷᠢ ᠴᠡᠭ ᠢ ᠮᠡᠳᠡᠭᠡ ᠵᠠᠩᠭᠢᠵᠢᠯᠲᠠ ᠶᠢᠨ | ᠨᠥᠬᠦᠴᠡᠯ ᠳᠣᠤᠷᠠᠬᠢ ᠬᠡᠰᠡᠭ ᠲᠠᠯ᠎ᠠ ᠶᠢᠨ ᠳᠠᠶᠢᠨ ᠤ ᠢᠯᠠᠯᠲᠠ ᠶᠢ ᠣᠯᠬᠤ ᠳᠡᠭᠡᠷ᠎ᠡ ᠲᠠᠯᠪᠢᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠴᠡᠷᠢᠭ ᠤᠨ ᠶᠠᠪᠤᠳᠠᠯ ᠤᠨ ᠬᠤᠪᠢᠰᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠴᠡᠷᠢᠭ ᠢ ᠰᠢᠯᠢᠳᠡᠭᠵᠢᠭᠦᠯᠬᠦ ᠵᠠᠮ ᠢᠶᠠᠷ ᠵᠠᠮᠨᠠᠪᠠ᠃ ᠤᠯᠠᠷᠢᠯᠳᠠ ᠬᠤᠪᠢᠷᠠᠯᠳᠠ ᠶᠡᠭᠡ ᠲᠠᠢ | ᠳᠡᠯᠡᠬᠡᠶ ᠶᠢᠨ ᠪᠠᠶᠢᠳᠠᠯ ᠤᠨ ᠡᠮᠦᠨ᠎ᠡ᠂ ᠨᠠᠮ ᠠᠴᠠ ᠲᠦᠷᠪᠡᠨ ᠦᠨᠳᠦᠰᠦᠨ ᠵᠠᠷᠴᠢᠮ ᠢ ᠭᠤᠶᠢᠪᠢᠰᠢ ᠦᠭᠡᠢ | ᠪᠠᠷᠢᠮᠲᠠᠯᠠᠵᠤ᠂ ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠨ᠂ ᠮᠠᠨ ᠤ ᠤᠯᠤᠰ ᠤᠨ ᠥᠭᠡᠷᠡᠴᠢᠯᠡᠯᠲᠡ ᠬᠢᠬᠦ | ᠬᠥᠭᠵᠢᠬᠦᠯᠬᠦ ᠲᠣᠭᠲᠠᠭᠤᠨ ᠪᠠᠶᠢᠯᠭᠠᠬᠤ ᠪᠦᠬᠦ ᠲᠠᠯ᠎ᠠ ᠳᠤ ᠬᠤᠯᠪᠣᠭᠳᠠᠭᠰᠠᠨ ᠠᠯᠢ ᠤᠯᠠᠨ ᠠᠶᠤᠯ ᠲᠦᠭᠰᠢᠭᠦᠷᠢ ᠶᠢᠨ | ᠰᠢᠯᠭᠠᠯᠲᠠ ᠶᠢ ᠯᠠᠪᠳᠠᠭᠤᠨ ᠢᠶᠠᠷ ᠠᠷᠭᠠᠴᠠᠪᠠ᠃ ᠬᠤᠷᠢᠳᠤᠭᠠᠷ ᠵᠠᠭᠤᠨ ᠤ ᠨᠠᠶᠠᠭᠠᠳ ᠣᠨ ᠤ ᠰᠡᠭᠦᠯᠴᠢ ᠶᠡᠷᠡᠭᠡᠳ | ᠣᠨ ᠤ ᠡᠬᠢ ᠪᠠᠷ᠂ ᠵᠦᠪᠯᠡᠯᠳᠦ ᠬᠤᠯᠪᠣᠭᠠᠲᠤ ᠤᠯᠤᠰ ᠵᠠᠳᠠᠷᠠᠵᠤ᠂ ᠵᠡᠭᠦᠨ ᠧᠦ᠋ᠷᠣᠫᠠ ᠳᠤ ᠰᠢᠷᠦᠭᠦᠨ ᠬᠤᠪᠢᠰᠤᠯᠳᠠ | ᠭᠠᠷᠪᠠ᠃ ᠳᠡᠯᠡᠬᠡᠶ ᠳᠡᠭᠡᠷᠡᠬᠢ ᠡᠪ ᠬᠠᠮᠲᠤ ᠨᠠᠮ ᠢ ᠡᠰᠡᠷᠭᠦᠴᠡᠬᠦ ᠨᠡᠶᠢᠭᠡᠮ ᠵᠢᠷᠤᠮ ᠢ ᠡᠰᠡᠷᠭᠦᠴᠡᠬᠦ ᠳᠠᠶᠢᠰᠤᠩᠨᠠᠭᠴᠢ | ᠬᠦᠴᠦᠨ ᠤ ᠳᠡᠮᠵᠢᠯᠭᠡ ᠪᠠ ᠥᠳᠥᠭᠡᠯᠭᠡ᠂ ᠲᠡᠯᠡᠭᠡᠢ ᠶᠢᠨ ᠶᠡᠭᠡ ᠠᠭᠤᠷ ᠠᠮᠢᠰᠬᠤᠯ ᠪᠠ ᠤᠯᠤᠰ ᠤᠨ | ᠳᠣᠲᠣᠭᠠᠳᠤ ᠶᠢᠨ ᠪᠠᠭ᠎ᠠ ᠠᠭᠤᠷ ᠠᠮᠢᠰᠬᠤᠯ ᠠᠴᠠ ᠪᠤᠯᠵᠦ᠂ 1989 ᠣᠨ ᠤ ᠬᠠᠪᠤᠷ ᠵᠤᠠ ᠤ ᠠᠭᠤᠯᠵᠠᠷ ᠲᠤ | ᠮᠠᠨ ᠤ ᠤᠯᠤᠰ ᠲᠤ ᠬᠦᠨᠳᠦ ᠨᠣᠴᠢᠲᠠᠶ ᠤᠯᠤᠰ ᠲᠦᠷᠦ ᠶᠢᠨ ᠦᠢᠮᠡᠭᠡᠨ ᠳᠡᠭᠳᠡᠵᠡᠢ᠃ ᠨᠠᠮ ᠪᠠ ᠵᠠᠰᠠᠭ ᠤᠨ | ᠣᠷᠳᠣᠨ ᠠᠴᠠ ᠠᠷᠠᠳ ᠲᠦᠮᠡᠨ ᠳᠤ ᠲᠦᠰᠢᠭᠯᠡᠵᠦ᠂ ᠲᠤᠭ ᠲᠡᠮᠳᠡᠭ ᠲᠣᠳᠣᠷᠬᠠᠶ ᠪᠠᠷ ᠰᠠᠮᠠᠭᠤᠷᠠᠯ ᠢ ᠡᠰᠡᠷᠭᠦᠴᠡᠨ᠂ | ᠨᠡᠶᠢᠭᠡᠮ ᠵᠢᠷᠤᠮᠲᠤ ᠲᠦᠷᠦ ᠶᠢᠨ ᠵᠠᠰᠠᠭ ᠤᠨ ᠡᠷᠬᠡ ᠶᠢ ᠬᠠᠮᠠᠭᠠᠯᠠᠵᠤ᠂ ᠠᠷᠠᠳ ᠲᠦᠮᠡᠨ ᠤ ᠦᠨᠳᠦᠰᠦᠨ ᠠᠰᠢᠭ | ᠲᠤᠰᠠ ᠶᠢ ᠬᠠᠮᠠᠭᠠᠯᠠᠪᠠ᠃ ᠨᠠᠮ ᠠᠴᠠ ᠠᠷᠠᠳ ᠲᠦᠮᠡᠨ ᠢ ᠤᠳᠤᠷᠢᠳᠤᠨ ᠠᠽᠢᠶ᠎ᠠ ᠲᠢᠪ ᠤᠨ ᠮᠥᠩᠭᠦᠨ ᠭᠦᠢᠯᠭᠡᠭᠡᠨ ᠤ | ᠬᠢᠮᠤᠷᠠᠯ᠂ ᠣᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠵᠡᠷᠭᠡ ᠠᠵᠤ ᠠᠬᠤᠢ ᠶᠢᠨ ᠠᠶᠤᠯ | ᠲᠦᠭᠰᠢᠭᠦᠷᠢ ᠶᠢ ᠠᠮᠵᠢᠯᠲᠠ ᠲᠠᠢ ᠠᠷᠭᠠᠴᠠᠵᠤ᠂ 2008 ᠣᠨ ᠤ ᠪᠡᠭᠡᠵᠢᠩ ᠤᠨ ᠣᠯᠢᠮᠫᠢᠺ ᠤᠨ ᠪᠡᠶ᠎ᠡ ᠶᠢᠨ | ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠬᠢᠯᠡᠵᠦ᠂ ᠬᠥᠬᠡᠮᠥ᠋ᠷᠡᠨ ᠪᠣᠯᠤᠨ ᠨᠤᠨ ᠮᠥᠷᠡᠨ᠂ ᠰᠤᠩᠭᠠᠷᠢ ᠮᠥᠷᠡᠨ ᠤ ᠰᠠᠪᠠ ᠭᠠᠵᠠᠷ ᠤᠨ ᠬᠦᠨᠳᠦ ᠨᠣᠴᠢᠲᠠᠶ | ᠦᠶᠡᠷ ᠤᠰᠤᠲᠤᠯ᠂ ᠸᠧᠨᠴᠤᠸᠠᠨ ᠤ ᠣᠨᠴᠠ ᠶᠡᠭᠡ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠢᠯᠠᠨ | ᠳᠠᠪᠠᠵᠤ᠂ ᠰᠠᠷᠰ ᠡᠪᠡᠳᠴᠢᠨ ᠤ ᠬᠢᠵᠢᠭ ᠢ ᠢᠯᠠᠨ ᠳᠠᠪᠠᠭᠠᠳ᠂ ᠨᠠᠮ ᠤᠨ ᠠᠶᠤᠯ ᠲᠦᠭᠰᠢᠭᠦᠷᠢ ᠶᠢ ᠡᠰᠡᠷᠭᠦᠴᠡᠬᠦ ᠪᠠ | ᠪᠤᠳᠤᠯᠢᠶᠠᠨᠲᠠᠶ ᠪᠠᠶᠢᠳᠠᠯ ᠢ ᠡᠵᠡᠮᠳᠡᠬᠦ ᠴᠢᠳᠠᠪᠤᠷᠢ ᠶᠢ ᠢᠯᠡᠷᠡᠭᠦᠯᠪᠡ᠃ ᠨᠠᠮ ᠠᠴᠠ ᠡᠬᠡ ᠣᠷᠣᠨ ᠢᠶᠠᠨ ᠨᠢᠭᠡᠳᠭᠡᠬᠦ ᠶᠡᠭᠡ | ᠦᠢᠯᠡᠰ ᠢ ᠪᠡᠶᠡᠯᠡᠭᠦᠯᠬᠦ ᠪᠠᠷ ᠲᠡᠤᠬᠡᠳᠦ ᠬᠦᠨᠳᠦ ᠡᠭᠦᠷᠭᠡ ᠪᠠᠨ ᠪᠣᠯᠭᠠᠵᠤ᠂ ᠡᠭᠦᠨ ᠤ ᠲᠥᠯᠥᠭᠡ ᠴᠥᠬᠦᠷᠡᠰᠢ ᠦᠭᠡᠢ | ᠴᠢᠷᠮᠠᠶᠢᠪᠠ᠃ ᠳ᠋ᠧᠩ ᠰᠢᠶᠤᠤ ᠫᠢᠩ ᠨᠥᠬᠦᠷ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ | ᠰᠢᠨᠵᠢᠯᠡᠬᠦ ᠤᠬᠠᠭᠠᠨᠴᠢ ᠲᠥᠰᠦᠪᠯᠡᠯ ᠢ ᠪᠦᠲᠦᠭᠡᠯᠴᠢ ᠪᠠᠷ ᠲᠤᠷᠠᠳᠤᠨ ᠭᠠᠷᠭᠠᠵᠦ᠂ ᠡᠬᠡ ᠣᠷᠣᠨ ᠤ ᠨᠢᠭᠡᠳᠦᠯ ᠢ | ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠪᠡᠶᠡᠯᠡᠭᠦᠯᠬᠦ ᠰᠢᠨ᠎ᠡ ᠠᠷᠭ᠎ᠠ ᠵᠠᠮ ᠢ ᠨᠡᠭᠡᠭᠡᠪᠡ᠃ ᠬᠠᠲᠠᠭᠤᠵᠢᠯᠲᠠᠶ ᠠᠵᠢᠯᠯᠠᠵᠦ | ᠲᠡᠮᠡᠴᠡᠬᠦ ᠪᠠᠷ ᠳᠠᠮᠵᠢᠨ᠂ ᠮᠠᠨ ᠤ ᠤᠯᠤᠰ ᠤᠨ ᠵᠠᠰᠠᠭ ᠤᠨ ᠣᠷᠳᠣᠨ ᠤᠷᠢᠳ ᠬᠤᠵᠢᠳ ᠰᠢᠶᠠᠩᠭᠠᠩ᠂ ᠣᠣᠮᠧᠨ ᠳᠤ | ᠡᠷᠬᠡ ᠮᠡᠳᠡᠯ ᠢᠶᠠᠨ ᠰᠡᠷᠭᠦᠭᠡᠨ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠵᠠᠭᠤᠨ ᠵᠢᠯ ᠤᠨ ᠢᠴᠢᠭᠦᠷᠢ ᠶᠢ | ᠠᠷᠢᠯᠭᠠᠪᠠ᠃ ᠰᠢᠶᠠᠩᠭᠠᠩ᠂ ᠣᠣᠮᠧᠨ ᠡᠬᠡ ᠤᠷᠤᠨ ᠳᠠᠭᠠᠨ ᠪᠤᠴᠠᠵᠦ ᠢᠷᠡᠭᠰᠡᠨ ᠤ ᠳᠠᠷᠠᠭ᠎ᠠ᠂ ᠲᠥᠪ ᠵᠠᠰᠠᠭ ᠤᠨ | ᠣᠷᠳᠣᠨ ᠦᠨᠳᠦᠰᠦᠨ ᠬᠠᠤᠯᠢ ᠪᠠ ᠵᠠᠰᠠᠭ ᠵᠠᠬᠢᠷᠭᠠᠨ ᠤ ᠣᠨᠴᠠᠭᠠᠶ ᠣᠷᠣᠨ ᠤ ᠭᠤᠤᠯ ᠬᠠᠤᠯᠢ ᠶᠢ ᠴᠢᠩᠭ᠎ᠠ ᠵᠢᠷᠤᠮᠯᠠᠨ | ᠠᠵᠢᠯᠯᠠᠵᠤ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ | ᠪᠠᠲᠤᠯᠠᠪᠠ᠃ ᠨᠠᠮ ᠠᠴᠠ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠭᠡ ᠲᠠᠯ᠎ᠠ ᠶᠢ ᠡᠵᠡᠮᠳᠡᠵᠦ᠂ ︽ | ᠨᠠᠶᠢᠷᠠᠮᠳᠠᠯ ᠢᠶᠠᠷ ᠨᠢᠭᠡᠳᠭᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠨᠳᠦᠰᠦᠨ | ᠴᠢᠭᠯᠡᠯᠲᠡ ᠶᠢ ᠲᠣᠭᠲᠠᠭᠠᠨ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠢᠨ ᠨᠢᠭᠡ ᠯᠡ ᠳᠤᠮᠳᠠᠳᠤ ᠤᠯᠤᠰ | ᠪᠠᠶᠢᠬᠤ ᠵᠠᠷᠴᠢᠮ ᠢ ᠬᠠᠷᠠᠭᠤᠯᠤᠭᠰᠠᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠲᠠᠢ ᠪᠣᠯᠬᠤ ᠶᠢ | ᠠᠬᠢᠭᠤᠯᠵᠤ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠵᠥᠪᠳᠡᠯᠴᠡᠭᠡ ᠬᠡᠯᠡᠯᠴᠡᠭᠡ ᠶᠢ ᠠᠬᠢᠭᠤᠯᠵᠤ᠂ ᠪᠦᠬᠦ | ᠲᠠᠯ᠎ᠠ ᠪᠠᠷ᠂ ᠰᠢᠭᠤᠳ᠂ ᠬᠤᠤᠰ ᠴᠢᠭᠯᠡᠯ ᠢᠶᠠᠷ ︽ᠭᠤᠷᠪᠠ ᠶᠢ ᠨᠡᠪᠲᠡᠷᠡᠭᠦᠯᠬᠦ︾ ᠶᠢ ᠪᠡᠶᠡᠯᠡᠭᠦᠯᠵᠦ᠂ ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠲᠦᠷᠦ ᠶᠢᠨ ᠨᠠᠮ ᠤᠨ ᠰᠣᠯᠢᠯᠴᠠᠭ᠎ᠠ ᠶᠢ ᠡᠬᠢᠯᠡᠭᠦᠯᠪᠡ᠃ ᠤᠯᠤᠰ ᠣᠷᠣᠨ ᠢ | ᠬᠠᠭᠠᠴᠠᠭᠤᠯᠬᠤ ᠶᠢ ᠡᠰᠡᠷᠭᠦᠴᠡᠬᠦ ᠬᠠᠤᠯᠢ ᠶᠢ ᠲᠣᠭᠲᠠᠭᠠᠵᠤ᠂ ︽ᠲᠠᠶᠢᠸᠠᠨ ᠢ ᠲᠤᠰᠠᠭᠠᠷ ᠲᠤᠬᠳᠠᠨᠢᠭᠤᠯᠬᠤ︾ | ᠬᠦᠴᠦᠨ ᠢ ᠡᠷᠡᠰ ᠬᠤᠷᠢᠭᠯᠠᠨ᠂ ᠡᠬᠡ ᠣᠷᠣᠨ ᠤ ᠨᠢᠭᠡᠳᠦᠯ ᠢ ᠠᠬᠢᠭᠤᠯᠵᠤ᠂ ︽ᠬᠤᠶᠠᠷ ᠳᠤᠮᠳᠠᠳᠤ ᠤᠯᠤᠰ︾᠂ ︽ | ᠨᠢᠭᠡ ᠳᠤᠮᠳᠠᠳᠤ ᠤᠯᠤᠰ ᠨᠢᠭᠡ ᠲᠠᠶᠢᠸᠠᠨ︾᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠭᠡᠰᠡᠨ ᠡᠯ᠎ᠡ | ᠵᠦᠢᠯ ᠤᠨ ᠭᠤᠷᠢᠳᠠᠯᠭ᠎ᠠ ᠶᠢ ᠬᠦᠴᠦᠲᠡᠢ ᠰᠦᠢᠷᠡᠭᠦᠯᠪᠡ᠃ ᠨᠠᠮ ᠠᠴᠠ ᠴᠠᠭ ᠦᠶ᠎ᠡ ᠶᠢᠨ ᠣᠨᠴᠠᠯᠢᠭ ᠪᠠ ᠳᠡᠯᠡᠬᠡᠶ ᠶᠢᠨ | ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠡᠩᠬᠡ ᠲᠠᠶᠢᠪᠤᠩ ᠪᠠ ᠬᠥᠭᠵᠢᠯᠲᠡ ᠪᠣᠯ ᠣᠳᠣᠬᠢ ᠴᠠᠭ | ᠦᠶ᠎ᠡ ᠶᠢᠨ ᠭᠤᠤᠯ ᠰᠡᠳᠦᠪ ᠮᠥᠨ ᠭᠡᠵᠦ ᠳᠤᠷᠠᠳᠤᠨ ᠭᠠᠷᠭᠠᠪᠠ᠃ | ᠨᠠᠮ ᠠᠴᠠ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ | ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠪᠠᠷᠢᠮᠲᠠᠯᠠᠵᠤ᠂ ᠭᠤᠤᠯ ᠭᠤᠤᠯ ᠲᠣᠮᠣ | ᠤᠯᠤᠰ ᠯᠤᠭ᠎ᠠ ᠶᠢᠨ ᠬᠠᠷᠢᠴᠠᠭ᠎ᠠ ᠳᠤ ᠲᠣᠬᠢᠷᠠᠭᠤᠯᠤᠯᠳᠠ ᠬᠢᠵᠦ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ | ᠡᠶᠡᠯᠳᠡᠭ ᠬᠥᠷᠰᠢ ᠶᠢᠨ ᠨᠥᠬᠦᠷᠰᠡᠭ ᠬᠠᠷᠢᠴᠠᠭ᠎ᠠ ᠪᠠᠨ ᠬᠥᠭᠵᠢᠭᠦᠯᠵᠦ᠂ ᠥᠷᠭᠡᠨ ᠤᠯᠠᠨ ᠬᠥᠭᠵᠢᠵᠦ ᠪᠠᠶᠢᠭ᠎ᠠ | ᠤᠯᠤᠰ ᠯᠤᠭ᠎ᠠ ᠶᠢᠨ ᠨᠥᠬᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠶ ᠶᠢᠨ ᠪᠠ ᠭᠠᠵᠠᠷ ᠣᠷᠣᠨ ᠤ | ᠬᠡᠷᠡᠭ ᠶᠠᠪᠤᠳᠠᠯ ᠳᠤ ᠢᠳᠡᠪᠬᠢᠲᠡᠶ ᠣᠷᠣᠯᠴᠠᠵᠤ᠂ ᠪᠦᠬᠦ ᠲᠠᠯ᠎ᠠ ᠶᠢᠨ ᠤᠯᠠᠨ ᠲᠡᠰ ᠳᠠᠪᠬᠤᠷᠭ᠎ᠠ ᠶᠢᠨ ᠭᠠᠳᠠᠭᠠᠳᠤ | ᠬᠠᠷᠢᠯᠴᠠᠭᠠᠨ ᠤ ᠰᠢᠨ᠎ᠡ ᠪᠠᠶᠢᠷᠢᠰᠢᠯ ᠢ ᠪᠠᠶᠢᠭᠤᠯᠪᠠ᠃ ᠨᠠᠮ ᠠᠴᠠ ᠳᠡᠯᠡᠬᠡᠶ ᠶᠢᠨ ᠣᠯᠠᠨ ᠲᠦᠢᠯᠰᠢᠷᠠᠯᠲᠠ ᠪᠠ ᠣᠯᠠᠨ | ᠤᠯᠤᠰ ᠤᠨ ᠬᠠᠷᠢᠴᠠᠭᠠᠨ ᠤ ᠠᠷᠠᠳᠴᠢᠯᠠᠯᠲᠠ ᠶᠢ ᠢᠳᠡᠪᠬᠢᠲᠡᠢ ᠠᠬᠢᠭᠤᠯᠵᠤ᠂ ᠠᠵᠤ ᠠᠬᠤᠶ ᠶᠢᠨ | ᠳᠡᠯᠡᠬᠡᠶᠢᠴᠢᠯᠡᠯᠲᠡ ᠶᠢᠨ ᠬᠠᠮᠲᠤ ᠪᠠᠷ ᠴᠡᠴᠡᠭᠯᠡᠯ ᠬᠥᠭᠵᠢᠬᠦ ᠳᠤ ᠠᠰᠢᠭᠲᠠᠶ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ | ᠡᠵᠡᠷᠬᠡᠬᠦ ᠦᠵᠡᠯ ᠪᠣᠯᠤᠨ ᠬᠦᠴᠦᠷᠬᠡᠭᠯᠡᠯ ᠤᠨ ᠤᠯᠤᠰ ᠲᠥᠷᠥ ᠶᠢ ᠲᠤᠭ ᠲᠡᠮᠳᠡᠭ ᠲᠣᠳᠣᠷᠬᠠᠶ ᠪᠠᠷ ᠡᠰᠡᠷᠭᠦᠴᠡᠵᠦ᠂ | ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠡᠷᠡᠰ ᠬᠠᠮᠠᠭᠠᠯᠠᠵᠤ᠂ ᠲᠥᠪ ᠭᠤᠤᠯᠴᠢ ᠵᠦᠶ | ᠵᠣᠬᠢᠰᠲᠠᠶ ᠣᠯᠠᠨ ᠤᠯᠤᠰ ᠤᠨ ᠤᠯᠤᠰ ᠲᠥᠷᠥ ᠠᠵᠤ ᠠᠬᠤᠶ ᠶᠢᠨ ᠰᠢᠨ᠎ᠡ ᠳᠢᠭᠯᠢᠮ ᠢ ᠪᠠᠶᠢᠭᠤᠯᠬᠤ ᠶᠢ ᠠᠬᠢᠭᠤᠯᠵᠤ᠂ | ᠳᠡᠯᠡᠬᠡᠶ ᠶᠢᠨ ᠥᠨᠢ ᠤᠳᠠᠭᠠᠨ ᠡᠩᠬᠡ ᠲᠠᠶᠢᠪᠤᠩ ᠪᠠᠶᠢᠬᠤ ᠪᠠ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃ | ᠤᠯᠤᠰ ᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠶ᠂ ᠨᠠᠮ ᠢ ᠵᠠᠰᠠᠬᠤ ᠳᠤ ᠡᠷᠬᠡᠪᠰᠢ ᠴᠢᠩᠭ᠎ᠠ | ᠪᠠᠶᠢᠬᠤ ᠬᠡᠷᠡᠭᠲᠡᠶ᠂ ᠨᠠᠮ ᠤᠨ ᠪᠠᠶᠢᠭᠤᠯᠤᠯᠲᠠ ᠶᠢ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠰᠠᠶᠢᠲᠤᠷ ᠠᠳᠬᠤᠵᠤ᠂ | ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠡᠭᠦᠳᠦᠨ ᠨᠡᠭᠡᠭᠡᠵᠦ ᠠᠬᠢᠭᠤᠯᠬᠤ ᠬᠡᠷᠡᠭᠳᠡᠢ | ᠭᠡᠵᠦ ᠨᠠᠮ ᠠᠴᠠ ᠴᠢᠬᠤᠯᠠᠴᠢᠯᠠᠭᠰᠠᠭᠠᠷ ᠢᠷᠡᠭᠰᠡᠨ ᠶᠤᠮ᠃ ᠨᠠᠮ ᠠᠴᠠ ᠨᠠᠮ ᠤᠨ ᠳᠣᠲᠣᠭᠠᠳᠤ ᠶᠢᠨ ᠤᠯᠤᠰ | ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ ᠢ ᠲᠣᠭᠲᠠᠭᠠᠵᠤ᠂ ᠠᠷᠠᠳᠴᠢᠯᠠᠯ ᠲᠥᠪᠯᠡᠷᠡᠯ ᠤᠨ | ᠶᠣᠰᠣ ᠶᠢ ᠪᠦᠷᠢᠨᠰᠢᠬᠦᠯᠦᠨ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠵᠤ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠬᠡᠪ ᠤᠨ ᠪᠣᠯᠭᠠᠬᠤ ᠶᠢ ᠪᠡᠶᠡᠯᠡᠭᠦᠯᠪᠡ︔ ᠲᠥᠯᠥᠪᠯᠡᠭᠡ ᠲᠠᠢ | ᠠᠯᠬᠤᠮ ᠲᠡᠷᠠᠭ᠎ᠠ ᠲᠠᠢ ᠪᠠᠷ ᠨᠠᠮ ᠢ ᠴᠡᠭᠴᠡᠯᠡᠵᠦ᠂ ᠨᠠᠮ ᠤᠨ ᠳᠣᠲᠣᠭᠠᠳᠤ ᠶᠢᠨ ᠦᠵᠡᠯ ᠰᠠᠨᠠᠭ᠎ᠠ ᠴᠡᠪᠡᠷ ᠪᠤᠰᠤ᠂ | ᠣᠪᠣᠷ ᠰᠤᠷᠲᠠᠯ ᠴᠡᠪᠡᠷ ᠪᠤᠰᠤ᠂ ᠵᠤᠬᠢᠶᠠᠨ ᠪᠠᠶᠢᠭᠤᠯᠤᠯᠲᠠ ᠴᠡᠪᠡᠷ ᠪᠤᠰᠤ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠪᠡ︔ ᠬᠤᠪᠢᠰᠬᠠᠯᠵᠢᠭᠤᠯᠬᠤ᠂ ᠵᠠᠯᠠᠭᠤᠵᠢᠭᠤᠯᠬᠤ᠂ ᠮᠡᠳᠡᠯᠭᠡᠵᠢᠭᠦᠯᠬᠦ᠂ ᠲᠤᠰᠬᠠᠶᠢᠵᠢᠭᠤᠯᠬᠤ ᠴᠢᠭᠯᠡᠯᠲᠡ | ᠶᠣᠰᠣᠭᠠᠷ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠢᠳᠡᠷ ᠵᠠᠯᠠᠭᠤ ᠺᠠᠳ᠋ᠷᠴᠤᠳ ᠢ ᠶᠡᠭᠡ ᠪᠠᠷ | ᠰᠢᠯᠢᠨ ᠳᠡᠪᠰᠢᠭᠦᠯᠵᠦ᠂ ᠺᠠᠳ᠋ᠷ ᠤᠨ ᠡᠩᠨᠡᠭᠡᠨ ᠤ ᠰᠢᠨ᠎ᠡ ᠬᠠᠭᠤᠴᠢᠨ ᠤ ᠬᠠᠯᠠᠭ᠎ᠠ ᠵᠠᠯᠭᠠᠮᠵᠢ ᠶᠢ ᠠᠬᠢᠭᠤᠯᠪᠠ᠃ | ᠨᠠᠮ ᠠᠴᠠ ᠨᠠᠮ ᠤᠨ ᠤᠳᠤᠷᠢᠳᠬᠤ ᠬᠢᠷᠢ ᠬᠡᠮᠵᠢᠶ᠎ᠡ ᠪᠠ ᠲᠥᠷᠥ ᠪᠠᠷᠢᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ | ᠢᠯᠵᠢᠷᠡᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠨ ᠲᠤᠯᠬᠤ | ᠴᠢᠳᠠᠪᠤᠷᠢ ᠶᠢ ᠳᠡᠭᠡᠭᠰᠢᠯᠡᠭᠦᠯᠬᠦ ᠡᠨᠡ ᠬᠤᠶᠠᠷ ᠶᠡᠭᠡ ᠲᠡᠤᠬᠡᠲᠦ ᠴᠢᠨᠠᠷᠲᠠᠶ ᠰᠡᠳᠦᠪ ᠢ ᠰᠠᠶᠢᠲᠤᠷ ᠰᠢᠢᠳᠪᠦᠷᠢᠯᠡᠬᠦ ᠶᠢᠨ | ᠲᠤᠭᠤᠷᠢᠨ ᠳᠤ᠂ ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ ᠪᠠ ᠲᠡᠷᠢᠭᠦᠨ ᠤ ᠴᠢᠨᠠᠷ ᠤᠨ ᠪᠠᠶᠢᠭᠤᠯᠤᠯᠲᠠ ᠪᠠᠷ | ᠭᠤᠣᠯ ᠰᠢᠵᠢᠮ ᠪᠣᠯᠭᠠᠵᠤ᠂ ᠨᠠᠮ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠴᠢᠩᠭᠠᠳᠬᠠᠬᠤ᠂ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ᠂ ᠨᠠᠮ ᠤᠨ ᠲᠦᠷᠦ ᠪᠠᠷᠢᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠶ ᠤᠷᠢᠳ ᠬᠤᠵᠢᠳ ᠲᠣᠭᠲᠠᠭᠠᠯ | ᠭᠠᠷᠭᠠᠵᠤ᠂ ︽ᠰᠤᠷᠤᠯᠴᠠᠯᠭ᠎ᠠ ᠶᠢ ᠡᠷᠬᠢᠮᠯᠡᠬᠦ᠂ ᠤᠯᠤᠰ ᠲᠦᠷᠦ ᠶᠢ ᠡᠷᠬᠢᠮᠯᠡᠬᠦ᠂ ᠲᠥᠪ ᠰᠤᠷᠲᠠᠯ ᠢ ᠡᠷᠬᠢᠮᠯᠡᠬᠦ︾ | ᠬᠥᠮᠦᠵᠢᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ | ᠠᠵᠢᠯᠯᠠᠭ᠎ᠠ᠂ ᠡᠪ ᠬᠠᠮᠲᠤ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠪᠠᠷᠢᠮᠳᠠᠯᠠᠬᠤ ᠬᠥᠮᠦᠵᠢᠯ ᠤᠨ ᠠᠵᠢᠯᠯᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠵᠡᠷᠭᠡ | ᠲᠥᠪᠯᠡᠷᠡᠩᠭᠦᠶ ᠴᠢᠨᠠᠷᠲᠠᠶ ᠰᠤᠷᠤᠯᠴᠠᠯᠭ᠎ᠠ ᠬᠥᠮᠦᠵᠢᠯ ᠢ ᠵᠤᠬᠢᠶᠠᠨ ᠪᠠᠶᠢᠭᠤᠯᠵᠦ ᠥᠷᠨᠢᠭᠦᠯᠪᠡ᠃ ᠨᠠᠮ ᠠᠴᠠ ᠨᠠᠮ ᠤᠨ | ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠬ ᠪᠠᠷᠢᠬᠤ ᠪᠠᠶᠢᠭᠤᠯᠤᠯᠲᠠ ᠪᠣᠯᠤᠨ ᠢᠯᠵᠠᠷᠡᠯ ᠢ ᠡᠰᠡᠷᠭᠦᠴᠡᠬᠦ | ᠲᠡᠮᠡᠴᠡᠯ ᠢ ᠨᠠᠮ ᠪᠣᠯᠤᠨ ᠤᠯᠤᠰ ᠤᠨ ᠦᠬᠦᠵᠦ ᠰᠡᠬᠡᠬᠦ ᠮᠠᠨᠳᠤᠵᠤ ᠮᠥᠬᠦᠬᠦ ᠲᠠᠢ ᠬᠤᠯᠪᠣᠭᠳᠠᠬᠤ ᠦᠨᠳᠦᠷᠴᠡ ᠳᠤ | ᠬᠦᠷᠳᠡᠯ᠎ᠡ ᠳᠡᠭᠡᠭᠰᠢᠯᠡᠬᠦᠯᠵᠦ᠂ ᠢᠯᠵᠠᠷᠠᠯ ᠢ ᠵᠠᠯᠬᠠᠭᠠᠨ ᠰᠢᠢᠳᠭᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠤᠢ ᠶᠢᠨ | ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠪᠡᠯᠭᠡᠯᠡᠬᠦ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠤᠨ᠂ | ᠰᠢ ᠶᠢᠨ ᠫᠢᠩ ᠨᠥᠬᠦᠷ ᠴᠢᠬᠤᠯᠠ ᠶᠠᠷᠢᠶ᠎ᠠ ᠲᠠᠯᠪᠢᠵᠤ᠂ ᠳᠥᠴᠢᠨ ᠵᠢᠯ ᠤᠨ ᠥᠭᠡᠷᠡᠴᠢᠯᠡᠯᠲᠡ ᠨᠡᠭᠡᠭᠡᠯᠲᠡ ᠶᠢᠨ | ᠣᠯᠤᠭᠰᠠᠨ ᠠᠭᠤᠤ ᠶᠡᠭᠡ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ | ᠥᠭᠡᠷᠡᠴᠢᠯᠡᠯᠲᠡ ᠨᠡᠭᠡᠭᠡᠯᠲᠡ ᠪᠣᠯ ᠨᠠᠮ ᠤᠨ ᠨᠢᠭᠡ ᠤᠳᠠᠭᠠᠨ ᠤ ᠠᠭᠤᠤ ᠶᠡᠭᠡ ᠰᠡᠬᠡᠭᠡᠷᠡᠯᠲᠡ ᠮᠥᠨ᠂ ᠳᠤᠮᠳᠠᠳᠤ | ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠤᠬᠡᠨ ᠳᠡᠭᠡᠷᠡᠬᠢ ᠨᠢᠭᠡ | ᠤᠳᠠᠭᠠᠨ ᠤ ᠠᠭᠤᠤ ᠶᠡᠭᠡ ᠬᠤᠪᠢᠰᠬᠠᠯ ᠮᠥᠨ ᠭᠡᠵᠦ ᠴᠢᠬᠤᠯᠠᠴᠢᠯᠠᠭᠠᠳ᠂ ᠥᠭᠡᠷᠡᠴᠢᠯᠡᠯᠲᠡ ᠨᠡᠭᠡᠭᠡᠯᠳᠡ ᠶᠢ | ᠡᠴᠦᠰ ᠲᠤᠨᠢ ᠲᠤᠯᠲᠠᠯ᠎ᠠ ᠬᠢᠬᠦ ᠠᠭᠤᠤ ᠶᠡᠭᠡ ᠤᠷᠢᠶᠠᠯᠠᠭ᠎ᠠ ᠭᠠᠷᠭᠠᠪᠠ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠪᠦᠲᠦᠮᠵᠢ ᠳᠡᠯᠡᠬᠡᠶ ᠳ᠋ᠠᠬᠢᠨ ᠤ | ᠠᠩᠬᠠᠷᠤᠯ ᠢ ᠲᠠᠲᠠᠵᠤ᠂ ᠮᠠᠨ ᠤ ᠤᠯᠤᠰ ᠦᠢᠯᠡᠳᠪᠦᠷᠢᠯᠡᠯ ᠤᠨ ᠬᠦᠴᠦᠨ ᠬᠠᠷᠢᠴᠠᠩᠭᠤᠶ ᠬᠤᠴᠣᠷᠤᠩᠭᠤᠶ ᠪᠠᠶᠢᠭᠰᠠᠨ | ᠪᠠᠶᠢᠳᠠᠯ ᠠᠴᠠ ᠪᠠᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠳᠡᠯᠡᠬᠡᠶ ᠶᠢᠨ ᠬᠤᠶᠠᠳᠤᠭᠠᠷ ᠲᠤ ᠣᠷᠣᠬᠰᠠᠨ ᠲᠡᠤᠬᠡᠲᠦ | ᠴᠢᠨᠠᠷᠲᠠᠶ ᠰᠢᠪᠲᠤᠯᠤᠯᠲᠠ ᠶᠢ ᠪᠡᠶᠡᠯᠡᠭᠦᠯᠵᠦ᠂ ᠠᠷᠠᠳ ᠤᠨ ᠠᠮᠢᠳᠤᠷᠠᠯ ᠢᠳᠡᠵᠦ ᠡᠮᠦᠰᠭᠦ ᠳᠡᠭᠡᠨ ᠵᠥᠪ ᠦᠭᠡᠶ | ᠪᠠᠶᠢᠭᠰᠠᠨ ᠠᠴᠠ ᠪᠠᠨ ᠶᠡᠷᠦᠩᠬᠡᠶ ᠳᠡᠭᠡᠨ ᠴᠢᠨᠡᠭᠡᠯᠢᠭᠵᠢᠭᠰᠡᠨ᠂ ᠪᠦᠬᠦ ᠲᠠᠯ᠎ᠠ ᠪᠠᠷ ᠴᠢᠨᠡᠭᠡᠯᠢᠭᠵᠢᠬᠦ ᠲᠡᠶᠢᠰᠢ | ᠤᠷᠤᠭᠰᠢᠯᠠᠬᠰᠠᠨ ᠲᠡᠤᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠪᠣᠰᠴᠤ | ᠵᠣᠭᠰᠣᠭᠰᠠᠨ ᠠᠴᠠ ᠪᠠᠨ ᠪᠠᠶᠠᠵᠢᠬᠰᠠᠨ ᠠᠭᠤᠤ ᠶᠡᠭᠡ ᠦᠰᠦᠷᠦᠯᠲᠡ ᠶᠢ ᠠᠬᠢᠭᠤᠯᠪᠠ᠃ ᠳᠤᠮᠳᠠᠳᠤ ᠤᠯᠤᠰ ᠤᠨ ᠡᠪ | ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ ᠪᠠᠭᠠᠲᠤᠷᠯᠢᠭ ᠡᠷᠡᠰ ᠬᠠᠲᠠᠭᠤᠵᠢᠯᠲᠠᠶ | ᠲᠡᠮᠡᠴᠡᠯ ᠢᠶᠠᠷ ᠢᠶᠠᠨ᠂ ᠥᠭᠡᠷᠡᠴᠢᠯᠡᠯᠲᠡ ᠨᠡᠭᠡᠭᠡᠯᠲᠡ ᠪᠣᠯ ᠣᠳᠣ ᠦᠶ᠎ᠡ ᠶᠢᠨ ᠳᠤᠮᠳᠠᠳᠤ ᠤᠯᠤᠰ ᠤᠨ ᠢᠷᠡᠭᠡᠳᠦᠶ | ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠨᠢᠬᠡᠨ ᠠᠷᠭ᠎ᠠ ᠮᠦᠨ᠂ ᠲᠤᠮᠳᠠᠳᠤ ᠤᠯᠤᠰ ᠤᠨ ᠤᠨᠴᠠᠯᠢᠬ | ᠪᠦᠬᠦᠢ ᠨᠡᠶᠢᠭᠡᠮ ᠵᠢᠷᠤᠮ ᠤᠨ ᠵᠠᠮ ᠪᠤᠯ ᠲᠤᠮᠳᠠᠳᠤ ᠤᠯᠤᠰ ᠤᠨ ᠬᠥᠭᠵᠢᠯ ᠴᠡᠴᠡᠭᠯᠡᠯ ᠢ ᠵᠢᠭᠠᠨ ᠵᠢᠯᠤᠭᠤᠳᠬᠤ ᠵᠦᠪ | ᠵᠠᠮ ᠮᠦᠨ᠂ ᠳᠤᠮᠳᠠᠳᠤ ᠤᠯᠤᠰ ᠲᠤᠮᠤ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠭᠰᠡᠨ ᠢ ᠳᠡᠯᠡᠬᠡᠶ | ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ ᠳᠦᠷᠪᠡ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠰᠢᠨ᠎ᠡ ᠴᠠᠭ ᠦᠶ᠎ᠡ ᠶᠢ ᠡᠬᠦᠳᠦᠨ ᠨᠡᠭᠡᠭᠡᠭᠰᠡᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠪᠠ᠃ | ᠨᠠᠮ ᠳᠤ ᠲᠤᠯᠭᠠᠷᠠᠵᠤ ᠪᠠᠶᠢᠭ᠎ᠠ ᠭᠤᠤᠯ ᠡᠭᠦᠷᠭᠡ ᠪᠣᠯ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠠᠶᠠᠯᠠᠯ ᠢᠶᠠᠨ | ᠡᠬᠢᠯᠡᠭᠦᠯᠤᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ | ᠬᠠᠷᠠᠯᠲᠠ ᠲᠡᠶᠢᠰᠢ ᠦᠷᠭᠦᠯᠵᠢᠯᠡᠨ ᠤᠷᠤᠭᠰᠢᠯᠠᠬᠤ ᠶᠠᠪᠤᠳᠠᠯ ᠪᠤᠯᠤᠨ᠎ᠠ᠃ ᠰᠢ ᠶᠢᠨ ᠫᠢᠩ ᠨᠥᠬᠦᠷ ᠢᠶᠠᠷ | ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠥᠬᠦ ᠲᠠᠯ᠎ᠠ ᠪᠠ ᠳᠡᠯᠡᠬᠡᠶ ᠶᠢᠷᠲᠢᠨᠴᠦ ᠶᠢᠨ ᠵᠠᠭᠤᠨ ᠵᠢᠯ ᠳᠤ ᠪᠠᠶᠢᠭ᠎ᠠ | ᠥᠬᠡᠶ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠯᠡᠨ ᠡᠵᠡᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠪᠣᠯ ᠤᠷᠢᠳᠤᠬᠢ ᠶᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ᠂ ᠰᠢᠨ᠎ᠡ | ᠲᠡᠤᠬᠡᠨ ᠨᠥᠬᠦᠴᠡᠯ ᠳᠣᠤᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ | ᠢᠯᠠᠯᠲᠠ ᠶᠢ ᠦᠷᠭᠦᠯᠵᠢᠯᠡᠨ ᠲᠡᠮᠡᠴᠡᠨ ᠣᠯᠬᠤ ᠴᠠᠭ ᠦᠶ᠎ᠡ ᠮᠥᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠳᠦᠭᠡᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠶᠢᠨ ᠤᠯᠠᠮ ᠠᠴᠠ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠴᠠᠭ ᠦᠶ᠎ᠡ ᠮᠦᠨ᠂ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠵᠦ᠂ ᠰᠠᠶᠢᠨ ᠰᠠᠶᠢᠬᠠᠨ | ᠠᠮᠢᠳᠤᠷᠠᠯ ᠢᠶᠠᠨ ᠲᠠᠰᠤᠷᠠᠯᠲᠠ ᠦᠭᠡᠶ ᠴᠤᠬᠴᠠᠯᠠᠵᠦ᠂ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠨ | ᠴᠢᠨᠡᠭᠡᠯᠢᠭᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠴᠠᠭ ᠦᠶ᠎ᠡ ᠮᠦᠨ᠂ ᠪᠦᠬᠦ ᠳᠤᠮᠳᠠᠳᠤ ᠶᠢᠨ ᠬᠥᠪᠡᠭᠦᠳ | ᠥᠬᠢᠳ ᠤᠨ ᠬᠦᠴᠦ ᠪᠠᠨ ᠬᠠᠮᠲᠤᠳᠬᠠᠨ ᠰᠡᠳᠭᠢᠯ ᠢᠶᠠᠨ ᠨᠢᠭᠡᠳᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠴᠢᠷᠮᠠᠶᠢᠨ ᠪᠡᠶᠡᠯᠡᠬᠦᠯᠬᠦ ᠴᠠᠭ ᠦᠶ᠎ᠡ ᠮᠦᠨ᠂ | ᠮᠠᠨ ᠤ ᠤᠯᠤᠰ ᠬᠥᠮᠦᠨ ᠲᠥᠷᠥᠯᠬᠢᠲᠡᠨ ᠳᠤ ᠲᠠᠰᠤᠷᠠᠯᠲᠠ ᠦᠭᠡᠢ ᠨᠡᠩ ᠶᠡᠭᠡ ᠬᠤᠪᠢ ᠨᠡᠮᠡᠷᠢ ᠦᠵᠡᠭᠦᠯᠬᠦ ᠴᠠᠭ | ᠦᠶ᠎ᠡ ᠮᠥᠨ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ | ᠴᠠᠭ ᠦᠶ᠎ᠡ ᠪᠣᠯ ᠮᠠᠨ ᠤ ᠤᠯᠤᠰ ᠤᠨ ᠬᠥᠭᠵᠢᠯᠲᠡ ᠶᠢᠨ ᠲᠡᠤᠬᠡᠨ ᠰᠢᠨ᠎ᠡ ᠣᠷᠣᠨ ᠪᠠᠶᠢᠷᠢ ᠮᠥᠨ᠃ ᠰᠢ ᠶᠢᠨ ᠫᠢᠩ | ᠨᠥᠬᠦᠷ ᠢᠶᠠᠷ ᠭᠤᠣᠯ ᠲᠥᠯᠥᠭᠡᠯᠡᠭᠴᠢ ᠪᠠᠨ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠮᠠᠷᠺᠰ ᠤᠨ | ᠦᠵᠡᠯ ᠤᠨ ᠦᠨᠳᠦᠰᠦᠨ ᠤᠬ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠦ᠂ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ | ᠲᠡᠦᠬᠡᠨ ᠲᠤᠷᠰᠢᠯᠭ᠎ᠠ ᠶᠢ ᠭᠦᠨᠵᠡᠭᠡᠶ ᠳ᠋ᠦᠩᠨᠡᠵᠤ ᠭᠦᠢᠴᠡᠳ ᠬᠡᠷᠡᠭᠯᠡᠨ᠂ ᠰᠢᠨ᠎ᠡ ᠪᠣᠳᠠᠲᠤ ᠪᠠᠶᠢᠳᠠᠯ ᠠᠴᠠ ᠡᠭᠦᠰᠴᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠪᠤᠢ ᠪᠤᠯᠭᠠᠭᠠᠳ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠮᠤᠭ ᠤᠨ ᠮᠥᠨ ᠴᠢᠨᠠᠷ ᠤᠨ ᠣᠨᠴᠠᠯᠢᠭ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠦᠨ | ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ | ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠮᠦᠨ᠂ ᠲᠤᠮᠳᠠᠳᠤ ᠤᠯᠤᠰ ᠤᠨ ᠡᠪ ᠬᠠᠮᠳᠤ | ᠨᠠᠮ ᠪᠤᠯ ᠬᠠᠮᠤᠭ ᠤᠨ ᠲᠡᠭᠡᠳᠦ ᠤᠯᠤᠰ ᠲᠦᠷᠦ ᠶᠢᠨ ᠤᠳᠤᠷᠢᠳᠬᠤ ᠬᠦᠴᠦᠨ ᠮᠦᠨ᠂ ᠪᠦᠬᠦ ᠨᠠᠮ ᠢᠶᠠᠷ ᠢᠶᠠᠨ | ᠡᠷᠬᠡᠪᠰᠢ ︽ᠳᠦᠷᠪᠡᠨ ᠤᠬᠠᠮᠰᠠᠷ︾ ᠢᠶᠠᠨ ᠴᠢᠩᠭᠠᠳᠬᠠᠨ᠂ ︽ᠳᠦᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠳᠡᠭ ᠢ ᠲᠤᠳᠤᠷᠬᠠᠶᠢᠯᠠᠪᠠ︔ ᠲᠤᠮᠳᠠᠳᠤ ᠤᠯᠤᠰ ᠤᠨ | ᠤᠨᠴᠠᠯᠢᠬ ᠪᠦᠬᠦᠢ ᠨᠡᠶᠢᠬᠡᠮ ᠵᠢᠷᠦᠮ ᠢ ᠪᠠᠷᠢᠮᠳᠠᠯᠠᠨ ᠬᠦᠭᠵᠢᠬᠦᠯᠬᠦ ᠶᠢᠨ ᠶᠡᠷᠦᠩᠬᠡᠢ ᠡᠬᠦᠷᠬᠡ ᠪᠤᠯ ᠨᠡᠶᠢᠬᠡᠮ ᠵᠢᠷᠦᠮ ᠤᠨ | ᠤᠳᠤᠬᠢᠴᠢᠯᠠᠯᠳᠠ ᠪᠠ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠵᠦ᠂ | ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠬᠡᠭᠰᠡᠨ ᠰᠠᠭᠤᠷᠢᠨ ᠳᠡᠬᠡᠷ᠎ᠡ᠂ ᠬᠤᠶᠠᠷ ᠠᠯᠬᠤᠮ ᠢᠶᠠᠷ | ᠶᠠᠪᠤᠵᠤ ᠳᠤᠰ ᠵᠠᠭᠤᠨ ᠤ ᠳᠤᠮᠳᠠᠴᠢ ᠦᠶ᠎ᠡ ᠪᠤᠯᠬᠤ ᠳᠤ ᠪᠠᠶᠠᠨ ᠬᠦᠴᠦᠷᠬᠡᠭ ᠠᠷᠠᠳᠴᠢᠯᠠᠭᠰᠠᠨ ᠪᠤᠯᠪᠠᠰᠤᠨ ᠡᠶ᠎ᠡ | ᠵᠤᠬᠢᠴᠠᠯ ᠲᠠᠢ ᠦᠵᠡᠰᠭᠦᠯᠡᠩᠳᠦ ᠰᠠᠶᠢᠬᠠᠨ ᠨᠡᠶᠢᠬᠡᠮ ᠵᠢᠷᠤᠮᠳᠤ ᠤᠳᠤᠬᠢᠴᠢᠯᠠᠭᠰᠠᠨ ᠬᠦᠴᠦᠷᠬᠡᠭ ᠤᠯᠤᠰ ᠢ | ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠶᠠᠪᠤᠳᠠᠯ ᠪᠤᠯᠤᠨ᠎ᠠ ᠭᠡᠳᠡᠭ ᠢ ᠲᠤᠳᠤᠷᠬᠠᠶᠢᠯᠠᠪᠠ | ︔ ᠰᠢᠨ᠎ᠠ ᠴᠠᠭ ᠦᠶ᠎ᠠ ᠶᠢᠨ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠪᠤᠯ ᠠᠷᠠᠳ ᠲᠦᠮᠡᠨ ᠤ ᠡᠳᠦᠷ | ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠪᠤᠯᠤᠨ ᠲᠡᠩᠴᠡᠬᠦᠷᠢ ᠦᠬᠡᠢ ᠬᠦᠢᠴᠡᠳ | ᠦᠬᠡᠢ ᠬᠦᠭᠵᠢᠯᠳᠠ ᠶᠢᠨ ᠬᠤᠭᠤᠷᠤᠨᠳᠤᠬᠢ ᠵᠦᠷᠢᠴᠡᠯ ᠮᠦᠨ᠂ ᠡᠷᠬᠡᠪᠰᠢ ᠠᠷᠠᠳ ᠲᠦᠮᠠᠨ ᠢᠶᠠᠷ ᠭᠤᠤᠯ ᠪᠤᠯᠭᠠᠬᠤ | ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠤ ᠬᠠᠮᠲᠤ ᠶᠢᠨ | ᠴᠢᠨᠡᠭᠡᠯᠢᠭᠵᠢᠯ ᠤᠨ ᠨᠡᠩ ᠢᠯᠡᠷᠬᠡᠶ ᠮᠥᠨ ᠴᠢᠨᠠᠷ ᠤᠨ ᠠᠬᠢᠯᠳᠡ ᠲᠠᠢ ᠪᠣᠯᠬᠤ ᠶᠢ ᠠᠬᠢᠭᠤᠯᠬᠤ ᠬᠡᠷᠡᠭᠳᠡᠢ ᠭᠡᠳᠡᠭ ᠢ | ᠲᠤᠳᠤᠷᠬᠠᠶᠢᠯᠠᠪᠠ︔ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠶᠡᠷᠦᠩᠬᠡᠶ | ᠪᠠᠶᠢᠷᠢᠯᠠᠭᠤᠯᠤᠯᠲᠠ ᠪᠣᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ | ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ | ᠵᠡᠷᠬᠡ ᠲᠠᠪᠤ ᠶᠢ ᠨᠢᠭᠡ ᠴᠣᠭᠴᠠᠵᠢᠭᠤᠯᠬᠤ ᠶᠠᠪᠤᠳᠠᠯ ᠮᠦᠨ᠂ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠣᠯ | ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠲᠦᠷᠪᠡᠨ ᠪᠦᠬᠦ ᠲᠠᠯ᠎ᠠ ᠮᠦᠨ ᠭᠡᠳᠡᠭ ᠢ ᠲᠤᠳᠤᠷᠬᠠᠶᠢᠯᠠᠪᠠ︔ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮᠳᠦ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠮᠦᠨ ᠭᠡᠳᠡᠭ ᠢ ᠲᠣᠳᠣᠷᠬᠠᠶᠢᠯᠠᠪᠠ︔ ᠬᠠᠤᠯᠢ | ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠶᠡᠷᠦᠩᠬᠡᠶ ᠬᠠᠷᠠᠯᠲᠠ ᠪᠣᠯ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠵᠦ᠂ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠶᠠᠪᠤᠳᠠᠯ ᠮᠦᠨ ᠭᠡᠳᠡᠭ ᠢ ᠲᠣᠳᠣᠷᠬᠠᠶᠢᠯᠠᠪᠠ︔ | ᠡᠷᠬᠡᠪᠰᠢ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠤ᠂ | ᠵᠠᠬ᠎ᠠ ᠳᠡᠯᠭᠡᠭᠦᠷ ᠢ ᠡᠬᠢ ᠪᠠᠶᠠᠯᠢᠭ ᠤᠨ ᠲᠣᠬᠢᠷᠠᠭᠤᠯᠤᠯᠲᠠ ᠳᠤ ᠰᠢᠢᠳᠪᠦᠷᠢᠯᠡᠭᠴᠢ ᠴᠢᠨᠡᠷᠲᠡᠢ ᠦᠢᠯᠡᠳᠦᠯ | ᠭᠠᠷᠭᠠᠭᠤᠯᠵᠤ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠨ ᠪᠠᠳᠠᠷᠠᠭᠤᠯᠤᠨ᠂ ᠰᠢᠨ᠎ᠡ ᠬᠥᠭᠵᠢᠯᠲᠡ ᠶᠢᠨ | ᠱᠠᠲᠤ ᠶᠢ ᠡᠵᠡᠮᠳᠡᠵᠦ᠂ ᠰᠢᠨ᠎ᠡ ᠶᠢ ᠡᠭᠦᠳᠬᠦ᠂ ᠵᠣᠬᠢᠴᠠᠩᠭᠤᠶ᠂ ᠨᠤᠭᠤᠭᠠᠨ᠂ ᠨᠡᠭᠡᠭᠡᠯᠲᠡᠲᠠᠢ᠂ ᠬᠠᠮᠲᠤ ᠪᠠᠷ ᠡᠳ᠋ᠯᠡᠬᠦ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ | ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠬᠦ ᠬᠡᠷᠡᠭᠳᠡᠢ ᠭᠡᠳᠡᠭ ᠢ | ᠲᠤᠳᠤᠷᠬᠠᠶᠢᠯᠠᠪᠠ︔ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠪᠣᠯ ᠨᠠᠮ ᠤᠨ | ᠵᠢᠯᠤᠭᠤᠳᠤᠯᠭ᠎ᠠ ᠶᠢ ᠲᠠᠭᠠᠬᠤ᠂ ᠢᠯᠠᠭᠤᠭᠰᠠᠨ ᠳᠠᠶᠢᠨ ᠬᠢᠵᠦ ᠴᠢᠳᠠᠬᠤ᠂ ᠬᠡᠪ ᠰᠤᠷᠲᠠᠯ ᠰᠢᠯᠢᠳᠡᠭ ᠰᠠᠶᠢᠨ | ᠠᠷᠠᠳ ᠤᠨ ᠴᠡᠷᠢᠭ ᠠᠩᠬᠢ ᠶᠢ ᠪᠠᠶᠢᠭᠤᠯᠵᠦ᠂ ᠠᠷᠠᠳ ᠤᠨ ᠴᠡᠷᠢᠭ ᠠᠩᠬᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ | ᠴᠡᠷᠢᠭ ᠠᠩᠬᠢ ᠪᠣᠯᠭᠠᠨ ᠪᠦᠳᠦᠬᠡᠨ ᠪᠠᠶᠢᠭᠤᠯᠬᠤ ᠶᠠᠪᠤᠳᠠᠯ ᠮᠦᠨ ᠭᠡᠳᠡᠭ ᠢ ᠲᠤᠳᠤᠷᠬᠠᠶᠢᠯᠠᠪᠠ︔ ᠳᠤᠮᠳᠠᠳᠤ | ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠨᠢ ᠦᠨᠳᠦᠰᠦᠲᠡᠨ ᠤ ᠰᠡᠷᠭᠦᠨ | ᠮᠠᠨᠳᠤᠯᠲᠠ ᠳᠤ ᠦᠢᠯᠡᠴᠢᠯᠡᠵᠦ᠂ ᠬᠥᠮᠦᠨ ᠲᠥᠷᠥᠯᠬᠢᠲᠡᠨ ᠤ ᠳᠠᠪᠰᠢᠯᠲᠠ ᠶᠢ ᠠᠬᠢᠭᠤᠯᠤᠨ᠂ ᠰᠢᠨ᠎ᠡ ᠬᠡᠯᠪᠡᠷᠢ ᠶᠢᠨ | ᠤᠯᠠᠨ ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠡᠢ ᠭᠡᠳᠡᠭ ᠢ ᠲᠤᠳᠤᠷᠬᠠᠶᠢᠯᠠᠪᠠ︔ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠣᠳᠣᠷᠬᠠᠶᠢᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠴᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ | ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ | ᠳᠦᠷᠢᠮ ᠤᠨ ᠪᠠᠶᠢᠭᠤᠯᠤᠯᠲᠠ ᠶᠢ ᠲᠡᠭᠦᠨ ᠳᠤ ᠲᠤᠭᠤᠰᠢᠯᠠᠭᠤᠯᠤᠨ᠂ ᠢᠯᠵᠢᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ | ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠠᠭᠤᠤ ᠶᠡᠭᠡ ᠦᠪᠡᠷ ᠪᠢ ᠶᠢᠨ ᠬᠤᠪᠢᠰᠬᠠᠯ ᠢᠶᠠᠷ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ | ᠳᠠᠭᠠᠭᠤᠯᠤᠨ᠎ᠠ᠃ ᠡᠳᠡᠭᠡᠷ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠠ ᠰᠢᠨ᠎ᠡ ᠡᠭᠦᠳᠦᠯᠲᠡ ᠶᠢᠨ | ᠣᠶᠢᠯᠠᠭᠠᠭᠳᠠᠬᠤᠨ ᠪᠣᠯ ᠨᠠᠮ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠶᠢᠨ ᠭᠦᠨᠵᠡᠭᠡᠶᠢᠷᠡᠯ ᠪᠠ ᠤᠨᠤᠯ ᠤᠨ ᠰᠢᠨ᠎ᠡ | ᠡᠭᠦᠳᠦᠯᠲᠡ ᠶᠢᠨ ᠴᠢᠬᠤᠯᠠ ᠶᠡᠭᠡ ᠦᠷ᠎ᠡ ᠪᠦᠲᠦᠭᠡᠯ ᠮᠥᠨ᠃ ᠰᠢ ᠶᠢᠨ ᠫᠢᠩ ᠨᠥᠬᠦᠷ ᠰᠢᠨ᠎ᠡ ᠴᠠᠭ ᠦᠶ᠎ᠡ ᠶᠢᠨ ᠨᠠᠮ | ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠨᠤᠯ ᠤᠨ ᠪᠠ | ᠦᠢᠯᠡᠳᠦᠯᠭᠡ ᠶᠢᠨ ᠠᠰᠠᠭᠤᠳᠠᠯ ᠢ ᠬᠥᠨ ᠭᠦᠨᠵᠡᠭᠡᠢ ᠪᠣᠳᠣᠯᠬᠢᠯᠠᠬᠰᠠᠨ ᠪᠠ ᠲᠡᠬᠦᠨ ᠳᠤ ᠰᠢᠨᠵᠢᠯᠡᠬᠦ ᠤᠬᠠᠭᠠᠨᠴᠢ | ᠮᠠᠭᠠᠳᠯᠠᠯᠲᠠ ᠬᠢᠵᠦ᠂ ᠰᠢᠨ᠎ᠠ ᠴᠠᠭ ᠦᠶ᠎ᠠ ᠳᠤ ᠶᠡᠮᠡᠷ ᠶᠡᠩᠵᠤ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠢ | ᠭᠡᠷᠬᠢᠨ ᠪᠠᠷᠢᠮᠳᠠᠯᠠᠨ ᠬᠦᠭᠵᠢᠬᠦᠯᠬᠦ᠂ ᠶᠠᠮᠠᠷ ᠶᠠᠩᠵᠤ ᠶᠢᠨ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠬᠡᠷᠬᠢᠨ | ᠪᠦᠲᠦᠭᠡᠨ ᠪᠠᠶᠢᠭᠤᠯᠬᠤ᠂ ᠶᠠᠮᠠᠷ ᠶᠠᠩᠵᠤ ᠶᠢᠨ ᠤᠷᠲᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ | ᠲᠦᠷᠦ ᠶᠢᠨ ᠨᠠᠮ ᠢ ᠪᠠᠶᠢᠭᠤᠯᠬᠤ᠂ ᠤᠷᠲᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ | ᠨᠠᠮ ᠢ ᠬᠡᠷᠬᠢᠨ ᠪᠠᠶᠢᠭᠤᠯᠬᠤ ᠵᠡᠷᠭᠡ ᠴᠢᠬᠤᠯᠠ ᠶᠡᠭᠡ ᠴᠠᠭ ᠦᠶ᠎ᠡ ᠶᠢᠨ ᠰᠡᠳᠦᠪ ᠤᠳ ᠤᠨ ᠲᠤᠬᠠᠢ ᠠᠯᠢ ᠤᠯᠠᠨ | ᠤᠤᠭᠠᠯ ᠡᠬᠦᠳᠤᠯᠳᠠ ᠶᠢᠨ ᠴᠢᠨᠠᠷᠲᠠᠶ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠶᠢᠯᠠᠭᠠᠭᠳᠠᠬᠤᠨ ᠰᠢᠨ᠎ᠡ | ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠳᠤᠷᠠᠳᠤᠨ ᠭᠠᠷᠭᠠᠪᠠ᠂ ᠲᠡᠷᠡ ᠪᠤᠯ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ | ᠡᠭᠦᠳᠦᠭᠴᠢ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ | ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠮᠦᠨ᠂ ᠳᠤᠮᠳᠠᠳᠤ ᠶᠢᠨ ᠰᠣᠶᠣᠯ ᠪᠠ ᠳᠤᠮᠳᠠᠳᠤ ᠤᠯᠤᠰ ᠤᠨ | ᠵᠣᠷᠢᠭ ᠰᠠᠨᠠᠭᠠᠨ ᠤ ᠴᠠᠭ ᠦᠶ᠎ᠡ ᠶᠢᠨ ᠤᠬᠢ ᠰᠣᠳᠣ ᠮᠥᠨ᠂ ᠲᠡᠷᠡ ᠨᠢ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠭᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ ᠨᠠᠮ ᠠᠴᠠ ᠰᠢ ᠶᠢᠨ ᠫᠢᠩ ᠨᠥᠬᠦᠷ ᠤᠨ ᠨᠠᠮ ᠤᠨ | ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠤᠯᠬᠤ ᠪᠠᠶᠢᠷᠢ ᠰᠠᠭᠤᠷᠢ ᠶᠢ ᠲᠣᠭᠲᠠᠭᠠᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢᠨ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠭᠰᠠᠨ ᠨᠢ ᠪᠦᠬᠦ ᠨᠠᠮ ᠪᠦᠬᠦ ᠴᠡᠷᠢᠭ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠲᠤᠰᠬᠠᠬᠰᠠᠨ | ᠪᠠᠶᠢᠨ᠎ᠠ᠂ ᠡᠨᠡ ᠨᠢ ᠰᠢᠨ᠎ᠡ ᠴᠠᠭ ᠦᠶ᠎ᠡ ᠶᠢᠨ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠶᠢ ᠠᠬᠢᠭᠤᠯᠬᠤ ᠳᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠪᠠ ᠤᠯᠤᠰ ᠤᠨ ᠠᠵᠢᠯ ᠦᠢᠯᠡᠰ ᠴᠢᠬᠤᠯᠠ ᠶᠡᠭᠡ | ᠠᠮᠵᠢᠯᠲᠠ ᠪᠦᠳᠦᠮᠵᠢ ᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠢᠯᠡᠰ ᠢ ᠬᠥᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠠᠰᠢᠭᠲᠠᠢ ᠨᠥᠬᠦᠴᠡᠯ ᠢ ᠡᠭᠦᠳᠴᠡᠢ | ᠃ ᠡᠭᠦᠨ ᠤ ᠬᠠᠮᠳᠤ᠂ ᠭᠠᠳᠠᠭᠠᠳᠤ ᠣᠷᠴᠢᠨ ᠨᠦᠬᠦᠴᠡᠯ ᠤᠨ ᠬᠤᠪᠢᠷᠠᠯᠲᠠ ᠮᠠᠰᠢ ᠤᠯᠠᠨ ᠰᠢᠨ᠎ᠡ ᠲᠦᠭᠰᠢᠭᠦᠷᠢ ᠪᠠ | ᠰᠢᠯᠭᠠᠯᠳᠠ ᠶᠢ ᠪᠤᠢ ᠪᠣᠯᠭᠠᠵᠤ᠂ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ | ᠪᠠᠶᠢᠳᠠᠯ ᠳᠤ ᠤᠷᠳᠤ ᠬᠤᠭᠤᠴᠠᠭ᠎ᠠ ᠪᠠᠷ ᠰᠢᠢᠳᠪᠦᠷᠢᠯᠡᠭᠡᠳᠦᠶ ᠴᠦᠬᠡᠨ ᠪᠤᠰᠤ ᠭᠦᠨ ᠳᠠᠪᠬᠤᠷᠭ᠎ᠠ ᠶᠢᠨ ᠵᠥᠷᠢᠴᠡᠯ ᠪᠠ | ᠠᠰᠠᠭᠤᠳᠠᠯ ᠵᠢᠴᠢ ᠰᠢᠨ᠎ᠡ ᠪᠠᠷ ᠢᠯᠡᠷᠡᠭᠰᠡᠨ ᠵᠠᠷᠢᠮ ᠵᠥᠷᠢᠴᠡᠯ ᠪᠠ ᠠᠰᠠᠭᠤᠳᠠᠯ ᠲᠤᠯᠭᠠᠷᠠᠵᠤ ᠪᠠᠶᠢᠭ᠎ᠠ ᠪᠠ ᠨᠠᠮ ᠢ | ᠬᠠᠮᠢᠶᠠᠷᠴᠤ ᠨᠠᠮ ᠢ ᠵᠠᠰᠠᠬᠤ ᠳᠤ ᠨᠢᠭᠡ ᠦᠶ᠎ᠡ ᠠᠭᠤᠵᠢᠭᠤ ᠰᠤᠯᠠ ᠵᠥᠭᠡᠯᠡᠨ ᠪᠠᠶᠢᠬᠰᠠᠨ ᠠᠴᠠ ᠪᠤᠯᠵᠦ ᠨᠠᠮ ᠤᠨ | ᠳᠣᠲᠣᠭᠠᠳᠤ ᠶᠢᠨ ᠨᠠᠵᠠᠭᠠᠶ ᠢᠯᠵᠢᠷᠠᠮᠠᠯ ᠦᠵᠡᠭᠳᠡᠯ ᠦᠷᠭᠡᠵᠢᠨ ᠳᠡᠯᠭᠡᠷᠡᠵᠦ᠂ ᠤᠯᠤᠰ ᠲᠥᠷᠥ ᠶᠢᠨ ᠠᠮᠢ ᠠᠬᠤᠶ ᠳᠤ | ᠬᠦᠨᠳᠦ ᠨᠣᠴᠢᠲᠠᠶ ᠠᠰᠠᠭᠤᠳᠠᠯ ᠢᠯᠡᠷᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠣᠯᠠᠨ ᠲᠦᠮᠡᠨ ᠤ | ᠬᠠᠷᠢᠴᠠᠭ᠎ᠠ ᠬᠤᠬᠢᠷᠠᠯ ᠳᠤ ᠤᠴᠠᠷᠠᠵᠤ᠂ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ | ᠬᠦᠴᠦᠨ ᠰᠤᠯᠠᠷᠠᠵᠤ᠂ ᠨᠠᠮ ᠠᠴᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠳᠤ ᠬᠦᠨᠳᠦ ᠶᠡᠭᠡ ᠰᠢᠯᠭᠠᠯᠲᠠ | ᠲᠤᠯᠭᠠᠷᠠᠵᠦ ᠪᠠᠶᠢᠭ᠎ᠠ ᠶᠢ ᠨᠠᠮ ᠰᠡᠷᠭᠡᠭ ᠢᠶᠠᠷ ᠲᠠᠨᠢᠵᠦ ᠤᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠬᠰᠠᠨ | ᠨᠠᠮ ᠤᠨ ᠲᠥᠪ ᠬᠤᠷᠢᠶ᠎ᠠ᠂ ᠠᠭᠤᠤ ᠶᠡᠭᠡ ᠲᠡᠤᠬᠡᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠠᠤᠭ᠎ᠠ ᠶᠡᠭᠡ ᠤᠯᠤᠰ | ᠲᠥᠷᠥ ᠶᠢᠨ ᠰᠥᠰᠥ ᠵᠣᠷᠢᠭ᠂ ᠡᠷᠡᠰ ᠴᠢᠩᠭ᠎ᠠ ᠡᠬᠦᠷᠭᠡ ᠬᠠᠷᠢᠭᠤᠴᠠᠯᠭᠠᠳᠤ ᠰᠡᠳᠭᠢᠯᠭᠡ ᠪᠠᠷ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠯᠡᠵᠦ᠂ ᠨᠠᠮ ᠤᠨ ᠦᠨᠳᠦᠰᠦᠨ ᠣᠨᠣᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ᠂ ᠠᠭᠤᠤ ᠶᠡᠭᠡ ᠲᠡᠮᠡᠴᠡᠯ᠂ ᠠᠭᠤᠤ | ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠡᠷᠡᠮᠡᠯᠵᠡᠯ ᠢ ᠶᠡᠷᠦᠩᠬᠡᠶᠢᠯᠡᠨ ᠵᠢᠯᠣᠭᠤᠳᠴᠤ᠂ | ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ | ᠠᠯᠢ ᠣᠯᠠᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠯᠢ ᠣᠯᠠᠨ ᠴᠢᠬᠤᠯᠠ ᠶᠡᠭᠡ | ᠠᠷᠭ᠎ᠠ ᠬᠡᠮᠵᠢᠶ᠎ᠡ ᠶᠢ ᠨᠡᠶᠢᠳᠡᠯᠡᠨ᠂ ᠠᠯᠢ ᠣᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠠᠯᠢ ᠣᠯᠠᠨ ᠬᠦᠨᠳᠦ ᠶᠡᠭᠡ | ᠲᠦᠭᠰᠢᠭᠦᠷᠢ ᠪᠠ ᠰᠢᠯᠭᠠᠯᠳᠠ ᠶᠢ ᠢᠯᠠᠨ ᠲᠠᠪᠠᠵᠤ᠂ ᠤᠷᠲᠤ ᠬᠤᠭᠤᠴᠠᠭᠠᠨ ᠤ ᠲᠤᠷᠰᠢ ᠰᠢᠢᠳᠪᠦᠷᠢᠯᠡᠬᠦ ᠭᠡᠰᠡᠨ | ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠪᠡᠷᠬᠡ ᠰᠡᠳᠦᠪ ᠢ ᠰᠢᠢᠳᠪᠦᠷᠢᠯᠡᠵᠦ᠂ ᠦᠩᠭᠡᠷᠡᠭᠰᠡᠨ ᠳᠤ ᠬᠢᠬᠦ | ᠭᠡᠰᠡᠨ ᠪᠤᠯᠪᠠᠴᠤ ᠬᠢᠵᠦ ᠴᠢᠳᠠᠭᠰᠠᠨ ᠦᠭᠡᠢ ᠮᠠᠰᠢ ᠤᠯᠠᠨ ᠶᠡᠭᠡ ᠶᠠᠪᠤᠳᠠᠯ ᠢ ᠪᠦᠳᠦᠬᠡᠬᠡᠳ᠂ ᠨᠠᠮ ᠪᠠ ᠤᠯᠤᠰ ᠤᠨ | ᠠᠵᠢᠯ ᠦᠢᠯᠡᠰ ᠤᠨ ᠲᠡᠤᠬᠡᠲᠦ ᠴᠢᠨᠠᠷᠲᠠᠶ ᠠᠮᠵᠢᠯᠲᠠ ᠪᠦᠳᠦᠮᠵᠢ ᠣᠯᠬᠤ᠂ ᠲᠡᠤᠬᠡᠲᠦ ᠴᠢᠨᠠᠷᠲᠠᠶ ᠬᠤᠪᠢᠰᠤᠯᠲᠠ | ᠭᠠᠷᠬᠤ ᠶᠢ ᠠᠬᠢᠭᠤᠯᠪᠠ᠃ | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ ᠥᠭᠡᠷᠡᠴᠢᠯᠡᠯᠲᠡ | ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠶᠢᠨ | ᠲᠥᠯᠥᠭᠡ ᠦᠷᠭᠦᠯᠵᠢᠯᠡᠨ ᠴᠢᠷᠮᠠᠶᠢᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠤᠯᠤᠰ | ᠲᠦᠷᠦ ᠶᠢᠨ ᠦᠨᠳᠦᠰᠦᠨ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂ ᠨᠠᠮ ᠤᠨ ᠳᠣᠲᠣᠭᠠᠳᠤ ᠳᠤ ᠪᠠᠰᠠ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠲᠤᠬᠠᠶ ᠲᠠᠨᠢᠯᠲᠠ ᠪᠠᠯᠠᠷᠬᠠᠶ᠂ ᠠᠵᠢᠯᠯᠠᠭ᠎ᠠ ᠲᠤᠷᠪᠢ ᠦᠭᠡᠢ ᠪᠠᠶᠢᠬᠤ ᠠᠰᠠᠭᠤᠳᠠᠯ | ᠴᠥᠭᠡᠨ ᠪᠤᠰᠤ ᠣᠷᠣᠰᠢᠵᠤ᠂ ᠨᠠᠮ ᠤᠨ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠳᠠᠭᠠᠨ ᠰᠤᠯᠠᠷᠠᠭᠤᠯᠬᠤ᠂ | ᠬᠡᠶᠢᠰᠪᠦᠷᠢᠵᠢᠬᠦᠯᠬᠦ᠂ ᠶᠡᠷᠦᠮᠳᠡᠭᠵᠢᠬᠦᠯᠬᠦ᠂ ᠵᠠᠬ᠎ᠠ ᠬᠦᠪᠡᠭᠡᠳᠡᠬᠦᠯᠬᠦ ᠠᠰᠠᠭᠤᠳᠠᠯ ᠴᠥᠭᠡᠨ ᠪᠤᠰᠤ ᠣᠷᠣᠰᠢᠵᠤ ᠪᠠᠶᠢᠨ᠎ᠠ᠂ | ᠢᠯᠠᠩᠭᠤᠶ᠎ᠠ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠰᠠᠶᠢᠳᠤᠷ ᠬᠡᠷᠡᠭᠵᠢᠭᠦᠯᠬᠦ ᠦᠭᠡᠢ᠂ ᠵᠠᠷᠢᠮ ᠨᠢ ᠲᠡᠭᠡᠷ᠎ᠡ ᠱᠠᠳᠣᠨ ᠠᠴᠠ ᠲᠥᠷᠥ ᠶᠢᠨ ᠪᠣᠳᠣᠯᠭ᠎ᠠ ᠲᠣᠭᠳᠠᠭᠠᠬᠤ ᠳᠤ | ᠲᠣᠣᠷ᠎ᠠ ᠱᠠᠳᠣ ᠨᠢ ᠠᠷᠭᠠᠴᠠᠬᠤ ᠠᠷᠭ᠎ᠠ ᠭᠠᠷᠭᠠᠵᠦ᠂ ᠴᠢᠨᠠᠭᠰᠢᠯᠠᠪᠠᠯ ᠠᠮᠠᠨ ᠲᠡᠭᠡᠷ᠎ᠡ ᠪᠠᠨ ᠲᠠᠭᠠᠭᠠᠳ ᠠᠵᠢᠯᠯᠠᠭ᠎ᠠ | ᠲᠡᠭᠡᠷ᠎ᠡ ᠪᠠᠨ ᠵᠦᠷᠢᠴᠡᠵᠦ᠂ ᠳᠤᠷ᠎ᠠ ᠪᠠᠷ ᠢᠶᠠᠨ ᠦᠢᠯᠡᠳᠴᠦ ᠪᠠᠶᠢᠨ᠎ᠠ᠃ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠬᠰᠠᠨ ᠨᠠᠮ ᠤᠨ ᠲᠥᠪ ᠬᠤᠷᠢᠶ᠎ᠠ ᠲᠤᠭ ᠲᠡᠮᠳᠡᠭ ᠲᠣᠳᠣᠷᠬᠠᠢ ᠪᠠᠷ ᠳᠤᠷᠠᠳᠤᠨ ᠭᠠᠷᠭᠠᠭᠰᠠᠨ ᠨᠢ᠂ | ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ ᠤ ᠦᠨᠳᠦᠰᠦ᠂ ᠠᠮᠢᠨ ᠰᠤᠳᠠᠰᠤ ᠮᠥᠨ᠂ ᠲᠡᠷᠡ ᠨᠢ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ᠂ ᠬᠤᠪᠢ ᠵᠠᠶᠠᠭ᠎ᠠ ᠲᠠᠢ ᠬᠤᠯᠪᠣᠭᠳᠠᠵᠤ | ᠪᠠᠶᠢᠭ᠎ᠠ ᠶᠤᠮ᠂ ᠪᠦᠬᠦ ᠨᠠᠮ ᠢᠶᠠᠷ ᠢᠶᠠᠨ ᠡᠷᠬᠡᠪᠰᠢ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠥᠷᠥ ᠦᠢᠯᠡ | ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠰᠢᠨᠵᠢᠯᠡᠬᠦ | ᠤᠬᠠᠭᠠᠨᠴᠢ ᠪᠠᠷ ᠲᠥᠷᠥ ᠪᠠᠷᠢᠬᠤ᠂ ᠠᠷᠠᠳᠴᠢᠯᠠᠯ ᠢᠶᠠᠷ ᠲᠥᠷᠥ ᠪᠠᠷᠢᠬᠤ᠂ ᠬᠠᠤᠯᠢ ᠶᠣᠰᠣᠭᠠᠷ ᠲᠥᠷᠥ ᠪᠠᠷᠢᠬᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠵᠦ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠪᠣᠳᠣᠯᠬᠢᠯᠠᠬᠤ᠂ ᠲᠥᠷᠥ ᠶᠢᠨ ᠪᠣᠳᠣᠯᠭ᠎ᠠ | ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠴᠢᠳᠠᠪᠤᠷᠢ ᠪᠠᠨ ᠳᠡᠭᠡᠭᠰᠢᠯᠡᠭᠦᠯᠤᠨ᠂ ᠨᠠᠮ ᠤᠨ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠤᠯᠯᠠᠬᠴᠢ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠮ ᠠᠴᠠ ᠳᠤᠳᠤᠷᠬᠠᠢ ᠳᠤᠷᠠᠳᠤᠨ | ᠭᠠᠷᠭᠠᠭᠰᠠᠨ ᠨᠢ᠂ ᠨᠠᠮ ᠤᠨ ᠤᠳᠤᠷᠢᠳᠤᠯᠭ᠎ᠠ ᠪᠣᠯ ᠪᠦᠬᠦ ᠲᠠᠯ᠎ᠠ ᠶᠢᠨ᠂ ᠰᠢᠰᠲ᠋ᠧᠮ ᠲᠠᠢ᠂ ᠪᠦᠬᠦᠯᠢ ᠴᠣᠭᠴᠠ ᠶᠢᠨ | ᠶᠤᠮ᠂ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠪᠣᠯ ᠨᠠᠮ ᠤᠨ ᠠᠮᠢ ᠨᠠᠰᠤ ᠮᠥᠨ︔ ᠨᠠᠮ ᠤᠨ ᠲᠥᠪ | ᠬᠤᠷᠢᠶᠠᠨ ᠤ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠪᠣᠯ ᠨᠠᠮ ᠤᠨ ᠤᠳᠤᠷᠢᠳᠤᠯᠭ᠎ᠠ ᠶᠢᠨ ᠬᠠᠮᠤᠭ ᠤᠨ ᠳᠡᠭᠡᠳᠦ | ᠵᠠᠷᠴᠢᠮ ᠮᠥᠨ᠂ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ | ᠬᠠᠮᠠᠭᠠᠯᠠᠬᠤ ᠪᠣᠯ ᠪᠦᠬᠦ ᠨᠠᠮ ᠤᠨ ᠬᠠᠮᠲᠤ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠳᠤ ᠡᠩ ᠲᠡᠷᠢᠭᠦᠨ ᠳᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠵᠦ᠂ ᠪᠦᠬᠦ ᠨᠠᠮ ᠢᠶᠠᠷ ᠢᠶᠠᠨ ᠲᠥᠪ ᠬᠤᠷᠢᠶ᠎ᠠ ᠶᠢ ᠲᠠᠭᠠᠬᠤ ᠶᠢ ᠪᠠᠲᠤᠯᠠᠬᠤ ᠬᠡᠷᠡᠭᠲᠡᠶ᠃ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠰᠢᠨ᠎ᠡ ᠪᠠᠶᠢᠳᠠᠯ | ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠶ ᠪᠠᠷᠢᠮᠵᠢᠶ᠎ᠠ ᠨᠤᠭᠤᠳ ᠢ | ᠪᠠᠲᠤᠯᠠᠵᠤ᠂ ᠨᠠᠮ ᠤᠨ ᠲᠥᠪ ᠬᠤᠷᠢᠶ᠎ᠠ ᠠᠴᠠ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠶ | ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ | ᠲᠣᠭᠲᠠᠭᠠᠯ ᠤᠳ ᠢ ᠨᠡᠶᠢᠲᠡᠯᠡᠨ ᠬᠡᠷᠡᠭᠵᠢᠭᠦᠯᠵᠦ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ | ᠲᠦᠷᠦ ᠶᠢᠨ ᠶᠣᠰᠣ ᠲᠦᠷᠢᠮ ᠢ ᠴᠢᠩᠳᠠᠯᠠᠵᠤ᠂ ᠬᠤᠪᠢᠨᠴᠢᠷ ᠦᠵᠡᠯ᠂ ᠲᠠᠷᠠᠬᠠᠶ ᠦᠵᠡᠯ᠂ ᠳᠤᠷ᠎ᠠ ᠵᠣᠷᠢᠭ ᠤᠨ ᠦᠵᠡᠯ᠂ | ᠥᠪᠡᠷᠮᠡᠲᠡᠭᠡᠶ ᠦᠵᠡᠯ᠂ ᠰᠠᠶᠢᠮᠰᠤᠷᠠᠬᠤ ᠦᠵᠡᠯ ᠵᠡᠷᠭᠡ ᠶᠢ ᠰᠡᠷᠭᠡᠶᠢᠯᠡᠨ ᠡᠰᠡᠷᠭᠦᠴᠡᠵᠦ᠂ ᠢᠳᠡᠪᠬᠢᠲᠡᠶ ᠪᠥᠭᠡᠳ | ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠰᠣᠶᠣᠯ ᠢ ᠬᠥᠭᠵᠢᠭᠦᠯᠵᠦ᠂ ᠴᠡᠪᠡᠷ ᠠᠷᠢᠭᠤᠨ ᠲᠦᠪ | ᠴᠢᠭᠡᠴᠢ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠶ ᠶᠢ ᠪᠤᠢ ᠪᠣᠯᠭᠠᠬᠤ ᠶᠢ ᠠᠬᠢᠭᠤᠯᠪᠠ᠃ ᠨᠠᠮ ᠤᠨ ᠲᠥᠪ | ᠬᠤᠷᠢᠶ᠎ᠠ ᠠᠴᠠ ᠨᠠᠮ ᠤᠨ ᠤᠳᠤᠷᠢᠳᠬᠤ ᠺᠠᠳ᠋ᠷᠴᠤᠳ ᠢ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠤ᠂ | ᠭᠡᠬᠦᠳᠡᠭ ᠴᠡᠭᠡᠵᠢᠨ ᠳᠡᠭᠡᠨ ︽ᠤᠯᠤᠰ ᠭᠦᠷᠦᠨ ᠤ ᠶᠡᠭᠡ ᠶᠠᠪᠤᠳᠠᠯ︾ ᠢ ᠪᠤᠳᠤᠯᠬᠢᠯᠠᠨ᠂ ᠨᠠᠮ ᠳᠠᠭᠠᠨ ᠦᠨᠡᠨᠴᠢ | ᠰᠢᠳᠤᠷᠭᠤ ᠪᠠᠶᠢᠵᠤ᠂ ᠨᠠᠮ ᠤᠨ ᠵᠢᠯᠣᠭᠤᠳᠣᠯᠭ᠎ᠠ ᠶᠢ ᠳᠠᠭᠠᠵᠤ᠂ ᠨᠠᠮ ᠤᠨ ᠢᠶᠠᠨ ᠲᠦᠯᠦᠭᠡ ᠬᠠᠷᠢᠭᠤᠴᠠᠯᠭ᠎ᠠ | ᠭᠦᠢᠴᠡᠳᠭᠡᠬᠦ ᠬᠡᠷᠡᠭᠳᠡᠢ ᠭᠡᠵᠦ ᠱᠠᠭᠠᠷᠳᠠᠪᠠ᠃ ᠨᠠᠮ ᠠᠴᠠ ᠨᠠᠮ ᠤᠨ ᠤᠳᠤᠷᠢᠳᠬᠤ ᠪᠠᠶᠢᠭᠤᠯᠤᠯ ᠤᠨ ᠰᠢᠰᠲ᠋ᠧᠮ ᠢ | ᠪᠦᠷᠢᠨᠰᠢᠬᠦᠯᠵᠦ᠂ ᠨᠠᠮ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠦᠪᠯᠡᠯᠭᠡᠨ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠪᠠᠶᠢᠴᠠᠭᠠᠬᠤ | ᠪᠠᠶᠢᠭᠤᠯᠭ᠎ᠠ᠂ ᠵᠡᠪᠰᠡᠭᠲᠦ ᠬᠦᠴᠦᠨ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ | ᠦᠨᠳᠦᠰᠦᠨ ᠱᠠᠲᠤᠨ ᠤ ᠤᠯᠠᠨ ᠲᠦᠮᠡᠨᠴᠢ ᠴᠢᠨᠠᠷᠳᠠᠢ ᠥᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ᠂ | ᠨᠡᠶᠢᠭᠡᠮ ᠤᠨ ᠵᠤᠬᠢᠶᠠᠨ ᠪᠠᠶᠢᠭᠤᠯᠤᠯᠲᠠ ᠵᠡᠷᠭᠡ ᠶᠢ ᠤᠳᠤᠷᠢᠳᠬᠤ ᠪᠠᠶᠢᠭᠤᠯᠤᠯ ᠢ ᠲᠡᠭᠦᠯᠳᠡᠷᠵᠢᠭᠦᠯᠵᠦ᠂ ᠨᠠᠮ ᠠᠴᠠ | ᠡᠯ᠎ᠡ ᠵᠦᠢᠯ ᠤᠨ ᠵᠤᠬᠢᠶᠠᠨ ᠪᠠᠶᠢᠭᠤᠯᠤᠯᠲᠠ ᠶᠢᠨ ᠳᠤᠮᠳᠠ ᠤᠳᠤᠷᠢᠳᠬᠤ ᠦᠢᠯᠡᠳᠦᠯ ᠪᠠᠳᠠᠷᠠᠭᠤᠯᠬᠤ ᠶᠢ ᠦᠨᠡᠨ ᠬᠦ | ᠪᠠᠲᠤᠯᠠᠪᠠ᠃ ᠨᠠᠮ ᠠᠴᠠ ᠠᠷᠠᠳᠴᠢᠯᠠᠯ ᠲᠦᠪᠯᠡᠷᠡᠯ ᠤᠨ ᠶᠣᠰᠣ ᠶᠢ ᠪᠠᠷᠢᠮᠲᠠᠯᠠᠨ᠂ ᠴᠢᠬᠤᠯᠠ ᠶᠡᠭᠡ ᠠᠵᠢᠯ ᠳᠠᠬᠢ | ᠨᠠᠮ ᠤᠨ ᠤᠳᠤᠷᠢᠳᠬᠤ ᠪᠠᠶᠢᠭᠤᠯᠤᠯ ᠢ ᠪᠠᠶᠢᠭᠤᠯᠤᠨ ᠪᠦᠷᠢᠨᠰᠢᠬᠦᠯᠵᠦ᠂ ᠨᠠᠮ ᠤᠨ ᠲᠥᠪ ᠬᠤᠷᠢᠶᠠᠨ ᠤ ᠪᠤᠳᠤᠯᠭ᠎ᠠ | ᠲᠤᠭᠲᠠᠭᠠᠬᠤ ᠬᠡᠷᠡᠭ ᠵᠦᠪᠯᠡᠬᠦ ᠵᠣᠬᠢᠴᠠᠭᠤᠯᠬᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ | ᠴᠢᠩᠭᠠᠳᠬᠠᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠨᠠᠶᠢᠳᠠᠪᠤᠷᠢᠵᠢᠭᠤᠯᠤᠯᠳᠠ ᠶᠢ ᠠᠬᠢᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ ᠠᠴᠠ | ᠵᠢᠭᠠᠪᠤᠷᠢ ᠠᠪᠬᠤ ᠪᠠ ᠨᠠᠮ ᠤᠨ ᠲᠦᠪ ᠬᠤᠷᠢᠶ᠎ᠠ ᠳᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠯᠤᠰ | ᠲᠥᠷᠥ ᠶᠢᠨ ᠬᠢᠨᠠᠯᠲᠠ ᠶᠢ ᠴᠢᠩᠭᠠᠳᠬᠠᠨ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ | ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠠᠴᠠ ᠵᠥᠷᠢᠴᠡᠭᠰᠡᠨ ᠪᠠ ᠨᠠᠮ ᠤᠨ ᠲᠦᠪᠯᠡᠷᠡᠩᠭᠦᠢ | ᠨᠢᠭᠡᠳᠦᠯᠲᠡᠶ ᠤᠳᠤᠷᠢᠳᠤᠯᠭ᠎ᠠ ᠶᠢ ᠡᠪᠳᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠵᠦ᠂ ︽ᠬᠤᠶᠠᠷ ᠨᠢᠭᠤᠷᠳᠠᠨ︾ | ᠢ ᠴᠡᠪᠡᠷᠯᠡᠨ ᠠᠷᠢᠯᠭᠠᠵᠤ᠂ ᠪᠦᠬᠦ ᠨᠠᠮ ᠤᠨ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ | ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠤᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠪᠠᠲᠤᠯᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠦᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠬᠦᠴᠦᠲᠡᠶ | ᠪᠠᠲᠤᠯᠠᠭ᠎ᠠ ᠲᠠᠢ ᠪᠤᠯᠵᠦ᠂ ᠨᠠᠮ ᠤᠨ ᠤᠳᠤᠷᠢᠳᠬᠤ ᠪᠠᠶᠢᠭᠤᠯᠤᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ | ᠂ ᠨᠠᠮ ᠤᠨ ᠤᠳᠤᠷᠢᠳᠬᠤ ᠠᠷᠭ᠎ᠠ ᠮᠠᠶ᠋ᠢᠭ ᠨᠠᠩ ᠰᠢᠨᠵᠢᠯᠡᠬᠦ ᠤᠬᠠᠭᠠᠨᠴᠢ ᠪᠣᠯᠵᠤ᠂ ᠪᠦᠬᠦ ᠨᠠᠮ ᠢᠶᠠᠷ ᠢᠶᠠᠨ ᠦᠵᠡᠯ | ᠰᠠᠨᠠᠭᠠᠨ ᠤ ᠲᠠᠯ᠎ᠠ ᠪᠠᠷ ᠨᠡᠩ ᠨᠢᠭᠡᠳᠦᠯᠲᠡᠶ᠂ ᠤᠯᠤᠰ ᠲᠦᠷᠦ ᠶᠢᠨ ᠲᠠᠯ᠎ᠠ ᠪᠠᠷ ᠨᠡᠩ ᠪᠦᠯᠬᠦᠮᠳᠡᠯ ᠲᠠᠢ᠂ ᠦᠢᠯᠡ | ᠠᠵᠢᠯᠯᠠᠭ᠎ᠠ ᠶᠢᠨ ᠲᠠᠯ᠎ᠠ ᠪᠠᠷ ᠨᠡᠩ ᠠᠯᠬᠤᠮ ᠨᠢᠭᠡᠲᠡᠶ ᠪᠤᠯᠵᠤ᠂ ᠨᠠᠮ ᠤᠨ ᠤᠯᠤᠰ ᠲᠦᠷᠦ ᠶᠢᠨ ᠤᠳᠤᠷᠢᠳᠬᠤ | ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠤᠬᠢᠶᠠᠨ ᠪᠠᠶᠢᠭᠤᠯᠬᠤ | ᠬᠦᠴᠦᠨ᠂ ᠨᠡᠶᠢᠭᠡᠮ ᠤᠨ ᠤᠷᠢᠶᠠᠯᠠᠬᠤ ᠬᠦᠴᠦᠨ ᠢᠯᠡᠳᠲᠡ ᠴᠢᠩᠭᠠᠷᠠᠪᠠ᠃ | ︵ᠬᠤᠶᠠᠷ︶ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ ᠬᠢᠭᠰᠡᠨ ᠤ | ᠲᠠᠷᠠᠭ᠎ᠠ᠂ ᠨᠠᠮ ᠠᠴᠠ ᠨᠠᠮ ᠢ ᠨᠠᠮ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ | ᠪᠠᠶᠢᠭᠤᠯᠤᠯᠲᠠ ᠶᠢ ᠠᠬᠢᠭᠤᠯᠤᠭᠠᠳ ᠢᠯᠡᠳᠲᠡ ᠦᠷ᠎ᠡ ᠪᠦᠲᠦᠮᠵᠢ ᠤᠯᠪᠠ᠃ ᠡᠭᠦᠨ ᠤ ᠬᠠᠮᠲᠤ᠂ ᠨᠢᠭᠡ ᠦᠶ᠎ᠡ ᠨᠠᠮ ᠢ | ᠬᠠᠮᠢᠶᠠᠷᠬᠤ ᠲᠠᠯ᠎ᠠ ᠪᠠᠷ ᠰᠤᠯᠠ᠂ ᠨᠠᠮ ᠢ ᠵᠠᠰᠠᠬᠤ ᠲᠠᠯ᠎ᠠ ᠪᠠᠷ ᠴᠢᠩᠭ᠎ᠠ ᠪᠤᠰᠤ ᠠᠰᠠᠭᠤᠳᠠᠯ ᠭᠠᠷᠤᠭᠰᠠᠨ ᠠᠴᠠ ᠵᠠᠷᠢᠮ | ᠨᠠᠮ ᠤᠨ ᠭᠡᠰᠢᠭᠦᠨ᠂ ᠺᠠᠳ᠋ᠷ ᠤᠨ ᠤᠯᠤᠰ ᠲᠥᠷᠥ ᠶᠢᠨ ᠢᠲᠡᠭᠡᠯ ᠪᠢᠰᠢᠷᠡᠯ ᠳᠤ ᠬᠦᠨᠳᠦ ᠨᠣᠴᠢᠲᠠᠶ ᠲᠦᠭᠰᠢᠬᠦᠷᠢ | ᠭᠠᠷᠴᠤ᠂ ᠵᠠᠷᠢᠮ ᠣᠷᠣᠨ ᠨᠤᠲᠤᠭ ᠪᠠ ᠰᠠᠯᠠᠭ᠎ᠠ ᠮᠥᠴᠢᠷ ᠤᠨ ᠬᠥᠮᠦᠨ ᠰᠣᠩᠭᠤᠵᠤ ᠬᠥᠮᠦᠨ ᠬᠡᠷᠡᠭᠯᠡᠬᠦ ᠬᠡᠪ ᠰᠤᠷᠲᠠᠯ | ᠲᠥᠪ ᠪᠤᠰᠤ ᠪᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ | ᠪᠦᠷᠢᠯᠭᠡᠬᠦ ᠰᠤᠷᠲᠠᠯ ᠳᠡᠯᠭᠡᠷᠡᠵᠦ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ | ᠨᠡᠯᠢᠶᠡᠳ ᠲᠦᠭᠡᠮᠡᠯ ᠣᠷᠣᠰᠢᠬᠤ ᠪᠤᠯᠤᠬᠰᠠᠨ ᠪᠠᠶᠢᠨ᠎ᠠ᠃ ᠢᠯᠠᠩᠭᠤᠶ᠎ᠠ ᠤᠢᠢᠷ᠎ᠠ ᠳᠣᠲᠣᠨᠣᠴᠤᠳ ᠢᠶᠠᠨ ᠯᠠ ᠬᠡᠷᠡᠭᠯᠡᠨ᠂ | ᠪᠤᠰᠤᠳ ᠢ ᠭᠠᠳᠠᠭᠤᠷᠴᠢᠯᠠᠬᠤ ᠦᠵᠡᠭᠳᠡᠯ ᠪᠠᠶᠢᠨ᠎ᠠ᠂ ᠡᠪᠰᠡᠯ ᠪᠦᠯᠦᠭ ᠪᠠᠶᠢᠭᠤᠯᠤᠨ᠂ ᠠᠶᠢᠮᠠᠭ ᠪᠦᠯᠦᠭ ᠪᠣᠯᠤᠯᠴᠠᠬᠤ | ᠦᠵᠡᠭᠳᠡᠯ ᠪᠠᠶᠢᠨ᠎ᠠ᠂ ᠨᠡᠷ᠎ᠡ ᠪᠤᠷᠤᠭᠤᠯᠠᠨ ᠭᠦᠳᠭᠡᠨ ᠵᠠᠭᠠᠯᠳᠤᠵᠤ᠂ ᠴᠤᠤᠷᠬᠠᠯ ᠲᠠᠷᠬᠠᠭᠠᠬᠤ ᠦᠵᠡᠭᠳᠡᠯ ᠪᠠᠶᠢᠨ᠎ᠠ᠂ | ᠬᠥᠮᠦᠨ ᠤ ᠰᠡᠳᠭᠢᠯ ᠢ ᠲᠠᠳᠠᠨ ᠠᠪᠴᠤ᠂ ᠰᠣᠩᠭᠤᠭᠤᠯᠢ ᠶᠢᠨ ᠫᠢᠶᠣᠣ ᠲᠠᠲᠠᠬᠤ ᠦᠵᠡᠭᠳᠡᠯ ᠪᠠᠶᠢᠨ᠎ᠠ᠂ ᠵᠡᠷᠭᠡ | ᠲᠤᠰᠢᠶᠠᠯ ᠥᠭᠬᠦ ᠪᠠᠷ ᠠᠮᠠᠯᠠᠨ᠂ ᠵᠡᠷᠭᠡ ᠬᠡᠷᠭᠡᠮ ᠤᠯᠤᠭᠠᠳ ᠬᠠᠷᠢᠯᠴᠠᠨ ᠪᠠᠶᠠᠷ ᠬᠦᠷᠬᠡᠬᠦ ᠦᠵᠡᠭᠳᠡᠯ ᠪᠠᠶᠢᠨ᠎ᠠ᠂ | ᠥᠪᠡᠷ ᠥᠪᠡᠷ ᠤᠨ ᠵᠣᠷᠢᠭ ᠢᠶᠠᠷ ᠢᠶᠠᠨ ᠦᠢᠯᠡᠳᠦᠨ᠂ ᠢᠯᠠ ᠪᠠᠷ ᠲᠠᠭᠠᠵᠤ ᠳᠠᠯᠳᠠᠭᠤᠷ ᠵᠥᠷᠢᠴᠡᠬᠦ ᠦᠵᠡᠭᠳᠡᠯ ᠪᠠᠶᠢᠨ᠎ᠠ | ᠂ ᠡᠷᠬᠡ ᠰᠦᠷ ᠨᠢ ᠶᠡᠬᠡᠳᠴᠦ᠂ ᠲᠥᠪ ᠬᠤᠷᠢᠶᠠᠨ ᠤ ᠲᠤᠬᠠᠢ ᠳᠤᠷ᠎ᠠ ᠪᠠᠷ ᠢᠶᠠᠨ ᠴᠠᠯᠴᠢᠬᠤ ᠦᠵᠡᠭᠳᠡᠯ ᠴᠤ ᠪᠠᠶᠢᠨ᠎ᠠ᠂ | ᠤᠯᠤᠰ ᠲᠦᠷᠦ ᠶᠢᠨ ᠠᠰᠠᠭᠤᠳᠠᠯ ᠪᠣᠯᠤᠨ ᠠᠵᠤ ᠠᠬᠤᠶ ᠶᠢᠨ ᠠᠰᠠᠭᠤᠳᠠᠯ ᠬᠠᠷᠢᠯᠴᠠᠨ ᠰᠣᠯᠪᠢᠴᠠᠵᠤ᠂ ᠱᠠᠮᠰᠢᠵᠤ | ᠢᠯᠵᠢᠷᠠᠭᠰᠠᠨ ᠬᠡᠮᠵᠢᠶ᠎ᠡ ᠬᠥᠮᠦᠨ ᠢ ᠰᠣᠴᠢᠭᠠᠮ᠎ᠠ ᠬᠡᠮᠵᠢᠶᠡᠨ ᠳᠤ ᠬᠦᠷᠴᠡᠶ᠃ ᠡᠨᠡ ︽ᠳᠣᠯᠣᠭᠠᠨ ᠪᠠᠶᠢᠬᠤ︾ | ᠠᠰᠠᠭᠤᠳᠠᠯ ᠨᠢ ᠨᠠᠮ ᠤᠨ ᠳᠦᠷᠢ ᠲᠥᠷᠬᠦ ᠪᠠ ᠢᠲᠡᠭᠡᠯ ᠬᠦᠨᠳᠦ ᠶᠢ ᠬᠦᠨᠳᠦ ᠨᠣᠴᠢᠲᠠᠶ ᠨᠥᠯᠥᠭᠡᠯᠡᠵᠦ᠂ ᠨᠠᠮ ᠪᠠ | ᠤᠯᠠᠨ ᠲᠦᠮᠡᠨ ᠤ ᠬᠠᠷᠢᠴᠠᠭ᠎ᠠ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠬᠦᠨᠳᠦ ᠨᠣᠴᠢᠲᠠᠶ ᠬᠤᠬᠢᠷᠠᠭᠤᠯᠵᠤ᠂ | ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ ᠲᠦᠮᠡᠨ ᠤ ᠳᠤᠷ᠎ᠠ ᠦᠭᠡᠶᠢᠴᠡᠯ ᠪᠠ ᠠᠭᠤᠷ ᠬᠢᠯᠢᠩ ᠢ | ᠳᠡᠭᠳᠡᠭᠡᠪᠡ᠃ ᠰᠢ ᠶᠢᠨ ᠫᠢᠩ ᠨᠥᠬᠦᠷ ᠴᠢᠬᠤᠯᠠᠴᠢᠯᠠᠬᠰᠠᠨ ᠨᠢ᠂ ᠲᠡᠮᠦᠷ ᠳᠠᠪᠲᠠᠬᠤ ᠳᠤ ᠥᠪᠡᠷ ᠢᠶᠠᠨ ᠡᠷᠬᠡᠪᠰᠢ | ᠬᠠᠲᠠᠭᠤ ᠪᠠᠶᠢᠬᠤ ᠬᠡᠷᠡᠭᠳᠡᠢ᠂ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ | ᠨᠠᠮ ᠳᠤ ᠪᠤᠢ᠂ ᠵᠠᠩᠭᠢᠯᠠᠭ᠎ᠠ ᠨᠢ ᠨᠠᠮ ᠢ ᠨᠠᠮ ᠬᠠᠮᠢᠶᠠᠷᠴᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠳᠤ ᠪᠤᠢ᠃ | ᠡᠷᠬᠡᠪᠰᠢ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ ᠴᠢᠳᠠᠪᠤᠷᠢ ᠶᠢᠨ ᠪᠠᠶᠢᠭᠤᠯᠤᠯᠲᠠ᠂ ᠲᠡᠷᠢᠭᠦᠨ ᠤ ᠴᠢᠨᠠᠷ | ᠪᠠ ᠴᠡᠪᠡᠷ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯ ᠰᠢᠵᠢᠮ ᠪᠣᠯᠭᠠᠵᠤ᠂ ᠨᠠᠮ ᠤᠨ ᠤᠯᠤᠰ | ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠦ᠂ ᠬᠦᠰᠡᠯᠡᠩ ᠢᠲᠡᠭᠡᠯ ᠵᠤᠷᠢᠭ ᠪᠠ | ᠵᠤᠷᠢᠯᠲᠠ ᠪᠠᠨ ᠪᠠᠲᠤᠳᠬᠠᠬᠤ ᠪᠠᠷ ᠦᠨᠳᠦᠰᠦ ᠰᠠᠭᠤᠷᠢ ᠪᠣᠯᠭᠠᠵᠤ᠂ ᠪᠦᠬᠦ ᠨᠠᠮ ᠤᠨ ᠢᠳᠡᠪᠬᠢᠵᠢᠯ᠂ ᠰᠠᠨᠠᠭᠠᠴᠢᠯᠠᠭᠠᠲᠤ | ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠨᠠᠮ ᠤᠨ ᠪᠠᠶᠢᠭᠤᠯᠤᠯᠲᠠ ᠶᠢᠨ | ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠢ ᠢᠮᠠᠭᠲᠠ ᠴᠠᠭ ᠦᠶ᠎ᠡ ᠶᠢᠨ ᠡᠮᠦᠨ᠎ᠡ | ᠡᠩᠨᠡᠭᠡᠨ ᠳᠤ ᠬᠤᠰᠢᠭᠤᠴᠢᠯᠠᠬᠤ᠂ ᠠᠷᠠᠳ ᠲᠦᠮᠡᠨ ᠦᠨᠡᠨ ᠰᠡᠳᠭᠢᠯ ᠠᠴᠠ ᠪᠠᠨ ᠬᠦᠷᠢᠶᠡᠯᠡᠬᠦ᠂ ᠥᠪᠡᠷ ᠤᠨ | ᠪᠡᠶ᠎ᠡ ᠳᠡᠭᠡᠨ ᠵᠤᠷᠢᠭᠲᠡᠢ ᠪᠠᠷ ᠬᠤᠪᠢᠰᠬᠠᠯ ᠬᠢᠬᠦ᠂ ᠡᠯ᠎ᠡ ᠵᠦᠢᠯ ᠤᠨ ᠰᠠᠯᠬᠢᠨ ᠳᠠᠪᠠᠯᠭᠠᠨ ᠤ ᠰᠢᠯᠭᠠᠯᠲᠠ ᠶᠢ ᠳᠠᠭᠠᠭᠠᠵᠤ | ᠳᠡᠶᠢᠯᠬᠦ᠂ ᠴᠤᠭ ᠰᠦᠯᠳᠡ ᠪᠠᠳᠠᠷᠠᠩᠭᠤᠶ ᠮᠠᠷᠺᠰ ᠤᠨ ᠦᠵᠡᠯ ᠤᠨ ᠲᠦᠷᠦ ᠪᠠᠷᠢᠬᠴᠢ ᠨᠠᠮ ᠪᠣᠯᠭᠠᠨ ᠪᠠᠶᠢᠭᠤᠯᠬᠤ | ᠬᠡᠷᠡᠭᠳᠡᠢ᠃ ᠨᠠᠮ ᠡᠭᠦᠷᠢᠳᠡ ᠵᠠᠮ ᠳᠠᠭᠠᠨ ᠪᠠᠶᠢᠬᠤ ᠰᠡᠷᠭᠡᠭ ᠲᠠᠨᠢᠯᠲᠠ ᠪᠠ ᠡᠷᠡᠰ ᠵᠤᠷᠢᠭ ᠢᠶᠠᠷ᠂ ᠴᠢᠩᠭ᠎ᠠ ᠪᠠᠶᠢᠬᠤ | ᠭᠤᠣᠯ ᠬᠥᠭ ᠠᠶᠠᠰ ᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠲᠣᠪᠤᠶᠢᠮ᠎ᠠ ᠠᠳᠬᠤᠨ᠂ | ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃ ᠨᠠᠮ ᠤᠨ | ᠲᠥᠪ ᠬᠤᠷᠢᠶ᠎ᠠ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠤᠨ ᠬᠦᠴᠦᠲᠡᠢ | ᠪᠠᠶᠢᠷᠢᠯᠠᠭᠤᠯᠤᠯᠲᠠ ᠬᠢᠵᠦ᠂ ᠨᠠᠮ ᠤᠨ ᠪᠠᠶᠢᠭᠤᠯᠤᠯᠲᠠ ᠶᠢᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠪᠠ᠃ | ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠮᠠᠨ ᠤ ᠨᠠᠮ ᠪᠤᠯ ᠠᠷᠠᠳ ᠲᠦᠮᠡᠨ ᠤ ᠳᠤᠮᠳᠠ ᠠᠴᠠ | ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠨ᠂ ᠠᠷᠠᠳ ᠲᠦᠮᠡᠨ ᠳᠤ ᠦᠢᠯᠡᠴᠢᠯᠡᠳᠡᠭ ᠪᠤᠯᠬᠤᠷ ᠤᠯᠠᠨ | ᠲᠦᠮᠡᠨ ᠠᠴᠠ ᠬᠥᠨᠳᠡᠶᠢᠷᠡᠮᠡᠭᠴᠡ ᠠᠮᠢᠵᠢᠷᠠᠯ ᠤᠨ ᠬᠦᠴᠦᠨ ᠢᠶᠠᠨ ᠠᠯᠳᠠᠬᠤ ᠪᠣᠯᠤᠨ᠎ᠠ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠳᠤ ᠡᠷᠬᠡᠪᠰᠢ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠰᠤᠷᠲᠠᠯ ᠤᠨ ᠠᠰᠠᠭᠤᠳᠠᠯ ᠠᠴᠠ | ᠡᠬᠢᠯᠡᠨ ᠠᠳᠬᠤᠬᠤ ᠬᠡᠷᠡᠭᠲᠡᠢ᠃ ᠨᠠᠮ ᠤᠨ ᠲᠥᠪ ᠬᠤᠷᠢᠶ᠎ᠠ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ | ᠲᠣᠭᠲᠠᠭᠠᠨ ᠨᠠᠶᠢᠳᠠᠪᠤᠷᠢᠵᠢᠭᠤᠯᠬᠤ ᠠᠴᠠ ᠭᠠᠷᠳᠠᠵᠥ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠠᠴᠠ | ᠡᠬᠢᠯᠡᠨ ᠬᠢᠬᠦ᠂ ᠤᠳᠤᠷᠢᠳᠬᠤ ᠺᠠᠳ᠋ᠷ ᠠᠴᠠ ᠡᠬᠢᠯᠡᠨ ᠠᠳᠬᠤᠬᠤ ᠶᠢ ᠪᠠᠷᠢᠮᠳᠠᠯᠠᠠ᠂ ᠳᠡᠭᠡᠳᠦ ᠱᠠᠳᠤ ᠨᠢ ᠲᠤᠤᠷᠠᠳᠤ | ᠱᠠᠳᠤ ᠪᠠᠨ ᠳᠠᠭᠠᠭᠤᠯᠤᠨ ᠠᠵᠢᠯ ᠤᠨ ᠰᠤᠷᠲᠠᠯ ᠢ ᠰᠠᠶᠢᠵᠢᠷᠠᠭᠤᠯᠪᠠ᠃ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶ᠎ᠠ ᠵᠢᠯ ᠪᠦᠷᠢ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠤᠨ᠂ ᠨᠠᠢᠮᠠᠨ ᠵᠤᠷᠪᠤᠰ | ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠨᠠᠮ ᠤᠨ ᠲᠥᠪ ᠬᠤᠷᠢᠶ᠎ᠠ ᠬᠠᠳᠠᠭᠠᠰᠤ ᠬᠠᠳᠠᠬᠤ ᠵᠣᠷᠢᠭ | ᠰᠠᠨᠠᠭ᠎ᠠ ᠶᠢ ᠪᠠᠳᠠᠷᠠᠭᠤᠯᠤᠨ᠂ ︽ᠳᠥᠷᠪᠡᠨ ᠰᠤᠷᠲᠠᠯ︾ ᠢ ᠰᠢᠨᠳᠠᠷᠠᠰᠢ ᠦᠬᠡᠢ ᠵᠠᠯᠠᠷᠠᠭᠤᠯᠤᠨ ᠵᠠᠰᠠᠵᠤ᠂ ᠣᠨᠴᠠ | ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠠᠯᠪᠠᠨ ᠵᠣᠭᠤᠰ ᠢᠶᠠᠷ ᠪᠡᠯᠡᠭ | ᠬᠦᠷᠭᠡᠬᠦ᠂ ᠠᠯᠪᠠᠨ ᠵᠣᠭᠤᠰ ᠢᠶᠠᠷ ᠢᠳᠡᠵᠦ ᠤᠤᠭᠤᠬᠤ᠂ ᠠᠯᠪᠠᠨ ᠵᠣᠭᠤᠰ ᠢᠶᠠᠷ ᠵᠢᠭᠤᠯᠴᠢᠯᠠᠬᠤ᠂ ᠭᠡᠭᠡᠨᠴᠢᠷᠯᠡᠨ | ᠪᠦᠷᠢᠯᠭᠡᠬᠦ ᠵᠡᠷᠭᠡ ᠲᠥᠪ ᠪᠤᠰᠤ ᠰᠤᠷᠲᠠᠯ ᠢ ᠴᠢᠩᠭ᠎ᠠ ᠬᠤᠷᠢᠭᠯᠠᠨ ᠵᠤᠭᠰᠤᠭᠠᠵᠤ᠂ ᠣᠯᠠᠨ ᠲᠦᠮᠡᠨ ᠤ ᠲᠤᠰᠬᠠᠯ | ᠴᠢᠩᠭ᠎ᠠ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠳᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠠᠵᠢᠯᠴᠢ ᠠᠷᠪᠢᠴᠢ ᠪᠠᠶᠢᠬᠤ ᠶᠢ | ᠰᠠᠨᠠᠭᠠᠴᠢᠯᠠᠨ᠂ ᠪᠦᠷᠢᠯᠭᠡᠨ ᠰᠥᠢᠳᠭᠡᠬᠦ ᠶᠢ ᠡᠰᠡᠷᠭᠦᠴᠡᠵᠥ᠂ ᠥᠩᠭᠡᠷᠡᠭᠰᠡᠨ ᠳᠤ ᠬᠤᠷᠢᠭᠯᠠᠨ ᠵᠤᠭᠰᠤᠭᠠᠵᠥ ᠲᠡᠶᠢᠯᠬᠦ | ᠦᠭᠡᠢ ᠭᠡᠵᠦ ᠦᠵᠡᠵᠥ ᠪᠠᠶᠢᠭᠰᠠᠨ ᠵᠠᠷᠢᠮ ᠭᠠᠵᠢᠭᠤ ᠰᠤᠷᠲᠠᠯ ᠢ ᠬᠤᠷᠢᠭᠯᠠᠨ ᠵᠣᠭᠰᠣᠭᠠᠵᠤ᠂ ᠤᠯᠠᠨ ᠵᠢᠯ | ᠠᠷᠢᠯᠭᠠᠭᠠᠳᠥᠢ ᠪᠠᠶᠢᠭᠰᠠᠨ ᠵᠠᠷᠢᠮ ᠠᠷᠬᠠᠭ ᠭᠡᠮ ᠢ ᠵᠠᠯᠠᠷᠠᠭᠤᠯᠤᠨ ᠵᠠᠰᠠᠭᠰᠠᠨ ᠢᠶᠠᠷ᠂ ᠨᠠᠮ ᠤᠨ ᠰᠤᠷᠲᠠᠯ ᠵᠠᠰᠠᠭ ᠤᠨ | ᠰᠤᠷᠲᠠᠯ ᠪᠠ ᠨᠡᠶᠢᠭᠡᠮ ᠤᠨ ᠬᠡᠪ ᠰᠤᠷᠲᠠᠯ ᠴᠤ᠋ ᠰᠢᠨ᠎ᠡ ᠪᠠᠶᠢᠳᠠᠯ ᠲᠠᠢ ᠪᠤᠯᠪᠠ᠃ ᠪᠦᠬᠦ ᠨᠠᠮ ᠢᠶᠠᠷ ᠢᠶᠠᠨ ᠡᠷᠬᠡᠪᠰᠢ | ᠬᠦᠰᠡᠯᠡᠩ ᠢᠲᠡᠭᠡᠯ ᠵᠤᠷᠢᠭ ᠡᠷᠡᠰ ᠪᠠᠲᠤ᠂ ᠵᠤᠬᠢᠶᠠᠨ ᠪᠠᠶᠢᠭᠤᠯᠤᠯᠲᠠ ᠶᠢᠨ ᠰᠢᠰᠲ᠋ᠧᠮ ᠨᠢᠭᠳᠠ ᠴᠢᠩᠭ᠎ᠠ᠂ ᠰᠠᠬᠢᠯᠭ᠎ᠠ | ᠪᠠᠲᠤ ᠶᠣᠰᠣ ᠲᠦᠷᠢᠮ ᠴᠢᠩᠭ᠎ᠠ ᠲᠣᠳᠣᠷᠬᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠨᠠᠮ ᠠᠴᠠ | ᠴᠢᠬᠤᠯᠠᠴᠢᠯᠠᠭᠰᠠᠭᠠᠷ ᠢᠷᠡᠭᠰᠡᠨ ᠶᠤᠮ᠃ ᠮᠠᠷᠺᠰ ᠤᠨ ᠦᠵᠡᠯ ᠤᠨ ᠢᠲᠡᠭᠡᠯ ᠪᠢᠰᠢᠷᠡᠯ᠂ ᠡᠪ ᠬᠠᠮᠲᠤ ᠶᠣᠰᠣᠨ ᠤ | ᠠᠯᠤᠰ ᠬᠡᠳᠥ ᠶᠢᠨ ᠬᠦᠰᠡᠯᠡᠩ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ | ᠬᠦᠰᠡᠯᠡᠩ ᠪᠤᠯ ᠲᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠲᠦᠰᠢᠭ ᠲᠤᠯᠭᠠᠭᠤᠷᠢ ᠪᠠ | ᠤᠯᠤᠰ ᠲᠦᠷᠦ ᠶᠢᠨ ᠠᠮᠢᠨ ᠰᠦᠨᠡᠰᠦ ᠮᠥᠨ᠂ ᠪᠠᠰᠠ ᠴᠤ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠦᠵᠡᠯ | ᠰᠠᠨᠠᠭᠠᠨ ᠤ ᠰᠠᠭᠤᠷᠢ ᠮᠥᠨ᠃ ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠬᠦᠰᠡᠯᠡᠩ ᠢᠲᠡᠭᠡᠯ | ᠵᠣᠷᠢᠭ ᠪᠣᠯ ᠡᠪ ᠬᠠᠮᠲᠤᠴᠤᠳ ᠤᠨ ᠣᠶᠤᠨ ᠰᠠᠨᠠᠭᠠᠨ ᠤ ︽ᠺᠠᠯᠼ︾ ᠮᠥᠨ᠂ ᠡᠪ ᠬᠠᠮᠲᠤᠴᠤᠳ ᠬᠡᠷᠪᠡ ᠬᠦᠰᠡᠯᠡᠩ | ᠢᠲᠡᠭᠡᠯ ᠵᠣᠷᠢᠭ ᠦᠭᠡᠢ ᠪᠣᠯ ᠣᠶᠤᠨ ᠰᠠᠨᠠᠭᠠᠨ ᠳᠡᠭᠡᠷ᠎ᠡ ᠪᠠᠨ ︽ᠺᠠᠯᠼ ᠳᠤᠲᠠᠭᠳᠠᠵᠥ︾᠂ ︽ᠶᠠᠰᠤ ᠵᠥᠭᠡᠯᠡᠷᠡᠬᠦ | ᠡᠪᠡᠳᠴᠢᠨ︾ ᠣᠯᠬᠤ ᠶᠢᠨ ᠣᠯᠠᠮ ᠠᠴᠠ ᠤᠯᠤᠰ ᠲᠦᠷᠦ ᠶᠢᠨ ᠲᠠᠯ᠎ᠠ ᠪᠠᠷ ᠴᠢᠨᠠᠷ ᠬᠤᠪᠢᠷᠠᠬᠤ᠂ ᠠᠵᠤ ᠠᠬᠤᠶ ᠶᠢᠨ | ᠲᠠᠯ᠎ᠠ ᠪᠠᠷ ᠬᠤᠪᠳᠤᠭ ᠰᠢᠨᠤᠬᠠᠢ ᠪᠤᠯᠬᠤ᠂ ᠶᠣᠰᠣ ᠰᠤᠷᠳᠠᠬᠤᠨ ᠤ ᠲᠠᠯ᠎ᠠ ᠪᠠᠷ ᠲᠤᠷᠦ᠋ᠢᠳᠠᠬᠤ᠂ ᠠᠮᠢᠳᠤᠷᠠᠯ ᠤᠨ | ᠲᠠᠯ᠎ᠠ ᠪᠠᠷ ᠢᠯᠵᠢᠷᠠᠬᠦ ᠨᠢ ᠵᠠᠶᠢᠯᠠᠰᠢ ᠦᠭᠡᠢ ᠶᠤᠮ᠃ ᠨᠠᠮ ᠠᠴᠠ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ | ᠳᠦᠷᠢᠮ ᠢᠶᠠᠷ ᠨᠠᠮ ᠢ ᠵᠠᠰᠠᠬᠤ ᠶᠢ ᠠᠳᠠᠯᠢ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠤᠷᠢᠳ ᠬᠤᠵᠢᠳ ᠨᠠᠮ ᠤᠨ | ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ᠂ ︽ᠪᠡᠶ᠎ᠡ ᠪᠠᠨ ᠴᠢᠩᠭ᠎ᠠ ᠵᠠᠰᠠᠬᠤ᠂ | ᠡᠷᠬᠡ ᠪᠠᠨ ᠴᠢᠩᠭ᠎ᠠ ᠪᠤᠯᠭᠤᠮᠵᠢᠳᠡᠢ ᠬᠡᠷᠡᠭᠯᠡᠬᠦ᠂ ᠪᠡᠶ᠎ᠡ ᠪᠠᠨ ᠴᠢᠩᠭ᠎ᠠ ᠱᠠᠭᠠᠷᠳᠠᠬᠤ᠂ ᠠᠵᠢᠯ ᠢ ᠪᠣᠳᠣᠯᠬᠢᠯᠠᠬᠤ ᠳᠠᠭᠠᠨ | ᠪᠠᠳᠤᠳᠠᠢ ᠪᠠᠶᠢᠬᠤ᠂ ᠦᠢᠯᠡᠰ ᠴᠣᠭᠴᠠᠯᠠᠬᠤ ᠳᠠᠭᠠᠨ ᠪᠠᠳᠤᠳᠠᠢ ᠪᠠᠶᠢᠬᠤ᠂ ᠬᠥᠮᠦᠨ ᠪᠣᠯᠬᠤ ᠳᠠᠭᠠᠨ ᠦᠨᠡᠨᠴᠢ ᠪᠠᠶᠢᠬᠤ︾ | ᠲᠤᠰᠬᠠᠶ ᠰᠡᠳᠦᠪᠲᠦ ᠬᠥᠮᠦᠵᠢᠯ᠂ ︽ᠨᠠᠮ ᠤᠨ ᠳᠦᠷᠢᠮ ᠨᠠᠮ ᠤᠨ ᠲᠣᠭᠲᠠᠭᠠᠯ ᠢ ᠰᠤᠷᠤᠯᠴᠠᠵᠦ᠂ ᠰᠢᠷᠢᠰ | ᠶᠠᠷᠢᠶ᠎ᠠ ᠶᠢ ᠰᠤᠷᠤᠯᠴᠠᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ | ᠲᠤᠯᠭᠤᠷ ᠵᠤᠷᠢᠯᠳᠡ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ | ᠬᠥᠮᠦᠵᠢᠯ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠵᠡᠷᠭᠡ ᠶᠢ ᠥᠷᠨᠢᠭᠦᠯᠵᠥ᠂ ᠨᠠᠮ ᠤᠨ ᠰᠢᠨ᠎ᠡ | ᠡᠭᠦᠳᠤᠯᠲᠡ ᠶᠢᠨ ᠣᠨᠣᠯ ᠢᠶᠠᠷ ᠪᠦᠬᠦ ᠨᠠᠮ ᠢ ᠵᠡᠪᠰᠡᠭᠯᠡᠨ᠂ ᠰᠤᠷᠤᠯᠴᠠᠬᠤ ᠬᠡᠯᠪᠡᠷᠢ ᠶᠢᠨ ᠲᠥᠷᠥ ᠶᠢᠨ ᠨᠠᠮ ᠤᠨ | ᠪᠠᠶᠢᠭᠤᠯᠤᠯᠲᠠ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ | ᠺᠠᠳ᠋ᠷ ᠤᠨ ᠦᠵᠡᠯ ᠰᠠᠨᠠᠭᠠᠨ ᠤ ᠲᠠᠯ᠎ᠠ ᠪᠠᠷ ᠦᠨᠳᠦᠰᠦ ᠠᠴᠠ ᠨᠢ ᠴᠡᠭᠴᠡᠯᠡᠨ ᠵᠠᠰᠠᠵᠦ᠂ ᠦᠨᠳᠦᠰᠦ ᠠᠴᠠ ᠨᠢ | ᠪᠠᠲᠤᠳᠬᠠᠨ ᠴᠢᠩᠭᠠᠳᠬᠠᠵᠥ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠲᠠᠯᠪᠢᠵᠦ᠂ ᠤᠶᠤᠨ ᠰᠠᠨᠠᠭᠠᠨ ᠤ ᠺᠠᠯᠼ ᠢ | ᠭᠦᠢᠴᠡᠳ ᠨᠥᠬᠦᠪᠥᠷᠢᠯᠡᠵᠦ᠂ ᠦᠵᠡᠯ ᠰᠠᠨᠠᠭᠠᠨ ᠤ ᠵᠢᠯᠤᠭᠤ ᠪᠠᠨ ᠯᠠᠪᠳᠠᠭᠤᠨ ᠠᠳᠬᠤᠵᠥ᠂ ᠡᠪ ᠬᠠᠮᠲᠤᠴᠤᠳ ᠤᠨ | ᠤᠯᠤᠰ ᠲᠦᠷᠦ ᠶᠢᠨ ᠤᠤᠷ ᠴᠢᠨᠠᠷ ᠢ ᠬᠠᠳᠠᠭᠠᠯᠠᠨ᠂ ᠡᠪ ᠬᠠᠮᠲᠤᠴᠤᠳ ᠤᠨ ᠤᠶᠤᠨ ᠰᠠᠨᠠᠭᠠᠨ ᠤ ᠨᠢᠷᠤᠭᠤ | ᠲᠤᠯᠭᠠᠭᠤᠷᠢ ᠶᠢ ᠪᠤᠰᠬᠠᠬᠤ ᠶᠢ ᠰᠤᠷᠭᠠᠨ ᠬᠦᠮᠦᠵᠢᠭᠦᠯᠵᠦ ᠬᠦᠲᠦᠯᠦᠨ ᠵᠢᠯᠤᠭᠤᠳᠪᠠ᠃ ᠨᠠᠮ ᠠᠴᠠ ᠰᠢᠨ᠎ᠡ ᠴᠠᠭ | ᠦᠶ᠎ᠡ ᠶᠢᠨ ᠨᠠᠮ ᠤᠨ ᠵᠤᠬᠢᠶᠠᠨ ᠪᠠᠶᠢᠭᠤᠯᠤᠯᠲᠠ ᠶᠢᠨ ᠱᠤᠭᠤᠮ ᠢ ᠳᠤᠷᠠᠳᠤᠨ ᠭᠠᠷᠭᠠᠭᠰᠠᠨ ᠪᠠ ᠲᠤᠭᠤᠰᠢᠯᠠᠭᠤᠯᠵᠥ᠂ | ᠢᠲᠡᠭᠡᠯ ᠵᠤᠷᠢᠭ ᠡᠷᠡᠰ ᠪᠠᠲᠤ᠂ ᠠᠷᠠᠳ ᠲᠦᠮᠡᠨ ᠳᠤ ᠦᠢᠯᠡᠴᠢᠯᠡᠬᠦ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠥ | ᠪᠣᠳᠠᠳᠥ ᠠᠵᠢᠯᠯᠠᠭ᠎ᠠ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠲᠥᠪ ᠭᠤᠣᠯᠴᠢ ᠠᠷᠢᠭᠤᠨ | ᠴᠢᠬᠡᠴᠢ ᠪᠠᠶᠢᠬᠤ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠤᠯᠤᠰ | ᠲᠦᠷᠦ ᠶᠢᠨ ᠬᠡᠪ ᠴᠢᠨᠠᠷ ᠤᠨ ᠱᠠᠭᠠᠷᠳᠠᠯᠭ᠎ᠠ ᠶᠢ ᠲᠤᠪᠤᠶᠢᠯᠭᠠᠨ᠂ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ | ᠪᠣᠯᠭᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠳᠥᠷᠪᠡᠨ ᠵᠦᠭ ᠨᠠᠢᠮᠠᠨ ᠵᠣᠪᠬᠢᠰ ᠤᠨ ᠡᠷᠳᠡᠮᠲᠡᠨ ᠴᠢᠳᠠᠪᠤᠷᠢᠳᠡᠨ ᠢ ᠰᠤᠩᠭᠤᠬᠤ᠂ ᠡᠷᠳᠡᠮᠲᠡᠨ ᠮᠡᠷᠭᠡᠳ ᠢ ᠯᠡ | ᠬᠡᠷᠡᠭᠯᠡᠬᠦ ᠶᠢ ᠪᠠᠷᠢᠮᠲᠠᠯᠠᠵᠤ᠂ ᠠᠵᠢᠯ ᠦᠢᠯᠡᠰ ᠢᠶᠠᠨ ᠳᠡᠭᠡᠳᠦᠯᠡᠨ᠂ ᠭᠤᠣᠯᠴᠢ ᠴᠢᠭᠡᠴᠢ ᠪᠠᠶᠢᠬᠤ ᠶᠢ ᠪᠠᠷᠢᠮᠲᠠᠯᠠᠵᠤ᠂ | ᠪᠢᠯᠧᠲ ᠤᠨ ᠲᠤᠭ᠎ᠠ᠂ ᠬᠤᠪᠢ᠂ ᠦᠢᠯᠡᠳᠪᠦᠷᠢᠯᠡᠯ ᠤᠨ ᠪᠥᠬᠦ ᠥᠷᠲᠡᠭ᠂ ᠨᠠᠰᠤ ᠵᠢᠯ ᠢᠶᠠᠷ ᠯᠡ ᠪᠠᠷᠢᠮᠵᠢᠶᠠᠯᠠᠬᠤ | ᠥᠭᠡᠢ᠂ ᠰᠢᠭᠤᠳ ᠲᠠᠨᠢᠯᠴᠠᠭᠤᠯᠭ᠎ᠠ ᠪᠠ ᠰᠢᠭᠤᠳ ᠰᠣᠩᠭᠤᠭᠤᠯᠢ ᠶᠠᠪᠤᠭᠤᠯᠬᠤ ᠦᠭᠡᠢ ᠪᠠᠶᠢᠬᠤ ᠶᠢ ᠪᠠᠷᠢᠮᠳᠠᠯᠠᠵᠥ᠂ | ᠨᠠᠮ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠬᠤ ᠪᠠ ᠬᠠᠷᠢᠭᠤᠴᠠᠬᠤ ᠦᠢᠯᠡᠳᠦᠯ ᠢ ᠴᠢᠩᠭᠠᠳᠬᠠᠨ᠂ ᠬᠥᠮᠦᠨ | ᠰᠣᠩᠭᠤᠵᠤ ᠬᠥᠮᠦᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠵᠠᠯᠠᠷᠠᠭᠤᠯᠪᠠ᠃ ᠨᠠᠮ ᠠᠴᠠ ᠡᠯ᠎ᠡ | ᠱᠠᠲᠤᠨ ᠤ ᠤᠳᠤᠷᠢᠳᠬᠤ ᠺᠠᠳ᠋ᠷ ᠢ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠥᠷᠲᠡᠭ ᠤᠨ | ᠦᠵᠡᠯᠲᠡ ᠭᠡᠬᠦ ᠡᠨᠡ ᠬᠦ ︽ᠶᠡᠷᠦᠩᠬᠡᠶ ᠨᠡᠭᠡᠭᠡᠯᠭᠡ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠥ᠂ ᠡᠷᠬᠡ ᠪᠠᠨ | ᠨᠠᠨᠳᠢᠩᠨᠠᠨ᠂ ᠡᠷᠬᠡ ᠪᠠᠨ ᠰᠠᠶᠢᠲᠤᠷ ᠬᠠᠮᠢᠶᠠᠷᠴᠤ᠂ ᠡᠷᠬᠡ ᠪᠠᠨ ᠪᠣᠯᠭᠤᠮᠵᠢᠲᠠᠶ ᠬᠡᠷᠡᠭᠯᠡᠨ᠂ ᠡᠯ᠎ᠡ ᠲᠠᠯ᠎ᠠ ᠶᠢᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠴᠠᠭ ᠢᠮᠠᠭᠲᠠ ᠨᠠᠮ ᠤᠨ ᠢᠶᠠᠨ ᠡᠮᠤᠨ᠎ᠠ ᠠᠴᠠ ᠬᠥᠴᠢᠷ ᠵᠤᠪᠠᠯᠠᠩ ᠢ | ᠰᠢᠢᠳᠪᠤᠷᠢᠯᠡᠬᠦ᠂ ᠤᠯᠤᠰ ᠤᠷᠤᠨ ᠳᠠᠭᠠᠨ ᠬᠤᠪᠢ ᠨᠡᠮᠡᠷᠢ ᠦᠵᠡᠭᠦᠯᠬᠦ᠂ ᠠᠷᠠᠳ ᠲᠦᠮᠡᠨ ᠳᠤ ᠪᠤᠶᠠᠨ ᠦᠢᠯᠡᠳᠬᠦ ᠶᠢ | ᠪᠣᠳᠣᠯᠬᠢᠯᠠᠬᠤ ᠬᠡᠷᠡᠭᠲᠡᠶ ᠭᠡᠵᠦ ᠱᠠᠭᠠᠷᠳᠠᠪᠠ᠃ ᠨᠠᠮ ᠠᠴᠠ ᠴᠢᠳᠠᠪᠤᠷᠢᠲᠠᠨ ᠢ ᠨᠠᠮ ᠬᠠᠮᠢᠶᠠᠷᠬᠤ ᠵᠠᠷᠴᠢᠮ ᠢ | ᠪᠠᠷᠢᠮᠲᠠᠯᠠᠵᠤ᠂ ᠨᠠᠩ ᠢᠳᠡᠪᠬᠢᠲᠡᠢ᠂ ᠨᠠᠩ ᠨᠡᠭᠡᠭᠡᠯᠲᠡᠲᠡᠶ᠂ ᠨᠠᠩ ᠪᠦᠲᠦᠮᠵᠢᠲᠡᠶ ᠴᠢᠳᠠᠪᠤᠷᠢᠲᠠᠨ ᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠡᠯᠡᠬᠡᠶ ᠶᠢᠨ ᠴᠢᠬᠤᠯᠠ ᠴᠢᠳᠠᠪᠤᠷᠢᠲᠠᠨ ᠤ ᠲᠥᠪ ᠪᠠ | ᠰᠢᠨ᠎ᠡ ᠶᠢ ᠡᠭᠦᠳᠬᠦ ᠥᠨᠳᠦᠷᠯᠢᠭ ᠭᠠᠵᠠᠷ ᠢ ᠲᠦᠷᠭᠡᠯᠡᠨ ᠪᠠᠶᠢᠭᠤᠯᠵᠤ᠂ ᠳᠡᠯᠡᠬᠡᠶ ᠳ᠋ᠠᠬᠢᠨ ᠤ ᠡᠷᠳᠡᠮᠲᠡᠨ | ᠴᠢᠳᠠᠪᠤᠷᠢᠲᠠᠨ ᠢ ᠴᠤᠭᠯᠠᠷᠠᠭᠤᠯᠤᠨ ᠬᠡᠷᠡᠭᠯᠡᠪᠠ᠃ ᠨᠠᠮ ᠠᠴᠠ ᠵᠤᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠠᠰᠤᠷᠠᠯᠲᠠ | ᠦᠭᠡᠢ ᠪᠥᠷᠢᠨᠰᠢᠭᠦᠯᠵᠦ᠂ ᠵᠤᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠦ᠂ | ᠨᠠᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠤᠬᠢᠶᠠᠨ ᠪᠠᠶᠢᠭᠤᠯᠤᠯᠲᠠ ᠶᠢᠨ | ᠴᠢᠳᠠᠮᠵᠢ ᠶᠢ ᠴᠢᠩᠭᠠᠷᠠᠭᠤᠯᠵᠥ᠂ ᠦᠨᠳᠦᠰᠦᠨ ᠱᠠᠲᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ | ᠪᠣᠶ ᠪᠣᠯᠭᠠᠵᠦ᠂ ᠨᠠᠮ ᠤᠨ ᠵᠤᠬᠢᠶᠠᠨ ᠪᠠᠶᠢᠭᠤᠯᠤᠯᠲᠠ ᠪᠠ ᠨᠠᠮ ᠤᠨ ᠠᠵᠢᠯ ᠢ ᠨᠡᠶᠢᠳᠡᠮ ᠪᠦᠷᠬᠦᠬᠦᠯᠬᠦ ᠶᠢ ᠠᠬᠢᠭᠤᠯᠪᠠ᠃ | ᠨᠠᠮ ᠠᠴᠠ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ᠂ ᠰᠠᠬᠢᠯᠭ᠎ᠠ ᠪᠠᠲᠤ ᠬᠡᠷᠡᠭᠵᠢᠭᠦᠯᠬᠦ ᠪᠠ | ᠬᠠᠤᠯᠢ ᠬᠡᠷᠡᠭᠵᠢᠭᠦᠯᠬᠦ ᠶᠢ ᠨᠡᠪᠲᠡᠷᠡᠭᠦᠯᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠬᠡᠷᠡᠭᠵᠢᠭᠦᠯᠬᠦ | ︽ᠳᠥᠷᠪᠡᠨ ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠨ᠂ ᠤᠯᠤᠰ ᠲᠥᠷᠥ ᠶᠢᠨ ᠰᠠᠬᠢᠯᠭ᠎ᠠ ᠪᠠᠲᠤ ᠪᠠ | ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭᠠᠳᠬᠠᠵᠥ᠂ ᠡᠯ᠎ᠡ ᠵᠦᠢᠯ ᠤᠨ ᠰᠠᠬᠢᠯᠭ᠎ᠠ ᠪᠠᠲᠤ ᠶᠢ ᠪᠦᠬᠦ | ᠲᠠᠯ᠎ᠠ ᠪᠠᠷ ᠴᠢᠩᠳᠠᠯᠠᠬᠤ ᠶᠢ ᠳᠠᠶᠢᠴᠢᠯᠠᠪᠠ᠃ ᠨᠠᠮ ᠠᠴᠠ ᠳᠦᠷᠢᠮ ᠲᠣᠭᠲᠠᠭᠠᠯ ᠶᠣᠰᠣᠭᠠᠷ ᠨᠠᠮ ᠢ ᠵᠠᠰᠠᠬᠤ ᠶᠢ | ᠪᠠᠷᠢᠮᠲᠠᠯᠠᠨ᠂ ᠨᠠᠮ ᠤᠨ ᠳᠦᠷᠢᠮ ᠢ ᠴᠢᠩᠭ᠎ᠠ ᠵᠢᠷᠤᠮᠯᠠᠵᠥ᠂ ᠨᠡᠯᠢᠶᠡᠳ ᠪᠦᠷᠢᠨ ᠲᠡᠭᠦᠯᠳᠡᠷ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠤᠨ ᠰᠢᠰᠲ᠋ᠧᠮ ᠢ ᠪᠤᠢ ᠪᠣᠯᠭᠠᠵᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠳᠠᠯᠠᠬᠰᠠᠨ ᠢᠶᠠᠷ᠂ | ᠨᠠᠮ ᠤᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢᠯᠠᠯᠳᠠ᠂ ᠳᠦᠷᠢᠮᠵᠢᠭᠦᠯᠥᠯᠳᠡ᠂ ᠵᠢᠷᠤᠮᠵᠢᠭᠤᠯᠤᠯᠳᠠ ᠶᠢᠨ | ᠲᠥᠪᠰᠢᠨ ᠢᠯᠡᠳᠲᠡ ᠳᠡᠭᠡᠭᠰᠢᠯᠡᠪᠠ᠃ | ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠢᠯᠵᠢᠷᠠᠯ ᠪᠣᠯ ᠨᠠᠮ ᠤᠨ ᠤᠷᠲᠤ | ᠬᠤᠭᠤᠴᠠᠭ᠎ᠠ ᠪᠠᠷ ᠲᠥᠷᠥ ᠪᠠᠷᠢᠬᠤ ᠶᠢᠨ ᠬᠠᠮᠤᠭ ᠤᠨ ᠶᠡᠭᠡ ᠰᠦᠷᠳᠡᠭᠦᠯᠦᠯ ᠮᠥᠨ᠂ ᠢᠯᠵᠢᠷᠠᠯ ᠢ ᠡᠰᠡᠷᠭᠦᠴᠡᠬᠦ ᠪᠣᠯ | ᠨᠢᠭᠡ ᠣᠳᠠᠭᠠᠨ ᠤ ᠢᠯᠠᠭᠳᠠᠬᠤ ᠶᠢ ᠳᠠᠭᠠᠭᠠᠬᠤ ᠦᠭᠡᠶ ᠮᠥᠷᠳᠡᠭᠡᠨ ᠶᠠᠭᠠᠬᠢᠭᠰᠠᠨ ᠴᠤ ᠢᠯᠠᠬᠳᠠᠵᠤ ᠪᠤᠯᠬᠤ ᠦᠬᠡᠢ | ᠴᠢᠬᠤᠯᠠ ᠶᠡᠭᠡ ᠤᠯᠤᠰ ᠲᠥᠷᠥ ᠶᠢᠨ ᠲᠡᠮᠡᠴᠡᠯ ᠮᠥᠨ᠂ ᠵᠠᠭᠤ ᠮᠢᠩᠭᠠᠨ ᠢᠯᠵᠢᠷᠠᠮᠠᠯ ᠡᠳᠡᠭᠡᠳ ᠲᠠᠢ ᠮᠠᠭᠤᠲᠠᠯᠴᠠᠬᠤ | ᠦᠭᠡᠶ ᠪᠤᠯ ᠠᠷᠪᠠᠨ ᠳᠥᠷᠪᠡᠨ ᠳ᠋ᠦᠩᠰᠢᠭᠤᠷ ᠠᠷᠠᠳ ᠲᠦᠮᠡᠨ ᠲᠠᠢ ᠮᠠᠭᠤᠲᠠᠯᠴᠠᠬᠤ ᠪᠤᠯᠤᠨ᠎ᠠ᠂ ᠡᠷᠬᠡᠪᠰᠢ ᠡᠷᠬᠡ ᠶᠢ | ᠲᠦᠷᠢᠮ ᠤᠨ ᠰᠢᠩᠭᠡᠯᠢᠭ ᠲᠤ ᠬᠤᠷᠢᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠡᠷᠬᠡ ᠶᠢ ᠲᠣᠭᠲᠠᠭᠠᠨ᠂ | ᠡᠷᠬᠡ ᠶᠢ ᠵᠢᠷᠤᠮᠵᠢᠭᠤᠯᠵᠤ᠂ ᠡᠷᠬᠡ ᠶᠢ ᠬᠢᠵᠠᠭᠠᠷᠯᠠᠨ᠂ ᠡᠷᠬᠡ ᠳᠤ ᠬᠢᠨᠠᠯᠲᠠ ᠲᠠᠯᠪᠢᠬᠤ ᠬᠡᠷᠡᠭᠲᠡᠶ᠃ ᠨᠠᠮ ᠠᠴᠠ | ᠢᠯᠵᠢᠷᠠᠬᠦ ᠵᠣᠷᠢᠭ ᠦᠭᠡᠢ᠂ ᠢᠯᠵᠢᠷᠠᠵᠤ ᠲᠡᠶᠢᠯᠬᠦ ᠦᠭᠡᠢ᠂ ᠢᠯᠵᠢᠷᠡᠭᠦ ᠶᠢ ᠪᠣᠳᠣᠬᠤ ᠦᠭᠡᠢ ᠪᠠᠶᠢᠬᠤ ᠶᠢ ᠨᠢᠭᠡ | ᠴᠣᠭᠴᠠᠵᠢᠭᠤᠯᠤᠨ ᠠᠬᠢᠭᠤᠯᠬᠤ᠂ ᠵᠠᠯᠭᠠᠬᠠᠨ ᠰᠢᠢᠳᠭᠡᠬᠦ ᠠᠶᠤᠯᠭᠠᠨ ᠰᠦᠷᠳᠡᠭᠦᠯᠬᠦ᠂ ᠲᠦᠷᠢᠮ ᠢᠶᠠᠷ ᠬᠢᠵᠠᠭᠠᠷᠯᠠᠬᠤ᠂ | ᠤᠬᠠᠮᠰᠠᠷ ᠢ ᠨᠢ ᠳᠡᠭᠡᠭᠰᠢᠯᠡᠭᠦᠯᠬᠦ ᠲᠠᠯ᠎ᠠ ᠪᠠᠷ ᠨᠢᠭᠡ ᠴᠤᠬᠴᠠᠵᠢᠭᠤᠯᠤᠨ ᠬᠦᠴᠦᠯᠡᠬᠦ ᠶᠢ ᠪᠠᠷᠢᠮᠲᠠᠯᠠᠵᠤ᠂ ᠨᠠᠮ ᠪᠠ | ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ | ᠬᠡᠷᠡᠭᠯᠡᠬᠦ ᠶᠢ ᠦᠨᠡᠨ ᠬᠦ ᠪᠠᠲᠤᠯᠠᠪᠠ᠃ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠭᠳᠤᠬᠠᠨ ᠴᠦ | ᠦᠯᠦ ᠬᠥᠯᠢᠴᠡᠬᠦ ᠶᠢ ᠪᠠᠷᠢᠮᠲᠠᠯᠠᠵᠤ᠂ ᠬᠦᠴᠦᠲᠡᠢ ᠬᠤᠷᠢᠭᠯᠠᠬᠤ᠂ ᠴᠢᠩᠭ᠎ᠠ ᠳᠠᠷᠤᠯᠲᠠ ᠥᠵᠡᠬᠦᠯᠬᠦ᠂ ᠤᠷᠲᠤ | ᠬᠤᠭᠤᠴᠠᠭ᠎ᠠ ᠪᠠᠷ ᠰᠦᠷᠳᠡᠭᠦᠯᠤᠯ ᠪᠤᠯᠬᠤ ᠶᠢ ᠪᠠᠷᠢᠮᠲᠠᠯᠠᠵᠤ᠂ ᠬᠡᠭᠡᠯᠢ ᠢᠳᠡᠬᠦ ᠪᠠ ᠬᠠᠭ᠋ᠤᠤᠯᠢ ᠲᠦᠯᠬᠢᠬᠦ ᠶᠢ ᠵᠡᠷᠭᠡ ᠪᠠᠷ | ᠪᠠᠶᠢᠴᠠᠭᠠᠬᠤ ᠶᠢ ᠪᠠᠷᠢᠮᠲᠠᠯᠠᠵᠤ᠂ ᠬᠡᠷᠡᠭ ᠪᠠᠶᠢᠪᠠᠯ ᠵᠠᠪᠠᠯ ᠪᠠᠶᠢᠴᠠᠭᠠᠬᠤ᠂ ᠢᠯᠵᠢᠷᠡᠭᠰᠡᠳ ᠪᠠᠶᠢᠪᠠᠯ ᠵᠠᠪᠠᠯ ᠵᠠᠯᠬᠠᠭᠠᠨ | ᠰᠢᠢᠳᠭᠡᠬᠦ ᠶᠢ ᠪᠠᠷᠢᠮᠲᠠᠯᠠᠵᠤ᠂ ᠲᠤᠭᠰᠢᠨ ᠡᠮ ᠢᠶᠠᠷ ᠡᠪᠡᠳᠴᠢᠨ ᠵᠠᠰᠠᠬᠤ᠂ ᠬᠦᠨᠳᠦ ᠡᠷᠡᠭᠦᠥ ᠪᠠᠷ ᠰᠠᠮᠠᠭᠤᠷᠠᠯ ᠢ | ᠵᠠᠰᠠᠬᠤ ᠡᠷᠡᠰ ᠵᠣᠷᠢᠭ ᠢᠶᠠᠷ᠂ ᠶᠠᠰᠤ ᠶᠢ ᠬᠤᠰᠤᠨ ᠬᠤᠤᠷ ᠢ ᠨᠢ ᠠᠷᠢᠯᠭᠠᠬᠤ᠂ ᠪᠠᠭᠠᠲᠤᠷ ᠡᠷ᠎ᠡ ᠪᠠᠭᠤᠤ ᠪᠠᠨ | ᠴᠠᠪᠴᠢᠬᠤ ᠰᠥᠰᠥ ᠵᠣᠷᠢᠭ ᠢᠶᠠᠷ ︽ᠪᠠᠷᠰ ᠴᠣᠬᠢᠬᠤ︾᠂ ︽ᠢᠯᠠᠭ᠎ᠠ ᠴᠤᠬᠢᠬᠤ︾᠂ ︽ᠦᠨᠡᠭᠡ ᠠᠩᠨᠠᠬᠤ︾ ᠶᠢ | ᠡᠷᠡᠰ ᠭᠤᠶᠢᠪᠢᠰᠢ ᠦᠭᠡᠢ ᠬᠢᠪᠠ᠃ ᠤᠯᠠᠨ ᠲᠦᠮᠡᠨ ᠤ ᠳᠡᠷᠭᠡᠳᠡᠬᠢ ᠢᠯᠵᠢᠷᠠᠯ ᠤᠨ ᠠᠰᠠᠭᠤᠳᠠᠯ ᠢ ᠡᠷᠡᠰ ᠴᠡᠭᠴᠡᠯᠡᠨ | ᠵᠠᠰᠠᠵᠤ᠂ ᠭᠠᠳᠠᠭᠠᠳᠤ ᠳᠤ ᠳᠤᠲᠠᠭᠠᠭᠰᠠᠨ ᠤᠷᠭᠤᠳᠠᠭᠤᠯ ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠢ | ᠨᠡᠬᠡᠮᠵᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠠᠯᠢᠪᠠ ᠢᠯᠵᠢᠷᠠᠮᠠᠯ ᠡᠲᠡᠭᠡᠳ ᠢ ᠴᠡᠪᠡᠷᠯᠡᠨ ᠠᠷᠢᠯᠭᠠᠪᠠ᠃ | ᠨᠠᠮ ᠠᠴᠠ ᠤᠯᠤᠰ ᠲᠥᠷᠥ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠢᠷᠠᠯ ᠤᠨ | ᠬᠡᠷᠡᠭ ᠲᠤ ᠠᠩᠬᠠᠷᠤᠯ ᠢᠶᠠᠨ ᠲᠥᠪᠯᠡᠷᠡᠭᠦᠯᠤᠨ᠂ ᠨᠠᠮ ᠤᠨ ᠳᠣᠲᠣᠭᠠᠳᠤ ᠳᠤ ᠠᠰᠢᠭ ᠲᠤᠰᠠ ᠶᠢᠨ ᠪᠦᠯᠦᠭᠯᠡᠯ | ᠪᠦᠷᠢᠯᠳᠦᠬᠦ ᠠᠴᠠ ᠰᠡᠷᠭᠡᠶᠢᠯᠡᠵᠦ᠂ ᠵᠸᠥ ᠶᠦᠩ ᠺᠠᠩ᠂ ᠪᠦᠸᠧ ᠰᠢ ᠯᠠᠶ᠂ ᠰᠦᠨ ᠵᠧᠩ ᠼᠠᠢ᠂ ᠯᠢᠩ ᠵᠢᠶ ᠬᠤᠸᠠ | ᠵᠡᠷᠭᠡ ᠶᠢᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠪᠠ᠃ ᠨᠠᠮ ᠤᠳᠤᠷᠢᠳᠴᠥ ᠪᠠᠶᠢᠭᠠᠳ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠤᠨ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ | ᠬᠢᠨᠠᠨ ᠪᠠᠶᠢᠴᠠᠭᠠᠬᠤ ᠵᠥᠪᠯᠡᠯ ᠪᠠᠶᠢᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ | ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠪᠠᠶᠢᠷᠢᠰᠢᠯ ᠢ ᠪᠠᠶᠢᠭᠤᠯᠤᠨ᠂ | ᠨᠠᠮ ᠤᠨ ᠳᠣᠲᠣᠭᠠᠳᠤ ᠶᠢᠨ ᠬᠢᠨᠠᠯᠲᠠ ᠪᠠᠷ ᠤᠳᠤᠷᠢᠳᠤᠮᠵᠢ ᠪᠣᠯᠭᠠᠭᠰᠠᠨ᠂ ᠡᠯ᠎ᠡ ᠲᠦᠷᠦᠯ ᠤᠨ ᠬᠢᠨᠠᠯᠲᠠ ᠶᠢ | ᠨᠡᠪᠲᠡᠷᠡᠭᠦᠯᠦᠨ ᠵᠣᠬᠢᠴᠠᠯᠳᠤᠭᠤᠯᠤᠭᠰᠠᠨ ᠲᠣᠭᠲᠡᠴᠡ ᠶᠢ ᠪᠠᠶᠢᠭᠤᠯᠵᠤ᠂ ᠡᠷᠬᠡ ᠶᠢᠨ ᠠᠵᠢᠯᠯᠠᠭᠠᠨ ᠳᠤ ᠶᠠᠪᠤᠭᠤᠯᠬᠤ | ᠬᠢᠵᠠᠭᠠᠷᠯᠠᠯ ᠪᠠ ᠬᠢᠨᠠᠯᠲᠠ ᠶᠢ ᠴᠢᠩᠭᠠᠳᠬᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠡᠷᠡᠰ | ᠲᠡᠮᠡᠴᠡᠯ ᠢᠶᠠᠷ ᠳᠠᠮᠵᠢᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢᠨ ᠤᠯᠤᠰ ᠲᠥᠷᠥ ᠶᠢᠨ ᠬᠥᠲᠥᠯᠥᠨ | ᠳᠠᠭᠠᠭᠤᠯᠭ᠎ᠠ ᠪᠠ ᠤᠯᠤᠰ ᠲᠥᠷᠥ ᠶᠢᠨ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠥ᠂ ᠨᠠᠮ ᠤᠨ | ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ | ᠳᠡᠭᠡᠭᠰᠢᠯᠡᠭᠦᠯᠬᠦ ᠴᠢᠳᠠᠪᠤᠷᠢ ᠢᠯᠡᠳᠲᠡ ᠴᠢᠩᠭᠠᠷᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠲᠠᠯ᠎ᠠ ᠪᠠᠷ ᠠᠭᠤᠵᠢᠭᠤ | ᠰᠤᠯᠠ ᠵᠥᠭᠡᠯᠡᠨ ᠪᠠᠶᠢᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠢᠯᠵᠢᠷᠠᠯ ᠢ ᠡᠰᠡᠷᠭᠦᠴᠡᠬᠦ | ᠲᠡᠮᠡᠴᠡᠯ ᠤᠨ ᠲᠠᠪᠠᠭᠤ ᠢᠯᠠᠯᠲᠠ ᠶᠢ ᠣᠯᠤᠭᠰᠠᠨ ᠪᠥᠭᠡᠳ ᠲᠡᠬᠦᠨ ᠢ ᠪᠦᠬᠦ ᠲᠠᠯ᠎ᠠ ᠪᠠᠷ ᠪᠠᠬᠢᠵᠢᠭᠦᠯᠤᠨ᠂ ᠨᠠᠮ᠂ | ᠤᠯᠤᠰ ᠤᠷᠤᠨ᠂ ᠴᠡᠷᠢᠭ ᠠᠩᠭᠢ ᠶᠢᠨ ᠳᠣᠲᠣᠭᠠᠳᠤ ᠳᠤ ᠣᠷᠣᠰᠢᠵᠤ ᠪᠠᠶᠢᠭᠰᠠᠨ ᠬᠦᠨᠳᠦ ᠨᠣᠴᠢᠲᠠᠶ ᠳᠠᠯᠳᠠ ᠭᠡᠮ ᠢ | ᠠᠷᠢᠯᠭᠠᠵᠥ᠂ ᠨᠠᠮ ᠬᠤᠪᠢᠰᠬᠠᠯᠲᠤ ᠴᠢᠨᠠᠷᠳᠠᠢ ᠳᠠᠪᠲᠠᠯᠲᠠ ᠶᠢᠨ ᠳᠤᠮᠳᠠ ᠨᠠᠩᠳᠡ ᠪᠠᠳᠥ ᠴᠢᠩᠭ᠎ᠠ ᠪᠣᠯᠪᠠ᠃ | ︵ᠭᠤᠷᠪᠠ︶ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ | ᠬᠢᠭᠰᠡᠨ ᠤ ᠳᠠᠷᠠᠭ᠎ᠠ᠂ ᠨᠠᠮ ᠠᠴᠠ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯᠳᠠᠯᠭ᠎ᠠ ᠶᠢ | ᠠᠳᠬᠤᠵᠤ᠂ ᠠᠷᠠᠳ ᠲᠦᠮᠡᠨ ᠢ ᠤᠳᠤᠷᠢᠳᠤᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠠᠵᠤ ᠠᠬᠤᠢ ᠲᠦᠷᠭᠡᠨ | ᠬᠥᠭᠵᠢᠭᠰᠡᠨ ᠭᠠᠶᠢᠬᠠᠮᠰᠢᠭ ᠢ ᠡᠭᠦᠳᠴᠦ᠂ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠶᠡᠭᠡ ᠪᠠᠷ | ᠳᠡᠭᠡᠭᠰᠢᠯᠡᠪᠡ᠃ ᠡᠭᠦᠨ ᠤ ᠬᠠᠮᠲᠦ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠲᠤ ᠬᠤᠷᠳᠤᠴᠠ ᠪᠠ | ᠬᠡᠪᠴᠢᠶ᠎ᠡ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ᠂ ᠬᠥᠭᠵᠢᠯᠲᠡ ᠶᠢᠨ ᠠᠷᠭ᠎ᠠ ᠮᠠᠶ᠋ᠢᠭ ᠨᠢ ᠪᠦᠳᠦᠭᠦᠯᠢᠭ ᠪᠠᠶᠢᠬᠤ | ᠵᠡᠷᠭᠡ ᠠᠰᠠᠭᠤᠳᠠᠯ ᠣᠷᠣᠰᠢᠵᠤ ᠪᠠᠶᠢᠭᠰᠠᠨ ᠤ ᠲᠡᠭᠡᠷ᠎ᠠ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠤᠨ | ᠲᠠᠷᠠᠭ᠎ᠠ ᠳᠡᠯᠡᠬᠡᠶ ᠶᠢᠨ ᠠᠵᠤ ᠠᠬᠤᠶ ᠦᠷᠭᠦᠯᠵᠢᠯᠡᠨ ᠥᠭᠡᠳᠡ ᠥᠭᠡᠢ ᠪᠠᠶᠢᠭᠰᠠᠨ ᠨᠥᠯᠥᠭᠡ ᠠᠴᠠ ᠪᠤᠯᠵᠤ᠂ ᠠᠵᠤ | ᠠᠬᠤᠶ ᠶᠢᠨ ᠪᠦᠲᠦᠴᠡ ᠶᠢᠨ ᠴᠢᠨᠠᠷᠲᠠᠶ ᠪᠠᠶᠢᠭᠤᠯᠤᠯ ᠤᠨ ᠴᠢᠨᠠᠷᠲᠠᠶ ᠵᠥᠷᠢᠴᠡᠯ ᠲᠠᠰᠤᠷᠠᠯᠲᠠ ᠦᠭᠡᠢ ᠬᠤᠷᠠᠮᠳᠤᠵᠤ᠂ | ᠬᠥᠭᠵᠢᠯᠲᠡ ᠶᠢᠨ ᠲᠡᠩᠴᠡᠭᠦᠷᠢ ᠦᠭᠡᠢ᠂ ᠵᠣᠬᠢᠴᠠᠩᠭᠤᠶ ᠪᠤᠰᠤ᠂ ᠦᠷᠭᠦᠯᠵᠢᠯᠡᠵᠦ ᠦᠯᠦ ᠴᠢᠳᠠᠬᠤ ᠠᠰᠠᠭᠤᠳᠠᠯ ᠮᠠᠰᠢ | ᠲᠤᠪᠤᠶᠢᠮ᠎ᠠ ᠪᠠᠶᠢᠪᠠ᠃ ᠨᠠᠮ ᠤᠨ ᠲᠥᠪ ᠬᠤᠷᠢᠶ᠎ᠠ ᠠᠴᠠ ᠲᠤᠷᠠᠳᠤᠭᠰᠠᠨ ᠨᠢ᠂ ᠮᠠᠨ ᠤ ᠤᠯᠤᠰ ᠤᠨ ᠠᠵᠤ | ᠠᠬᠤᠢ ᠶᠢᠨ ᠬᠥᠭᠵᠢᠯᠲᠡ ᠰᠢᠨ᠎ᠡ ᠬᠡᠪ ᠤᠨ ᠪᠠᠶᠢᠳᠠᠯ ᠳᠤ ᠣᠷᠣᠵᠤ᠂ ᠨᠢᠭᠡᠨᠲᠡ ᠲᠦᠷᠭᠡᠨ ᠨᠡᠮᠡᠭᠳᠡᠯ ᠤᠨ | ᠱᠠᠲᠤᠨ ᠠᠴᠠ ᠪᠠᠨ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠰᠢᠯᠵᠢᠵᠦ᠂ ᠨᠡᠮᠡᠭᠳᠡᠯ ᠤᠨ ᠬᠤᠷᠳᠤᠴᠠ ᠶᠢᠨ | ᠬᠤᠷᠳᠤ ᠰᠤᠯᠢᠬᠤ ᠬᠤᠭᠤᠴᠠᠭ᠎ᠠ᠂ ᠪᠦᠲᠦᠴᠡ ᠶᠢᠨ ᠲᠣᠬᠢᠷᠠᠭᠤᠯᠤᠯᠲᠠ ᠶᠢᠨ ᠡᠪᠡᠷᠰᠢᠶᠡᠯᠳᠤ ᠬᠤᠭᠤᠴᠠᠭ᠎ᠠ᠂ ᠡᠮᠦᠨᠡᠬᠢ | ᠬᠤᠭᠤᠴᠠᠭᠠᠨ ᠤ ᠰᠡᠳᠤᠯᠳᠠ ᠶᠢᠨ ᠲᠥᠷᠥ ᠶᠢᠨ ᠪᠣᠳᠣᠯᠭ᠎ᠠ ᠶᠢ ᠰᠢᠩᠭᠡᠭᠡᠨ ᠠᠪᠬᠤ ᠬᠤᠭᠤᠴᠠᠭ᠎ᠠ ᠬᠡᠬᠦ ︽ᠭᠤᠷᠪᠠᠨ | ᠬᠤᠭᠤᠴᠠᠭ᠎ᠠ ᠳᠠᠪᠬᠤᠴᠠᠭᠰᠠᠨ︾ ᠪᠤᠳᠤᠯᠢᠶᠠᠨᠳᠤ ᠪᠠᠶᠢᠳᠠᠯ ᠳᠤ ᠲᠤᠯᠭᠠᠷᠠᠵᠥ᠂ ᠤᠯᠠᠮᠵᠢᠯᠠᠯᠲᠤ ᠬᠥᠭᠵᠢᠯᠲᠡ ᠶᠢᠨ | ᠵᠠᠭᠪᠤᠷ ᠢ ᠦᠷᠭᠦᠯᠵᠢᠯᠡᠭᠦᠯᠬᠦ ᠳᠤ ᠪᠡᠷᠬᠡ ᠪᠤᠯᠵᠠᠢ᠃ ᠨᠠᠮ ᠤᠨ ᠲᠦᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠣᠯ ᠮᠠᠨ ᠤ ᠤᠯᠤᠰ ᠤᠨ ᠬᠥᠭᠵᠢᠯᠲᠡ ᠶᠢᠨ ᠪᠦᠬᠦ | ᠲᠠᠯ᠎ᠠ ᠳᠤ ᠬᠤᠯᠪᠣᠭᠳᠠᠬᠤ ᠨᠢᠭᠡ ᠤᠳᠠᠭᠠᠨ ᠤ ᠭᠦᠨᠵᠡᠭᠡᠶ ᠬᠤᠪᠢᠰᠤᠯᠲᠠ ᠮᠥᠨ᠂ ᠡᠭᠦᠨ ᠳᠤ ᠳᠥᠭᠦᠮᠬᠡᠨ ᠢᠶᠠᠷ | ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠨᠣᠷᠮ᠎ᠠ ᠪᠠᠷ ᠪᠠᠷᠢᠮᠵᠢᠶ᠎ᠠ ᠪᠤᠯᠭᠠᠵᠥ ᠪᠣᠯᠬᠤ ᠦᠭᠡᠶ᠂ | ᠡᠷᠬᠡᠪᠰᠢ ᠰᠢᠨ᠎ᠡ ᠶᠢ ᠡᠭᠦᠳᠬᠦ ᠪᠠᠷ ᠨᠢᠭᠡᠳᠦᠭᠡᠷ ᠬᠥᠳᠡᠯᠭᠡᠭᠴᠢ ᠬᠦᠴᠦᠨ ᠪᠤᠯᠭᠠᠭᠰᠠᠨ᠂ ᠵᠣᠬᠢᠴᠠᠯ ᠲᠠᠢ ᠪᠠᠶᠢᠬᠤ ᠪᠠᠷ | ᠳᠣᠲᠣᠭᠠᠳᠤ ᠣᠨᠴᠠᠯᠢᠭ ᠪᠤᠯᠭᠠᠭᠰᠠᠨ᠂ ᠨᠤᠭᠤᠭᠠᠨ ᠢᠶᠠᠷ ᠲᠦᠭᠡᠮᠡᠯ ᠬᠡᠯᠪᠡᠷᠢ ᠪᠤᠯᠭᠠᠭᠰᠠᠨ᠂ ᠨᠡᠭᠡᠭᠡᠯᠲᠡ ᠪᠠᠷ ᠵᠠᠶᠢᠯᠠᠰᠢ | ᠦᠭᠡᠢ ᠵᠠᠮᠨᠠᠬᠤ ᠵᠠᠮ ᠪᠤᠯᠭᠠᠭᠰᠠᠨ᠂ ᠬᠠᠮᠲᠤ ᠪᠠᠷ ᠡᠳ᠋ᠯᠡᠬᠦ ᠪᠠᠷ ᠦᠨᠳᠦᠰᠦᠨ ᠵᠣᠷᠢᠯᠭ᠎ᠠ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠵᠥ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ | ᠪᠥᠳᠥᠮᠵᠢ ᠶᠢᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠬᠤ ᠬᠡᠷᠡᠭᠳᠡᠢ᠃ ᠨᠠᠮ ᠠᠴᠠ | ᠠᠵᠤ ᠠᠬᠤᠶ ᠶᠢᠨ ᠠᠵᠢᠯ ᠳᠠᠬᠢ ᠪᠠᠶᠢᠯᠳᠤᠬᠤ ᠪᠤᠳᠤᠯᠭ᠎ᠠ ᠶᠢᠨ ᠤᠬᠠᠭᠠᠯᠠᠯ ᠲᠥᠯᠥᠪᠯᠡᠯ ᠪᠠ ᠨᠢᠭᠡᠳᠦᠯᠲᠡᠶ | ᠤᠳᠤᠷᠢᠳᠤᠯᠭ᠎ᠠ ᠪᠠᠨ ᠴᠢᠩᠭᠠᠳᠬᠠᠨ᠂ ᠠᠵᠤ ᠠᠬᠤᠶ ᠶᠢᠨ ᠠᠵᠢᠯ ᠢ ᠨᠠᠮ ᠤᠳᠤᠷᠢᠳᠬᠤ ᠪᠠᠶᠢᠭᠤᠯᠤᠯ ᠲᠣᠭᠲᠡᠴᠡ ᠶᠢ | ᠲᠡᠭᠦᠯᠳᠡᠷᠵᠢᠭᠦᠯᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠠ ᠬᠤᠷᠢᠶᠠᠨ ᠤ ᠤᠳᠠᠭ᠎ᠠ ᠪᠦᠷᠢ ᠶᠢᠨ ᠠᠵᠤ ᠠᠬᠤᠢ ᠶᠢᠨ ᠠᠵᠢᠯ ᠤᠨ | ᠬᠤᠷᠠᠯᠳᠤᠭᠠᠨ ᠲᠦᠪᠯᠡᠷᠡᠩᠭᠦᠢ ᠪᠠᠷ ᠮᠠᠨ ᠤ ᠤᠯᠤᠰ ᠤᠨ ᠬᠥᠭᠵᠢᠯᠲᠡ ᠳᠤ ᠪᠠᠶᠢᠷᠢᠯᠠᠭᠤᠯᠤᠯᠲᠠ ᠬᠢᠵᠥ᠂ ᠴᠢᠨᠠᠷ | ᠰᠠᠶᠢᠲᠠᠶ ᠬᠥᠭᠵᠢᠯᠲᠡ ᠪᠠᠷ ᠭᠤᠤᠯ ᠰᠡᠳᠦᠪ ᠪᠣᠯᠭᠠᠬᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠬᠤ᠂ ᠣᠳᠣᠬᠢᠴᠢᠯᠠᠭᠰᠠᠨ ᠠᠵᠤ ᠠᠬᠤᠶ ᠶᠢᠨ | ᠰᠢᠰᠲ᠋ᠧᠮ ᠢ ᠪᠠᠶᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ | ᠡᠵᠡᠮᠳᠡᠬᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠨᠠᠷᠢᠯᠢᠬ ᠤᠨᠤᠴᠠᠳᠠᠢ ᠪᠠᠷ | ᠶᠠᠳᠠᠭᠤ ᠠᠴᠠ ᠠᠩᠭᠢᠵᠢᠷᠠᠭᠤᠯᠬᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠡᠷᠭᠡ ᠰᠡᠳᠥᠪ ᠢ | ᠰᠢᠢᠳᠪᠤᠷᠢᠯᠡᠬᠦ ᠳᠠᠶᠢᠨ ᠢ ᠰᠠᠶᠢᠲᠤᠷ ᠬᠢᠬᠦ ᠵᠡᠷᠭᠡ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠭᠠᠷᠭᠠᠪᠠ᠃ ᠨᠠᠮ ᠠᠴᠠ | ᠨᠡᠶᠢᠲᠡ ᠶᠢᠨ ᠥᠮᠴᠢᠯᠡᠯ ᠤᠨ ᠠᠵᠤ ᠠᠬᠤᠶ ᠶᠢ ᠡᠷᠡᠰ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠡᠷᠡᠰ ᠭᠤᠶᠢᠪᠢᠰᠢ ᠦᠭᠡᠶ ᠪᠠᠷ | ᠵᠣᠷᠢᠬᠵᠢᠭᠤᠯᠤᠨ ᠳᠡᠮᠵᠢᠬᠦ ᠪᠠ ᠬᠥᠲᠥᠯᠥᠨ ᠵᠢᠯᠣᠭᠤᠳᠴᠥ᠂ ᠤᠯᠤᠰ ᠤᠨ ᠥᠮᠴᠢᠯᠡᠯ ᠤᠨ ᠬᠥᠷᠥᠩᠭᠡ ᠪᠣᠯᠤᠨ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠳᠡᠮᠵᠢᠵᠥ᠂ | ᠳᠤᠮᠳᠠᠲᠦ ᠣᠯᠣᠰ ᠤᠨ ᠤᠨᠴᠠᠯᠢᠭ ᠪᠦᠬᠦᠢ ᠤᠳᠤ ᠦᠶ᠎ᠡ ᠶᠢᠨ ᠠᠵᠦ ᠠᠬᠤᠶᠢᠯᠠᠯ ᠤᠨ ᠲᠦᠷᠢᠮ ᠢ ᠪᠠᠶᠢᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶ ᠶᠢᠨ ᠥᠷᠢᠰᠥᠯᠳᠦᠬᠦ ᠬᠦᠴᠦᠨ᠂ ᠰᠢᠨ᠎ᠡ ᠶᠢ ᠡᠭᠦᠳᠬᠦ ᠬᠦᠴᠦᠨ᠂ | ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠶᠢ ᠡᠰᠡᠷᠭᠦᠴᠡᠬᠦ ᠬᠥᠴᠥᠨ ᠢ ᠴᠢᠩᠭᠠᠷᠠᠭᠤᠯᠪᠠ︔ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠦ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠪᠠ᠃ ᠨᠠᠮ ᠠᠴᠠ ᠰᠢᠨ᠎ᠡ ᠶᠢ | ᠡᠭᠦᠳᠬᠦ ᠪᠠᠷ ᠬᠦᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠠ ᠪᠠᠨ ᠲᠠᠭᠠᠭᠠᠵᠥ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠰᠢᠨ᠎ᠡ ᠮᠠᠶ᠋ᠢᠭ ᠤᠨ ᠤᠯᠤᠰ ᠳᠠᠶᠠᠭᠠᠷ ᠤᠨ ᠪᠠᠶᠢᠭᠤᠯᠤᠯ ᠢ | ᠪᠦᠷᠢᠨᠰᠢᠭᠦᠯᠵᠥ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ | ᠴᠢᠩᠭᠠᠷᠠᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠡᠷᠭᠡ | ᠰᠡᠳᠥᠪ ᠢ ᠰᠢᠢᠳᠪᠤᠷᠢᠯᠡᠬᠦ ᠪᠠ ᠪᠡᠶ᠎ᠡ ᠪᠠᠨ ᠳᠠᠭᠠᠭᠠᠵᠦ ᠰᠢᠨ᠎ᠡ ᠶᠢ ᠡᠭᠦᠳᠬᠦ ᠶᠢ ᠠᠬᠢᠭᠤᠯᠵᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠠᠮᠠᠭᠠᠯᠠᠯᠲᠠ᠂ ᠬᠡᠷᠡᠭᠯᠡᠯᠲᠡ ᠶᠢ ᠴᠢᠩᠭᠠᠳᠬᠠᠵᠥ᠂ | ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠪᠠ ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ | ᠤᠯᠤᠰ ᠢ ᠪᠥᠳᠥᠭᠡᠨ ᠪᠠᠶᠢᠭᠤᠯᠬᠤ ᠶᠢ ᠲᠥᠷᠭᠡᠳᠭᠡᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠢᠯᠡᠳᠪᠦᠷᠢᠯᠡᠬᠦ ᠴᠢᠳᠠᠪᠤᠷᠢ ᠶᠢ ᠬᠠᠰᠤᠬᠤ᠂ ᠬᠥᠮᠥᠷᠭᠡ ᠶᠢᠨ | ᠬᠠᠳᠠᠭᠠᠯᠠᠯᠲᠠ ᠶᠢ ᠪᠠᠭᠠᠰᠬᠠᠬᠤ᠂ ᠬᠥᠰᠢᠭᠦᠷᠭᠡ ᠶᠢ ᠬᠠᠰᠤᠬᠤ᠂ ᠥᠪᠡᠷ ᠤᠨ ᠥᠷᠲᠡᠭ ᠢ ᠪᠠᠭᠤᠷᠠᠭᠤᠯᠬᠤ᠂ | ᠳᠤᠲᠠᠭᠤᠳᠠᠯ ᠢ ᠨᠥᠬᠦᠪᠥᠷᠢᠯᠡᠬᠦ ᠶᠢ ᠠᠬᠢᠭᠤᠯᠵᠤ᠂ ᠪᠠᠬᠢᠵᠢᠭᠦᠯᠬᠦ ᠨᠡᠮᠡᠭᠳᠡᠬᠦᠯᠬᠦ ᠳᠡᠭᠡᠭᠰᠢᠯᠡᠭᠦᠯᠬᠦ ᠰᠠᠭᠠᠳ ᠥᠬᠡᠶ | ᠨᠡᠪᠲᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠦᠢᠯᠡᠳᠬᠦ ᠦᠢᠯᠡᠰ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ | ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠳ᠋ᠢᠵᠢᠲ᠋ᠠᠯ ᠠᠵᠤ ᠠᠬᠤᠶ ᠶᠢ | ᠬᠥᠭᠵᠢᠭᠦᠯᠪᠠ᠃ ᠬᠤᠷᠸ᠎ᠠ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠤᠯ | ᠡᠵᠡᠮᠳᠡᠯ ᠤᠨ ᠰᠡᠳᠭᠢᠮᠵᠢ ᠪᠠ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠥᠨ᠂ ᠬᠤᠷᠸ᠎ᠠ ᠲᠥᠷᠥ ᠶᠢᠨ | ᠪᠣᠳᠣᠯᠭ᠎ᠠ ᠶᠢᠨ ᠡᠵᠡᠨ ᠮᠡᠳᠡᠬᠦ ᠴᠢᠨᠠᠷ ᠢ ᠨᠡᠮᠡᠭᠳᠡᠭᠦᠯᠵᠦ᠂ ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ | ᠪᠠ ᠵᠣᠭᠤᠰᠣᠨ ᠤ ᠯᠠᠪᠳᠠᠭᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ᠂ ᠴᠢᠯᠤᠭᠡᠳᠡᠢ ᠪᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ | ᠰᠢᠯᠢᠳᠡᠭᠵᠢᠭᠦᠯᠬᠦ ᠶᠢ ᠠᠬᠢᠭᠤᠯᠬᠤ ᠶᠢ ᠪᠠᠷᠢᠮᠲᠠᠯᠠᠵᠤ᠂ ᠠᠮᠤ ᠪᠤᠳᠠᠭᠠᠨ ᠤ ᠠᠮᠤᠷ ᠲᠦᠪᠰᠢᠨ᠂ ᠡᠨᠧᠷᠭᠢ ᠶᠢᠨ | ᠰᠤᠷᠪᠤᠯᠵᠢ ᠶᠢᠨ ᠡᠬᠢ ᠪᠠᠶᠠᠯᠢᠭ ᠤᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠠᠮᠤᠷ ᠲᠦᠪᠰᠢᠨ ᠢ ᠪᠠᠲᠤᠯᠠᠵᠤ᠂ ᠮᠦᠩᠬᠦᠨ ᠭᠦᠢᠯᠭᠡᠭᠡ ᠶᠢ ᠪᠤᠳᠠᠲᠦ ᠴᠤᠭᠴᠠ ᠶᠢᠨ ᠠᠵᠦ ᠠᠬᠤᠢ ᠳᠤ | ᠦᠢᠯᠡᠴᠢᠯᠡᠭᠦᠯᠬᠦ ᠶᠢ ᠪᠠᠷᠢᠮᠲᠠᠯᠠᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠠᠵᠤ ᠠᠬᠤᠶ ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠮᠤᠨᠤᠫᠤᠯᠢᠴᠢᠯᠠᠯ ᠢ ᠡᠰᠡᠷᠭᠦᠴᠡᠬᠦ ᠳᠦᠷᠢᠮ | ᠲᠣᠭᠲᠠᠭᠠᠯ ᠢ ᠴᠢᠩᠭᠠᠳᠬᠠᠵᠤ᠂ ᠬᠥᠷᠥᠩᠭᠡ ᠶᠢᠨ ᠡᠮᠬᠢ ᠵᠢᠷᠤᠮ ᠦᠭᠡᠢ ᠥᠷᠭᠡᠵᠢᠬᠦ ᠶᠢ ᠰᠡᠷᠭᠡᠶᠢᠯᠡᠨ᠂ ᠵᠠᠬ᠎ᠠ | ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠮᠢᠳᠤᠯᠢᠭ ᠬᠦᠴᠦᠨ ᠢ ᠬᠥᠭᠵᠢᠭᠡᠵᠦ᠂ ᠥᠷᠭᠡᠨ ᠤᠯᠠᠨ | ᠬᠦᠳᠡᠯᠮᠦᠷᠢᠴᠢᠨ ᠪᠠ ᠬᠡᠷᠡᠭᠯᠡᠭᠴᠢ ᠶᠢᠨ ᠡᠷᠬᠡ ᠠᠰᠢᠭ ᠢ ᠬᠠᠮᠠᠭᠠᠯᠠᠪᠠ᠃ ᠨᠠᠮ ᠠᠴᠠ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠶ ᠶᠢᠨ | ᠬᠠᠮᠵᠢᠯᠴᠠᠭᠰᠠᠨ ᠬᠥᠭᠵᠢᠯᠲᠡ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠭᠤᠸᠠᠩᠳᠦ᠋ᠩ | ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠰᠢᠨ᠎ᠡ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠵᠤ᠂ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠥᠢᠯᠡᠰ ᠤᠨ ᠰᠢᠨ᠎ᠡ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠳᠤᠮᠳᠠ ᠬᠡᠰᠡᠭ ᠤᠨ | ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠵᠡᠭᠦᠨ ᠬᠡᠰᠡᠭ ᠤᠨ ᠭᠠᠵᠠᠷ ᠣᠷᠣᠨ ᠤ | ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠶᠢ ᠵᠣᠷᠢᠬᠵᠢᠭᠤᠯᠵᠤ᠂ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯ ᠲᠠᠢ ᠭᠠᠵᠠᠷ | ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠶᠠᠨ ᠰᠠᠶᠢᠵᠢᠷᠠᠭᠤᠯᠬᠤ ᠶᠢ ᠲᠠᠮᠵᠢᠪᠡ᠃ ᠬᠥᠮᠦᠨ ᠢᠶᠠᠷ | ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠵᠦ᠂ ᠬᠤᠲᠠ ᠶᠢᠨ | ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠴᠢᠩᠭᠠᠳᠬᠠᠪᠠ᠃ ᠨᠠᠮ ᠠᠴᠠ ᠢᠮᠠᠭᠲᠠ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ | ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠤᠨ᠂ ᠲᠠᠷᠢᠶᠠᠯᠠᠩ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠯᠡᠨ ᠠᠬᠢᠭᠤᠯᠵᠤ᠂ ᠠᠮᠦ ᠶᠢ ᠬᠤᠷᠢᠶᠠᠬᠤ ᠳᠤ ᠭᠠᠵᠠᠷ ᠰᠢᠷᠦᠢ ᠳᠤ ᠲᠦᠰᠢᠭᠯᠡᠬᠦ᠂ | ᠤᠨᠠᠯᠲᠠ ᠶᠢ ᠨᠡᠮᠡᠭᠳᠡᠭᠦᠯᠬᠦ ᠳᠤ ᠤᠬᠠᠭᠠᠨ ᠮᠡᠷᠭᠡᠵᠢᠯ ᠳᠤ ᠲᠦᠰᠢᠭᠯᠡᠬᠦ ᠶᠢ ᠪᠠᠷᠢᠮᠳᠠᠯᠠᠵᠥ᠂ ᠬᠠᠮᠤᠭ ᠤᠨ ᠴᠢᠩᠭ᠎ᠠ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠥᠷ᠎ᠠ ᠶᠢᠨ ᠢᠷᠡᠯᠳᠡ ᠶᠢ ᠡᠵᠡᠨ ᠮᠡᠳᠡᠵᠥ | ᠡᠵᠡᠮᠳᠡᠬᠦ ᠶᠢ ᠠᠬᠢᠭᠤᠯᠵᠤ᠂ ᠳᠤᠮᠳᠠᠳᠤᠴᠤᠳ ᠤᠨ ᠬᠤᠭᠤᠯᠠ ᠬᠥᠨᠡᠰᠥ ᠪᠠᠨ ᠥᠪᠡᠷ ᠤᠨ ᠬᠥᠴᠥᠨ ᠳᠡᠭᠡᠨ ᠪᠠᠲᠤ | ᠲᠦᠰᠢᠭᠯᠡᠨ ᠰᠢᠢᠳᠪᠤᠷᠢᠯᠡᠬᠦ ᠶᠢ ᠥᠨᠡᠨ ᠬᠦ ᠪᠠᠲᠤᠯᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ | ᠂ ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠶ ᠴᠢᠨᠠᠷ᠂ | ᠦᠷᠭᠦᠯᠵᠢᠯᠡᠬᠦ ᠴᠢᠨᠠᠷ ᠢᠯᠡᠳᠲᠡ ᠴᠢᠩᠭᠠᠷᠠᠵᠤ᠂ ᠤᠯᠤᠰ ᠤᠨ ᠳᠣᠲᠣᠭᠠᠳᠤ ᠶᠢᠨ ᠥᠢᠯᠡᠳᠪᠦᠷᠢᠯᠡᠯ ᠤᠨ ᠪᠥᠬᠦ | ᠥᠷᠲᠡᠭ ᠵᠠᠭᠤᠨ ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠥ᠂ ᠬᠥᠮᠦᠨ ᠳᠤᠮᠳᠠᠴᠢ ᠶᠢᠨ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠬᠦ ᠥᠷᠲᠡᠭ ᠲᠦᠮᠡᠨ ᠳ᠋ᠣᠯᠯᠠᠷ ᠢ ᠳᠠᠪᠠᠵᠤ᠂ ᠤᠯᠤᠰ ᠤᠨ | ᠠᠵᠤ ᠠᠬᠤᠶ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ | ᠶᠡᠷᠦᠩᠬᠡᠶ ᠬᠦᠴᠦᠨ ᠰᠢᠨ᠎ᠡ ᠳᠡᠭᠲᠡᠷ ᠲᠤ ᠭᠠᠷᠴᠤ᠂ ᠮᠠᠨ ᠤ ᠤᠯᠤᠰ ᠤᠨ ᠠᠵᠤ ᠠᠬᠤᠶ ᠨᠡᠩ ᠴᠢᠨᠠᠷ ᠰᠠᠶᠢᠲᠠᠶ᠂ ᠨᠡᠩ | ᠦᠷ᠎ᠡ ᠪᠦᠲᠦᠮᠵᠢᠲᠡᠶ᠂ ᠨᠡᠩ ᠲᠦᠪ ᠭᠤᠤᠯᠴᠢ᠂ ᠨᠡᠩ ᠦᠷᠭᠦᠯᠵᠢᠯᠡᠬᠦ᠋ᠢᠴᠡ᠂ ᠨᠡᠩ ᠠᠮᠤᠷ ᠲᠦᠪᠰᠢᠨ | ᠬᠥᠭᠵᠢᠯᠲᠡ ᠶᠢᠨ ᠵᠠᠮ ᠳᠤ ᠤᠷᠤᠪᠠ᠃ | ︵ᠲᠦᠷᠪᠡ︶ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠠᠯ᠎ᠠ ᠪᠠᠷ ᠨᠠᠮ ᠤᠨ | ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠤᠶᠢᠰᠢ᠂ | ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠰᠦᠷ ᠳᠠᠯᠠᠶᠢᠴᠠᠲᠠᠶ ᠲᠡᠤᠬᠡᠨ ᠶᠠᠪᠤᠴᠠ ᠶᠢ ᠥᠩᠭᠡᠷᠡᠭᠡᠵᠦ᠂ | ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠠᠶ᠃ ᠦᠢᠯᠡᠳᠦᠯᠭᠡ ᠶᠢᠨ ᠬᠥᠭᠵᠢᠯᠲᠡ ᠶᠢ | ᠳᠠᠭᠠᠯᠳᠤᠨ᠂ ᠵᠠᠷᠢᠮ ᠭᠦᠨ ᠳᠠᠪᠬᠤᠷᠭ᠎ᠠ ᠶᠢᠨ ᠪᠠᠶᠢᠭᠤᠯᠤᠯ ᠲᠣᠭᠲᠡᠴᠡ ᠶᠢᠨ ᠠᠰᠠᠭᠤᠳᠠᠯ ᠪᠠ ᠠᠰᠢᠭ ᠲᠤᠰᠠ ᠶᠢᠨ | ᠲᠣᠭᠲᠠᠪᠤᠷᠢᠵᠢᠭᠰᠠᠨ ᠬᠠᠯᠬᠠᠪᠴᠢ ᠡᠳᠦᠷ ᠢᠷᠡᠬᠦᠶ᠎ᠡ ᠢᠯᠡᠷᠡᠨ ᠭᠠᠷᠴᠤ᠂ ᠥᠭᠡᠷᠡᠴᠢᠯᠡᠯᠲᠡ ᠪᠡᠷᠬᠡ ᠰᠡᠳᠦᠪ ᠢ | ᠰᠢᠢᠳᠪᠦᠷᠢᠯᠡᠬᠦ ᠬᠤᠭᠤᠴᠠᠭ᠎ᠠ ᠪᠠ ᠲᠦᠭᠰᠢᠭᠦᠷᠢ ᠶᠢ ᠲᠤᠭᠤᠯᠬᠤ ᠱᠠᠲᠤᠨ ᠳᠤ ᠣᠷᠣᠪᠠ᠃ ᠦᠢᠯᠡᠳᠦᠯᠭᠡ ᠶᠢᠨ | ᠬᠥᠭᠵᠢᠯᠲᠡ ᠡᠭᠦᠷᠢᠳᠡ ᠲᠠᠭᠤᠰᠤᠰᠢ ᠦᠭᠡᠢ᠂ ᠦᠵᠡᠯ ᠰᠠᠨᠠᠭᠠᠨ ᠤ ᠴᠢᠯᠥᠭᠡᠯᠡᠯᠳᠡ ᠡᠭᠦᠷᠢᠳᠡ ᠲᠠᠭᠤᠰᠤᠰᠢ ᠦᠭᠡᠢ᠂ | ᠥᠭᠡᠷᠡᠴᠢᠯᠡᠯᠲᠡ ᠨᠡᠭᠡᠭᠡᠯᠲᠡ ᠴᠦ ᠡᠭᠦᠷᠢᠳᠡ ᠲᠠᠭᠤᠰᠤᠰᠢ ᠦᠭᠡᠢ ᠶᠤᠮ᠂ ᠥᠭᠡᠷᠡᠴᠢᠯᠡᠯᠲᠡ ᠳᠤ ᠶᠠᠪᠤᠭᠳᠠᠬᠤ ᠴᠠᠭ | ᠯᠡ ᠪᠠᠶᠢᠬᠤ ᠠᠴᠠ ᠪᠢᠰᠢ ᠳᠠᠭᠤᠰᠬᠤ ᠴᠠᠭ ᠭᠡᠵᠥ ᠪᠠᠶᠢᠬᠤ ᠦᠭᠡᠢ ᠶᠤᠮ᠂ ᠵᠣᠭᠰᠤᠩᠭᠢᠷᠠᠬᠤ ᠪᠠ ᠤᠬᠤᠷᠢᠬᠤ ᠳᠤ | ᠬᠥᠷᠪᠡᠯ ᠭᠠᠷᠬᠤ ᠵᠠᠮ ᠠᠯᠠᠭ᠎ᠠ᠂ ᠡᠷᠬᠡᠪᠰᠢ ᠨᠠᠩ ᠶᠡᠭᠡ ᠤᠯᠤᠰ ᠲᠥᠷᠥ ᠶᠢᠨ ᠰᠥᠰᠥ ᠵᠣᠷᠢᠭ ᠪᠠ ᠣᠶᠤᠨ | ᠤᠬᠠᠭᠠᠨ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠵᠤᠷᠢᠭᠲᠠᠢ ᠪᠠᠷ | ᠲᠦᠪᠡᠭᠲᠡᠢ ᠠᠰᠠᠭᠤᠳᠠᠯ ᠢ ᠰᠢᠢᠳᠪᠥᠷᠢᠯᠡᠵᠥ᠂ ᠵᠤᠷᠢᠭᠲᠠᠢ ᠪᠠᠷ ᠪᠠᠷᠲᠠᠭᠠᠲᠦ ᠭᠠᠵᠠᠷ ᠢ ᠲᠤᠭᠤᠯᠤᠨ᠂ ᠳᠦᠷᠢᠮ ᠤᠨ | ᠪᠠᠶᠢᠭᠤᠯᠤᠯᠲᠠ ᠶᠢ ᠳᠣᠪᠤᠶᠢᠯᠭᠠᠨ᠂ ᠥᠭᠡᠷᠡᠴᠢᠯᠡᠯᠲᠡ ᠶᠢᠨ ᠬᠤᠯᠪᠣᠯᠳᠤᠬᠤ ᠴᠢᠨᠠᠷ ᠪᠣᠯᠤᠨ ᠡᠪᠴᠡᠯᠳᠥᠬᠦ ᠴᠢᠨᠠᠷ ᠢ | ᠴᠢᠬᠤᠯᠠᠴᠢᠯᠠᠵᠤ᠂ ᠥᠭᠡᠷᠡᠴᠢᠯᠡᠯᠲᠡ ᠶᠢ ᠦᠨᠡᠨ ᠭᠦ ᠪᠤᠲᠠᠲᠠᠢ ᠪᠠᠷ ᠠᠬᠢᠭᠤᠯᠤᠨ᠂ ᠡᠯ᠎ᠡ ᠲᠠᠯ᠎ᠠ ᠶᠢᠨ ᠪᠠᠶᠢᠭᠤᠯᠤᠯ | ᠲᠣᠭᠲᠡᠴᠡ ᠶᠢᠨ ᠬᠡᠮ ᠰᠣᠭᠤᠭ ᠢ ᠪᠦᠲᠦᠮᠵᠢᠲᠡᠶ ᠠᠷᠢᠯᠭᠠᠬᠤ ᠬᠡᠷᠡᠭᠳᠡᠢ ᠭᠡᠳᠡᠭ ᠢ ᠨᠠᠮ ᠤᠨ ᠲᠥᠪ ᠬᠤᠷᠢᠶ᠎ᠠ | ᠬᠥᠨᠵᠡᠭᠡᠢ ᠲᠠᠨᠢᠵᠥ ᠤᠯᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠠᠴᠠ ᠠᠵᠤ ᠠᠬᠤᠶ ᠶᠢᠨ ᠪᠠᠶᠢᠭᠤᠯᠤᠯ᠂ ᠤᠯᠤᠰ ᠲᠦᠷᠦ ᠶᠢᠨ ᠪᠠᠶᠢᠭᠤᠯᠤᠯ᠂ ᠰᠣᠶᠣᠯ ᠤᠨ | ᠪᠠᠶᠢᠭᠤᠯᠤᠯ᠂ ᠨᠡᠶᠢᠭᠡᠮ ᠤᠨ ᠪᠠᠶᠢᠭᠤᠯᠤᠯ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠬᠢ ᠶᠢᠨ ᠥᠭᠡᠷᠡᠴᠢᠯᠡᠯᠲᠡ ᠪᠤᠯᠤᠨ ᠨᠠᠮ ᠤᠨ ᠪᠠᠶᠢᠭᠤᠯᠤᠯᠲᠠ ᠶᠢᠨ ᠲᠦᠷᠢᠮ ᠤᠨ | ᠥᠭᠡᠷᠡᠴᠢᠯᠡᠯᠲᠡ ᠶᠢᠨ ᠲᠤᠬᠠᠶ ᠪᠠᠶᠢᠷᠢᠯᠠᠭᠤᠯᠤᠯᠲᠠ ᠬᠢᠵᠥ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ᠂ ᠪᠠᠶᠢᠯᠳᠤᠬᠤ ᠪᠤᠳᠤᠯᠭ᠎ᠠ ᠶᠢᠨ ᠭᠤᠤᠯᠳᠠᠯᠭ᠎ᠠ᠂ ᠣᠷᠢᠳᠯᠠᠬᠤ ᠳᠠᠷᠠᠭᠠᠯᠠᠯ | ᠂ ᠭᠤᠤᠯ ᠰᠢᠪᠲᠤᠯᠤᠯᠳᠠ ᠶᠢᠨ ᠴᠢᠭᠯᠡᠯ᠂ ᠠᠵᠢᠯ ᠤᠨ ᠲᠣᠭᠲᠡᠴᠡ᠂ ᠠᠬᠢᠭᠤᠯᠬᠤ ᠠᠷᠭ᠎ᠠ ᠮᠠᠶ᠋ᠢᠭ ᠪᠠ ᠴᠠᠭ ᠤᠨ | ᠬᠦᠰᠦᠨᠦᠭᠲᠦ᠂ ᠵᠠᠮ ᠤᠨ ᠵᠢᠷᠤᠭ ᠢ ᠲᠣᠭᠲᠠᠭᠠᠪᠠ᠃ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠣᠯ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠶᠤᠮ᠂ | ᠲᠡᠷᠡ ᠨᠢ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ | ᠰᠢᠨ᠎ᠡ ᠦᠶ᠎ᠡ ᠶᠢ ᠨᠡᠭᠡᠭᠡᠪᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠪᠤᠯ ᠮᠦᠨ ᠴᠤ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠶᠤᠮ᠂ ᠲᠡᠷᠡ ᠨᠢ | ᠥᠭᠡᠷᠡᠴᠢᠯᠡᠯᠲᠡ ᠶᠢᠨ ᠬᠡᠰᠡᠭ ᠲᠠᠯ᠎ᠠ ᠪᠠᠷ ᠬᠠᠶᠢᠨ ᠰᠦᠪᠡᠭᠴᠢᠯᠡᠬᠦ᠂ ᠮᠥᠰᠥ ᠬᠠᠭᠠᠯᠵᠥ ᠪᠦᠰᠡᠯᠡᠯᠲᠡ | ᠰᠢᠪᠲᠤᠯᠬᠤ ᠠᠴᠠ ᠪᠠᠨ ᠰᠢᠰᠲ᠋ᠧᠮᠵᠢᠨ ᠬᠤᠷᠠᠬᠤ᠂ ᠪᠦᠬᠦ ᠲᠠᠯ᠎ᠠ ᠪᠠᠷ ᠭᠦᠨᠵᠡᠭᠡᠶᠢᠷᠡᠭᠦ ᠲᠡᠶᠢᠰᠢ ᠰᠢᠯᠵᠢᠬᠦ ᠶᠢ | ᠪᠡᠶᠡᠯᠡᠭᠦᠯᠦᠬᠡᠳ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠪᠠᠶᠢᠳᠠᠯ ᠢ ᠨᠡᠭᠡᠭᠡᠪᠡ᠃ ᠨᠠᠮ ᠠᠴᠠ | ᠥᠭᠡᠷᠡᠴᠢᠯᠡᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ | ᠠᠬᠢᠭᠤᠯᠬᠤ᠂ ᠠᠷᠠᠳ ᠲᠥᠮᠡᠨ ᠤ ᠬᠡᠰᠢᠭ ᠪᠤᠶᠠᠨ ᠢ ᠨᠡᠮᠡᠭᠳᠡᠬᠦᠯᠬᠦ ᠪᠠᠷ ᠡᠭᠦᠰᠥᠯᠲᠠ ᠪᠠ ᠥᠷ᠎ᠠ ᠳ᠋ᠥᠩ ᠪᠣᠯᠭᠠᠵᠤ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠨ᠂ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ | ᠴᠢᠯᠥᠭᠡᠯᠡᠬᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠥᠭᠡᠯᠡᠨ ᠬᠥᠭᠵᠢᠭᠦᠯᠬᠦ᠂ ᠨᠡᠶᠢᠭᠡᠮ ᠤᠨ ᠠᠮᠢᠳᠤᠯᠢᠭ | ᠬᠦᠴᠦᠨ ᠢ ᠴᠢᠯᠥᠭᠡᠯᠡᠨ ᠨᠡᠮᠡᠭᠳᠡᠬᠦᠯᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠣᠷᠣᠢ ᠶᠢᠨ ᠲᠠᠪᠬᠤᠷᠭ᠎ᠠ ᠶᠢᠨ ᠵᠢᠷᠤᠭ | ᠲᠥᠯᠥᠪᠯᠡᠭᠡ ᠬᠢᠬᠦ ᠪᠠ ᠪᠦᠬᠦᠯᠢ ᠴᠣᠭᠴᠠ ᠪᠠᠷ ᠨᠢ ᠤᠬᠠᠭᠠᠯᠠᠨ ᠲᠥᠯᠥᠪᠯᠡᠬᠦ ᠶᠢ ᠴᠢᠩᠭᠠᠳᠬᠠᠨ᠂ | ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠨᠡᠮᠡᠭᠳᠡᠭᠦᠯᠵᠦ᠂ | ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠥᠭᠵᠢᠭᠡᠵᠦ᠂ ᠴᠢᠬᠤᠯᠠ ᠬᠦᠷᠢᠶ᠎ᠡ ᠪᠠ | ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠪᠠ᠃ | ᠨᠠᠮ ᠠᠴᠠ ᠥᠭᠡᠷᠡᠴᠢᠯᠡᠯᠲᠡ ᠳᠤ ᠪᠦᠬᠦ ᠲᠠᠯ᠎ᠠ ᠪᠠᠷ ᠬᠦᠴᠦᠯᠡᠬᠦ᠂ ᠣᠯᠠᠨ ᠲᠠᠯ᠎ᠠ ᠪᠠᠷ ᠰᠢᠪᠲᠤᠯᠤᠯᠲᠠ ᠭᠠᠷᠭᠠᠬᠤ᠂ | ᠰᠢᠭᠤᠷᠬᠠᠢ ᠪᠥᠭᠡᠳ ᠯᠠᠪᠳᠠᠭᠤᠨ ᠬᠢᠬᠦ᠂ ᠭᠦᠨᠵᠡᠭᠡᠶᠢᠷᠡᠬᠦᠯᠦᠨ ᠤᠷᠤᠭᠰᠢᠯᠠᠭᠤᠯᠬᠤ ᠶᠢ ᠠᠬᠢᠭᠤᠯᠵᠤ᠂ ᠰᠠᠭᠤᠷᠢ ᠶᠢ | ᠪᠠᠲᠤᠳᠬᠠᠨ ᠲᠠᠪᠴᠠᠩ ᠢ ᠪᠠᠬᠢᠯᠡᠵᠦ᠂ ᠲᠤᠯᠭᠠᠭᠤᠷ ᠪᠣᠰᠬᠠᠨ ᠨᠢᠷᠤᠭᠤ ᠲᠠᠯᠪᠢᠬᠤ ᠠᠴᠠ ᠪᠦᠬᠦ ᠲᠠᠯ᠎ᠠ ᠪᠠᠷ ᠠᠬᠢᠭᠤᠯᠬᠤ | ᠂ ᠰᠠᠭᠤᠷᠢ ᠪᠠᠨ ᠪᠠᠬᠢᠵᠢᠭᠦᠯᠦᠨ ᠬᠦᠭᠵᠢᠯᠲᠡ ᠶᠢᠨ ᠬᠠᠨᠳᠥᠰᠢ ᠶᠢ ᠪᠤᠢ ᠪᠣᠯᠭᠠᠬᠤ ᠬᠥᠷᠳᠡᠯ᠎ᠠ᠂ ᠳᠠᠬᠢᠭᠠᠳ | ᠰᠢᠰᠲ᠋ᠧᠮᠵᠢᠬᠦᠯᠦᠨ ᠬᠤᠷᠠᠭᠤᠯᠬᠤ᠂ ᠬᠠᠮᠵᠢᠯᠴᠠᠭᠤᠯᠤᠨ ᠥᠨᠳᠥᠷ ᠪᠦᠲᠦᠮᠵᠢᠲᠡᠶ ᠪᠤᠯᠭᠠᠬᠤ ᠬᠥᠷᠳᠡᠯ᠎ᠠ ᠡᠯ᠎ᠡ | ᠬᠦᠷᠢᠶᠡᠨ ᠤ ᠰᠠᠭᠤᠷᠢᠯᠠᠬᠤ ᠴᠢᠨᠠᠷᠲᠠᠶ ᠲᠦᠷᠢᠮ ᠤᠨ ᠪᠣᠷᠣ ᠲᠥᠯᠥᠪ ᠢ ᠦᠨᠳᠦᠰᠦᠨ ᠳᠡᠭᠡᠨ ᠲᠣᠭᠲᠠᠭᠠᠵᠤ᠂ ᠮᠠᠰᠢ | ᠤᠯᠠᠨ ᠬᠦᠷᠢᠶᠡᠨ ᠳᠤ ᠲᠡᠤᠬᠡᠲᠦ ᠴᠢᠨᠠᠷᠲᠠᠶ ᠬᠤᠪᠢᠰᠤᠯᠲᠠ᠂ ᠰᠢᠰᠲ᠋ᠧᠮᠲᠦ ᠴᠢᠨᠠᠷᠲᠠᠶ ᠲᠠᠬᠢᠨ ᠱᠤᠭᠤᠯᠳᠠ᠂ ᠪᠦᠬᠦᠯᠢ | ᠴᠣᠭᠴᠠᠲᠦ ᠴᠢᠨᠠᠷᠲᠠᠶ ᠲᠠᠬᠢᠨ ᠪᠠᠶᠢᠭᠤᠯᠥᠯᠳᠡ ᠶᠢ ᠪᠡᠶᠡᠯᠡᠭᠦᠯᠪᠡ᠃ ᠨᠡᠭᠡᠭᠡᠯᠳᠡ ᠬᠢᠪᠡᠯ ᠲᠠᠪᠰᠢᠵᠥ᠂ ᠲᠦᠭᠵᠢᠵᠦ | ᠪᠢᠲᠡᠭᠦᠮᠵᠢᠯᠡᠪᠡᠯ ᠵᠠᠶᠢᠯᠠᠰᠢ ᠦᠭᠡᠢ ᠬᠤᠴᠣᠷᠤᠨ᠎ᠠ︔ ᠮᠠᠨ ᠤ ᠤᠯᠤᠰ ᠤᠨ ᠬᠥᠭᠵᠢᠯᠲᠡ ᠳᠠᠪᠠᠭᠤᠯᠢᠭ ᠪᠠᠶᠢᠷᠢ ᠶᠢ | ᠡᠵᠡᠯᠡᠵᠦ᠂ ᠰᠠᠨᠠᠭᠠᠴᠢᠯᠠᠭᠠᠲᠤ ᠡᠷᠭᠡ ᠶᠢ ᠣᠯᠵᠤ᠂ ᠢᠷᠡᠭᠡᠳᠦᠶ ᠳᠤ ᠢᠯᠡᠯᠳᠠ ᠤᠯᠤᠶ᠎ᠠ ᠭᠡᠪᠡᠯ ᠡᠷᠬᠡᠪᠰᠢ ᠠᠵᠤ | ᠠᠬᠤᠢ ᠶᠢᠨ ᠳᠠᠯᠡᠬᠡᠶᠢᠴᠢᠯᠡᠯᠳᠠ ᠳᠤ ᠵᠣᠬᠢᠴᠠᠵᠤ᠂ ᠮᠠᠨ ᠤ ᠤᠯᠤᠰ ᠤᠨ ᠬᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠳᠠᠪᠠᠭᠤᠯᠢᠭ ᠲᠠᠭᠠᠨ ᠲᠦᠰᠢᠭᠯᠡᠵᠦ᠂ ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ | ᠨᠡᠭᠡᠭᠡᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠳᠡᠭ ᠢ ᠨᠠᠮ ᠤᠨ ᠲᠥᠪ ᠬᠤᠷᠢᠶ᠎ᠠ ᠬᠥᠨᠵᠡᠭᠡᠢ | ᠲᠠᠨᠢᠵᠥ ᠤᠯᠪᠠ᠃ ᠮᠠᠨ ᠤ ᠤᠯᠤᠰ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠶᠢ | ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾ ᠢ ᠬᠠᠮᠳᠥ ᠪᠠᠷ ᠪᠠᠶᠢᠭᠤᠯᠬᠤ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠵᠠᠮ ᠳᠠᠭᠠᠤ ᠤᠯᠤᠰ ᠤᠨ ᠠᠵᠤ ᠠᠬᠤᠶ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ | ᠰᠠᠶᠢᠵᠢᠷᠠᠯᠲᠠ ᠳᠤ ᠬᠤᠯᠪᠣᠭᠳᠠᠬᠤ ᠥᠯᠡᠮᠵᠢᠭᠡᠨ ᠨᠢᠭᠡ ᠪᠦᠯᠦᠭ ᠬᠠᠮᠳᠤᠷᠠᠯᠴᠠᠭᠠᠨ ᠤ ᠲᠥᠰᠥᠯ ᠢ ᠠᠬᠢᠭᠤᠯᠵᠤ᠂ | ᠡᠩᠬᠡ ᠲᠠᠶᠢᠪᠤᠩ ᠤᠨ ᠵᠠᠮ᠂ ᠴᠡᠴᠡᠭᠯᠡᠯ ᠬᠥᠭᠵᠢᠯ ᠤᠨ ᠵᠠᠮ᠂ ᠨᠡᠭᠡᠭᠡᠯᠲᠡ ᠶᠢᠨ ᠵᠠᠮ᠂ ᠨᠤᠭᠤᠭᠠᠨ ᠵᠠᠮ᠂ ᠰᠢᠨ᠎ᠡ ᠶᠢ | ᠡᠬᠦᠳᠬᠦ ᠵᠠᠮ᠂ ᠪᠣᠯᠪᠠᠰᠤᠨ ᠤ ᠵᠠᠮ ᠢ ᠪᠠᠶᠢᠭᠤᠯᠵᠥ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠶᠢ | ᠣᠳᠣᠬᠠᠨ ᠤ ᠳᠡᠯᠡᠬᠡᠢ ᠶᠢᠷᠲᠢᠨᠴᠦ ᠳᠤ ᠶᠡᠭᠡ ᠪᠠᠷ ᠬᠦᠷᠢᠶᠡᠯᠡᠭᠳᠡᠭᠰᠡᠨ ᠲᠡᠯᠡᠬᠡᠢ ᠶᠢᠨ ᠤᠯᠠᠨ ᠨᠡᠶᠢᠳᠡ ᠶᠢᠨ | ᠪᠦᠲᠦᠭᠡᠭᠳᠡᠬᠦᠨ ᠪᠠ ᠤᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠭᠠᠪᠠ᠃ ᠮᠠᠨ ᠤ ᠤᠯᠤᠰ ᠳᠣᠲᠣᠭᠠᠳᠤ | ᠭᠠᠳᠠᠭᠠᠳᠤ ᠨᠡᠭᠡᠭᠡᠯᠲᠡ ᠶᠢ ᠬᠠᠷᠢᠯᠴᠠᠨ ᠠᠬᠢᠭᠤᠯᠬᠤ᠂ ︽ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠬᠤ︾ | ᠶᠢ ᠨᠠᠩ ᠰᠠᠶᠢᠨ ᠤᠶᠠᠯᠳᠤᠭᠤᠯᠬᠤ ᠶᠢ ᠪᠠᠷᠢᠮᠳᠠᠯᠠᠵᠤ᠂ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ | ᠴᠢᠯᠥᠭᠡᠵᠢᠯᠲᠡ ᠲᠦᠳᠡᠴᠢᠯᠡᠯᠳᠠ ᠶᠢ ᠠᠬᠢᠭᠤᠯᠵᠤ᠂ ᠪᠦᠬᠦ ᠳᠡᠯᠡᠬᠡᠢ ᠳᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ | ᠴᠢᠯᠥᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠤᠨ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ | ᠪᠠ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠢ ᠪᠦᠲᠦᠭᠡᠨ ᠪᠠᠶᠢᠭᠤᠯᠵᠤ᠂ ᠳᠦᠷᠢᠮ᠂ ᠳᠦᠷᠢᠮ ᠲᠣᠭᠲᠠᠭᠠᠯ᠂ | ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠠᠬᠢᠭᠤᠯᠤᠨ᠂ ᠨᠡᠩ ᠶᠡᠭᠡ | ᠬᠡᠪᠴᠢᠶᠡᠨ ᠤ᠂ ᠨᠡᠩ ᠥᠷᠭᠡᠨ ᠬᠦᠷᠢᠶᠡᠨ ᠤ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢᠨ | ᠪᠠᠶᠢᠷᠢᠰᠢᠯ ᠢ ᠪᠦᠷᠢᠯᠳᠦᠭᠦᠯᠵᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ᠂ ᠣᠯᠠᠨ ᠡᠰᠢᠵᠢᠭᠦᠯᠦᠨ | ᠲᠡᠩᠴᠡᠭᠦᠷᠢᠰᠢᠭᠦᠯᠬᠦ᠂ ᠠᠮᠤᠷ ᠲᠦᠪᠰᠢᠨ ᠥᠨᠳᠥᠷ ᠪᠦᠲᠦᠮᠵᠢᠲᠡᠶ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ | ᠰᠢᠰᠲ᠋ᠧᠮ ᠢ ᠪᠠᠶᠢᠭᠤᠯᠵᠥ᠂ ᠮᠠᠨ ᠤ ᠤᠯᠤᠰ ᠤᠨ ᠣᠯᠠᠨ ᠤᠯᠤᠰ ᠯᠤᠭ᠎ᠠ ᠶᠢᠨ ᠠᠵᠤ ᠠᠬᠤᠶ ᠶᠢᠨ ᠬᠠᠮᠳᠤᠷᠠᠯᠴᠠᠭ᠎ᠠ | ᠪᠣᠯᠤᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠲᠠᠰᠤᠷᠠᠯᠲᠠ ᠤᠢᠭᠡᠢ ᠨᠡᠮᠡᠭᠳᠡᠭᠦᠯᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠥᠢᠯᠡᠰ ᠤᠨ ᠥᠷᠭᠡᠵᠢᠨ ᠬᠥᠨᠵᠡᠭᠡᠶᠢᠷᠡᠬᠦ ᠶᠢ ᠲᠠᠰᠤᠷᠠᠯᠳᠠ ᠥᠭᠡᠢ ᠠᠬᠢᠭᠤᠯᠤᠭᠠᠳ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮᠲᠤ ᠪᠠᠶᠢᠭᠤᠯᠤᠯ ᠨᠡᠩ ᠪᠣᠯᠪᠠᠰᠤᠷᠠᠩᠭᠤᠶ ᠨᠡᠩ ᠲᠤᠭᠳᠠᠪᠤᠷᠢᠵᠢᠵᠤ᠂ ᠲᠥᠷᠥ ᠶᠢ | ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠲᠠᠰᠤᠷᠠᠯᠲᠠ ᠦᠭᠡᠢ | ᠳᠡᠭᠡᠭᠰᠢᠯᠡᠵᠦ᠂ ᠨᠠᠮ ᠪᠠ ᠤᠯᠤᠰ ᠤᠨ ᠠᠵᠢᠯ ᠦᠢᠯᠡᠰ ᠰᠢᠨ᠎ᠡ ᠠᠮᠢᠵᠢᠷᠠᠯ ᠤᠨ ᠬᠦᠴᠦᠨ ᠪᠠ ᠠᠮᠢᠳᠥᠯᠢᠬ | ᠬᠥᠴᠥᠨ ᠢᠶᠠᠨ ᠪᠠᠳᠠᠷᠠᠭᠤᠯᠪᠠ᠃ | ︵ᠲᠠᠪᠤ︶ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ ᠬᠢᠭᠰᠡᠨ ᠤ | ᠳᠠᠷᠠᠭ᠎ᠠ᠂ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢ ᠪᠠᠷᠢᠮᠲᠠᠯᠠᠡ᠂ ᠨᠡᠶᠢᠭᠡᠮ ᠵᠢᠷᠤᠮ ᠤᠨ ᠠᠷᠠᠳᠴᠢᠯᠠᠯ ᠢ | ᠬᠥᠭᠵᠢᠭᠦᠯᠥᠭᠡᠳ ᠴᠢᠬᠤᠯᠠ ᠶᠡᠭᠡ ᠠᠬᠢᠯᠳᠠ ᠲᠠᠢ ᠪᠣᠯᠪᠠ᠃ ᠨᠠᠮ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ | ᠤᠯᠤᠰ ᠲᠥᠷᠥ ᠶᠢᠨ ᠬᠥᠭᠵᠢᠯᠲᠡ ᠶᠢᠨ ᠢᠯᠠᠯᠳᠠ ᠢᠯᠠᠭᠳᠠᠯ ᠤᠨᠤᠬ ᠠᠯᠳᠠᠭ ᠠᠴᠠ ᠭᠦᠨᠵᠡᠭᠡᠶ ᠲᠠᠨᠢᠵᠤ | ᠣᠯᠤᠭᠰᠠᠨ ᠨᠢ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠢᠲᠡᠭᠡᠯ ᠢ | ᠪᠠᠲᠤᠳᠬᠠᠬᠤ ᠳᠤ ᠡᠩ ᠲᠡᠷᠢᠭᠦᠨ ᠳᠤ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠤᠯᠤᠰ | ᠲᠥᠷᠥ ᠶᠢᠨ ᠪᠠᠶᠢᠭᠤᠯᠤᠯ ᠤᠨ ᠢᠲᠡᠭᠡᠯ ᠢ ᠪᠠᠲᠤᠳᠬᠠᠨ᠂ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠥᠷᠥ ᠶᠢ | ᠪᠠᠶᠢᠭᠤᠯᠵᠥ᠂ ᠨᠡᠶᠢᠭᠡᠮ ᠵᠢᠷᠤᠮ ᠤᠨ ᠤᠯᠤᠰ ᠲᠥᠷᠥ ᠶᠢᠨ ᠪᠣᠯᠪᠠᠰᠤᠨ ᠢ ᠬᠥᠭᠵᠢᠭᠦᠯᠬᠦ ᠬᠡᠷᠡᠭᠳᠡᠢ᠂ ᠡᠷᠬᠡᠪᠰᠢ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠢ ᠳᠤᠮᠳᠠᠳᠤ | ᠤᠯᠤᠰ ᠤᠨ ᠨᠡᠶᠢᠭᠡᠮ ᠤᠨ ᠬᠥᠷᠥᠰᠥ ᠰᠢᠷᠣᠶ ᠳᠤ ᠭᠦᠨ ᠦᠨᠳᠦᠰᠦᠯᠡᠭᠦᠯᠬᠦ ᠬᠡᠷᠡᠭᠲᠡᠢ᠂ ᠪᠤᠰᠤᠳ ᠤᠯᠤᠰ ᠤᠨ ᠤᠯᠤᠰ | ᠲᠥᠷᠥ ᠶᠢᠨ ᠪᠠᠶᠢᠭᠤᠯᠤᠯ ᠢ ᠲᠡᠷᠡ ᠴᠢᠭ ᠢᠶᠠᠷ ᠨᠢ ᠨᠡᠭᠦᠯᠭᠡᠨ ᠬᠡᠷᠡᠭᠯᠡᠬᠦ ᠨᠢ ᠶᠠᠪᠤᠭᠳᠠᠵᠥ ᠴᠢᠳᠠᠰᠢ ᠦᠭᠡᠶ ᠶᠤᠮ᠂ | ᠴᠢᠨᠠᠭᠰᠢᠯᠠᠪᠠᠯ ᠤᠯᠤᠰ ᠣᠷᠣᠨ ᠤ ᠢᠷᠡᠭᠡᠳᠦᠶ ᠬᠤᠪᠢ ᠵᠠᠶᠠᠭ᠎ᠠ ᠶᠢ ᠪᠤᠯᠠᠰᠢᠯᠠᠵᠥ ᠮᠡᠳᠡᠨ᠎ᠡ᠃ ᠡᠷᠬᠡᠪᠰᠢ ᠨᠠᠮ ᠤᠨ | ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠥ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ | ᠣᠷᠭᠠᠨᠢᠭ ᠢᠶᠠᠷ ᠨᠢᠭᠡᠳᠤᠭᠦᠯᠬᠦ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ | ᠬᠥᠭᠵᠢᠭᠦᠯᠣᠨ᠂ ᠪᠦᠬᠦ ᠲᠠᠯ᠎ᠠ ᠶᠢᠨ᠂ ᠥᠷᠭᠡᠨ ᠳᠡᠯᠭᠡᠷ᠂ ᠣᠷᠭᠠᠨᠢᠭ ᠢᠶᠠᠷ ᠵᠣᠯᠭᠠᠯᠳᠤᠭᠰᠠᠨ ᠠᠷᠠᠳ ᠲᠦᠮᠡᠨ ᠤ | ᠡᠵᠡᠨ ᠰᠠᠭᠤᠵᠦ ᠡᠷᠬᠡ ᠮᠡᠳᠡᠬᠦ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠥ᠂ ᠣᠯᠠᠨ ᠶᠠᠩᠵᠤ ᠶᠢᠨ᠂ ᠰᠠᠭᠠᠳ | ᠦᠭᠡᠢ ᠨᠡᠪᠳᠡᠷᠡᠬᠦ᠂ ᠡᠮᠬᠢ ᠵᠢᠷᠤᠮ ᠲᠠᠢ ᠠᠷᠠᠳᠴᠢᠯᠠᠯ ᠤᠨ ᠠᠷᠭ᠎ᠠ ᠵᠠᠮ ᠢ ᠪᠤᠢ ᠪᠤᠯᠭᠠᠵᠥ᠂ ᠠᠷᠠᠳᠴᠢᠯᠠᠯ ᠤᠨ | ᠬᠡᠯᠪᠡᠷᠢ ᠶᠢ ᠪᠠᠶᠠᠯᠢᠬᠵᠢᠭᠤᠯᠤᠨ᠂ ᠡᠯ᠎ᠡ ᠲᠡᠰ ᠳᠠᠪᠬᠤᠷᠭ᠎ᠠ ᠡᠯ᠎ᠡ ᠬᠦᠷᠢᠶᠡᠨ ᠠᠴᠠ ᠠᠷᠠᠳ ᠲᠦᠮᠡᠨ ᠤ ᠡᠮᠬᠢ | ᠵᠢᠷᠤᠮ ᠲᠠᠢ ᠪᠠᠷ ᠤᠯᠤᠰ ᠲᠦᠷᠦ ᠳᠤ ᠣᠷᠣᠯᠴᠠᠬᠤ ᠶᠢ ᠥᠷᠭᠡᠳᠭᠡᠵᠦ᠂ ᠡᠯ᠎ᠡ ᠲᠠᠯ᠎ᠠ ᠶᠢᠨ ᠪᠠᠶᠢᠭᠤᠯᠤᠯ ᠪᠣᠯᠤᠨ | ᠲᠥᠷᠥ ᠶᠢᠨ ᠵᠠᠰᠠᠯᠲᠠ ᠶᠢ ᠠᠷᠠᠳ ᠲᠦᠮᠡᠨ ᠤ ᠬᠦᠰᠡᠯ ᠵᠣᠷᠢᠭ ᠢ ᠨᠡᠩ ᠰᠠᠶᠢᠨ ᠢᠯᠡᠷᠡᠭᠦᠯᠬᠦ᠂ ᠠᠷᠠᠳ ᠲᠦᠮᠡᠨ ᠤ | ᠡᠷᠬᠡ ᠠᠰᠢᠭ ᠢ ᠨᠡᠩ ᠰᠠᠶᠢᠨ ᠪᠠᠲᠤᠯᠠᠬᠤ᠂ ᠠᠷᠠᠳ ᠲᠦᠮᠡᠨ ᠤ ᠡᠭᠦᠳᠦᠨ ᠪᠦᠲᠦᠭᠡᠯᠲᠡ ᠶᠢ ᠨᠡᠩ ᠰᠠᠶᠢᠨ ᠬᠥᠭᠵᠢᠭᠡᠬᠦ | ᠪᠣᠯᠭᠠᠬᠤ ᠬᠡᠷᠡᠭᠳᠡᠢ᠃ ᠥᠷᠥᠨᠡᠳᠠᠬᠢᠨ ᠤ ︽ᠦᠨᠳᠦᠰᠦᠨ ᠬᠠᠤᠯᠢᠲᠤ ᠵᠠᠰᠠᠭ︾᠂ ᠤᠯᠡᠠ ᠨᠠᠮ ᠡᠭᠡᠯᠵᠢᠯᠡᠨ ᠲᠦᠷᠦ | ᠪᠠᠷᠢᠬᠤ᠂ ︽ᠭᠤᠷᠪᠠᠨ ᠡᠷᠬᠡ ᠶᠢ ᠲᠤᠰᠠᠭᠠᠷᠯᠠᠭᠤᠯᠬᠤ︾ ᠭᠡᠬᠦ ᠮᠡᠲᠦ ᠶᠢᠨ ᠤᠯᠤᠰ ᠲᠦᠷᠦ ᠶᠢᠨ ᠦᠵᠡᠯ ᠰᠠᠨᠠᠭᠠᠨ ᠤ | ᠤᠷᠤᠰᠬᠠᠯ ᠤᠨ ᠨᠡᠷᠪᠡᠯᠲᠡ ᠨᠥᠯᠥᠭᠡ ᠶᠢ ᠡᠷᠬᠡᠪᠰᠢ ᠰᠡᠷᠡᠮᠵᠢᠯᠡᠨ ᠰᠡᠷᠭᠡᠶᠢᠯᠡᠬᠦ ᠬᠡᠷᠡᠭᠲᠡᠶ᠃ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠨᠠᠮ ᠤᠨ ᠤᠷᠲᠤ | ᠬᠤᠭᠤᠴᠠᠭ᠎ᠠ ᠪᠠᠷ ᠲᠥᠷᠥ ᠪᠠᠷᠢᠬᠤ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢ | ᠪᠣᠳᠣᠯᠬᠢᠯᠠᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠥ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ᠂ ᠲᠥᠷᠥ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ | ᠲᠤᠬᠠᠶ ᠶᠡᠷᠦᠩᠬᠡᠶ ᠵᠢᠷᠤᠭ ᠲᠥᠯᠥᠪᠯᠡᠭᠡ ᠬᠢᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮᠳᠥ | ᠪᠠᠶᠢᠭᠤᠯᠤᠯ ᠢ ᠲᠤᠯᠭᠠᠭᠤᠷᠢᠯᠠᠬᠤ ᠦᠨᠳᠦᠰᠦᠨ ᠪᠠᠶᠢᠭᠤᠯᠤᠯ᠂ ᠭᠤᠤᠯ ᠪᠠᠶᠢᠭᠤᠯᠤᠯ᠂ ᠴᠢᠬᠤᠯᠠ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠭᠤᠤᠯᠳᠠᠯᠭ᠎ᠠ ᠲᠠᠢ ᠪᠠᠶᠢᠷᠢᠯᠠᠭᠤᠯᠪᠠ᠃ ᠨᠠᠮ ᠤᠨ ᠲᠥᠪ ᠬᠤᠷᠢᠶ᠎ᠠ ᠠᠴᠠ | ᠴᠢᠬᠤᠯᠠᠴᠢᠯᠠᠭᠰᠠᠨ ᠨᠢ᠂ ᠡᠷᠬᠡᠪᠰᠢ ᠠᠷᠠᠳ ᠲᠦᠮᠡᠨ ᠤ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ | ᠠᠷᠠᠳ ᠲᠦᠮᠡᠨ ᠤ ᠠᠷᠠᠳᠴᠢᠯᠠᠯ ᠢᠶᠠᠷ ᠰᠣᠩᠭᠤᠭᠤᠯᠢ ᠬᠢᠬᠦ᠂ ᠠᠷᠠᠳᠴᠢᠯᠠᠯ ᠢᠶᠠᠷ ᠵᠥᠪᠳᠡᠯᠴᠡᠬᠦ᠂ ᠠᠷᠠᠳᠴᠢᠯᠠᠯ ᠢᠶᠠᠷ | ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ | ᠶᠣᠰᠣᠭᠠᠷ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ᠃ ᠨᠠᠮ ᠠᠴᠠ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳ ᠲᠦᠮᠡᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠢᠶᠠᠷ ᠳᠠᠮᠵᠢᠭᠤᠯᠤᠨ ᠲᠥᠷᠥ ᠶᠢᠨ ᠡᠷᠬᠡ ᠶᠢ ᠬᠡᠷᠡᠭᠵᠢᠭᠦᠯᠬᠦ ᠶᠢ ᠳᠡᠮᠵᠢᠬᠦ ᠪᠠ ᠪᠠᠲᠤᠯᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ | ᠡᠷᠬᠡ᠂ ᠲᠣᠮᠢᠯᠠᠬᠤ ᠪᠠ ᠪᠠᠭᠤᠯᠭᠠᠬᠤ ᠡᠷᠬᠡ ᠪᠠᠨ ᠬᠠᠤᠯᠢ ᠶᠤᠰᠤᠭᠠᠷ ᠬᠡᠷᠡᠭᠵᠢᠬᠦᠯᠬᠦ ᠶᠢ ᠲᠡᠮᠵᠢᠬᠦ ᠪᠠ ᠪᠠᠳᠤᠯᠠᠵᠥ᠂ | ᠰᠤᠩᠭᠤᠭᠤᠯᠢ ᠶᠢᠨ ᠪᠢᠯᠧᠲ ᠲᠠᠲᠠᠵᠤ ᠬᠠᠭ᠋ᠤᠤᠯᠢᠳᠤ ᠰᠤᠩᠭᠤᠭᠤᠯᠢ ᠬᠢᠭᠰᠡᠨ ᠬᠡᠷᠡᠭ ᠢ ᠡᠷᠡᠰ ᠪᠠᠶᠢᠴᠠᠭᠠᠨ | ᠰᠢᠢᠳᠪᠦᠷᠢᠯᠡᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠡᠷᠬᠡ ᠰᠦᠷ ᠪᠠ ᠨᠡᠷ᠎ᠡ | ᠬᠥᠨᠳᠥ ᠶᠢ ᠬᠠᠮᠠᠭᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠦᠨᠳᠦᠰᠦᠨ | ᠤᠯᠤᠰ ᠲᠦᠷᠦ ᠶᠢᠨ ᠪᠠᠶᠢᠭᠤᠯᠤᠯ ᠤᠨ ᠥᠢᠯᠡᠳᠦᠯ ᠢ ᠪᠠᠳᠠᠷᠠᠭᠤᠯᠪᠠ᠃ ᠨᠠᠮ ᠠᠴᠠ ᠳᠤᠮᠳᠠᠳᠤ ᠤᠯᠤᠰ ᠤᠨ ᠡᠪ | ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠠᠴᠠ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ ᠪᠠᠶᠢᠭ᠎ᠠ | ᠪᠠᠶᠢᠳᠠᠯ ᠳᠤ ᠲᠤᠰᠬᠠᠶ ᠬᠢᠨᠠᠯᠲᠠ ᠲᠠᠯᠪᠢᠬᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠳᠤ | ᠰᠢᠭᠤᠳ ᠰᠠᠨᠠᠭᠤᠯᠭ᠎ᠠ ᠳᠤᠷᠠᠳᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠲᠤᠰᠬᠠᠶ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ | ᠵᠢᠷᠤᠮ ᠤᠨ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷᠡᠩᠭᠦᠢ ᠤᠯᠠᠨ ᠲᠡᠰ ᠳᠠᠪᠬᠤᠷᠭᠠᠲᠤ ᠳᠦᠷᠢᠮᠵᠢᠭᠰᠡᠨ | ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪᠯᠡᠬᠦ ᠠᠷᠠᠳᠴᠢᠯᠠᠯ ᠤᠨ ᠰᠢᠰᠲ᠋ᠧᠮ ᠢ | ᠪᠦᠷᠢᠯᠳᠦᠭᠦᠯᠪᠠ᠃ ᠨᠠᠮ ᠠᠴᠠ ᠦᠨᠳᠦᠰᠦᠨ ᠱᠠᠲᠤᠨ ᠤ ᠵᠠᠰᠠᠭ ᠤᠨ ᠡᠷᠬᠡ ᠶᠢ ᠪᠠᠬᠢᠵᠢᠭᠦᠯᠬᠦ ᠶᠢ ᠪᠠᠷᠢᠮᠲᠠᠯᠠᠵᠤ᠂ | ᠦᠨᠳᠦᠰᠦᠨ ᠱᠠᠲᠤᠨ ᠤ ᠠᠷᠠᠳᠴᠢᠯᠠᠯ ᠤᠨ ᠳᠦᠷᠢᠮ ᠢ ᠲᠡᠭᠦᠯᠳᠡᠷᠵᠢᠭᠦᠯᠤᠨ᠂ ᠠᠯᠪᠠᠨ ᠶᠠᠪᠤᠳᠠᠯ ᠢ ᠢᠯᠡ ᠪᠠᠷ | ᠶᠠᠪᠤᠭᠳᠠᠭᠤᠯᠬᠤ ᠲᠦᠷᠢᠮ ᠢ ᠲᠡᠭᠦᠯᠳᠡᠷᠵᠢᠭᠦᠯᠵᠦ᠂ ᠠᠷᠠᠳ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ | ᠡᠷᠬᠡ᠂ ᠢᠯᠡᠳᠭᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠪᠠ᠃ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ | ᠬᠠᠮᠵᠢᠯᠴᠠᠭᠤᠯᠬᠤ ᠥᠨᠳᠥᠷ ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠬᠦ ᠲᠠᠯ᠎ᠠ ᠪᠠᠷ ᠬᠠᠤᠯᠢ ᠶᠣᠰᠣᠭᠠᠷ | ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠶᠣᠰᠣᠭᠠᠷ᠂ ᠨᠠᠮ ᠪᠠ ᠲᠥᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠂ ᠨᠠᠮ ᠪᠠ ᠲᠥᠷᠦ ᠶᠢᠨ ᠪᠠᠶᠢᠭᠤᠯᠤᠮᠵᠢ ᠶᠢᠨ ᠡᠭᠦᠷᠭᠡ | ᠴᠢᠳᠠᠪᠥᠷᠢ ᠶᠢ ᠰᠢᠰᠲ᠋ᠧᠮᠳᠥ ᠴᠢᠨᠠᠷᠲᠠᠢ ᠪᠠᠷ᠂ ᠪᠦᠬᠦᠯᠢ ᠴᠣᠭᠴᠠᠲᠤ ᠴᠢᠨᠠᠷᠳᠡᠢ ᠪᠠᠷ ᠳᠠᠬᠢᠨ ᠪᠤᠢ ᠪᠤᠯᠭᠠᠬᠤ ᠶᠢ | ᠪᠡᠶᠡᠯᠡᠭᠦᠯᠪᠠ᠃ ᠨᠠᠮ ᠠᠴᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠥ᠂ ᠳᠤᠮᠳᠠᠳᠤ ᠤᠯᠤᠰ ᠤᠨ ᠣᠨᠴᠠᠯᠢᠭ ᠪᠥᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ | ᠵᠥᠪ ᠵᠠᠮ ᠢᠶᠠᠷ ᠡᠷᠡᠰ ᠭᠤᠶᠢᠪᠢᠰᠢ ᠦᠭᠡᠶ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠣᠶ ᠪᠣᠯᠭᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠶᠢ | ᠪᠠᠷᠢᠮᠲᠠᠯᠠᠵᠥ᠂ ᠰᠢᠨ᠎ᠡ ᠴᠠᠭ ᠦᠶ᠎ᠡ ᠶᠢᠨ ᠨᠠᠮ ᠤᠨ ᠲᠥᠪᠡᠳ ᠢ ᠵᠠᠰᠠᠬᠤ ᠠᠷᠭ᠎ᠠ ᠪᠣᠳᠣᠯᠭ᠎ᠠ᠂ ᠰᠢᠨᠵᠢᠶᠠᠩ ᠢ ᠵᠠᠰᠠᠬᠤ | ᠠᠷᠭ᠎ᠠ ᠪᠣᠳᠣᠯᠭ᠎ᠠ ᠶᠢ ᠲᠣᠭᠲᠠᠭᠠᠵᠥ᠂ ᠡᠷᠬᠡ ᠲᠡᠭᠰᠢ ᠪᠦᠯᠬᠦᠮᠳᠡᠭᠰᠡᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ | ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠤᠨ | ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃ ᠨᠠᠮ ᠠᠴᠠ ᠱᠠᠰᠢᠨ | ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ | ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠢ ᠢᠳᠡᠪᠬᠢᠲᠡᠶ | ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠪᠠ᠃ ᠨᠠᠮ ᠠᠴᠠ ᠶᠡᠭᠡ | ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠤᠨ᠂ ᠬᠠᠮᠤᠭ ᠤᠨ ᠶᠡᠭᠡ ᠶᠡᠷᠦᠩᠬᠡᠢ | ᠬᠤᠷᠢᠶᠠᠭᠴᠢ ᠶᠢ ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠪᠥᠯᠬᠦᠮᠳᠡᠯ ᠬᠤᠯᠪᠤᠭᠠᠯᠠᠯ ᠢ ᠴᠢᠷᠮᠠᠶᠢᠨ ᠵᠢᠷᠤᠭᠯᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠥᠷ ᠲᠠᠯᠠᠶᠢᠴᠡᠳᠡᠢ | ᠬᠦᠴᠦᠨ ᠢ ᠨᠢᠭᠲᠠᠷᠠᠭᠤᠯᠪᠠ᠃ ᠨᠠᠮ ᠠᠴᠠ ᠤᠯᠤᠰ ᠲᠥᠷᠥ ᠶᠢᠨ ᠴᠢᠨᠠᠷ᠂ ᠲᠡᠷᠢᠭᠦᠨ ᠤ ᠴᠢᠨᠠᠷ᠂ ᠣᠯᠠᠨ ᠲᠦᠮᠡᠨᠴᠢ | ᠴᠢᠨᠠᠷ ᠢ ᠴᠢᠩᠭᠠᠷᠠᠭᠤᠯᠬᠤ ᠲᠠᠢ ᠤᠶᠠᠯᠳᠤᠭᠤᠯᠤᠨ᠂ ᠤᠯᠠᠨ ᠲᠦᠮᠡᠨ ᠤ ᠪᠦᠯᠬᠦᠮ ᠤᠨ ᠠᠵᠢᠯ ᠤᠨ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠣᠭᠠᠲᠦ ᠬᠤᠷᠠᠯ ᠵᠡᠷᠭᠡ ᠠᠷᠠᠳ ᠤᠨ ᠪᠦᠯᠬᠦᠮ ᠪᠠ ᠤᠯᠠᠨ ᠲᠦᠮᠡᠨ ᠤ ᠵᠣᠬᠢᠶᠠᠨ | ᠪᠠᠶᠢᠭᠤᠯᠤᠯᠲᠠ ᠶᠢᠨ ᠥᠢᠯᠡᠳᠦᠯ ᠢ ᠨᠡᠩ ᠰᠠᠶᠢᠨ ᠪᠠᠳᠠᠷᠠᠭᠤᠯᠪᠠ᠃ ᠪᠢᠳᠡ ᠠᠷᠠᠳ ᠲᠦᠮᠡᠨ ᠤ ᠣᠷᠣᠰᠢᠨ | ᠲᠣᠭᠲᠠᠨᠢᠬᠤ ᠡᠷᠬᠡ᠂ ᠬᠥᠭᠵᠢᠯᠲᠡ ᠶᠢᠨ ᠡᠷᠬᠡ ᠶᠢ ᠪᠠᠲᠤᠯᠠᠬᠤ ᠪᠠᠷ ᠲᠡᠷᠢᠬᠦᠨ ᠴᠢᠬᠤᠯᠠ ᠵᠥᠢᠯ ᠪᠤᠯᠭᠠᠵᠦ ᠪᠠᠶᠢᠭᠠᠳ | ᠬᠥᠮᠦᠨ ᠤ ᠡᠷᠬᠡ ᠶᠢᠨ ᠥᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ | ᠲᠥᠷᠥ ᠶᠢᠨ ᠳᠦᠷᠢᠮᠵᠢᠬᠦᠯᠥᠯᠳᠡ᠂ ᠵᠢᠷᠤᠮᠵᠢᠭᠤᠯᠤᠯᠲᠠ᠂ ᠲᠡᠰ ᠲᠠᠷᠠᠭᠠᠵᠢᠭᠤᠯᠤᠯᠳᠠ ᠪᠦᠬᠦ ᠲᠠᠯ᠎ᠠ ᠪᠠᠷ ᠠᠬᠢᠵᠤ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠤᠨ ᠳᠠᠪᠠᠭᠤᠯᠢᠭ | ᠴᠢᠨᠠᠷ ᠨᠡᠩ ᠰᠠᠶᠢᠨ ᠪᠠᠳᠠᠷᠠᠵᠤ᠂ ᠠᠮᠢᠳᠤ ᠴᠣᠪᠣᠭᠤᠯᠢᠭ᠂ ᠲᠦᠪᠰᠢᠷᠡᠨ ᠪᠦᠯᠬᠦᠮᠳᠡᠭᠰᠡᠨ ᠤᠯᠤᠰ ᠲᠦᠷᠦ ᠶᠢᠨ | ᠪᠠᠶᠢᠳᠠᠯ ᠪᠠᠬᠢᠵᠢᠨ ᠬᠥᠭᠵᠢᠪᠡ᠃ | ︵ᠵᠢᠷᠭᠤᠭ᠎ᠠ︶ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠲᠠᠯ᠎ᠠ ᠪᠠᠷ ᠥᠭᠡᠷᠡᠴᠢᠯᠡᠯᠲᠡ | ᠨᠡᠭᠡᠭᠡᠯᠳᠡ ᠬᠢᠭᠰᠡᠨ ᠤ ᠲᠠᠷᠠᠭ᠎ᠠ᠂ ᠨᠠᠮ ᠠᠴᠠ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠠᠬᠢᠭᠤᠯᠪᠠ᠃ ᠡᠭᠦᠨ ᠤ ᠬᠠᠮᠲᠦ᠂ | ᠬᠠᠤᠯᠢ ᠪᠠᠶᠢᠪᠠᠴᠥ ᠵᠢᠷᠤᠮᠯᠠᠬᠤ ᠦᠭᠡᠢ᠂ ᠬᠠᠤᠯᠢ ᠬᠡᠷᠡᠭᠵᠢᠭᠦᠯᠬᠦ ᠳᠡᠭᠡᠨ ᠴᠢᠩᠭ᠎ᠠ ᠪᠢᠰᠢ᠂ ᠬᠠᠤᠯᠢ ᠪᠠᠷᠢᠬᠤ ᠳᠠᠭᠠᠨ | ᠭᠤᠣᠯᠴᠢ ᠪᠤᠰᠤ᠂ ᠬᠠᠤᠯᠢ ᠠᠴᠠ ᠵᠥᠷᠢᠴᠡᠭᠰᠡᠨ ᠴᠦ ᠨᠡᠬᠡᠮᠵᠢᠯᠡᠬᠦ ᠦᠭᠡᠢ ᠵᠡᠷᠭᠡ ᠠᠰᠠᠭᠤᠳᠠᠯ ᠬᠦᠨᠳᠦ ᠨᠣᠴᠢᠲᠠᠢ | ᠣᠷᠣᠰᠢᠵᠤ᠂ ᠬᠠᠤᠯᠢ ᠪᠠᠷᠢᠯᠳᠠ ᠶᠢᠨ ᠢᠯᠵᠢᠷᠠᠯ ᠪᠠᠶᠢᠨ ᠲᠠᠬᠢᠨ ᠭᠠᠷᠴᠤ᠂ ᠵᠠᠷᠢᠮ ᠬᠠᠤᠯᠢ ᠬᠡᠷᠡᠭᠵᠢᠭᠦᠯᠬᠦ ᠬᠠᠤᠯᠢ | ᠪᠠᠷᠢᠬᠤ ᠠᠵᠢᠯᠲᠠᠨ ᠬᠤᠪᠢ ᠶᠢᠨ ᠨᠠᠶᠢᠷ ᠢᠶᠠᠷ ᠬᠠᠤᠯᠢ ᠶᠢ ᠭᠠᠵᠢᠭᠤᠳᠠᠭᠤᠯᠤᠨ᠂ ᠴᠢᠨᠠᠭᠰᠢᠯᠠᠪᠠᠯ ᠶᠠᠯᠠᠲᠤ ᠡᠲᠡᠭᠡᠳ ᠤᠨ | ᠬᠠᠮᠠᠭᠠᠯᠠᠭᠴᠢ ᠪᠣᠯᠵᠤ᠂ ᠬᠠᠤᠯᠢ ᠪᠠᠷ ᠵᠠᠰᠠᠬᠤ ᠡᠷᠬᠡ ᠰᠦᠷ ᠢ ᠬᠦᠨᠳᠦ ᠨᠣᠴᠢᠲᠠᠶ ᠬᠤᠬᠢᠷᠠᠭᠤᠯᠣᠨ᠂ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣ ᠶᠢ ᠬᠦᠨᠳᠦ ᠨᠣᠴᠢᠲᠠᠶ ᠨᠥᠯᠥᠭᠡᠯᠡᠪᠡ᠃ ᠡᠷᠬᠡ ᠪᠣᠯ ︽ᠬᠤᠣᠰ ᠢᠷᠲᠦ ᠰᠡᠯᠡᠮ᠎ᠡ | ︾ ᠮᠥᠨ᠂ ᠲᠡᠭᠦᠨ ᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠪᠡᠯ ᠠᠷᠠᠳ ᠲᠦᠮᠡᠨ ᠳᠤ ᠪᠤᠶᠠᠨ ᠥᠢᠯᠡᠳᠴᠦ | ᠪᠣᠯᠤᠨ᠎ᠠ᠂ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠵᠢᠭᠦᠯᠪᠡᠯ ᠵᠠᠶᠢᠯᠠᠰᠢ ᠥᠬᠡᠶ ᠤᠯᠤᠰ ᠣᠷᠣᠨ ᠪᠠ ᠠᠷᠠᠳ | ᠲᠦᠮᠡᠨ ᠳᠤ ᠬᠤᠤᠷ ᠬᠥᠨᠥᠭᠡᠯ ᠤᠴᠠᠷᠠᠭᠤᠯᠬᠤ ᠪᠤᠯᠤᠨ᠎ᠠ ᠭᠡᠳᠡᠭ ᠢ ᠨᠡᠮ ᠬᠥᠨᠵᠡᠭᠡᠢ ᠲᠠᠨᠢᠵᠥ ᠤᠯᠪᠠ᠃ ᠨᠠᠮ ᠤᠨ | ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠬᠠᠤᠯᠢ ᠪᠠᠷ ᠵᠠᠰᠠᠬᠤ ᠨᠢ ᠴᠢᠩᠭᠠᠷᠠᠪᠠᠰᠤ ᠤᠯᠤᠰ ᠣᠷᠣᠨ ᠮᠠᠨᠳᠤᠮᠤᠢ | ᠂ ᠬᠠᠤᠯᠢ ᠪᠠᠷ ᠵᠠᠰᠠᠬᠤ ᠨᠢ ᠰᠤᠯᠠᠷᠠᠪᠠᠰᠤ ᠤᠯᠤᠰ ᠣᠷᠣᠨ ᠰᠠᠮᠠᠭᠤᠷᠠᠮᠤᠢ︔ ᠪᠦᠬᠦ ᠲᠠᠯ᠎ᠠ ᠪᠠᠷ ᠬᠠᠤᠯᠢ ᠶᠤᠰᠤᠭᠠᠷ | ᠤᠯᠤᠰ ᠢᠶᠠᠨ ᠵᠠᠰᠠᠬᠤ ᠪᠣᠯ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠮᠥᠨ ᠴᠢᠨᠠᠷ ᠤᠨ | ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠮᠥᠨ᠂ ᠲᠥᠷᠥ ᠶᠢᠨ ᠵᠠᠰᠠᠯᠲᠠ ᠶᠢᠨ ᠨᠢᠭᠡ ᠤᠳᠠᠭᠠᠨ ᠤ ᠭᠦᠨᠵᠡᠭᠡᠢ | ᠬᠤᠪᠢᠰᠬᠠᠯ ᠮᠥᠨ︔ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ | ᠦᠨᠳᠦᠰᠦᠨ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠬᠡᠷᠡᠭᠲᠡᠶ᠂ ᠬᠠᠤᠯᠢ ᠶᠣᠰᠣᠭᠠᠷ ᠲᠦᠷᠦ | ᠪᠠᠷᠢᠬᠤ ᠶᠢ ᠪᠠᠷᠢᠮᠲᠠᠯᠠᠬᠤ ᠳᠤ ᠡᠩ ᠲᠡᠷᠢᠭᠦᠨ ᠳᠤ ᠦᠨᠳᠦᠰᠦᠨ ᠬᠠᠤᠯᠢ ᠶᠣᠰᠣᠭᠠᠷ ᠲᠦᠷᠦ ᠪᠠᠷᠢᠬᠤ ᠶᠢ ᠪᠠᠷᠢᠮᠲᠠᠯᠠᠬᠤ | ᠬᠡᠷᠡᠭᠲᠡᠶ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢ | ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠨᠣᠯ ᠢ | ᠲᠤᠭᠤᠰᠢᠯᠠᠭᠤᠯᠤᠨ᠂ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠬᠠᠤᠯᠢ ᠶᠣᠰᠣᠭᠠᠷ ᠲᠥᠷᠥ ᠪᠠᠷᠢᠬᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠵᠡᠷᠭᠡ ᠪᠠᠷ ᠠᠬᠢᠭᠤᠯᠬᠤ ᠶᠢ ᠪᠠᠷᠢᠮᠲᠠᠯᠠᠵᠥ᠂ ᠬᠠᠤᠯᠢ ᠪᠠᠷ ᠵᠠᠰᠠᠬᠤ ᠤᠯᠤᠰ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠤᠬᠴᠠᠵᠢᠭᠤᠯᠤᠨ | ᠪᠠᠶᠢᠭᠤᠯᠬᠤ ᠶᠢ ᠪᠠᠷᠢᠮᠲᠠᠯᠠᠨ᠂ ᠨᠡᠶᠢᠭᠡᠮ ᠳᠠᠶᠠᠭᠠᠷ ᠤᠨ ᠬᠠᠤᠯᠢ ᠶᠢ ᠬᠦᠨᠳᠦᠳᠭᠡᠬᠦ ᠬᠠᠤᠯᠢ ᠶᠢ ᠰᠤᠷᠬᠤ ᠬᠠᠤᠯᠢ ᠶᠢ | ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠪᠠ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠷᠠᠭᠤᠯᠬᠤ ᠭᠡᠷᠡᠭᠳᠡᠢ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯᠤᠨ | ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯᠳᠤᠭᠠᠨ ᠠᠴᠠ ᠪᠦᠬᠦ | ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠰᠠᠭᠤᠳᠠᠯ ᠢ ᠲᠤᠰᠬᠠᠶ ᠰᠡᠳᠦᠪ ᠢᠶᠠᠷ ᠰᠤᠳᠤᠯᠤᠭᠠᠳ᠂ | ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠦᠪ ᠭᠤᠤᠯᠴᠢ ᠪᠠᠷ | ᠬᠠᠤᠯᠢ ᠪᠠᠷᠢᠬᠤ᠂ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠲᠤᠬᠠᠶ ᠤᠷᠤᠢ ᠶᠢᠨ ᠲᠠᠪᠬᠤᠷᠭ᠎ᠠ ᠶᠢᠨ ᠵᠢᠷᠤᠭ | ᠲᠥᠯᠥᠪᠯᠡᠭᠡ ᠪᠣᠯᠤᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ | ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠰᠢᠰᠲ᠋ᠧᠮ᠂ ᠬᠠᠤᠯᠢ ᠪᠠᠷ ᠵᠠᠰᠠᠬᠤ ᠳᠤ ᠬᠢᠨᠠᠯᠲᠠ ᠲᠠᠯᠪᠢᠬᠤ ᠰᠢᠰᠲ᠋ᠧᠮ᠂ | ᠬᠠᠤᠯᠢ ᠪᠠᠷ ᠵᠠᠰᠠᠬᠤ ᠶᠢ ᠪᠠᠲᠤᠯᠠᠬᠤ ᠰᠢᠰᠲ᠋ᠧᠮ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ | ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠨᠠᠮ ᠠᠴᠠ ᠴᠢᠬᠤᠯᠠᠴᠢᠯᠠᠬᠰᠠᠨ ᠨᠢ᠂ | ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢᠨ ᠬᠠᠮᠤᠭ ᠤᠨ ᠥᠷᠭᠡᠨ ᠳᠡᠯᠭᠡᠷ᠂ ᠬᠠᠮᠤᠭ ᠤᠨ ᠭᠦᠨ | ᠵᠤᠵᠠᠭᠠᠨ ᠰᠠᠭᠤᠷᠢ ᠪᠣᠯ ᠠᠷᠠᠳ ᠲᠦᠮᠡᠨ ᠮᠦᠨ᠂ ᠡᠷᠬᠡᠪᠰᠢ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ᠂ | ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠠᠷᠠᠳ | ᠲᠦᠮᠡᠨ ᠤ ᠬᠡᠰᠢᠭ ᠪᠤᠶᠠᠨ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠬᠤ ᠶᠢᠨ ᠡᠯ᠎ᠡ | ᠬᠦᠷᠢᠶ᠎ᠡ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠪᠠᠲᠤᠯᠠᠨ ᠠᠬᠢᠭᠤᠯᠵᠦ᠂ ᠬᠠᠤᠯᠢ ᠴᠠᠭᠠᠵᠠ ᠶᠢᠨ ᠪᠠᠶᠢᠭᠤᠯᠤᠯ ᠨᠢᠭᠡᠪᠦᠷᠢ ᠠᠴᠠ᠂ ᠬᠠᠤᠯᠢ ᠬᠡᠷᠡᠭᠵᠢᠭᠦᠯᠬᠦ ᠲᠣᠭᠲᠠᠭᠠᠯ | ᠨᠢᠭᠡᠪᠦᠷᠢ ᠠᠴᠠ᠂ ᠬᠠᠤᠯᠢ ᠪᠠᠷᠢᠵᠤ ᠰᠢᠢᠳᠪᠦᠷᠢᠯᠡᠭᠰᠡᠨ ᠬᠡᠷᠡᠭ ᠨᠢᠭᠡᠪᠦᠷᠢ ᠠᠴᠠ ᠴᠦᠮ ᠲᠦᠪ ᠭᠤᠤᠯᠴᠢ ᠰᠢᠳᠤᠷᠭᠤ | ᠶᠤᠰᠤ ᠶᠢ ᠠᠷᠠᠳ ᠤᠯᠠᠨ ᠳᠤ ᠮᠡᠳᠡᠷᠡᠭᠦᠯᠬᠦ ᠪᠠᠷ ᠴᠢᠷᠮᠠᠶᠢᠬᠤ ᠭᠡᠷᠡᠭᠳᠡᠢ᠃ ᠨᠠᠮ ᠤᠳᠤᠷᠢᠳᠴᠤ ᠪᠠᠶᠢᠭᠠᠳ ᠦᠨᠳᠦᠰᠦᠨ | ᠬᠠᠤᠯᠢ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ | ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠲᠣᠭᠲᠠᠭᠠᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠵᠣᠷᠢᠭ ᠰᠠᠨᠠᠭ᠎ᠠ ᠶᠢ ᠪᠠᠳᠠᠷᠠᠭᠤᠯᠤᠨ᠂ ᠲᠥᠷᠥ ᠶᠢᠨ ᠪᠠᠶᠢᠭᠤᠯᠤᠮᠵᠢ ᠶᠢᠨ ᠬᠠᠤᠯᠢ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠤᠨ ᠬᠠᠤᠯᠢ ᠪᠠᠷ ᠵᠠᠰᠠᠬᠤ ᠰᠡᠳᠭᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠰᠠᠭᠤᠳᠠᠯ ᠢ | ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠳᠠᠶᠠᠭᠠᠷ ᠤᠨ | ᠬᠠᠤᠯᠢ ᠪᠠᠷ ᠵᠠᠰᠠᠬᠤ ᠤᠬᠠᠮᠰᠠᠷ ᠢ ᠨᠠᠮᠡᠭᠳᠡᠭᠦᠯᠪᠡ᠃ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ | ᠪᠠᠲᠤᠯᠠᠵᠤ᠂ ᠢᠷᠭᠡᠨ ᠤ ᠬᠠᠤᠯᠢ ᠶᠢᠨ ᠪᠢᠴᠢᠭ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ | ᠬᠠᠤᠯᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ᠂ ᠬᠢᠨᠠᠨ ᠪᠠᠶᠢᠴᠠᠭᠠᠬᠤ ᠬᠠᠤᠯᠢ ᠵᠡᠷᠭᠡ ᠬᠠᠤᠯᠢ | ᠴᠠᠭᠠᠵᠠ ᠶᠢ ᠲᠣᠭᠲᠠᠭᠠᠵᠤ᠂ ᠬᠠᠤᠯᠢ ᠲᠣᠭᠲᠠᠭᠠᠬᠤ ᠬᠠᠤᠯᠢ᠂ ᠤᠯᠦᠰ ᠤᠨ ᠪᠡᠳᠦᠯᠡᠠ ᠬᠠᠮᠡᠭᠠᠯᠡᠯᠳᠠ ᠶᠢᠨ ᠬᠠᠤᠯᠢ᠂ | ᠣᠷᠴᠢᠨ ᠠᠬᠤᠶ ᠶᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠳᠤ ᠵᠠᠰᠠᠪᠤᠷᠢ ᠣᠷᠣᠭᠤᠯᠵᠦ᠂ ᠭᠤᠤᠯᠳᠠᠯᠭ᠎ᠠ ᠲᠠᠢ | ᠬᠦᠷᠢᠶ᠎ᠡ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠠᠤᠯᠢ | ᠲᠣᠭᠲᠠᠭᠠᠯᠲᠠ ᠶᠢ ᠴᠢᠩᠭᠠᠳᠬᠠᠵᠤ᠂ ᠦᠨᠳᠦᠰᠦᠨ ᠬᠠᠤᠯᠢ ᠪᠠᠷ ᠭᠤᠤᠯᠯᠠᠭᠤᠯᠤᠭᠰᠠᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠦᠷᠭᠡᠯᠡᠨ ᠲᠡᠭᠦᠯᠳᠡᠷᠵᠢᠭᠦᠯᠪᠠ᠃ ᠨᠠᠮ | ᠤᠳᠤᠷᠢᠳᠴᠤ ᠪᠠᠶᠢᠭᠠᠳ ᠬᠠᠤᠯᠢ ᠪᠠᠷᠢᠬᠤ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯᠳᠠᠯᠭ᠎ᠠ ᠪᠣᠯᠭᠠᠭᠰᠠᠨ ᠬᠠᠤᠯᠢ | ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠤᠯᠤᠰ ᠲᠥᠷᠥ ᠬᠠᠤᠯᠢ ᠴᠠᠭᠠᠵᠠ ᠶᠢᠨ | ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠬᠠᠤᠯᠢ ᠬᠡᠷᠡᠭᠵᠢᠭᠦᠯᠬᠦ | ᠬᠠᠤᠯᠢ ᠪᠠᠷᠢᠬᠤ ᠠᠵᠢᠯᠯᠠᠭ᠎ᠠ ᠶᠢᠨ ᠬᠢᠨᠠᠯᠲᠠ ᠬᠢᠵᠠᠭᠠᠷᠯᠠᠯ ᠢ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠪᠠ ᠴᠡᠭᠴᠡᠯᠡᠯᠲᠡ ᠶᠢ ᠥᠷᠨᠢᠭᠦᠯᠵᠦ᠂ ᠬᠢᠯᠢᠰ ᠪᠤᠷᠤᠭᠤ ᠬᠡᠷᠡᠭ ᠢ ᠬᠠᠤᠯᠢ ᠶᠣᠰᠣᠭᠠᠷ | ᠵᠠᠯᠠᠷᠠᠭᠤᠯᠵᠤ᠂ ᠬᠠᠤᠯᠢ ᠬᠡᠷᠡᠭᠵᠢᠭᠦᠯᠦᠯᠳᠡ ᠬᠠᠤᠯᠢ ᠪᠠᠷᠢᠯᠳᠠ ᠶᠢᠨ ᠢᠯᠵᠢᠷᠠᠯ ᠢ ᠴᠢᠩᠭ᠎ᠠ ᠵᠠᠯᠬᠠᠭᠠᠨ ᠰᠢᠢᠳᠭᠡᠵᠦ᠂ | ᠬᠠᠤᠯᠢ ᠬᠡᠷᠡᠭᠵᠢᠭᠦᠯᠦᠯᠳᠡ ᠬᠠᠤᠯᠢ ᠪᠠᠷᠢᠯᠳᠠ ᠶᠢᠨ ᠲᠥᠪ ᠭᠤᠤᠯᠴᠢ ᠠᠷᠢᠭᠤᠨ ᠴᠢᠬᠡᠴᠢ ᠥᠨᠳᠥᠷ ᠪᠦᠲᠦᠮᠵᠢᠲᠡᠶ | ᠡᠷᠬᠡ ᠰᠦᠷ ᠲᠠᠢ ᠪᠠᠶᠢᠬᠤ ᠶᠢ ᠦᠨᠡᠨ ᠬᠦ ᠪᠠᠲᠤᠯᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠲᠠᠰᠤᠷᠠᠯᠲᠠ | ᠦᠭᠡᠢ ᠪᠦᠷᠢᠨᠰᠢᠵᠤ᠂ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠢᠳᠡᠷᠡᠭᠦᠨ ᠠᠯᠬᠤᠭ᠎ᠠ ᠶᠢ | ᠠᠯᠬᠤᠵᠤ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ | ᠬᠡᠳᠦ ᠳᠤ ᠠᠰᠢᠭᠲᠠᠶ ᠪᠠᠶᠢᠬᠤ ᠪᠠᠳᠤᠯᠠᠭ᠎ᠠ ᠶᠢᠨ ᠦᠢᠯᠡᠳᠦᠯ ᠤᠯᠠᠮ ᠨᠢᠭᠡ ᠠᠯᠬᠤᠮ ᠪᠠᠳᠠᠷᠠᠵᠦ᠂ ᠨᠠᠮ ᠤᠨ | ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠲᠦᠷᠦ ᠶᠢ ᠤᠳᠤᠷᠢᠳᠬᠤ ᠪᠠ ᠵᠠᠰᠠᠬᠤ ᠴᠢᠳᠠᠪᠦᠷᠢ ᠢᠯᠡᠳᠳᠡ ᠴᠢᠩᠭᠠᠷᠠᠪᠠ᠃ | | ︵ᠲᠤᠯᠤᠭ᠎ᠠ︶ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ ᠬᠢᠭᠰᠡᠨ ᠤ | ᠳᠠᠷᠠᠭ᠎ᠠ᠂ ᠨᠠᠮ ᠠᠴᠠ ᠪᠣᠳᠠᠰ ᠤᠨ ᠪᠣᠯᠪᠠᠰᠤᠨ ᠪᠠ ᠣᠶᠤᠨ ᠤ ᠪᠣᠯᠪᠠᠰᠤᠨ ᠢ ᠵᠡᠷᠭᠡ ᠪᠠᠷ ᠠᠳᠬᠤᠬᠤ ᠪᠠ ᠵᠡᠷᠭᠡ ᠪᠠᠷ | ᠴᠢᠩᠭ᠎ᠠ ᠠᠳᠬᠤᠬᠤ ᠶᠢ ᠪᠠᠷᠢᠮᠳᠠᠯᠠᠵᠦ᠂ ᠨᠡᠶᠢᠭᠡᠮ ᠵᠢᠷᠤᠮ ᠤᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠵᠦ᠂ | ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠵᠦ᠂ ᠦᠨᠳᠦᠰᠦᠲᠡᠨ ᠤ ᠬᠦᠴᠦᠨ ᠴᠢᠳᠠᠯ ᠢ ᠨᠢᠭᠲᠠᠷᠠᠭᠤᠯᠪᠠ᠃ | ᠡᠭᠦᠨ ᠤ ᠬᠠᠮᠲᠤ᠂ ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠨ ᠴᠡᠩᠭᠡᠬᠦ ᠦᠵᠡᠯ᠂ ᠭᠡᠳᠦ ᠬᠤᠪᠢᠨᠴᠢᠷ | ᠦᠵᠡᠯ ᠪᠣᠯᠤᠨ ᠲᠡᠦᠬᠡ ᠶᠢᠨ ᠦᠭᠡᠶᠢᠰᠭᠡᠬᠦ ᠦᠵᠡᠯ ᠵᠡᠷᠭᠡ ᠪᠤᠷᠤᠭᠤ ᠦᠵᠡᠯ ᠰᠠᠨᠠᠭᠠᠨ ᠤ ᠤᠷᠤᠰᠬᠠᠯ ᠪᠠᠶᠢᠨ ᠲᠠᠭᠢᠨ | ᠭᠠᠷᠴᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠳᠤ ᠡᠮᠬᠢ ᠵᠠᠮᠪᠠᠷᠠᠭ᠎ᠠ ᠤᠢᠭᠡᠢ ᠪᠠᠶᠢᠳᠠᠯ ᠢᠯᠡᠷᠡᠵᠦ᠂ ᠵᠠᠷᠢᠮ | ᠤᠳᠤᠷᠢᠳᠬᠤ ᠺᠠᠳ᠋ᠷ ᠤᠨ ᠤᠯᠤᠰ ᠲᠦᠷᠦ ᠶᠢᠨ ᠵᠣᠭᠰᠣᠯᠲᠠ ᠪᠠᠯᠠᠷᠬᠠᠶ᠂ ᠲᠡᠮᠡᠴᠡᠯ ᠤᠨ ᠵᠣᠷᠢᠭ ᠰᠠᠨᠠᠭ᠎ᠠ ᠳᠤᠲᠠᠮᠠᠭ | ᠪᠠᠶᠢᠵᠤ᠂ ᠬᠥᠮᠦᠰ ᠤᠨ ᠦᠵᠡᠯ ᠰᠠᠨᠠᠭ᠎ᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠬᠦᠨᠳᠦ | ᠨᠣᠴᠢᠲᠠᠶ ᠨᠥᠯᠥᠭᠡᠯᠡᠪᠠ᠃ ᠨᠠᠮ ᠠᠴᠠ ᠳᠡᠯᠡᠬᠡᠶ ᠶᠢᠨ ᠬᠡᠪᠴᠢᠶᠡᠨ ᠳᠤ ᠦᠵᠡᠯ ᠰᠠᠨᠠᠭ᠎ᠠ ᠰᠣᠶᠣᠯ ᠬᠠᠷᠢᠯᠴᠠᠨ | ᠳᠣᠯᠭᠢᠰᠤᠯᠳᠠ ᠡᠬᠦᠰᠭᠡᠵᠦ᠂ ᠮᠠᠨ ᠤ ᠤᠯᠤᠰ ᠤᠨ ᠨᠡᠶᠢᠭᠡᠮ ᠤᠨ ᠦᠵᠡᠯ ᠰᠠᠨᠠᠭ᠎ᠠ ᠦᠵᠡᠯᠲᠡ ᠳᠤ ᠭᠦᠨᠵᠡᠭᠡᠶ | ᠬᠤᠪᠢᠷᠠᠯᠳᠡ ᠭᠠᠷᠴᠦ ᠪᠠᠶᠢᠭ᠎ᠠ ᠬᠠᠨᠳᠤᠰᠢ ᠶᠢ ᠣᠨᠣᠪᠴᠢᠲᠠᠶ ᠡᠵᠡᠮᠰᠢᠭᠡᠳ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠪᠣᠯ ᠤᠯᠤᠰ ᠤᠨ ᠵᠤᠷᠢᠭ ᠰᠠᠨᠠᠭ᠎ᠠ᠂ ᠦᠨᠳᠦᠰᠦᠲᠡᠨ ᠤ ᠰᠦᠭ ᠰᠦᠨᠡᠰᠦ ᠶᠢ ᠪᠤᠢ ᠪᠤᠯᠭᠠᠬᠤ ᠠᠵᠢᠯ ᠮᠥᠨ᠂ | ᠰᠣᠶᠣᠯ ᠤᠨ ᠢᠲᠡᠭᠡᠯ ᠪᠣᠯ ᠨᠠᠩ ᠰᠠᠭᠤᠷᠢ ᠪᠤᠯᠬᠤ᠂ ᠨᠠᠩ ᠥᠷᠭᠡᠨ ᠳᠡᠯᠭᠡᠷ᠂ ᠨᠠᠩ ᠭᠦᠨ ᠵᠤᠵᠠᠭᠠᠨ ᠢᠲᠡᠭᠡᠯ ᠮᠥᠨ᠂ | ᠨᠢᠭᠡ ᠤᠯᠤᠰ ᠨᠢᠭᠡ ᠦᠨᠳᠦᠰᠦᠲᠡᠨ ᠤ ᠬᠥᠭᠵᠢᠯᠲᠡ ᠶᠢᠨ ᠳᠤᠮᠳᠠᠬᠢ ᠬᠠᠮᠤᠭ ᠤᠨ ᠦᠨᠳᠦᠰᠦᠨ᠂ ᠬᠠᠮᠤᠭ ᠤᠨ ᠭᠦᠨ | ᠴᠢᠬᠢᠮᠡᠢ᠂ ᠬᠠᠮᠤᠭ ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ ᠮᠥᠨ᠂ ᠳᠡᠭᠡᠳᠦ ᠬᠡᠮᠵᠢᠶᠡᠨ ᠤ ᠰᠣᠶᠣᠯ ᠤᠨ | ᠢᠲᠡᠭᠡᠯ ᠪᠠᠶᠢᠬᠤ ᠦᠭᠡᠢ᠂ ᠰᠣᠶᠣᠯ ᠤᠨ ᠬᠥᠭᠵᠢᠯ ᠴᠡᠴᠡᠭᠯᠡᠯ ᠪᠠᠶᠢᠬᠤ ᠦᠭᠡᠢ ᠪᠣᠯ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠶᠤᠮ ᠭᠡᠵᠦ ᠴᠢᠬᠤᠯᠠᠴᠢᠯᠠᠪᠠ᠃ ᠡᠷᠬᠡᠪᠰᠢ ᠠᠷᠠᠳ | ᠲᠦᠮᠡᠨ ᠢᠶᠠᠷ ᠭᠤᠣᠯ ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠲᠤᠭ ᠢᠶᠠᠨ ᠮᠠᠨᠳᠤᠭᠤᠯᠤᠨ᠂ | ᠠᠷᠠᠳ ᠤᠨ ᠰᠡᠳᠭᠢᠯ ᠢ ᠨᠢᠬᠳᠠᠷᠠᠭᠤᠯᠵᠥ᠂ ᠰᠢᠨ᠎ᠡ ᠬᠦᠮᠥᠨ ᠢ ᠬᠦᠮᠥᠵᠢᠬᠦᠯᠦᠨ᠂ ᠰᠤᠶᠤᠯ ᠢᠶᠠᠨ ᠬᠦᠭᠵᠢᠭᠦᠯᠵᠤ᠂ | ᠲᠦᠷᠢ ᠲᠦᠷᠬᠦ ᠪᠠᠨ ᠢᠯᠡᠷᠡᠭᠦᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ | ᠪᠠᠲᠤ ᠡᠵᠡᠮᠰᠢᠵᠦ᠂ ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ | ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠪᠦᠬᠦ ᠦᠨᠳᠦᠰᠦᠲᠡᠨ ᠤ ᠰᠣᠶᠣᠯ ᠤᠨ ᠰᠢᠨ᠎ᠡ ᠶᠢ ᠡᠭᠦᠳᠬᠦ ᠪᠠ | ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠵᠣᠷᠢᠭ ᠰᠠᠨᠠᠭ᠎ᠠ᠂ ᠳᠤᠮᠳᠠᠳᠤ | ᠤᠯᠤᠰ ᠤᠨ ᠦᠷᠳᠡᠭ᠂ ᠳᠤᠮᠳᠠᠳᠤ ᠤᠯᠤᠰ ᠤᠨ ᠬᠦᠴᠦᠨ ᠴᠢᠳᠠᠯ ᠢ ᠨᠡᠩ ᠰᠠᠶᠢᠨ ᠪᠤᠢ ᠪᠤᠯᠭᠠᠵᠦ᠂ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ | ᠰᠠᠨᠠᠭᠠᠨ ᠤ ᠰᠠᠭᠤᠷᠢ ᠶᠢ ᠪᠠᠬᠢᠵᠢᠭᠦᠯᠬᠦ ᠭᠡᠷᠡᠭᠳᠡᠢ᠃ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ | ᠨᠠᠮ ᠤᠨ ᠤᠳᠤᠷᠢᠳᠤᠯᠭ᠎ᠠ ᠰᠤᠯᠠᠷᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠬᠤ ᠪᠠ | ᠡᠪᠳᠡᠬᠦ ᠶᠢ ᠵᠡᠷᠭᠡ ᠪᠠᠷ ᠴᠢᠬᠤᠯᠠᠴᠢᠯᠠᠨ᠂ ᠮᠠᠭᠤ ᠶᠢ ᠦᠯᠳᠡᠨ ᠰᠠᠶᠢᠨ ᠢ ᠨᠢ ᠪᠠᠳᠠᠷᠠᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠬᠦᠷᠢᠶᠡᠨ ᠳᠠᠬᠢ ᠴᠢᠭᠯᠡᠯ ᠤᠨ ᠴᠢᠨᠠᠷᠲᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠡᠢ ᠮᠠᠰᠢ ᠤᠯᠠᠨ | ᠠᠰᠠᠭᠤᠳᠠᠯ ᠤᠨ ᠲᠤᠬᠠᠶ ᠪᠠᠶᠢᠷᠢᠯᠠᠭᠤᠯᠤᠯᠲᠠ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ | ᠮᠠᠷᠺᠰ ᠤᠨ ᠦᠵᠡᠯ ᠵᠢᠯᠣᠭᠤᠳᠬᠤ ᠪᠠᠶᠢᠷᠢ ᠰᠠᠭᠤᠷᠢ ᠶᠢ ᠡᠵᠡᠯᠡᠬᠦ ᠦᠨᠳᠦᠰᠦᠨ ᠳᠦᠷᠢᠮ ᠢ ᠲᠣᠭᠲᠠᠭᠠᠨ ᠪᠠᠷᠢᠮᠲᠠᠯᠠᠵᠤ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠵᠦ᠂ ᠪᠦᠬᠦ | ᠨᠠᠮ ᠢᠶᠠᠷ ᠢᠶᠠᠨ ᠭᠦᠳᠡᠯᠦᠯᠴᠡᠨ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠠᠳᠬᠤᠬᠤ ᠶᠢ ᠠᠭᠢᠭᠤᠯᠵᠤ᠂ | ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ ᠬᠠᠷᠢᠭᠤᠴᠠᠯᠭ᠎ᠠ ᠲᠠᠢ ᠪᠠᠶᠢᠵᠤ᠂ ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ | ᠬᠠᠷᠢᠭᠤᠴᠠᠯᠭ᠎ᠠ ᠪᠠᠨ ᠡᠬᠦᠷᠭᠡᠯᠡᠵᠦ᠂ ᠵᠢᠭᠰᠠᠭᠠᠯ ᠤᠨ ᠭᠠᠵᠠᠷ ᠢᠶᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠦ | ᠂ ᠵᠤᠷᠢᠭᠳᠠᠢ ᠠᠳᠬᠤᠨ ᠵᠤᠷᠢᠭᠳᠠᠢ ᠬᠠᠮᠢᠶᠠᠷᠴᠦ᠂ ᠵᠤᠷᠢᠭᠳᠠᠢ ᠲᠡᠮᠡᠴᠡᠵᠦ᠂ ᠡᠯ᠎ᠡ ᠵᠦᠢᠯ ᠤᠨ ᠪᠤᠷᠤᠭᠤ ᠦᠵᠡᠯᠲᠡ ᠶᠢ | ᠲᠤᠭ ᠲᠡᠮᠳᠡᠭ ᠲᠣᠳᠣᠷᠬᠠᠶ ᠪᠠᠷ ᠡᠰᠡᠷᠭᠦᠴᠡᠨ ᠬᠤᠷᠢᠭᠯᠠᠪᠠ᠃ ᠨᠠᠮ ᠦᠨᠳᠦᠰᠦᠨ ᠠᠴᠠ ᠨᠢ ᠴᠡᠭᠴᠡᠯᠡᠨ ᠵᠠᠰᠠᠬᠤ | ᠠᠵᠢᠯ ᠠᠴᠠ ᠭᠠᠷᠳᠠᠨ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠴᠢᠩᠭᠠᠳᠬᠠᠵᠤ᠂ ᠪᠦᠬᠦ ᠤᠯᠤᠰ ᠤᠨ | ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠤᠳᠭ᠋᠎ᠠ ᠤᠷᠠᠯᠢᠭ ᠤᠨ ᠠᠵᠢᠯ᠂ | ᠨᠠᠮ ᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠵᠢᠯᠲᠠ ᠶᠢᠨ ᠠᠵᠢᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠶᠠᠷᠢᠯᠴᠠᠬᠤ ᠬᠤᠷᠠᠯ | ᠪᠣᠯᠤᠨ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ | ᠬᠤᠷᠠᠯ ᠢ ᠲᠤᠰ ᠲᠤᠰ ᠬᠤᠷᠠᠯᠳᠤᠭᠤᠯᠵᠤ᠂ ᠠᠯᠢ ᠣᠯᠠᠨ ᠦᠨᠳᠦᠰᠦᠨ ᠴᠢᠨᠠᠷᠲᠠᠶ ᠠᠰᠠᠭᠤᠳᠠᠯ ᠤᠨ ᠲᠤᠬᠠᠶ ᠵᠠᠷᠴᠢᠮ | ᠵᠣᠭᠰᠣᠯᠲᠠ ᠪᠠᠨ ᠲᠣᠳᠣᠷᠬᠠᠶᠢᠯᠠᠨ ᠥᠭᠦᠯᠡᠵᠦ᠂ ᠣᠨᠣᠯ ᠤᠨ ᠵᠥᠪ ᠪᠤᠷᠤᠭᠤ ᠶᠢ ᠢᠯᠭᠠᠨ ᠲᠤᠳᠤᠷᠠᠭᠤᠯᠵᠦ᠂ | ᠠᠵᠢᠯ ᠤᠨ ᠤᠳᠤᠷᠢᠳᠤᠮᠵᠢ ᠶᠢ ᠵᠠᠯᠠᠷᠠᠭᠤᠯᠤᠭᠰᠠᠨ ᠢᠶᠠᠷ᠂ ᠦᠵᠡᠯ ᠰᠠᠨᠠᠭ᠎ᠠ ᠰᠣᠶᠣᠯ ᠤᠨ ᠬᠦᠷᠢᠶᠡᠨ ᠳᠠᠬᠢ ᠥᠭᠡᠳᠡᠯᠡᠨ | ᠰᠠᠶᠢᠵᠢᠷᠠᠬᠤ ᠬᠠᠨᠳᠤᠰᠢ ᠲᠠᠰᠤᠷᠠᠯᠲᠠ ᠦᠭᠡᠢ ᠬᠥᠭᠵᠢᠪᠡ᠃ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠪᠦᠬᠦ | ᠨᠠᠮ ᠢ ᠵᠡᠪᠰᠡᠭᠯᠡᠵᠦ᠂ ᠠᠷᠠᠳ ᠲᠦᠮᠡᠨ ᠢ ᠬᠥᠮᠦᠵᠢᠭᠦᠯᠦᠨ᠂ ᠦᠢᠯᠡᠳᠦᠯᠭᠡ ᠪᠠᠨ ᠵᠢᠯᠣᠭᠤᠳᠤᠭᠤᠯᠬᠤ ᠶᠢ ᠠᠬᠢᠭᠤᠯᠵᠤ᠂ | ᠮᠠᠷᠺᠰ ᠤᠨ ᠦᠵᠡᠯ ᠤᠨ ᠤᠨᠤᠯ ᠤᠨ ᠰᠤᠳᠤᠯᠭᠠᠨ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠳᠤᠮᠳᠠᠳᠤ | ᠤᠯᠤᠰ ᠤᠨ ᠣᠨᠴᠠᠯᠢᠭ ᠪᠦᠬᠦᠢ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠰᠠᠯᠠᠭᠠᠨ ᠤ | ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠶᠠᠷᠢᠶᠠᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ | ᠃ ᠤᠯᠠᠮᠵᠢᠯᠠᠨ ᠲᠠᠷᠬᠠᠭᠠᠬᠤ ᠠᠷᠭ᠎ᠠ ᠪᠠᠷᠢᠯ ᠤᠨ ᠪᠠᠶᠢᠭᠤᠯᠤᠯᠲᠠ ᠪᠠ ᠰᠢᠨ᠎ᠡ ᠡᠬᠦᠳᠦᠯᠳᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠨᠢᠨ ᠮᠡᠳᠡᠭᠡᠨ ᠤ ᠶᠠᠷᠢᠶ᠎ᠠ | ᠬᠡᠯᠡᠯᠴᠡᠭᠡᠨ ᠤ ᠤᠯᠠᠮᠵᠢᠯᠠᠨ ᠲᠠᠷᠬᠠᠭᠠᠬᠤ ᠬᠦᠴᠦᠨ᠂ ᠬᠥᠲᠥᠯᠥᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ | ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠠ᠃ ᠨᠠᠮ ᠤᠨ ᠲᠥᠪ ᠬᠤᠷᠢᠶ᠎ᠠ ᠠᠴᠠ ᠳᠤᠳᠤᠷᠬᠠᠢ | ᠳᠤᠷᠠᠳᠤᠭᠰᠠᠨ ᠨᠢ᠂ ᠢᠨᠲ᠋ᠧᠷ ᠰᠦᠯᠵᠢᠶ᠎ᠡ ᠭᠡᠬᠦ ᠡᠨᠡ ᠬᠦ ᠪᠣᠭᠤᠮᠲᠠ ᠶᠢ ᠳᠠᠪᠠᠵᠤ ᠳᠡᠶᠢᠯᠬᠦ ᠦᠭᠡᠢ ᠪᠣᠯ ᠤᠷᠲᠤ | ᠬᠤᠭᠤᠴᠠᠭ᠎ᠠ ᠪᠠᠷ ᠲᠦᠷᠦ ᠪᠠᠷᠢᠬᠤ ᠡᠨᠡ ᠬᠦ ᠪᠣᠭᠤᠮᠲᠠ ᠶᠢ ᠳᠠᠪᠠᠵᠤ ᠳᠡᠶᠢᠯᠬᠦ ᠦᠭᠡᠢ ᠶᠤᠮ᠃ ᠨᠠᠮ ᠠᠴᠠ ᠢᠨᠲ᠋ᠧᠷ | ᠰᠦᠯᠵᠢᠶ᠎ᠡ ᠭᠡᠬᠦ ᠡᠨᠡ ᠬᠦ ᠦᠵᠡᠯ ᠤᠬᠠᠮᠰᠠᠷ ᠤᠨ ᠬᠡᠯᠪᠡᠷᠢ ᠶᠢᠨ ᠲᠡᠮᠡᠴᠡᠯ ᠤᠨ ᠭᠤᠤᠯ ᠵᠢᠭᠰᠠᠭᠠᠯ ᠤᠨ ᠭᠠᠵᠠᠷ᠂ | ᠭᠤᠤᠯ ᠳᠠᠶᠢᠨ ᠤ ᠲᠠᠯᠠᠪᠤᠷ᠂ ᠬᠠᠮᠤᠭ ᠤᠨ ᠡᠮᠦᠨ᠎ᠡ ᠵᠠᠬ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠲ᠋ᠧᠷ | ᠰᠦᠯᠵᠢᠶᠡᠨ ᠤ ᠤᠳᠤᠷᠢᠳᠬᠤ ᠪᠠ ᠬᠠᠮᠢᠶᠠᠷᠬᠤ ᠪᠠᠶᠢᠭᠤᠯᠤᠯ ᠢ ᠪᠦᠷᠢᠨᠰᠢᠭᠦᠯᠵᠦ᠂ ᠬᠠᠤᠯᠢ ᠶᠣᠰᠣᠭᠠᠷ ᠰᠦᠯᠵᠢᠶ᠎ᠡ ᠶᠢ | ᠬᠠᠮᠢᠶᠠᠷᠤᠨ ᠰᠦᠯᠵᠢᠶ᠎ᠡ ᠶᠢ ᠵᠠᠰᠠᠬᠤ ᠶᠢ ᠪᠠᠷᠢᠮᠲᠠᠯᠠᠵᠤ᠂ ᠴᠡᠪᠡᠷ ᠲᠤᠩᠭᠠᠯᠠᠭ ᠰᠦᠯᠵᠢᠶᠡᠨ ᠤ ᠤᠷᠤᠨ ᠵᠠᠢ ᠶᠢ ᠪᠤᠢ | ᠪᠤᠯᠭᠠᠪᠠ᠃ ᠨᠠᠮ ᠠᠴᠠ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠰᠣᠶᠣᠯ ᠤᠨ | ᠪᠠᠶᠢᠭᠤᠯᠤᠯᠲᠠ ᠶᠢ ᠬᠥᠲᠥᠯᠥᠨ ᠲᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ᠂ | ᠬᠤᠪᠢᠰᠬᠠᠯᠲᠤ ᠰᠣᠶᠣᠯ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠦᠨᠳᠦᠰᠦ ᠰᠠᠭᠤᠷᠢ ᠶᠢ | ᠪᠤᠶᠢᠵᠢᠭᠤᠯᠤᠨ ᠰᠦᠭ ᠰᠦᠯᠳᠡ ᠶᠢ ᠪᠤᠰᠬᠠᠬᠤ ᠶᠢ ᠴᠢᠬᠤᠯᠠᠴᠢᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠪᠠ ᠳᠤᠮᠳᠠᠳᠤ ᠤᠯᠤᠰ ᠤᠨ ᠵᠡᠭᠦᠳᠦ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ | ᠬᠦᠰᠡᠯᠡᠩ ᠢᠲᠡᠭᠡᠯ ᠵᠤᠷᠢᠭ ᠤᠨ ᠬᠥᠮᠦᠵᠢᠯ ᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠠᠬᠢᠭᠤᠯᠵᠤ᠂ ᠦᠵᠡᠯ | ᠰᠠᠨᠠᠭ᠎ᠠ ᠤᠯᠤᠰ ᠲᠥᠷᠥ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠠᠮ ᠪᠠ ᠲᠦᠷᠦ ᠶᠢᠨ ᠭᠠᠪᠢᠶ᠎ᠠ ᠵᠢᠳᠬᠦᠯ | ᠢᠷᠠᠭᠤ ᠠᠯᠳᠠᠷ ᠢ ᠬᠥᠬᠢᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠷᠡᠭᠳᠡᠭᠰᠡᠨ ᠪᠠᠭᠠᠲᠤᠷᠴᠤᠳ ᠤᠨ | ᠳᠤᠷᠠᠰᠬᠠᠯ ᠤᠨ ᠡᠳᠦᠷ ᠭᠠᠷᠭᠠᠵᠦ᠂ ᠤᠯᠠᠨ ᠲᠦᠮᠡᠨᠴᠢ ᠴᠢᠨᠠᠷᠲᠠᠶ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ | ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢ ᠪᠠᠶᠢᠭᠤᠯᠵᠤ᠂ | ᠰᠤᠷᠤᠯᠴᠠᠬᠤ ᠲᠤᠮᠤ ᠤᠯᠤᠰ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠪᠠ᠃ ᠨᠠᠮ ᠠᠴᠠ ᠨᠠᠮ ᠤᠨ ᠲᠡᠦᠬᠡ᠂ | ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ | ᠬᠥᠭᠵᠢᠯᠲᠡ ᠶᠢᠨ ᠲᠡᠦᠬᠡ ᠶᠢ ᠰᠤᠷᠤᠯᠴᠠᠬᠤ ᠶᠢ ᠠᠬᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠡᠦᠬᠡ ᠶᠢᠨ ᠦᠵᠡᠰᠭᠦᠯᠡᠩ ᠤᠨ ᠣᠷᠳᠣᠨ ᠢ ᠪᠠᠶᠢᠭᠤᠯᠤᠨ ᠪᠦᠲᠦᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠶ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ ᠳᠠᠯᠠᠨ ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ | ᠪᠠᠶᠢᠭᠤᠯᠤᠭᠳᠠᠭᠰᠠᠨ ᠶᠡᠷᠡᠨ ᠵᠢᠯ ᠤᠨ ᠣᠶ᠂ ᠥᠭᠡᠷᠡᠴᠢᠯᠡᠯᠲᠡ ᠨᠡᠭᠡᠭᠡᠯᠲᠡ ᠬᠢᠭᠰᠡᠨ ᠳᠥᠴᠢᠨ ᠵᠢᠯ ᠤᠨ ᠣᠶ ᠶᠢ | ᠪᠡᠯᠭᠡᠯᠡᠬᠦ ᠪᠠ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠵᠢᠴᠢ ᠳᠡᠯᠡᠬᠡᠢ ᠶᠢᠨ | ᠹᠠᠱᠢᠰ ᠢ ᠡᠰᠡᠷᠭᠦᠴᠡᠭᠰᠡᠨ ᠳᠠᠶᠢᠨ ᠢᠯᠠᠯᠲᠠ ᠤᠯᠤᠭᠰᠠᠨ ᠳᠠᠯᠠᠨ ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ | ᠰᠠᠶᠢᠨ ᠲᠤᠷ᠎ᠠ ᠶᠢᠨ ᠴᠡᠷᠢᠭ ᠠᠮᠧᠷᠢᠺᠠ ᠶᠢ ᠡᠰᠡᠷᠬᠦᠴᠡᠨ ᠰᠤᠯᠤᠩᠭᠤᠰ ᠢ ᠲᠤᠰᠠᠯᠠᠬᠤ ᠪᠠᠷ ᠤᠯᠤᠰ ᠠᠴᠠ ᠭᠠᠷᠴᠤ | ᠲᠠᠶᠢᠨ ᠬᠢᠭᠰᠡᠨ ᠳᠠᠯᠠᠨ ᠵᠢᠯ ᠤᠨ ᠣᠶ ᠶᠢ ᠲᠤᠷᠠᠰᠬᠠᠬᠤ ᠵᠡᠷᠭᠡ ᠠᠵᠢᠯᠯᠠᠭ᠎ᠠ ᠶᠢ ᠥᠷᠨᠢᠭᠦᠯᠦᠨ᠂ ᠨᠠᠮ ᠤᠨ ᠰᠡᠳᠭᠢᠯ | ᠠᠷᠠᠳ ᠤᠨ ᠰᠡᠳᠭᠢᠯ᠂ ᠤᠯᠤᠰ ᠤᠨ ᠰᠦᠷ ᠴᠡᠷᠢᠭ ᠤᠨ ᠰᠦᠷ ᠢ ᠬᠦᠴᠦᠲᠡᠶ ᠢᠯᠡᠷᠡᠭᠦᠯᠦᠨ᠂ ᠨᠡᠶᠢᠭᠡᠮ ᠳᠠᠶᠠᠭᠠᠷ ᠲᠤ | ᠭᠤᠣᠯ ᠬᠦᠭ ᠠᠶᠠᠰ ᠢ ᠴᠤᠤᠷᠢᠶᠠᠳᠤᠭᠤᠯᠤᠨ᠂ ᠢᠳᠡᠪᠬᠢ ᠬᠦᠴᠦᠨ ᠢ ᠪᠠᠳᠠᠷᠠᠭᠤᠯᠪᠠ᠃ ᠨᠠᠮ ᠠᠴᠠ ᠨᠡᠶᠢᠭᠡᠮ ᠤᠨ | ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠬᠤ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ | ᠠᠰᠢᠭ ᠢ ᠬᠠᠷᠢᠯᠴᠠᠨ ᠨᠢᠭᠡᠳᠭᠡᠬᠦ ᠶᠢ ᠪᠠᠷᠢᠮᠳᠠᠯᠠᠵᠦ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠤᠨ | ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠤᠳᠭ᠋᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ | ᠬᠥᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ | ᠲᠦᠮᠡᠨ ᠳᠤ ᠨᠡᠩ ᠤᠯᠠᠨ ᠨᠡᠩ ᠰᠠᠶᠢᠨ ᠤᠶᠤᠨ ᠤ ᠲᠡᠵᠢᠭᠡᠯ ᠬᠠᠩᠭᠠᠪᠠ᠃ ᠨᠠᠮ ᠤᠨ ᠲᠥᠪ ᠬᠤᠷᠢᠶ᠎ᠠ ᠠᠴᠠ | ᠴᠢᠬᠤᠯᠠᠴᠢᠯᠠᠬᠰᠠᠨ ᠨᠢ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯ ᠳᠤᠮᠳᠠᠳᠤ ᠶᠢᠨ ᠦᠨᠳᠦᠰᠦᠲᠡᠨ ᠤ | ᠲᠣᠪᠤᠶᠢᠮ᠎ᠠ ᠳᠠᠪᠠᠭᠤᠯᠢᠭ ᠮᠥᠨ᠂ ᠪᠢᠳᠡᠨ ᠤ ᠳᠡᠯᠡᠬᠡᠢ ᠶᠢᠨ ᠰᠣᠶᠣᠯ ᠤᠨ ᠳᠣᠯᠭᠢᠰᠤᠯᠳᠠ ᠳᠤᠮᠳᠠ ᠯᠠᠪᠳᠠᠭᠤᠨ | ᠵᠣᠭᠰᠣᠵᠦ ᠴᠢᠳᠠᠬᠤ ᠶᠢᠨ ᠦᠨᠳᠦᠰᠦ ᠰᠠᠭᠤᠷᠢ ᠮᠥᠨ᠂ ᠡᠷᠬᠡᠪᠰᠢ ᠰᠢᠨ᠎ᠡ ᠴᠠᠭ ᠦᠶ᠎ᠡ ᠶᠢᠨ ᠨᠥᠬᠦᠴᠡᠯ ᠲᠠᠢ | ᠤᠶᠠᠯᠳᠤᠭᠤᠯᠤᠨ ᠰᠠᠶᠢᠲᠤᠷ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠪᠢᠳᠡ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠵᠠᠯᠭᠠᠮᠵᠢᠯᠠᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠂ ᠰᠢᠨ᠎ᠡ ᠡᠭᠦᠳᠦᠯᠲᠡ ᠶᠢᠨ ᠴᠢᠨᠠᠷᠲᠠᠶ | ᠬᠥᠭᠵᠢᠯᠲᠡ ᠶᠢ ᠠᠬᠢᠭᠤᠯᠵᠤ᠂ ᠨᠡᠶᠢᠭᠡᠮ ᠳᠠᠶᠠᠭᠠᠷ ᠤᠨ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ | ᠤᠬᠠᠮᠰᠠᠷ ᠢ ᠴᠢᠩᠭᠠᠳᠬᠠᠵᠦ᠂ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠪᠠ᠃ ᠳᠡᠯᠡᠬᠡᠢ ᠳᠤ | ᠤᠯᠠᠮᠵᠢᠯᠠᠨ ᠲᠠᠷᠬᠠᠭᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠲᠦᠷᠭᠡᠳᠭᠡᠵᠦ᠂ ᠳᠡᠯᠡᠬᠡᠶ ᠳ᠋ᠠᠬᠢᠨ ᠳᠤ ᠳᠤᠮᠳᠠᠳᠤ | ᠤᠯᠤᠰ ᠤᠨ ᠦᠯᠢᠭᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠰᠠᠶᠢᠬᠠᠨ ᠶᠠᠷᠢᠵᠤ᠂ ᠳᠤᠮᠳᠠᠳᠤ | ᠤᠯᠤᠰ ᠤᠨ ᠳᠠᠭᠤᠨ ᠢ ᠰᠠᠶᠢᠳᠦᠷ ᠤᠯᠠᠮᠵᠢᠯᠠᠨ ᠳᠠᠭᠤᠷᠢᠰᠬᠠᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ | ᠰᠤᠯᠢᠯᠴᠠᠭ᠎ᠠ ᠪᠠ ᠲᠤᠯᠢᠳᠠᠯᠭᠠ ᠶᠢ ᠠᠬᠢᠭᠤᠯᠤᠬᠰᠠᠨ ᠢᠶᠠᠷ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ᠂ | ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢᠯᠡᠳᠲᠡ ᠳᠡᠭᠡᠭᠰᠢᠯᠡᠪᠡ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠠᠶᠢᠳᠠᠯ ᠳᠤ | ᠪᠦᠬᠦ ᠲᠠᠯ᠎ᠠ ᠶᠢᠨ ᠴᠢᠨᠠᠷᠲᠠᠶ᠂ ᠦᠨᠳᠦᠰᠦᠨ ᠴᠢᠨᠠᠷᠲᠠᠶ ᠬᠤᠪᠢᠷᠠᠯᠲᠠ ᠭᠠᠷᠴᠤ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠣᠶᠣᠯ ᠤᠨ ᠢᠲᠡᠭᠡᠯ ᠮᠡᠳᠡᠭᠳᠡᠭᠦ᠋ᠢᠴᠡ ᠴᠢᠩᠭᠠᠷᠠᠡ᠂ ᠨᠡᠶᠢᠭᠡᠮ | ᠲᠠᠶᠠᠭᠠᠷ ᠤᠨ ᠨᠢᠭᠲᠠᠷᠠᠯ ᠤᠨ ᠬᠦᠴᠦᠨ ᠪᠠ ᠲᠦᠪᠯᠡᠩᠭᠦᠢ ᠬᠦᠴᠦᠨ ᠲᠦᠢᠯ ᠤᠨ ᠶᠡᠭᠡ ᠪᠠᠷ ᠳᠡᠭᠡᠭᠰᠢᠯᠡᠭᠡᠳ᠂ ᠰᠢᠨ᠎ᠡ | ᠴᠠᠭ ᠦᠶ᠎ᠡ ᠳᠤ ᠨᠠᠮ ᠪᠠ ᠤᠯᠤᠰ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠳᠤ ᠪᠠᠲᠤ ᠴᠢᠩᠭ᠎ᠠ ᠦᠵᠡᠯ | ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠪᠠ᠃ | ︵ᠨᠠᠢᠮᠠ︶ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ ᠬᠢᠭᠰᠡᠨ ᠤ ᠲᠠᠷᠠᠭ᠎ᠠ᠂ | ᠮᠠᠨ ᠤ ᠤᠯᠤᠰ ᠤᠨ ᠠᠷᠠᠳ ᠤᠨ ᠠᠮᠢᠳᠤᠷᠠᠯ ᠢᠯᠡᠳᠳᠠ ᠰᠠᠶᠢᠵᠢᠷᠠᠵᠤ᠂ ᠨᠡᠶᠢᠭᠡᠮ ᠤᠨ ᠵᠠᠰᠠᠯᠲᠠ ᠮᠡᠳᠡᠭᠳᠡᠬᠦ᠋ᠢᠴᠡ | ᠰᠠᠶᠢᠵᠢᠷᠠᠪᠠ᠃ ᠡᠭᠦᠨ ᠤ ᠬᠠᠮᠲᠤ᠂ ᠴᠠᠭ ᠦᠶ᠎ᠡ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢ ᠳᠠᠭᠠᠯᠳᠤᠨ᠂ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠨᠡᠩ ᠴᠢᠩᠭ᠎ᠠ ᠪᠤᠯᠵᠤ᠂ | ᠠᠷᠠᠳᠴᠢᠯᠠᠯ᠂ ᠬᠠᠤᠯᠢ ᠪᠠᠷ ᠵᠠᠰᠠᠬᠤ᠂ ᠲᠥᠪ ᠭᠤᠤᠯᠴᠢ᠂ ᠰᠢᠳᠤᠷᠭᠤ ᠶᠣᠰᠣ᠂ ᠠᠮᠤᠷ ᠲᠦᠪᠰᠢᠨ᠂ ᠣᠷᠴᠢᠨ | ᠠᠬᠤᠶ ᠵᠡᠷᠭᠡ ᠲᠠᠯ᠎ᠠ ᠪᠠᠷ ᠬᠢ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠪᠠ᠃ ᠨᠠᠮ ᠤᠨ ᠲᠥᠪ ᠬᠤᠷᠢᠶ᠎ᠠ ᠠᠴᠠ | ᠴᠢᠬᠤᠯᠠᠴᠢᠯᠠᠬᠰᠠᠨ ᠨᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ | ᠮᠠᠨ ᠤ ᠲᠡᠮᠡᠴᠡᠯ ᠤᠨ ᠬᠠᠷᠠᠯᠲᠠ ᠮᠦᠨ᠂ ᠠᠷᠠᠳ ᠤᠨ ᠠᠮᠢᠳᠤᠷᠠᠯ ᠤᠨ ᠬᠡᠰᠢᠭ ᠪᠤᠶᠠᠨ ᠢ ᠨᠡᠮᠡᠭᠳᠡᠭᠦᠯᠬᠦ ᠪᠣᠯ ᠮᠠᠨ ᠤ | ᠨᠡᠶᠢᠲᠡ ᠶᠢᠨ ᠲᠥᠯᠥᠭᠡ ᠨᠠᠮ ᠪᠠᠶᠢᠭᠤᠯᠵᠤ᠂ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠬᠤ ᠶᠢᠨ ᠮᠥᠨ | ᠴᠢᠨᠠᠷ ᠤᠨ ᠱᠠᠭᠠᠷᠳᠠᠯᠭ᠎ᠠ ᠮᠥᠨ᠂ ᠠᠷᠠᠳ ᠣᠯᠠᠨ ᠢ ᠰᠠᠶᠢᠨ ᠰᠠᠶᠢᠬᠠᠨ ᠠᠮᠢᠳᠤᠷᠠᠭᠤᠯᠬᠤ ᠪᠣᠯ ᠮᠠᠨ ᠤ ᠠᠯᠢᠪᠠ | ᠠᠵᠢᠯ ᠤᠨ ᠡᠭᠦᠰᠦᠯᠳᠡ ᠪᠠ ᠦᠷ᠎ᠡ ᠳ᠋ᠦᠩ ᠮᠥᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠲᠠᠭᠤᠳᠠᠯ ᠢ | ᠨᠥᠬᠦᠪᠥᠷᠢᠯᠡᠵᠦ᠂ ᠠᠷᠠᠳ ᠤᠯᠠᠨ ᠤ ᠪᠠᠴᠢᠮᠳᠠᠵᠦ ᠭᠦᠴᠢᠷᠳᠡᠵᠦ ᠵᠤᠪᠠᠵᠦ ᠭᠦᠰᠡᠵᠦ ᠪᠠᠶᠢᠭ᠎ᠠ ᠠᠰᠠᠭᠤᠳᠠᠯ ᠢ | ᠰᠠᠶᠢᠲᠤᠷ ᠰᠢᠢᠳᠪᠦᠷᠢᠯᠡᠬᠦ ᠪᠣᠯ ᠨᠡᠶᠢᠭᠡᠮ ᠤᠨ ᠪᠠᠶᠢᠭᠤᠯᠤᠯᠲᠠ ᠶᠢᠨ ᠲᠤᠯᠭᠠᠮ ᠡᠭᠦᠷᠭᠡ ᠮᠥᠨ᠃ ᠡᠷᠬᠡᠪᠰᠢ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠦ ᠪᠠᠶᠢᠭᠠᠳ ᠨᠡᠶᠢᠭᠡᠮ ᠤᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠬᠦᠴᠦ ᠪᠠᠷ ᠢᠶᠠᠨ ᠴᠢᠷᠮᠠᠶᠢᠬᠤ ᠮᠦᠷᠲᠡᠭᠡᠨ ᠴᠢᠳᠠᠯ ᠤᠨ ᠢᠶᠠᠨ ᠬᠢᠷᠢ ᠪᠠᠷ ᠬᠢᠵᠤ᠂ ᠨᠢᠭᠡ ᠨᠢᠭᠡ | ᠶᠠᠪᠤᠳᠠᠯ ᠢᠶᠠᠷ ᠵᠠᠯᠭᠠᠨ ᠰᠢᠢᠳᠪᠦᠷᠢᠯᠡᠵᠦ᠂ ᠨᠢᠭᠡ ᠨᠢᠭᠡ ᠵᠢᠯ ᠢᠶᠠᠷ ᠵᠠᠯᠭᠠᠨ ᠠᠵᠢᠯᠯᠠᠵᠤ᠂ ᠪᠠᠯᠴᠢᠷ ᠲᠤᠨᠢ | ᠪᠤᠶᠢᠵᠢᠭᠤᠯᠬᠤ ᠭᠠᠵᠠᠷ ᠲᠠᠢ᠂ ᠰᠤᠷᠤᠯᠴᠠᠬᠤ ᠠᠴᠠ ᠰᠤᠷᠭᠠᠨ ᠬᠦᠮᠦᠵᠢᠯ ᠲᠠᠢ᠂ ᠬᠦᠳᠡᠯᠮᠦᠷᠢᠯᠡᠪᠡᠯ ᠤᠯᠬᠤ | ᠤᠷᠤᠯᠭ᠎ᠠ ᠲᠠᠢ᠂ ᠡᠪᠡᠳᠴᠢᠯᠡᠪᠡᠯ ᠦᠵᠡᠬᠦᠯᠬᠦ ᠡᠮᠨᠡᠯᠭᠡ ᠲᠠᠢ᠂ ᠦᠳᠡᠯᠪᠡᠯ ᠬᠦᠷᠳᠡᠬᠦ ᠠᠰᠠᠷᠠᠮᠵᠢ ᠲᠠᠢ᠂ | ᠰᠠᠭᠤᠬᠤ ᠠᠴᠠ ᠤᠷᠤᠨ ᠰᠠᠭᠤᠴᠠ ᠲᠠᠢ᠂ ᠪᠠᠭᠤᠷᠠᠶᠢᠴᠤᠤᠯ ᠨᠢ ᠬᠦᠷᠳᠡᠬᠦ ᠲᠤᠰᠠᠯᠠᠮᠵᠢ ᠲᠠᠢ ᠪᠠᠶᠢᠬᠤ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠨᠡᠶᠢᠭᠡᠮ ᠤᠨ ᠵᠠᠰᠠᠯᠲᠠ ᠶᠢᠨ ᠰᠢᠨ᠎ᠡ ᠶᠢ | ᠡᠭᠦᠳᠴᠦ᠂ ᠠᠷᠠᠳ ᠲᠦᠮᠡᠨ ᠤ ᠠᠰᠢᠭ ᠬᠦᠷᠲᠡᠭᠰᠡᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ᠋ᠢᠴᠡ ᠪᠣᠯᠭᠠᠬᠤ | ᠭᠡᠷᠡᠭᠳᠡᠢ᠃ ᠴᠢᠨᠡᠭᠡᠯᠢᠭᠵᠢᠭᠰᠡᠨ ᠡᠰᠡᠬᠦ ᠶᠢᠨ ᠵᠠᠩᠭᠢᠯᠠᠭ᠎ᠠ ᠨᠢ ᠠᠷᠠᠳ ᠤᠨ ᠠᠮᠢᠳᠤᠷᠠᠯ ᠢ ᠦᠵᠡᠨ᠎ᠡ︔ ᠶᠠᠳᠠᠭᠤ ᠠᠴᠠ | ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠳᠦᠭᠡᠭᠦ ᠶᠢᠨ ᠨᠠᠭᠠᠳᠦ ᠵᠠᠬ᠎ᠠ ᠶᠢᠨ ᠡᠭᠦᠷᠭᠡ ᠪᠣᠯᠤᠨ᠎ᠠ᠂ ᠭᠠᠭᠴᠠ ᠭᠦ ᠶᠠᠳᠠᠭᠤ ᠠᠴᠠ ᠠᠩᠭᠢᠵᠢᠷᠠᠭᠤᠯᠬᠤ ᠪᠡᠷᠭᠡ | ᠰᠡᠳᠦᠪ ᠢ ᠰᠢᠢᠳᠪᠦᠷᠢᠯᠡᠭᠦ ᠳᠠᠶᠢᠨ ᠳᠤ ᠢᠯᠠᠯᠲᠠ ᠣᠯᠪᠠᠯ ᠰᠠᠶ᠋ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠦᠲᠦᠭᠡᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨ ᠭᠦ ᠪᠠᠲᠤᠯᠠᠵᠤ | ᠴᠢᠳᠠᠨ᠎ᠠ︔ ᠡᠷᠬᠡᠪᠰᠢ ᠨᠠᠩ ᠶᠡᠭᠡ ᠡᠷᠡᠰ ᠵᠣᠷᠢᠭ᠂ ᠨᠠᠩ ᠨᠠᠷᠢᠯᠢᠬ ᠣᠨᠣᠴᠠᠲᠠᠶ ᠰᠡᠳᠭᠢᠮᠵᠢ᠂ ᠨᠠᠩ ᠬᠦᠴᠦᠲᠡᠶ | ᠠᠷᠭ᠎ᠠ ᠬᠡᠮᠵᠢᠶ᠎ᠡ ᠪᠠᠷ᠂ ᠬᠡᠪ ᠠᠴᠠ ᠬᠡᠲᠦ᠋ᠢᠳᠦᠭᠰᠡᠨ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠬᠦ ᠭᠡᠷᠡᠭᠳᠡᠢ ᠭᠡᠳᠡᠭ ᠢ ᠨᠠᠮ ᠬᠥᠨᠵᠡᠭᠡᠢ ᠲᠠᠨᠢᠵᠥ ᠣᠯᠪᠠ᠃ | ᠨᠠᠮ ᠠᠴᠠ ᠨᠠᠷᠢᠯᠢᠬ ᠣᠨᠣᠴᠠᠲᠠᠶ ᠪᠠᠷ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠢᠳᠡᠬᠦ ᠶᠢᠨ ᠲᠦᠯᠦᠭᠡ ᠵᠤᠪᠠᠭ᠋ᠤ | ᠦᠭᠡᠢ᠂ ᠡᠮᠦᠰᠭᠦ ᠶᠢᠨ ᠲᠦᠯᠦᠭᠡ ᠵᠤᠪᠠᠭ᠋ᠤ ᠦᠭᠡᠢ ᠪᠠᠶᠢᠬᠤ ᠪᠠ ᠠᠯᠪᠠᠨ ᠵᠢᠷᠤᠮ ᠤᠨ ᠰᠤᠷᠭᠠᠨ ᠬᠥᠮᠦᠵᠢᠯ᠂ | ᠦᠨᠳᠦᠰᠦᠨ ᠡᠮᠨᠡᠯᠭᠡ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠭ᠎ᠠ ᠲᠠᠢ ᠪᠠᠶᠢᠯᠭᠠᠬᠤ ᠠᠵᠢᠯ ᠤᠨ | ᠬᠠᠷᠠᠯᠲᠠ ᠶᠢ ᠲᠣᠭᠲᠠᠭᠠᠵᠤ᠂ ︽ᠠᠨᠳᠠᠭᠠᠶᠢᠯᠠᠭᠰᠠᠨ ᠪᠠᠲᠤᠯᠠᠭ᠎ᠠ ᠶᠢᠨ ᠪᠢᠴᠢᠭ︾ ᠮᠠᠶ᠋ᠢᠭ ᠤᠨ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠵᠦ᠂ ᠪᠦᠬᠦ ᠨᠠᠮ ᠪᠦᠭᠦ ᠤᠯᠤᠰ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠦ᠂ ᠤᠯᠤᠰ | ᠳᠠᠶᠠᠭᠠᠷ ᠢᠶᠠᠨ ᠰᠡᠳᠭᠢᠯ ᠰᠠᠨᠠᠭ᠎ᠠ ᠪᠠᠨ ᠨᠢᠭᠡᠳᠭᠡᠨ᠂ ᠪᠦᠬᠦ ᠬᠦᠴᠦᠨ ᠢᠶᠠᠷ ᠢᠶᠠᠨ ᠭᠠᠪᠰᠢᠭᠠᠶᠢᠯᠠᠨ ᠪᠠᠶᠢᠯᠳᠤᠵᠤ᠂ | ᠪᠡᠷᠭᠡ ᠠᠴᠠ ᠪᠡᠷᠭᠡ ᠰᠡᠳᠦᠪ ᠢ ᠰᠢᠢᠳᠪᠦᠷᠢᠯᠡᠵᠦ᠂ ᠬᠦᠴᠢᠷ ᠠᠴᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠮᠦᠨ | ᠲᠥᠷᠥᠯᠬᠢᠲᠡᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠡᠷᠴᠢᠮ ᠢᠶᠠᠷ ᠬᠠᠮᠤᠭ ᠤᠨ ᠴᠢᠩᠭ᠎ᠠ | ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠳᠠᠶᠢᠨ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠡᠷᠭᠡ ᠰᠡᠳᠦᠪ ᠢ ᠰᠢᠢᠳᠪᠦᠷᠢᠯᠡᠭᠦ ᠠᠭᠤᠤ ᠶᠡᠭᠡ ᠵᠣᠷᠢᠭ ᠰᠠᠨᠠᠭ᠎ᠠ ᠶᠢ ᠪᠤᠢ ᠪᠤᠯᠭᠠᠪᠠ | ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠤᠯᠤᠰ ᠤᠨ 832 ᠶᠠᠳᠠᠭᠤ | ᠬᠦᠴᠢᠷᠳᠡᠯ ᠲᠠᠢ ᠰᠢᠶᠠᠨ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠦ᠂ 12.8 ᠲᠦᠮᠡᠨ ᠶᠠᠳᠠᠭᠤ | ᠬᠦᠴᠢᠷᠳᠡᠯ ᠲᠠᠢ ᠲᠣᠰᠬᠤᠨ ᠪᠦᠭᠦᠨ ᠢᠶᠠᠷ ᠢᠶᠠᠨ ᠶᠠᠳᠠᠭᠤ ᠭᠦᠴᠢᠷᠳᠡᠯ ᠲᠠᠢ ᠲᠤᠰᠬᠤᠨ ᠤ ᠡᠩᠨᠡᠭᠡ ᠠᠴᠠ ᠭᠠᠷᠴᠦ᠂ | ᠬᠥᠳᠡᠭᠡ ᠲᠣᠰᠬᠤᠨ ᠤ ᠳ᠋ᠦᠩᠰᠢᠭᠤᠷ ᠰᠢᠬᠠᠮ ᠶᠠᠳᠠᠭᠤ ᠬᠦᠴᠢᠷᠳᠡᠯ ᠲᠠᠢ ᠬᠥᠮᠦᠨ ᠠᠮᠠ ᠶᠠᠳᠠᠭᠤ ᠠᠴᠠ ᠠᠩᠭᠢᠵᠢᠷᠠᠵᠦ | ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠭᠦ ᠬᠥᠭᠵᠢᠯᠲᠡ ᠶᠢᠨ ᠵᠥᠪᠯᠡᠬᠦ | ᠵᠦᠢᠯ ᠳᠠᠬᠢ ᠶᠠᠳᠠᠭᠤᠷᠠᠯ ᠢ ᠴᠦᠭᠡᠳᠭᠡᠭᠦ ᠬᠠᠷᠠᠯᠲᠠ ᠶᠢ ᠠᠷᠪᠠᠨ ᠵᠢᠯ ᠤᠷᠢᠳᠴᠢᠯᠠᠨ ᠪᠡᠶᠡᠯᠡᠭᠦᠯᠦᠭᠡᠳ᠂ ᠲᠦᠢᠯ ᠤᠨ | ᠶᠠᠳᠠᠭᠤ ᠬᠦᠴᠢᠷᠳᠡᠯ ᠲᠠᠢ ᠪᠠᠶᠢᠬᠤ ᠠᠰᠠᠭᠤᠳᠠᠯ ᠢ ᠲᠡᠤᠬᠡᠲᠦ ᠴᠢᠨᠠᠷᠲᠠᠶ ᠪᠠᠷ ᠰᠢᠢᠳᠪᠦᠷᠢᠯᠡᠵᠦ᠂ ᠬᠥᠮᠦᠨ | ᠲᠥᠷᠥᠯᠬᠢᠲᠡᠨ ᠤ ᠶᠠᠳᠠᠭᠤᠷᠠᠯ ᠢ ᠴᠦᠭᠡᠳᠭᠡᠭᠦ ᠲᠡᠦᠬᠡᠨ ᠳᠠᠬᠢ ᠭᠠᠶᠢᠬᠠᠮᠰᠢᠭ ᠢ ᠡᠭᠦᠳᠴᠡᠢ᠃ 2020 ᠣᠨ ᠳᠤ᠂ | ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ | ᠨᠠᠮ ᠤᠨ ᠲᠥᠪ ᠬᠤᠷᠢᠶ᠎ᠠ ᠡᠷᠡᠰ ᠰᠢᠭᠤᠷᠬᠠᠶ ᠪᠠᠷ ᠪᠣᠳᠣᠯᠭ᠎ᠠ ᠲᠣᠭᠲᠠᠭᠠᠨ᠂ ᠯᠠᠪᠳᠠᠭᠤᠨ ᠲᠣᠭᠲᠠᠭᠤᠨ ᠢᠶᠠᠷ | ᠠᠷᠭᠠᠴᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠢᠲᠡᠭᠡᠯ | ᠵᠣᠷᠢᠭ ᠢᠶᠠᠨ ᠪᠠᠲᠤᠳᠬᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ᠂ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠵᠠᠰᠠᠬᠤ᠂ ᠨᠠᠷᠢᠯᠢᠬ ᠣᠨᠣᠴᠠᠲᠠᠶ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠡᠷᠦᠩᠬᠡᠶ ᠱᠠᠭᠠᠷᠳᠠᠯᠭ᠎ᠠ ᠶᠢ | ᠳᠤᠷᠠᠳᠴᠤ᠂ ᠬᠢᠵᠢᠭ ᠲᠠᠢ ᠲᠡᠮᠡᠴᠡᠬᠦ ᠠᠷᠠᠳ ᠤᠨ ᠳᠠᠶᠢᠨ᠂ ᠪᠦᠬᠦ ᠲᠠᠯ᠎ᠠ ᠶᠢᠨ ᠳᠠᠶᠢᠨ᠂ ᠬᠤᠷᠢᠭᠯᠠᠨ ᠳᠠᠷᠤᠬᠤ | ᠳᠠᠶᠢᠨ ᠢ ᠦᠷᠨᠢᠭᠦᠯᠦᠨ᠂ ᠦᠬᠠᠨ ᠢ ᠬᠠᠮᠠᠭᠠᠯᠠᠬᠤ ᠳᠠᠶᠢᠨ᠂ ᠬᠤᠪᠧᠢ ᠶᠢ ᠬᠠᠮᠠᠭᠠᠯᠠᠬᠤ ᠳᠠᠶᠢᠨ ᠢ ᠨᠠᠷᠢᠨ ᠨᠢᠮᠪᠠᠶ | ᠪᠠᠶᠢᠷᠢᠯᠠᠭᠤᠯᠵᠤ᠂ ᠤᠯᠤᠰ ᠲᠠᠶᠠᠭᠠᠷ ᠤᠨ ᠬᠦᠴᠦᠨ ᠢ ᠲᠠᠶᠢᠴᠢᠯᠡᠨ ᠤᠷᠢᠳ ᠡᠮᠦᠨ᠎ᠡ ᠭᠠᠷᠤᠭ᠎ᠠ ᠦᠭᠡᠢ ᠠᠮᠢ | ᠨᠠᠰᠤᠨ ᠤ ᠶᠡᠭᠡ ᠠᠪᠤᠷᠠᠨ ᠲᠤᠰᠠᠯᠠᠯᠲᠠ ᠶᠢ ᠬᠡᠷᠡᠭᠵᠢᠭᠦᠯᠵᠦ᠂ ︽ᠭᠠᠳᠠᠭᠠᠳᠤ ᠠᠴᠠ ᠬᠠᠯᠳᠠᠪᠤᠷᠢᠯᠠᠨ ᠤᠷᠤᠵᠤ | ᠢᠷᠡᠬᠦ ᠶᠢ ᠰᠡᠷᠭᠡᠶᠢᠯᠡᠭᠦ᠂ ᠳᠣᠲᠣᠭᠠᠳᠤ ᠳᠠᠭᠠᠨ ᠳᠠᠬᠢᠨ ᠬᠠᠯᠳᠠᠪᠣᠷᠢᠯᠠᠬᠤ ᠶᠢ ᠰᠡᠷᠭᠡᠶᠢᠯᠡᠬᠦ︾ ᠠᠵᠢᠯ ᠢ ᠢᠮᠠᠭᠲᠠ | ᠪᠤᠯᠭᠤᠮᠵᠢᠲᠡᠢ ᠰᠠᠶᠢᠲᠤᠷ ᠠᠳᠬᠤᠵᠤ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠭᠰᠠᠨ ᠢᠶᠠᠷ᠂ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠦ᠂ ᠳᠡᠯᠡᠬᠡᠢ | ᠨᠡᠶᠢᠲᠡ ᠶᠢᠨ ᠬᠡᠪᠴᠢᠶᠡᠨ ᠳᠤ ᠬᠠᠮᠤᠭ ᠤᠨ ᠲᠡᠷᠢᠬᠦᠨ ᠳᠤ ᠬᠢᠵᠢᠭ ᠢ ᠬᠢᠵᠠᠭᠠᠷᠯᠠᠵᠤ᠂ ᠬᠠᠮᠤᠭ ᠤᠨ ᠲᠡᠷᠢᠭᠦᠨ ᠳᠤ | ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ ᠬᠠᠮᠤᠭ ᠤᠨ ᠲᠡᠷᠢᠭᠦᠨ ᠳᠤ ᠠᠵᠤ ᠠᠬᠤᠶ ᠨᠡᠶᠢᠭᠡᠮ ᠤᠨ ᠬᠥᠭᠵᠢᠯᠲᠡ ᠶᠢ | ᠰᠡᠷᠭᠦᠭᠡᠭᠡᠳ᠂ ᠬᠢᠵᠢᠭ ᠢ ᠡᠰᠡᠷᠭᠦᠴᠡᠭᠦ ᠲᠡᠮᠡᠴᠡᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ | ᠣᠯᠵᠤ᠂ ᠬᠢᠵᠢᠭ ᠢ ᠡᠰᠡᠷᠭᠦᠴᠡᠬᠦ ᠠᠭᠤᠦ ᠶᠡᠭᠡ ᠵᠣᠷᠢᠭ ᠰᠠᠨᠠᠭ᠎ᠠ ᠶᠢ ᠪᠤᠢ ᠪᠣᠯᠭᠠᠪᠠ᠃ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠶᠢᠨ ᠲᠥᠯᠥᠭᠡ᠂ ᠨᠠᠮ ᠠᠴᠠ ᠬᠢᠵᠠᠭᠠᠷ ᠱᠤᠭᠤᠮ ᠢ ᠪᠠᠳᠤ ᠰᠠᠭᠢᠬᠤ᠂ ᠭᠤᠤᠯᠳᠠᠯᠭ᠎ᠠ ᠶᠢ | ᠲᠤᠪᠤᠶᠢᠯᠭᠠᠬᠤ᠂ ᠲᠦᠷᠢᠮ ᠢ ᠲᠡᠬᠦᠯᠳᠡᠷᠵᠢᠬᠦᠯᠬᠦ᠂ ᠵᠢᠱᠢᠯᠳᠠ ᠶᠢ ᠬᠦᠳᠤᠯᠤᠨ ᠵᠢᠯᠤᠭᠤᠳᠬᠤ ᠰᠡᠳᠭᠢᠮᠵᠢ ᠶᠢᠨ | ᠶᠣᠰᠣᠭᠠᠷ᠂ ᠣᠷᠣᠯᠭ᠎ᠠ ᠶᠢᠨ ᠬᠤᠪᠢᠶᠠᠷᠢᠯᠠᠯᠲᠠ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ | ᠪᠠᠲᠤᠯᠠᠭ᠎ᠠ᠂ ᠡᠮᠨᠡᠯᠭᠡ ᠡᠷᠡᠭᠦᠯ ᠬᠠᠮᠠᠭᠠᠯᠠᠯ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠠᠯᠢ ᠣᠯᠠᠨ | ᠴᠢᠬᠤᠯᠠ ᠶᠡᠭᠡ ᠠᠷᠭ᠎ᠠ ᠬᠡᠮᠵᠢᠶ᠎ᠡ ᠨᠡᠶᠢᠳᠡᠯᠡᠵᠦ᠂ ᠲᠦᠭᠡᠮᠡᠯ ᠬᠠᠷᠠᠭᠠᠯᠵᠠᠯᠳᠦ ᠴᠢᠨᠠᠷᠲᠡᠢ᠂ ᠰᠠᠭᠤᠷᠢ ᠴᠢᠨᠠᠷᠲᠡᠢ᠂ | ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ | ᠴᠢᠬᠤᠯᠠᠴᠢᠯᠠᠨ ᠴᠢᠩᠭᠠᠳᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ | ᠠᠬᠢᠭᠤᠯᠪᠠ᠃ ᠪᠢᠳᠡ ᠦᠷ᠎ᠡ ᠪᠦᠲᠦᠮᠵᠢ ᠶᠢ ᠢᠯᠡᠷᠡᠭᠦᠯᠬᠦ᠂ ᠲᠥᠪ ᠭᠤᠣᠯᠴᠢ ᠶᠢ ᠠᠭᠢᠭᠤᠯᠬᠤ ᠣᠷᠣᠯᠭ᠎ᠠ ᠶᠢᠨ | ᠬᠤᠪᠢᠶᠠᠷᠢᠯᠠᠯᠲᠠ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠬᠡᠲᠦ ᠥᠨᠳᠥᠷ ᠣᠷᠣᠯᠭ᠎ᠠ ᠳᠤ ᠲᠣᠬᠢᠷᠠᠭᠤᠯᠤᠯᠲᠠ | ᠬᠢᠵᠦ᠂ ᠬᠠᠤᠯᠢ ᠪᠤᠰᠤ ᠣᠷᠣᠯᠭ᠎ᠠ ᠶᠢ ᠴᠠᠭᠠᠵᠠᠯᠠᠵᠤ᠂ ᠣᠷᠣᠯᠭ᠎ᠠ ᠪᠠᠭᠠᠲᠠᠶ ᠬᠥᠮᠦᠰ ᠤᠨ ᠣᠷᠣᠯᠭ᠎ᠠ ᠶᠢ ᠨᠡᠮᠡᠭᠳᠡᠭᠦᠯᠵᠦ | ᠂ ᠳᠤᠮᠳᠠ ᠵᠡᠷᠭᠡ ᠶᠢᠨ ᠣᠷᠣᠯᠭ᠎ᠠ ᠲᠠᠢ ᠬᠠᠮᠲᠤᠯᠢᠭ ᠢ ᠲᠣᠭᠲᠠᠭᠤᠨ ᠢᠶᠠᠷ ᠥᠷᠭᠡᠳᠭᠡᠵᠦ᠂ ᠵᠤᠤᠪᠠᠩ ᠬᠡᠯᠪᠡᠷᠢ ᠶᠢᠨ | ᠬᠤᠪᠢᠶᠠᠷᠢᠯᠠᠯᠲᠠ ᠶᠢᠨ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠤᠨ᠂ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠭᠢᠭᠡᠳ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠵᠢᠭᠳᠡ ᠪᠠᠶᠢᠯᠭᠠᠵᠤ᠂ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠬᠢ ᠠᠴᠠ ᠲᠦᠷᠭᠡᠨ ᠪᠠᠶᠢᠯᠭᠠᠪᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠵᠦ᠂ ᠨᠡᠩ ᠭᠦᠢᠴᠡᠳ᠂ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢ | ᠠᠬᠢᠭᠤᠯᠪᠠ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠤᠷᠭᠠᠨ | ᠬᠥᠮᠦᠵᠢᠯ ᠤᠨ ᠦᠢᠯᠡᠰ ᠢ ᠤᠷᠢᠳ ᠢᠶᠠᠷ ᠬᠥᠭᠵᠢᠭᠦᠯᠵᠦ᠂ ᠰᠤᠷᠭᠠᠨ ᠬᠥᠮᠦᠵᠢᠯ ᠤᠨ ᠦᠨᠳᠦᠰᠦᠨ ᠡᠭᠦᠷᠭᠡ ᠪᠣᠯ | ᠶᠤᠰᠤ ᠰᠤᠷᠲᠠᠬᠤᠨ ᠢ ᠪᠤᠢ ᠪᠤᠯᠭᠠᠵᠤ ᠬᠦᠮᠦᠨ ᠢ ᠬᠦᠮᠦᠵᠢᠭᠦᠯᠦᠨ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠠᠪᠤᠳᠠᠯ ᠮᠦᠨ ᠭᠡᠳᠡᠭ ᠢ ᠲᠤᠳᠤᠷᠬᠠᠶᠢᠯᠠᠵᠦ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠰᠢᠨ᠎ᠡ ᠡᠭᠦᠳᠦᠯᠳᠡ ᠶᠢ ᠭᠦᠨᠵᠡᠭᠡᠶᠢᠷᠡᠭᠦᠯᠵᠦ᠂ ᠭᠤᠤᠯᠴᠢ | ᠪᠠᠶᠢᠬᠤ ᠶᠢ ᠠᠭᠢᠭᠤᠯᠬᠤ ᠪᠠ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠡᠩᠴᠡᠭᠦᠷᠢᠲᠡᠶ ᠬᠥᠭᠵᠢᠬᠦᠯᠭᠦ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠵᠤ᠂ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠢ ᠢᠳᠡᠪᠬᠢᠲᠡᠢ ᠬᠦᠭᠵᠢᠭᠦᠯᠵᠦ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ | ᠠᠭᠤᠯᠤᠭᠳᠠᠬᠤᠨ ᠤ ᠬᠡᠯᠪᠡᠷᠢᠲᠦ ᠬᠦᠭᠵᠢᠯᠲᠡ ᠶᠢ ᠠᠭᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠳᠠ ᠶᠢ ᠠᠬᠢᠭᠤᠯᠵᠦ᠂ ᠠᠷᠠᠳ ᠲᠦᠮᠡᠨ ᠤ ᠰᠡᠳᠭᠢᠯ ᠬᠠᠨᠤᠮᠵᠢᠲᠠᠢ ᠰᠤᠷᠭᠠᠨ ᠬᠥᠮᠦᠵᠢᠯ ᠢ | ᠰᠠᠶᠢᠲᠤᠷ ᠡᠷᠬᠢᠯᠡᠪᠠ᠃ ᠮᠠᠨ ᠤ ᠤᠯᠤᠰ ᠳᠡᠯᠡᠬᠡᠶ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠲᠦᠭᠡᠵᠦ᠂ 10 ᠳ᠋ᠦᠡᠭᠰᠢᠭᠤᠷ 2000 ᠲᠦᠮᠡᠨ ᠬᠥᠮᠦᠨ ᠠᠮᠠ ᠳᠤ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠣᠯᠭᠤᠵᠦ᠂ 13 ᠳ᠋ᠦᠩᠰᠢᠭᠤᠷ 6000 ᠲᠦᠮᠡᠨ ᠬᠥᠮᠦᠨ | ᠠᠮᠠ ᠳᠤ ᠡᠮᠨᠡᠯᠭᠡ ᠶᠢᠨ ᠦᠨᠳᠦᠰᠦᠨ ᠳᠠᠭᠠᠳᠬᠠᠯ ᠤᠯᠭᠤᠪᠠ᠃ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠴᠢᠭᠯᠡᠯᠲᠡ ᠶᠢ | ᠪᠠᠷᠢᠮᠲᠠᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ | ᠳᠣᠷᠣᠭᠰᠢ ᠪᠠᠭᠤᠯᠭᠠᠬᠤ ᠶᠢ ᠬᠦᠳᠦᠯᠦᠨ ᠵᠢᠯᠤᠭᠤᠳᠴᠦ᠂ ᠬᠦᠨᠳᠦ ᠶᠡᠭᠡ ᠬᠢᠵᠢᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ᠂ ᠤᠯᠤᠰ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠭᠦ ᠶᠢ ᠴᠠᠭ ᠲᠤᠬᠠᠶ ᠳᠤᠨᠢ ᠠᠬᠢᠭᠤᠯᠵᠤ᠂ | ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠵᠤ᠂ | ᠬᠤᠳᠠ ᠬᠥᠳᠡᠭᠡ ᠶᠢ ᠨᠠᠶᠢᠳᠡᠮ ᠪᠦᠷᠭᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠬᠦᠯᠪᠠ᠃ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠠᠷᠠᠳ ᠨᠡᠶᠢᠲᠡ ᠶᠢᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠪᠠ᠃ ᠬᠥᠮᠦᠨ | ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠬᠥᠮᠦᠨ ᠠᠮᠠ ᠶᠢᠨ | ᠨᠠᠰᠤᠵᠢᠯᠳᠡ ᠶᠢ ᠢᠳᠡᠪᠬᠢᠲᠡᠢ ᠠᠷᠭᠠᠴᠠᠵᠤ᠂ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ | ᠲᠦᠷᠭᠡᠯᠡᠨ ᠪᠠᠶᠢᠭᠤᠯᠵᠤ᠂ ᠦᠷᠡᠵᠢᠯ ᠤᠨ ᠲᠦᠷᠦ ᠶᠢᠨ ᠪᠤᠳᠤᠯᠭ᠎ᠠ ᠳᠤ ᠲᠣᠬᠢᠷᠠᠭᠤᠯᠤᠯᠳᠠ ᠬᠢᠵᠦ ᠰᠢᠯᠢᠳᠡᠭᠵᠢᠭᠦᠯᠦᠨ᠂ | ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠠᠬᠢᠭᠤᠯᠪᠠ᠃ ᠭᠡᠷ ᠪᠦᠯᠢ ᠶᠢᠨ | ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠨ᠂ ᠡᠮᠡᠭᠲᠡᠶᠢᠴᠤᠳ ᠬᠡᠦᠬᠡᠳ ᠤᠨ ᠡᠷᠬᠡ | ᠠᠰᠢᠭ ᠢ ᠪᠠᠲᠤᠯᠠᠪᠠ᠃ ᠵᠡᠮᠳᠡᠭᠴᠤᠳ ᠤᠨ ᠦᠢᠯᠡᠰ ᠢ ᠲᠦᠷᠭᠡᠯᠡᠨ ᠬᠦᠭᠵᠢᠭᠦᠯᠪᠡ᠃ ᠭᠡᠷ ᠪᠠᠶᠢᠰᠢᠩ ᠢ ᠰᠠᠭᠤᠬᠤ ᠶᠢᠨ | ᠲᠦᠯᠦᠭᠡ ᠪᠠᠷᠢᠭᠰᠠᠨ ᠠᠴᠠ ᠪᠢᠰᠢ ᠰᠠᠷᠢᠭᠠᠯᠠᠬᠤ ᠶᠢᠨ ᠲᠦᠯᠦᠭᠡ ᠪᠠᠷᠢᠬᠰᠠᠨ ᠪᠢᠰᠢ ᠭᠡᠬᠦ ᠪᠠᠶᠢᠷᠢ ᠲᠤᠬᠳᠠᠭᠠᠯᠳᠠ ᠶᠢ | ᠪᠠᠷᠢᠮᠳᠠᠯᠠᠵᠤ᠂ ᠤᠯᠠᠨ ᠪᠡᠶᠡᠴᠢ ᠴᠤᠬᠴᠠ ᠠᠴᠠ ᠬᠠᠨᠭ᠍ᠭᠠᠬᠤ᠂ ᠤᠯᠠᠨ ᠠᠷᠭ᠎ᠠ ᠵᠠᠮ ᠢᠶᠠᠷ ᠪᠠᠳᠤᠯᠠᠬᠤ᠂ ᠲᠦᠷᠢᠶᠡᠰᠤᠯᠡᠬᠦ | ᠪᠤᠯᠤᠨ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠤᠷᠤᠨ ᠰᠠᠭᠤᠴᠠ ᠶᠢᠨ ᠲᠦᠷᠢᠮ ᠢ ᠲᠦᠷᠭᠡᠯᠡᠨ | ᠪᠠᠶᠢᠭᠤᠯᠵᠤ᠂ ᠪᠠᠲᠤᠯᠠᠭ᠎ᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠤᠭᠰᠠᠨ ᠢᠶᠠᠷ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ | ᠨᠥᠬᠦᠴᠡᠯ ᠢᠯᠡᠳᠲᠡ ᠰᠠᠶᠢᠵᠢᠷᠠᠪᠠ᠃ ᠨᠠᠮ ᠠᠴᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ᠂ | ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ ᠶᠢ ᠪᠣᠳᠣᠯᠬᠢᠯᠠᠨ᠂ ᠨᠠᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠳᠤᠮᠳᠠᠳᠦ ᠤᠯᠤᠰ ᠢ ᠪᠦᠳᠦᠭᠡᠨ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠶᠣᠰᠣ ᠰᠤᠷᠳᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠤᠲᠠ ᠬᠥᠳᠡᠭᠡ ᠶᠢᠨ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ | ᠦᠨᠳᠦᠰᠦᠨ ᠱᠠᠲᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ | ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠪᠠᠶᠢᠭᠤᠯᠵᠤ᠂ ᠬᠥᠮᠦᠨ ᠪᠦᠬᠦᠨ ᠬᠠᠷᠢᠭᠤᠴᠠᠯᠭ᠎ᠠ ᠲᠠᠢ᠂ | ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠭᠡᠬᠦ᠂ ᠬᠥᠮᠦᠨ ᠪᠦᠬᠦᠨ ᠳᠤ ᠡᠳ᠋ᠯᠡᠬᠦᠯᠭᠦ ᠨᠡᠶᠢᠭᠡᠮ ᠤᠨ | ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠤᠯᠤᠰ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠪᠠ᠃ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠰᠲ᠋ᠧᠮ ᠲᠠᠢ | ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ | ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ | ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠠᠷᠢᠯᠭᠠᠬᠤ ᠣᠯᠠᠨ ᠡᠰᠢᠳᠦ | ᠶᠡᠷᠦᠩᠬᠡᠶᠢᠯᠡᠭᠰᠡᠨ ᠲᠣᠭᠲᠠᠴᠠ ᠶᠢ ᠪᠦᠷᠢᠨᠰᠢᠭᠦᠯᠵᠦ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠠᠵᠢᠯ ᠢ ᠴᠢᠩᠭᠠᠳᠬᠠᠵᠤ᠂ ᠬᠠᠷ᠎ᠠ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠦᠷᠨᠢᠭᠦᠯᠦᠨ᠂ ᠬᠠᠷ᠎ᠠ | ᠬᠠᠷᠭᠢᠰ ᠬᠦᠴᠦᠨ ᠢ ᠳᠤᠷ᠎ᠠ ᠪᠠᠷ ᠨᠢ ᠲᠠᠯᠪᠢᠭᠰᠠᠨ᠂ ᠥᠮᠥᠭᠯᠡᠭᠰᠡᠨ ᠴᠢᠨᠠᠭᠰᠢᠯᠠᠪᠠᠯ ᠲᠡᠭᠦᠨ ᠤ ᠬᠠᠮᠠᠭᠠᠯᠠᠭᠴᠢ | ᠪᠣᠯᠤᠭᠰᠠᠨ ᠨᠠᠮ ᠤᠨ ᠭᠡᠰᠢᠭᠦᠨ ᠺᠠᠳ᠋ᠷ ᠢ ᠡᠷᠡᠰ ᠵᠠᠯᠬᠠᠭᠠᠨ ᠰᠢᠢᠳᠭᠡᠵᠦ᠂ ᠬᠦᠴᠦᠷᠬᠡᠭᠯᠡᠯ ᠰᠦᠷᠳᠡᠭᠦᠯᠦᠯ᠂ ᠰᠢᠨ᠎ᠡ | ᠬᠡᠯᠪᠡᠷᠢ ᠶᠢᠨ ᠰᠦᠯᠵᠢᠶᠡᠨ ᠤ ᠶᠠᠯᠠᠲᠤ ᠠᠵᠢᠯᠯᠠᠭ᠎ᠠ᠂ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠶᠢ ᠰᠡᠷᠭᠡᠶᠢᠯᠡᠭᠰᠡᠨ | ᠪᠠ ᠲᠡᠭᠦᠨ ᠳᠤ ᠴᠣᠬᠢᠯᠲᠠ ᠥᠭᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ | ᠤᠯᠤᠰ ᠤᠨ ᠨᠡᠶᠢᠭᠡᠮ ᠤᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠠᠷᠠᠳ ᠤᠨ ᠠᠮᠢᠳᠤᠷᠠᠯ ᠪᠦᠬᠦ ᠲᠠᠯ᠎ᠠ ᠪᠠᠷ | ᠰᠠᠶᠢᠵᠢᠷᠠᠨ᠂ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢ ᠪᠠᠷ ᠵᠠᠰᠠᠭᠰᠠᠨ᠂ ᠤᠶᠤᠨᠴᠢᠯᠠᠭᠰᠠᠨ᠂ | ᠲᠤᠰᠬᠠᠶᠢᠵᠢᠭᠰᠠᠨ ᠬᠢᠷᠢ ᠬᠡᠮᠵᠢᠶ᠎ᠡ ᠶᠡᠭᠡ ᠪᠠᠷ ᠳᠡᠭᠡᠭᠰᠢᠯᠡᠵᠤ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠭᠦ᠂ | ᠨᠡᠶᠢᠭᠡᠮ ᠨᠡᠶᠢᠳᠡ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠬᠥᠭᠵᠢᠭᠦᠯᠵᠦ᠂ | ᠨᠡᠶᠢᠭᠡᠮ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠭᠠᠶᠢᠬᠠᠮᠰᠢᠭ ᠢ ᠦᠷᠭᠦᠯᠵᠢᠯᠡᠨ ᠪᠢᠴᠢᠭᠯᠡᠪᠡ᠃ | ︵ᠶᠢᠰᠦ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠥᠭᠡᠷᠡᠴᠢᠯᠡᠯᠲᠡ ᠨᠡᠭᠡᠭᠡᠯᠳᠡ | ᠬᠢᠭᠰᠡᠨ ᠤ ᠲᠠᠷᠠᠭ᠎ᠠ᠂ ᠨᠠᠮ ᠠᠴᠠ ᠠᠮᠢ ᠠᠬᠤᠶ ᠶᠢᠨ ᠣᠷᠴᠢᠨ ᠨᠦᠭᠦᠴᠡᠯ ᠤᠨ ᠬᠠᠮᠠᠭᠠᠯᠠᠯᠲᠠ ᠶᠢ ᠶᠠᠪᠤᠬᠤ ᠲᠤᠲᠤᠮ | ᠴᠢᠬᠤᠯᠠᠴᠢᠯᠠᠭᠰᠠᠭᠠᠷ ᠢᠷᠡᠪᠡ᠃ ᠡᠭᠦᠨ ᠤ ᠬᠠᠮᠲᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠮᠥᠨ ᠬᠦ | ᠨᠢᠭᠡᠨ ᠢᠯᠡᠷᠬᠡᠶ ᠳᠤᠲᠠᠭᠤᠳᠠᠯ ᠪᠣᠯᠵᠤ ᠪᠠᠶᠢᠭ᠎ᠠ ᠪᠦᠭᠡᠳ ᠡᠬᠢ ᠪᠠᠶᠠᠯᠢᠭ ᠤᠷᠴᠢᠨ ᠨᠦᠬᠦᠴᠡᠯ ᠤᠨ ᠬᠢᠵᠠᠭᠠᠷᠯᠠᠯ | ᠴᠢᠩᠭᠠᠷᠠᠵᠦ᠂ ᠠᠮᠢ ᠠᠬᠤᠶ ᠶᠢᠨ ᠰᠢᠰᠲ᠋ᠧᠮ ᠮᠠᠭᠤᠳᠠᠵᠤ ᠪᠠᠶᠢᠭ᠎ᠠ ᠵᠡᠷᠭᠡ ᠠᠰᠠᠭᠤᠳᠠᠯ ᠶᠠᠪᠤᠬᠤ ᠲᠤᠲᠤᠮ ᠳᠣᠪᠤᠶᠢᠮ᠎ᠠ | ᠪᠣᠯᠪᠠ᠂ ᠢᠯᠠᠩᠭᠤᠶ᠎ᠡ ᠡᠯ᠎ᠡ ᠲᠥᠷᠥᠯ ᠤᠨ ᠣᠷᠴᠢᠨ ᠠᠬᠤᠢ ᠶᠢᠨ ᠪᠣᠬᠢᠷᠲᠤᠯ᠂ ᠠᠮᠢ ᠠᠬᠤᠶ ᠶᠢᠨ ᠡᠪᠳᠡᠭᠳᠡᠯ ᠣᠯᠠᠨ | ᠡᠭᠦᠰᠭᠦ ᠪᠠᠶᠢᠳᠠᠯ ᠢᠯᠡᠷᠡᠵᠦ᠂ ᠨᠤᠲᠤᠭ ᠳᠡᠪᠢᠰᠭᠡᠷ ᠤᠨ ᠰᠢᠷᠬᠠᠯᠠᠯ᠂ ᠠᠷᠠᠳ ᠤᠨ ᠠᠮᠢᠳᠤᠷᠠᠯ ᠤᠨ ᠡᠪᠡᠷᠰᠢᠶᠠᠯ | ᠪᠣᠯᠤᠭᠠᠳ ᠪᠠᠶᠢᠨ᠎ᠠ᠃ ᠬᠡᠷᠪᠡ ᠠᠮᠢ ᠠᠬᠤᠢ ᠶᠢᠨ ᠤᠷᠴᠢᠨ ᠨᠦᠭᠦᠴᠡᠯ ᠤᠨ ᠮᠠᠭᠤᠳᠠᠬᠤ ᠬᠠᠨᠳᠤᠰᠢ ᠶᠢ ᠱᠠᠯᠠᠪᠳᠠᠨ | ᠬᠤᠪᠢᠷᠠᠭᠤᠯᠬᠤ ᠦᠭᠡᠢ ᠪᠣᠯ ᠲᠦᠢᠯ ᠤᠨ ᠬᠦᠨᠳᠦ ᠨᠣᠴᠢᠲᠠᠢ ᠦᠨ᠎ᠡ ᠲᠥᠯᠥᠪᠦᠷᠢ ᠭᠠᠷᠭᠠᠬᠤ ᠨᠢ ᠯᠠᠪᠳᠠᠢ ᠶᠤᠮ᠃ | ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠭᠰᠠᠨ ᠨᠢ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯ | ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠳᠤ ᠬᠤᠯᠪᠣᠭᠳᠠᠬᠤ ᠦᠨᠳᠦᠰᠦᠨ ᠶᠡᠭᠡ ᠪᠤᠳᠤᠯᠭ᠎ᠠ | ᠮᠥᠨ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠣᠯ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ | ᠪᠠᠶᠢᠭ᠎ᠠ ᠶᠠᠪᠤᠳᠠᠯ ᠮᠥᠨ᠂ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠣᠯ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠵᠦ ᠪᠠᠶᠢᠭ᠎ᠠ ᠶᠠᠪᠤᠳᠠᠯ ᠮᠥᠨ᠂ ᠤᠷᠴᠢᠨ ᠠᠬᠤᠢ ᠪᠠᠷ ᠦᠷᠡᠭᠳᠡᠯ ᠪᠤᠯᠭᠠᠵᠤ ᠪᠠᠶᠢᠭᠠᠳ ᠨᠢᠭᠡ | ᠴᠠᠭ ᠤᠨ ᠠᠵᠤ ᠠᠬᠤᠢ ᠶᠢᠨ ᠨᠡᠮᠡᠭᠳᠡᠯ ᠢ ᠬᠦᠭᠡᠭᠡᠴᠡᠯᠳᠦᠵᠤ ᠶᠠᠭᠠᠭᠢᠭᠰᠠᠨ ᠴᠤ ᠪᠤᠯᠬᠤ ᠦᠭᠡᠢ᠃ ᠡᠷᠬᠡᠪᠰᠢ ᠬᠦᠬᠡ | ᠠᠭᠤᠯᠠ ᠬᠦᠭᠡᠮᠳᠦᠭ ᠤᠰᠤ ᠪᠣᠯ ᠠᠯᠳᠠᠨ ᠠᠭᠤᠯᠠ ᠮᠦᠩᠭᠦᠨ ᠬᠠᠶᠢᠷᠬᠠᠨ ᠮᠦᠨ ᠭᠡᠬᠦ ᠣᠶᠢᠯᠠᠭᠠᠭᠳᠠᠬᠤᠨ ᠢ | ᠪᠠᠷᠢᠮᠲᠠᠯᠠᠵᠦ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠦᠬᠦᠷᠦᠮ ᠡᠪᠡᠰᠦ ᠪᠡᠯᠴᠢᠬᠡᠷ ᠡᠯᠡᠰᠦ | ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠦ᠂ ᠠᠯᠠᠭ ᠨᠢᠳᠦ ᠪᠠᠨ | ᠬᠠᠮᠠᠭᠠᠯᠠᠬᠤ ᠰᠢᠬ ᠢᠶᠠᠷ ᠠᠮᠢ ᠠᠬᠤᠢ ᠶᠢᠨ ᠣᠷᠴᠢᠨ ᠨᠦᠭᠦᠴᠡᠯ ᠢ ᠬᠠᠮᠠᠭᠠᠯᠠᠵᠦ᠂ ᠠᠮᠢ ᠨᠠᠰᠦ ᠪᠠᠨ ᠬᠠᠶᠢᠷᠠᠯᠠᠬᠤ | ᠰᠢᠬ ᠢᠶᠠᠷ ᠠᠮᠢ ᠠᠬᠤᠢ ᠶᠢᠨ ᠣᠷᠴᠢᠨ ᠨᠦᠭᠦᠴᠡᠯ ᠢ ᠬᠠᠶᠢᠷᠠᠯᠠᠵᠦ᠂ ᠨᠤᠭᠤᠭᠠᠨ ᠬᠥᠭᠵᠢᠯᠲᠡ᠂ ᠣᠷᠴᠢᠯ ᠬᠥᠭᠵᠢᠯᠲᠡ᠂ | ᠨᠡᠭᠦᠷᠡᠰᠦᠲᠥ᠋ᠷᠥᠭᠴᠢ ᠪᠠᠭᠠᠳᠠᠢ ᠬᠥᠭᠵᠢᠯᠲᠡ ᠶᠢ ᠨᠡᠩ ᠤᠬᠠᠮᠰᠠᠷ ᠠᠴᠠ ᠪᠠᠨ ᠠᠬᠢᠭᠤᠯᠵᠤ᠂ ᠦᠢᠯᠡᠳᠪᠦᠷᠢᠯᠡᠯ | ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠵᠢᠷᠠᠭᠰᠠᠨ ᠪᠣᠯᠪᠠᠰᠤᠨ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠬᠤ ᠭᠡᠷᠡᠭᠳᠡᠢ᠃ | ᠨᠠᠮ ᠠᠴᠠ ᠦᠵᠡᠯ ᠰᠠᠨᠠᠭ᠎ᠠ᠂ ᠬᠠᠤᠯᠢ ᠴᠠᠭᠠᠵᠠ᠂ ᠪᠠᠶᠢᠭᠤᠯᠤᠯ᠂ ᠵᠣᠬᠢᠶᠠᠨ ᠪᠠᠶᠢᠭᠤᠯᠤᠯᠲᠠ᠂ ᠰᠤᠷᠲᠠᠯ ᠤᠨ | ᠲᠠᠯ᠎ᠠ ᠠᠴᠠ ᠪᠦᠬᠦ ᠲᠠᠯ᠎ᠠ ᠪᠠᠷ ᠬᠦᠴᠦᠯᠡᠵᠦ᠂ ᠪᠦᠬᠦ ᠲᠠᠯ᠎ᠠ ᠪᠠᠷ᠂ ᠪᠦᠬᠦ ᠭᠠᠵᠠᠷ ᠣᠷᠣᠨ ᠳᠤ᠂ ᠪᠦᠬᠦ ᠶᠠᠪᠤᠴᠠ ᠳᠤ | ᠠᠮᠢ ᠠᠬᠤᠶ ᠶᠢᠨ ᠣᠷᠴᠢᠨ ᠨᠦᠭᠦᠴᠡᠯ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠣᠷᠴᠢᠨ ᠠᠬᠤᠢ ᠶᠢᠨ ᠴᠢᠨᠠᠷ ᠴᠢᠨᠰᠠᠭ᠎ᠠ ᠶᠢᠨ ᠲᠤᠤᠷᠠᠳᠦ ᠬᠢᠵᠠᠭᠠᠷ ᠱᠤᠭᠤᠮ᠂ ᠡᠬᠢ | ᠪᠠᠶᠠᠯᠢᠭ ᠤᠨ ᠠᠰᠢᠭᠯᠠᠯᠲᠠ ᠶᠢᠨ ᠲᠡᠭᠡᠳᠦ ᠬᠢᠵᠠᠭᠠᠷ ᠱᠤᠭᠤᠮ ᠢ ᠲᠣᠭᠲᠠᠭᠠᠬᠤ ᠶᠢ ᠠᠬᠢᠭᠤᠯᠵᠦ᠂ ᠦᠨᠳᠦᠰᠦᠨ | ᠴᠢᠨᠠᠷᠲᠠᠶ᠂ ᠡᠭᠦᠳᠦᠯᠲᠡ ᠶᠢᠨ ᠴᠢᠨᠠᠷᠲᠠᠶ᠂ ᠠᠯᠤᠰ ᠬᠡᠳᠦ ᠶᠢᠨ ᠴᠢᠨᠠᠷᠲᠠᠶ ᠠᠯᠢ ᠤᠯᠠᠨ ᠠᠵᠢᠯ ᠢ ᠥᠷᠨᠢᠭᠦᠯᠪᠡ᠃ | ᠨᠠᠮ ᠠᠴᠠ ᠭᠤᠤᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠵᠤᠭᠢᠶᠠᠨ ᠪᠠᠶᠢᠭᠤᠯᠤᠨ | ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ᠂ | ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠳᠦᠷᠢᠮ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢ ᠦᠨᠡᠯᠡᠵᠦ ᠬᠢᠨᠠᠨ ᠰᠢᠯᠭᠠᠬᠤ ᠳᠦᠷᠢᠮ ᠪᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ᠂ ᠠᠮᠢ ᠠᠬᠤᠢ ᠶᠢᠨ ᠨᠥᠬᠦᠪᠥᠷᠢ ᠶᠢᠨ ᠳᠦᠷᠢᠮ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ᠂ ᠣᠢ ᠰᠢᠭᠤᠶ ᠶᠢᠨ ᠳᠠᠷᠤᠭ᠎ᠠ ᠶᠢᠨ ᠳᠦᠷᠢᠮ᠂ ᠣᠷᠴᠢᠨ ᠠᠬᠤᠢ ᠶᠢᠨ | ᠬᠠᠮᠠᠭᠠᠯᠠᠯᠲᠠ ᠳᠤ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ᠪᠠ ︽ᠨᠢᠬᠡ ᠠᠵᠢᠯ ᠤᠨ ᠪᠠᠶᠢᠷᠢ ᠳᠤ | ᠬᠤᠤᠰ ᠬᠠᠷᠢᠭᠤᠴᠠᠯᠭ᠎ᠠ ᠡᠬᠦᠷᠭᠡᠯᠡᠬᠦ︾ ᠵᠡᠷᠭᠡ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠯᠪᠤᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠲᠠᠭᠠᠭᠰᠠᠨ ᠪᠠ ᠵᠠᠰᠠᠵᠦ ᠲᠤᠭᠲᠠᠭᠠᠪᠠ᠃ ᠤᠯᠤᠰ ᠤᠨ ᠨᠤᠳᠤᠭ | ᠲᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ | ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ | ᠰᠢᠰᠲ᠋ᠧᠮ ᠢ ᠪᠠᠶᠢᠭᠤᠯᠵᠤ᠂ ᠶᠡᠭᠡ ᠬᠡᠪᠴᠢᠶᠡᠨ ᠤ ᠤᠯᠤᠰ ᠤᠨ ᠨᠤᠳᠤᠭ ᠲᠡᠪᠢᠰᠭᠡᠷ ᠢ ᠨᠣᠭᠤᠭᠠᠷᠠᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠶᠡᠭᠡ ᠭᠤᠤᠯ ᠮᠥᠷᠡᠨ ᠪᠠ ᠴᠢᠬᠤᠯᠠ ᠨᠠᠭᠤᠷ ᠴᠥᠭᠦᠷᠥᠮ ᠨᠤᠭᠤ | ᠭᠠᠵᠠᠷ ᠵᠢᠴᠢ ᠳᠠᠯᠠᠢ ᠶᠢᠨ ᠡᠷᠭᠢ ᠶᠢᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠠ ᠰᠢᠰᠲ᠋ᠧᠮᠳᠦ ᠵᠠᠰᠠᠯᠲᠠ ᠶᠢ | ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ | ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠶᠢ ᠴᠢᠩᠭᠠᠳᠬᠠᠵᠤ᠂ ᠡᠬᠢ ᠪᠠᠶᠠᠯᠢᠭ ᠢ ᠠᠷᠪᠢᠯᠠᠬᠤ | ᠪᠠ ᠣᠷᠴᠢᠨ ᠠᠬᠤᠶ ᠶᠢ ᠬᠠᠮᠠᠭᠠᠯᠠᠬᠤ ᠶᠢᠨ ᠣᠷᠣᠨ ᠵᠠᠶ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠠᠷᠭ᠎ᠠ ᠮᠠᠶ᠋ᠢᠭ᠂ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠠᠬᠢᠭᠤᠯᠪᠠ᠃ ᠨᠠᠮ | ᠤᠳᠤᠷᠢᠳᠴᠤ ᠪᠠᠶᠢᠭᠠᠳ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠭᠡ ᠰᠡᠳᠦᠪ ᠢ ᠰᠢᠢᠳᠪᠦᠷᠢᠯᠡᠭᠦ ᠲᠠᠶᠢᠨ ᠤ | ᠢᠯᠠᠯᠲᠠ ᠶᠢ ᠬᠦᠴᠦᠯᠡᠨ ᠣᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠭᠤᠷᠪᠠᠨ ᠶᠡᠭᠡ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠴᠡᠯᠮᠡᠭ ᠲᠡᠭᠷᠢ᠂ ᠲᠤᠩᠭᠠᠯᠠᠭ | ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠨ ᠢ ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠰᠢᠨ | ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ︽ᠬᠠᠷᠢ ᠶᠢᠨ ᠬᠤᠭ ᠨᠣᠪᠰᠢ︾ | ᠶᠢ ᠭᠠᠳᠠᠭᠠᠳᠤ ᠠᠴᠠ ᠣᠷᠣᠭᠤᠯᠬᠤ ᠶᠢ ᠪᠦᠬᠦ ᠲᠠᠯ᠎ᠠ ᠪᠠᠷ ᠴᠠᠭᠠᠵᠠᠯᠠᠪᠠ᠃ ᠲᠥᠪ ᠤᠨ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢᠨ ᠬᠢᠨᠡᠨ ᠪᠠᠶᠢᠴᠠᠭᠠᠯᠲᠠ ᠶᠢ ᠥᠷᠨᠢᠭᠦᠯᠵᠦ᠂ ᠠᠮᠢ ᠠᠬᠤᠶ ᠶᠢᠨ ᠣᠷᠴᠢᠨ | ᠨᠥᠬᠦᠴᠡᠯ ᠢ ᠡᠪᠳᠡᠭᠰᠡᠨ ᠨᠢᠭᠡ ᠪᠦᠯᠦᠭ ᠬᠦᠨᠳᠦ ᠶᠡᠭᠡ ᠨᠡᠶᠢᠲᠡᠯᠢᠭ ᠬᠡᠷᠡᠭ ᠢ ᠡᠷᠡᠰ ᠪᠠᠶᠢᠴᠠᠭᠠᠨ ᠰᠢᠢᠳᠪᠦᠷᠢᠯᠡᠵᠦ᠂ | ᠠᠷᠠᠳ ᠤᠯᠠᠨ ᠤ ᠲᠤᠰᠬᠠᠯ ᠶᠡᠭᠡ ᠲᠠᠢ ᠨᠢᠭᠡ ᠪᠦᠯᠦᠭ ᠣᠷᠴᠢᠨ ᠠᠬᠤᠶ ᠶᠢᠨ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠪᠠ᠃ ᠮᠠᠨ ᠤ ᠤᠯᠤᠰ ᠪᠦᠬᠦ ᠪᠥᠮᠪᠥᠷᠴᠡᠭ ᠤᠨ ᠣᠷᠴᠢᠨ ᠠᠬᠤᠢ ᠭᠢᠭᠡᠳ ᠠᠭᠤᠷ ᠠᠮᠢᠰᠬᠤᠯ ᠤᠨ | ᠵᠠᠰᠠᠯᠲᠠ ᠳᠤ ᠢᠳᠡᠪᠬᠢᠲᠡᠢ ᠣᠷᠣᠯᠴᠠᠵᠤ᠂ 2030 ᠣᠨ ᠠᠴᠠ ᠡᠮᠦᠨ᠎ᠡ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠳᠠ ᠶᠢ ᠣᠷᠭᠢᠯ ᠭᠡᠮᠵᠢᠭᠳᠡᠯ ᠳᠤᠨᠢ ᠭᠦᠷᠭᠡᠭᠦ ᠪᠠ 2060 ᠣᠨ ᠠᠴᠠ ᠡᠮᠦᠨ᠎ᠡ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠬᠦᠴᠦᠯᠡᠨ | ᠴᠢᠷᠮᠠᠶᠢᠬᠤ ᠲᠥᠪ ᠴᠢᠩᠭ᠎ᠠ ᠠᠮᠠᠯᠠᠯᠲᠠ ᠬᠢᠵᠦ᠂ ᠬᠠᠷᠢᠭᠤᠴᠠᠯᠭ᠎ᠠ ᠲᠠᠢ ᠲᠤᠮᠦ ᠤᠯᠤᠰ ᠤᠨ ᠡᠭᠦᠷᠭᠡᠯᠡᠯ ᠢ | ᠢᠯᠡᠷᠡᠭᠦᠯᠵᠡᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠷᠢᠳ | ᠡᠮᠦᠨ᠎ᠡ ᠪᠠᠶᠢᠭ᠎ᠠ ᠦᠭᠡᠶ ᠡᠷᠴᠢᠮ ᠢᠶᠠᠷ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠬᠰᠠᠨ ᠢᠶᠠᠷ᠂ | ᠪᠦᠬᠦ ᠨᠠᠮ ᠪᠦᠬᠦ ᠤᠯᠤᠰ ᠤᠨ ᠨᠤᠭᠤᠭᠠᠨ ᠬᠥᠭᠵᠢᠯᠲᠡ ᠶᠢ ᠠᠬᠢᠭᠤᠯᠬᠤ ᠤᠬᠠᠮᠰᠠᠷᠲᠤ ᠴᠢᠨᠠᠷ ᠪᠣᠯᠤᠨ | ᠰᠠᠨᠠᠭᠠᠴᠢᠯᠠᠭᠠᠲᠤ ᠴᠢᠨᠠᠷ ᠢᠯᠡᠳᠲᠡ ᠴᠢᠩᠭᠠᠷᠠᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ | ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠵᠤ᠂ ᠮᠠᠨ ᠤ ᠤᠯᠤᠰ ᠤᠨ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠳᠤ ᠲᠡᠤᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ | ᠬᠤᠪᠢᠷᠠᠯᠲᠠ ᠭᠠᠷᠪᠠ᠃ | ︵ᠠᠷᠪᠠ︶ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢᠨ | ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠠᠷᠠᠳ ᠤᠨ ᠴᠡᠷᠢᠭ ᠠᠩᠭᠢ ᠶᠢᠨ ᠬᠤᠪᠢᠰᠬᠠᠯᠵᠢᠯᠲᠠ | ᠤᠲᠤᠬᠢᠴᠢᠯᠠᠯᠲᠠ ᠵᠢᠩᠭᠢᠨᠢᠴᠢᠯᠠᠯᠲᠡ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠤᠯᠤᠰ ᠤᠨ ᠪᠠᠳᠤᠯᠠᠨ | ᠬᠠᠮᠠᠭᠠᠯᠠᠯᠳᠠ ᠶᠢᠨ ᠪᠣᠳᠠᠲᠤ ᠬᠦᠴᠦᠨ ᠡᠳᠦᠷ ᠢᠷᠡᠬᠦᠶ᠎ᠡ ᠴᠢᠩᠭᠠᠷᠠᠭᠠᠳ᠂ ᠤᠯᠤᠰ ᠣᠷᠣᠨ ᠤ ᠥᠭᠡᠷᠡᠴᠢᠯᠡᠯᠲᠡ | ᠬᠥᠭᠵᠢᠯᠲᠡ ᠲᠣᠭᠲᠠᠭᠤᠨ ᠪᠠᠶᠢᠳᠠᠯ ᠳᠤ ᠨᠠᠶᠢᠳᠠᠪᠤᠷᠢᠲᠠᠶ ᠠᠮᠤᠷ ᠲᠦᠪᠰᠢᠨ ᠤ ᠪᠠᠲᠤᠯᠠᠭ᠎ᠠ ᠬᠠᠩᠭᠠᠪᠠ᠃ ᠨᠠᠮ ᠤᠨ | ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠴᠡᠷᠢᠭ ᠢᠶᠠᠨ | ᠬᠦᠴᠦᠷᠬᠡᠭᠵᠢᠭᠦᠯᠬᠦ ᠬᠡᠷᠡᠭᠲᠡᠢ᠂ ᠴᠡᠷᠢᠭ ᠬᠦᠴᠦᠷᠬᠡᠭ ᠪᠤᠯ ᠰᠠᠶ᠋ᠢ ᠤᠯᠤᠰ ᠤᠨ ᠠᠮᠤᠷ ᠲᠠᠶᠢᠪᠤᠩ ᠢ ᠪᠠᠲᠤᠯᠠᠵᠤ | ᠴᠢᠳᠠᠨ᠎ᠠ᠂ ᠡᠷᠬᠡᠪᠰᠢ ᠮᠠᠨ ᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ ᠲᠠᠢ ᠵᠤᠬᠢᠴᠠᠯᠳᠤᠭᠰᠠᠨ᠂ ᠤᠯᠤᠰ | ᠤᠷᠤᠨ ᠤ ᠠᠮᠤᠷ ᠲᠦᠪᠰᠢᠨ ᠪᠠ ᠬᠦᠭᠵᠢᠯᠲᠡ ᠶᠢᠨ ᠠᠰᠢᠭ ᠲᠤᠰᠠ ᠲᠠᠢ ᠳᠤᠬᠢᠷᠠᠯᠴᠠᠭᠰᠠᠨ ᠪᠠᠲᠤ ᠪᠠᠬᠢ ᠤᠯᠤᠰ ᠤᠨ | ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠠᠷᠠᠳ ᠤᠨ ᠴᠡᠷᠢᠭ ᠠᠩᠬᠢ ᠶᠢ ᠪᠠᠶᠢᠭᠤᠯᠬᠤ ᠬᠡᠷᠡᠭᠲᠡᠶ᠃ ᠨᠠᠮ ᠠᠴᠠ | ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ | ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠣᠭᠲᠠᠭᠠᠵᠤ᠂ 2027 ᠣᠨ ᠪᠣᠯᠬᠤ ᠳᠤ | ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ 2035 ᠣᠨ ᠪᠣᠯᠬᠤ ᠳᠤ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ | ᠂ ᠲᠤᠰ ᠵᠠᠭᠤᠨ ᠤ ᠳᠤᠮᠳᠠᠴᠢ ᠦᠶ᠎ᠡ ᠪᠣᠯᠬᠤ ᠳᠤ ᠳᠡᠯᠡᠬᠡᠶ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠶᠢ ᠪᠦᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ | ᠣᠳᠣᠬᠢᠴᠢᠯᠠᠯᠲᠠ ᠶᠢᠨ ᠰᠢᠨ᠎ᠡ ︽ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢ ᠲᠣᠭᠲᠠᠭᠠᠵᠤ᠂ | ᠤᠯᠤᠰ ᠲᠦᠷᠦ ᠪᠠᠷ ᠴᠡᠷᠢᠭ ᠢ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢ ᠬᠦᠴᠦᠷᠬᠡᠭᠵᠢᠭᠦᠯᠬᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ᠂ | ᠬᠠᠤᠯᠢ ᠶᠣᠰᠣᠭᠠᠷ ᠴᠡᠷᠢᠭ ᠢ ᠵᠠᠰᠠᠬᠤ ᠶᠢ ᠠᠬᠢᠭᠤᠯᠵᠦ᠂ ᠴᠡᠷᠢᠭ ᠤᠨ ᠶᠠᠪᠤᠳᠠᠯ ᠤᠨ ᠣᠨᠣᠯ ᠤᠨ ᠣᠳᠣᠬᠢᠴᠢᠯᠠᠯᠲᠠ᠂ | ᠴᠡᠷᠢᠭ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠣᠳᠣᠬᠢᠴᠢᠯᠠᠯᠲᠠ᠂ ᠴᠡᠷᠢᠭ ᠤᠨ ᠶᠠᠪᠤᠳᠠᠯ ᠤᠨ | ᠠᠵᠢᠯᠲᠠᠨ ᠤ ᠣᠳᠣᠬᠢᠴᠢᠯᠠᠯᠲᠠ᠂ ᠵᠡᠪᠰᠡᠭ ᠲᠣᠨᠣᠭᠯᠠᠯ ᠤᠨ ᠣᠳᠣᠬᠢᠴᠢᠯᠠᠯᠲᠠ ᠶᠢ ᠲᠦᠷᠭᠡᠳᠭᠡᠵᠦ᠂ | ᠮᠧᠬᠠᠨᠢᠬᠴᠢᠯᠠᠯᠲᠠ ᠮᠡᠳᠡᠭᠡ ᠵᠠᠩᠭᠢᠵᠢᠯᠲᠠ ᠤᠶᠤᠨᠴᠢᠯᠠᠯᠲᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠭᠡᠵᠦ᠂ | ᠴᠡᠷᠢᠭ ᠪᠤᠯᠪᠠᠰᠤᠷᠠᠭᠤᠯᠤᠨ ᠲᠠᠶᠢᠨ ᠳᠤ ᠪᠡᠯᠡᠳᠭᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ | ᠤᠯᠤᠰ ᠤᠨ ᠣᠨᠴᠠᠯᠢᠭ ᠪᠦᠬᠦᠢ ᠴᠡᠷᠢᠭ ᠢ ᠬᠦᠴᠦᠷᠬᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠪᠠ᠃ ᠬᠦᠴᠦᠷᠬᠡᠭ | ᠶᠡᠭᠡ ᠠᠷᠠᠳ ᠤᠨ ᠴᠡᠷᠢᠭ ᠠᠩᠭᠢ ᠶᠢ ᠪᠦᠲᠦᠭᠡᠨ ᠪᠠᠶᠢᠭᠤᠯᠬᠤ ᠳᠤ᠂ ᠲᠡᠷᠢᠭᠦᠨ ᠴᠢᠬᠤᠯᠠ ᠶᠠᠪᠤᠳᠠᠯ ᠪᠤᠯ ᠠᠷᠠᠳ ᠤᠨ | ᠴᠡᠷᠢᠭ ᠠᠩᠭᠢ ᠶᠢ ᠨᠠᠮ ᠬᠠᠷᠢᠴᠠᠯᠠᠰᠢ ᠦᠭᠡᠢ ᠤᠳᠤᠷᠢᠳᠬᠤ ᠦᠨᠳᠦᠰᠦᠨ ᠵᠠᠷᠴᠢᠮ ᠪᠠ ᠳᠦᠷᠢᠮ ᠢ ᠭᠤᠶᠢᠪᠢᠰᠢ | ᠦᠭᠡᠢ ᠪᠠᠷᠢᠮᠲᠠᠯᠠᠵᠤ᠂ ᠠᠷᠠᠳ ᠤᠨ ᠴᠡᠷᠢᠭ ᠠᠩᠭᠢ ᠶᠢᠨ ᠬᠠᠮᠤᠭ ᠤᠨ ᠳᠡᠭᠡᠳᠦ ᠤᠳᠤᠷᠢᠳᠬᠤ ᠡᠷᠬᠡ ᠪᠠ | ᠵᠢᠯᠣᠭᠤᠳᠬᠤ ᠡᠷᠬᠡ ᠨᠢ ᠨᠠᠮ ᠤᠨ ᠲᠥᠪ ᠬᠤᠷᠢᠶ᠎ᠠ ᠪᠠ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ | ᠬᠤᠷᠢᠶᠠᠨ ᠳᠤ ᠪᠠᠶᠢᠬᠤ ᠶᠢ ᠪᠠᠷᠢᠮᠳᠠᠯᠠᠵᠦ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ | ᠲᠦᠷᠢᠮ ᠢ ᠪᠦᠬᠦ ᠲᠠᠯ᠎ᠠ ᠪᠠᠷ ᠭᠦᠨᠵᠡᠭᠡᠶ ᠲᠤᠭᠤᠰᠢᠯᠠᠭᠤᠯᠬᠤ ᠳᠤ ᠤᠷᠤᠰᠢᠨ᠎ᠠ᠃ ᠨᠢᠭᠡ ᠦᠶ᠎ᠡ ᠳᠤ᠂ ᠠᠷᠠᠳ ᠤᠨ | ᠴᠡᠷᠢᠭ ᠠᠩᠭᠢ ᠳᠠᠬᠢ ᠨᠠᠮ ᠤᠨ ᠤᠳᠤᠷᠢᠳᠤᠯᠭ᠎ᠠ ᠰᠤᠯᠠᠷᠠᠬᠤ ᠠᠰᠠᠭᠤᠳᠠᠯ ᠲᠣᠪᠤᠶᠢᠮ᠎ᠠ ᠪᠠᠶᠢᠪᠠ᠂ ᠬᠡᠷᠪᠡ | ᠲᠦᠢᠯᠪᠤᠷᠢᠲᠠᠶ ᠰᠢᠢᠳᠪᠦᠷᠢᠯᠡᠬᠦ ᠦᠭᠡᠢ ᠪᠣᠯ ᠳᠠᠶᠢᠴᠢᠨ ᠬᠦᠴᠦᠨ ᠢ ᠨᠥᠯᠥᠭᠡᠯᠡᠬᠦ ᠪᠠᠷ ᠪᠠᠷᠠᠬᠤ ᠦᠭᠡᠢ ᠪᠠᠰᠠ | ᠵᠡᠪᠰᠡᠭ ᠢ ᠨᠠᠮ ᠵᠠᠭᠢᠷᠬᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠵᠠᠷᠴᠢᠮ ᠳᠤ ᠬᠤᠯᠪᠣᠭᠳᠠᠬᠤ ᠶᠤᠮ᠃ | ᠨᠠᠮ ᠤᠨ ᠲᠥᠪ ᠬᠤᠷᠢᠶ᠎ᠠ ᠪᠣᠯᠤᠨ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶ᠎ᠠ ᠴᠡᠷᠢᠭ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠠᠵᠢᠯ ᠢ ᠴᠢᠩᠭ᠎ᠠ ᠠᠳᠬᠤᠵᠤ᠂ ᠡᠷᠡᠰ ᠰᠢᠭᠤᠷᠬᠠᠶ ᠪᠠᠷ ᠪᠣᠳᠣᠯᠭ᠎ᠠ ᠲᠣᠭᠲᠠᠭᠠᠨ | ᠠᠷᠠᠳ ᠤᠨ ᠴᠡᠷᠢᠭ ᠠᠩᠭᠢ ᠶᠢᠨ ᠤᠯᠤᠰ ᠲᠥᠷᠥ ᠶᠢᠨ ᠳᠦᠷᠢᠮ ᠰᠠᠬᠢᠯᠭ᠎ᠠ ᠶᠢ ᠴᠡᠭᠴᠡᠯᠡᠵᠦ᠂ ᠭᠦᠲ᠋ᠢᠶᠠᠨ ᠳᠤ ᠪᠦᠬᠦ | ᠴᠡᠷᠢᠭ ᠤᠨ ᠤᠯᠤᠰ ᠲᠥᠷᠥ ᠶᠢᠨ ᠠᠵᠢᠯ ᠤᠨ ᠬᠤᠷᠠᠯ ᠢ ᠬᠤᠷᠠᠯᠳᠤᠭᠤᠯᠦᠨ᠂ ᠰᠢᠨ᠎ᠡ ᠴᠠᠭ ᠦᠶ᠎ᠡ ᠳᠤ ᠤᠯᠤᠰ | ᠲᠥᠷᠥ ᠪᠠᠷ ᠴᠡᠷᠢᠭ ᠪᠠᠶᠢᠭᠤᠯᠬᠤ ᠲᠤᠬᠠᠶ ᠪᠠᠶᠢᠷᠢᠯᠠᠭᠤᠯᠤᠯᠲᠠ ᠬᠢᠵᠦ᠂ ᠮᠠᠨ ᠤ ᠨᠠᠮ ᠮᠠᠨ ᠤ ᠴᠡᠷᠢᠭ ᠤᠨ ᠢᠷᠠᠭᠤ | ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢ ᠰᠡᠷᠭᠦᠭᠡᠨ ᠪᠠᠳᠠᠷᠠᠭᠤᠯᠵᠤ᠂ ᠰᠤᠷᠲᠠᠯ ᠴᠡᠭᠴᠡᠯᠡᠬᠦ ᠵᠣᠷᠢᠭ | ᠰᠠᠨᠠᠭ᠎ᠠ ᠪᠠᠷ ᠤᠯᠤᠰ ᠲᠥᠷᠥ ᠶᠢᠨ ᠴᠡᠭᠴᠡᠯᠡᠯᠲᠡ ᠪᠣᠯᠪᠠᠰᠤᠷᠠᠭᠤᠯᠤᠯ ᠢ ᠠᠬᠢᠭᠤᠯᠵᠤ᠂ ᠴᠡᠷᠢᠭ ᠠᠩᠭᠢ ᠳᠠᠬᠢ ᠨᠠᠮ ᠤᠨ | ᠤᠳᠤᠷᠢᠳᠤᠯᠭ᠎ᠠ ᠪᠠ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠠᠩᠭᠢ ᠳᠠᠬᠢ ᠨᠠᠮ ᠤᠨ | ᠰᠤᠷᠲᠠᠯ ᠤᠨ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠤᠯᠤᠨ ᠢᠯᠵᠢᠷᠠᠯ ᠢ ᠡᠰᠡᠷᠬᠦᠴᠡᠬᠦ | ᠳᠡᠮᠡᠴᠡᠯ ᠢ ᠬᠦᠨᠵᠡᠭᠡᠢ ᠠᠬᠢᠭᠤᠯᠵᠤ᠂ ᠭᠦᠸᠧ ᠪᠥᠸᠧ ᠰᠢᠶᠦ᠋ᠩ᠂ ᠰᠢᠦ᠋ᠶ ᠼᠠᠶ ᠾᠧᠦ᠂ ᠹᠠᠩ ᠹᠧᠩ ᠾᠦᠢ᠂ ᠵᠠᠩ | ᠶᠠᠩ ᠵᠡᠷᠭᠡ ᠶᠢᠨ ᠰᠠᠭᠢᠯᠭ᠎ᠠ ᠪᠠᠳᠦ ᠬᠠᠤᠯᠢ ᠴᠠᠭᠠᠵᠠ ᠠᠴᠠ ᠬᠦᠨᠳᠦ ᠨᠣᠴᠢᠲᠠᠶ ᠵᠥᠷᠢᠴᠡᠭᠰᠡᠨ ᠬᠡᠷᠡᠭ ᠢ ᠡᠷᠡᠰ | ᠪᠠᠶᠢᠴᠠᠭᠠᠨ ᠰᠢᠢᠳᠪᠦᠷᠢᠯᠡᠭᠰᠡᠨ ᠪᠦᠭᠡᠳ ᠲᠠᠷᠬᠠᠭᠠᠬᠰᠠᠨ ᠬᠤᠤᠷ ᠬᠦᠨᠤᠭᠡᠯ ᠤᠨ ᠨᠦᠯᠦᠭᠡ ᠶᠢ ᠨᠢ ᠲᠦᠢᠯᠪᠤᠷᠢᠲᠠᠶ | ᠴᠡᠪᠡᠷᠯᠡᠨ ᠠᠷᠢᠯᠭᠠᠵᠦ᠂ ᠠᠷᠠᠳ ᠤᠨ ᠴᠡᠷᠢᠭ ᠠᠩᠭᠢ ᠶᠢᠨ ᠤᠯᠤᠰ ᠲᠥᠷᠥ ᠶᠢᠨ ᠠᠮᠢ ᠠᠬᠤᠢ ᠶᠢᠨ | ᠦᠨᠳᠦᠰᠦᠨ ᠠᠴᠠ ᠪᠠᠨ ᠰᠠᠶᠢᠵᠢᠷᠠᠬᠤ ᠶᠢ ᠠᠬᠢᠭᠤᠯᠪᠠ᠃ ᠨᠠᠮ ᠠᠴᠠ ᠥᠭᠡᠷᠡᠴᠢᠯᠡᠯᠲᠡ ᠪᠠᠷ ᠴᠡᠷᠢᠭ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠳᠤᠷᠠᠳᠦᠨ ᠭᠠᠷᠭᠠᠵᠤ᠂ ᠰᠢᠨ᠎ᠡ ᠳᠤᠮᠳᠠᠳᠤ ᠤᠯᠤᠰ | ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠥᠷᠭᠡᠨ ᠳᠡᠯᠭᠡᠷ᠂ ᠬᠠᠮᠤᠭ ᠤᠨ ᠭᠦᠨ ᠭᠦᠨᠵᠡᠭᠡᠶ ᠤᠯᠤᠰ ᠤᠨ | ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠥᠭᠡᠷᠡᠴᠢᠯᠡᠯᠲᠡ ᠶᠢ ᠦᠷᠨᠢᠭᠦᠯᠬᠦ ᠶᠢ ᠤᠳᠤᠷᠢᠳᠴᠤ᠂ ᠠᠷᠠᠳ ᠤᠨ | ᠴᠡᠷᠢᠭ ᠠᠩᠬᠢ ᠶᠢᠨ ᠤᠳᠤᠷᠢᠳᠤᠨ ᠵᠢᠯᠣᠭᠤᠳᠬᠤ ᠪᠠᠶᠢᠭᠤᠯᠤᠯ᠂ ᠤᠳᠤ ᠦᠶ᠎ᠡ ᠶᠢᠨ ᠴᠡᠷᠢᠭ ᠤᠨ ᠶᠠᠪᠤᠳᠠᠯ ᠤᠨ | ᠬᠦᠴᠦᠨ ᠤ ᠰᠢᠰᠲ᠋ᠧᠮ᠂ ᠴᠡᠷᠢᠭ ᠤᠨ ᠶᠠᠪᠤᠳᠠᠯ ᠤᠨ ᠲᠦᠷᠦ ᠶᠢᠨ ᠪᠤᠳᠤᠯᠭ᠎ᠠ ᠪᠠ ᠲᠦᠷᠢᠮ ᠢ ᠲᠠᠬᠢᠨ ᠪᠠᠶᠢᠭᠤᠯᠵᠦ᠂ | ᠵᠢᠩᠬᠢᠨᠢ ᠠᠯᠪᠠ ᠶᠢᠨ ᠬᠥᠮᠦᠨ ᠤ ᠲᠤᠭ᠎ᠠ ᠶᠢ ᠭᠤᠴᠢᠨ ᠲᠦᠮᠡ ᠬᠠᠰᠤᠵᠤ ᠴᠦᠭᠡᠳᠭᠡᠭᠡᠳ᠂ ᠴᠡᠷᠢᠭ ᠤᠨ | ᠶᠠᠪᠤᠳᠠᠯ ᠤᠨ ᠬᠤᠷᠢᠶ᠎ᠠ ᠶᠡᠷᠦᠩᠭᠡᠢ ᠳᠤᠨᠢ ᠬᠠᠮᠢᠶᠡᠷᠬᠤ᠂ ᠪᠠᠶᠢᠯᠳᠤᠭᠠᠨ ᠤ ᠲᠤᠭᠤᠷᠢᠭ ᠪᠠᠶᠢᠯᠳᠤᠭᠠᠨ ᠬᠢᠬᠦ ᠶᠢ | ᠭᠤᠤᠯᠯᠠᠨ ᠬᠠᠷᠢᠭᠤᠴᠠᠬᠤ᠂ ᠴᠡᠷᠢᠭ ᠤᠨ ᠲᠦᠷᠦᠯ ᠴᠡᠷᠢᠭ ᠤᠨ ᠪᠠᠶᠢᠭᠤᠯᠤᠯᠳᠠ ᠶᠢ ᠭᠤᠤᠯᠯᠠᠨ ᠬᠠᠷᠢᠭᠤᠴᠠᠬᠤ ᠰᠢᠨ᠎ᠡ | ᠪᠠᠶᠢᠷᠢᠰᠢᠯ ᠢ ᠪᠤᠢ ᠪᠤᠯᠭᠠᠪᠠ᠃ ᠳᠡᠯᠡᠬᠡᠶ ᠶᠢᠨ ᠰᠢᠨ᠎ᠡ ᠴᠡᠷᠢᠭ ᠤᠨ ᠶᠠᠪᠤᠳᠠᠯ ᠤᠨ ᠬᠤᠪᠢᠰᠬᠠᠯ ᠤᠨ ᠡᠮᠦᠨ᠎ᠡ᠂ ᠪᠢᠳᠡ | ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ | ᠰᠢᠨ᠎ᠡ ᠶᠢ ᠡᠭᠦᠳᠬᠦ ᠬᠡᠯᠪᠡᠷᠢ ᠶᠢᠨ ᠠᠷᠠᠳ ᠤᠨ ᠴᠡᠷᠢᠭ ᠠᠩᠭᠢ ᠶᠢ ᠪᠦᠲᠦᠭᠡᠨ ᠪᠠᠶᠢᠭᠤᠯᠵᠤ᠂ ᠬᠦᠴᠦᠷᠬᠡᠭ ᠶᠡᠭᠡ | ᠣᠳᠣᠬᠢᠴᠢᠯᠠᠭᠰᠠᠨ ᠠᠷᠤ ᠲᠠᠯ᠎ᠠ ᠶᠢᠨ ᠦᠢᠯᠡᠴᠢᠯᠡᠭᠡ ᠶᠢ ᠪᠦᠲᠦᠭᠡᠨ ᠪᠠᠶᠢᠭᠤᠯᠤᠭᠰᠠᠨ ᠢᠶᠠᠷ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠤᠯᠤᠨ ᠵᠡᠪᠰᠡᠭ ᠲᠣᠨᠣᠭᠯᠠᠯ ᠤᠨ ᠪᠦᠲᠦᠭᠡᠨ ᠪᠠᠶᠢᠭᠤᠯᠤᠯᠲᠠ | ᠴᠢᠬᠤᠯᠠ ᠶᠡᠭᠡ ᠠᠬᠢᠯᠲᠠ ᠲᠠᠢ ᠪᠣᠯᠪᠠ᠃ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠲᠣᠭᠲᠠᠭᠠᠵᠤ᠂ ᠴᠡᠷᠢᠭ ᠠᠩᠭᠢ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ | ᠭᠤᠷᠪᠠ ᠶᠢ ᠨᠢᠭᠡ ᠴᠣᠭᠴᠠᠵᠢᠭᠤᠯᠤᠭᠰᠠᠨ ᠰᠢᠨ᠎ᠡ ᠮᠠᠶ᠋ᠢᠭ ᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ | ᠬᠥᠮᠦᠵᠢᠭᠦᠯᠬᠦ ᠰᠢᠰᠲ᠋ᠧᠮ ᠢ ᠪᠠᠶᠢᠭᠤᠯᠬᠤ ᠶᠢ ᠠᠬᠢᠭᠤᠯᠵᠦ᠂ ᠰᠦᠭ ᠰᠦᠨᠡᠰᠦ ᠲᠠᠢ᠂ ᠡᠷᠳᠡᠮ ᠴᠢᠳᠠᠪᠤᠷᠢ ᠲᠠᠢ᠂ | ᠣᠮᠤᠭ ᠵᠣᠷᠢᠭ ᠲᠠᠢ᠂ ᠶᠣᠰᠣ ᠮᠣᠷᠠᠯ ᠲᠠᠢ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠢ ᠬᠥᠮᠦᠵᠢᠭᠦᠯᠵᠦ᠂ | ᠲᠡᠮᠦᠷ ᠮᠡᠲᠦ ᠢᠲᠡᠭᠡᠯ ᠪᠢᠰᠢᠷᠡᠯ ᠲᠠᠢ᠂ ᠲᠡᠮᠦᠷ ᠮᠡᠲᠦ ᠢᠲᠡᠭᠡᠯ ᠵᠤᠷᠢᠭ ᠲᠠᠢ᠂ ᠲᠡᠮᠦᠷ ᠮᠡᠲᠦ ᠰᠠᠬᠢᠯᠭ᠎ᠠ ᠪᠠᠲᠤ ᠲᠠᠢ᠂ | ᠲᠡᠮᠦᠷ ᠮᠡᠲᠦ ᠡᠭᠦᠷᠭᠡᠯᠡᠯ ᠲᠠᠢ ᠴᠠᠭᠠᠷᠠᠭᠰᠠᠨ ᠴᠡᠷᠢᠭ ᠠᠩᠬᠢ ᠶᠢ ᠳᠠᠪᠲᠠᠨ ᠪᠣᠯᠪᠠᠰᠤᠷᠠᠭᠤᠯᠪᠠ᠃ ᠬᠠᠤᠯᠢ ᠶᠣᠰᠣᠭᠠᠷ | ᠴᠡᠷᠢᠭ ᠢ ᠵᠠᠰᠠᠬᠤ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠴᠡᠷᠢᠭ ᠤᠨ ᠶᠠᠪᠤᠳᠠᠯ ᠤᠨ ᠬᠠᠤᠯᠢ ᠪᠠᠷ ᠵᠠᠰᠠᠬᠤ ᠰᠢᠰᠲ᠋ᠧᠮ ᠢ ᠪᠠᠶᠢᠭᠤᠯᠵᠤ᠂ ᠴᠡᠷᠢᠭ ᠢ ᠵᠠᠰᠠᠬᠤ ᠠᠷᠭ᠎ᠠ ᠮᠠᠶ᠋ᠢᠭ ᠤᠨ | ᠦᠨᠳᠦᠰᠦᠨ ᠴᠢᠨᠠᠷᠲᠠᠶ ᠬᠤᠪᠢᠷᠠᠯᠲᠠ ᠶᠢ ᠲᠦᠷᠭᠡᠳᠭᠡᠪᠡ᠃ ᠴᠡᠷᠢᠭ ᠤᠨ ᠬᠦᠮᠦᠨ ᠤ ᠢᠷᠠᠭᠤ ᠠᠯᠳᠠᠷ ᠤᠨ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃ ᠨᠠᠮ ᠠᠴᠠ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ | ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠳᠤᠷᠠᠳᠴᠤ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ | ᠵᠢᠯᠣᠭᠤᠳᠤᠯᠭ᠎ᠠ ᠶᠢᠨ ᠰᠢᠨ᠎ᠡ ᠶᠢ ᠡᠭᠦᠳᠴᠦ᠂ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠷᠠᠳ ᠤᠨ ᠴᠡᠷᠢᠭ ᠠᠩᠬᠢ ᠶᠢᠨ ᠪᠠᠶᠢᠳᠠᠯ ᠲᠥᠯᠥᠪ ᠢ | ᠪᠤᠢ ᠪᠣᠯᠭᠠᠬᠤ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠲᠠᠶᠢᠨ ᠢ ᠬᠤᠷᠢᠭᠯᠠᠬᠤ᠂ ᠲᠠᠶᠢᠨ ᠳᠤ ᠢᠯᠠᠯᠲᠠ ᠤᠯᠬᠤ | ᠪᠠᠶᠢᠯᠳᠤᠬᠤ ᠪᠤᠳᠤᠯᠭ᠎ᠠ ᠶᠢᠨ ᠴᠢᠳᠠᠮᠵᠢ ᠶᠢ ᠴᠢᠩᠭᠠᠳᠬᠠᠪᠠ᠃ ᠠᠷᠠᠳ ᠤᠨ ᠴᠡᠷᠢᠭ ᠠᠩᠭᠢ ᠳᠠᠶᠢᠴᠢᠨ ᠬᠦᠴᠦᠨ ᠭᠡᠬᠦ | ᠡᠨᠡ ᠬᠦ ᠴᠣᠷᠢ ᠶᠢᠨ ᠭᠠᠭᠴᠠ ᠦᠨᠳᠦᠰᠦᠨ ᠪᠠᠷᠢᠮᠵᠢᠶ᠎ᠠ ᠶᠢ ᠴᠢᠩᠭ᠎ᠠ ᠠᠳᠬᠤᠵᠤ᠂ ᠳᠠᠶᠢᠨ ᠬᠢᠵᠦ ᠴᠢᠳᠠᠬᠤ᠂ | ᠢᠯᠠᠭᠤᠭᠰᠠᠨ ᠳᠠᠶᠢᠨ ᠬᠢᠵᠦ ᠴᠢᠳᠠᠬᠤ ᠡᠨᠡ ᠬᠦ ᠦᠨᠳᠦᠰᠦᠨ ᠴᠢᠭᠯᠡᠯ ᠢ ᠠᠳᠬᠤᠵᠤ᠂ ᠪᠠᠶᠢᠯᠳᠤᠬᠤ ᠪᠣᠳᠣᠯᠭ᠎ᠠ ᠶᠢᠨ | ᠬᠦᠴᠦᠨ ᠪᠣᠯᠤᠨ ᠰᠢᠨ᠎ᠡ ᠬᠦᠷᠢᠶ᠎ᠡ ᠰᠢᠨ᠎ᠡ ᠴᠢᠨᠠᠷ ᠤᠨ ᠪᠠᠶᠢᠯᠳᠤᠭᠠᠨ ᠬᠢᠬᠦ ᠬᠦᠴᠦᠨ ᠢ ᠪᠤᠵᠠᠭᠠᠶᠢᠷᠠᠭᠤᠯᠵᠤ᠂ | ᠬᠠᠮᠳᠤᠷᠠᠬᠰᠠᠨ ᠪᠠᠶᠢᠯᠳᠤᠭᠠᠨ ᠬᠢᠬᠦ ᠵᠢᠯᠣᠭᠤᠳᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ | ᠂ ︽ᠡᠩᠬᠡ ᠲᠠᠶᠢᠪᠤᠩ ᠤᠨ ᠬᠤᠷᠠᠮᠠᠯ ᠭᠡᠮ︾ ᠢ ᠶᠡᠭᠡ ᠪᠠᠷ ᠵᠠᠯᠠᠷᠠᠭᠤᠯᠤᠨ ᠵᠠᠰᠠᠵᠤ᠂ ᠪᠤᠳᠠᠲᠤ ᠳᠠᠶᠢᠨ ᠤ ᠮᠠᠶ᠋ᠢᠭ ᠤᠨ | ᠴᠡᠷᠢᠭ ᠤᠨ ᠰᠤᠷᠭᠠᠭᠤᠯᠢᠯᠠᠯ ᠢ ᠶᠡᠭᠡ ᠪᠠᠷ ᠠᠳᠬᠤᠵᠤ᠂ ᠬᠦᠴᠦᠷᠬᠡᠭ ᠶᠡᠭᠡ ᠪᠦᠭᠡᠳ ᠪᠠᠳᠤ ᠪᠠᠬᠢ ᠣᠳᠣ ᠦᠶ᠎ᠡ ᠶᠢᠨ | ᠬᠢᠯᠢ ᠳᠠᠯᠠᠢ ᠠᠭᠠᠷ ᠤᠨ ᠰᠡᠷᠭᠡᠶᠢᠯᠡᠯᠲᠡ ᠶᠢ ᠪᠦᠲᠦᠭᠡᠨ ᠪᠠᠶᠢᠭᠤᠯᠵᠤ᠂ ᠴᠡᠷᠢᠭ ᠳᠠᠶᠢᠨ ᠤ ᠲᠡᠮᠡᠴᠡᠯ ᠢ ᠡᠷᠡᠰ | ᠰᠢᠭᠤᠷᠬᠠᠶ ᠪᠥᠭᠡᠳ ᠠᠮᠢᠳᠤᠯᠢᠭ ᠢᠶᠠᠷ ᠥᠷᠨᠢᠭᠦᠯᠵᠦ᠂ ᠭᠠᠳᠠᠭᠠᠳᠤ ᠶᠢᠨ ᠴᠡᠷᠢᠭ ᠳᠠᠶᠢᠨ ᠤ ᠥᠳᠥᠭᠡᠯᠭᠡ ᠶᠢ | ᠪᠦᠲᠦᠮᠵᠢᠲᠡᠶ ᠠᠷᠭᠠᠴᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠳᠤ | ᠰᠦᠷᠳᠡᠭᠦᠯᠤᠯ ᠦᠵᠡᠬᠦᠯᠵᠦ᠂ ᠬᠢᠯᠢ ᠶᠢᠨ ᠬᠠᠮᠠᠭᠠᠯᠠᠯᠲᠠ ᠶᠢᠨ ᠲᠡᠮᠡᠴᠡᠯ ᠬᠢᠬᠦ᠂ ᠳᠠᠯᠠᠢ ᠳᠡᠭᠡᠷᠡᠬᠢ ᠡᠷᠬᠡ ᠪᠠᠨ | ᠬᠠᠮᠠᠭᠠᠯᠠᠬᠤ᠂ ᠰᠦᠷᠳᠡᠭᠦᠯᠦᠯ ᠢ ᠡᠰᠡᠷᠭᠦᠴᠡᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯ ᠭᠠᠮᠰᠢᠭ ᠠᠴᠠ | ᠠᠪᠤᠷᠠᠬᠤ᠂ ᠬᠢᠵᠢᠭ ᠢ ᠡᠰᠡᠷᠭᠦᠴᠡᠬᠦ᠂ ᠡᠩᠬᠡ ᠲᠠᠶᠢᠪᠤᠩ ᠢ ᠬᠠᠮᠠᠭᠠᠯᠠᠵᠦ ᠠᠶᠠᠯᠠᠯ ᠢ ᠬᠠᠮᠠᠭᠠᠯᠠᠬᠤ᠂ ᠬᠥᠮᠦᠯᠢᠭ | ᠦᠵᠡᠯ ᠤᠨ ᠠᠪᠤᠷᠠᠨ ᠲᠤᠰᠠᠯᠠᠯᠳᠡ ᠬᠢᠬᠦ ᠪᠠ ᠤᠯᠠᠨ ᠤᠯᠤᠰ ᠤᠨ ᠴᠡᠷᠢᠭ ᠤᠨ ᠶᠠᠪᠤᠳᠠᠯ ᠤᠨ ᠬᠠᠮᠲᠤᠷᠠᠯᠴᠠᠭ᠎ᠠ ᠬᠢᠬᠦ | ᠵᠡᠷᠭᠡ ᠴᠢᠬᠤᠯᠠ ᠶᠡᠭᠡ ᠡᠭᠦᠷᠭᠡ ᠶᠢ ᠭᠦᠢᠴᠡᠳᠭᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ | ᠨᠠᠮ ᠤᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠴᠡᠷᠢᠭ ᠠᠩᠭᠢ ᠪᠦᠬᠦᠯᠢ ᠴᠣᠭᠴᠠᠳᠤ ᠴᠢᠨᠠᠷᠲᠠᠶ | ᠬᠤᠪᠢᠰᠬᠠᠯᠳᠤ ᠴᠢᠨᠠᠷᠲᠠᠶ ᠳᠠᠬᠢᠨ ᠴᠤᠬᠴᠠᠯᠠᠯᠳᠡ ᠶᠢ ᠪᠡᠶᠡᠯᠡᠬᠦᠯᠵᠦ᠂ ᠲᠦᠷᠦᠭᠡ ᠴᠢᠩᠭᠠᠯᠠᠨ ᠲᠠᠬᠢᠨᠲᠠ ᠮᠤᠷᠳᠠᠵᠦ᠂ | ᠤᠯᠤᠰ ᠤᠨ ᠪᠠᠳᠤᠯᠠᠨ ᠬᠠᠮᠠᠭᠠᠯᠠᠯᠳᠡ ᠶᠢᠨ ᠪᠣᠳᠠᠲᠤ ᠬᠦᠴᠦᠨ ᠪᠣᠯᠤᠨ ᠠᠵᠤ ᠠᠬᠤᠶ ᠶᠢᠨ ᠪᠣᠳᠠᠲᠤ ᠬᠦᠴᠦᠨ | ᠵᠡᠷᠭᠡ ᠪᠠᠷ ᠳᠡᠭᠡᠭᠰᠢᠯᠡᠵᠦ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ | ᠴᠢᠳᠠᠪᠤᠷᠢ ᠶᠢ ᠲᠦᠷᠬᠡᠯᠡᠨ ᠪᠠᠶᠢᠭᠤᠯᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠮᠢᠶᠠᠷᠤᠯᠲᠠ | ᠪᠠᠲᠤᠯᠠᠭ᠎ᠠ ᠶᠢᠨ ᠪᠠᠶᠢᠭᠤᠯᠤᠯ ᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠪᠠᠳᠤᠯᠠᠨ ᠬᠠᠮᠠᠭᠠᠯᠠᠯᠳᠡ ᠶᠢᠨ | ᠳᠠᠶᠢᠴᠢᠯᠠᠯᠳᠡ ᠨᠡᠩ ᠥᠨᠳᠥᠷ ᠪᠦᠲᠦᠮᠵᠢᠲᠡᠶ ᠪᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠨᠡᠩ | ᠢᠯᠡᠬᠦᠦ ᠪᠠᠬᠢᠵᠢᠪᠡ᠃ ᠠᠷᠠᠳ ᠤᠨ ᠴᠡᠷᠢᠭ ᠠᠩᠬᠢ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠷᠡᠰ | ᠭᠦᠢᠴᠡᠳᠭᠡᠵᠦ᠂ ᠡᠷᠡᠰ ᠬᠠᠲᠠᠭᠤ ᠲᠡᠮᠡᠴᠡᠯ ᠤᠨ ᠵᠣᠷᠢᠭ ᠰᠠᠨᠠᠭ᠎ᠠ ᠪᠤᠯᠤᠨ ᠪᠣᠳᠠᠲᠤ ᠠᠵᠢᠯᠯᠠᠭ᠎ᠠ ᠪᠠᠷ ᠢᠶᠠᠨ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠪᠠ᠃ | ︵ᠠᠷᠪᠠᠨ ᠨᠢᠭᠡ︶ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ | ᠬᠢᠭᠰᠡᠨ ᠤ ᠳᠠᠷᠠᠭ᠎ᠠ᠂ ᠨᠠᠮ ᠠᠴᠠ ᠥᠭᠡᠷᠡᠴᠢᠯᠡᠯᠲᠡ ᠬᠢᠬᠦ ᠬᠥᠭᠵᠢᠬᠦᠯᠬᠦ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ | ᠵᠥᠪ ᠢᠶᠠᠷ ᠰᠢᠢᠳᠪᠦᠷᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠦ᠂ ᠤᠯᠤᠰ ᠤᠨ ᠠᠮᠤᠷ ᠲᠦᠪᠰᠢᠨ ᠪᠠ | ᠨᠡᠶᠢᠭᠡᠮ ᠤᠨ ᠠᠮᠤᠷ ᠲᠤᠬᠳᠠᠭᠤᠨ ᠢ ᠬᠠᠮᠠᠭᠠᠯᠠᠬᠤ ᠶᠢ ᠨᠠᠮ ᠪᠠ ᠤᠯᠤᠰ ᠤᠨ ᠨᠢᠭᠡᠨ ᠰᠠᠭᠤᠷᠢ ᠴᠢᠨᠠᠷᠲᠠᠶ ᠠᠵᠢᠯ | ᠪᠣᠯᠭᠠᠨ ᠠᠳᠬᠤᠵᠤ᠂ ᠥᠭᠡᠷᠡᠴᠢᠯᠡᠯᠲᠡ ᠨᠡᠭᠡᠭᠡᠯᠳᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ | ᠪᠠᠶᠢᠭᠤᠯᠤᠯᠲᠠ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠨᠥᠬᠦᠴᠡᠯ ᠢ ᠪᠤᠢ ᠪᠣᠯᠭᠠᠵᠠᠢ᠃ ᠰᠢᠨ᠎ᠡ ᠴᠠᠭ | ᠦᠶ᠎ᠡ ᠳᠤ ᠣᠷᠣᠭᠠᠳ᠂ ᠮᠠᠨ ᠤ ᠤᠯᠤᠰ ᠨᠠᠩ ᠬᠦᠨᠳᠦ ᠨᠣᠴᠢᠲᠠᠶ ᠤᠯᠤᠰ ᠤᠨ ᠠᠮᠤᠷ ᠲᠦᠪᠰᠢᠨ ᠤ ᠪᠠᠶᠢᠳᠠᠯ ᠳᠤ | ᠲᠤᠯᠭᠠᠷᠠᠵᠤ᠂ ᠭᠠᠳᠠᠭᠠᠳᠤ ᠳᠠᠷᠤᠯᠲᠠ ᠤᠷᠢᠳ ᠡᠮᠦᠨ᠎ᠡ ᠪᠠᠶᠢᠭ᠎ᠠ ᠦᠭᠡᠢ ᠬᠦᠨᠳᠦ ᠪᠤᠯᠵᠤ᠂ ᠤᠯᠠᠮᠵᠢᠯᠠᠯᠲᠤ ᠠᠮᠤᠷ | ᠲᠦᠪᠰᠢᠨ ᠤ ᠰᠦᠷᠳᠡᠭᠦᠯᠦᠯ ᠪᠠ ᠤᠯᠠᠮᠵᠢᠯᠠᠯᠲᠤ ᠪᠤᠰᠤ ᠠᠮᠤᠷ ᠲᠦᠪᠰᠢᠨ ᠤ ᠰᠦᠷᠳᠡᠭᠦᠯᠦᠯ ᠬᠠᠷᠢᠯᠴᠠᠨ ᠰᠣᠯᠪᠢᠴᠠᠵᠤ | ᠂ ︽ᠬᠠᠷ᠎ᠠ ᠬᠤᠨ︾᠂ ︽ᠰᠠᠭᠠᠷᠠᠯ ᠬᠡᠷᠢᠰ︾ ᠤᠨ ᠬᠡᠷᠡᠭ ᠪᠠᠶᠢᠨ ᠲᠠᠬᠢᠨ ᠭᠠᠷᠴᠤ ᠪᠠᠶᠢᠨ᠎ᠠ᠃ ᠪᠠᠶᠢᠳᠠᠯ | ᠡᠭᠦᠷᠭᠡ ᠶᠢᠨ ᠱᠠᠭᠠᠷᠳᠠᠯᠭ᠎ᠠ ᠲᠠᠢ ᠬᠠᠷᠢᠴᠠᠭᠤᠯᠪᠠᠯ᠂ ᠮᠠᠨ ᠤ ᠤᠯᠤᠰ ᠤᠨ ᠤᠯᠤᠰ ᠤᠷᠤᠨ ᠤ ᠠᠮᠤᠷ ᠲᠦᠪᠰᠢᠨ ᠢ | ᠬᠠᠮᠠᠭᠠᠯᠠᠬᠤ ᠴᠢᠳᠠᠪᠤᠷᠢ ᠬᠦᠷᠦᠯᠴᠡᠬᠦ ᠦᠭᠡᠢ᠂ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠠᠷᠭᠠᠴᠠᠬᠤ | ᠴᠢᠳᠠᠪᠤᠷᠢ ᠴᠢᠩᠭ᠎ᠠ ᠪᠢᠰᠢ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠲᠣᠭᠲᠠᠴᠠ ᠲᠡᠭᠦᠯᠳᠡᠷ ᠪᠤᠰᠤ ᠪᠠᠶᠢᠨ᠎ᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ | ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠪᠣᠯ ᠠᠷᠠᠳ ᠤᠯᠠᠨ ᠤ ᠬᠠᠮᠤᠭ ᠤᠨ ᠦᠨᠳᠦᠰᠦᠨ᠂ ᠬᠠᠮᠤᠭ ᠤᠨ | ᠲᠦᠭᠡᠮᠡᠯ ᠬᠦᠰᠡᠯ ᠡᠷᠡᠮᠡᠯᠵᠡᠯ ᠮᠥᠨ᠃ ᠡᠷᠬᠡᠪᠰᠢ ᠬᠢᠵᠠᠭᠠᠷ ᠱᠤᠭᠤᠮ ᠤᠨ ᠰᠡᠳᠭᠢᠬᠦᠶ ᠶᠢ ᠪᠠᠷᠢᠮᠳᠠᠯᠠᠨ᠂ ᠠᠮᠤᠷ | ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠨ᠂ ᠪᠡᠯᠡᠳᠭᠡᠯ ᠠᠵᠢᠯ ᠢ ᠤᠷᠢᠳᠴᠢᠯᠠᠨ ᠬᠢᠵᠦ | ᠂ ᠤᠯᠤᠰ ᠣᠷᠣᠨ ᠤ ᠠᠰᠢᠭ ᠲᠤᠰᠠ ᠶᠢ ᠡᠷᠬᠢᠮᠯᠡᠨ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠠᠮᠤᠷ | ᠲᠦᠪᠰᠢᠨ ᠢᠶᠠᠷ ᠵᠣᠷᠢᠯᠲᠠ ᠪᠣᠯᠭᠠᠵᠤ᠂ ᠤᠯᠤᠰ ᠲᠥᠷᠥ ᠶᠢᠨ ᠠᠮᠤᠷ ᠲᠦᠪᠰᠢᠨ ᠢᠶᠠᠷ ᠦᠨᠳᠦᠰᠦ ᠪᠣᠯᠭᠠᠵᠤ᠂ ᠠᠵᠤ | ᠠᠬᠤᠢ ᠶᠢᠨ ᠠᠮᠤᠷ ᠲᠦᠪᠰᠢᠨ ᠢᠶᠠᠷ ᠰᠠᠭᠤᠷᠢ ᠪᠣᠯᠭᠠᠵᠤ᠂ ᠴᠡᠷᠢᠭ ᠤᠨ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ | ᠰᠣᠶᠣᠯ᠂ ᠨᠡᠶᠢᠭᠡᠮ ᠤᠨ ᠠᠮᠤᠷ ᠲᠦᠪᠰᠢᠨ ᠢᠶᠠᠷ ᠪᠠᠲᠤᠯᠠᠭ᠎ᠠ ᠪᠣᠯᠭᠠᠵᠤ᠂ ᠣᠯᠠᠨ ᠤᠯᠤᠰ ᠤᠨ ᠠᠮᠤᠷ ᠲᠦᠪᠰᠢᠨ ᠢ | ᠠᠬᠢᠭᠤᠯᠬᠤ ᠪᠠᠷ ᠲᠦᠰᠢᠭ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ | ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠤᠯᠠᠮᠵᠢᠯᠠᠯᠲᠤ ᠠᠮᠤᠷ ᠲᠦᠪᠰᠢᠨ ᠪᠠ | ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠲᠤᠰ ᠪᠡᠶ᠎ᠡ ᠶᠢᠨ ᠠᠮᠤᠷ ᠲᠦᠪᠰᠢᠨ ᠪᠠ | ᠬᠠᠮᠲᠤ ᠶᠢᠨ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠ | ᠤᠯᠤᠰ ᠤᠨ ᠠᠮᠤᠷ ᠲᠦᠪᠰᠢᠨ ᠢ ᠴᠤᠭᠴᠠᠯᠠᠬᠤ ᠶᠢ ᠨᠢᠭᠡᠳᠦᠯᠲᠡᠶ ᠲᠥᠯᠥᠪᠯᠡᠬᠦ ᠬᠡᠷᠡᠭᠳᠠᠢ᠃ ᠰᠢ ᠶᠢᠨ ᠫᠢᠩ ᠨᠥᠬᠦᠷ | ᠤᠯᠤᠰ ᠤᠨ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠡᠭᠡ ᠶᠠᠪᠤᠳᠠᠯ ᠮᠥᠨ ᠬᠡᠵᠦ | ᠴᠢᠬᠤᠯᠠᠴᠢᠯᠠᠬᠰᠠᠨ ᠪᠦᠭᠡᠳ ᠤᠯᠤᠰ ᠤᠨ ᠶᠡᠷᠦᠩᠬᠡᠶ ᠴᠤᠬᠴᠠ ᠶᠢᠨ ᠠᠮᠤᠷ ᠲᠦᠪᠰᠢᠨ ᠤ ᠦᠵᠡᠯᠲᠡ ᠶᠢ ᠳᠤᠷᠠᠳᠤᠨ | ᠭᠠᠷᠭᠠᠬᠰᠠᠨ ᠨᠢ ᠤᠯᠤᠰ ᠲᠦᠷᠦ᠂ ᠴᠡᠷᠢᠭ ᠤᠨ ᠶᠠᠪᠤᠳᠠᠯ᠂ ᠤᠯᠤᠰ ᠤᠨ ᠨᠤᠲᠤᠭ ᠳᠡᠪᠢᠰᠭᠡᠷ᠂ ᠠᠵᠤ ᠠᠬᠤᠶ᠂ | ᠰᠣᠶᠣᠯ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ᠂ ᠰᠦᠯᠵᠢᠶ᠎ᠡ᠂ ᠠᠮᠢ ᠠᠬᠤᠶ᠂ ᠡᠬᠢ ᠪᠠᠶᠠᠯᠢᠭ᠂ ᠴᠥᠮ᠎ᠡ᠂ | ᠭᠠᠳᠠᠭᠠᠳᠤ ᠳᠠᠬᠢ ᠠᠰᠢᠭ ᠲᠤᠰᠠ᠂ ᠰᠠᠨᠰᠠᠷ᠂ ᠭᠦᠨ ᠳᠠᠯᠠᠢ᠂ ᠲᠦᠢᠯ ᠤᠨ ᠣᠷᠣᠨ᠂ ᠠᠮᠢᠳᠤ ᠪᠣᠳᠠᠰ ᠵᠡᠷᠭᠡ ᠠᠯᠢ | ᠤᠯᠠᠨ ᠬᠦᠷᠢᠶ᠎ᠡ ᠶᠢ ᠬᠠᠮᠤᠷᠤᠨ᠂ ᠪᠦᠬᠦ ᠨᠠᠮ ᠢ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠲᠡᠮᠡᠴᠡᠯ ᠤᠨ | ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠳᠤᠷᠢᠳᠬᠤ | ᠬᠠᠷᠢᠭᠤᠴᠠᠯᠭ᠎ᠠ ᠪᠠ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ | ᠭᠠᠳᠠᠨ᠎ᠠ ᠠᠴᠠ ᠢᠷᠡᠭᠰᠡᠨ ᠡᠯ᠎ᠡ ᠵᠦᠢᠯ ᠤᠨ ᠪᠦᠰᠡᠯᠡᠯᠲᠡ᠂ ᠳᠠᠷᠤᠯᠲᠠ᠂ ᠲᠦᠢᠪᠡᠭᠡᠯᠭᠡ᠂ ᠨᠤᠷᠠᠭᠠᠯᠲᠠ ᠶᠢᠨ | ᠠᠵᠢᠯᠯᠠᠭ᠎ᠠ ᠳᠤ ᠬᠠᠨᠳᠤᠬᠤ ᠳᠠᠭᠠᠨ ᠡᠷᠬᠡᠪᠰᠢ ᠭᠠᠵᠢᠭᠤ ᠶᠢ ᠢᠲᠡᠭᠡᠬᠦ ᠦᠭᠡᠢ᠂ ᠴᠢᠳᠬᠦᠷ ᠠᠴᠠ ᠠᠶᠤᠬᠤ ᠦᠭᠡᠢ | ᠵᠣᠷᠢᠭ ᠰᠠᠨᠠᠭ᠎ᠠ ᠶᠢ ᠪᠠᠳᠠᠷᠠᠭᠤᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ | ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠨᠤᠷᠠᠭᠠᠬᠤ ᠪᠠᠷ ᠭᠤᠷᠢᠳᠠᠭᠰᠠᠨ᠂ ᠳᠤᠮᠳᠠᠳᠤ ᠶᠢᠨ ᠦᠨᠳᠦᠰᠦᠲᠡᠨ ᠤ | ᠠᠭᠤᠦ ᠶᠡᠭᠡ ᠰᠡᠷᠭᠦᠨ ᠮᠠᠨᠳᠤᠯᠲᠠ ᠶᠢᠨ ᠠᠬᠢᠴᠠ ᠶᠢ ᠤᠳᠠᠭᠠᠰᠢᠷᠠᠭᠤᠯᠬᠤ ᠴᠢᠨᠠᠭᠰᠢᠯᠠᠪᠠᠯ ᠬᠤᠷᠢᠭᠯᠠᠨ | ᠵᠣᠭᠰᠣᠭᠠᠬᠤ ᠪᠠᠷ ᠭᠤᠷᠢᠳᠠᠭᠰᠠᠨ ᠠᠯᠢᠪᠠ ᠬᠦᠴᠦᠨ ᠲᠠᠢ ᠡᠴᠦᠰ ᠲᠤᠨᠢ ᠲᠤᠯᠲᠠᠯ᠎ᠠ ᠲᠡᠮᠡᠴᠡᠬᠦ ᠬᠡᠷᠡᠭᠳᠠᠢ᠂ ᠨᠢᠭᠡ ᠯᠡ | ᠬᠥᠭ ᠢᠶᠠᠷ ᠨᠠᠶᠢᠷ ᠲᠠᠯᠪᠢᠬᠤ ᠨᠢ ᠵᠦᠪᠭᠡᠨ ᠶᠠᠪᠤᠬᠤ ᠲᠤᠲᠤᠮ ᠬᠡᠴᠡᠭᠦᠳᠡᠨ ᠳᠠᠪᠰᠢᠭᠤᠷᠠᠬᠤ ᠲᠠᠷᠤᠯᠠᠯ ᠲᠤᠷᠤᠮᠵᠢᠯᠠᠯ ᠢ | ᠠᠪᠴᠢᠷᠠᠬᠤ ᠪᠤᠯᠤᠨ᠎ᠠ᠂ ᠬᠡᠷᠡᠭ ᠶᠠᠪᠤᠳᠠᠯ ᠢ ᠪᠦᠳᠦᠭᠡᠬᠦ ᠶᠢᠨ ᠲᠦᠯᠦᠭᠡ ᠬᠦᠯᠢᠴᠡᠨ ᠳᠡᠰᠪᠤᠷᠢᠯᠡᠬᠦ ᠨᠢ ᠵᠦᠪᠭᠡᠨ ᠨᠡᠩ | ᠭᠤᠲᠤᠮᠰᠢᠭᠲᠤ ᠪᠠᠶᠢᠳᠡᠯ ᠳᠤ ᠬᠦᠷᠬᠦ ᠪᠤᠯᠤᠨ᠎ᠠ ᠬᠡᠳᠡᠭ ᠢ ᠨᠠᠮ ᠤᠨ ᠲᠦᠪ ᠬᠤᠷᠢᠶ᠎ᠠ ᠬᠦᠨᠵᠠᠭᠡᠢ ᠲᠠᠨᠢᠵᠦ ᠤᠯᠵᠠᠢ᠃ | ᠨᠠᠮ ᠠᠴᠠ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠲᠥᠪ ᠤᠨ ᠤᠯᠤᠰ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠵᠤ᠂ ᠲᠥᠪᠯᠡᠷᠡᠩᠭᠦᠶ ᠨᠢᠭᠡᠳᠦᠯᠲᠡᠶ᠂ | ᠥᠨᠳᠥᠷ ᠪᠦᠲᠦᠮᠵᠢᠲᠡᠶ ᠡᠷᠬᠡ ᠰᠦᠷ ᠲᠠᠢ ᠤᠯᠤᠰ ᠤᠨ ᠠᠮᠤᠷ ᠲᠦᠪᠰᠢᠨ ᠤ ᠤᠳᠤᠷᠢᠳᠬᠤ ᠪᠠᠶᠢᠭᠤᠯᠤᠯ ᠢ | ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠬᠠᠤᠯᠢ ᠪᠠᠷ ᠵᠠᠰᠠᠬᠤ ᠰᠢᠰᠲ᠋ᠧᠮ᠂ ᠪᠠᠶᠢᠯᠳᠤᠬᠤ | ᠪᠤᠳᠤᠯᠭ᠎ᠠ ᠶᠢᠨ ᠰᠢᠰᠲ᠋ᠧᠮ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠠᠮᠤᠷ | ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠪᠠ᠃ ᠨᠠᠮ ᠠᠴᠠ ᠠᠮᠤᠷ ᠲᠦᠪᠰᠢᠨ ᠢᠶᠠᠷ ᠬᠥᠭᠵᠢᠬᠦᠯᠬᠦ ᠶᠢ ᠤᠯᠤᠰ ᠤᠨ ᠬᠥᠭᠵᠢᠯᠲᠡ ᠶᠢᠨ | ᠡᠯ᠎ᠡ ᠬᠦᠷᠢᠶ᠎ᠠ ᠪᠦᠬᠦ ᠶᠠᠪᠤᠴᠠ ᠳᠤ ᠲᠤᠭᠤᠰᠢᠯᠠᠭᠤᠯᠵᠦ᠂ ᠮᠠᠨ ᠤ ᠤᠯᠤᠰ ᠤᠨ ᠣᠳᠣᠬᠢᠴᠢᠯᠠᠯᠲᠠ ᠶᠢᠨ ᠠᠬᠢᠴᠠ ᠶᠢ | ᠨᠥᠯᠥᠭᠡᠯᠡᠬᠦ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠤᠯᠤᠰ ᠤᠨ | ᠲᠥᠷᠥ ᠶᠢᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ | ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠦ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ | ᠪᠠ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠤᠯᠤᠰ | ᠤᠷᠤᠨ ᠢ ᠠᠮᠤᠷ ᠲᠦᠪᠰᠢᠨ ᠪᠠᠶᠢᠯᠭᠠᠬᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠢᠯᠢ | ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ | ᠬᠢᠯᠢ ᠬᠢᠵᠠᠭᠠᠷ ᠣᠷᠣᠨ ᠢ ᠪᠠᠬᠢᠵᠢᠭᠦᠯᠬᠦ ᠶᠢ ᠠᠬᠢᠭᠤᠯᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ ᠡᠪᠳᠡᠬᠦ | ᠂ ᠨᠤᠷᠠᠭᠠᠬᠤ᠂ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠭᠰᠡᠨ ᠪᠠ ᠲᠡᠳᠡᠭᠡᠷ ᠲᠤ ᠴᠢᠩᠭ᠎ᠠ ᠴᠣᠬᠢᠯᠲᠠ | ᠥᠭᠴᠦ᠂ ᠭᠠᠳᠠᠭᠠᠳᠤ ᠶᠢᠨ ᠬᠡᠳᠦᠷᠡᠮᠡᠬᠡᠢ ᠲᠠᠷᠤᠯᠳᠡ ᠬᠤᠷᠢᠬᠯᠡᠯᠳᠡ ᠶᠢ ᠡᠰᠡᠷᠭᠦᠴᠡᠨ ᠲᠤᠯᠤᠬᠰᠠᠨ ᠪᠠ ᠲᠡᠬᠦᠨ ᠳᠤ | ᠬᠡᠳᠡᠷᠬᠦ ᠴᠤᠬᠢᠯᠳᠠ ᠥᠭᠴᠦ᠂ ᠰᠢᠶᠠᠩᠭᠠᠩ᠂ ᠲᠠᠶᠢᠸᠠᠨ᠂ ᠰᠢᠨᠵᠢᠶᠠᠩ᠂ ᠲᠥᠪᠡᠳ᠂ ᠳᠠᠯᠠᠶ ᠲᠠᠩᠭᠢᠰ ᠵᠡᠷᠭᠡ ᠳᠤ | ᠬᠤᠯᠪᠣᠭᠳᠠᠭᠰᠠᠨ ᠲᠡᠮᠡᠴᠡᠯ ᠢ ᠥᠷᠨᠢᠭᠦᠯᠵᠦ᠂ ᠳᠠᠯᠠᠶ ᠲᠠᠩᠭᠢᠰ ᠤᠨ ᠬᠦᠴᠦᠷᠬᠡᠭ ᠤᠯᠤᠰ ᠢ ᠲᠦᠷᠭᠡᠯᠡᠨ ᠪᠦᠳᠦᠭᠡᠨ | ᠪᠠᠶᠢᠭᠤᠯᠵᠦ᠂ ᠤᠯᠤᠰ ᠤᠷᠤᠨ ᠤ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠪᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠤᠯᠤᠰ ᠣᠷᠣᠨ ᠤ ᠠᠮᠤᠷ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠦ᠂ ᠤᠯᠤᠰ | ᠲᠦᠷᠦ᠂ ᠠᠵᠤ ᠠᠬᠤᠶ᠂ ᠦᠵᠡᠯ ᠤᠬᠠᠮᠰᠠᠷ ᠤᠨ ᠬᠡᠯᠪᠡᠷᠢ᠂ ᠪᠠᠶᠢᠭᠠᠯᠢ ᠶᠢᠷᠲᠢᠨᠴᠦ ᠵᠡᠷᠭᠡ ᠲᠠᠯ᠎ᠠ ᠶᠢᠨ ᠲᠦᠭᠰᠢᠭᠦᠷᠢ | ᠦᠷᠢᠰᠤᠯᠳᠤᠭᠡᠨ ᠤ ᠰᠢᠯᠭᠠᠯᠲᠠ ᠶᠢ ᠳᠠᠭᠠᠭᠠᠵᠤ᠂ ᠨᠠᠮ ᠪᠠ ᠤᠯᠤᠰ ᠤᠨ ᠪᠠᠳᠠᠷᠠᠨ ᠬᠥᠭᠵᠢᠬᠦ᠂ ᠥᠨᠢ ᠤᠳᠠᠭᠠᠨ | ᠠᠮᠤᠷ ᠲᠦᠪᠰᠢᠨ ᠪᠠᠶᠢᠬᠤ ᠳᠤ ᠬᠦᠴᠦᠲᠡᠶ ᠪᠠᠲᠤᠯᠠᠭ᠎ᠠ ᠬᠠᠩᠭᠠᠪᠠ᠃ | ︵ᠠᠷᠪᠠᠨ ᠬᠤᠶᠠᠷ︶ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠳᠠᠯᠠᠬᠤ ᠪᠠ | ᠡᠭᠡ ᠣᠷᠣᠨ ᠤ ᠨᠢᠭᠡᠳᠦᠯ ᠢ ᠠᠬᠢᠭᠤᠯᠬᠤ ᠲᠠᠯ᠎ᠠ ᠪᠠᠷ ᠰᠢᠶᠠᠩᠭᠠᠩ᠂ ᠣᠣᠮᠧᠨ ᠡᠬᠡ ᠤᠷᠤᠨ ᠳᠠᠭᠠᠨ ᠪᠤᠴᠠᠵᠤ | ᠢᠷᠡᠭᠰᠡᠨ ᠤ ᠳᠠᠷᠠᠭ᠎ᠠ᠂ ᠤᠯᠤᠰ ᠤᠨ ᠵᠠᠰᠠᠯᠲᠠ ᠶᠢᠨ ᠰᠢᠰᠲ᠋ᠧᠮ ᠳᠤ ᠰᠢᠨ᠎ᠠ ᠪᠠᠷ ᠤᠷᠤᠵᠦ᠂ ᠡᠬᠡ ᠤᠷᠤᠨ ᠤ | ᠳᠣᠲᠣᠷ᠎ᠠ ᠭᠠᠵᠠᠷ ᠲᠠᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠮᠲᠤ ᠪᠠᠷ ᠬᠥᠭᠵᠢᠬᠦ ᠥᠷᠭᠡᠨ ᠳᠠᠷᠳᠠᠩ | ᠵᠠᠮ ᠢᠶᠠᠷ ᠵᠠᠮᠨᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠳᠦᠯᠭᠡ ᠳᠡᠯᠡᠬᠡᠶ | ᠨᠡᠶᠢᠲᠡ ᠳᠤ ᠨᠡᠶᠢᠳᠠᠮ ᠮᠡᠳᠡᠷᠡᠭᠳᠡᠭᠰᠡᠨ ᠠᠮᠵᠢᠯᠲᠠ ᠶᠢ ᠤᠯᠪᠠ᠃ ᠡᠭᠦᠨ ᠤ ᠬᠠᠮᠲᠤ᠂ ᠨᠢᠭᠡ ᠦᠶ᠎ᠡ ᠳᠤ ᠳᠣᠲᠣᠭᠠᠳᠤ | ᠭᠠᠳᠠᠭᠠᠳᠤ ᠶᠢᠨ ᠡᠯ᠎ᠡ ᠵᠦᠢᠯ ᠤᠨ ᠪᠤᠳᠤᠯᠢᠶᠠᠨᠲᠠᠶ ᠬᠦᠴᠦᠨ ᠵᠦᠢᠯ ᠤᠨ ᠨᠥᠯᠥᠭᠡ ᠶᠢ ᠬᠦᠷᠲᠡᠨ᠂ ︽ᠲᠦᠪ ᠵᠠᠰᠠᠭ ᠢ | ᠡᠰᠡᠷᠭᠦᠴᠡᠵᠦ ᠰᠢᠶᠠᠩᠭᠠᠩ ᠢ ᠰᠠᠮᠠᠭᠤᠷᠠᠭᠤᠯᠬᠤ︾ ᠠᠵᠢᠯᠯᠠᠭ᠎ᠠ ᠤᠯᠠᠶᠢᠷᠠᠨ ᠰᠢᠷᠦᠭᠦᠰᠴᠦ᠂ ᠰᠢᠶᠠᠩᠭᠠᠩ ᠤᠨ | ᠪᠠᠶᠢᠳᠠᠯ ᠳᠤ ᠨᠢᠭᠡᠨ ᠦᠶ᠎ᠡ ᠬᠦᠨᠳᠦ ᠬᠡᠴᠡᠬᠦᠦ ᠪᠠᠶᠢᠳᠠᠯ ᠭᠠᠷᠴᠠᠶ᠃ ᠨᠠᠮ ᠤᠨ ᠲᠥᠪ ᠬᠤᠷᠢᠶ᠎ᠠ ᠠᠴᠠ | ᠴᠢᠬᠤᠯᠠᠴᠢᠯᠠᠬᠰᠠᠨ ᠨᠢ᠂ ᠡᠷᠬᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ | ᠪᠦᠬᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠤᠯᠢ ᠶᠣᠰᠣᠭᠠᠷ | ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠭᠤᠤᠯ ᠬᠠᠤᠯᠢ ᠳᠤ | ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠢ ᠣᠷᠣᠨ ᠤ ᠦᠨᠳᠦᠰᠦᠨ ᠬᠠᠤᠯᠢᠳᠦ ᠡᠮᠬᠢ ᠵᠢᠷᠤᠮ ᠢ ᠬᠠᠮᠠᠭᠠᠯᠠᠵᠤ᠂ | ᠲᠥᠪ ᠠᠴᠠ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠶᠠᠪᠤᠭᠤᠯᠬᠤ ᠪᠦᠬᠦ ᠲᠠᠯ᠎ᠠ ᠪᠠᠷ ᠬᠠᠮᠢᠶᠠᠷᠤᠨ ᠵᠠᠰᠠᠬᠤ | ᠡᠷᠬᠡ ᠶᠢ ᠨᠠᠶᠢᠳᠠᠪᠤᠷᠢᠵᠢᠭᠤᠯᠵᠤ᠂ ︽ᠡᠭᠡ ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾᠂ ︽ᠡᠭᠡ | ᠣᠷᠣᠨᠴᠢ ᠬᠥᠮᠦᠰ ᠢᠶᠠᠷ ᠣᠣᠮᠧᠨ ᠢ ᠵᠠᠰᠠᠭᠤᠯᠬᠤ︾ ᠶᠢ ᠡᠷᠡᠰ ᠨᠠᠶᠢᠳᠠᠪᠤᠷᠢᠵᠢᠭᠤᠯᠬᠤ ᠬᠡᠷᠡᠭᠳᠠᠢ᠃ ᠨᠠᠮ ᠤᠨ ᠲᠥᠪ | ᠬᠤᠷᠢᠶ᠎ᠠ ᠴᠠᠭ ᠢ ᠦᠵᠡᠨ ᠪᠠᠶᠢᠳᠠᠯ ᠢ ᠰᠢᠨᠵᠢᠯᠡᠵᠦ᠂ ᠲᠥᠪ ᠠᠴᠠ ᠦᠨᠳᠦᠰᠦᠨ ᠬᠠᠤᠯᠢ ᠪᠠ ᠭᠤᠤᠯ ᠬᠠᠤᠯᠢ | ᠶᠣᠰᠣᠭᠠᠷ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠᠨ | ᠬᠡᠷᠡᠭᠵᠢᠭᠦᠯᠬᠦ ᠶᠢ ᠪᠦᠷᠢᠨᠰᠢᠭᠦᠯᠬᠦ᠂ ᠵᠠᠰᠠᠭ ᠵᠠᠬᠢᠷᠭᠠᠨ ᠤ ᠤᠨᠴᠠᠭᠠᠢ ᠣᠷᠣᠨ ᠤ ᠦᠨᠳᠤᠰᠤᠨ ᠬᠠᠤᠯᠢ ᠪᠠ ᠭᠤᠣᠯ | ᠬᠠᠤᠯᠢ ᠶᠢ ᠬᠡᠷᠡᠭᠵᠢᠭᠦᠯᠬᠦ ᠳᠤ ᠬᠤᠯᠪᠣᠭᠳᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠭᠠᠷᠭᠠᠵᠤ᠂ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠬᠠᠤᠯᠢ ᠴᠠᠭᠠᠵᠠ ᠶᠢᠨ ᠪᠠᠶᠢᠭᠤᠯᠤᠯ ᠪᠣᠯᠤᠨ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ | ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ︾ ᠶᠢ ᠲᠣᠭᠲᠠᠭᠠᠬᠤ᠂ ᠰᠢᠶᠠᠩᠭᠠᠩ ᠤᠨ ᠵᠠᠰᠠᠭ | ᠵᠠᠬᠢᠷᠭᠠᠨ ᠤ ᠣᠨᠴᠠᠭᠠᠶ ᠣᠷᠣᠨ ᠤ ᠰᠤᠩᠭᠤᠭᠤᠯᠢ ᠶᠢᠨ ᠳᠦᠷᠢᠮ ᠢ ᠲᠡᠭᠦᠯᠳᠡᠷᠵᠢᠭᠦᠯᠬᠦ ᠶᠢ ᠠᠬᠢᠭᠤᠯᠵᠦ᠂ ︽ᠡᠭᠡ | ᠣᠷᠣᠨᠴᠢ ᠬᠥᠮᠦᠰ ᠢᠶᠠᠷ ᠰᠢᠶᠠᠩᠭᠠᠩ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ | ᠣᠨᠴᠠᠭᠠᠶ ᠣᠷᠣᠨ ᠤ ᠠᠯᠪᠠᠨ ᠲᠤᠰᠢᠶᠠᠯᠲᠠᠨ ᠤ ᠲᠠᠩᠭᠠᠷᠢᠭᠯᠠᠬᠤ ᠲᠦᠷᠢᠮ ᠢ ᠲᠡᠭᠦᠯᠳᠡᠷᠵᠢᠭᠦᠯᠬᠦ ᠶᠢ ᠲᠡᠮᠵᠢᠪᠡ᠃ | ᠠᠷᠠᠳ ᠤᠨ ᠲᠥᠪ ᠵᠠᠰᠠᠭ ᠤᠨ ᠣᠷᠳᠣᠨ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠳᠤ ᠰᠠᠭᠤᠭ᠎ᠠ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠠᠬᠢᠷᠭ᠎ᠠ ᠶᠢ ᠬᠠᠤᠯᠢ ᠶᠣᠰᠣᠭᠠᠷ ᠪᠠᠶᠢᠭᠤᠯᠵᠤ᠂ ᠰᠢᠶᠠᠩᠭᠠᠩ ᠤᠨ | ᠵᠠᠰᠠᠭ ᠵᠠᠬᠢᠷᠭᠠᠨ ᠤ ᠣᠨᠴᠠᠭᠠᠶ ᠣᠷᠣᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠥᠪᠯᠡᠯ ᠢ ᠬᠠᠤᠯᠢ ᠶᠣᠰᠣᠭᠠᠷ | ᠪᠠᠶᠢᠭᠤᠯᠪᠠ᠃ ᠲᠥᠪ ᠠᠴᠠ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠢ ᠣᠷᠣᠨ ᠤ ᠬᠠᠤᠯᠢ ᠶᠣᠰᠣᠭᠠᠷ | ᠬᠦᠴᠦᠷᠬᠡᠭᠯᠡᠯ ᠢ ᠵᠣᠭᠰᠣᠭᠠᠵᠤ ᠰᠠᠮᠠᠭᠤᠷᠠᠯ ᠢ ᠬᠤᠷᠢᠭᠯᠠᠨ᠂ ᠡᠮᠬᠢ ᠵᠢᠷᠤᠮ ᠢᠶᠠᠨ ᠰᠡᠷᠭᠦᠭᠡᠬᠦ ᠶᠢ ᠡᠷᠡᠰ ᠳᠠᠮᠵᠢᠵᠤ᠂ | ᠵᠠᠰᠠᠭ ᠵᠠᠬᠢᠷᠭᠠᠨ ᠤ ᠳᠠᠷᠤᠭ᠎ᠠ ᠪᠣᠯᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠵᠠᠰᠠᠭ ᠤᠨ ᠣᠷᠳᠣᠨ ᠤ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠳᠡᠮᠵᠢᠵᠦ᠂ ᠭᠠᠳᠠᠭᠠᠳᠤ ᠬᠦᠴᠦᠨ ᠤ ᠰᠢᠶᠠᠩᠭᠠᠩ ᠣᠣᠮᠧᠨ ᠤ ᠬᠡᠷᠡᠭ | ᠶᠠᠪᠤᠳᠠᠯ ᠳᠤ ᠭᠠᠷ ᠲᠦᠷᠦᠭᠦ ᠶᠢ ᠡᠷᠡᠰ ᠰᠡᠷᠭᠡᠶᠢᠯᠡᠨ ᠬᠤᠷᠢᠭᠯᠠᠵᠤ᠂ ᠬᠠᠭᠠᠴᠠᠭᠤᠯᠬᠤ᠂ ᠨᠤᠷᠠᠭᠠᠬᠤ᠂ ᠨᠡᠪᠴᠢᠯᠲᠡ | ᠬᠢᠬᠦ᠂ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠰᠢᠶᠠᠩᠭᠠᠩ᠂ ᠣᠣᠮᠧᠨ ᠤ ᠤᠯᠤᠰ ᠣᠷᠣᠨ ᠤ | ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠠᠭᠤᠰᠤᠨ ᠤᠷᠤᠬᠤ ᠶᠢ ᠪᠦᠬᠦ ᠲᠠᠯ᠎ᠠ ᠪᠠᠷ ᠳᠠᠮᠵᠢᠵᠤ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠢ ᠴᠢᠨᠠᠷ ᠰᠠᠶᠢᠲᠠᠶ ᠪᠦᠲᠦᠭᠡᠨ ᠪᠠᠶᠢᠭᠤᠯᠵᠤ᠂ | ᠰᠢᠶᠠᠩᠭᠠᠩ ᠣᠣᠮᠧᠨ ᠤ ᠠᠵᠤ ᠠᠬᠤᠶ ᠪᠠᠨ ᠬᠥᠭᠵᠢᠭᠦᠯᠬᠦ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠳᠠᠮᠵᠢᠵᠤ᠂ ᠰᠢᠶᠠᠩᠭᠠᠩ ᠣᠣᠮᠧᠨ ᠤ ᠠᠬ᠎ᠠ ᠳᠡᠭᠦᠦ ᠨᠡᠷ ᠤᠨ ᠤᠯᠤᠰ ᠣᠷᠣᠨ ᠤ ᠤᠬᠠᠮᠰᠠᠷ ᠪᠠ ᠡᠭᠡ ᠣᠷᠣᠨᠴᠢ | ᠵᠣᠷᠢᠭ ᠰᠠᠨᠠᠭ᠎ᠠ ᠶᠢ ᠴᠢᠩᠭᠠᠳᠬᠠᠪᠠ᠃ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠡᠳᠡᠭᠡᠷ | ᠠᠯᠢ ᠣᠯᠠᠨ ᠠᠷᠭ᠎ᠠ ᠬᠡᠮᠵᠢᠶ᠎ᠡ ᠨᠢ ᠰᠢᠶᠠᠩᠭᠠᠩ ᠤᠨ ᠪᠠᠶᠢᠳᠠᠯ ᠤᠨ ᠰᠠᠮᠠᠭᠤᠷᠠᠯ ᠠᠴᠠ ᠵᠠᠰᠠᠯᠲᠠ ᠳᠤ ᠬᠦᠷᠬᠦ ᠴᠢᠬᠤᠯᠠ | ᠶᠡᠭᠡ ᠡᠷᠭᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠰᠢᠶᠠᠩᠭᠠᠩ ᠢ ᠵᠠᠰᠠᠵᠤ ᠣᠣᠮᠧᠨ ᠢ ᠵᠠᠰᠠᠬᠤ ᠶᠢ | ᠠᠬᠢᠭᠤᠯᠬᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠦᠢᠯᠡᠳᠦᠯᠭᠡ ᠶᠢᠨ ᠯᠠᠪᠳᠠᠭᠤᠨ | ᠪᠦᠭᠡᠳ ᠤᠳᠠᠭᠠᠨ ᠶᠠᠪᠤᠬᠳᠠᠬᠤ ᠶᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠵᠦ ᠦᠭᠭᠦᠭᠰᠡᠨ ᠪᠠᠶᠢᠨ᠎ᠠ᠃ | ᠲᠠᠶᠢᠸᠠᠨ ᠤ ᠠᠰᠠᠭᠤᠳᠠᠯ ᠢ ᠰᠢᠢᠳᠪᠦᠷᠢᠯᠡᠵᠦ᠂ ᠡᠬᠡ ᠤᠷᠤᠨ ᠤ ᠪᠦᠷᠢᠨ ᠨᠢᠭᠡᠳᠦᠯ ᠢ ᠪᠡᠶᠡᠯᠡᠭᠦᠯᠬᠦ ᠪᠤᠯ ᠨᠠᠮ ᠤᠨ | ᠰᠢᠨᠳᠠᠷᠠᠰᠢ ᠦᠬᠡᠢ ᠴᠢᠷᠮᠠᠶᠢᠨ ᠳᠡᠮᠡᠴᠡᠬᠦ ᠲᠡᠦᠬᠡᠲᠦ ᠡᠭᠦᠷᠭᠡ ᠮᠥᠨ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ | ᠬᠠᠮᠲᠤ ᠶᠢᠨ ᠬᠦᠰᠡᠯ ᠡᠷᠡᠮᠡᠯᠵᠡᠯ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠮ ᠠᠴᠠ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ | ᠬᠠᠷᠢᠴᠠᠭᠠᠨ ᠤ ᠴᠠᠭ ᠦᠶ᠎ᠡ ᠶᠢᠨ ᠬᠤᠪᠢᠷᠠᠯᠲᠠ ᠶᠢ ᠡᠵᠡᠮᠰᠢᠵᠦ᠂ ᠤᠯᠤᠰ ᠣᠷᠣᠨ ᠤ ᠨᠢᠭᠡᠳᠦᠯ ᠤᠨ ᠤᠨᠤᠯ ᠪᠠ | ᠲᠠᠶᠢᠸᠠᠨ ᠤ ᠲᠤᠬᠠᠶ ᠴᠢᠭᠯᠡᠯᠲᠡ ᠲᠦᠷᠦ ᠶᠢᠨ ᠪᠤᠳᠤᠯᠭ᠎ᠠ ᠶᠢ ᠪᠠᠶᠠᠯᠢᠬᠵᠢᠭᠤᠯᠤᠨ ᠬᠥᠭᠵᠢᠭᠦᠯᠵᠦ᠂ ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠵᠥᠪ ᠴᠢᠭᠯᠡᠯ ᠢᠶᠠᠷ ᠬᠥᠭᠵᠢᠬᠦ ᠶᠢ ᠠᠬᠢᠭᠤᠯᠪᠠ᠃ | ᠰᠢ ᠶᠢᠨ ᠫᠢᠩ ᠨᠥᠬᠦᠷ ᠲᠠᠶᠢᠸᠠᠨ ᠤ ᠠᠵᠢᠯ ᠤᠨ ᠲᠤᠬᠠᠢ ᠠᠯᠢ ᠤᠯᠠᠨ ᠴᠢᠬᠤᠯᠠ ᠣᠶᠢᠯᠠᠭᠠᠭᠳᠠᠬᠤᠨ᠂ | ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠵᠣᠷᠢᠯᠲᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ | ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠤᠳᠤᠯᠭ᠎ᠠ ᠶᠢ ᠪᠤᠢ ᠪᠤᠯᠭᠠᠪᠠ᠃ ᠪᠢᠳᠡ 1949 | ᠣᠨ ᠠᠴᠠ ᠨᠠᠭᠠᠰᠢᠬᠢ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠤᠳᠤᠷᠢᠳᠬᠤ ᠬᠥᠮᠦᠰ ᠤᠨ ᠠᠩᠬ᠎ᠠ | ᠤᠳᠠᠭᠠᠨ ᠤ ᠠᠭᠤᠯᠵᠠᠯᠲᠠ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠤᠳᠤᠷᠢᠳᠬᠤ ᠬᠥᠮᠦᠰ ᠤᠨ ᠰᠢᠭᠤᠳ | ᠶᠠᠷᠢᠯᠴᠠᠭ᠎ᠠ ᠨᠡᠪᠲᠡᠷᠡᠯᠴᠡᠭᠡ ᠶᠢ ᠠᠬᠢᠭᠤᠯᠤᠨ ᠪᠡᠶᠡᠯᠡᠭᠦᠯᠪᠡ᠃ ᠨᠠᠮ ᠠᠴᠠ ︽ᠲᠠᠶᠢᠸᠠᠨ ᠬᠤᠭᠤᠯᠠᠶ ᠶᠢᠨ ᠬᠤᠶᠠᠷ | ᠲᠠᠯ᠎ᠠ ᠶᠢᠨ ᠠᠬ᠎ᠠ ᠳᠡᠭᠦᠦ ᠨᠡᠷ ᠪᠣᠯ ᠨᠢᠭᠡ ᠭᠡᠷ ᠤᠨ ᠬᠥᠮᠥᠨ ᠶᠤᠮ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ | ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠵᠤ᠂ | ᠲᠠᠶᠢᠸᠠᠨ ᠤ ᠥᠷᠭᠡᠨ ᠤᠯᠠᠨ ᠠᠬ᠎ᠠ ᠳᠡᠭᠦᠦ ᠨᠡᠷ ᠲᠤ ᠠᠰᠢᠭ ᠬᠦᠷᠲᠡᠭᠡᠬᠦ ᠠᠯᠢ ᠤᠯᠠᠨ ᠲᠦᠷᠦ ᠶᠢᠨ ᠪᠤᠳᠤᠯᠭ᠎ᠠ ᠶᠢ | ᠨᠡᠶᠢᠲᠡᠯᠡᠨ ᠬᠡᠷᠡᠭᠵᠢᠬᠦᠯᠵᠦ᠂ ᠲᠠᠶᠢᠸᠠᠨ ᠬᠤᠭᠤᠯᠠᠶ ᠶᠢᠨ ᠬᠤᠶᠠᠷ ᠲᠠᠯ᠎ᠠ ᠶᠢᠨ ᠠᠵᠤ ᠠᠬᠤᠶ ᠰᠣᠶᠣᠯ ᠤᠨ ᠰᠣᠯᠢᠯᠴᠠᠭ᠎ᠠ | ᠬᠠᠮᠲᠤᠷᠠᠯᠴᠠᠭ᠎ᠠ ᠶᠢ ᠴᠢᠩᠭᠠᠳᠬᠠᠪᠠ᠃ | 2016 ᠣᠨ ᠠᠴᠠ ᠨᠠᠭᠠᠰᠢ᠂ ᠲᠠᠶᠢᠸᠠᠨ ᠤ ᠡᠷᠬᠡ ᠪᠠᠷᠢᠬᠴᠢᠳ ︽ᠲᠠᠶᠢᠸᠠᠨ ᠢ ᠲᠤᠰᠠᠭᠠᠷ ᠲᠣᠭᠲᠠᠨᠢᠭᠤᠯᠬᠤ | ︾ ᠬᠠᠭᠠᠴᠠᠭᠤᠯᠬᠤ ᠠᠵᠢᠯᠯᠠᠭ᠎ᠠ ᠶᠢ ᠱᠠᠯᠠᠪᠳᠠᠨ ᠶᠠᠪᠤᠭᠤᠯᠤᠬᠰᠠᠨ ᠠᠴᠠ᠂ ᠲᠠᠶᠢᠸᠠᠨ ᠬᠤᠭᠤᠯᠠᠶ ᠶᠢᠨ ᠬᠤᠶᠠᠷ | ᠲᠠᠯ᠎ᠠ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠬᠠᠨᠳᠤᠰᠢ ᠳᠤ ᠬᠦᠨᠳᠦ ᠨᠣᠴᠢᠲᠠᠶ ᠲᠠᠭᠠᠷᠢᠯᠳᠠ | ᠤᠴᠠᠷᠠᠭᠤᠯᠪᠠ᠃ ᠪᠢᠳᠡ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ | ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ | ᠠᠵᠢᠯᠯᠠᠭ᠎ᠠ ᠶᠢ ᠡᠷᠡᠰ ᠡᠰᠡᠷᠭᠦᠴᠡᠵᠦ᠂ ᠭᠠᠳᠠᠭᠠᠳᠤ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ | ᠬᠤᠭᠤᠯᠠᠶ ᠶᠢᠨ ᠬᠤᠶᠠᠷ ᠲᠠᠯ᠎ᠠ ᠶᠢᠨ ᠬᠠᠷᠢᠴᠠᠭ᠎ᠠ ᠶᠢᠨ ᠭᠤᠤᠯᠯᠠᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠰᠢᠪᠡ᠃ ᠡᠬᠡ ᠤᠷᠤᠨ ᠤ ᠪᠦᠷᠢᠨ ᠨᠢᠭᠡᠳᠦᠯ ᠤᠨ ᠴᠠᠭ ᠪᠠ ᠪᠠᠶᠢᠳᠠᠯ ᠢᠮᠠᠭᠲᠠ ᠮᠠᠨ ᠤ | ᠲᠠᠯ᠎ᠠ ᠳᠤ ᠪᠠᠶᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠡᠰ ᠴᠢᠩᠬ᠎ᠠ ᠤᠳᠤᠷᠢᠳᠤᠯᠭ᠎ᠠ᠂ ᠠᠭᠤᠦ ᠶᠡᠭᠡ ᠡᠬᠡ | ᠤᠷᠤᠨ ᠤ ᠪᠠᠲᠤ ᠴᠢᠩᠭ᠎ᠠ ᠲᠦᠰᠢᠭ᠂ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ | ᠨᠡᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠡᠷ ᠪᠣᠯᠤᠨ ᠲᠠᠶᠢᠸᠠᠨ ᠤ ᠠᠬ᠎ᠠ ᠳᠡᠭᠦᠦ | ᠨᠡᠷ ᠢ ᠪᠠᠭᠲᠠᠭᠠᠭᠰᠠᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠰᠡᠳᠭᠢᠯ | ᠬᠠᠮᠳᠦ ᠶᠢᠨ ᠬᠦᠴᠦᠨ ᠪᠠᠶᠢᠬᠤ ᠶᠤᠮ ᠴᠢᠨᠢ᠂ ᠰᠢᠶᠠᠩᠭᠠᠩ᠂ ᠣᠣᠮᠧᠨ ᠯᠠᠪᠳᠠᠢ ᠤᠷᠳᠤ ᠬᠤᠭᠤᠴᠠᠭ᠎ᠠ ᠪᠠᠷ ᠴᠡᠴᠡᠭᠯᠡᠨ | ᠬᠥᠭᠵᠢᠵᠦ ᠲᠣᠭᠲᠠᠭᠤᠨ ᠪᠠᠶᠢᠵᠦ ᠴᠢᠳᠠᠨ᠎ᠠ᠂ ᠡᠬᠡ ᠤᠷᠤᠨ ᠤ ᠪᠦᠷᠢᠨ ᠨᠢᠭᠡᠳᠦᠯ ᠯᠠᠪᠲᠠᠶ ᠪᠡᠶᠡᠯᠡᠭᠳᠡᠵᠦ ᠴᠢᠳᠠᠨ᠎ᠠ | ᠬᠡᠳᠡᠭ ᠢ ᠦᠢᠯᠡᠳᠦᠯᠭᠡ ᠭᠡᠷᠡᠴᠢᠯᠡᠵᠦ ᠪᠠᠶᠢᠨ᠎ᠠ᠃ ︵ᠠᠷᠪᠠᠨ ᠭᠤᠷᠪᠠ︶ ᠭᠠᠳᠠᠭᠠᠳᠤ ᠬᠠᠷᠢᠯᠴᠠᠭᠠᠨ ᠤ ᠠᠵᠢᠯ ᠤᠨ | ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠨᠠᠮ ᠠᠴᠠ ᠪᠡᠶ᠎ᠡ ᠪᠠᠨ ᠳᠠᠭᠠᠭᠠᠵᠤ ᠡᠵᠡᠨ ᠮᠡᠳᠡᠬᠦ | ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠮᠠᠨ ᠤ ᠤᠯᠤᠰ ᠤᠨ | ᠬᠥᠭᠵᠢᠯᠲᠡ ᠳᠤ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠪᠤᠢ ᠪᠣᠯᠭᠠᠵᠤ᠂ ᠬᠥᠮᠦᠨ ᠲᠥᠷᠥᠯᠬᠢᠲᠡᠨ ᠤ | ᠲᠠᠪᠰᠢᠯᠳᠠ ᠶᠢᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ ᠰᠢᠨ᠎ᠡ ᠴᠠᠭ ᠦᠶ᠎ᠠ ᠳᠤ ᠣᠷᠣᠭᠠᠳ᠂ | ᠣᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠶ ᠲᠣᠬᠢᠷᠠᠭᠤᠯᠤᠯᠲᠠ ᠭᠠᠷᠴᠦ᠂ ᠭᠠᠭᠴᠠ ᠲᠠᠯᠠᠲᠤ ᠦᠵᠡᠯ᠂ | ᠬᠠᠮᠠᠭᠠᠯᠠᠬᠤ ᠦᠵᠡᠯ᠂ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠥᠷᠥ ᠶᠢᠨ ᠳᠡᠯᠡᠬᠡᠶ ᠶᠢᠨ ᠡᠩᠬᠡ ᠲᠠᠶᠢᠪᠤᠩ | ᠬᠢᠭᠡᠳ ᠬᠥᠭᠵᠢᠯᠲᠡ ᠳᠤ ᠦᠵᠡᠭᠦᠯᠬᠦ ᠰᠦᠷᠳᠡᠭᠦᠯᠦᠯ ᠬᠡᠴᠡᠬᠦᠳᠡᠵᠦ᠂ ᠳᠡᠯᠡᠬᠡᠶᠢᠴᠢᠯᠡᠯᠲᠡ ᠶᠢ ᠰᠥᠷᠬᠦ ᠦᠵᠡᠯ | ᠰᠠᠨᠠᠭᠠᠨ ᠤ ᠤᠷᠤᠰᠬᠠᠯ ᠳᠡᠭᠡᠭᠰᠢᠯᠡᠵᠦ᠂ ᠳᠡᠯᠡᠬᠡᠶ ᠶᠢᠷᠲᠢᠨᠴᠦ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠪᠠ᠃ ᠨᠠᠮ ᠤᠨ ᠲᠥᠪ ᠬᠤᠷᠢᠶ᠎ᠠ ᠠᠴᠠ ᠴᠢᠬᠤᠯᠠᠴᠢᠯᠠᠬᠰᠠᠨ ᠨᠢ᠂ ᠨᠠᠷᠢᠨ ᠪᠤᠳᠤᠯᠢᠶᠠᠨᠲᠠᠶ | ᠪᠦᠭᠡᠳ ᠬᠦᠨᠳᠦ ᠬᠡᠴᠡᠭᠦᠦ ᠳᠡᠯᠡᠬᠡᠶ ᠶᠢᠨ ᠪᠠᠶᠢᠳᠠᠯ ᠪᠠ ᠤᠷᠢᠳ ᠡᠮᠦᠨ᠎ᠡ ᠪᠠᠶᠢᠭ᠎ᠠ ᠦᠭᠡᠢ ᠭᠠᠳᠠᠭᠠᠳᠤ ᠲᠦᠭᠰᠢᠭᠦᠷᠢ | ᠪᠠ ᠰᠢᠯᠭᠠᠯᠳᠡ ᠶᠢᠨ ᠡᠮᠦᠨ᠎ᠡ᠂ ᠡᠷᠬᠡᠪᠰᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ | ᠨᠢᠭᠡᠳᠦᠯᠲᠡᠶ ᠲᠥᠯᠥᠪᠯᠡᠵᠦ᠂ ᠨᠠᠮ ᠠᠴᠠ ᠭᠠᠳᠠᠭᠠᠳᠤ ᠶᠠᠪᠤᠳᠠᠯ ᠤᠨ ᠠᠵᠢᠯ ᠢ ᠤᠳᠤᠷᠢᠳᠬᠤ ᠪᠠᠶᠢᠭᠤᠯᠤᠯ | ᠲᠣᠭᠲᠠᠴᠠ ᠶᠢ ᠪᠦᠷᠢᠨᠰᠢᠬᠦᠯᠵᠦ᠂ ᠭᠠᠳᠠᠭᠠᠳᠤ ᠬᠠᠷᠢᠯᠴᠠᠭᠠᠨ ᠤ ᠠᠵᠢᠯ ᠤᠨ ᠤᠷᠤᠢ ᠶᠢᠨ ᠲᠠᠪᠬᠤᠷᠭ᠎ᠠ ᠶᠢᠨ ᠵᠢᠷᠤᠭ | ᠲᠥᠯᠥᠪᠯᠡᠭᠡ ᠶᠢ ᠴᠢᠩᠭᠠᠳᠬᠠᠵᠤ᠂ ᠲᠤᠮᠳᠠᠳᠦ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ | ᠬᠠᠷᠢᠯᠴᠠᠭᠠᠨ ᠳᠤ ᠪᠠᠶᠢᠯᠳᠤᠬᠤ ᠪᠣᠳᠣᠯᠭ᠎ᠠ ᠶᠢᠨ ᠤᠬᠠᠭᠠᠯᠠᠯ ᠲᠥᠰᠥᠪᠯᠡᠯ ᠬᠢᠵᠦ᠂ ᠰᠢᠨ᠎ᠡ ᠬᠡᠯᠪᠡᠷᠢ ᠶᠢᠨ ᠣᠯᠠᠨ | ᠤᠯᠤᠰ ᠤᠨ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠵᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠤᠯᠴᠢ᠂ | ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠲᠠᠢ ᠪᠥᠬᠦ ᠬᠥᠮᠦᠨ ᠲᠥᠷᠥᠯᠬᠢᠲᠡᠨ ᠤ ᠬᠠᠮᠲᠤ ᠶᠢᠨ ᠥᠷᠲᠡᠭ ᠢ | ᠪᠠᠳᠠᠷᠠᠭᠤᠯᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠤᠷᠤᠰᠬᠠᠯ ᠢ ᠬᠥᠲᠥᠯᠥᠨ ᠳᠠᠭᠠᠭᠤᠯᠬᠤ ᠬᠡᠷᠡᠭᠳᠠᠢ᠃ | ᠨᠠᠮ ᠠᠴᠠ ᠰᠢᠨ᠎ᠡ ᠴᠠᠭ ᠦᠶ᠎ᠡ ᠶᠢᠨ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠲᠠᠯ᠎ᠠ ᠶᠢ ᠡᠵᠡᠮᠳᠡᠵᠦ᠂ | ᠦᠨᠳᠦᠰᠦᠲᠡᠨ ᠤ ᠰᠡᠷᠭᠦᠨ ᠮᠠᠨᠳᠤᠯᠲᠠ ᠳᠤ ᠦᠢᠯᠡᠴᠢᠯᠡᠬᠦ᠂ ᠬᠥᠮᠦᠨ ᠲᠥᠷᠥᠯᠬᠢᠲᠡᠨ ᠤ ᠳᠠᠪᠰᠢᠯᠲᠠ ᠶᠢ ᠠᠬᠢᠭᠤᠯᠬᠤ | ᠡᠨᠡ ᠬᠦ ᠭᠤᠤᠯ ᠰᠢᠵᠢᠮ ᠲᠠᠢ ᠨᠢᠬᠳᠠ ᠤᠶᠠᠯᠳᠤᠭᠤᠯᠤᠨ᠂ ᠡᠩᠬᠡ ᠲᠠᠶᠢᠪᠤᠩ ᠪᠠᠶᠢᠬᠤ᠂ ᠬᠥᠭᠵᠢᠬᠦᠯᠬᠦ᠂ ᠬᠠᠮᠲᠤᠷᠠᠨ | ᠠᠵᠢᠯᠯᠠᠬᠤ᠂ ᠬᠠᠮᠲᠤ ᠪᠠᠷ ᠠᠰᠢᠭ ᠬᠦᠷᠲᠡᠬᠦ ᠲᠤᠭ ᠢ ᠥᠨᠳᠥᠷ ᠮᠠᠨᠳᠤᠭᠤᠯᠵᠦ᠂ ᠪᠦᠬᠦ ᠲᠠᠯ᠎ᠠ ᠶᠢᠨ᠂ ᠤᠯᠠᠨ ᠲᠡᠰ | ᠳᠠᠪᠬᠤᠷᠭ᠎ᠠ ᠶᠢᠨ᠂ ᠪᠡᠶᠡᠲᠦᠴᠢᠯᠡᠭᠰᠡᠨ ᠭᠠᠳᠠᠭᠠᠳᠤ ᠬᠠᠷᠢᠯᠴᠠᠭᠠᠨ ᠤ ᠪᠠᠶᠢᠷᠢᠯᠠᠭᠤᠯᠤᠯᠲᠠ ᠶᠢ ᠠᠬᠢᠭᠤᠯᠤᠨ | ᠲᠡᠭᠦᠯᠳᠡᠷᠵᠢᠭᠦᠯᠵᠦ᠂ ᠪᠦᠬᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠢᠳᠡᠪᠬᠢᠲᠡᠶ ᠬᠥᠭᠵᠢᠭᠦᠯᠪᠡ᠃ ᠪᠢᠳᠡ | ᠲᠤᠮᠤ ᠤᠯᠤᠰ ᠤᠨ ᠬᠠᠷᠢᠴᠠᠭ᠎ᠠ ᠶᠢ ᠲᠥᠰᠥᠪᠯᠡᠵᠦ᠂ ᠲᠤᠮᠤ ᠤᠯᠤᠰ ᠤᠨ ᠵᠣᠬᠢᠴᠠᠭᠤᠯᠭ᠎ᠠ ᠪᠠ ᠬᠠᠮᠲᠤᠷᠠᠯᠴᠠᠭ᠎ᠠ ᠶᠢ | ᠠᠬᠢᠭᠤᠯᠪᠠ᠃ ᠳᠣᠲᠣᠨᠣ ᠦᠨᠡᠨᠴᠢ ᠠᠰᠢᠭᠲᠠᠶ ᠪᠠᠭᠲᠠᠭᠠᠮᠵᠢᠲᠠᠶ ᠪᠠᠶᠢᠬᠤ ᠣᠶᠢᠯᠠᠭᠠᠭᠳᠠᠬᠤᠨ ᠪᠣᠯᠤᠨ ᠬᠥᠷᠰᠢ | ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠠᠶᠢᠵᠠᠯᠠᠬᠤ ᠬᠦᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠴᠢᠭᠯᠡᠯᠲᠡ ᠶᠣᠰᠣᠭᠠᠷ ᠡᠷᠭᠢᠨ ᠲᠣᠭᠤᠷᠢᠨ ᠤ ᠤᠯᠤᠰ ᠯᠤᠭ᠎ᠠ ᠶᠢᠨ | ᠬᠠᠷᠢᠴᠠᠭ᠎ᠠ ᠪᠠᠨ ᠭᠦᠨᠵᠡᠭᠡᠶᠢᠷᠡᠭᠦᠯᠵᠦ᠂ ᠬᠦᠷᠰᠢ ᠵᠡᠷᠭᠡᠯᠡᠳᠡᠭᠡ ᠶᠢᠨ ᠪᠠᠶᠢᠯᠳᠤᠬᠤ ᠪᠤᠳᠤᠯᠭ᠎ᠠ ᠶᠢᠨ ᠲᠦᠰᠢᠭ | ᠲᠤᠯᠭᠠᠭᠤᠷᠢ ᠶᠢ ᠲᠣᠭᠲᠠᠪᠤᠷᠢᠵᠢᠭᠤᠯᠵᠤ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠪᠠ᠃ ᠵᠥᠪ ᠵᠢᠷᠤᠮ ᠠᠰᠢᠭ ᠤᠨ ᠦᠵᠡᠯᠲᠡ ᠪᠣᠯᠤᠨ ᠦᠨᠡᠨ ᠪᠣᠳᠠᠲᠠᠶ ᠳᠣᠲᠣᠨᠣ ᠦᠨᠡᠨᠴᠢ ᠪᠠᠶᠢᠬᠤ | ᠣᠶᠢᠯᠠᠭᠠᠭᠳᠠᠬᠤᠨ ᠢ ᠪᠠᠷᠢᠮᠲᠠᠯᠠᠵᠤ᠂ ᠥᠷᠭᠡᠨ ᠣᠯᠠᠨ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠪᠦᠯᠬᠦᠮᠳᠡᠯ | ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠬᠦᠯᠢ ᠴᠣᠭᠴᠠ ᠶᠢᠨ ᠬᠠᠮᠲᠤᠷᠠᠯᠴᠠᠭᠠᠨ ᠤ ᠲᠣᠭᠲᠠᠴᠠ ᠶᠢ ᠨᠠᠶᠢᠳᠡᠮ ᠳᠤᠨᠢ | ᠬᠠᠮᠤᠷᠤᠭᠤᠯᠬᠤ ᠶᠢ ᠪᠡᠶᠡᠯᠡᠭᠦᠯᠪᠡ᠃ ᠨᠠᠮ ᠠᠴᠠ ᠳᠡᠯᠡᠬᠡᠶ ᠳᠡᠭᠡᠷᠡᠬᠢ ᠲᠠᠪᠤᠨ ᠵᠠᠭᠤ ᠭᠠᠷᠤᠶ ᠲᠦᠷᠦ ᠶᠢᠨ ᠨᠠᠮ ᠪᠣᠯᠤᠨ | ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠪᠠᠶᠢᠩᠭᠤ ᠶᠢᠨ ᠴᠢᠨᠠᠷᠲᠠᠶ ᠬᠠᠷᠢᠯᠴᠠᠭ᠎ᠠ ᠪᠠᠨ ᠪᠠᠲᠤᠯᠠᠵᠤ᠂ | ᠲᠦᠷᠦ ᠶᠢᠨ ᠨᠠᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ ︽ᠭᠠᠳᠠᠭᠰᠢ ᠭᠠᠷᠬᠤ︾ ᠶᠠᠪᠤᠳᠠᠯ | ᠡᠳᠦᠷ ᠢᠷᠡᠬᠦᠶ᠎ᠡ ᠥᠷᠭᠡᠵᠢᠵᠦ ᠪᠠᠶᠢᠭ᠎ᠠ ᠰᠢᠨ᠎ᠡ ᠪᠠᠶᠢᠳᠠᠯ ᠳᠤ ᠵᠣᠬᠢᠴᠠᠭᠤᠯᠤᠨ᠂ ᠭᠠᠳᠠᠭᠠᠳᠤ ᠳᠠᠬᠢ ᠠᠰᠢᠭ | ᠲᠤᠰᠠ ᠪᠠᠨ ᠬᠠᠮᠠᠭᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠠᠳᠠᠭᠠᠳᠤ ᠳᠠᠬᠢ ᠠᠰᠢᠭ | ᠲᠤᠰᠠ ᠶᠢᠨ ᠢᠶᠠᠨ ᠠᠯᠢ ᠣᠯᠠᠨ ᠲᠦᠭᠰᠢᠭᠦᠷᠢ ᠪᠠ ᠰᠢᠯᠭᠠᠯᠳᠡ ᠶᠢ ᠬᠦᠴᠦᠲᠡᠶ ᠠᠷᠭᠠᠴᠠᠪᠠ᠃ | ᠮᠠᠨ ᠤ ᠤᠯᠤᠰ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠤᠯ | ᠪᠣᠯᠭᠠᠭᠰᠠᠨ ᠣᠯᠠᠨ ᠤᠯᠤᠰ ᠤᠨ ᠰᠢᠰᠲ᠋ᠧᠮ᠂ ᠣᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠣᠯᠠᠨ | ᠤᠯᠤᠰ ᠤᠨ ᠡᠮᠬᠢ ᠵᠢᠷᠤᠮ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ | ᠵᠣᠷᠢᠯᠲᠠ ᠪᠣᠯᠤᠨ ᠵᠠᠷᠴᠢᠮ ᠢᠶᠠᠷ ᠰᠠᠭᠤᠷᠢ ᠪᠣᠯᠭᠠᠭᠰᠠᠨ ᠣᠯᠠᠨ ᠤᠯᠤᠰ ᠤᠨ ᠬᠠᠷᠢᠴᠠᠭᠠᠨ ᠤ ᠦᠨᠳᠦᠰᠦᠨ | ᠪᠠᠷᠢᠮᠵᠢᠶ᠎ᠠ ᠶᠢ ᠬᠠᠮᠠᠭᠠᠯᠠᠵᠤ᠂ ᠵᠢᠩᠬᠢᠨᠢ ᠣᠯᠠᠨ ᠲᠠᠯᠠᠲᠤ ᠦᠵᠡᠯ ᠢ ᠬᠠᠮᠠᠭᠠᠯᠠᠨ ᠦᠢᠯᠡᠳᠦᠯᠭᠡᠵᠢᠭᠦᠯᠵᠦ᠂ ᠭᠠᠭᠴᠠ | ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ᠂ ᠬᠦᠴᠦᠷᠬᠡᠭᠯᠡᠯ ᠤᠨ ᠤᠯᠤᠰ ᠲᠦᠷᠦ ᠶᠢ ᠡᠷᠡᠰ | ᠡᠰᠡᠷᠭᠦᠴᠡᠵᠦ᠂ ᠠᠵᠤ ᠠᠬᠤᠶ ᠶᠢᠨ ᠳᠡᠯᠡᠬᠡᠶᠢᠴᠢᠯᠡᠯᠲᠡ ᠶᠢᠨ ᠨᠡᠩ ᠨᠡᠭᠡᠭᠡᠯᠲᠡᠲᠡᠶ᠂ ᠪᠠᠭᠲᠠᠭᠠᠮᠵᠢᠲᠠᠶ᠂ ᠲᠦᠭᠡᠮᠡᠯ | ᠬᠠᠷᠠᠭᠠᠯᠵᠠᠯ ᠲᠠᠢ᠂ ᠲᠡᠩᠴᠡᠭᠦᠷᠢᠲᠡᠶ᠂ ᠬᠠᠮᠲᠤ ᠪᠠᠷ ᠠᠰᠢᠭ ᠬᠦᠷᠳᠡᠬᠦ ᠴᠢᠭᠯᠡᠯ ᠲᠡᠶᠢᠰᠢ ᠬᠥᠭᠵᠢᠬᠦ ᠶᠢ ᠢᠳᠡᠪᠬᠢᠲᠡᠶ | ᠠᠬᠢᠭᠤᠯᠪᠠ᠃ ᠮᠠᠨ ᠤ ᠤᠯᠤᠰ ᠳᠡᠯᠡᠬᠡᠶ ᠶᠢᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ ᠤᠯᠤᠰ | ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠳᠤ ᠪᠦᠲᠦᠭᠡᠯᠴᠢ ᠴᠢᠨᠠᠷᠲᠠᠶ ᠪᠠᠷ ᠣᠷᠣᠯᠴᠠᠵᠤ᠂ ᠠᠭᠤᠷ ᠠᠮᠢᠰᠬᠤᠯ ᠤᠨ | ᠬᠤᠪᠢᠷᠠᠯᠲᠠ᠂ ᠶᠠᠳᠠᠭᠤᠷᠠᠯ ᠢ ᠪᠠᠭᠠᠰᠬᠠᠬᠤ᠂ ᠰᠦᠷᠳᠡᠭᠦᠯᠦᠯ ᠢ ᠡᠰᠡᠷᠭᠦᠴᠡᠬᠦ᠂ ᠰᠦᠯᠵᠢᠶᠡᠨ ᠤ ᠠᠮᠤᠷ ᠲᠦᠪᠰᠢᠨ ᠪᠠ | ᠭᠠᠵᠠᠷ ᠣᠷᠣᠨ ᠤ ᠠᠮᠤᠷ ᠲᠦᠪᠰᠢᠨ ᠢ ᠬᠠᠮᠠᠭᠠᠯᠠᠬᠤ ᠵᠡᠷᠭᠡ ᠬᠦᠷᠢᠶᠡᠨ ᠳᠤ ᠢᠳᠡᠪᠬᠢᠲᠡᠶ ᠦᠢᠯᠡᠳᠦᠯ ᠢᠶᠠᠨ | ᠪᠠᠳᠠᠷᠠᠭᠤᠯᠪᠠ᠃ ᠮᠠᠨ ᠤ ᠤᠯᠤᠰ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠢ ᠡᠰᠡᠷᠭᠦᠴᠡᠬᠦ ᠣᠯᠠᠨ | ᠤᠯᠤᠰ ᠤᠨ ᠬᠠᠮᠲᠤᠷᠠᠯᠴᠠᠭ᠎ᠠ ᠥᠷᠨᠢᠭᠦᠯᠵᠦ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ | ᠬᠠᠮᠤᠭ ᠤᠨ ᠶᠡᠭᠡ ᠬᠡᠪᠴᠢᠶᠡᠨ ᠤ ᠪᠦᠬᠦ ᠪᠥᠮᠪᠥᠷᠴᠡᠭ ᠤᠨ ᠬᠥᠮᠦᠯᠢᠭ ᠦᠵᠡᠯ ᠤᠨ ᠪᠠᠴᠢᠮ ᠠᠵᠢᠯᠯᠠᠭ᠎ᠠ ᠶᠢ ᠡᠭᠦᠰᠭᠡᠨ᠂ | ᠦᠢ ᠣᠯᠠᠨ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠲᠤ ᠡᠳ᠋ ᠪᠣᠳᠠᠰ ᠤᠨ ᠲᠤᠰᠠᠯᠠᠮᠵᠢ᠂ | ᠡᠮᠨᠡᠯᠭᠡ ᠶᠢᠨ ᠳᠡᠮᠵᠢᠯᠭᠡ᠂ ᠸᠠᠺᠼᠢᠨ ᠤ ᠲᠤᠰᠠᠯᠠᠮᠵᠢ ᠪᠠ ᠬᠠᠮᠲᠤᠷᠠᠯᠴᠠᠭ᠎ᠠ ᠬᠠᠩᠭᠠᠵᠤ᠂ ᠬᠠᠷᠢᠭᠤᠴᠠᠯᠭ᠎ᠠ ᠲᠠᠢ ᠲᠤᠮᠤ | ᠤᠯᠤᠰ ᠤᠨ ᠳᠦᠷᠢ ᠲᠥᠷᠬᠦ ᠶᠢ ᠢᠯᠡᠷᠡᠭᠦᠯᠪᠡ᠃ ᠲᠠᠰᠤᠷᠠᠯᠲᠠ ᠦᠭᠡᠢ ᠴᠢᠷᠮᠠᠶᠢᠬᠤ ᠪᠠᠷ ᠲᠠᠮᠵᠢᠭᠠᠳ᠂ ᠳᠤᠮᠳᠠᠳᠤ | ᠤᠯᠤᠰ ᠤᠨ ᠣᠨᠴᠠᠯᠢᠭ ᠪᠦᠬᠦᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠴᠠᠭ ᠦᠶ᠎ᠡ ᠶᠢᠨ | ᠤᠷᠤᠰᠬᠠᠯ ᠪᠠ ᠬᠥᠮᠦᠨ ᠲᠥᠷᠥᠯᠬᠢᠲᠡᠨ ᠤ ᠤᠷᠤᠭᠰᠢᠯᠠᠯᠲᠠ ᠶᠢᠨ ᠴᠢᠭᠯᠡᠯ ᠢ ᠬᠥᠲᠥᠯᠥᠨ ᠳᠠᠭᠠᠭᠤᠯᠬᠤ ᠢᠯᠡ ᠲᠣᠳᠣ | ᠲᠤᠭ ᠲᠡᠮᠳᠡᠭ ᠪᠤᠯᠵᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭ᠎ᠠ ᠳᠡᠯᠡᠬᠡᠶ ᠶᠢᠨ ᠶᠡᠭᠡ ᠬᠤᠪᠢᠰᠤᠯᠲᠠ ᠶᠢᠨ | ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠳᠡᠯᠡᠬᠡᠶ ᠶᠢᠨ ᠰᠠᠮᠠᠭᠤᠨ ᠪᠠᠶᠢᠳᠠᠯ ᠤᠨ ᠲᠤᠮᠳᠠ ᠲᠦᠭᠰᠢᠭᠦᠷᠢ ᠶᠢ ᠲᠣᠬᠢᠶᠠᠯ | ᠪᠣᠯᠭᠠᠨ ᠬᠤᠪᠢᠷᠠᠭᠤᠯᠵᠦ᠂ ᠮᠠᠨ ᠤ ᠤᠯᠤᠰ ᠤᠨ ᠲᠡᠯᠡᠭᠡᠢ ᠲᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ | ᠴᠤᠭᠴᠠᠯᠠᠨ ᠪᠠᠶᠢᠭᠤᠯᠬᠤ ᠬᠦᠴᠦᠨ ᠢᠯᠡᠳᠲᠡ ᠳᠡᠭᠡᠭᠰᠢᠯᠡᠪᠡ᠃ ᠪᠠᠭᠴᠠᠯᠠᠭᠠᠳ ᠬᠡᠯᠡᠪᠡᠯ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ | ᠬᠤᠷᠢᠶ᠎ᠠ ᠪᠥᠬᠦ ᠨᠠᠮ ᠪᠥᠬᠦ ᠴᠡᠷᠢᠭ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ | ᠡᠷᠡᠮᠡᠬᠡᠶᠢᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠪᠠᠨ | ᠬᠤᠭᠤᠴᠠᠭ᠎ᠠ ᠶᠤᠰᠤᠭᠠᠷ ᠪᠡᠶᠡᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠶ ᠠᠮᠵᠢᠯᠲᠠ | ᠪᠦᠳᠦᠮᠵᠢ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠭᠠᠷᠴᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠨᠠᠮ ᠤᠨ ᠰᠡᠳᠭᠢᠯ ᠴᠡᠷᠢᠭ ᠤᠨ | ᠰᠡᠳᠭᠢᠯ ᠠᠷᠠᠳ ᠤᠨ ᠰᠡᠳᠭᠢᠯ ᠢ ᠤᠷᠢᠳ ᠭᠠᠷᠤᠭ᠎ᠠ ᠦᠭᠡᠶ ᠨᠢᠭᠲᠠᠷᠠᠭᠤᠯᠤᠨ ᠬᠦᠭᠵᠢᠭᠡᠵᠦ᠂ ᠳᠤᠮᠳᠠᠳᠤ ᠶᠢᠨ | ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠨᠡᠩ ᠪᠦᠷᠢᠨ ᠲᠡᠭᠦᠯᠳᠡᠷ ᠪᠠᠶᠢᠭᠤᠯᠤᠯ ᠤᠨ | ᠪᠠᠲᠤᠯᠠᠭ᠎ᠠ᠂ ᠨᠡᠩ ᠪᠠᠲᠤ ᠪᠠᠬᠢ ᠪᠣᠳᠠᠰ ᠤᠨ ᠰᠠᠭᠤᠷᠢ᠂ ᠨᠡᠩ ᠰᠠᠨᠠᠭᠠᠴᠢᠯᠠᠭᠠᠲᠤ ᠤᠶᠤᠨ ᠰᠠᠨᠠᠭᠠᠨ ᠤ ᠬᠦᠴᠦᠨ ᠢ | ᠬᠠᠩᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠤᠮᠳᠠᠳᠤ ᠤᠯᠤᠰ ᠤᠨ ᠠᠷᠠᠳ ᠲᠦᠮᠡᠨ ᠡᠷᠡᠯᠬᠡᠭ | ᠪᠠᠭᠠᠲᠤᠷᠯᠢᠭ ᠡᠷᠡᠰ ᠬᠠᠳᠠᠭᠤᠵᠢᠯᠳᠠᠢ ᠲᠡᠮᠡᠴᠡᠯ ᠢᠶᠠᠷ ᠢᠶᠠᠨ᠂ ᠳᠤᠮᠳᠠᠳᠤ ᠶᠢᠨ ᠦᠨᠳᠦᠰᠦᠲᠡᠨ ᠪᠣᠰᠴᠤ ᠵᠣᠭᠰᠣᠭᠰᠠᠨ | ᠪᠠ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠦ ᠶᠡᠭᠡ ᠦᠰᠦᠷᠦᠯᠲᠡ ᠶᠢ ᠤᠭᠲᠤᠨ ᠠᠪᠴᠢᠷᠠᠬᠰᠠᠡ ᠢ | ᠳᠡᠯᠡᠬᠡᠶ ᠳ᠋ᠠᠬᠢᠨ ᠳᠤ ᠲᠥᠪ ᠴᠢᠩᠭ᠎ᠠ ᠪᠠᠷ ᠲᠤᠩᠬᠠᠭᠯᠠᠪᠠ᠃ ᠲᠠᠪᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠵᠠᠭᠤᠨ ᠵᠢᠯ ᠤᠨ ᠲᠤᠷᠰᠢ᠂ ᠨᠠᠮ ᠢᠮᠠᠭᠲᠠ ᠲᠤᠯᠭᠤᠷ | ᠵᠤᠷᠢᠯᠳᠡ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠠᠬᠢ | ᠰᠦᠷᠯᠢᠭ ᠰᠠᠶᠢᠬᠠᠨ ᠵᠢᠷᠤᠭ ᠢ ᠵᠢᠷᠤᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ | ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠪᠠᠨ ᠲᠡᠯᠭᠡᠨ ᠦᠵᠡᠬᠦᠯᠦᠭᠰᠡᠨ ᠪᠠᠶᠢᠨ᠎ᠠ᠃ | ︵ᠨᠢᠭᠡ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠶ | ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠪᠠ᠃ ᠤᠢᠢᠷ᠎ᠠ ᠦᠶ᠎ᠡ ᠠᠴᠠ ᠬᠤᠶᠢᠰᠢ᠂ ᠳᠤᠮᠳᠠᠳᠤ | ᠤᠯᠤᠰ ᠤᠨ ᠠᠷᠠᠳ ᠲᠦᠮᠡᠨ ᠭᠤᠷᠪᠠᠨ ᠶᠡᠭᠡ ᠠᠭᠤᠯᠠ ᠶᠢᠨ ᠳᠠᠷᠤᠯᠠᠯ ᠢ ᠭᠦᠨ ᠠᠮᠰᠠᠵᠤ᠂ ᠥᠷᠥᠨᠡᠳᠠᠬᠢᠨ ᠤ | ᠬᠦᠴᠦᠷᠬᠡᠭ ᠤᠯᠤᠰ ᠤᠳ ᠲᠤ ︽ᠳᠤᠷᠤᠨᠠᠲᠤ ᠠᠽᠢᠶ᠎ᠠ ᠶᠢᠨ ᠡᠪᠡᠳᠴᠢᠲᠡᠨ︾ ᠭᠡᠵᠦ ᠳᠣᠷᠣᠮᠵᠢᠯᠠᠭᠳᠠᠵᠠᠢ᠃ ᠵᠠᠭᠤᠨ | ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ ᠤᠳᠤᠷᠢᠳᠤᠨ ᠰᠦᠷ ᠳᠠᠯᠠᠶᠢᠴᠠᠲᠠᠢ ᠠᠭᠤᠤ ᠶᠡᠭᠡ ᠲᠡᠮᠡᠴᠡᠯ | ᠬᠢᠬᠦ ᠪᠠᠷ ᠲᠠᠮᠵᠢᠭᠠᠳ᠂ ᠳᠤᠮᠳᠠᠳᠤ ᠤᠯᠤᠰ ᠤᠨ ᠠᠷᠠᠳ ᠲᠦᠮᠡᠨ ᠲᠤᠷᠤᠮᠵᠢᠯᠠᠭᠳᠠᠵᠤ ᠳᠠᠷᠤᠯᠠᠭᠳᠠᠵᠤ | ᠪᠣᠭᠤᠯᠴᠢᠯᠠᠭᠳᠠᠵᠤ ᠪᠠᠶᠢᠭᠰᠠᠨ ᠬᠤᠪᠢ ᠵᠠᠶᠠᠭ᠎ᠠ ᠠᠴᠠ ᠪᠠᠨ ᠲᠦᠢᠯᠪᠤᠷᠢᠲᠠᠶ ᠠᠩᠭᠢᠵᠢᠷᠠᠵᠤ᠂ ᠤᠯᠤᠰ᠂ ᠨᠡᠶᠢᠭᠡᠮ ᠪᠠ | ᠬᠤᠪᠢ ᠵᠠᠶᠠᠭᠠᠨ ᠤ ᠪᠠᠨ ᠡᠵᠡᠨ ᠨᠢ ᠪᠣᠯᠵᠦ᠂ ᠠᠷᠠᠳ ᠤᠨ ᠠᠷᠠᠳᠴᠢᠯᠠᠯ ᠲᠠᠰᠤᠷᠠᠯᠳᠠ ᠦᠭᠡᠢ ᠬᠥᠭᠵᠢᠵᠦ᠂ 14 | ᠳ᠋ᠦᠩᠰᠢᠭᠤᠷ ᠭᠠᠷᠤᠶ ᠬᠥᠮᠦᠨ ᠠᠮᠠ ᠪᠦᠬᠦ ᠲᠠᠯ᠎ᠠ ᠪᠠᠷ ᠴᠢᠨᠡᠭᠡᠯᠢᠭᠵᠢᠵᠦ᠂ ᠳᠤᠮᠳᠠᠳᠤ ᠤᠯᠤᠰ ᠤᠨ ᠠᠷᠠᠳ ᠲᠦᠮᠡᠨ ᠤ | ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠰᠤᠷᠠᠯᠳᠠ ᠦᠭᠡᠢ ᠪᠣᠳᠠᠲᠤ ᠠᠬᠤᠶ ᠪᠤᠯᠵᠤ | ᠬᠤᠪᠢᠷᠠᠵᠦ ᠪᠠᠶᠢᠨ᠎ᠠ᠃ ᠥᠨᠥᠳᠦᠷ᠂ ᠳᠤᠮᠳᠠᠳᠤ ᠤᠯᠤᠰ ᠤᠨ ᠠᠷᠠᠳ ᠲᠦᠮᠡᠨ ᠨᠠᠩ ᠢᠯᠡᠭᠦᠦ ᠪᠡᠶ᠎ᠡ ᠪᠠᠨ ᠢᠳᠡᠭᠡᠵᠦ᠂ | ᠪᠡᠶ᠎ᠡ ᠪᠠᠨ ᠲᠠᠭᠠᠭᠠᠵᠦ᠂ ᠪᠡᠶ᠎ᠡ ᠪᠠᠨ ᠬᠦᠴᠦᠷᠭᠡᠭᠵᠢᠬᠦᠯᠵᠦ᠂ ᠬᠦᠰᠡᠯ ᠵᠣᠷᠢᠭ᠂ ᠰᠥᠰᠥ ᠵᠣᠷᠢᠭ᠂ ᠢᠳᠡᠭᠡᠯ | ᠵᠤᠷᠢᠭ ᠢᠶᠠᠨ ᠲᠦᠢᠯ ᠤᠨ ᠶᠡᠭᠡ ᠪᠠᠷ ᠬᠦᠪᠴᠢᠯᠡᠨ᠂ ᠲᠡᠦᠬᠡᠨ ᠠᠬᠢᠴᠠ ᠳᠤ ᠬᠤᠷᠠᠮᠳᠤᠭᠤᠯᠤᠭᠰᠠᠨ ᠬᠦᠴᠦᠷᠬᠡᠭ ᠶᠡᠭᠡ | ᠡᠨᠧᠷᠭᠢ ᠶᠢ ᠭᠦᠢᠴᠡᠳ ᠪᠠᠳᠠᠷᠠᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ ᠰᠠᠨᠠᠭᠠᠴᠢᠯᠠᠭᠠᠲᠤ ᠵᠣᠷᠢᠭ | ᠰᠠᠨᠠᠭ᠎ᠠ᠂ ᠲᠡᠦᠬᠡ ᠶᠢᠨ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠬᠥᠭᠵᠢᠯᠲᠡ ᠶᠢᠨ ᠠᠭᠤᠤ ᠶᠡᠭᠡ ᠲᠡᠦᠬᠡ ᠶᠢ ᠶᠠᠬ ᠢᠳᠡᠭᠡᠯ ᠳᠡᠬᠦᠯᠳᠡᠷ ᠪᠢᠴᠢᠭᠯᠡᠵᠦ ᠪᠠᠶᠢᠨ᠎ᠠ᠃ | | ︵ᠬᠤᠶᠠᠷ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ | ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠨᠡᠭᠡᠭᠡᠪᠡ᠃ ᠤᠢᠢᠷ᠎ᠠ ᠦᠶ᠎ᠡ ᠠᠴᠠ ᠬᠤᠶᠢᠰᠢ᠂ ᠭᠡᠷᠡᠯ | ᠰᠠᠴᠤᠷᠠᠩᠭᠤᠶ ᠪᠣᠯᠪᠠᠰᠤᠨ ᠢ ᠡᠭᠦᠳᠦᠨ ᠪᠦᠲᠦᠭᠡᠭᠰᠡᠨ ᠳᠤᠮᠳᠠᠳᠤ ᠶᠢᠨ ᠦᠨᠳᠦᠰᠦᠲᠡᠨ ᠪᠣᠯᠪᠠᠰᠤᠨ ᠢᠶᠠᠨ | ᠦᠷᠭᠦᠯᠵᠢᠯᠡᠬᠦᠶ᠎ᠡ ᠪᠡᠷᠬᠡ ᠪᠤᠯᠤᠭᠰᠠᠨ ᠬᠦᠨᠳᠦ ᠨᠣᠴᠢᠲᠠᠶ ᠲᠦᠭᠰᠢᠭᠦᠷᠢ ᠳᠤ ᠤᠴᠠᠷᠠᠵᠦ᠂ ᠤᠷᠤᠭᠤᠳᠠᠨ | ᠲᠤᠷᠦ᠋ᠢᠳᠠᠭᠰᠠᠨ ᠪᠠᠶᠢᠳᠠᠯ ᠢᠶᠠᠷ ᠳᠡᠯᠡᠬᠡᠶ ᠳ᠋ᠠᠬᠢᠨ ᠤ ᠡᠮᠦᠨ᠎ᠡ ᠢᠯᠡᠷᠡᠭᠰᠡᠨ ᠪᠠᠶᠢᠪᠠ᠃ ᠵᠠᠭᠤᠨ ᠵᠢᠯ ᠤᠨ ᠲᠤᠷᠰᠢ᠂ | ᠨᠠᠮ ᠠᠴᠠ ᠠᠷᠠᠳ ᠲᠦᠮᠡᠨ ᠢ ᠤᠳᠤᠷᠢᠳᠤᠨ ᠴᠥᠬᠦᠷᠡᠰᠢ ᠦᠭᠡᠢ ᠲᠡᠮᠡᠴᠡᠵᠦ᠂ ᠲᠠᠰᠤᠷᠠᠯᠲᠠ ᠦᠭᠡᠢ ᠤᠷᠤᠭᠰᠢᠯᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠠᠮᠵᠢᠯᠲᠠ ᠲᠠᠢ | ᠨᠡᠭᠡᠭᠡᠵᠠᠢ᠃ ᠳᠤᠮᠳᠠᠳᠤ ᠤᠯᠤᠰ ᠵᠦᠭ ᠵᠦᠭ ᠲᠡᠭᠡᠨ ᠬᠠᠭᠠᠴᠠᠨ ᠵᠠᠳᠠᠷᠠᠵᠤ᠂ ᠲᠠᠷᠠᠬᠠᠶ ᠪᠤᠲᠠᠷᠬᠠᠶ | ᠪᠠᠶᠢᠭᠰᠠᠨ ᠠᠴᠠ ᠪᠠᠨ ᠳᠡᠭᠡᠳᠦ ᠬᠡᠮᠵᠢᠶ᠎ᠡ ᠪᠠᠷ ᠨᠢᠭᠡᠳᠴᠤ᠂ ᠦᠨᠳᠦᠰᠦᠲᠡᠨ ᠨᠦᠭᠦᠳ ᠪᠦᠯᠬᠦᠮᠳᠡᠭᠰᠡᠨ ᠬᠦᠷᠳᠡᠯ᠎ᠠ᠂ | ᠶᠠᠳᠠᠭᠤ ᠪᠠᠭᠤᠷᠠᠢ᠂ ᠶᠠᠳᠠᠭᠤ ᠬᠤᠭᠤᠰᠣᠨ ᠪᠠᠶᠢᠭᠰᠠᠨ ᠠᠴᠠ ᠪᠠᠨ ᠪᠦᠬᠦ ᠲᠠᠯ᠎ᠠ ᠪᠠᠷ ᠴᠢᠨᠡᠭᠡᠯᠢᠭᠵᠢᠵᠦ᠂ ᠴᠡᠴᠡᠭᠯᠡᠨ | ᠬᠦᠭᠵᠢᠵᠦ ᠪᠠᠶᠠᠵᠢᠨ ᠬᠦᠴᠦᠷᠬᠡᠭᠵᠢᠭᠰᠡᠨ ᠬᠦᠷᠳᠡᠯ᠎ᠠ᠂ ᠰᠠᠨᠠᠭᠠᠴᠢᠯᠠᠭᠠᠲᠤ ᠪᠤᠰᠤ ᠪᠠᠷ ᠴᠤᠬᠢᠬᠳᠠᠵᠦ᠂ ᠲᠠᠷᠤᠯᠡᠯ | ᠳᠣᠷᠣᠮᠵᠢᠯᠠᠯ ᠢ ᠬᠠᠰᠢᠷᠠᠲᠠᠯ᠎ᠠ ᠠᠮᠰᠠᠵᠤ ᠪᠠᠶᠢᠭᠰᠠᠨ ᠠᠴᠠ ᠪᠠᠨ ᠪᠡᠶ᠎ᠡ ᠪᠠᠨ ᠳᠠᠭᠠᠭᠠᠨ ᠡᠵᠡᠨ ᠮᠡᠳᠡᠵᠦ᠂ ᠢᠳᠡᠭᠡᠯ ᠢᠶᠠᠨ | ᠪᠠᠳᠤᠳᠬᠠᠬᠰᠠᠨ ᠬᠦᠷᠳᠡᠯ᠎ᠠ᠂ ᠬᠡᠳᠦᠨ ᠠᠷᠪᠠᠭ᠋ᠠᠨ ᠵᠢᠯ ᠤᠨ ᠬᠤᠭᠤᠴᠠᠭᠠᠨ ᠳᠤ ᠬᠥᠭᠵᠢᠭᠰᠡᠨ ᠤᠯᠤᠰ ᠤᠨ ᠬᠡᠳᠦᠨ | ᠵᠠᠭᠤᠨ ᠵᠢᠯ ᠶᠠᠪᠤᠵᠦ ᠢᠷᠡᠭᠰᠡᠨ ᠠᠵᠤ ᠦᠢᠯᠡᠳᠪᠦᠷᠢᠵᠢᠯᠲᠡ ᠶᠢᠨ ᠶᠠᠪᠤᠴᠠ ᠶᠢ ᠶᠠᠪᠤᠵᠦ ᠲᠠᠭᠤᠰᠬᠠᠭᠠᠳ᠂ ᠠᠵᠤ | ᠠᠬᠤᠶ ᠲᠦᠷᠭᠡᠨ ᠬᠥᠭᠵᠢᠭᠰᠡᠨ ᠪᠠ ᠨᠡᠶᠢᠭᠡᠮ ᠤᠷᠲᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ | ᠭᠠᠶᠢᠬᠠᠮᠰᠢᠭ ᠢ ᠡᠭᠦᠳᠴᠡᠶ᠃ ᠥᠨᠥᠳᠦᠷ᠂ ᠳᠤᠮᠳᠠᠳᠤ ᠶᠢᠨ ᠦᠨᠳᠦᠰᠦᠲᠡᠨ ᠳᠡᠯᠡᠬᠡᠶ ᠳ᠋ᠠᠬᠢᠨ ᠳᠤ ᠴᠡᠴᠡᠭᠯᠡᠨ | ᠬᠥᠭᠵᠢᠭᠰᠡᠨ ᠲᠦᠷᠰᠦ ᠪᠠᠶᠢᠳᠡᠯ ᠢᠶᠠᠨ ᠳᠡᠯᠭᠡᠨ ᠦᠵᠡᠭᠦᠯᠵᠦ᠂ ᠳᠡᠯᠡᠬᠡᠶ ᠶᠢᠨ ᠳᠣᠷᠣᠨᠠᠳᠠᠬᠢᠨ ᠳᠤ ᠰᠡᠬᠦ᠋ᠢᠨ | ᠰᠦᠨᠳᠡᠷᠯᠡᠵᠦ ᠪᠠᠶᠢᠨ᠎ᠠ᠃ | ︵ᠭᠤᠷᠪᠠ︶ ᠨᠠᠮ ᠤᠨ ᠵᠠᠭᠤᠨ ᠵᠢᠯ ᠤᠨ ᠲᠡᠮᠡᠴᠡᠯ ᠨᠢ ᠮᠠᠷᠺᠰ ᠤᠨ ᠦᠵᠡᠯ ᠤᠨ ᠬᠦᠴᠦᠷᠬᠡᠭ ᠶᠡᠭᠡ | ᠠᠮᠢᠵᠢᠷᠠᠯ ᠤᠨ ᠬᠦᠴᠦᠨ ᠢ ᠢᠯᠡᠷᠡᠭᠦᠯᠪᠡ᠃ ᠮᠠᠷᠺᠰ ᠤᠨ ᠦᠵᠡᠯ ᠪᠤᠯ ᠬᠥᠮᠦᠨ ᠲᠥᠷᠥᠯᠬᠢᠲᠡᠨ ᠤ ᠨᠡᠶᠢᠭᠡᠮ ᠤᠨ | ᠬᠥᠭᠵᠢᠯᠲᠡ ᠶᠢᠨ ᠵᠢᠮ᠎ᠡ ᠶᠣᠰᠣ ᠶᠢ ᠢᠯᠡᠷᠡᠭᠦᠯᠦᠭᠰᠡᠨ᠂ ᠶᠢᠷᠲᠢᠨᠴᠦ ᠶᠢ ᠲᠠᠨᠢᠵᠦ᠂ ᠶᠢᠷᠲᠢᠨᠴᠦ ᠶᠢ ᠥᠭᠡᠷᠡᠴᠢᠯᠡᠬᠦ ᠶᠢᠨ | ᠰᠢᠨᠵᠢᠯᠡᠬᠦ ᠤᠬᠠᠭᠠᠨᠴᠢ ᠦᠨᠡᠨ ᠶᠣᠰᠣ ᠮᠥᠨ᠃ ᠡᠭᠦᠨ ᠤ ᠬᠠᠮᠲᠤ᠂ ᠮᠠᠷᠺᠰ ᠤᠨ ᠦᠵᠡᠯ ᠢ ᠪᠠᠷᠢᠮᠲᠠᠯᠠᠨ | ᠬᠥᠭᠵᠢᠭᠦᠯᠬᠦ ᠳᠤ᠂ ᠤᠨᠤᠯ ᠠᠴᠠ ᠦᠢᠯᠡᠳᠦᠯᠭᠡ ᠬᠦᠷᠲᠡᠯ᠎ᠡ ᠴᠦᠮ ᠪᠦᠬᠦ ᠳᠡᠯᠡᠬᠡᠶ ᠶᠢᠨ ᠮᠠᠷᠺᠰ ᠤᠨ ᠦᠵᠡᠯᠳᠡᠳ ᠤᠨ | ᠲᠦᠢᠯ ᠤᠨ ᠬᠠᠲᠠᠭᠤ ᠪᠡᠷᠬᠡᠰᠢᠶᠡᠯᠲᠡᠶ᠂ ᠲᠦᠢᠯ ᠤᠨ ᠶᠡᠭᠡ ᠦᠷᠢᠰᠤᠯᠳᠤᠬᠦ ᠴᠢᠨᠠᠷ ᠪᠦᠬᠦᠢ ᠴᠢᠷᠮᠠᠶᠢᠯᠭ᠎ᠠ | ᠱᠠᠭᠠᠷᠳᠠᠬᠳᠠᠨ᠎ᠡ᠃ ᠵᠠᠭᠤᠨ ᠵᠢᠯ ᠤᠨ ᠲᠤᠷᠰᠢ᠂ ᠨᠠᠮ ᠠᠴᠠ ᠮᠠᠷᠺᠰ ᠤᠨ ᠦᠵᠡᠯ ᠢ ᠥᠪᠡᠷ ᠤᠨ ᠲᠤᠭ ᠳᠡᠭᠡᠷ᠎ᠡ ᠪᠠᠨ | ᠪᠢᠴᠢᠬᠦ ᠶᠢ ᠪᠠᠷᠢᠮᠳᠠᠯᠠᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ | ᠤᠢᠭᠡᠢ ᠠᠬᠢᠭᠤᠯᠵᠤ᠂ ᠬᠥᠮᠦᠨ ᠲᠥᠷᠥᠯᠬᠢᠲᠡᠨ ᠤ ᠡᠭᠦᠳᠦᠨ ᠪᠦᠲᠦᠭᠡᠭᠰᠡᠨ ᠠᠯᠢᠪᠠ ᠰᠢᠯᠢᠳᠡᠭ ᠪᠣᠯᠪᠠᠰᠤᠨ ᠤ ᠦᠷ᠎ᠡ | ᠪᠦᠲᠦᠭᠡᠯ ᠢ ᠠᠭᠤᠳᠠᠮᠴᠢ ᠪᠠᠭᠲᠠᠭᠠᠮᠵᠢᠲᠠᠢ ᠪᠠᠷ ᠰᠢᠩᠭᠡᠭᠡᠨ ᠠᠪᠴᠤ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠭᠰᠠᠨ ᠰᠢᠨᠵᠢᠯᠡᠬᠦ ᠤᠬᠠᠭᠠᠨᠴᠢ ᠣᠨᠣᠯ ᠢᠶᠠᠷ ᠠᠭᠤᠤ ᠶᠡᠭᠡ ᠦᠢᠯᠡᠳᠦᠯᠭᠡ ᠶᠢ ᠬᠥᠲᠥᠯᠥᠨ ᠳᠠᠭᠠᠭᠤᠯᠵᠠᠢ᠃ | ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠴᠢᠨᠠᠷ ᠪᠤᠯᠤᠨ ᠦᠨᠡᠨ ᠶᠣᠰᠣᠴᠢ ᠴᠢᠨᠠᠷ ᠨᠢ ᠳᠤᠮᠳᠠᠳᠤ ᠤᠯᠤᠰ ᠲᠤ | ᠬᠦᠢᠴᠡᠳ ᠰᠢᠯᠭᠠᠬᠳᠠᠵᠦ᠂ ᠮᠠᠷᠺᠰ ᠤᠨ ᠦᠵᠡᠯ ᠤᠨ ᠠᠷᠠᠳᠴᠢ ᠴᠢᠨᠠᠷ ᠪᠤᠯᠤᠨ ᠦᠢᠯᠡᠳᠦᠯᠭᠡᠳᠦ ᠴᠢᠨᠠᠷ ᠨᠢ ᠳᠤᠮᠳᠠᠳᠤ | ᠤᠯᠤᠰ ᠲᠤ ᠭᠦᠢᠴᠡᠳ ᠲᠤᠭᠤᠰᠢᠯᠠᠭᠳᠠᠵᠤ᠂ ᠮᠠᠷᠺᠰ ᠤᠨ ᠦᠵᠡᠯ ᠤᠨ ᠨᠡᠭᠡᠭᠡᠯᠲᠡᠲᠦ ᠴᠢᠨᠠᠷ ᠪᠤᠯᠤᠨ ᠴᠠᠭ ᠦᠶᠡᠴᠢ | ᠴᠢᠨᠠᠷ ᠨᠢ ᠳᠤᠮᠳᠠᠳᠤ ᠤᠯᠤᠰ ᠲᠤ ᠭᠦᠢᠴᠡᠳ ᠢᠯᠡᠷᠡᠪᠡ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠨᠢ ᠲᠠᠰᠤᠷᠠᠯᠲᠠ ᠦᠭᠡᠢ ᠠᠮᠵᠢᠯᠲᠠ ᠣᠯᠵᠤ᠂ ᠮᠠᠷᠺᠰ ᠤᠨ ᠦᠵᠡᠯ ᠢ ᠴᠣ᠋ ᠰᠢᠨ᠎ᠡ ᠲᠦᠷᠢ ᠲᠥᠷᠬᠦ ᠪᠠᠷ | ᠳᠡᠯᠡᠬᠡᠶ ᠳ᠋ᠠᠬᠢᠨ ᠳᠤ ᠢᠯᠡᠷᠡᠭᠦᠯᠵᠦ᠂ ᠳᠡᠯᠡᠬᠡᠶ ᠶᠢᠨ ᠬᠡᠪᠴᠢᠶᠡᠨ ᠳᠠᠬᠢ ᠨᠡᠶᠢᠭᠡᠮ ᠵᠢᠷᠤᠮ ᠪᠠ ᠬᠥᠷᠥᠩᠭᠡᠲᠦ ᠶᠣᠰᠣ ᠬᠡᠬᠦ | ᠬᠤᠶᠠᠷ ᠵᠦᠢᠯ ᠤᠨ ᠦᠵᠡᠯ ᠤᠬᠠᠮᠰᠠᠷ ᠤᠨ ᠬᠡᠯᠪᠡᠷᠢ᠂ ᠬᠤᠶᠠᠷ ᠵᠦᠢᠯ ᠤᠨ ᠨᠡᠶᠢᠭᠡᠮ ᠤᠨ ᠪᠠᠶᠢᠭᠤᠯᠤᠯ ᠤᠨ ᠲᠡᠦᠬᠡᠨ | ᠤᠯᠠᠷᠢᠯ ᠬᠤᠪᠢᠰᠤᠯ ᠵᠢᠴᠢ ᠲᠡᠭᠦᠨ ᠤ ᠦᠵᠡᠯᠴᠡᠭᠡᠨ ᠳᠤ ᠨᠡᠶᠢᠭᠡᠮ ᠵᠢᠷᠤᠮ ᠳᠤ ᠠᠰᠢᠭᠲᠠᠶ ᠴᠢᠬᠤᠯᠠ ᠶᠡᠭᠡ | ᠬᠤᠪᠢᠷᠠᠯᠲᠠ ᠶᠢ ᠭᠠᠷᠭᠠᠭᠰᠠᠨ ᠪᠠᠶᠢᠨ᠎ᠠ᠃ | ︵ᠲᠦᠷᠪᠡ︶ ᠨᠠᠮ ᠤᠨ ᠵᠠᠭᠤᠨ ᠵᠢᠯ ᠤᠨ ᠲᠡᠮᠡᠴᠡᠯ ᠨᠢ ᠳᠡᠯᠡᠬᠡᠶ ᠶᠢᠨ ᠲᠡᠦᠬᠡ ᠶᠢᠨ ᠠᠬᠢᠴᠠ ᠶᠢ ᠭᠦᠨᠵᠡᠭᠡᠶ | ᠨᠥᠯᠥᠭᠡᠯᠡᠪᠡ᠃ ᠨᠠᠮ ᠪᠠ ᠠᠷᠠᠳ ᠲᠦᠮᠡᠨ ᠤ ᠦᠢᠯᠡᠰ ᠪᠣᠯ ᠬᠥᠮᠦᠨ ᠲᠥᠷᠥᠯᠬᠢᠲᠡᠨ ᠤ ᠳᠠᠪᠰᠢᠯᠲᠠ ᠶᠢᠨ | ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠵᠠᠭᠤᠨ ᠵᠢᠯ ᠤᠨ ᠲᠤᠷᠰᠢ᠂ ᠨᠠᠮ ᠳᠤᠮᠳᠠᠳᠤ ᠤᠯᠤᠰ ᠤᠨ | ᠠᠷᠠᠳ ᠲᠦᠮᠡᠨ ᠳᠤ ᠵᠣᠯ ᠵᠢᠷᠭᠠᠯ ᠣᠯᠭᠤᠬᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ | ᠪᠡᠶᠡᠯᠡᠭᠦᠯᠬᠦ ᠪᠠᠷ ᠴᠢᠷᠮᠠᠶᠢᠬᠰᠠᠨ ᠮᠥᠷᠲᠡᠭᠡᠨ ᠪᠠᠰᠠ ᠬᠥᠮᠦᠨ ᠲᠥᠷᠥᠯᠬᠢᠲᠡᠨ ᠤ ᠳᠠᠪᠰᠢᠯᠲᠠ ᠶᠢ ᠡᠷᠢᠯᠬᠢᠯᠡᠬᠦ᠂ | ᠳᠡᠯᠡᠬᠡᠶ ᠶᠢᠨ ᠶᠡᠭᠡ ᠨᠢᠭᠡᠳᠦᠯ ᠢ ᠪᠡᠶᠡᠯᠡᠬᠦᠯᠬᠦ ᠪᠠᠷ ᠴᠢᠷᠮᠠᠶᠢᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ | ᠲᠡᠮᠡᠴᠡᠯ ᠢᠶᠠᠷ ᠢᠶᠠᠨ ᠳᠡᠯᠡᠬᠡᠶ ᠶᠢᠨ ᠬᠥᠭᠵᠢᠯᠲᠡ ᠶᠢᠨ ᠬᠠᠨᠳᠤᠰᠢ ᠪᠠ ᠪᠠᠶᠢᠷᠢᠰᠢᠯ ᠢ ᠭᠦᠨᠵᠡᠭᠡᠶ ᠬᠤᠪᠢᠷᠠᠭᠤᠯᠵᠠᠶ᠃ | ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢ | ᠠᠮᠵᠢᠯᠲᠠ ᠲᠠᠢ ᠨᠡᠭᠡᠭᠡᠵᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠡᠯ ᠢ ᠡᠭᠦᠳᠴᠦ᠂ | ᠬᠥᠭᠵᠢᠵᠦ ᠪᠠᠶᠢᠭ᠎ᠠ ᠤᠯᠤᠰ ᠤᠨ ᠤᠳᠤᠬᠢᠴᠢᠯᠡᠯᠳᠡ ᠲᠡᠶᠢᠰᠢ ᠤᠷᠤᠬᠰᠢᠯᠠᠬᠤ ᠠᠷᠭ᠎ᠠ ᠵᠠᠮ ᠢ ᠥᠷᠭᠡᠳᠭᠡᠵᠦ᠂ ᠳᠡᠯᠡᠬᠡᠶ | ᠳᠡᠭᠡᠷᠡᠬᠢ ᠬᠥᠭᠵᠢᠯᠲᠡ ᠪᠠᠨ ᠲᠦᠷᠭᠡᠳᠭᠡᠬᠦ ᠶᠢ ᠬᠦᠰᠡᠵᠦ ᠪᠠᠶᠢᠭ᠎ᠠ ᠮᠥᠷᠲᠡᠭᠡᠨ ᠪᠠᠰᠠ ᠲᠤᠰ ᠪᠡᠶ᠎ᠡ ᠶᠢᠨ ᠪᠡᠶ᠎ᠡ ᠪᠠᠨ | ᠳᠠᠭᠠᠭᠠᠬᠤ ᠴᠢᠨᠠᠷ ᠢᠶᠠᠨ ᠬᠠᠳᠠᠭᠠᠯᠠᠬᠤ ᠶᠢ ᠬᠦᠰᠡᠵᠦ ᠪᠠᠶᠢᠭ᠎ᠠ ᠲᠡᠳᠡᠭᠡᠷ ᠤᠯᠤᠰ ᠪᠠ ᠦᠨᠳᠦᠰᠦᠲᠡᠨ ᠳᠤ ᠴᠣ᠋ ᠰᠢᠨ᠎ᠡ | ᠰᠣᠩᠭᠤᠯᠲᠠ ᠬᠠᠩᠭᠠᠭᠰᠠᠨ ᠪᠠᠶᠢᠨ᠎ᠠ᠃ ᠨᠠᠮ ᠠᠴᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠦᠨ ᠲᠥᠷᠥᠯᠬᠢᠲᠡᠨ ᠤ ᠴᠢᠬᠤᠯᠠ ᠶᠡᠭᠡ ᠠᠰᠠᠭᠤᠳᠠᠯ ᠢ | ᠰᠢᠢᠳᠪᠦᠷᠢᠯᠡᠬᠦ᠂ ᠥᠨᠢ ᠤᠳᠠᠭᠠᠨ ᠡᠩᠭᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ ᠴᠡᠴᠡᠭᠯᠡᠨ | ᠬᠥᠭᠵᠢᠭᠰᠡᠨ᠂ ᠨᠡᠭᠡᠭᠡᠯᠲᠡᠲᠡᠶ ᠪᠠᠭᠲᠠᠭᠠᠮᠵᠢᠲᠠᠶ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠶ ᠶᠢᠷᠲᠢᠨᠴᠦ ᠶᠢ | ᠪᠦᠳᠦᠭᠡᠨ ᠪᠠᠶᠢᠭᠤᠯᠬᠤ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠦᠯ᠂ | ᠳᠤᠮᠳᠠᠳᠤ ᠤᠯᠤᠰ ᠤᠨ ᠬᠦᠴᠦᠨ ᠴᠢᠳᠠᠯ ᠢ ᠨᠡᠮᠡᠷᠢᠯᠡᠬᠡᠳ᠂ ᠬᠥᠮᠦᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢ | ᠠᠬᠢᠭᠤᠯᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ | ︵ᠲᠠᠪᠤ︶ ᠨᠠᠮ ᠤᠨ ᠵᠠᠭᠤᠨ ᠵᠢᠯ ᠤᠨ ᠲᠡᠮᠡᠴᠡᠯ ᠨᠢ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠬᠤᠰᠢᠭᠤᠴᠢᠯᠠᠵᠤ ᠪᠠᠶᠢᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠣᠯᠪᠠᠰᠤᠷᠠᠭᠤᠯᠪᠠ᠃ ᠨᠠᠮ | ᠪᠠᠶᠢᠭᠤᠯᠤᠭᠳᠠᠬᠤ ᠦᠶ᠎ᠡ ᠳᠡᠭᠡᠨ ᠲᠡᠪᠢ ᠭᠠᠷᠦ᠋ᠢᠬᠠᠨ ᠨᠠᠮ ᠤᠨ ᠭᠡᠰᠢᠭᠦᠨ ᠲᠠᠢ ᠪᠠᠶᠢᠪᠠ᠂ ᠥᠨᠥᠳᠦᠷ ᠨᠢᠭᠡᠨᠲᠡ | 9500 ᠭᠠᠷᠤᠶ ᠲᠦᠮᠡᠨ ᠨᠠᠮ ᠤᠨ ᠭᠡᠰᠢᠭᠦᠨ ᠲᠠᠢ᠂ 14 ᠳ᠋ᠦᠩᠰᠢᠭᠤᠷ ᠭᠠᠷᠤᠶ ᠬᠥᠮᠦᠨ ᠠᠮᠠ ᠲᠠᠢ ᠲᠤᠮᠤ | ᠤᠯᠤᠰ ᠢ ᠤᠳᠤᠷᠢᠳᠤᠭᠰᠠᠨ᠂ ᠳᠡᠯᠡᠬᠡᠢ ᠳᠡᠭᠡᠷ᠎ᠡ ᠴᠢᠬᠤᠯᠠ ᠶᠡᠭᠡ ᠨᠥᠯᠥᠭᠡᠯᠡᠬᠦ ᠬᠦᠴᠦᠨ ᠪᠦᠬᠦᠢ ᠳᠡᠯᠡᠬᠡᠶ ᠶᠢᠨ | ᠨᠢᠭᠡᠳᠦᠭᠡᠷ ᠲᠤᠮᠤ ᠲᠦᠷᠦ ᠪᠠᠷᠢᠬᠴᠢ ᠨᠠᠮ ᠪᠣᠯᠵᠠᠶ᠃ | ᠵᠠᠭᠤᠨ ᠵᠢᠯ ᠤᠨ ᠲᠤᠷᠰᠢ᠂ ᠨᠠᠮ ᠰᠢᠨᠵᠢ ᠴᠢᠨᠠᠷ ᠵᠣᠷᠢᠯᠲᠠ ᠪᠠᠨ ᠪᠠᠷᠢᠮᠲᠠᠯᠠᠵᠤ᠂ ᠬᠦᠰᠡᠯᠡᠩ ᠢᠲᠡᠭᠡᠯ | ᠵᠣᠷᠢᠭ ᠢᠶᠠᠨ ᠪᠠᠷᠢᠮᠲᠠᠯᠠᠵᠤ᠂ ᠲᠤᠯᠭᠤᠷ ᠵᠤᠷᠢᠯᠳᠡ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠵᠣᠷᠢᠭᠲᠠᠶ ᠪᠠᠷ | ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠦᠬᠦᠵᠦ ᠰᠡᠭᠡᠬᠦ ᠶᠢᠨ ᠲᠡᠮᠡᠴᠡᠯ ᠪᠠ ᠲᠡᠰᠪᠦᠷᠢ ᠬᠠᠲᠠᠭᠤᠵᠢᠯᠲᠠᠶ | ᠲᠡᠮᠡᠴᠡᠯ ᠳᠤᠮᠳᠠ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠰᠢᠯᠭᠠᠯᠲᠠ ᠶᠢ ᠳᠠᠭᠠᠭᠠᠵᠤ᠂ ᠯᠤᠲᠤ ᠶᠡᠭᠡ ᠦᠷᠡᠭᠳᠡᠯ | ᠰᠦᠢᠳᠦᠯ ᠭᠠᠷᠭᠠᠵᠤ᠂ ᠤᠯᠤᠰ ᠲᠥᠷᠥ ᠶᠢᠨ ᠢᠯᠡ ᠲᠣᠳᠣ ᠵᠠᠩ ᠴᠢᠨᠠᠷ ᠢ ᠳᠠᠪᠲᠠᠨ ᠪᠣᠯᠪᠠᠰᠤᠷᠠᠭᠤᠯᠤᠭᠠᠳ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ ᠵᠣᠷᠢᠭ ᠰᠠᠨᠠᠭᠠᠨ ᠤ | ᠲᠤᠬᠳᠠᠯᠴᠠᠭ᠎ᠠ ᠶᠢ ᠪᠦᠷᠢᠯᠳᠦᠭᠦᠯᠵᠦ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ ᠪᠠᠲᠤᠯᠠᠵᠤ᠂ ᠨᠠᠮ ᠤᠨ | ᠲᠥᠷᠥ ᠪᠠᠷᠢᠬᠤ ᠴᠢᠳᠠᠪᠤᠷᠢ ᠪᠣᠯᠤᠨ ᠤᠳᠤᠷᠢᠳᠬᠤ ᠬᠢᠷᠢ ᠭᠡᠮᠵᠢᠶ᠎ᠠ ᠶᠢ ᠲᠠᠰᠤᠷᠠᠯᠲᠠ ᠤᠢᠭᠡᠢ ᠳᠡᠭᠡᠭᠰᠢᠯᠡᠬᠦᠯᠵᠤ᠂ | ᠤᠳᠤ ᠶᠠᠭ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠵᠠᠮ ᠳᠡᠭᠡᠷ᠎ᠡ ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠲᠡᠶᠢᠰᠢ | ᠪᠤᠴᠠᠰᠢ ᠦᠭᠡᠢ ᠤᠷᠤᠭᠰᠢᠯᠠᠵᠤ ᠪᠠᠶᠢᠨ᠎ᠠ᠂ ᠮᠠᠨ ᠤ ᠨᠠᠮ ᠪᠤᠯ ᠨᠡᠷ᠎ᠡ ᠨᠢᠳᠡᠷ ᠲᠡᠭᠡᠨ ᠨᠡᠶᠢᠴᠡᠭᠰᠡᠨ ᠠᠭᠤᠦ ᠶᠡᠭᠡ | ᠢᠷᠠᠭᠤ ᠠᠯᠳᠠᠷᠲᠠᠢ ᠵᠥᠪ ᠤᠨᠤᠪᠴᠢᠳᠠᠢ ᠨᠠᠮ ᠮᠥᠨ᠃ ᠵᠢᠷᠭᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠵᠠᠭᠤᠨ ᠵᠢᠯ ᠤᠨ ᠲᠤᠷᠰᠢ᠂ ᠨᠠᠮ ᠠᠴᠠ ᠠᠷᠠᠳ ᠲᠦᠮᠡᠨ ᠢ | ᠤᠳᠤᠷᠢᠳᠤᠨ ᠠᠭᠤᠤ ᠶᠡᠭᠡ ᠲᠡᠮᠡᠴᠡᠯ ᠬᠢᠵᠦ᠂ ᠤᠷᠤᠭᠰᠢᠯᠠᠨ ᠳᠠᠪᠰᠢᠬᠤ ᠳᠤᠮᠳᠠ ᠰᠢᠪᠲᠤᠯᠤᠯᠲᠠ ᠭᠠᠷᠭᠠᠵᠤ᠂ | ᠨᠤᠭᠤᠷᠠᠯ ᠪᠦᠳᠦᠷᠢᠯ ᠤᠨ ᠳᠤᠮᠳᠠ ᠡᠷᠡᠯᠬᠡᠭᠯᠡᠨ ᠪᠣᠰᠴᠤ᠂ ᠳ᠋ᠦᠩᠨᠡᠯᠲᠡ ᠬᠢᠬᠦ ᠳᠤᠮᠳᠠ ᠳᠡᠭᠡᠭᠰᠢᠯᠡᠭᠡᠳ᠂ ᠡᠷᠬᠢᠮ | ᠨᠠᠨᠳᠢᠨ ᠲᠡᠦᠬᠡᠨ ᠲᠤᠷᠰᠢᠯᠭ᠎ᠠ ᠶᠢ ᠬᠤᠷᠠᠮᠳᠤᠭᠤᠯᠤᠭᠰᠠᠨ ᠪᠠᠶᠢᠨ᠎ᠠ᠃ | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ | ᠮᠠᠨ ᠤ ᠦᠢᠯᠡᠰ ᠢ ᠤᠳᠤᠷᠢᠳᠬᠤ ᠭᠤᠤᠯᠯᠠᠬᠤ ᠬᠦᠴᠦᠨ ᠮᠥᠨ᠃ ᠳᠤᠮᠳᠠᠳᠤ ᠤᠯᠤᠰ ᠤᠨ ᠠᠷᠠᠳ ᠲᠦᠮᠡᠨ ᠪᠣᠯᠤᠨ | ᠳᠤᠮᠳᠠᠳᠤ ᠶᠢᠨ ᠦᠨᠳᠦᠰᠦᠲᠡᠨ ᠤᠢᠢᠷ᠎ᠠ ᠦᠶ᠎ᠡ ᠠᠴᠠ ᠬᠤᠶᠢᠰᠢᠬᠢ ᠲᠡᠦᠬᠡᠨ ᠬᠤᠪᠢ ᠵᠠᠶᠠᠭ᠎ᠠ ᠪᠠᠨ ᠬᠤᠪᠢᠷᠠᠭᠤᠯᠵᠤ᠂ | ᠥᠨᠥᠳᠥᠷ ᠤᠨ ᠠᠭᠤᠦ ᠶᠡᠭᠡ ᠠᠮᠵᠢᠯᠲᠠ ᠪᠦᠲᠦᠮᠵᠢ ᠶᠢ ᠣᠯᠵᠤ ᠴᠢᠳᠠᠭᠰᠠᠨ ᠤ ᠬᠠᠮᠤᠭ ᠤᠨ ᠦᠨᠳᠦᠰᠦᠨ ᠰᠢᠯᠲᠠᠭᠠᠨ | ᠬᠡᠪᠡᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠪᠠᠶᠢᠭᠰᠠᠨ ᠳᠤ ᠤᠷᠤᠰᠢᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ | ᠳᠤᠮᠳᠠᠳᠤ ᠶᠢᠨ ᠦᠨᠳᠦᠰᠦᠲᠡᠨ ᠤ ᠠᠭᠤᠦ ᠶᠡᠭᠡ ᠰᠡᠷᠭᠦᠨ ᠮᠠᠨᠳᠤᠯᠲᠠ ᠪᠠᠶᠢᠵᠤ ᠴᠢᠳᠠᠬᠤ ᠦᠭᠡᠢ ᠭᠡᠳᠡᠭ ᠢ ᠲᠡᠦᠬᠡ | ᠪᠠ ᠪᠣᠳᠠᠲᠤ ᠪᠠᠶᠢᠳᠠᠯ ᠴᠥᠮ ᠭᠡᠷᠡᠴᠢᠯᠡᠵᠦ ᠪᠠᠶᠢᠨ᠎ᠠ᠃ ᠮᠠᠨ ᠤ ᠡᠨᠡ ᠬᠦ ᠳᠡᠯᠡᠬᠡᠶ ᠳᠡᠭᠡᠷᠡᠬᠢ ᠬᠠᠮᠤᠭ ᠤᠨ ᠲᠣᠮᠣ | ᠲᠥᠷᠥ ᠶᠢᠨ ᠨᠠᠮ ᠪᠠ ᠬᠥᠮᠦᠨ ᠠᠮᠠ ᠪᠠᠷ ᠬᠠᠮᠤᠭ ᠤᠨ ᠣᠯᠠᠨ ᠤᠯᠤᠰ ᠢ ᠰᠠᠶᠢᠲᠤᠷ ᠵᠠᠰᠠᠬᠤ ᠳᠤ ᠡᠷᠬᠡᠪᠰᠢ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠢᠯᠠᠩᠭᠤᠶ᠎ᠠ ᠨᠠᠮ ᠤᠨ ᠲᠥᠪ ᠬᠤᠷᠢᠶᠠᠨ ᠤ ᠲᠦᠪᠯᠡᠷᠡᠩᠭᠦᠢ ᠨᠢᠭᠡᠳᠦᠯᠲᠡᠶ | ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳᠴᠢᠯᠠᠯ ᠲᠦᠪᠯᠡᠷᠡᠯ ᠤᠨ ᠶᠣᠰᠣ ᠶᠢ ᠪᠠᠷᠢᠮᠲᠠᠯᠠᠵᠤ᠂ ᠨᠠᠮ ᠤᠨ ᠢᠮᠠᠭᠲᠠ | ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠳᠠᠢ᠃ | ᠪᠢᠳᠡ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠦ᠂ ᠨᠠᠮ ᠤᠨ ᠭᠤᠤᠯᠯᠠᠭᠴᠢ | ᠪᠣᠯᠤᠨ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢᠨ ᠤᠯᠤᠰ | ᠲᠥᠷᠥ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠦ᠂ ᠨᠠᠮ ᠤᠨ ᠤᠳᠤᠷᠢᠳᠤᠯᠭ᠎ᠠ ᠶᠢ ᠨᠠᠮ ᠪᠠ ᠤᠯᠤᠰ ᠣᠷᠣᠨ ᠤ | ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠳᠠᠭ ᠯᠠ ᠶᠤᠮ ᠪᠣᠯ᠂ | ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠨᠢᠭᠡᠳᠴᠦ ᠤᠷᠤᠭᠰᠢᠯᠠᠨ ᠲᠠᠪᠰᠢᠬᠤ ᠶᠢ ᠦᠨᠡᠨ ᠬᠦ ᠪᠠᠲᠤᠯᠠᠵᠤ ᠴᠢᠳᠠᠬᠤ ᠨᠢ ᠯᠠᠪᠲᠠᠢ ᠶᠤᠮ᠃ | ︵ᠬᠤᠶᠠᠷ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠎ᠠ᠃ ᠨᠠᠮ ᠤᠨ ᠦᠨᠳᠦᠰᠦ ᠰᠠᠭᠤᠷᠢ ᠨᠢ ᠠᠷᠠᠳ | ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ | ᠂ ᠠᠷᠠᠳ ᠲᠦᠮᠡᠨ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠬᠠᠮᠤᠭ ᠤᠨ ᠶᠡᠭᠡ ᠢᠲᠡᠭᠡᠯ | ᠬᠦᠴᠦᠨ ᠮᠥᠨ᠃ ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠦᠨ᠂ ᠰᠢᠳᠤᠷᠭᠤ ᠶᠣᠰᠣ ᠪᠣᠯ | ᠬᠠᠮᠤᠭ ᠤᠨ ᠬᠦᠴᠦᠷᠬᠡᠭ ᠬᠦᠴᠦᠨ ᠴᠢᠳᠠᠯ ᠮᠥᠨ᠃ ᠨᠠᠮ ᠤᠨ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ | ᠪᠣᠯ ᠤᠯᠠᠨ ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠪᠣᠯᠤᠨ᠎ᠠ᠂ ᠨᠠᠮ ᠤᠨ ᠲᠦᠷᠦ ᠪᠠᠷᠢᠭᠰᠠᠨ ᠤ ᠳᠠᠷᠠᠭᠠᠬᠢ | ᠬᠠᠮᠤᠭ ᠤᠨ ᠶᠡᠭᠡ ᠠᠶᠤᠯ ᠪᠣᠯ ᠤᠯᠠᠨ ᠲᠦᠮᠡᠨ ᠠᠴᠠ ᠬᠥᠨᠳᠡᠶᠢᠷᠡᠬᠦ ᠶᠠᠪᠤᠳᠠᠯ ᠪᠣᠯᠤᠨ᠎ᠠ᠃ ᠨᠠᠮ ᠳᠤᠮᠳᠠᠳᠤ | ᠤᠯᠤᠰ ᠤᠨ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ | ᠪᠠᠶᠢᠳᠠᠭ᠂ ᠶᠠᠮᠠᠷ ᠴᠤ ᠥᠪᠡᠷ ᠤᠨ ᠣᠨᠴᠠᠭᠠᠶ ᠠᠰᠢᠭ ᠲᠤᠰᠠ ᠭᠡᠵᠦ ᠪᠠᠶᠢᠬᠤ ᠦᠭᠡᠶ᠂ ᠶᠡᠷᠦ ᠠᠴᠠ ᠶᠠᠮᠠᠷᠪᠠ ᠠᠰᠢᠭ | ᠲᠤᠰᠠ ᠶᠢᠨ ᠪᠦᠯᠦᠭ᠂ ᠶᠠᠮᠠᠷᠪᠠ ᠡᠷᠬᠡ ᠰᠦᠷ ᠤᠨ ᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ | ᠲᠤᠰᠠ ᠶᠢ ᠲᠥᠯᠥᠭᠡᠯᠡᠳᠡᠭ ᠦᠭᠡᠢ᠂ ᠡᠨᠡ ᠪᠣᠯ ᠨᠠᠮ ᠤᠨ ᠢᠯᠠᠭᠳᠠᠰᠢ ᠦᠭᠡᠢ ᠪᠠᠶᠢᠷᠢᠨ ᠳᠤ ᠪᠠᠶᠢᠬᠤ ᠶᠢᠨ | ᠦᠨᠳᠦᠰᠦᠨ ᠵᠦᠢᠯ ᠮᠥᠨ᠃ ᠪᠢᠳᠡ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ | ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠨ᠂ ᠨᠠᠮ ᠤᠨ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠲᠥᠷᠥ | ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠭᠦᠷᠦᠨ ᠮᠥᠨ ᠭᠡᠳᠡᠭ ᠢ ᠢᠮᠠᠭᠲᠠ ᠪᠠᠲᠤ | ᠴᠡᠭᠡᠵᠢᠯᠡᠵᠦ᠂ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠳᠤ | ᠲᠦᠰᠢᠭᠯᠡᠬᠦ ᠶᠢ ᠪᠠᠷᠢᠮᠲᠠᠯᠠᠨ᠂ ᠠᠷᠠᠳ ᠲᠦᠮᠡᠨ ᠤ ᠲᠥᠯᠥᠭᠡ ᠲᠥᠷᠥ ᠪᠠᠷᠢᠬᠤ᠂ ᠠᠷᠠᠳ ᠲᠦᠮᠡᠨ ᠳᠤ ᠲᠦᠰᠢᠭᠯᠡᠨ | ᠲᠥᠷᠥ ᠪᠠᠷᠢᠬᠤ ᠶᠢ ᠪᠠᠷᠢᠮᠲᠠᠯᠠᠵᠤ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ | ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ | ᠪᠠᠷᠢᠮᠲᠠᠯᠠᠵᠤ᠂ ᠪᠦᠬᠦ ᠠᠷᠠᠳ ᠲᠦᠮᠡᠨ ᠢ ᠬᠠᠮᠲᠤ ᠪᠠᠷ ᠪᠠᠶᠠᠵᠢᠭᠤᠯᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠳᠠᠭ | ᠯᠠ ᠶᠤᠮ ᠪᠣᠯ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠨᠡᠩ ᠶᠡᠭᠡ ᠰᠢᠨ᠎ᠡ ᠢᠯᠠᠯᠲᠠ ᠶᠢ ᠲᠡᠮᠡᠴᠡᠨ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠢ ᠳᠤᠮᠳᠠᠳᠤ | ᠤᠯᠤᠰ ᠤᠨ ᠠᠷᠠᠳ ᠲᠦᠮᠡᠨ ᠠᠴᠠ ᠰᠠᠯᠭᠠᠬᠤ᠂ ᠠᠷᠠᠳ ᠲᠦᠮᠡᠨ ᠯᠦᠭᠡ ᠡᠰᠡᠷᠭᠦᠴᠡᠯᠳᠦᠭᠦᠯᠬᠦ ᠪᠠᠷ ᠰᠠᠨᠠᠭᠠᠷᠬᠠᠬᠤ | ᠶᠠᠮᠠᠷᠪᠠ ᠭᠤᠷᠢᠳᠠᠯᠭ᠎ᠠ ᠶᠢ ᠬᠡᠵᠢᠶᠡᠳᠡ ᠪᠡᠶᠡᠯᠡᠭᠳᠡᠵᠦ ᠴᠢᠳᠠᠰᠢ ᠦᠭᠡᠢ ᠪᠤᠯᠭᠠᠬᠤ ᠨᠢ ᠯᠠᠪᠲᠠᠢ ᠶᠤᠮ᠃ | ︵ᠭᠤᠷᠪᠠ︶ ᠤᠨᠤᠯ ᠤᠨ ᠰᠢᠨ᠎ᠡ ᠡᠭᠦᠳᠤᠯᠳᠡ ᠶᠢ ᠪᠠᠷᠢᠮᠲᠠᠯᠠᠨ᠎ᠠ᠃ ᠮᠠᠷᠺᠰ ᠤᠨ ᠦᠵᠡᠯ ᠪᠣᠯ ᠮᠠᠨ ᠤ ᠨᠠᠮ | ᠪᠠᠶᠢᠭᠤᠯᠬᠤ ᠤᠯᠤᠰ ᠪᠠᠶᠢᠭᠤᠯᠬᠤ᠂ ᠨᠠᠮ ᠢᠶᠠᠨ ᠬᠥᠭᠵᠢᠭᠦᠯᠬᠦ ᠤᠯᠤᠰ ᠢᠶᠠᠨ ᠬᠦᠴᠦᠷᠬᠡᠭᠵᠢᠭᠦᠯᠬᠦ ᠶᠢᠨ ᠦᠨᠳᠦᠰᠦᠨ | ᠵᠢᠯᠣᠭᠤᠳᠬᠤ ᠦᠵᠡᠯ ᠰᠠᠨᠠᠭ᠎ᠠ ᠮᠥᠨ᠃ ᠮᠠᠷᠺᠰ ᠤᠨ ᠦᠵᠡᠯ ᠤᠨ ᠤᠨᠤᠯ ᠪᠣᠯ ᠨᠣᠮᠯᠠᠯ ᠪᠢᠰᠢ ᠬᠠᠷᠢᠨ | ᠠᠵᠢᠯᠯᠠᠭᠠᠨ ᠤ ᠵᠦᠭᠯᠡᠭᠦᠷ ᠮᠥᠨ᠂ ᠡᠷᠬᠡᠪᠰᠢ ᠦᠢᠯᠡᠳᠦᠯᠭᠡ ᠶᠢᠨ ᠬᠥᠭᠵᠢᠯᠲᠡ ᠶᠢ ᠲᠠᠭᠠᠯᠳᠤᠨ ᠬᠥᠭᠵᠢᠬᠦ ᠬᠡᠷᠡᠭᠲᠡᠢ᠂ | ᠡᠷᠬᠡᠪᠰᠢ ᠳᠤᠮᠳᠠᠳᠤ ᠤᠯᠤᠰᠴᠢᠯᠠᠪᠠᠯ ᠰᠠᠶ᠋ᠢ ᠪᠠᠲᠤᠲᠠᠢ ᠦᠨᠳᠦᠰᠦᠯᠡᠵᠦ᠂ ᠣᠷᠣᠨ ᠨᠤᠲᠤᠭᠴᠢᠯᠠᠪᠠᠯ ᠰᠠᠶ᠋ᠢ | ᠬᠥᠮᠦᠰ ᠤᠨ ᠰᠡᠳᠭᠢᠯ ᠳᠤ ᠭᠦᠨ ᠰᠠᠭᠤᠭᠳᠠᠵᠤ ᠴᠢᠳᠠᠬᠤ ᠶᠤᠮ᠃ ᠨᠠᠮ ᠠᠴᠠ ᠠᠷᠠᠳ ᠲᠦᠮᠡᠨ ᠢ ᠤᠳᠤᠷᠢᠳᠤᠨ | ᠤᠳᠠᠭ᠎ᠠ ᠪᠦᠷᠢ ᠶᠢᠨ ᠬᠠᠶᠢᠨ ᠰᠦᠪᠡᠭᠴᠢᠯᠡᠯᠲᠡ᠂ ᠤᠳᠠᠭ᠎ᠠ ᠪᠦᠷᠢ ᠶᠢᠨ ᠨᠤᠭᠤᠷᠠᠯ ᠪᠦᠳᠦᠷᠢᠯ᠂ ᠤᠳᠠᠭ᠎ᠠ ᠪᠦᠷᠢ ᠶᠢᠨ | ᠨᠡᠭᠡᠭᠡᠯᠲᠡ ᠶᠢᠨ ᠳᠤᠮᠳᠠ ᠳᠤᠮᠳᠠᠲᠤ ᠤᠯᠤᠰ ᠤᠨ ᠪᠤᠰᠤᠳ ᠡᠯ᠎ᠡ ᠵᠦᠢᠯ ᠤᠨ ᠤᠯᠤᠰ ᠲᠥᠷᠥ ᠶᠢᠨ ᠬᠦᠴᠦᠨ ᠤ | ᠪᠡᠶᠡᠯᠡᠭᠦᠯᠵᠦ ᠴᠢᠳᠠᠰᠢ ᠦᠭᠡᠢ ᠪᠡᠷᠬᠡ ᠬᠠᠲᠠᠭᠤᠵᠢᠯᠲᠠᠶ ᠡᠭᠦᠷᠭᠡ ᠶᠢ ᠪᠡᠶᠡᠯᠡᠭᠦᠯᠵᠦ ᠴᠢᠳᠠᠭᠰᠠᠨ ᠤ ᠦᠨᠳᠦᠰᠦᠨ | ᠰᠢᠯᠲᠠᠭᠠᠨ ᠨᠢ ᠦᠵᠡᠯ ᠰᠠᠨᠠᠭ᠎ᠠ ᠪᠠᠨ ᠴᠢᠯᠥᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ | ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠤᠨ | ᠦᠨᠳᠦᠰᠦᠨ ᠤᠭ ᠶᠤᠰᠤ ᠶᠢ ᠳᠤᠮᠳᠠᠲᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠨ᠂ ᠦᠢᠯᠡᠳᠦᠯᠭᠡ ᠪᠣᠯ ᠦᠨᠡᠨ ᠶᠣᠰᠣ ᠶᠢ | ᠰᠢᠯᠭᠠᠬᠤ ᠴᠤᠷᠢ ᠶᠢᠨ ᠭᠠᠭᠴᠠ ᠪᠠᠷᠢᠮᠵᠢᠶ᠎ᠠ ᠪᠣᠯᠬᠤ ᠶᠢ ᠪᠠᠷᠢᠮᠲᠠᠯᠠᠵᠤ᠂ ᠠᠯᠢᠪᠠ ᠪᠦᠬᠦᠨ ᠳᠤ ᠪᠣᠳᠠᠲᠠᠢ ᠠᠴᠠ | ᠡᠭᠦᠰᠭᠦ ᠶᠢ ᠪᠠᠷᠢᠮᠲᠠᠯᠠᠨ᠂ ᠴᠠᠭ ᠦᠶ᠎ᠡ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ ᠳᠤ ᠴᠠᠭ | ᠲᠤᠬᠠᠢ ᠳᠤᠨᠢ ᠬᠠᠷᠢᠭᠤᠯᠲᠠ ᠥᠭᠴᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ | ᠲᠠᠰᠤᠷᠠᠯᠲᠠ ᠦᠭᠡᠢ ᠠᠬᠢᠭᠤᠯᠤᠭᠰᠠᠨ ᠳᠤ ᠤᠷᠤᠰᠢᠨ᠎ᠠ᠃ ᠣᠳᠣ ᠦᠶ᠎ᠡ ᠶᠢᠨ ᠳᠤᠮᠳᠠᠲᠤ ᠤᠯᠤᠰ ᠤᠨ ᠠᠭᠤᠤ ᠶᠡᠭᠡ | ᠨᠡᠶᠢᠭᠡᠮ ᠤᠨ ᠬᠤᠪᠢᠰᠤᠯᠲᠠ ᠨᠢ ᠮᠠᠨ ᠤ ᠤᠯᠤᠰ ᠤᠨ ᠲᠡᠦᠬᠡ ᠰᠣᠶᠣᠯ ᠤᠨ ᠡᠬᠡ ᠬᠡᠪᠯᠡᠯ ᠢ ᠳᠥᠭᠦᠮᠬᠡᠨ ᠢᠶᠠᠷ | ᠦᠷᠭᠦᠯᠵᠢᠯᠡᠭᠦᠯᠦᠭᠰᠡᠨ ᠶᠠᠪᠤᠳᠠᠯ ᠪᠢᠰᠢ᠂ ᠮᠠᠷᠺᠰ ᠤᠨ ᠦᠵᠡᠯ ᠤᠨ ᠰᠣᠩᠭᠤᠳᠠᠭ ᠵᠣᠬᠢᠶᠠᠯᠴᠢᠳ ᠤᠨ ᠲᠥᠰᠥᠪᠯᠡᠨ | ᠪᠤᠳᠤᠭᠰᠠᠨ ᠦᠯᠢᠭᠡᠷ ᠬᠡᠪᠯᠡᠯ ᠢ ᠳᠥᠭᠦᠮᠬᠡᠨ ᠢᠶᠠᠷ ᠲᠤᠬᠤᠵᠤ ᠬᠡᠷᠡᠭᠯᠡᠭᠰᠡᠨ ᠶᠠᠪᠤᠳᠠᠯ ᠪᠢᠰᠢ᠂ ᠪᠤᠰᠤᠳ ᠤᠯᠤᠰ ᠤᠨ | ᠨᠡᠶᠢᠭᠡᠮ ᠵᠢᠷᠤᠮ ᠤᠨ ᠦᠢᠯᠡᠳᠦᠯᠭᠡ ᠶᠢᠨ ᠲᠠᠬᠢᠨ ᠬᠡᠪᠯᠡᠯ ᠪᠢᠰᠢ᠂ ᠭᠠᠳᠠᠭᠠᠳᠤ ᠶᠢᠨ ᠣᠳᠣᠬᠢᠴᠢᠯᠠᠯᠲᠠ ᠶᠢᠨ | ᠬᠥᠭᠵᠢᠯᠲᠡ ᠶᠢᠨ ᠬᠠᠭᠤᠯᠤᠮᠠᠯ ᠬᠡᠪᠯᠡᠯ ᠴᠦ ᠪᠢᠰᠢ ᠭᠡᠵᠦ ᠰᠢ ᠶᠢᠨ ᠫᠢᠩ ᠨᠦᠬᠦᠷ ᠵᠢᠭᠠᠵᠤ ᠭᠠᠷᠭᠠᠭᠰᠠᠨ ᠶᠤᠮ᠃ | ᠪᠢᠳᠡ ᠵᠣᠷᠢᠭᠲᠠᠶ ᠪᠠᠷ ᠰᠢᠨ᠎ᠡ ᠦᠢᠯᠡᠳᠦᠯᠭᠡ ᠲᠠᠢ ᠤᠶᠠᠯᠳᠤᠭᠤᠯᠤᠨ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠲᠠ | ᠦᠭᠡᠢ ᠠᠬᠢᠭᠤᠯᠵᠤ᠂ ᠰᠢᠨ᠎ᠡ ᠤᠨᠤᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠬᠤ ᠳᠠᠭᠠᠨ ᠴᠢᠳᠠᠮᠠᠭᠠᠶ ᠪᠠᠶᠢᠳᠠᠭ ᠯᠠ | ᠶᠤᠮ ᠪᠣᠯ᠂ ᠮᠠᠷᠺᠰ ᠤᠨ ᠦᠵᠡᠯ ᠢ ᠳᠤᠮᠳᠠᠳᠤ ᠤᠯᠤᠰ ᠤᠨ ᠡᠬᠡ ᠭᠠᠵᠠᠷ ᠳᠡᠭᠡᠷ᠎ᠡ ᠨᠡᠩ ᠬᠦᠴᠦᠷᠬᠡᠭ ᠶᠡᠭᠡ᠂ ᠨᠡᠩ | ᠢᠲᠡᠭᠡᠭᠦᠯᠬᠦ ᠬᠦᠴᠦᠨ ᠪᠦᠬᠦᠢ ᠦᠨᠡᠨ ᠶᠣᠰᠣᠨ ᠤ ᠬᠦᠴᠦᠨ ᠴᠢᠳᠠᠯ ᠢ ᠢᠯᠡᠷᠡᠬᠦᠯᠦᠬᠦᠯᠵᠦ ᠴᠢᠳᠠᠬᠤ ᠨᠢ ᠯᠠᠪᠲᠠᠢ | ᠶᠤᠮ᠃ | ︵ᠳᠥᠷᠪᠡ︶ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ ᠪᠠᠷᠢᠮᠲᠠᠯᠠᠨ᠎ᠠ᠃ ᠪᠡᠶ᠎ᠡ ᠪᠠᠨ ᠳᠠᠭᠠᠭᠠᠵᠤ ᠡᠵᠡᠨ | ᠮᠡᠳᠡᠬᠦ ᠪᠣᠯ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠠᠮᠢᠨ ᠰᠦᠨᠡᠰᠦ ᠮᠥᠨ᠂ ᠮᠠᠨ ᠤ ᠨᠠᠮ | ᠪᠠᠶᠢᠭᠤᠯᠬᠤ ᠤᠯᠤᠰ ᠪᠠᠶᠢᠭᠤᠯᠬᠤ ᠶᠢᠨ ᠴᠢᠬᠤᠯᠠ ᠵᠠᠷᠴᠢᠮ ᠮᠥᠨ᠃ ᠥᠪᠡᠷ ᠤᠨ ᠢᠶᠠᠨ ᠵᠠᠮ ᠢᠶᠠᠷ ᠵᠠᠮᠨᠠᠬᠤ ᠪᠣᠯ | ᠨᠠᠮ ᠤᠨ ᠵᠠᠭᠤᠨ ᠵᠢᠯ ᠤᠨ ᠲᠡᠮᠡᠴᠡᠯ ᠢᠶᠠᠷ ᠣᠯᠤᠭᠰᠠᠨ ᠲᠡᠦᠬᠡᠨ ᠳ᠋ᠦᠩ ᠮᠥᠨ᠃ ᠨᠠᠮ ᠶᠡᠷᠦ ᠠᠴᠠ ᠪᠡᠶ᠎ᠡ ᠪᠠᠨ | ᠳᠠᠭᠠᠭᠠᠨ ᠡᠵᠡᠨ ᠮᠡᠳᠡᠵᠤ ᠤᠷᠤᠭᠰᠢᠯᠠᠯᠲᠠ ᠶᠢᠨ ᠵᠠᠮ ᠢᠶᠠᠨ ᠡᠭᠦᠳᠦᠨ ᠨᠡᠭᠡᠭᠡᠬᠦ ᠶᠢ ᠪᠠᠷᠢᠮᠲᠠᠯᠠᠨ᠂ ᠤᠯᠤᠰ ᠪᠠ | ᠦᠨᠳᠦᠰᠦᠲᠡᠨ ᠤ ᠪᠠᠨ ᠬᠥᠭᠵᠢᠯᠲᠡ ᠶᠢ ᠥᠪᠡᠷ ᠤᠨ ᠬᠦᠴᠦᠨ ᠳᠡᠭᠡᠨ ᠰᠠᠭᠤᠷᠢᠯᠠᠭᠤᠯᠬᠤ ᠶᠢ ᠪᠠᠷᠢᠮᠲᠠᠯᠠᠵᠤ᠂ | ᠲᠤᠮᠳᠠᠳᠤ ᠤᠯᠤᠰ ᠤᠨ ᠬᠡᠷᠡᠭ ᠶᠠᠪᠤᠳᠠᠯ ᠢ ᠡᠷᠭᠡᠪᠰᠢ ᠲᠤᠮᠳᠠᠳᠤ ᠤᠯᠤᠰ ᠤᠨ ᠠᠷᠠᠳ ᠲᠦᠮᠡᠨ ᠦᠪᠡᠰᠦᠪᠡᠨ | ᠰᠠᠨᠠᠭᠠᠴᠢᠯᠠᠨ ᠵᠤᠷᠢᠵᠦ᠂ ᠦᠪᠡᠰᠦᠪᠡᠨ ᠰᠢᠢᠳᠪᠦᠷᠢᠯᠡᠬᠦ ᠶᠢ ᠪᠠᠷᠢᠮᠲᠠᠯᠠᠭᠰᠠᠭᠠᠷ ᠢᠷᠡᠵᠡᠢ᠃ ᠬᠥᠮᠦᠨ ᠲᠥᠷᠥᠯᠬᠢᠲᠡᠨ ᠤ | ᠲᠡᠦᠬᠡᠨ ᠳᠡᠭᠡᠷ᠎ᠡ ᠭᠠᠳᠠᠭᠠᠳᠤ ᠶᠢᠨ ᠬᠦᠴᠦᠨ ᠳᠤ ᠲᠦᠰᠢᠭᠯᠡᠨ᠂ ᠭᠠᠳᠠᠭᠠᠳᠤ ᠶᠢᠨ ᠬᠡᠪ ᠵᠠᠭᠪᠤᠷ ᠢ ᠲᠡᠷᠡ ᠬᠡᠪ ᠢᠶᠠᠷ ᠨᠢ | ᠨᠡᠭᠦᠯᠭᠡᠨ ᠬᠡᠷᠡᠭᠯᠡᠵᠦ᠂ ᠪᠤᠰᠤᠳ ᠤᠨ ᠪᠤᠷᠤ ᠮᠦᠷ ᠢᠶᠠᠷ ᠪᠤᠷᠪᠢᠳᠠᠨ ᠳᠠᠭᠠᠭᠠᠳ ᠬᠦᠴᠦᠷᠬᠡᠭᠵᠢᠨ ᠮᠠᠨᠳᠤᠵᠤ | ᠴᠢᠳᠠᠭᠰᠠᠨ ᠶᠠᠮᠠᠷ ᠨᠢᠭᠡᠨ ᠦᠨᠳᠦᠰᠦᠲᠡᠨ᠂ ᠶᠠᠮᠠᠷ ᠨᠢᠭᠡᠨ ᠤᠯᠤᠰ ᠭᠡᠵᠦ ᠦᠭᠡᠢ ᠶᠤᠮ᠃ ᠲᠡᠭᠡᠵᠦ ᠬᠢᠬᠦ ᠶᠢᠨ ᠦᠷ᠎ᠡ | ᠳ᠋ᠦᠩ ᠳᠤ ᠢᠯᠠᠭᠳᠠᠯ ᠳᠤ ᠤᠴᠠᠷᠠᠬᠤ ᠪᠤᠶᠤ ᠪᠤᠰᠤᠳ ᠤᠨ ᠲᠠᠭᠠᠯᠳᠠ ᠪᠤᠯᠬᠤ ᠨᠢ ᠭᠠᠷᠴᠠᠭ᠎ᠠ ᠦᠭᠡᠢ᠃ ᠪᠢᠳᠡ | ᠪᠡᠶ᠎ᠡ ᠪᠠᠨ ᠳᠠᠭᠠᠭᠠᠵᠤ ᠡᠵᠡᠨ ᠮᠡᠳᠡᠬᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠪᠠᠷᠢᠮᠲᠠᠯᠠᠵᠤ᠂ | ᠭᠠᠳᠠᠭᠠᠳᠤ ᠶᠢᠨ ᠠᠰᠢᠭᠲᠠᠢ ᠲᠤᠷᠰᠢᠯᠭ᠎ᠠ ᠶᠢ ᠳᠠᠷᠤᠤ ᠬᠢᠴᠢᠶᠡᠩᠭᠦᠶ ᠪᠠᠷ ᠰᠤᠷᠤᠯᠴᠠᠨ ᠲᠣᠯᠢᠳᠠᠬᠤ ᠮᠥᠷᠲᠡᠭᠡᠨ ᠪᠠᠰᠠ | ᠦᠨᠳᠦᠰᠦᠲᠡᠨ ᠤ ᠥᠪᠡᠷ ᠢ ᠪᠠᠨ ᠬᠦᠨᠳᠦᠳᠭᠡᠬᠦ ᠰᠡᠳᠭᠢᠯᠭᠡ ᠪᠠ ᠢᠲᠡᠭᠡᠯ ᠵᠣᠷᠢᠭ ᠢᠶᠠᠨ ᠪᠠᠲᠤᠳᠬᠠᠵᠤ᠂ ᠭᠠᠵᠢᠭᠤ ᠶᠢ | ᠢᠲᠡᠭᠡᠬᠦ ᠦᠭᠡᠢ᠂ ᠳᠠᠷᠤᠯᠲᠠ ᠠᠴᠠ ᠠᠶᠤᠬᠤ ᠦᠭᠡᠢ ᠪᠠᠶᠢᠳᠠᠭ ᠯᠠ ᠶᠤᠮ ᠪᠣᠯ᠂ ᠳᠤᠮᠳᠠᠳᠤ ᠤᠯᠤᠰ ᠤᠨ | ᠬᠥᠭᠵᠢᠯᠲᠡ ᠳᠠᠪᠰᠢᠯᠳᠠ ᠶᠢᠨ ᠬᠤᠪᠢ ᠵᠠᠶᠠᠭ᠎ᠠ ᠶᠢ ᠢᠮᠠᠭᠲᠠ ᠥᠪᠡᠷ ᠤᠨ ᠭᠠᠷ ᠲᠠᠭᠠᠨ ᠪᠠᠲᠤ ᠡᠵᠡᠮᠳᠡᠵᠦ | ᠴᠢᠳᠠᠬᠤ ᠨᠢ ᠯᠠᠪᠲᠠᠢ ᠶᠤᠮ᠃ | ︵ᠲᠠᠪᠤ︶ ᠳᠤᠮᠳᠠᠳᠤ ᠤᠯᠤᠰ ᠤᠨ ᠵᠠᠮ ᠢ ᠪᠠᠷᠢᠮᠲᠠᠯᠠᠨ᠎ᠠ᠃ ᠴᠢᠭᠯᠡᠯ ᠨᠢ ᠵᠠᠮ ᠢ ᠲᠣᠭᠲᠠᠭᠠᠵᠤ᠂ ᠵᠠᠮ ᠨᠢ | ᠬᠤᠪᠢ ᠵᠠᠶᠠᠭ᠎ᠠ ᠶᠢ ᠲᠣᠭᠲᠠᠭᠠᠳᠠᠭ᠃ ᠨᠠᠮ ᠵᠠᠭᠤᠨ ᠵᠢᠯ ᠤᠨ ᠲᠡᠮᠡᠴᠡᠯ ᠳᠤᠮᠳᠠ ᠢᠮᠠᠭᠲᠠ ᠮᠠᠨ ᠤ ᠤᠯᠤᠰ ᠤᠨ | ᠤᠯᠤᠰ ᠤᠨ ᠪᠠᠶᠢᠳᠠᠯ ᠠᠴᠠ ᠡᠭᠦᠰᠭᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ | ᠵᠥᠪ ᠵᠠᠮ ᠢ ᠬᠠᠶᠢᠨ ᠰᠦᠪᠡᠭᠴᠢᠯᠡᠵᠦ ᠪᠤᠢ ᠪᠤᠯᠭᠠᠪᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠵᠠᠮ ᠪᠣᠯ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠡᠭᠦᠳᠦᠨ ᠪᠦᠲᠦᠭᠡᠬᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠠᠷᠠᠭᠤᠯ ᠳᠠᠷᠳᠠᠩ ᠵᠠᠮ ᠮᠥᠨ᠃ | ᠳᠤᠮᠳᠠᠳᠤ ᠶᠢᠨ ᠡᠬᠡ ᠭᠠᠵᠠᠷ ᠳᠡᠭᠡᠷ᠎ᠡ ᠪᠠᠲᠤ ᠵᠤᠭᠰᠤᠵᠤ᠂ ᠳᠤᠮᠳᠠᠳᠤ ᠶᠢᠨ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ | ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠵᠥᠪ ᠵᠠᠮ ᠢᠶᠠᠷ ᠵᠠᠮᠨᠠᠬᠤ ᠳᠤ᠂ ᠨᠠᠮ ᠪᠠ ᠠᠷᠠᠳ | ᠲᠦᠮᠡᠨ ᠬᠢᠵᠠᠭᠠᠯᠠᠰᠢ ᠦᠭᠡᠢ ᠦᠷᠭᠡᠨ ᠠᠭᠤᠳᠠᠮ ᠲᠠᠪᠴᠠᠩ᠂ ᠬᠢᠵᠠᠭᠠᠯᠠᠰᠢ ᠦᠭᠡᠢ ᠬᠦᠨ ᠵᠤᠵᠠᠭᠠᠨ ᠲᠡᠤᠬᠡ ᠶᠢᠨ | ᠪᠤᠯᠪᠠᠰᠤᠨ ᠤ ᠬᠤᠷᠠᠮᠳᠤᠭᠤᠯᠤᠯ᠂ ᠬᠢᠵᠠᠭᠠᠯᠠᠰᠢ ᠦᠭᠡᠢ ᠬᠦᠴᠦᠷᠭᠡᠭ ᠶᠡᠭᠡ ᠤᠷᠤᠭᠰᠢᠯᠠᠯᠳᠠ ᠶᠢᠨ ᠪᠠᠳᠤ | ᠬᠦᠴᠦᠨ ᠲᠠᠢ ᠶᠤᠮ᠃ ᠪᠢᠳᠡ ᠪᠢᠳᠡᠬᠦᠮᠵᠢᠯᠡᠭᠰᠡᠨ ᠬᠦᠰᠢᠬᠦᠷᠡᠭᠰᠡᠨ ᠬᠠᠭᠤᠴᠢᠨ ᠵᠠᠮ ᠢᠶᠠᠷ ᠵᠠᠮᠨᠠᠬᠤ ᠦᠭᠡᠢ ᠮᠦᠷᠳᠡᠭᠡᠨ | ᠲᠤᠭ ᠲᠡᠮᠳᠡᠭ ᠢᠶᠠᠨ ᠰᠤᠯᠢᠬᠤ ᠭᠠᠵᠢᠭᠤ ᠵᠠᠮ ᠢᠶᠠᠷ ᠴᠤ ᠵᠠᠮᠨᠠᠬᠤ ᠦᠭᠡᠢ ᠪᠠᠶᠢᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠳᠠᠭ ᠯᠠ ᠶᠤᠮ ᠪᠤᠯ᠂ ᠮᠠᠨ ᠤ | ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠯ ᠲᠠᠢ ᠦᠵᠡᠰᠭᠦᠯᠡᠩᠲᠦ ᠰᠠᠶᠢᠬᠠᠨ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠶᠢᠭᠤᠯᠵᠤ ᠴᠢᠳᠠᠬᠤ ᠨᠢ ᠯᠠᠪᠲᠠᠢ | ᠶᠤᠮ᠃ | ︵ᠵᠢᠷᠭᠤᠭ᠎ᠠ︶ ᠬᠡᠬᠦᠳᠡᠭ ᠴᠡᠭᠡᠵᠢᠨ ᠳᠡᠭᠡᠨ ᠳᠡᠯᠡᠬᠡᠶ ᠳ᠋ᠠᠬᠢᠨ ᠢ ᠪᠤᠳᠤᠯᠬᠢᠯᠠᠬᠤ ᠶᠢ ᠪᠠᠷᠢᠮᠲᠠᠯᠠᠨ᠎ᠠ᠃ | ᠲᠦᠷᠦ ᠶᠢᠨ ᠡᠷᠬᠡ ᠶᠢ ᠲᠦᠮᠡᠨ ᠤ ᠪᠤᠯᠭᠠᠬᠤ ᠠᠨᠤ ᠲᠡᠭᠷᠢ ᠶᠢᠨ ᠶᠤᠰᠤᠨ ᠪᠤᠯᠠᠢ᠃ ᠨᠠᠮ ᠢᠮᠠᠭᠲᠠ ᠳᠡᠯᠡᠬᠡᠶ ᠶᠢᠨ | ᠬᠠᠷᠠᠭ᠎ᠠ ᠪᠠᠷ ᠬᠥᠮᠦᠨ ᠲᠥᠷᠥᠯᠬᠢᠲᠡᠨ ᠤ ᠢᠷᠡᠭᠡᠳᠦᠶ ᠬᠤᠪᠢ ᠵᠠᠶᠠᠭ᠎ᠠ ᠶᠢ ᠠᠩᠬᠠᠷᠴᠤ᠂ ᠬᠥᠮᠦᠨ ᠲᠥᠷᠥᠯᠬᠢᠲᠡᠨ ᠤ | ᠬᠥᠭᠵᠢᠯᠲᠡ ᠶᠢᠨ ᠶᠡᠭᠡ ᠤᠷᠤᠰᠬᠠᠯ᠂ ᠳᠡᠯᠡᠬᠡᠢ ᠶᠢᠨ ᠬᠤᠪᠢᠷᠠᠯᠲᠠ ᠶᠢᠨ ᠶᠡᠭᠡ ᠪᠠᠶᠢᠷᠢᠰᠢᠯ᠂ ᠳᠤᠮᠳᠠᠳᠤ ᠤᠯᠤᠰ ᠤᠨ | ᠬᠥᠭᠵᠢᠯᠲᠡ ᠶᠢᠨ ᠶᠡᠭᠡ ᠲᠡᠦᠬᠡ ᠠᠴᠠ ᠭᠠᠳᠠᠭᠠᠳᠤ ᠶᠢᠷᠲᠢᠨᠴᠦ ᠯᠦᠭᠡ ᠶᠢᠨ ᠬᠠᠷᠢᠴᠠᠭ᠎ᠠ ᠶᠢ ᠵᠥᠪ ᠲᠠᠨᠢᠨ | ᠰᠢᠢᠳᠪᠦᠷᠢᠯᠡᠵᠦ᠂ ᠨᠡᠭᠡᠭᠡᠯᠲᠡ ᠬᠢᠬᠦ ᠶᠢ ᠪᠠᠷᠢᠮᠲᠠᠯᠠᠨ᠂ ᠲᠦᠭᠵᠢᠵᠤ ᠪᠢᠲᠡᠭᠦᠮᠵᠢᠯᠡᠬᠦ ᠶᠢ ᠲᠡᠪᠴᠢᠵᠦ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠳᠠᠯᠠᠨ᠂ ᠳᠡᠭ ᠨᠡᠶᠢᠯᠡᠪᠦᠷᠢ ᠶᠢᠨ ᠦᠵᠡᠯᠴᠡᠭᠡᠨ ᠬᠢᠬᠦ ᠦᠭᠡᠢ | ᠪᠠᠶᠢᠵᠤ᠂ ᠭᠤᠣᠯᠴᠢ ᠶᠤᠰᠦ ᠶᠢ ᠵᠤᠷᠢᠬᠤ᠂ ᠲᠦᠪ ᠶᠤᠰᠤ ᠶᠢ ᠮᠠᠨᠳᠤᠭᠤᠯᠬᠤ ᠶᠢ ᠪᠠᠷᠢᠮᠲᠠᠯᠠᠵᠤ᠂ ᠲᠡᠦᠬᠡ ᠶᠢᠨ ᠵᠥᠪ | ᠲᠠᠯ᠎ᠠ ᠳᠤ ᠵᠣᠭᠰᠣᠨ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠲᠠᠯ᠎ᠠ ᠳᠤ ᠵᠣᠭᠰᠣᠪᠠ᠃ ᠪᠢᠳᠡ ᠡᠩᠬᠡ | ᠲᠠᠶᠢᠪᠤᠩ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ ᠪᠠᠷ ᠳᠠᠮᠵᠢᠨ | ᠥᠪᠡᠷ ᠢ ᠪᠠᠨ ᠬᠥᠭᠵᠢᠭᠦᠯᠬᠦ ᠮᠦᠷᠲᠡᠭᠡᠨ ᠲᠤᠰ ᠪᠡᠶ᠎ᠡ ᠶᠢᠨ ᠬᠥᠭᠵᠢᠯᠲᠡ ᠪᠠᠷ ᠳᠠᠮᠵᠢᠨ ᠳᠡᠯᠡᠬᠡᠶ ᠶᠢᠨ ᠡᠩᠬᠡ | ᠲᠠᠶᠢᠪᠤᠩ ᠢ ᠬᠠᠮᠠᠭᠠᠯᠠᠵᠤ᠂ ᠳᠡᠯᠡᠬᠡᠶ ᠳᠡᠭᠡᠷᠡᠬᠢ ᠠᠯᠢᠪᠠ ᠳᠠᠪᠰᠢᠩᠭᠤᠢ ᠬᠦᠴᠦᠨ ᠲᠠᠢ ᠭᠠᠷ ᠬᠤᠯᠪᠣᠨ ᠤᠷᠤᠭᠰᠢᠯᠠᠵᠤ᠂ | ᠪᠤᠰᠤᠳ ᠲᠤ ᠲᠦᠰᠢᠭᠯᠡᠬᠦ ᠦᠭᠡᠢ᠂ ᠪᠤᠰᠤᠳ ᠢ ᠪᠤᠯᠢᠶᠠᠨ ᠳᠡᠭᠡᠷᠡᠮᠳᠡᠬᠦ ᠦᠭᠡᠢ᠂ ᠬᠡᠵᠢᠶᠡᠳᠡ ᠡᠵᠡᠷᠬᠡᠬᠦ ᠦᠭᠡᠢ | ᠪᠠᠶᠢᠳᠠᠭ ᠯᠠ ᠶᠤᠮ ᠪᠤᠯ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠳᠤ ᠲᠠᠰᠤᠷᠠᠯᠲᠠ ᠦᠭᠡᠢ ᠣᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠵᠦ᠂ ᠳᠡᠯᠡᠬᠡᠶ ᠶᠢᠨ ᠡᠯ᠎ᠡ ᠤᠯᠤᠰ ᠤᠨ ᠠᠷᠠᠳ ᠲᠦᠮᠡᠨ ᠲᠠᠢ ᠴᠤᠭᠭᠠᠷ | ᠲᠡᠦᠬᠡ ᠶᠢᠨ ᠬᠦᠷᠳᠦ ᠶᠢ ᠭᠡᠭᠡᠨ ᠰᠠᠷᠠᠭᠤᠯ ᠢᠷᠡᠭᠡᠳᠦᠶ ᠵᠦᠭ ᠲᠦᠯᠬᠢᠨ ᠤᠷᠤᠭᠰᠢᠯᠠᠭᠤᠯᠵᠤ ᠴᠢᠳᠠᠬᠤ ᠨᠢ ᠯᠠᠪᠲᠠᠢ | ᠶᠤᠮ᠃ | ︵ᠳᠣᠯᠤᠭ᠎ᠠ︶ ᠵᠠᠮ ᠨᠡᠭᠡᠭᠡᠨ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠰᠢᠨ᠎ᠡ ᠶᠢ ᠡᠭᠦᠳᠬᠦ ᠪᠣᠯ ᠨᠢᠭᠡ | ᠤᠯᠤᠰ᠂ ᠨᠢᠭᠡ ᠦᠨᠳᠦᠰᠦᠲᠡᠨ ᠤ ᠬᠥᠭᠵᠢᠯᠲᠡ ᠳᠠᠪᠰᠢᠯᠲᠠ ᠶᠢᠨ ᠲᠠᠭᠤᠰᠤᠰᠢ ᠦᠭᠡᠢ ᠬᠥᠳᠡᠯᠭᠡᠭᠴᠢ ᠬᠦᠴᠦᠨ | ᠮᠥᠨ᠃ ᠬᠡᠳᠦᠢ ᠠᠭᠤᠤ ᠶᠡᠭᠡ ᠦᠢᠯᠡᠰ ᠪᠤᠯᠬᠤ ᠲᠤᠳᠤᠮ ᠬᠦᠴᠢᠷ ᠪᠡᠷᠭᠡᠰᠢᠶᠡᠯ ᠪᠡᠷᠭᠡ ᠪᠠᠷᠳᠠᠭ᠎ᠠ ᠲᠡᠳᠦᠢ ᠶᠡᠭᠡ | ᠲᠤᠯᠭᠠᠷᠠᠵᠦ᠂ ᠲᠡᠰᠪᠤᠷᠢ ᠬᠠᠲᠠᠭᠤᠵᠢᠯᠲᠠᠢ ᠲᠡᠮᠡᠴᠡᠬᠦ ᠶᠢ ᠲᠡᠳᠦᠢ ᠶᠡᠭᠡ ᠱᠠᠭᠠᠷᠳᠠᠵᠤ᠂ ᠵᠠᠮ ᠨᠡᠭᠡᠭᠡᠨ ᠰᠢᠨ᠎ᠠ ᠶᠢ | ᠡᠬᠦᠳᠬᠦ ᠶᠢ ᠲᠡᠳᠤᠢ ᠶᠡᠭᠡ ᠱᠠᠭᠠᠷᠳᠠᠳᠠᠭ ᠶᠤᠮ᠃ ᠨᠠᠮ ᠠᠴᠠ ᠠᠷᠠᠳ ᠲᠦᠮᠡᠨ ᠢ ᠤᠳᠤᠷᠢᠳᠤᠨ ᠬᠠᠷᠰᠢ ᠰᠠᠭᠠᠳ ᠢ | ᠢᠯᠠᠨ ᠳᠠᠪᠠᠵᠤ᠂ ᠴᠦᠬᠦᠷᠡᠯ ᠦᠭᠡᠢ ᠬᠠᠶᠢᠨ ᠰᠦᠪᠡᠭᠴᠢᠯᠡᠵᠦ᠂ ᠬᠦᠴᠦᠯᠡᠨ ᠵᠠᠮ ᠨᠡᠭᠡᠭᠡᠵᠦ᠂ ᠢᠷᠮᠡᠬᠦᠨ | ᠵᠤᠷᠢᠬᠳᠠᠢ ᠪᠠᠷ ᠤᠷᠤᠭᠰᠢᠯᠠᠨ ᠳᠠᠪᠰᠢᠵᠤ᠂ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ | ᠡᠭᠦᠳᠦᠯᠲᠡ᠂ ᠪᠠᠶᠢᠭᠤᠯᠤᠯ ᠤᠨ ᠰᠢᠨ᠎ᠡ ᠡᠭᠦᠳᠦᠯᠲᠡ᠂ ᠰᠣᠶᠣᠯ ᠤᠨ ᠰᠢᠨ᠎ᠡ ᠡᠭᠦᠳᠦᠯᠲᠡ ᠵᠢᠴᠢ ᠪᠤᠰᠤᠳ ᠡᠯ᠎ᠡ | ᠲᠠᠯ᠎ᠠ ᠶᠢᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠤᠨ᠂ ᠵᠣᠷᠢᠭᠲᠠᠶ ᠪᠠᠷ ᠳᠡᠯᠡᠭᠡᠢ ᠳ᠋ᠡᠬᠢᠨ ᠳᠤ | ᠲᠦᠷᠦᠭᠦᠯᠡᠨ ᠬᠢᠵᠦ᠂ ᠤᠷᠢᠳᠤᠬᠢ ᠬᠥᠮᠦᠰ ᠤᠨ ᠶᠠᠪᠤᠵᠤ ᠦᠩᠭᠡᠷᠡᠭᠡ ᠦᠭᠡᠢ ᠵᠠᠮ ᠢ ᠨᠡᠭᠡᠭᠡᠭᠰᠡᠨ ᠶᠤᠮ᠂ ᠶᠠᠮᠠᠷᠪᠠ | ᠬᠦᠴᠢᠷ ᠪᠡᠷᠬᠡᠰᠢᠶᠡᠯ ᠬᠠᠷᠰᠢ ᠰᠠᠭᠠᠳ ᠴᠥᠮ ᠨᠠᠮ ᠪᠠ ᠠᠷᠠᠳ ᠲᠦᠮᠡᠨ ᠤ ᠤᠷᠤᠭᠰᠢᠯᠠᠯᠲᠠ ᠶᠢᠨ ᠠᠯᠬᠤᠭ᠎ᠠ ᠶᠢ | ᠬᠤᠷᠢᠭᠯᠠᠵᠤ ᠴᠢᠳᠠᠭᠰᠠᠨ ᠦᠭᠡᠢ ᠶᠤᠮ᠃ ᠪᠢᠳᠡ ᠴᠠᠭ ᠦᠶ᠎ᠡ ᠶᠢᠨ ᠤᠷᠤᠰᠬᠠᠯ ᠢ ᠳᠠᠭᠠᠵᠤ᠂ ᠠᠷᠠᠳ ᠲᠦᠮᠡᠨ ᠤ | ᠱᠠᠭᠠᠷᠳᠠᠯᠭ᠎ᠠ ᠳᠤ ᠵᠤᠬᠢᠴᠠᠭᠤᠯᠵᠤ᠂ ᠥᠭᠡᠷᠡᠴᠢᠯᠡᠯᠲᠡ ᠶᠢ ᠵᠣᠷᠢᠭᠲᠠᠶ ᠪᠠᠷ ᠠᠬᠢᠭᠤᠯᠤᠨ᠂ ᠬᠤᠪᠢᠷᠠᠯᠲᠠ ᠶᠢ ᠵᠥᠪ | ᠣᠨᠣᠪᠴᠢᠲᠠᠶ ᠲᠠᠨᠢᠵᠤ ᠰᠢᠨᠵᠢᠯᠡᠬᠦ ᠤᠬᠠᠭᠠᠨᠴᠢ ᠪᠠᠷ ᠠᠷᠭᠠᠴᠠᠨ᠂ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠬᠤ ᠶᠢ | ᠪᠤᠳᠤᠯᠬᠢᠯᠠᠵᠤ᠂ ᠬᠡᠵᠢᠶᠡᠳᠡ ᠬᠥᠰᠢᠭᠦᠷᠡᠬᠦ ᠦᠭᠡᠶ᠂ ᠬᠡᠵᠢᠶᠡᠳᠡ ᠵᠣᠭᠰᠣᠩᠭᠤᠶᠢᠷᠠᠬᠤ ᠦᠭᠡᠶ ᠪᠠᠶᠢᠳᠠᠭ ᠯᠠ ᠶᠤᠮ ᠪᠤᠯ᠂ | ᠬᠦᠮᠦᠰ ᠢ ᠭᠠᠶᠢᠬᠠᠭᠤᠯᠤᠨ ᠪᠢᠰᠢᠷᠡᠭᠦᠯᠦᠮ᠎ᠡ ᠬᠥᠮᠦᠨ ᠤ ᠶᠢᠷᠲᠢᠨᠴᠦ ᠶᠢᠨ ᠭᠠᠶᠢᠬᠠᠮᠰᠢᠭ ᠢ ᠨᠡᠩ ᠤᠯᠠᠨ ᠡᠭᠦᠳᠦᠨ | ᠪᠦᠲᠦᠭᠡᠵᠦ ᠴᠢᠳᠠᠬᠤ ᠨᠢ ᠯᠠᠪᠲᠠᠢ ᠶᠤᠮ᠃ | | ︵ᠨᠠᠢᠮᠠ︶ ᠵᠣᠷᠢᠭᠲᠠᠶ ᠪᠠᠷ ᠲᠡᠮᠡᠴᠡᠯ ᠬᠢᠬᠦ ᠶᠢ ᠪᠠᠷᠢᠮᠲᠠᠯᠠᠨ᠎ᠠ᠃ ᠵᠣᠷᠢᠭᠲᠠᠶ ᠪᠠᠷ ᠲᠡᠮᠡᠴᠡᠯ ᠬᠢᠵᠦ᠂ | ᠵᠣᠷᠢᠭᠲᠠᠶ ᠪᠠᠷ ᠢᠯᠠᠯᠲᠠ ᠤᠯᠬᠤ ᠪᠣᠯ ᠨᠠᠮ ᠪᠠ ᠠᠷᠠᠳ ᠲᠦᠮᠡᠨ ᠤ ᠢᠯᠠᠭᠳᠠᠰᠢ ᠦᠭᠡᠢ ᠬᠦᠴᠦᠷᠬᠡᠭ ᠶᠡᠭᠡ ᠤᠶᠤᠨ | ᠰᠠᠨᠠᠭᠠᠨ ᠤ ᠬᠦᠴᠦᠨ ᠴᠢᠳᠠᠯ ᠮᠥᠨ᠃ ᠨᠠᠮ ᠪᠠ ᠠᠷᠠᠳ ᠲᠦᠮᠡᠨ ᠤ ᠣᠯᠤᠭᠰᠠᠨ ᠠᠯᠢᠪᠠ ᠠᠮᠵᠢᠯᠲᠠ ᠪᠦᠲᠦᠮᠵᠢ ᠨᠢ | ᠲᠩᠷᠢ ᠠᠴᠠ ᠤᠨᠠᠵᠤ ᠢᠷᠡᠭᠰᠡᠨ ᠪᠢᠰᠢ᠂ ᠪᠤᠰᠤᠳ ᠠᠴᠠ ᠢᠪᠡᠬᠡᠨ ᠰᠣᠶᠣᠷᠬᠠᠭᠰᠠᠨ ᠪᠢᠰᠢ᠂ ᠬᠠᠷᠢᠨ ᠲᠠᠰᠤᠷᠠᠯᠲᠠ | ᠦᠭᠡᠢ ᠲᠡᠮᠡᠴᠡᠯ ᠬᠢᠬᠦ ᠪᠠᠷ ᠳᠠᠮᠵᠢᠨ ᠣᠯᠤᠭᠰᠠᠨ ᠶᠤᠮ᠃ ᠨᠠᠮ ᠳᠣᠲᠣᠭᠠᠳᠤ ᠶᠢᠨ ᠵᠤᠪᠠᠯᠠᠩ ᠭᠠᠳᠠᠭᠠᠳᠤ ᠶᠢᠨ | ᠠᠶᠤᠯ ᠤᠨ ᠳᠤᠮᠳᠠ ᠮᠡᠨᠳᠦᠯᠡᠵᠦ᠂ ᠬᠠᠯᠠ ᠵᠣᠪᠠᠯᠠᠩ ᠢ ᠣᠯᠠᠨᠲᠠ ᠲᠤᠭᠤᠯᠬᠤ ᠳᠤᠮᠳᠠ ᠦᠰᠦᠨ ᠪᠤᠶᠢᠵᠢᠵᠤ᠂ | ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠪᠤᠵᠠᠭᠠᠶᠢᠷᠠᠭᠰᠠᠨ ᠶᠤᠮ᠂ ᠠᠷᠠᠳ ᠲᠦᠮᠡᠨ᠂ ᠤᠯᠤᠰ ᠤᠷᠤᠨ᠂ | ᠦᠨᠳᠦᠰᠦᠲᠡᠨ ᠤ ᠪᠠᠨ ᠲᠥᠯᠥᠭᠡ᠂ ᠬᠦᠰᠡᠯᠡᠩ ᠢᠲᠡᠭᠡᠯ ᠵᠣᠷᠢᠭ ᠤᠨ ᠢᠶᠠᠨ ᠲᠥᠯᠥᠭᠡ᠂ ᠳᠠᠶᠢᠰᠤᠨ ᠬᠡᠴᠢᠨᠠᠬᠡᠨ | ᠬᠦᠴᠦᠷᠬᠡᠭ ᠶᠡᠭᠡ᠂ ᠵᠠᠮ ᠬᠡᠴᠢᠨᠠᠬᠡᠨ ᠪᠡᠷᠬᠡ ᠪᠠᠷᠲᠠᠭ᠎ᠠ ᠲᠠᠢ᠂ ᠰᠢᠯᠭᠠᠯᠲᠠ ᠬᠡᠴᠢᠨᠠᠬᠡᠨ ᠬᠦᠨᠳᠦ ᠬᠡᠴᠡᠭᠦᠦ ᠪᠠᠶᠢᠭᠰᠠᠨ | ᠴᠤ᠂ ᠨᠠᠮ ᠶᠡᠷᠦ ᠨᠢ ᠤᠬᠳᠤ ᠵᠢᠷᠦᠬᠡᠰᠢᠶᠡᠯ ᠦᠬᠡᠢ ᠪᠠᠷ᠂ ᠤᠬᠳᠤ ᠤᠬᠤᠷᠢᠯ ᠦᠭᠡᠢ ᠪᠠᠷ᠂ ᠦᠷᠡᠭᠳᠡᠯ | ᠰᠦᠢᠳᠦᠯ ᠠᠴᠠ ᠠᠶᠤᠬᠤ ᠦᠬᠡᠢ ᠪᠠᠷ ᠨᠤᠭᠤᠷᠠᠰᠢ ᠦᠭᠡᠢ ᠲᠡᠮᠡᠴᠡᠪᠡ᠃ ᠪᠢᠳᠡ ᠰᠢᠨ᠎ᠡ ᠠᠭᠤᠤ ᠶᠡᠭᠡ ᠲᠡᠮᠡᠴᠡᠯ ᠤᠨ | ᠲᠡᠦᠬᠡᠨ ᠣᠨᠴᠠᠯᠢᠭ ᠢ ᠡᠵᠡᠮᠰᠢᠵᠦ᠂ ᠲᠡᠦᠬᠡᠨ ᠲᠣᠬᠢᠶᠠᠯ ᠢ ᠠᠮᠵᠢᠨ ᠰᠠᠶᠢᠲᠤᠷ ᠠᠰᠢᠭᠯᠠᠵᠤ᠂ ᠰᠢᠳᠡᠷ᠎ᠠ ᠶᠢᠨ | ᠳᠦᠷᠤᠬᠦᠦ ᠨᠠᠬᠦᠳᠠᠯ ᠢᠶᠠᠨ ᠰᠠᠶᠢᠳᠤᠷ ᠶᠠᠪᠤᠭᠤᠯᠤᠨ᠂ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ ᠲᠡᠮᠡᠴᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠤᠨ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ ᠪᠦᠬᠦ ᠨᠠᠮ ᠪᠦᠬᠦ ᠤᠯᠤᠰ ᠤᠨ | ᠠᠷᠠᠳ ᠲᠦᠮᠡᠨ ᠤ ᠵᠣᠷᠢᠭ ᠰᠠᠨᠠᠭ᠎ᠠ ᠪᠠ ᠬᠦᠴᠦᠨ ᠴᠢᠳᠠᠯ ᠢ ᠨᠢᠭᠲᠠᠷᠠᠭᠤᠯᠳᠠᠭ ᠯᠠ ᠶᠤᠮ ᠪᠤᠯ᠂ ᠠᠯᠢᠪᠠ | ᠤᠷᠢᠳᠴᠢᠯᠠᠨ ᠮᠡᠳᠡᠵᠦ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠲᠦᠭᠰᠢᠭᠦᠷᠢ ᠪᠠ ᠰᠢᠯᠭᠠᠯᠲᠠ ᠶᠢ ᠢᠯᠠᠵᠤ | ᠴᠢᠳᠠᠬᠤ ᠨᠢ ᠯᠠᠪᠲᠠᠶ ᠶᠤᠮ᠃ | ︵ᠶᠢᠰᠦ︶ ᠨᠢᠭᠡᠳᠦᠮᠡᠯ ᠹᠷᠣᠨᠲ ᠢ ᠪᠠᠷᠢᠮᠲᠠᠯᠠᠨ᠎ᠠ᠃ ᠪᠦᠯᠬᠦᠮᠳᠡᠯ ᠪᠣᠯ ᠬᠦᠴᠦᠨ ᠮᠥᠨ᠃ ᠬᠠᠮᠤᠭ ᠤᠨ | ᠥᠷᠭᠡᠨ ᠳᠡᠯᠭᠡᠷ ᠨᠢᠭᠡᠳᠦᠮᠡᠯ ᠹᠷᠣᠨᠲ ᠢ ᠪᠠᠶᠢᠭᠤᠯᠬᠤ ᠪᠤᠯ ᠨᠠᠮ ᠤᠨ ᠳᠠᠶᠢᠰᠤᠨ ᠢ ᠳᠠᠷᠤᠵᠤ ᠳᠠᠷᠬᠠᠨ ᠢᠯᠠᠯᠲᠠ | ᠤᠯᠬᠤ ᠶᠢᠨ ᠴᠢᠬᠤᠯᠠ ᠡᠷᠳᠡᠨᠢ ᠮᠥᠨ᠂ ᠪᠠᠰᠠ ᠴᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ | ᠴᠢᠬᠤᠯᠠ ᠡᠷᠳᠡᠨᠢ ᠮᠥᠨ᠃ ᠨᠠᠮ ᠢᠮᠠᠭᠲᠠ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠪᠦᠯᠬᠦᠮᠳᠡᠵᠦ | ᠪᠣᠯᠬᠤ ᠬᠦᠴᠦᠨ ᠪᠦᠬᠦᠨ ᠲᠠᠢ ᠪᠦᠯᠬᠦᠮᠳᠡᠨ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ | ᠳᠠᠶᠢᠴᠢᠯᠠᠵᠤ᠂ ᠲᠥᠷᠥ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ | ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠤᠨ | ᠬᠠᠷᠢᠴᠠᠭ᠎ᠠ ᠶᠢᠨ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ | ᠶᠡᠭᠡ ᠬᠡᠮᠵᠢᠶ᠎ᠡ ᠪᠠᠷ ᠨᠢᠭᠲᠠᠷᠠᠭᠤᠯᠪᠠ᠃ ᠪᠢᠳᠡ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ᠂ ᠪᠦᠬᠦ ᠤᠯᠤᠰ ᠤᠨ | ᠠᠷᠠᠳ ᠲᠦᠮᠡᠨ ᠤ ᠶᠡᠭᠡ ᠪᠦᠯᠬᠦᠮᠳᠡᠯ᠂ ᠪᠦᠬᠦ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ | ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠤᠢ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ | ᠥᠬᠢᠳ ᠤᠨ ᠰᠡᠳᠭᠢᠯ ᠢᠶᠠᠨ ᠨᠢᠭᠡᠳᠭᠡᠵᠦ ᠬᠦᠴᠦ ᠪᠠᠨ ᠬᠠᠮᠲᠤᠳᠬᠠᠬᠤ ᠠᠮᠢᠳᠤᠯᠢᠭ ᠪᠠᠶᠢᠳᠠᠯ ᠢ ᠪᠤᠢ ᠪᠤᠯᠭᠠᠳᠠᠭ ᠯᠡ | ᠶᠤᠮ ᠪᠤᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ | ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ ᠴᠢᠳᠠᠬᠤ ᠨᠢ ᠯᠠᠪᠲᠠᠢ ᠶᠤᠮ᠃ | ︵ᠠᠷᠪᠠ︶ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠲᠠᠯᠠᠨ᠎ᠠ᠃ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠰᠤᠳ ᠲᠦᠷᠦ ᠶᠢᠨ ᠨᠠᠮ ᠠᠴᠠ | ᠢᠯᠭᠠᠭᠳᠠᠬᠤ ᠢᠯᠡ ᠲᠣᠳᠣ ᠪᠡᠯᠭᠡ ᠲᠡᠮᠳᠡᠭ ᠮᠥᠨ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ | ᠪᠣᠯ ᠨᠠᠮ ᠤᠨ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠡᠭᠦᠷᠢᠳᠡ ᠬᠠᠳᠠᠭᠠᠯᠠᠬᠤ ᠶᠢᠨ ᠬᠦᠴᠦᠷᠬᠡᠭ ᠶᠡᠭᠡ | ᠲᠤᠯᠭᠠᠭᠤᠷᠢᠯᠠᠯ ᠮᠥᠨ᠃ ᠲᠡᠷᠢᠭᠦᠨ ᠤ ᠮᠠᠷᠺᠰ ᠤᠨ ᠦᠵᠡᠯ ᠤᠨ ᠲᠦᠷᠦ ᠶᠢᠨ ᠨᠠᠮ ᠪᠣᠯ ᠲᠥᠷᠥᠯᠬᠢ ᠶᠢᠨ ᠪᠢᠰᠢ᠂ | ᠬᠠᠷᠢᠨ ᠲᠠᠰᠤᠷᠠᠯᠲᠠ ᠦᠭᠡᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠴᠠ ᠳᠤ ᠬᠠᠲᠠᠭᠤᠵᠢᠨ | ᠪᠣᠯᠪᠠᠰᠤᠷᠠᠭᠰᠠᠨ ᠶᠤᠮ᠃ ᠨᠠᠮ ᠵᠠᠭᠤᠨ ᠵᠢᠯ ᠤᠨ ᠬᠤᠪᠢᠰᠤᠯᠲᠠ ᠶᠢ ᠥᠩᠭᠡᠷᠡᠭᠡᠭᠡᠳ ᠠᠮᠢᠵᠢᠷᠠᠯ ᠤᠨ ᠬᠦᠴᠦᠨ ᠢᠶᠠᠷ | ᠨᠡᠩ ᠪᠢᠯᠬᠠᠮ᠎ᠠ ᠪᠤᠯᠤᠭᠰᠠᠨ ᠤ ᠨᠢᠭᠤᠴᠠ ᠨᠢ ᠢᠮᠠᠭᠲᠠ ᠦᠨᠡᠨ ᠶᠣᠰᠣ ᠶᠢ ᠪᠠᠷᠢᠮᠲᠠᠯᠠᠵᠤ᠂ ᠠᠯᠳᠠᠭ᠎ᠠ ᠪᠤᠷᠤᠭᠤ ᠪᠠᠨ | ᠵᠠᠯᠠᠷᠠᠭᠤᠯᠤᠭᠰᠠᠨ ᠳᠤ ᠤᠷᠤᠰᠢᠨ᠎ᠠ᠃ ᠨᠠᠮ ᠤᠨ ᠠᠭᠤᠤ ᠶᠡᠭᠡ ᠨᠢ ᠠᠯᠳᠠᠭ᠎ᠠ ᠭᠠᠷᠭᠠᠬᠤ ᠦᠭᠡᠢ ᠳᠤ ᠪᠠᠶᠢᠬᠤ ᠪᠢᠰᠢ᠂ | ᠬᠠᠷᠢᠨ ᠶᠡᠷᠦ ᠠᠴᠠ ᠡᠪᠡᠳᠴᠢᠨ ᠢᠶᠠᠨ ᠨᠢᠭᠤᠬᠤ ᠦᠬᠡᠢ ᠡᠮᠨᠡᠭᠦᠯᠬᠦ ᠠᠴᠠ ᠲᠠᠲᠠᠭᠠᠯᠵᠠᠬᠤ ᠦᠭᠡᠢ ᠪᠠᠶᠢᠵᠤ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠢᠳᠡᠪᠬᠢᠲᠡᠢ ᠥᠷᠨᠢᠭᠦᠯᠵᠦ᠂ ᠵᠣᠷᠢᠭᠲᠠᠶ ᠪᠠᠷ ᠠᠰᠠᠭᠤᠳᠠᠯ ᠳᠤ ᠰᠢᠭᠤᠳ | ᠬᠠᠨᠳᠤᠨ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠳᠤ ᠤᠷᠤᠰᠢᠨ᠎ᠠ᠃ ᠪᠢᠳᠡ ᠨᠠᠮ ᠤᠨ | ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠦᠴᠦᠨ ᠵᠦᠢᠯ ᠢ ᠲᠠᠰᠤᠷᠠᠯᠲᠠ ᠦᠭᠡᠢ | ᠠᠷᠢᠯᠭᠠᠵᠤ᠂ ᠨᠠᠮ ᠤᠨ ᠡᠷᠡᠭᠦᠯ ᠴᠣᠭᠴᠠᠰ ᠢ ᠬᠥᠨᠥᠭᠡᠬᠦ ᠠᠯᠢᠪᠠ ᠸᠢᠷᠦ᠋ᠰ ᠢ ᠲᠠᠰᠤᠷᠠᠯᠲᠠ ᠦᠭᠡᠢ ᠠᠷᠢᠯᠭᠠᠳᠠᠭ ᠯᠠ | ᠶᠤᠮ ᠪᠤᠯ᠂ ᠨᠠᠮ ᠤᠨ ᠴᠢᠨᠠᠷ ᠬᠤᠪᠢᠷᠠᠬᠤ ᠦᠭᠡᠢ᠂ ᠥᠩᠭᠡ ᠬᠤᠪᠢᠷᠠᠬᠤ ᠦᠭᠡᠶ᠂ ᠦᠨᠦᠷ ᠬᠤᠪᠢᠷᠠᠬᠤ ᠦᠭᠡᠶ | ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ | ᠭᠤᠣᠯᠯᠠᠭᠴᠢ ᠪᠣᠯᠬᠤ ᠶᠢ ᠦᠨᠡᠨ ᠬᠦ ᠪᠠᠲᠤᠯᠠᠵᠤ ᠴᠢᠳᠠᠬᠤ ᠨᠢ ᠯᠠᠪᠲᠠᠢ ᠶᠤᠮ᠃ ᠳᠡᠭᠡᠷᠡᠬᠢ ᠠᠷᠪᠠᠨ ᠲᠠᠯ᠎ᠠ ᠪᠣᠯ | ᠤᠷᠲᠤ ᠬᠤᠭᠤᠴᠠᠭᠠᠨ ᠤ ᠦᠢᠯᠡᠳᠦᠯᠭᠡ ᠪᠠᠷ ᠳᠠᠮᠵᠢᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠮᠦᠨ᠂ | ᠨᠠᠮ ᠪᠣᠯᠤᠨ ᠠᠷᠠᠳ ᠲᠦᠮᠡᠨ ᠤ ᠬᠠᠮᠲᠤ ᠪᠠᠷ ᠡᠭᠦᠳᠦᠨ ᠪᠦᠲᠦᠭᠡᠭᠰᠡᠨ ᠣᠶᠤᠨ ᠰᠠᠨᠠᠭᠠᠨ ᠤ ᠥᠪ ᠬᠥᠷᠥᠩᠭᠡ ᠮᠦᠨ᠂ | ᠡᠷᠬᠡᠪᠰᠢ ᠬᠤᠪᠢ ᠳᠠᠬᠢᠨ ᠨᠠᠨᠳᠢᠩᠨᠠᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠰᠢᠨ᠎ᠡ ᠴᠠᠭ | ᠦᠶ᠎ᠡ ᠶᠢᠨ ᠦᠢᠯᠡᠳᠦᠯᠭᠡ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ᠃ ᠲᠤᠯᠤᠭ᠎ᠠ᠂ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠲᠤᠯᠭᠤᠷ ᠵᠤᠷᠢᠯᠲᠠ ᠪᠠᠨ ᠮᠠᠷᠲᠠᠬᠤ ᠦᠭᠡᠢ ᠪᠤᠯ | ᠰᠠᠶ᠋ᠢ ᠲᠤᠭᠤᠰᠢᠲᠠᠢ ᠪᠠᠷᠢᠮᠲᠠᠯᠠᠵᠤ ᠴᠢᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ | ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠤᠨ ᠲᠦᠯᠦᠭᠡ ᠵᠣᠷᠢᠭ ᠰᠢᠭᠤᠳᠤᠨ ᠠᠵᠢᠯᠯᠠᠵᠤ ᠪᠤᠢ᠂ ᠵᠠᠭᠤᠨ | ᠵᠢᠯ ᠪᠣᠯ ᠶᠠᠬ ᠴᠤᠬ ᠪᠠᠳᠠᠷᠠᠩᠭᠤᠢ ᠦᠶ᠎ᠡ ᠮᠦᠨ᠃ ᠥᠩᠭᠡᠷᠡᠭᠰᠡᠨ ᠵᠠᠭᠤᠨ ᠵᠢᠯ ᠳᠤ᠂ ᠨᠠᠮ ᠠᠴᠠ ᠠᠷᠠᠳ ᠲᠦᠮᠡᠨ | ᠪᠠ ᠲᠡᠦᠬᠡ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠤᠳᠤ᠂ ᠨᠠᠮ ᠠᠴᠠ | ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠶᠠᠳᠤᠭᠠᠷ ᠵᠠᠭᠤᠨ ᠵᠢᠯ ᠤᠨ | ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠠᠶᠠᠨ ᠳᠠᠭᠠᠨ ᠮᠤᠷᠳᠠᠯ᠎ᠠ᠃ ᠴᠠᠭ ᠦᠶ᠎ᠡ ᠪᠣᠯ | ᠰᠢᠯᠭᠠᠯᠲᠠ ᠭᠠᠷᠭᠠᠭᠴᠢ᠂ ᠪᠢᠳᠡ ᠪᠣᠯ ᠰᠢᠯᠭᠠᠯᠲᠠ ᠬᠠᠷᠢᠭᠤᠯᠤᠭᠴᠢ᠂ ᠠᠷᠠᠳ ᠲᠦᠮᠡᠨ ᠪᠣᠯ ᠰᠢᠯᠭᠠᠯᠲᠠ ᠬᠢᠨᠠᠭᠴᠢ | ᠮᠥᠨ᠃ ᠪᠢᠳᠡ ᠵᠠᠪᠠᠯ ᠦᠷᠭᠦᠯᠵᠢᠯᠡᠨ ᠰᠢᠯᠭᠠᠯᠳᠠ ᠶᠢᠨ ᠰᠠᠶᠢᠨ ᠬᠢᠷᠢ ᠪᠦᠲᠦᠮᠵᠢ ᠣᠯᠵᠤ᠂ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠠᠮᠵᠢᠯᠲᠠ ᠪᠦᠲᠦᠮᠵᠢ ᠪᠠᠨ ᠢᠯᠡᠷᠡᠭᠦᠯᠬᠦ ᠬᠡᠷᠡᠭᠲᠡᠢ᠃ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ | ᠪᠡᠶᠡᠯᠡᠭᠦᠯᠬᠦ ᠳᠤ ᠬᠤᠶᠠᠷ ᠱᠠᠳᠤ ᠬᠤᠪᠢᠶᠠᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠬᠢᠪᠡ᠃ | 2020 ᠤᠨ ᠠᠴᠠ 2035 ᠤᠨ ᠪᠤᠯᠳᠠᠯ᠎ᠠ᠂ ᠨᠡᠶᠢᠭᠡᠮ ᠵᠢᠷᠤᠮ ᠤᠨ ᠤᠳᠤᠬᠢᠴᠢᠯᠡᠯᠳᠡ ᠶᠢ | ᠦᠨᠳᠦᠰᠦᠨ ᠳᠡᠭᠡᠨ ᠪᠡᠶᠡᠯᠡᠬᠦᠯᠦᠨ᠎ᠡ᠂ 2035 ᠤᠨ ᠠᠴᠠ ᠲᠤᠰ ᠵᠠᠭᠤᠨ ᠤ ᠲᠤᠮᠳᠠᠴᠢ ᠦᠶ᠎ᠡ ᠪᠤᠯᠳᠠᠯ᠎ᠠ᠂ ᠮᠠᠨ ᠤ | ᠤᠯᠤᠰ ᠢᠶᠠᠨ ᠨᠡᠶᠢᠭᠡᠮ ᠵᠢᠷᠤᠮᠳᠤ ᠤᠳᠤᠬᠢᠴᠢᠯᠠᠬᠰᠠᠨ ᠬᠦᠴᠦᠷᠭᠡᠭ ᠤᠯᠤᠰ ᠪᠤᠯᠭᠠᠨ ᠪᠠᠶᠢᠭᠤᠯᠤᠨ ᠪᠦᠳᠦᠭᠡᠨ᠎ᠡ᠃ | ᠲᠡᠷᠡ ᠦᠶ᠎ᠡ ᠪᠤᠯᠬᠤ ᠳᠤ᠂ ᠮᠠᠨ ᠤ ᠤᠯᠤᠰ ᠤᠨ ᠪᠤᠳᠠᠰ ᠤᠨ ᠪᠤᠯᠪᠠᠰᠤᠨ᠂ ᠤᠯᠤᠰ ᠲᠦᠷᠦ ᠶᠢᠨ ᠪᠤᠯᠪᠠᠰᠤᠨ᠂ | ᠤᠶᠤᠨ ᠤ ᠪᠤᠯᠪᠠᠰᠤᠨ᠂ ᠨᠡᠶᠢᠭᠡᠮ ᠤᠨ ᠪᠤᠯᠪᠠᠰᠤᠨ᠂ ᠠᠮᠢ ᠠᠬᠤᠢ ᠶᠢᠨ ᠪᠤᠯᠪᠠᠰᠤᠨ ᠪᠦᠬᠦ ᠲᠠᠯ᠎ᠠ ᠪᠠᠷ ᠲᠡᠭᠡᠭᠰᠢᠯᠡᠵᠦ᠂ | ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠦᠷᠢ ᠶᠢᠨ ᠤᠳᠤᠬᠢᠴᠢᠯᠠᠯᠳᠠ ᠶᠢ ᠪᠡᠶᠡᠯᠡᠬᠦᠯᠵᠦ᠂ ᠤᠯᠤᠰ ᠤᠨ | ᠶᠡᠷᠦᠩᠬᠡᠢ ᠬᠦᠴᠦᠨ ᠪᠠ ᠲᠡᠯᠡᠬᠡᠢ ᠲᠡᠭᠡᠷᠡᠬᠢ ᠨᠦᠯᠦᠭᠡᠯᠡᠬᠦ ᠬᠦᠴᠦᠨ ᠢᠶᠠᠷ ᠲᠡᠷᠢᠬᠦᠯᠡᠭᠰᠡᠨ ᠤᠯᠤᠰ ᠪᠤᠯᠵᠦ᠂ ᠪᠦᠬᠦ | ᠠᠷᠠᠳ ᠲᠦᠮᠡᠨ ᠤ ᠬᠠᠮᠳᠤ ᠪᠠᠷ ᠴᠢᠨᠡᠭᠡᠯᠢᠭᠵᠢᠬᠦ ᠶᠢ ᠦᠨᠳᠦᠰᠦᠨ ᠳᠡᠭᠡᠨ ᠪᠡᠶᠡᠯᠡᠬᠦᠯᠵᠦ᠂ ᠮᠠᠨ ᠤ ᠤᠯᠤᠰ ᠤᠨ ᠠᠷᠠᠳ | ᠲᠦᠮᠡᠨ ᠨᠡᠩ ᠵᠤᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠯ ᠢ ᠡᠳ᠋ᠯᠡᠵᠦ᠂ ᠲᠤᠮᠳᠠᠳᠤ ᠶᠢᠨ ᠦᠨᠳᠦᠰᠦᠳᠡᠨ ᠨᠡᠩ | ᠴᠤᠭ ᠪᠠᠳᠠᠷᠠᠩᠭᠤᠢ ᠲᠦᠷᠢ ᠪᠠᠶᠢᠳᠠᠯ ᠢᠶᠠᠷ ᠲᠡᠯᠡᠬᠡᠢ ᠶᠢᠨ ᠦᠨᠳᠦᠰᠦᠳᠡᠨ ᠤ ᠡᠩᠨᠡᠭᠡᠨ ᠳᠤ ᠰᠦᠨᠳᠡᠷᠯᠡᠬᠦ ᠪᠤᠯᠤᠨ᠎ᠠ᠃ | ᠥᠨᠥᠳᠥᠷ᠂ ᠪᠢᠳᠡ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠶᠢ ᠪᠡᠶᠡᠯᠡᠬᠦᠯᠬᠦ | ᠬᠠᠷᠠᠯᠳᠠ ᠳᠤ ᠲᠡᠣᠬᠡ ᠶᠢᠨ ᠠᠯᠢ ᠴᠤ ᠥᠶ᠎ᠠ ᠠᠴᠠ ᠢᠯᠡᠬᠦᠥ ᠣᠶᠢᠷᠠᠳᠣᠵᠤ᠂ ᠡᠨᠡ ᠬᠦ ᠬᠠᠷᠠᠯᠳᠠ ᠶᠢ ᠪᠡᠶᠡᠯᠡᠬᠦᠯᠬᠦ | ᠢᠳᠡᠬᠡᠯ ᠪᠠ ᠴᠢᠳᠠᠪᠣᠷᠢ ᠮᠠᠨᠢ ᠲᠡᠣᠬᠡ ᠶᠢᠨ ᠠᠯᠢ ᠴᠤ ᠥᠶ᠎ᠠ ᠠᠴᠠ ᠢᠯᠡᠬᠦᠥ ᠴᠢᠩᠭᠠᠷᠠᠵᠠᠢ᠃ ᠡᠭᠦᠨ ᠤ ᠬᠠᠮᠲᠤ᠂ | ᠪᠦᠬᠦ ᠨᠠᠮ ᠢᠶᠠᠷ ᠢᠶᠠᠨ ᠲᠣᠮᠳᠠᠳᠣ ᠶᠢᠨ ᠥᠨᠳᠥᠰᠥᠳᠡᠨ ᠤ ᠠᠭᠤᠣ ᠶᠡᠭᠡ ᠰᠡᠷᠭᠦᠨ ᠮᠠᠨᠳᠣᠯᠳᠠ ᠪᠣᠯ ᠶᠠᠭᠠᠬᠢᠭᠰᠠᠨ ᠴᠤ | ᠲᠡᠶᠢᠮᠥ ᠬᠢᠯᠪᠠᠷᠬᠠᠨ ᠢᠶᠠᠷ᠂ ᠬᠠᠷᠠᠩᠭ᠎ᠠ ᠴᠤᠬᠢᠵᠤ ᠬᠡᠩᠭᠡᠷᠭᠡ ᠳᠡᠯᠡᠳᠪᠡᠯ ᠪᠡᠶᠡᠯᠡᠭᠳᠡᠴᠢᠭᠡᠬᠦ ᠶᠠᠪᠣᠳᠠᠯ ᠪᠢᠰᠢ᠂ | ᠤᠷᠤᠭᠰᠢᠯᠠᠯᠲᠠ ᠶᠢᠨ ᠵᠠᠮ ᠳᠡᠭᠡᠷ᠎ᠡ ᠮᠥᠨ ᠯᠡ ᠲᠥᠰᠦᠭᠡᠯᠡᠵᠦ ᠪᠣᠯᠬᠤ ᠪᠠ ᠲᠥᠰᠦᠭᠡᠯᠡᠬᠦᠶ᠎ᠡ ᠪᠡᠷᠬᠡ ᠡᠯ᠎ᠡ ᠵᠦᠢᠯ ᠤᠨ | ᠲᠦᠭᠰᠢᠭᠦᠷᠢ ᠪᠠ ᠰᠢᠯᠭᠠᠯᠲᠠ ᠤᠷᠤᠰᠢᠵᠤ ᠪᠠᠶᠢᠨ᠎ᠠ ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ︔ | ᠮᠠᠨ ᠤ ᠣᠯᠣᠰ ᠮᠥᠨ ᠯᠡ ᠨᠡᠶᠢᠭᠡᠮ ᠵᠢᠷᠣᠮ ᠤᠨ ᠠᠩᠬᠠᠨ ᠤ ᠱᠠᠳᠣᠨ ᠳᠤ ᠣᠷᠣᠰᠢᠵᠥ ᠪᠠᠶᠢᠭ᠎ᠠ ᠪᠥᠭᠡᠳ ᠣᠷᠳᠣ | ᠬᠤᠭᠤᠴᠠᠭ᠎ᠠ ᠪᠠᠷ ᠣᠷᠣᠰᠢᠬᠤ ᠪᠤᠯᠤᠨ᠎ᠠ᠂ ᠮᠠᠨ ᠤ ᠤᠯᠤᠰ ᠪᠤᠯ ᠮᠥᠨ ᠯᠡ ᠳᠡᠯᠡᠬᠡᠶ ᠶᠢᠨ ᠬᠠᠮᠤᠭ ᠤᠨ ᠲᠣᠮᠣ | ᠬᠥᠭᠵᠢᠵᠦ ᠪᠠᠶᠢᠭ᠎ᠠ ᠤᠯᠤᠰ ᠪᠣᠯᠤᠨ᠎ᠠ᠂ ᠨᠡᠶᠢᠭᠡᠮ ᠤᠨ ᠭᠤᠤᠯ ᠵᠥᠷᠢᠴᠡᠯ ᠪᠣᠯ ᠠᠷᠠᠳ ᠲᠥᠮᠡᠨ ᠤ ᠡᠳᠥᠷ ᠢᠷᠡᠬᠦᠶ᠎ᠠ | ᠨᠡᠮᠡᠭᠳᠡᠵᠥ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠬᠡᠷᠡᠭᠴᠡᠭᠡ ᠪᠤᠯᠤᠨ ᠲᠡᠩᠴᠡᠭᠦᠷᠢ ᠥᠭᠡᠢ ᠬᠥᠢᠴᠡᠳ ᠥᠭᠡᠢ | ᠬᠥᠭᠵᠢᠯᠳᠡ ᠶᠢᠨ ᠬᠤᠭᠤᠷᠣᠨᠳᠣᠬᠢ ᠵᠥᠷᠢᠴᠡᠯ ᠪᠤᠯᠤᠨ᠎ᠠ ᠭᠡᠳᠡᠭ ᠢ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ | ᠃ ᠪᠦᠬᠦ ᠨᠠᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ᠶᠠᠭᠤ ᠪᠤᠢ᠂ ᠶᠠᠭᠤ ᠬᠢᠬᠦ ᠶᠤᠰᠤᠲᠠᠢ ᠪᠤᠢ | ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ | ᠡᠵᠡᠮᠳᠡᠨ᠂ ᠬᠦᠰᠡᠯᠡᠩ ᠢᠲᠡᠭᠡᠯ ᠵᠤᠷᠢᠭ ᠢᠶᠠᠨ ᠪᠠᠲᠤᠳᠬᠠᠵᠤ᠂ ᠲᠤᠯᠭᠤᠷ ᠵᠤᠷᠢᠯᠲᠠ ᠡᠬᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠨ᠂ ᠢᠮᠠᠬᠳᠠ ᠲᠠᠷᠤᠤ ᠬᠢᠴᠢᠶᠡᠩᠭᠦᠢ ᠬᠢᠨᠠᠭᠤᠷ ᠪᠤᠯᠭᠤᠮᠵᠢᠳᠠᠢ ᠪᠠᠶᠢᠵᠤ᠂ ᠪᠠᠷᠳᠠᠮᠨᠠᠬᠤ ᠦᠭᠡᠢ | ᠪᠠᠴᠢᠮᠳᠠᠬᠤ ᠦᠭᠡᠢ ᠪᠠᠷ ᠲᠡᠰᠪᠦᠷᠢ ᠬᠠᠲᠠᠭᠤᠵᠢᠯᠲᠠᠶ ᠲᠡᠮᠡᠴᠡᠵᠦ᠂ ᠠᠭᠤᠤ ᠶᠡᠭᠡ ᠢᠯᠠᠯᠲᠠ ᠳᠤᠮᠳᠠ ᠠᠴᠠ ᠡᠷᠡᠯᠬᠡᠭᠯᠡᠨ | ᠤᠷᠤᠭᠰᠢᠯᠠᠬᠤ ᠬᠦᠴᠦᠨ ᠴᠢᠳᠠᠯ ᠢ ᠬᠥᠭᠵᠢᠭᠡᠵᠦ᠂ ᠮᠤᠷᠤᠶ ᠵᠠᠮ ᠨᠤᠭᠤᠷᠠᠯ ᠪᠦᠳᠦᠷᠢᠯ ᠳᠤᠮᠳᠠ ᠠᠴᠠ ᠲᠡᠦᠬᠡᠨ | ᠰᠤᠷᠭᠠᠮᠵᠢ ᠬᠦᠯᠢᠶᠡᠨ ᠠᠪᠴᠤ᠂ ᠶᠠᠮᠠᠷᠪᠠ ᠠᠶᠤᠯ ᠲᠦᠭᠰᠢᠭᠦᠷᠢ ᠠᠴᠠ ᠡᠮᠢᠶᠡᠬᠦ ᠦᠭᠡᠢ᠂ ᠶᠠᠮᠠᠷᠪᠠ ᠰᠠᠭᠠᠳ | ᠬᠠᠷᠰᠢᠯᠠᠯ ᠳᠤ ᠨᠦᠯᠦᠭᠡᠯᠡᠭᠳᠡᠬᠦ ᠦᠭᠡᠢ᠂ ᠦᠨᠳᠦᠰᠦᠨ ᠴᠢᠨᠠᠷᠲᠠᠶ ᠠᠰᠠᠭᠤᠳᠠᠯ ᠳᠡᠭᠡᠷ᠎ᠡ ᠨᠤᠷᠠᠭᠠᠯᠲᠠ ᠶᠢᠨ ᠴᠢᠨᠠᠷᠲᠠᠶ | ᠠᠯᠳᠠᠭ᠎ᠠ ᠶᠠᠭᠠᠬᠢᠭᠰᠠᠨ ᠴᠤ ᠭᠠᠷᠭᠠᠬᠤ ᠦᠭᠡᠢ ᠪᠠᠶᠢᠵᠤ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ | ᠲᠡᠮᠡᠴᠡᠬᠦ ᠵᠤᠷᠢᠬ ᠢᠶᠠᠷ ᠲᠣᠭᠲᠠᠭᠰᠠᠨ ᠬᠠᠷᠠᠯᠲᠠ ᠪᠠᠨ ᠴᠢᠷᠮᠠᠶᠢᠨ ᠪᠡᠶᠡᠯᠡᠭᠦᠯᠵᠦ᠂ ᠵᠠᠭᠤᠨ ᠭᠠᠵᠠᠷ ᠠᠶᠠᠯᠠᠬᠤᠢ ᠳᠤᠷ | ᠶᠡᠷᠡᠨ ᠭᠠᠵᠠᠷ ᠳᠤᠭᠤᠯᠤᠭᠰᠠᠨ ᠠᠨᠤ ᠬᠠᠭᠠᠰ ᠵᠠᠮᠨᠠᠭᠰᠠᠨ ᠳᠡᠳᠤᠢ ᠪᠤᠯᠠᠢ ᠭᠡᠬᠦ ᠰᠡᠷᠬᠡᠭ ᠲᠠᠨᠢᠯᠳᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ | ᠪᠦᠬᠦ ᠨᠠᠮ ᠢᠶᠠᠷ ᠢᠶᠠᠨ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ | ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ | ᠡᠵᠡᠮᠳᠡᠨ᠂ ᠴᠠᠭ ᠦᠶ᠎ᠡ ᠶᠢ ᠬᠥᠲᠥᠯᠥᠨ ᠳᠠᠭᠠᠭᠤᠯᠵᠤ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣ᠂ | ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ᠂ ᠬᠥᠮᠦᠨ ᠲᠥᠷᠥᠯᠬᠢᠲᠡᠨ ᠤ ᠨᠡᠶᠢᠭᠡᠮ ᠤᠨ | ᠬᠥᠭᠵᠢᠯᠲᠡ ᠶᠢᠨ ᠵᠢᠮ᠎ᠡ ᠶᠣᠰᠣᠨ ᠤ ᠲᠤᠬᠠᠶ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠶ᠃ | ᠡᠷᠬᠡᠪᠰᠢ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ | ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠶ ᠪᠠᠶᠢᠷᠢᠯᠠᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠩᠭᠤᠢ ᠪᠠᠷ ᠠᠬᠢᠭᠤᠯᠵᠤ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠤᠨ᠂ | ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠪᠦᠬᠦ ᠶᠠᠪᠤᠴᠠ ᠶᠢᠨ | ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠵᠤ᠂ | ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠠᠷᠢᠮᠲᠠᠯᠠᠨ᠂ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠰᠢᠰᠲ᠋ᠧᠮ ᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠶᠢ ᠪᠠᠷᠢᠮᠲᠠᠯᠠᠨ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ | ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠲᠦᠷᠭᠡᠳᠭᠡᠵᠦ᠂ ᠠᠷᠠᠳ ᠲᠦᠮᠡᠨ ᠪᠠᠶᠠᠵᠢᠨ | ᠴᠢᠨᠡᠭᠡᠯᠢᠭᠵᠢᠭᠦ᠂ ᠤᠯᠤᠰ ᠤᠷᠤᠨ ᠬᠦᠴᠦᠷᠭᠡᠭᠵᠢᠨ ᠪᠠᠳᠠᠷᠠᠬᠤ᠂ ᠳᠤᠮᠳᠠᠳᠤ ᠤᠯᠤᠰ ᠦᠵᠡᠰᠭᠦᠯᠡᠩᠳᠤ ᠰᠠᠶᠢᠬᠠᠨ | ᠪᠤᠯᠬᠤ ᠶᠢ ᠬᠠᠮᠵᠢᠯᠴᠠᠭᠤᠯᠤᠨ ᠠᠬᠢᠭᠤᠯᠬᠤ ᠭᠡᠷᠡᠭᠲᠡᠢ᠃ ᠪᠦᠬᠦ ᠨᠠᠮ ᠢᠶᠠᠷ ᠢᠶᠠᠨ ᠡᠷᠬᠡᠪᠰᠢ ᠠᠷᠠᠳ ᠤᠯᠠᠨ ᠯᠤᠭ᠎ᠠ ᠶᠢᠨ | ᠰᠠᠯᠵᠤ ᠪᠤᠯᠤᠰᠢ ᠦᠭᠡᠢ ᠬᠠᠷᠢᠴᠠᠭ᠎ᠠ ᠪᠠᠨ ᠡᠭᠦᠷᠢᠳᠡ ᠪᠠᠲᠤᠯᠠᠵᠤ᠂ ᠠᠷᠠᠳ ᠲᠦᠮᠡᠨ ᠤ ᠵᠣᠭᠰᠣᠯᠲᠠ ᠪᠠᠨ | ᠪᠠᠲᠤᠳᠬᠠᠨ᠂ ᠠᠷᠠᠳ ᠲᠦᠮᠡᠨ ᠤ ᠪᠡᠶᠡᠴᠢ ᠴᠤᠭᠴᠠ ᠶᠢᠨ ᠪᠠᠶᠢᠷᠢ ᠰᠠᠭᠤᠷᠢ ᠶᠢ ᠪᠡᠷᠢᠮᠳᠠᠯᠠᠵᠤ᠂ ᠠᠷᠠᠳ ᠲᠦᠮᠡᠨ ᠤ | ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠭᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠨ᠂ ᠬᠥᠭᠵᠢᠯᠲᠡ ᠶᠢᠨ ᠲᠡᠩᠴᠡᠭᠦᠷᠢ ᠦᠭᠡᠶ ᠭᠦᠢᠴᠡᠳ ᠦᠭᠡᠶ ᠪᠠᠶᠢᠬᠤ ᠠᠰᠠᠭᠤᠳᠠᠯ ᠪᠣᠯᠤᠨ ᠠᠷᠠᠳ | ᠣᠯᠠᠨ ᠤ ᠪᠠᠴᠢᠮᠳᠠᠵᠤ ᠬᠦᠴᠢᠷᠳᠡᠵᠦ ᠵᠤᠪᠠᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠤᠢᠭᠡᠢ ᠰᠠᠶᠢᠲᠤᠷ | ᠪᠡᠶᠡᠯᠡᠭᠦᠯᠵᠤ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ | ᠲᠥᠯᠥᠭᠡ ᠲᠠᠰᠤᠷᠠᠯᠲᠠ ᠦᠭᠡᠢ ᠲᠡᠮᠡᠴᠡᠬᠦ ᠬᠡᠷᠡᠭᠲᠡᠶ᠃ ᠪᠦᠬᠦ ᠨᠠᠮ ᠢᠶᠠᠷ ᠢᠶᠠᠨ ᠡᠷᠬᠡᠪᠰᠢ ᠵᠤᠪᠡᠵᠦ ᠵᠦᠳᠡᠬᠦᠢ ᠳᠤᠷ | ᠲᠤᠬᠳᠠᠨᠢᠵᠤ᠂ ᠵᠢᠷᠭᠠᠵᠤ ᠴᠡᠩᠭᠡᠬᠦᠢ ᠳᠤᠷ ᠰᠦᠨᠤᠮᠤᠢ ᠭᠡᠳᠡᠭ ᠢ ᠪᠠᠲᠤ ᠴᠡᠭᠡᠵᠢᠯᠡᠨ᠂ ᠴᠠᠭ ᠢᠮᠠᠭᠲᠠ ᠠᠯᠤᠰ ᠤᠨ | ᠪᠣᠳᠣᠯᠭ᠎ᠠ ᠲᠠᠢ ᠪᠠᠶᠢᠵᠤ᠂ ᠠᠮᠤᠷ ᠲᠦᠪᠰᠢᠨ ᠪᠠᠶᠢᠬᠤ ᠦᠶ᠎ᠠ ᠳᠡᠭᠡᠨ ᠠᠶᠤᠯ ᠲᠦᠭᠰᠢᠬᠦᠷᠢ ᠶᠢ ᠪᠤᠳᠤᠯᠬᠢᠯᠠᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ | ᠠᠬᠢᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠬ ᠶᠠᠪᠤᠭᠤᠯᠬᠤ ᠪᠠᠶᠢᠭᠤᠯᠤᠯᠲᠠ ᠵᠢᠴᠢ ᠢᠯᠵᠢᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ | ᠦᠭᠡᠢ ᠠᠬᠢᠭᠤᠯᠵᠤ᠂ ᠨᠠᠮ ᠳᠤ ᠲᠤᠯᠭᠠᠷᠠᠵᠤ ᠪᠠᠶᠢᠭ᠎ᠠ ᠤᠷᠳᠤ ᠬᠤᠭᠤᠴᠠᠭ᠎ᠠ ᠪᠠᠷ ᠲᠦᠷᠦ ᠪᠠᠷᠢᠬᠤ ᠰᠢᠯᠭᠠᠯᠲᠠ᠂ | ᠥᠭᠡᠷᠡᠴᠢᠯᠡᠯᠲᠡ ᠨᠡᠭᠡᠭᠡᠯᠲᠡ ᠶᠢᠨ ᠰᠢᠯᠭᠠᠯᠲᠠ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠢᠯᠭᠠᠯᠲᠠ᠂ ᠭᠠᠳᠠᠭᠠᠳᠤ | ᠣᠷᠴᠢᠨ ᠨᠥᠬᠦᠴᠡᠯ ᠤᠨ ᠰᠢᠯᠭᠠᠯᠲᠠ ᠳᠤ ᠵᠣᠷᠢᠭᠲᠠᠶ ᠪᠠᠷ ᠬᠠᠨᠳᠤᠵᠤ᠂ ᠤᠶᠤᠨ ᠰᠠᠨᠠᠭ᠎ᠠ ᠴᠠᠯᠠᠭᠠᠶᠢᠷᠠᠬᠤ ᠠᠶᠤᠯ᠂ | ᠴᠢᠳᠠᠪᠤᠷᠢ ᠮᠡᠬᠦᠰᠳᠡᠬᠦ ᠠᠶᠤᠯ᠂ ᠤᠯᠠᠨ ᠲᠦᠮᠡᠨ ᠠᠴᠠ ᠬᠥᠨᠳᠡᠶᠢᠷᠡᠬᠦ ᠠᠶᠤᠯ᠂ ᠨᠠᠵᠠᠭᠠᠶᠢᠷᠠᠵᠤ ᠢᠯᠵᠢᠷᠠᠨ | ᠲᠤᠷᠦ᠋ᠢᠳᠠᠬᠤ ᠠᠶᠤᠯ ᠢ ᠡᠷᠡᠰ ᠢᠯᠠᠨ ᠳᠠᠪᠠᠭ᠋ᠤ ᠬᠡᠷᠡᠭᠲᠡᠶ᠃ ᠡᠷᠬᠡᠪᠰᠢ ᠬᠡᠳᠦᠶ ᠰᠠᠭᠠᠳ ᠪᠡᠷᠬᠡ ᠲᠠᠢ ᠪᠤᠯᠬᠤ ᠲᠤᠳᠤᠮ | ᠲᠡᠳᠦᠶ ᠤᠷᠤᠭᠰᠢᠯᠠᠨ ᠳᠠᠪᠰᠢᠬᠤ ᠪᠠᠭᠠᠲᠤᠷᠯᠢᠭ ᠴᠤᠭ ᠰᠦᠯᠳᠡ ᠪᠠᠨ ᠪᠠᠷᠢᠮᠲᠠᠯᠠᠨ᠂ ᠵᠣᠷᠢᠭᠲᠠᠶ ᠪᠠᠷ ᠲᠡᠮᠡᠴᠡᠯ ᠬᠢᠵᠦ᠂ | ᠴᠢᠳᠠᠮᠠᠭᠠᠶ ᠪᠠᠷ ᠲᠡᠮᠡᠴᠡᠯ ᠬᠢᠵᠦ᠂ ᠠᠭᠤᠯᠠ ᠳᠤᠬᠢᠶᠠᠯᠳᠤᠪᠠᠯ ᠵᠠᠮ ᠨᠡᠭᠡᠭᠡᠵᠤ᠂ ᠤᠰᠤ ᠳᠠᠭᠠᠷᠠᠪᠠᠯ ᠬᠦᠬᠦᠷᠭᠡ | ᠳᠠᠯᠪᠢᠵᠤ᠂ ᠪᠡᠷᠭᠡ ᠠᠴᠠ ᠪᠡᠷᠭᠡᠰᠢᠶᠡᠬᠦ ᠦᠭᠡᠢ᠂ ᠲᠠᠷᠤᠯᠳᠠ ᠳᠤ ᠳᠠᠷᠤᠭᠳᠠᠬᠤ ᠦᠭᠡᠢ ᠪᠠᠶᠢᠬᠤ ᠶᠢ ᠪᠡᠶᠡᠯᠡᠬᠦᠯᠦᠨ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠠᠶᠠᠯᠠᠯ ᠤᠨ ᠣᠩᠭᠤᠴᠠ ᠶᠢᠨ | ᠳᠠᠪᠠᠯᠭᠠᠨ ᠢ ᠵᠦᠰᠦᠨ ᠳᠣᠯᠭᠢᠶᠠᠨ ᠢ ᠰᠢᠪᠳᠤᠯᠵᠤ᠂ ᠪᠤᠴᠠᠯᠲᠠ ᠦᠭᠡᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ | ᠨᠠᠮ ᠪᠠ ᠠᠷᠠᠳ ᠲᠦᠮᠡᠨ ᠤ ᠠᠵᠢᠯ ᠦᠢᠯᠡᠰ ᠤᠨ ᠬᠥᠭᠵᠢᠯᠲᠡ ᠳᠤ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ | ᠬᠠᠮᠲᠤᠴᠤᠳ ᠵᠠᠯᠭᠠᠭ᠎ᠠ ᠪᠠᠷ ᠦᠷᠭᠦᠯᠵᠢᠯᠡᠨ ᠲᠡᠮᠡᠴᠡᠬᠦ ᠴᠢᠬᠤᠯᠠᠲᠠᠢ ᠶᠤᠮ᠂ ᠵᠠᠯᠭᠠᠮᠵᠢᠯᠠᠭᠴᠢ ᠲᠠᠢ ᠪᠠᠶᠢᠬᠤ ᠡᠨᠡ ᠬᠦ | ᠦᠨᠳᠦᠰᠦᠨ ᠶᠡᠭᠡ ᠪᠤᠳᠤᠯᠭ᠎ᠠ ᠶᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠬᠥᠮᠦᠨ ᠢ ᠬᠥᠮᠦᠵᠢᠭᠦᠯᠬᠦ᠂ ᠨᠠᠮ ᠤᠨ ᠬᠦᠰᠡᠯᠡᠩ ᠢᠲᠡᠭᠡᠯ ᠵᠤᠷᠢᠭ ᠢᠶᠠᠷ ᠬᠥᠮᠦᠰ ᠢ | ᠨᠢᠭᠲᠠᠷᠠᠭᠤᠯᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠬᠥᠮᠦᠨ ᠢ ᠪᠤᠶᠢᠵᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠲᠦ ᠡᠭᠦᠷᠭᠡ ᠪᠠᠷ ᠬᠥᠮᠦᠰ ᠢ | ᠵᠣᠷᠢᠭᠵᠢᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠦᠯᠡᠮᠵᠢ ᠤᠯᠠᠨ | ᠵᠠᠯᠭᠠᠮᠵᠢᠯᠠᠭᠴᠢ ᠶᠢ ᠬᠥᠮᠦᠵᠢᠭᠦᠯᠦᠨ ᠪᠤᠢ ᠪᠣᠯᠭᠠᠬᠤ ᠬᠡᠷᠡᠭᠲᠡᠶ᠃ ᠮᠣᠷᠠᠯ ᠴᠢᠳᠠᠪᠤᠷᠢ ᠬᠤᠤᠰᠯᠠᠭᠰᠠᠨ᠂ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ | ᠢᠯᠠᠩᠭᠤᠶ᠎ᠠ ᠰᠢᠯᠢᠳᠡᠭ ᠵᠠᠯᠠᠭᠤ ᠺᠠᠳ᠋ᠷ ᠢ ᠲᠠᠰᠤᠷᠠᠯᠲᠠ ᠦᠭᠡᠢ ᠬᠥᠮᠦᠵᠢᠭᠦᠯᠦᠨ ᠰᠣᠩᠭᠤᠨ ᠳᠡᠪᠰᠢᠭᠦᠯᠵᠦ᠂ ᠥᠷᠭᠡᠨ | ᠣᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠠᠲᠤ ᠴᠢᠩᠭ᠎ᠠ ᠰᠢᠲᠦᠨ | ᠪᠢᠰᠢᠷᠡᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠵᠤ᠂ ᠦᠡᠭᠭᠡᠪᠴᠢ ᠬᠤᠭᠤᠰᠤᠨ ᠶᠠᠷᠢᠭᠠᠳ | ᠰᠠᠭᠤᠪᠠᠯ ᠳᠦᠷᠤ ᠬᠦᠷᠤᠨ ᠮᠦᠬᠦᠵᠤ᠂ ᠦᠨᠠᠨ ᠪᠤᠳᠠᠳᠠᠢ ᠠᠵᠢᠯᠯᠠᠪᠠᠯ ᠤᠯᠤᠰ ᠤᠷᠤᠨ ᠮᠠᠨᠳᠤᠬᠤ ᠶᠣᠰᠣ ᠤᠴᠢᠷ ᠢ | ᠪᠠᠲᠤ ᠴᠡᠭᠡᠵᠢᠯᠡᠵᠦ᠂ ᠠᠷᠠᠳ ᠲᠦᠮᠡᠨ ᠢ ᠦᠯᠦ ᠬᠥᠰᠡᠷᠳᠡᠭᠦᠯᠬᠦ ᠤᠯᠤᠰ ᠭᠡᠷ ᠤᠨ ᠬᠠᠶᠢᠷ᠎ᠠ ᠰᠡᠳᠭᠢᠯᠭᠡ ᠶᠢ ᠪᠤᠢ | ᠪᠤᠯᠭᠠᠵᠤ᠂ ᠡᠷᠬᠢᠮ ᠳᠡᠭᠡᠳᠦ ᠦᠵᠡᠯ ᠰᠠᠨᠠᠭᠠᠨ ᠤ ᠠᠬᠤᠶ ᠪᠠᠶᠢᠳᠠᠯ ᠢ ᠬᠥᠭᠡᠭᠡᠴᠡᠯᠳᠦᠵᠦ᠂ ᠪᠠᠲᠤ ᠴᠢᠩᠭ᠎ᠠ | ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ | ᠬᠡᠷᠡᠭᠲᠡᠶ᠃ ᠡᠯ᠎ᠡ ᠲᠠᠯ᠎ᠠ ᠶᠢᠨ ᠲᠡᠷᠢᠭᠦᠨ ᠤ ᠬᠥᠮᠦᠰ ᠢᠯᠠᠩᠭᠤᠶ᠎ᠠ ᠰᠢᠯᠢᠳᠡᠭ ᠵᠠᠯᠠᠭᠤᠴᠤᠳ ᠢ ᠲᠠᠰᠤᠷᠠᠯᠲᠠ ᠦᠭᠡᠢ | ᠨᠠᠮ ᠳᠤ ᠡᠯᠰᠡᠨ ᠠᠪᠴᠤ᠂ ᠵᠠᠯᠠᠭᠤ ᠨᠠᠮ ᠤᠨ ᠭᠡᠰᠢᠭᠦᠨ ᠤ ᠡᠭᠦᠷᠢᠳᠡ ᠨᠠᠮ ᠤᠨ ᠲᠤᠭ ᠲᠡᠮᠳᠡᠭ ᠢᠶᠠᠷ ᠲᠤᠭ | ᠲᠡᠮᠳᠡᠭ ᠢᠶᠠᠨ ᠪᠣᠯᠭᠠᠵᠤ᠂ ᠨᠠᠮ ᠤᠨ ᠴᠢᠭᠯᠡᠯ ᠢᠶᠠᠷ ᠴᠢᠭᠯᠡᠯ ᠢᠶᠠᠨ ᠪᠣᠯᠭᠠᠵᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ | ᠰᠠᠨᠠᠭ᠎ᠠ ᠪᠠᠨ ᠪᠣᠯᠭᠠᠵᠤ᠂ ᠨᠠᠮ ᠤᠨ ᠬᠤᠪᠢᠰᠬᠠᠯᠲᠤ ᠤᠳᠤᠮᠰᠢᠯ ᠢ ᠦᠷᠭᠦᠯᠵᠢᠯᠡᠨ ᠵᠠᠯᠭᠠᠮᠵᠢᠯᠠᠵᠤ᠂ ᠨᠠᠮ ᠤᠨ | ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠲᠡᠮᠡᠴᠡᠯ ᠤᠨ ᠳᠤᠮᠳᠠ ᠰᠠᠯᠬᠢ ᠪᠤᠷᠤᠭᠠᠨ ᠢ ᠦᠩᠭᠡᠷᠡᠭᠦᠯᠵᠦ᠂ ᠨᠡᠶᠢᠭᠡᠮ | ᠶᠢᠷᠳᠢᠨᠴᠤ ᠲᠠᠢ ᠲᠠᠨᠢᠯᠴᠠᠵᠤ᠂ ᠶᠠᠰᠤ ᠰᠢᠷᠪᠥᠰᠥ ᠪᠠᠨ ᠴᠢᠩᠭᠠᠷᠠᠭᠤᠯᠤᠨ᠂ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠶᠢ | ᠰᠤᠷᠭᠠᠨ ᠬᠥᠮᠦᠵᠢᠭᠦᠯᠵᠦ ᠬᠦᠲᠦᠯᠦᠨ ᠵᠢᠯᠣᠭᠤᠳᠬᠤ ᠬᠡᠷᠡᠭᠲᠡᠢ᠃ ᠤᠯᠤᠰ ᠢᠶᠠᠨ ᠬᠠᠶᠢᠷᠠᠯᠠᠵᠤ ᠬᠠᠷᠠᠮ ᠦᠭᠡᠢ | ᠵᠤᠷᠢᠭᠤᠯᠬᠤ᠂ ᠵᠣᠷᠢᠭᠲᠠᠶ ᠪᠠᠷ ᠰᠢᠨ᠎ᠡ ᠶᠢ ᠡᠭᠦᠳᠬᠦ ᠰᠢᠯᠢᠳᠡᠭ ᠴᠢᠳᠠᠪᠤᠷᠢᠲᠠᠨ ᠢ ᠲᠠᠰᠤᠷᠠᠯᠲᠠ ᠦᠭᠡᠢ ᠬᠥᠮᠦᠵᠢᠭᠦᠯᠦᠨ | ᠪᠤᠶᠢᠵᠢᠭᠤᠯᠵᠤ᠂ ᠦᠨᠡᠨ ᠰᠡᠳᠭᠢᠯ ᠠᠴᠠ ᠪᠠᠨ ᠴᠢᠳᠠᠪᠤᠷᠢᠲᠠᠨ ᠢ ᠬᠠᠶᠢᠷᠠᠯᠠᠨ᠂ ᠪᠦᠬᠦ ᠰᠡᠳᠭᠢᠯ ᠢᠶᠠᠷ ᠴᠢᠳᠠᠪᠤᠷᠢᠲᠠᠨ ᠢ | ᠬᠥᠮᠦᠵᠢᠭᠦᠯᠵᠦ᠂ ᠨᠢᠮᠪᠠᠢ ᠰᠡᠳᠭᠢᠯ ᠢᠶᠠᠷ ᠴᠢᠳᠠᠪᠤᠷᠢᠲᠠᠨ ᠢ ᠬᠡᠷᠡᠭᠯᠡᠵᠦ᠂ ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠲᠠᠨ ᠢ | ᠨᠠᠮ ᠪᠠ ᠠᠷᠠᠳ ᠲᠦᠮᠡᠨ ᠤ ᠠᠭᠤᠤ ᠶᠡᠭᠡ ᠲᠡᠮᠡᠴᠡᠯ ᠤᠨ ᠳᠤᠮᠳᠠ ᠴᠤᠭᠯᠠᠷᠠᠭᠤᠯᠬᠤ ᠬᠡᠷᠡᠭᠲᠡᠶ᠃ | ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ | ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠭᠦᠦ ᠨᠢᠭᠲᠠᠷᠠᠨ | ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠦᠨ᠂ ᠥᠴᠥᠭᠡᠳᠦᠷ ᠤᠨ ᠭᠠᠰᠠᠯᠠᠩ ᠵᠣᠪᠠᠯᠠᠩ ᠪᠠ ᠭᠡᠷᠡᠯ ᠭᠢᠯᠪᠠᠭ᠎ᠠ ᠪᠠᠨ | ᠤᠮᠠᠷᠳᠠᠬᠤ ᠦᠭᠡᠢ᠂ ᠥᠨᠥᠳᠦᠷ ᠤᠨ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠮᠠᠷᠭᠠᠰᠢ ᠶᠢᠨ ᠠᠭᠤᠤ | ᠶᠡᠭᠡ ᠬᠦᠰᠡᠯ ᠡᠷᠡᠮᠡᠯᠵᠠᠯ ᠢᠶᠠᠨ ᠬᠥᠰᠡᠷᠳᠡᠭᠦᠯᠬᠦ ᠦᠭᠡᠢ ᠪᠠᠶᠢᠵᠤ᠂ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠪᠠᠨ | ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠡᠷᠡᠯᠬᠡᠭ ᠰᠢᠭᠤᠷᠬᠠᠢ ᠪᠠᠷ ᠤᠷᠤᠭᠰᠢᠯᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠬᠦᠳᠤ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ | ᠲᠡᠮᠡᠴᠡᠰᠦᠭᠡᠢ ᠭᠡᠵᠦ ᠨᠠᠮ ᠤᠨ ᠲᠦᠪ ᠬᠤᠷᠢᠶ᠎ᠠ ᠠᠴᠠ ᠤᠷᠢᠶᠠᠯᠠᠵᠦ ᠪᠠᠶᠢᠨ᠎ᠠ᠃ ᠥᠩᠭᠡᠷᠡᠭᠰᠡᠨ ᠵᠠᠭᠤᠨ ᠵᠢᠯ ᠳᠤ | ᠠᠭᠤᠤ ᠶᠡᠭᠡ ᠢᠯᠠᠯᠲᠠ ᠪᠠ ᠦᠡᠭᠭᠡ ᠭᠡᠷᠡᠯ ᠢ ᠣᠯᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ | ᠳᠤᠮᠳᠠᠳᠤ ᠤᠯᠤᠰ ᠤᠨ ᠠᠷᠠᠳ ᠲᠦᠮᠡᠨ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠩ ᠠᠭᠤᠤ ᠶᠡᠭᠡ ᠢᠯᠠᠯᠲᠠ | ᠪᠠ ᠦᠡᠭᠭᠡ ᠬᠡᠷᠡᠯ ᠢ ᠤᠯᠬᠤ ᠨᠢ ᠯᠠᠪᠲᠠᠢ ᠶᠤᠮ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ | ︵ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 16 ᠤ ᠴᠠᠬᠢᠯᠭᠠᠨ ᠮᠡᠳᠡᠭᠡ᠂ ᠳᠣᠮᠳᠠᠳᠣ | ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠳᠣᠪᠴᠢᠶ᠎ᠠ ᠣᠷᠴᠢᠭᠤᠯᠪᠠ︶ | |