ᠥᠪᠥᠷ ᠵᠠᠰᠠᠭ ᠠᠯᠪᠠᠨ ᠲᠠᠷᠬᠠᠭᠠᠭᠰᠠᠨ ﹇2021﹈ 4 ᠳ᠋ᠦ᠋ᠭᠡᠷ ᠲᠣᠭᠠᠲᠤ | 2021 ᠣᠨ ᠤ 6 ᠳ᠋ᠤᠭᠠᠷ ᠰᠠᠷ᠎ᠠ ᠶᠢᠨ 11 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ ︽ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ | ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2019﹈ 34 ᠳ᠋ᠤᠭᠡᠷ ᠲᠣᠭᠠᠲᠤ ︶ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠦ᠂ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ︵ᠲᠣᠷᠣᠭᠰᠢ | ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠭᠡᠵᠦ ᠲᠣᠪᠴᠢᠯᠠᠨ᠎ᠠ ︶ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ ᠰᠠᠨᠠᠯ ᠳᠤᠷᠠᠳᠪᠠ᠃ | ᠨᠢᠭᠡ᠂ ᠬᠠᠷᠠᠯᠲᠠ ᠪᠣᠯᠬᠤ ᠡᠭᠦᠷᠭᠡ ᠵᠢᠴᠢ ᠲᠣᠬᠢᠷᠠᠭᠤᠯᠤᠨ ᠬᠡᠷᠡᠭᠯᠡᠬᠦ ᠬᠡᠪᠴᠢᠶ᠎ᠡ | ︵ᠨᠢᠭᠡ︶ ᠬᠠᠷᠠᠯᠲᠠ ᠪᠣᠯᠬᠤ ᠡᠭᠦᠷᠭᠡ | 2025 ᠣᠨ ᠪᠣᠯᠬᠤ ᠳᠤ᠂ ᠥᠮᠴᠢᠯᠡᠬᠦ ᠡᠷᠬᠡ ᠨᠢ ᠲᠣᠳᠣᠷᠬᠠᠶ᠂ ᠵᠠᠬ᠎ᠠ ᠳᠡᠯᠭᠡᠭᠦᠷ ᠢᠶᠠᠷ ᠦᠨ᠎ᠡ | ᠲᠣᠭᠲᠠᠭᠠᠭᠰᠠᠨ᠂ ᠮᠡᠳᠡᠭᠡ ᠵᠠᠩᠭᠢ ᠨᠢ ᠲᠥᠪᠯᠡᠷᠡᠭᠰᠡᠨ᠂ ᠠᠷᠠᠯᠵᠢᠶ᠎ᠠ ᠨᠢ ᠠᠮᠤᠷ ᠲᠦᠪᠰᠢᠨ ᠪᠠᠶᠢᠬᠤ᠂ ᠬᠢᠨᠠᠯᠲᠠ | ᠬᠠᠮᠢᠶᠠᠷᠤᠯᠲᠠ ᠨᠢ ᠪᠦᠲᠦᠮᠵᠢᠲᠡᠶ ᠪᠦᠬᠦᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ | ᠦᠨᠳᠦᠰᠦᠨ ᠳᠤ ᠪᠠᠨ ᠪᠠᠶᠢᠭᠤᠯᠤᠨ᠎ᠠ᠃ ᠡᠭᠦᠨ ᠤ ᠰᠠᠭᠤᠷᠢᠨ ᠳᠡᠭᠡᠷ᠎ᠡ᠂ ᠡᠯ᠎ᠡ ᠭᠠᠵᠠᠷ ᠣᠷᠣᠨ ᠨᠢ ᠵᠠᠬ᠎ᠠ | ᠳᠡᠯᠭᠡᠭᠦᠷ ᠤᠨ ᠲᠦᠷᠢᠮ ᠢ ᠠᠯᠬᠤᠮ ᠠᠯᠬᠤᠮ ᠢᠶᠠᠷ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠢᠯᠡᠴᠢᠯᠡᠬᠦ ᠪᠠ ᠬᠢᠨᠠᠨ | ᠬᠠᠮᠢᠶᠠᠷᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠨᠢ ᠨᠠᠩ | ᠵᠢᠷᠤᠮᠵᠢᠭᠰᠠᠨ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠠᠷᠠᠯᠵᠢᠶᠠᠨ ᠤ ᠲᠠᠪᠴᠠᠩ ᠢ ᠪᠣᠶ ᠪᠣᠯᠭᠠᠨ᠎ᠠ᠃ | | ︵ᠬᠤᠶᠠᠷ︶ ᠲᠣᠬᠢᠷᠠᠭᠤᠯᠤᠨ ᠬᠡᠷᠡᠭᠯᠡᠬᠦ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠤᠯᠤᠰ ᠤᠨ ᠥᠮᠴᠢᠯᠡᠯᠲᠦ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ᠂ ᠭᠠᠵᠠᠷ ᠰᠢᠷᠣᠶ ᠶᠢᠨ ᠠᠷᠠᠯᠵᠢᠶ᠎ᠠ ᠵᠢᠴᠢ ᠭᠠᠵᠠᠷ | ᠰᠢᠷᠣᠶ ᠶᠢ ᠭᠠᠵᠠᠷ ᠳᠡᠭᠡᠷᠡᠬᠢ ᠪᠠᠷᠢᠯᠭ᠎ᠠ᠂ ᠪᠠᠷᠢᠯᠭ᠎ᠠ ᠶᠢᠨ ᠵᠦᠢᠯ ᠵᠢᠴᠢ ᠪᠤᠰᠤᠳ ᠳᠠᠭᠠᠯᠲᠠ ᠪᠣᠳᠠᠰ ᠵᠡᠷᠭᠡ ᠲᠠᠢ | ᠬᠠᠮᠲᠤ ᠳᠤ ᠨᠢ ᠠᠷᠠᠯᠵᠢᠶᠠᠯᠠᠭᠰᠠᠨ ᠪᠠᠶᠢᠳᠠᠯ ᠳᠤ ᠭᠤᠤᠯᠳᠠᠯᠭ᠎ᠠ ᠲᠠᠢ ᠴᠢᠭᠯᠡᠭᠦᠯᠦᠨ᠎ᠡ᠃ ᠬᠠᠤᠯᠢ ᠶᠣᠰᠣᠭᠠᠷ ᠵᠠᠬ᠎ᠠ | ᠳᠡᠯᠭᠡᠭᠦᠷ ᠲᠤ ᠤᠷᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ | ᠪᠠᠷᠢᠴᠠᠭᠠᠯᠠᠬᠤ ᠳᠤ ᠲᠣᠰ ᠰᠠᠨᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ᠬᠤᠶᠠᠷ᠂ ᠰᠢᠯᠵᠢᠭᠦᠯᠦᠨ ᠥᠭᠬᠦ ᠨᠥᠬᠦᠴᠡᠯ ᠢ ᠲᠣᠳᠣᠷᠬᠠᠶᠢᠯᠠᠵᠤ᠂ ᠰᠢᠯᠵᠢᠭᠦᠯᠦᠨ ᠥᠭᠬᠦ ᠲᠥᠷᠢᠮ ᠢ | ᠲᠡᠭᠦᠯᠳᠡᠷᠵᠢᠭᠦᠯᠬᠦ ᠬᠡᠷᠡᠭᠲᠡᠶ | ︵ᠨᠢᠭᠡ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ | ᠬᠡᠯᠪᠡᠷᠢ ᠶᠢ ᠨᠢ ᠲᠣᠳᠣᠷᠬᠠᠶᠢᠯᠠᠨ᠎ᠠ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠦᠨ ᠥᠭᠬᠦ ᠳᠤ ᠮᠠᠶᠢᠮᠠᠶᠢᠯᠠᠬᠤ᠂ ᠰᠣᠯᠢᠯᠴᠠᠬᠤ᠂ ᠪᠡᠯᠡᠭᠯᠡᠬᠦ᠂ ᠪᠡᠯᠡ ᠭᠠᠷᠭᠠᠬᠤ ᠵᠢᠴᠢ ᠬᠠᠤᠯᠢ ᠴᠠᠭᠠᠵᠠ ᠶᠢᠨ | ᠰᠢᠢᠳᠪᠦᠷᠢᠯᠡᠯᠲᠡ᠂ ᠡᠳ᠋ ᠬᠦᠷᠦᠩᠭᠡ ᠶᠢ ᠰᠢᠢᠳᠪᠦᠷᠢᠯᠡᠬᠦ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢ ᠨᠡᠶᠢᠯᠡᠭᠦᠯᠬᠦ ᠪᠤᠶᠤ ᠰᠠᠯᠭᠠᠬᠤ ᠵᠡᠷᠭᠡ ᠬᠡᠯᠪᠡᠷᠢ ᠮᠠᠶ᠋ᠢᠭ ᠲᠤ ᠬᠤᠯᠪᠣᠭᠳᠠᠭᠰᠠᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠪᠠᠭᠲᠠᠨ᠎ᠠ᠃ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠨᠢ ᠰᠢᠯᠵᠢᠭᠦᠯᠦᠨ ᠥᠭᠬᠦ ᠳᠤ᠂ ᠭᠠᠵᠠᠷ ᠳᠡᠭᠡᠷᠡᠬᠢ | ᠪᠠᠷᠢᠯᠭ᠎ᠠ᠂ ᠪᠠᠷᠢᠯᠭ᠎ᠠ ᠶᠢᠨ ᠵᠦᠢᠯ᠂ ᠪᠤᠰᠤᠳ ᠲᠠᠭᠠᠯᠳᠠ ᠪᠣᠳᠠᠰ ᠤᠨ ᠥᠮᠴᠢᠯᠡᠯ ᠤᠨ ᠡᠷᠬᠡ ᠶᠢ ᠬᠠᠮᠲᠤ ᠳᠤ ᠨᠢ | ᠰᠢᠯᠵᠢᠭᠦᠯᠬᠦ ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢ ᠰᠢᠯᠵᠢᠭᠦᠯᠦᠨ ᠥᠭᠬᠦ ᠳᠤ ᠬᠤᠯᠪᠣᠭᠳᠠᠪᠠᠯ᠂ ᠬᠡᠷ | ᠪᠠᠶᠢᠰᠢᠩ ᠭᠠᠵᠠᠷ ᠬᠥᠷᠥᠩᠭᠡ ᠶᠢ ᠰᠢᠯᠵᠢᠭᠦᠯᠦᠨ ᠥᠭᠬᠦ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠶᠣᠰᠣᠭᠠᠷ᠂ ᠬᠡᠷ ᠪᠠᠶᠢᠰᠢᠩ ᠭᠠᠵᠠᠷ ᠬᠥᠷᠥᠩᠭᠡ ᠶᠢ ᠰᠢᠯᠵᠢᠭᠦᠯᠦᠨ ᠥᠭᠬᠦ ᠬᠠᠮᠢᠶ᠎ᠠ ᠪᠥᠬᠦᠶ ᠭᠠᠷᠳᠠᠮ ᠢ | ᠭᠦᠢᠴᠡᠳᠬᠡᠨ᠎ᠡ᠃ ︵ᠬᠠᠷᠢᠭᠤᠴᠠᠬᠤ ᠨᠢᠭᠡᠴᠢ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠣᠷᠣᠭᠰᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠴᠥᠮ ᠣᠷᠤᠯᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭᠠᠵᠤ ᠲᠤᠳᠤᠷᠬᠠᠶᠢᠯᠠᠬᠤ ᠥᠬᠡᠶ︶ | ︵ᠬᠤᠶᠠᠷ︶ ᠠᠳᠠᠯᠢ ᠪᠤᠰᠤ ᠡᠷᠬᠡ ᠴᠢᠳᠠᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠰᠢᠯᠵᠢᠭᠦᠯᠦᠨ ᠥᠭᠬᠦ ᠨᠥᠬᠦᠴᠡᠯ ᠢ ᠨᠢ ᠲᠣᠳᠣᠷᠬᠠᠶᠢᠯᠠᠨ᠎ᠠ᠃ | 1. ᠬᠤᠪᠢᠶᠠᠷᠢᠯᠠᠨ ᠥᠭᠬᠦ ᠠᠷᠭ᠎ᠠ ᠪᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠃ ᠬᠤᠪᠢᠶᠠᠷᠢᠯᠠᠨ ᠥᠭᠭᠦᠭᠰᠡᠨ ᠪᠥᠳᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠵᠥᠪᠰᠢᠶᠡᠷᠡᠭᠦᠯᠦᠭᠰᠡᠨ ᠥᠭᠡᠢ ᠪᠣᠯ ᠳᠤᠷ᠎ᠠ ᠪᠠᠷ ᠢᠶᠠᠨ ᠰᠢᠯᠵᠢᠭᠦᠯᠦᠨ ᠥᠭᠴᠦ ᠪᠣᠯᠬᠤ | ᠥᠭᠡᠢ᠂ ᠦᠨᠡᠨ ᠬᠦ ᠰᠢᠯᠵᠢᠭᠦᠯᠦᠨ ᠥᠭᠬᠦ ᠴᠢᠬᠤᠯᠠᠲᠠᠢ ᠪᠣᠯ᠂ ᠬᠤᠪᠢᠶᠠᠷᠢᠯᠠᠨ ᠥᠭᠭᠦᠭᠰᠡᠨ ᠪᠥᠳᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ ᠬᠥᠮᠦᠨ ᠨᠢ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | ᠰᠢᠯᠵᠢᠭᠦᠯᠦᠨ ᠥᠭᠭᠦᠭᠰᠡᠨ ᠤ ᠳᠠᠷᠠᠭ᠎ᠠ ᠭᠠᠵᠠᠷ ᠰᠢᠷᠣᠶ ᠶᠢᠨ ᠵᠣᠷᠢᠭᠤᠯᠤᠯᠲᠠ ᠨᠢ ︽ᠬᠤᠪᠢᠶᠠᠷᠢᠯᠠᠨ ᠥᠭᠭᠦᠭᠰᠡᠨ | ᠬᠡᠷᠡᠭᠯᠡᠬᠦ ᠭᠠᠵᠠᠷ ᠤᠨ ᠭᠠᠷᠴᠠᠭ ︾ ᠲᠤ ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ | ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠥᠬᠡᠶ ᠪᠠᠶᠢᠵᠤ | ᠪᠣᠯᠣᠨ᠎ᠠ᠂ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠪᠦᠷᠢᠳᠭᠡᠯ ᠶᠣᠰᠣᠭᠠᠷ ᠬᠠᠮᠢᠶ᠎ᠠ ᠪᠥᠬᠦᠶ ᠭᠠᠷᠳᠠᠮ ᠢ | ᠭᠦᠢᠴᠡᠳᠬᠡᠨ᠎ᠡ︔ ︽ᠰᠢᠯᠵᠢᠭᠦᠯᠦᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠥᠯᠥ ᠨᠠᠶᠢᠴᠡᠪᠡᠯ᠂ | ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠬᠤᠳᠠᠯᠳᠤᠵᠤ ᠠᠪᠬᠤ ᠲᠠᠯ᠎ᠠ ᠠᠴᠠ ᠭᠠᠵᠠᠷ ᠰᠢᠷᠣᠶ ᠶᠢ | ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠢ ᠬᠠᠤᠯᠢ ᠲᠣᠭᠲᠠᠭᠠᠯ ᠶᠣᠰᠣᠭᠠᠷ ᠨᠦᠬᠦᠵᠦ ᠲᠤᠰᠢᠶᠠᠭᠰᠠᠨ ᠤ | ᠳᠠᠷᠠᠭ᠎ᠠ᠂ ᠬᠤᠶᠠᠷ ᠲᠠᠯ᠎ᠠ ᠪᠠᠷ ᠢᠶᠠᠨ ᠥᠯᠥ ᠬᠥᠳᠡᠯᠬᠦ ᠬᠥᠷᠥᠩᠭᠡ ᠶᠢᠨ ᠰᠢᠯᠵᠢᠭᠦᠯᠬᠦ ᠪᠦᠷᠢᠳᠭᠡᠯ ᠤᠨ ᠭᠠᠷᠳᠠᠮ ᠢ | ᠭᠦᠢᠴᠡᠳᠬᠡᠨ᠎ᠡ᠃ ᠲᠥᠯᠥᠪᠵᠢᠭᠦᠯᠭᠡ ᠶᠢᠨ ᠨᠥᠬᠦᠴᠡᠯ ᠢ ᠬᠠᠤᠯᠢ ᠶᠣᠰᠣᠭᠠᠷ ᠬᠤᠪᠢᠷᠠᠭᠤᠯᠤᠭᠰᠠᠨ ᠪᠠᠶᠢᠪᠠᠯ᠂ ᠭᠠᠵᠠᠷ | ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠢ ᠨᠦᠬᠦᠵᠦ ᠲᠤᠰᠢᠶᠠᠬᠤ ᠳᠤ ᠬᠤᠪᠢᠷᠠᠭᠤᠯᠤᠭᠰᠠᠨ ᠤ | ᠳᠠᠷᠠᠭᠠᠬᠢ ᠲᠥᠯᠥᠪᠵᠢᠭᠦᠯᠭᠡ ᠶᠢᠨ ᠨᠥᠬᠦᠴᠡᠯ ᠳᠣᠣᠷᠠᠬᠢ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠲᠦᠯᠦᠪᠦᠷᠢᠲᠠᠢ | ᠰᠢᠯᠵᠢᠭᠦᠯᠬᠦ ᠬᠡᠪ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠶᠣᠰᠣᠭᠠᠷ᠂ ᠣᠲᠣ ᠶᠢᠨ ᠬᠡᠷᠡᠭᠯᠡᠵᠦ ᠪᠠᠶᠢᠭ᠎ᠠ | ᠨᠥᠬᠦᠴᠡᠯ ᠳᠣᠤᠷᠠᠬᠢ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠦᠨ᠎ᠡ ᠬᠠᠩᠰᠢ ᠶᠢ | ᠬᠠᠰᠤᠭᠠᠳ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠵᠠᠰᠠᠭ ᠤᠨ ᠣᠷᠳᠣᠨ ᠤ ᠪᠠᠶᠢᠭᠤᠯᠤᠮᠵᠢ᠂ ᠠᠵᠢᠯ | ᠦᠢᠯᠡᠰ ᠤᠨ ᠨᠢᠭᠡᠴᠢ ᠪᠣᠯᠤᠨ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ ᠠᠬᠤᠶᠢᠯᠠᠯ ᠤᠨ | ᠬᠤᠭᠤᠷᠣᠨᠳᠣ ᠪᠠᠨ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ ᠶᠢ ᠬᠤᠪᠢᠶᠠᠷᠢᠯᠠᠨ ᠰᠢᠯᠵᠢᠭᠦᠯᠬᠦ ᠳᠤ᠂ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ ︽ᠬᠤᠪᠢᠶᠠᠷᠢᠯᠠᠨ | ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ ︾ ᠲᠤ ᠨᠡᠶᠢᠴᠡᠵᠦ ᠬᠤᠪᠢᠶᠠᠷᠢᠯᠠᠨ ᠥᠭᠬᠦ ᠠᠷᠭ᠎ᠠ ᠮᠠᠶ᠋ᠢᠭ ᠢ ᠨᠢ | ᠦᠯᠡᠳᠡᠭᠡᠵᠦ ᠬᠡᠷᠡᠭᠯᠡᠪᠡᠯ᠂ ᠬᠤᠪᠢᠶᠠᠷᠢᠯᠠᠨ ᠰᠢᠯᠵᠢᠭᠦᠯᠬᠦ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠷ ᠢᠶᠠᠨ ᠭᠠᠵᠠᠷ | ᠰᠢᠷᠣᠶ ᠰᠢᠯᠵᠢᠭᠦᠯᠬᠦ ᠪᠦᠷᠢᠳᠭᠡᠯ ᠤᠨ ᠭᠠᠷᠳᠠᠮ ᠢ ᠰᠢᠭᠤᠳ ᠭᠦᠢᠴᠡᠳᠬᠡᠵᠦ ᠪᠣᠯᠤᠨ᠎ᠠ᠃ ︵ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ︶ | 2. ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ | ᠲᠦᠯᠦᠪᠦᠷᠢᠲᠡᠢ ᠰᠢᠯᠵᠢᠭᠦᠯᠬᠦ ᠭᠡᠷ᠎ᠡ ᠶᠢᠨ ᠪᠣᠯᠵᠣᠯ ᠳᠤ ᠨᠡᠶᠢᠴᠡᠭᠰᠡᠨ ᠤᠷᠢᠲᠠᠯ ᠳᠣᠣᠷ᠎ᠠ᠂ ᠠᠷᠠᠯᠵᠢᠶᠠᠨ ᠤ ᠡᠷᠬᠡ | ᠴᠢᠯᠥᠭᠡ ᠶᠢ ᠭᠦᠢᠴᠡᠳ ᠪᠠᠲᠤᠯᠠᠵᠤ᠂ ᠦᠯᠦ ᠬᠥᠳᠡᠯᠬᠦ ᠬᠦᠷᠦᠩᠭᠡ ᠶᠢᠨ ᠰᠢᠯᠵᠢᠭᠦᠯᠬᠦ ᠪᠦᠷᠢᠳᠭᠡᠯ ᠢ ᠬᠠᠤᠯᠢ | ᠶᠣᠰᠣᠭᠠᠷ ᠭᠦᠢᠴᠡᠳᠭᠡᠬᠦ ᠬᠡᠷᠡᠭᠲᠡᠶ᠃ ᠤᠤᠯ ᠤᠨ ᠲᠦᠯᠦᠪᠦᠷᠢᠲᠡᠢ ᠰᠢᠯᠵᠢᠭᠦᠯᠬᠦ ᠭᠡᠷ᠎ᠡ ᠳᠤ ᠰᠢᠯᠵᠢᠭᠦᠯᠦᠨ ᠥᠭᠬᠦ | ᠨᠥᠬᠦᠴᠡᠯ ᠤᠨ ᠲᠤᠬᠠᠶ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ ᠲᠡᠷᠡ ᠪᠣᠯᠵᠣᠯ ᠢ ᠵᠢᠷᠤᠮᠯᠠᠨ᠎ᠠ᠃ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠤ ᠳᠠᠷᠠᠭᠠᠬᠢ ᠭᠠᠵᠠᠷ | ᠰᠢᠷᠣᠶ ᠶᠢᠨ ᠬᠡᠷᠡᠭᠯᠡᠬᠦ ᠵᠢᠯ ᠬᠤᠭᠤᠴᠠᠭ᠎ᠠ ᠨᠢ ᠤᠤᠯ ᠤᠨ ᠲᠦᠯᠦᠪᠦᠷᠢᠲᠡᠢ ᠰᠢᠯᠵᠢᠭᠦᠯᠬᠦ ᠭᠡᠷ᠎ᠡ ᠳᠠᠬᠢ ᠦᠯᠡᠳᠡᠭᠰᠡᠨ ᠵᠢᠯ | ᠬᠤᠭᠤᠴᠠᠭ᠎ᠠ ᠪᠣᠯᠤᠨ᠎ᠠ᠃ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠢ | ᠪᠦᠬᠦ ᠪᠡᠯᠡ ᠣᠷᠣᠭᠤᠯᠤᠯᠲᠠ ᠶᠢᠨ ᠲᠣᠭᠠᠨ ᠤ 25% ᠠᠴᠠ ᠳᠡᠭᠡᠭᠰᠢ ᠳᠤ ᠬᠦᠷᠦᠭᠰᠡᠨ ᠦᠭᠡᠢ᠂ ᠠᠵᠤ | ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠨᠢ ︽ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠳᠤ ᠦᠯᠦ | ᠭᠦᠷᠦᠭᠰᠡᠨ ᠳᠤ ᠬᠠᠷᠢᠶᠠᠯᠠᠭᠳᠠᠪᠠᠯ᠂ ᠠᠩᠬ᠎ᠠ ᠤᠳᠠᠭ᠎ᠠ ᠰᠢᠯᠵᠢᠭᠦᠯᠦᠨ ᠥᠭᠬᠦ ᠳᠤ ᠪᠠᠨ᠂ ᠤᠷᠢᠳ ᠢᠶᠠᠷ | ᠣᠷᠣᠭᠤᠯᠤᠯᠲᠠ ᠬᠢᠵᠦ ᠳᠠᠷᠠᠭ᠎ᠠ ᠨᠢ ᠰᠢᠯᠵᠢᠭᠦᠯᠦᠨ ᠥᠭᠬᠦ ᠵᠠᠷᠴᠢᠮ ᠶᠣᠰᠣᠭᠠᠷ᠂ ᠠᠷᠠᠯᠵᠢᠶᠠᠯᠠᠬᠤ ᠬᠤᠶᠠᠷ | ᠲᠠᠯ᠎ᠠ ᠪᠠᠷ ᠢᠶᠠᠨ ᠤᠷᠢᠳ ᠢᠶᠠᠷ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠨ | ᠰᠢᠯᠵᠢᠭᠦᠯᠦᠨ ᠥᠭᠬᠦ ᠭᠡᠷ᠎ᠡ ᠲᠣᠭᠲᠠᠬᠤ ᠶᠢ ᠵᠥᠪᠰᠢᠶᠡᠷᠡᠵᠦ᠂ ᠬᠠᠤᠯᠢ ᠶᠣᠰᠣᠭᠠᠷ ᠥᠯᠥ ᠬᠥᠳᠡᠯᠬᠦ ᠬᠥᠷᠥᠩᠭᠡ ᠶᠢᠨ | ᠤᠷᠢᠳᠴᠢᠯᠠᠨ ᠮᠡᠳᠡᠭᠳᠡᠭᠰᠡᠨ ᠪᠦᠷᠢᠳᠭᠡᠯ ᠢ ᠭᠦᠢᠴᠡᠳᠭᠡᠭᠡᠳ ᠨᠡᠭᠡᠭᠡᠨ ᠠᠰᠢᠭᠯᠠᠬᠤ ᠪᠠᠯᠠ ᠣᠷᠣᠭᠤᠯᠤᠯᠲᠠ ᠨᠢ | ᠰᠢᠯᠵᠢᠭᠦᠯᠦᠨ ᠥᠭᠬᠦ ᠨᠥᠬᠦᠴᠡᠯ ᠳᠤ ᠭᠦᠷᠦᠭᠰᠡᠨ ᠤ ᠳᠠᠷᠠᠭ᠎ᠠ᠂ ᠳᠠᠬᠢᠨ ᠥᠯᠥ ᠬᠥᠳᠡᠯᠬᠦ ᠬᠥᠷᠥᠩᠭᠡ ᠶᠢᠨ | ᠰᠢᠯᠵᠢᠭᠦᠯᠬᠦ ᠪᠦᠷᠢᠳᠭᠡᠯ ᠤᠨ ᠭᠠᠷᠳᠠᠮ ᠢ ᠭᠦᠢᠴᠡᠳᠬᠡᠨ᠎ᠡ᠃ ᠥᠯᠥ ᠬᠥᠳᠡᠯᠬᠦ ᠬᠥᠷᠥᠩᠭᠡ ᠶᠢᠨ ᠤᠷᠢᠳᠴᠢᠯᠠᠨ | ᠮᠡᠳᠡᠭᠳᠡᠭᠰᠡᠨ ᠪᠦᠷᠢᠳᠭᠡᠯ ᠤᠨ ᠭᠡᠷᠡᠴᠢ ᠶᠢ ᠪᠣᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠡᠭᠡᠭᠡᠨ | ᠪᠠᠶᠢᠭᠤᠯᠬᠤ ᠵᠡᠷᠭᠡ ᠬᠠᠮᠢᠶ᠎ᠠ ᠪᠥᠬᠦᠶ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠶᠢᠨ ᠦᠨᠳᠦᠰᠦᠯᠡᠯ ᠪᠣᠯᠭᠠᠵᠤ | ᠪᠣᠯᠤᠨ᠎ᠠ᠃ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠶᠡᠷᠦᠩᠬᠡᠶ ᠲᠣᠭᠠᠨ ᠳᠤ ᠡᠵᠡᠯᠡᠬᠦ ᠲᠥᠷᠥᠯ ᠵᠦᠢᠯ ᠤᠨ | ᠪᠡᠯᠡ ᠣᠷᠣᠭᠤᠯᠤᠯᠲᠠ ᠶᠢᠨ ᠲᠤᠭ᠎ᠠ ᠶᠢᠨ ᠬᠠᠷᠢᠴᠠᠯ ᠢ ᠬᠢᠷᠢ ᠬᠡᠮ ᠲᠠᠢ ᠪᠠᠶᠢᠭᠤᠯᠤᠮᠵᠢ ᠳᠤ ᠨᠠᠶᠢᠳᠠᠵᠤ ᠮᠠᠭᠠᠳᠯᠠᠨ | ᠲᠣᠭᠲᠠᠭᠠᠯᠭᠠᠵᠤ ᠪᠣᠯᠤᠨ᠎ᠠ᠃ ᠭᠠᠵᠠᠷ ᠰᠢᠷᠣᠶ ᠰᠤᠯᠠ ᠲᠠᠯᠪᠢᠭᠳᠠᠵᠤ ᠪᠠᠶᠢᠬᠤ ᠳᠤ ᠬᠤᠯᠪᠣᠭᠳᠠᠭᠰᠠᠨ ᠪᠣᠯ᠂ ᠰᠤᠯᠠ | ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠵᠦ | ᠪᠣᠳᠠᠲᠠᠶᠢᠵᠢᠭᠤᠯᠤᠭᠰᠠᠨ ᠤ ᠳᠠᠷᠠᠭ᠎ᠠ᠂ ᠲᠣᠰ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠬᠡᠷᠡᠭᠯᠡᠨ᠎ᠡ᠃ ᠦᠨ᠎ᠡ | ᠲᠣᠭᠲᠠᠭᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠃ ᠲᠦᠯᠦᠪᠦᠷᠢᠲᠡᠢ ᠰᠢᠯᠵᠢᠭᠦᠯᠬᠦ | ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠦᠨ ᠥᠭᠬᠦ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠤᠤᠯ ᠤᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠬᠠᠩᠰᠢᠯᠠᠨ ᠪᠡᠯᠡ ᠭᠠᠷᠭᠠᠬᠤ ᠪᠤᠶᠤ ᠬᠤᠪᠢ | ᠣᠷᠣᠭᠤᠯᠬᠤ ᠶᠢ ᠵᠥᠪᠰᠢᠶᠡᠷᠡᠭᠰᠡᠨ ᠪᠠᠶᠢᠭᠤᠯᠭ᠎ᠠ ᠳᠤ ᠳᠠᠬᠢᠵᠤ ᠮᠡᠳᠡᠭᠦᠯᠵᠦ ᠵᠥᠪᠰᠢᠶᠡᠷᠡᠭᠦᠯᠬᠦ ᠴᠢᠬᠤᠯᠠ ᠦᠭᠡᠢ︔ | ᠰᠢᠯᠵᠢᠭᠦᠯᠦᠨ ᠥᠭᠭᠦᠭᠰᠡᠨ ᠤ ᠲᠠᠷᠠᠭ᠎ᠠ᠂ ᠦᠨ᠎ᠡ ᠲᠣᠭᠲᠠᠭᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠠᠷᠭ᠎ᠠ | ᠮᠠᠶ᠋ᠢᠭ ᠪᠣᠯᠭᠠᠨ ᠦᠯᠡᠳᠡᠭᠡᠵᠦ ᠪᠣᠯᠤᠨ᠎ᠠ᠂ ᠡᠰᠡᠬᠦᠯ᠎ᠡ ᠰᠢᠭᠤᠳ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠪᠣᠯᠭᠠᠨ | ᠬᠤᠪᠢᠷᠠᠭᠤᠯᠵᠤ ᠪᠣᠯᠤᠨ᠎ᠠ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠦᠨ᠎ᠡ | ᠲᠣᠭᠲᠠᠭᠠᠨ ᠪᠠᠯᠠ ᠭᠠᠷᠭᠠᠬᠤ ᠪᠤᠶᠤ ᠬᠤᠪᠢ ᠣᠷᠣᠭᠤᠯᠵᠤ ᠭᠠᠵᠠᠷ ᠰᠢᠷᠣᠶ ᠶᠢᠨ ᠵᠣᠷᠢᠭᠤᠯᠤᠯᠲᠠ ᠶᠢ | ᠬᠤᠪᠢᠷᠠᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠠᠳ ᠪᠠᠭᠲᠠᠭᠠᠮᠵᠢ ᠶᠢᠨ ᠨᠣᠷᠮ᠎ᠠ ᠶᠢ ᠨᠢ | ᠨᠡᠮᠡᠭᠳᠡᠭᠦᠯᠦᠭᠰᠡᠨ ᠪᠠᠶᠢᠪᠠᠯ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠲᠦᠯᠦᠪᠦᠷᠢᠲᠡᠢ ᠰᠢᠯᠵᠢᠭᠦᠯᠬᠦ ᠬᠤᠯᠪᠣᠭᠳᠠᠯ | ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ | ᠵᠣᠭᠤᠰ ᠢ ᠬᠠᠤᠯᠢ ᠶᠣᠰᠣᠭᠠᠷ ᠵᠥᠪᠰᠢᠶᠡᠷᠡᠭᠦᠯᠦᠭᠡᠳ ᠨᠦᠬᠦᠵᠦ ᠲᠤᠰᠢᠶᠠᠨ᠂ ᠣᠯᠣᠭᠰᠠᠨ ᠠᠷᠭ᠎ᠠ ᠮᠠᠶ᠋ᠢᠭ ᠢ ᠨᠢ | ᠲᠦᠯᠦᠪᠦᠷᠢᠲᠡᠢ ᠰᠢᠯᠵᠢᠭᠦᠯᠦᠭᠰᠡᠨ ᠢᠶᠠᠷ ᠬᠤᠪᠢᠷᠠᠭᠤᠯᠵᠤ ᠪᠣᠯᠣᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︶ | 3. ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠪᠠᠶᠢᠭᠤᠯᠤᠯ ᠤᠨ ᠥᠭᠡᠷᠡᠴᠢᠯᠡᠯᠲᠡ | ᠬᠢᠬᠦ ᠳᠤ ᠬᠤᠪᠢᠶᠠᠷᠢᠯᠠᠨ ᠰᠠᠯᠭᠠᠵᠤ ᠥᠭᠭᠦᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ ᠶᠢ ᠰᠢᠯᠵᠢᠭᠦᠯᠦᠨ ᠥᠭᠭᠦ᠃ ᠠᠵᠤ ᠠᠬᠤᠶᠢᠯᠠᠯ ᠢ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ | ᠪᠠᠶᠢᠭᠤᠯᠤᠯ ᠤᠨ ᠥᠭᠡᠷᠡᠴᠢᠯᠡᠯᠲᠡ ᠬᠢᠬᠦ ᠳᠤ ᠬᠤᠯᠪᠣᠭᠳᠠᠭᠰᠠᠨ ᠬᠤᠪᠢᠶᠠᠷᠢᠯᠠᠨ ᠰᠠᠯᠭᠠᠵᠤ ᠥᠭᠬᠦ ᠭᠠᠵᠠᠷ ᠰᠢᠷᠣᠶ ᠨᠢ | ︽ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠦᠷᠭᠦᠯᠵᠢᠯᠡᠨ ᠬᠤᠪᠢᠶᠠᠷᠢᠯᠠᠨ ᠰᠠᠯᠭᠠᠵᠤ ᠥᠭᠬᠦᠭᠰᠡᠨ ᠠᠷᠭ᠎ᠠ ᠮᠠᠶ᠋ᠢᠭ ᠢᠶᠠᠷ | ᠬᠡᠷᠡᠭᠯᠡᠵᠦ ᠪᠣᠯᠤᠨ᠎ᠠ︔ ︽ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠭᠠᠷᠴᠠᠭ︾ ᠲᠤ ᠥᠯᠥ ᠨᠠᠶᠢᠴᠡᠪᠡᠯ᠂ | ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠬᠤᠳᠠᠯᠳᠤᠵᠤ ᠠᠪᠬᠤ ᠲᠠᠯ᠎ᠠ ᠠᠴᠠ ᠭᠠᠵᠠᠷ ᠰᠢᠷᠣᠶ ᠶᠢ | ᠰᠢᠯᠵᠢᠭᠦᠯᠦᠨ ᠬᠤᠳᠠᠯᠳᠤᠭᠰᠠᠨ ᠦᠨ᠎ᠡ ᠶᠢᠨ ᠵᠣᠭᠤᠰ ᠢ ᠨᠥᠬᠦᠵᠦ ᠲᠤᠰᠢᠶᠠᠭᠰᠠᠨ ᠤ ᠲᠠᠷᠠᠭ᠎ᠠ ᠦᠯᠦ ᠬᠥᠳᠡᠯᠬᠦ | ᠬᠦᠷᠦᠩᠭᠡ ᠶᠢ ᠰᠢᠯᠵᠢᠭᠦᠯᠬᠦ ᠪᠦᠷᠢᠳᠭᠡᠯ ᠢ ᠭᠦᠢᠴᠡᠳᠭᠡᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠭᠤᠷᠪᠠ︶ ᠭᠠᠵᠠᠷ ᠰᠢᠷᠣᠶ ᠶᠢ ᠬᠡᠰᠡᠭᠯᠡᠨ ᠬᠤᠪᠢᠶᠠᠬᠤ᠂ ᠨᠡᠶᠢᠯᠡᠭᠦᠯᠵᠦ ᠰᠢᠯᠵᠢᠭᠦᠯᠦᠨ ᠥᠭᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡᠲᠦ | ᠬᠥᠮᠦᠨ ᠨᠢ ᠭᠤᠶᠤᠴᠢᠯᠠᠯ ᠭᠠᠷᠭᠠᠵᠤ᠂ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠲᠠᠩ ᠡᠷᠬᠡᠲᠦ | ᠭᠠᠵᠠᠷ ᠢ ᠤᠯᠠᠨ ᠡᠷᠬᠡᠲᠦ ᠭᠠᠵᠠᠷ ᠪᠣᠯᠭᠠᠨ ᠬᠤᠪᠢᠶᠠᠵᠦ᠂ ᠤᠯᠠᠨ ᠡᠷᠬᠡᠲᠦ ᠭᠠᠵᠠᠷ ᠢ ᠨᠡᠶᠢᠯᠡᠭᠦᠯᠦᠭᠡᠳ ᠭᠠᠭᠴᠠ | ᠡᠷᠬᠡᠲᠦ ᠭᠠᠵᠠᠷ ᠪᠣᠯᠭᠠᠵᠤ ᠪᠣᠯᠤᠨ᠎ᠠ᠃ ᠬᠡᠰᠡᠭᠯᠡᠭᠰᠡᠨ᠂ ᠨᠡᠶᠢᠯᠡᠭᠦᠯᠦᠭᠰᠡᠨ ᠤ ᠳᠠᠷᠠᠭᠠᠬᠢ ᠭᠠᠵᠠᠷ ᠰᠢᠷᠣᠶ ᠶᠢᠨ | ᠥᠮᠴᠢᠯᠡᠬᠦ ᠡᠷᠬᠡ ᠨᠢ ᠲᠣᠳᠣᠷᠬᠠᠶ᠂ ᠲᠤᠰᠠᠭᠠᠷ ᠬᠡᠰᠡᠭᠯᠡᠬᠦ ᠨᠥᠬᠦᠴᠡᠯ ᠢ ᠪᠦᠷᠢᠳᠦᠭᠦᠯᠵᠦ᠂ ᠤᠯᠠᠨ ᠨᠡᠶᠢᠲᠡ ᠶᠢᠨ ᠢᠵᠢ | ᠪᠦᠷᠢᠳᠦᠭᠦᠯᠬᠦ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠪᠠ ᠬᠡᠷᠡᠭᠯᠡᠯᠲᠡ ᠳᠤ ᠬᠤᠯᠪᠣᠭᠳᠠᠭᠰᠠᠨ ᠪᠠᠶᠢᠪᠠᠯ᠂ | ᠰᠢᠯᠵᠢᠭᠦᠯᠦᠨ ᠥᠭᠬᠦ ᠭᠡᠷ᠎ᠡ ᠳᠤ ᠬᠤᠯᠪᠣᠭᠳᠠᠯ ᠪᠦᠬᠦᠢ ᠡᠷᠬᠡ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ᠃ ᠭᠠᠵᠠᠷ | ᠰᠢᠷᠣᠶ ᠶᠢ ᠬᠡᠰᠡᠭᠯᠡᠨ ᠰᠢᠯᠵᠢᠭᠦᠯᠵᠦ ᠥᠭᠬᠦ ᠳᠤ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ᠂ ᠲᠦᠯᠦᠪᠦᠷᠢᠲᠡᠢ | ᠰᠢᠯᠵᠢᠭᠦᠯᠬᠦ ᠭᠡᠷ᠎ᠡ ᠶᠢᠨ ᠪᠣᠯᠵᠣᠨ ᠲᠣᠭᠲᠠᠭᠰᠠᠨ ᠵᠦᠢᠯ ᠳᠤ ᠨᠠᠶᠢᠴᠡᠭᠦ ᠬᠡᠷᠡᠭᠲᠡᠶ᠂ ᠬᠡᠰᠡᠭᠯᠡᠨ ᠬᠤᠪᠢᠶᠠᠬᠤ ᠪᠠ | ᠲᠦᠯᠦᠪᠦᠷᠢᠲᠡᠢ ᠰᠢᠯᠵᠢᠭᠦᠯᠦᠨ ᠥᠭᠴᠦ ᠪᠣᠯᠬᠤ ᠦᠭᠡᠢ ᠭᠡᠵᠦ ᠲᠣᠳᠣᠷᠬᠠᠶ ᠲᠣᠭᠲᠠᠭᠠᠭᠰᠠᠨ ᠪᠠᠶᠢᠪᠠᠯ᠂ ᠪᠣᠯᠵᠣᠨ | ᠲᠣᠭᠲᠠᠭᠰᠠᠨ ᠢᠶᠠᠷ ᠭᠦᠢᠴᠡᠣᠡᠭᠡᠭᠦ ᠬᠡᠷᠡᠭᠲᠡᠶ᠃ ᠬᠡᠰᠡᠭᠯᠡᠬᠦ ᠪᠠᠷ ᠪᠠᠶᠢᠭ᠎ᠠ ᠡᠷᠬᠡᠲᠦ ᠭᠠᠵᠠᠷ ᠢ ᠨᠢᠭᠡᠨᠲᠡ ᠤᠷᠢᠳᠴᠢᠯᠠᠨ | ᠬᠤᠳᠠᠯᠳᠤᠭᠰᠠᠨ ᠪᠤᠶᠤ ᠣᠯᠠᠨ ᠡᠷᠬᠡ ᠠᠰᠢᠭ ᠤᠨ ᠭᠤᠣᠯ ᠴᠣᠭᠴᠠ ᠣᠷᠣᠰᠢᠵᠤ ᠪᠠᠶᠢᠪᠠᠯ᠂ ᠬᠤᠯᠪᠣᠭᠳᠠᠯ ᠪᠥᠬᠦᠶ | ᠡᠷᠬᠡ ᠠᠰᠢᠭᠲᠤ ᠬᠥᠮᠦᠨ ᠤ ᠵᠥᠪᠰᠢᠶᠡᠷᠡᠯ ᠢ ᠤᠯᠬᠤ ᠬᠡᠷᠡᠭᠲᠡᠶ᠂ ᠡᠷᠬᠡ ᠠᠰᠢᠭᠲᠤ ᠬᠥᠮᠦᠨ ᠤ ᠬᠠᠤᠯᠢ ᠶᠣᠰᠣᠨ ᠤ | ᠡᠷᠬᠡ ᠠᠰᠢᠭ ᠢ ᠬᠤᠬᠢᠷᠠᠭᠤᠯᠵᠤ ᠪᠣᠯᠬᠤ ᠥᠬᠡᠶ᠃ ᠬᠡᠰᠡᠭᠯᠡᠨ ᠬᠤᠪᠢᠶᠠᠵᠤ ᠰᠢᠯᠵᠢᠭᠦᠯᠦᠨ ᠥᠭᠭᠦᠭᠰᠡᠨ ᠤ ᠲᠠᠷᠠᠭ᠎ᠠ | ᠡᠯ᠎ᠡ ᠬᠡᠰᠡᠭ ᠭᠠᠵᠠᠷ ᠨᠢ ᠲᠥᠯᠥᠪᠵᠢᠭᠦᠯᠭᠡ ᠶᠢᠨ ᠬᠢᠵᠠᠭᠠᠷᠯᠠᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠂ | ᠬᠡᠷᠪᠡ ᠪᠠᠭᠲᠠᠭᠠᠮᠵᠢ ᠶᠢᠨ ᠨᠤᠷᠮ᠎ᠠ ᠶᠢ ᠨᠢ ᠨᠡᠮᠡᠭᠳᠡᠭᠦᠯᠬᠦ ᠳᠤ ᠬᠦᠷᠪᠡᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠪᠠᠷᠢᠯᠭ᠎ᠠ ᠶᠢᠨ ᠲᠠᠯᠠᠪᠠᠢ ᠶᠢ ᠨᠡᠮᠡᠭᠳᠡᠭᠦᠯᠦᠭᠰᠡᠨ ᠲᠠᠯ᠎ᠠ ᠠᠴᠠ ᠭᠠᠵᠠᠷ | ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ ᠬᠡᠷᠡᠭᠲᠡᠢ᠃ | ᠰᠢᠯᠵᠢᠭᠦᠯᠦᠨ ᠥᠭᠬᠦ ᠨᠥᠬᠦᠴᠡᠯ ᠳᠤ ᠬᠦᠷᠦᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠶ ᠶᠢ ᠬᠡᠰᠡᠭᠯᠡᠨ | ᠬᠤᠪᠢᠶᠠᠵᠤ ᠪᠣᠯᠤᠨ᠎ᠠ᠂ ᠬᠡᠰᠡᠭᠯᠡᠨ ᠬᠤᠪᠢᠶᠠᠵᠤ ᠰᠢᠯᠵᠢᠭᠦᠯᠦᠨ ᠥᠭᠬᠦ ᠠᠷᠭ᠎ᠠ ᠮᠠᠶ᠋ᠢᠭ ᠢᠶᠠᠷ ᠳᠠᠮᠵᠢᠭᠤᠯᠵᠤ ᠪᠠᠶᠢᠭᠠᠳ | ᠪᠠᠶᠢᠭᠤᠯᠵᠤ ᠪᠠᠶᠢᠭ᠎ᠠ ᠪᠠᠷᠢᠯᠭ᠎ᠠ ᠵᠢᠴᠢ ᠠᠵᠤ ᠠᠬᠤᠶᠢᠯᠠᠯ ᠤᠨ ᠳᠣᠣᠷ᠎ᠠ ᠠᠰᠢᠭᠯᠠᠮᠵᠢᠳᠤ ᠭᠠᠵᠠᠷ ᠪᠣᠯᠤᠨ ᠰᠤᠯᠠ | ᠲᠠᠯᠪᠢᠵᠤ ᠪᠠᠶᠢᠭ᠎ᠠ ᠦᠢᠯᠡᠳᠪᠦᠷᠢ ᠶᠢᠨ ᠲᠠᠰᠤᠭ ᠢ ᠭᠦᠢᠴᠡᠳ ᠠᠰᠢᠭᠯᠠᠨ ᠰᠢᠨ᠎ᠡ ᠪᠠᠷ ᠬᠥᠭᠵᠢᠭᠰᠡᠨ ᠠᠵᠤ ᠦᠢᠯᠡᠰ ᠢ | ᠬᠥᠭᠵᠢᠭᠦᠯᠬᠦ ᠶᠢ ᠨᠢ ᠵᠣᠷᠢᠬᠵᠢᠭᠤᠯᠤᠨ᠎ᠠ᠂ ᠭᠡᠪᠡᠴᠦ ᠭᠠᠵᠠᠷ ᠰᠢᠷᠣᠶ ᠶᠢᠨ ᠵᠣᠷᠢᠭᠤᠯᠤᠯᠲᠠ ᠶᠢ ᠬᠤᠪᠢᠷᠠᠭᠤᠯᠬᠤ ᠳᠤ | ᠡᠷᠬᠡᠪᠰᠢ ᠬᠠᠤᠯᠢ ᠶᠣᠰᠣᠭᠠᠷ ᠵᠥᠪᠰᠢᠶᠡᠷᠡᠭᠦᠯᠬᠦ ᠬᠡᠷᠡᠭᠲᠡᠶ︔ ᠨᠢᠭᠡᠨᠲᠡ ᠲᠥᠯᠥᠪᠵᠢᠭᠦᠯᠭᠡ ᠶᠣᠰᠣᠭᠠᠷ ᠪᠦᠳᠦᠭᠡᠨ | ᠪᠠᠶᠢᠭᠤᠯᠵᠤ ᠳᠠᠭᠤᠰᠬᠠᠭᠰᠠᠨ ᠪᠥᠭᠡᠳ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠠᠵᠤ ᠦᠢᠯᠡᠳᠪᠦᠷᠢ ᠶᠢᠨ ᠲᠥᠷᠥᠯ | ᠵᠦᠢᠯ ᠤᠨ ᠬᠡᠷᠡᠭᠯᠡᠬᠦ ᠭᠠᠵᠠᠷ ᠢ ᠬᠡᠰᠡᠭᠯᠡᠨ ᠬᠤᠪᠢᠶᠠᠵᠤ ᠰᠢᠯᠵᠢᠭᠦᠯᠦᠨ ᠥᠭᠭᠦᠭᠰᠡᠨ ᠪᠣᠯ᠂ ᠭᠡᠷ ᠪᠠᠶᠢᠰᠢᠩ ᠭᠠᠵᠠᠷ | ᠰᠢᠷᠣᠶ ᠶᠢᠨ ᠬᠥᠷᠤᠩᠭᠡ ᠶᠢᠨ ᠡᠷᠬᠡ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ ᠬᠡᠰᠡᠭᠯᠡᠨ ᠬᠤᠪᠢᠶᠠᠵᠤ | ᠰᠢᠯᠵᠢᠭᠦᠯᠦᠨ ᠥᠭᠬᠦ ᠭᠠᠷ ᠭᠦᠢᠴᠡᠳᠬᠡᠯ ᠬᠢᠬᠦ ᠬᠡᠷᠡᠭᠲᠡᠶ ᠪᠥᠭᠡᠳ ᠰᠢᠯᠵᠢᠭᠦᠯᠦᠨ ᠥᠭᠭᠦᠭᠰᠡᠨ ᠤ ᠲᠠᠷᠠᠭ᠎ᠠ ᠠᠵᠤ | ᠦᠢᠯᠡᠰ ᠤᠨ ᠬᠡᠯᠬᠢᠶ᠎ᠡ ᠶᠢ ᠦᠷᠭᠦᠯᠵᠢᠯᠡᠭᠦᠯᠬᠦ ᠪᠠ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠨᠥᠯᠥᠭᠡᠯᠡᠵᠦ ᠪᠣᠯᠬᠤ ᠦᠭᠡᠢ᠃ ᠣᠯᠠᠨ ᠡᠷᠬᠡᠲᠦ ᠭᠠᠵᠠᠷ ᠢ ᠨᠡᠶᠢᠯᠡᠭᠦᠯᠬᠦ ᠳᠤ ᠭᠠᠵᠠᠷ ᠰᠢᠷᠣᠶ ᠶᠢᠨ | ᠬᠡᠷᠡᠭᠯᠡᠬᠦ ᠡᠷᠬᠡ ᠶᠢᠨ ᠲᠦᠯᠦᠪᠦᠷᠢᠲᠡᠢ ᠰᠢᠯᠵᠢᠭᠦᠯᠬᠦ᠂ ᠰᠢᠯᠵᠢᠭᠦᠯᠦᠨ ᠬᠤᠳᠠᠯᠳᠤᠬᠤ᠂ ᠦᠨ᠎ᠡ ᠲᠣᠭᠲᠠᠭᠠᠨ ᠪᠠᠯᠠ | ᠭᠠᠷᠭᠠᠬᠤ ᠪᠤᠶᠤ ᠬᠤᠪᠢ ᠣᠷᠣᠭᠤᠯᠬᠤ ᠵᠡᠷᠭᠡ ᠣᠯᠠᠨ ᠵᠦᠢᠯ ᠤᠨ ᠲᠥᠷᠥᠯ ᠬᠡᠯᠪᠡᠷᠢ ᠳᠤ ᠬᠤᠯᠪᠣᠭᠳᠠᠪᠠᠯ᠂ ᠵᠠᠷᠴᠢᠮ | ᠳᠡᠭᠡᠷ᠎ᠡ ᠪᠠᠨ ᠨᠢᠭᠡᠳᠦᠯᠲᠡᠶ ᠲᠦᠯᠦᠪᠦᠷᠢᠲᠡᠢ ᠰᠢᠯᠵᠢᠭᠦᠯᠬᠦ ᠠᠷᠭ᠎ᠠ ᠮᠠᠶ᠋ᠢᠭ ᠢᠶᠠᠷ ᠭᠦᠢᠴᠡᠳᠬᠡᠵᠦ᠂ ᠬᠤᠪᠢᠶᠠᠷᠢᠯᠠᠨ | ᠥᠭᠭᠦᠭᠰᠡᠨ ᠭᠠᠵᠠᠷ ᠰᠢᠷᠣᠶ ᠪᠣᠯ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠶᠢᠨ ᠵᠣᠭᠤᠰ ᠢ | ᠨᠥᠬᠦᠵᠦ ᠲᠤᠰᠢᠶᠠᠬᠤ ᠬᠡᠷᠡᠭᠲᠡᠶ︔ ᠦᠯᠡᠳᠡᠵᠦ ᠪᠠᠶᠢᠭ᠎ᠠ ᠲᠦᠯᠦᠪᠦᠷᠢᠲᠡᠢ ᠰᠢᠯᠵᠢᠭᠦᠯᠦᠭᠰᠡᠨ ᠵᠢᠯ ᠬᠤᠭᠤᠴᠠᠭ᠎ᠠ ᠨᠢ | ᠨᠢᠭᠡᠳᠦᠯ ᠥᠬᠡᠶ ᠪᠣᠯ᠂ ᠬᠠᠷᠢᠴᠠᠩᠭᠤᠢ ᠣᠷᠳᠣ ᠵᠢᠯ ᠬᠤᠭᠤᠴᠠᠭ᠎ᠠ ᠪᠠᠷ ᠨᠢ ᠳᠡᠩᠰᠡᠯᠡᠵᠦ ᠪᠣᠯᠤᠨ᠎ᠠ᠂ ᠭᠡᠪᠡᠴᠦ ᠭᠠᠵᠠᠷ | ᠰᠢᠷᠣᠶ ᠶᠢᠨ ᠲᠦᠯᠦᠪᠦᠷᠢᠲᠡᠢ ᠰᠢᠯᠵᠢᠭᠦᠯᠦᠭᠰᠡᠨ ᠦᠨ᠎ᠡ ᠶᠢᠨ ᠵᠣᠭᠤᠰ ᠢ ᠳᠠᠭᠢᠵᠤ ᠬᠠᠷᠭᠤᠭᠤᠯᠤᠨ ᠲᠣᠭᠲᠠᠭᠠᠬᠤ ᠶᠢᠨ | ᠬᠠᠮᠲᠤ ᠴᠠᠭ ᠲᠤᠬᠠᠶ ᠳᠤ ᠨᠢ ᠨᠥᠬᠦᠵᠦ ᠲᠤᠰᠢᠶᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠭᠤᠷᠪᠠ᠂ ᠲᠦᠷᠢᠶᠡᠰᠦᠯᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ | ᠲᠦᠪᠰᠢᠨ ᠢᠶᠠᠨ ᠳᠡᠭᠡᠭᠰᠢᠯᠡᠭᠦᠯᠭᠦ ᠬᠡᠷᠩᠲᠠᠢ | ︵ᠨᠢᠭᠡ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠶᠢᠨ | ᠴᠢᠬᠤᠯᠠ ᠪᠥᠬᠦᠶ ᠨᠥᠬᠦᠴᠡᠯ ᠢ ᠲᠣᠳᠣᠷᠬᠠᠶᠢᠯᠠᠨ᠎ᠠ᠃ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ ᠶᠢ ᠲᠦᠷᠢᠶᠡᠰᠦᠯᠡᠭᠦᠯᠬᠦ ᠳᠤ ᠲᠥᠯᠥᠪᠦᠷᠢ ᠲᠠᠢ ᠪᠠᠷ ᠬᠡᠷᠡᠭᠯᠡᠬᠦ ᠭᠡᠷ᠎ᠡ ᠶᠢᠨ ᠪᠣᠯᠵᠣᠯ ᠪᠤᠶᠤ ᠬᠤᠪᠢᠶᠠᠷᠢᠯᠠᠨ ᠥᠭᠬᠦ | ᠲᠣᠭᠲᠠᠭᠠᠯ ᠤᠨ ᠪᠢᠴᠢᠭ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠂ ᠨᠡᠶᠢᠲᠡ ᠪᠠᠷ ᠨᠢ | ᠲᠦᠷᠢᠶᠡᠰᠦᠯᠡᠭᠦᠯᠵᠦ ᠪᠣᠯᠬᠤ ᠪᠦᠭᠡᠳ ᠬᠡᠰᠡᠭ ᠪᠦᠯᠦᠭ ᠢ ᠨᠢ ᠲᠦᠷᠢᠶᠡᠰᠦᠯᠡᠭᠦᠯᠦᠭᠰᠡᠨ ᠴᠦ ᠪᠣᠯᠤᠨ᠎ᠠ᠂ ᠡᠭᠦᠨ ᠤ | ᠬᠠᠮᠲᠤ ᠪᠢᠴᠢᠭ ᠤᠨ ᠭᠡᠷ᠎ᠡ ᠲᠣᠭᠲᠠᠭᠠᠵᠤ ᠲᠦᠷᠢᠶᠡᠰᠦᠯᠡᠭᠦᠯᠬᠦ ᠪᠠ ᠳᠦᠷᠢᠶᠡᠰᠦᠯᠡᠬᠦ ᠬᠤᠶᠠᠷ ᠲᠠᠯ᠎ᠠ ᠶᠢᠨ ᠡᠷᠬᠡ ᠪᠠ | ᠡᠭᠦᠷᠭᠡ ᠶᠢ ᠲᠣᠭᠲᠠᠭᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ᠬᠤᠶᠠᠷ︶ ᠦᠨ᠎ᠡ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠲᠦᠷᠢᠶᠡᠰᠦᠯᠡᠭᠦᠯᠬᠦ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠭᠦᠯᠬᠦ᠂ ᠦᠨ᠎ᠡ ᠲᠣᠭᠲᠠᠭᠠᠨ ᠪᠡᠯᠡ ᠭᠠᠷᠭᠠᠬᠤ ᠪᠤᠶᠤ ᠬᠤᠪᠢ | ᠣᠷᠣᠭᠤᠯᠬᠤ ᠵᠡᠷᠭᠡ ᠦᠨ᠎ᠡ ᠲᠥᠯᠥᠪᠦᠷᠢ ᠲᠠᠢ ᠠᠷᠭ᠎ᠠ ᠮᠠᠶ᠋ᠢᠭ ᠢᠶᠠᠷ ᠣᠯᠤᠭᠰᠠᠨ ᠪᠥᠳᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠨ ᠲᠦᠷᠢᠶᠡᠰᠦᠯᠡᠭᠦᠯᠬᠦ ᠪᠤᠶᠤ ᠰᠢᠯᠵᠢᠭᠦᠯᠦᠨ ᠲᠦᠷᠢᠶᠡᠰᠦᠯᠡᠭᠦᠯᠬᠦ ᠳᠤ᠂ | ᠲᠦᠷᠢᠶᠡᠰᠦᠯᠡᠭᠦᠯᠬᠦ ᠪᠤᠶᠤ ᠰᠢᠯᠵᠢᠭᠦᠯᠦᠨ ᠲᠦᠷᠢᠶᠡᠰᠦᠯᠡᠭᠦᠯᠬᠦ ᠭᠡᠷ᠎ᠡ ᠲᠣᠭᠲᠠᠬᠤ ᠬᠡᠷᠡᠭᠲᠡᠶ᠂ ᠬᠠᠤᠯᠢ ᠴᠠᠭᠠᠵᠠ ᠬᠠᠤᠯᠢ | ᠲᠣᠭᠲᠠᠭᠠᠯ ᠪᠠ ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠭᠡᠷ᠎ᠡ ᠶᠢᠨ ᠬᠠᠮᠢᠶ᠎ᠠ ᠪᠥᠬᠦᠢ ᠪᠣᠯᠵᠣᠯ ᠠᠴᠠ ᠵᠥᠷᠢᠴᠡᠵᠦ | ᠪᠣᠯᠬᠤ ᠥᠭᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ︶ | ︵ᠭᠤᠷᠪᠠ︶ ᠬᠤᠪᠢᠶᠠᠷᠢᠯᠠᠨ ᠥᠭᠬᠦ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢᠨ ᠲᠦᠷᠢᠶᠡᠰᠦᠯᠡᠭᠦᠯᠬᠦ ᠬᠠᠮᠢᠶᠠᠷᠤᠯᠲᠠ ᠶᠢ ᠴᠢᠩᠭᠠᠳᠬᠠᠨ᠎ᠠ᠃ ᠬᠤᠪᠢᠶᠠᠷᠢᠯᠠᠨ | ᠥᠭᠬᠦ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠲᠦᠷᠢᠶᠡᠰᠦᠯᠡᠭᠦᠯᠬᠦ ᠳᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠳᠡᠭᠡᠭᠰᠢ ᠲᠤᠰᠢᠶᠠᠬᠤ ᠲᠦᠷᠢᠶᠡᠰᠦᠨ | ᠮᠥᠩᠭᠦ ᠳᠤ ᠠᠭᠤᠯᠤᠭᠳᠠᠵᠤ ᠪᠠᠶᠢᠭ᠎ᠠ ᠭᠠᠵᠠᠷ ᠰᠢᠷᠣᠶ ᠶᠢᠨ ᠠᠰᠢᠭ ᠣᠯᠵᠠᠪᠤᠷᠢ ᠶᠢ ᠭᠠᠵᠠᠷ ᠰᠢᠷᠣᠶ ᠶᠢ ᠲᠦᠯᠦᠪᠦᠷᠢᠲᠡᠢ | ᠰᠢᠯᠵᠢᠭᠦᠯᠦᠭᠰᠡᠨ ᠣᠷᠣᠯᠭ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠣᠷᠣᠯᠭ᠎ᠠ ᠵᠠᠷᠤᠯᠭ᠎ᠠ ᠶᠢ ᠠᠰ ᠠᠰ ᠲᠤ ᠨᠢ | ᠬᠠᠮᠢᠶᠠᠷᠬᠤ ᠲᠣᠭᠲᠠᠭᠠᠯ ᠶᠣᠰᠣᠭᠠᠷ᠂ ᠬᠠᠷᠢᠶ᠎ᠠ ᠭᠠᠵᠠᠷ ᠢᠶᠠᠷ ᠨᠢ ᠬᠠᠮᠢᠶᠠᠷᠤᠭᠤᠯᠬᠤ ᠶᠢ ᠬᠡᠷᠡᠭᠵᠢᠭᠦᠯᠵᠦ ᠪᠠᠶᠢᠭᠠᠳ | ᠠᠳᠠᠯᠢ ᠱᠠᠲᠤᠨ ᠤ ᠡᠳ᠋ ᠤᠨ ᠵᠠᠰᠠᠭ ᠲᠤ ᠲᠤᠰᠢᠶᠠᠬᠤ ᠬᠡᠷᠡᠭᠲᠡᠶ᠃ ᠡᠷᠬᠡᠲᠦ ᠭᠠᠵᠠᠷ ᠢ ᠣᠷᠳᠣ ᠬᠤᠭᠤᠴᠠᠭ᠎ᠠ ᠪᠠᠷ | ᠲᠦᠷᠢᠶᠡᠰᠦᠯᠡᠭᠦᠯᠦᠭᠰᠡᠨ ︵ᠵᠠᠯᠭᠠᠭ᠎ᠠ ᠪᠠᠷ 5 ᠵᠢᠯ ᠠᠴᠠ ᠬᠡᠲᠦᠷᠡᠭᠰᠡᠨ ︶ ᠪᠤᠶᠤ ᠨᠢᠭᠡ ᠬᠡᠰᠡᠭ ᠢ ᠨᠢ | ᠳᠦᠷᠢᠶᠡᠰᠦᠯᠡᠭᠦᠯᠦᠭᠰᠡᠨ ᠮᠥᠷᠲᠡᠭᠡᠨ ᠬᠡᠰᠡᠭᠯᠡᠨ ᠬᠤᠪᠢᠶᠠᠵᠤ ᠪᠣᠯᠬᠤ ᠳᠤ ᠭᠦᠷᠪᠡᠯ᠂ ᠲᠦᠯᠦᠪᠦᠷᠢᠲᠡᠢ ᠰᠢᠯᠵᠢᠭᠦᠯᠬᠦ᠂ | ᠲᠦᠷᠢᠶᠡᠰᠦᠯᠡᠬᠦ ᠵᠡᠷᠭᠡ ᠦᠨ᠎ᠡ ᠲᠥᠯᠥᠪᠦᠷᠢ ᠲᠠᠢ ᠬᠡᠷᠡᠭᠯᠡᠬᠦ ᠭᠠᠷᠳᠠᠮ ᠢ ᠬᠠᠤᠯᠢ ᠶᠣᠰᠣᠭᠠᠷ ᠨᠥᠬᠦᠨ ᠭᠦᠢᠴᠡᠳᠬᠡᠬᠦ | ᠬᠡᠷᠡᠭᠲᠡᠶ᠃ ᠬᠤᠪᠢᠶᠠᠷᠢᠯᠠᠨ ᠥᠭᠭᠦᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠲᠦᠷᠢᠶᠡᠰᠦᠯᠡᠭᠦᠯᠦᠭᠰᠡᠨ ᠠᠰᠢᠭ ᠣᠯᠵᠠᠪᠤᠷᠢ ᠶᠢᠨ ᠣᠨ ᠤ ᠭᠤᠶᠤᠴᠢᠯᠠᠨ ᠮᠡᠳᠡᠭᠦᠯᠬᠦ ᠲᠦᠷᠢᠮ ᠢ ᠪᠠᠶᠢᠭᠤᠯᠵᠤ᠂ | ᠲᠦᠷᠢᠶᠡᠰᠦᠯᠡᠭᠦᠯᠦᠭᠴᠢ ᠨᠢ ᠬᠠᠤᠯᠢ ᠶᠣᠰᠣᠭᠠᠷ ᠭᠤᠶᠤᠴᠢᠯᠠᠨ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠠᠰᠢᠭ | ᠣᠯᠵᠠᠪᠤᠷᠢ ᠶᠢ ᠲᠤᠰᠢᠶᠠᠭᠰᠠᠨ ᠪᠠᠶᠢᠪᠠᠯ᠂ ᠬᠤᠪᠢᠶᠠᠷᠢᠯᠠᠨ ᠥᠭᠭᠦᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠶᠢᠨ ᠵᠥᠪᠰᠢᠶᠡᠷᠡᠭᠦᠯᠬᠦ ᠭᠠᠷᠳᠠᠮ ᠢ ᠳᠠᠭᠢᠵᠤ ᠠᠰ ᠲᠤ ᠨᠢ | ᠲᠤᠰᠠᠭᠠᠷ ᠭᠦᠢᠴᠡᠳᠬᠡᠬᠦ ᠥᠬᠡᠶ᠃ ᠡᠯ᠎ᠡ ᠱᠠᠲᠤᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠬᠤᠷᠰᠢᠨ ᠬᠠᠮᠵᠢᠯᠴᠠᠬᠤ ᠪᠠᠨ ᠴᠢᠩᠭᠠᠳᠬᠠᠵᠤ᠂ ᠬᠠᠮᠲᠤᠷᠠᠭᠰᠠᠨ ᠲᠠᠲᠠᠪᠤᠷᠢᠯᠠᠨ ᠲᠤᠰᠢᠶᠠᠬᠤ | ᠲᠣᠭᠲᠠᠴᠠ ᠶᠢ ᠪᠠᠶᠢᠭᠤᠯᠤᠨ᠂ ᠲᠣᠭᠤᠷᠢᠨ ᠪᠠᠶᠢᠴᠠᠭᠠᠵᠤ ᠢᠯᠡᠷᠡᠭᠦᠯᠬᠦ᠂ ᠢᠯᠡᠴᠢᠯᠡᠨ ᠮᠡᠳᠡᠭᠦᠯᠬᠦ ᠪᠠ ᠪᠠᠶᠢᠴᠠᠭᠠᠨ | ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ︶ | ︵ᠳᠥᠷᠪᠡ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ | ᠣᠷᠴᠢᠨ ᠨᠦᠬᠦᠴᠡᠯ ᠢ ᠪᠣᠶ ᠪᠣᠯᠭᠠᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ ︶ ᠤ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ | ᠤᠬᠠᠮᠰᠠᠷ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠰᠦᠯᠵᠢᠶᠡᠨ ᠥᠷᠲᠡᠭᠡ | ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠡ ᠲᠡᠮᠳᠡᠭᠯᠡᠬᠦ ᠲᠤᠮᠤ ᠲᠢᠩᠬᠢᠮ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠴᠤᠩᠬᠤᠪᠴᠢ ᠵᠡᠷᠭᠡ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠬᠠᠩᠭᠠᠯᠭ᠎ᠠ | ᠬᠡᠷᠡᠭᠴᠡᠭᠡ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃ ᠡᠭᠦᠨ ᠤ ᠬᠠᠮᠲᠤ᠂ | ᠲᠦᠷᠢᠶᠡᠰᠦᠯᠡᠭᠦᠯᠬᠦ ᠭᠡᠷ᠎ᠡ ᠶᠢᠨ ᠵᠢᠷᠤᠮᠵᠢᠭᠰᠠᠨ ᠪᠢᠴᠢᠭ ᠢ ᠲᠣᠭᠲᠠᠭᠠᠵᠤ᠂ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠬᠦ ᠳᠡᠰ ᠳᠠᠷᠠᠭᠠᠯᠠᠯ ᠢ ᠵᠢᠷᠤᠮᠵᠢᠭᠤᠯᠤᠨ᠂ ᠡᠷᠬᠡ ᠠᠰᠢᠭᠲᠤ | ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠩᠳᠠᠢ᠃ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠲᠦᠷᠢᠶᠡᠰᠦᠯᠡᠭᠦᠯᠦᠭᠰᠡᠨ ᠪᠠᠶᠢᠳᠠᠯ ᠵᠢᠴᠢ ᠵᠠᠬ᠎ᠠ ᠳᠡᠯᠭᠡᠭᠦᠷ ᠤᠨ ᠬᠠᠮᠢᠶ᠎ᠠ ᠪᠥᠬᠦᠶ | ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠪᠦᠷᠢᠳᠬᠡᠨ ᠵᠠᠳᠠᠯᠵᠤ᠂ ᠲᠦᠷᠢᠶᠡᠰᠦᠯᠡᠭᠦᠯᠬᠦ ᠵᠠᠬ᠎ᠠ ᠳᠡᠯᠭᠡᠭᠦᠷ ᠤᠨ | ᠬᠥᠳᠡᠯᠦᠩᠭᠦᠶ ᠮᠡᠳᠡᠭᠡ ᠵᠠᠩᠭᠢ ᠪᠠ ᠵᠦᠭᠯᠡᠭᠦᠷ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ ᠬᠡᠷᠡᠭᠲᠡᠶ᠃ ︵ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ︶ | ᠳᠥᠷᠪᠡ᠂ ᠪᠠᠷᠢᠴᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠷᠢᠴᠠᠭᠠᠯᠠᠬᠤ ᠡᠷᠬᠡ ᠴᠢᠳᠠᠪᠤᠷᠢ ᠶᠢ | ᠪᠠᠲᠤᠯᠠᠬᠤ ᠬᠡᠷᠩᠳᠠᠢ | ︵ᠨᠢᠭᠡ︶ ᠪᠠᠷᠢᠴᠠᠭᠠᠯᠠᠬᠤ ᠨᠥᠬᠦᠴᠡᠯ ᠢ ᠲᠤᠳᠤᠷᠬᠠᠶᠢᠯᠠᠨ᠎ᠠ᠃ ᠬᠤᠪᠢᠶᠠᠷᠢᠯᠠᠨ ᠥᠭᠬᠦ ᠠᠷᠭ᠎ᠠ ᠮᠠᠶ᠋ᠢᠭ ᠢᠶᠠᠷ | ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠳᠤ ᠪᠠ ᠲᠡᠭᠦᠨ ᠤ ᠭᠠᠵᠠᠷ | ᠳᠡᠭᠡᠷᠡᠬᠢ ᠪᠠᠷᠢᠯᠭ᠎ᠠ ᠶᠢᠨ ᠵᠦᠢᠯ ᠲᠠᠢ ᠬᠠᠮᠲᠤ ᠳᠤ ᠨᠢ ᠬᠠᠤᠯᠢ ᠲᠣᠭᠲᠠᠭᠠᠯ ᠶᠣᠰᠣᠭᠠᠷ ᠪᠠᠷᠢᠴᠠᠭᠠᠯᠠᠬᠤ ᠡᠷᠬᠡ | ᠲᠣᠭᠲᠠᠭᠠᠵᠤ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠪᠠᠷᠢᠴᠠᠭᠠᠯᠠᠬᠤ ᠡᠷᠬᠡ ᠶᠢ ᠪᠡᠶᠡᠯᠡᠭᠦᠯᠬᠦ ᠦᠶ᠎ᠡ ᠳᠤ | ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠦᠭᠰᠡᠨ ᠣᠷᠣᠯᠭ᠎ᠠ ᠶᠢ ᠤᠷᠢᠳ ᠢᠶᠠᠷ ᠲᠤᠰᠢᠶᠠᠬᠤ ᠬᠡᠷᠡᠭᠲᠡᠶ᠃ | ᠲᠦᠯᠦᠪᠦᠷᠢᠲᠡᠢ ᠰᠢᠯᠵᠢᠭᠦᠯᠬᠦ᠂ ᠦᠨ᠎ᠡ ᠲᠣᠭᠲᠠᠭᠠᠨ ᠪᠡᠯᠡ ᠭᠠᠷᠭᠠᠬᠤ ᠪᠤᠶᠤ ᠬᠤᠪᠢ ᠣᠷᠣᠭᠤᠯᠬᠤ ᠵᠡᠷᠭᠡ ᠠᠷᠭ᠎ᠠ | ᠮᠠᠶ᠋ᠢᠭ ᠢᠶᠠᠷ ᠣᠯᠤᠭᠰᠠᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠳᠤ ᠪᠠᠷᠢᠴᠠᠭᠠᠯᠠᠬᠤ | ᠡᠷᠬᠡ ᠶᠢ ᠬᠠᠤᠯᠢ ᠶᠣᠰᠣᠭᠠᠷ ᠲᠣᠭᠲᠠᠭᠠᠵᠤ ᠪᠣᠯᠤᠨ᠎ᠠ᠃ ᠲᠦᠷᠢᠶᠡᠰᠦᠯᠡᠬᠦ ᠠᠷᠭ᠎ᠠ ᠮᠠᠶ᠋ᠢᠭ ᠢᠶᠠᠷ ᠣᠯᠤᠭᠰᠠᠨ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠪᠣᠯ ᠲᠦᠷᠢᠶᠡᠰᠦᠯᠡᠭᠴᠢ ᠲᠣᠭᠲᠠᠭᠠᠯ ᠶᠣᠰᠣᠭᠠᠷ ᠭᠠᠵᠠᠷ | ᠰᠢᠷᠣᠶ ᠶᠢᠨ ᠲᠦᠷᠢᠶᠡᠰᠦᠨ ᠮᠥᠩᠭᠦ ᠶᠢ ᠲᠤᠰᠢᠶᠠᠬᠤ ᠶᠢᠨ ᠬᠠᠮᠲᠤ ᠨᠡᠭᠡᠭᠡᠨ ᠠᠰᠢᠭᠯᠠᠵᠤ ᠪᠦᠲᠦᠭᠡᠨ | ᠪᠠᠶᠢᠭᠤᠯᠤᠭᠰᠠᠨ ᠤ ᠲᠠᠷᠠᠭ᠎ᠠ᠂ ᠲᠦᠷᠢᠶᠡᠰᠦᠯᠡᠬᠦ ᠭᠡᠷ᠎ᠡ ᠶᠢᠨ ᠪᠣᠯᠵᠣᠯ ᠢ ᠦᠨᠳᠦᠰᠦᠯᠡᠨ᠂ ᠲᠡᠭᠦᠨ ᠤ ᠭᠠᠵᠠᠷ ᠳᠡᠭᠡᠷᠡᠬᠢ | ᠪᠠᠷᠢᠯᠭ᠎ᠠ ᠵᠢᠴᠢ ᠪᠠᠷᠢᠯᠭ᠎ᠠ ᠶᠢᠨ ᠵᠦᠢᠯ᠂ ᠪᠤᠰᠤᠳ ᠲᠠᠭᠠᠯᠳᠠ ᠪᠣᠳᠠᠰ ᠢ ᠭᠠᠵᠠᠷ ᠰᠢᠷᠣᠶ ᠲᠠᠢ ᠬᠠᠮᠲᠤ ᠳᠤ ᠨᠢ ᠬᠠᠤᠯᠢ | ᠶᠣᠰᠣᠭᠠᠷ ᠪᠠᠷᠢᠴᠠᠭᠠᠯᠠᠵᠤ ᠪᠣᠯᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠪᠠᠷᠢᠴᠠᠭᠠᠨ ᠤ ᠡᠷᠬᠡᠲᠦ ᠬᠥᠮᠦᠨ ᠤ ᠬᠢᠵᠠᠭᠠᠷᠯᠠᠯ ᠢ ᠠᠭᠤᠵᠢᠭᠤ ᠲᠠᠯᠪᠢᠨ᠎ᠠ᠃ ᠠᠪᠴᠠᠭᠠᠨ ᠤ | ᠡᠷᠬᠡ ᠶᠢ ᠠᠳᠠᠯᠢ ᠲᠡᠭᠰᠢ ᠪᠠᠶᠢᠯᠭᠠᠬᠤ᠂ ᠵᠣᠬᠢᠰᠲᠠᠶ ᠪᠠᠷ ᠠᠭᠤᠵᠢᠭᠤ ᠲᠠᠯᠪᠢᠬᠤ ᠵᠠᠷᠴᠢᠮ ᠶᠣᠰᠣᠭᠠᠷ᠂ ᠪᠠᠶᠢᠭᠠᠯᠢ | ᠬᠥᠮᠦᠨ᠂ ᠠᠵᠤ ᠠᠬᠤᠶᠢᠯᠠᠯ ᠴᠥᠮ ᠪᠠᠷᠢᠴᠠᠭᠠᠨ ᠤ ᠡᠷᠬᠡᠲᠦ ᠬᠥᠮᠦᠨ ᠪᠣᠯᠣᠭᠰᠠᠨ ᠤ ᠬᠤᠪᠢ ᠠᠴᠠ ᠪᠦᠳᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠲᠡᠭᠦᠨ ᠤ ᠭᠠᠵᠠᠷ ᠳᠡᠭᠡᠷᠡᠬᠢ ᠪᠠᠷᠢᠯᠭ᠎ᠠ᠂ ᠪᠤᠰᠤᠳ | ᠲᠠᠭᠠᠯᠳᠠ ᠪᠣᠳᠠᠰ ᠤᠨ ᠥᠮᠴᠢᠯᠡᠬᠦ ᠡᠷᠬᠡ ᠪᠠᠷ ᠦᠯᠦ ᠬᠥᠳᠡᠯᠬᠦ ᠬᠦᠷᠦᠩᠭᠡ ᠶᠢᠨ ᠪᠠᠷᠢᠴᠠᠭᠠᠨ ᠤ ᠭᠠᠷ ᠭᠦᠢᠴᠡᠳᠬᠡᠯ | ᠬᠢᠯᠭᠡᠬᠦ ᠪᠠᠷ ᠬᠠᠤᠯᠢ ᠶᠣᠰᠣᠭᠠᠷ ᠭᠤᠶᠤᠴᠢᠯᠠᠵᠤ ᠪᠣᠯᠣᠨ᠎ᠠ᠂ ᠠᠵᠤ ᠠᠬᠤᠶᠢᠯᠠᠯ ᠤᠨ ᠬᠤᠭᠤᠷᠣᠨᠳᠣᠬᠢ ᠠᠪᠴᠠᠭ᠎ᠠ | ᠥᠭᠴᠡᠭᠡ ᠶᠢᠨ ᠭᠡᠷ᠎ᠡ ᠳᠤ ᠬᠤᠯᠪᠣᠭᠳᠠᠭᠰᠠᠨ ᠪᠠᠶᠢᠪᠠᠯ ᠡᠷᠬᠡᠪᠰᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶ | ︵ᠭᠤᠷᠪᠠ︶ ᠪᠠᠷᠢᠴᠠᠭᠠᠨ ᠤ ᠪᠤᠳᠠᠰ ᠤᠨ ᠬᠢᠵᠠᠭᠠᠷᠯᠠᠯ ᠢ ᠠᠭᠤᠵᠢᠭᠤ ᠲᠠᠯᠪᠢᠨ᠎ᠠ᠃ ᠨᠡᠶᠢᠲᠡ ᠶᠢᠨ | ᠠᠰᠠᠷᠠᠮᠵᠢ ᠶᠢᠨ ᠵᠣᠷᠢᠯᠭ᠎ᠠ ᠤᠨ ᠪᠣᠰᠣ ᠡᠮᠴᠢᠯᠡᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ᠂ ᠰᠤᠷᠭᠠᠨ | ᠬᠦᠮᠦᠵᠢᠯ᠂ ᠰᠣᠶᠣᠯ ᠵᠡᠷᠭᠡ ᠨᠠᠶᠢᠭᠡᠮ ᠤᠨ ᠬᠦᠷᠢᠶ᠎ᠡ ᠴᠠᠷᠠᠭ᠎ᠠ ᠶᠢᠨ ᠠᠵᠤ ᠠᠬᠤᠶᠢᠯᠠᠯ ᠤᠳ ᠤᠨ ᠦᠨ᠎ᠡ | ᠲᠥᠯᠥᠪᠦᠷᠢ ᠲᠠᠢ ᠠᠷᠭ᠎ᠠ ᠮᠠᠶ᠋ᠢᠭ ᠢᠶᠠᠷ ᠣᠯᠤᠭᠰᠠᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ | ᠡᠷᠬᠡ᠂ ᠪᠡᠯᠡᠳᠬᠡᠮᠵᠢ ᠵᠡᠷᠭᠡ ᠡᠳ᠋ ᠬᠥᠷᠥᠩᠭᠡ ᠪᠠᠷ ᠢᠶᠠᠨ ᠪᠠᠷᠢᠴᠠᠭᠠᠯᠠᠵᠤ ᠪᠠᠯᠠ ᠲᠣᠬᠢᠷᠠᠭᠤᠯᠭ᠎ᠠ ᠬᠢᠬᠦ ᠶᠢ ᠵᠦᠪᠰᠢᠶᠡᠷᠡᠨ᠂ | ᠡᠯ᠎ᠡ ᠭᠠᠵᠠᠷ ᠣᠷᠣᠨ ᠨᠢ ᠬᠠᠮᠢᠶ᠎ᠠ ᠪᠥᠬᠦᠶ ᠲᠥᠬᠦᠷ ᠠᠷᠭ᠎ᠠ ᠬᠡᠮᠵᠢᠶ᠎ᠡ ᠶᠢ ᠰᠦᠪᠡᠭᠴᠢᠯᠡᠨ ᠲᠣᠭᠲᠠᠭᠠᠵᠤ᠂ | ᠪᠠᠷᠢᠴᠠᠭᠠᠯᠠᠬᠤ ᠡᠷᠬᠡ ᠶᠢ ᠪᠡᠶᠡᠯᠡᠭᠦᠯᠦᠭᠰᠡᠨ ᠤ ᠳᠠᠷᠠᠭ᠎ᠠ ᠭᠠᠵᠠᠷ ᠰᠢᠷᠣᠶ ᠶᠢᠨ ᠵᠣᠷᠢᠭᠤᠯᠤᠯᠲᠠ ᠶᠢ ᠬᠤᠪᠢᠷᠠᠭᠤᠯᠬᠤ | ᠥᠬᠡᠶ᠂ ᠠᠰᠢᠭ ᠲᠤᠰᠠ ᠶᠢᠨ ᠬᠠᠮᠢᠶ᠎ᠠ ᠪᠥᠬᠦᠶ ᠬᠥᠮᠦᠨ ᠤ ᠡᠷᠬᠡ ᠠᠰᠢᠭ ᠢ ᠬᠤᠬᠢᠷᠠᠭᠤᠯᠬᠤ ᠥᠬᠡᠶ ᠪᠠᠶᠢᠬᠤ ᠶᠢ | ᠦᠨᠡᠨ ᠬᠦ ᠪᠠᠲᠤᠯᠠᠬᠤ ᠬᠡᠷᠩᠳᠠᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠥᠪᠥᠷ | ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ | ᠬᠥᠬᠡᠬᠤᠲᠠ ᠲᠥᠪ ᠰᠠᠯᠪᠤᠷᠢ ᠪᠠᠩᠬᠢ ︶ | ᠲᠠᠪᠤ᠂ ᠦᠢᠯᠡᠴᠢᠯᠡᠭᠡᠨ ᠤ ᠲᠣᠭᠲᠠᠯᠴᠠᠭ᠎ᠠ ᠶᠢ ᠪᠥᠷᠢᠨᠰᠢᠬᠦᠯᠥᠨ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠬᠤ ᠬᠡᠷᠩᠳᠡᠢ | ︵ᠨᠢᠭᠡ︶ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠮᠤ ᠲᠢᠩᠬᠢᠮ ᠪᠤᠶᠤ ᠥᠯᠥ ᠬᠥᠳᠡᠯᠬᠦ | ᠬᠥᠷᠥᠩᠭᠡ ᠶᠢᠨ ᠳᠠᠩᠰᠠᠯᠠᠨ ᠲᠡᠮᠳᠡᠭᠯᠡᠬᠦ ᠲᠤᠮᠤ ᠲᠢᠩᠬᠢᠮ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ | ᠴᠤᠩᠬᠤᠪᠴᠢ ᠭᠠᠷᠭᠠᠵᠤ᠂ ᠠᠷᠠᠯᠵᠢᠶᠠᠨ ᠤ ᠲᠠᠯᠠᠪᠤᠷ ᠭᠠᠵᠠᠷ ᠬᠠᠩᠭᠠᠵᠤ᠂ ᠰᠦᠯᠵᠢᠶ᠎ᠡ ᠪᠠᠷ ᠠᠷᠠᠯᠵᠢᠶᠠᠯᠠᠬᠤ ᠮᠡᠳᠡᠭᠡ | ᠵᠠᠩᠭᠢ ᠶᠢᠨ ᠰᠢᠰᠲ᠋ᠧᠮ ᠢ ᠪᠠᠶᠢᠭᠤᠯᠤᠨ᠂ ᠠᠷᠠᠯᠵᠢᠶᠠᠨ ᠤ ᠬᠡᠷᠡᠭ ᠶᠠᠪᠤᠳᠠᠯ ᠢ ᠭᠦᠢᠴᠡᠳᠬᠡᠵᠦ᠂ ᠭᠠᠵᠠᠷ ᠰᠢᠷᠣᠶ ᠶᠢᠨ | ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠨᠡᠶᠢᠲᠡᠯᠡᠬᠦ᠂ ᠠᠷᠠᠯᠵᠢᠶᠠᠯᠠᠬᠤ᠂ ᠠᠷᠠᠯᠵᠢᠶ᠎ᠠ | ᠪᠦᠲᠦᠭᠰᠡᠨ ᠢ ᠨᠤᠲᠠᠯᠠᠬᠤ᠂ ᠭᠡᠷ᠎ᠡ ᠲᠣᠭᠲᠠᠬᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠵᠡᠷᠭᠡ | ᠨᠢᠭᠡ ᠦᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ ᠶᠢ ᠬᠠᠩᠭᠠᠬᠤ ᠬᠡᠷᠡᠭᠲᠡᠶ᠃ ᠨᠥᠬᠦᠴᠡᠯ ᠪᠦᠷᠢᠳᠦᠭᠦᠯᠦᠭᠰᠡᠨ | ᠭᠠᠵᠠᠷ ᠣᠷᠣᠨ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠣᠷᠣᠭᠤᠯᠤᠨ ᠨᠢᠭᠡᠳᠦᠯᠲᠡᠶ | ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ︾ ︽ᠨᠢᠭᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠢᠳᠡᠪᠬᠢᠲᠡᠶ ᠠᠬᠢᠭᠤᠯᠬᠤ ᠬᠡᠷᠩᠲᠡᠢ᠃ | ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ︶ | ︵ᠬᠤᠶᠠᠷ︶ ᠠᠷᠠᠯᠵᠢᠶᠠᠨ ᠤ ᠴᠤᠪᠤᠷᠠᠯ ᠢ ᠵᠢᠷᠤᠮᠵᠢᠭᠤᠯᠤᠨ᠎ᠠ᠃ ᠡᠯ᠎ᠡ ᠱᠠᠲᠤᠨ ᠤ ᠪᠠᠶᠢᠭᠠᠯᠢ ᠶᠢᠨ ᠡᠬᠢ | ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠮᠡᠳᠡᠭᠡ ᠵᠠᠩᠭᠢ ᠨᠡᠶᠢᠲᠡᠯᠡᠬᠦ — ᠰᠠᠨᠠᠮᠵᠢ | ᠨᠢᠭᠡᠲᠦᠬᠦ — ᠭᠡᠷ᠎ᠡ ᠲᠣᠭᠲᠠᠬᠤ — ᠠᠷᠠᠯᠵᠢᠶ᠎ᠠ ᠶᠢ ᠬᠢᠨᠠᠨ ᠬᠠᠮᠢᠶᠠᠷᠬᠤ︾ ᠠᠷᠠᠯᠵᠢᠶᠠᠨ ᠤ ᠴᠤᠪᠤᠷᠠᠯ ᠢ | ᠪᠠᠶᠢᠭᠤᠯᠬᠤ ᠬᠡᠷᠡᠭᠲᠡᠶ᠃ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠭᠠᠵᠠᠷ ᠰᠢᠷᠣᠶ ᠶᠢᠨ ᠬᠤᠶᠠᠳᠤᠭᠠᠷ ᠳᠡᠰ ᠤᠨ | ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠵᠠᠬ᠎ᠠ ᠳᠡᠯᠭᠡᠭᠦᠷ ᠤᠨ | ᠮᠡᠳᠡᠭᠡ ᠵᠠᠩᠭᠢ ᠶᠢ ᠨᠡᠶᠢᠲᠡᠯᠡᠬᠦ ᠪᠠ ᠣᠯᠵᠤ ᠪᠣᠯᠤᠨ᠎ᠠ︔ ᠬᠠᠤᠯᠢ ᠶᠣᠰᠣᠭᠠᠷ ᠥᠪᠡᠰᠦᠪᠡᠨ ᠵᠥᠪᠳᠡᠯᠴᠡᠨ | ᠠᠷᠠᠯᠵᠢᠶᠠᠯᠠᠵᠤ ᠪᠣᠯᠤᠨ᠎ᠠ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ | ᠲᠠᠪᠴᠠᠩ ᠳᠤ ᠨᠠᠶᠢᠳᠠᠵᠤ ᠢᠯᠡ ᠪᠠᠷ ᠠᠷᠠᠯᠵᠢᠶᠠᠯᠠᠭᠤᠯᠤᠭᠰᠠᠨ ᠴᠤ ᠪᠣᠯᠤᠨ᠎ᠠ᠃ ᠠᠷᠠᠯᠵᠢᠶᠠᠯᠠᠬᠤ ᠬᠤᠶᠠᠷ | ᠲᠠᠯ᠎ᠠ ᠪᠠᠷ ᠢᠶᠠᠨ ᠰᠠᠨᠠᠯ ᠨᠢᠭᠡᠳᠦᠭᠰᠡᠨ ᠤ ᠳᠠᠷᠠᠭ᠎ᠠ ᠭᠡᠷ᠎ᠡ ᠲᠣᠭᠲᠠᠵᠤ᠂ ᠠᠷᠠᠯᠵᠢᠶᠠᠯᠠᠬᠤ ᠦᠨ᠎ᠡ ᠪᠠᠨ ᠬᠠᠤᠯᠢ | ᠶᠣᠰᠣᠭᠠᠷ ᠮᠡᠳᠡᠭᠦᠯᠵᠦ᠂ ᠮᠡᠳᠡᠭᠦᠯᠦᠭᠰᠡᠨ ᠦᠨ᠎ᠡ ᠨᠢ ᠪᠠᠷᠢᠮᠵᠢᠶᠠᠯᠠᠵᠣ ᠲᠣᠭᠲᠠᠭᠠᠭᠰᠠᠨ ᠭᠠᠵᠡᠷ ᠰᠢᠷᠣᠢ ᠶᠢᠨ | ᠦᠨ᠎ᠡ ᠠᠴᠠ 20% ᠠᠴᠠ ᠢᠯᠡᠭᠦᠦ ᠳᠣᠤᠷ᠎ᠠ ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠤᠷᠢᠳ ᠢᠶᠠᠷ ᠬᠤᠳᠠᠯᠳᠤᠨ ᠠᠪᠬᠤ ᠡᠷᠬᠡ ᠪᠠᠨ ᠬᠡᠷᠡᠭᠵᠢᠭᠦᠯᠵᠦ ᠪᠣᠯᠤᠨ᠎ᠠ︔ | ᠮᠡᠳᠡᠭᠦᠯᠦᠭᠰᠡᠨ ᠦᠨ᠎ᠡ ᠬᠠᠩᠰᠢ ᠨᠢ ᠥᠨᠳᠥᠷ ᠰᠢᠭ ᠪᠠᠶᠢᠪᠠᠯ᠂ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠮᠥᠩᠭᠦᠨ | ᠭᠦᠢᠯᠭᠡᠭᠡᠨ ᠤ ᠠᠷᠭ᠎ᠠ ᠪᠠᠷᠢᠯ ᠢᠶᠠᠷ ᠳᠠᠮᠵᠢᠭᠤᠯᠤᠨ ᠲᠤᠬᠢᠷᠠᠭᠤᠯᠤᠯᠳᠠ ᠬᠢᠬᠦ ᠶᠢᠨ ᠬᠠᠮᠲᠤ᠂ ᠡᠷᠬᠡᠲᠦ ᠬᠥᠮᠦᠨ ᠳᠤ | ᠲᠦᠭᠰᠢᠭᠦᠷᠢ ᠶᠢ ᠰᠡᠷᠡᠮᠵᠢᠯᠡᠭᠦᠯᠬᠦ ᠰᠠᠨᠠᠭᠤᠯᠤᠮᠵᠢ ᠦᠭᠭᠦ ᠬᠡᠷᠩᠳᠠᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ | ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠯᠵᠢᠶ᠎ᠠ ᠶᠢᠨ ᠠᠵᠢᠯ | ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠶᠤ ᠲᠦᠯᠦᠪᠦᠷᠢᠲᠡᠢ ᠰᠢᠯᠵᠢᠭᠦᠯᠬᠦ | ᠭᠡᠷ᠎ᠡ ᠶᠢᠨ ᠪᠣᠯᠵᠣᠯ᠂ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠤᠨ ᠲᠣᠭᠲᠠᠭᠠᠯ ᠳᠤ ᠨᠡᠶᠢᠴᠡᠬᠦ ᠥᠬᠡᠶ ᠪᠠᠶᠢᠪᠠᠯ᠂ | ᠬᠠᠮᠢᠶ᠎ᠠ ᠪᠥᠬᠦᠶ ᠭᠠᠷᠳᠠᠮ ᠢ ᠨᠢ ᠭᠦᠢᠴᠡᠳᠭᠡᠨ ᠥᠭᠴᠦ ᠪᠣᠯᠬᠤ ᠥᠬᠡᠶ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠨᠢ ᠭᠠᠵᠠᠷ ᠰᠢᠷᠣᠶ ᠬᠡᠷᠡᠭᠯᠡᠬᠦ ᠡᠷᠬᠡ ᠵᠢᠴᠢ ᠭᠠᠵᠠᠷ ᠳᠡᠭᠡᠷᠡᠬᠢ ᠪᠠᠷᠢᠯᠭ᠎ᠠ ᠶᠢᠨ ᠠᠷᠠᠯᠵᠢᠶ᠎ᠠ ᠳᠤ | ᠬᠤᠯᠪᠣᠭᠳᠠᠪᠠᠯ᠂ ᠬᠠᠮᠲᠤ ᠳᠤ ᠨᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠱᠠᠲᠤᠨ ᠠᠴᠠ ᠳᠡᠭᠡᠭᠰᠢᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠰᠣᠩᠭᠤᠭᠰᠠᠨ ᠪᠥᠭᠡᠳ ᠢᠯᠡ ᠨᠡᠶᠢᠲᠡᠯᠡᠭᠰᠡᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠠᠷᠠᠯᠵᠢᠶᠠᠨ ᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠬᠤ ᠥᠮᠴᠢᠯᠡᠬᠦ ᠡᠷᠬᠡ ᠶᠢᠨ | ᠠᠷᠠᠯᠵᠢᠶᠠᠨ ᠤ ᠪᠠᠶᠢᠭᠤᠯᠤᠮᠵᠢ ᠳᠤ ᠢᠯᠡ ᠪᠠᠷ ᠠᠷᠠᠯᠵᠢᠶᠠᠯᠠᠬᠤ ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︶ | ︵ᠭᠤᠷᠪᠠ︶ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠬᠦ᠂ ᠬᠠᠮᠲᠤ ᠳᠤ ᠪᠠᠨ ᠭᠥᠷᠳᠡᠬᠦ ᠶᠢ | ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠳᠤ ᠬᠤᠯᠪᠣᠭᠳᠠᠭᠰᠠᠨ ᠬᠠᠤᠯᠢ ᠴᠠᠭᠠᠵᠠ ᠶᠢᠨ | ᠰᠢᠢᠳᠪᠦᠷᠢᠯᠡᠯᠲᠡ ᠶᠢᠨ ᠠᠵᠢᠯ ᠢ ᠵᠣᠯᠭᠠᠭᠤᠯᠬᠤ ᠪᠠᠨ ᠴᠢᠩᠭᠠᠳᠬᠠᠵᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠤᠯᠪᠣᠭᠳᠠᠭᠰᠠᠨ | ᠬᠡᠷᠡᠭ ᠲᠤ᠂ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠷᠠᠳ ᠤᠨ | ᠰᠢᠭᠦᠬᠦ ᠬᠤᠷᠢᠶ᠎ᠠ ᠳᠤ ᠥᠯᠥ ᠬᠥᠳᠡᠯᠬᠦ ᠬᠥᠷᠥᠩᠭᠡ ᠳᠤ ᠬᠤᠯᠪᠣᠭᠳᠠᠭᠰᠠᠨ ᠡᠷᠬᠡ ᠶᠢᠨ ᠪᠠᠶᠢᠳᠠᠯ᠂ ᠤᠤᠯ ᠤᠨ | ᠲᠦᠯᠦᠪᠦᠷᠢᠲᠡᠢ ᠰᠢᠯᠵᠢᠭᠦᠯᠬᠦ ᠭᠡᠷ᠎ᠡ ᠳᠤ ᠪᠣᠯᠵᠣᠨ ᠲᠣᠭᠲᠠᠭᠰᠠᠨ ᠡᠷᠬᠡ ᠡᠭᠦᠷᠭᠡ ᠶᠢᠨ ᠪᠠᠶᠢᠳᠠᠯ ᠵᠡᠷᠭᠡ ᠶᠢ ᠴᠠᠭ | ᠲᠤᠬᠠᠶ ᠳᠤ ᠨᠢ ᠬᠠᠩᠭᠠᠬᠤ ᠬᠡᠷᠡᠭᠲᠡᠶ᠃ ᠬᠠᠤᠯᠢ ᠴᠠᠭᠠᠵᠠ ᠪᠠᠷ ᠰᠢᠢᠳᠪᠦᠷᠢᠯᠡᠭᠰᠡᠨ ᠭᠠᠵᠠᠷ ᠰᠢᠷᠣᠶ ᠶᠢ ᠭᠠᠵᠠᠷ | ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ | ᠠᠷᠠᠯᠵᠢᠶᠠᠯᠠᠵᠤ ᠪᠣᠯᠤᠨ᠎ᠠ᠃ ᠭᠠᠵᠠᠷ ᠰᠢᠷᠣᠶ ᠳᠤ ᠬᠤᠯᠪᠣᠭᠳᠠᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠠᠵᠢᠯ ᠢ | ᠵᠣᠯᠭᠠᠭᠤᠯᠬᠤ ᠪᠠᠨ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠤᠯᠤᠰ ᠤᠨ | ᠥᠮᠴᠢᠯᠡᠯᠲᠦ ᠭᠠᠵᠠᠷ ᠰᠢᠷᠣᠶ ᠳᠤ ᠬᠤᠯᠪᠣᠭᠳᠠᠭᠰᠠᠨ ᠡᠳ᠋ ᠬᠥᠷᠥᠩᠭᠡ ᠶᠢ ᠰᠢᠢᠳᠪᠦᠷᠢᠯᠡᠬᠦ ᠬᠠᠮᠢᠶᠠᠷᠤᠯᠲᠠ ᠶᠢᠨ | ᠴᠤᠪᠤᠷᠠᠯ ᠢ ᠵᠢᠷᠤᠮᠵᠢᠭᠤᠯᠵᠤ᠂ ᠭᠠᠵᠠᠷ ᠰᠢᠷᠣᠶ ᠶᠢᠨ ᠥᠮᠴᠢᠯᠡᠬᠦ ᠡᠷᠬᠡ ᠶᠢᠨ ᠡᠷᠬᠡ ᠶᠢᠨ ᠬᠠᠷᠢᠶᠠᠯᠠᠯ ᠢ ᠵᠢᠷᠤᠮᠵᠢᠭᠤᠯᠬᠤ | ᠬᠡᠷᠡᠭᠲᠡᠢ︔ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠤᠶᠤ ᠠᠵᠢᠯ ᠦᠢᠯᠡᠰ ᠤᠨ ᠨᠢᠭᠡᠴᠢ ᠨᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ᠂ ᠬᠤᠪᠢᠶᠠᠷᠢᠯᠠᠨ ᠥᠭᠭᠦᠭᠰᠡᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠤᠯᠪᠣᠭᠳᠠᠪᠠᠯ᠂ ᠪᠠᠶᠢᠭᠠᠯᠢ ᠶᠢᠨ | ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠶᠢᠨ ᠬᠠᠮᠲᠤ᠂ ᠡᠷᠬᠡᠲᠦ | ᠭᠠᠵᠠᠷ ᠤᠨ ᠬᠤᠯᠪᠣᠭᠳᠠᠯ ᠪᠥᠬᠦᠶ ᠪᠠᠶᠢᠳᠠᠯ ᠢ ᠲᠤᠬᠠᠶ ᠶᠢᠨ ᠬᠥᠮᠦᠨ ᠳᠤ ᠦᠨᠡᠨ ᠮᠦᠨ ᠢᠶᠠᠷ ᠨᠢ ᠮᠡᠳᠡᠭᠳᠡᠭᠦ ᠬᠡᠷᠡᠭᠲᠡᠶ᠃ | ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠭᠠᠵᠠᠷ ᠰᠢᠷᠤᠢ ᠳᠤ ᠬᠤᠯᠪᠣᠭᠳᠠᠭᠰᠠᠨ ᠰᠲ᠋ᠣᠺ ᠤᠨ ᠡᠷᠬᠡ ᠶᠢ ᠰᠢᠯᠵᠢᠭᠦᠯᠦᠨ | ᠥᠭᠬᠦ ᠶᠢ ᠬᠤᠯᠪᠤᠭᠠᠯᠠᠨ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠭᠠᠵᠠᠷ ᠰᠢᠷᠤᠢ ᠳᠤ ᠬᠤᠯᠪᠣᠭᠳᠠᠭᠰᠠᠨ | ᠰᠲ᠋ᠣᠺ ᠤᠨ ᠡᠷᠬᠡ ᠶᠢ ᠰᠢᠯᠵᠢᠭᠦᠯᠦᠨ ᠥᠭᠬᠦ ᠶᠢᠨ ᠳᠡᠩᠰᠡᠯᠡᠨ ᠲᠡᠮᠳᠡᠭᠯᠡᠬᠦ᠂ ᠬᠡᠷ ᠪᠠᠶᠢᠰᠢᠩ ᠭᠠᠵᠠᠷ ᠬᠥᠷᠥᠩᠭᠡ ᠶᠢᠨ | ᠠᠷᠠᠯᠵᠢᠶ᠎ᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠨᠣᠪᠴᠢᠲᠠᠶ ᠬᠠᠩᠭᠠᠨ᠂ ᠮᠡᠳᠡᠭᠡ ᠵᠠᠩᠭᠢ ᠶᠢ ᠬᠠᠷᠢᠯᠴᠠᠨ | ᠨᠡᠪᠲᠡᠷᠡᠯᠴᠡᠵᠦ ᠬᠠᠮᠲᠤ ᠳᠤ ᠪᠠᠨ ᠭᠥᠷᠳᠡᠬᠦ ᠶᠢ ᠪᠡᠶᠡᠯᠡᠭᠦᠯᠬᠦ ᠬᠡᠷᠡᠭᠲᠡᠶ᠃ ᠭᠠᠵᠠᠷ ᠰᠢᠷᠣᠶ ᠶᠢᠨ ᠬᠤᠶᠠᠳᠤᠭᠠᠷ ᠳᠡᠰ ᠤᠨ | ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠬᠢᠭᠡᠳ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ | ᠲᠠᠪᠴᠠᠩ ᠤᠨ ᠬᠠᠷᠢᠯᠴᠠᠨ ᠨᠡᠪᠲᠡᠷᠡᠯᠴᠡᠵᠦ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠵᠤ᠂ ᠥᠯᠥ | ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠭᠠᠵᠠᠷ ᠰᠢᠷᠣᠶ ᠶᠢᠨ | ᠠᠷᠠᠯᠵᠢᠶᠠᠨ ᠤ ᠲᠠᠪᠴᠠᠩ ᠳᠤ ᠬᠦᠷᠭᠡᠵᠦ᠂ ᠠᠷᠠᠯᠵᠢᠶᠠᠨ ᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠬᠢᠭᠡᠳ ᠥᠯᠥ | ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠭᠰᠡᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠵᠦ᠂ | ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ︔ ᠠᠷᠠᠯᠵᠢᠶ᠎ᠠ ᠳᠠᠭᠤᠰᠤᠬᠰᠡᠨ ᠤ ᠳᠠᠷᠠᠭ᠎ᠠ᠂ ᠭᠠᠵᠠᠷ | ᠰᠢᠷᠣᠶ ᠶᠢᠨ ᠠᠷᠠᠯᠵᠢᠶᠠᠨ ᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠨ | ᠲᠡᠮᠳᠡᠭᠯᠡᠬᠦ ᠲᠠᠪᠴᠠᠩ ᠳᠤ ᠬᠦᠷᠭᠡᠵᠦ᠂ ᠠᠷᠠᠯᠵᠢᠶᠠᠯᠠᠬᠤ ᠬᠤᠶᠠᠷ ᠲᠠᠯ᠎ᠠ ᠪᠠᠷ ᠢᠶᠠᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠨ ᠲᠡᠮᠳᠡᠭᠯᠡᠬᠦ ᠳᠤ ᠮᠡᠳᠡᠭᠡ ᠵᠠᠩᠭᠢ ᠶᠢᠨ ᠲᠤᠭ᠎ᠠ ᠪᠠᠷᠢᠮᠲᠠ ᠬᠠᠩᠭᠠᠬᠤ ᠬᠡᠷᠩᠳᠠᠢ᠃ ︵ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︶ | ︵ᠳᠥᠷᠪᠡ︶ ᠵᠠᠭᠤᠴᠢ ᠵᠣᠬᠢᠶᠠᠨ ᠪᠠᠶᠢᠭᠤᠯᠤᠯᠲᠠ ᠶᠢ ᠪᠣᠢ ᠪᠣᠯᠭᠠᠨ ᠵᠢᠷᠤᠮᠵᠢᠭᠤᠯᠤᠨ᠎ᠠ᠃ ᠡᠯ᠎ᠡ ᠭᠠᠵᠠᠷ | ᠣᠷᠣᠨ ᠨᠢ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠳᠠᠬᠢ ᠨᠡᠶᠢᠭᠡᠮ ᠤᠨ ᠵᠠᠭᠤᠴᠢ ᠵᠣᠬᠢᠶᠠᠨ | ᠪᠠᠶᠢᠭᠤᠯᠤᠯᠲᠠ ᠶᠢᠨ ᠬᠥᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠬᠠᠮᠢᠶ᠎ᠠ ᠪᠥᠬᠦᠶ ᠪᠠᠶᠢᠭᠤᠯᠤᠮᠵᠢ ᠶᠢ | ᠬᠥᠭᠵᠢᠭᠦᠯᠦᠨ᠂ ᠵᠣᠬᠢᠬᠤ ᠲᠤᠬᠠᠶᠢᠯᠠᠭᠰᠠᠨ ᠠᠵᠢᠯ ᠤᠨ ᠬᠢᠷᠢ ᠴᠢᠳᠠᠮᠵᠢ ᠲᠠᠢ ᠵᠠᠭᠤᠴᠢ ᠪᠠᠶᠢᠭᠤᠯᠤᠮᠵᠢ ᠶᠢᠨ ᠭᠠᠵᠠᠷ | ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠲᠠᠪᠴᠠᠩ ᠳᠤ ᠦᠨᠡᠨ ᠨᠡᠷ᠎ᠡ ᠪᠠᠷ ᠢᠶᠠᠨ | ᠬᠠᠩᠭᠠᠯᠭ᠎ᠠ ᠬᠡᠷᠡᠭᠴᠡᠭᠡ ᠶᠢᠨ ᠮᠡᠳᠡᠭᠡ ᠰᠣᠷᠠᠭ ᠨᠡᠶᠢᠲᠡᠯᠡᠬᠦ ᠶᠢ ᠵᠣᠷᠢᠬᠵᠢᠭᠤᠯᠵᠤ᠂ ᠠᠷᠠᠯᠵᠢᠶ᠎ᠠ ᠶᠢᠨ ᠡᠯ᠎ᠡ ᠲᠠᠯ᠎ᠠ ᠳᠤ | ᠲᠠᠨᠢᠯᠴᠠᠭᠤᠯᠬᠤ᠂ ᠳᠡᠯᠭᠡᠨ ᠦᠵᠡᠭᠦᠯᠬᠦ᠂ ᠯᠠᠪᠯᠠᠭ᠎ᠠ ᠥᠭᠬᠦ᠂ ᠦᠨ᠎ᠡ ᠵᠢᠱᠢᠬᠦ᠂ ᠵᠠᠭᠤᠴᠢᠯᠠᠬᠤ ᠵᠡᠷᠭᠡ ᠦᠢᠯᠡᠴᠢᠯᠡᠭᠡᠨ | ᠬᠠᠩᠭᠠᠬᠤ ᠬᠡᠷᠡᠭᠲᠡᠶ᠃ ᠶᠡᠷᠦᠩᠬᠡᠶᠢᠯᠡᠨ ᠦᠨᠡᠯᠡᠬᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ | ᠶᠡᠷᠦᠩᠬᠡᠶᠢᠯᠡᠨ ᠨᠡᠷ᠎ᠡ ᠵᠢᠭᠰᠠᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠵᠠᠭᠤᠴᠢ ᠪᠠᠶᠢᠭᠤᠯᠤᠮᠵᠢ ᠶᠢᠨ ᠪᠤᠴᠠᠭᠠᠨ | ᠭᠠᠷᠭᠠᠬᠤ ᠲᠣᠭᠲᠠᠴᠠ ᠶᠢ ᠪᠠᠶᠢᠭᠤᠯᠤᠨ᠂ ᠬᠠᠤᠯᠢ ᠲᠣᠭᠲᠠᠭᠠᠯ ᠠᠴᠠ ᠵᠥᠷᠢᠴᠡᠭᠰᠡᠨ ᠵᠠᠭᠤᠴᠢᠯᠠᠬᠤ ᠠᠵᠢᠯᠯᠠᠭ᠎ᠠ ᠶᠢ | ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠵᠦ᠂ ᠵᠠᠭᠤᠴᠢ ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢᠲᠡᠶ ᠪᠠᠷ | ᠡᠵᠡᠩᠨᠡᠬᠦ ᠶᠢ ᠬᠥᠲᠥᠯᠥᠨ ᠵᠢᠯᠣᠭᠤᠳᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠵᠢᠷᠭᠤᠭ᠎ᠠ᠂ ᠬᠢᠨᠠᠨ ᠰᠢᠨᠵᠢᠵᠦ ᠬᠢᠨᠠᠨ ᠬᠠᠮᠢᠶᠠᠷᠬᠤ ᠶᠢ ᠴᠢᠩᠭᠠᠳᠬᠠᠬᠤ ᠬᠡᠷᠡᠭᠲᠡᠶ | ︵ᠨᠢᠭᠡ︶ ᠵᠠᠬ᠎ᠠ ᠳᠡᠯᠭᠡᠭᠦᠷ ᠤᠨ ᠬᠢᠨᠠᠨ ᠰᠢᠨᠵᠢᠵᠦ ᠬᠢᠨᠠᠨ ᠬᠠᠮᠢᠶᠠᠷᠬᠤ ᠪᠠ ᠳᠣᠭᠢᠷᠠᠭᠤᠯᠤᠨ ᠡᠵᠡᠮᠳᠡᠬᠦ ᠶᠢ | ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ | ᠬᠥᠳᠡᠯᠦᠩᠭᠦᠶ ᠪᠠᠷ ᠬᠢᠨᠠᠨ ᠰᠢᠨᠵᠢᠵᠦ ᠬᠢᠨᠠᠨ ᠬᠠᠮᠢᠶᠠᠷᠬᠤ ᠲᠦᠷᠢᠮ ᠢ ᠪᠦᠷᠢᠨᠰᠢᠬᠦᠯᠵᠦ᠂ ᠬᠢᠨᠠᠨ ᠰᠢᠨᠵᠢᠵᠦ ᠬᠢᠨᠠᠨ | ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠢᠶᠠᠨ ᠲᠡᠭᠦᠯᠳᠡᠷᠵᠢᠭᠦᠯᠬᠦ ᠬᠡᠷᠡᠭᠲᠡᠶ᠃ ᠲᠣᠰ ᠭᠠᠵᠠᠷ ᠣᠷᠣᠨ ᠤ ᠭᠠᠵᠠᠷ | ᠰᠢᠷᠣᠶ ᠶᠢᠨ ᠰᠢᠯᠵᠢᠭᠦᠯᠦᠨ ᠥᠭᠭᠦᠭᠰᠡᠨ᠂ ᠲᠦᠷᠢᠶᠡᠰᠦᠯᠡᠭᠦᠯᠦᠭᠰᠡᠨ᠂ ᠪᠠᠷᠢᠴᠠᠭᠠᠯᠠᠭᠰᠠᠨ ᠲᠠᠯᠠᠪᠠᠶ᠂ ᠪᠦᠲᠦᠴᠡ᠂ | ᠦᠨ᠎ᠡ ᠶᠢᠨ ᠵᠣᠭᠤᠰ᠂ ᠴᠠᠭ ᠤᠨ ᠳᠠᠷᠠᠭᠠᠯᠠᠯ᠂ ᠬᠤᠪᠢᠷᠠᠯᠲᠠ ᠶᠢᠨ ᠬᠠᠨᠳᠤᠰᠢ ᠵᠡᠷᠭᠡ ᠲᠤᠭ᠎ᠠ ᠪᠠᠷᠢᠮᠲᠠ ᠳᠤ | ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠬᠢᠵᠦ᠂ ᠬᠢᠨᠠᠨ ᠰᠢᠨᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ | ᠭᠠᠷᠭᠠᠨ᠂ ᠵᠠᠬ᠎ᠠ ᠳᠡᠯᠭᠡᠭᠦᠷ ᠤᠨ ᠪᠠᠶᠢᠳᠠᠯ ᠢ ᠰᠤᠳᠤᠯᠤᠨ ᠮᠠᠭᠠᠳᠯᠠᠬᠤ ᠬᠡᠷᠡᠭᠲᠡᠶ᠃ ᠭᠠᠵᠠᠷ ᠤᠨ ᠦᠨ᠎ᠡ ᠶᠢ ᠵᠠᠷᠯᠠᠨ | ᠨᠡᠶᠢᠲᠡᠯᠡᠬᠦ ᠲᠣᠭᠲᠠᠯᠴᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠪᠤᠶᠤ | ᠪᠠᠷᠢᠮᠵᠢᠶᠠᠯᠠᠨ ᠲᠣᠭᠲᠠᠭᠠᠭᠰᠠᠨ ᠭᠠᠵᠠᠷ ᠤᠨ ᠦᠨ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠪᠠ | ᠨᠡᠶᠢᠲᠡᠯᠡᠬᠦ ᠬᠡᠷᠩᠳᠠᠢ︔ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ | ᠪᠣᠢ ᠪᠣᠯᠬᠤ᠂ ᠬᠢᠨᠠᠨ ᠰᠢᠨᠵᠢᠬᠦ᠂ ᠵᠢᠭᠠᠨ ᠵᠢᠯᠣᠭᠤᠳᠬᠤ᠂ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ | ᠠᠷᠠᠯᠵᠢᠶᠠᠨ ᠤ ᠦᠨ᠎ᠡ ᠬᠠᠩᠰᠢ ᠶᠢᠨ ᠬᠡᠪ ᠤᠨ ᠪᠤᠰᠤ ᠪᠠᠷ ᠬᠡᠯᠪᠡᠯᠵᠡᠬᠦ ᠶᠢ ᠰᠡᠷᠭᠡᠶᠢᠯᠡᠨ ᠬᠤᠷᠢᠭᠯᠠᠬᠤ ᠬᠡᠷᠩᠳᠠᠢ᠃ | ᠭᠠᠵᠠᠷ ᠰᠢᠷᠣᠶ ᠶᠢ ᠰᠢᠯᠵᠢᠭᠦᠯᠦᠨ ᠥᠭᠬᠦ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠳᠤ ᠬᠤᠯᠪᠣᠭᠳᠠᠬᠤ | ᠬᠠᠮᠢᠶ᠎ᠠ ᠪᠥᠬᠦᠶ ᠪᠠᠯᠠ ᠮᠥᠩᠭᠦ ᠶᠢᠨ ᠢᠷᠡᠯᠲᠡ ᠨᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠭᠠᠵᠠᠷ ᠰᠢᠷᠣᠶ ᠬᠤᠳᠠᠯᠳᠤᠨ ᠠᠪᠬᠤ ᠪᠠ ᠪᠠᠯᠠ ᠲᠣᠬᠢᠷᠠᠭᠤᠯᠬᠤ ᠬᠠᠮᠢᠶ᠎ᠠ ᠪᠥᠬᠦᠶ ᠲᠣᠭᠲᠠᠭᠠᠯ ᠳᠤ | ᠨᠠᠶᠢᠴᠡᠭᠦ ᠬᠡᠷᠡᠭᠲᠡᠶ᠃ ᠭᠠᠵᠠᠷ ᠰᠢᠷᠣᠶ ᠶᠢᠨ ᠨᠢᠭᠡᠳᠦᠭᠡᠷ᠂ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠭᠠᠵᠠᠷ ᠰᠢᠷᠣᠶ ᠶᠢᠨ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ᠂ ᠪᠦᠲᠦᠴᠡ᠂ | ᠴᠠᠭ ᠤᠨ ᠳᠠᠷᠠᠭᠠᠯᠠᠯ ᠵᠡᠷᠭᠡ ᠶᠢ ᠵᠣᠯᠭᠠᠭᠤᠯᠬᠤ ᠶᠢ ᠴᠢᠩᠭᠠᠳᠬᠠᠨ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ | ᠴᠢᠯᠥᠭᠡᠲᠡᠶ ᠭᠦᠢᠯᠭᠡᠭᠡᠬᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠲᠡᠩᠴᠡᠭᠦᠯᠬᠦ ᠳᠠᠬᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠤᠨ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ | ᠵᠡᠷᠭᠡ ᠠᠷᠭ᠎ᠠ ᠪᠠᠷᠢᠯ ᠢ ᠴᠠᠭ ᠲᠤ ᠨᠢ ᠳᠣᠭᠢᠷᠠᠭᠤᠯᠤᠨ ᠬᠡᠷᠡᠭᠯᠡᠵᠦ᠂ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ | ᠪᠦᠬᠦᠯᠢ ᠴᠣᠭᠴᠠ ᠶᠢᠨ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠲᠣᠭᠲᠠᠭᠤᠨ ᠢᠶᠠᠷ | ᠠᠵᠢᠯᠯᠠᠬᠤ ᠶᠢ ᠬᠠᠮᠠᠭᠠᠯᠠᠬᠤ ᠬᠡᠷᠩᠳᠠᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ | ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠭᠡᠷ᠎ᠡ | ᠭᠦᠢᠴᠡᠳᠬᠡᠬᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠤᠳᠠᠯᠳᠤᠨ ᠠᠪᠤᠭᠴᠢ ᠬᠠᠮᠢᠶ᠎ᠠ ᠪᠥᠬᠦᠶ | ᠡᠭᠦᠷᠭᠡ ᠪᠠᠨ ᠦᠷᠭᠦᠯᠵᠢᠯᠡᠨ ᠭᠦᠢᠴᠡᠳᠭᠡᠬᠦ ᠶᠢ ᠴᠠᠭ ᠲᠤᠬᠠᠶ ᠳᠤ ᠨᠢ ᠰᠠᠨᠠᠭᠤᠯᠬᠤ ᠪᠠ ᠰᠢᠮᠳᠠᠭᠤᠯᠬᠤ ᠬᠡᠷᠡᠭᠲᠡᠢ᠃ | ᠠᠷᠠᠯᠵᠢᠶ᠎ᠠ ᠶᠢᠨ ᠡᠯ᠎ᠡ ᠲᠠᠯ᠎ᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠬᠤᠶᠠᠷ ᠢ | ᠲᠠᠰᠢᠷᠠᠮ ᠢᠶᠠᠷ ᠭᠦᠢᠴᠡᠳᠭᠡᠵᠦ᠂ ᠨᠢᠭᠡ ᠶᠢ ᠢᠯᠡ ᠪᠣᠯᠭᠠᠬᠤ︾ ᠪᠠᠷ ᠦᠨᠳᠦᠰᠦᠨ ᠠᠷᠭ᠎ᠠ ᠪᠠᠷᠢᠯ ᠪᠣᠯᠭᠠᠭᠰᠠᠨ᠂ | ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠪᠠᠷ ᠨᠥᠬᠦᠪᠥᠷᠢ ᠪᠣᠯᠭᠠᠭᠰᠠᠨ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠦᠷᠢᠨᠰᠢᠭᠦᠯᠬᠦ ᠬᠡᠷᠩᠳᠠᠢ᠃ ᠡᠯ᠎ᠡ ᠭᠠᠵᠠᠷ ᠣᠷᠣᠨ ᠨᠢ ᠭᠠᠵᠠᠷ ᠰᠢᠷᠣᠶ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ | ᠦᠨᠡᠯᠡᠬᠦ ᠲᠦᠷᠢᠮ ᠪᠠ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠢᠲᠡᠭᠡᠯ ᠠᠯᠳᠠᠭᠰᠠᠨ | ᠬᠠᠷᠢᠭᠤᠴᠠᠯᠭ᠎ᠠ ᠶᠢᠨ ᠭᠤᠤᠯ ᠴᠣᠭᠴᠠ ᠳᠤ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠂ ᠭᠠᠵᠠᠷ | ᠰᠢᠷᠣᠶ ᠶᠢᠨ ᠵᠠᠬ᠎ᠠ ᠳᠡᠯᠭᠡᠭᠦᠷ ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ ᠨᠡᠷᠡᠰ ᠢ ︽ | ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠤᠨ ᠰᠦᠯᠵᠢᠶᠡᠨ ᠥᠷᠲᠡᠭᠡ ᠳᠡᠭᠡᠷ᠎ᠡ ᠨᠡᠶᠢᠲᠡ ᠳᠤ | ᠵᠠᠷᠯᠠᠵᠤ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠲᠣᠭᠲᠠᠯᠴᠠᠭ᠎ᠠ ᠶᠢ | ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠂ ᠨᠡᠶᠢᠭᠡᠮ ᠤᠨ ᠵᠠᠭᠤᠴᠢ | ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠬᠥᠲᠥᠯᠦᠨ ᠵᠢᠯᠣᠭᠤᠳᠤᠨ᠎ᠠ᠃ ︵ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠴᠢᠩᠭᠠᠳᠬᠠᠨ᠎ᠠ᠃ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠭᠰᠠᠨ ᠤ ᠬᠤᠪᠢ ᠳᠤ ᠭᠠᠵᠠᠷ | ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠶᠢᠨ ᠴᠢᠬᠤᠯᠠ ᠴᠢᠨᠠᠷ ᠢ ᠭᠦᠢᠴᠡᠳ | ᠲᠠᠨᠢᠵᠤ᠂ ᠵᠣᠬᠢᠶᠠᠨ ᠪᠠᠶᠢᠭᠤᠯᠵᠣ ᠣᠳᠣᠷᠢᠣᠡᠬᠤ ᠪᠠᠨ ᠦᠨᠡᠨ ᠬᠦ ᠴᠢᠩᠭᠠᠳᠬᠠᠨ᠂ ᠤᠳᠤ ᠶᠢᠨ ᠪᠠᠶᠢᠭ᠎ᠠ ᠭᠠᠵᠠᠷ | ᠰᠢᠷᠣᠶ ᠶᠢᠨ ᠠᠷᠠᠯᠵᠢᠶᠠᠨ ᠤ ᠪᠠᠶᠢᠭᠤᠯᠤᠮᠵᠢ ᠶᠢᠨ ᠰᠠᠭᠤᠷᠢᠨ ᠳᠡᠭᠡᠷ᠎ᠡ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ | ᠵᠠᠬ᠎ᠠ ᠳᠡᠯᠭᠡᠭᠦᠷ ᠤᠨ ᠠᠷᠠᠯᠵᠢᠶᠠᠨ ᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠨᠤᠲᠤᠭ ᠤᠨ | ᠪᠣᠳᠠᠳᠠᠢ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠨᠠᠷᠢᠨ ᠲᠦᠷᠢᠮ ᠪᠠ ᠲᠦᠬᠦᠷ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠵᠤ᠂ ᠠᠵᠢᠯᠳᠠᠨ ᠪᠠ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ | ᠪᠠᠶᠢᠭᠠᠯᠢ ᠶᠢᠨ ᠡᠬᠢ ᠪᠠᠶᠠᠯᠢᠭ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠮᠥᠩᠭᠦᠨ ᠭᠦᠢᠯᠭᠡᠭᠡᠨ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ | ᠬᠢᠨᠠᠯᠲᠠ ᠬᠠᠮᠢᠶᠠᠷᠤᠯᠲᠠ ᠪᠠᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ | ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ | ︵ᠬᠤᠶᠠᠷ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ᠃ ᠬᠢᠨᠠᠯᠲᠠ ᠲᠠᠯᠪᠢᠵᠤ ᠬᠠᠷᠢᠭᠤᠴᠠᠯᠭ᠎ᠠ | ᠬᠡᠯᠡᠯᠴᠡᠬᠦ ᠶᠢ ᠴᠢᠩᠭᠠᠷᠠᠭᠤᠯᠤᠨ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠬᠠᠮᠢᠶ᠎ᠠ ᠪᠥᠬᠦᠶ | ᠲᠣᠭᠲᠠᠭᠠᠯ ᠠᠴᠠ ᠵᠥᠷᠢᠴᠡᠭᠰᠡᠨ ᠵᠠᠰᠠᠭ ᠤᠨ ᠣᠷᠳᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠵᠢᠴᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭ᠎ᠠ ᠬᠡᠷᠡᠭᠵᠢᠭᠦᠯᠵᠦ᠂ ᠬᠠᠮᠢᠶ᠎ᠠ ᠪᠥᠬᠦᠶ ᠰᠠᠯᠠᠭ᠎ᠠ | ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠬᠡᠯᠡᠯᠴᠡᠨ ᠨᠡᠬᠡᠮᠵᠢᠯᠡᠨ᠎ᠡ᠃ | ︵ᠭᠤᠷᠪᠠ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠨᠢ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠪᠠᠷ ᠪᠣᠶ ᠪᠣᠯᠤᠭᠰᠠᠨ ᠵᠠᠭᠤᠴᠢᠯᠠᠭᠤᠷ ᠢᠶᠠᠷ | ᠳᠠᠮᠵᠢᠭᠤᠯᠤᠨ᠂ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠶᠢᠨ ᠴᠢᠬᠤᠯᠠ | ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠤᠨ᠂ ᠬᠠᠮᠢᠶ᠎ᠠ ᠪᠥᠬᠦᠶ ᠠᠵᠢᠯ ᠤᠨ ᠠᠷᠭ᠎ᠠ ᠬᠡᠮᠵᠢᠶ᠎ᠡ ᠪᠠ ᠣᠯᠤᠭᠰᠠᠨ | ᠦᠷ᠎ᠡ ᠪᠦᠲᠦᠮᠵᠢ ᠶᠢ ᠴᠠᠭ ᠲᠤᠬᠠᠶ ᠳᠤ ᠨᠢ ᠮᠡᠳᠡᠭᠡᠯᠡᠨ᠂ ᠨᠡᠶᠢᠲᠡᠯᠢᠭ ᠲᠤᠷᠰᠢᠯᠭ᠎ᠠ ᠪᠠ ᠰᠢᠨ᠎ᠡ ᠶᠢ ᠡᠭᠦᠳᠦᠭᠰᠡᠨ | ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠨᠡᠶᠢᠭᠡᠮ ᠨᠡᠶᠢᠲᠡ ᠶᠢᠨ ᠬᠢᠨ ᠤ ᠭᠠᠵᠠᠷ ᠰᠢᠷᠣᠶ ᠶᠢᠨ ᠬᠤᠶᠠᠳᠤᠭᠠᠷ | ᠳᠡᠰ ᠤᠨ ᠵᠠᠬ᠎ᠠ ᠳᠡᠯᠭᠡᠭᠦᠷ ᠤᠨ ᠲᠤᠬᠠᠶ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠶ᠃ ᠣᠯᠠᠨ | ᠨᠡᠶᠢᠲᠡ ᠶᠢᠨ ᠯᠠᠪᠯᠠᠯᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠣᠯᠠᠨ ᠨᠡᠶᠢᠲᠡ ᠶᠢᠨ ᠰᠠᠨᠠᠯ ᠰᠠᠨᠠᠭᠤᠯᠭ᠎ᠠ ᠶᠢ | ᠥᠷᠭᠡᠨ ᠢᠶᠠᠷ ᠬᠤᠷᠢᠶᠠᠨ ᠴᠤᠭᠯᠠᠭᠤᠯᠵᠤ᠂ ᠵᠠᠬ᠎ᠠ ᠳᠡᠯᠭᠡᠭᠦᠷ ᠤᠨ ᠵᠢᠱᠢᠯᠲᠡ ᠶᠢ ᠵᠦᠶ ᠵᠣᠬᠢᠰᠲᠠᠶ ᠬᠥᠲᠥᠯᠦᠨ | ᠵᠢᠯᠣᠭᠤᠳᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤ ᠥᠭᠴᠦ᠂ | ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠪᠥᠲᠥᠭᠡᠨ ᠪᠠᠶᠢᠭᠤᠯᠤᠯᠲᠠ ᠶᠢ | ᠤᠷᠤᠭᠰᠢᠲᠠᠶ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠢ ᠪᠣᠶ ᠪᠣᠯᠭᠠᠬᠤ ᠬᠡᠷᠡᠭᠲᠡᠶ᠃ | | |