ᠮᠤᠶᠢᠯ ︵ᠮᠤᠨᠤᠰᠤ︶
ᠨᠡᠶᠢᠲᠡᠯᠡᠭᠰᠡᠨ ᠴᠠᠭ᠄
2021/3/25
     ᠲᠤᠮᠳᠠᠰᠠᠭ ᠵᠢᠵᠢᠭ ᠲᠤᠷᠤᠭ ᠮᠤᠳᠤ᠃ ᠴᠢᠭᠢᠭᠯᠢᠭ ᠲᠤ ᠲᠤᠷᠠᠳᠠᠢ᠃ ᠰᠡᠭᠦᠳᠡᠷ ᠲᠤ ᠳᠡᠰᠪᠤᠷᠢᠳᠠᠢ᠂ ᠦᠷᠭᠦᠯᠵᠢ ᠭᠤᠤᠯ ᠭᠤᠷᠤᠬ᠎ᠠ ᠶᠢᠨ ᠬᠤᠶᠠᠷ ᠡᠷᠬᠢ᠂ ᠠᠭᠤᠯᠠ ᠶᠢᠨ ᠬᠤᠷᠮᠤᠢ᠂ ᠲᠤᠨᠤᠮᠠᠯ ᠭᠠᠵᠠᠷ ᠵᠢᠴᠢ ᠡᠯᠡᠰᠦᠷᠭᠡᠭ ᠭᠠᠵᠠᠷ ᠢᠶᠠᠷ ᠤᠷᠭᠤᠳᠠᠭ᠃ ᠨᠠᠪᠴᠢ ᠵᠤᠯᠭᠠᠷᠠᠬᠤ ᠦᠷᠭᠡᠨ ᠨᠠᠪᠴᠢᠲᠤ ᠤᠢ ᠶᠢᠨ ᠪᠦᠰᠡᠨ ᠳᠠᠬᠢ ᠭᠤᠤᠯ ᠤᠨ ᠡᠷᠬᠢ ᠶᠢᠨ ᠬᠤᠯᠢᠮᠠᠭ ᠪᠤᠲᠠ ᠲᠠᠢ ᠭᠠᠵᠠᠷ ᠤᠨ ᠵᠤᠩᠬᠢᠯᠠᠬᠤ ᠲᠦᠷᠰᠦ ᠨᠢ ᠪᠤᠯᠳᠠᠭ᠂ ᠪᠠᠰᠠ ᠲᠠᠯ᠎ᠠ ᠨᠤᠳᠤᠭ ᠤᠨ ᠪᠦᠰᠡᠨ ᠤ ᠡᠯᠡᠰᠦᠷᠬᠡᠭ ᠭᠠᠵᠠᠷ ᠤᠨ ᠪᠤᠲᠠ ᠰᠦᠭᠡᠭ ᠢᠶᠠᠷ ᠦᠷᠬᠦᠯᠵᠢ ᠬᠠᠷᠠᠭᠳᠠᠳᠠᠭ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠬᠢᠩᠭᠠᠨ ᠤ ᠡᠮᠦᠨᠡᠲᠤ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ ᠤᠨ ᠵᠡᠬᠦᠨ ᠬᠡᠰᠡᠭ ᠪᠤᠯᠤᠨ ᠡᠮᠦᠨᠡᠲᠤ ᠬᠡᠰᠡᠭ᠂ ᠤᠯᠠᠭᠠᠨᠴᠠᠪ ᠲᠤᠭᠤᠷᠢᠭ ᠤᠨ ᠡᠮᠦᠨᠡᠲᠤ ᠬᠡᠰᠡᠭ ᠤᠨ ᠠᠭᠤᠯᠠᠷᠬᠠᠭ ᠭᠠᠵᠠᠷ᠂ ᠮᠤᠨᠢ ᠠᠭᠤᠯᠠ ᠪᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ ᠢᠶᠠᠷ ᠳᠠᠷᠬᠠᠨ᠂ ᠰᠤᠯᠤᠩᠭᠤᠰ᠂ ᠮᠤᠩᠭᠤᠯ ᠤᠯᠤᠰ ᠤᠨ ᠵᠡᠬᠦᠨ ᠬᠡᠰᠡᠭ᠂ ᠤᠷᠤᠰ ᠤᠨ ᠰᠢᠪᠧᠷᠢᠶ᠎ᠠ ᠪᠤᠯᠤᠨ ᠠᠯᠤᠰ ᠲᠤᠷᠤᠨᠠᠲᠤ ᠪᠠᠷ ᠪᠠᠰᠠ ᠳᠠᠷᠬᠠᠵᠤ ᠪᠠᠶᠢᠳᠠᠭ᠃ ᠦᠷ᠎ᠡ ᠠᠴᠠ ᠨᠢ ᠲᠤᠰᠤ ᠰᠢᠬᠠᠵᠤ᠂ ᠠᠵᠦ ᠦᠢᠯᠡᠳᠪᠦᠷᠢ ᠪᠤᠯᠤᠨ ᠰᠠᠪᠤᠩ ᠬᠢᠬᠦ ᠳᠤ ᠬᠡᠷᠡᠭᠯᠡᠵᠦ ᠪᠤᠯᠤᠨ᠎ᠠ᠃ ᠵᠢᠮᠢᠰ ᠢ ᠨᠢ ᠲᠦᠬᠦᠬᠡᠢ ᠪᠠᠷ ᠢᠳᠡᠵᠦ ᠪᠤᠯᠳᠠᠭ᠃ ᠮᠤᠳᠤᠨ ᠮᠠᠲ᠋ᠧᠷᠢᠶᠠᠯ ᠢ ᠨᠢ ᠪᠠᠷᠢᠯᠭ᠎ᠠ᠂ ᠭᠡᠷ ᠤᠨ ᠡᠳ᠋ᠯᠡᠯ ᠬᠡᠷᠡᠭᠰᠡᠯ ᠵᠡᠷᠭᠡ ᠳᠤ ᠬᠡᠷᠡᠭᠯᠡᠵᠦ ᠪᠤᠯᠤᠨ᠎ᠠ᠃ ᠮᠤᠳᠤᠨ ᠤ ᠬᠠᠯᠢᠰᠦ ᠠᠴᠠ ᠨᠢ ᠡᠯᠳᠡᠭᠦᠷᠢ ᠶᠢᠨ ᠴᠠᠪᠠᠤ ᠭᠠᠷᠭᠠᠨ ᠠᠪᠬᠤ ᠪᠤᠶᠤ ᠪᠤᠳᠤᠭ ᠬᠢᠵᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号