​ᠮᠠᠨ ᠤ ᠤᠯᠤᠰ ᠡᠨᠡ ᠵᠢᠯ 30 ᠳ᠋ᠦᠩᠰᠢᠭᠤᠷ ᠭᠠᠷᠤᠢ ᠲᠠᠷᠢᠯᠭ᠎ᠠ ᠶᠢᠨ ᠰᠢᠨ᠎ᠠ ᠳᠢᠳᠢᠮᠯᠢᠭ ᠸᠢᠷᠦ᠋ᠰ ᠤᠨ ᠸᠠᠺᠼᠢᠨ ᠦᠢᠯᠡᠳᠪᠦᠷᠢᠯᠡᠬᠦ ᠪᠤᠯᠤᠨ᠎ᠠ
ᠨᠡᠶᠢᠲᠡᠯᠡᠭᠰᠡᠨ ᠴᠠᠭ᠄
2021/4/22
     ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠤᠭᠳᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠲᠤᠭᠤᠢᠢᠯᠠᠩ ᠤᠨ ᠸᠠᠺᠼᠢᠨ ᠰᠤᠳᠤᠯᠦᠨ ᠦᠢᠯᠡᠳᠬᠦ ᠲᠤᠰᠬᠠᠢ ᠠᠩᠬᠢ ᠶᠢᠨ ᠠᠵᠢᠯᠯᠠᠬᠤ ᠲᠤᠭᠤᠢᠢᠯᠠᠩ ᠤᠨ ᠳᠠᠷᠤᠭ᠎ᠠ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠭᠵᠢᠯᠳᠠ ᠶᠢᠨ ᠰᠤᠳᠤᠯᠬᠤ ᠲᠦᠪ ᠤᠨ ᠡᠷᠬᠢᠯᠡᠭᠴᠢ ᠵᠧᠩ ᠵᠦᠩ ᠸᠧᠢ 20᠎ ᠤ ᠡᠳᠦᠷ ᠪᠦᠸᠧ ᠤᠤ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ 2021 ᠤᠨ ᠤ ᠤᠨ ᠤ ᠬᠤᠷᠠᠯ ᠤᠨ ︽ᠰᠢᠨ᠎ᠠ ᠳᠢᠳᠢᠮᠯᠢᠭ ᠸᠢᠷᠦ᠋ᠰ ᠤᠨ ᠸᠠᠺᠼᠢᠨ ᠤ ᠬᠠᠩᠭᠠᠯᠭ᠎ᠠ ᠪᠤᠯᠤᠨ ᠪᠤᠯᠤᠮᠵᠢᠳᠤ ᠴᠢᠨᠠᠷ︾ ᠬᠤᠪᠢᠶᠠᠷᠢ ᠶᠠᠷᠢᠶᠠᠨ ᠤ ᠲᠠᠪᠴᠠᠩ ᠳᠡᠭᠡᠷ᠎ᠠ᠂ ᠨᠡᠯᠢᠶᠡᠳ ᠡᠷᠳᠡ ᠶᠢᠨ ᠪᠠᠶᠢᠯᠳᠤᠬᠤ ᠪᠤᠳᠤᠯᠭ᠎ᠠ ᠶᠢᠨ ᠰᠢᠢᠳᠪᠤᠷᠢᠳᠦ ᠪᠤᠳᠤᠯᠭ᠎ᠠ᠂ ᠪᠠᠶᠢᠭᠤᠯᠤᠯ ᠤᠨ ᠲᠠᠪᠠᠭᠤᠯᠢᠭ ᠵᠢᠴᠢ ᠵᠤᠬᠢᠶᠠᠨ ᠪᠠᠶᠢᠭᠤᠯᠵᠦ ᠬᠠᠮᠢᠶᠠᠷᠬᠤ ᠲᠠᠯ᠎ᠠ ᠶᠢᠨ ᠰᠢᠨ᠎ᠠ ᠡᠬᠦᠳᠦᠯᠳᠠ ᠶᠢᠨ ᠠᠴᠢ ᠪᠠᠷ᠂ ᠤᠳᠤᠬᠠᠨ ᠳᠤ ᠳᠤᠮᠳᠠᠳᠤ ᠤᠯᠤᠰ ᠤᠨ ᠪᠦᠬᠦ ᠵᠢᠯ ᠤᠨ ᠰᠢᠨ᠎ᠠ ᠳᠢᠳᠢᠮᠯᠢᠭ ᠸᠢᠷᠦ᠋ᠰ ᠤᠨ ᠸᠠᠺᠼᠢᠨ ᠦᠢᠯᠡᠳᠪᠦᠷᠢᠯᠡᠬᠦ ᠴᠢᠳᠠᠪᠤᠷᠢ 50 ᠳ᠋ᠦᠩᠰᠢᠭᠤᠷ ᠰᠢᠬᠠᠮ ᠲᠠᠷᠢᠯᠭ᠎ᠠ ᠳᠤ ᠤᠢᠢᠷᠠᠳᠴᠤ᠂ ᠵᠢᠱᠢᠯᠳᠠ ᠪᠠᠷ ᠡᠨᠡ ᠵᠢᠯ ᠨᠡᠶᠢᠳᠡ 30 ᠳ᠋ᠦᠩᠰᠢᠭᠤᠷ ᠭᠠᠷᠤᠢ ᠲᠠᠷᠢᠯᠭ᠎ᠠ ᠶᠢᠨ ᠸᠠᠺᠼᠢᠨ ᠦᠢᠯᠡᠳᠪᠤᠷᠢᠯᠡᠵᠦ ᠳᠡᠶᠢᠯᠦᠨ᠎ᠠ ᠭᠡᠵᠦ ᠢᠯᠡᠳᠭᠡᠪᠡ᠃      ᠵᠧᠩ ᠵᠦᠩ ᠸᠧᠢ᠂ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠭᠠᠷᠤᠭᠰᠠᠨ ᠤ ᠳᠠᠷᠠᠭ᠎ᠠ᠂ ᠳᠤᠮᠳᠠᠳᠤ ᠤᠯᠤᠰ ᠲᠡᠷᠡ ᠳᠠᠷᠤᠢ ᠳᠤᠨᠢ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠶᠢ ᠲᠦᠷᠭᠡᠳᠭᠡᠵᠦ᠂ ᠸᠠᠺᠼᠢᠨ ᠰᠤᠳᠤᠯᠤᠨ ᠦᠢᠯᠡᠳᠬᠦ ᠠᠵᠢᠯ ᠢ ᠦᠷᠨᠢᠬᠦᠯᠬᠦ ᠪᠠᠷ ᠲᠤᠭᠳᠠᠪᠠ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠤᠭᠳᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠲᠤᠭᠤᠢᠢᠯᠠᠩ ᠤᠨ ᠸᠠᠺᠼᠢᠨ ᠰᠤᠳᠤᠯᠤᠨ ᠦᠢᠯᠡᠳᠬᠦ ᠲᠤᠰᠬᠠᠢ ᠠᠩᠬᠢ ᠪᠠᠶᠢᠭᠤᠯᠤᠭᠳᠠᠭᠰᠠᠨ ᠤ ᠳᠠᠷᠠᠭ᠎ᠠ᠂ ᠪᠦᠬᠦ ᠤᠯᠤᠰ ᠠᠴᠠ 10 ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ 12 ᠵᠦᠢᠯ ᠤᠨ ᠸᠠᠺᠼᠢᠨ ᠢ ᠰᠤᠩᠭᠤᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠤᠨ ᠠᠮᠵᠢᠯᠳᠠ ᠤᠯᠬᠤ ᠨᠤᠷᠮ᠎ᠠ ᠶᠢ ᠪᠠᠳᠤᠯᠠᠵᠠᠢ᠂ ᠡᠳᠡᠭᠡᠷ ᠸᠠᠺᠼᠢᠨ ᠨᠢ ᠪᠦᠬᠦ ᠪᠦᠮᠪᠦᠷᠴᠡᠭ ᠤᠨ ᠭᠤᠤᠯ ᠪᠤᠯᠬᠤ ᠮᠡᠷᠭᠡᠵᠢᠯ ᠤᠨ ᠱᠤᠭᠤᠮ ᠢ ᠴᠦᠮ ᠬᠠᠮᠤᠷᠴᠠᠢ ᠭᠡᠵᠦ ᠢᠯᠡᠳᠭᠡᠪᠡ᠃      ᠡᠬᠦᠨ ᠠᠴᠠ ᠭᠠᠳᠠᠨ᠎ᠠ᠂ ᠳᠤᠮᠳᠠᠳᠤ ᠤᠯᠤᠰ ᠸᠠᠺᠼᠢᠨ ᠰᠤᠳᠤᠯᠤᠨ ᠦᠢᠯᠡᠳᠬᠦ᠂ ᠬᠢᠨᠡᠨ ᠦᠨᠡᠯᠡᠬᠦ ᠵᠡᠷᠭᠡ ᠲᠤᠭᠳᠠᠴᠠ ᠶᠢᠨ ᠲᠠᠯ᠎ᠠ ᠪᠠᠷ ︽ᠤᠭᠰᠠᠷᠠᠭ᠎ᠠ ᠬᠤᠯᠪᠤᠯᠳᠠ︾᠎ ᠠᠴᠠ ︽ᠵᠡᠷᠭᠡᠴᠡᠭᠡ ᠬᠤᠯᠪᠤᠯᠳᠠ︾ ᠪᠤᠯᠬᠤ ᠰᠢᠨ᠎ᠠ ᠡᠬᠦᠳᠦᠯᠳᠠ ᠶᠢ ᠪᠡᠶᠡᠯᠡᠬᠦᠯᠵᠦ᠂ ᠰᠤᠳᠤᠯᠤᠨ ᠦᠢᠯᠡᠳᠬᠦ᠂ ᠠᠮᠢᠳᠠᠨ ᠳᠤ ᠲᠤᠷᠰᠢᠯᠳᠠ ᠬᠢᠬᠦ᠂ ᠬᠢᠨᠡᠨ ᠦᠨᠡᠯᠡᠵᠦ ᠬᠢᠨᠡᠨ ᠵᠦᠪᠰᠢᠶᠡᠷᠡᠬᠦ ᠵᠡᠷᠭᠡ ᠪᠠᠶᠢᠭᠤᠯᠤᠮᠵᠢ ᠬᠦᠴᠦ ᠪᠠᠨ ᠬᠠᠮᠳᠤᠳᠬᠠᠨ ᠸᠠᠺᠼᠢᠨ ᠢ ᠰᠤᠳᠤᠯᠤᠨ ᠭᠠᠷᠭᠠᠬᠤ ᠶᠢ ᠠᠬᠢᠭᠤᠯᠪᠠ᠃ ᠲᠡᠷᠡ᠄ ︽ᠬᠡᠳᠦᠢ ᠮᠠᠰᠢ ᠲᠦᠷᠭᠡᠨ ᠶᠠᠪᠤᠬᠳᠠᠭᠰᠠᠨ ᠴᠦ᠂ ᠠᠯᠢ ᠨᠢᠭᠡ ᠭᠤᠭᠴᠤᠭ᠎ᠠ ᠶᠢ ᠴᠤ ᠤᠷᠬᠢᠬᠳᠠᠭᠤᠯᠤᠭᠰᠠᠨ ᠦᠭᠡᠢ᠂ ᠡᠭᠦᠨ ᠳᠤ ᠰᠡᠬᠦᠯᠴᠢ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠭᠤᠷᠪᠠᠳᠤᠭᠠᠷ ᠬᠤᠭᠤᠴᠠᠭᠠᠨ ᠤ ᠡᠮᠴᠢᠯᠡᠭᠡᠨ ᠤ ᠲᠤᠷᠰᠢᠯᠳᠠ ᠬᠢᠬᠦ ᠶᠢ ᠪᠠᠭᠳᠠᠭᠠᠨ᠎ᠠ᠃ ᠳᠤᠮᠳᠠᠳᠤ ᠤᠯᠤᠰ ᠤᠨ ᠸᠠᠺᠼᠢᠨ ᠤ ᠬᠢᠨᠡᠨ ᠦᠨᠡᠯᠡᠬᠦ ᠬᠢᠨᠡᠨ ᠵᠦᠪᠰᠢᠶᠡᠷᠡᠬᠦ ᠪᠠᠷᠢᠮᠵᠢᠶ᠎ᠠ ᠠᠮᠧᠷᠢᠺᠠ ᠪᠤᠯᠤᠨ ᠡᠸᠦ᠋ᠷᠦᠫᠠ ᠲᠢᠪ ᠤᠨ ᠤᠯᠤᠰ ᠤᠳ ᠤᠨ ᠬᠤᠯᠪᠤᠭᠠᠨ ᠤ ᠪᠠᠷᠢᠮᠵᠢᠶ᠎ᠠ ᠠᠴᠠ ᠦᠴᠦᠭᠡᠨ ᠴᠦ ᠲᠤᠤᠷ᠎ᠠ ᠦᠭᠡᠢ ᠶᠤᠮ︾ ᠭᠡᠵᠦ ᠢᠯᠡᠳᠭᠡᠵᠡᠢ᠃      ︽ᠳᠤᠮᠳᠠᠳᠤ ᠤᠯᠤᠰ ᠸᠠᠺᠼᠢᠨ ᠤ ᠦᠢᠯᠡᠳᠪᠤᠷᠢᠯᠡᠯ ᠢ ᠪᠠᠶᠢᠷᠢᠰᠢᠭᠤᠯᠬᠤ ᠶᠠᠪᠤᠴᠠ ᠳᠠᠭᠠᠨ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠭᠡᠷᠡᠭᠴᠡᠭᠡ ᠶᠢ ᠴᠦ ᠪᠤᠳᠤᠯᠬᠢᠯᠠᠵᠠᠢ︾᠃ ᠳᠤᠮᠳᠠᠳᠤ ᠤᠯᠤᠰ ᠰᠢᠨ᠎ᠠ ᠳᠢᠳᠢᠮᠯᠢᠭ ᠸᠢᠷᠦ᠋ᠰ ᠤᠨ ᠸᠠᠺᠼᠢᠨ ᠢ ᠪᠦᠬᠦ ᠪᠦᠮᠪᠦᠷᠴᠡᠭ ᠤᠨ ᠤᠯᠠᠨ ᠨᠡᠶᠢᠳᠡ ᠶᠢᠨ ᠦᠢᠯᠡᠳᠬᠦᠨ ᠪᠤᠯᠭᠠᠵᠦ᠂ ᠡᠯ᠎ᠠ ᠤᠯᠤᠰ ᠤᠨ ᠠᠷᠠᠳ ᠲᠦᠮᠡᠨ ᠢ ᠦᠨᠡᠨ ᠬᠦ ᠤᠯᠵᠤ ᠬᠡᠷᠡᠭᠯᠡᠬᠦ᠂ ᠭᠡᠷᠡᠭᠯᠡᠵᠦ ᠳᠡᠶᠢᠯᠬᠦ ᠪᠤᠯᠭᠠᠨ᠎ᠠ ᠭᠡᠵᠦ ᠳᠤᠷᠠᠳᠪᠠ᠃ ᠵᠢᠱᠢᠯᠳᠠ ᠪᠠᠷ ᠡᠨᠡ ᠵᠢᠯ ᠤᠨ ᠳᠤᠤᠷ᠎ᠠ ᠬᠠᠭᠠᠰ ᠵᠢᠯ ᠳᠤ ᠳᠤᠮᠳᠠᠳᠤ ᠤᠯᠤᠰ ᠤᠯᠠᠨ ᠲᠠᠯ᠎ᠠ᠂ ᠬᠤᠶᠠᠷ ᠲᠠᠯ᠎ᠠ ᠶᠢᠨ ᠲᠤᠭᠳᠠᠴᠠ ᠪᠠᠷ ᠳᠠᠮᠵᠢᠭᠤᠯᠤᠨ ᠪᠦᠬᠦ ᠪᠦᠮᠪᠦᠷᠴᠡᠭ ᠲᠤ ᠨᠡᠩ ᠤᠯᠠᠨ ᠸᠠᠺᠼᠢᠨ ᠬᠠᠩᠭᠠᠬᠤ ᠪᠤᠯᠤᠨ᠎ᠠ ᠭᠡᠵᠦ ᠵᠧᠩ ᠵᠦᠩ ᠸᠧᠢ ᠬᠡᠯᠡᠪᠡ᠃ ︵ᠰᠢᠨᠬᠤᠸᠠ ᠬᠤᠷᠢᠶᠠᠨ ᠤ ᠬᠠᠶᠢᠨᠠᠨ ᠤ ᠪᠦᠸᠧ ᠤᠤ ᠶᠢᠨ 4 ᠰᠠᠷ᠎ᠠ ᠶᠢᠨ 20᠎ ᠤ ᠴᠠᠬᠢᠯᠭᠠᠨ ᠮᠡᠳᠡᠭᠡ︶
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号