ᠡᠷᠬᠡ ᠶᠢᠨ ᠨᠡᠷᠡᠶᠢᠳᠦᠯ᠄ ᠭᠠᠳᠠᠭᠠᠳᠤ ᠠᠴᠠ ᠣᠷᠣᠭᠤᠯᠣᠭᠰᠠᠨᠦᠷᠡ ᠴᠢᠬᠢ ᠶᠢᠨ ᠬᠢᠵᠢᠭ ᠤᠨ ᠪᠠᠶᠢᠴᠠᠭᠠᠯᠳᠠ | ᠵᠢᠴᠢ ᠵᠦᠪᠰᠢᠶᠡᠷᠡᠯ | ᠡᠷᠬᠡ ᠶᠢᠨ ᠲᠥᠷᠥᠯ ᠠᠩᠭᠢᠯᠠᠯ᠄ ᠵᠠᠰᠠᠭ ᠵᠠᠬᠢᠷᠭᠠᠨ ᠤ ᠵᠥᠪᠰᠢᠶᠡᠷᠡᠯ | ᠬᠠᠷᠢᠭᠤᠴᠠᠯᠭ᠎ᠠ ᠶᠢᠨ ᠭᠤᠣᠯ ᠴᠣᠭᠴᠠ᠄ ᠥᠪᠡᠷᠲᠡᠭᠡᠨ ᠵᠠᠰᠠᠬᠤ ᠣᠷᠣᠨ ᠤ ᠤᠢ ᠰᠢᠭᠤᠶ ᠪᠠ ᠨᠤᠳᠤᠭ | ᠪᠡᠯᠴᠢᠭᠡᠷ ᠤᠨ ᠲᠤᠪᠴᠢᠶ᠎ᠠ | ᠲᠤᠭᠲᠠᠭᠠᠭᠰᠠᠨ ᠦᠨᠳᠦᠰᠦᠯᠡᠯ᠄ ︽ᠤᠷᠭᠤᠮᠠᠯ ᠤᠨ ᠬᠢᠵᠢᠭ ᠢ ᠪᠠᠶᠢᠴᠠᠭᠠᠬᠤ ᠳᠦᠷᠢᠮ︾ ᠶᠢᠨ ᠠᠷᠪᠠᠨ | ᠬᠤᠶᠠᠳᠤᠭᠠᠷ ᠵᠣᠷᠪᠤᠰ ᠭᠠᠳᠠᠭᠠᠳᠤ ᠡᠴᠠᠦᠷᠡ ᠴᠢᠬᠢ ᠣᠷᠣᠭᠤᠯᠬᠤ ᠨᠢᠭᠡᠴᠡ ᠠᠴᠠ ᠲᠤᠬᠠᠢ ᠶᠢᠨ ᠭᠠᠵᠠᠷ ᠤᠨ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠷᠭᠤᠮᠠᠯ ᠤᠨ ᠬᠢᠵᠢᠭ ᠢ ᠪᠠᠶᠢᠴᠠᠭᠠᠬᠤ | ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠬᠢᠵᠢᠭ ᠢ ᠪᠠᠶᠢᠴᠠᠭᠠᠵᠤ ᠬᠢᠨᠠᠨ ᠵᠥᠪᠰᠢᠶᠡᠷᠡᠬᠦ ᠭᠠᠷ ᠭᠦᠢᠴᠡᠳᠬᠡᠯ | ᠬᠢᠬᠦ ᠬᠡᠷᠡᠭᠲᠡᠶ᠃ ᠭᠡᠲᠡᠯ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠬᠠᠷᠢᠶᠠᠯᠠᠭᠳᠠᠬᠤ ᠪᠡᠭᠡᠵᠢᠩ ᠳᠤ ᠪᠠᠶᠢᠭ᠎ᠠ ᠨᠢᠭᠡᠴᠡ ᠨᠦᠭᠦᠳ ᠨᠢ ᠭᠠᠳᠠᠭᠠᠳᠤ ᠠᠴᠠ ᠦᠷ᠎ᠡ ᠴᠢᠬᠢ ᠶᠢ | ᠣᠷᠣᠭᠤᠯᠣᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠤᠨ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ᠂ ᠤᠢ ᠰᠢᠭᠤᠶ ᠶᠢᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠪᠦᠬᠦᠢ | ᠤᠷᠭᠤᠮᠠᠯ ᠤᠨ ᠬᠢᠵᠢᠭ ᠢ ᠪᠠᠶᠢᠴᠠᠭᠠᠬᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠬᠢᠵᠢᠭ ᠢ ᠪᠠᠶᠢᠴᠠᠭᠠᠵᠤ | ᠬᠢᠨᠠᠨ ᠵᠥᠪᠰᠢᠶᠡᠷᠡᠬᠦ ᠭᠠᠷ ᠭᠦᠢᠴᠡᠳᠬᠡᠯ ᠬᠢᠬᠦ ᠬᠡᠷᠡᠭᠲᠡᠶ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠲᠠᠷᠢᠶᠠᠯᠠᠩ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠤᠢ ᠰᠢᠭᠤᠶ ᠶᠢᠨ ᠡᠷᠬᠢᠯᠡᠠ ᠬᠠᠮᠢᠶᠠᠷᠬᠤ | ᠰᠠᠯᠠᠭ᠎ᠠ ᠮᠥᠴᠢᠷ ᠠᠴᠠ ᠲᠣᠭᠲᠠᠭᠠᠨ᠎ᠠ᠃ ᠭᠠᠳᠠᠭᠠᠳᠤ ᠠᠴᠠ ᠨᠢᠭᠤᠭᠳᠠᠮᠠᠯ ᠬᠦᠨᠦᠭᠡᠯᠲᠤ ᠡᠪᠡᠳᠴᠢᠨ ᠬᠤᠷᠣᠬᠠᠶ ᠶᠢᠨ | ᠬᠢᠵᠢᠭ ᠲᠠᠢ ᠦᠷ᠎ᠡ ᠴᠢᠬᠢ ᠪᠠ ᠪᠤᠰᠤᠳ ᠪᠤᠶᠢᠵᠢᠭᠤᠯᠬᠤ ᠪᠤᠳᠠᠰ ᠣᠷᠣᠭᠤᠯᠣᠭᠰᠠᠨ ᠪᠠᠶᠢᠪᠠᠯ᠂ ᠡᠷᠬᠡᠪᠰᠢ | ᠲᠤᠰᠠᠭᠠᠷᠯᠠᠨ ᠪᠠᠶᠢᠴᠠᠭᠠᠨ᠎ᠠ᠃ | ᠬᠠᠷᠢᠭᠤᠴᠠᠬᠤ ᠵᠦᠢᠯᠡᠰ᠄ 1. ᠬᠠᠷᠢᠭᠤᠴᠠᠯᠭ᠎ᠠ ᠶᠢ ᠬᠦᠯᠢᠶᠡᠨ ᠠᠪᠴᠤ ᠰᠢᠶᠳᠪᠦᠷᠢᠯᠡᠬᠦ᠄ ᠬᠠᠤᠯᠢ ᠶᠣᠰᠣᠭᠠᠷ | ᠲᠤᠰᠢᠶᠠᠬᠤ ᠶᠣᠰᠣᠲᠠᠶ ᠮᠠᠲ᠋ᠧᠷᠢᠶᠠᠯ ᠢ ᠨᠠᠶᠢᠲᠠᠯᠠᠨ᠎ᠠ︔ ᠨᠢᠭᠡ ᠯᠡ ᠤᠳᠠᠭ᠎ᠠ ᠳᠡᠭᠡᠷ᠎ᠡ ᠨᠥᠬᠦᠪᠥᠷᠢᠯᠡᠵᠦ ᠵᠠᠯᠠᠷᠠᠭᠤᠯᠬᠤ | ᠪᠢᠴᠢᠭ ᠮᠠᠲ᠋ᠧᠷᠢᠶᠠᠯ ᠢ ᠮᠡᠳᠡᠭᠳᠡᠬᠦ ᠬᠡᠷᠡᠭᠲᠡᠢ︔ ᠬᠠᠤᠯᠢ ᠶᠣᠰᠣᠭᠠᠷ ᠬᠦᠯᠢᠶᠡᠨ ᠠᠪᠴᠤ ᠰᠢᠶᠳᠪᠦᠷᠢᠯᠡᠬᠦ ᠪᠤᠶᠤ | ᠬᠦᠯᠢᠶᠡᠨ ᠠᠪᠴᠤ ᠡᠰᠡ ᠰᠢᠶᠳᠪᠦᠷᠢᠯᠡᠬᠦ ᠵᠢᠴᠢ ᠤᠴᠢᠷ ᠰᠢᠯᠲᠠᠭᠠᠨ ᠢᠶᠠᠨ ᠮᠡᠳᠡᠭᠳᠡᠬᠦ ᠬᠡᠷᠡᠭᠲᠡᠶ︶᠃ 2. ᠬᠢᠨᠠᠨ | ᠪᠠᠶᠢᠴᠠᠭᠠᠬᠤ ᠬᠠᠷᠢᠭᠤᠴᠠᠯᠭ᠎ᠠ᠄ ᠤᠢ ᠮᠣᠳᠣᠨ ᠤ ᠦᠷ᠎ᠡ ᠴᠢᠬᠢ ᠶᠢ ᠭᠠᠳᠠᠭᠠᠳᠣ ᠠᠴᠠ ᠣᠷᠣᠭᠤᠯᠣᠨ ᠠᠪᠴᠢᠷᠠᠬᠤ | ᠭᠤᠶᠤᠴᠢᠯᠠᠭᠴᠢ ︵ᠨᠢᠭᠡᠴᠡ︶ ᠠᠴᠠ ᠲᠤᠰᠢᠶᠠᠭᠰᠠᠨ ᠪᠢᠴᠢᠭ ᠤᠨ ᠭᠤᠶᠤᠴᠢᠯᠠᠯ ᠢ ᠴᠤᠬᠤᠯᠠᠪᠣᠷᠢᠯᠠᠬᠤ ᠪᠤᠶᠤ | ᠤᠯᠤᠰ ᠤᠨ ᠤᠢ ᠰᠢᠭᠤᠶ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠪᠠᠶᠢᠴᠠᠭᠠᠬᠤ ᠬᠡᠷᠡᠭᠲᠡᠶ᠃ ᠬᠢᠨᠠᠨ | ᠪᠠᠶᠢᠴᠠᠭᠠᠯᠭᠠᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠥᠪᠥᠷ ᠮᠣᠩᠭᠤᠯ ᠤᠨ ᠤᠢ ᠰᠢᠭᠤᠶ ᠶᠢᠨ ᠡᠪᠡᠳᠴᠢᠨ | ᠬᠤᠷᠣᠬᠠᠶ ᠶᠢᠨ ᠭᠠᠮᠰᠢᠭ ᠢ ᠰᠡᠷᠭᠡᠶᠢᠯᠡᠨ ᠵᠠᠰᠠᠵᠣ᠂ ᠬᠢᠵᠢᠭ ᠢ ᠪᠠᠶᠢᠴᠠᠭᠠᠬᠤ ᠦᠷᠲᠡᠭᠡ ᠠᠴᠠ ᠭᠤᠶᠤᠴᠢᠯᠠᠭᠴᠢ ᠳᠤ | ᠪᠢᠴᠢᠭ ᠢᠶᠠᠷ ᠮᠡᠳᠡᠭᠳᠡᠬᠦ ᠪᠥᠭᠡᠳ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠳᠠᠬᠢᠨ ᠵᠥᠪᠯᠡᠭᠦᠯᠬᠦ ᠪᠤᠶᠤ ᠵᠠᠷᠭᠤ | ᠬᠢᠬᠦ ᠡᠷᠬᠡ ᠶᠢ ᠮᠡᠳᠡᠭᠳᠡᠬᠦ ᠬᠡᠷᠡᠭᠲᠡᠢ᠃ 3. ᠬᠠᠷᠢᠭᠤᠴᠠᠯᠭ᠎ᠠ ᠲᠣᠭᠲᠠᠭᠠᠨ᠎ᠠ᠄ ᠵᠠᠰᠠᠭ ᠵᠠᠬᠢᠷᠭᠠᠨ ᠤ ᠵᠥᠪᠰᠢᠶᠡᠷᠡᠯ | ᠪᠤᠶᠤ ᠦᠯᠦ ᠵᠥᠪᠰᠢᠶᠡᠷᠡᠬᠦ ᠲᠣᠭᠲᠠᠭᠠᠯ ︵ᠦᠯᠦ ᠵᠥᠪᠰᠢᠶᠡᠷᠡᠬᠦ ᠤᠴᠢᠷ ᠰᠢᠯᠲᠠᠭᠠᠨ ᠢᠶᠠᠨ ᠮᠡᠳᠡᠭᠳᠡᠬᠦ ᠬᠡᠷᠡᠭᠲᠡᠶ︶᠂ | ᠭᠤᠶᠤᠴᠢᠯᠠᠭᠴᠢ᠂ ᠠᠰᠢᠭ ᠲᠤᠰᠠ ᠶᠢᠨ ᠬᠠᠷᠢᠴᠠᠭ᠎ᠠ ᠲᠠᠢ ᠬᠠᠮᠢᠶᠠᠳᠠᠨ ᠤ ᠴᠢᠬᠤᠯᠠ ᠶᠡᠭᠡ ᠠᠰᠢᠭ ᠲᠤᠰᠠ ᠳᠤ | ᠬᠤᠯᠪᠤᠭᠳᠠᠭᠰᠠᠨ᠂ ᠡᠰᠡᠬᠦᠯ᠎ᠡ ᠬᠠᠤᠯᠢ ᠶᠣᠰᠣᠭᠠᠷ ᠭᠡᠷᠡᠴᠢᠯᠡᠭᠡ ᠰᠣᠨᠣᠰᠬᠤ ᠴᠢᠬᠤᠯᠠᠲᠠᠶ ᠪᠠᠶᠢᠪᠠᠯ ᠲᠣᠭᠲᠠᠭᠠᠯ | ᠭᠠᠷᠭᠠᠬᠤ ᠠᠴᠠ ᠪᠠᠨ ᠡᠮᠦᠨ᠎ᠡ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ ᠶᠢ ᠮᠡᠳᠡᠭᠳᠡᠬᠦ ᠬᠡᠷᠡᠭᠲᠡᠶ᠃ 4. | ᠬᠦᠷᠭᠡᠵᠦ ᠥᠭᠬᠦ ᠬᠠᠷᠢᠭᠤᠴᠠᠯᠭ᠎ᠠ᠄ ᠴᠠᠭ ᠲᠤᠬᠠᠢ ᠳᠤᠨᠢ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ | ᠰᠢᠢᠳᠪᠦᠷᠢᠯᠡᠡ ᠳᠠᠭᠤᠰᠬᠠᠵᠤ᠂ ᠬᠦᠷᠭᠡᠭᠰᠡᠨ ᠪᠠᠶᠢᠪᠠᠯ᠂ ᠳᠠᠩᠰᠠ ᠡᠪᠬᠡᠮᠡᠯ ᠪᠠᠶᠢᠭᠤᠯᠵᠤ᠂ ᠵᠥᠪᠰᠢᠶᠡᠷᠡᠯ ᠤᠨ | ᠦᠨᠡᠮᠯᠡᠯ ᠣᠯᠭᠤᠬᠤ ᠶᠢᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠶ᠃ 5. ᠬᠡᠷᠡᠭ ᠤᠨ ᠳᠠᠷᠠᠭᠠᠬᠢ ᠬᠢᠨᠠᠠ | ᠬᠠᠮᠢᠶᠠᠷᠤᠯᠲᠠ᠄ ᠦᠨᠡᠮᠯᠡᠯ ᠤᠯᠭᠤᠭᠰᠠᠨ ᠤ ᠲᠠᠷᠠᠭ᠎ᠠ᠂ ᠭᠤᠶᠤᠴᠢᠯᠠᠭᠴᠢ ᠶᠢ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠪᠠᠶᠢᠴᠠᠭᠠᠬᠤ ᠶᠢ ᠴᠢᠩᠭᠠᠳᠬᠠᠵᠤ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ | ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ᠂ ᠬᠦᠴᠦᠨ ᠦᠭᠡᠢ ᠪᠣᠯᠭᠠᠬᠤ᠂ | ᠦᠭᠡᠶᠢᠰᠭᠡᠬᠦ ᠶᠢ ᠲᠣᠭᠲᠠᠭᠠᠨ᠎ᠠ᠃ 6. ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃ | ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠦᠨᠳᠦᠰᠦᠯᠡᠯ ᠄ 1. ︽ ᠤᠷᠭᠤᠮᠠᠯ ᠤᠨ ᠬᠢᠵᠢᠭ ᠢ ᠪᠠᠶᠢᠴᠠᠭᠠᠬᠤ | ᠳᠦᠷᠢᠮ︾ ᠤᠨ ᠠᠷᠪᠠ ᠶᠢᠰᠦᠳᠦᠭᠡᠷ ᠵᠤᠷᠪᠤᠰ ᠤᠷᠭᠤᠮᠠᠯ ᠤᠨ ᠬᠢᠵᠢᠭ ᠢ ᠪᠠᠶᠢᠴᠠᠭᠠᠬᠤ ᠠᠵᠢᠯᠲᠠᠨ ᠨᠢ | ᠤᠷᠭᠤᠮᠠᠯ ᠤᠨ ᠬᠢᠵᠢᠭ ᠢ ᠪᠠᠶᠢᠴᠠᠭᠠᠬᠤ ᠠᠵᠢᠯ ᠤᠨ ᠳᠤᠮᠳᠠ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠪᠠ | ᠰᠢᠦᠳᠠᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠠᠵᠢᠯᠲᠠᠨ ᠤᠷᠭᠤᠮᠠᠯ ᠤᠨ ᠦᠢᠯᠡᠳᠬᠦᠨ ᠢ | ᠵᠥᠭᠡᠭᠡᠪᠦᠷᠢᠯᠡᠬᠦ᠂ ᠰᠢᠦᠳᠠᠨ ᠢᠶᠠᠷ ᠶᠠᠪᠤᠭᠤᠯᠬᠤ ᠠᠵᠢᠯ ᠤᠨ ᠳᠤᠮᠳᠠ᠂ ᠬᠤᠪᠢ ᠶᠢᠨ ᠨᠠᠶᠢᠷ ᠢᠶᠠᠷ ᠬᠠᠤᠯᠢ | ᠶᠤᠰᠤ ᠠᠴᠠ ᠵᠥᠷᠢᠴᠡᠬᠦ᠂ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ ᠪᠠᠶᠢᠪᠠᠯ᠂ ᠲᠡᠭᠦᠨ ᠤ ᠪᠠᠶᠢᠭ᠎ᠠ | ᠨᠢᠭᠡᠴᠡ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠰᠢᠳᠬᠡᠯ | ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 2 . ︽ ᠤᠷᠭᠤᠮᠠᠯ ᠤᠨ ᠬᠢᠵᠢᠭ ᠢ ᠪᠠᠶᠢᠴᠠᠭᠠᠬᠤ ᠳᠦᠷᠢᠮ ᠢ | ᠬᠡᠷᠡᠭᠵᠢᠭᠦᠯᠬᠦ ᠨᠠᠷᠢᠨ ᠳᠦᠷᠢᠮ ︵ᠤᠢ ᠰᠢᠭᠤᠶ ᠶᠢᠨ ᠬᠡᠰᠡᠭ︶︾ ᠶᠢᠨ ᠭᠤᠴᠢᠨ ᠨᠢᠭᠡᠳᠦᠭᠡᠷ ᠵᠤᠷᠪᠤᠰ ᠬᠢᠵᠢᠭ | ᠪᠠᠶᠢᠴᠠᠭᠠᠬᠤ ᠠᠵᠢᠯᠲᠠᠨ ᠨᠢ ᠠᠵᠢᠯ ᠤᠨ ᠳᠤᠮᠳᠠ ᠬᠤᠪᠢ ᠶᠢᠨ ᠨᠠᠶᠢᠷ ᠢᠶᠠᠷ ᠬᠠᠤᠯᠢ ᠶᠤᠰᠤ ᠠᠴᠠ ᠵᠥᠷᠢᠴᠡᠬᠦ᠂ | ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠵᠤ᠂ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ | ᠲᠡᠭᠦᠨ ᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠪᠠᠶᠢᠭᠤᠯᠭ᠎ᠠ ᠠᠴᠠ ᠵᠠᠰᠠᠭ | ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ | ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 3. ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠭᠤᠯᠵᠤ ᠭᠠᠷᠭᠠᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠬᠤ | ᠬᠠᠤᠯᠢ︾ ᠶᠢᠨ ᠳᠥᠴᠢᠨ ᠲᠠᠪᠤᠳᠤᠭᠠᠷ ᠵᠤᠷᠪᠤᠰ ᠠᠮᠢᠳᠡᠠ ᠤᠷᠭᠤᠮᠠᠯ ᠤᠨ ᠬᠢᠵᠢᠭ ᠢ ᠪᠠᠶᠢᠴᠠᠭᠠᠬᠤ | ᠪᠠᠶᠢᠭᠤᠯᠭ᠎ᠠ ᠶᠢᠨ ᠬᠢᠵᠢᠭ ᠢ ᠪᠠᠶᠢᠴᠠᠭᠠᠬᠤ ᠠᠵᠢᠯᠳᠡᠠ ᠨᠢ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ | ᠬᠤᠪᠢ ᠶᠢᠨ ᠨᠠᠶᠢᠷ ᠢᠶᠠᠷ ᠬᠠᠤᠯᠢ ᠳᠦᠷᠢᠮ ᠢ ᠵᠥᠷᠢᠴᠡᠬᠦ᠂ ᠬᠢᠵᠢᠭ ᠪᠠᠶᠢᠴᠠᠭᠠᠭᠰᠠᠨ ᠦᠷ᠎ᠡ ᠳ᠋ᠦᠩ ᠢ ᠬᠠᠭᠤᠷᠮᠠᠭᠯᠠᠨ | ᠵᠣᠬᠢᠶᠠᠬᠤ ᠪᠤᠶᠤ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠬᠢᠵᠢᠭ ᠢ ᠪᠠᠶᠢᠴᠠᠭᠠᠭᠰᠠᠨ ᠭᠡᠷᠡᠴᠢ ᠥᠭᠬᠦ ᠶᠢ | ᠤᠳᠠᠭᠠᠰᠢᠷᠠᠭᠤᠯᠤᠭᠠᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣ ᠪᠠᠷ ᠡᠷᠡᠭᠦᠦ ᠶᠢᠨ | ᠬᠠᠷᠢᠭᠤᠴᠠᠯᠭ᠎ᠠ ᠶᠢ ᠨᠢ ᠨᠡᠬᠡᠮᠵᠢᠯᠡᠬᠦ ᠬᠡᠷᠡᠭᠲᠡᠢ︔ ᠶᠠᠯ᠎ᠠ ᠪᠤᠯᠵᠦ ᠪᠦᠷᠢᠯᠳᠦᠭᠰᠡᠨ ᠦᠭᠡᠢ ᠪᠠᠶᠢᠪᠠᠯ ᠵᠠᠰᠠᠭ | ᠵᠠᠬᠢᠷᠭᠠᠨ ᠤ ᠰᠢᠳᠬᠡᠯ ᠥᠭᠭᠦᠨ᠎ᠡ᠃ |