ᠥᠪᠥᠷ ᠵᠠᠰᠠᠭ ᠠᠯᠪᠠᠨ ᠲᠠᠷᠬᠠᠭᠠᠭᠰᠠᠨ ︹2021︺ 28 ᠳ᠋ᠤᠭᠠᠷ ᠲᠣᠭᠠᠲᠤ | 2021 ᠣᠨ ᠤ 6 ᠳ᠋ᠤᠭᠠᠷ ᠰᠠᠷ᠎ᠠ ᠶᠢᠨ 18 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠵᠠᠷᠴᠢᠮ | ᠨᠢᠭᠡᠳᠦᠭᠡᠷ ᠵᠦᠢᠯ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢ | ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢ ᠵᠢᠷᠤᠮᠵᠢᠭᠤᠯᠤᠨ | ᠠᠬᠢᠭᠤᠯᠬᠤ ᠶᠢᠨ ᠲᠤᠰᠠᠳᠠ᠂ ︽ᠲᠥᠷᠥ ᠶᠢᠨ ᠶᠠᠪᠤᠳᠠᠯ ᠤᠨ ᠬᠤᠷᠢᠶᠠᠨ ᠤ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠭᠲᠠᠭᠠᠯ ᠤᠳ︾ ︽ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ | ᠰᠢᠯᠢᠳᠡᠭᠵᠢᠭᠦᠯᠬᠦ ᠲᠦᠷᠢᠮ︾ ᠪᠠ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠤᠷᠤᠨ ᠤ | ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ ᠠᠵᠢᠯ ᠤᠨ | ᠬᠠᠮᠢᠶᠠᠷᠤᠯᠲᠠ ᠳᠤ ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠤᠯᠲᠠ ᠭᠡᠳᠡᠭ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠬᠦᠢᠴᠡᠳᠬᠡᠬᠦ | ᠵᠦᠭᠯᠡᠭᠦᠷ᠂ ᠦᠢᠯᠡᠴᠢᠯᠡᠭᠡᠨ ᠤ ᠲᠠᠪᠴᠠᠩ᠂ ᠬᠢᠨᠠᠯᠲᠠ ᠲᠠᠯᠪᠢᠵᠦ ᠦᠨᠡᠯᠡᠯᠲᠡ ᠬᠢᠬᠦ ᠵᠡᠷᠭᠡ ᠳᠤ ᠪᠥᠬᠦ ᠲᠠᠯ᠎ᠠ ᠪᠠᠷ | ᠵᠢᠷᠤᠮᠵᠢᠭᠰᠠᠨ ᠬᠠᠮᠢᠶᠠᠷᠦᠯᠳᠠ ᠶᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠵᠢᠯ ᠵᠦᠢᠯᠡᠰ ︵ | ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠪᠠᠭᠲᠠᠨ᠎ᠠ᠂ | ᠳᠣᠷᠣᠭᠰᠢ ᠠᠳᠠᠯᠢ︶ ᠢ ᠠᠳᠠᠯᠢ ᠨᠥᠬᠦᠴᠡᠯ ᠳᠤᠤᠷ᠎ᠠ ᠢᠯᠭᠠᠭ᠎ᠠ ᠦᠭᠡᠢ ᠪᠠᠷ ᠭᠥᠯᠢᠶᠡᠨ ᠠᠪᠴᠦ ᠬᠦᠢᠴᠡᠳᠬᠡᠬᠦ ᠪᠠ | ᠨᠢᠭᠡ ᠯᠡ ᠪᠠᠷᠢᠮᠵᠢᠶ᠎ᠠ ᠪᠠᠷ ᠬᠦᠢᠴᠡᠳᠬᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ | ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠨᠢᠭᠡᠳᠦᠯᠲᠡᠶ᠂ ᠦᠢᠯᠡᠴᠢᠯᠡᠭᠡᠨ ᠤ ᠪᠠᠷᠢᠮᠵᠢᠶ᠎ᠠ ᠨᠢ | ᠨᠢᠭᠡᠳᠦᠯᠲᠡᠶ᠂ ᠦᠢᠯᠡᠴᠢᠯᠡᠭᠡᠨ ᠤ ᠶᠠᠰᠤ ᠴᠢᠨᠠᠷ ᠨᠢ ᠨᠢᠭᠡᠳᠦᠯᠲᠡᠶ᠂ ᠨᠡᠷᠡᠲᠦ ᠳᠡᠮᠳᠡᠭ ᠳᠦᠷᠢ ᠲᠥᠷᠬᠦ ᠨᠢ ᠨᠢᠭᠡᠳᠦᠯᠲᠡᠶ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠶᠢ ᠵᠢᠭᠠᠵᠤ ᠪᠤᠢ᠃ ᠲᠤᠰ ᠠᠷᠭ᠎ᠠ ᠳᠤ ᠬᠡᠯᠡᠵᠦ ᠪᠠᠶᠢᠭ᠎ᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠭᠡᠳᠡᠭ ᠨᠢ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠢ ᠵᠣᠬᠢᠴᠠᠭᠤᠯᠬᠤ᠂ ᠵᠢᠭᠠᠨ ᠵᠢᠯᠣᠭᠤᠳᠬᠤ ᠪᠠ ᠬᠢᠨᠠᠯᠲᠠ ᠲᠠᠯᠪᠢᠬᠤ ᠪᠠᠶᠢᠭᠤᠯᠤᠮᠵᠢ ᠶᠢ ᠵᠢᠭᠠᠵᠤ ᠪᠤᠶ᠃ ᠲᠤᠰ | ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠭᠡᠳᠡᠭ ᠨᠢ ᠵᠠᠰᠠᠭ | ᠵᠠᠬᠢᠷᠭᠠᠨ ᠤ ᠪᠠᠶᠢᠭᠤᠯᠭ᠎ᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠤᠰᠤᠳ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠵᠦ ᠪᠦᠬᠦᠢ ᠪᠠᠶᠢᠭᠤᠯᠤᠮᠵᠢ ᠶᠢ ᠵᠢᠭᠠᠵᠤ ᠪᠤᠶ᠃ | ᠳᠦᠷᠪᠡᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠠᠵᠢᠯ ᠢ ᠵᠣᠬᠢᠶᠠᠨ ᠪᠠᠶᠢᠭᠤᠯᠵᠦ ᠬᠡᠷᠡᠭᠵᠢᠭᠦᠯᠬᠦ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠰᠠᠨ ᠲᠣᠨᠨᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ᠂ ᠰᠢᠮᠳᠠᠭᠤᠯᠤᠨ | ᠨᠠᠶᠢᠳᠠᠪᠤᠷᠢᠵᠢᠭᠤᠯᠬᠤ ᠵᠡᠷᠭᠡ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠤᠤᠷᠠᠳᠤ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠤᠬᠠᠶᠢᠯᠠᠭᠰᠠᠨ | ᠠᠵᠢᠯ ᠢ ᠨᠢ ᠵᠢᠭᠠᠨ ᠵᠢᠯᠤᠭᠤᠳᠬᠤ ᠬᠡᠷᠡᠭᠳᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠨᠢ ᠲᠣᠰ ᠲᠣᠰ ᠤᠨ ᠡᠭᠦᠷᠭᠡ ᠴᠢᠳᠠᠪᠤᠷᠢ ᠡᠭᠦᠷᠬᠡ ᠬᠠᠷᠢᠭᠤᠴᠠᠯᠭ᠎ᠠ ᠶᠣᠰᠣᠭᠠᠷ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ ᠳᠤᠤᠷᠠᠳᠤ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠳᠤ ᠬᠢᠨᠠᠯᠲᠠ ᠲᠠᠯᠪᠢᠬᠤ ᠪᠠ | ᠲᠡᠭᠦᠨ ᠢ ᠵᠢᠭᠠᠨ ᠵᠢᠯᠤᠭᠤᠳᠬᠤ ᠬᠡᠷᠡᠭᠳᠡᠢ᠃ | ᠬᠤᠶᠠᠳᠤᠭᠠᠷ ᠪᠦᠯᠦᠭ ᠦᠢᠯᠡᠴᠢᠯᠡᠭᠡᠨ ᠤ ᠵᠦᠢᠯᠡᠰ ᠤᠨ ᠭᠠᠷᠴᠠᠭ ᠪᠠ ᠠᠵᠢᠯ ᠶᠠᠪᠤᠳᠠᠯ ᠬᠦᠢᠴᠡᠳᠬᠡᠬᠦ | ᠵᠦᠭᠯᠡᠭᠦᠷ ᠤᠨ ᠪᠠᠷᠢᠮᠵᠢᠶᠠᠵᠢᠭᠤᠯᠤᠯᠲᠠ | ᠲᠠᠪᠤᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠭᠠᠷᠴᠠᠭ ᠤᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠬᠦᠯᠬᠦ ᠬᠡᠷᠡᠭᠳᠡᠢ᠃ ᠪᠥᠬᠦ ᠣᠷᠣᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠶ ᠭᠠᠷᠴᠠᠭ ᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠨ ᠨᠠᠶᠢᠷᠠᠭᠤᠯᠤᠨ ᠵᠤᠬᠢᠶᠠᠬᠤ ᠶᠢᠨ ᠬᠠᠮᠲᠤ ᠨᠡᠶᠢᠭᠡᠮ ᠳᠤ ᠢᠯᠡ | ᠨᠡᠶᠢᠲᠡᠯᠡᠬᠦ ᠬᠡᠷᠡᠭᠳᠡᠢ᠃ | ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠪᠥᠬᠦ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠢᠭᠡᠳᠦᠯᠲᠡᠶ ᠭᠠᠷᠴᠠᠭ ᠢ ᠦᠨᠳᠦᠰᠦᠯᠡᠨ ᠠᠵᠢᠯ | ᠶᠠᠪᠤᠳᠠᠯ ᠬᠦᠢᠴᠡᠳᠬᠡᠬᠦ ᠵᠦᠭᠯᠡᠭᠦᠷ ᠪᠠ ᠵᠢᠱᠢᠶ᠎ᠡ ᠪᠤᠯᠬᠤ ᠪᠢᠴᠢᠭᠯᠡᠭᠰᠡᠨ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠵᠤ᠂ | ᠦᠢᠯᠡᠴᠢᠯᠡᠭᠡᠨ ᠤ ᠵᠦᠢᠯᠡᠰ ᠢ ᠬᠦᠢᠴᠡᠳᠬᠡᠬᠦ ᠭᠤᠤᠯ ᠴᠣᠭᠴᠠ᠂ ᠦᠨᠳᠦᠰᠦᠯᠡᠯ᠂ ᠴᠤᠪᠤᠷᠠᠯ᠂ ᠦᠷ᠎ᠡ ᠳ᠋ᠦᠩ | ᠵᠡᠷᠭᠡ ᠳᠤ ᠲᠣᠳᠣᠷᠬᠠᠶ ᠵᠢᠷᠤᠮᠵᠢᠯ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠢᠶᠠᠨ | ᠬᠦᠢᠴᠡᠳᠬᠡᠯᠬᠡᠬᠦ ᠳᠤ ᠲᠣᠳᠣᠷᠬᠠᠶ ᠨᠠᠷᠢᠯᠢᠭ ᠵᠢᠯᠤᠭᠤᠳᠤᠮᠵᠢ ᠬᠠᠩᠭᠠᠨ᠂ ᠨᠢᠭᠡ ᠤᠳᠠᠭ᠎ᠠ ᠳᠤ ᠮᠡᠳᠡᠭᠳᠡᠬᠦ᠂ ᠨᠢᠭᠡ ᠯᠡ | ᠬᠦᠰᠦᠨᠦᠭᠲᠦ ᠪᠠᠷ ᠭᠤᠶᠤᠴᠢᠯᠠᠬᠤ ᠶᠢ ᠬᠡᠷᠡᠭᠵᠢᠬᠦᠯᠬᠦ ᠬᠡᠷᠡᠭᠳᠡᠢ︔ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠤᠨ | ᠲᠣᠭᠲᠠᠭᠠᠯ ᠢ ᠴᠢᠩᠭ᠎ᠠ ᠵᠢᠷᠤᠮᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠡᠶᠡᠯᠡᠬᠦᠯᠦᠨ | ᠬᠦᠢᠴᠡᠳᠬᠡᠵᠦ᠂ ᠠᠵᠦ ᠠᠬᠤᠶᠢᠯᠠᠯ ᠪᠠ ᠤᠯᠠᠨ ᠲᠦᠮᠡᠨ ᠳᠤ ᠠᠵᠢᠯ ᠶᠠᠪᠤᠳᠠᠯ ᠬᠦᠢᠴᠡᠳᠬᠡᠬᠦ ᠵᠦᠭᠯᠡᠬᠦᠷ ᠤᠨ | ᠲᠤᠭᠳᠠᠭᠠᠯ ᠠᠴᠠ ᠪᠤᠰᠤᠳ ᠱᠠᠭᠠᠷᠳᠠᠯᠭ᠎ᠠ ᠳᠤᠷᠠᠳᠴᠦ ᠪᠤᠯᠬᠤ ᠦᠭᠡᠢ᠃ | ᠳᠤᠯᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠦᠯᠦ | ᠬᠦᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠬᠤ᠂ ᠠᠵᠤ | ᠠᠬᠤᠶᠢᠯᠠᠯ ᠤᠨ ᠪᠠᠯᠠ ᠣᠷᠣᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠠᠷᠠᠳ ᠤᠨ | ᠠᠮᠢᠳᠤᠷᠠᠯ ᠤᠨ ᠣᠴᠢᠷ ᠶᠠᠪᠤᠳᠠᠯ ᠵᠡᠷᠭᠡ ᠬᠦᠢᠴᠡᠳᠬᠡᠬᠦ ᠠᠵᠢᠯ ᠢᠶᠠᠷ ᠶᠡᠭᠡ᠂ ᠠᠵᠤ ᠠᠬᠤᠶᠢᠯᠠᠯ ᠪᠠ ᠣᠯᠠᠨ ᠲᠦᠮᠡᠨ ᠤ | ᠠᠩᠬᠠᠷᠴᠤ ᠪᠥᠬᠦᠶ ᠭᠤᠤᠯᠳᠠᠯᠭ᠎ᠠ ᠲᠠᠢ ᠬᠦᠷᠢᠶ᠎ᠡ ᠭᠤᠤᠯᠳᠠᠯᠭ᠎ᠠ ᠲᠠᠢ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠭᠤᠭᠴᠤᠭ᠎ᠠ ᠶᠢ ᠨᠢ ᠴᠦᠬᠡᠳᠭᠡᠬᠦ᠂ ᠮᠠᠲ᠋ᠧᠷᠢᠶᠠᠯ ᠢ ᠨᠢ ᠪᠠᠭᠠᠰᠬᠠᠬᠤ᠂ ᠴᠠᠭ ᠢ ᠨᠢ ᠪᠤᠭᠤᠨᠢᠰᠬᠠᠬᠤ᠂ ᠵᠠᠷᠤᠳᠠᠯ ᠢ ᠨᠢ | ᠪᠠᠭᠠᠰᠬᠠᠬᠤ ᠱᠠᠭᠠᠷᠳᠠᠯᠭ᠎ᠠ ᠶᠣᠰᠣᠭᠠᠷ᠂ ᠪᠠᠷᠢᠮᠵᠢᠶᠠᠵᠢᠭᠤᠯᠬᠤ ᠠᠵᠢᠯ ᠤᠨ ᠳᠦᠷᠢᠮᠯᠡᠯ ᠪᠠ ᠠᠵᠢᠯ ᠶᠠᠪᠤᠳᠠᠯ | ᠬᠦᠢᠴᠡᠳᠬᠡᠬᠦ ᠵᠦᠭᠯᠡᠭᠦᠷ ᠢ ᠵᠦᠢᠯ ᠳᠠᠷᠠᠭᠠᠯᠠᠨ ᠨᠠᠶᠢᠷᠠᠭᠤᠯᠤᠨ ᠵᠣᠬᠢᠶᠠᠬᠤ ᠬᠡᠷᠡᠭᠲᠡᠶ᠃ ᠠᠳᠠᠯᠢ ᠪᠤᠰᠤ ᠱᠠᠲᠤ ᠲᠠᠰ᠂ | ᠠᠳᠠᠯᠢ ᠪᠤᠰᠤ ᠣᠷᠣᠨ ᠪᠦᠰᠡ ᠶᠢᠨ ᠬᠤᠭᠤᠷᠣᠨᠳᠣᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠢᠵᠢᠯ | ᠵᠦᠢᠯᠡᠰ ᠤᠨ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠤᠨ ᠵᠦᠢᠯᠡᠰ ᠤᠨ ᠨᠡᠷᠡᠶᠢᠳᠦᠯ᠂ ᠦᠨᠳᠦᠰᠦᠨ ᠺᠣᠳ᠋᠂ | ᠵᠦᠢᠯᠡᠰ ᠤᠨ ᠲᠥᠷᠥᠯ ᠬᠡᠯᠪᠡᠷᠢ᠂ ᠲᠣᠭᠲᠠᠭᠠᠭᠰᠠᠨ ᠦᠨᠳᠦᠰᠦᠯᠡᠯ᠂ ᠭᠥᠯᠢᠶᠡᠨ ᠠᠪᠴᠤ ᠬᠦᠢᠴᠡᠳᠬᠡᠬᠦ ᠨᠥᠬᠦᠴᠡᠯ᠂ | ᠦᠢᠯᠡᠴᠢᠯᠡᠬᠦᠯᠬᠦ ᠡᠲᠡᠭᠡᠳ᠂ ᠬᠦᠢᠴᠡᠳᠬᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ᠂ ᠬᠠᠤᠯᠢ ᠪᠠᠷ ᠲᠣᠭᠲᠠᠭᠠᠭᠰᠠᠨ | ᠬᠦᠢᠴᠡᠳᠬᠡᠵᠦ ᠳᠠᠭᠤᠰᠬᠠᠬᠤ ᠴᠠᠭ ᠬᠤᠭᠤᠴᠠᠭ᠎ᠠ᠂ ᠰᠦᠢᠳᠬᠡᠯ ᠬᠤᠷᠢᠶᠠᠬᠤ ᠦᠨᠳᠦᠰᠦᠯᠡᠯ᠂ ᠬᠦᠢᠴᠡᠳᠬᠡᠭᠰᠡᠨ | ᠦᠷ᠎ᠡ ᠳ᠋ᠦᠩ ᠵᠡᠷᠭᠡ ᠦᠨᠳᠦᠰᠦᠨ ᠬᠦᠴᠦᠨ ᠵᠦᠢᠯ ᠤᠨ ᠠᠭᠤᠯᠭ᠎ᠠ ᠶᠢ ᠨᠢᠭᠡᠳᠦᠯᠲᠡᠶ ᠪᠠᠶᠢᠯᠭᠠᠬᠤ ᠬᠡᠷᠡᠭᠳᠡᠢ᠃ | ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠲᠣᠰ | ᠠᠵᠢᠯ ᠲᠥᠷᠥᠯ᠂ ᠲᠣᠰ ᠰᠢᠰᠲ᠋ᠧᠮ᠂ ᠲᠣᠰ ᠬᠦᠷᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ | ᠳᠡᠭᠡᠳᠦ ᠱᠠᠲᠤᠨ ᠠᠴᠠ ᠳᠤᠤᠷᠠᠲᠦ ᠱᠠᠲᠤ ᠬᠦᠷᠲᠡᠯ᠎ᠡ ᠨᠢᠭᠡᠳᠦᠯᠲᠡᠶ ᠪᠠᠷᠢᠮᠵᠢᠶ᠎ᠠ ᠲᠠᠢ ᠪᠠᠶᠢᠬᠤ᠂ ᠲᠤᠬᠠᠶᠢᠯᠠᠭᠰᠠᠨ | ᠠᠵᠢᠯ ᠳᠤ ᠵᠢᠭᠠᠨ ᠵᠢᠯᠤᠭᠤᠳᠬᠤ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠳᠡᠢ᠃ | ᠨᠠᠢᠮᠠᠳᠤᠭᠠᠷ ᠵᠦᠢᠯ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠢ ᠡᠯ᠎ᠡ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ︵ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ | ᠴᠢᠨᠠᠷᠲᠠᠶ ᠲᠢᠩᠬᠢᠮ᠂ ᠲᠤᠰᠬᠠᠶ ᠬᠤᠪᠢᠶᠠᠷᠢ ᠲᠥᠪ᠂ ᠦᠢᠯᠡᠴᠢᠯᠡᠭᠡᠨ ᠤ ᠥᠷᠲᠡᠭᠡ ᠴᠡᠭ ᠵᠡᠷᠭᠡ᠂ ᠳᠣᠷᠣᠭᠰᠢ ᠠᠳᠠᠯᠢ | ︶᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ᠂ | ᠦᠢᠯᠡᠴᠢᠯᠡᠭᠡᠨ ᠤ ᠰᠢᠯᠵᠢᠮᠡᠯ ᠦᠵᠦᠭᠦᠷ᠂ ᠥᠪᠡᠰᠦᠪᠡᠨ ᠦᠢᠯᠡᠴᠢᠯᠡᠬᠦ ᠦᠵᠦᠭᠦᠷ ᠵᠡᠷᠭᠡ ᠠᠷᠭ᠎ᠠ ᠵᠠᠮ ᠢᠶᠠᠷ | ᠳᠠᠮᠵᠢᠭᠤᠯᠤᠨ ᠨᠡᠶᠢᠬᠡᠮ ᠳᠤ ᠢᠯᠡ ᠪᠣᠯᠭᠠᠬᠤ ᠶᠢᠨ ᠬᠠᠮᠲᠤ᠂ ᠬᠡᠷᠡᠭᠯᠡᠭᠡᠨ ᠤ ᠫᠷᠤᠭ᠍ᠷᠠᠮ᠂ ᠬᠤᠶᠠᠷ ᠬᠡᠮᠵᠢᠯᠳᠦ ᠺᠣᠳ᠋ | ᠵᠡᠷᠭᠡ ᠠᠷᠭ᠎ᠠ ᠮᠠᠶ᠋ᠢᠭ ᠢᠶᠠᠷ ᠬᠠᠶᠢᠵᠤ ᠯᠠᠪᠯᠠᠬᠤ ᠶᠢ ᠲᠡᠮᠵᠢᠬᠦ ᠪᠦᠭᠡᠳ ᠢᠵᠢᠯ ᠢᠷᠡᠯᠲᠡ ᠪᠠᠷ ᠬᠠᠮᠢᠶᠠᠷᠬᠤ᠂ ᠢᠵᠢᠯ | ᠢᠷᠡᠯᠲᠡ ᠪᠠᠷ ᠨᠡᠶᠢᠲᠡᠯᠡᠬᠦ ᠶᠢ ᠬᠡᠷᠡᠭᠵᠢᠬᠦᠯᠬᠦ ᠬᠡᠷᠡᠭᠳᠡᠢ᠃ | ᠶᠢᠰᠦᠳᠦᠭᠡᠷ ᠵᠦᠢᠯ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠲᠤ ᠠᠵᠢᠯ ᠶᠠᠪᠤᠳᠠᠯ ᠭᠦᠢᠴᠡᠳᠬᠡᠬᠦ | ᠶᠠᠪᠤᠴᠠ ᠳᠠᠬᠢ ᠠᠵᠤ ᠠᠬᠤᠶᠢᠯᠠᠯ ᠪᠠ ᠤᠯᠠᠨ ᠲᠦᠮᠡᠨ ᠳᠤ ᠰᠢᠭᠤᠳ ᠬᠠᠨᠳᠤᠭᠤᠯᠤᠭᠰᠠᠨ ᠬᠠᠤᠯᠢ ᠪᠠᠷ | ᠲᠣᠭᠲᠠᠭᠠᠭᠰᠠᠨ ᠳᠡᠰ ᠳᠠᠷᠠᠭᠠᠯᠠᠯ ᠪᠠ ᠭᠤᠭᠴᠤᠭ᠎ᠠ ᠶᠢ ᠲᠣᠳᠣᠷᠬᠠᠢ ᠵᠢᠭᠰᠠᠭᠠᠬᠤ ᠶᠢᠨ ᠬᠠᠮᠲᠤ᠂ ᠭᠤᠭᠴᠤᠭ᠎ᠠ | ᠪᠦᠷᠢ ᠳᠠᠬᠢ ᠰᠢᠢᠳᠪᠦᠷᠢᠯᠡᠬᠦ ᠴᠠᠭ ᠤᠨ ᠬᠢᠵᠠᠭᠠᠷ᠂ ᠬᠢᠨᠠᠨ ᠪᠠᠶᠢᠴᠠᠭᠠᠬᠤ ᠪᠠᠷᠢᠮᠵᠢᠶ᠎ᠠ᠂ ᠬᠦᠢᠴᠡᠳᠭᠡᠭᠰᠡᠨ ᠦᠷ᠎ᠡ | ᠳ᠋ᠦᠩ ᠵᠡᠷᠭᠡ ᠮᠡᠳᠡᠭᠡ ᠵᠠᠩᠭᠢ ᠶᠢ ᠲᠣᠳᠣᠷᠬᠠᠢ ᠵᠢᠭᠰᠠᠭᠠᠬᠤ ᠬᠡᠷᠡᠭᠳᠡᠢ᠃ ᠪᠢᠴᠢᠭᠯᠡᠭᠰᠡᠨ ᠮᠡᠳᠡᠭᠡ ᠵᠠᠩᠭᠢ ᠠᠴᠠ | ᠭᠠᠳᠠᠨ᠎ᠠ᠂ ᠪᠠᠰᠠ ᠲᠣᠳᠣ ᠪᠦᠭᠡᠳ ᠣᠶᠢᠯᠠᠭᠠᠮᠵᠢᠲᠠᠶ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ | ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠬᠦᠢᠴᠡᠳᠬᠡᠬᠦ ᠶᠠᠪᠤᠴᠠ ᠶᠢᠨ ᠵᠢᠷᠤᠭ ᠴᠤᠪᠤᠷᠠᠯ ᠬᠦᠰᠦᠨᠦᠭᠲᠦ ᠶᠢ | ᠬᠠᠩᠭᠠᠬᠤ ᠬᠡᠷᠡᠭᠳᠡᠢ᠃ | ᠠᠷᠪᠠᠳᠤᠭᠠᠷ ᠵᠦᠢᠯ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠲᠤ ᠵᠦᠢᠯᠡᠰ ᠤᠨ ᠨᠡᠷᠡᠶᠢᠳᠦᠯ᠂ ᠵᠦᠢᠯᠡᠰ ᠤᠨ | ᠳ᠋ᠤᠭᠠᠷᠯᠠᠯ᠂ ᠵᠦᠢᠯᠡᠰ ᠤᠨ ᠲᠦᠷᠦᠯ ᠬᠡᠯᠪᠡᠷᠢ᠂ ᠲᠣᠭᠲᠠᠭᠠᠬᠤ ᠦᠨᠳᠦᠰᠦᠯᠡᠯ᠂ ᠬᠡᠷᠡᠭᠵᠢᠭᠦᠯᠬᠦ ᠭᠤᠤᠯ ᠴᠣᠭᠴᠠ᠂ | ᠬᠦᠯᠢᠶᠡᠨ ᠠᠪᠴᠤ ᠬᠦᠢᠴᠡᠳᠬᠡᠬᠦ ᠨᠥᠬᠦᠴᠡᠯ᠂ ᠦᠢᠯᠡᠴᠢᠯᠡᠬᠦᠯᠬᠦ ᠡᠲᠡᠭᠡᠳ᠂ ᠬᠠᠤᠯᠢ ᠪᠠᠷ ᠲᠣᠭᠲᠠᠭᠠᠭᠰᠠᠨ | ᠬᠦᠢᠴᠡᠳᠭᠡᠵᠦ ᠳᠠᠭᠤᠰᠬᠠᠬᠤ ᠴᠠᠭ ᠤᠨ ᠬᠢᠵᠠᠭᠠᠷ᠂ ᠬᠦᠢᠴᠡᠳᠬᠡᠵᠦ ᠳᠠᠭᠤᠰᠬᠠᠬᠤ ᠪᠠᠷ ᠠᠮᠠᠯᠠᠭᠰᠠᠨ ᠴᠠᠭ ᠤᠨ | ᠬᠢᠵᠠᠭᠠᠷ᠂ ᠦᠷ᠎ᠡ ᠳ᠋ᠦᠩ ᠤᠨ ᠨᠡᠷᠡᠶᠢᠳᠦᠯ᠂ ᠦᠷ᠎ᠡ ᠳ᠋ᠦᠩ ᠤᠨ ᠦᠯᠢᠭᠡᠷ ᠶᠠᠩᠵᠤ᠂ ᠰᠦᠢᠳᠬᠡᠯ ᠬᠤᠷᠢᠶᠠᠬᠤ | ᠪᠠᠷᠢᠮᠵᠢᠶ᠎ᠠ᠂ ᠰᠦᠢᠳᠬᠡᠯ ᠬᠤᠷᠢᠶᠠᠬᠤ ᠦᠨᠳᠦᠰᠦᠯᠡᠯ᠂ ᠭᠤᠶᠤᠴᠢᠯᠠᠯ ᠤᠨ ᠮᠠᠲ᠋ᠧᠷᠢᠶᠠᠯ᠂ ᠳᠤᠳᠠᠭᠳᠠᠵᠦ | ᠪᠠᠶᠢᠭ᠎ᠠ ᠶᠢ ᠨᠢ ᠳᠠᠷᠠᠭ᠎ᠠ ᠳᠤ ᠨᠢ ᠨᠦᠬᠦᠪᠦᠷᠢᠯᠡᠬᠦ ᠪᠠᠷ ᠤᠷᠢᠳᠴᠢᠯᠡᠨ ᠬᠦᠯᠢᠶᠡᠨ ᠠᠪᠴᠦ ᠬᠦᠢᠴᠡᠳᠬᠡᠬᠦ᠂ | ᠬᠦᠢᠴᠡᠳᠬᠡᠬᠦ ᠴᠤᠪᠤᠷᠠᠯ ᠬᠦᠢᠴᠡᠳᠬᠡᠬᠦ ᠬᠡᠯᠪᠡᠷᠢ᠂ ᠬᠢᠨᠠᠨ ᠪᠠᠶᠢᠴᠠᠭᠠᠬᠤ ᠪᠠᠷᠢᠮᠵᠢᠶ᠎ᠠ᠂ ᠨᠡᠶᠢᠳᠡᠮ ᠭᠦᠢᠴᠡᠳᠬᠡᠬᠦ | ᠬᠡᠪᠴᠢᠶ᠎ᠡ᠂ ᠪᠣᠯᠵᠣᠨ ᠭᠦᠢᠴᠡᠳᠬᠡᠬᠦ᠂ ᠰᠦᠯᠵᠢᠶ᠎ᠡ ᠪᠠᠷ ᠲᠤᠭᠠᠴᠠᠭ᠎ᠠ ᠬᠢᠬᠦ᠂ ᠪᠠᠷᠠᠭᠠᠨ ᠤ ᠭᠦᠢᠯᠭᠡᠭᠡᠨ ᠤ ᠲᠦᠷᠭᠡᠨ | ᠢᠯᠡᠭᠡᠯᠲᠡ᠂ ᠬᠦᠢᠴᠡᠳᠬᠡᠬᠦ ᠭᠠᠵᠠᠷ᠂ ᠬᠦᠢᠴᠡᠳᠬᠡᠬᠦ ᠴᠠᠭ᠂ ᠵᠥᠪᠯᠡᠯᠭᠡ ᠥᠭᠬᠦ ᠠᠷᠭ᠎ᠠ ᠮᠠᠶ᠋ᠢᠭ᠂ ᠠᠰᠠᠭᠤᠨ ᠯᠠᠪᠯᠠᠬᠤ | ᠠᠷᠭ᠎ᠠ ᠮᠠᠶ᠋ᠢᠭ ᠵᠡᠷᠭᠡ ᠬᠦᠴᠦᠨ ᠵᠦᠢᠯ ᠢ ᠪᠠᠭᠲᠠᠭᠠᠬᠤ ᠬᠡᠷᠡᠭᠳᠡᠢ᠃ | ᠠᠷᠪᠠᠨ ᠨᠢᠭᠡᠳᠦᠭᠡᠷ ᠵᠦᠢᠯ ᠠᠵᠢᠯ ᠶᠠᠪᠤᠳᠠᠯ ᠬᠦᠢᠴᠡᠳᠬᠡᠬᠦ ᠵᠦᠭᠯᠡᠭᠦᠷ ᠲᠤ ᠬᠡᠷᠡᠭᠰᠡᠬᠦ ᠭᠤᠶᠤᠴᠢᠯᠠᠯ ᠤᠨ | ᠮᠠᠲ᠋ᠧᠷᠢᠶᠠᠯ ᠤᠨ ᠨᠡᠷᠡᠶᠢᠳᠦᠯ᠂ ᠮᠠᠲ᠋ᠧᠷᠢᠶᠠᠯ ᠤᠨ ᠲᠦᠷᠦᠯ ᠬᠡᠯᠪᠡᠷᠢ᠂ ᠮᠠᠲ᠋ᠧᠷᠢᠶᠠᠯ ᠤᠨ ᠦᠯᠢᠭᠡᠷ ᠬᠡᠪ᠂ ᠡᠯᠧᠺᠲᠷᠣᠨ | ᠬᠦᠰᠦᠨᠦᠭᠲᠦ᠂ ᠢᠷᠡᠯᠲᠡ ᠶᠢᠨ ᠠᠷᠭ᠎ᠠ ᠵᠠᠮ᠂ ᠮᠠᠲ᠋ᠧᠷᠢᠶᠠᠯ ᠤᠨ ᠲᠤᠭ᠎ᠠ ᠪᠠ ᠬᠡᠪ ᠪᠠᠷᠢᠮᠵᠢᠶ᠎ᠠ᠂ ᠡᠯᠧᠺᠲᠷᠣᠨ | ᠮᠠᠲ᠋ᠧᠷᠢᠶᠠᠯ ᠬᠡᠷᠡᠭᠰᠡᠬᠦ ᠡᠰᠡᠬᠦ ᠵᠡᠷᠭᠡ ᠮᠡᠳᠡᠭᠡ ᠵᠠᠩᠭᠢ ᠶᠢ ᠲᠣᠳᠣᠷᠬᠠᠢ ᠵᠢᠭᠰᠠᠭᠠᠬᠤ ᠬᠡᠷᠡᠭᠳᠡᠢ᠃ | ︵ᠨᠢᠭᠡ︶ ᠭᠤᠶᠤᠴᠢᠯᠠᠬᠤ ᠮᠠᠲ᠋ᠧᠷᠢᠶᠠᠯ ᠨᠢ ᠡᠷᠬᠡᠪᠰᠢ ᠵᠤᠬᠢᠬᠤ ᠬᠠᠤᠯᠢ ᠴᠠᠭᠠᠵᠠ ᠲᠣᠭᠲᠠᠭᠠᠯ ᠲᠦᠷᠢᠮ ᠪᠠ | ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠢᠶᠠᠷ ᠦᠨᠳᠦᠰᠦᠯᠡᠯ ᠪᠣᠯᠭᠠᠬᠤ ᠬᠡᠷᠡᠭᠲᠡᠢ᠂ ︽ᠪᠤᠰᠤᠳ᠂ | ᠬᠤᠯᠪᠤᠭᠳᠠᠯ ᠪᠦᠬᠦᠢ︾ ᠵᠡᠷᠭᠡ ᠪᠠᠯᠠᠷᠬᠠᠢ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠵᠤᠷᠪᠤᠰ ᠤᠳ ᠢ ᠪᠠᠭᠲᠠᠭᠠᠬᠤ | ᠦᠭᠡᠢ᠃ | ︵ᠬᠤᠶᠠᠷ︶ ᠱᠠᠭᠠᠷᠳᠠᠭᠳᠠᠵᠦ ᠪᠦᠬᠦᠢ ᠭᠡᠷᠡᠴᠢᠯᠡᠬᠦ ᠲᠦᠷᠦᠯ ᠤᠨ ᠮᠠᠲ᠋ᠧᠷᠢᠶᠠᠯ ᠨᠢ ᠲᠤᠰ ᠱᠠᠲᠤᠨ ᠤ | ᠭᠡᠷᠡᠴᠢᠯᠡᠬᠦ ᠵᠦᠢᠯᠡᠰ ᠤᠨ ᠭᠠᠷᠴᠠᠭ ᠲᠤ ᠪᠠᠶᠢᠬᠤ ᠬᠡᠷᠡᠭᠳᠡᠢ᠃ ᠦᠨᠡᠨ ᠬᠦ ᠬᠠᠤᠯᠢ ᠴᠠᠭᠠᠵᠠ᠂ ᠬᠠᠤᠯᠢ ᠲᠣᠭᠲᠠᠭᠠᠯ | ᠲᠤᠭᠲᠠᠭᠠᠬᠤ᠂ ᠵᠠᠰᠠᠪᠤᠷᠢ ᠤᠷᠤᠭᠤᠯᠬᠤ᠂ ᠬᠦᠴᠦᠨ ᠦᠭᠡᠶ ᠪᠤᠯᠭᠠᠬᠤ ᠠᠴᠠ ᠪᠣᠯᠵᠤ ᠲᠣᠬᠢᠷᠠᠭᠤᠯᠤᠯᠲᠠ ᠬᠢᠬᠦ | ᠴᠢᠬᠤᠯᠠᠲᠠᠶ ᠬᠡᠷᠡᠴᠢᠯᠡᠭᠡ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ 15 ᠠᠵᠢᠯᠯᠠᠬᠤ | ᠡᠳᠦᠷ ᠤᠨ ᠳᠣᠲᠣᠷ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠪᠦᠷᠢᠳᠬᠡᠨ | ᠳᠠᠩᠰᠠᠯᠠᠭᠤᠯᠬᠤ ᠬᠡᠷᠡᠭᠳᠡᠢ᠃ | ︵ᠭᠤᠷᠪᠠ︶ ᠱᠠᠭᠠᠷᠳᠠᠭᠳᠠᠵᠦ ᠪᠦᠬᠦᠢ ᠬᠦᠰᠦᠨᠦᠭᠲᠦ ᠶᠢᠨ ᠲᠥᠷᠥᠯ ᠤᠨ ᠮᠠᠲ᠋ᠧᠷᠢᠶᠠᠯ ᠢᠶᠠᠨ ᠬᠤᠭᠤᠰᠣᠨ | ᠡᠯᠧᠺᠲᠷᠣᠨ ᠬᠦᠰᠦᠨᠦᠭᠲᠦ ᠪᠠ ᠦᠯᠢᠭᠡᠷ ᠬᠡᠪ ᠪᠤᠯᠭᠠᠬᠤ ᠡᠯᠧᠺᠳ᠋ᠷᠤᠨ ᠬᠦᠰᠦᠨᠦᠭᠲᠦ ᠶᠢ ᠪᠠᠭᠤᠯᠭᠠᠬᠤ ᠦᠢᠯᠡᠴᠢᠯᠡᠭᠡ | ᠬᠠᠩᠭᠠᠬᠤ ᠬᠡᠷᠡᠭᠳᠡᠢ᠃ | ︵ᠳᠥᠷᠪᠡ︶ ᠭᠤᠶᠤᠴᠢᠯᠠᠯ ᠤᠨ ᠮᠠᠲ᠋ᠧᠷᠢᠶᠠᠯ ᠢ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠠᠴᠠ ᠭᠠᠷᠭᠠᠬᠤ | ᠴᠢᠬᠤᠯᠠ ᠲᠠᠢ ᠪᠣᠯ ᠲᠤᠰ ᠪᠠᠶᠢᠭᠤᠯᠤᠮᠵᠢ ᠶᠢᠨ ᠲᠥᠷᠥᠯ ᠢᠯᠭᠠᠯ ᠪᠤᠶᠤ ᠬᠠᠤᠯᠢ ᠪᠠᠷ ᠲᠤᠭᠲᠠᠭᠠᠭᠰᠠᠨ ᠬᠢᠷᠢ ᠬᠡᠮ ᠤᠨ | ᠱᠠᠭᠠᠷᠳᠠᠯᠭ᠎ᠠ ᠶᠢ ᠨᠢ ᠲᠤᠳᠤᠷᠬᠠᠶᠢᠯᠠᠬᠤ ᠬᠡᠷᠡᠭᠳᠡᠢ᠃ | ︵ᠲᠠᠪᠤ︶ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠪᠠᠷ ᠳᠠᠮᠵᠢᠨ | ᠣᠯᠤᠭᠰᠠᠨ ᠮᠠᠲ᠋ᠧᠷᠢᠶᠠᠯ ᠢ ᠰᠢᠭᠤᠳ ᠮᠠᠲ᠋ᠧᠷᠢᠶᠠᠯ ᠤᠨ ᠨᠠᠷᠢᠨ ᠬᠠᠭᠤᠳᠠᠰᠤ ᠠᠴᠠ ᠬᠠᠷᠭᠤᠭᠤᠯᠤᠨ ᠬᠠᠰᠤᠵᠤ ᠪᠣᠯᠤᠨ᠎ᠠ᠂ | ᠠᠵᠤ ᠠᠬᠤᠶᠢᠯᠠᠯ ᠪᠠ ᠣᠯᠠᠨ ᠲᠦᠮᠡᠨ ᠢ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ︔ ᠮᠠᠲ᠋ᠧᠷᠢᠶᠠᠯ ᠤᠨ ᠨᠠᠷᠢᠨ | ᠬᠠᠭᠤᠳᠠᠰᠤ ᠠᠴᠠ ᠬᠠᠷᠭᠤᠭᠤᠯᠤᠨ ᠬᠠᠰᠤᠵᠤ ᠪᠤᠯᠬᠤ ᠥᠬᠡᠶ ᠪᠤᠯ᠂ ᠰᠠᠯᠠᠭ᠎ᠠ ᠮᠥᠴᠢᠷ ᠤᠨ ᠬᠤᠭᠤᠷᠤᠨᠳᠤᠬᠢ | ᠬᠠᠮᠳᠤ ᠪᠠᠷ ᠭᠥᠷᠳᠡᠬᠦ ᠡᠯᠧᠺᠲᠷᠣᠨ ᠭᠡᠷᠡᠴᠢ ᠦᠨᠡᠮᠯᠡᠯ ᠢᠶᠠᠷ ᠳᠡᠮᠵᠢᠨ ᠣᠯᠵᠤ ᠪᠣᠯᠤᠨ᠎ᠠ᠂ ᠭᠡᠪᠡᠴᠦ ᠠᠵᠤ ᠠᠬᠤᠶᠢᠯᠠᠯ | ᠪᠠ ᠣᠯᠠᠨ ᠲᠦᠮᠡᠨ ᠡᠷᠬᠡ ᠤᠯᠭᠤᠵᠦ ᠨᠤᠲᠠᠯᠠᠭᠰᠠᠨ ᠪᠠᠶᠢᠬᠤ ᠬᠡᠷᠡᠭᠳᠡᠢ᠃ ᠨᠢᠭᠡᠨᠲᠡ ᠬᠠᠤᠯᠢ ᠶᠤᠰᠤ ᠪᠠᠷ | ᠬᠤᠪᠢᠷᠠᠭᠠᠵᠦ ᠬᠠᠯᠠᠭᠰᠠᠨ ᠢ ᠨᠢ ᠨᠤᠲᠠᠯᠠᠭᠰᠠᠨ ᠪᠤᠯ᠂ ᠬᠤᠪᠢᠷᠠᠭᠠᠵᠦ ᠬᠠᠯᠠᠭᠰᠠᠨ ᠤ ᠳᠠᠷᠠᠭᠠᠬᠢ ᠮᠠᠲ᠋ᠧᠷᠢᠶᠠᠯ ᠢᠶᠠᠷ | ᠪᠠᠷᠢᠮᠵᠢᠶ᠎ᠠ ᠪᠤᠯᠭᠠᠬᠤ ᠬᠡᠷᠡᠭᠳᠡᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠨᠥᠬᠦᠴᠡᠯ ᠲᠠᠢ ᠬᠦᠢᠴᠡᠳᠬᠡᠬᠦ ᠵᠠᠭᠤᠴᠢ | ᠦᠢᠯᠡᠴᠢᠯᠡᠭᠡᠨ ᠤ ᠵᠦᠢᠯᠡᠰ ᠪᠠ ᠭᠡᠷᠡᠴᠢᠯᠡᠬᠦ ᠵᠦᠢᠯᠡᠰ ᠲᠤ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ | ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠦᠨᠳᠦᠰᠦᠯᠡᠯ ᠪᠠᠶᠢᠬᠤ ᠬᠡᠷᠡᠭᠳᠡᠢ᠃ | ᠠᠷᠪᠠᠨ ᠬᠤᠶᠠᠳᠤᠭᠠᠷ ᠵᠦᠢᠯ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠨᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠵᠥᠪᠰᠢᠶᠡᠷᠡᠭᠰᠡᠨ ᠠᠴᠠ ᠪᠤᠶ ᠪᠣᠯᠤᠭᠰᠠᠨ ᠴᠣᠬᠤᠯᠠᠪᠤᠷᠢ ᠪᠢᠴᠢᠭ ᠪᠤᠶᠤ ᠭᠡᠷᠡᠴᠢ | ᠦᠨᠡᠮᠯᠡᠯ ᠵᠡᠷᠭᠡ ᠦᠷ᠎ᠡ ᠳ᠋ᠦᠩ ᠪᠤᠯᠭᠠᠬᠤ ᠪᠢᠴᠢᠭ ᠬᠠᠷ᠎ᠠ ᠶᠢᠨ ᠦᠯᠢᠭᠡᠷ ᠬᠡᠪ ᠢ ᠬᠠᠩᠭᠠᠬᠤ ᠬᠡᠷᠡᠭᠳᠡᠢ᠃ ᠦᠯᠢᠭᠡᠷ | ᠬᠡᠪ ᠢ ᠠᠮᠤᠷ ᠲᠦᠪᠰᠢᠨ ᠨᠡᠶᠢᠳᠡᠮ ᠬᠡᠷᠡᠭᠯᠡᠬᠦ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠭᠠᠷᠭᠠᠨ᠎ᠠ᠂ ᠬᠡᠷᠪᠡ ᠠᠵᠤ | ᠠᠬᠤᠶᠢᠯᠠᠯ ᠪᠤᠶᠤ ᠬᠤᠪᠢ ᠬᠥᠮᠦᠨ ᠤ ᠢᠯᠡ ᠪᠠᠶᠢᠯᠭᠠᠬᠤ ᠳᠤ ᠲᠣᠬᠢᠷᠠᠮᠵᠢ ᠥᠬᠡᠶ ᠮᠡᠳᠡᠭᠡ ᠵᠠᠩᠭᠢ ᠲᠠᠢ ᠬᠤᠯᠪᠣᠭᠳᠠᠪᠠᠯ᠂ | ᠡᠷᠬᠡᠪᠰᠢ ᠨᠢᠭᠤᠴᠠᠯᠠᠵᠦ ᠬᠦᠢᠴᠡᠳᠬᠡᠬᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠲᠦᠷᠢᠮ ᠢ | ᠲᠤᠭᠲᠠᠭᠠᠬᠤ᠂ ᠵᠠᠰᠠᠪᠤᠷᠢ ᠤᠷᠤᠭᠤᠯᠬᠤ᠂ ᠬᠦᠴᠦᠨ ᠥᠬᠡᠶ ᠪᠤᠯᠭᠠᠬᠤ ᠠᠴᠠ ᠪᠣᠯᠵᠣ ᠠᠵᠢᠯ ᠶᠠᠪᠤᠳᠠᠯ ᠬᠦᠢᠴᠡᠳᠬᠡᠬᠦ | ᠵᠦᠭᠯᠡᠭᠦᠷ ᠲᠤ ᠲᠣᠬᠢᠷᠠᠭᠤᠯᠤᠯᠲᠠ ᠬᠢᠬᠦ ᠴᠢᠬᠤᠯᠠᠲᠠᠶ ᠪᠤᠯᠤᠭᠰᠠᠨ ᠪᠤᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠨᠢ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠵᠡᠷᠭᠡ ᠳᠤ ᠨᠢ ᠲᠣᠬᠢᠷᠠᠭᠤᠯᠤᠯᠲᠠ ᠬᠢᠬᠦ ᠶᠢ ᠪᠡᠶᠡᠯᠡᠭᠦᠯᠵᠦ᠂ ᠲᠣᠰ ᠠᠷᠭ᠎ᠠ ᠶᠢᠨ ᠨᠠᠢᠮᠠᠳᠤᠭᠠᠷ ᠵᠦᠢᠯ ᠤᠨ | ᠲᠣᠭᠲᠠᠭᠠᠯ ᠶᠣᠰᠣᠭᠠᠷ ᠢᠯᠡ ᠨᠡᠶᠢᠲᠡᠯᠡᠪᠡᠯ ᠵᠤᠬᠢᠨ᠎ᠠ᠃ | ᠠᠷᠪᠠᠨ ᠳᠥᠷᠪᠡᠳᠦᠭᠡᠷ ᠵᠦᠢᠯ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ | ᠪᠤᠶᠤ ᠤᠯᠤᠰ ᠤᠨ ᠨᠢᠭᠤᠴᠠ ᠳᠤ ᠬᠤᠯᠪᠣᠭᠳᠠᠭᠰᠠᠨ ᠵᠡᠷᠭᠡ ᠪᠠᠶᠢᠳᠠᠯ ᠠᠴᠠ ᠭᠠᠳᠠᠨ᠎ᠠ᠂ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠪᠦᠬᠦᠨ ᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ | ᠴᠣᠠᠠᠴᠠᠵᠢᠭᠤᠯᠥᠠᠠᠰᠠᠨ ᠲᠠᠪᠴᠠᠩ ᠳᠤ ᠣᠷᠣᠭᠤᠯᠤᠨ ᠪᠥᠬᠦ ᠶᠠᠪᠤᠴᠠ ᠪᠠᠷ ᠨᠢ ᠬᠦᠢᠴᠡᠳᠬᠡᠵᠦ᠂ ᠠᠵᠤ ᠠᠬᠤᠶᠢᠯᠠᠯ ᠪᠠ | ᠣᠯᠠᠨ ᠲᠦᠮᠡᠨ ᠳᠤ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠣᠯᠠᠨ ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠬᠦᠢᠴᠡᠳᠬᠡᠬᠦ ᠠᠷᠭ᠎ᠠ ᠵᠠᠮ ᠬᠠᠩᠭᠠᠬᠤ ᠬᠡᠷᠡᠭᠳᠡᠢ᠂ ᠬᠦᠢᠴᠡᠳᠬᠡᠬᠦ ᠠᠷᠭ᠎ᠠ ᠵᠠᠮ ᠢ ᠨᠢ | ᠬᠢᠵᠠᠭᠠᠷᠯᠠᠨ ᠲᠤᠭᠲᠠᠭᠠᠵᠦ ᠪᠤᠯᠬᠤ ᠦᠭᠡᠢ᠃ | ᠭᠤᠷᠪᠠᠳᠤᠭᠠᠷ ᠪᠦᠯᠦᠭ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠠᠷᠢᠮᠵᠢᠶᠠᠵᠢᠭᠤᠯᠤᠯᠲᠠ | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ︽ᠤᠯᠤᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠪᠠᠷᠢᠮᠵᠢᠶ᠎ᠠ︾ ᠶᠣᠰᠣᠭᠠᠷ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ | ᠴᠣᠭᠴᠠᠵᠢᠭᠤᠯᠤᠭᠰᠠᠨ ᠲᠠᠪᠴᠠᠩ ᠢ ᠬᠠᠷᠢᠭᠤᠴᠠᠨ ᠪᠠᠶᠢᠭᠤᠯᠬᠤ ᠶᠢᠨ ᠬᠠᠮᠲᠤ᠂ ᠤᠯᠤᠰ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠪᠡᠶᠡᠯᠡᠬᠦᠯᠬᠦ ᠬᠡᠷᠡᠭᠳᠡᠢ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ︽ | ᠦᠢᠯᠡᠴᠢᠯᠡᠭᠡ︾ ᠶᠢᠨ ᠪᠤᠯᠤᠩ ᠳᠤ ᠤᠷᠤᠴᠠ ᠲᠣᠬᠢᠷᠠᠭᠤᠯᠵᠤ᠂ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ | ᠬᠢᠭᠡᠳ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠠᠠᠴᠠᠵᠢᠭᠤᠯᠥᠠᠠᠰᠠᠨ ᠲᠠᠪᠴᠠᠩ ᠤᠨ | ᠵᠤᠯᠭᠠᠯᠳᠤᠯ ᠪᠠ ᠨᠢᠭᠤᠷ ᠤᠨ ᠳᠡᠯᠭᠡᠴᠡ ᠶᠢᠨ ᠠᠵᠢᠯ ᠢ ᠰᠠᠶᠢᠳᠤᠷ ᠬᠢᠬᠦ ᠬᠡᠷᠡᠭᠳᠡᠢ᠃ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠢᠭᠡ ᠴᠣᠭᠴᠠᠵᠢᠭᠤᠯᠤᠭᠰᠠᠨ ᠲᠠᠪᠴᠠᠩ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠢᠰᠲ᠋ᠧᠮ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠫᠤᠷᠲ᠋ᠧᠯ᠂ ᠪᠡᠶ᠎ᠡ ᠭᠠᠷᠤᠯ ᠤᠨ ᠭᠡᠷᠡᠴᠢᠯᠡᠬᠦ ᠰᠢᠰᠲ᠋ᠧᠮ᠂ ᠡᠯᠧᠺᠲᠷᠣᠨ | ᠭᠡᠷᠡᠴᠢ ᠦᠨᠡᠮᠯᠡᠯ ᠤᠨ ᠰᠢᠰᠲ᠋ᠧᠮ᠂ ᠡᠯᠧᠺᠲᠷᠣᠨ ᠲᠠᠮᠠᠭ᠎ᠠ ᠶᠢᠨ ᠰᠢᠰᠲ᠋ᠧᠮ ᠪᠠ ︽ᠰᠠᠶᠢᠨ ᠪᠠ ᠠᠨᠠᠢ ᠶᠢᠨ ᠦᠨᠡᠯᠡᠯᠲᠡ | ︾ ᠶᠢᠨ ᠰᠢᠰᠲ᠋ᠧᠮ ᠢ ᠨᠢᠭᠡᠳᠦᠯᠲᠡᠶ ᠠᠰᠢᠭᠯᠠᠬᠤ ᠬᠡᠷᠡᠭᠳᠡᠢ᠂ ᠬᠠᠮᠢᠶ᠎ᠠ ᠪᠥᠬᠦᠶ ᠰᠢᠰᠲ᠋ᠧᠮ ᠢ ᠳᠠᠪᠬᠤᠷᠳᠠᠭᠤᠯᠤᠨ | ᠪᠠᠶᠢᠭᠤᠯᠵᠦ ᠪᠤᠯᠬᠤ ᠦᠭᠡᠢ᠃ | ᠠᠷᠪᠠᠨ ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠨᠢ ︽ᠬᠡᠨ ᠪᠠᠶᠢᠭᠤᠯᠪᠠᠯ᠂ ᠲᠡᠷᠡ ᠵᠣᠯᠭᠠᠭᠤᠯᠬᠤ︾ ᠱᠠᠭᠠᠷᠳᠠᠯᠭ᠎ᠠ ᠶᠣᠰᠣᠭᠠᠷ᠂ ᠲᠣᠰ ᠰᠠᠯᠠᠭ᠎ᠠ | ᠮᠥᠴᠢᠷ ᠤᠨ ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ | ᠬᠦᠢᠴᠡᠳᠬᠡᠬᠦ ᠰᠢᠰᠲ᠋ᠧᠮ ᠢᠶᠠᠨ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ | ᠴᠣᠠᠠᠴᠠᠵᠢᠭᠤᠯᠥᠠᠠᠰᠠᠨ ᠲᠠᠪᠴᠠᠩ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ | ᠭᠥᠷᠳᠡᠬᠦ ᠲᠠᠪᠴᠠᠩ ᠯᠤᠭ᠎ᠠ ᠵᠣᠯᠭᠠᠭᠤᠯᠵᠤ᠂ ᠰᠦᠯᠵᠢᠶ᠎ᠡ ᠪᠠᠨ ᠨᠡᠪᠲᠡᠷᠡᠭᠦᠯᠦᠭᠰᠡᠨ᠂ ᠳ᠋ᠠᠶᠢᠲ᠋ᠠ ᠶᠢ ᠬᠠᠮᠲᠤ ᠪᠠᠷ | ᠬᠦᠷᠲᠡᠭᠰᠡᠨ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠭᠰᠠᠨ ᠪᠤᠯᠭᠠᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠨᠢᠭᠡ ᠯᠡ ᠰᠦᠯᠵᠢᠶ᠎ᠡ ᠪᠠᠷ ᠨᠡᠶᠢᠳᠡᠮ ᠬᠦᠢᠴᠡᠳᠬᠡᠬᠦ︾ ᠶᠢ ᠠᠬᠢᠭᠤᠯᠬᠤ ᠬᠡᠷᠡᠭᠳᠡᠢ᠃ | ᠠᠷᠪᠠᠨ ᠳᠣᠯᠣᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠰᠦᠯᠵᠢᠶᠡᠨ ᠥᠷᠲᠡᠭᠡ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠦᠢᠴᠡᠳᠬᠡᠬᠦ ᠪᠤᠯᠤᠩ ᠨᠢ | ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠠᠠᠴᠠᠵᠢᠭᠤᠯᠥᠠᠠᠰᠠᠨ ᠲᠠᠪᠴᠠᠩ ᠤᠨ ᠳ᠋ᠠᠶᠢᠲ᠋ᠠ | ᠪᠠ ᠦᠢᠯᠡᠴᠢᠯᠡᠭᠡ ᠶᠢᠨ ᠢᠷᠡᠯᠲᠡ ᠨᠢᠭᠡᠳᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ᠃ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠨᠢ ᠤᠨᠴᠠᠯᠢᠭ ᠲᠠᠢ ᠦᠢᠯᠡᠴᠢᠯᠡᠭᠡ ᠶᠢᠨ ᠵᠠᠯᠭᠠᠨ ᠣᠷᠣᠭᠤᠯᠬᠤ ᠪᠠ ᠪᠥᠲᠥᠭᠡᠨ | ᠪᠠᠶᠢᠭᠤᠯᠬᠤ ᠠᠵᠢᠯ ᠢ ᠥᠷᠨᠢᠭᠦᠯᠵᠦ᠂ ︽ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠫᠤᠷᠲ᠋ᠧᠯ ᠤᠨ | ᠠᠷᠠᠳ ᠲᠤ ᠲᠥᠬᠦᠮ ᠦᠵᠡᠭᠦᠯᠬᠦ ᠬᠡᠷᠡᠭᠯᠡᠭᠡᠨ ᠢ ᠵᠠᠯᠭᠠᠨ ᠣᠷᠣᠭᠤᠯᠬᠤ ᠨᠢᠭᠡᠳᠦᠯᠲᠡᠶ ᠵᠦᠭᠯᠡᠭᠦᠷ︾ ᠶᠣᠰᠣᠭᠠᠷ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠡᠨ ᠤ ᠨᠢᠭᠤᠷ ᠪᠠ ᠬᠠᠷᠢᠯᠴᠠᠨ ᠰᠣᠯᠢᠯᠴᠠᠬᠤ ᠴᠢᠳᠠᠮᠵᠢ ᠶᠢ | ᠨᠡᠭᠡᠭᠡᠨ ᠬᠥᠭᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ | ᠪᠠᠶᠢᠭᠤᠯᠤᠮᠵᠢ ᠨᠢ ᠨᠢᠭᠡᠳᠦᠯᠲᠡᠶ ᠬᠢᠨᠠᠨ ᠬᠠᠷᠭᠤᠭᠤᠯᠵᠤ ᠨᠡᠶᠢᠲᠡᠯᠡᠬᠦ ᠶᠢ ᠬᠠᠷᠢᠭᠤᠴᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ | ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ᠂ ᠬᠡᠷᠡᠭᠯᠡᠭᠴᠢᠳ ᠲᠤ ᠦᠢᠯᠡᠴᠢᠯᠡᠬᠦ᠂ ᠳ᠋ᠠᠶᠢᠲ᠋ᠠ ᠨᠡᠪᠲᠡᠷᠡᠬᠦᠯᠬᠦ᠂ | ᠲᠤᠬᠠᠶᠢᠯᠠᠭᠰᠠᠨ ᠠᠵᠢᠯ ᠤᠨ ᠦᠵᠦᠬᠦᠷ ᠤᠨ ᠰᠠᠭᠤᠷᠢᠨ ᠳᠡᠭᠡᠷ᠎ᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠬᠢ | ᠪᠠᠶᠠᠯᠢᠭ ᠢ ︽ᠮᠥᠩᠬᠡ ᠰᠤᠪᠠᠭ ᠢᠶᠠᠷ ᠬᠦᠢᠴᠡᠳᠬᠡᠬᠦ︾ ᠰᠢᠯᠵᠢᠮᠡᠯ ᠦᠵᠦᠭᠦᠷ ᠲᠤ ᠵᠠᠯᠭᠠᠵᠦ᠂ ᠰᠢᠯᠵᠢᠮᠡᠯ | ᠦᠵᠦᠭᠦᠷ ᠢᠶᠠᠷ ᠬᠠᠶᠢᠨ ᠯᠠᠪᠯᠠᠬᠤ᠂ ᠠᠵᠢᠯ ᠶᠠᠪᠤᠳᠠᠯ ᠬᠦᠢᠴᠡᠳᠬᠡᠬᠦ᠂ ᠬᠡᠷᠡᠭᠯᠡᠬᠦ ᠵᠡᠷᠭᠡ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠬᠠᠩᠭᠠᠬᠤ ᠬᠡᠷᠡᠭᠳᠡᠢ᠃ | ᠠᠷᠪᠠ ᠶᠢᠰᠦᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ | ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠥᠬᠦ ᠶᠠᠪᠤᠴᠠ ᠪᠠᠷ ᠨᠢ | ᠡᠯᠧᠺᠲᠷᠤᠨᠵᠢᠬᠦᠯᠬᠦ᠂ ᠪᠥᠬᠦ ᠶᠠᠪᠤᠴᠠ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ᠂ ᠪᠥᠬᠦ ᠶᠠᠪᠤᠴᠠ ᠳᠤ ᠨᠢ | ᠰᠤᠯᠪᠢᠴᠠᠨ ᠦᠢᠯᠡᠴᠢᠯᠡᠬᠦ ᠶᠢ ᠬᠠᠷᠢᠭᠤᠴᠠᠨ ᠠᠬᠢᠭᠤᠯᠵᠤ᠂ ᠰᠦᠯᠵᠢᠶ᠎ᠡ ᠪᠠᠷ ᠠᠰᠠᠭᠤᠨ ᠯᠠᠪᠯᠠᠬᠤ᠂ ᠭᠥᠯᠢᠶᠡᠨ ᠠᠪᠴᠤ | ᠬᠦᠢᠴᠡᠳᠭᠡᠬᠦ᠂ ᠬᠠᠶᠢᠨ ᠯᠠᠪᠯᠠᠬᠤ᠂ ᠲᠣᠭᠠᠴᠠᠭ᠎ᠠ ᠬᠢᠬᠦ᠂ ᠦᠨᠡᠯᠡᠬᠦ ᠵᠡᠷᠭᠡ ᠰᠦᠯᠵᠢᠶ᠎ᠡ ᠪᠠᠷ ᠠᠵᠢᠯ ᠶᠠᠪᠤᠳᠠᠯ | ᠬᠦᠢᠴᠡᠳᠬᠡᠬᠦ ᠦᠢᠯᠡᠴᠢᠯᠡᠭᠡ ᠶᠢ ᠪᠡᠶᠡᠯᠡᠭᠦᠯᠵᠦ᠂ ᠨᠠᠩ ᠣᠯᠠᠨ ᠦᠢᠯᠡᠴᠢᠯᠡᠭᠡᠨ ᠤ ᠵᠦᠢᠯᠡᠰ ᠢ ᠪᠥᠬᠦ ᠶᠠᠪᠤᠴᠠ ᠳᠤ ᠨᠢ | ᠰᠦᠯᠵᠢᠶ᠎ᠡ ᠪᠠᠷ ᠬᠦᠢᠴᠡᠳᠬᠡᠬᠦ ᠶᠢ ᠪᠡᠶᠡᠯᠡᠭᠦᠯᠬᠦ ᠬᠡᠷᠡᠭᠲᠡᠶ᠃ | ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠦᠷᠢᠶᠡᠨ ᠳᠠᠬᠢ ᠡᠯᠧᠺᠲᠷᠣᠨ ᠲᠠᠮᠠᠭ᠎ᠠ ᠶᠢᠨ ᠬᠡᠷᠡᠭᠯᠡᠯᠲᠡ ᠶᠢ ᠬᠠᠷᠢᠭᠤᠴᠠᠨ ᠠᠬᠢᠭᠤᠯᠬᠤ ᠬᠡᠷᠡᠭᠳᠡᠢ᠃ ᠡᠯᠧᠺᠲᠷᠣᠨ | ᠲᠠᠮᠠᠭ᠎ᠠ ᠶᠢᠨ ᠬᠠᠮᠢᠶᠠᠷᠦᠯᠳᠠ ᠬᠡᠷᠡᠭᠯᠡᠯᠲᠡ ᠶᠢ ᠪᠣᠳᠠᠲᠤ ᠲᠠᠮᠠᠭ᠎ᠠ ᠲᠠᠢ ᠠᠳᠠᠯᠢ ᠪᠠᠶᠢᠯᠭᠠᠬᠤ ᠪᠦᠭᠡᠳ ᠪᠣᠳᠠᠲᠤ | ᠲᠠᠮᠠᠭ᠎ᠠ ᠲᠠᠢ ᠠᠳᠠᠯᠢ ᠪᠠᠷ ᠬᠠᠤᠯᠢ ᠶᠢᠨ ᠬᠦᠴᠦᠨ ᠲᠠᠢ ᠪᠠᠶᠢᠵᠦ᠂ ᠤᠯᠤᠰ ᠤᠨ ᠪᠠᠷᠢᠮᠵᠢᠶ᠎ᠠ ᠪᠠᠷ ᠳᠠᠮᠵᠢᠭᠤᠯᠬᠤ᠂ | ᠬᠢᠨᠠᠨ ᠰᠢᠯᠭᠠᠬᠤ᠂ ᠢᠯᠡᠷᠡᠭᠦ ᠵᠢᠴᠢ ᠳᠠᠷᠤᠮᠠᠯᠯᠠᠬᠤ ᠪᠤᠯᠭᠠᠨ᠂ ᠡᠯᠧᠺᠲᠷᠣᠨ ᠲᠠᠮᠠᠭ᠎ᠠ ᠲᠠᠢ ᠡᠯᠧᠺᠲᠷᠣᠨ | ᠮᠠᠲ᠋ᠧᠷᠢᠶᠠᠯ ᠨᠢ ᠬᠠᠤᠯᠢ ᠳᠤ ᠨᠡᠶᠢᠴᠡᠬᠦ ᠪᠥᠭᠡᠳ ᠬᠦᠴᠦᠨ ᠪᠠᠶᠢᠯᠭᠠᠬᠤ ᠬᠡᠷᠡᠭᠳᠡᠢ᠃ | ᠬᠤᠷᠢᠨ ᠨᠢᠭᠡᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ | ᠤᠯᠤᠰ ᠤᠨ ᠡᠯᠧᠺᠲᠷᠣᠨ ᠬᠡᠷᠡᠴᠢ ᠦᠨᠡᠮᠯᠡᠯ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠵᠢᠷᠤᠮᠵᠢᠯ ᠶᠣᠰᠣᠭᠠᠷ | ᠡᠯᠧᠺᠲᠷᠣᠨ ᠬᠡᠷᠡᠴᠢ ᠦᠨᠡᠮᠯᠡᠯ ᠢ ᠦᠢᠯᠡᠳᠬᠦ ᠪᠠ ᠬᠠᠮᠢᠶᠠᠷᠴᠤ᠂ ᠡᠯᠧᠺᠲᠷᠣᠨ ᠬᠡᠷᠡᠴᠢ ᠦᠨᠡᠮᠯᠡᠯ ᠤᠨ ᠳ᠋ᠠᠶᠢᠲ᠋ᠠ ᠶᠢ | ᠴᠤᠭᠯᠠᠭᠤᠯᠤᠨ ᠨᠡᠶᠢᠯᠡᠭᠦᠯᠬᠦ ᠪᠦᠭᠡᠳ ᠳᠡᠭᠡᠭᠰᠢ ᠮᠡᠳᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠠᠪᠤᠴᠠ ᠳᠠᠬᠢ ᠬᠡᠷᠡᠴᠢ ᠦᠨᠡᠮᠯᠡᠯ ᠤᠨ ᠮᠡᠳᠡᠭᠡ ᠵᠠᠩᠭᠢ ᠶᠢ ᠨᠢᠭᠡ ᠤᠳᠠᠭ᠎ᠠ ᠳᠤ ᠪᠣᠶ ᠪᠣᠯᠭᠠᠬᠤ᠂ ᠣᠯᠠᠨ ᠲᠠᠯ᠎ᠠ ᠪᠠᠷ | ᠳᠠᠪᠲᠠᠨ ᠬᠡᠷᠡᠭᠯᠡᠬᠦ᠂ ᠬᠠᠷᠢᠯᠴᠠᠨ ᠮᠡᠳᠡᠷᠡᠵᠦ ᠬᠠᠮᠲᠤ ᠪᠠᠷ ᠭᠥᠷᠳᠡᠬᠦ ᠶᠢ ᠪᠡᠶᠡᠯᠡᠭᠦᠯᠬᠦ ᠬᠡᠷᠡᠭᠳᠡᠢ᠃ ᠡᠯᠧᠺᠲᠷᠣᠨ ᠬᠡᠷᠡᠴᠢ | ᠦᠨᠡᠮᠯᠡᠯ ᠤᠨ ᠰᠢᠰᠲ᠋ᠧᠮ ᠢ ᠪᠠᠶᠢᠭᠤᠯᠤᠭᠠᠳᠤᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠪᠥᠬᠦ | ᠣᠷᠣᠨ ᠤ ᠡᠯᠧᠺᠲᠷᠣᠨ ᠬᠡᠷᠡᠴᠢ ᠦᠨᠡᠮᠯᠡᠯ ᠤᠨ ᠨᠢᠭᠡᠳᠦᠯᠲᠡᠶ ᠰᠢᠰᠲ᠋ᠧᠮ ᠢ ᠰᠢᠭᠤᠳ ᠬᠡᠷᠡᠭᠯᠡᠵᠦ᠂ ᠰᠢᠨ᠎ᠡ ᠪᠠᠷ ᠪᠣᠶ | ᠪᠣᠯᠤᠭᠰᠠᠨ ᠬᠡᠷᠡᠴᠢ ᠦᠨᠡᠮᠯᠡᠯ ᠤᠨ ᠮᠡᠳᠡᠭᠡ ᠵᠠᠩᠭᠢ ᠶᠢ ᠪᠥᠬᠦ ᠣᠷᠣᠨ ᠤ ᠡᠯᠧᠺᠲᠷᠣᠨ ᠬᠡᠷᠡᠴᠢ ᠦᠨᠡᠮᠯᠡᠯ ᠤᠨ | ᠨᠢᠭᠡᠳᠦᠯᠲᠡᠶ ᠬᠥᠮᠥᠷᠭᠡ ᠳᠤ ᠢᠵᠢᠯ ᠠᠯᠬᠤᠮ ᠢᠶᠠᠷ ᠤᠷᠤᠭᠤᠯᠤᠨ ᠳᠠᠩᠰᠠᠯᠠᠵᠦ᠂ ᠡᠯ᠎ᠡ ᠱᠠᠲᠤᠨ ᠤ ᠲᠤᠬᠠᠶᠢᠯᠠᠭᠰᠠᠨ | ᠠᠵᠢᠯ ᠤᠨ ᠰᠢᠰᠲ᠋ᠧᠮ ᠳᠤ ᠡᠯᠧᠺᠲᠷᠣᠨ ᠬᠡᠷᠡᠴᠢ ᠦᠨᠡᠮᠯᠡᠯ ᠢ ᠣᠷᠣᠨ ᠪᠦᠰᠡ ᠠᠯᠤᠰᠯᠠᠨ ᠬᠠᠮᠳᠤ ᠪᠠᠷ ᠭᠥᠷᠳᠡᠬᠦ | ᠦᠢᠯᠡᠴᠢᠯᠡᠭᠡ ᠬᠠᠩᠭᠠᠬᠤ ᠬᠡᠷᠡᠭᠳᠡᠢ᠃ ᠡᠯᠧᠺᠲᠷᠣᠨ ᠬᠡᠷᠡᠴᠢ ᠦᠨᠡᠮᠯᠡᠯ ᠨᠢ ᠴᠠᠭᠠᠰᠤᠨ ᠭᠡᠷᠡᠴᠢ ᠦᠨᠡᠮᠯᠡᠯ ᠲᠠᠢ ᠠᠳᠠᠯᠢ | ᠬᠠᠤᠯᠢ ᠶᠢᠨ ᠬᠦᠴᠦᠨ ᠲᠠᠢ᠃ | ᠳᠦᠷᠪᠡᠳᠦᠭᠡᠷ ᠪᠦᠯᠦᠭ ᠰᠦᠯᠵᠢᠶᠡᠨ ᠤ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ | ᠪᠠᠷᠢᠮᠵᠢᠶᠠᠵᠢᠭᠤᠯᠤᠯᠲᠠ | ᠬᠤᠷᠢᠨ ᠬᠤᠶᠠᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠨᠢᠭᠡᠳᠦᠯᠲᠡᠶ ᠴᠢᠳᠠᠮᠵᠢ ᠶᠢᠨ ᠪᠠᠶᠢᠷᠢ ᠲᠣᠭᠲᠠᠭᠠᠯᠲᠠ᠂ ᠨᠢᠭᠡᠳᠦᠯᠲᠡᠶ ᠨᠡᠷᠡᠶᠢᠳᠦᠯ ᠤᠨ ᠲᠡᠮᠳᠡᠭ᠂ ᠨᠢᠭᠡᠳᠦᠯᠲᠡᠶ ᠰᠠᠭᠤᠷᠢ | ᠪᠡᠯᠡᠳᠬᠡᠮᠵᠢ᠂ ᠨᠢᠭᠡᠳᠦᠯᠲᠡᠶ ᠠᠵᠢᠯᠯᠠᠭᠠᠨ ᠤ ᠵᠠᠭᠪᠤᠷ ᠲᠠᠢ ᠪᠠᠶᠢᠬᠤ ᠱᠠᠭᠠᠷᠳᠠᠯᠭ᠎ᠠ ᠶᠣᠰᠣᠭᠠᠷ ᠪᠠᠷᠢᠮᠵᠢᠶᠠᠵᠢᠭᠤᠯᠤᠨ | ᠪᠠᠶᠢᠭᠤᠯᠬᠤ ᠬᠡᠷᠡᠭᠳᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠡᠷᠡᠶᠢᠳᠦᠯ᠂ ᠬᠦᠢᠴᠡᠳᠬᠡᠬᠦ | ᠴᠤᠪᠤᠷᠠᠯ᠂ ᠭᠤᠶᠤᠴᠢᠯᠠᠯ ᠤᠨ ᠮᠠᠲ᠋ᠧᠷᠢᠶᠠᠯ ᠳᠤ ᠪᠠᠷᠢᠮᠵᠢᠶᠠᠵᠢᠭᠰᠠᠨ ᠬᠠᠮᠢᠶᠠᠷᠤᠯᠲᠠ ᠶᠢ ᠬᠡᠷᠡᠭᠵᠢᠬᠦᠯᠬᠦ ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ | ᠴᠢᠨᠠᠷᠲᠠᠶ ᠲᠢᠩᠬᠢᠮ ᠢ ᠪᠠᠶᠢᠭᠤᠯᠵᠤ᠂ ᠪᠠᠷᠢᠮᠵᠢᠶᠠᠵᠢᠭᠰᠠᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠣᠯᠠᠨ | ᠲᠦᠮᠡᠨ ᠤ ᠬᠤᠪᠢ ᠬᠥᠮᠦᠨ ᠳᠤ ᠬᠤᠯᠪᠣᠭᠳᠠᠬᠤ ᠵᠦᠢᠯ ᠢ ︽ᠡᠷᠬᠡ ᠣᠯᠭᠤᠬᠤ᠂ ᠳᠣᠷᠣᠭᠰᠢ ᠪᠠᠭᠤᠯᠭᠠᠬᠤ᠂ ᠦᠷ᠎ᠡ | ᠠᠰᠢᠭ ᠢ ᠨᠡᠮᠡᠭᠳᠡᠭᠦᠯᠬᠦ︾ ᠵᠠᠷᠴᠢᠮ ᠶᠣᠰᠣᠭᠠᠷ ᠰᠤᠮᠤ ᠪᠠᠯᠭᠠᠰᠤ ︵ᠵᠡᠭᠡᠯᠢ ᠭᠤᠳᠤᠮᠵᠢ︶ ᠳᠤ ᠬᠦᠷᠲᠡᠯ᠎ᠡ ᠪᠠᠭᠤᠯᠭᠠᠬᠤ | ᠬᠡᠷᠡᠭᠳᠡᠢ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠲᠦᠰᠢᠭᠯᠡᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠬᠦᠢᠴᠡᠳᠬᠡᠬᠦ ᠴᠡᠭ ᠢ | ᠪᠠᠶᠢᠭᠤᠯᠵᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠣᠷᠣᠯᠠᠨ ᠬᠦᠢᠴᠡᠳᠬᠡᠬᠦ ᠪᠠ ᠬᠠᠪᠰᠦᠷᠴᠦ | ᠬᠦᠢᠴᠡᠳᠬᠡᠬᠦ ᠠᠵᠢᠯ ᠢ ᠦᠷᠨᠢᠬᠦᠯᠬᠦ ᠬᠡᠷᠡᠭᠳᠡᠢ᠃ | ᠬᠤᠷᠢᠨ ᠳᠥᠷᠪᠡᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠯᠲᠡᠶ ᠲᠡᠮᠳᠡᠭ ᠢ ᠨᠡᠮᠡᠵᠦ ᠡᠯᠭᠦᠪᠠᠯ ᠵᠤᠬᠢᠨ᠎ᠠ᠃ | ᠨᠡᠷᠡᠶᠢᠳᠦᠯ ᠢ ︽× × ᠠᠶᠢᠮᠠᠭ ︵ᠬᠤᠲᠠ︶ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ︾ ︽× | × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ︾ ︽ | × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × ᠰᠤᠮᠤ ︵ᠰᠢᠶᠠᠩ᠂ ᠪᠠᠯᠭᠠᠰᠤ᠂ ᠵᠡᠭᠡᠯᠢ ᠭᠤᠳᠤᠮᠵᠢ | ︶ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ︾ ︽× × ᠰᠤᠮᠤ ︵ᠰᠢᠶᠠᠩ᠂ ᠪᠠᠯᠭᠠᠰᠤ᠂ ᠵᠡᠭᠡᠯᠢ | ᠭᠤᠳᠤᠮᠵᠢ︶ ᠶᠢᠨ × × ᠭᠠᠴᠠᠭ᠎ᠠ ︵ᠲᠣᠰᠬᠤᠨ᠂ ᠨᠡᠶᠢᠭᠡᠮ ᠲᠣᠭᠤᠷᠢᠭ︶ ᠶᠢᠨ ᠠᠷᠠᠳ ᠲᠤ ᠳᠥᠭᠦᠮ ᠦᠵᠡᠭᠦᠯᠬᠦ | ᠦᠢᠯᠡᠴᠢᠯᠡᠭᠡᠨ ᠤ ᠴᠡᠭ︾ ᠭᠡᠵᠦ ᠨᠢᠭᠡᠳᠬᠡᠨ᠎ᠡ᠃ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠲᠤᠰᠠᠭᠠᠷ ᠪᠠᠶᠢᠭᠤᠯᠤᠭᠰᠠᠨ ᠲᠤᠰᠬᠠᠶ ᠲᠢᠩᠬᠢᠮ ᠨᠢ ᠵᠡᠷᠭᠡ ᠲᠠᠰ ᠢᠶᠠᠨ ᠦᠨᠳᠦᠰᠦᠯᠡᠨ | ᠨᠡᠷᠡᠶᠢᠳᠦᠯ ᠢᠶᠠᠨ ︽ᠥᠪᠡᠷᠲᠡᠭᠡᠨ ᠵᠠᠰᠠᠬᠤ ᠣᠷᠣᠨ ︵ᠪᠤᠶᠤ × × ᠠᠶᠢᠮᠠᠭ ︵ᠬᠤᠲᠠ︶︶ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ × × ᠬᠤᠪᠢᠶᠠᠷᠢ ᠲᠢᠩᠬᠢᠮ︾ ᠭᠡᠵᠦ ᠨᠢᠭᠡᠳᠬᠡᠨ᠎ᠡ᠃ | ᠬᠤᠷᠢᠨ ᠲᠠᠪᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠦᠢᠯᠡᠴᠢᠯᠡᠭᠡᠨ ᠤ ᠴᠢᠳᠠᠮᠵᠢ ᠶᠢᠨ ᠬᠠᠷᠢᠴᠠᠩᠭᠤᠶ ᠲᠥᠪᠯᠡᠷᠡᠭᠰᠡᠨ᠂ ᠳᠣᠲᠣᠭᠠᠳᠤ ᠳᠤ ᠪᠠᠨ ᠠᠯᠪᠠᠯᠠᠬᠤ ᠪᠠ ᠭᠠᠳᠠᠷ | ᠦᠢᠯᠡᠴᠢᠯᠡᠭᠡ ᠪᠠᠨ ᠵᠣᠬᠢᠰᠲᠠᠶ ᠰᠠᠯᠭᠠᠭᠰᠠᠨ᠂ ᠦᠢᠯᠡᠴᠢᠯᠡᠬᠦ ᠳᠤ ᠲᠥᠬᠦᠮ ᠦᠵᠡᠭᠦᠯᠬᠦ ᠵᠠᠷᠴᠢᠮ ᠶᠣᠰᠣᠭᠠᠷ᠂ | ᠠᠰᠠᠭᠤᠨ ᠯᠠᠪᠯᠠᠬᠤ ᠦᠢᠯᠡᠴᠢᠯᠡᠭᠡ᠂ ᠴᠣᠩᠬᠤᠪᠴᠢ ᠦᠢᠯᠡᠴᠢᠯᠡᠭᠡ᠂ ᠲᠥᠪᠯᠡᠷᠡᠭᠦᠯᠦᠨ ᠬᠢᠨᠠᠨ ᠵᠥᠪᠰᠢᠶᠡᠷᠡᠬᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠦᠪᠡᠰᠦᠪᠡᠨ ᠦᠢᠯᠡᠴᠢᠯᠡᠬᠦ᠂ ᠠᠮᠠᠷᠠᠨ ᠬᠦᠯᠢᠶᠡᠬᠦ᠂ ᠣᠷᠣᠯᠠᠨ | ᠬᠦᠢᠴᠡᠳᠬᠡᠬᠦ ᠪᠠ ᠬᠠᠪᠰᠤᠷᠴᠦ ᠬᠦᠢᠴᠡᠳᠭᠡᠬᠦ ᠵᠡᠷᠭᠡ ᠴᠢᠳᠠᠮᠵᠢ ᠬᠤᠪᠢᠶᠠᠷᠢᠯᠠᠭᠰᠠᠨ ᠭᠠᠵᠠᠷ ᠪᠠ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠵᠣᠬᠢᠰᠲᠠᠶ ᠪᠠᠶᠢᠷᠢᠯᠠᠭᠤᠯᠤᠨ ᠲᠤᠬᠢᠷᠠᠭᠤᠯᠬᠤ ᠬᠡᠷᠡᠭᠳᠡᠢ᠃ | ᠦᠢᠯᠡᠴᠢᠯᠡᠭᠡᠨ ᠤ ᠭᠠᠵᠠᠷ ᠲᠠᠯᠠᠪᠤᠷ ᠤᠨ ᠲᠠᠯᠠᠪᠠᠶ ᠨᠢ ᠬᠢᠵᠠᠭᠠᠷ ᠲᠠᠢ ᠪᠤᠯ᠂ ᠴᠢᠳᠠᠮᠵᠢ ᠬᠤᠪᠢᠶᠠᠷᠢᠯᠠᠭᠰᠠᠨ ᠭᠠᠵᠠᠷ ᠨᠢ | ᠨᠡᠶᠢᠯᠡᠭᠦᠯᠦᠨ ᠪᠠᠶᠢᠷᠢᠯᠠᠭᠤᠯᠵᠤ ᠪᠣᠯᠤᠨ᠎ᠠ᠃ | ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠲᠤᠬᠠᠶ ᠶᠢᠨ ᠭᠠᠵᠠᠷ ᠤᠨ ᠪᠠᠶᠢᠳᠠᠯ ᠳᠤ ᠪᠠᠨ ᠳᠣᠭᠢᠷᠠᠭᠤᠯᠤᠨ ᠠᠵᠢᠯ ᠶᠠᠪᠤᠳᠠᠯ ᠬᠦᠢᠴᠡᠳᠬᠡᠬᠦ ᠬᠡᠷᠡᠭᠴᠡᠭᠡ ᠱᠠᠭᠠᠷᠳᠠᠯᠭ᠎ᠠ | ᠪᠠ ᠡᠳᠦᠷ ᠲᠤᠲᠤᠮ ᠤᠨ ᠠᠯᠪᠠᠯᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠦᠢᠯᠡᠴᠢᠯᠡᠭᠡᠨ ᠤ ᠪᠡᠯᠡᠳᠬᠡᠮᠵᠢ᠂ ᠰᠠᠭᠠᠳ | ᠥᠬᠡᠶ ᠪᠡᠯᠡᠳᠬᠡᠮᠵᠢ᠂ ᠨᠤᠭᠤᠭᠠᠷᠠᠭᠤᠯᠬᠤ ᠪᠡᠯᠡᠳᠬᠡᠮᠵᠢ ᠵᠢᠴᠢ ᠦᠢᠯᠡᠴᠢᠯᠡᠭᠡᠨ ᠤ ᠲᠥᠬᠦᠭᠡᠷᠦᠮᠵᠢ᠂ ᠠᠯᠪᠠᠯᠠᠬᠤ | ᠲᠥᠬᠦᠭᠡᠷᠦᠮᠵᠢ᠂ ᠪᠠᠲᠤᠯᠠᠭ᠎ᠠ ᠶᠢᠨ ᠲᠥᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠲᠥᠬᠦᠭᠡᠷᠦᠮᠵᠢ ᠵᠡᠷᠭᠡ ᠶᠢ | ᠬᠠᠩᠭᠠᠬᠤ ᠬᠡᠷᠡᠭᠳᠡᠢ᠃ | ᠬᠤᠷᠢᠨ ᠳᠣᠯᠣᠳᠤᠭᠠᠷ ᠵᠦᠢᠯ ᠨᠢᠭᠤᠴᠠ ᠳᠤ ᠬᠤᠯᠪᠣᠭᠳᠠᠬᠤ ᠪᠤᠶᠤ ᠲᠠᠯᠠᠪᠤᠷ ᠭᠠᠵᠠᠷ ᠤᠨ ᠬᠢᠵᠠᠭᠠᠷᠯᠠᠯ ᠵᠡᠷᠭᠡ | ᠤᠨᠴᠠᠭᠠᠢ ᠰᠢᠯᠲᠠᠭᠠᠨ ᠠᠴᠠ ᠭᠠᠳᠠᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠳᠠᠯᠢ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠦᠢᠯᠡᠴᠢᠯᠡᠬᠦ ᠬᠡᠪᠴᠢᠶᠠᠨ ᠳᠤ ᠤᠷᠤᠭᠤᠯᠬᠤ ᠮᠦᠷᠲᠡᠭᠡᠨ | ᠲᠥᠪᠯᠡᠷᠡᠭᠦᠯᠦᠨ ᠨᠢᠭᠡᠳᠦᠯᠲᠡᠶ ᠬᠦᠢᠴᠡᠳᠬᠡᠬᠦ ᠶᠢ ᠬᠡᠷᠡᠭᠵᠢᠬᠦᠯᠬᠦ ᠬᠡᠷᠡᠭᠳᠡᠢ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠨᠢ ᠵᠥᠪᠯᠡᠯᠴᠡᠭᠡᠷ ᠲᠤᠭᠲᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠳᠠᠯᠢ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠨᠠᠶᠢᠳᠠᠵᠦ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠴᠤ ᠬᠦᠢᠴᠡᠳᠬᠡᠯᠭᠡᠬᠦ ᠪᠠ ᠬᠦᠷᠭᠡᠵᠦ ᠦᠭᠬᠦ | ᠠᠵᠢᠯ ᠢ ᠬᠠᠷᠢᠭᠤᠴᠠᠭᠤᠯᠵᠤ ᠪᠣᠯᠤᠨ᠎ᠠ᠃ | ᠬᠤᠷᠢᠨ ᠨᠠᠢᠮᠠᠳᠤᠭᠠᠷ ᠵᠦᠢᠯ ᠤᠯᠤᠰ ᠠᠴᠠ ᠠᠰᠲᠠᠭᠠᠨ ᠲᠣᠭᠲᠠᠭᠠᠯ ᠲᠠᠢ ᠪᠤᠶᠤ ᠤᠨᠴᠠᠭᠠᠢ ᠰᠢᠯᠲᠠᠭᠠᠨ ᠠᠴᠠ | ᠭᠠᠳᠠᠨ᠎ᠠ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ︽ᠡᠮᠦᠨᠡᠬᠢ ᠲᠠᠪᠴᠠᠩ ᠳᠤ | ᠶᠡᠷᠦᠩᠬᠡᠢ ᠳᠤ ᠨᠢ ᠬᠦᠯᠢᠶᠡᠨ ᠠᠪᠬᠤ᠂ ᠠᠷᠤ ᠶᠢᠨ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ | ᠶᠡᠷᠦᠩᠬᠡᠶᠢᠯᠡᠭᠰᠡᠨ ᠴᠣᠩᠬᠤᠪᠴᠢ ᠪᠠᠷ ᠪᠢᠴᠢᠭ ᠮᠠᠲ᠋ᠧᠷᠢᠶᠠᠯ ᠭᠠᠷᠭᠠᠬᠤ︾ ︽ᠨᠢᠭᠡ ᠴᠣᠩᠬᠤᠪᠴᠢ︾ ᠪᠠᠷ ᠭᠥᠯᠢᠶᠡᠨ | ᠠᠪᠴᠤ ᠬᠦᠢᠴᠡᠳᠬᠡᠬᠦ ᠵᠠᠭᠪᠤᠷ ᠢ ᠬᠡᠷᠡᠭᠵᠢᠬᠦᠯᠬᠦ ᠬᠡᠷᠡᠭᠳᠡᠢ᠂ ᠵᠠᠷᠴᠢᠮ ᠳᠡᠭᠡᠷ᠎ᠡ ᠪᠠᠨ ᠰᠠᠯᠠᠭ᠎ᠠ ᠮᠥᠴᠢᠷ᠂ | ᠦᠢᠯᠡᠴᠢᠯᠡᠭᠡᠨ ᠤ ᠵᠦᠢᠯᠡᠰ ᠢᠶᠠᠷ ᠲᠤᠰᠬᠠᠶ ᠴᠣᠩᠬᠤᠪᠴᠢ ᠪᠠᠶᠢᠷᠢᠯᠠᠭᠤᠯᠬᠤ ᠦᠭᠡᠢ᠃ ᠶᠡᠷᠦᠩᠬᠡᠶᠢᠯᠡᠭᠰᠡᠨ | ᠴᠣᠩᠬᠤᠪᠴᠢ ᠳᠤ ᠬᠦᠢᠴᠡᠳᠬᠡᠬᠦ ᠪᠠᠷ ᠣᠷᠣᠭᠤᠯᠬᠤ ᠳᠤ ᠲᠣᠬᠢᠷᠠᠮᠵᠢ ᠥᠬᠡᠶ ᠵᠦᠢᠯᠡᠰ ᠢ ᠴᠣᠩᠬᠤᠪᠴᠢ ᠶᠢᠨ | ᠦᠢᠯᠡᠴᠢᠯᠡᠭᠡᠨ ᠤ ᠭᠠᠵᠠᠷ ᠲᠤ ᠲᠥᠪᠯᠡᠷᠡᠭᠦᠯᠦᠨ ᠳᠣᠭᠢᠷᠠᠭᠤᠯᠵᠤ ᠦᠢᠯᠡᠴᠢᠯᠡᠬᠦ ᠬᠡᠷᠡᠭᠳᠡᠢ᠃ | ᠬᠤᠷᠢ ᠶᠢᠰᠦᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠠᠵᠢᠯ ᠶᠠᠪᠤᠳᠠᠯ ᠬᠦᠢᠴᠡᠳᠬᠡᠬᠦ ᠴᠣᠩᠬᠤᠪᠴᠢ ᠪᠤᠶᠤ ᠲᠤᠰᠬᠠᠶ ᠭᠠᠵᠠᠷ ᠲᠤ ᠠᠵᠢᠯᠲᠠᠨ ᠤ ᠣᠪᠣᠭ ᠨᠡᠷ᠎ᠡ᠂ ᠠᠵᠢᠯ ᠤᠨ | ᠡᠭᠦᠷᠭᠡ ᠬᠠᠷᠢᠭᠤᠴᠠᠯᠭ᠎ᠠ᠂ ᠬᠠᠷᠢᠯᠴᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠢᠯᠡ ᠨᠡᠶᠢᠲᠡᠯᠡᠵᠦ᠂ ᠠᠵᠤ ᠠᠬᠤᠶᠢᠯᠠᠯ | ᠪᠠ ᠣᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠳᠡᠢ᠃ ᠬᠠᠤᠯᠢ ᠪᠠ ᠲᠣᠭᠲᠠᠭᠠᠯ | ᠶᠣᠰᠣᠭᠠᠷ ᠬᠠᠮᠲᠤ ᠪᠠᠷ ᠰᠢᠢᠳᠪᠦᠷᠢᠲᠦ ᠪᠤᠳᠤᠯᠭ᠎ᠠ ᠲᠤᠭᠲᠠᠭᠠᠬᠤ ᠴᠢᠬᠤᠯᠠᠲᠠᠶ ᠵᠦᠢᠯᠡᠰ ᠢ ᠭᠠᠷᠭᠠᠪᠠᠯ᠂ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠤᠨ ᠠᠵᠢᠯᠲᠠᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠡᠷᠬᠡ ᠶᠢ ᠬᠦᠢᠴᠡᠳ | ᠣᠯᠭᠤᠵᠤ᠂ ᠭᠥᠯᠢᠶᠡᠨ ᠠᠪᠬᠤ᠂ ᠬᠢᠨᠠᠨ ᠵᠥᠪᠰᠢᠶᠡᠷᠡᠬᠦ᠂ ᠬᠦᠢᠴᠡᠳᠬᠡᠵᠦ ᠳᠠᠭᠤᠰᠬᠠᠬᠤ ᠶᠢ ᠨᠢᠭᠡ ᠥᠷᠲᠡᠭᠡ | ᠮᠠᠶ᠋ᠢᠭ ᠤᠨ ᠦᠢᠯᠡᠴᠢᠯᠡᠭᠡ ᠪᠠᠷ ᠪᠡᠶᠡᠯᠡᠭᠦᠯᠬᠦ ᠬᠡᠷᠡᠭᠳᠡᠢ᠃ | ᠭᠤᠴᠢᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠦᠢᠯᠡᠴᠢᠯᠡᠭᠡᠨ ᠤ ᠠᠬᠤᠢ ᠲᠠᠯᠠᠪᠠᠶ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ | ᠠᠵᠢᠯ ᠤᠨ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠤᠷ ᠢ ᠬᠠᠮᠠᠭᠠᠯᠠᠬᠤ ᠬᠦᠴᠦᠨ ᠢ ᠵᠣᠬᠢᠰᠲᠠᠶ | ᠲᠣᠬᠢᠷᠠᠭᠤᠯᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠦᠷᠢᠮ ᠢ ᠲᠤᠭᠲᠠᠭᠠᠬᠤ ᠬᠡᠷᠡᠭᠳᠡᠢ᠃ ᠡᠳᠦᠷ | ᠲᠤᠲᠤᠮ ᠤᠨ ᠬᠡᠷᠡᠭᠯᠡᠬᠦ ᠣᠯᠠᠨ ᠨᠡᠶᠢᠲᠡ ᠶᠢᠨ ᠡᠳ᠋ ᠪᠣᠳᠠᠰ ᠢ ᠲᠤᠰᠬᠠᠢ ᠭᠠᠵᠠᠷ ᠲᠤ ᠲᠠᠯᠪᠢᠵᠤ᠂ ᠵᠢᠷᠤᠮᠵᠢᠭᠤᠯᠤᠨ | ᠡᠮᠬᠢ ᠳᠢᠭᠯᠢᠮ ᠲᠠᠢ ᠪᠠᠶᠢᠯᠭᠠᠨ᠂ ᠬᠠᠳᠠᠭᠠᠯᠠᠬᠤ ᠲᠤᠭ᠎ᠠ ᠬᠡᠮᠵᠢᠶ᠎ᠡ ᠪᠠ ᠨᠠᠮᠡᠨ ᠲᠤᠬᠢᠷᠠᠭᠤᠯᠬᠤ ᠦᠶᠡᠯᠡᠯ ᠤᠨ | ᠬᠤᠭᠤᠴᠠᠭ᠎ᠠ ᠶᠢ ᠵᠣᠬᠢᠰᠲᠠᠶ ᠲᠤᠬᠢᠷᠠᠭᠤᠯᠬᠤ ᠬᠡᠷᠡᠭᠳᠡᠢ︔ ᠲᠤᠬᠠᠶᠢᠯᠠᠭᠰᠠᠨ ᠠᠵᠢᠯ ᠤᠨ ᠮᠠᠲ᠋ᠧᠷᠢᠶᠠᠯ᠂ ᠪᠢᠴᠢᠭ | ᠮᠠᠲ᠋ᠧᠷᠢᠶᠠᠯ᠂ ᠤᠬᠠᠭᠤᠯᠭ᠎ᠠ ᠶᠢᠨ ᠮᠠᠲ᠋ᠧᠷᠢᠶᠠᠯ ᠢ ᠡᠮᠬᠢ ᠲᠠᠢ ᠲᠢᠭᠯᠡᠵᠦ᠂ ᠲᠥᠷᠥᠯ ᠬᠤᠪᠢᠶᠠᠨ ᠲᠣᠭᠲᠠᠭᠠᠵᠤ᠂ ᠠᠮᠤᠷ | ᠲᠦᠪᠰᠢᠨ ᠬᠠᠳᠠᠭᠠᠯᠠᠬᠤ ᠬᠡᠷᠡᠭᠳᠡᠢ᠃ | ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠪᠣᠳᠠᠲᠠᠶ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠳᠤᠤᠷᠠᠬᠢ ᠤᠨᠴᠠᠭᠠᠢ | ᠦᠢᠯᠡᠴᠢᠯᠡᠭᠡ ᠬᠠᠩᠭᠠᠬᠤ ᠬᠡᠷᠡᠭᠳᠡᠢ᠄ ︵ᠨᠢᠭᠡ︶ ᠴᠡᠷᠢᠭ ᠬᠥᠮᠦᠨ᠂ ᠭᠠᠯ ᠰᠡᠷᠭᠡᠶᠢᠯᠡᠵᠦ ᠤᠨᠲᠠᠷᠠᠭᠠᠬᠤ ᠪᠠ ᠠᠪᠤᠷᠠᠨ | ᠲᠤᠰᠠᠯᠠᠬᠤ ᠠᠵᠢᠯᠲᠠᠨ᠂ ᠡᠮᠴᠢ ᠰᠤᠪᠢᠯᠠᠭᠴᠢ᠂ ᠨᠠᠰᠤᠲᠠᠶ ᠪᠠᠭᠤᠷᠠᠶ ᠡᠪᠡᠳᠴᠢᠲᠡᠶ ᠵᠡᠮᠳᠡᠭ ᠵᠢᠷᠮᠦᠰᠦᠨ ᠵᠡᠷᠭᠡ | ᠬᠥᠮᠦᠰ ᠲᠤ ᠤᠷᠢᠳ ᠢᠶᠠᠷ ︽ᠰᠠᠭᠠᠳ ᠥᠬᠡᠶ ᠨᠡᠪᠲᠡᠷᠡᠬᠦ ᠵᠠᠮ︾ ᠢᠶᠠᠷ ᠦᠢᠯᠡᠴᠢᠯᠡᠭᠡ ᠬᠠᠩᠭᠠᠬᠤ ᠬᠡᠷᠡᠭᠳᠡᠢ᠃ ︵ | ᠬᠤᠶᠠᠷ︶ ᠶᠠᠪᠤᠵᠦ ᠰᠠᠭᠤᠬᠤ ᠳᠤ ᠦᠨᠡᠨ ᠬᠦ ᠳᠥᠭᠦᠮ ᠦᠭᠡᠢ ᠣᠯᠠᠨ ᠲᠦᠮᠡᠨ ᠪᠤᠶᠤ ᠲᠤᠬᠠᠶ ᠶᠢᠨ ᠭᠠᠵᠠᠷ ᠲᠤ ᠨᠢ | ᠬᠦᠷᠴᠦ ᠪᠠᠶᠢᠴᠠᠭᠠᠨ ᠰᠢᠯᠭᠠᠭᠤᠯᠬᠤ ᠴᠢᠬᠤᠯᠠᠲᠠᠶ ᠬᠢᠨᠠᠨ ᠵᠥᠪᠰᠢᠶᠡᠷᠡᠬᠦ ᠵᠦᠢᠯᠡᠰ ᠪᠠᠶᠢᠪᠠᠯ ᠠᠵᠢᠯᠲᠠᠨ ᠲᠣᠮᠢᠯᠠᠨ | ᠲᠤᠰᠬᠠᠶ ᠬᠡᠷᠡᠭᠯᠡᠬᠦ ᠲᠥᠬᠦᠭᠡᠷᠦᠮᠵᠢ ᠪᠤᠶᠤ ᠡᠳ᠋ ᠪᠣᠳᠠᠰ ᠢ ᠠᠪᠴᠤ ︽ᠬᠡᠷ ᠲᠤ ᠨᠢ ᠬᠦᠷᠴᠦ ᠦᠢᠯᠡᠴᠢᠯᠡᠬᠦ︾ | ᠬᠡᠷᠡᠭᠳᠡᠢ᠃ ︵ᠭᠤᠷᠪᠠ︶ ᠣᠨᠴᠠᠭᠠᠢ᠂ ᠪᠠᠴᠢᠮ ᠬᠡᠷᠡᠭᠴᠡᠭᠡ ᠪᠤᠶᠤ ᠴᠢᠬᠤᠯᠠ ᠶᠡᠭᠡ ᠤᠴᠢᠷ ᠶᠠᠪᠤᠳᠠᠯ ᠳᠤ᠂ ᠠᠯᠪᠠᠨ | ᠠᠮᠠᠷᠠᠯᠲᠠ ᠶᠢᠨ ᠡᠳᠦᠷ ᠲᠤ ᠤᠲᠠᠰᠤ ᠪᠠᠷ ᠪᠣᠯᠵᠣᠬᠤ᠂ ᠲᠤᠬᠠᠢ ᠶᠢᠨ ᠲᠠᠯᠠᠪᠤᠷ ᠲᠤ ᠪᠣᠯᠵᠣᠬᠤ᠂ ᠰᠦᠯᠵᠢᠶ᠎ᠡ ᠪᠠᠷ | ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ︽ᠤᠷᠢᠳᠴᠢᠯᠠᠨ ᠪᠤᠯᠵᠤᠵᠦ ᠦᠢᠯᠡᠴᠢᠯᠡᠬᠦ︾ ᠬᠡᠷᠡᠭᠳᠡᠢ᠃ | ᠭᠤᠴᠢᠨ ᠬᠤᠶᠠᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ | ᠪᠣᠳᠠᠲᠠᠶ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠳᠤᠤᠷᠠᠬᠢ ᠮᠡᠲᠦ ᠴᠠᠭ ᠢᠶᠠᠨ | ᠤᠷᠳᠤᠳᠬᠠᠭᠰᠠᠨ ᠦᠢᠯᠡᠴᠢᠯᠡᠭᠡ ᠬᠠᠩᠭᠠᠬᠤ ᠬᠡᠷᠡᠭᠳᠡᠢ᠄ ︵ᠨᠢᠭᠡ︶ ︽ᠦᠷᠯᠦᠭᠡ ᠣᠷᠣᠶ ᠶᠢᠨ ᠴᠠᠭ ᠲᠠᠬᠢ ᠤᠶᠠᠨ | ᠬᠠᠷᠢᠮᠠᠬᠠᠶ ᠴᠢᠨᠠᠷᠲᠠᠶ ᠬᠦᠢᠴᠡᠳᠬᠡᠬᠦ︾ ᠦᠢᠯᠡᠴᠢᠯᠡᠭᠡ᠃ ᠬᠠᠤᠯᠢ ᠪᠠᠷ ᠲᠣᠭᠲᠠᠭᠰᠠᠨ ᠠᠵᠢᠯᠯᠠᠬᠤ ᠡᠳᠦᠷ ᠤᠨ | ᠬᠤᠭᠤᠴᠠᠭᠠᠨ ᠳᠤ᠂ ᠬᠡᠪ ᠤᠨ ᠦᠢᠯᠡᠴᠢᠯᠡᠭᠡ ᠬᠠᠩᠭᠠᠵᠦ ᠪᠠᠶᠢᠭ᠎ᠠ ᠴᠠᠭ ᠤᠨ ᠰᠠᠭᠤᠷᠢᠨ ᠳᠡᠭᠡᠷ᠎ᠡ᠂ ᠨᠢᠭᠡ ᠴᠠᠭ ᠤᠨ | ᠡᠮᠦᠨ᠎ᠡ ᠬᠤᠶᠢᠨ᠎ᠠ ᠪᠣᠯᠵᠣᠭᠰᠠᠨ ᠵᠦᠢᠯᠡᠰ ᠢ ᠨᠢ ᠴᠠᠭ ᠵᠦᠷᠢᠭᠦᠯᠦᠨ ᠬᠦᠢᠴᠡᠳᠬᠡᠬᠦ ᠦᠢᠯᠡᠴᠢᠯᠡᠭᠡ ᠬᠠᠩᠭᠠᠬᠤ | ᠬᠡᠷᠡᠭᠳᠡᠢ᠂ ᠤᠯᠤᠰ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠰᠲᠠᠭᠠᠨ ᠲᠣᠭᠲᠠᠭᠠᠯ ᠲᠠᠢ ᠪᠤᠯ | ᠡᠭᠦᠨ ᠳᠤ ᠪᠠᠭᠲᠠᠬᠤ ᠦᠭᠡᠶ᠃ ︵ᠬᠤᠶᠠᠷ︶ ︽ᠦᠳᠡ ᠶᠢᠨ ᠴᠠᠭ ᠲᠤ ᠦᠯᠦ ᠲᠠᠰᠤᠯᠳᠠᠭᠤᠯᠬᠤ︾ ᠦᠢᠯᠡᠴᠢᠯᠡᠭᠡ᠃ | ᠬᠠᠤᠯᠢ ᠪᠠᠷ ᠲᠣᠭᠲᠠᠭᠰᠠᠨ ᠠᠵᠢᠯᠯᠠᠬᠤ ᠡᠳᠦᠷ ᠤᠨ ᠦᠳᠡ ᠶᠢᠨ ᠠᠮᠠᠷᠠᠯᠲᠠ ᠶᠢᠨ ᠴᠠᠭ ᠲᠤ᠂ ᠶᠡᠷᠦᠩᠬᠡᠶᠢᠯᠡᠭᠰᠡᠨ | ᠴᠣᠩᠬᠤᠪᠴᠢ ᠶᠢᠨ ᠦᠢᠯᠡᠴᠢᠯᠡᠭᠡᠨ ᠤ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠠᠵᠤ ᠠᠬᠤᠶᠢᠯᠠᠯ ᠪᠠ ᠣᠯᠠᠨ | ᠲᠦᠮᠡᠨ ᠢ ᠲᠠᠰᠤᠯᠳᠠᠭᠤᠯᠤᠯ ᠥᠬᠡᠶ ᠬᠦᠯᠢᠶᠡᠨ ᠠᠪᠴᠦ᠂ ᠠᠵᠢᠯ ᠶᠠᠪᠤᠳᠠᠯ ᠬᠦᠢᠴᠡᠳᠬᠡᠯᠬᠡᠬᠦ ᠬᠥᠮᠦᠰ ᠤᠨ | ᠦᠳᠡ ᠶᠢᠨ ᠴᠠᠭ ᠢᠶᠠᠷ ᠪᠥᠬᠦ ᠦᠢᠯᠡᠴᠢᠯᠡᠭᠡᠨ ᠤ ᠵᠦᠢᠯᠡᠰ ᠢᠶᠠᠨ ᠬᠦᠢᠴᠡᠳᠬᠡᠯᠬᠡᠬᠦ ᠬᠡᠷᠡᠭᠴᠡᠭᠡ ᠱᠠᠭᠠᠷᠳᠠᠯᠭ᠎ᠠ ᠶᠢ ᠨᠢ | ᠬᠠᠩᠭᠠᠬᠤ ᠬᠡᠷᠡᠭᠳᠡᠢ᠃ ︵ᠭᠤᠷᠪᠠ︶ ︽ᠭᠠᠷᠠᠭ ᠤᠨ ᠰᠡᠭᠦᠯᠴᠢ ᠳᠤ ᠦᠯᠦ ᠠᠮᠠᠷᠠᠬᠤ︾ ᠦᠢᠯᠡᠴᠢᠯᠡᠭᠡ᠃ | ᠥᠪᠡᠰᠦᠪᠡᠨ ᠦᠢᠯᠡᠴᠢᠯᠡᠬᠦ ᠲᠥᠬᠦᠭᠡᠷᠦᠮᠵᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ ᠢ | ᠠᠰᠢᠭᠯᠠᠨ᠂ ᠭᠠᠷᠠᠭ ᠤᠨ ᠰᠡᠭᠦᠯᠴᠢ ᠳᠤ ᠠᠵᠤ ᠠᠬᠤᠶᠢᠯᠠᠯ ᠪᠠ ᠣᠯᠠᠨ ᠲᠦᠮᠡᠨ ᠳᠤ ᠬᠤᠪᠢ ᠬᠥᠮᠦᠨ ᠤ ᠤᠯᠠᠨᠲᠠ | ᠬᠦᠢᠴᠡᠳᠬᠡᠯᠬᠡᠬᠦ ᠠᠵᠢᠯ ᠶᠠᠪᠤᠳᠠᠯ ᠤᠨ ᠬᠦᠢᠴᠡᠳᠬᠡᠬᠦ ᠵᠦᠢᠯᠡᠰ ᠲᠤ ᠦᠢᠯᠡᠴᠢᠯᠡᠭᠡ ᠬᠠᠩᠭᠠᠬᠤ ᠬᠡᠷᠡᠭᠳᠡᠢ᠃ | ᠲᠠᠪᠤᠳᠤᠭᠠᠷ ᠪᠦᠯᠦᠭ ᠬᠢᠨᠠᠯᠲᠠ ᠲᠠᠯᠪᠢᠵᠤ ᠦᠨᠡᠯᠡᠬᠦ ᠠᠵᠢᠯ ᠤᠨ ᠪᠠᠷᠢᠮᠵᠢᠶᠠᠵᠢᠭᠤᠯᠤᠯᠲᠠ | ᠭᠤᠴᠢᠨ ᠭᠤᠷᠪᠠᠳᠤᠭᠠᠷ ᠵᠦᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠮᠡᠳᠡᠭᠡ ᠵᠠᠩᠭᠢ ᠶᠢᠨ ᠪᠣᠶ ᠪᠣᠯᠤᠭᠰᠠᠨ ᠪᠤᠶᠤ ᠬᠤᠪᠢᠷᠠᠭᠠᠵᠦ ᠬᠠᠯᠠᠭᠰᠠᠨ | ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ | ᠣᠷᠳᠣᠨ ᠤ ᠠᠯᠪᠠᠨ ᠮᠡᠳᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ | ᠢᠯᠡ ᠨᠡᠶᠢᠲᠡᠯᠡᠵᠦ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ | ᠤᠩᠰᠢᠨ ᠲᠠᠶᠢᠯᠪᠤᠷᠢᠯᠠᠵᠤ᠂ ᠨᠡᠶᠢᠭᠡᠮ ᠤᠨ ᠬᠢᠨᠠᠯᠲᠠ ᠪᠠ ᠦᠨᠡᠯᠡᠯᠲᠡ ᠶᠢ ᠬᠦᠯᠢᠶᠡᠬᠦ ᠬᠡᠷᠡᠭᠳᠡᠢ᠃ | ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠡᠷᠴᠢᠮᠵᠢᠭᠦᠯᠦᠭᠰᠡᠨ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ᠂ ᠠᠵᠤ | ᠠᠬᠤᠶᠢᠯᠠᠯ ᠪᠠ ᠣᠯᠠᠨ ᠲᠦᠮᠡᠨ ᠤ ᠰᠦᠯᠵᠢᠶ᠎ᠡ ᠪᠠᠷ ᠵᠠᠭᠠᠯᠳᠤᠬᠤ ᠶᠢ ᠴᠠᠭ ᠲᠤᠬᠠᠶ ᠳᠤ ᠨᠢ ᠭᠥᠯᠢᠶᠡᠨ ᠠᠪᠴᠤ | ᠬᠦᠢᠴᠡᠳᠬᠡᠵᠦ ᠬᠠᠷᠢᠭᠤ ᠲᠤᠰᠬᠠᠬᠤ ᠬᠡᠷᠡᠭᠳᠡᠢ᠃ | ᠭᠤᠴᠢᠨ ᠲᠠᠪᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ 12345 ᠪᠠᠷ | ᠳᠠᠮᠵᠢᠭᠤᠯᠤᠨ᠂ ᠬᠤᠯᠪᠣᠭᠳᠠᠯ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠬᠢ ᠵᠠᠷᠭᠤ | ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠶᠢᠨ ᠬᠠᠮᠲᠤ ᠴᠠᠭ ᠲᠤᠬᠠᠶ ᠳᠤ ᠨᠢ ᠰᠢᠯᠵᠢᠭᠦᠯᠦᠨ | ᠭᠦᠢᠴᠡᠳᠬᠡᠵᠦ᠂ ᠵᠠᠷᠭᠤ ᠪᠠᠶᠢᠪᠠᠯ ᠵᠠᠪᠠᠯ ᠬᠦᠯᠢᠶᠡᠬᠦ᠂ ᠵᠠᠷᠭᠤ ᠶᠢ ᠬᠦᠯᠢᠶᠡᠨ ᠠᠪᠤᠪᠠᠯ ᠳᠠᠷᠤᠶ ᠳᠤ ᠨᠢ | ᠭᠦᠢᠴᠡᠳᠬᠡᠬᠦ ᠶᠢ ᠪᠡᠶᠡᠯᠡᠭᠦᠯᠬᠦ ᠬᠡᠷᠡᠭᠳᠡᠢ᠃ | ᠭᠤᠴᠢᠨ ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠨᠢ ᠨᠡᠶᠢᠲᠡ ᠣᠯᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠦᠨᠡᠯᠡᠯᠲᠡ ᠳᠤ ᠣᠷᠣᠯᠴᠠᠬᠤ ᠠᠵᠢᠯ ᠢ ᠬᠠᠷᠢᠭᠤᠴᠠᠵᠦ ᠵᠣᠬᠢᠶᠠᠨ ᠪᠠᠶᠢᠭᠤᠯᠵᠦ ᠦᠷᠨᠢᠭᠦᠯᠦᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠰᠠᠶᠢᠨ ᠪᠠ ᠠᠨᠠᠢ ᠶᠢᠨ ᠦᠨᠡᠯᠡᠯᠲᠡ︾ ᠶᠢᠨ ᠲᠦᠷᠢᠮ ᠤᠨ ᠲᠣᠨᠨᠳᠠᠯᠴᠠᠭ᠎ᠠ ᠶᠢ | ᠪᠠᠶᠢᠭᠤᠯᠤᠨ᠂ ᠰᠦᠯᠵᠢᠶᠡᠨ ᠲᠠᠬᠢ ᠪᠠ ᠰᠦᠯᠵᠢᠶᠡᠨ ᠤ ᠭᠠᠳᠠᠭᠤᠷᠬᠢ ᠠᠵᠢᠯ ᠢ ᠪᠥᠬᠦ ᠲᠠᠯ᠎ᠠ ᠪᠠᠷ ᠠᠭᠤᠰᠤᠯᠴᠠᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠳᠡᠮ ᠪᠥᠷᠬᠦᠭᠦᠯᠬᠦ᠂ ᠦᠨᠡᠯᠡᠬᠦ ᠡᠲᠡᠭᠡᠳ ᠪᠦᠬᠦᠨ ᠢ | ᠬᠠᠮᠤᠷᠬᠤ᠂ ᠦᠢᠯᠡᠴᠢᠯᠡᠬᠦ ᠠᠷᠭ᠎ᠠ ᠵᠠᠮ ᠪᠦᠬᠦᠨ ᠳᠤ ᠪᠠᠭᠲᠠᠭᠠᠬᠤ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠪᠦᠷᠢ ᠳᠤ ᠴᠥᠮ ᠦᠨᠡᠯᠡᠯᠲᠡ ᠬᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠦᠨᠡᠯᠡᠬᠦ ᠠᠭᠤᠯᠭ᠎ᠠ ᠪᠠ ᠪᠠᠷᠢᠮᠵᠢᠶ᠎ᠠ ᠶᠢ ᠬᠠᠩᠭᠠᠵᠤ᠂ ᠦᠨᠡᠯᠡᠭᠰᠡᠨ | ᠦᠷ᠎ᠡ ᠳ᠋ᠦᠩ ᠨᠢ ᠠᠶᠠᠨᠳᠠᠭᠠᠨ ᠪᠦᠷᠢᠯᠳᠦᠬᠦ᠂ ᠨᠢᠭᠡ ᠢᠷᠡᠯᠲᠡ ᠪᠠᠷ ᠨᠡᠶᠢᠲᠡᠯᠡᠬᠦ ᠪᠤᠯᠭᠠᠨ᠂ ᠠᠨᠠᠶ ᠪᠠᠷ | ᠦᠨᠡᠯᠡᠭᠳᠡᠭᠰᠡᠨ ᠳᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠰᠦᠯᠵᠢᠶ᠎ᠡ ᠪᠠᠷ ᠬᠠᠷᠢᠭᠤ ᠲᠤᠰᠬᠠᠬᠤ ᠬᠡᠷᠡᠭᠲᠡᠶ᠃ | ᠬᠢᠨᠠᠯᠲᠠ ᠲᠠᠯᠪᠢᠵᠦ ᠦᠨᠡᠯᠡᠭᠰᠡᠨ ᠦᠷ᠎ᠡ ᠳ᠋ᠦᠩ ᠳᠤ ︽ᠠᠨᠠᠶ ᠦᠨᠡᠯᠡᠯᠲᠡ︾ ᠪᠠᠶᠢᠪᠠᠯ᠂ ᠡᠯ᠎ᠡ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠶᠢᠭᠤᠯᠤᠮᠵᠢ ᠨᠢ 48 ᠴᠠᠭ ᠤᠨ ᠳᠣᠲᠣᠷ᠎ᠠ ᠠᠨᠠᠶ ᠦᠨᠡᠯᠡᠯᠲᠡ ᠳᠤ ᠬᠠᠷᠢᠭᠤ ᠰᠤᠷᠪᠤᠯᠵᠢᠯᠠᠵᠤ | ᠬᠠᠷᠭᠤᠭᠤᠯᠬᠤ ᠠᠵᠢᠯ ᠥᠷᠨᠢᠭᠦᠯᠵᠦ᠂ 15 ᠡᠳᠦᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠠᠵᠢᠯ ᠢ | ᠪᠡᠶᠡᠯᠡᠬᠦᠯᠬᠦ ᠬᠡᠷᠡᠭᠳᠡᠢ︔ ᠬᠦᠰᠡᠯ ᠱᠠᠭᠠᠷᠳᠠᠯᠭ᠎ᠠ ᠨᠢ ᠵᠣᠬᠢᠰ ᠥᠬᠡᠶ᠂ ᠬᠠᠤᠯᠢ ᠳᠤ ᠲᠣᠭᠲᠠᠭᠠᠭᠰᠠᠨ | ᠦᠨᠳᠦᠰᠦᠯᠡᠯ ᠢᠶᠠᠷ ᠳᠤᠲᠠᠮᠠᠭ ᠪᠠᠶᠢᠪᠠᠯ᠂ ᠲᠠᠶᠢᠯᠪᠤᠷᠢᠯᠠᠨ ᠲᠣᠳᠣᠷᠬᠠᠶᠢᠯᠠᠬᠤ ᠠᠵᠢᠯ ᠢ ᠰᠠᠶᠢᠲᠤᠷ ᠬᠢᠵᠦ᠂ ᠠᠨᠠᠢ | ᠦᠨᠡᠯᠡᠯᠲᠡ ᠲᠠᠢ ᠵᠠᠷᠭᠤ ᠵᠠᠭᠠᠯᠳᠤᠯᠭ᠎ᠠ ᠪᠦᠬᠦᠨ ᠢ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠬᠡᠷᠡᠭᠳᠡᠢ᠃ | ᠭᠤᠴᠢᠨ ᠳᠣᠯᠣᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠠᠮᠢᠶᠠᠷᠤᠯᠲᠠ ᠶᠢᠨ ᠪᠠᠶᠢᠭᠤᠯᠤᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠶᠢᠭᠤᠯᠤᠮᠵᠢ ᠨᠢ ᠦᠨᠡᠯᠡᠯᠲᠡ | ᠬᠢᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠬᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠦᠨᠡᠯᠡᠯᠲᠡ ᠬᠢᠬᠦ | ᠮᠠᠰᠢᠨ᠂ ᠰᠠᠨᠠᠯ ᠬᠤᠷᠢᠶᠠᠬᠤ ᠬᠠᠶᠢᠷᠴᠠᠭ᠂ ᠬᠢᠨᠠᠯᠲᠠ ᠲᠠᠯᠪᠢᠬᠤ ᠲᠠᠪᠴᠠᠩ ᠢ ᠬᠠᠩᠭᠠᠵᠤ᠂ ᠪᠥᠬᠦ ᠣᠷᠣᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠠᠠᠴᠠᠵᠢᠭᠤᠯᠥᠠᠠᠰᠠᠨ ᠲᠠᠪᠴᠠᠩ᠂ ᠬᠠᠯᠠᠮᠰᠢᠯ ᠤᠲᠠᠰᠤ | 12345᠂ ᠬᠤᠶᠠᠷ ᠬᠡᠮᠵᠢᠯᠳᠦ ᠺᠣᠳ᠋᠂ ᠣᠬᠤᠷ ᠮᠡᠳᠡᠭᠡ᠂ ᠥᠪᠡᠰᠦᠪᠡᠨ ᠦᠢᠯᠡᠴᠢᠯᠡᠬᠦ ᠦᠵᠦᠭᠦᠷ᠂ APP ᠵᠡᠷᠭᠡ | ᠣᠯᠠᠨ ᠵᠦᠢᠯ ᠤᠨ ᠦᠨᠡᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠤᠬᠠᠶ ᠶᠢᠨ ᠲᠠᠯᠠᠪᠠᠶ ᠳᠠᠬᠢ ︽ᠨᠢᠭᠡ ᠤᠳᠠᠭ᠎ᠠ | ᠬᠦᠢᠴᠡᠳᠭᠡᠭᠰᠡᠨ ᠠᠵᠢᠯ ᠶᠠᠪᠤᠳᠠᠯ ᠳᠤ ᠨᠢᠭᠡ ᠦᠨᠡᠯᠡᠯᠲᠡ ᠬᠢᠬᠦ︾᠂ ᠰᠦᠯᠵᠢᠶ᠎ᠡ ᠪᠠᠷ ᠦᠢᠯᠡᠴᠢᠯᠡᠭᠰᠡᠨ ︽ᠨᠢᠭᠡ | ᠬᠦᠢᠴᠡᠳᠭᠡᠭᠰᠡᠨ ᠠᠵᠢᠯ ᠶᠠᠪᠤᠳᠠᠯ ᠳᠤ ᠨᠢᠭᠡ ᠦᠨᠡᠯᠡᠯᠲᠡ ᠬᠢᠬᠦ︾ ᠶᠢ ᠪᠡᠶᠡᠯᠡᠬᠦᠯᠬᠦ ᠬᠡᠷᠡᠭᠳᠡᠢ᠃ ᠵᠢᠷᠭᠤᠳᠤᠭᠠᠷ | ᠪᠦᠯᠦᠭ ᠳᠠᠭᠠᠯᠳᠤᠭᠤᠯᠤᠯ ᠳᠦᠷᠢᠮ ᠭᠤᠴᠢᠨ ᠨᠠᠢᠮᠠᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠨᠨᠰᠠᠨ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |