1985 ᠤᠨ ᠤ 10 ᠰᠠᠷ᠎ᠠ ᠶᠢᠨ 1 ᠠᠴᠠ ᠡᠬᠢᠯᠡᠵᠦ ᠬᠡᠷᠡᠭᠵᠢᠬᠦᠯᠦᠭᠰᠡᠨ ︽ᠪᠦᠬᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠨᠤᠳᠤᠬ ᠪᠡᠯᠴᠢᠬᠡᠷ ᠤᠨ ᠬᠠᠤᠯᠢ︾ ᠳᠤ 2009 ᠤᠨ ᠤ 8 ᠰᠠᠷ᠎ᠠ ᠶᠢᠨ 27 ᠤ | ᠡᠳᠦᠷ᠂ 2013 ᠤᠨ ᠤ 6 ᠰᠠᠷ᠎ᠠ ᠶᠢᠨ 29 ᠤ ᠡᠳᠦᠷ ᠬᠤᠶᠠᠷ ᠤᠳᠠᠭ᠎ᠠ ᠵᠠᠰᠠᠪᠤᠷᠢ ᠤᠷᠤᠭᠤᠯᠵᠠᠢ᠃ | ᠵᠠᠰᠠᠪᠤᠷᠢ ᠤᠷᠤᠭᠤᠯᠤᠬᠰᠠᠨ ᠤ ᠲᠠᠷᠠᠭᠠᠬᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠯ᠎ᠠ | ᠨᠤᠳᠤᠬ ᠤᠨ ᠬᠠᠤᠯᠢ︾ ᠶᠢᠨ ᠬᠤᠷᠢᠨ ᠨᠠᠢᠮᠠᠳᠤᠭᠠᠷ ᠵᠤᠷᠪᠤᠰ ᠲᠤ᠂ ︽ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠬ ᠤᠨ ᠤᠷᠳᠤᠨ ᠮᠠᠯᠴᠢᠨ ᠲᠠᠷᠢᠶᠠᠴᠢᠨ ᠤ ᠨᠤᠳᠤᠬ ᠪᠡᠯᠴᠢᠬᠡᠷ ᠤᠨ ᠲᠤᠤᠷ ᠬᠦᠷᠢᠶ᠎ᠠ᠂ ᠡᠪᠡᠰᠤ | ᠪᠤᠷᠳᠤᠭ᠎ᠠ ᠨᠦᠬᠡᠴᠡᠯᠡᠬᠦ᠂ ᠮᠠᠯ ᠤᠨ ᠬᠠᠰᠢᠶ᠎ᠠ ᠰᠠᠷᠠᠪᠴᠢ᠂ ᠮᠠᠯᠴᠢᠳ ᠤᠨ ᠰᠠᠭᠤᠷᠢᠰᠢᠯ ᠴᠡᠭ ᠵᠡᠷᠬᠡ ᠦᠢᠯᠡᠳᠪᠦᠷᠢᠯᠡᠯ | ᠠᠮᠢᠳᠤᠷᠠᠯ ᠤᠨ ᠲᠦᠬᠦᠬᠡᠷᠦᠮᠵᠢ ᠶᠢ ᠪᠦᠲᠦᠬᠡᠨ ᠪᠠᠶᠢᠭᠤᠯᠬᠤ ᠶᠢ ᠲᠡᠮᠵᠢᠵᠦ ᠵᠤᠷᠢᠬᠵᠢᠭᠤᠯᠤᠨ ᠬᠦᠲᠦᠯᠵᠤ | ᠵᠢᠯᠤᠭᠤᠳᠪᠠᠯ ᠵᠤᠬᠢᠨ᠎ᠠ︾ ᠬᠡᠵᠦ ᠲᠤᠬᠳᠠᠭᠠᠪᠠ᠃ | 2005 ᠤᠨ ᠤ 1 ᠰᠠᠷ᠎ᠠ ᠶᠢᠨ 1 ᠠᠴᠠ ᠡᠬᠢᠯᠡᠵᠦ ᠬᠡᠷᠡᠭᠵᠢᠬᠦᠯᠦᠭᠰᠡᠨ ︽ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠨᠤᠳᠤᠬ ᠪᠡᠯᠴᠢᠬᠡᠷ ᠤᠨ ᠬᠠᠮᠢᠶᠠᠷᠤᠯᠳᠠ ᠶᠢᠨ ᠲᠦᠷᠢᠮ︾ ᠳᠤ᠂ ᠨᠤᠳᠤᠬ | ᠪᠡᠯᠴᠢᠬᠡᠷ ᠤᠨ ᠡᠷᠬᠡ ᠶᠢᠨ ᠬᠠᠷᠢᠶᠠᠯᠠᠯ᠂ ᠨᠤᠳᠤᠬ ᠪᠡᠯᠴᠢᠬᠡᠷ ᠢ ᠲᠦᠯᠦᠪᠵᠢᠬᠦᠯᠬᠦ᠂ ᠨᠤᠳᠤᠬ ᠪᠡᠯᠴᠢᠬᠡᠷ ᠢ ᠪᠦᠲᠦᠬᠡᠨ | ᠪᠠᠶᠢᠭᠤᠯᠬᠤ᠂ ᠨᠤᠳᠤᠬ ᠪᠡᠯᠴᠢᠬᠡᠷ ᠢ ᠠᠰᠢᠬᠯᠠᠬᠤ᠂ ᠨᠤᠳᠤᠬ ᠪᠡᠯᠴᠢᠬᠡᠷ ᠢ ᠬᠠᠮᠠᠭᠠᠯᠠᠬᠤ᠂ ᠨᠤᠳᠤᠬ ᠪᠡᠯᠴᠢᠬᠡᠷ ᠲᠤ | ᠬᠢᠨᠠᠯᠳᠠ ᠲᠠᠯᠪᠢᠵᠦ ᠬᠠᠮᠢᠶᠠᠷᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠬᠡ ᠲᠠᠯ᠎ᠠ ᠪᠠᠷ ᠲᠤᠬᠳᠠᠭᠠᠯ ᠭᠠᠷᠭᠠᠵᠠᠢ᠃ | | ᠲᠤᠰ ︽ᠲᠦᠷᠢᠮ︾ ᠤᠨ ᠠᠷᠪᠠᠨ ᠭᠤᠷᠪᠠᠳᠤᠭᠠᠷ ᠵᠤᠷᠪᠤᠰ ᠲᠤ᠂ ︽ᠨᠤᠳᠤᠬ ᠪᠡᠯᠴᠢᠬᠡᠷ ᠤᠨ ᠡᠷᠬᠡ ᠶᠢᠨ | ᠬᠠᠷᠢᠶᠠᠯᠠᠯ ᠤᠨ ᠲᠤᠬᠠᠢ ᠮᠠᠷᠭᠤᠭᠠᠨ ᠢ ᠰᠢᠢᠳᠪᠦᠷᠢᠯᠡᠬᠦ ᠠᠴᠠ ᠡᠮᠦᠨ᠎ᠠ᠂ ᠤᠤᠯ ᠤᠨ ᠪᠠᠶᠢᠬᠰᠠᠨ ᠦᠢᠯᠡᠳᠪᠦᠷᠢᠯᠡᠯ | ᠠᠮᠢᠳᠤᠷᠠᠯ ᠤᠨ ᠲᠦᠬᠦᠬᠡᠷᠦᠮᠵᠢ ᠶᠢ ᠡᠪᠳᠡᠵᠦ ᠪᠤᠯᠬᠤ ᠦᠬᠡᠢ᠂ ᠲᠤᠤᠷ ᠬᠦᠷᠢᠶ᠎ᠠ᠂ ᠬᠠᠰᠢᠶ᠎ᠠ ᠰᠠᠷᠠᠪᠴᠢ᠂ ᠤᠳᠤᠷ | ᠵᠡᠷᠬᠡ ᠦᠢᠯᠡᠳᠪᠦᠷᠢᠯᠡᠯ ᠠᠮᠢᠳᠤᠷᠠᠯ ᠤᠨ ᠲᠦᠬᠦᠬᠡᠷᠦᠮᠵᠢ ᠵᠢᠴᠢ ᠪᠤᠰᠤᠳ ᠦᠨᠢᠳᠡ ᠶᠢᠨ ᠴᠢᠨᠠᠷᠳᠠᠢ ᠪᠠᠷᠢᠯᠭ᠎ᠠ ᠶᠢ | ᠪᠠᠶᠢᠭᠤᠯᠵᠦ ᠪᠤᠯᠬᠤ ᠦᠬᠡᠢ︾ ᠬᠡᠵᠦ ᠲᠤᠬᠳᠠᠭᠠᠪᠠ᠃ | ᠲᠤᠰ ︽ᠲᠦᠷᠢᠮ︾ ᠤᠨ ᠠᠷᠪᠠ ᠶᠢᠰᠦᠳᠦᠬᠡᠷ ᠵᠤᠷᠪᠤᠰ ᠲᠤ᠂ ︽ᠡᠯ᠎ᠠ ᠱᠠᠳᠤᠨ ᠤ ᠠᠷᠠᠳ ᠤᠨ ᠵᠠᠰᠠᠬ ᠤᠨ | ᠤᠷᠳᠤᠨ ᠨᠢᠬᠡᠴᠢ ᠪᠠ ᠬᠤᠪᠢ ᠬᠦᠮᠦᠨ ᠤ ᠲᠠᠷᠢᠮᠠᠯ ᠪᠡᠯᠴᠢᠬᠡᠷ ᠪᠦᠲᠦᠬᠡᠨ ᠪᠠᠶᠢᠭᠤᠯᠬᠤ᠂ ᠪᠠᠶᠢᠭᠠᠯᠢᠯᠢᠬ ᠨᠤᠳᠤᠬ | ᠪᠡᠯᠴᠢᠬᠡᠷ ᠢ ᠰᠠᠶᠢᠵᠢᠷᠠᠭᠤᠯᠬᠤ᠂ ᠡᠪᠡᠰᠤ ᠪᠤᠷᠳᠤᠭᠠᠨ ᠤ ᠰᠠᠭᠤᠷᠢᠨ ᠢ ᠪᠦᠲᠦᠬᠡᠨ ᠪᠠᠶᠢᠭᠤᠯᠬᠤ᠂ ᠮᠠᠯᠴᠢᠳ ᠤᠨ | ᠰᠠᠭᠤᠷᠢᠰᠢᠯ ᠴᠡᠭ᠂ ᠭᠠᠮᠰᠢᠬ ᠢ ᠰᠡᠷᠬᠡᠶᠢᠯᠡᠬᠦ ᠰᠠᠭᠤᠷᠢᠨ᠂ ᠨᠤᠳᠤᠬ ᠪᠡᠯᠴᠢᠬᠡᠷ ᠤᠨ ᠲᠤᠤᠷ ᠬᠦᠷᠢᠶ᠎ᠠ᠂ ᠡᠪᠡᠰᠤ | ᠪᠤᠷᠳᠤᠭ᠎ᠠ ᠨᠦᠬᠡᠴᠡᠯᠡᠬᠦ᠂ ᠮᠠᠯ ᠤᠨ ᠬᠠᠰᠢᠶ᠎ᠠ ᠰᠠᠷᠠᠪᠴᠢ ᠵᠡᠷᠬᠡ ᠠᠮᠢᠳᠤᠷᠠᠯ ᠦᠢᠯᠡᠳᠪᠦᠷᠢᠯᠡᠯ ᠤᠨ ᠲᠦᠬᠦᠬᠡᠷᠦᠮᠵᠢ ᠶᠢ | ᠪᠦᠲᠦᠬᠡᠨ ᠪᠠᠶᠢᠭᠤᠯᠬᠤ ᠶᠢ ᠵᠤᠷᠢᠬᠵᠢᠭᠤᠯᠤᠨ ᠲᠡᠮᠵᠢᠵᠦ ᠬᠦᠲᠦᠯᠦᠨ ᠵᠢᠯᠤᠭᠤᠳᠤᠨ᠎ᠠ︾ ᠬᠡᠵᠦ ᠲᠤᠬᠳᠠᠭᠠᠪᠠ᠃ | 2006 ᠤᠨ ᠤ 5 ᠰᠠᠷ᠎ᠠ ᠶᠢᠨ 1 ᠠᠴᠠ ᠡᠬᠢᠯᠡᠵᠦ ᠬᠡᠷᠡᠭᠵᠢᠬᠦᠯᠦᠭᠰᠡᠨ ︽ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠨᠤᠳᠤᠬ ᠪᠡᠯᠴᠢᠬᠡᠷ ᠤᠨ ᠬᠠᠮᠢᠶᠠᠷᠤᠯᠳᠠ ᠶᠢᠨ ᠲᠦᠷᠢᠮ ᠤᠨ ᠬᠡᠷᠡᠭᠵᠢᠬᠦᠯᠬᠦ ᠨᠠᠷᠢᠨ | ᠲᠦᠷᠢᠮ︾ ᠳᠤ᠂ ᠨᠤᠳᠤᠬ ᠪᠡᠯᠴᠢᠬᠡᠷ ᠢ ᠲᠠᠭᠠᠭᠠᠴᠢᠯᠠᠨ ᠡᠵᠡᠩᠨᠡᠬᠦ᠂ ᠨᠤᠳᠤᠬ ᠪᠡᠯᠴᠢᠬᠡᠷ ᠢ ᠲᠠᠭᠠᠭᠠᠴᠢᠯᠠᠨ ᠡᠵᠡᠩᠨᠡᠬᠦ | ᠡᠷᠬᠡ ᠶᠢ ᠰᠢᠯᠵᠢᠬᠦᠯᠬᠦ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ᠂ ᠨᠤᠳᠤᠬ ᠪᠡᠯᠴᠢᠬᠡᠷ ᠢ ᠲᠦᠯᠦᠪᠵᠢᠬᠦᠯᠵᠦ | ᠪᠦᠲᠦᠬᠡᠨ ᠪᠠᠶᠢᠭᠤᠯᠬᠤ᠂ ᠨᠤᠳᠤᠬ ᠪᠡᠯᠴᠢᠬᠡᠷ ᠢ ᠠᠰᠢᠬᠯᠠᠬᠤ᠂ ᠨᠤᠳᠤᠬ ᠪᠡᠯᠴᠢᠬᠡᠷ ᠢ ᠬᠠᠮᠠᠭᠠᠯᠠᠬᠤ᠂ ᠬᠠᠤᠯᠢ | ᠴᠠᠭᠠᠵᠠ ᠶᠢᠨ ᠬᠠᠷᠢᠭᠤᠴᠠᠯᠭ᠎ᠠ ᠵᠡᠷᠬᠡ ᠲᠠᠯ᠎ᠠ ᠪᠠᠷ ᠨᠠᠷᠢᠨ ᠲᠤᠬᠳᠠᠭᠠᠯ ᠭᠠᠷᠭᠠᠵᠠᠢ᠃ | ᠲᠤᠰ ︽ᠨᠠᠷᠢᠨ ᠲᠦᠷᠢᠮ︾ ᠤᠨ ᠲᠦᠴᠢᠨ ᠲᠠᠪᠤᠳᠤᠭᠠᠷ ᠵᠤᠷᠪᠤᠰ ᠲᠤ᠂ ︽ᠨᠤᠳᠤᠬ ᠪᠡᠯᠴᠢᠬᠡᠷ ᠤᠨ ᠲᠤᠤᠷ | ᠬᠦᠷᠢᠶ᠎ᠠ ᠶᠢ ᠪᠦᠲᠦᠬᠡᠨ ᠪᠠᠶᠢᠭᠤᠯᠬᠤ ᠳᠤ᠂ ᠨᠤᠳᠤᠬ ᠪᠡᠯᠴᠢᠬᠡᠷ ᠤᠨ ᠭᠤᠤᠯ ᠪᠤᠯᠬᠤ ᠵᠠᠮ ᠤᠨ ᠰᠠᠭᠠᠳ ᠦᠬᠡᠢ | ᠨᠡᠪᠲᠡᠷᠡᠬᠦ ᠶᠢ ᠪᠠᠳᠤᠯᠠᠨ᠂ ᠵᠠᠮ ᠢ ᠲᠠᠰᠤᠯᠤᠬᠰᠠᠨ ᠠᠴᠠ ᠪᠤᠯᠵᠦ ᠨᠤᠳᠤᠬ ᠪᠡᠯᠴᠢᠬᠡᠷ ᠢ ᠲᠠᠷᠤᠵᠦ ᠡᠪᠳᠡᠬᠦ ᠠᠴᠠ | ᠵᠠᠶᠢᠯᠠᠰᠬᠢᠪᠡᠯ ᠵᠤᠬᠢᠨ᠎ᠠ︾ ᠬᠡᠵᠦ ᠲᠤᠭᠳᠠᠭᠠᠵᠠᠢ᠃ | ᠲᠤᠰ ︽ᠨᠠᠷᠢᠨ ᠲᠦᠷᠢᠮ︾ ᠤᠨ ᠲᠦᠴᠢᠨ ᠲᠤᠯᠤᠳᠤᠭᠠᠷ ᠵᠤᠷᠪᠤᠰ ᠲᠤ᠂ ︽ᠨᠤᠳᠤᠬ ᠪᠡᠯᠴᠢᠬᠡᠷ ᠲᠤ | ᠪᠦᠲᠦᠬᠡᠨ ᠪᠠᠶᠢᠭᠤᠯᠬᠤ ᠠᠵᠢᠯᠯᠠᠭ᠎ᠠ ᠶᠠᠪᠤᠬᠳᠠᠭᠤᠯᠬᠤ ᠳᠤ᠂ ᠤᠷᠴᠢᠨ ᠲᠤᠭᠤᠷᠢᠨ ᠢ ᠨᠦᠯᠦᠭᠡᠯᠡᠬᠦ ᠦᠨᠡᠯᠡᠯᠳᠡ ᠬᠢᠵᠦ᠂ | ᠦᠨᠡᠯᠡᠯᠳᠡ ᠳᠠᠬᠢ ᠤᠷᠴᠢᠨ ᠲᠤᠭᠤᠷᠢᠨ ᠢ ᠬᠠᠮᠠᠭᠠᠯᠠᠬᠤ ᠠᠷᠭ᠎ᠠ ᠬᠡᠮᠵᠢᠶ᠎ᠠ᠂ ᠠᠮᠢ ᠠᠬᠤᠢ ᠶᠢ ᠰᠡᠷᠬᠦᠬᠡᠬᠦ | ᠢᠨᠵᠧᠨᠧᠷᠢᠩ ᠢ ᠭᠤᠤᠯ ᠴᠤᠬᠴᠠ ᠶᠢᠨ ᠢᠨᠵᠧᠨᠧᠷᠢᠩ ᠲᠠᠢ ᠵᠡᠷᠬᠡ ᠪᠠᠷ ᠵᠢᠷᠤᠵᠦ ᠲᠦᠯᠦᠪᠯᠡᠨ᠂ ᠵᠡᠷᠬᠡ ᠪᠠᠷ | ᠪᠠᠷᠢᠯᠭ᠎ᠠ ᠶᠢᠨ ᠠᠵᠢᠯ ᠢ ᠶᠠᠪᠤᠬᠳᠠᠭᠤᠯᠤᠨ᠂ ᠵᠡᠷᠬᠡ ᠪᠠᠷ ᠠᠰᠢᠬᠯᠠᠯᠳᠠ ᠳᠤ ᠤᠷᠤᠭᠤᠯᠪᠠᠯ ᠵᠤᠬᠢᠨ᠎ᠠ᠃ ᠨᠤᠳᠤᠬ | ᠪᠡᠯᠴᠢᠬᠡᠷ ᠲᠤ ᠪᠤᠰᠤᠳ ᠠᠵᠢᠯ ᠢ ᠶᠠᠪᠤᠬᠳᠠᠭᠤᠯᠬᠤ ᠳᠤ᠂ ᠪᠦᠲᠦᠮᠵᠢᠳᠡᠢ ᠠᠷᠭ᠎ᠠ ᠬᠡᠮᠵᠢᠶ᠎ᠠ ᠠᠪᠴᠤ᠂ ᠨᠤᠳᠤᠬ | ᠪᠡᠯᠴᠢᠬᠡᠷ ᠢ ᠪᠤᠬᠢᠷᠳᠤᠭᠤᠯᠬᠤ ᠦᠬᠡᠢ᠂ ᠡᠪᠳᠡᠬᠦ ᠦᠬᠡᠢ ᠪᠠᠶᠢᠪᠠᠯ ᠵᠤᠬᠢᠨ᠎ᠠ᠃ ᠬᠤᠰᠢᠭᠤ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠵᠠᠰᠠᠬ ᠵᠠᠬᠢᠷᠭᠠᠨ ᠤ | ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠨᠤᠳᠤᠬ ᠪᠡᠯᠴᠢᠬᠡᠷ ᠲᠡᠬᠡᠷ᠎ᠠ ᠬᠢᠵᠦ ᠪᠠᠶᠢᠭ᠎ᠠ ᠪᠦᠲᠦᠬᠡᠨ | ᠪᠠᠶᠢᠭᠤᠯᠤᠯᠳᠠ ᠶᠢᠨ ᠠᠵᠢᠯᠯᠠᠭ᠎ᠠ ᠪᠠ ᠪᠤᠰᠤᠳ ᠠᠵᠢᠯᠯᠠᠭ᠎ᠠ ᠳᠤ᠂ ᠪᠦᠲᠦᠬᠡᠨ ᠪᠠᠶᠢᠭᠤᠯᠬᠤ ᠠᠴᠠ ᠡᠮᠦᠨ᠎ᠠ ᠤᠷᠴᠢᠨ | ᠲᠤᠭᠤᠷᠢᠨ ᠤ ᠪᠠᠶᠢᠳᠠᠯ ᠤᠨ ᠪᠠᠶᠢᠴᠠᠭᠠᠯᠳᠠ ᠬᠢᠵᠦ᠂ ᠪᠦᠲᠦᠬᠡᠨ ᠪᠠᠶᠢᠭᠤᠯᠬᠤ ᠶᠠᠪᠤᠴᠠ ᠳᠤ ᠮᠦᠷᠳᠡᠯ ᠬᠢᠨᠠᠨ | ᠬᠡᠮᠵᠢᠯᠳᠡ ᠬᠢᠵᠦ᠂ ᠪᠦᠲᠦᠭᠡᠨ ᠪᠠᠶᠢᠭᠤᠯᠤᠯᠳᠠ ᠶᠢᠨ ᠠᠵᠢᠯᠯᠠᠭ᠎ᠠ ᠲᠠᠭᠤᠰᠤᠬᠰᠠᠨ ᠤ ᠲᠠᠷᠠᠭ᠎ᠠ ᠤᠷᠴᠢᠨ ᠲᠤᠭᠤᠷᠢᠨ ᠤ | ᠦᠨᠡᠯᠡᠨ ᠵᠢᠱᠢᠯᠳᠡ ᠬᠢᠪᠡᠯ ᠵᠤᠬᠢᠨ᠎ᠠ︾ ᠬᠡᠵᠦ ᠲᠤᠭᠳᠠᠭᠠᠵᠠᠢ᠃ | |