1. ᠬᠦᠮᠦᠨ ᠤ ᠬᠦᠴᠦ ᠪᠠᠷ ᠠᠷᠢᠯᠭᠠᠬᠤ᠃ ᠡᠭᠦᠨ ᠳᠤ ᠭᠠᠷ ᠢᠶᠠᠷ ᠢᠶᠠᠨ ᠦᠭᠳᠡᠭᠡᠬᠦ ᠪᠠ ᠳᠦᠭᠦᠮ | ᠲᠠᠷᠢᠶᠠᠯᠠᠩ ᠤᠨ ᠪᠠᠭᠠᠵᠢ ᠪᠠᠷ ᠡᠪᠡᠰᠦ ᠠᠷᠢᠯᠭᠠᠬᠤ ᠪᠠᠭᠲᠠᠨ᠎ᠠ᠃ 2. ᠮᠠᠰᠢᠨ ᠢᠶᠠᠷ ᠡᠪᠡᠰᠦ ᠠᠷᠢᠯᠭᠠᠬᠤ᠃ ᠮᠠᠯ | ᠤᠨᠤᠭ᠎ᠠ ᠶᠢᠨ ᠬᠦᠴᠦ ᠪᠤᠶᠤ ᠮᠧᠬᠠᠨᠢᠭ ᠬᠦᠳᠡᠯᠭᠡᠭᠴᠢ ᠬᠦᠴᠦ ᠪᠠᠷ ᠡᠪᠡᠰᠦ ᠠᠷᠢᠯᠭᠠᠬᠤ ᠮᠠᠰᠢᠨ ᠢ ᠲᠠᠲᠠᠭᠤᠯᠤᠨ | ᠡᠪᠡᠰᠦ ᠠᠷᠢᠯᠭᠠᠬᠤ᠃ 3. ᠹᠢᠽᠢᠺ ᠤᠨ ᠠᠷᠭ᠎ᠠ ᠪᠠᠷ ᠡᠪᠡᠰᠦ ᠠᠷᠢᠯᠭᠠᠬᠤ᠃ ᠤᠰᠤ᠂ ᠭᠡᠷᠡᠯ᠂ ᠢᠯᠴᠢ ᠵᠡᠷᠭᠡ | ᠹᠢᠽᠢᠺ ᠤᠨ ᠡᠯᠧᠮᠧᠨ᠋ᠲ ᠢ ᠠᠰᠢᠭᠯᠠᠨ ᠡᠪᠡᠰᠦ ᠠᠷᠢᠯᠭᠠᠨ᠎ᠠ᠃ ᠵᠢᠱᠢᠶᠡᠯᠡᠪᠡᠯ ᠰᠢᠲᠠᠭᠠᠬᠤ ᠠᠷᠭ᠎ᠠ ᠪᠠᠷ | ᠬᠠᠭᠠᠯᠪᠤᠷᠢᠯᠠᠭᠰᠠᠨ ᠭᠠᠵᠠᠷ ᠲᠠᠬᠢ ᠡᠪᠡᠰᠦ ᠶᠢ ᠠᠷᠢᠯᠭᠠᠨ᠎ᠠ᠃ 4. ᠬᠢᠮᠢ ᠶᠢᠨ ᠠᠷᠭ᠎ᠠ ᠪᠠᠷ ᠡᠪᠡᠰᠦ ᠠᠷᠢᠯᠭᠠᠬᠤ᠃ | ᠳᠠᠷᠤᠢ ᠬᠢᠮᠢ ᠶᠢᠨ ᠡᠪᠡᠰᠦ ᠠᠷᠢᠯᠭᠠᠭᠴᠢ ᠡᠳ᠋ ᠢ ᠬᠡᠷᠡᠭᠯᠡᠨ ᠡᠯᠳᠡᠪ ᠡᠪᠡᠰᠦ ᠶᠢ ᠠᠷᠢᠯᠭᠠᠬᠤ ᠮᠦᠷᠲᠡᠭᠡᠨ ᠲᠠᠷᠢᠮᠠᠯ ᠢ | ᠭᠡᠮᠲᠦᠭᠡᠬᠦ ᠦᠭᠡᠢ᠃ ᠦᠷ᠎ᠡ ᠠᠴᠠ ᠨᠠᠬᠢᠶᠠᠯᠠᠨ ᠭᠠᠷᠤᠭᠰᠠᠨ ᠨᠢᠭᠡ ᠨᠠᠰᠤᠲᠤ ᠡᠯᠳᠡᠪ ᠡᠪᠡᠰᠦ ᠶᠢ ᠠᠷᠢᠯᠭᠠᠬᠤ ᠳᠠᠭᠠᠨ | ᠶᠡᠷᠦ ᠳᠡᠭᠡᠨ ᠦᠢᠯᠡᠳᠦᠯᠲᠦ ᠴᠢᠨᠠᠷ ᠢᠶᠠᠷ ᠤᠳᠠᠭᠠᠨ ᠳᠠᠭᠠᠭᠠᠮᠠᠭᠠᠢ ᠬᠦᠷᠦᠰᠦ ᠲᠤᠭᠤᠯᠤᠭᠤᠯᠬᠤ ᠡᠳ᠋ ᠢ ᠬᠡᠷᠡᠭᠯᠡᠵᠦ᠂ | ᠦᠨᠳᠦᠰᠦᠯᠢᠭ ᠡᠰᠢ ᠠᠴᠠ ᠨᠠᠬᠢᠶᠠᠯᠠᠭᠰᠠᠨ ᠤᠯᠠᠨ ᠨᠠᠰᠤᠲᠤ ᠡᠯᠳᠡᠪ ᠡᠪᠡᠰᠦ ᠶᠢ ᠠᠷᠢᠯᠭᠠᠬᠤ ᠳᠠᠭᠠᠨ ᠳᠠᠮᠵᠢᠭᠤᠯᠬᠤ | ᠦᠢᠯᠡᠳᠦᠯ ᠢᠶᠠᠷ ᠴᠢᠩᠭ᠎ᠠ᠂ ᠰᠤᠩᠭᠤᠯᠲᠠ ᠲᠠᠢ ᠡᠪᠡᠰᠦ ᠠᠷᠢᠯᠭᠠᠭᠴᠢ ᠡᠳ᠋ ᠢ ᠬᠡᠷᠡᠭᠯᠡᠨ᠎ᠡ᠃ 5. ᠠᠮᠢᠳᠤ ᠪᠤᠳᠠᠰ ᠢᠶᠠᠷ | ᠡᠪᠡᠰᠦ ᠠᠷᠢᠯᠭᠠᠬᠤ᠃ ᠬᠤᠷᠤᠬᠠᠢ ᠰᠢᠪᠠᠵᠢ᠂ ᠮᠠᠯ ᠵᠢᠭᠦᠷᠲᠡᠨ᠂ ᠡᠪᠡᠳᠴᠢᠨ ᠡᠭᠦᠰᠭᠡᠭᠴᠢ ᠮᠢᠺᠷᠣᠪ ᠪᠤᠯᠤᠨ | ᠦᠷᠢᠰᠦᠯᠳᠦᠬᠦ ᠬᠦᠴᠦ ᠪᠠᠷ ᠴᠢᠩᠭ᠎ᠠ ᠤᠷᠭᠤᠮᠠᠯ ᠵᠢᠴᠢ ᠲᠡᠭᠦᠨ ᠤ ᠰᠤᠯᠢᠯᠴᠠᠭᠠᠨ ᠤ ᠪᠦᠲᠦᠭᠡᠭᠳᠡᠬᠦᠨ ᠢ ᠠᠰᠢᠭᠯᠠᠨ | ᠡᠯᠳᠡᠪ ᠡᠪᠡᠰᠦ ᠶᠢ ᠰᠡᠷᠭᠡᠶᠢᠯᠡᠬᠦ ᠪᠤᠶᠤ ᠠᠷᠢᠯᠭᠠᠨ᠎ᠠ᠃ ᠵᠢᠱᠢᠶᠡᠯᠡᠪᠡᠯ ᠲᠤᠲᠤᠷᠭᠠᠨ ᠲᠠᠷᠢᠶᠠᠨ ᠳᠤᠮᠳᠠ ᠵᠢᠭᠠᠰᠤ | ᠲᠡᠵᠢᠭᠡᠬᠦ᠂ ᠨᠤᠭᠤᠰᠤ ᠪᠠᠷ ᠡᠯᠳᠡᠪ ᠡᠪᠡᠰᠦ ᠶᠢ ᠰᠡᠷᠭᠡᠶᠢᠯᠡᠨ ᠠᠷᠢᠯᠭᠠᠬᠤ ᠵᠡᠷᠭᠡ᠃ 6. ᠠᠮᠢ ᠠᠬᠤᠢ ᠶᠢᠨ ᠡᠪᠡᠰᠦ | ᠠᠷᠢᠯᠭᠠᠬᠤ᠃ ᠲᠠᠷᠢᠶᠠᠯᠠᠩ ᠤᠨ ᠪᠤᠶᠤ ᠪᠤᠰᠤᠳ ᠠᠷᠭ᠎ᠠ ᠶᠢ ᠬᠡᠷᠡᠭᠯᠡᠨ᠂ ᠨᠡᠯᠢᠶᠡᠳ ᠶᠡᠭᠡ ᠬᠡᠪᠴᠢᠶᠡᠨ ᠤ ᠳᠤᠲᠤᠷ᠎ᠠ | ᠲᠠᠷᠢᠮᠠᠯ ᠤᠨ ᠤᠷᠭᠤᠯᠲᠠ ᠳᠤ ᠠᠰᠢᠭᠲᠠᠢ ᠪᠤᠯᠪᠠᠴᠤ ᠡᠯᠳᠡᠪ ᠡᠪᠡᠰᠦᠨ ᠤ ᠤᠷᠭᠤᠯᠲᠠ ᠳᠤ ᠠᠰᠢᠭ ᠦᠭᠡᠢ ᠠᠮᠢ | ᠠᠬᠤᠢ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ ᠵᠢᠱᠢᠶᠡᠯᠡᠪᠡᠯ ᠤᠰᠤ ᠬᠠᠭᠤᠷᠠᠢ ᠶᠢᠨ ᠲᠠᠷᠢᠶ᠎ᠠ ᠶᠢ ᠡᠭᠡᠯᠵᠢᠯᠡᠨ | ᠲᠠᠷᠢᠬᠤ ᠳᠦᠷᠢᠮ ᠢ ᠬᠡᠷᠡᠭᠵᠢᠭᠦᠯᠬᠦ ᠨᠢ ᠮᠠᠰᠢ ᠤᠯᠠᠨ ᠤᠰᠤᠳᠤᠯ ᠳᠤ ᠲᠡᠰᠪᠦᠷᠢ ᠦᠭᠡᠢ ᠪᠤᠶᠤ ᠭᠠᠩ ᠳᠤ ᠲᠡᠰᠪᠦᠷᠢ | ᠦᠭᠡᠢ ᠡᠯᠳᠡᠪ ᠡᠪᠡᠰᠦ ᠶᠢ ᠨᠡᠯᠢᠶᠡᠳ ᠰᠠᠶᠢᠨ ᠢᠶᠠᠷ ᠬᠢᠵᠠᠭᠠᠷᠯᠠᠵᠤ ᠴᠢᠳᠠᠳᠠᠭ᠃ | | | ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ | ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ |