ᠥᠪᠥᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ ᠲᠣᠭᠠᠲᠤ 2020 ᠣᠨ ᠤ 10 ᠳ᠋ᠤᠭᠠᠷ | ᠰᠠᠷ᠎ᠠ ᠶᠢᠨ 23 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄ | | ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠪᠠ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠥᠮᠥᠰᠥ ᠶᠢᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ | ᠠᠬᠤᠶ ᠶᠢ ᠲᠡᠷᠢᠭᠦᠨ ᠳᠤ ᠪᠣᠳᠣᠯᠬᠢᠯᠠᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠶ ᠬᠥᠭᠵᠢᠬᠦ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠮᠥᠰᠥ ᠶᠢᠨ ᠳᠠᠪᠠᠭᠤᠯᠢᠭ ᠪᠥᠭᠡᠳ ᠣᠨᠴᠠᠯᠢᠭᠲᠤ ᠠᠵᠤ | ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠰᠬᠠᠶᠢᠵᠢᠭᠰᠠᠨ ᠪᠠ ᠬᠡᠪᠴᠢᠶᠡᠵᠢᠭᠰᠡᠨ | ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠰᠠᠭᠤᠷᠢ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠳᠠᠰ ᠤᠨ ᠲᠣᠨᠤᠭ ᠲᠥᠬᠦᠭᠡᠷᠦᠮᠵᠢ ᠶᠢ ᠰᠠᠶᠢᠵᠢᠷᠠᠭᠤᠯᠵᠤ᠂ | ᠲᠥᠮᠥᠰᠥ ᠶᠢᠨ ᠠᠵᠤ ᠦᠢᠯᠡᠰ ᠤᠨ ᠬᠡᠪᠴᠢᠶᠡᠵᠢᠯᠲᠡ᠂ ᠪᠠᠷᠢᠮᠵᠢᠶᠠᠵᠢᠯᠲᠠ᠂ ᠮᠧᠬᠠᠨᠢᠭᠵᠢᠯᠲᠠ᠂ ᠨᠡᠷᠡᠳᠦ | ᠲᠡᠮᠳᠡᠭᠵᠢᠯᠲᠡ᠂ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠳᠤ ᠲᠦᠰᠢᠭᠯᠡᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ | ᠦᠢᠯᠡᠰ ᠢᠶᠠᠷ ᠶᠠᠳᠠᠭᠤ ᠶᠢ ᠲᠡᠳᠬᠦᠨ ᠪᠠᠶᠠᠵᠢᠬᠤ ᠶᠢ ᠨᠢ ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ | ᠴᠢᠩᠭᠠᠷᠠᠭᠤᠯᠤᠨ᠂ ᠴᠢᠨᠠᠷᠯᠢᠭ ᠪᠥᠭᠡᠳ ᠬᠤᠣᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠦᠢᠯᠡᠳᠪᠦᠷᠢᠯᠡᠬᠦ᠂ | ᠪᠣᠬᠢᠷᠲᠤᠯ ᠦᠭᠡᠶ ᠢᠳᠡᠭᠡᠨ ᠤ ᠰᠣᠷᠭᠤᠭ ᠲᠥᠮᠥᠰᠥ ᠦᠢᠯᠡᠳᠪᠦᠷᠢᠯᠡᠬᠦ᠂ ᠲᠥᠮᠥᠰᠥ ᠶᠢ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠪᠠ ᠪᠦᠲᠦᠭᠡᠭᠳᠡᠬᠦᠨ ᠢ ᠭᠠᠳᠠᠭᠰᠢ ᠭᠠᠷᠭᠠᠬᠤ ᠵᠡᠷᠭᠡ ᠪᠦᠬᠦ ᠤᠯᠤᠰ ᠲᠤ ᠨᠡᠷ᠎ᠡ ᠠᠯᠳᠠᠷᠲᠠᠶ | ᠰᠠᠭᠤᠷᠢᠨ ᠭᠠᠵᠠᠷ ᠤᠳ ᠢ ᠪᠠᠶᠢᠭᠤᠯᠵᠤ᠂ ᠮᠠᠨ ᠤ ᠣᠷᠣᠨ ᠤ ᠲᠥᠮᠥᠰᠥ ᠶᠢᠨ ᠳᠠᠪᠠᠭᠤᠯᠢᠭ ᠭᠠᠷᠤᠯᠲᠠ ᠶᠢᠨ ᠣᠷᠣᠨ | ᠪᠣᠯᠬᠤ ᠭᠤᠣᠯᠯᠠᠭᠴᠢ ᠪᠠᠶᠢᠷᠢ ᠰᠠᠭᠤᠷᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠬᠠᠷᠠᠯᠲᠠ | 2025 ᠣᠨ ᠪᠣᠯᠬᠤ ᠳᠤ᠂ ᠪᠦᠬᠦ ᠣᠷᠣᠨ ᠤ ᠲᠥᠮᠥᠰᠥ ᠲᠠᠷᠢᠬᠤ ᠲᠠᠯᠠᠪᠠᠶ ᠶᠢ 800 ᠭᠠᠷᠤᠶ ᠲᠦᠮᠡᠨ ᠮᠦ | ᠪᠣᠯᠲᠠᠯ᠎ᠠ ᠰᠡᠷᠭᠦᠭᠡᠬᠦ ᠪᠠᠷ ᠴᠢᠷᠮᠠᠶᠢᠨ᠂ ᠲᠥᠮᠥᠰᠥ ᠶᠢ ᠠᠩᠬ᠎ᠠ ᠡᠳ᠋ᠰᠢᠭᠦᠯᠬᠦ ᠪᠠ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠶᠢ ᠨᠢ 60% ᠣᠷᠴᠢᠮ ᠳᠤ ᠬᠦᠷᠭᠡᠵᠦ᠂ ᠪᠦᠬᠦ ᠠᠵᠤ ᠦᠢᠯᠡᠰ ᠤᠨ | ᠬᠡᠯᠬᠢᠶ᠎ᠡ ᠶᠢᠨ ᠪᠦᠲᠦᠭᠡᠭᠳᠡᠬᠦᠨ ᠤ ᠥᠷᠲᠡᠭ ᠢ 230 ᠭᠠᠷᠤᠶ ᠳ᠋ᠦᠩᠰᠢᠭᠤᠷ ᠲᠥᠭᠦᠷᠢᠭ ᠪᠣᠯᠭᠠᠨ᠎ᠠ᠃ ᠲᠥᠮᠥᠰᠥ ᠶᠢᠨ | ᠬᠤᠣᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥᠨ ᠤ ᠴᠡᠪᠡᠷ ᠦᠷ᠎ᠡ ᠦᠷᠡᠵᠢᠭᠦᠯᠦᠨ ᠪᠤᠶᠢᠵᠢᠭᠤᠯᠬᠤ ᠲᠠᠯᠠᠪᠠᠶ ᠶᠢ | 50 ᠭᠠᠷᠤᠶ ᠲᠦᠮᠡᠨ ᠮᠦ ᠳᠤ ᠲᠣᠭᠲᠠᠪᠤᠷᠢᠵᠢᠭᠤᠯᠵᠤ᠂ ᠪᠦᠬᠦ ᠣᠷᠣᠨ ᠤ ᠲᠥᠮᠥᠰᠥ ᠶᠢᠨ ᠬᠤᠣᠷ | ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠶᠢᠨ ᠲᠦᠭᠡᠮᠡᠯᠵᠢᠭᠦᠯᠬᠦ ᠨᠣᠷᠮ᠎ᠠ ᠶᠢ 92% ᠪᠣᠯᠲᠠᠯ᠎ᠠ ᠳᠡᠭᠡᠭᠰᠢᠯᠡᠭᠦᠯᠦᠨ᠎ᠡ᠃ | ᠮᠠᠨ ᠤ ᠣᠷᠣᠨ ᠳᠤ ᠲᠠᠷᠢᠬᠤ ᠳᠤ ᠲᠣᠬᠢᠷᠠᠬᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠪᠦᠬᠦᠢ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠴᠢᠨᠠᠷ ᠰᠠᠶᠢᠲᠠᠶ ᠲᠥᠮᠥᠰᠥᠨ ᠤ ᠰᠢᠨ᠎ᠡ ᠦᠷ᠎ᠡ ᠡᠭᠦᠯᠳᠡᠷ ᠢ | 3 — 5 ᠰᠣᠩᠭᠤᠨ ᠪᠤᠶᠢᠵᠢᠭᠤᠯᠤᠨ᠎ᠠ᠃ ᠲᠠᠸᠠᠷ ᠤᠨ ᠲᠥᠮᠥᠰᠥ ᠶᠢᠨ ᠨᠡᠷᠡᠲᠦ ᠲᠡᠮᠳᠡᠭ ᠢ 5 ᠣᠷᠴᠢᠮ ᠪᠤᠶ | ᠪᠣᠯᠭᠠᠨ᠎ᠠ᠃ ᠤᠯᠤᠰ ᠤᠨ ᠲᠠᠰ ᠤᠨ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ 1 | ᠬᠦᠷᠢᠶᠡᠯᠡᠩ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ 1 — 2 ᠬᠦᠷᠢᠶᠡᠯᠡᠩ ᠪᠦᠲᠦᠭᠡᠨ ᠪᠠᠶᠢᠭᠤᠯᠵᠤ᠂ ᠤᠯᠤᠰ ᠤᠨ ᠲᠠᠰ ᠤᠨ ᠲᠥᠮᠥᠰᠥ ᠶᠢᠨ | ᠳᠠᠪᠠᠭᠤᠯᠢᠭ ᠪᠥᠭᠡᠳ ᠣᠨᠴᠠᠯᠢᠭᠲᠤ ᠠᠵᠤ ᠦᠢᠯᠡᠰ ᠤᠨ 1 ᠪᠦᠯᠦᠭᠵᠢᠯ ᠪᠣᠶ ᠪᠣᠯᠭᠠᠨ᠂ ᠪᠦᠬᠦ ᠤᠯᠤᠰ ᠲᠤ ᠨᠡᠷ᠎ᠡ | ᠠᠯᠳᠠᠷᠲᠠᠶ ᠲᠥᠮᠥᠰᠥ ᠦᠢᠯᠡᠳᠪᠦᠷᠢᠯᠡᠬᠦ᠂ ᠰᠢᠨ᠎ᠡ ᠶᠢ ᠡᠭᠦᠳᠬᠦ᠂ ᠭᠦᠢᠯᠭᠡᠭᠡᠨ ᠤ ᠰᠠᠭᠤᠷᠢᠨ ᠭᠠᠵᠠᠷ ᠤᠳ ᠢ | ᠪᠠᠶᠢᠭᠤᠯᠤᠨ᠎ᠠ᠃ | ᠭᠤᠷᠪᠠ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ | ︵ᠨᠢᠭᠡ︶ ᠲᠥᠮᠥᠰᠥ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ | 1. ᠳᠠᠪᠠᠭᠤᠯᠢᠭ ᠠᠵᠤ ᠦᠢᠯᠡᠰ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠤᠰᠤᠨ ᠤ ᠬᠡᠮᠵᠢᠶ᠎ᠡ ᠪᠠᠷ ᠲᠠᠷᠢᠬᠤ ᠪᠠ ᠵᠣᠬᠢᠴᠠᠩᠭᠤᠶ ᠬᠥᠭᠵᠢᠭᠦᠯᠬᠦ ᠶᠢ ᠪᠠᠷᠢᠮᠲᠠᠯᠠᠵᠤ᠂ ᠤᠰᠤᠨ ᠤ ᠡᠬᠢ ᠰᠤᠷᠪᠤᠯᠵᠢ | ᠪᠠ ᠣᠷᠴᠢᠨ ᠲᠣᠭᠤᠷᠢᠨ ᠤ ᠳᠠᠭᠠᠭᠠᠴᠠ ᠪᠠᠷ ᠬᠠᠲᠠᠭᠤ ᠬᠢᠵᠠᠭᠠᠷᠯᠠᠯ ᠪᠣᠯᠭᠠᠨ᠂ ᠲᠥᠮᠥᠰᠥ ᠶᠢᠨ ᠠᠵᠤ ᠦᠢᠯᠡᠰ ᠤᠨ | ᠣᠷᠣᠨ ᠪᠦᠰᠡ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ᠪᠤᠭᠤᠲᠤ ᠬᠤᠲᠠ᠂ ᠬᠥᠬᠡᠬᠤᠲᠠ᠂ | ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠲᠠ ᠪᠠᠷ ᠭᠤᠣᠯᠳᠠᠯᠭ᠎ᠠ ᠪᠣᠯᠭᠠᠭᠰᠠᠨ ᠮᠤᠨᠢ | ᠠᠭᠤᠯᠠ ᠶᠢᠨ ᠬᠤᠷᠮᠣᠶ ᠳᠠᠭᠠᠤ ᠪᠠ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠢᠶᠠᠷ ᠭᠤᠣᠯᠳᠠᠯᠭ᠎ᠠ ᠪᠣᠯᠭᠠᠭᠰᠠᠨ | ᠶᠡᠭᠡ ᠬᠢᠩᠭᠠᠨ ᠳᠠᠪᠠᠭ᠎ᠠ ᠶᠢᠨ ᠬᠤᠷᠮᠣᠶ ᠳᠠᠭᠠᠤ ᠶᠢᠨ ᠲᠥᠮᠥᠰᠥ ᠶᠢᠨ ᠠᠵᠤ ᠦᠢᠯᠡᠰ ᠤᠨ ᠪᠦᠰᠡ ᠶᠢ ᠪᠠᠶᠢᠭᠤᠯᠤᠨ᠂ | ᠳᠠᠪᠠᠭᠤᠯᠢᠭ ᠣᠷᠣᠨ ᠪᠦᠰᠡ ᠶᠢᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠷ᠎ᠠ ᠬᠥᠷᠥᠰᠥᠲᠦ ᠭᠠᠵᠠᠷ ᠰᠢᠷᠣᠶ ᠶᠢ ᠬᠠᠮᠠᠭᠠᠯᠠᠨ ᠠᠰᠢᠭᠯᠠᠬᠤ | ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠥᠮᠥᠰᠥ ᠶᠢᠨ ᠭᠤᠣᠯ ᠭᠠᠷᠤᠯᠲᠠ ᠶᠢᠨ ᠣᠷᠣᠨ ᠤ | ᠦᠢᠯᠡᠳᠪᠦᠷᠢᠯᠡᠯ ᠤᠨ ᠰᠠᠭᠤᠷᠢ ᠨᠥᠬᠦᠴᠡᠯ ᠢ ᠰᠠᠶᠢᠵᠢᠷᠠᠭᠤᠯᠤᠨ᠎ᠠ᠃ | 2. ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠲᠠᠷᠢᠶᠠᠯᠠᠩ ᠤᠨ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠷ᠎ᠡ ᠶᠢᠨ ᠲᠥᠮᠥᠰᠥ | ᠪᠤᠶᠢᠵᠢᠭᠤᠯᠬᠤ ᠶᠢ ᠴᠢᠩᠭᠠᠳᠬᠠᠨ᠂ ᠢᠳᠡᠭᠡᠨ ᠤ ᠰᠣᠷᠭᠤᠭ ᠲᠥᠮᠥᠰᠥ ᠶᠢ ᠰᠢᠯᠢᠳᠡᠭᠵᠢᠭᠦᠯᠦᠨ᠂ ᠲᠤᠰᠬᠠᠶ ᠬᠡᠷᠡᠭᠯᠡᠬᠦ | ᠲᠥᠮᠥᠰᠥ ᠶᠢ ᠨᠠᠷᠢᠯᠢᠭ ᠡᠳ᠋ᠰᠢᠭᠦᠯᠦᠨ ᠪᠣᠯᠪᠠᠰᠤᠷᠠᠭᠤᠯᠤᠨ᠎ᠠ᠃ ᠦᠷ᠎ᠡ ᠶᠢᠨ ᠲᠥᠮᠥᠰᠥ ᠪᠤᠶᠢᠵᠢᠭᠤᠯᠬᠤ ᠳᠤ ᠬᠥᠯᠥᠨ | ᠪᠤᠶᠢᠷ ᠬᠤᠲᠠ ᠶᠢᠨ ᠳᠠᠪᠠᠭᠠᠨ ᠤ ᠪᠠᠷᠠᠭᠤᠨ ᠳᠠᠬᠢ ᠭᠠᠵᠠᠷ ᠣᠷᠣᠨ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ | ᠬᠡᠰᠡᠭ᠂ ᠰᠢᠯᠢ ᠶᠢᠨ ᠭᠤᠣᠯ ᠠᠶᠢᠮᠠᠭ ᠤᠨ ᠡᠮᠦᠨᠡᠲᠦ ᠬᠡᠰᠡᠭ ᠪᠠ ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ | ᠬᠤᠲᠠ ᠵᠡᠷᠭᠡ ᠳᠤᠮᠳᠠ ᠪᠠᠷᠠᠭᠤᠨ ᠬᠡᠰᠡᠭ ᠤᠨ ᠭᠤᠣᠯ ᠭᠠᠷᠤᠯᠲᠠ ᠶᠢᠨ ᠣᠷᠣᠨ ᠤ ᠬᠤᠶᠢᠲᠤ ᠬᠡᠰᠡᠭ ᠢᠶᠠᠷ | ᠭᠤᠣᠯᠳᠠᠯᠭ᠎ᠠ ᠪᠣᠯᠭᠠᠨ᠂ 200 ᠲᠦᠮᠡᠨ ᠮᠦ ᠥᠨᠳᠥᠷ ᠪᠠᠷᠢᠮᠵᠢᠶᠠᠲᠤ ᠬᠤᠣᠷ ᠥᠬᠡᠶᠢᠳᠡᠭᠦᠯᠦᠭᠰᠡᠨ ᠦᠷ᠎ᠡ ᠶᠢᠨ | ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠵᠢᠯ ᠪᠦᠷᠢ ᠶᠢᠨ | ᠦᠢᠯᠡᠳᠪᠦᠷᠢᠯᠡᠬᠦ ᠲᠠᠯᠠᠪᠠᠶ ᠶᠢ 50 ᠭᠠᠷᠤᠶ ᠲᠦᠮᠡᠨ ᠮᠦ ᠪᠠᠶᠢᠯᠭᠠᠬᠤ ᠪᠠᠷ ᠪᠠᠲᠤᠯᠠᠨ᠎ᠠ᠃ ᠲᠠᠸᠠᠷ ᠤᠨ ᠲᠥᠮᠥᠰᠥ | ᠲᠠᠷᠢᠬᠤ ᠳᠤ ᠬᠥᠯᠥᠨ ᠪᠤᠶᠢᠷ ᠬᠤᠲᠠ ᠶᠢᠨ ᠳᠠᠪᠠᠭᠠᠨ ᠤ ᠵᠡᠭᠦᠨ ᠡᠮᠦᠨᠡᠳᠡᠬᠢ ᠭᠠᠵᠠᠷ ᠣᠷᠣᠨ᠂ ᠬᠢᠩᠭᠠᠨ ᠠᠶᠢᠮᠠᠭ ᠤᠨ | ᠵᠡᠭᠦᠨ ᠡᠮᠦᠨᠡᠲᠦ ᠬᠡᠰᠡᠭ ᠪᠠ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠬᠥᠬᠡᠬᠤᠲᠠ᠂ ᠪᠤᠭᠤᠲᠤ | ᠬᠤᠲᠠ᠂ ᠤᠯᠠᠭᠠᠨᠴᠠᠪ ᠬᠤᠲᠠ ᠶᠢᠨ ᠭᠤᠣᠯ ᠭᠠᠷᠤᠯᠲᠠ ᠶᠢᠨ ᠣᠷᠣᠨ ᠢᠶᠠᠷ ᠭᠤᠣᠯᠳᠠᠯᠭ᠎ᠠ ᠪᠣᠯᠭᠠᠵᠤ᠂ ᠢᠳᠡᠭᠡᠨ ᠤ | ᠴᠢᠨᠠᠷ ᠰᠠᠶᠢᠲᠠᠶ ᠰᠣᠷᠭᠤᠭ ᠲᠥᠮᠥᠰᠥ ᠲᠠᠷᠢᠬᠤ ᠲᠠᠯᠠᠪᠠᠶ ᠶᠢ 500 ᠲᠦᠮᠡᠨ ᠮᠦ ᠪᠣᠯᠲᠠᠯ᠎ᠠ ᠬᠥᠭᠵᠢᠭᠦᠯᠦᠨ᠎ᠡ᠃ | ᠲᠤᠰᠬᠠᠶ ᠬᠡᠷᠡᠭᠯᠡᠬᠦ ᠲᠥᠮᠥᠰᠥ ᠶᠢ ᠡᠳ᠋ᠰᠢᠭᠦᠯᠦᠨ ᠪᠣᠯᠪᠠᠰᠤᠷᠠᠭᠤᠯᠬᠤ ᠳᠤ ᠬᠥᠯᠥᠨ ᠪᠤᠶᠢᠷ ᠬᠤᠲᠠ ᠶᠢᠨ ᠳᠠᠪᠠᠭᠠᠨ ᠤ | ᠵᠡᠭᠦᠨ ᠡᠮᠦᠨᠡᠳᠡᠬᠢ ᠭᠠᠵᠠᠷ ᠣᠷᠣᠨ᠂ ᠤᠯᠠᠭᠠᠨᠬᠠᠳᠠ ᠬᠤᠲᠠ ᠶᠢᠨ ᠬᠤᠶᠢᠲᠤ ᠬᠡᠰᠡᠭ᠂ ᠰᠢᠯᠢ ᠶᠢᠨ ᠭᠤᠣᠯ ᠠᠶᠢᠮᠠᠭ᠂ | ᠤᠯᠠᠭᠠᠨᠴᠠᠪ ᠬᠤᠳᠠ᠂ ᠣᠷᠳᠣᠰ ᠬᠤᠲᠠ ᠶᠢᠨ ᠡᠯᠡᠰᠦᠷᠬᠡᠭ ᠭᠠᠵᠠᠷ ᠤᠨ ᠭᠠᠷᠤᠯᠲᠠ ᠶᠢᠨ ᠣᠷᠣᠨ ᠢᠶᠠᠷ ᠭᠤᠣᠯᠳᠠᠯᠭ᠎ᠠ | ᠪᠣᠯᠭᠠᠨ᠂ ᠲᠠᠷᠢᠬᠤ ᠲᠠᠯᠠᠪᠠᠶ ᠶᠢ 200 ᠲᠦᠮᠡᠨ ᠮᠦ ᠪᠣᠯᠲᠠᠯ᠎ᠠ ᠥᠷᠭᠡᠳᠬᠡᠨ᠎ᠡ᠃ | ︵ᠬᠤᠶᠠᠷ︶ ᠦᠷ᠎ᠡ ᠶᠢᠨ ᠲᠥᠮᠥᠰᠥ ᠶᠢᠨ ᠠᠵᠤ ᠦᠢᠯᠡᠰ ᠢ ᠦᠨᠡᠨ ᠬᠦ ᠰᠠᠶᠢᠲᠤᠷ ᠬᠦᠴᠦᠷᠬᠡᠭᠵᠢᠭᠦᠯᠦᠨ᠎ᠡ᠃ | 1. ᠲᠥᠮᠥᠰᠥᠨ ᠤ ᠰᠢᠨ᠎ᠡ ᠦᠷ᠎ᠡ ᠡᠭᠦᠯᠳᠡᠷ ᠢ ᠰᠣᠩᠭᠤᠨ ᠪᠤᠶᠢᠵᠢᠭᠤᠯᠵᠤ ᠰᠢᠨ᠎ᠡ ᠡᠭᠦᠳᠦᠯᠲᠡ ᠭᠠᠷᠭᠠᠬᠤ ᠶᠢ | ᠲᠦᠷᠭᠡᠳᠬᠡᠨ᠎ᠡ᠃ ᠥᠪᠥᠷ ᠮᠣᠩᠭᠤᠯ ᠤᠨ ᠲᠥᠮᠥᠰᠥ ᠶᠢᠨ ᠳᠡᠭᠡᠳᠦ ᠰᠢᠨ᠎ᠡ ᠮᠡᠷᠭᠡᠵᠢᠯ ᠤᠨ ᠬᠤᠷᠠᠭᠤᠯᠤᠨ ᠬᠡᠷᠡᠭᠯᠡᠬᠦ | ᠬᠢᠭᠡᠳ ᠬᠠᠮᠵᠢᠯᠴᠠᠨ ᠰᠢᠨ᠎ᠡ ᠶᠢ ᠡᠭᠦᠳᠬᠦ ᠲᠥᠪ ᠢ ᠵᠣᠬᠢᠶᠠᠨ ᠪᠠᠶᠢᠭᠤᠯᠵᠤ᠂ ᠲᠠᠷᠢᠶᠠᠯᠠᠩ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠴᠦᠨ ᠢ ᠡᠮᠬᠢᠯᠡᠨ ᠨᠡᠶᠢᠯᠡᠭᠦᠯᠵᠦ᠂ ᠤᠯᠤᠰ ᠤᠨ ᠠᠵᠤ ᠦᠢᠯᠡᠰ ᠤᠨ ᠮᠡᠷᠭᠡᠵᠢᠯ ᠤᠨ ᠲᠣᠭᠲᠠᠯᠴᠠᠭ᠎ᠠ ᠶᠢᠨ ᠪᠦᠯᠬᠦᠮ | ᠨᠡᠶᠢᠲᠡ᠂ ᠠᠵᠤ ᠦᠢᠯᠡᠰ ᠤᠨ ᠲᠡᠷᠢᠭᠦᠨ ᠲᠤᠰᠬᠠᠶ ᠮᠡᠷᠭᠡᠵᠢᠯᠲᠡᠨ ᠪᠠ ᠣᠯᠠᠨ ᠤᠯᠤᠰ ᠤᠨ ᠲᠥᠮᠥᠰᠥ ᠶᠢᠨ ᠲᠤᠰᠬᠠᠶ | ᠮᠡᠷᠭᠡᠵᠢᠯᠲᠡᠨ ᠯᠦᠭᠡ ᠶᠢᠨ ᠬᠠᠮᠵᠢᠯᠴᠠᠭ᠎ᠠ ᠶᠢ ᠢᠳᠡᠪᠬᠢᠲᠡᠶ ᠥᠷᠨᠢᠭᠦᠯᠵᠦ᠂ ᠰᠢᠨ᠎ᠡ ᠦᠷ᠎ᠡ ᠡᠭᠦᠯᠳᠡᠷ ᠲᠤ ᠬᠤᠯᠪᠣᠭᠠᠯᠠᠨ | ᠰᠢᠪᠲᠤᠯᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠮᠠᠨ ᠤ ᠣᠷᠣᠨ ᠤ ᠦᠢᠯᠡᠳᠪᠦᠷᠢᠯᠡᠯ ᠤᠨ ᠨᠥᠬᠦᠴᠡᠯ | ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠴᠢᠨᠠᠷ ᠰᠠᠶᠢᠲᠠᠶ ᠲᠥᠮᠥᠰᠥᠨ ᠤ ᠰᠢᠨ᠎ᠡ ᠦᠷ᠎ᠡ | ᠡᠭᠦᠯᠳᠡᠷ ᠢ ᠰᠣᠩᠭᠤᠨ ᠪᠤᠶᠢᠵᠢᠭᠤᠯᠵᠤ ᠳᠡᠯᠭᠡᠷᠡᠭᠦᠯᠬᠦ ᠶᠢ ᠲᠦᠷᠭᠡᠳᠬᠡᠵᠦ᠂ ᠰᠣᠩᠭᠤᠨ ᠪᠤᠶᠢᠵᠢᠭᠤᠯᠤᠭᠰᠠᠨ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠴᠢᠨᠠᠷ ᠰᠠᠶᠢᠲᠠᠶ ᠲᠥᠮᠥᠰᠥᠨ ᠤ ᠰᠢᠨ᠎ᠡ ᠦᠷ᠎ᠡ | ᠡᠭᠦᠯᠳᠡᠷ ᠲᠤ ᠱᠠᠩᠨᠠᠯ ᠤᠨ ᠴᠢᠨᠠᠷᠲᠠᠶ ᠨᠡᠮᠡᠭᠦᠷᠢ ᠣᠯᠭᠤᠨ᠎ᠠ᠃ | 2. ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠ | ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠶᠠᠭᠰᠢ ᠬᠤᠳᠠ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ | ᠳᠥᠷᠪᠡᠳ ᠬᠤᠰᠢᠭᠤᠨ ᠤ ᠤᠯᠤᠰ ᠤᠨ ᠰᠠᠶᠢᠨ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠲᠥᠷᠥᠯ ᠵᠦᠢᠯ ᠢ ᠢᠳᠡᠪᠬᠢᠲᠡᠶ ᠵᠣᠬᠢᠶᠠᠨ ᠪᠠᠶᠢᠭᠤᠯᠵᠤ ᠠᠬᠢᠭᠤᠯᠤᠨ᠂ ᠰᠢᠯᠢ ᠶᠢᠨ | ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠰᠠᠶᠢᠨ ᠦᠷ᠎ᠡ ᠶᠢᠨ ᠲᠥᠮᠥᠰᠥ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠢ ᠠᠯᠢ ᠲᠦᠷᠭᠡᠨ ᠪᠥᠭᠡᠳ ᠵᠢᠩᠬᠢᠨᠢ ᠪᠠᠷ ᠲᠥᠷᠥᠯ ᠵᠦᠢᠯ ᠪᠣᠯᠭᠠᠨ ᠪᠡᠯᠡ | ᠣᠷᠣᠭᠤᠯᠬᠤ ᠪᠠᠷ ᠴᠢᠷᠮᠠᠶᠢᠵᠤ᠂ ᠤᠯᠤᠰ ᠤᠨ ᠰᠠᠶᠢᠨ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠨᠡᠩ ᠣᠯᠠᠨ ᠲᠥᠷᠥᠯ ᠵᠦᠢᠯ ᠡᠬᠢᠯᠡᠭᠦᠯᠬᠦ ᠪᠠᠷ ᠢᠳᠡᠪᠬᠢᠲᠡᠶ | ᠭᠤᠶᠤᠴᠢᠯᠠᠨ᠂ ᠥᠨᠳᠥᠷ ᠪᠠᠷᠢᠮᠵᠢᠶᠠᠲᠤ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ | 200 ᠲᠦᠮᠡᠨ ᠮᠦ ᠪᠠᠶᠢᠭᠤᠯᠵᠤ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠨ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠶᠢᠨ ᠣᠷᠣᠬᠤ ᠶᠢ ᠵᠥᠪᠰᠢᠶᠡᠷᠡᠬᠦ ᠳᠦᠷᠢᠮ ᠢ | ᠪᠠᠶᠢᠭᠤᠯᠵᠤ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠢ 4 ᠵᠢᠯ ᠭᠠᠷᠤᠶ ᠪᠣᠯᠪᠠᠯ ᠡᠭᠡᠯᠵᠢᠯᠡᠨ | ᠳᠠᠷᠢᠭᠤᠯᠬᠤ ᠪᠠᠷ ᠠᠯᠪᠠᠳᠠᠵᠤ᠂ ᠡᠭᠡᠯᠵᠢᠯᠡᠨ ᠲᠠᠷᠢᠬᠤ ᠲᠠᠷᠢᠮᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠨ | ᠲᠣᠭᠲᠠᠭᠠᠵᠤ᠂ ᠦᠷ᠎ᠡ ᠶᠢᠨ ᠲᠥᠮᠥᠰᠥ ᠶᠢᠨ ᠰᠠᠭᠤᠷᠢᠨ ᠭᠠᠵᠠᠷ ᠤᠨ ᠬᠥᠷᠥᠰᠥᠨ ᠠᠴᠠ ᠬᠠᠯᠳᠠᠪᠤᠷᠢᠯᠠᠬᠤ ᠬᠤᠷᠣᠬᠠᠶ | ᠭᠡᠮ ᠤᠨ ᠬᠥᠨᠥᠭᠡᠯ ᠢ ᠴᠢᠩᠭ᠎ᠠ ᠬᠢᠵᠠᠭᠠᠷᠯᠠᠨ᠎ᠠ᠃ | 3. ᠦᠷ᠎ᠡ ᠶᠢᠨ ᠲᠥᠮᠥᠰᠥ ᠲᠠᠷᠢᠬᠤ ᠠᠵᠤ ᠠᠬᠤᠶᠢᠯᠠᠯ ᠢ ᠪᠤᠵᠠᠭᠠᠶᠢᠷᠠᠨ ᠬᠦᠴᠦᠷᠬᠡᠭᠵᠢᠭᠦᠯᠬᠦ ᠪᠠᠷ ᠲᠡᠳᠬᠦᠨ᠎ᠡ᠃ | ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠭᠰᠠᠨ ᠦᠷ᠎ᠡ ᠶᠢᠨ ᠲᠥᠮᠥᠰᠥ ᠲᠠᠷᠢᠬᠤ 10 | ᠰᠢᠬᠠᠮ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠨ᠂ ᠦᠷ᠎ᠡ ᠶᠢᠨ ᠲᠥᠮᠥᠰᠥ ᠲᠠᠷᠢᠬᠤ ᠠᠵᠤ ᠠᠬᠤᠶᠢᠯᠠᠯ ᠢ | ᠵᠣᠷᠢᠭᠵᠢᠭᠤᠯᠵᠤ ᠪᠠᠶᠢᠭᠠᠳ ᠨᠡᠶᠢᠯᠡᠭᠦᠯᠦᠨ ᠨᠢᠭᠡᠳᠬᠡᠵᠦ ᠳᠠᠬᠢᠨᠲᠠ ᠵᠣᠬᠢᠶᠠᠨ ᠪᠠᠶᠢᠭᠤᠯᠵᠤ᠂ ᠪᠥᠭᠡᠮ ᠢᠶᠠᠷ | ᠦᠷᠡᠵᠢᠭᠦᠯᠦᠨ ᠪᠤᠶᠢᠵᠢᠭᠤᠯᠬᠤ ᠲᠠᠰᠤᠭ᠂ ᠲᠣᠣᠷᠯᠢᠬᠵᠢᠭᠤᠯᠬᠤ ᠲᠠᠰᠤᠭ᠂ ᠦᠷ᠎ᠡ ᠶᠢᠨ ᠲᠥᠮᠥᠰᠥ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠮᠠᠲ᠋ᠧᠷᠢᠶᠠᠯ ᠵᠡᠷᠭᠡ ᠡᠬᠢ | ᠪᠠᠶᠠᠯᠢᠭ ᠢ ᠰᠢᠯᠢᠳᠡᠭᠵᠢᠭᠦᠯᠵᠦ ᠡᠮᠬᠢᠯᠡᠨ ᠨᠡᠶᠢᠯᠡᠭᠦᠯᠵᠦ᠂ ᠦᠷ᠎ᠡ ᠶᠢᠨ ᠲᠥᠮᠥᠰᠥ ᠲᠠᠷᠢᠬᠤ ᠠᠵᠤ ᠠᠬᠤᠶᠢᠯᠠᠯ ᠤᠨ | ᠰᠠᠭᠤᠷᠢ ᠪᠡᠯᠡᠳᠬᠡᠮᠵᠢ ᠪᠦᠲᠦᠭᠡᠨ ᠪᠠᠶᠢᠭᠤᠯᠬᠤ ᠪᠠ ᠳᠡᠰ ᠳᠡᠪᠰᠢᠭᠦᠯᠦᠨ ᠥᠭᠡᠷᠡᠴᠢᠯᠡᠬᠦ ᠶᠢ ᠳᠠᠮᠵᠢᠵᠤ᠂ ᠠᠵᠤ | ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠦᠷ᠎ᠡ ᠶᠢᠨ ᠲᠥᠮᠥᠰᠥ ᠲᠠᠷᠢᠬᠤ ᠨᠡᠷ᠎ᠡ | ᠠᠯᠳᠠᠷᠲᠠᠶ ᠠᠵᠤ ᠠᠬᠤᠶᠢᠯᠠᠯ ᠤᠨ ᠨᠡᠷᠡᠲᠦ ᠲᠡᠮᠳᠡᠭ ᠢ ᠪᠣᠶ ᠪᠣᠯᠭᠠᠨ᠂ ᠵᠠᠬ᠎ᠠ ᠳᠡᠯᠭᠡᠭᠦᠷ ᠤᠨ ᠥᠷᠢᠰᠥᠯᠳᠦᠬᠦ | ᠬᠦᠴᠦᠨ ᠢ ᠨᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠪᠦᠬᠦ ᠣᠷᠣᠨ ᠳᠠᠬᠢ ᠲᠥᠮᠥᠰᠥ ᠶᠢ | ᠬᠡᠪᠴᠢᠶᠡᠵᠢᠯ ᠲᠠᠢ ᠲᠠᠷᠢᠬᠤ ᠠᠵᠤ ᠠᠬᠤᠶᠢᠯᠠᠯ ᠤᠨ ᠠᠩᠬᠠᠨ ᠤ ᠴᠡᠪᠡᠷ ᠦᠷ᠎ᠡ ᠶᠢᠨ ᠲᠥᠮᠥᠰᠥ ︵ᠪᠢᠴᠢᠯ ᠲᠥᠮᠥᠰᠥ︶ | ᠦᠢᠯᠡᠳᠪᠦᠷᠢᠯᠡᠬᠦ ᠴᠢᠳᠠᠪᠤᠷᠢ ᠶᠢ 30 ᠳ᠋ᠦᠩᠰᠢᠭᠤᠷ ᠬᠦᠷᠭᠡᠬᠦ ᠪᠠᠷ ᠴᠢᠷᠮᠠᠶᠢᠨ᠂ 50 ᠭᠠᠷᠤᠶ ᠲᠦᠮᠡᠨ ᠮᠦ | ᠲᠥᠮᠥᠰᠥᠨ ᠤ ᠴᠡᠪᠡᠷ ᠦᠷ᠎ᠡ ᠦᠷᠡᠵᠢᠭᠦᠯᠦᠨ ᠪᠤᠶᠢᠵᠢᠭᠤᠯᠬᠤ ᠶᠢ ᠥᠷᠭᠡᠳᠬᠡᠬᠦ ᠶᠢ ᠨᠢ ᠳᠡᠮᠵᠢᠵᠦ᠂ 500 ᠲᠦᠮᠡᠨ | ᠮᠦ ᠶᠢᠨ ᠦᠢᠯᠡᠳᠪᠦᠷᠢᠯᠡᠯ ᠳᠤ ᠬᠡᠷᠡᠭᠯᠡᠬᠦ ᠦᠷ᠎ᠡ ᠶᠢᠨ ᠲᠥᠮᠥᠰᠥ ᠪᠠ ᠨᠢᠭᠡᠳᠦᠭᠡᠷ ᠲᠠᠰ ᠤᠨ ᠦᠷ᠎ᠡ ᠶᠢᠨ ᠲᠥᠮᠥᠰᠥ | ᠦᠷᠡᠵᠢᠭᠦᠯᠦᠨ ᠪᠤᠶᠢᠵᠢᠭᠤᠯᠬᠤ ᠶᠢ ᠥᠷᠭᠡᠳᠬᠡᠬᠦ ᠬᠡᠷᠡᠭᠴᠡᠭᠡ ᠶᠢ ᠨᠢ ᠬᠠᠩᠭᠠᠨ᠎ᠠ᠃ | 4. ᠦᠷ᠎ᠡ ᠶᠢᠨ ᠲᠥᠮᠥᠰᠥ ᠶᠢᠨ ᠶᠠᠰᠤ ᠴᠢᠨᠠᠷ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠬᠤᠣᠷ | ᠥᠬᠡᠶᠢᠳᠡᠭᠦᠯᠦᠭᠰᠡᠨ ᠴᠢᠬᠢ᠂ ᠠᠩᠬᠠᠨ ᠤ ᠴᠡᠪᠡᠷ ᠦᠷ᠎ᠡ ᠶᠢᠨ ᠲᠥᠮᠥᠰᠥ ︵ᠪᠢᠴᠢᠯ ᠲᠥᠮᠥᠰᠥ︶᠂ ᠴᠡᠪᠡᠷ ᠦᠷ᠎ᠡ᠂ | ᠨᠢᠭᠡᠳᠦᠭᠡᠷ ᠲᠠᠰ ᠤᠨ ᠦᠷ᠎ᠡ ᠶᠢᠨ ᠲᠥᠮᠥᠰᠥᠨ ᠤ ᠴᠢᠨᠠᠷ ᠢ ᠪᠦᠬᠦ ᠶᠠᠪᠤᠴᠠ ᠳᠤ ᠨᠢ ᠬᠠᠮᠢᠶᠠᠷᠤᠨ ᠡᠵᠡᠮᠳᠡᠬᠦ ᠪᠠᠨ | ᠴᠢᠩᠭᠠᠳᠬᠠᠵᠤ᠂ ᠬᠤᠣᠷ ᠥᠬᠡᠶᠢᠳᠡᠭᠦᠯᠦᠭᠰᠡᠨ ᠲᠥᠮᠥᠰᠥᠨ ᠤ ᠴᠢᠬᠢ ᠶᠢᠨ ᠦᠢᠯᠡᠳᠪᠦᠷᠢᠯᠡᠯ ᠳᠤ ᠡᠰᠢᠨ ᠤ | ᠦᠵᠦᠭᠦᠷ ᠲᠠᠬᠢ ᠬᠤᠣᠷ ᠢ ᠨᠢ ᠥᠬᠡᠶᠢᠳᠡᠭᠦᠯᠵᠦ ᠴᠡᠪᠡᠷ ᠪᠠᠶᠢᠯᠭᠠᠬᠤ ᠶᠢ ᠦᠨᠡᠨ ᠬᠦ ᠪᠠᠲᠤᠯᠠᠨ᠂ ᠪᠢᠴᠢᠯ | ᠲᠥᠮᠥᠰᠥ ᠶᠢᠨ ᠦᠢᠯᠡᠳᠪᠦᠷᠢᠯᠡᠯ ᠳᠤ ᠲᠣᠣᠷᠯᠢᠭ ᠬᠦᠯᠡᠮᠵᠢ ᠶᠢᠨ ᠰᠠᠭᠤᠷᠢ ᠪᠣᠳᠠᠰ ᠤᠨ ᠴᠡᠪᠡᠷ ᠪᠠᠶᠢᠬᠤ ᠶᠢ ᠦᠨᠡᠨ ᠬᠦ | ᠪᠠᠲᠤᠯᠠᠵᠤ᠂ ᠴᠡᠪᠡᠷ ᠦᠷ᠎ᠡ ᠪᠠ ᠨᠢᠭᠡᠳᠦᠭᠡᠷ ᠲᠠᠰ ᠤᠨ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠳᠤ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠬᠥᠷᠥᠰᠥ ᠰᠢᠷᠣᠶ ᠶᠢ ᠴᠡᠪᠡᠷ ᠪᠠᠶᠢᠯᠭᠠᠬᠤ ᠪᠠᠨ ᠦᠨᠡᠨ ᠬᠦ | ᠪᠠᠲᠤᠯᠠᠨ᠎ᠠ᠃ ᠪᠠᠶᠢᠴᠠᠭᠠᠨ ᠰᠢᠯᠭᠠᠬᠤ ᠡᠷᠴᠢᠮ ᠢ ᠴᠢᠩᠭᠠᠷᠠᠭᠤᠯᠵᠤ᠂ ᠪᠠᠶᠢᠴᠠᠭᠠᠨ ᠰᠢᠯᠭᠠᠬᠤ ᠪᠦᠯᠦᠭ ᠤᠳᠠᠭ᠎ᠠ ᠶᠢ | ᠨᠡᠮᠡᠭᠳᠡᠭᠦᠯᠦᠨ᠂ ᠦᠷ᠎ᠡ ᠶᠢᠨ ᠲᠥᠮᠥᠰᠥ ᠦᠢᠯᠡᠳᠪᠦᠷᠢᠯᠡᠵᠦ ᠡᠵᠡᠩᠨᠡᠬᠦ ᠭᠤᠣᠯ ᠴᠣᠭᠴᠠ ᠶᠢᠨ ᠪᠠᠶᠢᠴᠠᠭᠠᠨ | ᠰᠢᠯᠭᠠᠬᠤ ᠶᠢ 100% ᠪᠠᠷ ᠪᠡᠶᠡᠯᠡᠭᠦᠯᠵᠦ᠂ ᠦᠷ᠎ᠡ ᠶᠢᠨ ᠲᠥᠮᠥᠰᠥ ᠶᠢ ᠬᠥᠮᠥᠷᠭᠡ ᠳᠤ ᠣᠷᠣᠭᠤᠯᠬᠤ ᠳᠤ ᠪᠠᠨ | 100% ᠪᠠᠷ ᠰᠤᠭᠤᠴᠢᠵᠤ ᠪᠠᠶᠢᠴᠠᠭᠠᠨ᠂ ᠬᠤᠣᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ ᠦᠢᠯᠡᠳᠪᠦᠷᠢᠯᠡᠬᠦ ᠶᠢ | ᠲᠠᠷᠢᠶᠠᠨ ᠭᠠᠵᠠᠷ ᠲᠤ ᠨᠢ 100% ᠪᠠᠷ ᠪᠠᠶᠢᠴᠠᠭᠠᠨ ᠰᠢᠯᠭᠠᠵᠤ᠂ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠤᠨ | ᠭᠡᠷᠡᠴᠢᠯᠡᠬᠦ ᠠᠵᠢᠯ ᠢ ᠢᠳᠡᠪᠬᠢᠲᠡᠶ ᠥᠷᠨᠢᠭᠦᠯᠦᠨ᠎ᠡ᠃ ᠦᠷ᠎ᠡ ᠶᠢᠨ ᠲᠥᠮᠥᠰᠥ ᠶᠢᠨ ᠦᠢᠯᠡᠳᠪᠦᠷᠢᠯᠡᠯ ᠡᠵᠡᠩᠨᠡᠯᠲᠡ ᠳᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠯᠵᠢᠭᠦᠯᠦᠨ ᠣᠷᠣᠭᠤᠯᠵᠤ ᠪᠠᠶᠢᠭ᠎ᠠ ᠬᠤᠣᠷ ᠥᠬᠡᠶᠢᠳᠡᠭᠦᠯᠦᠭᠰᠡᠨ | ᠦᠷ᠎ᠡ ᠶᠢᠨ ᠲᠥᠮᠥᠰᠥ ᠳᠤ ᠰᠢᠯᠭᠠᠨ ᠪᠠᠶᠢᠴᠠᠭᠠᠵᠤ ᠬᠢᠵᠢᠭ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠬᠢᠷᠢ | ᠲᠡᠩᠴᠡᠬᠦ ᠦᠭᠡᠶ ᠦᠷ᠎ᠡ ᠶᠢᠨ ᠲᠥᠮᠥᠰᠥᠨ ᠤ ᠳᠡᠰ ᠢ ᠪᠠᠭᠤᠷᠠᠭᠤᠯᠬᠤ ᠪᠤᠶᠤ ᠲᠠᠸᠠᠷ ᠪᠣᠯᠭᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠦᠷ᠎ᠡ ᠶᠢᠨ ᠲᠥᠮᠥᠰᠥᠨ ᠤ ᠴᠢᠨᠠᠷ ᠢ ᠨᠢ ᠮᠥᠷᠳᠡᠨ ᠤᠬᠤᠴᠢᠯᠠᠬᠤ ᠲᠣᠭᠲᠠᠯᠴᠠᠭ᠎ᠠ ᠶᠢ | ᠪᠦᠷᠢᠨᠰᠢᠭᠦᠯᠦᠨ᠂ ᠦᠷ᠎ᠡ ᠶᠢᠨ ᠲᠥᠮᠥᠰᠥ ᠦᠢᠯᠡᠳᠪᠦᠷᠢᠯᠡᠵᠦ ᠡᠵᠡᠩᠨᠡᠬᠦ ᠳᠤ ᠬᠠᠤᠯᠢ ᠪᠠ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ︵ᠭᠤᠷᠪᠠ︶ ᠲᠥᠮᠥᠰᠥ ᠶᠢᠨ ᠴᠢᠨᠠᠷ ᠰᠠᠶᠢᠲᠠᠶ ᠪᠥᠭᠡᠳ ᠪᠣᠬᠢᠷᠲᠤᠯ ᠦᠭᠡᠶ ᠦᠢᠯᠡᠳᠪᠦᠷᠢᠯᠡᠯ ᠢ ᠬᠦᠴᠦᠲᠡᠶ | ᠠᠬᠢᠭᠤᠯᠤᠨ᠎ᠠ᠃ | 1. ᠪᠣᠷᠳᠣᠭᠤᠷ ᠤᠨ ᠬᠡᠮᠵᠢᠶ᠎ᠡ ᠶᠢ ᠬᠢᠵᠠᠭᠠᠷᠯᠠᠵᠤ ᠦᠷ᠎ᠡ ᠠᠰᠢᠭ ᠢ ᠨᠢ ᠨᠡᠮᠡᠭᠳᠡᠭᠦᠯᠦᠨ᠎ᠡ᠃ ᠣᠷᠭᠠᠨᠢᠭ | ᠪᠣᠷᠳᠣᠭᠤᠷ ᠢᠶᠠᠷ ᠣᠷᠭᠠᠨᠢᠭ ᠪᠤᠰᠤ ᠪᠣᠷᠳᠣᠭᠤᠷ ᠢ ᠣᠷᠣᠯᠠᠭᠤᠯᠬᠤ᠂ ᠪᠣᠷᠳᠣᠭᠤᠷ ᠣᠷᠣᠭᠤᠯᠬᠤ ᠠᠷᠭ᠎ᠠ ᠮᠠᠶ᠋ᠢᠭ ᠢ | ᠰᠠᠶᠢᠵᠢᠷᠠᠭᠤᠯᠬᠤ᠂ ᠪᠣᠷᠳᠣᠭᠤᠷ ᠣᠷᠣᠭᠤᠯᠬᠤ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠵᠡᠷᠭᠡ | ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠬᠡᠷᠡᠭᠯᠡᠵᠦ ᠪᠠᠶᠢᠭᠠᠳ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ᠎ᠠ᠃ | ᠲᠠᠷᠢᠶᠠᠨ ᠭᠠᠵᠠᠷ ᠲᠠᠬᠢ ᠬᠥᠷᠥᠰᠥᠨ ᠤ ᠰᠢᠮ᠎ᠡ ᠶᠢ ᠬᠠᠮᠠᠭᠠᠯᠠᠬᠤ ᠨᠡᠮᠡᠭᠦᠷᠢ ᠶᠢᠨ ᠪᠡᠯᠡ ᠮᠥᠩᠭᠦ ᠬᠢᠭᠡᠳ ᠲᠠᠷᠢᠶᠠᠨ | ᠭᠠᠵᠠᠷ ᠤᠨ ᠴᠢᠨᠠᠷᠯᠢᠭ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠬᠤ ᠶᠢ ᠨᠢ ᠵᠣᠷᠢᠭᠵᠢᠭᠤᠯᠵᠤ ᠬᠥᠲᠥᠯᠥᠨ | ᠵᠢᠯᠣᠭᠤᠳᠴᠤ᠂ ᠣᠷᠭᠠᠨᠢᠭ ᠪᠣᠷᠳᠣᠭᠤᠷ ᠢ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠳᠤ ᠪᠤᠴᠠᠭᠠᠵᠤ | ᠰᠢᠩᠭᠡᠭᠡᠨ ᠣᠷᠣᠭᠤᠯᠬᠤ᠂ ᠨᠣᠭᠤᠭᠠᠨ ᠪᠣᠷᠳᠣᠭᠤᠷ ᠲᠠᠷᠢᠵᠤ ᠲᠠᠷᠢᠶᠠᠨ ᠭᠠᠵᠠᠷ ᠲᠤ ᠣᠷᠣᠭᠤᠯᠬᠤ᠂ ᠭᠦᠨ | ᠬᠠᠭᠠᠯᠪᠤᠷᠢᠯᠠᠵᠤ ᠭᠦᠢᠴᠡᠳ ᠰᠤᠯᠠᠷᠠᠭᠤᠯᠬᠤ ᠵᠡᠷᠭᠡ ᠳᠤ ᠪᠣᠳᠠᠰᠵᠢᠭᠤᠯᠤᠭᠰᠠᠨ ᠨᠡᠮᠡᠭᠦᠷᠢ ᠪᠠ ᠮᠡᠷᠭᠡᠵᠢᠯ ᠤᠨ ᠨᠡᠮᠡᠭᠦᠷᠢ | ᠥᠭᠬᠦ ᠳᠤ ᠬᠡᠷᠡᠭᠯᠡᠨ᠂ ᠲᠠᠷᠢᠶᠠᠨ ᠭᠠᠵᠠᠷ ᠢ ᠰᠢᠮᠡᠵᠢᠭᠦᠯᠵᠦ᠂ ᠣᠷᠭᠠᠨᠢᠭ ᠪᠣᠷᠳᠣᠭᠤᠷ ᠬᠡᠷᠡᠭᠯᠡᠬᠦ ᠬᠡᠮᠵᠢᠶ᠎ᠡ ᠶᠢ | ᠨᠡᠮᠡᠭᠳᠡᠭᠦᠯᠦᠨ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ | 2. ᠡᠮ ᠰᠠᠴᠤᠬᠤ ᠶᠢ ᠬᠢᠵᠠᠭᠠᠷᠯᠠᠵᠤ ᠬᠤᠣᠷ ᠬᠥᠨᠥᠭᠡᠯ ᠢ ᠨᠢ ᠪᠠᠭᠠᠰᠬᠠᠨ᠎ᠠ᠃ ᠡᠮ ᠰᠠᠴᠤᠬᠤ ᠪᠠᠭᠠᠵᠢ | ᠲᠥᠬᠦᠭᠡᠷᠦᠮᠵᠢ ᠶᠢ ᠰᠠᠶᠢᠵᠢᠷᠠᠭᠤᠯᠵᠤ᠂ ᠨᠢᠭᠡᠳᠦᠯᠲᠡᠶ ᠰᠡᠷᠭᠡᠶᠢᠯᠡᠵᠦ ᠵᠠᠰᠠᠬᠤ ᠪᠠ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠡᠵᠡᠮᠳᠡᠬᠦ ᠶᠢ ᠳᠡᠯᠭᠡᠷᠡᠭᠦᠯᠦᠨ᠂ ᠮᠧᠬᠠᠨᠢᠭ ᠢᠶᠠᠷ ᠲᠠᠩᠨᠠᠵᠤ ᠠᠷᠴᠢᠨ ᠡᠪᠡᠰᠦ ᠠᠷᠢᠯᠭᠠᠬᠤ ᠡᠷᠴᠢᠮ ᠢ | ᠴᠢᠩᠭᠠᠷᠠᠭᠤᠯᠵᠤ᠂ ᠥᠨᠳᠥᠷ ᠦᠷ᠎ᠡ ᠠᠰᠢᠭ ᠲᠠᠢ ᠠᠮᠢᠳᠤ ᠪᠣᠳᠠᠰ ᠤᠨ ᠲᠠᠷᠢᠶᠠᠯᠠᠩ ᠤᠨ ᠡᠮ ᠢ ᠢᠳᠡᠪᠬᠢᠲᠡᠶ | ᠳᠡᠯᠭᠡᠷᠡᠭᠦᠯᠦᠨ᠂ ᠬᠢᠮᠢ ᠶᠢᠨ ᠲᠠᠷᠢᠶᠠᠯᠠᠩ ᠤᠨ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠥᠪᠥᠷ ᠮᠣᠩᠭᠤᠯ ᠤᠨ | ᠲᠥᠮᠥᠰᠥᠨ ᠤ ᠰᠡᠭᠦᠯᠳᠡᠵᠦ ᠬᠠᠯᠳᠠᠪᠤᠷᠢᠯᠠᠬᠤ ᠬᠠᠯᠠᠭᠤᠨ ᠭᠡᠮ ᠳᠤ ᠲᠣᠭᠠᠵᠢᠭᠤᠯᠤᠭᠰᠠᠨ ᠬᠢᠨᠠᠵᠤ ᠡᠵᠡᠮᠳᠡᠨ | ᠰᠡᠷᠡᠮᠵᠢᠯᠡᠭᠦᠯᠬᠦ ᠰᠢᠰᠲ᠋ᠧᠮ ᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠪᠦᠬᠦ ᠣᠷᠣᠨ ᠤ ᠲᠥᠮᠥᠰᠥ ᠶᠢᠨ ᠭᠤᠣᠯ | ᠭᠠᠷᠤᠯᠲᠠ ᠶᠢᠨ 41 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠠᠶᠢᠭᠤᠯᠤᠭᠰᠠᠨ 103 ᠪᠣᠳᠠᠰᠯᠢᠭ | ᠬᠤᠯᠪᠣᠭᠠᠲᠤ ᠰᠦᠯᠵᠢᠶ᠎ᠡ ᠶᠢᠨ ᠠᠦ᠋ᠲ᠋ᠣ᠋ ᠬᠢᠨᠠᠨ ᠰᠢᠨᠵᠢᠬᠦ ᠥᠷᠲᠡᠭᠡ ᠴᠡᠭ ᠤᠨ ᠰᠠᠭᠤᠷᠢᠨ ᠳᠡᠭᠡᠷ᠎ᠡ᠂ ᠬᠢᠨᠠᠵᠤ ᠰᠢᠨᠵᠢᠬᠦ | ᠴᠡᠭ ᠢ ᠴᠢᠨᠠᠭᠰᠢᠳᠠ ᠨᠡᠮᠡᠵᠦ ᠨᠢᠭᠲᠠ ᠪᠠᠶᠢᠷᠢᠯᠠᠭᠤᠯᠵᠤ᠂ ᠲᠥᠬᠦᠷᠵᠢᠭᠦᠯᠦᠭᠰᠡᠨ ᠲᠥᠬᠦᠭᠡᠷᠦᠮᠵᠢ ᠶᠢ | ᠲᠡᠭᠦᠯᠳᠡᠷᠵᠢᠭᠦᠯᠦᠨ᠎ᠡ᠃ ᠰᠡᠷᠡᠮᠵᠢᠯᠡᠭᠦᠯᠬᠦ ᠯᠦᠭᠡ ᠭᠤᠣᠯᠳᠠᠯᠭ᠎ᠠ ᠲᠠᠢ ᠤᠶᠠᠯᠳᠤᠭᠤᠯᠤᠨ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠳᠠᠷᠤᠬᠤ ᠶᠢ ᠳᠡᠯᠭᠡᠷᠡᠭᠦᠯᠵᠦ᠂ ᠲᠥᠮᠥᠰᠥᠨ ᠤ ᠰᠡᠭᠦᠯᠳᠡᠵᠦ ᠬᠠᠯᠳᠠᠪᠤᠷᠢᠯᠠᠬᠤ ᠬᠠᠯᠠᠭᠤᠨ ᠭᠡᠮ ᠤᠨ | ᠰᠡᠷᠡᠮᠵᠢᠯᠡᠭᠦᠯᠬᠦ ᠶᠢ 14 — 20 ᠡᠳᠦᠷ ᠤᠷᠢᠳᠴᠢᠯᠠᠭᠤᠯᠵᠤ᠂ ᠲᠠᠷᠢᠶᠠᠯᠠᠩ ᠤᠨ ᠡᠮ ᠰᠠᠴᠤᠬᠤ ᠤᠳᠠᠭ᠎ᠠ ᠶᠢ 3 | ᠣᠷᠴᠢᠮ ᠪᠠᠭᠠᠰᠬᠠᠨ᠂ ᠮᠦ ᠪᠦᠷᠢ ᠳᠤ ᠳᠤᠮᠳᠠᠴᠢ ᠪᠠᠷ 100 ᠭᠠᠷᠤᠶ ᠭᠷᠠᠮ ᠬᠠᠰᠤᠵᠤ᠂ 2025 ᠣᠨ ᠪᠣᠯᠬᠤ ᠳᠤ᠂ | ᠵᠢᠯ ᠤᠨ ᠳᠡᠯᠭᠡᠷᠡᠭᠦᠯᠦᠭᠰᠡᠨ ᠲᠠᠯᠠᠪᠠᠶ ᠶᠢ 200 ᠭᠠᠷᠤᠶ ᠲᠦᠮᠡᠨ ᠮᠦ ᠳᠤ ᠬᠦᠷᠦᠭᠦᠯᠦᠨ᠎ᠡ᠃ | 3. ᠤᠰᠤ ᠬᠡᠷᠡᠭᠯᠡᠬᠦ ᠶᠢ ᠬᠢᠵᠠᠭᠠᠷᠯᠠᠵᠤ ᠬᠤᠷᠣᠭᠳᠠᠯ ᠰᠦᠢᠳᠦᠯ ᠢ ᠪᠠᠭᠠᠰᠬᠠᠨ᠎ᠠ᠃ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠠᠷᠢᠶᠠᠯᠠᠩ ᠤᠨ ᠭᠤᠣᠯᠳᠠᠯᠭ᠎ᠠ ᠲᠠᠢ ᠲᠥᠷᠥᠯ ᠵᠦᠢᠯ ᠢᠶᠠᠷ | ᠳᠠᠮᠵᠢᠭᠤᠯᠤᠨ᠂ ᠰᠦᠷᠴᠢᠨ ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠬᠦ ᠶᠢ ᠠᠬᠢᠭᠤᠯᠵᠤ᠂ | ᠥᠨᠳᠥᠷ ᠦᠷ᠎ᠡ ᠠᠰᠢᠭ ᠲᠠᠢ ᠪᠠᠷ ᠤᠰᠤ ᠪᠠ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠦᠨ᠂ | ᠣᠳᠣ ᠪᠠᠶᠢᠭ᠎ᠠ ᠳᠤᠰᠤᠯᠭᠠᠨ ᠤᠰᠤᠯᠠᠬᠤ ᠪᠠᠷ ᠭᠤᠣᠯ ᠪᠣᠯᠭᠠᠭᠰᠠᠨ ᠲᠥᠮᠥᠰᠥ ᠲᠠᠷᠢᠬᠤ ᠥᠨᠳᠥᠷ ᠦᠷ᠎ᠡ | ᠠᠰᠢᠭ ᠲᠠᠢ ᠪᠠᠷ ᠤᠰᠤ ᠪᠣᠷᠳᠣᠭᠤᠷ ᠢ ᠨᠢᠭᠡ ᠴᠤᠨᠨᠴᠠᠵᠢᠭᠤᠯᠤᠨᠨᠰᠠᠨ ᠲᠠᠯᠠᠪᠠᠶ 140 ᠲᠦᠮᠡᠨ ᠮᠦ ᠶᠢᠨ ᠰᠠᠭᠤᠷᠢᠨ | ᠳᠡᠭᠡᠷ᠎ᠡ᠂ 2025 ᠣᠨ ᠪᠣᠯᠬᠤ ᠳᠤ ᠲᠥᠮᠥᠰᠥ ᠲᠠᠷᠢᠬᠤ ᠥᠨᠳᠥᠷ ᠦᠷ᠎ᠡ ᠠᠰᠢᠭ ᠲᠠᠢ ᠪᠠᠷ ᠤᠰᠤ ᠪᠠ | ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ ᠶᠢ 100 ᠲᠦᠮᠡᠨ ᠮᠦ ᠰᠢᠨ᠎ᠡ ᠪᠠᠷ ᠥᠭᠡᠷᠡᠴᠢᠯᠡᠨ ᠨᠡᠮᠡᠵᠦ᠂ | ᠪᠦᠬᠦ ᠣᠷᠣᠨ ᠤ 300 ᠲᠦᠮᠡᠨ ᠮᠦ ᠣᠷᠴᠢᠮ ᠤᠨ ᠤᠰᠤᠯᠠᠯᠲᠠ ᠶᠢᠨ ᠨᠥᠬᠦᠴᠡᠯ ᠲᠠᠢ ᠲᠥᠮᠥᠰᠥ ᠲᠠᠷᠢᠬᠤ | ᠲᠠᠯᠠᠪᠠᠶ ᠶᠢᠨ 80% ᠠᠴᠠ ᠳᠡᠭᠡᠭᠰᠢᠬᠢ ᠶᠢ ᠨᠢ ᠥᠨᠳᠥᠷ ᠦᠷ᠎ᠡ ᠠᠰᠢᠭ ᠲᠠᠢ ᠪᠠᠷ ᠤᠰᠤ ᠪᠣᠷᠳᠣᠭᠤᠷ ᠢ ᠨᠢᠭᠡ | ᠴᠤᠭᠴᠠᠵᠢᠭᠤᠯᠤᠨᠠ᠃ | 4. ᠨᠢᠮᠭᠡᠨ ᠰᠦᠯᠢᠶᠣᠣ ᠪᠦᠷᠬᠦᠪᠴᠢ ᠶᠢ ᠬᠢᠵᠠᠭᠠᠷᠯᠠᠵᠤ ᠪᠣᠬᠢᠷᠲᠤᠯ ᠢ ᠪᠠᠭᠠᠰᠬᠠᠨ᠎ᠠ᠃ 1 -2 ᠵᠢᠯ ᠤᠨ | ᠬᠢᠨᠠᠨ ᠬᠠᠮᠢᠶᠠᠷᠬᠤ ᠪᠠ ᠳᠡᠯᠭᠡᠷᠡᠭᠦᠯᠬᠦ ᠪᠠᠷ ᠳᠠᠮᠵᠢᠭᠤᠯᠤᠨ᠂ ᠪᠦᠬᠦ ᠣᠷᠣᠨ ᠤ ᠲᠥᠮᠥᠰᠥ ᠶᠢ ᠨᠢᠮᠭᠡᠨ ᠰᠦᠯᠢᠶᠣᠣ | ᠪᠦᠷᠬᠦᠵᠦ ᠲᠠᠷᠢᠬᠤ ᠳᠤ ᠴᠥᠮ 0.01 ᠮᠢᠯᠢᠮᠧᠳ᠋ᠷ ᠤᠨ ᠵᠤᠵᠠᠭᠠᠨ ᠤ ᠬᠡᠮᠵᠢᠶ᠎ᠡ ᠲᠠᠢ ᠪᠠᠶᠢᠳᠠᠭ ᠳᠡᠯᠡᠬᠡᠶ ᠶᠢᠨ ᠰᠢᠨ᠎ᠡ | ᠪᠠᠷᠢᠮᠵᠢᠶᠠᠲᠤ ᠨᠢᠮᠭᠡᠨ ᠰᠦᠯᠢᠶᠣᠣ ᠪᠦᠷᠬᠦᠪᠴᠢ ᠶᠢ ᠬᠡᠷᠡᠭᠯᠡᠵᠦ᠂ ᠲᠠᠷᠢᠶᠠᠨ ᠭᠠᠵᠠᠷ ᠲᠤ ᠰᠦᠢᠳᠦᠭᠳᠡᠵᠦ ᠦᠯᠡᠳᠡᠭᠰᠡᠨ | ᠨᠢᠮᠭᠡᠨ ᠰᠦᠯᠢᠶᠣᠣ ᠪᠦᠷᠬᠦᠪᠴᠢ ᠪᠠᠨ ᠲᠣᠰ ᠤᠯᠠᠷᠢᠯ ᠳᠤ ᠨᠢ ᠪᠤᠴᠠᠭᠠᠨ ᠬᠤᠷᠢᠶᠠᠬᠤ ᠨᠣᠷᠮ᠎ᠠ ᠶᠢ 90% ᠠᠴᠠ | ᠳᠡᠭᠡᠭᠰᠢ ᠳᠤ ᠬᠦᠷᠦᠭᠦᠯᠦᠨ᠎ᠡ᠂ ᠲᠥᠮᠥᠰᠥ ᠲᠠᠷᠢᠬᠰᠡᠳ ᠢ ᠵᠣᠷᠢᠭᠵᠢᠭᠤᠯᠵᠤ ᠬᠥᠲᠥᠯᠥᠨ ᠵᠢᠯᠣᠭᠤᠳᠴᠤ ᠪᠠᠶᠢᠭᠠᠳ | ᠠᠮᠢᠳᠤ ᠪᠣᠳᠠᠰ ᠤᠨ ᠵᠠᠳᠠᠷᠠᠯᠳᠤ ᠨᠢᠮᠭᠡᠨ ᠰᠦᠯᠢᠶᠣᠣ ᠪᠦᠷᠬᠦᠪᠴᠢ ᠶᠢ ᠬᠡᠷᠡᠭᠯᠡᠭᠦᠯᠵᠦ᠂ ᠥᠨᠳᠥᠷ ᠳᠡᠯᠡᠩᠲᠦ ᠪᠦᠷᠬᠦᠭᠦᠯ | ᠥᠬᠡᠶ ᠳᠤᠰᠤᠯᠭᠠᠨ ᠤᠰᠤᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠦᠨ᠎ᠡ᠃ | 5. ᠡᠭᠡᠯᠵᠢᠯᠡᠨ ᠲᠠᠷᠢᠵᠤ ᠬᠤᠷᠣᠬᠠᠶ ᠭᠡᠮ ᠢ ᠠᠷᠢᠯᠭᠠᠨ᠎ᠠ᠃ ᠡᠭᠡᠯᠵᠢᠯᠡᠨ ᠲᠠᠷᠢᠵᠤ ᠭᠤᠤᠷᠰᠤ ᠰᠣᠯᠢᠬᠤ ᠪᠠᠷ | ᠳᠠᠮᠵᠢᠭᠤᠯᠤᠨ ᠲᠥᠮᠥᠰᠥ ᠶᠢᠨ ᠬᠥᠷᠥᠰᠥᠨ ᠠᠴᠠ ᠬᠠᠯᠳᠠᠪᠤᠷᠢᠯᠠᠬᠤ ᠬᠤᠷᠣᠬᠠᠶ ᠭᠡᠮ ᠢ ᠳᠠᠷᠤᠵᠤ ᠠᠷᠢᠯᠭᠠᠨ᠂ | ᠲᠥᠮᠥᠰᠥ ᠶᠢᠨ ᠭᠤᠣᠯ ᠭᠠᠷᠤᠯᠲᠠ ᠶᠢᠨ ᠣᠷᠣᠨ ᠳᠤ ᠤᠯᠤᠰ ᠤᠨ ᠲᠠᠷᠢᠶᠠᠨ ᠭᠠᠵᠠᠷ ᠤᠨ ᠡᠭᠡᠯᠵᠢᠯᠡᠨ ᠲᠠᠷᠢᠬᠤ | ᠲᠤᠷᠰᠢᠯᠲᠠ ᠶᠢᠨ ᠴᠡᠭ ᠤᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠭᠤᠷᠪᠠᠨ ᠵᠢᠯ ᠡᠭᠡᠯᠵᠢᠯᠡᠨ ᠲᠠᠷᠢᠬᠤ | ᠵᠠᠭᠪᠤᠷ ᠢ ᠬᠡᠷᠡᠭᠵᠢᠭᠦᠯᠦᠨ᠎ᠡ᠃ ᠦᠷ᠎ᠡ ᠶᠢᠨ ᠲᠥᠮᠥᠰᠥ ᠦᠢᠯᠡᠳᠪᠦᠷᠢᠯᠡᠬᠦ ᠰᠠᠭᠤᠷᠢᠨ ᠭᠠᠵᠠᠷ ᠲᠤ 4 ᠵᠢᠯ ᠠᠴᠠ | ᠢᠯᠡᠭᠦᠦ ᠡᠭᠡᠯᠵᠢᠯᠡᠨ ᠲᠠᠷᠢᠬᠤ ᠶᠢ ᠠᠯᠪᠠᠳᠠᠯᠭ᠎ᠠ ᠪᠠᠷ ᠴᠢᠩᠭ᠎ᠠ ᠬᠡᠷᠡᠭᠵᠢᠭᠦᠯᠵᠦ᠂ ᠦᠷ᠎ᠡ ᠶᠢᠨ ᠲᠥᠮᠥᠰᠥ ᠶᠢᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ ᠲᠥᠮᠥᠰᠥ ᠦᠢᠯᠡᠳᠪᠦᠷᠢᠯᠡᠬᠦ ᠲᠣᠮᠣ ᠡᠷᠦᠬᠡ ᠪᠠ ᠰᠢᠨ᠎ᠡ ᠬᠡᠯᠪᠡᠷᠢ ᠶᠢᠨ ᠡᠵᠡᠩᠨᠡᠬᠦ | ᠭᠤᠣᠯ ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠲᠠᠸᠠᠷ ᠤᠨ ᠲᠥᠮᠥᠰᠥ ᠶᠢ ᠭᠤᠷᠪᠠᠨ ᠵᠢᠯ ᠠᠴᠠ ᠢᠯᠡᠭᠦᠦ | ᠡᠭᠡᠯᠵᠢᠯᠡᠨ ᠲᠠᠷᠢᠬᠤ ᠶᠢ ᠬᠡᠷᠡᠭᠵᠢᠭᠦᠯᠵᠦ᠂ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠤᠨ᠎ᠠ᠃ | ︵ᠳᠥᠷᠪᠡ︶ ᠲᠥᠮᠥᠰᠥ ᠪᠣᠯᠪᠠᠰᠤᠷᠠᠭᠤᠯᠵᠤ ᠤᠯᠠᠷᠢᠭᠤᠯᠬᠤ ᠲᠦᠪᠰᠢᠨ ᠢ ᠳᠡᠭᠡᠭᠰᠢᠯᠡᠭᠦᠯᠦᠨ᠎ᠡ᠃ | 1. ᠭᠠᠷᠤᠯᠲᠠ ᠶᠢᠨ ᠣᠷᠣᠨ ᠳᠤ ᠪᠠᠨ ᠠᠩᠬ᠎ᠠ ᠡᠳ᠋ᠰᠢᠭᠦᠯᠦᠨ ᠪᠣᠯᠪᠠᠰᠤᠷᠠᠭᠤᠯᠬᠤ ᠶᠢ ᠵᠣᠷᠢᠭᠵᠢᠭᠤᠯᠤᠨ᠎ᠠ᠃ | ᠠᠵᠤ ᠠᠬᠤᠶᠢᠯᠠᠯ ᠢ ᠢᠳᠡᠪᠬᠢᠲᠡᠶ ᠣᠷᠣᠭᠤᠯᠵᠤ ᠠᠪᠴᠢᠷᠠᠨ ᠲᠥᠮᠥᠰᠥ ᠶᠢ ᠨᠠᠷᠢᠯᠢᠭ ᠰᠣᠩᠭᠤᠬᠤ᠂ ᠴᠡᠪᠡᠷᠯᠡᠨ | ᠤᠬᠢᠶᠠᠬᠤ᠂ ᠬᠡᠰᠡᠭᠯᠡᠵᠦ ᠬᠡᠷᠴᠢᠬᠦ᠂ ᠨᠢᠮᠭᠡᠨ ᠬᠡᠷᠴᠢᠬᠦ᠂ ᠲᠦᠷᠭᠡᠨ ᠬᠥᠯᠳᠡᠭᠡᠬᠦ ᠵᠡᠷᠭᠡ ᠠᠩᠬᠠᠨ ᠤ ᠡᠳ᠋ᠰᠢᠭᠦᠯᠦᠨ | ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠪᠠ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠲᠥᠮᠥᠰᠥ ᠬᠤᠷᠢᠶᠠᠭᠰᠠᠨ ᠤ ᠳᠠᠷᠠᠭᠠᠬᠢ ᠲᠠᠸᠠᠷᠴᠢᠯᠠᠨ | ᠰᠢᠢᠳᠪᠦᠷᠢᠯᠡᠬᠦ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠵᠦ᠂ ᠴᠡᠪᠡᠷ ᠨᠣᠭᠤᠭ᠎ᠠ ᠶᠢ ᠵᠠᠬ᠎ᠠ ᠳᠡᠯᠭᠡᠭᠦᠷ ᠲᠤ | ᠭᠠᠷᠭᠠᠨ᠎ᠠ᠃ | 2. ᠨᠠᠷᠢᠯᠢᠭ ᠪᠥᠭᠡᠳ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠲᠡᠳᠬᠦᠨ᠎ᠡ᠃ ᠲᠡᠷᠢᠭᠦᠨ ᠤ ᠲᠣᠮᠣ | ᠬᠡᠯᠪᠡᠷᠢ ᠶᠢᠨ ᠲᠥᠮᠥᠰᠥ ᠭᠦᠨ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠶ ᠣᠷᠣᠭᠤᠯᠵᠤ | ᠠᠪᠴᠢᠷᠠᠨ᠂ ᠣᠷᠣᠨ ᠨᠤᠲᠤᠭ ᠤᠨ ᠳᠤᠮᠳᠠ ᠵᠢᠵᠢᠭ ᠬᠡᠯᠪᠡᠷᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ᠢ ᠨᠡᠶᠢᠯᠡᠭᠦᠯᠵᠦ ᠳᠠᠬᠢᠨᠲᠠ ᠵᠣᠬᠢᠶᠠᠨ ᠪᠠᠶᠢᠭᠤᠯᠬᠤ᠂ ᠳᠡᠰ ᠳᠡᠪᠰᠢᠬᠦ ᠶᠢ ᠨᠢ ᠵᠣᠷᠢᠭᠵᠢᠭᠤᠯᠤᠨ᠂ | ᠡᠳ᠋ᠰᠢᠭᠦᠯᠦᠨ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠨᠠᠷᠢᠯᠢᠭ ᠪᠥᠭᠡᠳ ᠭᠦᠨ ᠡᠳ᠋ᠰᠢᠭᠦᠯᠦᠨ | ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠭᠤᠣᠯᠳᠠᠯᠭ᠎ᠠ ᠲᠠᠢ ᠳᠡᠮᠵᠢᠵᠦ᠂ ᠪᠦᠷᠢᠨ ᠴᠠᠷᠳᠠᠭᠤᠯ᠂ | ᠬᠤᠪᠢᠷᠠᠮᠠᠬᠠᠶ ᠴᠠᠷᠳᠠᠭᠤᠯ᠂ ᠤᠭᠤᠷᠠᠭ᠂ ᠰᠢᠷᠬᠡᠭ ᠵᠡᠷᠭᠡ ᠥᠨᠳᠥᠷ ᠨᠡᠮᠡᠯᠲᠡ ᠥᠷᠲᠡᠭ ᠲᠠᠢ ᠪᠦᠲᠦᠭᠡᠭᠳᠡᠬᠦᠨ | ᠪᠣᠯᠭᠠᠵᠤ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠢ ᠥᠷᠨᠢᠭᠦᠯᠦᠨ᠎ᠡ᠃ ᠡᠳ᠋ᠰᠢᠭᠦᠯᠦᠨ ᠪᠣᠯᠪᠠᠰᠤᠷᠠᠭᠤᠯᠵᠤ | ᠤᠯᠠᠷᠢᠭᠤᠯᠬᠤ ᠨᠣᠷᠮ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠪᠠᠭᠠᠰᠬᠠᠨ᠂ | ᠡᠳ᠋ᠰᠢᠭᠦᠯᠵᠦ ᠪᠣᠯᠪᠠᠰᠤᠷᠠᠭᠤᠯᠬᠤ ᠳᠤ ᠲᠤᠰᠬᠠᠶ ᠬᠡᠷᠡᠭᠯᠡᠬᠦ ᠲᠥᠮᠥᠰᠥ ᠶᠢᠨ ᠬᠥᠭᠵᠢᠯᠲᠡ ᠶᠢ ᠳᠠᠶᠢᠴᠢᠯᠠᠨ᠎ᠠ᠃ | 3. ᠭᠤᠣᠯ ᠢᠳᠡᠭᠡᠨ ᠤ ᠪᠦᠲᠦᠭᠡᠭᠳᠡᠬᠦᠨ ᠪᠣᠯᠭᠠᠬᠤ ᠪᠠᠷ ᠨᠡᠭᠡᠭᠡᠨ ᠬᠥᠭᠵᠢᠭᠦᠯᠬᠦ ᠶᠢ ᠲᠡᠳᠬᠦᠨ᠎ᠡ᠃ | ᠲᠥᠮᠥᠰᠥ ᠪᠠᠷ ᠭᠤᠣᠯ ᠢᠳᠡᠭᠡᠨ ᠤ ᠪᠦᠲᠦᠭᠡᠭᠳᠡᠬᠦᠨ ᠪᠣᠯᠭᠠᠨ ᠦᠢᠯᠡᠳᠪᠦᠷᠢᠯᠡᠬᠦ ᠠᠵᠤ ᠠᠬᠤᠶᠢᠯᠠᠯ ᠢ ᠵᠣᠷᠢᠭᠵᠢᠭᠤᠯᠵᠤ | ᠪᠠᠶᠢᠭᠠᠳ ᠲᠥᠮᠥᠰᠥ ᠪᠠᠷ ᠭᠤᠣᠯ ᠢᠳᠡᠭᠡᠨ ᠪᠣᠯᠭᠠᠬᠤ ᠪᠦᠲᠦᠭᠡᠭᠳᠡᠬᠦᠨ᠂ ᠵᠣᠷ ᠨᠠᠶᠢᠷᠠᠯᠭ᠎ᠠ ᠲᠠᠢ ᠪᠦᠲᠦᠭᠡᠭᠳᠡᠬᠦᠨ᠂ | ᠰᠢᠮ᠎ᠡ ᠲᠡᠵᠢᠭᠡᠯ ᠤᠨ ᠨᠠᠶᠢᠷᠠᠯᠭᠠᠲᠤ ᠬᠤᠭᠤᠯᠠ ᠵᠡᠷᠭᠡ ᠶᠢ ᠨᠡᠭᠡᠭᠡᠨ ᠬᠥᠭᠵᠢᠭᠦᠯᠵᠦ᠂ ᠲᠥᠮᠥᠰᠥ ᠪᠠᠷ ᠭᠤᠣᠯ ᠢᠳᠡᠭᠡᠨ | ᠪᠣᠯᠭᠠᠭᠰᠠᠨ ᠪᠦᠲᠦᠭᠡᠭᠳᠡᠬᠦᠨ ᠢ ᠨᠡᠶᠢᠭᠡᠮ ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠦᠵᠡᠮᠵᠢ ᠶᠢᠨ ᠣᠷᠣᠨ ᠳᠤ | ᠣᠷᠣᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠦᠨ᠂ ᠭᠤᠣᠯ ᠢᠳᠡᠭᠡᠨ ᠪᠣᠯᠭᠠᠭᠰᠠᠨ ᠪᠦᠲᠦᠭᠡᠭᠳᠡᠬᠦᠨ ᠤ ᠣᠶᠢᠯᠠᠭᠠᠵᠤ | ᠮᠡᠳᠡᠷᠡᠬᠦ ᠬᠡᠮᠵᠢᠶ᠎ᠡ ᠶᠢ ᠨᠢ ᠳᠡᠭᠡᠭᠰᠢᠯᠡᠭᠦᠯᠵᠦ᠂ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ | ᠳᠠᠶᠢᠴᠢᠯᠠᠨ᠎ᠠ᠃ | ︵ᠲᠠᠪᠤ︶ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠦᠨ᠎ᠡ᠃ | 1. ᠪᠦᠯᠦᠭᠵᠢᠨ ᠬᠥᠭᠵᠢᠬᠦ ᠶᠢ ᠲᠦᠷᠭᠡᠳᠬᠡᠨ᠎ᠡ᠃ ᠭᠤᠣᠯ ᠭᠠᠷᠤᠯᠲᠠ ᠶᠢᠨ ᠣᠷᠣᠨ ᠳᠤ ᠦᠷ᠎ᠡ ᠶᠢᠨ | ᠲᠥᠮᠥᠰᠥ ᠦᠷᠡᠵᠢᠭᠦᠯᠦᠨ ᠪᠤᠶᠢᠵᠢᠭᠤᠯᠬᠤ᠂ ᠬᠡᠪᠴᠢᠶᠡᠵᠢᠭᠦᠯᠦᠨ ᠲᠠᠷᠢᠬᠤ᠂ ᠡᠳ᠋ᠰᠢᠭᠦᠯᠵᠦ ᠪᠣᠯᠪᠠᠰᠤᠷᠠᠭᠤᠯᠬᠤ᠂ | ᠬᠠᠳᠠᠭᠠᠯᠠᠵᠤ ᠲᠡᠭᠡᠭᠡᠪᠦᠷᠢᠯᠡᠬᠦ᠂ ᠡᠵᠡᠩᠨᠡᠨ ᠪᠣᠷᠣᠯᠠᠭᠤᠯᠬᠤ ᠶᠢ ᠲᠥᠪᠯᠡᠷᠡᠭᠦᠯᠵᠦ ᠨᠢᠭᠡ ᠴᠣᠭᠴᠠᠵᠢᠭᠤᠯᠤᠭᠰᠠᠨ | ᠲᠥᠮᠥᠰᠥ ᠶᠢᠨ ᠠᠵᠤ ᠦᠢᠯᠡᠰ ᠤᠨ ᠪᠦᠯᠦᠭᠵᠢᠯ ᠪᠠᠶᠢᠭᠤᠯᠬᠤ ᠶᠢ ᠳᠠᠮᠵᠢᠵᠤ᠂ 2025 ᠣᠨ ᠪᠣᠯᠬᠤ ᠳᠤ᠂ ᠭᠤᠣᠯ | ᠭᠠᠷᠤᠯᠲᠠ ᠶᠢᠨ ᠣᠷᠣᠨ ᠨᠢ ᠣᠷᠣᠨ ᠪᠦᠰᠡ ᠠᠯᠤᠰᠯᠠᠨ ᠤᠯᠤᠰ ᠤᠨ ᠲᠠᠰ ᠤᠨ ᠲᠥᠮᠥᠰᠥ ᠶᠢᠨ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠦᠯᠦᠭᠵᠢᠯ ᠤᠨ 1 ᠲᠥᠷᠥᠯ ᠵᠦᠢᠯ ᠭᠤᠶᠤᠴᠢᠯᠠᠬᠤ ᠶᠢ ᠢᠳᠡᠪᠬᠢᠲᠡᠶ ᠳᠡᠮᠵᠢᠵᠦ᠂ | ᠪᠦᠬᠦ ᠠᠵᠤ ᠦᠢᠯᠡᠰ ᠤᠨ ᠬᠡᠯᠬᠢᠶᠡᠨ ᠤ ᠪᠦᠲᠦᠭᠡᠭᠳᠡᠬᠦᠨ ᠤ ᠥᠷᠲᠡᠭ ᠢ 230 ᠳ᠋ᠦᠩᠰᠢᠭᠤᠷ ᠲᠥᠭᠦᠷᠢᠭ ᠲᠤ | ᠬᠦᠷᠦᠭᠦᠯᠦᠨ᠎ᠡ᠃ ᠲᠥᠮᠥᠰᠥ ᠶᠢᠨ ᠳᠠᠪᠠᠭᠤᠯᠢᠭ ᠪᠣᠯᠬᠤ ᠭᠤᠣᠯ ᠭᠠᠷᠤᠯᠲᠠ ᠶᠢᠨ ᠣᠷᠣᠨ ᠳᠤ ᠤᠷᠢᠳ ᠢᠶᠠᠷ ᠬᠢᠵᠦ | ᠤᠷᠢᠳ ᠢᠶᠠᠷ ᠲᠤᠷᠰᠢᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠥᠮᠥᠰᠥ ᠶᠢᠨ ᠣᠳᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ 1 — 2 ᠬᠦᠷᠢᠶᠡᠯᠡᠩ ᠢ ᠪᠠᠶᠢᠭᠤᠯᠵᠤ᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤᠨ ᠳᠤ ᠤᠯᠤᠰ ᠤᠨ ᠲᠠᠰ ᠤᠨ ᠲᠥᠮᠥᠰᠥ ᠶᠢᠨ ᠣᠳᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠦᠨ᠎ᠡ᠃ ᠲᠥᠮᠥᠰᠥ ᠶᠢᠨ ᠭᠤᠣᠯ | ᠭᠠᠷᠤᠯᠲᠠ ᠶᠢᠨ ᠣᠷᠣᠨ ᠳᠤ ᠵᠢᠭᠤᠯᠴᠢᠯᠠᠯ ᠤᠨ ᠠᠵᠤ ᠦᠢᠯᠡᠰ ᠢ ᠵᠡᠷᠭᠡ ᠳᠤ ᠨᠢ ᠬᠥᠭᠵᠢᠭᠦᠯᠬᠦ ᠶᠢ ᠵᠣᠷᠢᠭᠵᠢᠭᠤᠯᠤᠨ᠂ | ᠲᠥᠮᠥᠰᠥ ᠶᠢᠨ ᠮᠦᠽᠧᠶ᠂ ᠲᠥᠮᠥᠰᠥ ᠶᠢᠨ ᠵᠢᠵᠢᠭ ᠪᠠᠯᠭᠠᠰᠤ᠂ ᠲᠥᠮᠥᠰᠥ ᠶᠢᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠶᠢ ᠪᠠᠶᠢᠭᠤᠯᠵᠤ᠂ ᠲᠥᠮᠥᠰᠥ ᠶᠢᠨ ᠲᠤᠬᠠᠶ ᠰᠠᠶᠢᠲᠤᠷ | ᠦᠯᠢᠭᠡᠷᠯᠡᠨ ᠶᠠᠷᠢᠨ᠎ᠠ᠃ | 2. ᠮᠧᠬᠠᠨᠢᠬᠵᠢᠯᠠᠨ ᠠᠵᠢᠯᠯᠠᠬᠤ ᠶᠢ ᠠᠬᠢᠭᠤᠯᠤᠨ᠎ᠠ᠃ ᠲᠥᠮᠥᠰᠥ ᠦᠢᠯᠡᠳᠪᠦᠷᠢᠯᠡᠬᠦ ᠪᠦᠬᠦ ᠶᠠᠪᠤᠴᠠ ᠶᠢᠨ | ᠮᠧᠬᠠᠨᠢᠭᠵᠢᠭᠤᠯᠬᠤ ᠪᠠᠭᠤᠷᠠᠶ ᠲᠠᠯ᠎ᠠ ᠳᠤ ᠴᠢᠭᠯᠡᠭᠦᠯᠦᠨ᠂ ᠲᠠᠷᠢᠶᠠᠯᠠᠩ ᠤᠨ ᠮᠠᠰᠢᠨ ᠳᠤ ᠨᠥᠬᠦᠪᠥᠷᠢ ᠥᠭᠬᠦ ᠪᠠᠷ | ᠳᠠᠮᠵᠢᠭᠤᠯᠤᠨ ᠲᠥᠮᠥᠰᠥ ᠦᠢᠯᠡᠳᠪᠦᠷᠢᠯᠡᠬᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠢᠨ ᠤ | ᠲᠣᠮᠣ ᠬᠡᠯᠪᠡᠷᠢ ᠶᠢᠨ ᠲᠠᠷᠢᠬᠤ᠂ ᠲᠠᠩᠨᠠᠵᠤ ᠠᠷᠴᠢᠬᠤ᠂ ᠤᠷᠭᠤᠮᠠᠯ ᠬᠠᠮᠠᠭᠠᠯᠠᠬᠤ ᠮᠧᠬᠠᠨᠢᠭ ᠵᠢᠴᠢ ᠮᠠᠯᠲᠠᠵᠤ | ᠬᠤᠷᠢᠶᠠᠬᠤ᠂ ᠳᠡᠰ ᠬᠤᠪᠢᠶᠠᠬᠤ᠂ ᠨᠠᠷᠢᠯᠢᠭ ᠰᠣᠩᠭᠤᠬᠤ᠂ ᠪᠣᠭᠤᠳᠠᠯᠯᠠᠬᠤ ᠶᠢ ᠨᠢᠭᠡ ᠴᠣᠭᠴᠠᠵᠢᠭᠤᠯᠤᠭᠰᠠᠨ | ᠬᠤᠷᠢᠶᠠᠵᠤ ᠠᠪᠬᠤ ᠮᠧᠬᠠᠨᠢᠭ ᠬᠤᠳᠠᠯᠳᠤᠨ ᠠᠪᠬᠤ ᠶᠢ ᠨᠢ ᠭᠤᠣᠯᠳᠠᠯᠭ᠎ᠠ ᠲᠠᠢ ᠳᠡᠮᠵᠢᠵᠦ᠂ ᠠᠵᠢᠯᠴᠢᠨ ᠬᠡᠷᠡᠭᠯᠡᠬᠦ | ᠲᠠᠯ᠎ᠠ ᠶᠢᠨ ᠣᠷᠣᠭᠤᠯᠤᠯᠲᠠ ᠶᠢ ᠪᠠᠭᠠᠰᠬᠠᠨ᠂ ᠲᠥᠮᠥᠰᠥ ᠦᠢᠯᠡᠳᠪᠦᠷᠢᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠲᠥᠮᠥᠰᠥ ᠶᠢᠨ ᠲᠤᠰᠬᠠᠶᠢᠵᠢᠭᠰᠠᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠤᠨ ᠳᠠᠮᠵᠢᠵᠤ᠂ ᠦᠢᠯᠡᠴᠢᠯᠡᠬᠦ | ᠬᠡᠪᠴᠢᠶ᠎ᠡ ᠶᠢ ᠨᠢ ᠥᠷᠭᠡᠳᠬᠡᠨ᠎ᠡ᠃ 2025 ᠣᠨ ᠪᠣᠯᠬᠤ ᠳᠤ᠂ ᠪᠦᠬᠦ ᠣᠷᠣᠨ ᠤ ᠲᠥᠮᠥᠰᠥ ᠦᠢᠯᠡᠳᠪᠦᠷᠢᠯᠡᠬᠦ | ᠪᠦᠬᠦ ᠶᠠᠪᠤᠴᠠ ᠶᠢᠨ ᠮᠧᠬᠠᠨᠢᠭᠵᠢᠭᠤᠯᠬᠤ ᠨᠣᠷᠮ᠎ᠠ ᠶᠢ 90% ᠳᠤ ᠬᠦᠷᠦᠭᠦᠯᠬᠦ ᠪᠠᠷ ᠴᠢᠷᠮᠠᠶᠢᠨ᠎ᠠ᠃ | 3. ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠤᠨ ᠲᠥᠮᠥᠰᠥ ᠶᠢᠨ | ᠠᠵᠤ ᠦᠢᠯᠡᠰ ᠤᠨ ᠢᠨᠲ᠋ᠧᠷ ᠰᠦᠯᠵᠢᠶᠡᠨ ᠤ ᠲᠣᠮᠣ ᠳ᠋ᠠᠶᠢᠲ᠋ᠠ ᠶᠢᠨ ᠲᠠᠪᠴᠠᠩ ᠪᠠᠶᠢᠭᠤᠯᠵᠤ ᠲᠡᠭᠦᠯᠳᠡᠷᠵᠢᠭᠦᠯᠬᠦ ᠶᠢ ᠨᠢ | ᠳᠠᠮᠵᠢᠵᠤ᠂ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢᠴᠢᠯᠠᠯᠲᠠ ᠶᠢᠨ ᠬᠡᠷᠡᠭᠯᠡᠭᠡᠨ ᠢ | ᠠᠬᠢᠭᠤᠯᠤᠨ᠂ ᠲᠥᠮᠥᠰᠥ ᠦᠢᠯᠡᠳᠪᠦᠷᠢᠯᠡᠬᠦ᠂ ᠡᠵᠡᠩᠨᠡᠬᠦ ᠪᠠ ᠬᠠᠮᠢᠶᠠᠷᠬᠤ ᠭᠤᠣᠯ ᠴᠣᠭᠴᠠ ᠶᠢ ᠵᠣᠷᠢᠭᠵᠢᠭᠤᠯᠵᠤ | ᠪᠠᠶᠢᠭᠠᠳ ᠮᠡᠳᠡᠭᠡ ᠵᠠᠩᠭᠢᠴᠢᠯᠠᠬᠤ ᠠᠷᠭ᠎ᠠ ᠪᠠᠷᠢᠯ ᠢ ᠢᠳᠡᠪᠬᠢᠲᠡᠶ ᠬᠡᠷᠡᠭᠯᠡᠭᠦᠯᠦᠨ ᠦᠷ᠎ᠡ ᠪᠦᠲᠦᠮᠵᠢ ᠶᠢ ᠨᠢ | ᠳᠡᠭᠡᠭᠰᠢᠯᠡᠭᠦᠯᠦᠨ᠂ ᠥᠪᠡᠷ ᠤᠨ ᠥᠷᠲᠡᠭ ᠢ ᠨᠢ ᠪᠠᠭᠤᠷᠠᠭᠤᠯᠵᠤ᠂ ᠦᠷ᠎ᠡ ᠶᠢᠨ ᠲᠥᠮᠥᠰᠥ ᠦᠷᠡᠵᠢᠭᠦᠯᠦᠨ | ᠪᠤᠶᠢᠵᠢᠭᠤᠯᠬᠤ᠂ ᠵᠣᠷ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ᠂ ᠲᠠᠷᠢᠶ᠎ᠠ ᠲᠠᠷᠢᠬᠤ᠂ ᠴᠠᠭ ᠠᠭᠤᠷ ᠤᠨ | ᠦᠢᠯᠡᠴᠢᠯᠡᠭᠡ᠂ ᠬᠤᠷᠣᠬᠠᠶ ᠭᠡᠮ ᠤᠨ ᠬᠥᠨᠥᠭᠡᠯ ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠬᠥᠮᠥᠷᠭᠡᠯᠡᠨ ᠬᠠᠳᠠᠭᠠᠯᠠᠵᠤ | ᠲᠡᠭᠡᠭᠡᠪᠦᠷᠢᠯᠡᠬᠦ᠂ ᠵᠠᠬ᠎ᠠ ᠳᠡᠯᠭᠡᠭᠦᠷ ᠲᠤ ᠪᠣᠷᠣᠯᠠᠭᠤᠯᠤᠨ ᠬᠤᠳᠠᠯᠳᠤᠬᠤ ᠵᠡᠷᠭᠡ ᠭᠤᠭᠴᠤᠭ᠎ᠠ ᠶᠢ ᠪᠠᠭᠲᠠᠭᠠᠭᠰᠠᠨ ᠪᠦᠬᠦ | ᠶᠠᠪᠤᠴᠠ ᠶᠢᠨ ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠂ ︽ᠢᠨᠲ᠋ᠧᠷ ᠰᠦᠯᠵᠢᠶ᠎ᠡ +︾ | ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠰᠢᠨ᠎ᠡ ᠡᠵᠡᠩᠨᠡᠯᠲᠡ ᠶᠢᠨ | ᠪᠠᠶᠢᠳᠠᠯ᠂ ᠰᠢᠨ᠎ᠡ ᠠᠵᠤ ᠦᠢᠯᠡᠰ᠂ ᠰᠢᠨ᠎ᠡ ᠬᠥᠳᠡᠯᠭᠡᠬᠦ ᠴᠢᠳᠠᠮᠵᠢ ᠶᠢ ᠪᠤᠶ ᠪᠣᠯᠭᠠᠨ᠎ᠠ᠃ | 4. ᠨᠡᠷᠡᠲᠦ ᠲᠡᠮᠳᠡᠭ ᠢ ᠡᠭᠦᠳᠴᠦ ᠪᠦᠲᠦᠭᠡᠬᠦ ᠶᠢ ᠴᠢᠩᠭᠠᠳᠬᠠᠨ᠎ᠠ᠃ ᠲᠥᠮᠥᠰᠥ ᠶᠢᠨ ᠭᠤᠣᠯ | ᠦᠢᠯᠡᠳᠪᠦᠷᠢᠯᠡᠯ ᠤᠨ ᠣᠷᠣᠨ ᠤ ᠭᠠᠵᠠᠷ ᠵᠦᠢ ᠶᠢᠨ ᠪᠡᠯᠭᠡ ᠲᠡᠮᠳᠡᠭ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ | ᠤᠯᠠᠭᠠᠨᠴᠠᠪ ᠤᠨ ᠲᠥᠮᠥᠰᠥ ᠶᠢᠨ ᠤᠯᠤᠰ ᠤᠨ ᠣᠨᠴᠠ ᠰᠢᠯᠢᠳᠡᠭ ᠣᠷᠣᠨ ᠳᠤ ᠵᠢᠷᠤᠮᠵᠢᠭᠤᠯᠤᠨ ᠬᠠᠮᠢᠶᠠᠷᠤᠯᠲᠠ | ᠬᠢᠬᠦ ᠶᠢ ᠴᠢᠩᠭᠠᠳᠬᠠᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠵᠦ᠂ ︽ᠥᠪᠥᠷ ᠮᠣᠩᠭᠤᠯ ᠨᠡᠷᠡᠮᠵᠢᠲᠦ ᠨᠡᠷᠡᠲᠦ ᠲᠡᠮᠳᠡᠭ︾ ᠲᠠᠢ ᠪᠦᠲᠦᠭᠡᠭᠳᠡᠬᠦᠨ ᠤ | ᠨᠡᠷᠡᠲᠦ ᠳᠡᠮᠳᠡᠭ ᠪᠠ ᠠᠵᠤ ᠠᠬᠤᠶᠢᠯᠠᠯ ᠤᠨ ᠨᠡᠷᠡᠲᠦ ᠲᠡᠮᠳᠡᠭ ᠢ ᠢᠳᠡᠪᠬᠢᠲᠡᠶ ᠪᠠᠷ ᠨᠡᠩ ᠣᠯᠠᠨ ᠪᠣᠯᠭᠠᠨ᠎ᠠ᠃ ᠨᠡᠷᠡᠲᠦ | ᠲᠡᠮᠳᠡᠭ ᠢᠶᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠨ᠂ ᠪᠦᠲᠦᠭᠡᠭᠳᠡᠬᠦᠨ ᠤ ᠶᠠᠰᠤ ᠴᠢᠨᠠᠷ ᠢ ᠴᠢᠩᠭ᠎ᠠ | ᠠᠳᠬᠤᠵᠤ᠂ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠪᠠ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︽ | ᠳᠤᠮᠳᠠᠳᠤ ᠤᠯᠤᠰ ᠤᠨ ᠨᠡᠷᠡᠲᠦ ᠲᠡᠮᠳᠡᠭ ᠤᠨ ᠡᠳᠦᠷ︾ ︽ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠲᠦᠮᠡᠨ | ᠭᠠᠵᠠᠷ ᠤᠨ ᠠᠶᠠᠯᠠᠯ︾ ᠵᠡᠷᠭᠡ ᠠᠵᠢᠯᠯᠠᠭ᠎ᠠ ᠥᠷᠨᠢᠭᠦᠯᠬᠦ ᠪᠠ ︽ᠥᠪᠥᠷ ᠮᠣᠩᠭᠤᠯ ᠳᠤ ᠪᠢ ᠬᠠᠶᠢᠷᠠᠲᠠᠶ︾ ︽ᠥᠪᠥᠷ | ᠮᠣᠩᠭᠤᠯ ᠤᠨ ᠦᠨᠦᠷ ᠠᠮᠲᠠ︾ ᠵᠡᠷᠭᠡ ᠫᠷᠤᠭ᠍ᠷᠠᠮ ᠢ ᠨᠡᠪᠲᠡᠷᠡᠭᠦᠯᠬᠦ ᠪᠠᠷ ᠳᠠᠮᠵᠢᠭᠤᠯᠤᠨ᠂ ᠨᠡᠷᠡᠲᠦ ᠲᠡᠮᠳᠡᠭ ᠢ | ᠤᠬᠠᠭᠤᠯᠬᠤ ᠪᠠ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠲᠥᠮᠥᠰᠥ ᠶᠢᠨ ᠵᠠᠬ᠎ᠠ | ᠳᠡᠯᠭᠡᠭᠦᠷ ᠤᠨ ᠨᠡᠷ᠎ᠡ ᠴᠤᠤ ᠶᠢ ᠳᠡᠭᠡᠭᠰᠢᠯᠡᠭᠦᠯᠦᠨ᠎ᠡ᠃ | 5. ᠣᠯᠠᠨ ᠡᠰᠢᠵᠢᠭᠰᠡᠨ ᠡᠵᠡᠩᠨᠡᠵᠦ ᠪᠣᠷᠣᠯᠠᠭᠤᠯᠬᠤ ᠶᠢ ᠠᠬᠢᠭᠤᠯᠤᠨ᠎ᠠ᠃ ᠠᠳᠠᠯᠢ ᠪᠤᠰᠤ ᠭᠠᠵᠠᠷ ᠣᠷᠣᠨ᠂ | ᠠᠳᠠᠯᠢ ᠪᠤᠰᠤ ᠬᠡᠷᠡᠭᠯᠡᠭᠡ ᠶᠢᠨ ᠭᠤᠣᠯ ᠴᠣᠭᠴᠠ᠂ ᠠᠳᠠᠯᠢ ᠪᠤᠰᠤ ᠢᠳᠡᠭᠡᠨ ᠳᠤ ᠬᠡᠷᠡᠭᠯᠡᠬᠦ ᠠᠷᠭ᠎ᠠ ᠮᠠᠶ᠋ᠢᠭ ᠢ | ᠦᠨᠳᠦᠰᠦᠯᠡᠨ ᠲᠤᠰᠬᠠᠶ ᠬᠡᠷᠡᠭᠯᠡᠭᠡᠨ ᠤ ᠲᠥᠷᠥᠯ ᠢᠶᠠᠷ ᠥᠪᠡᠷᠮᠢᠴᠡ ᠴᠢᠨᠠᠷ ᠲᠠᠢ ᠪᠣᠷᠣᠯᠠᠭᠤᠯᠤᠨ ᠬᠤᠳᠠᠯᠳᠤᠬᠤ ᠶᠢ | ᠳᠡᠯᠭᠡᠷᠡᠭᠦᠯᠦᠨ᠎ᠡ᠃ ︽ᠢᠨᠲ᠋ᠧᠷ ᠰᠦᠯᠵᠢᠶ᠎ᠡ +︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠲᠣᠰᠬᠤᠨ ᠠᠴᠠ ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠬᠦᠴᠦᠲᠡᠶ ᠠᠬᠢᠭᠤᠯᠤᠨ᠂ ᠰᠢᠭᠤᠳ | ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ᠂ ᠰᠦᠯᠵᠢᠶᠡᠨ ᠤ ᠴᠤᠤᠲᠠᠳ ᠪᠠᠷᠠᠭ᠎ᠠ ᠬᠤᠳᠠᠯᠳᠤᠬᠤ ᠵᠡᠷᠭᠡ ᠠᠵᠢᠯᠯᠠᠭ᠎ᠠ | ᠥᠷᠨᠢᠭᠦᠯᠬᠦ ᠶᠢ ᠳᠡᠮᠵᠢᠵᠦ᠂ ᠳᠤᠮᠳᠠᠳᠤ ᠤᠯᠤᠰ ᠤᠨ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠠᠷᠠᠯᠵᠢᠶᠠᠨ ᠤ ᠴᠤᠭᠯᠠᠭᠠᠨ᠂ ᠣᠯᠠᠨ ᠤᠯᠤᠰ ᠤᠨ ᠲᠥᠮᠥᠰᠥ ᠶᠢᠨ ᠦᠢᠯᠡᠰ ᠤᠨ ᠦᠵᠡᠰᠬᠦᠯᠡᠩ ᠵᠡᠷᠭᠡ ᠴᠤᠭᠯᠠᠭᠠᠨ | ᠦᠵᠡᠰᠬᠦᠯᠡᠩ ᠤᠨ ᠲᠣᠬᠢᠶᠠᠯ ᠢ ᠭᠦᠢᠴᠡᠳ ᠠᠰᠢᠭᠯᠠᠨ᠂ ᠲᠥᠮᠥᠰᠥ ᠶᠢᠨ ᠣᠨᠴᠠ ᠭᠠᠷᠤᠯᠲᠠ ᠶᠢᠨ ᠳᠡᠯᠭᠡᠭᠦᠷ᠂ | ᠭᠤᠣᠯ ᠢᠳᠡᠭᠡᠨ ᠤ ᠪᠦᠲᠦᠭᠡᠭᠳᠡᠬᠦᠨ ᠤ ᠰᠢᠭᠤᠳ ᠪᠣᠷᠣᠯᠠᠭᠤᠯᠬᠤ ᠴᠡᠭ᠂ ᠰᠢᠮ᠎ᠡ ᠲᠡᠵᠢᠭᠡᠯ ᠤᠨ ᠨᠠᠶᠢᠷᠠᠯᠭᠠᠲᠤ | ᠬᠤᠭᠤᠯᠠᠨ ᠤ ᠪᠡᠶᠡᠴᠢᠯᠡᠨ ᠣᠶᠢᠯᠠᠭᠠᠬᠤ ᠳᠡᠯᠭᠡᠭᠦᠷ ᠵᠡᠷᠭᠡ ᠪᠣᠷᠣᠯᠠᠭᠤᠯᠤᠨ ᠬᠤᠳᠠᠯᠳᠤᠬᠤ ᠦᠵᠦᠭᠦᠷ ᠲᠠᠪᠴᠠᠩ ᠢ | ᠭᠠᠷᠭᠠᠵᠤ᠂ ᠦᠵᠡᠰᠬᠦᠯᠡᠩ ᠦᠵᠡᠭᠦᠯᠭᠡ ᠬᠢᠭᠡᠳ ᠪᠡᠶᠡᠴᠢᠯᠡᠨ ᠠᠮᠰᠠᠵᠤ ᠣᠶᠢᠯᠠᠭᠠᠬᠤ ᠶᠢ ᠤᠶᠠᠯᠳᠤᠭᠤᠯᠬᠤ᠂ | ᠰᠦᠯᠵᠢᠶ᠎ᠡ ᠪᠠᠷ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠪᠠᠷ ᠳᠠᠮᠵᠢᠭᠤᠯᠤᠨ᠂ ᠪᠣᠷᠣᠯᠠᠭᠤᠯᠤᠨ | ᠬᠤᠳᠠᠯᠳᠤᠬᠤ ᠵᠠᠭᠪᠤᠷ ᠲᠤ ᠲᠠᠰᠤᠷᠠᠯᠲᠠ ᠤᠢᠭᠡᠢ ᠰᠢᠨ᠎ᠡ ᠶᠢ ᠡᠭᠦᠳᠴᠦ᠂ ᠦᠢᠯᠡᠳᠪᠦᠷᠢᠯᠡᠵᠦ ᠪᠣᠷᠣᠯᠠᠭᠤᠯᠬᠤ ᠶᠢ | ᠵᠣᠯᠭᠠᠭᠤᠯᠬᠤ ᠪᠠᠨ ᠠᠬᠢᠭᠤᠯᠤᠨ᠎ᠠ᠃ | ︵ᠵᠢᠷᠭᠤᠭ᠎ᠠ︶ ᠠᠵᠤ ᠦᠢᠯᠡᠰ ᠤᠨ ᠣᠷᠣᠯᠭ᠎ᠠ ᠪᠠᠨ ᠨᠡᠮᠡᠭᠳᠡᠭᠦᠯᠵᠦ ᠳᠠᠶᠢᠴᠢᠯᠠᠬᠤ ᠴᠢᠳᠠᠪᠤᠷᠢ ᠶᠢ ᠨᠢ ᠦᠨᠡᠨ | ᠬᠦ ᠳᠡᠭᠡᠭᠰᠢᠯᠡᠭᠦᠯᠦᠨ᠎ᠡ᠃ | 1. ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ᠬᠤᠣᠷ ᠥᠬᠡᠶᠢᠳᠡᠭᠦᠯᠦᠭᠰᠡᠨ ᠳᠡᠭᠡᠳᠦ ᠲᠠᠰ ᠤᠨ ᠦᠷ᠎ᠡ ᠶᠢᠨ ᠲᠥᠮᠥᠰᠥ ᠶᠢ ᠶᠡᠭᠡ ᠪᠠᠷ ᠳᠡᠯᠭᠡᠷᠡᠭᠦᠯᠵᠦ᠂ ᠦᠷ᠎ᠡ ᠶᠢᠨ | ᠲᠥᠮᠥᠰᠥ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯᠯᠠᠭ᠎ᠠ ᠶᠢ ᠪᠦᠬᠦ | ᠲᠠᠯ᠎ᠠ ᠪᠠᠷ ᠥᠷᠨᠢᠭᠦᠯᠵᠦ᠂ ᠰᠢᠨ᠎ᠡ ᠮᠡᠷᠭᠡᠵᠢᠯ ᠰᠢᠨ᠎ᠡ ᠪᠦᠲᠦᠭᠡᠭᠳᠡᠬᠦᠨ ᠢ ᠢᠳᠡᠪᠬᠢᠲᠡᠶ ᠬᠡᠷᠡᠭᠯᠡᠨ᠂ ᠲᠠᠯᠠᠪᠠᠢ | ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠵᠦ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | 2025 ᠣᠨ ᠪᠣᠯᠬᠤ ᠳᠤ᠂ ᠪᠦᠬᠦ ᠣᠷᠣᠨ ᠤ ᠲᠥᠮᠥᠰᠥ ᠶᠢᠨ ᠬᠤᠣᠷ ᠥᠬᠡᠶᠢᠳᠡᠭᠦᠯᠦᠭᠰᠡᠨ ᠦᠷ᠎ᠡ ᠶᠢᠨ ᠲᠥᠮᠥᠰᠥ | ᠲᠦᠭᠡᠮᠡᠯᠵᠢᠭᠦᠯᠬᠦ ᠨᠣᠷᠮ᠎ᠠ ᠶᠢ 92% ᠭᠠᠷᠤᠶ ᠪᠣᠯᠲᠠᠯ᠎ᠠ ᠳᠡᠭᠡᠭᠰᠢᠯᠡᠭᠦᠯᠵᠦ᠂ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠬᠦ ᠮᠡᠷᠭᠡᠵᠢᠯ ᠤᠨ ᠬᠠᠮᠤᠷᠬᠤ ᠨᠣᠷᠮ᠎ᠠ ᠶᠢ 80% ᠣᠷᠴᠢᠮ ᠪᠣᠯᠲᠠᠯ᠎ᠠ ᠳᠡᠭᠡᠭᠰᠢᠯᠡᠭᠦᠯᠦᠨ᠂ | ᠲᠥᠮᠥᠰᠥ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠲᠦᠪᠰᠢᠨ ᠢ 30% ᠠᠴᠠ ᠢᠯᠡᠭᠦᠦ ᠳᠡᠭᠡᠭᠰᠢᠯᠡᠭᠦᠯᠦᠨ᠎ᠡ᠃ | 2. ᠲᠥᠮᠥᠰᠥ ᠶᠢᠨ ᠲᠥᠷᠥᠯ ᠢ ᠲᠣᠬᠢᠷᠠᠭᠤᠯᠤᠨ ᠰᠢᠯᠢᠳᠡᠭᠵᠢᠭᠦᠯᠵᠦ ᠣᠷᠣᠯᠭ᠎ᠠ ᠶᠢᠨ ᠨᠡᠮᠡᠭᠳᠡᠯ ᠢ | ᠠᠬᠢᠭᠤᠯᠤᠨ᠎ᠠ᠃ ᠵᠢᠶ ᠵᠠᠩ 12 ᠨᠣᠮᠧᠷᠲᠤ ᠲᠥᠮᠥᠰᠥ᠂ ᠰᠢ ᠰᠧᠨ 6 ᠨᠣᠮᠧᠷᠲᠤ ᠲᠥᠮᠥᠰᠥ᠂ ᠬᠤᠸᠠ ᠰᠦᠩ 7 | ᠨᠣᠮᠧᠷᠲᠤ ᠲᠥᠮᠥᠰᠥ ᠵᠡᠷᠭᠡ ᠴᠢᠨᠠᠷ ᠰᠠᠶᠢᠲᠠᠶ ᠢᠳᠡᠭᠡᠨ ᠤ ᠰᠣᠷᠭᠤᠭ ᠲᠥᠮᠥᠰᠥ ᠶᠢᠨ ᠦᠷ᠎ᠡ ᠡᠭᠦᠯᠳᠡᠷ ᠢ | ᠭᠤᠣᠯᠳᠠᠯᠭ᠎ᠠ ᠲᠠᠢ ᠳᠡᠯᠭᠡᠷᠡᠭᠦᠯᠵᠦ᠂ ᠴᠢᠨᠠᠷ ᠰᠠᠶᠢᠲᠠᠶ ᠲᠥᠮᠥᠰᠥ ᠶᠢᠨ ᠰᠢᠨ᠎ᠡ ᠦᠷ᠎ᠡ ᠡᠭᠦᠯᠳᠡᠷ ᠤᠨ ᠰᠢᠨᠡᠳᠦᠨ | ᠰᠣᠯᠢᠭᠳᠠᠬᠤ ᠶᠠᠪᠤᠴᠠ ᠶᠢ ᠲᠦᠷᠭᠡᠳᠬᠡᠨ᠎ᠡ᠃ ᠬᠤᠩ ᠮᠧᠶ ᠵᠡᠷᠭᠡ ᠳᠡᠭᠡᠳᠦ ᠲᠠᠰ ᠤᠨ ᠡᠷᠡᠭᠦᠯᠵᠢᠭᠦᠯᠬᠦ ᠢᠳᠡᠭᠡᠨ ᠳᠤ | ᠲᠤᠰᠬᠠᠶ ᠬᠡᠷᠡᠭᠯᠡᠬᠦ ᠲᠥᠮᠥᠰᠥ ᠶᠢᠨ ᠦᠷ᠎ᠡ ᠡᠭᠦᠯᠳᠡᠷ ᠢ ᠵᠣᠬᠢᠰᠲᠠᠶ ᠳᠡᠯᠭᠡᠷᠡᠭᠦᠯᠦᠨ᠎ᠡ᠃ ᠺᠣᠩᠨᠢᠪᠧᠺ᠂ ᠠᠳ᠋ᠯᠠᠨᠲ᠂ | ᠰᠢᠶᠠᠪᠥᠸᠧᠳᠢ ᠵᠡᠷᠭᠡ ᠪᠣᠯᠪᠠᠰᠤᠷᠠᠭᠤᠯᠬᠤ ᠳᠤ ᠲᠤᠰᠬᠠᠶ ᠬᠡᠷᠡᠭᠯᠡᠬᠦ ᠴᠢᠨᠠᠷ ᠰᠠᠶᠢᠲᠠᠶ ᠲᠥᠮᠥᠰᠥ ᠶᠢᠨ ᠦᠷ᠎ᠡ ᠡᠭᠦᠯᠳᠡᠷ ᠢ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠳᠡᠯᠭᠡᠷᠡᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ | ᠪᠠᠶᠢᠭᠠᠳ ᠲᠤᠰᠬᠠᠶ ᠬᠡᠷᠡᠭᠯᠡᠬᠦ ᠲᠥᠮᠥᠰᠥ ᠶᠢ ᠵᠠᠬᠢᠶᠠᠯᠠᠭ᠎ᠠ ᠲᠠᠢ ᠲᠠᠷᠢᠵᠤ ᠡᠳ᠋ᠰᠢᠭᠦᠯᠦᠨ ᠪᠣᠯᠪᠠᠰᠤᠷᠠᠭᠤᠯᠬᠤ ᠪᠠᠷ | ᠳᠠᠮᠵᠢᠭᠤᠯᠤᠨ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠦᠨ᠎ᠡ᠃ | 3. ᠲᠥᠮᠥᠰᠥ ᠶᠢᠨ ᠰᠢᠮ᠎ᠡ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠠᠮᠢ | ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠣᠬᠢᠷᠲᠤᠯ ᠦᠭᠡᠶ ᠪᠥᠭᠡᠳ ᠣᠷᠭᠠᠨᠢᠭ᠂ ᠬᠠᠭᠤᠷᠠᠶ | ᠭᠠᠵᠠᠷ ᠲᠤ ᠲᠠᠷᠢᠳᠠᠭ ᠢᠳᠡᠭᠡᠨ ᠳᠤ ᠬᠡᠷᠡᠭᠯᠡᠬᠦ ᠠᠮᠢ ᠠᠬᠤᠶ ᠶᠢᠨ ᠰᠣᠷᠭᠤᠭ ᠲᠥᠮᠥᠰᠥ ᠶᠢ ᠶᠡᠭᠡ ᠪᠠᠷ ᠬᠥᠭᠵᠢᠭᠦᠯᠦᠨ᠂ | ᠴᠢᠨᠠᠷ ᠰᠠᠶᠢᠲᠠᠶ ᠪᠥᠭᠡᠳ ᠪᠣᠬᠢᠷᠲᠤᠯ ᠦᠭᠡᠶ ᠪᠠᠶᠢᠯᠭᠠᠬᠤ ᠪᠦᠬᠦ ᠶᠠᠪᠤᠴᠠ ᠳᠤ ᠶᠠᠰᠤ ᠴᠢᠨᠠᠷ ᠢ ᠨᠢ ᠡᠵᠡᠮᠳᠡᠬᠦ | ᠮᠡᠷᠭᠡᠵᠢᠯ ᠢ ᠲᠥᠬᠦᠷᠵᠢᠭᠦᠯᠦᠨ ᠳᠡᠯᠭᠡᠷᠡᠭᠦᠯᠵᠦ᠂ ᠲᠥᠮᠥᠰᠥ ᠶᠢᠨ ᠰᠢᠮ᠎ᠡ ᠴᠢᠨᠠᠷ ᠢ ᠳᠡᠭᠡᠭᠰᠢᠯᠡᠭᠦᠯᠦᠨ᠎ᠡ᠃ ᠰᠢᠮ᠎ᠡ | ᠲᠡᠵᠢᠭᠡᠯ ᠤᠨ ᠴᠢᠨᠠᠷ ᠢ ᠨᠢ ᠬᠢᠨᠠᠵᠤ ᠰᠢᠯᠭᠠᠷᠠᠭᠤᠯᠬᠤ ᠶᠢ ᠢᠳᠡᠪᠬᠢᠲᠡᠶ ᠥᠷᠨᠢᠭᠦᠯᠦᠨ᠂ 2025 ᠣᠨ ᠪᠣᠯᠬᠤ ᠳᠤ᠂ | ᠲᠠᠸᠠᠷ ᠤᠨ ᠲᠥᠮᠥᠰᠥ ᠶᠢᠨ ᠨᠡᠷ᠎ᠡ ᠠᠯᠳᠠᠷᠲᠠᠶ ᠨᠡᠷᠡᠲᠦ ᠲᠡᠮᠳᠡᠭ ᠢ 5 ᠣᠷᠴᠢᠮ ᠪᠣᠯᠭᠠᠨ᠂ ᠴᠢᠨᠠᠷ ᠰᠠᠶᠢᠲᠠᠶ ᠪᠥᠭᠡᠳ | ᠦᠨ᠎ᠡ ᠰᠠᠶᠢᠲᠠᠶ ᠪᠣᠯᠬᠤ ᠶᠢ ᠪᠡᠶᠡᠯᠡᠭᠦᠯᠦᠨ᠂ ᠲᠠᠷᠢᠮᠠᠯ ᠤᠨ ᠠᠰᠢᠭ ᠣᠷᠣᠯᠭ᠎ᠠ ᠪᠠᠨ ᠳᠡᠭᠡᠭᠰᠢᠯᠡᠭᠦᠯᠬᠦ ᠶᠢ ᠳᠠᠶᠢᠴᠢᠯᠠᠨ᠎ᠠ᠃ | | 4. ᠬᠡᠪᠴᠢᠶᠡᠵᠢᠭᠦᠯᠦᠨ ᠲᠠᠷᠢᠬᠤ ᠪᠠᠷ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠭᠤᠣᠯ ᠴᠣᠭᠴᠠ ᠨᠢ | ᠣᠯᠠᠨ ᠡᠰᠢᠲᠦ᠂ ᠬᠡᠯᠪᠡᠷᠢ ᠨᠢ ᠣᠯᠠᠨ ᠶᠠᠩᠵᠤ ᠶᠢᠨ᠂ ᠦᠢᠯᠡᠴᠢᠯᠡᠭᠡ ᠨᠢ ᠲᠤᠰᠬᠠᠶ ᠮᠡᠷᠭᠡᠵᠢᠯ ᠲᠠᠢ᠂ | ᠥᠷᠢᠰᠥᠯᠳᠦᠭᠡᠨ ᠨᠢ ᠭᠦᠢᠴᠡᠳ ᠪᠠᠶᠢᠬᠤ ᠵᠠᠷᠴᠢᠮ ᠶᠣᠰᠣᠭᠠᠷ᠂ ᠲᠥᠮᠥᠰᠥ ᠡᠵᠡᠩᠨᠡᠬᠦ ᠡᠯ᠎ᠡ ᠲᠥᠷᠥᠯ ᠤᠨ ᠭᠤᠣᠯ | ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠲᠦᠷᠭᠡᠳᠬᠡᠨ ᠪᠣᠶ ᠪᠣᠯᠭᠠᠵᠤ᠂ | ᠭᠠᠵᠠᠷ ᠰᠢᠷᠣᠶ ᠶᠢ ᠡᠷᠭᠢᠯᠳᠦᠭᠦᠯᠬᠦ᠂ ᠵᠠᠬᠢᠶᠠᠯᠠᠭ᠎ᠠ ᠲᠠᠢ ᠲᠠᠷᠢᠬᠤ᠂ ᠣᠷᠣᠯᠠᠨ ᠬᠠᠭᠠᠯᠪᠤᠷᠢᠯᠠᠵᠤ ᠲᠠᠷᠢᠬᠤ᠂ ᠨᠢᠭᠡᠳᠦᠯᠲᠡᠶ | ᠰᠡᠷᠭᠡᠶᠢᠯᠡᠵᠦ ᠵᠠᠰᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠵᠣᠬᠢᠬᠤ ᠬᠡᠪᠴᠢᠶᠡᠵᠢᠯ ᠲᠠᠢ ᠦᠢᠯᠡᠳᠪᠦᠷᠢᠯᠡᠯ ᠢ | ᠬᠥᠭᠵᠢᠭᠦᠯᠦᠨ᠂ ᠵᠢᠵᠢᠭ ᠲᠠᠷᠢᠶᠠᠴᠢᠨ ᠡᠷᠦᠬᠡ ᠶᠢ ᠬᠠᠪᠰᠤᠷᠴᠤ ᠪᠠᠶᠢᠭᠠᠳ ᠲᠥᠮᠥᠰᠥ ᠶᠢᠨ ᠴᠢᠨᠠᠷ ᠰᠠᠶᠢᠲᠠᠶ | ᠬᠥᠭᠵᠢᠯᠲᠡ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ | ᠴᠢᠩᠭᠠᠷᠠᠭᠤᠯᠤᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠳᠠᠶᠢᠴᠢᠯᠠᠨ᠎ᠠ᠃ | 5. ᠬᠤᠯᠪᠣᠭᠳᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠣᠷᠣᠯᠭ᠎ᠠ ᠶᠢ ᠨᠢ ᠨᠡᠮᠡᠭᠳᠡᠭᠦᠯᠬᠦ ᠪᠠᠷ | ᠳᠠᠶᠢᠴᠢᠯᠠᠨ᠎ᠠ᠃ ︽2020 ᠣᠨ ᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠡᠵᠡᠩᠨᠡᠬᠦ ᠭᠤᠣᠯ | ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠨ ᠨᠡᠶᠢᠲᠡᠯᠡᠵᠦ᠂ | ᠲᠥᠮᠥᠰᠥᠨ ᠤ ᠭᠤᠣᠯ ᠭᠠᠷᠤᠯᠲᠠ ᠶᠢᠨ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ︵ᠬᠤᠲᠠ᠂ | ᠲᠣᠭᠤᠷᠢᠭ︶ ᠤ ᠨᠥᠬᠦᠴᠡᠯ ᠪᠦᠷᠢᠯᠳᠦᠭᠦᠯᠦᠭᠰᠡᠨ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ | ᠡᠵᠡᠩᠨᠡᠬᠦ ᠭᠤᠣᠯ ᠴᠣᠭᠴᠠ ᠶᠢᠨ ᠳᠠᠶᠢᠴᠢᠯᠠᠬᠤ ᠬᠡᠪᠴᠢᠶᠡᠨ ᠳᠤ ᠣᠷᠣᠭᠤᠯᠤᠨ᠂ ︽ᠬᠥᠲᠥᠴᠢ ᠠᠵᠤ ᠠᠬᠤᠶᠢᠯᠠᠯ + | ᠬᠤᠷᠰᠢᠶ᠎ᠠ + ᠶᠠᠳᠠᠭᠤ ᠬᠦᠴᠢᠷᠳᠡᠯᠲᠡᠶ ᠮᠠᠯᠵᠢᠬᠤ ᠲᠠᠷᠢᠶᠠᠯᠠᠬᠤ ᠡᠷᠦᠬᠡ︾ ᠵᠡᠷᠭᠡ ᠠᠰᠢᠭ ᠲᠤᠰᠠ ᠶᠢ ᠨᠢ | ᠬᠤᠯᠪᠣᠭᠳᠠᠭᠤᠯᠬᠤ ᠵᠠᠭᠪᠤᠷ ᠢ ᠳᠡᠯᠭᠡᠷᠡᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠬᠥᠲᠥᠯᠥᠨ ᠵᠢᠯᠣᠭᠤᠳᠴᠤ | ᠪᠠᠶᠢᠭᠠᠳ ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠨᠡᠩ ᠢᠯᠡᠭᠦᠦ ᠣᠷᠣᠯᠴᠠᠭᠤᠯᠤᠨ᠂ | ᠠᠰᠢᠭ ᠲᠤᠰᠠ ᠶᠢ ᠨᠢ ᠬᠤᠯᠪᠣᠭᠳᠠᠭᠤᠯᠬᠤ ᠣᠯᠠᠨ ᠡᠰᠢᠲᠦ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ᠳᠥᠷᠪᠡ᠂ ᠳᠡᠮᠵᠢᠯᠭᠡ ᠶᠢᠨ ᠲᠥᠷᠥ ᠶᠢᠨ ᠪᠣᠳᠣᠯᠭ᠎ᠠ | ︵ᠨᠢᠭᠡ︶ ᠲᠥᠮᠥᠰᠥ ᠲᠠᠷᠢᠬᠰᠡᠳ ᠲᠤ ᠥᠭᠬᠦ ᠨᠡᠮᠡᠭᠦᠷᠢ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ | ᠪᠠᠭᠤᠯᠭᠠᠭᠰᠠᠨ ᠡᠷᠳᠡᠨᠢ ᠰᠢᠰᠢ ᠪᠠ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠥᠭᠬᠦ ᠨᠡᠮᠡᠭᠦᠷᠢ ᠳᠣᠲᠣᠷ᠎ᠠ ᠠᠴᠠ | 5% ᠶᠢᠨ ᠪᠡᠯᠡ ᠮᠥᠩᠭᠦ ᠶᠢ ᠲᠣᠬᠢᠷᠠᠭᠤᠯᠵᠤ᠂ ᠤᠰᠤᠨ ᠤ ᠬᠡᠮᠵᠢᠶ᠎ᠡ ᠪᠠᠷ ᠲᠠᠷᠢᠭᠰᠠᠨ᠂ ᠣᠷᠣᠨ ᠪᠦᠰᠡ ᠶᠢᠨ | ᠪᠠᠶᠢᠷᠢᠰᠢᠯ ᠤᠨ ᠱᠠᠭᠠᠷᠳᠠᠯᠭ᠎ᠠ᠂ ᠡᠭᠡᠯᠵᠢᠯᠡᠨ ᠲᠠᠷᠢᠬᠤ ᠱᠠᠭᠠᠷᠳᠠᠯᠭ᠎ᠠ ᠳᠤ ᠨᠡᠶᠢᠴᠡᠭᠦᠯᠦᠭᠰᠡᠨ ᠪᠠ ᠪᠠᠷᠢᠮᠵᠢᠶᠠᠵᠢᠭᠤᠯᠤᠨ | ᠲᠠᠷᠢᠬᠤ ᠶᠢ ᠬᠡᠷᠡᠭᠵᠢᠭᠦᠯᠦᠭᠰᠡᠨ ᠲᠠᠷᠢᠶᠠᠴᠢᠨ ᠡᠷᠦᠬᠡ ᠪᠠ ᠰᠢᠨ᠎ᠡ ᠬᠡᠯᠪᠡᠷᠢ ᠶᠢᠨ ᠡᠵᠡᠩᠨᠡᠬᠦ ᠭᠤᠣᠯ ᠴᠣᠭᠴᠠ ᠳᠤ | ᠲᠥᠮᠥᠰᠥ ᠲᠠᠷᠢᠭᠰᠠᠨ ᠨᠡᠮᠡᠭᠦᠷᠢ ᠣᠯᠭᠤᠨ᠎ᠠ᠃ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠥᠭᠬᠦ ᠨᠡᠮᠡᠭᠦᠷᠢ᠃ | ᠲᠥᠮᠥᠰᠥ ᠶᠢᠨ ᠦᠷ᠎ᠡ ᠪᠤᠶᠢᠵᠢᠭᠤᠯᠬᠤ᠂ ᠲᠠᠷᠢᠵᠤ ᠤᠷᠭᠤᠭᠤᠯᠬᠤ᠂ ᠤᠷᠭᠤᠮᠠᠯ ᠬᠠᠮᠠᠭᠠᠯᠠᠬᠤ᠂ ᠲᠣᠮᠣ ᠳ᠋ᠠᠶᠢᠲ᠋ᠠ | ᠵᠡᠷᠭᠡ ᠬᠦᠷᠢᠶᠡᠨ ᠤ ᠰᠤᠳᠤᠯᠭᠠᠨ ᠢ ᠭᠤᠣᠯᠳᠠᠯᠭ᠎ᠠ ᠲᠠᠢ ᠳᠠᠮᠵᠢᠨ᠎ᠠ᠃ ᠮᠠᠨ ᠤ ᠣᠷᠣᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠰᠣᠩᠭᠤᠨ ᠪᠤᠶᠢᠵᠢᠭᠤᠯᠤᠭᠰᠠᠨ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠴᠢᠨᠠᠷ ᠰᠠᠶᠢᠲᠠᠶ ᠰᠢᠨ᠎ᠡ ᠦᠷ᠎ᠡ ᠡᠭᠦᠯᠳᠡᠷ ᠲᠤ ᠨᠢᠭᠡ ᠯᠡ | ᠤᠳᠠᠭ᠎ᠠ ᠶᠢᠨ ᠴᠢᠨᠠᠷᠲᠠᠶ ᠱᠠᠩᠨᠠᠯ ᠥᠭᠴᠦ᠂ ᠥᠪᠡᠷᠲᠡᠭᠡᠨ ᠵᠠᠰᠠᠬᠤ ᠣᠷᠣᠨ ᠳᠠᠬᠢ ᠵᠢᠯ ᠳᠤ ᠳᠡᠯᠭᠡᠷᠡᠭᠦᠯᠦᠭᠰᠡᠨ | ᠲᠠᠯᠠᠪᠠᠶ ᠨᠢ 10 ᠭᠠᠷᠤᠶ ᠲᠦᠮᠡᠨ ᠮᠦ ᠪᠣᠯᠬᠤ ᠦᠷ᠎ᠡ ᠡᠭᠦᠯᠳᠡᠷ ᠲᠤ ᠨᠢᠭᠡ ᠯᠡ ᠤᠳᠠᠭ᠎ᠠ ᠳᠤ 500 ᠲᠦᠮᠡᠨ | ᠲᠥᠭᠦᠷᠢᠭ ᠱᠠᠩᠨᠠᠨ᠎ᠠ︔ ᠵᠢᠯ ᠤᠨ ᠳᠡᠯᠭᠡᠷᠡᠭᠦᠯᠦᠭᠰᠡᠨ ᠲᠠᠯᠠᠪᠠᠶ ᠨᠢ 30 ᠭᠠᠷᠤᠶ ᠲᠦᠮᠡᠨ ᠮᠦ ᠪᠣᠯᠤᠭᠰᠠᠨ ᠦᠷ᠎ᠡ | ᠡᠭᠦᠯᠳᠡᠷ ᠲᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠱᠠᠩᠨᠠᠨ᠎ᠠ᠃ | ︵ᠭᠤᠷᠪᠠ︶ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠳᠤ ᠥᠭᠬᠦ ᠨᠡᠮᠡᠭᠦᠷᠢ᠃ ᠲᠥᠮᠥᠰᠥ | ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠲᠥᠮᠥᠰᠥ ᠲᠠᠷᠢᠬᠤ ᠡᠷᠦᠬᠡ ᠲᠠᠢ | ᠠᠰᠢᠭ ᠲᠤᠰᠠ ᠪᠠᠨ ᠬᠤᠯᠪᠣᠭᠳᠠᠭᠤᠯᠬᠤ ᠲᠣᠭᠲᠠᠭᠤᠨ ᠲᠣᠭᠲᠠᠴᠠ ᠶᠢ ᠪᠠᠶᠢᠭᠤᠯᠵᠤ᠂ ᠪᠠᠷᠢᠮᠵᠢᠶᠠᠵᠢᠭᠤᠯᠤᠨ ᠲᠠᠷᠢᠵᠤ | ᠪᠠᠶᠢᠬᠤ ᠮᠥᠷᠲᠡᠭᠡᠨ ᠬᠦᠴᠦᠨ ᠲᠠᠢ ᠪᠠᠶᠢᠬᠤ ᠵᠠᠬᠢᠶᠠᠯᠠᠭ᠎ᠠ ᠪᠦᠷᠢᠯᠳᠦᠭᠦᠯᠦᠭᠰᠡᠨ ᠪᠠᠶᠢᠪᠠᠯ᠂ ᠬᠤᠳᠠᠯᠳᠤᠨ ᠠᠪᠬᠤ | ᠭᠤᠣᠯ ᠴᠣᠭᠴᠠ ᠳᠤ 20 ᠲᠥᠭᠦᠷᠢᠭ / ᠲᠣᠨ ᠪᠦᠷᠢ ᠪᠠᠷ ᠨᠥᠬᠦᠪᠥᠷᠢ ᠣᠯᠭᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ | ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠤᠰᠤᠨ ᠠᠰᠢᠭᠯᠠᠯᠲᠠ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠵᠤ᠂ ᠦᠨᠡᠨ ᠬᠦ ᠶᠠᠪᠤᠭᠳᠠᠭᠤᠰᠢᠲᠠᠶ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠲᠥᠮᠥᠰᠥ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠥᠮᠥᠰᠥ ᠶᠢᠨ ᠭᠤᠣᠯ | ᠭᠠᠷᠤᠯᠲᠠ ᠶᠢᠨ ᠣᠷᠣᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠠᠮᠲᠤᠷᠠᠨ ᠬᠠᠮᠵᠢᠯᠴᠠᠵᠤ | ᠪᠠᠶᠢᠭᠠᠳ ᠲᠥᠬᠦᠷᠵᠢᠭᠦᠯᠦᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠂ ᠲᠥᠮᠥᠰᠥ ᠶᠢᠨ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠤᠶ ᠪᠣᠯᠭᠠᠨ᠎ᠠ᠃ | | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠠᠴᠠ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠳᠤ ᠪᠡᠯᠡ ᠮᠥᠩᠭᠦ ᠪᠠᠷ ᠲᠡᠳᠬᠦᠬᠦ | ᠡᠷᠴᠢᠮ ᠢᠶᠠᠨ ᠴᠢᠩᠭᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠥᠨᠳᠥᠷ ᠪᠦᠲᠦᠮᠵᠢᠲᠡᠶ ᠤᠰᠤ ᠠᠷᠪᠢᠯᠠᠬᠤ᠂ ᠬᠠᠷ᠎ᠠ ᠬᠥᠷᠥᠰᠥᠲᠦ ᠭᠠᠵᠠᠷ ᠰᠢᠷᠣᠶ ᠶᠢ ᠬᠠᠮᠠᠭᠠᠯᠠᠨ ᠠᠰᠢᠭᠯᠠᠬᠤ ᠵᠡᠷᠭᠡ | ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠥᠮᠥᠰᠥ ᠶᠢᠨ ᠭᠤᠣᠯ ᠭᠠᠷᠤᠯᠲᠠ ᠶᠢᠨ ᠣᠷᠣᠨ ᠤ | ᠦᠢᠯᠡᠳᠪᠦᠷᠢᠯᠡᠯ ᠤᠨ ᠰᠠᠭᠤᠷᠢ ᠨᠥᠬᠦᠴᠡᠯ ᠢ ᠰᠠᠶᠢᠵᠢᠷᠠᠭᠤᠯᠤᠨ᠎ᠠ᠃ ᠲᠥᠮᠥᠰᠥ ᠶᠢᠨ ᠭᠤᠣᠯ ᠭᠠᠷᠤᠯᠲᠠ ᠶᠢᠨ | ᠣᠷᠣᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠪᠡᠯᠡ ᠮᠥᠩᠭᠦ ᠪᠠ ᠲᠥᠷᠥᠯ | ᠵᠦᠢᠯ ᠢ ᠨᠢᠭᠡᠳᠦᠯᠲᠡᠶ ᠲᠥᠯᠥᠪᠯᠡᠵᠦ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠣᠯ ᠰᠢᠪᠲᠤᠯᠤᠯᠲᠠ ᠶᠢᠨ | ᠴᠢᠭᠯᠡᠯ ᠢᠶᠠᠨ ᠲᠣᠳᠣᠷᠬᠠᠶ ᠲᠣᠭᠲᠠᠭᠠᠵᠤ᠂ ᠭᠤᠣᠯᠳᠠᠯᠭ᠎ᠠ ᠲᠠᠢ ᠭᠠᠵᠠᠷ ᠣᠷᠣᠨ ᠪᠠ ᠵᠠᠩᠭᠢᠯᠠᠭ᠎ᠠ ᠶᠢᠨ ᠭᠤᠭᠴᠤᠭ᠎ᠠ ᠳᠤ | ᠴᠢᠭᠯᠡᠭᠦᠯᠦᠨ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ | ︵ᠭᠤᠷᠪᠠ︶ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠳᠤ ᠲᠦᠰᠢᠭᠯᠡᠨ᠂ | ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠲᠡᠶ ᠳᠠᠮᠵᠢᠨ᠎ᠠ᠃ ᠲᠥᠮᠥᠰᠥᠨ ᠤ ᠦᠷ᠎ᠡ ᠶᠢᠨ | ᠲᠥᠮᠥᠰᠥ ᠶᠢᠨ ᠠᠵᠤ ᠠᠬᠤᠶᠢᠯᠠᠯ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠵᠢᠭᠡᠯᠡᠯᠭᠡ ᠪᠤᠶᠤ | ᠢᠲᠡᠭᠡᠮᠵᠢ ᠣᠯᠭᠤᠬᠤ ᠬᠡᠮᠵᠢᠶ᠎ᠡ ᠶᠢ ᠵᠣᠬᠢᠴᠠᠭᠤᠯᠤᠨ ᠳᠡᠭᠡᠭᠰᠢᠯᠡᠭᠦᠯᠵᠦ᠂ ᠵᠢᠵᠢᠭ ᠪᠢᠴᠢᠯ ᠠᠵᠤ ᠠᠬᠤᠶᠢᠯᠠᠯ ᠳᠤ | ᠳᠠᠬᠢᠨᠲᠠ ᠵᠢᠭᠡᠯᠡᠯᠭᠡ ᠥᠭᠴᠦ ᠳᠡᠮᠵᠢᠬᠦ ᠶᠢ ᠰᠢᠨ᠎ᠡ ᠨᠡᠮᠡᠭᠳᠡᠭᠦᠯᠬᠦ ᠵᠡᠷᠭᠡ ᠪᠠᠷ ᠲᠥᠮᠥᠰᠥ ᠶᠢᠨ ᠵᠢᠵᠢᠭ ᠪᠢᠴᠢᠯ ᠠᠵᠤ | ᠠᠬᠤᠶᠢᠯᠠᠯ ᠢ ᠤᠷᠢᠳ ᠢᠶᠠᠷ ᠳᠠᠮᠵᠢᠨ᠎ᠠ᠃ ᠪᠦᠬᠦ ᠣᠷᠣᠨ ᠤ ᠲᠥᠮᠥᠰᠥ ᠶᠢᠨ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠶᠢᠨ ᠴᠢᠨᠠᠷᠲᠠᠶ ᠥᠪᠡᠷ ᠤᠨ ᠥᠷᠲᠡᠭ ᠤᠨ ᠳᠠᠭᠠᠳᠬᠠᠯ ᠪᠠ ᠤᠯᠠᠭᠠᠨᠴᠠᠪ ᠬᠤᠲᠠ ᠶᠢᠨ ᠥᠷᠨᠢᠭᠦᠯᠵᠦ | ᠪᠠᠶᠢᠭ᠎ᠠ ᠲᠥᠮᠥᠰᠥᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ | ᠰᠠᠭᠤᠷᠢᠨ ᠳᠡᠭᠡᠷ᠎ᠡ᠂ ᠲᠥᠮᠥᠰᠥᠨ ᠤ ᠪᠦᠬᠦ ᠥᠪᠡᠷ ᠤᠨ ᠥᠷᠲᠡᠭ ᠤᠨ ᠳᠠᠭᠠᠳᠬᠠᠯ᠂ ᠣᠷᠣᠯᠭ᠎ᠠ ᠶᠢᠨ ᠳᠠᠭᠠᠳᠬᠠᠯ᠂ | ᠶᠡᠭᠡ ᠭᠠᠮᠰᠢᠭ ᠤᠨ ᠳᠠᠭᠠᠳᠬᠠᠯ ᠵᠡᠷᠭᠡ ᠰᠢᠨ᠎ᠡ ᠨᠡᠷᠡᠳᠬᠦᠨ ᠢ ᠢᠳᠡᠪᠬᠢᠲᠡᠶ ᠰᠦᠪᠡᠭᠴᠢᠯᠡᠨ ᠥᠷᠨᠢᠭᠦᠯᠵᠦ᠂ | ᠲᠠᠷᠢᠶᠠᠴᠢᠳ ᠤᠨ ᠠᠰᠢᠭ ᠣᠷᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠵᠧᠩᠵᠧᠦ ᠶᠢᠨ ᠲᠠᠸᠠᠷ ᠤᠨ | ᠠᠷᠠᠯᠵᠢᠶᠠᠨ ᠤ ᠭᠠᠵᠠᠷ ᠯᠤᠭ᠎ᠠ ᠤᠯᠠᠮ ᠨᠢᠭᠡ ᠠᠯᠬᠤᠮ ᠵᠣᠬᠢᠴᠠᠯᠳᠤᠨ ᠨᠡᠪᠲᠡᠷᠡᠯᠴᠡᠵᠦ᠂ ᠲᠥᠮᠥᠰᠥ ᠶᠢᠨ | ᠬᠤᠭᠤᠴᠠᠭᠠᠲᠤ ᠪᠠᠷᠠᠭ᠎ᠠ ᠶᠢ ᠵᠠᠬ᠎ᠠ ᠳᠡᠯᠭᠡᠭᠦᠷ ᠲᠤ ᠭᠠᠷᠭᠠᠬᠤ ᠶᠢ ᠲᠦᠷᠭᠡᠬᠡᠨ ᠠᠬᠢᠭᠤᠯᠵᠤ᠂ ᠲᠥᠮᠥᠰᠥ ᠲᠠᠷᠢᠬᠤ | ᠲᠣᠮᠣ ᠡᠷᠦᠬᠡ ᠶᠢ ᠬᠠᠪᠰᠤᠷᠴᠤ ᠪᠠᠶᠢᠭᠠᠳ ᠬᠤᠭᠤᠴᠠᠭᠠᠲᠤ ᠪᠠᠷᠠᠭ᠎ᠠ ᠶᠢᠨ ᠪᠠᠭᠠᠵᠢ ᠶᠢ ᠠᠰᠢᠭᠯᠠᠨ ᠵᠠᠬ᠎ᠠ ᠳᠡᠯᠭᠡᠭᠦᠷ ᠤᠨ | ᠬᠡᠯᠪᠡᠯᠵᠡᠬᠦ ᠲᠦᠭᠰᠢᠭᠦᠷᠢ ᠶᠢ ᠠᠷᠢᠯᠭᠠᠨ᠎ᠠ᠃ ᠡᠯ᠎ᠡ ᠭᠠᠵᠠᠷ ᠣᠷᠣᠨ ᠨᠢ ᠭᠠᠵᠠᠷ ᠣᠷᠣᠨ ᠤ ᠪᠠᠶᠢᠳᠠᠯ ᠳᠤ ᠪᠠᠨ | ᠲᠣᠬᠢᠷᠠᠭᠤᠯᠤᠨ ᠬᠠᠷᠠᠭᠠᠯᠵᠠᠬᠤ ᠲᠥᠷᠥ ᠶᠢᠨ ᠪᠣᠳᠣᠯᠭ᠎ᠠ ᠲᠣᠭᠲᠠᠭᠠᠵᠤ᠂ ᠨᠡᠶᠢᠭᠡᠮ ᠤᠨ ᠬᠥᠷᠥᠩᠭᠡ ᠮᠥᠩᠭᠦ ᠶᠢ ᠲᠡᠳᠡᠨ | ᠠᠪᠴᠢᠷᠠᠵᠤ ᠲᠥᠮᠥᠰᠥ ᠶᠢᠨ ᠠᠵᠤ ᠦᠢᠯᠡᠰ ᠲᠤ ᠪᠡᠯᠡ ᠣᠷᠣᠭᠤᠯᠤᠨ᠂ ᠲᠥᠮᠥᠰᠥ ᠶᠢᠨ ᠠᠵᠤ ᠦᠢᠯᠡᠰ ᠤᠨ | ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ | | ︵ᠳᠥᠷᠪᠡ︶ ᠮᠡᠷᠭᠡᠵᠢᠯ ᠤᠨ ᠦᠢᠯᠡᠴᠢᠯᠡᠭᠡᠨ ᠢ ᠴᠢᠩᠭᠠᠷᠠᠭᠤᠯᠬᠤ ᠬᠡᠷᠡᠭᠲᠡᠶ᠃ ᠤᠯᠤᠰ ᠤᠨ ᠣᠳᠣ | ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠮᠡᠷᠭᠡᠵᠢᠯ ᠤᠨ ᠲᠣᠭᠲᠠᠯᠴᠠᠭ᠎ᠠ ᠶᠢᠨ ᠲᠥᠮᠥᠰᠥ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠥᠷᠲᠡᠭᠡ ᠪᠠ ᠤᠯᠤᠰ ᠤᠨ ᠴᠢᠬᠤᠯᠠ ᠶᠡᠭᠡ ᠬᠠᠮᠵᠢᠯᠴᠠᠨ ᠳᠡᠯᠭᠡᠷᠡᠭᠦᠯᠬᠦ ᠲᠥᠷᠥᠯ | ᠵᠦᠢᠯ ᠳᠤ ᠲᠦᠰᠢᠭᠯᠡᠨ᠂ ᠦᠢᠯᠡᠳᠪᠦᠷᠢᠯᠡᠬᠦ ᠵᠢᠭᠠᠬᠤ ᠰᠤᠳᠤᠯᠬᠤ ᠣᠯᠠᠨ ᠲᠠᠯ᠎ᠠ ᠶᠢᠨ ᠮᠡᠷᠭᠡᠵᠢᠯ ᠤᠨ ᠬᠦᠴᠦᠨ ᠢ | ᠡᠮᠬᠢᠯᠡᠨ ᠨᠡᠶᠢᠯᠡᠭᠦᠯᠵᠦ᠂ ᠤᠷᠢᠳ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠤ ᠡᠮᠦᠨ᠎ᠡ ᠹᠷᠣᠨᠲ ᠲᠠᠢ | ᠬᠤᠯᠪᠣᠭᠠᠯᠠᠭᠰᠠᠨ ᠪᠠ ᠳᠠᠷᠠᠭ᠎ᠠ ᠪᠠᠷ ᠨᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠠᠢ ᠬᠤᠯᠪᠣᠭᠠᠯᠠᠭᠰᠠᠨ | ᠮᠡᠷᠭᠡᠵᠢᠯ ᠤᠨ ᠦᠢᠯᠡᠴᠢᠯᠡᠭᠡᠨ ᠤ ᠪᠦᠯᠬᠦᠮ ᠢ ᠪᠠᠶᠢᠭᠤᠯᠤᠨ᠂ ᠰᠢᠨ᠎ᠡ ᠦᠷ᠎ᠡ ᠡᠭᠦᠯᠳᠡᠷ ᠰᠢᠨ᠎ᠡ ᠮᠡᠷᠭᠡᠵᠢᠯ ᠢ | ᠣᠷᠣᠭᠤᠯᠤᠨ ᠠᠪᠴᠢᠷᠠᠵᠤ ᠨᠢᠭᠡᠳᠬᠡᠨ ᠲᠥᠪᠯᠡᠷᠡᠭᠦᠯᠬᠦ᠂ ᠬᠤᠷᠠᠮᠳᠤᠭᠤᠯᠤᠨ ᠲᠥᠬᠦᠷᠵᠢᠭᠦᠯᠬᠦ ᠪᠠ ᠵᠢᠱᠢᠶ᠎ᠡ | ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠵᠤ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠳᠤ | ᠮᠡᠷᠭᠡᠵᠢᠯ ᠢᠶᠠᠷ ᠬᠦᠴᠦᠲᠡᠶ ᠦᠢᠯᠡᠴᠢᠯᠡᠬᠦ ᠲᠤᠯᠭᠠᠭᠤᠷᠢᠯᠠᠯ ᠢ ᠬᠠᠩᠭᠠᠵᠤ ᠥᠭᠬᠦ ᠬᠡᠷᠡᠭᠲᠡᠶ᠃ | ︵ᠲᠠᠪᠤ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠶ᠃ ᠬᠢᠨᠠᠯᠲᠠ ᠲᠠᠯᠪᠢᠵᠤ | ᠬᠢᠨᠠᠨ ᠰᠢᠯᠭᠠᠬᠤ ᠶᠢ ᠴᠢᠩᠭᠠᠷᠠᠭᠤᠯᠤᠨ᠂ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠬᠠᠮᠢᠶ᠎ᠠ ᠪᠦᠬᠦᠢ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠢᠭᠤᠴᠠᠯᠭ᠎ᠠ ᠪᠠᠨ ᠨᠠᠷᠢᠯᠢᠬᠵᠢᠭᠤᠯᠤᠨ᠂ ᠨᠡᠮᠡᠭᠦᠷᠢ | ᠬᠦᠷᠲᠡᠭᠰᠡᠳ ᠢ ᠴᠢᠩᠭ᠎ᠠ ᠬᠢᠨᠠᠨ ᠬᠠᠷᠭᠤᠭᠤᠯᠵᠤ᠂ ᠤᠰᠤᠨ ᠤ ᠬᠡᠮᠵᠢᠶ᠎ᠡ ᠪᠠᠷ ᠲᠠᠷᠢᠬᠤ᠂ ᠲᠡᠳᠬᠦᠬᠦ ᠲᠥᠷᠥ ᠶᠢᠨ | ᠪᠣᠳᠣᠯᠭ᠎ᠠ᠂ ᠦᠷ᠎ᠡ ᠶᠢᠨ ᠲᠥᠮᠥᠰᠥ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠡᠭᠡᠯᠵᠢᠯᠡᠨ ᠲᠠᠷᠢᠬᠤ ᠪᠠ ᠭᠤᠤᠷᠰᠤ ᠰᠣᠯᠢᠬᠤ᠂ | ᠪᠣᠬᠢᠷᠲᠤᠯ ᠦᠭᠡᠶ ᠦᠢᠯᠡᠳᠪᠦᠷᠢᠯᠡᠬᠦ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ |