ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠤᠨ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠭᠤᠸᠠᠨ ᡁᠢ ᠡᠸᠦ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠡᠨᠡ ᠵᠢᠯ | ᠨᠢᠭᠡ ᠪᠦᠯᠦᠭ ᠤᠯᠤᠰ ᠤᠨ ᠴᠡᠴᠡᠷᠯᠢᠭ ᠢ ᠵᠢᠩᠬᠢᠨᠢ ᠪᠠᠷ ᠪᠠᠶᠢᠭᠤᠯᠬᠤ ᠶᠢᠨ ᠬᠠᠮᠲᠤ ᠬᠡᠭᠡᠷ᠎ᠡ ᠶᠢᠨ ᠠᠮᠢᠲᠠᠨ ᠢ | ᠢᠳᠡᠭᠡᠨ ᠳᠤ ᠬᠡᠷᠡᠭᠯᠡᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠠ ᠭᠡᠵᠡᠢ᠃ | | 30 ᠵᠢᠯ ᠳᠠᠷᠠᠭᠠᠯᠠᠨ ︽ᠬᠤᠤᠰ ᠨᠡᠮᠡᠭᠳᠡᠯ︾ ᠲᠠᠢ ᠪᠣᠯᠵᠣ᠂ ᠮᠠᠨ ᠤ ᠤᠯᠤᠰ ᠣᠶ ᠰᠢᠭᠤᠶ ᠶᠢᠨ ᠡᠬᠢ | ᠪᠠᠶᠠᠯᠢᠭ ᠤᠨ ᠨᠡᠮᠡᠭᠳᠡᠯ ᠢᠶᠠᠷ ᠬᠠᠮᠤᠭ ᠤᠨ ᠶᠡᠭᠡ ᠤᠯᠤᠰ ᠪᠣᠯᠪᠠ | ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠤᠯᠤᠰ ᠤᠨ | ᠤᠢ ᠰᠢᠭᠤᠢ ᠪᠠ ᠨᠤᠲᠤᠭ ᠪᠡᠯᠴᠢᠭᠡᠷ ᠤᠨ ᠰᠢᠰᠲ᠋ᠧᠮ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ᠂ | ᠤᠯᠤᠰ ᠤᠨ ᠴᠡᠴᠡᠷᠯᠢᠭ ᠵᠢᠴᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ᠂ | ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ᠂ ᠤᠢ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ᠂ ᠠᠮᠢ ᠠᠬᠤᠢ ᠪᠠᠷ ᠠᠷᠠᠳ ᠢ ᠴᠢᠨᠡᠭᠡᠯᠢᠭᠵᠢᠭᠦᠯᠬᠦ ᠠᠵᠤ ᠦᠢᠯᠡᠰ ᠢ ᠬᠥᠭᠵᠢᠭᠦᠯᠬᠦ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠰᠢᠢᠳᠪᠦᠷᠢᠲᠦ ᠢᠯᠠᠯᠲᠠ ᠶᠢ ᠣᠯᠬᠤ᠂ ᠭᠤᠣᠯᠳᠠᠯᠭᠠᠲᠣ ᠬᠦᠷᠢᠶᠡᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠬᠤ | ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠠᠬᠢᠯᠲᠠ ᠲᠠᠢ ᠪᠣᠯᠪᠠ᠂ ᠠᠷᠠᠳ ᠣᠯᠠᠨ ᠤ ᠦᠵᠡᠰᠬᠦᠯᠡᠩᠲᠤ ᠰᠠᠶᠢᠬᠠᠨ | ᠠᠮᠢ ᠠᠬᠤᠶ ᠶᠢᠨ ᠣᠷᠴᠢᠨ ᠨᠥᠬᠦᠴᠡᠯ ᠢ ᠬᠠᠩᠭᠠᠬᠤ᠂ ᠰᠢᠯᠢᠳᠡᠭ ᠠᠮᠢ ᠠᠬᠤᠶ ᠶᠢᠨ ᠪᠦᠲᠦᠭᠡᠭᠳᠡᠬᠦᠨ᠂ ᠴᠢᠨᠠᠷ | ᠰᠠᠶᠢᠲᠠᠶ ᠠᠮᠢ ᠠᠬᠤᠶ ᠶᠢᠨ ᠦᠶᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ | ᠦᠷ᠎ᠡ ᠪᠦᠲᠦᠮᠵᠢ ᠤᠯᠪᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠮᠢ | ᠠᠬᠤᠶ ᠶᠢᠨ ᠪᠣᠯᠪᠠᠰᠤᠨ ᠪᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠳᠤ | ᠰᠢᠨ᠎ᠡ ᠳᠠᠪᠰᠢᠯᠲᠠ ᠶᠢ ᠪᠡᠶᠡᠯᠡᠭᠦᠯᠵᠦ᠂ 2035 ᠣᠨ ᠳᠤ ᠠᠮᠢ ᠠᠬᠤᠶ ᠶᠢᠨ ᠣᠷᠴᠢᠨ ᠨᠥᠬᠦᠴᠡᠯ ᠢ | ᠦᠨᠳᠦᠰᠦᠨ ᠠᠴᠠ ᠨᠢ ᠰᠠᠶᠢᠵᠢᠷᠠᠭᠤᠯᠣᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ︾ ᠭᠡᠵᠦ ᠭᠤᠸᠠᠨ ᡁᠢ ᠡᠸᠤ | ᠲᠠᠨᠢᠯᠴᠠᠭᠤᠯᠪᠠ᠃ | ᠣᠶᠢᠯᠠᠭᠠᠭᠰᠠᠨ ᠢᠶᠠᠷ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠪᠥᠬᠦ ᠤᠯᠤᠰ ᠲᠤ ᠨᠡᠶᠢᠲᠡ 5.45 ᠳ᠋ᠦᠩᠰᠢᠭᠤᠷ ᠮᠥ ᠮᠣᠳᠣ ᠳᠠᠷᠢᠵᠤ᠂ 6.37 ᠳ᠋ᠦᠩᠰᠢᠭᠤᠷ ᠮᠥ ᠣᠶ ᠰᠢᠭᠤᠶ ᠶᠢ | ᠤᠶᠢᠵᠢᠭᠤᠯᠵᠤ᠂ 4805 ᠲᠦᠮᠡᠨ ᠮᠥ ᠤᠯᠤᠰ ᠤᠨ ᠨᠥᠭᠡᠴᠡ ᠣᠶ ᠣᠶᠢᠵᠢᠭᠤᠯᠵᠣ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ 23.04 % ᠪᠣᠯᠲᠠᠯ᠎ᠠ ᠳᠡᠭᠡᠭᠰᠢᠯᠡᠵᠦ᠂ ᠣᠶ ᠰᠢᠭᠤᠶ ᠶᠢᠨ ᠬᠠᠳᠠᠭᠠᠯᠠᠭᠳᠠᠴᠠ ᠶᠢᠨ | ᠬᠡᠮᠵᠢᠶ᠎ᠡ 175 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ 30 ᠵᠢᠯ ᠳᠠᠷᠠᠭᠠᠯᠠᠨ ︽ᠬᠤᠤᠰ | ᠨᠡᠮᠡᠭᠳᠡᠯ︾ ᠢ ᠪᠠᠲᠤᠯᠠᠵᠤ᠂ ᠣᠶ ᠰᠢᠭᠤᠶ ᠶᠢᠨ ᠡᠬᠢ ᠪᠠᠶᠠᠯᠢᠭ ᠤᠨ ᠨᠡᠮᠡᠭᠳᠡᠯ ᠢᠶᠠᠷ ᠬᠠᠮᠤᠭ ᠤᠨ ᠶᠡᠭᠡ ᠤᠯᠤᠰ | ᠪᠣᠯᠤᠭᠰᠠᠨ ᠪᠠᠶᠢᠨ᠎ᠠ᠃ ᠤᠯᠠᠭᠠᠨ ᠽᠠᠨᠳᠠᠨ ᠮᠣᠳᠣᠨ ᠣᠶ ᠶᠢ ᠬᠠᠮᠠᠭᠠᠯᠠᠨ ᠰᠡᠷᠭᠦᠭᠡᠬᠦ ᠲᠤᠰᠬᠠᠶ ᠠᠵᠢᠯᠯᠠᠭ᠎ᠠ ᠶᠢ | ᠶᠠᠪᠤᠭᠳᠠᠭᠤᠯᠵᠣ᠂ ᠴᠢᠭᠢᠭᠯᠢᠭ ᠭᠠᠵᠠᠷ ᠤᠨ ᠲᠠᠯᠠᠪᠠᠶ 300 ᠭᠠᠷᠤᠶ ᠲᠦᠮᠡᠨ ᠮᠥ ᠰᠢᠨ᠎ᠡ ᠪᠠᠷ ᠨᠡᠮᠡᠭᠳᠡᠵᠦ᠂ ᠴᠢᠭᠢᠭᠯᠢᠭ | ᠭᠠᠵᠠᠷ ᠤᠨ ᠬᠠᠮᠠᠭᠠᠯᠠᠯᠲᠠ ᠶᠢᠨ ᠨᠣᠷᠮ᠎ᠠ 50 % ᠶᠢ ᠳᠠᠪᠠᠪᠠ᠃ ᠨᠡᠶᠢᠲᠡ 1.8 ᠳ᠋ᠦᠩᠰᠢᠭᠤᠷ ᠮᠥ | ᠡᠯᠡᠰᠦᠷᠬᠡᠭᠵᠢᠭᠰᠡᠨ ᠪᠠ ᠬᠠᠶᠢᠷᠬᠠᠭᠵᠢᠨ ᠴᠦᠯᠵᠢᠭᠰᠡᠨ ᠭᠠᠵᠠᠷ ᠰᠢᠷᠣᠶ ᠶᠢ ᠵᠠᠰᠠᠵᠤ᠂ ᠡᠯᠡᠰᠦᠷᠬᠡᠭᠵᠢᠭᠰᠡᠨ ᠭᠠᠵᠠᠷ | ᠰᠢᠷᠣᠶ ᠶᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠲᠠᠯᠠᠪᠠᠶ ᠶᠢ 2660 ᠲᠦᠮᠡᠨ ᠮᠥ | ᠬᠦᠷᠲᠡᠯ᠎ᠡ ᠥᠷᠭᠡᠳᠬᠡᠵᠦ᠂ ᠴᠦᠯᠯᠡᠷᠭᠡᠭᠵᠢᠭᠰᠡᠨ ᠲᠠᠯᠠᠪᠠᠶ ᠪᠠ ᠬᠡᠮᠵᠢᠶ᠎ᠡ ᠦᠷᠭᠦᠯᠵᠢᠯᠡᠨ ᠪᠠᠭᠠᠰᠴᠣ᠂ ᠡᠯᠡᠰᠦᠨ | ᠰᠢᠭᠤᠷᠭ᠎ᠠ ᠶᠢᠨ ᠴᠠᠭ ᠠᠭᠤᠷ ᠤᠨ ᠲᠤᠭ᠎ᠠ ᠢᠯᠡᠳᠲᠡ ᠪᠠᠭᠠᠰᠤᠭᠰᠠᠨ ᠪᠠᠶᠢᠨ᠎ᠠ᠃ | | ᠡᠨᠡ ᠵᠢᠯ ᠨᠢᠭᠡ ᠪᠦᠯᠦᠭ ᠤᠯᠤᠰ ᠤᠨ ᠴᠡᠴᠡᠷᠯᠢᠭ ᠢ ᠵᠢᠩᠬᠢᠨᠢ ᠪᠠᠷ ᠪᠠᠶᠢᠭᠤᠯᠤᠨ᠎ᠠ | 2015 ᠣᠨ ᠳᠤ᠂ ᠮᠠᠨ ᠤ ᠤᠯᠤᠰ ᠤᠯᠤᠰ ᠤᠨ ᠴᠡᠴᠡᠷᠯᠢᠭ ᠤᠨ ᠪᠠᠶᠢᠭᠤᠯᠤᠯ ᠤᠨ ᠲᠤᠷᠰᠢᠯᠲᠠ ᠶᠢᠨ | ᠴᠡᠭ ᠤᠨ ᠪᠠᠶᠢᠭᠤᠯᠤᠯᠲᠠ ᠶᠢ ᠡᠬᠢᠯᠡᠭᠦᠯᠪᠡ᠃ ᠲᠠᠪᠤᠨ ᠵᠢᠯ ᠤᠨ ᠲᠤᠷᠰᠢ᠂ ᠤᠯᠤᠰ ᠤᠨ ᠴᠡᠴᠡᠷᠯᠢᠭ ᠤᠨ | ᠪᠠᠶᠢᠭᠤᠯᠤᠯ ᠤᠨ ᠲᠤᠷᠰᠢᠯᠲᠠ ᠨᠢ ᠥᠵᠦ ᠲᠥᠯᠥᠪᠯᠡᠭᠡ᠂ ᠬᠠᠮᠢᠶᠠᠷᠤᠯᠲᠠ ᠶᠢᠨ ᠪᠠᠶᠢᠭᠤᠯᠤᠯ᠂ ᠲᠣᠭᠲᠠᠴᠠ ᠶᠢᠨ ᠰᠢᠨ᠎ᠡ | ᠡᠭᠦᠳᠦᠯᠲᠡ᠂ ᠡᠬᠢ ᠪᠠᠶᠠᠯᠢᠭ ᠤᠨ ᠬᠠᠮᠠᠭᠠᠯᠠᠯᠲᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠠᠰᠢᠭᠲᠠᠶ | ᠰᠥᠪᠡᠭᠴᠢᠯᠡᠯᠲᠡ ᠬᠢᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ 2021 | ᠣᠨ ᠳᠤ ᠪᠠᠰᠠ ᠶᠠᠮᠠᠷ ᠰᠢᠨ᠎ᠡ ᠬᠤᠪᠢᠷᠠᠯᠲᠠ ᠭᠠᠷᠬᠤ ᠪᠣᠶ︖ | ᠭᠤᠸᠠᠨ ᡁᠢ ᠡᠸᠦ᠂ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢ ᠪᠠᠶᠢᠭᠤᠯᠬᠤ ᠪᠣᠯ ᠠᠮᠢ ᠠᠬᠤᠢ ᠶᠢᠨ | ᠪᠣᠯᠪᠠᠰᠤᠨ ᠤ ᠬᠦᠷᠢᠶᠡᠨ ᠳᠠᠬᠢ ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠲᠡ ᠪᠣᠯᠤᠨ᠎ᠠ ᠭᠡᠵᠦ ᠢᠯᠡᠷᠬᠡᠶᠢᠯᠡᠪᠡ᠃ | | ᠣᠳᠣᠬᠠᠨ ᠳᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠲᠦᠷᠭᠡᠰᠴᠦ᠂ | ᠤᠯᠤᠰ ᠤᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠡᠨᠡ ᠵᠢᠯ | ᠨᠢᠭᠡ ᠪᠦᠯᠦᠭ ᠤᠯᠤᠰ ᠤᠨ ᠴᠡᠴᠡᠷᠯᠢᠭ ᠢ ᠵᠢᠩᠬᠢᠨᠢ ᠪᠠᠷ ᠪᠠᠶᠢᠭᠤᠯᠤᠨ᠎ᠠ᠃ |