ᠠᠷᠤ ᠵᠠᠰᠠᠭ ᠲᠠᠷᠬᠠᠭᠠᠭᠰᠠᠨ ﹇2021﹈ 5 ᠳ᠋ᠤᠭᠠᠷ ᠲᠣᠭᠠᠲᠤ | | ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ | ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭᠠᠨ ᠤ | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ | ᠡᠮᠬᠢ ᠵᠢᠷᠤᠮ ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭᠠᠨ ᠤ ᠲᠥᠰᠦᠯ︾ ᠢ ᠨᠢᠭᠡᠨᠲᠡ 2021 ᠣᠨ ᠤ | ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠲᠦᠭᠡᠶ᠃ | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | | 2021 ᠣᠨ ᠤ 1 ᠰᠠᠷ᠎ᠠ ᠶᠢᠨ 18 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ | ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭᠠᠨ ᠤ ᠲᠥᠰᠦᠯ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠬᠤ ᠪᠣᠯᠣᠨ ︽ | ᠳᠠᠬᠢᠨ ᠪᠠᠶᠢᠴᠠᠭᠠᠨ ᠦᠵᠡᠬᠦ︾ ᠠᠵᠢᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠭᠠᠳ ᠬᠠᠷᠢᠭᠤ ᠲᠤᠰᠬᠠᠭᠰᠠᠨ ᠨᠤᠲᠤᠭ ᠪᠡᠯᠴᠢᠭᠡᠷ ᠢ ᠡᠮᠬᠢ ᠵᠢᠷᠤᠮ ᠥᠬᠡᠶ ᠪᠠᠷ ᠬᠠᠭᠠᠯᠪᠤᠷᠢᠯᠠᠭᠰᠠᠨ | ᠲᠤᠬᠠᠢ ᠬᠤᠯᠪᠣᠭᠳᠠᠯ ᠪᠥᠬᠦᠶ ᠱᠠᠭᠠᠷᠳᠠᠯᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾ ︽ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ ᠤᠨ ᠬᠡᠷᠡᠭᠵᠢᠭᠦᠯᠬᠦ | ᠨᠠᠷᠢᠨ ᠳᠦᠷᠢᠮ︾ ᠵᠡᠷᠭᠡ ᠬᠠᠤᠯᠢ ᠳᠦᠷᠢᠮ ᠢ ᠦᠨᠳᠦᠰᠦᠯᠡᠵᠦ᠂ ᠱᠣᠤ ᠪᠠᠯᠭᠠᠰᠤᠨ ᠤ ᠨᠢᠭᠡᠨᠲᠡ ᠬᠠᠭᠠᠯᠪᠤᠷᠢᠯᠠᠭᠰᠠᠨ | ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭ᠎ᠠ ᠶᠢᠨ | ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠦᠨᠡᠯᠡᠰᠢ | ᠦᠭᠡᠢ ᠥᠪ ᠬᠦᠷᠦᠩᠭᠡ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠶ | ᠬᠥᠭᠵᠢᠯᠲᠡ ᠶᠢᠨ ᠰᠢᠨ᠎ᠡ ᠪᠠᠶᠢᠷᠢᠰᠢᠯ ᠢ ᠡᠭᠦᠳᠦᠨ ᠪᠠᠶᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢ ᠠᠬᠤᠶ | ᠣᠷᠴᠢᠨ ᠲᠣᠭᠤᠷᠢᠨ ᠤ ᠲᠤᠬᠠᠶ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ | ᠬᠤᠶᠠᠷ᠂ ᠶᠡᠷᠦᠩᠬᠡᠶ ᠬᠠᠷᠠᠯᠲᠠ | ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ | ᠡᠮᠬᠢ ᠵᠢᠷᠤᠮ ᠢ ᠪᠥᠬᠦ ᠲᠠᠯ᠎ᠠ ᠪᠠᠷ ᠵᠢᠷᠤᠮᠵᠢᠭᠤᠯᠵᠤ᠂ ᠠᠮᠢ ᠠᠬᠤᠶ ᠶᠢᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠡᠷᠡᠰ ᠬᠤᠷᠢᠭᠯᠠᠵᠤ᠂ ᠬᠠᠤᠯᠢ ᠪᠤᠰᠤ ᠪᠠᠷ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠮᠬᠢ | ᠵᠠᠮᠪᠠᠷᠠᠭ᠎ᠠ ᠥᠬᠡᠶ ᠪᠠᠶᠢᠳᠠᠯ ᠢ ᠴᠡᠭᠴᠡᠯᠡᠨ ᠵᠠᠰᠠᠵᠤ᠂ ᠨᠤᠲᠤᠭ ᠪᠡᠯᠴᠢᠭᠡᠷ ᠤᠨ ᠡᠯᠡᠰᠦᠷᠬᠡᠭᠵᠢᠯ ᠪᠠ ᠬᠥᠷᠥᠰᠥ ᠰᠢᠷᠣᠶ | ᠶᠢᠨ ᠢᠳᠡᠭᠳᠡᠯ ᠢ ᠰᠡᠷᠭᠡᠶᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠴᠢᠨᠠᠭᠰᠢᠳᠠ | ᠰᠠᠶᠢᠵᠢᠷᠠᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠪᠠ | ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠨᠤᠲᠤᠭ ᠪᠡᠯᠴᠢᠭᠡᠷ ᠤᠨ ᠬᠠᠤᠯᠢ | ᠠᠴᠠ ᠵᠥᠷᠢᠴᠡᠭᠰᠡᠨ ᠠᠰᠠᠭᠤᠳᠠᠯ ᠢ ᠦᠨᠡᠨ ᠬᠦ ᠲᠤᠶᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠬᠠᠤᠯᠢ ᠶᠣᠰᠣᠴᠢ | ᠡᠮᠬᠢ ᠵᠢᠷᠤᠮ ᠲᠠᠢ᠂ ᠲᠥᠪ ᠭᠤᠤᠯᠴᠢ ᠵᠦᠶ ᠵᠣᠬᠢᠰᠲᠠᠶ ᠪᠠᠷ ᠨᠤᠲᠤᠭ ᠪᠡᠯᠴᠢᠭᠡᠷ ᠤᠨ ᠡᠵᠡᠩᠨᠡᠯᠲᠡ ᠠᠰᠢᠭᠯᠠᠯᠲᠠ ᠶᠢᠨ | ᠡᠮᠬᠢ ᠵᠢᠷᠤᠮ ᠢ ᠬᠠᠮᠠᠭᠠᠯᠠᠨ᠎ᠠ᠃ | ᠭᠤᠷᠪᠠ᠂ ᠴᠡᠭᠴᠡᠯᠡᠬᠦ ᠵᠠᠷᠴᠢᠮ | ︵ᠨᠢᠭᠡ︶ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠲᠠᠷᠢᠶᠠᠨ ᠭᠠᠵᠠᠷ ᠢᠶᠠᠷ | ᠳᠠᠩᠰᠠᠯᠠᠭᠤᠯᠤᠭᠰᠠᠨ ᠪᠣᠯ ᠦᠷᠭᠦᠯᠵᠢᠯᠡᠨ ᠬᠠᠤᠯᠢ ᠶᠣᠰᠣᠭᠠᠷ ᠡᠵᠡᠩᠨᠡᠨ ᠬᠡᠷᠡᠭᠯᠡᠵᠦ ᠪᠣᠯᠤᠨ᠎ᠠ᠃ ︵ᠬᠤᠶᠠᠷ︶ | ᠡᠷᠬᠡ ᠶᠢ ᠨᠢ ᠨᠤᠲᠠᠯᠠᠨ ᠲᠣᠭᠲᠠᠭᠠᠵᠤ ᠲᠠᠷᠢᠶᠠᠨ ᠭᠠᠵᠠᠷ ᠢᠶᠠᠷ ᠳᠠᠩᠰᠠᠯᠠᠭᠤᠯᠤᠭᠰᠠᠨ ᠦᠭᠡᠶ ᠨᠢᠭᠡᠨᠲᠡ | ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠰᠤᠮᠤ ᠰᠢᠶᠠᠩ ᠪᠠᠯᠭᠠᠰᠤ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠨᠢᠭᠡ | ᠪᠦᠯᠦᠭ ᠢ ᠨᠢ ᠨᠢᠭᠡᠳᠦᠯᠲᠡᠶ ᠪᠠᠷᠢᠮᠵᠢᠶ᠎ᠠ ᠶᠣᠰᠣᠭᠠᠷ ᠪᠣᠷᠳᠣᠭᠠᠨ ᠤ ᠭᠠᠵᠠᠷ ᠪᠣᠯᠭᠠᠨ ᠦᠯᠡᠳᠡᠭᠡᠬᠦ ᠶᠢᠨ ᠬᠠᠮᠲᠤ ᠡᠷᠦᠬᠡ | ᠳᠤ ᠬᠦᠷᠲᠡᠯ᠎ᠡ ᠨᠠᠶᠢᠳᠠᠪᠤᠷᠢᠵᠢᠭᠤᠯᠵᠤ ᠪᠣᠯᠣᠨ᠎ᠠ᠃ ᠬᠠᠮᠢᠶᠠᠷᠬᠤ ᠳᠤ ᠳᠥᠭᠦᠮ ᠪᠠᠶᠢᠯᠭᠠᠬᠤ ᠶᠢᠨ ᠲᠤᠰᠠᠳᠠ᠂ | ᠦᠯᠡᠳᠡᠭᠡᠭᠰᠡᠨ ᠪᠣᠷᠳᠣᠭᠠᠨ ᠤ ᠭᠠᠵᠠᠷ ᠢ ᠵᠠᠷᠴᠢᠮ ᠳᠡᠭᠡᠷ᠎ᠡ ᠪᠠᠨ ᠭᠠᠴᠠᠭ᠎ᠠ ᠲᠣᠰᠬᠤᠨ᠂ ᠳᠤᠭᠤᠶᠢᠯᠠᠩ ᠬᠤᠯᠪᠣᠭᠠᠲᠤ | ᠡᠷᠦᠭᠡ ᠪᠠᠷ ᠨᠢᠭᠡᠴᠢ ᠪᠣᠯᠭᠠᠨ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠳᠡᠭᠡᠷ᠎ᠡ ᠲᠥᠪᠯᠡᠷᠡᠭᠦᠯᠦᠨ | ᠨᠡᠶᠢᠯᠡᠭᠦᠯᠵᠦ ᠲᠠᠷᠢᠬᠤ ᠬᠡᠷᠡᠭᠲᠡᠶ᠃ ᠪᠤᠰᠤᠳ ᠢ ᠨᠢ ᠠᠶᠠᠨᠳᠠᠭᠠᠨ ᠰᠡᠷᠭᠦᠭᠡᠬᠦ ᠪᠤᠶᠤ ᠰᠢᠮᠡᠯᠢᠭ ᠡᠪᠡᠰᠦ ᠬᠤᠯᠢᠵᠤ | ᠳᠠᠷᠢᠬᠤ ᠠᠷᠭ᠎ᠠ ᠪᠠᠷ ᠤᠷᠭᠤᠮᠠᠯ ᠤᠨ ᠪᠦᠷᠬᠦᠴᠡ ᠶᠢ ᠰᠡᠷᠭᠦᠭᠡᠨ᠎ᠡ᠃ ︵ᠭᠤᠷᠪᠠ︶ ᠣᠳᠣᠬᠠᠨ ᠳᠤ ᠬᠡᠪ ᠤᠨ | ᠶᠣᠰᠣᠭᠠᠷ ᠲᠡᠵᠢᠭᠡᠨ ᠦᠷᠡᠵᠢᠭᠦᠯᠬᠦ ᠦᠶᠯᠡᠳᠪᠦᠷᠢᠯᠡᠯ ᠬᠢᠵᠦ ᠪᠠᠶᠢᠭ᠎ᠠ ᠲᠣᠮᠣ ᠬᠡᠯᠪᠡᠷᠢ ᠶᠢᠨ ᠬᠡᠪᠴᠢᠶᠡᠵᠢᠭᠰᠡᠨ | ᠲᠡᠵᠢᠭᠡᠨ ᠦᠷᠡᠵᠢᠭᠦᠯᠬᠦ ᠠᠵᠤ ᠠᠬᠤᠶᠢᠯᠠᠯ ᠳᠤ᠂ ᠲᠥᠷᠥ ᠶᠢᠨ ᠪᠣᠳᠣᠯᠭ᠎ᠠ ᠶᠣᠰᠣᠭᠠᠷ ᠢᠵᠢ ᠪᠥᠷᠢᠳᠦᠭᠰᠡᠨ ᠡᠪᠡᠰᠦ | ᠪᠣᠷᠳᠣᠭᠠᠨ ᠤ ᠰᠠᠭᠤᠷᠢᠨ ᠭᠠᠵᠠᠷ ᠭᠠᠷᠭᠠᠬᠤ ᠶᠢ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠠᠴᠠ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ ᠪᠠᠶᠢᠭ᠎ᠠ ᠭᠠᠵᠠᠷ ᠤᠨ ᠰᠤᠮᠤ ᠰᠢᠶᠠᠩ | ᠪᠠᠯᠭᠠᠰᠤ ᠶᠢᠨ ᠵᠠᠰᠠᠭ ᠤᠨ ᠣᠷᠳᠣᠨ ᠲᠠᠢ ᠬᠠᠮᠲᠤᠷᠠᠨ᠂ ᠬᠠᠮᠲᠤ ᠪᠠᠷ ᠰᠠᠨᠠᠯ ᠳᠤᠷᠠᠳᠤᠭᠰᠠᠨ ᠤ ᠳᠠᠷᠠᠭ᠎ᠠ ᠬᠤᠰᠢᠭᠤᠨ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠰᠣᠳᠣᠯᠵᠤ ᠲᠣᠭᠲᠠᠭᠠᠨ᠎ᠠ᠃ ︵ᠳᠥᠷᠪᠡ︶ ᠲᠣᠰ | ᠤᠳᠠᠭᠠᠨ ᠤ ᠴᠡᠭᠴᠡᠯᠡᠬᠦ ᠠᠵᠢᠯᠯᠠᠭ᠎ᠠ ᠳᠤ ᠲᠣᠭᠲᠠᠭᠠᠭᠰᠠᠨ ᠲᠠᠷᠢᠶᠠᠯᠠᠬᠤ ᠪᠠᠨ ᠪᠤᠯᠢᠵᠤ ᠰᠡᠷᠭᠦᠭᠡᠬᠦ ᠭᠠᠵᠠᠷ ᠰᠢᠷᠣᠶ ᠶᠢ | ᠬᠡᠷᠪᠡ ᠨᠢᠭᠡᠨᠲᠡ ᠭᠤᠷᠪᠠᠳᠠᠬᠢ ᠬᠥᠮᠦᠨ ᠳᠤ ᠰᠢᠯᠵᠢᠭᠦᠯᠦᠨ ᠥᠭᠴᠦ ᠡᠵᠡᠩᠨᠡᠭᠦᠯᠦᠭᠰᠡᠨ ᠪᠠᠶᠢᠪᠠᠯ᠂ ᠲᠤᠬᠠᠶ ᠶᠢᠨ | ᠬᠥᠮᠦᠨ ᠤ ᠬᠤᠭᠤᠷᠣᠨᠳᠣᠬᠢ ᠰᠢᠯᠵᠢᠭᠦᠯᠦᠭᠰᠡᠨ ᠭᠡᠷ᠎ᠡ ᠶᠢᠨ ᠵᠢᠭᠤᠷᠠᠯᠳᠤᠭᠠᠨ ᠢ ᠭᠡᠷ᠎ᠡ ᠶᠢᠨ ᠡᠯ᠎ᠡ ᠲᠠᠯ᠎ᠠ ᠶᠢᠨ ᠬᠢᠨ | ᠥᠪᠡᠰᠦᠪᠡᠨ ᠵᠥᠪᠳᠡᠯᠴᠡᠨ ᠰᠢᠶᠳᠪᠦᠷᠢᠯᠡᠬᠦ ᠪᠤᠶᠤ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠵᠡᠷᠭᠡ ᠬᠠᠤᠯᠢ ᠪᠠᠷ | ᠲᠣᠭᠲᠠᠭᠠᠭᠰᠠᠨ ᠵᠢᠷᠤᠮ ᠢᠶᠠᠷ ᠰᠢᠢᠳᠪᠦᠷᠢᠯᠡᠬᠦ ᠬᠡᠷᠡᠭᠲᠡᠢ᠃ | ᠳᠥᠷᠪᠡ᠂ ᠲᠡᠵᠢᠭᠡᠯ ᠪᠣᠷᠳᠣᠭᠠᠨ ᠤ ᠭᠠᠵᠠᠷ ᠢ ᠦᠯᠡᠳᠡᠭᠡᠬᠦ ᠠᠷᠭ᠎ᠠ ᠮᠠᠶ᠋ᠢᠭ | ︵ᠨᠢᠭᠡ︶ ᠪᠠᠷᠢᠮᠵᠢᠶ᠎ᠠ᠃ ᠭᠠᠴᠠᠭ᠎ᠠ ᠲᠣᠰᠬᠤᠨ ᠤ ᠬᠥᠮᠦᠨ ᠠᠮᠠ᠂ ᠲᠠᠷᠢᠵᠤ ᠲᠡᠵᠢᠭᠡᠬᠦ ᠦᠢᠯᠡᠰ ᠤᠨ ᠬᠤᠪᠢ | ᠶᠢᠨ ᠵᠢᠩ ᠪᠣᠯᠤᠨ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠲᠠᠯᠠᠪᠠᠶ᠂ ᠤᠰᠤᠨ ᠰᠤᠷᠪᠤᠯᠵᠢ᠂ ᠭᠠᠵᠠᠷ | ᠤᠨ ᠰᠢᠮ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠵᠠᠷᠴᠢᠮ ᠳᠡᠭᠡᠷ᠎ᠡ ᠪᠠᠨ ᠬᠥᠮᠦᠨ ᠪᠦᠷᠢ ᠳᠤ ᠳᠤᠮᠳᠠᠴᠢ ᠪᠠᠷ | 20 ᠮᠦ ᠠᠴᠠ ᠬᠡᠲᠦᠷᠡᠭᠦᠯᠬᠦ ᠦᠭᠡᠶ ᠪᠣᠷᠳᠤᠭ᠎ᠠ ᠶᠢᠨ ᠭᠠᠵᠠᠷ ᠤᠨ ᠪᠠᠷᠢᠮᠵᠢᠶ᠎ᠠ ᠶᠣᠰᠣᠭᠠᠷ᠂ ᠲᠤᠰ ᠭᠠᠴᠠᠭ᠎ᠠ | ᠲᠣᠰᠬᠤᠨ ᠤ ᠨᠢᠭᠡᠨᠲᠡ ᠬᠠᠭᠠᠯᠪᠤᠷᠢᠯᠠᠭᠰᠠᠨ ᠬᠡᠰᠡᠭ ᠨᠤᠲᠤᠭ ᠪᠡᠯᠴᠢᠭᠡᠷ ᠢ ᠡᠷᠦᠬᠡ ᠳᠤ ᠬᠦᠷᠲᠡᠯ᠎ᠡ | ᠨᠠᠶᠢᠳᠠᠪᠤᠷᠢᠵᠢᠭᠤᠯᠤᠨ᠎ᠠ᠃ ᠲᠡᠵᠢᠭᠡᠯ ᠪᠣᠷᠳᠣᠭᠠᠨ ᠤ ᠭᠠᠵᠠᠷ ᠢ ᠡᠷᠦᠬᠡ ᠳᠤ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ | ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠰᠢᠨ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠳᠠᠭᠢᠵᠤ | ᠲᠣᠬᠢᠷᠠᠭᠤᠯᠤᠯᠲᠠ ᠬᠢᠵᠦ ᠬᠤᠪᠢᠷᠠᠭᠤᠯᠬᠤ ᠥᠬᠡᠶ᠃ ᠡᠯ᠎ᠡ ᠭᠠᠴᠠᠭ᠎ᠠ ᠲᠣᠰᠬᠤᠨ ᠤ ᠬᠥᠮᠦᠨ ᠪᠦᠷᠢ ᠳᠤ ᠳᠤᠮᠳᠠᠴᠢ | ᠪᠠᠷ ᠦᠯᠡᠳᠡᠭᠡᠬᠦ ᠪᠣᠷᠳᠤᠭ᠎ᠠ ᠶᠢᠨ ᠭᠠᠵᠠᠷ ᠤᠨ ᠪᠣᠳᠠᠲᠠᠶ ᠪᠠᠷᠢᠮᠵᠢᠶ᠎ᠠ ᠶᠢ ᠡᠯ᠎ᠡ ᠭᠠᠴᠠᠭ᠎ᠠ ᠲᠣᠰᠬᠤᠨ ᠤ ᠪᠣᠳᠠᠲᠤ | ᠪᠠᠶᠢᠳᠠᠯ ᠢ ᠦᠨᠳᠦᠰᠦᠯᠡᠨ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ | ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠠᠩᠬ᠎ᠠ ᠠᠯᠬᠤᠮ ᠤᠨ ᠰᠠᠨᠠᠯ | ᠢᠶᠠᠨ ᠳᠤᠷᠠᠳᠴᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ | ᠪᠣᠳᠠᠲᠠᠶ ᠬᠡᠷᠡᠭᠵᠢᠭᠦᠯᠦᠨ᠎ᠡ᠃ ︵ᠬᠤᠶᠠᠷ︶ ᠬᠡᠪᠴᠢᠶ᠎ᠡ᠃ ᠲᠠᠷᠢᠶᠠᠯᠠᠬᠤ ᠮᠠᠯᠵᠢᠬᠤ ᠡᠷᠦᠬᠡ ᠶᠢᠨ ᠬᠡᠪᠴᠢᠶ᠎ᠡ᠄ | ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠳᠤᠯᠠᠩ ᠪᠡᠯᠴᠢᠭᠡᠷ ᠤᠨ ︽ᠬᠤᠶᠠᠷ ᠡᠷᠬᠡ | ᠨᠢᠭᠡ ᠳᠦᠷᠢᠮ︾ ᠢ ᠨᠠᠶᠢᠳᠠᠪᠤᠷᠢᠵᠢᠭᠤᠯᠬᠤ ᠦᠶ᠎ᠡ ᠳᠤ ᠬᠠᠳᠤᠯᠠᠩ ᠪᠡᠯᠴᠢᠭᠡᠷ ᠬᠤᠪᠢᠶᠠᠵᠤ ᠣᠯᠣᠭᠰᠠᠨ ᠮᠥᠷᠲᠡᠭᠡᠨ | ᠣᠳᠣᠬᠠᠨ ᠳᠤ ᠮᠥᠨ ᠬᠦ ᠲᠤᠰ ᠭᠠᠴᠠᠭ᠎ᠠ ᠲᠣᠰᠬᠤᠨ ᠤ ᠪᠠᠨ ᠮᠠᠯᠵᠢᠬᠤ ᠲᠠᠷᠢᠶᠠᠯᠠᠬᠤ ᠡᠷᠦᠬᠡ ᠳᠤ ᠬᠠᠷᠢᠶᠠᠯᠠᠭᠳᠠᠬᠤ᠃ | ᠬᠥᠮᠦᠨ ᠠᠮᠠ ᠶᠢᠨ ᠬᠡᠪᠴᠢᠶ᠎ᠡ᠄ ᠳᠡᠭᠡᠷ᠎ᠡ ᠳᠤᠷᠠᠳᠤᠭᠰᠠᠨ ᠮᠠᠯᠵᠢᠬᠤ ᠲᠠᠷᠢᠶᠠᠯᠠᠬᠤ ᠡᠷᠦᠬᠡ 2020 ᠣᠨ ᠤ 12 | ᠳ᠋ᠤᠭᠠᠷ ᠰᠠᠷ᠎ᠠ ᠶᠢᠨ 31 ᠤ ᠡᠳᠦᠷ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠪᠠᠶᠢᠬᠤ᠃ ︵ | ᠭᠤᠷᠪᠠ︶ ᠲᠠᠷᠢᠶᠠᠨ ᠭᠠᠵᠠᠷ ︵ᠬᠠᠳᠤᠯᠠᠩ ᠪᠡᠯᠴᠢᠭᠡᠷ︶᠃ ᠵᠠᠷᠴᠢᠮ ᠳᠡᠭᠡᠷ᠎ᠡ ᠪᠠᠨ᠂ ᠵᠠᠷᠢᠮ ᠠᠷᠠᠳ ᠢᠷᠭᠡᠳ | ᠲᠠᠷᠠᠬᠠᠶ ᠪᠤᠲᠠᠷᠬᠠᠶ ᠰᠠᠭᠤᠷᠢᠰᠢᠵᠤ ᠪᠠᠶᠢᠭ᠎ᠠ ᠭᠠᠴᠠᠭ᠎ᠠ ᠲᠣᠰᠬᠤᠨ ᠳᠤ ᠴᠢᠭᠯᠡᠭᠦᠯᠦᠨ᠂ ᠭᠠᠴᠠᠭ᠎ᠠ ᠲᠣᠰᠬᠤᠨ ᠤ | ᠠᠷᠠᠳ ᠤᠨ ᠭᠡᠷ ᠪᠠᠶᠢᠰᠢᠩ ᠤᠨ ᠠᠷᠤ ᠥᠪᠥᠷ ᠲᠠᠬᠢ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ᠂ ᠣᠯᠠᠨ | ᠨᠡᠶᠢᠲᠡ ᠶᠢᠨ ᠨᠡᠪᠲᠡᠷᠡᠬᠦ ᠵᠠᠮ ᠤᠨ ᠬᠤᠶᠠᠷ ᠬᠠᠵᠠᠭᠤ ᠶᠢᠨ 5 ᠮᠧᠲᠷ ᠤᠨ ᠬᠡᠪᠴᠢᠶᠡᠨ ᠳᠣᠲᠣᠷ᠎ᠠ ᠪᠠ ᠨᠡᠶᠢᠲᠡ ᠶᠢᠨ | ᠠᠰᠢᠭ ᠲᠤᠰᠠ ᠶᠢᠨ ᠬᠡᠷᠡᠭᠴᠡᠭᠡ ᠠᠴᠠ ᠪᠣᠯᠵᠤ ᠵᠠᠪᠠᠯ ᠲᠠᠷᠢᠶᠠᠯᠠᠬᠤ ᠪᠠᠨ ᠵᠣᠭᠰᠣᠬᠤ ᠭᠠᠵᠠᠷ ᠢ ᠭᠠᠷᠭᠠᠪᠠᠯ᠂ | ᠭᠠᠴᠠᠭ᠎ᠠ ᠲᠣᠰᠬᠤᠨ ᠤ ᠠᠷᠠᠳ ᠦᠷᠭᠦᠯᠵᠢᠯᠡᠨ ᠡᠵᠡᠩᠨᠡᠵᠦ ᠪᠣᠯᠤᠨ᠎ᠠ᠃ ᠲᠠᠯᠠᠪᠠᠶ ᠨᠢ ᠲᠤᠰ ᠡᠷᠦᠬᠡ ᠶᠢᠨ ᠪᠣᠷᠳᠣᠭᠠᠨ | ᠤ ᠭᠠᠵᠠᠷ ᠲᠠᠢ ᠲᠡᠩᠴᠡᠭᠦᠦ ᠪᠠᠶᠢᠪᠠᠯ᠂ ᠪᠣᠷᠳᠣᠭᠠᠨ ᠤ ᠭᠠᠵᠠᠷ ᠠᠰ ᠲᠤᠨᠢ ᠨᠠᠶᠢᠳᠠᠪᠤᠷᠢᠵᠢᠭᠤᠯᠬᠤ ᠦᠭᠡᠶ᠃ ᠲᠠᠯᠠᠪᠠᠶ | ᠨᠢ ᠲᠤᠰ ᠡᠷᠦᠬᠡ ᠶᠢᠨ ᠦᠯᠡᠳᠡᠭᠡᠬᠦ ᠪᠣᠷᠳᠣᠭᠠᠨ ᠤ ᠭᠠᠵᠠᠷ ᠠᠴᠠ ᠪᠠᠭ᠎ᠠ ᠪᠠᠶᠢᠪᠠᠯ᠂ ᠭᠠᠴᠠᠭ᠎ᠠ ᠲᠣᠰᠬᠤᠨ ᠠᠴᠠ ᠡᠯ᠎ᠡ | ᠡᠷᠦᠬᠡ ᠶᠢ ᠵᠣᠬᠢᠴᠠᠭᠤᠯᠵᠤ ᠪᠠᠶᠢᠭᠠᠳ ᠭᠠᠵᠠᠷ ᠰᠢᠷᠣᠶ ᠪᠠᠨ ᠬᠠᠷᠢᠯᠴᠠᠨ ᠰᠣᠯᠢᠬᠤ ᠠᠷᠭ᠎ᠠ ᠮᠠᠶ᠋ᠢᠭ ᠢᠶᠠᠷ ᠲᠤᠰ | ᠭᠠᠴᠠᠭ᠎ᠠ ᠲᠣᠰᠬᠤᠨ ᠳᠤᠭᠤᠶᠢᠯᠠᠩ ᠤᠨ ᠢᠶᠠᠨ ᠪᠤᠰᠤᠳ ᠡᠷᠦᠬᠡ ᠶᠢᠨ ᠨᠢᠭᠡᠨᠲᠡ ᠬᠠᠭᠠᠯᠪᠤᠷᠢᠯᠠᠭᠰᠠᠨ ᠨᠤᠲᠤᠭ | ᠪᠡᠯᠴᠢᠭᠡᠷ ᠯᠦᠭᠡ ᠲᠣᠬᠢᠷᠠᠭᠤᠯᠵᠤ ᠪᠠᠶᠢᠭᠠᠳ ᠭᠦᠢᠴᠡᠳ ᠨᠥᠬᠦᠪᠥᠷᠢᠯᠡᠵᠦ ᠪᠣᠯᠤᠨ᠎ᠠ᠃ ᠲᠠᠯᠠᠪᠠᠶ ᠨᠢ ᠬᠥᠮᠦᠨ ᠪᠦᠷᠢ | ᠶᠢᠨ ᠳᠤᠮᠳᠠᠴᠢ ᠪᠠᠷᠢᠮᠵᠢᠶ᠎ᠠ ᠠᠴᠠ ᠶᠡᠭᠡ ᠪᠠᠶᠢᠪᠠᠯ᠂ ᠬᠡᠲᠦᠷᠡᠭᠰᠡᠨ ᠬᠡᠰᠡᠭ ᠢ ᠨᠢ ᠲᠠᠷᠢᠶᠠᠯᠠᠬᠤ ᠪᠠᠨ ᠪᠤᠯᠢᠬᠤ ᠶᠢᠨ | ᠬᠠᠮᠲᠤ ᠤᠷᠭᠤᠮᠠᠯ ᠤᠨ ᠪᠦᠷᠬᠦᠴᠡ ᠶᠢ ᠠᠶᠠᠨᠳᠠᠭᠠᠨ ᠰᠡᠷᠭᠦᠭᠡᠬᠦ ᠬᠡᠷᠡᠭᠲᠡᠶ᠂ ᠪᠣᠷᠣ ᠴᠠᠷᠭᠠᠰᠤ ᠪᠤᠶᠤ ᠣᠯᠠᠨ ᠨᠠᠰᠤᠲᠤ | ᠰᠢᠮᠡᠯᠢᠭ ᠡᠪᠡᠰᠦ ᠶᠢ ᠬᠤᠯᠢᠯᠳᠤᠭᠤᠯᠤᠨ ᠲᠠᠷᠢᠭᠰᠠᠨ ᠴᠤ ᠪᠣᠯᠤᠨ᠎ᠠ᠃ ᠬᠠᠮᠤᠭ ᠤᠨ ᠲᠦᠷᠦᠭᠦᠨ ᠳᠤ ᠭᠡᠷ | ᠪᠠᠶᠢᠰᠢᠩ ᠤᠨ ᠠᠷᠤ ᠥᠪᠥᠷ ᠲᠠᠬᠢ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠴᠡᠭᠴᠡᠯᠡᠨ᠎ᠡ᠂ ᠡᠨᠡᠬᠦ | ᠰᠠᠭᠤᠷᠢᠨ ᠳᠡᠭᠡᠷ᠎ᠡ ᠭᠠᠴᠠᠭ᠎ᠠ ᠲᠣᠰᠬᠤᠨ ᠳᠤᠭᠤᠶᠢᠯᠠᠩ ᠨᠢᠭᠡᠪᠦᠷᠢ ᠲᠥᠪᠯᠡᠷᠡᠨ ᠵᠠᠯᠭᠠᠯᠳᠤᠭᠰᠠᠨ ᠨᠢᠭᠡᠨᠲᠡ | ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠳ ᠢ ᠰᠣᠩᠭᠤᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ | ᠤᠨ ᠣᠷᠳᠣᠨ ᠠᠴᠠ ᠲᠤᠰ ᠭᠠᠴᠠᠭ᠎ᠠ ᠲᠣᠰᠬᠤᠨ ᠳᠤᠭᠤᠶᠢᠯᠠᠩ ᠤᠨ ᠦᠯᠡᠳᠡᠭᠡᠬᠦ ᠪᠠᠷ ᠪᠠᠶᠢᠭ᠎ᠠ ᠪᠣᠷᠳᠣᠭᠠᠨ ᠤ ᠭᠠᠵᠠᠷ | ᠤᠨ ᠲᠠᠯᠠᠪᠠᠶ ᠶᠢ ᠨᠢᠭᠡᠳᠦᠯᠲᠡᠶ ᠲᠥᠯᠥᠪᠵᠢᠭᠦᠯᠬᠦ ᠶᠢᠨ ᠬᠠᠮᠲᠤ ᠲᠡᠵᠢᠭᠡᠯ ᠪᠣᠷᠳᠣᠭᠠᠨ ᠤ ᠭᠠᠵᠠᠷ ᠢᠶᠠᠷ ᠲᠣᠭᠲᠠᠭᠠᠭᠰᠠᠨ | ᠤ ᠳᠠᠷᠠᠭ᠎ᠠ ᠰᠠᠶ᠋ᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠵᠠᠭᠠᠭ ᠬᠢᠴᠡ ᠶᠢᠨ | ᠵᠢᠭᠤᠷᠠᠯᠳᠤᠭᠠᠨ ᠲᠠᠢ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠪᠣᠷᠳᠣᠭᠠᠨ ᠤ ᠭᠠᠵᠠᠷ ᠢᠶᠠᠷ ᠦᠯᠡᠳᠡᠭᠡᠵᠦ | ᠪᠣᠯᠬᠤ ᠥᠭᠡᠢ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ ᠴᠥᠮ | ᠬᠠᠭᠠᠯᠪᠤᠷᠢᠯᠠᠬᠤ ᠶᠢ ᠵᠣᠭᠰᠣᠭᠠᠵᠤ ᠤᠷᠭᠤᠮᠠᠯ ᠤᠨ ᠪᠦᠷᠬᠦᠴᠡ ᠶᠢ ᠰᠡᠷᠭᠦᠭᠡᠨ᠎ᠡ᠃ ᠦᠯᠡᠳᠡᠭᠡᠭᠰᠡᠨ ᠲᠡᠵᠢᠭᠡᠯ | ᠪᠣᠷᠳᠣᠭᠠᠨ ᠤ ᠭᠠᠵᠠᠷ ᠤᠨ ᠡᠯᠡᠰᠦᠷᠬᠡᠭᠵᠢᠬᠦ᠂ ᠬᠥᠷᠥᠰᠥ ᠰᠢᠷᠣᠶ ᠶᠢᠨ ᠢᠳᠡᠭᠳᠡᠯ ᠥᠬᠡᠶ ᠪᠠᠶᠢᠬᠤ ᠶᠢ ᠪᠠᠲᠤᠯᠠᠬᠤ ᠶᠢᠨ | ᠲᠥᠯᠥᠭᠡ᠂ ᠲᠣᠰ ᠤᠳᠠᠭᠠᠨ ᠤ ᠴᠡᠭᠴᠡᠯᠡᠬᠦ ᠠᠵᠢᠯᠯᠠᠭᠠᠨ ᠢᠶᠠᠷ ᠦᠯᠡᠳᠡᠭᠡᠭᠰᠡᠨ ᠲᠡᠵᠢᠭᠡᠯ ᠪᠣᠷᠳᠣᠭᠠᠨ ᠤ ᠭᠠᠵᠠᠷ ᠲᠤ | ᠴᠥᠮ ᠤᠰᠤ᠂ ᠴᠠᠬᠢᠯᠭᠠᠨ ᠵᠡᠷᠭᠡ ᠢᠵᠢ ᠪᠥᠷᠢᠳᠦᠭᠰᠡᠨ ᠲᠥᠬᠦᠭᠡᠷᠦᠮᠵᠢ ᠪᠦᠷᠢᠳᠦᠭᠦᠯᠬᠦ ᠬᠡᠷᠡᠭᠲᠡᠶ᠃ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠤᠬᠠᠭᠤᠯᠤᠨ ᠳᠠᠶᠢᠴᠢᠯᠠᠬᠤ ︵2020 ᠣᠨ ᠤ 11 ᠰᠠᠷ᠎ᠠ ᠶᠢᠨ 10 ᠤ ᠡᠳᠦᠷ— 2021 | ᠣᠨ ᠤ 2 ᠰᠠᠷ᠎ᠠ ᠶᠢᠨ 1 ᠤ ᠡᠳᠦᠷ︶᠃ ᠡᠯ᠎ᠡ ᠰᠤᠮᠤ ᠰᠢᠶᠠᠩ ᠪᠠᠯᠭᠠᠰᠤ ᠪᠣᠯᠣᠨ ᠡᠯ᠎ᠡ ᠭᠠᠴᠠᠭ᠎ᠠ ᠲᠣᠰᠬᠤᠨ | ᠬᠤᠷᠠᠯ ᠬᠤᠷᠠᠯᠳᠤᠭᠤᠯᠬᠤ᠂ ᠤᠬᠠᠭᠤᠯᠬᠤ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠲᠣᠰ ᠤᠳᠠᠭᠠᠨ ᠤ | ᠴᠡᠭᠴᠡᠯᠡᠬᠦ ᠠᠵᠢᠯᠯᠠᠭ᠎ᠠ ᠶᠢᠨ ᠭᠤᠤᠯ ᠠᠭᠤᠯᠭ᠎ᠠ ᠶᠢ ᠤᠬᠠᠭᠤᠯᠵᠤ᠂ ᠳᠠᠶᠢᠴᠢᠯᠠᠨ ᠪᠠᠶᠢᠷᠢᠯᠠᠭᠤᠯᠬᠤ ᠠᠵᠢᠯ ᠢ ᠰᠠᠶᠢᠲᠤᠷ | ᠬᠢᠬᠦ ᠬᠡᠷᠡᠭᠲᠡᠶ᠃ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠬᠡᠷᠡᠭ ᠢᠶᠠᠷ ᠬᠠᠤᠯᠢ ᠶᠢ | ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠬᠦᠷᠭᠡᠵᠦ᠂ ᠥᠷᠭᠡᠨ | ᠣᠯᠠᠨ ᠲᠦᠮᠡᠨ ᠳᠤ ᠬᠠᠤᠯᠢ ᠶᠢ ᠮᠡᠳᠡᠭᠦᠯᠬᠦ᠂ ᠬᠠᠤᠯᠢ ᠶᠢ ᠣᠶᠢᠯᠠᠭᠠᠭᠤᠯᠵᠤ᠂ ᠲᠡᠳᠡᠨ ᠤ ᠬᠠᠤᠯᠢ ᠰᠠᠬᠢᠬᠤ | ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠤᠳ ᠲᠤᠰ ᠤᠳᠠᠭᠠᠨ ᠤ ᠠᠵᠢᠯᠯᠠᠭ᠎ᠠ ᠳᠤ | ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠳᠤ ᠴᠢᠩᠭ᠎ᠠ | ᠴᠣᠬᠢᠯᠲᠠ ᠥᠭᠬᠦ ᠶᠠᠷᠢᠶ᠎ᠠ ᠬᠡᠯᠡᠯᠴᠡᠭᠡᠨ ᠤ ᠰᠦᠷ ᠬᠦᠴᠦᠨ ᠪᠣᠯᠤᠨ ᠪᠦᠬᠦ ᠨᠡᠶᠢᠭᠡᠮ ᠢᠶᠠᠷ ᠢᠶᠠᠨ ᠥᠷᠭᠡᠨ ᠢᠶᠠᠷ | ᠣᠷᠣᠯᠴᠠᠨ ᠳᠡᠮᠵᠢᠬᠦ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ ︵ᠬᠤᠶᠠᠷ︶ | ᠪᠠᠶᠢᠴᠠᠭᠠᠵᠤ ᠪᠠᠶᠢᠳᠠᠯ ᠢ ᠣᠶᠢᠯᠠᠭᠠᠬᠤ ︵2020 ᠣᠨ ᠤ 12 ᠰᠠᠷ᠎ᠠ ᠶᠢᠨ 1 ᠤ ᠡᠳᠦᠷ— 2021 ᠣᠨ ᠤ | 2 ᠰᠠᠷ᠎ᠠ ᠶᠢᠨ 1 ᠤ ᠡᠳᠦᠷ︶᠃ ᠡᠯ᠎ᠡ ᠰᠤᠮᠤ ᠰᠢᠶᠠᠩ ᠪᠠᠯᠭᠠᠰᠤ ᠪᠣᠯᠣᠨ ᠡᠯ᠎ᠡ ᠭᠠᠴᠠᠭ᠎ᠠ ᠲᠣᠰᠬᠤᠨ ᠭᠠᠵᠠᠷ | ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠠᠵᠢᠯ ᠤᠨ ᠦᠷ᠎ᠡ ᠪᠦᠲᠦᠭᠡᠯ ᠲᠠᠢ ᠪᠠᠨ ᠤᠶᠠᠯᠳᠤᠭᠤᠯᠤᠨ᠂ | ᠬᠠᠷᠢᠶ᠎ᠠ ᠣᠷᠣᠨ ᠤ ᠪᠠᠨ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ︵ᠲᠠᠷᠢᠶᠠᠨ ᠭᠠᠵᠠᠷ ᠪᠤᠶᠤ ᠬᠠᠳᠤᠯᠠᠩ | ᠪᠡᠯᠴᠢᠭᠡᠷ︶᠂ ᠲᠠᠯᠠᠪᠠᠶ᠂ ᠡᠷᠬᠡ ᠶᠢᠨ ᠬᠠᠷᠢᠶ᠎ᠠ ᠵᠢᠴᠢ ᠬᠠᠭᠠᠯᠪᠤᠷᠢᠯᠠᠭᠰᠠᠨ ᠴᠠᠭ ᠬᠤᠭᠤᠴᠠᠭ᠎ᠠ᠂ ᠬᠠᠭᠠᠯᠪᠤᠷᠢᠯᠠᠭᠰᠠᠨ | ᠬᠥᠮᠥᠨ ᠵᠢᠴᠢ ᠤᠯᠤᠰ ᠠᠴᠠ ᠠᠲᠠᠷ ᠬᠠᠭᠠᠯᠪᠤᠷᠢᠯᠠᠭᠰᠠᠨ ᠠᠴᠠ ᠪᠤᠶ ᠪᠣᠯᠤᠭᠰᠠᠨ ᠲᠠᠷᠢᠶᠠᠨ ᠭᠠᠵᠠᠷ ᠲᠤ ᠡᠷᠬᠡ ᠶᠢ | ᠨᠤᠲᠠᠯᠠᠨ ᠦᠨᠡᠮᠯᠡᠯ ᠣᠯᠭᠤᠭᠰᠠᠨ ᠡᠰᠡᠬᠦ ᠶᠢ ᠪᠠᠶᠢᠴᠠᠭᠠᠨ ᠲᠣᠳᠣᠯᠠᠵᠤ᠂ ᠣᠯᠠᠨ ᠲᠦᠮᠡᠨ ᠤ ᠲᠤᠰ ᠤᠳᠠᠭᠠᠨ ᠤ | ᠴᠡᠭᠴᠡᠯᠡᠬᠦ ᠠᠵᠢᠯᠯᠠᠭᠠᠨ ᠤ ᠲᠤᠬᠠᠢ ᠲᠤᠰᠬᠠᠯ ᠪᠣᠯᠤᠨ ᠣᠪᠣᠷ ᠢ ᠴᠤᠭᠯᠠᠭᠤᠯᠤᠨ ᠦᠨᠡᠯᠡᠨ ᠵᠢᠱᠢᠬᠦ ᠬᠡᠷᠡᠭᠲᠡᠶ᠃ | ︵ᠭᠤᠷᠪᠠ︶ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ︵2021 ᠣᠨ ᠤ 2 ᠰᠠᠷ᠎ᠠ ᠶᠢᠨ 1 ᠤ ᠡᠳᠦᠷ— | 2021 ᠣᠨ ᠤ 3 ᠰᠠᠷ᠎ᠠ ᠶᠢᠨ 1 ᠤ ᠡᠳᠦᠷ︶᠃ ᠭᠦᠶᠴᠡᠳ ᠪᠠᠶᠢᠴᠠᠭᠠᠨ ᠣᠶᠢᠯᠠᠭᠠᠭᠰᠠᠨ ᠰᠠᠭᠤᠷᠢᠨ ᠳᠡᠭᠡᠷ᠎ᠡ᠂ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠰᠢᠭᠤᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠭᠠᠴᠠᠭ᠎ᠠ ᠲᠣᠰᠬᠤᠨ ᠤ | ᠦᠯᠡᠳᠡᠭᠡᠬᠦ ᠪᠣᠷᠳᠣᠭᠠᠨ ᠤ ᠭᠠᠵᠠᠷ ᠤᠨ ᠪᠣᠳᠠᠲᠠᠶ ᠲᠥᠰᠦᠯ ᠢ ᠳᠤᠷᠠᠳᠴᠤ᠂ ᠬᠤᠰᠢᠭᠤᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃ ︵ᠳᠥᠷᠪᠡ︶ ᠭᠡᠷ᠎ᠡ ᠲᠣᠭᠲᠠᠵᠤ ᠪᠦᠷᠢᠳᠬᠡᠨ | ᠳᠠᠩᠰᠠᠯᠠᠭᠤᠯᠬᠤ ︵2021 ᠣᠨ ᠤ 2 ᠰᠠᠷ᠎ᠠ ᠶᠢᠨ 15 ᠤ ᠡᠳᠦᠷ —2021 ᠣᠨ ᠤ 3 ᠰᠠᠷ᠎ᠠ ᠶᠢᠨ 20 ᠤ | ᠡᠳᠦᠷ︶᠃ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠤᠰᠢᠭᠤᠨ ᠠᠷᠠᠳ ᠤᠨ | ᠵᠠᠰᠠᠭ ᠤᠨ ᠣᠷᠳᠣᠨ ᠤ ᠵᠥᠪᠰᠢᠶᠡᠷᠡᠭᠰᠡᠨ ᠪᠣᠷᠳᠣᠭᠠᠨ ᠤ ᠭᠠᠵᠠᠷ ᠢ ᠦᠯᠡᠳᠡᠭᠡᠬᠦ ᠲᠤᠬᠠᠢ ᠲᠥᠰᠦᠯ ᠶᠣᠰᠣᠭᠠᠷ᠂ ᠡᠯ᠎ᠡ | ᠭᠠᠴᠠᠭ᠎ᠠ ᠲᠣᠰᠬᠤᠨ ᠢ ᠰᠢᠪᠠᠳᠠᠨ ᠵᠢᠯᠣᠭᠤᠳᠴᠤ ᠪᠣᠷᠳᠣᠭᠠᠨ ᠤ ᠭᠠᠵᠠᠷ ᠢ ᠦᠯᠡᠳᠡᠭᠡᠬᠦ ᠠᠵᠢᠯ ᠢ ᠰᠠᠶᠢᠲᠤᠷ ᠬᠢᠬᠦ | ᠬᠡᠷᠡᠭᠲᠡᠶ᠃ ᠡᠯ᠎ᠡ ᠭᠠᠴᠠᠭ᠎ᠠ ᠲᠣᠰᠬᠤᠨ ᠨᠢ ᠪᠠᠶᠢᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠲᠥᠪᠯᠡᠷᠡᠨ ᠵᠠᠯᠭᠠᠯᠳᠤᠭᠰᠠᠨ ᠪᠣᠷᠳᠣᠭᠠᠨ ᠤ ᠭᠠᠵᠠᠷ ᠬᠠᠩᠭᠠᠭᠰᠠᠨ | ᠲᠠᠷᠢᠶᠠᠯᠠᠬᠤ ᠮᠠᠯᠵᠢᠬᠤ ᠡᠷᠦᠬᠡ ᠯᠦᠭᠡ ᠭᠠᠵᠠᠷ ᠰᠢᠷᠣᠶ ᠪᠠᠨ ᠬᠠᠷᠢᠯᠴᠠᠨ ᠰᠣᠯᠢᠬᠤ ᠵᠥᠪᠳᠡᠯᠴᠡᠬᠡᠷ ᠲᠣᠭᠲᠠᠵᠤ᠂ | ᠪᠣᠷᠳᠣᠭᠠᠨ ᠤ ᠭᠠᠵᠠᠷ ᠤᠨ ᠡᠬᠡ ᠳᠠᠩᠰᠠ ᠪᠠᠶᠢᠭᠤᠯᠬᠤ ᠶᠢᠨ ᠬᠠᠮᠲᠤ᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠪᠣᠯᠤᠨ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ | ᠳᠠᠩᠰᠠᠯᠠᠭᠤᠯᠬᠤ ᠬᠡᠷᠡᠭᠲᠡᠶ᠃ ︵ᠲᠠᠪᠤ︶ ᠤᠷᠭᠤᠮᠠᠯ ᠤᠨ ᠪᠦᠷᠬᠦᠴᠡ ᠶᠢ ᠰᠡᠷᠭᠦᠭᠡᠬᠦ ︵2021 ᠣᠨ ᠤ 3 | ᠰᠠᠷ᠎ᠠ ᠶᠢᠨ 21 ᠤ ᠡᠳᠦᠷ— 2021 ᠣᠨ ᠤ 8 ᠰᠠᠷ᠎ᠠ ᠶᠢᠨ 1 ᠤ ᠡᠳᠦᠷ︶᠃ ᠬᠡᠨ ᠬᠠᠭᠠᠯᠪᠤᠷᠢᠯᠠᠪᠠᠯ᠂ ᠬᠡᠨ | ᠵᠠᠰᠠᠬᠤ᠂ ᠬᠡᠨ ᠡᠵᠡᠩᠨᠡᠪᠡᠯ᠂ ᠬᠡᠨ ᠵᠠᠰᠠᠬᠤ ᠵᠠᠷᠴᠢᠮ ᠶᠣᠰᠣᠭᠠᠷ᠂ ᠲᠠᠷᠢᠶᠠᠯᠠᠬᠤ ᠪᠠᠨ ᠪᠣᠯᠢᠬᠤ ᠪᠠᠷ ᠨᠡᠶᠢᠲᠡᠯᠡᠭᠰᠡᠨ | ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠢ ᠬᠤᠰᠢᠭᠤᠨ ᠠᠷᠠᠳ ᠤᠨ ᠵᠠᠰᠠᠭ ᠤᠨ ᠣᠷᠳᠣᠨ ᠠᠴᠠ ᠡᠯ᠎ᠡ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠢ ᠬᠢᠨᠠᠨ ᠵᠢᠯᠣᠭᠤᠳᠴᠤ ᠪᠠᠶᠢᠭᠠᠳ | ᠲᠠᠷᠢᠶᠠᠯᠠᠬᠤ ᠪᠠᠨ ᠪᠣᠯᠢᠭᠰᠠᠨ ᠲᠠᠷᠢᠶᠠᠨ ᠭᠠᠵᠠᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠬᠦ ᠲᠥᠰᠦᠯ ᠢ | ᠲᠣᠭᠲᠠᠭᠠᠵᠤ᠂ ᠲᠠᠷᠢᠶᠠᠯᠠᠬᠤ ᠪᠠᠨ ᠪᠣᠯᠢᠭᠰᠠᠨ ᠬᠡᠯᠡᠯᠴᠡᠭᠡᠷ ᠲᠣᠭᠲᠠᠵᠤ᠂ ᠰᠡᠷᠭᠦᠭᠡᠬᠦ ᠭᠤᠤᠯ ᠴᠣᠭᠴᠠ ᠶᠢ | ᠲᠣᠳᠣᠷᠬᠠᠶᠢᠯᠠᠵᠤ᠂ ᠴᠠᠭ ᠲᠤᠬᠠᠶ ᠳᠤᠨᠢ ᠤᠷᠭᠤᠮᠠᠯ ᠤᠨ ᠪᠦᠷᠬᠦᠴᠡ ᠶᠢ ᠰᠡᠷᠭᠦᠭᠡᠨ᠎ᠡ᠃ ᠲᠤᠬᠠᠶ ᠶᠢᠨ ᠭᠠᠵᠠᠷ ᠣᠷᠣᠨ | ᠤ ᠪᠠᠶᠢᠳᠠᠯ ᠳᠤᠨᠢ ᠲᠣᠬᠢᠷᠠᠭᠤᠯᠬᠤ᠂ ᠨᠢᠭᠡᠳᠦᠯᠲᠡᠶ ᠲᠥᠯᠥᠪᠯᠡᠨ ᠵᠠᠰᠠᠬᠤ ᠶᠢ ᠪᠠᠷᠢᠮᠲᠠᠯᠠᠵᠤ᠂ ᠤᠰᠤᠨ ᠰᠤᠷᠪᠤᠯᠵᠢ ᠶᠢᠨ | ᠨᠥᠬᠦᠴᠡᠯ ᠢ ᠪᠦᠷᠢᠯᠳᠦᠭᠦᠯᠦᠭᠰᠡᠨ ᠭᠠᠵᠠᠷ ᠲᠤ ᠣᠯᠠᠨ ᠨᠠᠰᠤᠲᠤ ᠰᠢᠮᠡᠯᠢᠭ ᠡᠪᠡᠰᠦ ᠶᠢ ᠠᠰ ᠲᠤᠨᠢ ᠳᠠᠷᠢᠬᠤ ᠪᠤᠶᠤ | ᠬᠤᠯᠢᠯᠳᠤᠭᠤᠯᠤᠨ ᠳᠠᠷᠢᠵᠤ ᠪᠣᠯᠤᠨ᠎ᠠ᠂ ᠪᠠᠰᠠ ᠬᠠᠮᠠᠭᠠᠯᠠᠯᠲᠠ ᠶᠢᠨ ᠴᠢᠨᠠᠷᠲᠠᠢ ᠬᠤᠯᠢᠯᠳᠤᠭᠤᠯᠤᠨ ᠳᠠᠷᠢᠬᠤ ᠠᠷᠭ᠎ᠠ | ᠪᠠᠷ ᠤᠷᠭᠤᠮᠠᠯ ᠤᠨ ᠪᠦᠷᠬᠦᠴᠡ ᠶᠢ ᠰᠡᠷᠭᠦᠭᠡᠵᠦ ᠪᠣᠯᠤᠨ᠎ᠠ᠃ ᠪᠤᠰᠤᠳ ᠲᠠᠷᠢᠶᠠᠯᠠᠬᠤ ᠪᠠᠨ ᠪᠤᠯᠢᠭᠰᠠᠨ ᠨᠤᠲᠤᠭ | ᠪᠡᠯᠴᠢᠭᠡᠷ ᠲᠤ᠂ ᠪᠦᠬᠦᠨ ᠢ ᠠᠶᠠᠨᠳᠠᠭᠠᠨ ᠰᠡᠷᠭᠦᠭᠡᠬᠦ ᠠᠷᠭ᠎ᠠ ᠪᠠᠷ ᠤᠷᠭᠤᠮᠠᠯ ᠤᠨ ᠪᠦᠷᠬᠦᠴᠡ ᠶᠢ ᠰᠡᠷᠭᠦᠭᠡᠨ᠎ᠡ᠃ | ᠬᠠᠮᠠᠭᠠᠯᠠᠯᠲᠠ ᠶᠢᠨ ᠴᠢᠨᠠᠷᠲᠠᠢ ᠬᠤᠯᠢᠯᠳᠤᠭᠤᠯᠤᠨ ᠲᠠᠷᠢᠬᠤ ᠠᠷᠭ᠎ᠠ ᠮᠠᠶ᠋ᠢᠭ ᠢᠶᠠᠷ ᠤᠷᠭᠤᠮᠠᠯ ᠤᠨ ᠪᠦᠷᠬᠦᠴᠡ ᠶᠢ | ᠰᠡᠷᠭᠦᠭᠡᠬᠦ ᠭᠠᠵᠠᠷ ᠲᠤ᠂ ᠣᠯᠠᠨ ᠨᠠᠰᠤᠲᠤ ᠰᠢᠮᠡᠯᠢᠭ ᠡᠪᠡᠰᠦᠨ ᠤ ᠦᠷ᠎ᠡ ᠶᠢ ᠮᠦ ᠪᠦᠷᠢ ᠳᠤ 1.5 ᠺᠢᠯᠣᠭ᠍ᠷᠠᠮ ᠠᠴᠠ | ᠳᠣᠣᠷ᠎ᠠ ᠪᠠᠶᠢᠯᠭᠠᠵᠤ ᠪᠣᠯᠬᠤ ᠦᠭᠡᠶ᠂ ᠨᠢᠭᠡ ᠨᠠᠰᠤᠲᠤ ᠰᠢᠮᠡᠯᠢᠭ ᠡᠪᠡᠰᠦᠨ ᠤ ᠦᠷ᠎ᠡ ᠶᠢ ᠮᠦ ᠪᠦᠷᠢ ᠳᠤ 3 | ᠺᠢᠯᠦᠭᠷᠡᠮ ᠠᠴᠠ ᠥᠨᠳᠥᠷ ᠪᠠᠶᠢᠯᠭᠠᠵᠤ ᠪᠣᠯᠬᠤ ᠦᠭᠡᠶ᠃ ︵ᠵᠢᠷᠭᠤᠭ᠎ᠠ︶ ᠰᠢᠪᠠᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ︵2021 ᠣᠨ ᠤ 2 ᠳ᠋ᠤᠭᠠᠷ ᠰᠠᠷ᠎ᠠ ᠶᠢᠨ 15 ᠤ ᠡᠳᠦᠷ— 2021 ᠣᠨ ᠤ 8 ᠳ᠋ᠤᠭᠠᠷ | ᠰᠠᠷ᠎ᠠ ᠶᠢᠨ 10 ᠤ ᠡᠳᠦᠷ︶᠃ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ | ᠲᠦᠷᠦᠭᠦᠯᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠨᠢᠭᠲᠠ | ᠬᠠᠮᠵᠢᠯᠴᠠᠵᠤ᠂ ᠲᠠᠷᠢᠶᠠᠯᠠᠬᠤ ᠪᠠᠨ ᠪᠤᠯᠢᠬᠤ ᠪᠠ ᠤᠷᠭᠤᠮᠠᠯ ᠤᠨ ᠪᠦᠷᠬᠦᠴᠡ ᠶᠢ ᠰᠡᠷᠭᠦᠭᠡᠬᠦ ᠶᠢ ᠲᠡᠪᠴᠢᠬᠦ᠂ | ᠲᠠᠷᠢᠶᠠᠯᠠᠬᠤ ᠪᠠᠨ ᠪᠣᠯᠢᠭᠰᠠᠨ ᠪᠠᠶᠢᠳᠠᠯ᠎ᠠ ᠪᠠᠨ ᠳᠠᠬᠢᠨ ᠬᠠᠭᠠᠯᠪᠤᠷᠢᠯᠠᠬᠤ᠂ ᠳᠥᠷᠢᠮ ᠲᠣᠭᠲᠠᠭᠠᠯ ᠠᠴᠠ ᠵᠦᠷᠢᠴᠡᠨ | ᠠᠲᠠᠷ ᠬᠠᠭᠠᠯᠪᠤᠷᠢᠯᠠᠭᠰᠠᠳ ᠢ ᠬᠠᠤᠯᠢ ᠶᠣᠰᠣᠭᠠᠷ ᠬᠦᠨᠳᠦ ᠪᠠᠷ ᠰᠢᠶᠳᠬᠡᠨ᠎ᠡ᠃ ᠠᠲᠠᠷ ᠬᠠᠭᠠᠯᠪᠤᠷᠢᠯᠠᠬᠤ ᠳᠤ | ᠣᠷᠣᠯᠴᠠᠭᠰᠠᠨ᠂ ᠲᠤᠰᠢᠶᠠᠯ ᠢᠶᠠᠨ ᠭᠤᠲᠤᠭᠠᠵᠤ ᠬᠠᠷᠢᠭᠤᠴᠠᠯᠭ᠎ᠠ ᠪᠠᠨ ᠠᠯᠳᠠᠭᠰᠠᠨ᠂ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠥᠮᠥᠭᠯᠡᠭᠰᠡᠨ ᠠᠯᠪᠠᠨ ᠲᠤᠰᠢᠶᠠᠯᠲᠠᠨ ᠠᠴᠠ ᠬᠠᠤᠯᠢ ᠰᠠᠬᠢᠯᠭ᠎ᠠ ᠶᠢᠨ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ︵ᠳᠣᠯᠤᠭ᠎ᠠ︶ ᠳ᠋ᠦᠩᠨᠡᠯᠲᠡ ᠬᠢᠵᠦ ᠰᠢᠯᠭᠠᠨ ᠬᠤᠷᠢᠶᠠᠬᠤ ︵ | 2021 ᠣᠨ ᠤ 7 ᠰᠠᠷ᠎ᠠ ᠶᠢᠨ 1 ᠤ ᠡᠳᠦᠷ— 2021 ᠣᠨ ᠤ 10 ᠰᠠᠷ᠎ᠠ ᠶᠢᠨ 30 ᠤ ᠡᠳᠦᠷ︶᠃ ᠡᠯ᠎ᠡ | ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠣᠰ ᠤᠳᠠᠭᠠᠨ ᠤ ᠲᠤᠰᠬᠠᠶ ᠠᠵᠢᠯᠯᠠᠭ᠎ᠠ ᠶᠢ | ᠨᠠᠷᠢᠨ ᠬᠢᠨᠠᠮᠠᠭᠠᠶ ᠳ᠋ᠦᠩᠨᠡᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠲᠤᠰᠬᠠᠶ ᠴᠡᠭᠴᠡᠯᠡᠬᠦ | ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢᠶᠠᠨ ᠮᠡᠳᠡᠭᠦᠯᠦᠯᠲᠡ ᠪᠣᠯᠭᠠᠵᠤ᠂ ᠬᠤᠰᠢᠭᠤᠨ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠬᠦ ᠶᠢᠨ ᠬᠠᠮᠲᠤ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠡᠯ᠎ᠡ | ᠭᠠᠴᠠᠭ᠎ᠠ ᠲᠣᠰᠬᠤᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠦᠷ᠎ᠡ ᠳ᠋ᠦᠩ ᠢ ᠪᠠᠶᠢᠴᠠᠭᠠᠨ | ᠰᠢᠯᠭᠠᠵᠤ᠂ ᠰᠢᠯᠭᠠᠨ ᠬᠤᠷᠢᠶᠠᠭᠰᠠᠨ ᠦᠷ᠎ᠡ ᠳ᠋ᠦᠩ ᠢᠶᠠᠨ ᠬᠤᠰᠢᠭᠤᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠬᠢᠨᠠᠨ ᠲᠣᠭᠲᠠᠭᠠᠭᠰᠠᠨ ᠤ ᠳᠠᠷᠠᠭ᠎ᠠ ᠵᠠᠷᠯᠠᠵᠤ ᠮᠡᠳᠡᠭᠳᠡᠨ᠎ᠡ᠃ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠳᠦᠰᠦᠯᠡᠨ᠂ ᠲᠤᠷᠰᠢᠯᠭ᠎ᠠ ᠪᠠᠨ ᠬᠢᠨᠠᠮᠠᠭᠠᠶ ᠳ᠋ᠦᠩᠨᠡᠵᠦ᠂ ᠨᠤᠲᠤᠭ | ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠬᠤ ᠦᠢᠯᠡ ᠠᠵᠢᠯᠯᠠᠭ᠎ᠠ ᠶᠢ ᠲᠦᠷᠭᠡᠨ ᠣᠯᠵᠤ ᠮᠡᠳᠡᠬᠦ᠂ ᠬᠤᠷᠢᠭᠯᠠᠨ | ᠵᠣᠭᠰᠣᠭᠠᠬᠤ᠂ ᠪᠠᠶᠢᠴᠠᠭᠠᠨ ᠰᠢᠶᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ | ᠬᠡᠷᠡᠭᠲᠡᠶ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠤᠳᠤᠷᠢᠳᠬᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ ᠬᠤᠰᠢᠭᠤᠨ ᠠᠷᠠᠳ ᠤᠨ ᠵᠠᠰᠠᠭ | ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠤᠰᠢᠭᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠵᠤ᠂ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ | ᠰᠤᠷᠪᠤᠯᠵᠢᠯᠠᠯ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠢᠶᠠᠷ | ᠪᠦᠷᠢᠯᠳᠦᠬᠦᠨ ᠪᠣᠯᠭᠠᠭᠰᠠᠨ ᠪᠥᠬᠦ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ | ᠶᠢᠨ ᠡᠮᠬᠢ ᠳᠢᠭᠯᠢᠮ ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭᠠᠨ ᠤ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠴᠡᠭᠴᠡᠯᠡᠬᠦ ᠠᠵᠢᠯ ᠤᠨ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠭᠰᠠᠨ ᠤ ᠬᠤᠪᠢ ᠳᠤ᠂ ᠪᠠᠰᠠ ᠬᠠᠷᠠᠭᠠᠯᠵᠠᠭᠰᠠᠨ ᠲᠤᠰᠬᠠᠶ ᠠᠩᠭᠢ | ᠪᠠᠶᠢᠭᠤᠯᠵᠤ᠂ ᠲᠣᠰ ᠠᠵᠢᠯ ᠢ ᠲᠤᠰᠬᠠᠶ ᠬᠠᠷᠢᠭᠤᠴᠠᠨ᠎ᠠ᠃ ︵ᠬᠤᠶᠠᠷ︶ ᠠᠵᠢᠯ ᠤᠨ ᠬᠠᠷᠢᠭᠤᠴᠠᠯᠭ᠎ᠠ ᠶᠢᠨ | ᠬᠤᠪᠢᠶᠠᠷᠢᠯᠠᠯ ᠢ ᠲᠣᠳᠣᠷᠬᠠᠶᠢᠯᠠᠨ᠎ᠠ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ | ᠴᠡᠭᠴᠡᠯᠡᠬᠦ ᠲᠤᠰᠬᠠᠶ ᠠᠵᠢᠯᠯᠠᠭᠠᠨ ᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠣᠭᠰᠠᠨ ᠬᠤᠪᠢ ᠳᠤ᠂ ᠴᠢᠩᠭ᠎ᠠ | ᠰᠡᠷᠭᠡᠶᠢᠯᠡᠨ ᠴᠢᠩᠭ᠎ᠠ ᠰᠠᠬᠢᠵᠤ᠂ ᠠᠲᠠᠷ ᠬᠠᠭᠠᠯᠪᠤᠷᠢᠯᠠᠭᠰᠠᠨ ᠪᠠᠶᠢᠳᠠᠯ ᠢ ᠣᠯᠵᠤ ᠮᠡᠳᠡᠪᠡᠯ᠂ ᠭᠡᠷᠡᠴᠢ ᠪᠠᠷᠢᠮᠲᠠ ᠶᠢ | ᠴᠠᠭ ᠲᠤᠬᠠᠶ ᠳᠤᠨᠢ ᠲᠣᠭᠲᠠᠪᠤᠷᠢᠵᠢᠭᠤᠯᠵᠤ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠶᠠᠯ᠎ᠠ ᠪᠣᠯᠵᠤ ᠪᠦᠷᠢᠯᠳᠤᠭᠰᠠᠨ ᠪᠠᠶᠢᠪᠠᠯ ᠳᠣᠲᠣᠭᠠᠳᠤ | ᠶᠢ ᠬᠠᠮᠠᠭᠠᠯᠠᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠶ᠃ ᠬᠡᠷᠡᠭ ᠢ | ᠪᠠᠶᠢᠴᠠᠭᠠᠨ ᠰᠢᠶᠳᠪᠦᠷᠢᠯᠡᠬᠦ ᠠᠵᠢᠯ ᠢ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠵᠢᠯᠣᠭᠤᠳᠴᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ | ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠠᠴᠠ ᠨᠢᠭᠲᠠ ᠬᠠᠮᠵᠢᠯᠴᠠᠵᠤ᠂ ᠬᠠᠤᠯᠢ ᠬᠡᠷᠡᠭᠵᠢᠭᠦᠯᠬᠦ ᠬᠦᠴᠦᠨ ᠢ | ᠡᠮᠬᠢᠯᠡᠨ ᠨᠡᠶᠢᠯᠡᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠶᠳᠪᠦᠷᠢᠯᠡᠵᠦ᠂ ᠴᠢᠩᠭ᠎ᠠ ᠪᠥᠭᠡᠳ | ᠲᠦᠷᠭᠡᠨ᠂ ᠶᠠᠭᠠᠬᠢᠭᠰᠠᠨ ᠴᠤ ᠢᠯᠳᠠᠷ ᠬᠠᠶᠠᠬᠤ ᠪᠣᠯᠬᠤ ᠥᠬᠡᠶ᠃ ᠡᠷᠡᠭᠦᠦ ᠶᠢᠨ ᠶᠠᠯ᠎ᠠ ᠪᠤᠯᠵᠦ ᠪᠦᠷᠢᠯᠳᠦᠭᠰᠡᠨ | ᠪᠠᠶᠢᠪᠠᠯ᠂ ᠬᠤᠯᠪᠣᠭᠳᠠᠯ ᠪᠦᠬᠦᠢ ᠬᠠᠤᠯᠢ ᠳᠥᠷᠢᠮ ᠶᠣᠰᠣᠭᠠᠷ ᠴᠠᠭ ᠲᠤᠬᠠᠢ ᠳᠤᠨᠢ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠤᠯᠢ ᠴᠠᠭᠠᠵᠠ ᠶᠢᠨ | ᠲᠣᠪᠴᠢᠶ᠎ᠠ ᠲᠦᠷᠦᠭᠦᠯᠡᠨ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠣᠷᠣᠯᠴᠠᠵᠤ᠂ ᠵᠠᠬᠢᠳᠠᠯ ᠰᠤᠷᠪᠤᠯᠵᠢᠯᠠᠯ ᠤᠨ ᠵᠢᠭᠤᠷᠠᠯᠳᠤᠭᠠᠨ ᠢ ᠵᠣᠬᠢᠴᠠᠭᠤᠯᠤᠨ ᠰᠢᠶᠳᠪᠦᠷᠢᠯᠡᠬᠦ | ᠪᠠᠶᠢᠭᠤᠯᠤᠮᠵᠢ ᠪᠠᠶᠢᠭᠤᠯᠵᠤ᠂ ᠲᠣᠰ ᠤᠳᠠᠭᠠᠨ ᠤ ᠵᠢᠷᠤᠮᠵᠢᠭᠤᠯᠤᠨ ᠴᠡᠭᠴᠡᠯᠡᠬᠦ ᠠᠵᠢᠯᠯᠠᠭ᠎ᠠ ᠳᠤ ᠢᠯᠡᠷᠡᠭᠰᠡᠨ ᠭᠡᠷ᠎ᠡ | ᠶᠢᠨ ᠵᠢᠭᠤᠷᠠᠯᠳᠤᠭᠠᠨ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠳᠤ ᠬᠠᠤᠯᠢ ᠶᠣᠰᠣᠭᠠᠷ ᠬᠠᠤᠯᠢ ᠴᠠᠭᠠᠵᠠ ᠶᠢᠨ | ᠯᠠᠪᠯᠠᠭ᠎ᠠ ᠪᠠ ᠠᠷᠠᠳ ᠤᠨ ᠡᠶᠡᠳᠡᠭᠦᠯᠭᠡ ᠵᠡᠷᠭᠡ ᠦᠶᠯᠡᠴᠢᠯᠡᠭᠡ ᠬᠠᠩᠭᠠᠵᠤ᠂ ᠲᠡᠳᠡᠨ ᠢ ᠳᠠᠭᠠᠭᠤᠯᠤᠨ ᠵᠢᠯᠣᠭᠤᠳᠴᠤ | ᠪᠠᠶᠢᠭᠠᠳ ᠵᠦᠶ ᠵᠣᠬᠢᠰᠲᠠᠶ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠬᠦᠰᠡᠯ ᠱᠠᠭᠠᠷᠳᠠᠯᠭ᠎ᠠ ᠪᠠᠨ | ᠢᠯᠡᠳᠬᠡᠭᠦᠯᠬᠦ ᠬᠡᠷᠡᠭᠲᠡᠶ᠃ ︵ᠭᠤᠷᠪᠠ ︶ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠶᠢ ᠴᠢᠩᠳᠠᠯᠠᠨ᠎ᠠ᠃ | ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠤᠨ | ᠴᠡᠭᠴᠡᠯᠡᠬᠦ ᠠᠵᠢᠯ ᠢ ᠡᠯ᠎ᠡ ᠰᠤᠮᠤ ᠰᠢᠶᠠᠩ ᠪᠠᠯᠭᠠᠰᠤᠨ ᠤ ᠣᠨ ᠤ ᠬᠠᠷᠠᠯᠲᠠᠲᠤ ᠬᠢᠨᠠᠨ ᠰᠢᠯᠭᠠᠯᠲᠠ ᠳᠤ ᠣᠷᠣᠭᠤᠯᠵᠤ | ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠠᠴᠠ ᠬᠤᠰᠢᠭᠤᠨ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠢ | ᠬᠠᠮᠲᠤᠷᠠᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠨ᠎ᠠ᠃ | ᠲᠤᠰ ᠲᠥᠰᠦᠯ ᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠭᠠᠴᠠᠭ᠎ᠠ ᠲᠣᠰᠬᠤᠨ ᠤ ᠬᠠᠷᠢᠶ᠎ᠠ ᠣᠷᠣᠨ ᠳᠤ | ᠨᠤᠲᠤᠭ ᠪᠡᠯᠴᠢᠭᠡᠷ ᠢ ᠬᠠᠭᠠᠯᠪᠤᠷᠢᠯᠠᠬᠤ ᠦᠢᠯᠡ ᠠᠵᠢᠯᠯᠠᠭ᠎ᠠ ᠰᠢᠨ᠎ᠡ ᠪᠠᠷ ᠢᠯᠡᠷᠡᠪᠡᠯ᠂ ᠭᠠᠴᠠᠭ᠎ᠠ ᠲᠣᠰᠬᠤᠨ ᠤ ᠭᠤᠣᠯ | ᠬᠠᠷᠢᠭᠤᠴᠠᠯᠭᠠᠲᠠᠨ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠰᠠᠬᠢᠯᠭ᠎ᠠ ᠪᠠᠲᠤ | ᠬᠠᠤᠯᠢ ᠴᠠᠭᠠᠵᠠ ᠶᠣᠰᠣᠭᠠᠷ ᠴᠢᠩᠭ᠎ᠠ ᠨᠡᠬᠡᠮᠵᠢᠯᠡᠨ᠎ᠡ᠃ ᠭᠠᠴᠠᠭ᠎ᠠ ᠲᠣᠰᠬᠤᠨ ᠨᠢ ᠨᠤᠲᠤᠭ ᠪᠡᠯᠴᠢᠭᠡᠷ ᠢ ᠬᠠᠮᠠᠭᠠᠯᠠᠬᠤ | ᠬᠠᠮᠤᠭ ᠤᠨ ᠦᠨᠳᠦᠰᠦᠨ ᠱᠠᠲᠤᠨ ᠤ ᠭᠤᠤᠯ ᠴᠣᠭᠴᠠ ᠪᠣᠯᠤᠭᠰᠠᠨ ᠤ ᠬᠤᠪᠢ ᠳᠤ᠂ ᠬᠡᠷᠪᠡ ᠲᠣᠰ ᠤᠳᠠᠭᠠᠨ ᠤ | ᠲᠤᠰᠬᠠᠶ ᠴᠡᠭᠴᠡᠯᠡᠬᠦ ᠠᠵᠢᠯᠯᠠᠭᠠᠨ ᠤ ᠶᠠᠪᠤᠴᠠ ᠳᠤ ᠨᠠᠶᠢᠳᠠᠪᠤᠷᠢᠵᠢᠭᠤᠯᠤᠭᠰᠠᠨ ᠨᠢ ᠡᠷᠴᠢ ᠥᠬᠡᠶ᠂ ᠨᠢᠭᠤᠭᠠᠳ | ᠮᠡᠳᠡᠭᠦᠯᠬᠦ ᠥᠬᠡᠶ ᠪᠣᠯ ︽ᠬᠤᠶᠠᠷ ᠵᠥᠪᠯᠡᠯ︾ ᠤᠨ ᠬᠠᠷᠢᠭᠤᠴᠠᠯᠭᠠᠲᠠᠨ ᠢ ᠴᠢᠩᠭ᠎ᠠ ᠰᠢᠶᠳᠪᠦᠷᠢᠯᠡᠨ᠎ᠡ᠃ ᠡᠯ᠎ᠡ ᠰᠤᠮᠤ | ᠰᠢᠶᠠᠩ ᠪᠠᠯᠭᠠᠰᠤ ᠶᠢᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠵᠢᠯᠲᠠᠨ ᠠᠵᠢᠯ ᠤᠨ ᠳᠤᠮᠳᠠ ᠪᠠᠨ | ᠲᠣᠭᠲᠠᠭᠠᠯ ᠶᠣᠰᠣᠭᠠᠷ ᠲᠣᠭᠤᠷᠢᠨ ᠪᠠᠶᠢᠴᠠᠭᠠᠵᠤ ᠡᠪᠡᠰᠦ ᠪᠡᠯᠴᠢᠭᠡᠷ ᠢ ᠬᠠᠮᠠᠭᠠᠯᠠᠭᠰᠠᠨ ᠥᠬᠡᠶ᠂ ᠠᠮᠢ ᠠᠬᠤᠶ ᠶᠢᠨ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ ᠮᠡᠳᠡᠭᠦᠯᠦᠭᠰᠡᠨ ᠥᠬᠡᠶ ᠪᠠᠶᠢᠪᠠᠯ᠂ | ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠰᠢᠶᠳᠪᠦᠷᠢᠯᠡᠵᠦ᠂ ᠦᠶᠯᠡ ᠪᠠᠶᠢᠳᠠᠯ ᠨᠢ ᠬᠦᠨᠳᠦ ᠨᠣᠴᠢᠲᠠᠶ | ᠪᠠᠶᠢᠪᠠᠯ ᠤᠷᠢᠨ ᠬᠡᠷᠡᠭᠯᠡᠬᠦ ᠭᠡᠷ᠎ᠡ ᠶᠢ ᠬᠦᠴᠦᠨ ᠥᠬᠡᠶ ᠪᠣᠯᠭᠠᠬᠤ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ | ᠨᠡᠬᠡᠮᠵᠢᠯᠡᠨ᠎ᠡ᠃ ︵ᠳᠥᠷᠪᠡ︶ ᠠᠵᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠣᠰ ᠤᠳᠠᠭᠠᠨ ᠤ | ᠲᠤᠰᠬᠠᠶ ᠠᠵᠢᠯᠯᠠᠭ᠎ᠠ ᠠᠴᠠ ᠪᠣᠶ ᠪᠣᠯᠤᠭᠰᠠᠨ ᠠᠵᠢᠯᠲᠠᠨ᠂ ᠲᠡᠷᠭᠡ ᠬᠥᠰᠬᠡ᠂ ᠬᠡᠮᠵᠢᠨ ᠵᠢᠷᠤᠬᠤ ᠵᠡᠷᠭᠡ ᠵᠠᠷᠤᠳᠠᠯ ᠢ | ᠬᠤᠰᠢᠭᠤᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ ᠪᠠᠲᠤᠯᠠᠨ᠎ᠠ᠃ ᠰᠣᠩᠭᠤᠨ | ᠲᠣᠭᠲᠠᠭᠠᠭᠰᠠᠨ ᠲᠡᠵᠢᠭᠡᠯ ᠪᠣᠷᠳᠣᠭᠠᠨ ᠤ ᠭᠠᠵᠠᠷ ᠤᠨ ᠬᠡᠮᠵᠢᠯᠲᠡ ᠶᠢᠨ ᠣᠨᠣᠪᠴᠢᠲᠠᠶ ᠪᠠᠶᠢᠬᠤ ᠶᠢ ᠪᠠᠲᠤᠯᠠᠬᠤ ᠶᠢᠨ | ᠲᠤᠰᠠᠳᠠ᠂ ᠡᠯ᠎ᠡ ᠰᠤᠮᠤ ᠰᠢᠶᠠᠩ ᠪᠠᠯᠭᠠᠰᠤ ᠨᠢ ᠭᠤᠷᠪᠠᠳᠠᠬᠢ ᠡᠲᠡᠭᠡᠳ ᠲᠤ ᠨᠠᠶᠢᠳᠠᠵᠤ ᠨᠢᠭᠡᠨᠲᠡ ᠬᠠᠭᠠᠯᠪᠤᠷᠢᠯᠠᠭᠰᠠᠨ | ᠨᠤᠲᠤᠭ ᠪᠡᠯᠴᠢᠭᠡᠷ ᠤᠨ ᠲᠠᠯᠠᠪᠠᠶ ᠶᠢ ᠨᠢᠭᠡ ᠨᠢᠭᠡ ᠪᠠᠷ RTK ᠬᠡᠮᠵᠢᠭᠦᠷᠯᠢᠭ ᠤᠨ 2000 ᠰᠣᠯᠪᠢᠴᠠᠯ ᠤᠨ | ᠰᠢᠰᠲ᠋ᠧᠮ ᠳᠤ ᠣᠷᠣᠨ ᠲᠣᠭᠲᠠᠭᠠᠨ ᠬᠡᠮᠵᠢᠨ ᠵᠢᠷᠤᠭᠤᠯᠵᠤ ᠪᠣᠯᠤᠨ᠎ᠠ᠃ | ᠳᠠᠭᠠᠯᠳᠤᠭᠤᠯᠤᠯ᠄ ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ | ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭᠠᠨ ᠤ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠤ ᠨᠡᠷᠡᠰ | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 1 ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠪᠠ | ᠳᠠᠭᠠᠯᠳᠤᠭᠤᠯᠤᠯ | ᠠᠷᠤ ᠬᠤᠷᠴᠢᠨ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ | ᠡᠮᠬᠢ ᠵᠢᠷᠤᠮ ᠢ ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭᠠᠨ ᠤ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠤ ᠨᠡᠷᠡᠰ | ᠳᠤᠭᠤᠶᠢᠯᠠᠩ ᠤᠨ ᠳᠠᠷᠤᠭ᠎ᠠ᠄ ᠫᠸᠢ ᠬᠤᠸᠠᠨ ᠪᠢᠨ | ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠸᠠᠩ ᠪᠣᠣ | ᠬᠤᠰᠢᠭᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠴᠧᠨ ᠢᠦᠢ ᠮᠢᠩ | ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠵᠠᠩ ᠷᠦᠢ ᠮᠢᠨ | | ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠭᠡᠰᠢᠭᠦᠨ᠄ | ᠸᠠᠩ ᠶᠦᠩ | ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠸᠠᠩ ᠫᠧᠩ ᠹᠸᠢ | ᠬᠤᠰᠢᠭᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ ᠰᠢ ᠴᠠᠩ ᠮᠢᠩ | ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠳ᠋ᠢᠩ ᠬᠦᠶ ᠬᠤᠸᠠ | ᠬᠤᠰᠢᠭᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠷᠧᠨ ᠱᠤ᠋ | ᠸᠧᠨ | ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠪᠦᠷᠢᠨᠰᠠᠩ | ᠬᠤᠰᠢᠭᠤᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠯᠢ ᠪᠥᠸᠧ | ᠬᠤᠰᠢᠭᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠡᠳ᠋ ᠳᠠᠷᠤᠭ᠎ᠠ ᠶᠠᠨ ᠰᠢᠤᠸᠠᠢ ᠲᠤᠤ | ᠴᠢᠪᠠᠭ᠎ᠠ ᠪᠠᠯᠭᠠᠰᠤᠨ ᠤ ᠳᠠᠷᠤᠭ᠎ᠠ ᠯᠢᠦ ᠬᠤᠩ ᠹᠸᠢ | ᠲᠢᠶᠠᠨ ᠱᠠᠨ ᠺᠧᠦ ᠪᠠᠯᠭᠠᠰᠤᠨ ᠤ ᠳᠠᠷᠤᠭ᠎ᠠ ᠡᠩᠬᠡᠪᠠᠲᠤ | ᠱᠣᠤ ᠪᠠᠯᠭᠠᠰᠤᠨ ᠤ ᠳᠠᠷᠤᠭ᠎ᠠ ᠰᠠᠶᠢᠵᠢᠷᠠᠯᠲᠤ | ᠵᠢᠭᠠᠰᠤᠲᠠᠢ ᠪᠠᠯᠭᠠᠰᠤᠨ ᠤ ᠳᠠᠷᠤᠭ᠎ᠠ ᠵᠢᠶ ᠴᠦᠨ ᠯᠦᠩ | ᠪᠠᠶᠠᠨᠬᠤᠸᠠ ᠪᠠᠯᠭᠠᠰᠤᠨ ᠤ ᠳᠠᠷᠤᠭ᠎ᠠ ᠬᠡᠰᠢᠭᠲᠦᠭ᠌ᠲᠠᠬᠤ | ᠬᠤᠨᠳᠣ ᠪᠠᠯᠭᠠᠰᠤᠨ ᠤ ᠳᠠᠷᠤᠭ᠎ᠠ ᠭᠤᠤ ᠢᠦᠢ ᠯᠸᠢ | ᠱᠤᠸᠠᠩ ᠱᠧᠩ ᠪᠠᠯᠭᠠᠰᠤᠨ ᠤ ᠳᠠᠷᠤᠭ᠎ᠠ ᠮᠠᠶᠢᠯᠠᠰᠤ | ᠪᠠᠯᠴᠢᠷᠤᠳ ᠰᠤᠮᠤ ᠶᠢᠨ ᠳᠠᠷᠤᠭ᠎ᠠ ᠪᠠᠷᠰᠪᠠᠭᠠᠲᠤᠷ | ᠰᠠᠶᠢᠬᠠᠨᠲᠠᠯ᠎ᠠ ᠰᠤᠮᠤ ᠶᠢᠨ ᠳᠠᠷᠤᠭ᠎ᠠ ᠪᠠᠢ ᠭᠡᠷᠡᠯᠲᠤ | ᠬᠠᠨᠰᠦ᠋ᠮ᠎ᠡ ᠰᠤᠮᠤ ᠶᠢᠨ ᠳᠠᠷᠤᠭ᠎ᠠ ᠦᠯᠵᠡᠶᠢᠮᠦ᠋ᠩᠬᠡ | ᠪᠠᠶᠠᠨ᠋ᠦ᠌ᠨᠳᠦᠷ ᠰᠤᠮᠤ ᠶᠢᠨ ᠳᠠᠷᠤᠭ᠎ᠠ ᠮᠦ ᠭᠦᠸᠧ ᠳ᠋ᠦᠩ | ᠰᠢᠨ ᠮᠢᠨ ᠰᠢᠶᠠᠩ ᠤᠨ ᠳᠠᠷᠤᠭ᠎ᠠ ᠭᠦᠸᠧ ᠬᠤᠩ ᠵᠢᠶᠧ | ᠰᠢᠶᠠᠨ ᠹᠧᠩ ᠰᠢᠶᠠᠩ ᠤᠨ ᠳᠠᠷᠤᠭ᠎ᠠ ᠰᠥᠩ ᠯᠢ ᠵᠢᠶᠦ᠋ᠨ | ᠤᠯᠠᠭᠠᠨᠬᠠᠳᠠ ᠰᠢᠶᠠᠩ ᠤᠨ ᠳᠠᠷᠤᠭ᠎ᠠ ᠵᠧᠦ ᠶᠢᠨ ᠱᠠᠨ | ᠬᠠᠨ ᠠᠭᠤᠯᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠸᠠᠩ ᠢᠦᠢ ᠮᠢᠨ | | ᠣᠣ ᠮᠦᠷᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠨᠢ ᠠᠯᠪᠠᠨ ᠬᠡᠷ ᠪᠠᠶᠢᠭᠤᠯᠵᠤ᠂ ᠠᠯᠪᠠᠨ ᠬᠡᠷ ᠢ ᠬᠤᠰᠢᠭᠤᠨ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠳᠤ ᠪᠠᠶᠢᠷᠢᠯᠠᠭᠤᠯᠤᠨ᠂ ᠪᠥᠬᠦ ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ | ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠤᠨ ᠴᠡᠭᠴᠡᠯᠡᠬᠦ ᠠᠵᠢᠯᠯᠠᠭᠠᠨ ᠢ ᠨᠢᠭᠡᠳᠦᠯᠲᠡᠶ | ᠲᠥᠯᠥᠪᠯᠡᠨ ᠬᠠᠷᠢᠭᠤᠴᠠᠨ᠎ᠠ᠃ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠲᠣᠰ ᠲᠣᠰ ᠤᠨ | ᠡᠭᠦᠷᠭᠡ ᠴᠢᠳᠠᠪᠬᠢ ᠶᠢᠨ ᠦᠶᠯᠡᠳᠦᠯ ᠪᠠ ᠦᠶᠯᠡᠴᠢᠯᠡᠭᠡᠨ ᠤ ᠴᠢᠳᠠᠮᠵᠢ ᠪᠠᠨ ᠭᠦᠶᠴᠡᠳ ᠪᠠᠳᠠᠷᠠᠭᠤᠯᠵᠤ᠂ ᠪᠥᠬᠦ | ᠬᠤᠰᠢᠭᠤᠨ ᠤ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠮᠬᠢ ᠵᠢᠷᠤᠮ ᠢ | ᠵᠢᠷᠤᠮᠵᠢᠭᠤᠯᠤᠨ ᠴᠡᠭᠴᠡᠯᠡᠬᠦ ᠲᠤᠰᠬᠠᠶ ᠠᠵᠢᠯᠯᠠᠭᠠᠨ ᠤ ᠤᠷᠤᠭᠰᠢᠲᠠᠶ ᠶᠠᠪᠤᠭᠳᠠᠵᠤ᠂ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠶ᠃ | |