ᠰᠢ ᠶᠢᠨ ᠫᠢᠩ ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠵᠤ ᠯᠢ ᠵᠠᠨ ᠱᠤ᠋ ᠸᠠᠩ ᠶᠠᠩ ᠸᠠᠩ ᠬᠤ᠋ ᠨᠢᠩ | ᠵᠤᠤ ᠯᠧ ᠵᠶᠢ ᠬᠠᠨ ᠵᠧᠩ ᠬᠤᠷᠠᠯ ᠳᠤ ᠣᠷᠣᠯᠴᠠᠵᠠᠢ | | | | 12 ᠰᠠᠷ᠎ᠠ ᠶᠢᠨ 8 ᠠᠴᠠ 10 ᠤ ᠡᠳᠦᠷ ᠪᠣᠯᠲᠠᠯ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ | ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠬᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 10 ᠤ ᠴᠠᠬᠢᠯᠭᠠᠨ ᠮᠡᠳᠡᠭᠡ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 8 ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ | ᠯᠧ ᠵᠶᠢ᠂ ᠬᠠᠨ ᠵᠧᠩ ᠬᠤᠷᠠᠯ ᠳᠤ ᠣᠷᠣᠯᠴᠠᠵᠠᠢ᠃ | ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ 2021 ᠣᠨ ᠤ ᠠᠵᠤ ᠠᠬᠤᠢ ᠶᠢᠨ | ᠠᠵᠢᠯ ᠢ ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ 2022 ᠣᠨ ᠤ ᠠᠵᠤ ᠠᠬᠤᠢ ᠶᠢᠨ | ᠠᠵᠢᠯ ᠢ ᠪᠠᠶᠢᠷᠢᠯᠠᠭᠤᠯᠪᠠ᠃ ᠯᠢ ᠺᠧ ᠴᠢᠶᠠᠩ ᠶᠠᠷᠢᠶᠠᠨ ᠳᠠᠭᠠᠨ ᠢᠷᠡᠬᠦ ᠵᠢᠯ ᠤᠨ ᠠᠵᠤ ᠠᠬᠤᠢ ᠶᠢᠨ ᠠᠵᠢᠯ ᠳᠤ | ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃ | ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠨᠢᠭᠡ ᠵᠢᠯ ᠮᠥᠨ᠃ ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠢᠶᠠᠨ | ᠡᠬᠢᠯᠡᠭᠦᠯᠵᠦ᠂ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠢ ᠯᠠᠪᠳᠠᠭᠤᠨ ᠢᠶᠠᠷ | ᠠᠷᠭᠠᠴᠠᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ | ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠶᠢ | ᠪᠠᠲᠤᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ | ᠲᠦᠷᠭᠡᠨ ᠪᠤᠵᠠᠭᠠᠶᠢᠷᠠᠵᠤ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠵᠦ᠂ | ᠥᠭᠡᠷᠡᠴᠢᠯᠡᠯᠲᠡ ᠨᠡᠭᠡᠭᠡᠯᠳᠠ ᠭᠦᠨᠵᠡᠭᠡᠶᠢᠷᠡᠨ ᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ | ᠪᠦᠲᠦᠮᠵᠢᠲᠡᠢ ᠪᠤᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ᠃ ᠡᠳᠡᠭᠡᠷ | ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ | ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ | ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ ᠬᠡᠵᠥ ᠦᠵᠡᠪᠡ᠃ | ᠬᠤᠷᠠᠯ ᠠᠴᠠ᠂ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ ᠡᠷᠬᠡᠪᠰᠢ ᠮᠠᠨ ᠤ ᠤᠯᠤᠰ ᠤᠨ ᠠᠵᠤ | ᠠᠬᠤᠢ ᠶᠢᠨ ᠬᠥᠭᠵᠢᠯᠲᠡ ᠳᠤ ᠬᠡᠷᠡᠭᠴᠡᠭᠡ ᠪᠠᠭᠠᠰᠬᠤ᠂ ᠬᠠᠩᠭᠠᠯᠭ᠎ᠠ ᠶᠢᠨ ᠳᠠᠭᠠᠷᠢᠯᠳᠠ ᠳᠤ ᠤᠴᠠᠷᠠᠬᠤ᠂ ᠵᠢᠱᠢᠯᠲᠡ | ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠡᠷᠢᠨ ᠵᠠᠭᠤᠨ ᠤ | ᠬᠢᠵᠢᠭ ᠤᠨ ᠪᠠᠶᠢᠳᠠᠯ ᠤᠨ ᠲᠠᠭᠠᠷᠢᠯᠳᠠ ᠳᠣᠣᠷ᠎ᠠ᠂ ᠵᠠᠭᠤᠨ ᠵᠢᠯ ᠤᠨ ᠬᠤᠪᠢᠰᠤᠯᠲᠠ ᠲᠦᠷᠭᠡᠰᠦᠨ ᠬᠤᠪᠢᠷᠠᠵᠤ᠂ | ᠭᠠᠳᠠᠭᠠᠳᠤ ᠣᠷᠴᠢᠨ ᠨᠥᠬᠦᠴᠡᠯ ᠨᠡᠩ ᠪᠤᠳᠤᠯᠢᠶᠠᠨᠲᠠᠢ ᠬᠦᠨᠳᠦ ᠨᠣᠴᠢᠲᠠᠢ᠂ ᠲᠣᠭᠲᠠᠪᠤᠷᠢ ᠦᠭᠡᠢ ᠪᠤᠯᠵᠤ ᠪᠠᠶᠢᠨ᠎ᠠ᠃ | ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠪᠠᠰᠠ ᠢᠲᠡᠭᠡᠯ ᠵᠣᠷᠢᠭ ᠢᠶᠠᠨ ᠪᠠᠲᠤᠳᠬᠠᠬᠤ | ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠤᠷᠳᠤ ᠬᠤᠭᠤᠴᠠᠭᠠᠨ ᠤ | ᠰᠠᠶᠢᠵᠢᠷᠠᠯᠳᠠ ᠶᠢᠨ ᠦᠨᠳᠦᠰᠦᠨ ᠪᠠᠶᠢᠳᠠᠯ ᠬᠤᠪᠢᠷᠠᠬᠤ ᠦᠭᠡᠢ᠃ ᠤᠯᠠᠨ ᠤᠯᠤᠰ ᠤᠨ ᠪᠠᠶᠢᠳᠠᠯ ᠶᠠᠭᠠᠬᠢᠵᠤ | ᠬᠤᠪᠢᠷᠠᠭᠰᠠᠨ ᠴᠤ ᠪᠢᠳᠡ ᠴᠥᠮ ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠪᠠᠷ ᠰᠠᠶᠢᠲᠤᠷ ᠬᠢᠵᠦ᠂ ᠠᠵᠤ | ᠠᠬᠤᠢ ᠶᠢᠨ ᠰᠠᠭᠤᠷᠢ ᠪᠠᠨ ᠲᠠᠰᠤᠷᠠᠯᠳᠠ ᠦᠭᠡᠢ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ | ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠦᠷᠢᠮ ᠢᠶᠠᠷ ᠰᠠᠨᠠᠭᠠᠴᠢᠯᠠᠭ᠎ᠠ ᠠᠴᠠ ᠪᠠᠨ | ᠪᠠᠷᠢᠮᠵᠢᠶᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠳᠠ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠦᠢᠯᠡᠳᠦᠯᠭᠡ ᠳᠤᠮᠳᠠ᠂ ᠪᠢᠳᠡ | ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠤᠯᠠᠮ ᠴᠢᠨᠠᠭᠰᠢᠳᠠ | ᠬᠤᠷᠠᠮᠳᠤᠭᠤᠯᠪᠠ᠃ ᠡᠷᠬᠡᠪᠰᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠵᠤ᠂ ᠴᠢᠬᠤᠯᠠ ᠶᠡᠭᠡ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠠᠯᠬᠤᠭ᠎ᠠ ᠨᠢᠭᠡᠲᠡᠢ | ᠤᠷᠤᠭᠰᠢᠯᠠᠬᠤ ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ | ᠪᠦᠳᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠬᠤ ᠪᠣᠯ ᠨᠠᠮ ᠤᠨ ᠦᠨᠳᠦᠰᠦᠨ ᠱᠤᠭᠤᠮ ᠤᠨ | ᠱᠠᠭᠠᠷᠳᠠᠯᠭ᠎ᠠ ᠮᠥᠨ᠂ ᠪᠦᠬᠦ ᠨᠠᠮ ᠢᠶᠠᠷ ᠢᠶᠠᠨ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠲᠤᠭᠤᠰᠢᠯᠠᠭᠤᠯᠤᠨ | ᠬᠡᠷᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠤᠨ ᠲᠣᠭᠲᠠᠭᠤᠨ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ | ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠪᠠᠨ ᠲᠤᠬᠢᠷᠠᠭᠤᠯᠬᠤ ᠪᠠ ᠥᠭᠡᠷᠡᠴᠢᠯᠡᠯᠲᠡ ᠶᠢ | ᠠᠬᠢᠭᠤᠯᠬᠤ ᠳᠤ ᠲᠤᠬᠢᠷᠠᠮᠵᠢᠳᠠᠢ ᠴᠠᠭ᠂ ᠲᠤᠬᠢᠷᠠᠮᠵᠢᠳᠠᠢ ᠬᠡᠮᠵᠢᠶ᠎ᠡ᠂ ᠦᠷ᠎ᠡ ᠪᠦᠲᠦᠮᠵᠢ ᠭᠠᠷᠭᠠᠬᠤ ᠶᠢ ᠰᠠᠶᠢᠲᠤᠷ | ᠡᠵᠡᠮᠳᠡᠵᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ᠂ ᠯᠠᠪᠳᠠᠭᠤᠨ ᠪᠠᠲᠤᠲᠠᠢ ᠬᠢᠬᠦ ᠶᠢ ᠪᠠᠷᠢᠮᠲᠠᠯᠠᠬᠤ | ᠬᠡᠷᠡᠭᠲᠡᠢ᠃ ᠡᠷᠬᠡᠪᠰᠢ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠬᠤ ᠪᠠᠨ ᠴᠢᠩᠭᠠᠳᠬᠠᠵᠤ᠂ ᠰᠢᠰᠲ᠋ᠧᠮᠳᠦ | ᠦᠵᠡᠯᠲᠡ ᠶᠢ ᠪᠠᠷᠢᠮᠲᠠᠯᠠᠬᠤ ᠬᠡᠷᠡᠭᠲᠡᠢ ᠭᠡᠵᠤ ᠦᠵᠡᠪᠡ᠃ | ᠬᠤᠷᠠᠯ ᠠᠴᠠ᠂ ᠢᠷᠡᠬᠦ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠤᠯᠤᠨ᠎ᠠ᠂ ᠡᠨᠡ ᠪᠣᠯ | ᠨᠠᠮ ᠪᠣᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠮᠥᠨ᠂ ᠲᠣᠭᠲᠠᠭᠤᠨ | ᠪᠦᠬᠡᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ | ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ | ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ | ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠳᠭᠡᠨ ᠪᠤᠢ ᠪᠤᠯᠭᠠᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ | ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠬᠰᠠᠨ ᠬᠥᠭᠵᠢᠯᠲᠡ ᠶᠢ ᠪᠠᠷᠢᠮᠳᠠᠯᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠬᠦᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠬᠤᠷᠸ᠎ᠠ ᠠᠵᠤ | ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠬᠢᠯᠳᠠ ᠶᠢ ᠵᠣᠬᠢᠰᠲᠠᠢ | ᠭᠡᠪᠴᠢᠶᠡᠨ ᠳᠤ ᠪᠠᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠭᠡᠷᠡᠭᠳᠠᠢ ᠬᠡᠵᠥ ᠴᠢᠬᠤᠯᠠᠴᠢᠯᠠᠪᠠ᠃ | ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠬᠢᠬᠦ ᠳᠤ ᠲᠣᠭᠲᠠᠭᠤᠨ ᠪᠠᠶᠢᠯᠭᠠᠬᠤ ᠶᠢ | ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠬᠡᠷᠡᠭᠲᠡᠢ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ | ᠡᠯ᠎ᠡ ᠲᠠᠯ᠎ᠠ ᠶᠢᠨ ᠬᠢᠨ ᠠᠵᠤ ᠠᠬᠤᠢ ᠶᠢᠨ ᠲᠣᠭᠲᠠᠭᠤᠨ ᠪᠠᠶᠢᠬᠤ ᠳᠤ ᠠᠰᠢᠭᠲᠠᠢ ᠲᠦᠷᠦ ᠶᠢᠨ ᠪᠤᠳᠤᠯᠭ᠎ᠠ ᠶᠢ | ᠢᠳᠡᠪᠬᠢᠳᠠᠢ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠬᠦᠴᠦᠯᠡᠴᠡ ᠶᠢ ᠵᠣᠬᠢᠰᠲᠠᠢ ᠤᠷᠢᠳᠴᠢᠯᠠᠭᠤᠯᠬᠤ ᠬᠡᠷᠡᠭᠲᠡᠢ | ᠭᠡᠵᠦ ᠱᠠᠭᠠᠷᠳᠠᠪᠠ᠃ ᠨᠢᠭᠡ ᠳᠤ᠂ ᠬᠤᠷᠸ᠎ᠠ ᠲᠦᠷᠦ ᠶᠢᠨ ᠪᠤᠳᠤᠯᠭ᠎ᠠ ᠶᠢ ᠯᠠᠪᠳᠠᠭᠤᠨ ᠪᠥᠭᠡᠳ ᠪᠦᠲᠦᠮᠵᠢᠲᠡᠢ | ᠪᠠᠶᠢᠯᠭᠠᠬᠤ ᠭᠡᠷᠡᠭᠳᠠᠢ᠃ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠲᠤᠬᠳᠠᠭᠤᠨ ᠵᠣᠭᠤᠰᠣᠨ ᠤ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠢᠳᠡᠪᠬᠢᠲᠡᠢ ᠡᠳ᠋ ᠤᠨ ᠵᠠᠰᠠᠭ ᠤᠨ | ᠲᠦᠷᠦ ᠶᠢᠨ ᠪᠤᠳᠤᠯᠭ᠎ᠠ ᠶᠢᠨ ᠲᠠᠯ᠎ᠡ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠨᠣᠪᠴᠢᠲᠠᠢ᠂ ᠦᠷᠭᠦᠯᠵᠢᠯᠡᠬᠦ | ᠴᠢᠨᠠᠷ ᠢ ᠨᠡᠩ ᠴᠢᠬᠤᠯᠠᠴᠢᠯᠠᠬᠤ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠪᠠᠲᠤᠯᠠᠵᠤ᠂ | ᠵᠠᠷᠤᠯᠭ᠎ᠠ ᠶᠢᠨ ᠠᠬᠢᠴᠠ ᠶᠢ ᠲᠦᠷᠭᠡᠳᠭᠡᠬᠦ ᠬᠡᠷᠡᠭᠲᠡᠢ᠃ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ | ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ᠂ ᠦᠢᠯᠡᠳᠬᠦ ᠦᠢᠯᠡᠰ᠂ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠢ ᠪᠠᠷ | ᠤᠷᠢᠳᠴᠢᠯᠠᠨ ᠥᠷᠨᠢᠭᠦᠯᠬᠦ ᠭᠡᠷᠡᠭᠳᠠᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠪᠠᠷᠢᠮᠲᠠᠯᠠᠬᠤ | ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠭᠡᠷᠡᠭᠳᠠᠢ᠃ ᠣᠷᠣᠨ | ᠨᠤᠲᠤᠭ ᠤᠨ ᠵᠠᠰᠠᠭ ᠤᠨ ᠣᠷᠳᠣᠨ ᠤ ᠲᠠᠯᠳᠠ ᠥᠭᠴᠡᠭᠡ ᠶᠢᠨ ᠰᠢᠨ᠎ᠡ ᠪᠠᠷ ᠨᠡᠮᠡᠭᠳᠡᠭᠦ ᠶᠢ ᠲᠠᠰᠤ ᠬᠤᠷᠢᠭᠯᠠᠬᠤ | ᠭᠡᠷᠡᠭᠳᠠᠢ᠃ ᠲᠤᠬᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ | ᠪᠠᠶᠢᠯᠭᠠᠵᠤ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠳᠦᠯᠦᠨ ᠵᠢᠯᠣᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ | ᠠᠬᠤᠢ ᠢᠯᠠᠩᠭᠤᠶ᠎ᠠ ᠪᠠᠭ᠎ᠠ ᠵᠢᠵᠢᠭ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ ᠶᠢ ᠳᠡᠮᠵᠢᠬᠦ ᠡᠷᠴᠢᠮ ᠢ ᠴᠢᠩᠭᠠᠷᠠᠭᠤᠯᠬᠤ ᠭᠡᠷᠡᠭᠳᠠᠢ᠃ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ ᠪᠠ ᠵᠣᠭᠤᠰᠣᠨ ᠤ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ | ᠬᠤᠯᠪᠣᠯᠳᠤᠭᠤᠯᠵᠤ᠂ ᠦᠶᠡᠯᠡᠯ ᠠᠯᠤᠰᠯᠠᠬᠤ ᠪᠠ ᠦᠶᠡᠯᠡᠯ ᠰᠥᠷᠬᠦ ᠬᠤᠷᠸ᠎ᠠ ᠲᠤᠬᠢᠷᠠᠭᠤᠯᠭ᠎ᠠ ᠡᠵᠡᠮᠰᠢᠯ ᠤᠨ | ᠲᠦᠷᠦ ᠶᠢᠨ ᠪᠤᠳᠤᠯᠭ᠎ᠠ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠭᠡᠬᠦ | ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠬᠤ ᠭᠡᠷᠡᠭᠳᠠᠢ᠃ ᠬᠤᠶᠠᠷ ᠲᠤ᠂ ᠬᠤᠮᠠᠬᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠠᠮᠢᠳᠤᠯᠢᠭ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠢᠲᠡᠭᠡᠯ ᠵᠣᠷᠢᠭ ᠢ ᠬᠥᠪᠴᠢᠯᠡᠵᠦ᠂ ᠡᠷᠬᠡ ᠲᠡᠭᠰᠢ ᠪᠠᠷ ᠦᠷᠢᠰᠦᠯᠳᠦᠬᠦ ᠲᠦᠷᠦ ᠶᠢᠨ ᠪᠤᠳᠤᠯᠭ᠎ᠠ ᠶᠢᠨ | ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠵᠤ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ | ᠥᠷᠢᠰᠥᠯᠳᠦᠭᠡᠨ ᠢ ᠡᠰᠡᠷᠭᠦᠴᠡᠬᠦ ᠶᠢ ᠴᠢᠩᠭᠠᠳᠬᠠᠵᠤ᠂ ᠲᠥᠪ ᠭᠤᠣᠯᠴᠢ ᠬᠢᠨᠠᠨ ᠬᠠᠮᠢᠶᠠᠷᠤᠯᠳᠠ ᠪᠠᠷ ᠡᠷᠬᠡ ᠲᠡᠭᠰᠢ | ᠦᠷᠢᠰᠦᠯᠳᠦᠬᠦ ᠶᠢ ᠪᠠᠲᠤᠯᠠᠬᠤ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠵᠤ᠂ ᠡᠯ᠎ᠡ ᠲᠦᠷᠦᠯ ᠤᠨ ᠥᠮᠴᠢᠯᠡᠯ ᠤᠨ ᠲᠦᠷᠢᠮᠳᠦ ᠠᠵᠤ ᠠᠬᠤᠶᠢᠯᠠᠯ ᠤᠨ ᠦᠷᠢᠰᠦᠯᠳᠦᠨ ᠬᠥᠭᠵᠢᠬᠦ | ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠭᠡᠷᠡᠭᠳᠠᠢ᠃ ᠭᠡᠷ᠎ᠡ ᠶᠢᠨ ᠵᠣᠷᠢᠭ ᠰᠠᠨᠠᠭ᠎ᠠ ᠶᠢ | ᠴᠢᠩᠭᠠᠷᠠᠭᠤᠯᠵᠤ᠂ ᠵᠤᠷᠢᠭᠤᠳᠠ ᠦᠷᠢ ᠰᠢᠷᠢ ᠪᠠᠨ ᠦᠭᠬᠦ ᠦᠬᠡᠢ ᠪᠠ ᠥᠷᠢ ᠥᠭᠴᠡᠭᠡ ᠠᠴᠠ ᠵᠠᠶᠢᠯᠠᠬᠤ ᠦᠢᠯᠡ | ᠠᠵᠢᠯᠯᠠᠭ᠎ᠠ ᠶᠢ ᠪᠦᠲᠦᠮᠵᠢᠲᠡᠶ ᠴᠡᠭᠴᠡᠯᠡᠨ ᠵᠠᠰᠠᠬᠤ ᠭᠡᠷᠡᠭᠳᠠᠢ᠃ ᠭᠤᠷᠪᠠ ᠳᠤ᠂ ᠪᠦᠲᠦᠴᠡ ᠶᠢᠨ ᠲᠦᠷᠦ ᠶᠢᠨ | ᠪᠤᠳᠤᠯᠭ᠎ᠠ ᠶᠢᠨ ᠲᠠᠯ᠎ᠡ ᠪᠠᠷ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠬᠦᠴᠦᠯᠡᠨ ᠰᠠᠭᠠᠳ ᠦᠭᠡᠢ | ᠨᠡᠪᠲᠡᠷᠡᠭᠦᠯᠬᠦ ᠭᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ ᠳᠤ ᠭᠤᠣᠯᠳᠠᠯᠭ᠎ᠠ ᠪᠠᠨ | ᠲᠠᠯᠪᠢᠵᠤ᠂ ᠬᠠᠩᠭᠠᠯᠭ᠎ᠠ ᠶᠢᠨ ᠬᠢᠵᠠᠭᠠᠷᠯᠠᠯ ᠲᠦᠭᠵᠢᠷᠡᠯ ᠢ ᠰᠢᠪᠲᠤᠯᠬᠤ ᠳᠤ ᠭᠤᠣᠯᠳᠠᠯᠭ᠎ᠠ ᠪᠠᠨ ᠲᠠᠯᠪᠢᠵᠤ᠂ | ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭ᠊᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠬᠦ ᠳᠤ | ᠭᠤᠣᠯᠳᠠᠯᠭ᠎ᠠ ᠪᠠᠨ ᠲᠠᠯᠪᠢᠬᠤ ᠭᠡᠷᠡᠭᠲᠡᠢ᠃ ᠦᠢᠯᠡᠳᠬᠦ ᠦᠢᠯᠡᠰ ᠤᠨ ᠭᠤᠣᠯᠯᠠᠬᠤ ᠦᠷᠢᠰᠦᠯᠳᠦᠬᠦ ᠬᠦᠴᠦᠨ ᠢ | ᠳᠡᠭᠡᠭᠰᠢᠯᠡᠭᠦᠯᠵᠦ᠂ ᠨᠢᠭᠡ ᠪᠦᠯᠦᠭ ᠠᠵᠤ ᠦᠢᠯᠡᠰ ᠤᠨ ᠰᠠᠭᠤᠷᠢ ᠶᠢ ᠲᠠᠬᠢᠨ ᠴᠣᠭᠴᠠᠯᠠᠬᠤ ᠢᠨᠵᠧᠨᠧᠷᠢᠩ ᠤᠨ | ᠲᠦᠷᠦᠯ ᠵᠦᠢᠯ ᠢ ᠡᠬᠢᠯᠡᠭᠦᠯᠵᠦ᠂ ᠨᠢᠭᠡ ᠪᠦᠯᠦᠭ ︽ᠲᠤᠰᠬᠠᠢ ᠨᠠᠷᠢᠯᠢᠭ ᠣᠨᠴᠠᠭᠠᠢ ᠰᠢᠨ᠎ᠡ︾ ᠠᠵᠤ ᠠᠬᠤᠶᠢᠯᠠᠯ ᠢ | ᠤᠷᠮᠠᠰᠢᠭᠤᠯᠤᠨ ᠬᠥᠭᠵᠢᠭᠡᠬᠦ ᠬᠡᠷᠡᠭᠲᠡᠢ᠃ ᠳᠣᠲᠣᠭᠠᠳᠤ ᠭᠠᠳᠠᠭᠠᠳᠤ ᠬᠤᠯᠪᠣᠯᠳᠤᠨ ᠨᠡᠪᠲᠡᠷᠡᠯᠴᠡᠭᠰᠡᠨ᠂ ᠠᠮᠤᠷ | ᠲᠦᠪᠰᠢᠨ ᠥᠨᠳᠥᠷ ᠪᠦᠲᠦᠮᠵᠢᠲᠡᠶ ᠪᠠᠷᠠᠭᠠᠨ ᠤ ᠬᠦᠢᠯᠭᠡᠭᠡᠨ ᠤ ᠲᠤᠤᠷ ᠰᠦᠯᠵᠢᠶ᠎ᠡ ᠶᠢ ᠲᠦᠷᠭᠡᠳᠭᠡᠨ ᠪᠤᠢ ᠪᠣᠯᠭᠠᠬᠤ | ᠭᠡᠷᠡᠭᠲᠡᠢ᠃ ᠲᠣᠭᠠᠴᠢᠯᠠᠭᠰᠠᠨ ᠥᠭᠡᠷᠡᠴᠢᠯᠡᠯᠲᠡ ᠶᠢ ᠲᠦᠷᠭᠡᠳᠭᠡᠵᠦ᠂ ᠤᠯᠠᠮᠵᠢᠯᠠᠯᠲᠤ ᠠᠵᠤ ᠦᠢᠯᠡᠰ ᠤᠨ ᠳᠡᠰ | ᠳᠡᠪᠰᠢᠬᠦ ᠶᠢ ᠠᠬᠢᠭᠤᠯᠬᠤ ᠭᠡᠷᠡᠭᠲᠡᠢ᠃ ᠭᠡᠷ ᠪᠠᠶᠢᠰᠢᠩ ᠪᠤᠯ ᠰᠠᠭᠤᠬᠤ ᠳᠤ ᠵᠤᠷᠢᠭᠤᠯᠤᠬᠰᠠᠨ ᠶᠤᠮ᠂ ᠰᠠᠷᠢᠭᠠᠯᠠᠬᠤ ᠳᠤ | ᠵᠤᠷᠢᠭᠤᠯᠤᠬᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠵᠢᠱᠢᠯᠲᠡ ᠪᠠᠷ ᠬᠥᠲᠥᠯᠥᠨ ᠵᠢᠯᠣᠭᠤᠳᠬᠤ ᠶᠢ | ᠴᠢᠩᠭᠠᠳᠬᠠᠨ᠂ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠲᠦᠷᠢᠶᠡᠰᠦᠯᠡᠬᠦ ᠪᠠ ᠬᠤᠳᠠᠯᠳᠤᠨ | ᠠᠪᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠣᠷᠳᠣ ᠬᠤᠭᠤᠴᠠᠭᠠᠨ ᠤ ᠲᠦᠷᠢᠶᠡᠰᠦᠨ ᠣᠷᠣᠨ | ᠰᠠᠭᠤᠴᠠ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠲᠠᠸᠠᠷ ᠤᠨ ᠬᠡᠷ ᠪᠠᠶᠢᠰᠢᠩ ᠤᠨ ᠵᠠᠬ᠎ᠠ ᠳᠡᠯᠭᠡᠭᠦᠷ ᠤᠨ | ᠬᠡᠷ ᠬᠤᠳᠠᠯᠳᠤᠨ ᠠᠪᠤᠭᠴᠢ ᠶᠢᠨ ᠣᠷᠣᠨ ᠰᠠᠭᠤᠴᠠ ᠶᠢᠨ ᠵᠦᠶ ᠵᠣᠬᠢᠰᠲᠠᠶ ᠬᠡᠷᠡᠭᠴᠡᠭᠡ ᠶᠢ ᠨᠠᠩ ᠰᠠᠶᠢᠲᠤᠷ | ᠬᠠᠩᠭᠠᠬᠤ ᠶᠢ ᠳᠡᠮᠵᠢᠵᠦ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ | ᠪᠠᠶᠢᠭᠠᠳ ᠬᠡᠷ ᠭᠠᠵᠠᠷ ᠤᠨ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠬᠡᠷᠡᠭᠲᠡᠶ᠃ ᠳᠥᠷᠪᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ | ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠬᠡᠷᠡᠭᠵᠢᠭᠦᠯᠵᠦ᠂ ᠰᠠᠭᠤᠷᠢ | ᠰᠤᠳᠤᠯᠭᠠᠨ ᠤ ᠠᠷᠪᠠᠨ ᠵᠢᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠤᠯᠤᠰ ᠤᠨ | ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ | ᠤᠯᠤᠰ ᠤᠨ ᠲᠤᠷᠰᠢᠯᠲᠠ ᠶᠢᠨ ᠲᠠᠰᠤᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠨᠡᠶᠢᠳᠭᠡᠨ ᠪᠠᠶᠢᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠬᠤ ᠭᠡᠷᠡᠭᠲᠡᠢ᠃ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠦᠢᠯᠡᠳᠪᠦᠷᠢᠯᠡᠯ ᠵᠢᠭᠠᠨ | ᠰᠤᠷᠭᠠᠯᠳᠠ ᠰᠤᠳᠤᠯᠭᠠᠨ ᠢ ᠤᠶᠠᠯᠳᠤᠭᠤᠯᠬᠤ ᠶᠢ ᠭᠦᠨᠵᠡᠭᠡᠶᠢᠷᠡᠭᠦᠯᠬᠦ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠤ ᠰᠤᠳᠤᠯᠭᠠᠨ ᠤ ᠯᠠᠪᠳᠠᠭᠤᠨ ᠪᠠᠲᠤᠲᠠᠢ ᠰᠤᠷᠲᠠᠯ ᠢ ᠪᠤᠢ ᠪᠣᠯᠭᠠᠬᠤ ᠭᠡᠷᠡᠭᠲᠡᠢ᠃ ᠤᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠬᠦ ᠭᠡᠷᠡᠭᠲᠡᠢ᠃ ᠲᠠᠪᠤ ᠳᠤ᠂ | ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠥᠭᠵᠢᠭᠡᠬᠦ ᠭᠡᠷᠡᠭᠲᠡᠢ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠰᠲ᠋ᠣᠺ ᠲᠠᠷᠬᠠᠭᠠᠬᠤ ᠳᠠᠩᠰᠠᠯᠠᠯᠲᠠ ᠶᠢᠨ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠴᠠᠬᠢᠯᠭᠠᠨ ᠲᠣᠣᠷ᠂ ᠲᠡᠮᠦᠷ ᠵᠠᠮ ᠵᠡᠷᠭᠡ ᠠᠶᠠᠨᠳᠠᠭᠠᠨ | ᠭᠠᠭᠴᠠᠭᠠᠷ ᠡᠵᠡᠮᠰᠢᠬᠦ ᠠᠵᠢᠯ ᠲᠦᠷᠦᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠣᠷᠣᠨ | ᠨᠤᠲᠤᠭ ᠤᠨ ᠥᠭᠡᠷᠡᠴᠢᠯᠡᠯᠲᠡ ᠶᠢᠨ ᠢᠳᠡᠪᠬᠢᠵᠢᠯ ᠢ ᠳᠠᠶᠢᠴᠢᠯᠠᠵᠤ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠬᠤ ᠭᠡᠷᠡᠭᠲᠡᠢ᠃ | ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ | ᠠᠬᠢᠭᠤᠯᠵᠤ᠂ ᠭᠠᠳᠠᠭᠠᠳᠤ ᠶᠢᠨ ᠪᠡᠯᠡᠳᠦ ᠠᠵᠤ ᠠᠬᠤᠶᠢᠯᠠᠯ ᠤᠨ ᠢᠷᠭᠡᠳ ᠤᠨ ᠬᠠᠷᠠᠭᠠᠯᠵᠠᠯ ᠢ ᠰᠠᠶᠢᠲᠤᠷ | ᠨᠠᠶᠢᠳᠠᠪᠤᠷᠢᠵᠢᠭᠤᠯᠵᠤ᠂ ᠨᠠᠩ ᠣᠯᠠᠨ ᠤᠯᠤᠰ ᠠᠯᠤᠰᠯᠠᠭᠰᠠᠨ ᠺᠣᠮᠫᠠᠨᠢ ᠶᠢᠨ ᠪᠠᠯᠠ ᠣᠷᠣᠭᠤᠯᠤᠯᠲᠠ ᠶᠢ ᠲᠠᠲᠠᠵᠤ᠂ | ᠴᠢᠬᠤᠯᠠ ᠶᠡᠭᠡ ᠭᠠᠳᠠᠭᠠᠳᠤ ᠪᠠᠯᠠ ᠶᠢᠨ ᠲᠥᠷᠥᠯ ᠵᠦᠢᠯ ᠢ ᠲᠦᠷᠭᠡᠳᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ | ᠭᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠭᠡᠷᠡᠭᠲᠡᠢ᠃ | ᠵᠢᠷᠭᠤᠭ᠎ᠠ ᠳᠤ᠂ ᠣᠷᠣᠨ ᠪᠦᠰᠡ ᠶᠢᠨ ᠲᠦᠷᠦ ᠶᠢᠨ ᠪᠤᠳᠤᠯᠭ᠎ᠠ ᠪᠠᠷ ᠬᠥᠭᠵᠢᠯᠲᠡ ᠶᠢᠨ ᠲᠡᠩᠴᠡᠭᠦᠷᠢᠲᠦ ᠴᠢᠨᠠᠷ | ᠵᠣᠬᠢᠴᠠᠩᠭᠤᠢ ᠴᠢᠨᠠᠷ ᠢ ᠴᠢᠩᠭᠠᠳᠬᠠᠬᠤ ᠭᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ | ᠪᠠ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ | ᠵᠡᠭᠦᠨ᠂ ᠳᠤᠮᠳᠠ᠂ ᠪᠠᠷᠠᠭᠤᠨ ᠪᠠ ᠵᠡᠭᠦᠨ ᠬᠤᠶᠢᠲᠤ ᠣᠷᠣᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠡᠷᠡᠭᠲᠡᠢ᠃ | ᠲᠤᠯᠤᠭ᠎ᠠ ᠳᠤ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠬᠠᠩᠭᠠᠬᠤ ᠲᠦᠷᠢᠮ ᠢ ᠪᠦᠷᠢᠨᠰᠢᠬᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ | ᠠᠮᠢᠳᠤᠯᠢᠭ ᠢᠶᠠᠷ ᠠᠵᠢᠯ ᠤᠯᠭᠤᠬᠤ ᠬᠥᠳᠡᠯᠮᠦᠷᠢ ᠬᠦᠴᠦ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠭᠦ ᠭᠡᠷᠡᠭᠳᠡᠢ᠃ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ | ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠬᠤ ᠭᠡᠷᠡᠭᠲᠡᠢ᠃ ᠦᠷᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ | ᠠᠷᠭᠠᠴᠠᠭᠠᠬᠤ ᠬᠡᠷᠡᠭᠳᠡᠢ᠃ | ᠬᠤᠷᠠᠯ ᠠᠴᠠ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠶᠢᠨ | ᠳᠣᠲᠣᠭᠠᠳᠤ ᠭᠠᠳᠠᠭᠠᠳᠤ ᠣᠷᠴᠢᠨ ᠳᠤ ᠭᠦᠨᠵᠡᠭᠡᠢ ᠬᠤᠪᠢᠷᠠᠯᠲᠠ ᠭᠠᠷᠴᠤ᠂ ᠮᠠᠰᠢ ᠤᠯᠠᠨ ᠴᠢᠬᠤᠯᠠ ᠶᠡᠭᠡ ᠣᠨᠣᠯ ᠤᠨ | ᠪᠠ ᠦᠢᠯᠡᠳᠦᠯᠭᠡ ᠶᠢᠨ ᠰᠢᠨ᠎ᠡ ᠠᠰᠠᠭᠤᠳᠠᠯ ᠳᠤ ᠲᠤᠯᠭᠠᠷᠠᠵᠠᠢ᠂ ᠵᠥᠪ ᠢᠶᠠᠷ ᠲᠠᠨᠢᠵᠥ ᠡᠵᠡᠮᠳᠡᠭᠦ ᠶᠢ ᠱᠠᠭᠠᠷᠳᠠᠵᠤ | ᠪᠠᠶᠢᠨ᠎ᠠ ᠭᠡᠵᠤ ᠦᠵᠡᠪᠡ᠃ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠠ | ᠦᠢᠯᠡᠳᠦᠯᠭᠡ ᠶᠢᠨ ᠠᠷᠭ᠎ᠠ ᠵᠠᠮ ᠢ ᠵᠥᠪ ᠲᠠᠨᠢᠵᠤ ᠡᠵᠡᠮᠰᠢᠬᠦ ᠬᠡᠷᠡᠭᠲᠡᠢ᠃ ᠮᠠᠨ ᠤ ᠤᠯᠤᠰ ᠤᠨ ᠨᠡᠶᠢᠭᠡᠮ ᠵᠢᠷᠤᠮᠲᠤ | ᠪᠠᠶᠢᠭᠤᠯᠤᠯ ᠤᠨ ᠳᠣᠣᠷ᠎ᠠ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠡᠰᠦᠷᠡᠯᠳᠠ ᠤᠢᠭᠡᠢ ᠴᠢᠯᠥᠭᠡᠯᠡᠨ | ᠬᠥᠭᠵᠢᠭᠦᠯᠵᠦ᠂ ᠨᠡᠶᠢᠭᠡᠮ ᠤᠨ ᠡᠳ᠋ ᠪᠠᠶᠠᠯᠢᠭ ᠢ ᠲᠡᠰᠦᠷᠡᠯᠳᠠ ᠤᠢᠭᠡᠢ ᠡᠭᠦᠳᠦᠨ ᠪᠦᠲᠦᠭᠡᠵᠦ ᠬᠤᠷᠠᠮᠳᠤᠭᠤᠯᠬᠤ | ᠬᠡᠷᠡᠭᠲᠡᠢ ᠮᠥᠷᠲᠡᠭᠡᠨ ᠪᠠᠰᠠ ᠬᠤᠶᠠᠷ ᠲᠦᠢᠯᠰᠢᠷᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠠᠮᠲᠤ ᠪᠠᠷ | ᠪᠠᠶᠠᠵᠢᠬᠤ ᠬᠠᠷᠠᠯᠲᠠ ᠶᠢ ᠪᠡᠶᠡᠯᠡᠭᠦᠯᠬᠦ ᠳᠤ᠂ ᠡᠩ ᠲᠡᠷᠢᠭᠦᠨ ᠳᠤ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ | ᠲᠡᠮᠡᠴᠡᠯ ᠢᠶᠠᠷ ᠳᠠᠮᠵᠢᠨ ︽ᠪᠣᠭᠤᠷᠰᠤᠭ︾ ᠢ ᠪᠤᠵᠠᠭᠠᠶᠢᠷᠠᠭᠤᠯᠤᠨ ᠰᠠᠶᠢᠲᠤᠷ ᠬᠢᠵᠦ᠂ ᠳᠠᠷᠠᠭ᠎ᠠ ᠨᠢ ᠵᠦᠢ ᠵᠣᠬᠢᠰᠲᠠᠢ | ᠳᠦᠷᠢᠮ ᠤᠨ ᠲᠤᠬᠢᠷᠠᠭᠤᠯᠤᠯᠲᠠ ᠪᠠᠷ ᠳᠠᠮᠵᠢᠨ ︽ᠪᠣᠭᠤᠷᠰᠤᠭ︾ ᠢ ᠰᠠᠶᠢᠲᠤᠷ ᠬᠤᠪᠢᠶᠠᠬᠤ ᠬᠡᠷᠡᠭᠲᠡᠢ᠃ ᠡᠨᠡ ᠪᠣᠯ | ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠂ ᠡᠨᠡ ᠬᠦ ᠬᠠᠷᠠᠯᠲᠠ ᠲᠡᠶᠢᠰᠢ ᠯᠠᠪᠳᠠᠭᠤᠨ ᠢᠶᠠᠷ | ᠤᠷᠤᠭᠰᠢᠯᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠳᠡᠷᠢᠬᠦᠨ | ᠪᠠᠶᠢᠷᠢᠨ ᠳᠤ ᠳᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠢ ᠶᠢᠨ ᠨᠡᠮᠡᠭᠳᠡᠯ ᠤᠨ ᠠᠵᠢᠯ | ᠣᠯᠭᠤᠯᠲᠠ ᠶᠢ ᠳᠠᠶᠢᠴᠢᠯᠠᠬᠤ ᠬᠦᠴᠦᠨ ᠢ ᠨᠢ ᠳᠡᠭᠡᠭᠰᠢᠯᠡᠭᠦᠯᠬᠦ ᠬᠡᠷᠡᠭᠲᠡᠢ᠃ ᠬᠤᠪᠢᠶᠠᠷᠢᠯᠠᠯᠲᠠ ᠶᠢᠨ ᠴᠢᠳᠠᠮᠵᠢ ᠪᠠ | ᠦᠢᠯᠡᠳᠦᠯ ᠢ ᠪᠠᠳᠠᠷᠠᠭᠤᠯᠵᠤ᠂ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ | ᠪᠣᠯᠭᠠᠬᠤ ᠶᠢ ᠪᠠᠷᠢᠮᠲᠠᠯᠠᠵᠤ᠂ ᠡᠯᠧᠮᠧᠨ᠋ᠲ ᠢᠶᠠᠷ ᠬᠤᠪᠢᠶᠠᠷᠢᠯᠠᠬᠤ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ | ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠲᠤᠭᠠᠴᠠᠭ᠎ᠠ ᠬᠢᠬᠦ ᠵᠡᠷᠭᠡ ᠶᠢ ᠲᠤᠬᠢᠷᠠᠭᠤᠯᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ ᠪᠠ | ᠨᠡᠶᠢᠭᠡᠮ ᠤᠨ ᠪᠦᠯᠬᠦᠮ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ | ᠣᠷᠣᠯᠴᠠᠬᠤ ᠶᠢ ᠳᠡᠮᠵᠢᠬᠦ ᠭᠡᠷᠡᠭᠲᠡᠢ᠃ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ | ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠲᠦᠷᠢᠮ ᠤᠨ ᠰᠢᠰᠲ᠋ᠧᠮ ᠢ | ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ | ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠦᠨᠳᠦᠰᠦᠨ ᠤᠯᠠᠨ ᠨᠡᠶᠢᠲᠡ ᠶᠢᠨ | ᠦᠢᠯᠡᠴᠢᠯᠡᠭᠡ ᠶᠢ ᠣᠨᠣᠴᠠᠲᠠᠢ ᠬᠠᠩᠭᠠᠬᠤ ᠬᠡᠷᠡᠭᠲᠡᠢ᠃ ᠬᠥᠷᠥᠩᠭᠡ ᠶᠢᠨ ᠣᠨᠴᠠᠯᠢᠭ ᠪᠠ ᠠᠵᠢᠯᠯᠠᠭ᠎ᠠ ᠶᠢᠨ ᠵᠢᠮ᠎ᠡ | ᠶᠣᠰᠣ ᠶᠢ ᠵᠥᠪ ᠲᠠᠨᠢᠵᠤ ᠡᠵᠡᠮᠰᠢᠬᠦ ᠬᠡᠷᠡᠭᠲᠡᠶ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠣᠯ | ᠨᠢᠭᠡᠨ ᠠᠭᠤᠤ ᠶᠡᠭᠡ ᠡᠭᠦᠳᠦᠯᠲᠡ ᠮᠥᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠳᠤ ᠡᠯ᠎ᠡ | ᠵᠦᠢᠯ ᠤᠨ ᠬᠡᠯᠪᠡᠷᠢ ᠶᠢᠨ ᠬᠦᠷᠦᠩᠭᠡ ᠵᠠᠶᠢᠯᠠᠰᠢ ᠤᠢᠭᠡᠢ ᠪᠠᠶᠢᠳᠠᠭ᠂ ᠬᠦᠷᠦᠩᠭᠡ ᠶᠢᠨ ᠦᠢᠯᠡᠳᠪᠦᠷᠢᠯᠡᠯ ᠤᠨ ᠡᠯᠧᠮᠧᠨ᠋ᠲ | ᠪᠣᠯᠬᠤ ᠢᠳᠡᠪᠬᠢᠲᠡᠢ ᠦᠢᠯᠡᠳᠦᠯ ᠢ ᠨᠢ ᠪᠠᠳᠠᠷᠠᠭᠤᠯᠬᠤ ᠶᠢᠨ ᠬᠠᠮᠲᠤ ᠨᠠᠵᠠᠭᠠᠢ ᠦᠢᠯᠡᠳᠦᠯ ᠢ ᠨᠢ ᠪᠦᠲᠦᠮᠵᠢᠲᠡᠢ ᠪᠠᠷ | ᠬᠢᠵᠠᠭᠠᠷᠯᠠᠬᠤ ᠬᠡᠷᠡᠭᠲᠡᠢ᠃ ᠬᠦᠷᠦᠩᠭᠡ ᠳᠤ ︽ᠤᠯᠠᠭᠠᠨ ᠨᠣᠭᠤᠭᠠᠨ ᠳ᠋ᠧᠩ︾ ᠭᠠᠷᠭᠠᠵᠤ᠂ ᠬᠦᠷᠦᠩᠭᠡ ᠶᠢᠨ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠦᠷᠦᠩᠭᠡ ᠶᠢᠨ ᠵᠡᠷᠯᠢᠭ | ᠪᠠᠯᠠᠮᠠᠳ ᠢᠶᠠᠷ ᠥᠰᠭᠦ ᠶᠢ ᠰᠡᠷᠭᠡᠶᠢᠯᠡᠬᠦ ᠬᠡᠷᠡᠭᠲᠡᠶ᠃ ᠬᠦᠷᠦᠩᠭᠡ ᠶᠢᠨ ᠵᠢᠷᠤᠮᠵᠢᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠳᠡᠮᠵᠢᠨ ᠵᠢᠯᠣᠭᠤᠳᠴᠤ᠂ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠬᠢᠵᠢᠭᠦᠯᠦᠨ | ᠬᠥᠭᠵᠢᠭᠦᠯᠵᠦ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ | ᠵᠣᠷᠢᠭᠵᠢᠭᠤᠯᠤᠨ᠂ ᠳᠡᠮᠵᠢᠵᠦ᠂ ᠬᠦᠲᠦᠯᠦᠨ ᠵᠢᠯᠣᠭᠤᠳᠬᠤ ᠬᠡᠷᠡᠭᠲᠡᠢ᠃ ᠠᠩᠬ᠎ᠠ ᠵᠡᠷᠭᠡ ᠶᠢᠨ ᠦᠢᠯᠡᠳᠬᠦᠨ ᠤ | ᠬᠠᠩᠭᠠᠯᠭ᠎ᠠ ᠶᠢᠨ ᠪᠠᠳᠤᠯᠠᠭ᠎ᠠ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ ᠠᠷᠪᠢᠯᠠᠨ ᠭᠠᠮᠨᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ | ᠬᠡᠷᠡᠭᠲᠡᠢ᠃ ᠦᠢᠯᠡᠳᠪᠦᠷᠢᠯᠡᠯ ᠤᠨ ᠬᠦᠷᠢᠶᠡᠨ ᠳᠤ᠂ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ᠂ ᠡᠷᠴᠢᠮᠵᠢᠭᠦᠯᠬᠦ᠂ | ᠡᠷᠭᠢᠯᠳᠦᠭᠦᠯᠦᠨ ᠠᠰᠢᠭᠯᠠᠬᠤ ᠶᠢ ᠠᠬᠢᠭᠤᠯᠬᠤ ᠭᠡᠷᠡᠭᠳᠠᠢ᠃ ᠬᠡᠷᠡᠭᠯᠡᠭᠡᠨ ᠤ ᠬᠦᠷᠢᠶᠡᠨ ᠳᠤ᠂ ᠪᠦᠬᠦ ᠠᠷᠠᠳ ᠤᠨ | ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠠᠷᠪᠢᠲᠠᠢ ᠲᠣᠬᠢᠷᠠᠮᠵᠢᠲᠠᠢ᠂ ᠪᠣᠬᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠭᠡᠷᠡᠭᠳᠠᠢ᠃ ᠤᠯᠤᠰ ᠤᠨ | ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ | ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠭᠡᠢ ᠵᠡᠷᠭᠡ ᠡᠬᠢ ᠪᠠᠶᠠᠯᠢᠭ ᠢ ᠨᠡᠭᠡᠭᠡᠨ ᠮᠠᠯᠲᠠᠬᠤ ᠲᠡᠷᠢᠭᠦᠨ ᠤ | ᠮᠡᠷᠭᠡᠵᠢᠯ ᠢ ᠨᠡᠭᠡᠭᠡᠨ ᠠᠰᠢᠭᠯᠠᠬᠤ ᠶᠢ ᠲᠦᠷᠭᠡᠳᠭᠡᠵᠦ᠂ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ | ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠬᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠮᠠᠯ ᠤᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠲᠦᠪᠰᠢᠨ ᠢ | ᠳᠡᠭᠡᠭᠰᠢᠯᠡᠭᠦᠯᠵᠦ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠵᠦᠶ ᠵᠣᠬᠢᠰᠲᠠᠶ ᠠᠰᠢᠭ ᠣᠷᠣᠯᠭ᠎ᠠ ᠶᠢ ᠪᠠᠲᠤᠯᠠᠵᠤ᠂ | ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠶ᠃ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ | ᠦᠷᠭᠦᠯᠵᠢᠯᠡᠨ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠨᠣᠴᠠᠲᠠᠶ ᠪᠠᠷ ᠵᠠᠳᠠᠯᠬᠤ ᠴᠢᠭᠯᠡᠯᠲᠡ ᠶᠣᠰᠣᠭᠠᠷ᠂ ᠠᠶᠤᠯ | ᠲᠦᠭᠰᠢᠭᠦᠷᠢ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠮᠥᠩᠭᠦᠨ ᠭᠦᠶ᠋ᠯᠭᠡᠭᠡᠨ ᠤ ᠬᠠᠤᠯᠢᠵᠢᠯ ᠤᠨ | ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ᠂ ᠮᠥᠩᠭᠦᠨ ᠭᠦᠶ᠋ᠯᠭᠡᠭᠡᠨ ᠤ ᠬᠢᠨᠠᠯᠲᠠ ᠬᠠᠮᠢᠶᠠᠷᠤᠯᠲᠠ᠂ ᠠᠵᠢᠯ | ᠲᠥᠷᠥᠯ ᠤᠨ ᠭᠤᠤᠯᠯᠠᠨ ᠬᠠᠮᠢᠶᠠᠷᠤᠯᠲᠠ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ | ᠠᠬᠤᠶᠢᠯᠠᠯ ᠤᠨ ᠥᠪᠡᠷ ᠢ ᠪᠠᠨ ᠠᠪᠤᠷᠬᠠᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠶᠤᠯ ᠲᠦᠭᠰᠢᠭᠦᠷᠢ ᠶᠢ | ᠠᠷᠢᠯᠭᠠᠬᠤ ᠳᠤ ᠭᠦᠢᠴᠡᠳ ᠡᠬᠢ ᠪᠠᠶᠠᠯᠢᠭ ᠲᠠᠢ ᠪᠠᠶᠢᠵᠤ᠂ ᠠᠶᠤᠯ ᠲᠦᠭᠰᠢᠭᠦᠷᠢ ᠶᠢ ᠠᠷᠢᠯᠭᠠᠬᠤ ᠲᠦᠷᠦ ᠶᠢᠨ | ᠪᠤᠳᠤᠯᠭ᠎ᠠ ᠶᠢ ᠰᠤᠳᠤᠯᠤᠨ ᠲᠣᠭᠲᠠᠭᠠᠬᠤ ᠳᠠᠭᠠᠨ ᠥᠷᠭᠡᠨ ᠢᠶᠠᠷ ᠬᠠᠮᠵᠢᠯᠴᠠᠵᠤ᠂ ᠮᠥᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ | ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠯᠠᠭᠤᠯᠬᠤ ᠶᠢ ᠵᠥᠪ | ᠲᠠᠨᠢᠵᠤ ᠡᠵᠡᠮᠰᠢᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ | ᠱᠠᠭᠠᠷᠳᠠᠯᠭ᠎ᠠ ᠮᠥᠨ᠂ ᠭᠤᠶᠢᠪᠢᠰᠢ ᠦᠭᠡᠢ ᠠᠬᠢᠭᠤᠯᠬᠤ ᠭᠡᠷᠡᠭᠳᠠᠢ᠂ ᠭᠡᠪᠡᠴᠦ ᠨᠢᠭᠡ ᠯᠡ ᠳᠡᠭᠡᠷ᠎ᠡ ᠪᠦᠲᠦᠭᠡᠵᠦ | ᠳᠡᠶᠢᠯᠬᠦ ᠦᠭᠡᠢ ᠶᠤᠮ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠨ ᠭᠠᠮᠨᠠᠬᠤ ᠶᠢ | ᠲᠡᠷᠢᠭᠦᠨ ᠳᠤ ᠲᠠᠯᠪᠢᠬᠤ᠂ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ ᠶᠢ | ᠰᠢᠯᠤᠭᠤᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠤᠯᠠᠮᠵᠢᠯᠠᠯᠲᠤ | ᠡᠨᠧᠷᠭᠢ ᠶᠢᠨ ᠠᠯᠬᠤᠮ ᠠᠯᠬᠤᠮ ᠢᠶᠠᠷ ᠤᠬᠤᠷᠢᠨ ᠭᠠᠷᠬᠤ ᠶᠢ ᠰᠢᠨ᠎ᠡ ᠡᠨᠧᠷᠭᠢ ᠪᠠᠷ ᠠᠮᠤᠷ ᠲᠦᠪᠰᠢᠨ ᠨᠠᠶᠢᠳᠠᠪᠤᠷᠢᠲᠠᠶ | ᠣᠷᠣᠯᠠᠬᠤ ᠰᠠᠭᠤᠷᠢᠨ ᠳᠡᠭᠡᠷ᠎ᠡ ᠶᠠᠪᠤᠬᠳᠠᠭᠤᠯᠬᠤ ᠬᠡᠷᠡᠭᠲᠡᠶ᠃ ᠨᠡᠭᠦᠷᠡᠰᠦ ᠪᠠᠷ ᠭᠤᠣᠯ ᠪᠣᠯᠭᠠᠭᠰᠠᠨ ᠤᠯᠤᠰ ᠤᠨ | ᠦᠨᠳᠦᠰᠦᠨ ᠪᠠᠶᠢᠳᠠᠯ ᠳᠤ ᠰᠠᠭᠤᠷᠢᠯᠠᠨ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ | ᠰᠠᠶᠢᠲᠤᠷ ᠠᠳᠬᠤᠵᠤ᠂ ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠦᠨ᠂ ᠨᠡᠭᠦᠷᠡᠰᠦ ᠪᠠ ᠰᠢᠨ᠎ᠡ | ᠡᠨᠧᠷᠭᠢ ᠶᠢ ᠰᠢᠯᠢᠳᠡᠭᠵᠢᠭᠦᠯᠦᠨ ᠨᠡᠶᠢᠯᠡᠭᠦᠯᠬᠦ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠪᠠᠭ᠎ᠠ | ᠨᠡᠭᠦᠷᠡᠰᠦᠲᠥ᠋ᠷᠥᠭᠴᠢᠳᠦ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠬᠤ ᠬᠡᠷᠡᠭᠲᠡᠢ᠃ | ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠰᠢᠨ᠎ᠡ ᠪᠠᠷ ᠨᠡᠮᠡᠭᠳᠡᠬᠦ ᠳᠠᠬᠢᠯᠲᠠ ᠡᠨᠧᠷᠭᠢ ᠪᠣᠯᠤᠨ ᠲᠦᠭᠦᠬᠡᠢ | ᠮᠠᠲ᠋ᠧᠷᠢᠶᠠᠯ ᠤᠨ ᠬᠡᠷᠡᠭᠯᠡᠯᠲᠡ ᠶᠢᠨ ᠡᠨᠧᠷᠭᠢ ᠶᠢ ᠡᠨᠧᠷᠬᠢ ᠶᠢᠨ ᠭᠡᠷᠡᠭᠯᠡᠬᠡᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ | ᠲᠤᠳᠤᠷ᠎ᠠ ᠣᠷᠣᠭᠤᠯᠵᠤ ᠪᠤᠯᠬᠤ ᠦᠭᠡᠢ᠂ ᠨᠥᠬᠦᠴᠡᠯ ᠪᠦᠷᠢᠯᠳᠦᠭᠦᠯᠵᠦ ᠪᠠᠶᠢᠭᠠᠳ ᠡᠨᠧᠷᠭᠢ ᠶᠢᠨ | ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ | ᠬᠡᠮᠵᠢᠶ᠎ᠡ ᠪᠣᠯᠤᠨ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠡᠷᠲᠡᠬᠡᠨ | ᠪᠡᠶᠡᠯᠡᠭᠦᠯᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠬᠰᠢᠯᠠᠭᠤᠯᠬᠤ ᠶᠢ ᠤᠷᠮᠠᠰᠢᠭᠤᠯᠤᠨ | ᠬᠢᠵᠠᠭᠠᠷᠯᠠᠬᠤ ᠲᠣᠭᠲᠠᠴᠠ ᠶᠢ ᠲᠦᠷᠭᠡᠪᠴᠢᠯᠡᠨ ᠪᠤᠢ ᠪᠣᠯᠭᠠᠵᠤ᠂ ᠳᠥᠭᠦᠮᠬᠡᠨ ᠢᠶᠠᠷ ᠱᠠᠳᠤ ᠱᠠᠳᠤ ᠪᠠᠷ ᠵᠠᠳᠠᠯᠬᠤ ᠶᠢ | ᠰᠡᠷᠭᠡᠶᠢᠯᠡᠬᠦ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠲᠤᠮᠤ ᠠᠵᠤ ᠠᠬᠤᠶᠢᠯᠠᠯ | ᠢᠯᠠᠩᠭᠤᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ ᠬᠠᠩᠭᠠᠯᠭ᠎ᠠ ᠶᠢ ᠪᠠᠲᠤᠯᠠᠵᠤ ᠦᠨ᠎ᠡ | ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠡᠨᠧᠷᠭᠢ ᠶᠢᠨ | ᠬᠦᠴᠦᠷᠬᠡᠭ ᠤᠯᠤᠰ ᠢ ᠲᠦᠷᠭᠡᠳᠭᠡᠨ ᠪᠦᠳᠦᠬᠡᠨ ᠪᠠᠶᠢᠭᠤᠯᠬᠤ ᠬᠡᠷᠡᠭᠲᠡᠢ᠃ | ᠬᠤᠷᠠᠯ ᠠᠴᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ | ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠠᠳᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶ ᠶᠢᠨ ᠡᠷᠭᠢᠯᠲᠡ ᠶᠢ ᠵᠦᠶ | ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠲᠣᠭᠤᠷᠢᠨ ᠳᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ | ᠴᠢᠩᠭᠠᠳᠬᠠᠨ ᠰᠠᠶᠢᠵᠢᠷᠠᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠠᠯᠤᠰᠯᠠᠨ ᠲᠣᠬᠢᠷᠠᠭᠤᠯᠬᠤ | ᠡᠷᠴᠢᠮ ᠢ ᠴᠢᠩᠭᠠᠷᠠᠭᠤᠯᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠤᠷᠢᠳᠠᠴᠢ ᠴᠢᠨᠠᠷ ᠬᠠᠨᠳᠤᠯᠭᠠᠲᠤ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ ᠵᠠᠬ ᠳᠡᠯᠭᠡᠭᠦᠷ ᠤᠨ ᠭᠤᠤᠯ ᠴᠣᠭᠴᠠ ᠨᠢ ᠬᠡᠳᠦᠨ ᠳ᠋ᠦᠩᠰᠢᠭᠤᠷ ᠬᠥᠮᠦᠨ ᠤ ᠠᠵᠢᠯ | ᠣᠯᠵᠤ ᠦᠶ᠋ᠯᠡᠰ ᠪᠤᠰᠬᠠᠬᠤ ᠶᠢ ᠠᠴᠢᠶᠠᠯᠠᠵᠤ ᠪᠠᠶᠢᠨ᠎ᠠ᠃ ᠦᠷᠭᠦᠯᠵᠢᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠬᠠᠨᠳᠤᠭᠤᠯᠤᠨ ᠰᠢᠨ᠎ᠡ ᠪᠠᠷ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠶᠢ ᠬᠡᠷᠡᠭᠵᠢᠭᠦᠯᠵᠦ᠂ ᠲᠡᠳᠡᠨ ᠢ | ᠬᠠᠪᠰᠤᠷᠤᠨ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠭᠡ ᠶᠢᠨ ᠳᠠᠷᠤᠭᠠᠰᠤ ᠶᠢ ᠨᠢ ᠬᠥᠩᠭᠡᠷᠡᠭᠦᠯᠦᠨ ᠬᠦᠴᠢᠷᠳᠡᠯ ᠢ ᠨᠢ ᠰᠢᠢᠳᠪᠦᠷᠢᠯᠡᠵᠦ᠂ ᠬᠥᠭᠵᠢᠯᠲᠡ ᠶᠢ ᠨᠢ | ᠰᠡᠷᠭᠦᠭᠡᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ ᠬᠤᠷᠠᠮᠳᠤᠭᠤᠯᠬᠤ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ | ᠬᠡᠮᠵᠢᠶ᠎ᠡ ᠶᠢ ᠨᠡᠮᠡᠭᠳᠡᠭᠦᠯᠬᠦ᠂ ᠬᠡᠪᠴᠢᠶ᠎ᠠ ᠶᠢ ᠥᠷᠭᠡᠳᠭᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠬᠤ ᠭᠡᠷᠡᠭᠳᠠᠢ᠃ | ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠠᠷᠭ᠎ᠠ ᠬᠡᠮᠵᠢᠶ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠭᠡᠷᠡᠭᠳᠠᠢ᠃ ᠡᠳ᠋ ᠤᠨ | ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶ᠋ᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ | ᠦᠨᠳᠤᠰᠤᠨ ᠠᠷᠠᠳ ᠤᠨ ᠠᠮᠢᠳᠤᠷᠠᠯ ᠢ ᠪᠠᠳᠤᠯᠠᠬᠤ ᠴᠠᠯᠢᠩ ᠤᠯᠭᠤᠮᠵᠢ ᠶᠢ ᠪᠠᠳᠤᠯᠠᠬᠤ ᠡᠷᠬᠢᠯᠳᠠ ᠶᠢ ᠪᠠᠳᠤᠯᠠᠬᠤ ᠶᠢ | ᠨᠠᠩ ᠰᠠᠶᠢᠲᠤᠷ ᠳᠡᠮᠵᠢᠬᠦ ᠭᠡᠷᠡᠭᠳᠠᠢ᠃ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠵᠡᠷᠭᠡ ᠶᠢᠨ | ᠲᠤᠬᠢᠷᠠᠭᠤᠯᠤᠯᠳᠠ ᠶᠢ ᠴᠢᠩᠭᠠᠳᠬᠠᠵᠤ᠂ ᠴᠠᠬᠢᠯᠭᠠᠨ ᠬᠦᠴᠦᠨ ᠤ ᠭᠦᠢᠴᠡᠳ ᠬᠠᠩᠭᠠᠯᠭ᠎ᠠ ᠶᠢ ᠠᠬᠢᠭᠤᠯᠬᠤ ᠭᠡᠷᠡᠭᠳᠠᠢ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠪᠣᠯᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠵᠦ᠂ ᠵᠠᠬ᠎ᠠ | ᠳᠡᠯᠭᠡᠭᠦᠷᠴᠢᠯᠡᠭᠰᠡᠨ ᠲᠣᠭᠲᠠᠴᠠ ᠶᠢ ᠠᠰᠢᠭᠯᠠᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢ | ᠵᠣᠷᠢᠭᠵᠢᠭᠤᠯᠬᠤ ᠬᠡᠷᠡᠭᠲᠡᠢ᠃ ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠪᠠᠷ ᠬᠥᠭᠵᠢᠬᠦ ᠶᠢ | ᠠᠬᠢᠭᠤᠯᠵᠤ᠂ ᠠᠷᠠᠳ ᠤᠨ ᠡᠵᠡᠩᠨᠡᠯᠳᠠ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠮᠴᠢᠯᠡᠯ ᠤᠨ ᠡᠷᠬᠡ ᠪᠠ | ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠲᠦᠷᠦ ᠶᠢᠨ ᠪᠤᠳᠤᠯᠭ᠎ᠠ ᠶᠢᠨ ᠲᠠᠯ᠎ᠡ ᠪᠠᠷ | ᠨᠢᠭᠡ ᠯᠡ ᠠᠳᠠᠯᠢ ᠪᠠᠷ ᠬᠠᠨᠳᠤᠵᠤ᠂ ᠡᠷᠬᠡ ᠲᠡᠭᠰᠢ ᠪᠠᠷ ᠬᠠᠨᠳᠤᠬᠤ ᠬᠡᠷᠡᠭᠲᠡᠢ᠃ ᠥᠨᠳᠥᠷ ᠲᠦᠪᠰᠢᠨ ᠪᠥᠬᠦᠶ | ᠨᠡᠭᠡᠭᠡᠯᠲᠡ ᠶᠢ ᠥᠷᠭᠡᠳᠭᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ | ᠪᠠᠶᠢᠬᠤ ᠶᠢ ᠪᠠᠲᠤᠯᠠᠵᠤ᠂ ᠭᠠᠳᠠᠭᠠᠳᠤ ᠪᠠᠯᠠ ᠶᠢ ᠲᠠᠲᠠᠬᠤ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ ᠬᠡᠵᠤ ᠵᠢᠭᠠᠵᠤ | ᠭᠠᠷᠭᠠᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ | ᠪᠠᠶᠢᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ | ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠤ᠂ ᠪᠠᠰᠠ ᠡᠷᠬᠡᠪᠰᠢ ᠲᠡᠦᠬᠡ ᠶᠢᠨ ᠮᠡᠳᠡᠯᠭᠡ ᠶᠢ | ᠰᠤᠷᠤᠯᠴᠠᠵᠤ᠂ ᠰᠣᠶᠣᠯ ᠤᠨ ᠠᠭᠤᠯᠤᠭᠳᠠᠬᠤᠨ ᠢ ᠵᠤᠵᠠᠭᠠᠳᠬᠠᠨ᠂ ᠠᠮᠢ ᠠᠬᠤᠶ ᠶᠢᠨ ᠦᠵᠡᠯᠲᠡ ᠶᠢ ᠴᠢᠩᠭᠠᠳᠬᠠᠵᠤ᠂ | ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠨᠠᠮ ᠤᠨ ᠲᠥᠯᠥᠭᠡ ᠰᠠᠨᠠᠭᠠᠰᠢᠷᠠᠬᠤ᠂ | ᠤᠯᠤᠰ ᠤᠨ ᠲᠥᠯᠥᠭᠡ ᠬᠠᠷᠢᠭᠤᠴᠠᠯᠭ᠎ᠠ ᠪᠠᠨ ᠬᠦᠢᠴᠡᠳᠬᠡᠬᠦ᠂ ᠠᠷᠠᠳ ᠤᠨ ᠲᠥᠯᠥᠭᠡ ᠬᠤᠪᠢ ᠨᠡᠮᠡᠷᠢ ᠦᠵᠡᠭᠦᠯᠬᠦ | ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠶ ᠬᠡᠵᠤ ᠱᠠᠭᠠᠷᠳᠠᠪᠠ᠃ | ᠬᠤᠷᠠᠯ ᠠᠴᠠ᠂ ᠠᠵᠤ ᠠᠬᠤᠢ ᠶᠢᠨ ᠠᠵᠢᠯ ᠢ ᠤᠳᠤᠷᠢᠳᠬᠤ ᠳᠤ ᠡᠷᠬᠡᠪᠰᠢ ᠪᠤᠰᠤᠳᠴᠢ ᠪᠣᠳᠠᠲᠤ ᠪᠠᠶᠢᠳᠠᠯ | ᠪᠣᠯᠤᠨ ᠤᠯᠠᠨ ᠲᠦᠮᠡᠨ ᠤ ᠬᠡᠷᠡᠭᠴᠡᠭᠡ ᠶᠢ ᠬᠦᠨᠳᠦᠳᠭᠡᠵᠦ᠂ ᠡᠷᠬᠡᠪᠰᠢ ᠰᠢᠰᠲ᠋ᠧᠮᠳᠦ ᠰᠡᠳᠭᠢᠬᠦᠢ ᠲᠠᠢ ᠪᠠᠶᠢᠵᠤ᠂ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠭᠡᠷᠡᠭᠲᠡᠢ᠃ ᠤᠳᠤᠷᠢᠳᠬᠤ ᠺᠠᠳ᠋ᠷᠴᠤᠳ ᠠᠵᠤ ᠠᠬᠤᠢ ᠶᠢᠨ ᠠᠵᠢᠯ ᠢ | ᠤᠳᠤᠷᠢᠳᠬᠤ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠂ ᠠᠵᠤ ᠠᠬᠤᠢ ᠨᠡᠶᠢᠭᠡᠮ ᠤᠨ | ᠬᠥᠭᠵᠢᠯᠲᠡ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠤᠯᠤᠰ ᠲᠦᠷᠦ ᠪᠠ ᠠᠵᠤ ᠠᠬᠤᠢ᠂ | ᠪᠣᠳᠠᠲᠤ ᠠᠬᠤᠢ ᠪᠠ ᠲᠡᠦᠬᠡ᠂ ᠪᠣᠳᠠᠰ ᠪᠠ ᠰᠣᠶᠣᠯ᠂ ᠬᠥᠭᠵᠢᠯᠲᠡ ᠪᠠ ᠠᠷᠠᠳ ᠤᠨ ᠠᠮᠢᠳᠤᠷᠠᠯ᠂ ᠡᠬᠢ ᠪᠠᠶᠠᠯᠢᠭ | ᠪᠠ ᠠᠮᠢ ᠠᠬᠤᠢ᠂ ᠤᠯᠤᠰ ᠤᠨ ᠳᠣᠲᠣᠭᠠᠳᠤ ᠪᠠ ᠳᠡᠯᠡᠬᠡᠢ ᠶᠢᠨ ᠵᠡᠷᠭᠡ ᠤᠯᠠᠨ ᠲᠠᠯ᠎ᠠ ᠶᠢᠨ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠡᠬᠤ ᠭᠡᠷᠡᠭᠲᠡᠢ᠃ ᠤᠳᠤᠷᠢᠳᠬᠤ ᠺᠠᠳ᠋ᠷᠴᠤᠳ ᠠᠵᠤ ᠠᠬᠤᠢ ᠶᠢᠨ ᠤᠬᠠᠭᠠᠨ ᠤ ᠮᠡᠳᠡᠯᠭᠡ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠢᠯᠠᠩᠭᠤᠶ᠎ᠠ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠵᠥᠪ | ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠠᠷᠢᠮᠲᠠᠯᠠᠵᠤ᠂ ᠲᠡᠦᠬᠡ ᠶᠢ ᠬᠦᠨᠳᠦᠳᠭᠡᠵᠦ᠂ ᠰᠣᠶᠣᠯ ᠢ | ᠬᠦᠨᠳᠦᠳᠭᠡᠵᠦ᠂ ᠠᠮᠢ ᠠᠬᠤᠢ ᠶᠢ ᠬᠦᠨᠳᠦᠳᠭᠡᠵᠦ᠂ ᠪᠣᠯᠭᠤᠮᠵᠢᠲᠠᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ | ᠪᠣᠯᠭᠤᠮᠵᠢᠲᠠᠢ ᠪᠠᠷ ᠡᠷᠬᠡ ᠪᠠᠨ ᠬᠡᠷᠡᠭᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ︽ | ᠭᠤᠷᠪᠠᠨ ᠴᠢᠩᠭ᠎ᠠ ᠭᠤᠷᠪᠠᠨ ᠪᠣᠳᠠᠲᠠᠢ︾ ᠶᠢ ᠪᠠᠷᠢᠮᠲᠠᠯᠠᠵᠤ᠂ ᠳᠥᠭᠦᠮᠴᠢᠯᠡᠬᠦ᠂ ᠳᠤᠷ᠎ᠠ ᠪᠠᠷ ᠢᠶᠠᠨ ᠦᠢᠯᠡᠳᠬᠦ ᠶᠢ | ᠡᠷᠡᠰ ᠰᠡᠷᠭᠡᠶᠢᠯᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠦᠯᠦ ᠬᠢᠬᠦ ᠶᠢ ᠡᠷᠡᠰ ᠡᠰᠡᠷᠭᠦᠴᠡᠬᠦ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ | ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠢᠨᠵᠢᠯᠡᠬᠦ ᠤᠬᠠᠭᠠᠨᠴᠢ ᠣᠨᠣᠴᠠᠲᠠᠢ ᠪᠠᠷ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠴᠠᠬᠢᠯᠭᠠᠨ ᠲᠤᠰᠤ ᠬᠡᠢ | ᠵᠦᠭᠡᠭᠡᠪᠦᠷᠢ ᠶᠢᠨ ᠪᠠᠲᠤᠯᠠᠭ᠎ᠠ ᠬᠠᠩᠭᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠤᠬᠢᠷᠠᠭᠤᠯᠬᠤ ᠬᠡᠷᠡᠭᠲᠡᠢ᠃ | ᠠᠮᠤ ᠪᠤᠳᠠᠭ᠎ᠠ ᠲᠣᠰᠣ ᠮᠢᠬ᠎ᠠ ᠥᠨᠳᠡᠭᠡ ᠰᠦ ᠵᠢᠮᠢᠰ ᠢᠳᠡᠰᠢᠨ ᠨᠣᠭᠤᠭ᠎ᠠ ᠵᠡᠷᠭᠡ ᠶᠢᠨ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠰᠠᠶᠢᠲᠤᠷ ᠬᠢᠬᠦ ᠭᠡᠷᠡᠭᠲᠡᠢ᠃ ᠬᠥᠯᠥᠰᠥᠨ ᠲᠠᠷᠢᠶᠠᠴᠢᠨ ᠤ ᠴᠠᠯᠢᠩ ᠢ | ᠪᠠᠲᠤᠯᠠᠵᠤ᠂ ᠠᠶᠤᠯᠭᠦᠢ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠴᠢᠩᠭᠠᠳᠬᠠᠬᠤ ᠭᠡᠷᠡᠭᠲᠡᠢ᠃ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦ ᠪᠠᠷ ᠢᠶᠠᠨ | ᠰᠠᠶᠢᠲᠤᠷ ᠬᠢᠵᠦ᠂ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ | ᠴᠤᠭᠯᠠᠭᠠᠨ ᠪᠣᠯᠭᠠᠨ ᠡᠷᠬᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠨᠠᠮ ᠤᠨ ᠨᠥᠬᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠰᠤᠭᠠᠢ ᠭᠡᠵᠦ ᠤᠷᠢᠶᠠᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ ᠲᠥᠪ ᠤᠨ ᠱᠦᠵᠢ | ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ | ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ | ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠲᠤᠰᠠᠭᠠᠷ | ᠲᠥᠯᠥᠪᠯᠡᠭᠡᠲᠦ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ | ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ | ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠢ᠃ | | |