ᠥᠪᠥᠷ ᠵᠠᠰᠠᠭ ᠠᠯᠪᠠᠨ ᠲᠠᠷᠬᠠᠭᠠᠭᠰᠠᠨ ﹇2021﹈ 7 ᠳ᠋ᠤᠭᠠᠷ ᠲᠣᠭᠠᠲᠤ | 2021 ᠣᠨ ᠤ 2 ᠳ᠋ᠤᠭᠠᠷ ᠰᠠᠷ᠎ᠠ ᠶᠢᠨ 6 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠣᠭᠤᠰᠢᠯᠠᠭᠤᠯᠣᠨ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠮᠤᠭ ᠤᠨ ᠴᠢᠩᠭ᠎ᠠ | ᠲᠦᠷᠢᠮ ᠢ ᠨᠠᠶᠢᠳᠠᠪᠤᠷᠢᠵᠢᠭᠤᠯᠤᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠠᠪᠤᠴᠠ ᠳᠤ ᠨᠤᠲᠤᠭ | ᠪᠡᠯᠴᠢᠭᠡᠷ ᠤᠨ ᠠᠮᠢ ᠠᠬᠤᠶ ᠶᠢ ᠰᠦᠢᠣᠡᠭᠡᠭᠰᠡᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠣ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠣᠭᠠᠷ᠂ ᠲᠦᠷᠪᠡᠳᠣᠭᠡᠷ᠂ ᠲᠠᠪᠣᠳᠣᠭᠠᠷ | ᠪᠦᠭᠦᠳᠡ ᠬᠤᠷᠡᠯ ᠤᠨ ᠵᠣᠷᠢᠭ ᠰᠠᠨᠠᠭ᠎ᠠ ᠶᠢ ᠪᠦᠭᠦ ᠳᠠᠯ᠎ᠡ ᠪᠠᠷ ᠲᠣᠭᠤᠰᠢᠯᠠᠭᠤᠯᠣᠨ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ ᠲᠣᠭᠤᠰᠢᠯᠠᠭᠤᠯᠵᠣ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠤᠶᠢᠪᠢᠰᠢ ᠦᠭᠡᠢ ᠡᠷᠡᠰ | ᠲᠣᠭᠤᠰᠢᠯᠠᠭᠤᠯᠵᠣ᠂ ᠠᠮᠢ ᠠᠬᠤᠶ ᠶᠢ ᠣᠷᠢᠣᠡ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠶᠢᠨ | ᠤᠳᠤᠷᠢᠳᠤᠮᠵᠢ ᠶᠢ ᠪᠠᠳᠣ ᠪᠣᠢ ᠪᠣᠯᠭᠠᠨ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠠᠭᠤᠷᠬᠠᠢ ᠶᠢᠨ ᠡᠬᠢ ᠪᠠᠶᠠᠯᠢᠭ ᠢ ᠨᠡᠬᠡᠭᠡᠭᠦ ᠳᠤ ᠨᠤᠲᠤᠭ ᠪᠡᠯᠴᠢᠭᠡᠷ | ᠲᠠᠲᠠᠪᠤᠷᠢᠯᠠᠨ ᠡᠵᠡᠯᠡᠵᠦ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠵᠢᠷᠣᠮᠵᠢᠭᠤᠯᠵᠣ᠂ ᠨᠢᠭᠡ ᠠᠴᠠ ᠨᠥᠭᠦᠭᠡ ᠶᠢ | ᠮᠡᠳᠡᠵᠣ᠂ ᠠᠯᠳᠠᠰᠢ ᠭᠠᠷᠬᠤ ᠶᠢ ᠬᠤᠷᠢᠭᠯᠠᠨ᠂ ᠳᠦᠷᠢᠮ ᠲᠣᠭᠲᠠᠴᠠ ᠶᠢᠨ ᠲᠠᠯ᠎ᠠ ᠠᠴᠠ ᠠᠭᠤᠷᠬᠠᠢ ᠶᠢᠨ ᠡᠬᠢ | ᠪᠠᠶᠠᠯᠢᠭ ᠢ ᠨᠡᠭᠡᠭᠡᠬᠦ ᠬᠦᠷᠢᠶᠡᠨ ᠳᠠᠬᠢ ᠨᠤᠲᠤᠭ ᠪᠡᠯᠴᠢᠭᠡᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠦᠨᠡᠨ ᠬᠦ | ᠴᠢᠩᠭᠠᠣᠡᠬᠠᠵᠣ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠪᠠᠨ ᠦᠷᠭᠦᠯᠵᠢᠯᠡᠨ ᠪᠠᠬᠢᠵᠢᠭᠦᠯᠵᠣ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ | ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠨᠤᠲᠤᠭ ᠪᠡᠯᠴᠢᠭᠡᠷ ᠲᠠᠬᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠪᠠᠷ ᠰᠢᠨ᠎ᠡ ᠲᠥᠷᠥᠯ ᠵᠦᠢᠯ | ᠪᠠᠶᠢᠭᠤᠯᠬᠤ ᠶᠢ ᠴᠢᠩᠭ᠎ᠠ ᠬᠢᠵᠠᠭᠠᠷᠯᠠᠨ᠎ᠠ᠃ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ | ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠤᠯᠠᠭᠠᠨ ᠱᠤᠭᠤᠮ ᠤᠨ ᠳᠣᠲᠣᠷ᠎ᠠ ᠳᠤᠷ᠎ᠠ ᠪᠠᠷ ᠮᠠᠯᠲᠠᠬᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠲᠥᠷᠥᠯ | ᠵᠦᠢᠯ ᠢ ᠰᠢᠨ᠎ᠡ ᠪᠠᠷ ᠭᠠᠷᠭᠠᠬᠤ ᠶᠢ ᠴᠢᠩᠭ᠎ᠠ ᠬᠤᠷᠢᠭᠯᠠᠨ᠎ᠠ᠂ ᠪᠣᠰᠣᠣᠨ ᠨᠤᠲᠤᠭ ᠪᠡᠯᠴᠢᠭᠡᠷ ᠲᠤ ᠬᠠᠤᠯᠢ ᠲᠣᠭᠲᠠᠭᠠᠯ | ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠢ | ᠪᠠᠲᠤᠯᠠᠬᠤ ᠲᠥᠷᠥᠯ ᠵᠦᠢᠯ ᠠᠴᠠ ᠭᠠᠳᠠᠨ᠎ᠠ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠲᠥᠷᠥᠯ ᠵᠦᠢᠯ ᠢ | ᠰᠢᠨ᠎ᠡ ᠪᠠᠷ ᠭᠠᠷᠭᠠᠵᠤ ᠪᠣᠯᠬᠤ ᠦᠭᠡᠶ᠃ ᠰᠢᠨ᠎ᠡ ᠪᠠᠷ ᠭᠠᠷᠭᠠᠭᠰᠠᠨ ᠠᠭᠤᠷᠬᠠᠢ ᠶᠢᠨ ᠡᠬᠢ ᠪᠠᠶᠠᠯᠢᠭ ᠢ ᠨᠡᠬᠡᠭᠡᠭᠦ | ᠲᠥᠷᠥᠯ ᠵᠦᠢᠯ ᠨᠢ ᠡᠬᠢᠨ ᠤ ᠬᠤᠭᠤᠴᠠᠭᠠᠨ ᠤ ᠠᠵᠢᠯ ᠦᠷᠨᠢᠬᠦᠯᠬᠦ ᠳᠤ ᠪᠠᠨ᠂ ᠣᠶ ᠰᠢᠭᠤᠶ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ | ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ︽ᠨᠤᠲᠤᠭ ᠪᠡᠯᠴᠢᠭᠡᠷ ᠢ ᠲᠠᠲᠠᠪᠤᠷᠢᠯᠠᠨ | ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠵᠢᠷᠤᠮᠵᠢᠯ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠬᠢᠨᠠᠨ | ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠨᠤᠲᠤᠭ ᠪᠡᠯᠴᠢᠭᠡᠷ ᠢ ᠲᠠᠲᠠᠪᠤᠷᠢᠯᠠᠨ | ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠳᠦᠷᠢᠮ ᠢ ᠴᠢᠩᠭ᠎ᠠ | ᠬᠡᠷᠡᠭᠵᠢᠭᠦᠯᠵᠦ᠂ ᠣᠷᠢᠣᠨ ᠢᠶᠠᠷ ᠤᠷᠢᠳᠴᠢᠯᠠᠨ ᠬᠢᠨᠠᠵᠤ᠂ ᠳᠠᠷᠠᠭ᠎ᠠ ᠨᠢ ᠲᠥᠷᠥᠯ ᠵᠦᠢᠯ ᠢ ᠲᠣᠭᠳᠠᠭᠠᠨ᠂ | ᠰᠡᠭᠦᠯᠡᠷ ᠨᠢ ᠪᠦᠲᠦᠭᠡᠨ ᠪᠠᠶᠢᠭᠤᠯᠬᠤ ᠡᠬᠢ ᠡᠭᠦᠰᠦᠯ ᠠᠴᠠ ᠨᠢ ᠡᠵᠡᠮᠳᠡᠬᠦ ᠵᠠᠷᠴᠢᠮ ᠢ ᠨᠠᠶᠢᠳᠠᠪᠣᠷᠢᠵᠢᠭᠤᠯᠵᠣ | ᠪᠣᠳᠠᠳᠠᠶᠢᠵᠢᠭᠤᠯᠬᠤ ᠬᠡᠷᠡᠭᠲᠡᠶ᠃ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠳᠤ ᠨᠤᠲᠤᠭ ᠪᠡᠯᠴᠢᠭᠡᠷ ᠢ | ᠦᠨᠡᠨ ᠬᠦ ᠲᠦᠷ ᠴᠠᠭ ᠡᠵᠡᠯᠡᠨ ᠬᠡᠷᠡᠭᠯᠡᠬᠦ ᠴᠢᠬᠤᠯᠠᠳᠠᠢ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠭᠲᠠᠭᠠᠭᠰᠠᠨ ᠡᠷᠬᠡ ᠮᠡᠳᠡᠯ ᠢ ᠦᠨᠳᠦᠰᠦᠯᠡᠨ ᠱᠠᠲᠤ ᠬᠤᠪᠢᠶᠠᠵᠣ ᠬᠢᠨᠠᠨ | ᠵᠥᠪᠰᠢᠶᠡᠷᠡᠨ᠎ᠡ᠃ ᠲᠦᠷ ᠴᠠᠭ ᠡᠵᠡᠯᠡᠨ ᠬᠡᠷᠡᠭᠯᠡᠬᠦ ᠨᠤᠲᠤᠭ ᠪᠡᠯᠴᠢᠭᠡᠷ ᠲᠤ ᠦᠨᠢᠳᠡ ᠶᠢᠨ ᠴᠢᠨᠠᠷᠲᠠᠶ ᠪᠠᠷᠢᠯᠭ᠎ᠠ ᠪᠠ | ᠪᠠᠷᠢᠯᠭ᠎ᠠ ᠶᠢᠨ ᠪᠣᠰᠣᠳ ᠵᠦᠢᠯᠡᠰ ᠢ ᠪᠠᠷᠢᠵᠤ ᠪᠣᠯᠬᠤ ᠦᠭᠡᠶ᠂ ᠬᠡᠷᠡᠭᠯᠡᠬᠦ ᠬᠤᠭᠤᠴᠠᠭ᠎ᠠ ᠶᠢ ᠨᠢ ᠬᠤᠶᠠᠷ ᠵᠢᠯ ᠠᠴᠠ | ᠬᠡᠳᠣᠷᠡᠭᠦᠯᠵᠣ ᠪᠣᠯᠬᠤ ᠦᠭᠡᠶ᠂ ᠡᠵᠡᠯᠡᠨ ᠬᠡᠷᠡᠭᠯᠡᠬᠦ ᠬᠤᠭᠤᠴᠠᠭ᠎ᠠ ᠨᠢ ᠲᠣᠯᠣᠭᠰᠠᠨ ᠤ ᠳᠠᠷᠠᠭ᠎ᠠ᠂ ᠨᠤᠲᠤᠭ | ᠪᠡᠯᠴᠢᠭᠡᠷ ᠢ ᠬᠡᠷᠡᠭᠯᠡᠵᠦ ᠪᠠᠶᠢᠭ᠎ᠠ ᠨᠢᠭᠡᠴᠢ ᠨᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢᠨ | ᠬᠠᠮᠲᠤ ᠴᠠᠭ ᠲᠤᠬᠠᠶ ᠳᠤ ᠨᠢ ᠪᠤᠴᠠᠭᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠨᠠᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠤᠰᠤᠨ | ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ᠂ ᠡᠨᠧᠷᠭᠢ ᠶᠢᠨ | ᠲᠣᠪᠴᠢᠶ᠎ᠠ ᠵᠡᠷᠭᠡ ᠰᠠᠯᠠᠭ᠎ᠠ ᠮᠥᠴᠢᠷ︶ | ︵ᠬᠤᠶᠠᠷ︶ ᠨᠤᠲᠤᠭ ᠪᠡᠯᠴᠢᠭᠡᠷ ᠳᠡᠭᠡᠷ᠎ᠡ ᠨᠢᠭᠡᠨᠲᠡ ᠪᠠᠶᠢᠭᠤᠯᠤᠭᠰᠠᠨ ᠠᠭᠤᠷᠬᠠᠢ ᠶᠢᠨ ᠡᠬᠢ ᠪᠠᠶᠠᠯᠢᠭ ᠢ | ᠨᠡᠭᠡᠭᠡᠬᠦ ᠲᠥᠷᠥᠯ ᠵᠦᠢᠯ ᠢ ᠴᠢᠩᠭ᠎ᠠ ᠵᠢᠷᠣᠮᠵᠢᠭᠤᠯᠣᠨ᠎ᠡ᠃ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠨᠤᠲᠤᠭ | ᠪᠡᠯᠴᠢᠭᠡᠷ ᠳᠡᠭᠡᠷ᠎ᠡ ᠨᠢᠭᠡᠨᠲᠡ ᠪᠠᠶᠢᠭᠤᠯᠤᠭᠰᠠᠨ ᠪᠠ ᠪᠠᠶᠢᠭᠤᠯᠵᠤ ᠪᠠᠶᠢᠭ᠎ᠠ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ | ᠲᠥᠷᠥᠯ ᠵᠦᠢᠯ ᠳᠤ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠪᠠ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ | ᠬᠠᠤᠯᠢ ᠶᠣᠰᠣᠭᠠᠷ ᠲᠣᠭᠲᠠᠭᠠᠭᠰᠠᠨ ᠠᠭᠤᠷᠬᠠᠶ ᠶᠢᠨ ᠣᠷᠣᠨ ᠤ ᠬᠡᠪᠴᠢᠶᠡᠨ ᠠᠴᠠ ᠭᠠᠳᠠᠭᠤᠷ ᠬᠠᠪᠲᠠᠭᠠᠶ ᠲᠠᠯᠠᠪᠠᠶ ᠪᠠᠨ | ᠦᠷᠬᠡᠳᠬᠡᠨ ᠨᠡᠮᠡᠭᠳᠡᠭᠦᠯᠵᠦ ᠪᠣᠯᠬᠤ ᠦᠭᠡᠶ᠂ ᠵᠥᠪᠰᠢᠶᠡᠷᠡᠭᠦᠯᠦᠭᠡᠳᠦᠶ ᠪᠠᠷ ᠠᠭᠤᠷᠬᠠᠢ ᠶᠢᠨ ᠬᠤᠳᠳᠤᠭ ᠮᠠᠯᠲᠠᠵᠤ | ᠨᠡᠭᠡᠭᠡᠵᠣ ᠪᠠᠶᠢᠭᠰᠠᠨ ᠢᠶᠠᠨ ᠵᠠᠳᠠᠭᠠᠶ ᠮᠠᠯᠲᠠᠬᠤ ᠪᠣᠯᠭᠠᠨ ᠬᠤᠪᠢᠷᠠᠭᠤᠯᠵᠤ ᠪᠣᠯᠬᠤ ᠦᠭᠡᠶ᠂ ᠨᠣᠳᠤᠭ ᠪᠡᠯᠴᠢᠭᠡᠷ ᠢ | ᠡᠵᠡᠯᠡᠨ ᠬᠡᠷᠩᠯᠡᠭᠰᠡᠨ ᠰᠢᠭᠠᠷᠤ ᠢᠯᠭᠠᠷᠠᠭᠤᠯᠬᠤ ᠲᠠᠯᠠᠪᠠᠶ᠂ ᠢᠯᠭᠠᠳᠠᠰᠣ ᠶᠢᠨ ᠲᠠᠯᠠᠪᠠᠶ᠂ ᠨᠡᠭᠦᠷᠡᠰᠦᠨ ᠴᠢᠯᠠᠭᠤ | ᠣᠪᠣᠭᠠᠯᠠᠬᠤ ᠲᠠᠯᠠᠪᠠᠶ᠂ ᠲᠠᠯᠠᠪᠠᠶ ᠶᠢᠨ ᠲᠣᠭᠤᠷᠢᠭ ᠲᠠᠬᠢ ᠵᠠᠮ ᠤᠨ ᠲᠠᠯᠠᠪᠠᠶ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ᠨᠤᠲᠤᠭ ᠪᠡᠯᠴᠢᠭᠡᠷ ᠢ ᠦᠷᠭᠦᠯᠵᠢᠯᠡᠨ ᠡᠵᠡᠯᠡᠨ ᠬᠡᠷᠡᠭᠯᠡᠬᠦ ᠪᠠᠷ ᠭᠤᠶᠤᠴᠢᠯᠠᠪᠠᠯ᠂ ᠠᠭᠤᠷᠬᠠᠶ ᠶᠢᠨ ᠬᠦᠷᠣᠰᠣ ᠭᠠᠵᠠᠷ ᠤᠨ | ᠣᠷᠴᠢᠨ ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠤᠨ ᠱᠠᠭᠠᠷᠳᠠᠯᠭ᠎ᠠ | ᠶᠣᠰᠣᠭᠠᠷ᠂ ᠤᠤᠯ ᠤᠨ ᠬᠡᠷᠩᠯᠡᠵᠣ ᠪᠠᠶᠢᠭᠰᠠᠨ ᠠᠭᠤᠷᠬᠠᠶ ᠶᠢᠨ ᠭᠠᠵᠠᠷ ᠲᠤ ᠵᠣᠬᠢᠬᠤ ᠵᠠᠰᠠᠯᠲᠠ ᠬᠢᠭᠰᠡᠨ ᠤ ᠳᠠᠷᠠᠭ᠎ᠠ᠂ | ᠨᠤᠲᠤᠭ ᠪᠡᠯᠴᠢᠭᠡᠷ ᠢ ᠬᠡᠷᠡᠭᠯᠡᠬᠦ ᠪᠠᠷ ᠭᠤᠶᠤᠴᠢᠯᠠᠵᠤ ᠪᠣᠯᠤᠨ᠎ᠠ᠂ ᠡᠬᠢ ᠪᠠᠶᠠᠯᠢᠭ ᠨᠢ ᠰᠢᠪᠬᠠᠷᠴᠣ ᠦᠢᠯᠡᠴᠢᠯᠡᠭᠡᠨ ᠤ | ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠪᠤᠴᠠᠭᠠᠬᠤ ᠶᠢᠨ ᠬᠠᠮᠲᠤ ᠤᠷᠭᠤᠮᠠᠯ ᠤᠨ ᠬᠤᠴᠢᠯᠭ᠎ᠠ ᠶᠢ ᠨᠢ ᠰᠡᠷᠭᠦᠭᠡᠭᠦ | ᠬᠡᠷᠩᠳᠠᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ᠂ ᠥᠪᠡᠷᠲᠡᠭᠡᠨ | ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠠᠴᠠ ᠵᠥᠷᠢᠴᠡᠵᠦ ᠬᠠᠤᠯᠢ ᠠᠴᠠ | ᠵᠥᠷᠢᠴᠡᠭᠰᠡᠨ ᠠᠰᠠᠭᠤᠳᠠᠯ ᠢ ᠲᠣᠰᠬᠠᠶᠢᠯᠠᠨ ᠴᠡᠭᠴᠡᠯᠡᠨ ᠵᠠᠰᠠᠬᠤ ᠪᠠ ᠠᠭᠤᠷᠬᠠᠶ ᠶᠢᠨ ᠡᠬᠢ ᠪᠠᠶᠠᠯᠢᠭ ᠤᠨ | ᠬᠦᠷᠢᠶᠡᠨ ᠳᠠᠬᠢ ᠲᠣᠰᠬᠠᠶᠢᠯᠠᠨ ᠴᠡᠭᠴᠡᠯᠡᠨ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠨᠲᠡ | ᠪᠠᠶᠢᠭᠤᠯᠤᠭᠰᠠᠨ ᠨᠡᠭᠦᠷᠡᠰᠦᠨ ᠠᠭᠤᠷᠬᠠᠶ ᠵᠡᠷᠭᠡ ᠠᠭᠤᠷᠬᠠᠶ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠯᠡᠳᠡᠭᠳᠡᠯ | ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠨᠡᠨ ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠶ | ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠵᠡᠷᠭᠡ ᠰᠠᠯᠠᠭ᠎ᠠ ᠮᠥᠴᠢᠷ︶ | ︵ᠭᠤᠷᠪᠠ︶ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠳᠠᠯᠠᠨ᠎ᠠ᠃ ︽ᠬᠡᠨ | ᠰᠦᠢᠣᠡᠭᠡᠪᠡᠯ ᠲᠡᠷᠡ ᠵᠠᠰᠠᠬᠤ︾ ᠵᠠᠷᠴᠢᠮ ᠶᠣᠰᠣᠭᠠᠷ᠂ ᠠᠭᠤᠷᠬᠠᠶ ᠶᠢᠨ ᠠᠮᠢ ᠠᠬᠤᠶ ᠣᠷᠴᠢᠨ ᠲᠣᠭᠤᠷᠢᠨ ᠢ | ᠬᠠᠮᠠᠭᠠᠯᠠᠬᠤ ᠬᠢᠭᠡᠳ ᠰᠡᠷᠭᠦᠭᠡᠨ ᠵᠠᠰᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ ᠠᠮᠢ ᠠᠬᠤᠶ ᠶᠢ ᠦᠩᠵᠢᠭᠦᠯᠣᠨ ᠰᠡᠷᠭᠦᠭᠡᠭᠦ ᠠᠵᠢᠯ ᠢ ᠥᠷᠨᠢᠭᠦᠯᠵᠦ᠂ ᠬᠠᠶᠠᠭᠳᠠᠮᠠᠯ | ᠠᠭᠤᠷᠬᠠᠶ᠂ ᠢᠪᠡᠷᠡᠵᠦ ᠨᠤᠷᠠᠭᠰᠠᠨ ᠠᠭᠤᠷᠬᠠᠢ ᠶᠢᠨ ᠭᠠᠵᠡᠷ ᠪᠠ ᠨᠡᠭᠦᠷᠡᠰᠦᠨ ᠠᠭᠤᠷᠬᠠᠶ ︵ᠨᠡᠭᠦᠷᠡᠰᠦᠨ ᠴᠢᠯᠠᠭᠤ︶ | ᠶᠢᠨ ᠨᠣᠴᠣᠵᠣ ᠪᠠᠶᠢᠭ᠎ᠠ ᠭᠠᠵᠡᠷ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠡᠬᠢ | ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠶ ᠰᠢᠭᠤᠶ ᠨᠣᠳᠤᠭ ᠪᠡᠯᠴᠢᠭᠡᠷ ᠵᠡᠷᠭᠡ ᠰᠠᠯᠠᠭ᠎ᠠ ᠮᠥᠴᠢᠷ ᠤᠳ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠭᠤᠷᠬᠠᠶ ᠶᠢᠨ ᠬᠦᠷᠣᠰᠣ ᠭᠠᠵᠠᠷ ᠤᠨ ᠣᠷᠴᠢᠨ ᠲᠣᠭᠤᠷᠢᠨ ᠢ | ᠬᠠᠮᠠᠭᠠᠯᠠᠬᠤ ᠬᠢᠭᠡᠳ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ | ᠡᠵᠡᠯᠡᠨ ᠬᠡᠷᠩᠯᠡᠭᠳᠡᠭᠰᠡᠨ ᠨᠤᠲᠤᠭ ᠪᠡᠯᠴᠢᠭᠡᠷ ᠲᠠᠬᠢ ᠠᠭᠤᠷᠬᠠᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ | ᠠᠵᠢᠯ ᠢ ᠦᠨᠡᠨ ᠬᠦ ᠰᠠᠶᠢᠲᠤᠷ ᠬᠢᠯᠭᠡᠨ᠎ᠠ᠃ ᠬᠠᠷᠢᠭᠤᠴᠠᠬᠤ ᠭᠤᠤᠯ ᠴᠣᠭᠴᠠ ᠦᠭᠡᠶ ᠠᠭᠤᠷᠬᠠᠶ ᠳᠤ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠵᠠᠰᠠᠨ ᠰᠠᠶᠢᠵᠢᠷᠠᠭᠤᠯᠬᠤ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠪᠦᠬᠦ ᠲᠠᠯ᠎ᠠ ᠪᠠᠷ ᠪᠠᠶᠢᠴᠠᠭᠠᠨ ᠬᠢᠨᠠᠵᠣ ᠬᠠᠷᠭᠤᠭᠤᠯᠤᠭᠰᠠᠨ | ᠰᠠᠭᠤᠷᠢᠨ ᠳᠡᠭᠡᠷ᠎ᠡ᠂ ᠲᠥᠷᠥᠯ᠂ ᠲᠣᠭᠤᠷᠢᠭ᠂ ᠱᠠᠲᠤ ᠬᠤᠪᠢᠶᠠᠵᠣ ᠪᠠᠶᠢᠭᠠᠣᠨ ᠵᠣᠬᠢᠶᠠᠨ ᠪᠠᠶᠢᠭᠤᠯᠵᠣ ᠬᠡᠷᠡᠭᠵᠢᠭᠦᠯᠬᠦ | ᠬᠡᠷᠡᠭᠲᠡᠶ᠃ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠡᠵᠡᠨ ᠦᠭᠡᠢ ᠠᠭᠤᠷᠬᠠᠶ ᠶᠢ ᠰᠡᠷᠭᠦᠭᠡᠨ ᠵᠠᠰᠠᠬᠤ ᠶᠢᠨ | ᠬᠠᠮᠲᠤ᠂ ᠰᠡᠷᠭᠦᠭᠡᠨ ᠵᠠᠰᠠᠭᠰᠠᠨ ᠤ ᠳᠠᠷᠠᠭᠠᠬᠢ ᠭᠠᠵᠠᠷ ᠰᠢᠷᠣᠶ ᠶᠢ ᠬᠠᠤᠯᠢ ᠪᠠ ᠲᠣᠭᠳᠠᠭᠠᠯ ᠶᠣᠰᠣᠭᠠᠷ᠂ ᠰᠢᠨᠵᠢᠯᠡᠬᠦ | ᠤᠬᠠᠭᠠᠨᠴᠢ ᠪᠦᠭᠡᠣᠨ ᠵᠦᠢ ᠵᠣᠬᠢᠰᠲᠠᠶ ᠪᠠᠷ ᠠᠰᠢᠭᠯᠠᠬᠤ ᠪᠣᠯᠭᠠᠨ᠎ᠠ᠃ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ | ᠤᠷᠴᠢᠨ ᠲᠤᠭᠤᠷᠢᠨ ᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ ᠲᠠᠢ ᠬᠠᠮᠵᠢᠯᠴᠠᠨ᠂ ᠪᠤᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢ ᠲᠤᠭᠲᠠᠭᠠᠵᠤ᠂ ᠪᠤᠬᠢᠷᠳᠤᠯ ᠦᠭᠡᠢ ᠠᠭᠤᠷᠬᠠᠢ ᠶᠢᠨ ᠪᠠᠷᠢᠮᠵᠢᠶᠡᠨ ᠤ ᠲᠣᠭᠲᠠᠯᠴᠠᠭ᠎ᠠ ᠶᠢ | ᠪᠦᠷᠢᠨᠰᠢᠭᠦᠯᠦᠨ᠂ ᠠᠭᠤᠷᠬᠠᠢ ᠶᠢᠨ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ | ᠵᠠᠰᠠᠭ ᠤᠨ ᠤᠷᠳᠤᠨ᠂ ᠬᠢᠨᠠᠨ ᠬᠠᠮᠢᠶᠠᠷᠬᠤ ᠨᠢᠭᠡᠴᠢ᠄ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠭᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠠᠮᠢ ᠠᠬᠤᠶ ᠤᠷᠴᠢᠨ | ᠲᠤᠭᠤᠷᠢᠨ ᠤ ᠲᠢᠩᠬᠢᠮ᠂ ᠤᠰᠤᠨ ᠠᠰᠢᠨᠨᠯᠠᠯᠳᠠ ᠶᠢᠨ ᠲᠢᠩᠬᠢᠮ᠂ ᠠᠵᠦ ᠦᠢᠯᠡᠳᠪᠦᠷᠢ ᠪᠠ ᠮᠡᠳᠡᠭᠡ | ᠵᠠᠩᠬᠢᠴᠢᠯᠠᠯᠳᠠ ᠶᠢᠨ ᠲᠢᠩᠬᠢᠮ᠂ ᠡᠨᠧᠷᠬᠢ ᠶᠢᠨ ᠲᠤᠪᠴᠢᠶ᠎ᠠ᠂ ᠤᠶ ᠰᠢᠭᠤᠢ ᠪᠠ ᠨᠣᠳᠤᠭ ᠪᠡᠯᠴᠢᠭᠡᠷ ᠤᠨ ᠲᠤᠪᠴᠢᠶ᠎ᠠ | ᠵᠡᠷᠬᠡ ᠰᠠᠯᠠᠭ᠎ᠠ ᠮᠦᠴᠢᠷ︶ | ︵ᠳᠥᠷᠪᠡ︶ ᠨᠤᠲᠤᠭ ᠪᠡᠯᠴᠢᠭᠡᠷ ᠲᠠᠬᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠶᠢ ᠴᠢᠩᠭ᠎ᠠ ᠬᠢᠨᠠᠨ | ᠬᠠᠮᠢᠶᠠᠷᠬᠤ ᠬᠡᠷᠡᠭᠲᠡᠶ᠃ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠨᠤᠲᠤᠭ ᠪᠡᠯᠴᠢᠭᠡᠷ ᠲᠠᠬᠢ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠵᠢᠯ ᠳᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠲᠣᠳᠣᠷᠬᠠᠢ ᠲᠣᠭᠳᠠᠭᠠᠨ᠂ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ | ᠡᠨᠧᠷᠭᠢ᠂ ᠣᠶ ᠰᠢᠭᠤᠶ ᠨᠣᠳᠤᠭ ᠪᠡᠯᠴᠢᠭᠡᠷ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠢ ᠰᠢᠮᠳᠠᠭᠤᠯᠵᠤ | ᠪᠠᠶᠢᠭᠠᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠨᠤᠲᠤᠭ ᠪᠡᠯᠴᠢᠭᠡᠷ ᠲᠠᠬᠢ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠠᠵᠢᠯ ᠶᠠᠪᠣᠳᠠᠯ ᠤᠨ ᠲᠤᠮᠳᠠᠬᠢ ᠪᠠ ᠠᠵᠢᠯ | ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠨᠠᠯᠲᠠ | ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠦᠨᠡᠡ ᠬᠦ ᠪᠣᠶ ᠪᠣᠯᠭᠠᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠨᠢ ᠠᠭᠤᠷᠬᠠᠶ ᠶᠢᠨ ᠬᠦᠷᠣᠰᠣ ᠭᠠᠵᠠᠷ ᠤᠨ ᠣᠷᠴᠢᠨ ᠲᠣᠭᠤᠷᠢᠨ ᠢ ᠵᠠᠰᠠᠬᠤ ᠠᠵᠢᠯ ᠳᠤ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠶ ᠠᠭᠤᠷᠬᠠᠶ ᠶᠢ ᠶᠡᠷᠦᠩᠬᠡᠶᠢᠯᠡᠨ ᠵᠠᠰᠠᠬᠤ ᠠᠵᠢᠯ ᠤᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠎ᠠ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ | ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ ᠵᠠᠰᠠᠬᠤ ᠵᠢᠴᠢ ᠪᠠᠷᠢᠮᠵᠢᠶ᠎ᠠ ᠪᠠᠷ ᠪᠣᠬᠢᠷ | ᠪᠣᠳᠠᠰ ᠢ ᠭᠠᠳᠠᠭᠰᠢᠯᠠᠭᠤᠯᠬᠤ ᠳᠤ ᠬᠢᠨᠠᠨ ᠬᠠᠮᠢᠶᠠᠷᠬᠤ ᠠᠵᠢᠯ ᠢ ᠴᠢᠩᠭᠠᠷᠠᠭᠤᠯᠣᠨ᠎ᠠ᠃ ᠣᠶ ᠰᠢᠭᠤᠶ ᠪᠠ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ᠨᠢ ᠠᠭᠤᠷᠬᠠᠶ ᠶᠢᠨ ᠣᠷᠣᠨ ᠤ ᠨᠤᠲᠤᠭ ᠪᠡᠯᠴᠢᠭᠡᠷ ᠤᠨ ᠬᠠᠮᠠᠭᠠᠯᠠᠯᠲᠠ ᠳᠤ ᠬᠢᠨᠠᠯᠲᠠ | ᠲᠠᠯᠪᠢᠵᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠣ᠂ ᠡᠳᠦᠷ ᠲᠤᠲᠤᠮ ᠤᠨ ᠬᠢᠨᠠᠨ ᠬᠠᠮᠢᠶᠠᠷᠬᠤ | ᠠᠵᠢᠯ ᠢ ᠰᠠᠶᠢᠲᠤᠷ ᠬᠢᠨ᠎ᠡ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠲᠠᠬᠢ | ᠠᠭᠤᠷᠬᠠᠶ ᠶᠢᠨ ᠣᠷᠣᠨ ᠤ ᠤᠰᠤᠨ ᠤ ᠡᠬᠢ ᠰᠣᠷᠪᠣᠯᠵᠢ ᠶᠢᠨ ᠬᠠᠮᠠᠭᠠᠯᠠᠯᠳᠠ ᠳᠤ ᠬᠢᠨᠠᠨ ᠬᠠᠮᠢᠶᠠᠷᠬᠤ ᠠᠵᠢᠯ ᠢ ᠬᠠᠤᠯᠢ | ᠪᠠ ᠲᠣᠭᠲᠠᠭᠠᠯ ᠶᠣᠰᠣᠭᠠᠷ ᠴᠢᠩᠭᠠᠣᠡᠬᠠᠨ᠎ᠠ᠃ ︽ᠣᠭᠲᠠᠷᠭᠤᠶ ᠠᠴᠠ ᠦᠵᠡᠬᠦ᠂ ᠭᠠᠵᠠᠷ ᠲᠤ ᠨᠢ ᠭᠦᠷᠴᠣ | ᠪᠠᠶᠢᠴᠠᠭᠠᠬᠤ︾ ᠵᠡᠷᠭᠡ ᠣᠳᠣ ᠦᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ | ᠠᠰᠢᠭᠯᠠᠨ᠂ ᠪᠦᠬᠦᠨ ᠢ ᠬᠠᠮᠤᠷᠤᠭᠰᠠᠨ ᠬᠡᠯᠪᠡᠷᠢ ᠪᠦᠭᠦᠢ ᠬᠢᠨᠠᠯᠲᠠ ᠲᠠᠯᠪᠢᠵᠣ ᠪᠠᠶᠢᠴᠠᠭᠠᠬᠤ ᠶᠢ ᠥᠷᠨᠢᠭᠦᠯᠵᠦ᠂ ᠪᠦᠬᠦ | ᠲᠠᠯ᠎ᠠ ᠪᠠᠷ ᠬᠢᠨᠠᠨ ᠬᠡᠮᠵᠢᠵᠦ ᠬᠢᠨᠠᠨ ᠬᠠᠮᠢᠶᠠᠷᠬᠤ ᠶᠢ ᠪᠡᠶᠡᠯᠡᠭᠦᠯᠦᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠬᠠᠤᠯᠢ ᠪᠠ ᠲᠣᠭᠲᠠᠭᠠᠯ ᠶᠣᠰᠣᠭᠠᠷ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠭᠥᠭᠵᠢᠭᠦᠯᠣᠨᠡ᠃ ᠡᠳᠦᠷ | ᠲᠤᠲᠤᠮ ᠤᠨ ᠬᠢᠨᠠᠨ ᠬᠠᠮᠢᠶᠠᠷᠬᠤ ᠪᠠᠷ ᠳᠠᠮᠵᠢᠨ ᠢᠯᠡᠷᠡᠭᠦᠯᠤᠭ᠍ᠰᠡᠨ ᠠᠰᠠᠭᠤᠳᠠᠯ ᠳᠤ ᠠᠵᠢᠯ ᠤᠨ ᠡᠭᠡ ᠳᠠᠩᠰᠠ | ᠪᠠᠶᠢᠭᠤᠯᠵᠤ᠂ ᠴᠡᠭᠴᠡᠯᠡᠵᠣ ᠦᠭᠡᠷᠡᠴᠢᠯᠡᠭᠰᠡᠨ ᠪᠠᠶᠢᠪᠡᠯ ᠬᠠᠷᠭᠤᠭᠤᠯᠵᠣ ᠬᠠᠰᠤᠬᠤ ᠳᠦᠷᠢᠮ ᠢ ᠬᠡᠷᠩᠵᠢᠭᠦᠯᠣᠨ᠎ᠡ᠃ ︵ | ᠬᠠᠷᠢᠭᠤᠴᠠᠬᠤ ᠨᠢᠭᠡᠴᠢ᠄ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠬᠢᠨᠡᠨ | ᠬᠠᠮᠢᠶᠡᠷᠬᠤ ᠨᠢᠭᠡᠴᠢ᠄ ᠦᠪᠡᠷᠳᠡᠭᠡᠨ ᠵᠠᠰᠠᠬᠤ ᠣᠷᠣᠨ ᠤ ᠣᠶ ᠰᠢᠭᠤᠶ ᠪᠠ ᠨᠣᠳᠤᠭ ᠪᠡᠯᠴᠢᠭᠡᠷ ᠤᠨ ᠲᠤᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠳᠢᠩᠬᠢᠮ᠂ ᠬᠦᠭᠵᠢᠬᠦᠯᠥᠯᠳᠡ ᠪᠠ ᠦᠭᠡᠷᠡᠴᠢᠯᠡᠯᠳᠡ ᠶᠢᠨ ᠵᠦᠪᠯᠡᠯ᠂ ᠠᠮᠢ ᠠᠬᠤᠢ | ᠣᠷᠴᠢᠨ ᠲᠤᠭᠤᠷᠢᠨ ᠤ ᠳᠢᠩᠬᠢᠮ᠂ ᠣᠰᠣᠨ ᠠᠰᠢᠠᠠᠯᠠᠯᠳᠡ ᠶᠢᠨ ᠳᠢᠩᠬᠢᠮ᠂ ᠡᠨᠧᠷᠬᠢ ᠶᠢᠨ ᠲᠤᠪᠴᠢᠶ᠎ᠠ ᠵᠡᠷᠭᠡ | ᠰᠠᠯᠠᠭ᠎ᠠ ᠮᠦᠴᠢᠷ︶ | ︵ᠲᠠᠪᠤ︶ ᠠᠭᠤᠷᠬᠠᠶ ᠶᠢᠨ ᠡᠬᠢ ᠪᠠᠶᠠᠯᠢᠭ ᠢ ᠨᠡᠭᠡᠭᠡᠬᠦ ᠲᠠᠯ᠎ᠠ ᠳᠠᠬᠢ ᠬᠠᠤᠯᠢ ᠠᠴᠠ ᠵᠥᠷᠢᠴᠡᠨ ᠨᠤᠲᠤᠭ | ᠪᠡᠯᠴᠢᠭᠡᠷ ᠢ ᠡᠵᠡᠯᠡᠵᠣ ᠬᠡᠷᠩᠯᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃ ᠡᠯ᠎ᠡ ᠱᠠᠲᠤᠨ ᠤ | ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠣ᠂ | ᠬᠠᠤᠯᠢ ᠶᠢ ᠵᠠᠪᠠᠯ ᠵᠢᠷᠤᠮᠯᠠᠬᠤ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ᠂ ᠬᠠᠤᠯᠢ ᠠᠴᠠ ᠵᠦᠷᠢᠴᠡᠪᠡᠯ ᠵᠠᠪᠠᠯ | ᠨᠡᠬᠡᠮᠵᠢᠯᠡᠬᠦ ᠵᠠᠷᠴᠢᠮ ᠢ ᠪᠠᠷᠢᠮᠲᠠᠯᠠᠨ᠂ ᠵᠦᠪᠰᠢᠶᠡᠷᠡᠭᠦᠯᠤᠭ᠍ᠰᠡᠨ ᠦᠭᠡᠢ ᠪᠠᠶᠢᠵᠣ ᠣᠷᠢᠣᠡ ᠢᠶᠠᠷ ᠪᠠᠶᠢᠭᠤᠯᠬᠤ᠂ | ᠵᠦᠪᠰᠢᠶᠡᠷᠡᠭᠰᠡᠨ ᠬᠡᠮᠵᠢᠶᠠᠨ ᠠᠴᠠ ᠢᠯᠡᠭᠦᠦ ᠡᠵᠡᠯᠡᠬᠦ᠂ ᠲᠦᠷ ᠴᠠᠭ ᠬᠡᠷᠩᠯᠡᠭᠦ ᠨᠡᠷ᠎ᠡ ᠪᠠᠷ ᠨᠤᠲᠤᠭ ᠪᠡᠯᠴᠢᠭᠡᠷ ᠢ | ᠤᠷᠲᠤ ᠬᠤᠭᠤᠴᠠᠭ᠎ᠠ ᠪᠠᠷ ᠡᠵᠡᠯᠡᠨ ᠬᠡᠷᠡᠭᠯᠡᠬᠦ ᠵᠡᠷᠭᠡ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠣᠡᠪᠣᠷᠢᠯᠡᠨ᠎ᠡ᠃ ᠴᠡᠭᠴᠡᠯᠡᠨ | ᠰᠠᠶᠢᠵᠢᠷᠠᠭᠤᠯᠬᠤ ᠡᠭᠦᠷᠭᠡ ᠪᠠᠨ ᠭᠦᠢᠴᠡᠳᠬᠡᠬᠦ ᠦᠭᠡᠶ᠂ ᠨᠤᠲᠤᠭ ᠪᠡᠯᠴᠢᠭᠡᠷ ᠢ ᠳᠤᠷ᠎ᠠ ᠪᠠᠷ ᠡᠵᠡᠯᠡᠨ ᠬᠡᠷᠡᠭᠯᠡᠵᠦ | ᠪᠠᠶᠢᠭ᠎ᠠ ᠠᠵᠤ ᠠᠬᠤᠶᠢᠯᠠᠯ ᠢ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ︽ᠬᠠᠷ᠎ᠠ ᠳᠠᠩᠰᠡᠨ︾ ᠳᠤ ᠬᠠᠤᠯᠢ | ᠶᠣᠰᠣᠭᠠᠷ ᠵᠢᠭᠰᠠᠭᠠᠨ ᠣᠷᠣᠭᠤᠯᠤᠨ᠎ᠠ᠃ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠶᠠᠪᠤᠴᠠ ᠳᠤ ᠬᠠᠤᠯᠢ ᠠᠴᠠ | ᠵᠥᠷᠢᠴᠡᠨ ᠨᠤᠲᠤᠭ ᠪᠡᠯᠴᠢᠭᠡᠷ ᠢ ᠡᠵᠡᠯᠡᠨ ᠬᠡᠷᠡᠭᠯᠡᠭᠡᠳ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ︵ | ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠨᠠᠨ | ᠬᠠᠮᠢᠶᠠᠷᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ | ᠣᠷᠴᠢᠨ ᠲᠣᠭᠤᠷᠢᠨ ᠤ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠶ ᠰᠢᠭᠤᠶ ᠪᠠ ᠨᠣᠳᠤᠭ | ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠷᠠᠭᠤᠯᠬᠤ ᠬᠡᠷᠡᠭᠲᠡᠶ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠷᠠᠭᠤᠯᠵᠣ᠂ ᠨᠤᠲᠤᠭ | ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ ᠬᠠᠮᠢᠶᠠᠷᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ | ᠭᠦᠢᠴᠡᠣᠡᠭᠡᠨ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ | ᠢᠮᠠᠭᠲᠠ ᠪᠠᠳᠣᠯᠠᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠠᠵᠢᠯ ᠳᠠᠬᠢ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠶᠢᠨ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠵᠦ᠂ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠠᠭᠤᠷᠬᠠᠶ ᠶᠢ ᠶᠡᠷᠦᠩᠬᠡᠶᠢᠯᠡᠨ ᠵᠠᠰᠠᠬᠤ ᠬᠠᠷᠢᠭᠤᠴᠠᠯᠭ᠎ᠠ ᠶᠢᠨ | ᠳᠦᠷᠢᠮ ᠢ ᠲᠡᠭᠦᠯᠳᠡᠷᠵᠢᠭᠦᠯᠦᠨ᠂ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠠᠵᠢᠯ ᠤᠨ | ᠲᠣᠭᠲᠠᠴᠠ ᠶᠢ ᠪᠠᠶᠢᠭᠤᠯᠵᠣ᠂ ᠨᠣᠳᠤᠭ ᠪᠡᠯᠴᠢᠭᠡᠷ ᠤᠨ ᠠᠮᠢ ᠠᠬᠤᠢ ᠶᠢᠨ ᠠᠮᠣᠷ ᠲᠦᠪᠰᠢᠨ ᠢ ᠦᠨᠡᠨ ᠬᠦ ᠪᠠᠳᠣᠯᠠᠬᠤ | ᠬᠡᠷᠩᠳᠠᠢ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠪᠠᠶᠢᠭᠠᠯᠢ ᠶᠢᠨ ᠡᠬᠢ | ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠤᠰᠤᠨ ᠠᠰᠢᠭᠯᠠᠯᠲᠠ᠂ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ᠂ ᠡᠨᠧᠷᠭᠢ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠬᠦᠨ ᠨᠢᠭᠡᠴᠢ | ᠪᠣᠯᠭᠠᠭᠰᠠᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠬᠦᠷᠢᠶᠡᠨ ᠳᠠᠬᠢ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠬᠤ ᠬᠡᠷᠩᠳᠠᠢ᠂ ᠡᠯ᠎ᠡ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠨᠢ ᠴᠤ ᠯᠠᠪᠯᠠᠯᠲᠠ ᠪᠣᠯᠭᠠᠨ ᠵᠣᠬᠢᠬᠤ ᠲᠣᠭᠲᠠᠴᠠ ᠶᠢ ᠪᠠᠶᠢᠭᠤᠯᠬᠤ | ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠢ ᠨᠢ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠬᠠᠷᠢᠯᠴᠠᠨ | ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ | ᠬᠦᠷᠢᠶᠡᠨ ᠳᠠᠬᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠬᠤ | ᠠᠵᠢᠯ ᠤᠨ ᠴᠢᠬᠤᠯᠠ ᠶᠡᠭᠡ ᠵᠦᠢᠯᠡᠰ ᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠠᠶᠢᠮᠠᠭ | ᠬᠤᠲᠠ ᠶᠢᠨ ᠳᠠᠷᠠᠭ᠎ᠠ ᠨᠢᠭᠡ ᠵᠢᠯ ᠤᠨ ᠠᠵᠢᠯ ᠤᠨ ᠲᠥᠯᠥᠪᠯᠡᠭᠡ ᠵᠢᠴᠢ ᠱᠠᠲᠤ ᠦᠶ᠎ᠠ ᠶᠢᠨ ᠴᠢᠨᠠᠷᠲᠠᠶ ᠡᠭᠦᠷᠭᠡ ᠶᠢ | ᠬᠢᠨᠠᠨ ᠲᠣᠭᠲᠠᠭᠠᠬᠤ ᠶᠢᠨ ᠬᠠᠮᠲᠤ᠂ ᠬᠡᠷᠡᠭᠵᠢᠭᠦᠯᠦᠭᠰᠡᠨ ᠪᠠᠶᠢᠳᠠᠯ ᠳᠤ ᠨᠢ ᠬᠢᠨᠠᠯᠲᠠ ᠲᠠᠯᠪᠢᠨ ᠪᠠᠶᠢᠴᠠᠭᠠᠵᠤ᠂ | ᠬᠤᠯᠪᠣᠭᠠᠯᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠣ ᠥᠷᠨᠢᠭᠦᠯᠬᠦ ᠬᠡᠷᠩᠳᠠᠢ᠃ | ︵ᠭᠤᠷᠪᠠ︶ ᠮᠥᠷᠳᠡᠵᠦ ᠦᠷ᠎ᠡ ᠪᠦᠲᠦᠮᠵᠢ ᠶᠢ ᠨᠢ ᠲᠣᠯᠭᠠᠨ ᠠᠰᠠᠭᠤᠬᠤ ᠶᠢ ᠴᠢᠩᠭᠠᠷᠠᠭᠤᠯᠬᠤ ᠬᠡᠷᠩᠳᠠᠢ᠃ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠬᠢᠨᠠᠯᠲᠠ ᠲᠠᠯᠪᠢᠬᠤ᠂ ᠰᠢᠯᠭᠠᠨ ᠦᠨᠡᠯᠡᠬᠦ᠂ ᠱᠠᠩᠨᠠᠵᠤ | ᠲᠣᠷᠭᠠᠬᠤ ᠵᠡᠷᠭᠡ ᠠᠵᠢᠯ ᠤᠨ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠳᠤ | ᠬᠤᠶᠠᠷ ᠬᠠᠷᠢᠭᠤᠴᠠᠯᠭ᠎ᠠ ᠲᠠᠢ︾ ︽ᠬᠠᠷᠢᠭᠤᠴᠠᠯᠭ᠎ᠠ ᠠᠯᠳᠠᠪᠡᠯ ᠬᠠᠷᠢᠭᠤᠴᠠᠯᠭ᠎ᠠ ᠨᠡᠬᠡᠮᠵᠢᠯᠡᠬᠦ︾ ᠳᠦᠷᠢᠮ ᠢ ᠴᠢᠩᠭ᠎ᠠ | ᠬᠡᠷᠡᠭᠵᠢᠭᠦᠯᠵᠦ᠂ ᠠᠵᠢᠯ ᠨᠢ ᠨᠠᠶᠢᠳᠠᠪᠣᠷᠢ ᠦᠭᠡᠢ᠂ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ | ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ | ᠬᠡᠯᠡᠯᠴᠡᠭᠦ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ | ᠨᠢᠭᠡ ᠵᠢᠯ ᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠭᠦ ᠠᠵᠢᠯ ᠳᠠᠬᠢ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠪᠠᠶᠢᠳᠠᠯ ᠵᠢᠴᠢ ᠳᠠᠷᠠᠭ᠎ᠠ ᠨᠢᠭᠡ ᠵᠢᠯ ᠤᠨ ᠠᠵᠢᠯ ᠤᠨ ᠲᠥᠯᠥᠪᠯᠡᠭᠡ ᠪᠠᠨ ᠵᠢᠯ ᠪᠦᠷᠢ ᠶᠢᠨ 2 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠬᠦ ᠬᠡᠷᠡᠭᠲᠡᠶ᠃ | |