ᠴᠠᠰᠤᠨ ᠴᠡᠴᠡᠭ ︵ᠴᠦᠰᠦ ᠡᠪᠡᠰᠦ︶
ᠨᠡᠶᠢᠲᠡᠯᠡᠭᠰᠡᠨ ᠴᠠᠭ᠄
2021/4/16
     ᠤᠯᠠᠨ ᠨᠠᠰᠤᠲᠤ ᠡᠪᠡᠰᠦᠯᠢᠭ ᠭᠠᠩᠰᠠᠭ ᠲᠤᠮᠳᠠᠰᠠᠭ ᠤᠷᠭᠤᠮᠠᠯ᠃ ᠨᠤᠭᠤ᠂ ᠠᠭᠤᠯᠠᠷᠬᠠᠭ ᠭᠠᠵᠠᠷ ᠤᠨ ᠭᠤᠤ ᠵᠢᠯᠠᠭ᠎ᠠ ᠪᠠᠷ ᠤᠷᠭᠤᠨ᠎ᠠ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠳᠠᠪᠠᠭᠠᠨ ᠤ ᠵᠡᠬᠦᠨ ᠲᠤᠭᠤᠷᠢᠭ᠂ ᠳᠠᠪᠠᠭᠠᠨ ᠤ ᠪᠠᠷᠠᠭᠤᠨ ᠲᠤᠭᠤᠷᠢᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠬᠤᠷᠴᠢᠨ ᠲᠤᠭᠤᠷᠢᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠮᠤᠨᠢ ᠠᠭᠤᠯᠠ ᠶᠢᠨ ᠲᠤᠭᠤᠷᠢᠭ᠂ ᠤᠯᠠᠭᠠᠨᠴᠠᠪ ᠲᠤᠭᠤᠷᠢᠭ ᠢᠶᠠᠷ ᠤᠷᠭᠤᠯᠳᠠ ᠲᠠᠢ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠤ ᠤᠷᠤᠨ᠂ ᠲᠤᠮᠳᠠᠳᠤ ᠤᠷᠤᠨ᠂ ᠲᠤᠷᠤᠨᠠᠳᠤ ᠤᠷᠤᠨ᠂ ᠪᠠᠷᠠᠭᠤᠨ ᠡᠮᠦᠨᠡᠳᠤ ᠤᠷᠤᠨ ᠢᠶᠠᠷ ᠳᠠᠷᠬᠠᠨ  ᠂ ᠰᠤᠯᠤᠩᠭᠤᠰ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠪᠠᠷ ᠪᠠᠰᠠ ᠳᠠᠷᠬᠠᠳᠠᠭ᠃ ᠦᠨᠳᠦᠰᠦ ᠨᠢ ᠡᠮ ᠳᠤ ᠤᠷᠤᠵᠤ᠂ ᠭᠤᠤᠯᠳᠠᠭᠤ ᠭᠡᠳᠡᠰᠦᠨ ᠦᠷᠪᠢᠰᠦᠯ᠂ ᠶᠤᠯᠬᠤᠳᠠᠰᠤ᠂ ᠨᠢᠳᠦ ᠤᠯᠠᠶᠢᠵᠤ ᠡᠪᠡᠳᠬᠦ ᠶᠢ ᠵᠠᠰᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号