ᠦᠪᠡᠷᠳᠡᠭᠡᠨ ᠵᠠᠰᠠᠬᠤ ᠤᠷᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠡᠨᠡ ᠵᠢᠯ ᠠᠯᠠᠱᠠ ᠠᠶᠢᠮᠠᠭ 100 ᠲᠦᠮᠡᠨ ᠮᠥ ᠭᠠᠵᠠᠷ ᠲᠤ ᠣᠶᠢᠵᠢᠭᠤᠯᠤᠯᠲᠠ ᠬᠢᠬᠦ ᠪᠠᠷ | ᠲᠥᠯᠥᠪᠯᠡᠵᠦ ᠪᠠᠶᠢᠨ᠎ᠠ᠂ ᠡᠭᠦᠨ ᠳᠤ ᠬᠥᠮᠦᠨ ᠤ ᠬᠦᠴᠦ 52.7 ᠲᠦᠮᠡᠨ ᠮᠥ ᠤᠢᠢᠵᠢᠭᠤᠯᠵᠤ᠂ ᠨᠢᠰᠬᠡᠯ ᠢᠶᠠᠷ 22 | ᠲᠦᠮᠡᠨ ᠮᠥ ᠤᠢᠢᠵᠢᠭᠤᠯᠤᠨ᠂ 2.8 ᠲᠦᠮᠡᠨ ᠮᠦ ᠡᠯᠡᠰᠦ ᠶᠢ ᠬᠤᠷᠢᠬᠯᠠᠬᠤ ᠬᠠᠯᠬᠠᠪᠴᠢ ᠤᠢ ᠶᠢ ᠣᠶᠢᠵᠢᠭᠤᠯᠵᠤ᠂ | 22.5 ᠲᠦᠮᠡᠨ ᠮᠥ ᠡᠯᠡᠰᠦᠷᠭᠡᠭᠵᠢᠭᠰᠡᠨ ᠣᠶ ᠶᠢ ᠰᠡᠷᠬᠦᠭᠡᠨ ᠤᠢᠢᠵᠢᠭᠤᠯᠬᠤ ᠪᠠᠷ ᠪᠤᠢ᠃ | ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠤᠢᠢᠵᠢᠭᠤᠯᠤᠯᠳᠡ ᠶᠢᠨ | ᠡᠬᠦᠷᠭᠡ ᠶᠢᠨ ᠲᠤᠬᠢᠷᠠᠭᠤᠯᠤᠯᠳᠡ ᠶᠤᠰᠤᠭᠠᠷ᠂ ᠪᠦᠬᠦ ᠠᠶᠢᠮᠠᠭ 100 ᠲᠦᠮᠡᠨ ᠮᠥ ᠣᠶᠢᠵᠢᠭᠤᠯᠬᠤ ᠭᠠᠵᠠᠷ ᠢ | ᠨᠢᠭᠡᠨᠲᠡ ᠲᠤᠭᠳᠠᠭᠠᠵᠤ᠂ 5 ᠰᠠᠷ᠎ᠠ ᠶᠢᠨ ᠰᠡᠬᠦᠯᠴᠢ ᠪᠠᠷ ᠨᠢᠰᠬᠡᠯ ᠢᠶᠠᠷ ᠣᠶᠢᠵᠢᠭᠤᠯᠬᠤ ᠲᠥᠯᠥᠪᠯᠡᠭᠡ ᠶᠢ ᠡᠬᠢᠯᠡᠵᠦ | ᠬᠡᠷᠡᠭᠵᠢᠬᠦᠯᠬᠦ ᠪᠤᠯᠤᠨ᠎ᠠ᠃ ᠣᠳᠣᠬᠠᠨ ᠳᠤ᠂ ᠡᠯᠡᠰᠦ ᠶᠢ ᠬᠤᠷᠢᠭᠯᠠᠬᠤ ᠬᠠᠯᠬᠠᠪᠴᠢ ᠣᠶ ᠶᠢ ᠪᠦᠳᠦᠭᠡᠨ ᠪᠠᠶᠢᠭᠤᠯᠬᠤ | ᠠᠵᠢᠯ ᠢ ᠪᠣᠳᠠᠲᠠᠶ ᠨᠠᠶᠢᠳᠠᠪᠤᠷᠢᠵᠢᠭᠤᠯᠤᠭᠰᠠᠨ ᠭᠠᠵᠠᠷ 10 ᠲᠦᠮᠡᠨ ᠮᠥ ᠪᠠᠶᠢᠵᠤ᠂ ᠨᠢᠭᠡᠨᠲᠡ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠠᠯᠠᠱᠠ ᠪᠠᠷᠠᠭᠤᠨ ᠬᠤᠰᠢᠭᠤᠨ ᠤ ᠶᠠᠪᠠᠷᠡᠢ ᠪᠠᠯᠭᠠᠰᠤ᠂ ᠠᠯᠲᠠᠨᠴᠤᠭ ᠰᠤᠮᠤ ᠪᠤᠯᠤᠨ | ᠲᠠᠩᠰᠤᠭᠪᠤᠯᠠᠭ ᠰᠤᠮᠤ ᠳᠤ ᠪᠠᠶᠢᠷᠢᠯᠠᠵᠤ ᠪᠤᠢ᠃ ᠡᠬᠦᠨ ᠤ ᠬᠠᠮᠳᠤ᠂ 22.5 ᠲᠦᠮᠡᠨ ᠮᠥ ᠡᠯᠡᠰᠦᠷᠭᠡᠭᠵᠢᠭᠰᠡᠨ | ᠣᠶᠢᠳᠦ ᠤᠷᠤᠨ ᠢ ᠰᠡᠯᠪᠢᠨ ᠰᠡᠷᠭᠦᠭᠡᠬᠦ ᠪᠠᠷ ᠪᠠᠶᠢᠨ᠎ᠠ᠃ | ᠣᠶᠢᠵᠢᠭᠤᠯᠵᠤ ᠨᠣᠭᠤᠭᠠᠷᠠᠭᠤᠯᠬᠤ ᠠᠵᠢᠯ ᠤᠨ ᠶᠠᠰᠤ ᠴᠢᠨᠠᠷ ᠢ ᠦᠨᠡᠨ ᠬᠦ ᠪᠠᠲᠤᠯᠠᠵᠤ᠂ ᠤᠷᠭᠤᠮᠠᠯ ᠤᠨ | ᠦᠷ᠎ᠡ ᠴᠢᠬᠢ ᠮᠤᠳᠤᠨ ᠤ ᠬᠠᠩᠭᠠᠯᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠣᠶ ᠮᠣᠳᠣᠨ ᠤ ᠰᠠᠶᠢᠨ | ᠡᠭᠦᠯᠳᠡᠷ ᠤᠨ ᠴᠢᠬᠢ ᠮᠤᠳᠤᠨ ᠤ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠦᠯᠦᠭᠡ᠂ ᠠᠯᠠᠱᠠ | ᠠᠶᠢᠮᠠᠭ ᠤᠨ ᠡᠯ᠎ᠡ ᠱᠠᠲᠤᠨ ᠤ ᠣᠶ ᠰᠢᠭᠤᠶ ᠨᠤᠳᠤᠭ ᠪᠡᠯᠴᠢᠭᠡᠷ ᠤᠨ ᠰᠠᠯᠠᠭ᠎ᠠ ᠮᠥᠴᠢᠷ ᠦᠷ᠎ᠡ ᠴᠢᠬᠢ ᠬᠤᠳᠠᠯᠳᠤᠨ | ᠠᠪᠬᠤ᠂ ᠨᠦᠭᠡᠴᠡᠯᠡᠬᠦ᠂ ᠲᠡᠭᠡᠭᠡᠪᠦᠷᠢᠯᠡᠬᠦ ᠵᠡᠷᠭᠡ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠴᠢᠩᠭᠠᠳᠬᠠᠵᠤ ᠪᠠᠶᠢᠨ᠎ᠠ᠃ ᠤᠳᠤ ᠨᠢᠭᠡᠨᠳᠡ 2550 ᠭᠠᠷᠤᠶ ᠲᠦᠮᠡᠨ ᠰᠠᠭᠤᠷᠢ ᠪᠤᠳᠠᠯᠢᠭ ᠤᠷᠭᠤᠮᠠᠯ ᠤᠨ ᠴᠢᠬᠢ | ᠮᠤᠳᠤ ᠶᠢ ᠨᠠᠶᠢᠳᠠᠪᠤᠷᠢᠵᠢᠭᠤᠯᠵᠡᠢ᠃ |