ᠰᠤᠷᠪᠤᠯᠵᠢᠯᠠᠭᠰᠠᠨ ᠴᠠᠭ᠄ 2021 — 02 — 09 | ᠰᠤᠷᠪᠤᠯᠵᠢᠯᠠᠭᠰᠠᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠯᠸᠢ ᠵᠢᠶ ᠫᠧᠩ | ᠰᠤᠷᠪᠤᠯᠵᠢᠯᠠᠭ᠎ᠠ ᠶᠢᠨ ᠲᠣᠪᠴᠢ᠄ ᠵᠢᠯ ᠪᠦᠷᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ | ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ | ᠢᠯᠠᠩᠭᠤᠶ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ | ᠴᠡᠭ ᠪᠣᠯᠵᠣ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ | ᠪᠦᠬᠦ ᠲᠠᠯ᠎ᠠ ᠪᠠᠷ᠂ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ ᠥᠪᠡᠷᠲᠡᠭᠡᠨ ᠵᠠᠰᠠᠬᠤ | ᠣᠷᠣᠨ ᠤ ᠰᠤᠳᠤᠯᠬᠤ ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 | ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ | ᠠᠭᠤᠯᠭ᠎ᠠ ᠶᠢᠨ ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ | | ᠰᠤᠷᠪᠤᠯᠵᠢᠯᠠᠭᠰᠠᠨ ᠲᠡᠮᠳᠡᠭᠯᠡᠯ | | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ | ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠵᠢᠯ ᠪᠦᠷᠢ ᠶᠢᠨ ᠥᠪᠡᠷᠲᠡᠭᠡᠨ ᠵᠠᠰᠠᠬᠤ | ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ | ᠥᠷᠭᠡᠨ ᠢᠶᠠᠷ ᠲᠠᠲᠠᠵᠤ᠂ ᠢᠯᠠᠩᠭᠤᠶ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ | ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ | ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ | ᠲᠡᠭᠦᠨ ᠢᠶᠠᠷ 2021 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ | ᠯᠧᠢ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | | | ᠯᠸᠢ ᠵᠢᠶ ᠫᠧᠩ᠄ | ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︕ | | | ᠬᠥᠲᠥᠯᠥᠭᠴᠢ᠄ | ᠣᠯᠠᠨ ᠤ ᠮᠡᠳᠡᠭᠡᠵᠢ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠷᠪᠢᠬᠤ ᠨᠢ ᠡᠯ᠎ᠡ | ᠲᠠᠯ᠎ᠠ ᠶᠢᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ | ᠲᠠ ᠪᠢᠳᠡᠨ ᠳᠤ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠭᠰᠠᠨ ᠶᠠᠪᠤᠴᠠ ᠵᠢᠴᠢ | ᠢᠯᠡᠳᠬᠡᠯ ᠤᠨ ᠪᠣᠷᠣ ᠲᠥᠰᠥᠪ ᠢ ᠲᠠᠨᠢᠯᠴᠠᠭᠤᠯᠤᠭᠠᠳ ᠥᠭᠭᠦᠨ᠎ᠡ ᠦᠦ︖ ᠭᠤᠣᠯ ᠠᠭᠤᠯᠭ᠎ᠠ ᠨᠢ ᠶᠠᠮᠠᠷ | ᠣᠨᠴᠠᠯᠢᠭ ᠲᠠᠢ ᠪᠤᠶ︖ | | | ᠯᠸᠢ ᠵᠢᠶ ᠫᠧᠩ᠄ | ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠪᠦ᠋ ᠰᠢᠶᠤᠤ ᠯᠢᠨ ᠤ ᠬᠢᠭᠰᠡᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠦ ᠪᠠᠲᠤᠯᠠᠪᠠ᠃ ᠡᠨᠡ ᠬᠦ ᠢᠯᠡᠳᠬᠡᠯ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠢ ᠪᠥᠬᠦ ᠲᠠᠯ᠎ᠠ ᠪᠠᠷ ᠡᠮᠬᠢᠯᠡᠨ | ᠳᠢᠭᠯᠡᠭᠰᠡᠨ ᠢᠶᠠᠷ ᠪᠠᠷᠠᠬᠤ ᠥᠬᠡᠶ᠂ ︽13 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠰᠢᠰᠲ᠋ᠧᠮ ᠲᠠᠢ | ᠳ᠋ᠦᠩᠨᠡᠭᠰᠡᠨ ᠤ ᠬᠠᠮᠲᠤ ︽14 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ ᠬᠠᠷᠠᠯᠲᠠ | ᠡᠭᠦᠷᠭᠡ ᠪᠠ 2021 ᠣᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠡᠨᠡ ᠨᠢ ᠡᠨᠡ ᠵᠢᠯ | ᠴᠢᠨᠠᠭᠰᠢᠯᠠᠪᠠᠯ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ | ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦ᠋ ᠰᠢᠶᠤᠤ ᠯᠢᠨ ᠲᠡᠷᠢᠭᠦᠯᠡᠭᠴᠢ ᠶᠢᠨ ᠱᠠᠭᠠᠷᠳᠠᠯᠭ᠎ᠠ ᠶᠣᠰᠣᠭᠠᠷ᠂ | ᠨᠢᠳᠤᠨᠤᠨ ᠤ 10 ᠰᠠᠷ᠎ᠠ ᠶᠢᠨ ᠳᠤᠮᠳᠠᠴᠢ ᠪᠠᠷ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠢᠶᠠᠷ | ᠳᠤᠭᠤᠶᠢᠯᠠᠩ ᠤᠨ ᠳᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ | ᠰᠤᠳᠤᠯᠭᠠᠨ ᠤ ᠲᠠᠰᠤᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠬᠠᠷᠢᠭᠤᠴᠠᠯᠭᠠᠲᠠᠨ ᠢᠶᠠᠷ ᠭᠡᠰᠢᠭᠦᠨ | ᠪᠣᠯᠭᠠᠭᠰᠠᠨ ᠢᠯᠡᠳᠬᠡᠯ ᠲᠤᠭᠤᠷᠪᠢᠬᠤ ᠳᠤᠭᠤᠶᠢᠯᠠᠩ ᠢ ᠪᠠᠶᠢᠭᠤᠯᠵᠤ᠂ ᠲᠤᠭᠤᠷᠪᠢᠬᠤ ᠠᠵᠢᠯ ᠤᠨ ᠨᠠᠷᠢᠨ ᠲᠥᠰᠦᠯ ᠢ | ᠲᠣᠭᠲᠠᠭᠠᠭᠰᠠᠨ ᠪᠠᠶᠢᠨ᠎ᠠ᠃ ᠲᠤᠭᠤᠷᠪᠢᠨ ᠪᠢᠴᠢᠬᠦ ᠶᠠᠪᠤᠴᠠ ᠳᠤ᠂ ᠪᠦ᠋ ᠰᠢᠶᠤᠤ ᠯᠢᠨ ᠲᠡᠷᠢᠭᠦᠯᠡᠭᠴᠢ ᠥᠪᠡᠷ ᠤᠨ | ᠪᠡᠶ᠎ᠡ ᠪᠠᠷ ᠢᠶᠠᠨ ᠪᠠᠶᠢᠷᠢᠯᠠᠭᠤᠯᠵᠤ᠂ ᠢᠯᠡᠳᠬᠡᠯ ᠢ ᠲᠤᠭᠤᠷᠪᠢᠨ ᠪᠢᠴᠢᠬᠦ ᠠᠵᠢᠯ ᠳᠤ ᠮᠠᠰᠢ ᠤᠯᠠᠨ ᠪᠣᠳᠠᠲᠠᠢ | ᠱᠠᠭᠠᠷᠳᠠᠯᠭ᠎ᠠ ᠳᠤᠷᠠᠳᠴᠤ᠂ ᠬᠠᠮᠤᠭ ᠤᠨ ᠡᠴᠦᠰ ᠲᠤ ᠥᠪᠡᠷ ᠢᠶᠠᠨ ᠢᠯᠡᠳᠭᠡᠯ ᠢ ᠬᠢᠨᠠᠨ ᠲᠣᠭᠲᠠᠭᠠᠪᠠ᠃ | ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠯᠠᠨ ᠤᠳᠠᠭ᠎ᠠ ᠲᠤᠭᠤᠷᠪᠢᠨ ᠪᠢᠴᠢᠬᠦ ᠳᠤᠭᠤᠶᠢᠯᠠᠩ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠨᠥᠬᠦᠳ ᠢ ᠵᠣᠬᠢᠶᠠᠨ ᠪᠠᠶᠢᠭᠤᠯᠤᠨ ᠢᠯᠡᠳᠬᠡᠯ ᠢ ᠨᠠᠷᠢᠨ ᠬᠢᠨᠠᠮᠠᠭᠠᠢ | ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠳᠡᠳ᠋ ᠲᠡᠷᠢᠭᠦᠯᠡᠭᠴᠢ ᠴᠥᠮ ᠬᠤᠪᠢᠳᠠᠨ ᠬᠠᠮᠢᠶᠠᠷᠴᠤ ᠪᠠᠶᠢᠭ᠎ᠠ | ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠲᠦ ᠮᠠᠲ᠋ᠧᠷᠢᠶᠠᠯ ᠬᠠᠩᠭᠠᠪᠠ᠃ ᠢᠯᠡᠳᠬᠡᠯ ᠢ | ᠲᠤᠭᠤᠷᠪᠢᠬᠤ ᠨᠢ ᠳᠥᠭᠦᠮᠬᠡᠨ ᠡᠬᠡ ᠪᠢᠴᠢᠭ ᠢ ᠲᠤᠭᠤᠷᠪᠢᠬᠤ ᠪᠠ ᠲᠠᠬᠢᠨ ᠳᠠᠪᠲᠠᠨ ᠲᠤᠩᠭᠠᠨ ᠪᠣᠳᠣᠯᠬᠢᠯᠠᠬᠤ ᠶᠠᠪᠤᠴᠠ | ᠲᠡᠳᠦᠢ ᠪᠢᠰᠢ᠂ ᠬᠠᠷᠢᠨ ᠠᠷᠠᠳ ᠤᠨ ᠰᠡᠳᠬᠢᠯ ᠳᠤ ᠣᠶᠢᠷᠠᠲᠤᠭᠰᠠᠨ᠂ ᠠᠷᠠᠳ ᠤᠨ ᠰᠠᠨᠠᠭ᠎ᠠ ᠶᠢ ᠨᠢᠭᠲᠠᠷᠠᠭᠤᠯᠤᠭᠰᠠᠨ᠂ | ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠡᠳᠬᠡᠭᠰᠡᠨ᠂ ᠪᠦᠬᠦ ᠣᠷᠣᠨ ᠤ ᠦᠨᠳᠦᠰᠦᠲᠡᠨ ᠨᠦᠭᠦᠳ ᠤᠨ | ᠤᠯᠠᠨ ᠲᠦᠮᠡᠨ ᠤ ᠬᠠᠮᠲᠤ ᠶᠢᠨ ᠬᠦᠰᠡᠯ ᠰᠠᠨᠠᠭ᠎ᠠ ᠶᠢ ᠢᠯᠡᠷᠡᠭᠦᠯᠦᠭᠰᠡᠨ ᠴᠢᠬᠤᠯᠠ ᠠᠵᠢᠯ ᠪᠣᠯᠤᠨ᠎ᠠ᠂ ᠲᠡᠷᠡ ᠨᠢ | ᠦᠨᠡᠨ ᠳᠤ ᠪᠠᠨ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ | ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠲᠥᠪᠯᠡᠷᠡᠩᠭᠦᠢ ᠢᠯᠡᠷᠡᠯ ᠪᠣᠯᠤᠨ᠎ᠠ᠃ | ᠢᠯᠡᠳᠬᠡᠯ ᠢ ᠲᠤᠭᠤᠷᠪᠢᠨ ᠪᠢᠴᠢᠬᠦ ᠶᠠᠪᠤᠴᠠ ᠳᠤ᠂ ᠪᠢᠳᠡ ᠤᠷᠢᠳ ᠬᠤᠵᠢᠳ 9 ᠠᠶᠢᠮᠠᠭ ᠬᠤᠳᠠ᠂ 20 ᠰᠠᠯᠠᠭ᠎ᠠ | ᠮᠥᠴᠢᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠳᠠᠯᠢ ᠪᠤᠰᠤ ᠲᠡᠰ ᠳᠠᠪᠬᠤᠷᠭ᠎ᠠ ᠶᠢᠨ ᠶᠠᠷᠢᠯᠴᠠᠬᠤ | ᠬᠤᠷᠠᠯ ᠢ 40 ᠰᠢᠬᠠᠮ ᠤᠳᠠᠭ᠎ᠠ ᠬᠤᠷᠠᠯᠳᠤᠭᠤᠯᠵᠤ᠂ ᠡᠯ᠎ᠡ ᠭᠠᠵᠠᠷ ᠣᠷᠣᠨ᠂ ᠡᠯ᠎ᠡ ᠹᠷᠣᠨᠲ ᠤᠨ ᠨᠥᠬᠦᠳ ᠲᠠᠢ | ᠰᠠᠨᠠᠯ ᠢᠶᠠᠨ ᠭᠦᠢᠴᠡᠳ ᠰᠣᠯᠢᠯᠴᠠᠵᠤ᠂ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ | ᠰᠣᠨᠣᠰᠴᠤ᠂ ᠬᠠᠮᠤᠭ ᠤᠨ ᠠᠩᠬᠠᠨ ᠤ ᠪᠠᠶᠢᠳᠠᠯ ᠢ ᠭᠦᠢᠴᠡᠳ ᠡᠵᠡᠮᠰᠢᠵᠦ᠂ ᠦᠨᠳᠦᠰᠦᠨ ᠱᠠᠳᠤ ᠪᠠ ᠤᠯᠠᠨ | ᠲᠦᠮᠡᠨ ᠤ ᠬᠦᠰᠡᠯ ᠰᠠᠨᠠᠭ᠎ᠠ ᠶᠢ ᠢᠯᠡᠳᠬᠡᠯ ᠳᠤ ᠦᠨᠡᠨ ᠪᠣᠳᠠᠲᠠᠢ ᠢᠯᠡᠷᠡᠭᠦᠯᠬᠦ ᠪᠠᠷ ᠴᠢᠷᠮᠠᠶᠢᠪᠠ᠃ ᠢᠯᠡᠳᠬᠡᠯ ᠤᠨ | ᠡᠭᠡ ᠨᠤᠤᠷᠠᠭ ᠪᠦᠷᠢᠯᠳᠦᠭᠰᠡᠨ ᠤ ᠲᠠᠷᠠᠭ᠎ᠠ᠂ ᠪᠢᠳᠡ ᠤᠷᠢᠳ ᠬᠤᠵᠢᠳ ᠡᠯ᠎ᠡ ᠠᠶᠢᠮᠠᠭ ᠬᠤᠳᠠ᠂ ᠥᠪᠡᠷᠲᠡᠭᠡᠨ | ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠵᠠᠰᠠᠭ ᠤᠨ ᠣᠷᠳᠣᠨ ᠤ ᠤᠳᠤᠷᠢᠳᠤᠯᠭ᠎ᠠ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ | ᠵᠢᠴᠢ ᠵᠠᠰᠠᠭ ᠤᠨ ᠣᠷᠳᠣᠨ ᠤ ᠵᠥᠪᠯᠡᠭᠴᠢ᠂ ᠰᠣᠶᠣᠯ ᠲᠡᠦᠬᠡ ᠶᠢᠨ ᠣᠷᠳᠣᠨ ᠤ ᠠᠵᠢᠯᠳᠠᠨ ᠤ ᠰᠠᠨᠠᠯ ᠢ ᠬᠤᠷᠢᠶᠠᠵᠤ᠂ | ᠨᠡᠶᠢᠳᠡ 449 ᠵᠤᠷᠪᠤᠰ ᠰᠠᠨᠠᠯ ᠰᠠᠨᠠᠭᠤᠯᠭ᠎ᠠ ᠶᠢ ᠲᠣᠰᠴᠤ᠂ ᠲᠤᠭᠤᠷᠪᠢᠨ ᠪᠢᠴᠢᠬᠦ ᠳᠤᠭᠤᠶᠢᠯᠠᠩ ᠤᠨ ᠬᠢᠨ | ᠭᠦᠢᠴᠡᠳ ᠰᠢᠩᠭᠡᠭᠡᠨ ᠠᠪᠤᠪᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ | ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠪᠢᠳᠡ ᠪᠠᠰᠠ ᠬᠤᠷᠠᠯ ᠤᠨ | ᠵᠣᠷᠢᠭ ᠰᠠᠨᠠᠭ᠎ᠠ ᠶᠢ ᠦᠨᠳᠦᠰᠦᠯᠡᠨ ᠢᠯᠡᠳᠬᠡᠯ ᠳᠤ ᠵᠠᠰᠠᠪᠤᠷᠢ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ ᠬᠤᠷᠠᠯ | ᠬᠤᠷᠠᠯᠳᠤᠭᠤᠯᠵᠤ᠂ ᠢᠯᠡᠳᠬᠡᠯ ᠢ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ | ᠤᠨ ᠬᠤᠭᠤᠴᠠᠭᠠᠨ ᠳᠤ᠂ ᠪᠢᠳᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠬᠢᠨᠠᠨ ᠵᠥᠪᠯᠡᠭᠰᠡᠨ ᠰᠠᠨᠠᠯ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠭᠰᠠᠨ ᠰᠠᠨᠠᠯ ᠢ | ᠥᠷᠭᠡᠨ ᠢᠶᠠᠷ ᠰᠣᠨᠣᠰᠴᠤ᠂ ᠢᠯᠡᠳᠬᠡᠯ ᠳᠤ ᠬᠠᠮᠤᠭ ᠤᠨ ᠡᠴᠦᠰ ᠤᠨ ᠵᠠᠰᠠᠪᠤᠷᠢ ᠣᠷᠣᠭᠤᠯᠵᠤ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠯᠲᠠ ᠬᠢᠯᠭᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠤᠭᠰᠠᠨ ᠤ ᠳᠠᠷᠠᠭ᠎ᠠ᠂ ᠣᠲᠣ ᠶᠢᠨ | ᠢᠯᠡᠳᠬᠡᠯ ᠤᠨ ᠨᠣᠤᠷᠠᠭ ᠢ ᠪᠦᠷᠢᠯᠳᠦᠭᠦᠯᠦᠭᠰᠡᠨ ᠪᠥᠭᠡᠳ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ | ᠨᠡᠶᠢᠲᠡᠯᠡᠪᠡ᠃ ᠭᠤᠣᠯ ᠠᠭᠤᠯᠭ᠎ᠠ ᠠᠴᠠ ᠨᠢ ᠠᠪᠴᠤ ᠦᠵᠡᠪᠡᠯ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠢ ᠭᠤᠣᠯᠳᠠᠭᠤ ᠲᠦᠷᠪᠡᠨ ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ᠄ 2020 ᠣᠨ ᠵᠢᠴᠢ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠡᠷᠭᠢᠴᠡᠭᠦᠯᠦᠯ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠡᠰᠡᠷᠭᠦᠴᠡᠬᠦ᠂ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ᠂ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠥᠭᠡᠷᠡᠴᠢᠯᠡᠯᠲᠡ ᠨᠡᠭᠡᠭᠡᠯᠳᠡ | ᠬᠢᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠨᠠᠢᠮᠠᠨ ᠲᠠᠯ᠎ᠠ ᠠᠴᠠ ᠥᠩᠭᠡᠷᠡᠭᠰᠡᠨ ᠨᠢᠭᠡ | ᠵᠢᠯ ᠤᠨ ᠠᠵᠢᠯ ᠢ ᠡᠮᠬᠢᠯᠡᠪᠡ᠃ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠦᠭᠰᠡᠨ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠯᠲᠠ ᠳᠤ ᠲᠡᠤᠬᠡᠲᠦ ᠴᠢᠨᠠᠷᠲᠠᠶ | ᠠᠮᠵᠢᠯᠲᠠ ᠪᠦᠲᠦᠮᠵᠢ ᠣᠯᠣᠭᠰᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠣᠭᠰᠠᠨ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ | ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠵᠡᠷᠭᠡ ᠲᠠᠪᠤᠨ ᠲᠠᠯ᠎ᠠ ᠠᠴᠠ ᠥᠩᠭᠡᠷᠡᠭᠰᠡᠨ ᠲᠠᠪᠤᠨ ᠵᠢᠯ ᠤᠨ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠣᠪᠤᠶᠢᠮ᠎ᠠ ᠠᠮᠵᠢᠯᠲᠠ ᠪᠦᠲᠦᠮᠵᠢ ᠶᠢ | ᠰᠢᠰᠲ᠋ᠧᠮ ᠲᠠᠢ ᠳ᠋ᠦᠩᠨᠡᠭᠰᠡᠨ ᠪᠠᠶᠢᠨ᠎ᠠ᠃ ᠡᠭᠦᠨ ᠤ ᠵᠡᠷᠭᠡᠴᠡᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ | ᠵᠠᠰᠠᠭ ᠤᠨ ᠣᠷᠳᠣᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ | ᠵᠠᠳᠠᠯᠤᠨ ᠵᠢᠭᠠᠵᠤ ᠭᠠᠷᠭᠠᠵᠠᠶ᠃ ᠬᠤᠶᠠᠳᠤᠭᠠᠷ ᠬᠡᠰᠡᠭ᠄ ︽14 · 5︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ᠃ ᠭᠤᠣᠯᠳᠠᠭᠤ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠬᠤᠶᠢᠰᠢᠳᠠ ᠶᠢᠨ ᠲᠠᠪᠤᠨ ᠵᠢᠯ ᠤᠨ ᠭᠤᠣᠯ | ᠬᠠᠷᠠᠯᠲᠠ ᠡᠭᠦᠷᠭᠡ ᠶᠢ ᠳᠤᠷᠠᠳᠤᠨ ᠭᠠᠷᠭᠠᠪᠠ᠃ ᠭᠤᠷᠪᠠᠳᠤᠭᠠᠷ ᠬᠡᠰᠡᠭ᠄ 2021 ᠣᠨ ᠤ ᠠᠵᠢᠯ ᠤᠨ | ᠲᠣᠬᠢᠷᠠᠭᠤᠯᠤᠯᠲᠠ᠃ ᠨᠢᠭᠡ ᠳᠤ᠂ 2021 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ | ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠪᠠ᠃ | ᠬᠤᠶᠠᠷ ᠲᠤ᠂ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠡᠭᠦᠨ ᠳᠤ ᠭᠤᠣᠯᠳᠠᠭᠤ᠄ ᠠᠵᠤ | ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ | ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ | ᠨᠡᠭᠡᠭᠡᠯᠲᠡ ᠶᠢ ᠨᠠᠩ ᠶᠡᠭᠡ ᠡᠷᠴᠢᠮ ᠲᠠᠢ ᠪᠠᠷ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠤᠨ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ | ᠳᠥᠷᠪᠡᠳᠦᠭᠡᠷ ᠬᠡᠰᠡᠭ᠄ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠨᠡ | ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠦᠷᠭᠦᠯᠵᠢᠯᠡᠨ ᠡᠨᠡ ᠲᠠᠯ᠎ᠠ ᠶᠢᠨ ᠠᠭᠤᠯᠭ᠎ᠠ ᠶᠢ | ᠠᠰ ᠲᠤ ᠨᠢ ᠨᠢᠭᠡ ᠬᠡᠰᠡᠭ ᠪᠣᠯᠭᠠᠨ ᠲᠣᠭᠠᠴᠢᠨ ᠥᠭᠦᠯᠡᠵᠦ᠂ ᠤᠯᠤᠰ ᠲᠦᠷᠦ ᠶᠢᠨ ᠪᠠᠶᠢᠭᠤᠯᠤᠯᠲᠠ ᠶᠢ | ᠴᠢᠩᠭᠠᠳᠬᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠢ ᠪᠠᠷᠢᠮᠲᠠᠯᠠᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠡᠰᠡᠷᠭᠦᠴᠡᠨ ᠲᠡᠪᠴᠢᠬᠦ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠵᠡᠷᠭᠡ | ᠲᠠᠯ᠎ᠠ ᠠᠴᠠ ᠰᠢᠨ᠎ᠡ ᠨᠢᠭᠡ ᠵᠢᠯ ᠳᠤ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠬᠤ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | | | ᠬᠥᠲᠥᠯᠥᠭᠴᠢ᠄ | ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠳᠤ ᠶᠠᠮᠠᠷ | ᠶᠠᠮᠠᠷ ᠭᠤᠤᠯ ᠠᠮᠵᠢᠯᠲᠠ ᠣᠯᠤᠭᠰᠠᠨ ᠢ ᠰᠦᠯᠵᠢᠶᠡᠨ ᠤ ᠠᠨᠳᠠ ᠨᠠᠷ ᠲᠠᠢ ᠬᠤᠪᠢᠶᠠᠯᠴᠠᠨ᠎ᠠ ᠦᠦ︖ ᠡᠭᠦᠨ ᠤ ᠬᠠᠮᠲᠤ | 2020 ᠣᠨ ᠪᠣᠯ ︽13 · 5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠂ ᠮᠠᠨ ᠤ | ᠣᠷᠣᠨ ᠤ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠳᠤᠮᠳᠠᠬᠢ ᠬᠢᠯᠠᠰ ᠴᠡᠭ ᠢ ᠲᠠᠨᠢᠯᠴᠠᠭᠤᠯᠤᠨ᠎ᠠ ᠦᠦ︖ | | | ᠯᠸᠢ ᠵᠢᠶ ᠫᠧᠩ᠄ | 2020 ᠣᠨ ᠳᠤ᠂ ᠲᠦᠢᠯ ᠤᠨ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ | ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠠᠵᠤ | ᠠᠬᠤᠶ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠳᠤ ᠣᠷᠣᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ | ᠵᠣᠬᠢᠴᠠᠯ ᠲᠠᠢ ᠪᠥᠭᠡᠳ ᠠᠮᠤᠷ ᠲᠣᠭᠲᠠᠭᠤᠨ ᠪᠠᠶᠢᠯᠭᠠᠵᠤ᠂ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ | ᠬᠠᠭᠤᠳᠠᠰᠤ ᠲᠤᠰᠢᠶᠠᠭᠰᠠᠨ ᠪᠠᠶᠢᠨ᠎ᠠ᠃ 2020 ᠣᠨ ᠤ ᠠᠮᠵᠢᠯᠲᠠ ᠪᠦᠲᠦᠮᠵᠢ ᠨᠢ ᠭᠤᠤᠯᠳᠠᠭᠤ ᠨᠠᠢᠮᠠᠨ ᠲᠠᠯ᠎ᠠ ᠪᠠᠷ | ᠢᠯᠡᠷᠡᠵᠦ ᠪᠣᠶ᠄ ᠨᠢᠭᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ | ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ ᠤᠨ | ᠤᠷᠢᠶᠠᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ | ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠦᠳᠲᠡᠷ | ᠲᠦᠷᠭᠡᠨ ᠪᠠᠶᠢᠭᠤᠯᠵᠤ᠂ 55 ᠡᠳᠦᠷ ᠤᠨ ᠴᠠᠭ ᠵᠠᠷᠤᠴᠠᠭᠤᠯᠵᠤ ᠪᠠᠶᠢᠭᠠᠳ ᠲᠤᠬᠠᠢ ᠶᠢᠨ ᠭᠠᠵᠠᠷ ᠤᠨ ᠣᠨᠣᠰᠢᠯᠠᠭᠰᠠᠨ | ᠡᠪᠡᠳᠴᠢᠨ ᠤ ᠵᠢᠱᠢᠶ᠎ᠡ ᠶᠢ ᠠᠩᠬ᠎ᠠ ᠤᠳᠠᠭ᠎ᠠ ᠲᠡᠭ ᠪᠣᠯᠭᠠᠬᠤ ᠶᠢ ᠪᠡᠶᠡᠯᠡᠭᠦᠯᠵᠦ᠂ ᠪᠦᠬᠦ ᠤᠯᠤᠰ ᠤᠨ ᠬᠡᠪᠴᠢᠶ᠎ᠡ ᠠᠴᠠ | ᠠᠪᠴᠤ ᠦᠵᠡᠪᠡᠯ ᠬᠡᠷᠡᠭᠯᠡᠭᠰᠡᠨ ᠴᠠᠭ ᠨᠢ ᠨᠡᠯᠢᠶᠡᠳ ᠣᠬᠤᠷ ᠶᠤᠮ᠃ ᠡᠭᠦᠨ ᠤ ᠬᠠᠮᠲᠤ᠂ ᠨᠡᠶᠢᠰᠯᠡᠯ ᠤᠨ ᠨᠢᠰᠬᠡᠯ ᠤᠨ | ᠪᠠᠭᠤᠳᠠᠯ ᠠᠴᠠ ᠬᠤᠪᠢᠶᠠᠷᠢᠯᠠᠨ ᠶᠠᠪᠤᠭᠤᠯᠤᠭᠰᠠᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠬᠢᠯᠢ ᠶᠢᠨ | ᠭᠠᠳᠠᠨ᠎ᠠ ᠠᠴᠠ ᠥᠷᠥᠵᠤ ᠢᠷᠡᠭᠰᠡᠨ ᠡᠪᠡᠳᠴᠢᠨ ᠤ ᠵᠢᠱᠢᠶ᠎ᠡ ᠶᠢᠨ ︽ᠡᠪᠡᠳᠴᠢᠨ ᠢᠶᠠᠷ ᠨᠠᠰᠤ ᠪᠠᠷᠠᠭᠰᠠᠨ ᠬᠥᠮᠦᠨ | ᠥᠬᠡᠶ︾ ︽ᠲᠠᠷᠬᠠᠭᠠᠭᠰᠠᠨ ᠬᠥᠮᠦᠨ ᠥᠬᠡᠶ︾ ︽ᠭᠠᠳᠠᠭᠰᠢ ᠭᠠᠷᠭᠠᠭᠰᠠᠨ ᠬᠥᠮᠦᠨ ᠥᠬᠡᠶ︾ ᠪᠠᠶᠢᠬᠤ ᠶᠢ | ᠪᠡᠶᠡᠯᠡᠭᠦᠯᠵᠠᠢ᠃ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ | ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ 11 ᠳ᠋ᠦ᠋ᠭᠡᠷ ᠰᠠᠷ᠎ᠠ ᠳᠤ ᠮᠠᠨᠵᠤᠤᠷ ᠬᠤᠲᠠ ᠳᠠᠬᠢ ᠭᠠᠳᠠᠨ᠎ᠠ ᠠᠴᠠ | ᠣᠷᠣᠵᠤ ᠢᠷᠡᠭᠰᠡᠨ ᠬᠢᠵᠢᠭ ᠤᠨ ᠪᠠᠶᠢᠳᠠᠯ ᠢ ᠣᠨᠣᠪᠴᠢᠲᠠᠶ ᠪᠥᠭᠡᠳ ᠪᠦᠲᠦᠮᠵᠢᠲᠡᠶ ᠪᠠᠷ ᠰᠢᠢᠳᠪᠦᠷᠢᠯᠡᠪᠡ᠃ | ᠣᠳᠣᠬᠠᠨ ᠳᠤ᠂ ᠡᠷᠬᠢᠨ ᠲᠣᠭᠤᠷᠢᠨ ᠤ ᠬᠡᠰᠡᠭ ᠮᠤᠵᠢ ᠣᠷᠣᠨ ᠤ ᠬᠢᠵᠢᠭ ᠤᠨ ᠪᠠᠶᠢᠳᠠᠯ ᠲᠠᠰᠤᠷᠠᠯᠲᠠ ᠥᠬᠡᠶ | ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠮᠠᠨ ᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ | ᠪᠠᠶᠢᠳᠠᠯ ᠢᠶᠠᠨ ᠦᠷᠭᠦᠯᠵᠢᠯᠡᠨ ᠪᠠᠲᠤᠯᠠᠵᠤ ᠪᠠᠶᠢᠨ᠎ᠠ᠂ ᠡᠨᠡ ᠪᠣᠯ ᠮᠠᠰᠢ ᠬᠢᠯᠪᠠᠷ ᠪᠤᠰᠤ ᠶᠠᠪᠤᠳᠠᠯ ᠶᠤᠮ᠃ ᠬᠤᠶᠠᠷ ᠲᠤ᠂ | ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠢᠳᠡᠪᠬᠢᠲᠡᠶ ᠦᠷ᠎ᠡ ᠪᠦᠲᠦᠮᠵᠢ | ᠤᠯᠪᠠ᠃ ᠬᠢᠵᠢᠭ ᠤᠨ ᠪᠠᠶᠢᠳᠠᠯ ᠢ ᠡᠵᠡᠮᠳᠡᠭᠰᠡᠨ ᠤ ᠳᠠᠷᠠᠭ᠎ᠠ᠂ ᠮᠠᠨ ᠤ ᠣᠷᠣᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠪᠠᠷ ᠵᠠᠬ᠎ᠠ | ᠳᠡᠯᠭᠡᠭᠦᠷ ᠤᠨ ᠭᠤᠤᠯ ᠴᠣᠭᠴᠠ ᠶᠢ ᠪᠠᠲᠤᠯᠠᠨ᠂ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠡᠯ᠎ᠡ ᠵᠦᠢᠯ ᠤᠨ | ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ | ᠬᠠᠮᠲᠤ᠂ ᠠᠯᠢ ᠣᠯᠠᠨ ᠢᠵᠢ ᠪᠦᠷᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ | ᠬᠦᠴᠢᠷᠳᠡᠯ ᠢ ᠪᠦᠲᠦᠮᠵᠢᠲᠡᠶ ᠨᠠᠮᠳᠠᠭᠤᠯᠤᠭᠰᠠᠨ ᠠᠴᠠ᠂ ᠪᠥᠬᠦ ᠵᠢᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠲᠤᠭ᠎ᠠ ᠬᠡᠮᠵᠢᠶ᠎ᠡ 7.2% ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ | ᠬᠦᠮᠦᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠢᠯ ᠣᠯᠭᠤᠯᠲᠠ ᠶᠢᠨ | ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠂ ᠠᠮᠢᠳᠤᠯᠢᠭ ᠢᠶᠠᠷ ᠠᠵᠢᠯ | ᠣᠯᠭᠤᠬᠤ ᠶᠢ ᠳᠡᠮᠵᠢᠵᠦ᠂ ᠪᠦᠬᠦ ᠵᠢᠯ ᠤᠨ ᠬᠤᠳᠠ ᠪᠠᠯᠭᠠᠰᠤᠨ ᠤ ᠠᠵᠢᠯ ᠣᠯᠭᠤᠯᠲᠠ ᠳᠤ 23.2 ᠲᠦᠮᠡᠨ ᠬᠥᠮᠦᠨ | ᠰᠢᠨ᠎ᠡ ᠪᠠᠷ ᠨᠡᠮᠡᠭᠳᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠳᠠᠪᠠᠭᠤᠯᠤᠨ | ᠪᠡᠶᠡᠯᠡᠭᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ ᠭᠤᠤᠯ ᠪᠣᠯᠬᠤ ᠠᠵᠤ ᠠᠬᠤᠶ ᠶᠢᠨ | ᠭᠦᠢᠴᠡᠳᠬᠡᠯ ᠲᠤᠭ᠎ᠠ ᠤᠯᠠᠷᠢᠯ ᠳᠠᠷᠠᠭᠠᠯᠠᠨ ᠳᠡᠭᠡᠭᠰᠢᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠤ᠂ ᠠᠵᠤ ᠠᠬᠤᠶ ᠶᠢᠨ ᠰᠡᠷᠭᠦᠯᠲᠡ ᠶᠢᠨ ᠪᠠᠶᠢᠳᠠᠯ | ᠦᠷᠭᠦᠯᠵᠢᠯᠡᠨ ᠪᠠᠬᠢᠵᠢᠪᠡ᠃ ᠭᠤᠷᠪᠠ ᠳᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠠᠵᠢᠯ ᠰᠢᠨ᠎ᠡ ᠠᠯᠬᠤᠮ ᠢ ᠠᠯᠬᠤᠪᠠ᠃ ᠥᠩᠭᠡᠷᠡᠭᠰᠡᠨ ᠨᠢᠭᠡ ᠵᠢᠯ ᠳᠤ᠂ ᠪᠢᠳᠡ ᠨᠡᠮᠡᠭᠳᠡᠯ ᠢ | ᠲᠣᠭᠲᠠᠪᠤᠷᠢᠵᠢᠭᠤᠯᠬᠤ ᠶᠢᠨ ᠬᠠᠮᠲᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠴᠢᠷᠮᠠᠶᠢᠨ ᠠᠬᠢᠭᠤᠯᠵᠤ᠂ ᠠᠵᠤ | ᠠᠬᠤᠢ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠰᠢᠨ᠎ᠡ ᠬᠥᠳᠡᠯᠭᠡᠬᠦ ᠬᠦᠴᠦᠨ ᠲᠦᠷᠭᠡᠨ ᠢᠶᠠᠷ | ᠪᠤᠶᠢᠵᠢᠪᠠ᠃ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠤᠨ ᠲᠣᠭᠲᠠᠭᠠᠯ ᠠᠴᠠ | ᠳᠡᠭᠡᠭᠰᠢᠬᠢ ᠠᠵᠤ ᠦᠢᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠢ 63.6% ᠳᠤ ᠬᠦᠷᠦᠭᠦᠯᠵᠦ᠂ ᠬᠤᠪᠣᠷ | ᠰᠢᠷᠣᠶ ᠶᠢᠨ ᠲᠦᠭᠦᠬᠡᠶ ᠮᠠᠲ᠋ᠧᠷᠢᠶᠠᠯ ᠢ ᠲᠤᠬᠠᠶ ᠶᠢᠨ ᠭᠠᠵᠠᠷ ᠲᠤ ᠨᠢ ᠪᠣᠯᠪᠠᠰᠤᠷᠠᠭᠤᠯᠬᠤ ᠨᠣᠷᠮ᠎ᠠ 70% ᠳᠤ ᠬᠦᠷᠪᠡ᠃ | ᠡᠭᠦᠰᠦᠮᠡᠯ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠨᠢ ᠪᠥᠬᠦ ᠣᠷᠣᠨ ᠤ ᠶᠡᠷᠦᠩᠬᠡᠶ ᠮᠠᠰᠢᠨ | ᠴᠣᠭᠴᠠᠯᠠᠪᠤᠷᠢ ᠶᠢᠨ 36% ᠶᠢ ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡᠨ ᠤ ᠬᠠᠷᠢᠴᠠᠯ ᠨᠢ 17% ᠳᠤ ᠬᠥᠷᠪᠡ᠃ | ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ 120 ᠲᠦᠮᠡᠨ ᠮᠠᠰᠢᠨ ᠢ ᠳᠠᠪᠠᠵᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ 1 ᠮᠢᠩᠭ᠎ᠠ ᠶᠢ ᠳᠠᠪᠠᠪᠠ᠃ ᠳᠥᠷᠪᠡ ᠳᠤ᠂ ᠭᠤᠷᠪᠠᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ ᠳᠤ ᠰᠢᠢᠳᠪᠦᠷᠢᠯᠡᠬᠦ ᠴᠢᠨᠠᠷᠲᠠᠶ ᠦᠷ᠎ᠡ ᠪᠦᠲᠦᠮᠵᠢ ᠤᠯᠪᠠ᠃ ᠣᠨᠣᠴᠢᠲᠠᠢ ᠪᠠᠷ | ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠪᠦᠬᠦ ᠵᠢᠯ ᠳᠤ 112.3 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ | ᠮᠥᠩᠭᠦ ᠶᠢ ᠣᠷᠣᠭᠤᠯᠵᠤ᠂ 6751 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠦᠯᠡᠳᠡᠭᠰᠡᠨ 1.6 | ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠬᠦᠨᠳᠦ ᠶᠡᠭᠡ | ᠲᠦᠭᠰᠢᠭᠦᠷᠢ ᠶᠢ ᠨᠠᠮᠳᠠᠭᠠᠨ ᠰᠢᠢᠳᠪᠦᠷᠢᠯᠡᠬᠦ ᠲᠠᠯ᠎ᠠ ᠪᠠᠷ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ | ᠨᠠᠮᠳᠠᠭᠠᠬᠤ ᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠳᠤᠮᠳᠠ ᠵᠢᠵᠢᠭ ᠪᠠᠩᠬᠢ ᠶᠢᠨ ᠬᠥᠷᠥᠩᠭᠡ ᠶᠢᠨ | ᠨᠥᠬᠦᠪᠥᠷᠢ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 85 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ | ᠣᠷᠣᠨ ᠤ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠶᠢ ᠵᠡᠷᠭᠡᠪᠡᠷ ᠪᠠᠭᠤᠷᠠᠭᠤᠯᠬᠤ ᠶᠢ | ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ | ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠪᠥᠬᠦ | ᠣᠷᠣᠨ ᠤ ᠠᠭᠠᠷ ᠤᠨ ᠪᠠᠶᠢᠳᠠᠯ ᠰᠠᠶᠢᠨ ᠡᠳᠦᠷ ᠤᠨ ᠲᠤᠭ᠎ᠠ ᠶᠢᠨ ᠬᠠᠷᠢᠴᠠᠯ 90.8% ᠳᠤ ᠬᠦᠷᠴᠦ᠂ ᠤᠯᠤᠰ ᠤᠨ | ᠰᠢᠯᠭᠠᠨ ᠬᠢᠨᠠᠬᠤ ᠬᠠᠷᠠᠯᠲᠠ ᠶᠢᠨ 1.7 ᠵᠠᠭᠤᠨ ᠤ ᠴᠡᠭ ᠠᠴᠠ ᠳᠠᠪᠠᠭᠤᠯᠢᠭ ᠪᠣᠯᠪᠠ᠃ ᠭᠠᠵᠠᠷ ᠳᠡᠭᠡᠷᠡᠬᠢ ᠤᠰᠤᠨ ᠤ | ᠰᠢᠯᠢᠳᠡᠭ ᠤᠰᠤᠨ ᠴᠣᠭᠴᠠ ᠶᠢᠨ ᠬᠠᠷᠢᠴᠠᠯ 69.2% ᠲᠤ ᠬᠦᠷᠴᠦ᠂ ᠤᠯᠤᠰ ᠤᠨ ᠬᠢᠨᠠᠨ ᠰᠢᠯᠭᠠᠬᠤ | ᠬᠠᠷᠠᠯᠲᠠ ᠶᠢᠨ 9.6 ᠵᠠᠭᠤᠨ ᠤ ᠴᠡᠭ ᠠᠴᠠ ᠳᠠᠪᠠᠭᠤᠯᠢᠭ ᠪᠣᠯᠪᠠ᠃ ︽ᠬᠦᠯᠦᠨ ᠨᠠᠭᠤᠷ ᠤᠯᠠᠭᠠᠨᠰᠤᠬᠠᠢ ᠨᠠᠭᠤᠷ | ᠲᠠᠶᠢᠭ᠎ᠠ ᠨᠠᠭᠤᠷ︾ ᠤᠨ ᠤᠰᠤᠨ ᠤ ᠴᠢᠨᠠᠷ ᠪᠠ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ | ᠨᠢᠭᠡ ᠠᠯᠬᠤᠮ ᠰᠠᠶᠢᠵᠢᠷᠠᠭᠤᠯᠪᠠ᠃ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠭᠦᠨᠵᠡᠭᠡᠢ ᠠᠬᠢᠭᠤᠯᠪᠠ᠃ 356 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠪᠠᠶᠢᠭᠤᠯᠵᠤ᠂ 12.2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠪᠠ᠃ ᠪᠦᠬᠦ | ᠣᠷᠣᠨ ᠤ ᠠᠮᠤ ᠪᠤᠳᠠᠭᠠᠨ ᠤ ᠤᠨᠠᠯᠲᠠ 732.8 ᠳ᠋ᠦᠩᠰᠢᠭᠤᠷ ᠵᠢᠩ ᠳᠤ ᠬᠦᠷᠴᠦ᠂ ︽ᠠᠷᠪᠠᠨ ᠳᠣᠯᠣᠭᠠᠨ ᠵᠢᠯ | ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃᠃ ᠮᠢᠬᠠᠨ ᠤ ᠲᠥᠷᠥᠯ ᠤᠨ ᠭᠠᠷᠤᠯᠲᠠ 260.7 | ᠲᠦᠮᠡᠨ ᠲᠣᠨ ᠳᠤ ᠬᠦᠷᠴᠦ᠂ ︽ᠠᠷᠪᠠᠨ ᠵᠢᠷᠭᠤᠭ᠎ᠠ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠪᠡ᠃ | ᠲᠠᠷᠢᠶᠠᠯᠠᠩ ᠮᠠᠯ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ | ᠢᠳᠡᠰᠢᠨ ᠤ ᠬᠤᠨᠢ ᠪᠠ ᠨᠡᠷᠡᠨ ᠬᠤᠸᠠᠷ ᠤᠯᠤᠰ ᠤᠨ ᠲᠠᠰ ᠤᠨ ᠳᠠᠪᠠᠭᠤᠯᠢᠭ ᠤᠨᠴᠠᠯᠢᠭᠳᠤ ᠬᠤᠶᠠᠷ ᠠᠵᠤ | ᠦᠢᠯᠡᠰ ᠤᠨ ᠰᠦᠷᠦᠭᠵᠢᠯ ᠢ ᠰᠢᠨ᠎ᠡ ᠪᠠᠷ ᠡᠭᠦᠳᠦᠨ ᠪᠠᠶᠢᠭᠤᠯᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ᠂ ᠦᠷ᠎ᠡ ᠶᠢᠨ ᠦᠢᠯᠡᠰ ᠢ ᠬᠥᠭᠵᠢᠭᠦᠯᠬᠦ ᠵᠡᠷᠭᠡ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ︽ | ᠲᠡᠭᠷᠢ ᠶᠢᠨ ᠬᠡᠰᠢᠭᠲᠦ ᠪᠣᠷᠣᠲᠣᠬᠤᠶ︾ ᠨᠢ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠢ | ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠲᠡᠷᠢᠭᠦᠨ ᠪᠠᠶᠢᠷᠢ ᠳᠤ ᠣᠷᠣᠵᠤ᠂ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢᠳᠡᠪᠬᠢᠲᠡᠶ ᠠᠬᠢᠴᠠ ᠲᠠᠢ ᠪᠣᠯᠪᠠ᠃ ᠡᠭᠦᠨ ᠤ ᠬᠠᠮᠲᠤ᠂ ᠮᠠᠯᠵᠢᠬᠤ | ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠴᠤ ᠢᠳᠡᠪᠬᠢᠲᠡᠶ ᠦᠷ᠎ᠡ ᠪᠦᠲᠦᠮᠵᠢ ᠤᠯᠪᠠ᠃ | ᠵᠢᠠᠷᠭᠤᠭᠠ ᠳᠤ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ︽ | ᠭᠤᠷᠪᠠᠨ ᠱᠤᠭᠤᠮ ᠨᠢᠭᠡ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠪᠥᠬᠦ ᠣᠷᠣᠨ ᠤ 50% ᠠᠴᠠ ᠳᠡᠭᠡᠭᠰᠢᠬᠢ ᠤᠯᠤᠰ ᠤᠨ ᠭᠠᠵᠠᠷ ᠰᠢᠷᠣᠶ ᠶᠢ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠳᠤ ᠠᠩᠬ᠎ᠠ ᠠᠯᠬᠤᠮ ᠬᠤᠪᠢᠶᠠᠷᠢᠯᠠᠨ ᠣᠷᠣᠭᠤᠯᠪᠠ᠃ ᠪᠥᠬᠦ ᠵᠢᠯ ᠤᠨ | ᠣᠶᠢᠵᠢᠭᠤᠯᠤᠯᠲᠠ ᠬᠢᠬᠦ᠂ ᠡᠪᠡᠰᠦ ᠳᠠᠷᠢᠬᠤ᠂ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ | ᠣᠨ ᠤ ᠡᠭᠦᠷᠭᠡ ᠶᠢ ᠲᠣᠰ ᠲᠣᠰ 101.6%᠂ 112.5% ᠪᠠ 106.8% ᠪᠠᠷ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠤ 5 ᠨᠤᠭᠤ ᠭᠠᠵᠠᠷ ᠤᠨ ᠴᠡᠴᠡᠷᠯᠢᠭ ᠪᠠ 5 ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ | ᠬᠢᠵᠠᠭᠠᠷᠯᠠᠬᠤ ᠬᠠᠮᠠᠭᠠᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ | ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ | ᠪᠠ ᠤᠰᠤᠨ ᠤ ᠰᠤᠷᠪᠤᠯᠵᠢ ᠶᠢ ᠬᠠᠳᠠᠭᠠᠯᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠳᠣᠯᠤᠭ᠎ᠠ ᠳᠤ᠂ | ᠥᠭᠡᠷᠡᠴᠢᠯᠡᠯᠲᠡ ᠨᠡᠭᠡᠭᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠨᠢᠳᠤᠨᠤᠨ ᠵᠢᠯ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠠᠴᠠ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠪᠡ᠃ ᠠᠵᠤ ᠠᠬᠤᠶᠢᠯᠠᠯ ᠤᠨ ᠪᠠᠶᠢᠭᠤᠯᠤᠨ ᠡᠷᠭᠢᠯᠡᠬᠦ ᠴᠠᠭ ᠢ 3 ᠠᠵᠢᠯᠯᠠᠬᠤ | ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠤᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ | 75 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠥᠭᠡᠷᠡᠴᠢᠯᠡᠯᠲᠡ ᠬᠥᠭᠵᠢᠯᠲᠡ ᠶᠢ ᠳᠡᠮᠵᠢᠬᠦ 24 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ | ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠯᠡᠬᠦ ᠬᠠᠷᠢᠴᠠᠯ ᠢ | 97.4% ᠳᠤ ᠬᠦᠷᠦᠭᠦᠯᠪᠡ᠃ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ | ᠥᠪᠡᠷ ᠤᠨ ᠥᠷᠲᠡᠭ ᠢ ᠪᠠᠭᠤᠷᠠᠭᠤᠯᠪᠠ᠃ ᠮᠠᠨ ᠤ ᠣᠷᠣᠨ ᠠᠴᠠ ᠡᠬᠢᠯᠡᠨ ᠮᠣᠷᠳᠠᠵᠤ ᠳᠤᠮᠳᠠᠳᠤ ᠧᠦ᠋ᠷᠣᠫᠠ ᠬᠦᠷᠬᠦ | ᠵᠢᠰᠢᠶᠠᠨ ᠤ ᠭᠠᠯᠲᠤ ᠲᠡᠷᠭᠡ 15.4% ᠪᠠᠷ ᠨᠡᠮᠡᠭᠳᠡᠵᠦ᠂ ᠪᠤᠴᠠᠬᠤ ᠡᠭᠡᠯᠵᠢ ᠶᠢᠨ ᠪᠠᠷᠠᠭᠠᠨ ᠤ ᠲᠥᠷᠥᠯ ᠵᠦᠢᠯ | ᠲᠠᠰᠤᠷᠠᠯᠲᠠ ᠥᠬᠡᠶ ᠨᠡᠮᠡᠭᠳᠡᠪᠡ᠃ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ | ᠲᠤᠷᠰᠢᠯᠲᠠ ᠶᠢᠨ ᠲᠣᠭᠤᠷᠢᠭ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠵᠡᠷᠭᠡ ᠨᠢᠭᠡ ᠪᠦᠯᠦᠭ | ᠨᠡᠭᠡᠭᠡᠯᠲᠡᠲᠦ ᠲᠠᠪᠴᠠᠩ ᠤᠨ ᠠᠴᠢᠶᠠᠯᠠᠪᠤᠷᠢ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ᠃ ᠨᠠᠢᠮᠠ ᠳᠤ᠂ | ᠠᠷᠠᠳ ᠤᠨ ᠠᠮᠢᠳᠤᠷᠠᠯ ᠬᠦᠴᠦᠨ ᠪᠦᠬᠦᠢ ᠪᠠᠲᠤᠯᠠᠭ᠎ᠠ ᠲᠠᠢ ᠪᠣᠯᠪᠠ᠃ ᠤᠯᠡᠠ ᠲᠦᠮᠡᠨ ᠤ ᠬᠠᠮᠤᠭ ᠠᠴᠠ ᠠᠩᠬᠠᠷᠴᠤ | ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠤᠴᠢᠷ | ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠢᠯ ᠳᠠᠷᠠᠭᠠᠯᠠᠨ ᠬᠢᠪᠡ᠃ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ | ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠣᠯᠭᠤᠮᠵᠢ ᠶᠢ ᠬᠥᠮᠦᠨ ᠳᠤᠮᠳᠠᠴᠢ ᠪᠠᠷ 147.3 ᠲᠥᠭᠦᠷᠢᠭ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢ 3.9% ᠪᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢ ᠬᠥᠮᠥᠨ ᠳᠤᠮᠳᠠᠴᠢ ᠪᠠᠷ 30 ᠲᠥᠭᠦᠷᠢᠭ ᠨᠡᠮᠡᠭᠳᠡᠭᠦᠯᠪᠡ᠃ | ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85.5% ᠳᠤ | ᠬᠦᠷᠭᠡᠵᠦ᠂ ᠬᠡᠤᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠶ ᠠᠰᠠᠭᠤᠳᠠᠯ ᠢ ᠠᠩᠬ᠎ᠠ ᠠᠯᠬᠤᠮ ᠨᠠᠮᠳᠠᠭᠤᠯᠪᠠ᠃ | ᠡᠮᠴᠢᠯᠡᠭᠡ ᠡᠷᠡᠭᠦᠯ ᠬᠠᠮᠠᠭᠠᠯᠠᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠤᠰ ᠵᠠᠶ ᠶᠢᠨ | ᠡᠮᠴᠢᠯᠡᠭᠡ ᠶᠢᠨ ᠰᠢᠰᠲ᠋ᠧᠮ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠭᠡᠷ ᠪᠠᠶᠢᠰᠢᠩ ᠭᠠᠵᠠᠷ | ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ 2776 ᠲᠥᠷᠥᠯ ᠵᠦᠢᠯ᠂ 133.4 ᠲᠦᠮᠡᠨ ᠭᠡᠷ | ᠪᠠᠶᠢᠰᠢᠩ ᠤᠨ ᠠᠰᠠᠭᠤᠳᠠᠯ ᠢ ᠰᠢᠢᠳᠪᠦᠷᠢᠯᠡᠪᠡ᠃ ᠠᠷᠠᠳ ᠤᠨ ᠠᠮᠢᠳᠤᠷᠠᠯ ᠤᠨ ᠡᠲᠡᠭᠡᠷ ᠠᠷᠭ᠎ᠠ ᠬᠡᠮᠵᠢᠶ᠎ᠡ ᠨᠢ ᠣᠯᠠᠨ | ᠲᠦᠮᠡᠨ ᠳᠤ ᠬᠤᠪᠢᠷᠠᠯᠲᠠ ᠶᠢ ᠮᠡᠳᠡᠭᠦᠯᠵᠦ᠂ ᠪᠣᠳᠠᠲᠤ ᠠᠰᠢᠭ ᠲᠤᠰᠠ ᠬᠦᠷᠲᠡᠭᠡᠭᠰᠡᠨ ᠪᠠᠶᠢᠨ᠎ᠠ᠃ 2020 ᠣᠨ ᠪᠣᠯ | ︽13 · 5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠃ ᠪᠦᠬᠦ ᠣᠷᠣᠨ ᠳᠠᠶᠠᠭᠠᠷ ᠤᠨ | ᠬᠠᠮᠲᠤ ᠶᠢᠨ ᠴᠢᠷᠮᠠᠶᠢᠯᠭ᠎ᠠ ᠪᠠᠷ᠂ ︽13 · 5︾ ᠤᠨ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ | ᠬᠠᠷᠠᠯᠲᠠ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠤᠯᠬᠤ ᠳᠤ ᠰᠢᠢᠳᠪᠦᠷᠢᠯᠡᠬᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠡᠨᠡ ᠨᠢ | ᠭᠤᠣᠯᠳᠠᠭᠤ ᠲᠠᠪᠤᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ | ᠲᠣᠭᠲᠠᠭᠤᠨ ᠢᠶᠠᠷ ᠳᠡᠭᠡᠭᠰᠢᠯᠡᠪᠡ᠃ ᠬᠥᠮᠦᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 1 ᠲᠦᠮᠡᠨ | ᠳ᠋ᠣᠯᠯᠠᠷ ᠢ ᠳᠠᠪᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢ 64. | 1% ᠳᠤ ᠬᠦᠷᠪᠡ᠃ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠮᠡᠳᠡᠭᠳᠡᠬᠦ᠋ᠢᠴᠡ ᠳᠡᠭᠡᠭᠰᠢᠯᠡᠵᠦ᠂ ᠭᠠᠶᠢᠯᠢ | ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ | ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠨᠡᠭᠦᠷᠡᠰᠦ᠂ ᠪᠤᠯᠤᠳ ᠲᠡᠮᠦᠷ ᠤᠨ ᠦᠢᠯᠡᠳᠪᠦᠷᠢᠯᠡᠬᠦ | ᠴᠢᠳᠠᠮᠵᠢ ᠶᠢ ᠦᠭᠡᠶᠢᠰᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠤᠳᠤ ᠦᠶ᠎ᠡ ᠶᠢᠨ ᠡᠨᠧᠷᠭᠢ ᠶᠢᠨ | ᠰᠤᠷᠪᠤᠯᠵᠢ ᠶᠢᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠬᠤᠷᠠᠯ ᠦᠵᠡᠰᠬᠦᠯᠡᠩ ᠤᠨ ᠠᠵᠤ ᠠᠬᠤᠶ᠂ | ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠤᠳᠤ ᠦᠶ᠎ᠡ ᠶᠢᠨ ᠮᠥᠩᠭᠦᠨ ᠭᠦᠢᠯᠭᠡᠭᠡ ᠵᠡᠷᠭᠡ | ᠲᠦᠷᠭᠡᠪᠴᠢᠯᠡᠨ ᠬᠥᠭᠵᠢᠪᠡ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ | ᠲᠡᠦᠬᠡᠲᠦ ᠴᠢᠨᠠᠷᠲᠠᠶ ᠠᠮᠵᠢᠯᠲᠠ ᠤᠯᠪᠠ᠃ ᠲᠠᠪᠤᠨ ᠵᠢᠯ ᠤᠨ ᠲᠤᠷᠰᠢ᠂ ᠨᠡᠶᠢᠳᠡ 80.2 ᠲᠦᠮᠡᠨ ᠬᠥᠮᠦᠨ ᠢ | ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠦᠨ | ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ 3681 | ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ | ᠴᠢᠨᠠᠷᠲᠠᠢ ᠪᠦᠬᠦᠯᠢ ᠴᠣᠭᠴᠠ ᠪᠠᠷ ᠢᠶᠠᠨ ᠶᠠᠳᠠᠭᠤ ᠬᠦᠴᠢᠷᠳᠡᠯᠲᠡᠢ ᠪᠠᠶᠢᠭᠰᠠᠨ ᠠᠰᠠᠭᠤᠳᠠᠯ ᠲᠡᠦᠬᠡᠲᠦ ᠴᠢᠨᠠᠷᠲᠠᠢ | ᠰᠢᠢᠳᠪᠦᠷᠢᠯᠡᠯᠲᠡ ᠣᠯᠪᠠ᠃ ᠭᠤᠷᠪᠠ ᠳᠤ᠂ ᠠᠮᠢ ᠠᠬᠤᠶ ᠶᠢᠨ ᠣᠷᠴᠢ᠊ ᠲᠣᠭᠤᠷᠢᠨ ᠤ ᠬᠠᠮᠠᠭᠠᠯᠠᠯᠲᠠ ᠪᠠ ᠪᠦᠳᠦᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ ᠨᠤᠲᠤᠭ | ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠭᠰᠠᠨ ᠲᠠᠯᠠᠪᠠᠶ ᠨᠢ ᠴᠥᠮ | ᠪᠥᠬᠦ ᠤᠯᠤᠰ ᠤᠨ ᠲᠡᠷᠢᠭᠦᠨ ᠳᠤ ᠣᠷᠣᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠨᠢ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠵᠦ᠂ ᠴᠦᠯᠡᠷᠬᠡᠭᠵᠢᠭᠰᠡᠨ ᠪᠠ | ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ︽ᠬᠤᠤᠰ ᠬᠠᠰᠤᠭᠳᠠᠯ︾ ᠢ ᠪᠡᠶᠡᠯᠡᠭᠦᠯᠪᠡ᠃ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠷᠭᠤᠭᠤᠯᠤᠨ ᠪᠣᠳᠣᠭᠰᠠᠨ ᠢᠶᠠᠷ᠂ 2019 ᠣᠨ ᠤ ᠪᠥᠬᠦ | ᠣᠷᠣᠨ ᠤ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ︵GEP︶ 4.48 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ GDP ᠶᠢᠨ 2.6 ᠳᠠᠬᠢᠨ ᠪᠠᠶᠢᠵᠤ᠂ 2015 | ᠣᠨ ᠤ ᠬᠢ ᠠᠴᠠ 13.75% ᠪᠠᠷ ᠨᠡᠮᠡᠭᠳᠡᠵᠡᠶ᠂ ᠡᠨᠡ ᠨᠢ ᠮᠠᠨ ᠤ ᠣᠷᠣᠨ ᠤ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠭᠰᠠᠨ ᠢ ᠬᠠᠷᠠᠭᠤᠯᠵᠤ ᠪᠠᠶᠢᠨ᠎ᠠ᠃ ᠲᠦᠷᠪᠡ ᠳᠤ᠂ ᠰᠠᠭᠤᠷᠢ | ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ 404 ᠺᠢᠯᠣᠮᠧᠳ᠋ᠷ ᠳᠡᠭᠡᠳᠦ | ᠬᠤᠷᠳᠤ ᠶᠢᠨ ᠲᠡᠮᠦᠷ ᠵᠠᠮ ᠢ ᠪᠠᠶᠢᠭᠤᠯᠤᠨ ᠳᠠᠭᠤᠰᠬᠠᠵᠤ᠂ ᠪᠦᠬᠦ ᠤᠯᠤᠰ ᠤᠨ ᠳᠡᠭᠡᠳᠦ ᠬᠤᠷᠳᠤ ᠶᠢᠨ ᠲᠡᠮᠦᠷ | ᠵᠠᠮ ᠤᠨ ᠲᠣᠣᠷ ᠲᠤ ᠵᠠᠯᠭᠠᠨ ᠣᠷᠣᠭᠤᠯᠪᠠ᠃ ᠪᠥᠬᠦ ᠣᠷᠣᠨ ᠤ ᠪᠣᠶ ᠪᠥᠬᠦᠶ ᠬᠤᠰᠢᠭᠤ ᠰᠢᠶᠠᠨ ︵ᠬᠤᠲᠠ | ᠲᠣᠭᠤᠷᠢᠭ︶ ᠳᠤ ᠳᠡᠭᠡᠳᠦ ᠵᠡᠷᠭᠡᠯᠡᠯ ᠤᠨ ᠵᠠᠰᠠᠮᠠᠯ ᠵᠠᠮ ᠢ ᠨᠡᠪᠲᠡᠷᠡᠭᠦᠯᠵᠦ᠂ ᠪᠣᠶ ᠪᠥᠬᠦᠶ ᠰᠤᠮᠤ ᠰᠢᠶᠠᠩ ᠪᠠᠯᠭᠠᠰᠤ | ᠪᠣᠯᠤᠨ ᠨᠥᠬᠦᠴᠡᠯ ᠲᠠᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠪᠡ᠃ | 40 ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠲᠠᠢ ᠪᠣᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ | ᠲᠡᠭᠡᠭᠡᠪᠦᠷᠢ ᠶᠢᠨ ᠲᠣᠣᠷ ᠰᠦᠯᠵᠢᠶ᠎ᠡ ᠦᠨᠳᠦᠰᠦᠨ ᠳᠤ ᠪᠠᠨ ᠪᠦᠷᠢᠯᠳᠦᠪᠡ᠃ ᠬᠠᠲᠤᠨ ᠭᠤᠣᠯ ᠤᠨ ᠬᠤᠶᠠᠳᠤᠭᠠᠷ | ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ᠂ ᠯᠢᠶᠣᠤᠾᠧ ᠭᠤᠣᠯ᠂ ᠨᠤᠨ ᠮᠥᠷᠡᠨ ᠤ ᠭᠤᠣᠯ | ᠤᠷᠤᠰᠬᠠᠯ ᠢ ᠵᠠᠰᠠᠬᠤ ᠢᠨᠵᠧᠨᠧᠷᠢᠩ ᠵᠡᠷᠭᠡ ᠤᠰᠤᠨ ᠠᠰᠢᠭᠯᠠᠯᠲᠠ ᠶᠢᠨ ᠴᠢᠬᠤᠯᠠ ᠶᠡᠭᠡ ᠲᠥᠷᠥᠯ ᠵᠦᠢᠯ ᠢ | ᠵᠠᠯᠭᠠᠭ᠎ᠠ ᠪᠠᠷ ᠪᠠᠶᠢᠭᠤᠯᠵᠤ ᠳᠠᠭᠤᠰᠬᠠᠭᠰᠠᠨ ᠪᠥᠭᠡᠳ ᠦᠷ᠎ᠡ ᠠᠰᠢᠭ ᠢ ᠨᠢ ᠪᠠᠳᠠᠷᠠᠭᠤᠯᠪᠠ᠃ ᠣᠨᠴᠠ ᠥᠨᠳᠥᠷ | ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ 5 ᠨᠡᠪᠲᠡᠷᠡᠬᠦ ᠵᠠᠮ ᠢ ᠰᠢᠨ᠎ᠡ ᠪᠠᠷ ᠪᠠᠶᠢᠭᠤᠯᠵᠤ᠂ | ᠴᠠᠬᠢᠯᠭᠠᠨ ᠭᠠᠷᠭᠠᠬᠤ ᠬᠡᠮᠵᠢᠶ᠎ᠡ ᠪᠠ ᠴᠠᠬᠢᠯᠭᠠᠨ ᠢ ᠭᠠᠳᠠᠭᠰᠢ ᠳᠠᠮᠵᠢᠭᠤᠯᠬᠤ ᠬᠡᠮᠵᠢᠶ᠎ᠡ ᠴᠥᠮ ᠪᠦᠬᠦ ᠤᠯᠤᠰ ᠤᠨ | ᠲᠡᠷᠢᠭᠦᠨ ᠳᠤ ᠣᠷᠣᠪᠠ᠃ ᠲᠠᠪᠤ ᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠦᠭᠡᠢ | ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠨ᠂ ᠬᠤᠳᠠ | ᠪᠠᠯᠭᠠᠰᠤᠨ ᠤ ᠠᠵᠢᠯ ᠣᠯᠭᠤᠯᠲᠠ ᠲᠣᠭᠲᠠᠭᠤᠨ ᠢᠶᠠᠷ ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ | ᠡᠵᠡᠮᠳᠡᠵᠦ ᠪᠣᠯᠬᠤᠶᠢᠴᠠ ᠣᠷᠣᠯᠭ᠎ᠠ ᠠᠯᠬᠤᠮ ᠠᠯᠬᠤᠮ ᠢᠶᠠᠷ ᠳᠡᠭᠡᠭᠰᠢᠯᠡᠨ᠂ ᠬᠤᠳᠠ ᠬᠥᠳᠡᠭᠡ ᠶᠢ ᠬᠠᠮᠤᠷᠤᠭᠰᠠᠨ | ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠦᠨᠳᠦᠰᠦᠨ ᠳᠤ ᠪᠠᠨ ᠪᠦᠷᠢᠯᠳᠦᠵᠦ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠣᠭᠲᠠᠯᠴᠠᠭ᠎ᠠ ᠲᠠᠰᠤᠷᠠᠯᠳᠠ ᠦᠭᠡᠢ ᠲᠡᠭᠦᠯᠳᠡᠷᠵᠢᠨ᠂ ᠰᠤᠷᠭᠠᠨ ᠬᠥᠮᠦᠵᠢᠯ᠂ ᠡᠮᠴᠢᠯᠡᠭᠡ᠂ | ᠰᠣᠶᠣᠯ᠂ ᠪᠡᠶ᠎ᠡ ᠶᠢᠨ ᠲᠠᠮᠢᠷ ᠵᠡᠷᠭᠡ ᠦᠢᠯᠡᠰ ᠰᠢᠨ᠎ᠡ ᠲᠠᠪᠰᠢᠯᠳᠠ ᠲᠠᠢ ᠪᠣᠯᠵᠤ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠨᠥᠬᠦᠴᠡᠯ ᠶᠡᠭᠡ ᠬᠡᠮᠵᠢᠶ᠎ᠡ ᠪᠠᠷ ᠰᠠᠶᠢᠵᠢᠷᠠᠵᠤ᠂ ᠠᠷᠠᠳ ᠤᠯᠠᠨ ᠤ | ᠬᠦᠷᠲᠡᠭᠡᠮᠵᠢᠲᠦ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠤᠯᠠᠮ ᠨᠢᠭᠡ ᠠᠯᠬᠤᠮ | ᠨᠡᠮᠡᠭᠳᠡᠪᠡ᠃ | | | ᠬᠥᠲᠥᠯᠥᠭᠴᠢ᠄ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠤ ᠶᠠᠮᠠᠷ ᠶᠠᠮᠠᠷ | ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖ ᠪᠢᠳᠡᠨ ᠳᠤ ︽ᠭᠤᠤᠯᠳᠠᠯᠭ᠎ᠠ︾ ᠶᠢ ᠨᠢ ᠶᠠᠷᠢᠭᠠᠳ ᠥᠭᠭᠦᠨ᠎ᠡ ᠦᠦ︖ | | | | ᠯᠸᠢ ᠵᠢᠶ ᠫᠧᠩ᠄ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ | ᠮᠥᠨ᠂ ᠪᠠᠰᠠ ᠴᠤ ︽14 · 5︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ | ᠵᠢᠯ ᠮᠥᠨ᠂ ᠰᠠᠶᠢᠲᠤᠷ ᠡᠬᠢᠯᠡᠭᠦᠯᠵᠦ᠂ ᠲᠦᠷᠦᠭᠦᠴᠢ ᠶᠢᠨ ᠠᠯᠬᠤᠮ ᠢᠶᠠᠨ ᠰᠠᠶᠢᠨ ᠠᠯᠬᠤᠬᠤ ᠨᠢ ᠲᠦᠢᠯ ᠤᠨ | ᠴᠢᠬᠤᠯᠠ ᠶᠤᠮ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠤ ᠠᠬᠤᠶ ᠶᠢᠨ | ᠨᠡᠮᠡᠭᠳᠡᠯ ᠤᠨ ᠵᠢᠱᠢᠭᠰᠡᠨ ᠬᠠᠷᠠᠯᠲᠠ ᠶᠢ 6% ᠣᠷᠴᠢᠮ ᠢᠶᠠᠷ ᠲᠣᠭᠲᠠᠭᠠᠨ᠂ ᠬᠤᠳᠠ ᠪᠠᠯᠭᠠᠰᠤᠨ ᠤ ᠪᠠᠶᠢᠴᠠᠭᠠᠯᠲᠠ | ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ 6% ᠣᠷᠴᠢᠮ ᠢᠶᠠᠷ ᠲᠣᠭᠲᠠᠭᠠᠵᠤ᠂ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ | ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠠᠮᠤ ᠪᠤᠳᠠᠭᠠᠨ ᠤ ᠤᠨᠠᠯᠲᠠ ᠶᠢ 700 | ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠴᠠ ᠡᠲᠡᠭᠡᠷ ᠬᠠᠷᠠᠯᠲᠠ ᠶᠢ ᠲᠣᠭᠲᠠᠭᠠᠬᠤ ᠳᠤ ᠪᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠭᠦᠢᠴᠡᠳ ᠲᠤᠭᠤᠰᠢᠯᠠᠭᠤᠯᠵᠤ᠂ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠦᠭᠰᠡᠨ ᠤ | ᠬᠠᠮᠲᠤ ︽14 · 5︾ ᠤᠨ ᠲᠥᠯᠥᠪᠵᠢᠭᠦᠯᠭᠡ ᠲᠠᠢ ᠵᠣᠯᠭᠠᠭᠤᠯᠵᠤ᠂ ᠬᠡᠷᠡᠭᠴᠡᠭᠡ ᠪᠠ ᠪᠣᠯᠤᠯᠴᠠᠭ᠎ᠠ ᠶᠢ | ᠬᠠᠮᠲᠤ ᠳᠤ ᠨᠢ ᠬᠠᠷᠠᠭᠠᠯᠵᠠᠵᠤ᠂ ᠢᠳᠡᠪᠬᠢᠲᠡᠶ ᠪᠥᠭᠡᠳ ᠯᠠᠪᠳᠠᠭᠤᠨ ᠪᠠᠲᠤᠲᠠᠶ ᠪᠠᠶᠢᠳᠠᠭ᠃ 6% ᠣᠷᠴᠢᠮ ᠤᠨ | ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠤ ᠭᠤᠣᠯᠳᠠᠭᠤ ᠨᠢᠳᠤᠨᠤᠨ ᠤ ᠰᠠᠭᠤᠷᠢ | ᠲᠤᠭ᠎ᠠ ᠨᠡᠯᠢᠶᠡᠳ ᠳᠣᠣᠷ᠎ᠠ ᠪᠠᠶᠢᠬᠤ ᠶᠢ ᠪᠣᠳᠣᠯᠬᠢᠯᠠᠵᠤ᠂ ᠡᠨᠡ ᠵᠢᠯ ᠪᠢᠳᠡ ᠠᠵᠤ ᠠᠬᠤᠶ ᠶᠢᠨ ᠰᠡᠷᠭᠦᠯᠲᠡ ᠶᠢᠨ | ᠴᠢᠨᠠᠷᠲᠠᠶ ᠨᠡᠮᠡᠭᠳᠡᠯ ᠤᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ 6% ᠶᠢᠨ ᠨᠡᠮᠡᠭᠳᠡᠯ ᠤᠨ ᠬᠤᠷᠳᠤᠴᠠ ᠳᠤ | ᠨᠡᠯᠢᠶᠡᠳ ᠰᠠᠶᠢᠨ ᠲᠤᠯᠭᠠᠭᠤᠷᠢᠯᠠᠬᠤ ᠨᠥᠬᠦᠴᠡᠯ ᠲᠠᠢ ᠪᠣᠯᠭᠠᠨ᠎ᠠ᠃ 2021 ᠣᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ᠭᠤᠣᠯᠳᠠᠭᠤ ᠶᠢᠰᠦᠨ ᠵᠦᠢᠯ ᠤᠨ ᠠᠵᠢᠯ ᠢ ᠪᠠᠶᠢᠷᠢᠯᠠᠭᠤᠯᠵᠠᠶ᠄ ᠨᠢᠭᠡᠳᠦᠭᠡᠷ | ᠭᠤᠣᠯᠳᠠᠯᠭ᠎ᠠ ᠲᠠᠢ ᠠᠵᠢᠯ ᠪᠣᠯ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠬᠤ | ᠶᠠᠪᠤᠳᠠᠯ ᠪᠣᠯᠤᠨ᠎ᠠ᠃ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ | ᠬᠦ ᠬᠦᠨᠳᠦ ᠬᠡᠴᠡᠭᠦᠦ ᠪᠠᠶᠢᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠨᠠᠵᠠᠭᠠᠶ ᠨᠥᠯᠥᠭᠡ ᠮᠥᠨ ᠴᠦ | ᠪᠦᠷᠢᠮᠦᠰᠦᠨ ᠠᠷᠢᠯᠭᠠᠭᠠᠳᠤᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠯ᠎ᠡ ᠵᠦᠢᠯ ᠤᠨ | ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ᠪᠣᠳᠠᠲᠤ ᠴᠣᠭᠴᠠᠲᠤ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠬᠡᠷᠡᠭᠯᠡᠭᠡ ᠪᠠ ᠪᠦᠲᠦᠮᠵᠢᠲᠡᠶ ᠪᠠᠯᠠ | ᠲᠣᠬᠢᠷᠠᠭᠤᠯᠤᠯᠲᠠ ᠶᠢ ᠢᠳᠡᠪᠬᠢᠲᠡᠶ ᠥᠷᠭᠡᠳᠬᠡᠨ᠂ ᠣᠯᠠᠨ ᠳᠠᠪᠬᠤᠷ ᠳᠠᠶᠢᠴᠢᠯᠠᠯᠲᠠ ᠶᠢ ᠪᠣᠶ ᠪᠣᠯᠭᠠᠨ᠎ᠠ᠃ | ᠵᠢᠱᠢᠶᠡᠯᠡᠪᠡᠯ᠂ ᠬᠡᠷᠡᠭᠯᠡᠭᠡ ᠶᠢ ᠥᠷᠭᠡᠳᠬᠡᠬᠦ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠰᠠᠶᠢᠵᠢᠷᠠᠭᠤᠯᠬᠤ ᠲᠠᠢ ᠤᠶᠠᠯᠳᠤᠭᠤᠯᠵᠤ᠂ ᠪᠣᠳᠠᠲᠤ ᠴᠣᠭᠴᠠᠲᠤ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠦᠨ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠮᠡᠳᠡᠭᠡ ᠵᠠᠩᠭᠢ ᠶᠢᠨ ᠬᠡᠷᠡᠭᠯᠡᠭᠡ᠂ ᠪᠣᠬᠢᠷᠲᠤᠯ ᠦᠭᠡᠢ | ᠬᠡᠷᠡᠭᠯᠡᠭᠡ ᠶᠢ ᠪᠤᠶᠢᠵᠢᠭᠤᠯᠵᠤ᠂ ᠤᠯᠠᠨ ᠨᠡᠶᠢᠲᠡ ᠶᠢᠨ ᠬᠡᠷᠡᠭᠯᠡᠭᠡ ᠶᠢ ᠵᠦᠢ ᠵᠣᠬᠢᠰᠲᠠᠶ ᠪᠠᠷ ᠨᠡᠮᠡᠭᠳᠡᠭᠦᠯᠦᠨ᠎ᠡ᠃ | ᠡᠭᠦᠨ ᠤ ᠬᠠᠮᠲᠤ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ | ᠬᠡᠷᠡᠭᠵᠢᠭᠦᠯᠵᠦ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ᠂ ᠤᠰᠤᠲᠥ᠋ᠷᠥᠭᠴᠢ ᠨᠡᠮᠡᠬᠦ ᠥᠷᠲᠡᠭᠡ | ᠵᠡᠷᠭᠡ ᠰᠢᠨ᠎ᠡ ᠪᠠᠷ ᠪᠣᠶ ᠪᠣᠯᠤᠭᠰᠠᠨ ᠰᠠᠭᠤᠷᠢ ᠲᠥᠬᠦᠭᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠵᠤ᠂ ᠬᠤᠲᠠ ᠶᠢ | ᠰᠢᠨᠡᠳᠬᠡᠬᠦ ᠠᠵᠢᠯᠯᠠᠭ᠎ᠠ ᠵᠡᠷᠭᠡ ᠶᠢ ᠬᠡᠷᠡᠭᠵᠢᠭᠦᠯᠦᠨ᠎ᠡ᠃ ᠬᠤᠶᠠᠳᠤᠭᠠᠷ ᠭᠤᠤᠯᠳᠠᠯᠭ᠎ᠠ ᠲᠠᠢ ᠠᠵᠢᠯ ᠪᠣᠯ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ | ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠤ ᠪᠠᠨ᠂ ᠬᠡᠳᠦᠢ ᠬᠥᠭᠵᠢᠯᠲᠡ ᠪᠠᠷ ᠠᠨᠠᠶ ᠭᠠᠵᠠᠷ ᠣᠷᠣᠨ ᠨᠢ | ᠲᠡᠳᠦᠢ ᠢᠯᠡᠭᠦᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠨᠢ ᠴᠢᠬᠤᠯᠠᠲᠠᠢ ᠶᠤᠮ ᠭᠡᠵᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠢᠮᠭᠡᠨ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠪᠠᠶᠢᠭ᠎ᠠ ᠣᠳᠣᠬᠢ ᠪᠠᠶᠢᠳᠠᠯ ᠳᠤ | ᠴᠢᠭᠯᠡᠭᠦᠯᠦᠨ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ | ᠵᠠᠮ ᠢᠶᠠᠷ ᠵᠠᠮᠨᠠᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ︽ᠰᠢᠨᠵᠢᠯᠡᠬᠦ | ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠢᠯᠡᠳᠬᠡᠯ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ᠂ ᠶᠡᠭᠡ ᠬᠡᠪᠴᠢᠶᠡᠨ ᠤ ᠡᠨᠧᠷᠭᠢ ᠬᠠᠳᠠᠭᠠᠯᠠᠭᠳᠠᠴᠠ᠂ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠨᠢᠭᠡ ᠪᠦᠯᠦᠭ ᠤᠯᠤᠰ ᠤᠨ ᠲᠡᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ | ᠢᠨᠵᠧᠨᠧᠷᠢᠩ ᠤᠨ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ | ᠮᠡᠷᠭᠡᠵᠢᠯ ᠤᠨ ᠲᠥᠪ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ ᠭᠡᠵᠦ ᠳᠤᠷᠠᠳᠴᠠᠢ᠃ | ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠣᠷᠣᠭᠤᠯᠤᠯᠲᠠ ᠪᠠ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ | ᠭᠤᠣᠯ ᠬᠦᠴᠦᠨ ᠮᠥᠨ᠃ ᠪᠢᠳᠡ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ | ᠨᠡᠩ ᠰᠠᠶᠢᠲᠤᠷ ᠪᠠᠳᠠᠷᠠᠭᠤᠯᠵᠤ᠂ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠢ ᠠᠵᠤ ᠠᠬᠤᠶᠢᠯᠠᠯ ᠵᠦᠭ | ᠲᠥᠪᠯᠡᠷᠡᠭᠦᠯᠬᠦ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠂ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ ᠳᠤᠤᠷᠠᠳᠤ ᠬᠡᠰᠡᠭ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ | ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠰᠢᠯᠵᠢᠭᠦᠯᠦᠨ ᠤᠯᠠᠷᠢᠭᠤᠯᠬᠤ ᠶᠢ ᠲᠦᠷᠭᠡᠳᠬᠡᠨ᠎ᠡ᠃ ᠭᠤᠷᠪᠠᠳᠤᠭᠠᠷ ᠭᠤᠣᠯᠳᠠᠯᠭ᠎ᠠ ᠲᠠᠢ ᠠᠵᠢᠯ ᠪᠣᠯ ᠠᠵᠤ | ᠦᠢᠯᠡᠰ ᠤᠨ ᠬᠡᠯᠬᠢᠶ᠎ᠡ ᠪᠠ ᠦᠷᠳᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠠᠵᠢᠯ ᠤᠨ ᠪᠠᠶᠢᠴᠠᠭᠠᠯᠲᠠ ᠬᠢᠬᠦ ᠳᠤ ᠪᠠᠨ᠂ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠲᠡᠶᠢᠰᠢ ᠪᠠᠨ | ᠲᠡᠯᠡᠵᠦ᠂ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠶᠢᠰᠢ ᠪᠠᠨ ᠳᠡᠭᠡᠭᠰᠢᠯᠡᠬᠦ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ᠂ ᠪᠢᠳᠡ ᠤᠯᠠᠮᠵᠢᠯᠠᠯᠲᠤ ᠠᠵᠤ ᠦᠢᠯᠡᠰ ᠢ ᠳᠡᠭᠡᠳᠦ ᠲᠠᠰ᠂ | ᠤᠶᠤᠨᠴᠢᠯᠠᠯᠲᠠ᠂ ᠪᠣᠬᠢᠷᠲᠤᠯ ᠥᠬᠡᠶ ᠪᠣᠯᠭᠠᠨ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠨᠠᠷᠢᠯᠢᠭ | ᠭᠦᠨᠵᠡᠭᠡᠶ ᠡᠳ᠋ᠰᠢᠭᠦᠯᠬᠦ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ | ᠥᠷᠲᠡᠭ ᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠂ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ | ᠠᠬᠤᠶ ᠶᠢᠨ ᠲᠠᠯ᠎ᠠ ᠪᠠᠷ᠂ ᠨᠡᠭᠦᠷᠡᠰᠦ ᠶᠢ ᠠᠶᠤᠯᠭᠦᠶ ᠪᠥᠭᠡᠳ ᠥᠨᠳᠥᠷ ᠪᠦᠲᠦᠮᠵᠢᠲᠡᠶ ᠪᠠᠷ ᠨᠡᠭᠡᠭᠡᠨ ᠮᠠᠯᠲᠠᠬᠤ ᠪᠠ | ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠬᠦᠴᠦᠯᠡᠨ ᠠᠬᠢᠭᠤᠯᠵᠤ᠂ ︽ᠴᠠᠬᠢᠯᠭᠠᠨ | ᠴᠤᠷᠪᠤᠯᠵᠢ᠂ ᠴᠠᠬᠢᠯᠭᠠᠨ ᠲᠣᠣᠷ᠂ ᠴᠠᠬᠢᠯᠭᠠᠨ ᠳᠠᠭᠠᠭᠠᠴᠠ᠂ ᠴᠠᠬᠢᠯᠭᠠᠨ ᠬᠠᠳᠠᠭᠠᠭᠯᠠᠭᠳᠠᠴᠠ︾᠂ ︽ᠭᠠᠯ ᠰᠠᠯᠬᠢ | ᠭᠡᠷᠡᠯ ᠢ ᠨᠥᠭᠡᠴᠡᠯᠡᠬᠦ︾ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢ ᠬᠥᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠢ ᠶᠢᠨ | ᠲᠠᠯ᠎ᠠ ᠪᠠᠷ᠂ ᠪᠢᠳᠠ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠮᠠᠨ ᠤ ᠣᠷᠣᠨ ᠤ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ | ᠪᠦᠬᠦ ᠤᠯᠤᠰ ᠲᠤ ᠲᠡᠷᠢᠭᠦᠯᠡᠵᠦ ᠪᠠᠶᠢᠭ᠎ᠠ ᠪᠣᠯᠪᠠᠴᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ | ᠬᠠᠷᠢᠴᠠᠩᠭᠤᠢ ᠪᠠᠷ ᠬᠤᠴᠣᠷᠤᠩᠭᠤᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠭᠦᠨ ᠤ | ᠵᠡᠷᠭᠡᠴᠡᠭᠡ ᠪᠠᠷ᠂ ᠪᠢᠳᠠ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠤᠪᠣᠷ ᠰᠢᠷᠣᠢ ᠶᠢᠨ ᠠᠵᠤ ᠦᠢᠯᠡᠰ ᠢ ᠳᠡᠮᠵᠢᠨ | ᠪᠣᠰᠬᠠᠵᠤ᠂ ᠳᠡᠭᠡᠳᠦ ᠵᠡᠷᠭᠡᠯᠡᠯ ᠤᠨ ᠲᠡᠮᠦᠷᠯᠢᠭ᠂ ᠪᠠᠯ ᠴᠢᠯᠠᠭᠤᠨ ᠠᠯᠺᠧᠨ᠂ ᠳᠡᠭᠡᠳᠦ ᠴᠢᠳᠠᠪᠬᠢᠳᠦ ᠰᠢᠷᠬᠡᠭᠯᠢᠭ ᠵᠡᠷᠭᠡ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠤᠳᠤᠯᠤᠨ | ᠨᠡᠭᠡᠭᠡᠵᠦ ᠵᠢᠷᠤᠵᠤ ᠲᠥᠯᠥᠪᠯᠡᠬᠦ᠂ ᠰᠢᠯᠭᠠᠨ ᠪᠠᠶᠢᠴᠠᠭᠠᠵᠤ ᠭᠡᠷᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠳᠥᠷᠪᠡᠳᠦᠭᠡᠷ ᠭᠤᠣᠯᠳᠠᠯᠭ᠎ᠠ ᠲᠠᠢ ᠠᠵᠢᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ | ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃ ᠮᠠᠨ ᠤ ᠣᠷᠣᠨ ᠪᠣᠯ ᠪᠥᠬᠦ ᠤᠯᠤᠰ ᠤᠨ ᠠᠮᠤ ᠪᠤᠳᠠᠭᠠᠨ ᠤ ᠭᠤᠤᠯ | ᠭᠠᠷᠤᠯᠲᠠ ᠶᠢᠨ 13 ᠮᠤᠵᠢ ᠣᠷᠣᠨ ᠪᠠ ᠠᠮᠤ ᠪᠤᠳᠠᠭ᠎ᠠ ᠶᠢ ᠭᠠᠳᠠᠭᠰᠢ ᠭᠠᠷᠭᠠᠬᠤ 6 ᠮᠤᠵᠢ ᠣᠷᠣᠨ ᠤ ᠨᠢᠭᠡ | ᠪᠣᠯᠤᠨ᠎ᠠ᠃ 2018 ᠣᠨ ᠠᠴᠠ ᠡᠬᠢᠯᠡᠨ᠂ ᠠᠮᠤ ᠪᠤᠳᠠᠭᠠᠨ ᠤ ᠵᠢᠯ ᠤᠨ ᠤᠨᠠᠯᠲᠠ 700 ᠳ᠋ᠦᠩᠰᠢᠭᠤᠷ ᠵᠢᠩ ᠢ | ᠳᠠᠪᠠᠵᠤ᠂ ᠵᠢᠯ ᠪᠦᠷᠢ ᠪᠠᠷᠤᠭ 450 ᠳ᠋ᠦᠩᠰᠢᠭᠤᠷ ᠵᠢᠩ ᠠᠮᠤ ᠪᠤᠳᠠᠭ᠎ᠠ ᠵᠢᠴᠢ ᠪᠦᠲᠦᠭᠡᠭᠳᠡᠬᠦᠨ ᠢ ᠣᠷᠣᠨ ᠤ | ᠭᠠᠳᠠᠨ᠎ᠠ ᠭᠠᠷᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠦᠢᠯᠡᠳᠦᠯ | ᠦᠵᠡᠭᠦᠯᠪᠡ᠃ ᠡᠨᠡ ᠵᠢᠯ ᠮᠠᠨ ᠤ ᠣᠷᠣᠨ 459 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠦᠷᠭᠦᠯᠵᠢᠯᠡᠨ ᠰᠢᠨ᠎ᠡ ᠪᠠᠷ ᠪᠠᠶᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠪᠠ ᠬᠠᠷ᠎ᠠ | ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠥᠷᠨᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ | ︾ ᠪᠣᠯᠭᠠᠬᠤ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ︾ ᠪᠣᠯᠭᠠᠬᠤ ᠶᠢ ᠰᠡᠷᠭᠡᠶᠢᠯᠡᠨ᠎ᠡ᠃ ᠰᠦ | ᠰᠠᠭᠠᠯᠢ ᠶᠢᠨ ᠦᠢᠯᠡᠰ ᠪᠣᠯ ᠥᠪᠥᠷ ᠮᠣᠩᠭᠤᠯ ᠤᠨ ᠳᠠᠪᠠᠭᠤᠯᠢᠭ ᠠᠵᠤ ᠦᠢᠯᠡᠰ ᠮᠥᠨ᠂ ᠰᠠᠭᠠᠯᠢ ᠶᠢᠨ ᠦᠨᠢᠶ᠎ᠡ ᠶᠢᠨ | ᠲᠤᠭ᠎ᠠ ᠬᠡᠮᠵᠢᠶ᠎ᠡ᠂ ᠲᠦᠭᠦᠬᠡᠶ ᠰᠦ ᠶᠢᠨ ᠭᠠᠷᠤᠯᠲᠠ ᠪᠠ ᠴᠠᠭᠠᠨ ᠢᠳᠡᠭᠡᠨ ᠤ ᠭᠠᠷᠤᠯᠲᠠ ᠨᠢ ᠴᠥᠮ ᠪᠥᠬᠦ | ᠤᠯᠤᠰ ᠲᠤ ᠲᠡᠷᠢᠭᠦᠯᠡᠵᠦ ᠪᠠᠶᠢᠨ᠎ᠠ᠃ ᠮᠠᠨ ᠤ ᠣᠷᠣᠨ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠬᠤᠯᠢᠮᠠᠭ ᠥᠮᠴᠢᠯᠡᠯ ᠤᠨ ᠲᠦᠷᠢᠮ ᠤᠨ ᠬᠡᠯᠪᠡᠷᠢ ᠪᠠᠷ ᠰᠦ ᠶᠢᠨ | ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ ᠲᠠᠯᠠᠪᠠᠶ ᠪᠠᠶᠢᠭᠤᠯᠬᠤ ᠶᠢ ᠵᠣᠷᠢᠭᠵᠢᠭᠤᠯᠤᠨ᠂ ᠤᠯᠠᠮᠵᠢᠯᠠᠯᠲᠤ | ᠴᠠᠭᠠᠨ ᠢᠳᠡᠭᠡᠨ ᠤ ᠠᠵᠤ ᠦᠶᠢᠯᠡᠰᠵᠢᠭᠰᠡᠨ᠂ ᠨᠠᠷᠠᠲᠤ ᠲᠥᠷᠥᠯ ᠲᠡᠮᠳᠡᠭᠵᠢᠭᠰᠡᠨ ᠬᠥᠭᠵᠢᠯᠲᠡ ᠶᠢ ᠳᠡᠮᠵᠢᠨ᠎ᠡ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ | ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ ᠠᠬᠢᠭᠤᠯᠤᠨ᠂ ᠡᠭᠦᠯᠳᠡᠷ ᠤᠨ ᠡᠬᠢ ᠪᠠᠶᠠᠯᠢᠭ ᠢ | ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠡᠭᠦᠯᠳᠡᠷ ᠪᠤᠶᠢᠵᠢᠭᠤᠯᠬᠤ ᠶᠢᠨ ᠰᠢᠨ᠎ᠡ ᠡᠭᠦᠳᠦᠯᠲᠡ᠂ ᠰᠠᠶᠢᠨ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠪ ᠤᠨ ᠪᠠᠶᠢᠷᠢᠯᠠᠭᠤᠯᠤᠯᠲᠠ | ᠶᠣᠰᠣᠭᠠᠷ᠂ ᠪᠢᠳᠡ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ | ᠴᠡᠭ ᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ | ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ ᠲᠠᠪᠤᠳᠤᠭᠠᠷ ᠭᠤᠣᠯᠳᠠᠯᠭ᠎ᠠ ᠲᠠᠢ ᠠᠵᠢᠯ ᠪᠣᠯ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠬᠤ ᠶᠠᠪᠤᠳᠠᠯ ᠪᠣᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠥᠪᠡᠷ ᠢᠶᠠᠨ | ᠲᠥᠯᠥᠪᠵᠢᠭᠦᠯᠵᠦ ᠥᠪᠡᠷ ᠢᠶᠠᠨ ᠪᠠᠶᠢᠷᠢᠯᠠᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ᠎ᠠ᠃ | ᠮᠠᠨ ᠤ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ ᠪᠥᠬᠦ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠡᠷᠬᠡᠪᠰᠢ ᠰᠠᠶᠢᠲᠤᠷ ᠡᠭᠦᠷᠭᠡᠯᠡᠬᠦ ᠬᠡᠷᠡᠭᠲᠡᠶ ᠤᠯᠤᠰ ᠲᠥᠷᠥ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ | ᠥᠬᠡᠶ᠂ ᠴᠢᠨᠠᠷᠯᠢᠭ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠮᠥᠨ᠃ ᠡᠶᠢᠮᠦ ᠠᠴᠠ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ | ᠨᠢᠭᠡ ᠬᠡᠰᠡᠭ ᠲᠤ ᠵᠢᠭᠰᠠᠭᠠᠵᠤ ᠪᠠᠶᠢᠷᠢᠯᠠᠭᠤᠯᠪᠠ᠃ ᠮᠠᠨ ᠤ ᠣᠷᠣᠨ ᠬᠠᠲᠤᠨ ᠭᠤᠤᠯ ᠤᠨ ᠳᠡᠭᠡᠳᠦ ᠳᠣᠤᠷᠠᠳᠤ | ᠤᠷᠤᠰᠬᠠᠯ᠂ ᠭᠤᠤᠯ ᠰᠠᠯᠪᠤᠷᠢ ᠤᠷᠤᠰᠬᠠᠯ᠂ ᠵᠡᠭᠦᠨ ᠪᠠᠷᠠᠭᠤᠨ ᠡᠷᠭᠢ ᠶᠢ ᠵᠣᠬᠢᠴᠠᠭᠤᠯᠤᠨ ᠵᠠᠰᠠᠬᠤ ᠶᠢ | ᠴᠢᠩᠭᠠᠳᠬᠠᠵᠤ᠂ ᠭᠤᠤᠯ ᠤᠨ ᠵᠠᠮ ᠪᠠ ᠡᠷᠭᠢ ᠶᠢᠨ ᠱᠤᠭᠤᠮ ᠢ ︽ᠳᠤᠷ᠎ᠠ ᠪᠠᠷ ᠡᠵᠡᠯᠡᠬᠦ︾ ︽ᠳᠤᠷ᠎ᠠ ᠪᠠᠷ | ᠪᠠᠶᠢᠭᠤᠯᠬᠤ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ | ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠬᠠᠲᠤᠨ ᠭᠤᠤᠯ | ᠳᠠᠭᠠᠤ ᠭᠠᠵᠠᠷ ᠣᠷᠣᠨ ᠤ ᠣᠷᠴᠢᠨ ᠲᠣᠭᠤᠷᠢᠨ ᠤ ᠪᠣᠬᠢᠷᠲᠤᠯ ᠢ ᠰᠢᠰᠲ᠋ᠧᠮ ᠲᠠᠢ ᠵᠠᠰᠠᠬᠤ ᠪᠠ ᠠᠭᠤᠷᠬᠠᠶ ᠶᠢᠨ | ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠤᠨ᠎ᠠ᠃ ᠮᠠᠨ ᠤ | ᠣᠷᠣᠨ ᠤ ᠬᠠᠲᠤᠨ ᠭᠤᠤᠯ ᠳᠠᠭᠠᠤ ᠭᠠᠵᠠᠷ ᠣᠷᠣᠨ ᠤ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ | ᠵᠥᠷᠢᠴᠡᠯ ᠲᠣᠪᠤᠶᠢᠮ᠎ᠠ ᠪᠠᠶᠢᠵᠤ᠂ ᠠᠵᠤ ᠠᠬᠤᠶ ᠶᠢ ᠬᠥᠭᠵᠢᠭᠦᠯᠬᠦ ᠳᠤ ᠡᠷᠬᠡᠪᠰᠢ ᠤᠰᠤᠨ ᠤ ᠡᠬᠢ ᠪᠠᠶᠠᠯᠢᠭ | ᠳᠤᠲᠠᠭᠳᠠᠵᠤ ᠪᠠᠶᠢᠭ᠎ᠠ ᠡᠨᠡ ᠬᠦ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠤᠰᠤ ᠶᠢ ᠠᠷᠪᠢᠯᠠᠵᠤ ᠤᠰᠤ ᠶᠢ | ᠬᠢᠵᠠᠭᠠᠷᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ | ᠪᠥᠭᠡᠳ ᠦᠷ᠎ᠡ ᠠᠰᠢᠭ ᠢᠶᠠᠷ ᠳᠣᠤᠷ᠎ᠠ ᠪᠠᠶᠢᠭᠰᠠᠨ ᠠᠴᠠ ᠠᠷᠪᠢᠯᠠᠨ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ | ᠦᠷᠭᠦᠯᠵᠢᠯᠡᠨ ᠠᠬᠢᠭᠤᠯᠬᠤ ᠬᠡᠷᠡᠭᠲᠡᠶ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ | ᠲᠦᠷᠭᠡᠳᠬᠡᠵᠦ᠂ ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ᠂ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠬᠠᠲᠤᠨ ᠭᠤᠣᠯ ᠳᠠᠭᠠᠤ ᠭᠠᠵᠠᠷ | ᠣᠷᠣᠨ ᠤ ᠭᠤᠣᠯᠯᠠᠬᠤ ᠬᠤᠳᠠ ᠪᠠ ᠬᠤᠳᠠ ᠶᠢᠨ ᠰᠥᠷᠥᠭᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ | ᠡᠭᠦᠨ ᠤ ᠬᠠᠮᠲᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠬᠤ ᠪᠠ ᠪᠠᠳᠠᠷᠠᠭᠤᠯᠬᠤ ᠴᠢᠬᠤᠯᠠ ᠶᠡᠭᠡ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠠᠲᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ | ᠥᠷᠲᠡᠭ ᠢ ᠭᠦᠨᠵᠡᠭᠡᠶ ᠠᠭᠤᠳᠠᠯᠵᠤ᠂ ︽ᠬᠠᠲᠤᠨ ᠭᠤᠤᠯ ᠤᠨ ᠥᠯᠢᠭᠡᠷ︾ ᠢ ᠰᠠᠶᠢᠲᠤᠷ ᠶᠠᠷᠢᠵᠤ᠂ ᠰᠣᠶᠣᠯ ᠤᠨ | ᠡᠬᠢ ᠪᠠᠶᠠᠯᠢᠭ ᠪᠠ ᠪᠠᠶᠢᠭᠠᠯᠢ ᠶᠢᠨ ᠡᠬᠢ ᠪᠠᠶᠠᠯᠢᠭ ᠤᠨ ᠣᠷᠭᠠᠨᠢᠭ ᠠᠭᠤᠰᠤᠯᠴᠠᠯ ᠢ ᠠᠬᠢᠭᠤᠯᠤᠨ᠂ ᠣᠯᠠᠨ | ᠤᠯᠤᠰ ᠲᠤ ᠨᠥᠯᠥᠭᠡᠯᠡᠬᠦ ᠬᠦᠴᠦᠨ ᠪᠥᠬᠦᠶ ᠬᠠᠲᠤᠨ ᠭᠤᠤᠯ ᠤᠨ ︽几︾ ᠥᠰᠥᠭ ᠤᠨ ᠮᠣᠷᠦ᠋ᠢᠯᠲᠠ ᠶᠢᠨ | ᠰᠣᠶᠣᠯ ᠤᠨ ᠵᠢᠭᠤᠯᠴᠢᠯᠠᠯ ᠤᠨ ᠪᠦᠰᠡ ᠶᠢ ᠪᠣᠶ ᠪᠣᠯᠭᠠᠨ᠎ᠠ᠃ ᠵᠢᠷᠭᠤᠳᠤᠭᠠᠷ ᠭᠤᠣᠯᠳᠠᠯᠭ᠎ᠠ ᠲᠠᠢ ᠠᠵᠢᠯ ᠪᠣᠯ | ᠥᠭᠡᠷᠡᠴᠢᠯᠡᠯᠲᠡ ᠨᠡᠭᠡᠭᠡᠯᠳᠡ ᠶᠢ ᠨᠡᠩ ᠶᠡᠭᠡ ᠡᠷᠴᠢᠮ ᠲᠠᠢ ᠪᠠᠷ ᠠᠬᠢᠭᠤᠯᠬᠤ ᠶᠠᠪᠤᠳᠠᠯ ᠪᠣᠯᠤᠨ᠎ᠠ᠃ ᠡᠨᠡ ᠵᠢᠯ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠷᠭᠦᠯᠵᠢᠯᠡᠨ ᠲᠥᠪ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ | ᠲᠣᠬᠢᠷᠠᠭᠤᠯᠤᠯᠲᠠ ᠶᠣᠰᠣᠭᠠᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠡᠷᠴᠢᠮ ᠢᠶᠠᠨ | ᠴᠢᠩᠭᠠᠷᠠᠭᠤᠯᠤᠨ᠎ᠠ᠃ ᠥᠭᠡᠷᠡᠴᠢᠯᠡᠯᠲᠡ ᠬᠢᠬᠦ ᠲᠠᠯ᠎ᠠ ᠪᠠᠷ᠂ ᠭᠤᠣᠯᠳᠠᠭᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠤᠶ ᠪᠣᠯᠭᠠᠵᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ | ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ | ᠤᠳᠠᠭᠠᠰᠢᠷᠠᠭᠤᠯᠬᠤ ᠠᠴᠠ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ | ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠶ ᠶᠢ ᠪᠦᠲᠦᠮᠵᠢᠲᠡᠶ ᠳᠡᠮᠵᠢᠬᠦ ᠪᠠᠶᠢᠭᠤᠯᠤᠯ | ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠰᠲ᠋ᠧᠮᠲᠦᠨ ᠴᠢᠨᠠᠷᠲᠠᠶ ᠲᠦᠭᠰᠢᠭᠦᠷᠢ | ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠭᠡᠭᠡᠯᠳᠡ ᠬᠢᠬᠦ ᠲᠠᠯ᠎ᠠ ᠪᠠᠷ᠂ ᠪᠦᠬᠦ ᠲᠠᠯ᠎ᠠ ᠶᠢᠨ | ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠨᠡᠪᠲᠡᠷᠡᠬᠦ ᠵᠠᠮ ᠤᠨ ᠠᠵᠤ ᠠᠬᠤᠢ ᠶᠢ | ᠪᠣᠳᠠᠲᠠᠶᠢᠵᠢᠭᠰᠠᠨ ᠠᠵᠤ ᠠᠬᠤᠢ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠮᠠᠨᠵᠤᠤᠷ ᠵᠡᠷᠭᠡ ᠤᠯᠤᠰ ᠤᠨ | ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠰᠢᠨ᠎ᠡ ᠶᠢ ᠡᠭᠦᠳᠦᠨ | ᠬᠥᠭᠵᠢᠬᠦ ᠶᠢ ᠬᠦᠴᠦᠯᠡᠨ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ | ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠳᠣᠯᠣᠳᠤᠭᠠᠷ | ᠭᠤᠣᠯᠳᠠᠯᠭ᠎ᠠ ᠲᠠᠢ ᠠᠵᠢᠯ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠶᠠᠪᠤᠳᠠᠯ ᠪᠣᠯᠤᠨ᠎ᠠ᠃ ︽13 · 5︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ | ᠨᠠᠭᠠᠰᠢ᠂ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠲᠣᠭᠲᠠᠭᠤᠨ ᠢᠶᠠᠷ | ᠰᠠᠶᠢᠵᠢᠷᠠᠬᠤ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ | ᠰᠢᠨ᠎ᠡ ᠪᠠᠶᠢᠳᠠᠯ ᠢᠯᠡᠷᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠯᠢ ᠣᠯᠠᠨ | ᠠᠷᠭ᠎ᠠ ᠬᠡᠮᠵᠢᠶ᠎ᠡ ᠠᠪᠴᠤ ᠪᠠᠶᠢᠭᠠᠳ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ | ᠬᠠᠮᠠᠭᠠᠯᠠᠬᠤ ᠪᠠᠷ ᠪᠣᠢ᠃ ᠡᠭᠦᠨ ᠳᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ | ᠲᠣᠭᠲᠠᠭᠠᠨ ᠬᠡᠷᠡᠭᠵᠢᠭᠦᠯᠬᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠤᠢ | ᠰᠢᠭᠤᠢ ᠶᠢᠨ ᠳᠠᠷᠤᠭ᠎ᠠ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ᠂ ᠠᠮᠢ | ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠬᠤ᠂ ᠪᠣᠬᠢᠷᠲᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ ᠪᠠᠭᠲᠠᠨ᠎ᠠ᠃ ᠪᠠᠰᠠ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠢ | ᠰᠡᠷᠭᠡᠶᠢᠯᠡᠨ ᠵᠠᠰᠠᠬᠤ ᠶᠢ ᠨᠠᠷᠢᠯᠢᠭᠵᠢᠭᠤᠯᠤᠭᠰᠠᠨ ᠵᠥᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ | ᠬᠦᠬᠡ ᠣᠭᠲᠠᠷᠭᠤᠢ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ | ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠠᠴᠠ | ᠳᠣᠷᠣᠭᠰᠢᠯᠠᠭᠤᠯᠬᠤ ᠬᠠᠷᠠᠯᠲᠠ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠯᠥ ᠭᠠᠳᠠᠭᠰᠢᠯᠠᠭᠤᠯᠬᠤ | ᠬᠦᠰᠡᠯ ᠪᠣᠳᠣᠯ ᠪᠣᠯ ᠮᠠᠨ ᠤ ᠤᠯᠤᠰ ᠤᠨ ᠳᠡᠯᠡᠬᠡᠢ ᠨᠡᠶᠢᠭᠡᠮ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ | ᠮᠠᠨ ᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠬᠠᠲᠠᠭᠤ ᠪᠡᠷᠬᠡ ᠪᠠᠶᠢᠨ᠎ᠠ᠂ ᠡᠨᠡ | ᠵᠢᠯ ᠡᠨᠧᠷᠭᠢ ᠶᠢ ᠠᠷᠪᠢᠯᠠᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭᠠᠰᠬᠠᠬᠤ ᠶᠢ | ᠵᠣᠬᠢᠴᠠᠭᠤᠯᠤᠨ ᠠᠬᠢᠭᠤᠯᠵᠤ᠂ ᠨᠢᠭᠡᠨᠲᠡ ᠪᠠᠶᠢᠭ᠎ᠠ ᠪᠠ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠢ ᠤᠯᠤᠰ ᠤᠨ | ᠡᠨᠧᠷᠭᠢ ᠶᠢᠨ ᠬᠤᠷᠣᠭᠳᠠᠭᠤᠯᠭ᠎ᠠ ᠶᠢᠨ ᠲᠡᠷᠢᠭᠦᠨ ᠤ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ᠂ ᠠᠵᠤ ᠦᠢᠯᠡᠰ ᠤᠨ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠦᠳᠦᠯᠥᠨ ᠳᠠᠭᠠᠭᠤᠯᠬᠤ ᠬᠡᠷᠡᠭᠲᠡᠢ᠃ | ᠨᠠᠢᠮᠠᠳᠤᠭᠠᠷ ᠭᠤᠣᠯᠳᠠᠯᠭ᠎ᠠ ᠲᠠᠢ ᠠᠵᠢᠯ ᠪᠣᠯ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠬᠤ ᠶᠠᠪᠤᠳᠠᠯ ᠪᠣᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ | ᠪᠣᠯᠭᠠᠵᠤ᠂ ᠡᠭᠡ ᠣᠷᠣᠨᠴᠢ ᠦᠵᠡᠯ ᠤᠨ ᠬᠥᠮᠦᠵᠢᠯ ᠪᠠ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ | ᠭᠦᠨᠵᠡᠭᠡᠶ ᠥᠷᠨᠢᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠷᠭᠦᠯᠵᠢᠯᠡᠨ ᠤᠯᠠᠮᠵᠢᠯᠠᠨ | ᠪᠠᠳᠠᠷᠠᠭᠤᠯᠵᠤ᠂ ᠬᠤᠪᠢᠰᠬᠠᠯᠲᠤ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ | ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ | ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠵᠤ ᠲᠤᠪᠤᠶᠢᠯᠭᠠᠨ᠎ᠠ᠃ ᠳᠤᠮᠳᠠᠳᠤ ᠤᠯᠤᠰ ᠤᠨ ᠡᠪ | ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠪᠡᠯᠭᠡᠯᠡᠬᠦ ᠴᠢᠬᠤᠯᠠ ᠶᠡᠭᠡ ᠴᠠᠭ ᠵᠠᠩᠭᠢᠶᠠᠰᠤ ᠶᠢᠨ | ᠲᠣᠭᠤᠷᠢᠨ ᠳᠤ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠥᠷᠨᠢᠭᠦᠯᠵᠦ᠂ ᠤᠳᠤ | ᠦᠶ᠎ᠡ ᠶᠢᠨ ᠰᠣᠶᠣᠯ ᠤᠨ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠶᠢᠰᠦᠳᠦᠭᠡᠷ ᠭᠤᠣᠯᠳᠠᠯᠭ᠎ᠠ ᠲᠠᠢ ᠠᠵᠢᠯ ᠪᠣᠯ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠠᠷᠠᠳ ᠤᠨ | ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ ᠡᠨᠡ ᠵᠢᠯ | ᠮᠠᠨ ᠤ ᠣᠷᠣᠨ ᠤ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠰᠤᠷᠭᠠᠨ ᠬᠥᠮᠦᠵᠢᠯ᠂ | ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ | ᠡᠭᠦᠰᠦᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠯᠠᠨ ᠲᠠᠰ ᠳᠠᠪᠬᠤᠷᠭ᠎ᠠ᠂ ᠣᠯᠠᠨ | ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠠᠷᠠᠳ ᠣᠯᠠᠨ ᠤ ᠬᠦᠷᠲᠡᠭᠡᠮᠵᠢᠲᠦ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠨᠠᠩ ᠲᠡᠭᠦᠯᠳᠡᠷ᠂ ᠨᠠᠩ | ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠨ᠎ᠠ᠃ ᠤᠢᠢᠷ᠎ᠠ ᠶᠢᠨ ᠬᠤᠭᠤᠴᠠᠭᠠᠨ ᠳᠤ ᠤᠯᠤᠰ ᠤᠨ | ᠳᠣᠲᠣᠭᠠᠳᠤ ᠶᠢᠨ ᠤᠯᠠᠨ ᠭᠠᠵᠠᠷ ᠲᠤ ᠵᠠᠯᠭᠠᠭ᠎ᠠ ᠪᠠᠷ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ | ᠶᠡᠷᠦᠩᠬᠡᠢ ᠳᠤ ᠨᠢ ᠠᠪᠴᠤ ᠦᠵᠡᠪᠡᠯ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠴᠦ ᠬᠦᠨᠳᠦ ᠬᠡᠴᠡᠭᠦᠦ ᠪᠠᠶᠢᠨ᠎ᠠ᠃ | 2021 ᠣᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠠᠷᠭ᠎ᠠ | ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ | ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ︽ᠭᠠᠳᠠᠭᠠᠳᠤ ᠠᠴᠠ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ | ᠲᠠᠬᠢᠨ ᠰᠡᠷᠭᠦᠬᠦ ᠶᠢ ᠰᠡᠷᠭᠡᠶᠢᠯᠡᠬᠦ︾ ᠶᠢ ᠰᠠᠶᠢᠲᠤᠷ ᠠᠳᠬᠤᠬᠤ ᠬᠡᠷᠡᠭᠲᠡᠢ᠃ ᠨᠡᠶᠢᠰᠯᠡᠯ ᠤᠨ ᠨᠢᠰᠬᠡᠯ ᠤᠨ ᠪᠠᠭᠤᠳᠠᠯ ᠤᠨ | ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠰᠢᠢᠳᠪᠦᠷᠢᠯᠡᠬᠦ᠂ ᠬᠢᠯᠢ ᠶᠢᠨ ᠪᠣᠭᠤᠮᠲᠠ ᠶᠢ ᠰᠡᠷᠭᠡᠶᠢᠯᠡᠨ | ᠡᠵᠡᠮᠳᠡᠬᠦ᠂ ᠨᠡᠶᠢᠭᠡᠮ ᠲᠣᠭᠤᠷᠢᠭ ᠢ ᠲᠣᠤᠷᠵᠢᠭᠤᠯᠤᠨ ᠬᠠᠮᠢᠶᠠᠷᠬᠤ ᠪᠠ ᠸᠠᠺᠼᠢᠨ ᠤ ᠲᠠᠷᠢᠯᠭ᠎ᠠ ᠳᠠᠷᠢᠬᠤ ᠵᠡᠷᠭᠡ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠷᠠᠳ ᠣᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | | | ᠬᠥᠲᠥᠯᠥᠭᠴᠢ᠄ | 2021 ᠣᠨ ᠪᠣᠯ ︽14 · 5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ | ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ᠶᠠᠮᠠᠷ ᠶᠠᠮᠠᠷ ᠪᠣᠳᠠᠲᠠᠢ ᠠᠵᠢᠯ ᠢ ᠭᠤᠣᠯᠳᠠᠯᠭ᠎ᠠ ᠲᠠᠢ | ᠰᠠᠶᠢᠲᠤᠷ ᠬᠢᠬᠦ ᠪᠠᠷ ᠪᠡᠯᠡᠳᠬᠡᠵᠦ ᠪᠠᠶᠢᠬᠤ ᠪᠤᠢ︖ | | | ᠯᠸᠢ ᠵᠢᠶ ᠫᠧᠩ᠄ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠷᠠᠳ ᠤᠨ ᠠᠮᠢᠳᠤᠷᠠᠯ ᠲᠠᠢ | ᠬᠤᠯᠪᠣᠭᠳᠠᠬᠤ ᠠᠭᠤᠯᠭ᠎ᠠ ᠨᠢ ᠮᠥᠨ ᠯᠡ ᠬᠠᠮᠤᠭ ᠤᠨ ᠶᠡᠭᠡ ᠬᠠᠭᠤᠳᠠᠰᠤ ᠬᠡᠮᠵᠢᠶ᠎ᠡ ᠶᠢ ᠡᠵᠡᠯᠡᠭᠰᠡᠨ ᠶᠤᠮ᠂ ᠡᠨᠡ ᠨᠢ | ᠵᠠᠰᠠᠭ ᠤᠨ ᠣᠷᠳᠣᠨ ᠠᠴᠠ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ | ᠤᠯᠠᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠳᠤ ᠨᠡᠩ ᠢᠯᠡᠭᠦᠦ ᠠᠩᠬᠠᠷᠤᠯ ᠢᠶᠠᠨ ᠬᠠᠨᠳᠤᠭᠤᠯᠵᠤ ᠪᠠ | ᠬᠠᠷᠢᠭᠤᠯᠲᠠ ᠥᠭᠭᠦᠭᠰᠡᠨ ᠢ ᠭᠦᠢᠴᠡᠳ ᠬᠠᠷᠠᠭᠤᠯᠵᠤ ᠪᠠᠶᠢᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ | ᠪᠠᠷᠢᠮᠲᠠᠯᠠᠬᠤ ᠬᠥᠭᠵᠢᠯᠲᠡ ᠶᠢᠨ ᠦᠵᠡᠯ ᠰᠠᠨᠠᠭ᠎ᠠ ᠨᠢ ᠴᠤ ᠮᠠᠨ ᠤ ᠣᠷᠣᠨ ᠤ ︽14 · 5︾ ᠤᠨ | ᠲᠥᠯᠥᠪᠵᠢᠭᠦᠯᠭᠡ ᠶᠢᠨ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠳᠠᠬᠤ | ᠪᠣᠯᠤᠨ᠎ᠠ᠃ ᠡᠩ ᠲᠡᠷᠢᠭᠦᠨ ᠳᠤ ᠠᠵᠢᠯ ᠣᠯᠭᠤᠯᠲᠠ ᠶᠢᠨ ᠲᠤᠬᠠᠶ ᠶᠠᠷᠢᠶ᠎ᠠ᠃ ᠠᠵᠢᠯ ᠣᠯᠭᠤᠯᠲᠠ ᠪᠣᠯ ᠬᠠᠮᠤᠭ ᠤᠨ | ᠶᠡᠭᠡ ᠠᠷᠠᠳ ᠤᠨ ᠠᠮᠢᠳᠤᠷᠠᠯ ᠮᠥᠨ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ | ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ | ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠂ ᠡᠲᠡᠭᠡᠷ ᠬᠦᠮᠦᠰ ᠤᠨ ᠠᠵᠢᠯ ᠣᠯᠭᠤᠯᠲᠠ ᠶᠢᠨ | ᠠᠰᠠᠭᠤᠳᠠᠯ ᠢ ᠰᠢᠢᠳᠪᠦᠷᠢᠯᠡᠴᠢᠬᠡᠪᠡᠯ᠂ ᠪᠥᠬᠦ ᠣᠷᠣᠨ ᠤ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠴᠤ | ᠬᠠᠷᠢᠴᠠᠩᠭᠤᠶ ᠪᠠᠷ ᠲᠣᠭᠲᠠᠭᠤᠨ ᠪᠣᠯᠤᠨ᠎ᠠ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠠᠵᠢᠯᠯᠠᠭ᠎ᠠ ᠪᠠ ᠲᠤᠬᠠᠶᠢᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠪᠠ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠂ ᠡᠨᠡ ᠪᠣᠯ | ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠨᠥᠯᠥᠭᠡ ᠶᠢ ᠠᠷᠢᠯᠭᠠᠬᠤ᠂ ᠠᠵᠤ ᠠᠬᠤᠶᠢᠯᠠᠯ ᠤᠨ ᠳᠠᠷᠤᠭᠠᠰᠤ ᠶᠢ | ᠬᠥᠩᠭᠡᠷᠡᠭᠦᠯᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢᠨ ᠴᠢᠬᠤᠯᠠ ᠠᠷᠭ᠎ᠠ ᠬᠡᠮᠵᠢᠶ᠎ᠡ | ᠮᠥᠨ᠃ ᠪᠠᠰᠠ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠤ᠂ | ᠰᠦᠯᠵᠢᠶᠡᠨ ᠤ ᠭᠠᠳᠠᠨᠠᠬᠢ ᠪᠠ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠤᠨ | ᠬᠥᠭᠵᠢᠭᠦᠯᠬᠦ ᠵᠡᠷᠭᠡ ᠶᠢ ᠠᠬᠢᠭᠤᠯᠵᠤ᠂ ᠨᠡᠶᠢᠭᠡᠮ ᠤᠨ ᠠᠵᠢᠯ ᠡᠷᠢᠬᠦ᠂ ᠠᠵᠢᠯᠲᠠᠨ ᠤᠷᠢᠬᠤ᠂ ᠦᠢᠯᠡᠰ ᠪᠤᠰᠬᠠᠬᠤ | ᠵᠡᠷᠭᠡ ᠤᠯᠠᠨ ᠲᠠᠯ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠡᠷᠡᠭᠦᠯ ᠡᠩᠬᠡ ᠥᠪᠥᠷ ᠮᠣᠩᠭᠤᠯ ᠢ ᠪᠥᠲᠥᠭᠡᠨ | ᠪᠠᠶᠢᠭᠤᠯᠬᠤ ᠲᠠᠯ᠎ᠠ ᠪᠠᠷ᠃ ᠡᠨᠡ ᠵᠢᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ | ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠰᠢᠢᠳᠪᠦᠷᠢᠯᠡᠬᠦ ᠠᠴᠠ ᠭᠠᠷᠳᠠᠵᠤ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠣᠭᠲᠠᠯᠴᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ | ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠨᠡᠶᠢᠭᠡᠮ ᠤᠨ ᠬᠦᠴᠦᠨ ᠠᠴᠠ ᠡᠮᠨᠡᠯᠭᠡ ᠶᠢᠨ ᠬᠤᠷᠢᠶ᠎ᠠ | ᠡᠷᠭᠢᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ | ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠤᠨ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ᠂ | ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠠᠯᠠᠭᠤᠴᠤᠳ ᠪᠠᠭᠠᠴᠤᠳ ᠤᠨ | ᠨᠢᠳᠦᠨ ᠬᠠᠷᠠᠭ᠎ᠠ ᠶᠢᠨ ᠡᠷᠡᠭᠦᠯ ᠮᠡᠨᠳᠦ ᠳᠠᠬᠢ ᠠᠩᠬᠠᠷᠤᠯ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠪᠠ ᠪᠥᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠭᠡ ᠪᠠᠷ | ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠃ ᠨᠡᠶᠢᠭᠡᠮ ᠤᠨ ᠳᠠᠭᠠᠳᠬᠠᠯ ᠤᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠪᠠ ᠬᠦᠴᠢᠷᠳᠡᠯᠲᠡᠶ | ᠣᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠵᠢᠯ ᠠᠯᠳᠠᠭᠰᠠᠨ | ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠰᠢᠨ᠎ᠡ | ᠴᠠᠭ ᠤᠨ ᠪᠠᠶᠢᠳᠠᠯ ᠳᠣᠤᠷᠠᠬᠢ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠠᠵᠢᠯ | ᠬᠢᠭᠰᠡᠳ᠂ ᠡᠷᠦᠬᠡ ᠠᠴᠠ ᠪᠠᠨ ᠰᠠᠯᠵᠤ ᠭᠠᠳᠠᠨ᠎ᠠ ᠬᠦᠴᠦ ᠶᠠᠪᠤᠭᠰᠠᠳ ᠵᠡᠷᠭᠡ ᠬᠦᠮᠦᠰ ᠤᠨ ᠳᠠᠭᠠᠳᠬᠠᠯ ᠳᠤ | ᠣᠷᠣᠯᠴᠠᠬᠤ ᠠᠰᠠᠭᠤᠳᠠᠯ ᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠬᠦᠨᠳᠦ ᠡᠪᠡᠳᠴᠢᠨ᠂ ᠣᠨᠴᠠ ᠶᠡᠭᠡ | ᠡᠪᠡᠳᠴᠢᠨ ᠡᠮᠭᠡᠭ ᠤᠨ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠵᠤ᠂ | ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠵᠤ᠂ ᠠᠷᠠᠳ | ᠤᠯᠠᠨ ᠳᠤ ᠨᠡᠩ ᠤᠯᠠᠨ ᠪᠣᠳᠠᠲᠤ ᠠᠰᠢᠭ ᠪᠠ ᠲᠦᠬᠦᠮ ᠦᠵᠡᠭᠦᠯᠦᠨ᠎ᠡ᠃ ᠠᠮᠢᠳᠤᠷᠠᠯ ᠨᠢ ᠬᠦᠴᠢᠷᠳᠡᠯᠲᠡᠶ ᠠᠵᠢᠯ | ᠠᠯᠳᠠᠭᠰᠠᠳ ᠵᠢᠴᠢ ᠬᠡᠷ ᠪᠦᠯᠢ ᠶᠢᠨ ᠬᠢᠨ ᠴᠠᠭ ᠲᠤᠬᠠᠶ ᠳᠤ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ | ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠶᠢᠨ ᠬᠡᠪᠴᠢᠶᠡᠨ ᠳᠤ ᠣᠷᠣᠭᠤᠯᠵᠤ᠂ ᠣᠯᠠᠨ ᠲᠦᠮᠡᠨ ᠤ | ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ | ᠰᠠᠶᠢᠲᠤᠷ ᠰᠢᠢᠳᠪᠦᠷᠢᠯᠡᠨ᠎ᠡ᠃ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠤᠨ ᠬᠦᠮᠦᠵᠢᠭᠦᠯᠬᠦ | ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ︽ᠨᠢᠭᠡ ᠨᠠᠰᠤᠲᠠᠨ ᠨᠢᠭᠡ ᠨᠢᠯᠬ᠎ᠠ︾ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠰᠤᠷᠭᠠᠨ ᠬᠥᠮᠦᠵᠢᠯ ᠤᠨ ᠲᠠᠯ᠎ᠠ ᠪᠠᠷ᠃ ᠲᠦᠭᠡᠮᠡᠯ ᠬᠠᠷᠠᠭᠠᠯᠵᠠᠯ ᠤᠨ | ᠴᠢᠨᠠᠷᠲᠠᠶ ᠬᠡᠦᠬᠡᠳ ᠤᠨ ᠴᠡᠴᠡᠷᠯᠢᠭ ᠢ ᠦᠷᠭᠦᠯᠵᠢᠯᠡᠨ ᠶᠡᠭᠡ ᠪᠠᠷ ᠬᠥᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠪᠠ ᠲᠦᠭᠡᠮᠡᠯ ᠬᠠᠷᠠᠭᠠᠯᠵᠠᠯ ᠤᠨ ᠴᠢᠨᠠᠷ ᠢ | ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠠᠷ | ᠲᠡᠩᠴᠡᠭᠦᠷᠢᠰᠢᠭᠦᠯᠬᠦ ᠪᠠ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ ︽ᠢᠯᠡ ᠪᠠᠷ ᠰᠣᠷᠣᠭᠴᠢ | ᠡᠯᠰᠡᠵᠦ᠂ ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠦᠷᠭᠡᠳᠬᠡᠨ | ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ | ᠦᠭᠡᠢ ᠰᠠᠶᠢᠵᠢᠷᠠᠭᠤᠯᠤᠨ᠎ᠠ᠃ ︽ᠶᠠᠮᠤᠨ ᠣᠷᠣᠨ ᠬᠠᠮᠲᠤᠷᠠᠨ ᠪᠠᠶᠢᠭᠤᠯᠬᠤ︾ ᠬᠡᠯᠡᠯᠴᠡᠭᠡᠷ ᠢ ᠨᠠᠶᠢᠳᠠᠪᠤᠷᠢᠵᠢᠭᠤᠯᠤᠨ᠂ | ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ︽ᠬᠤᠤᠰ ᠲᠡᠷᠢᠭᠦᠨ︾ ᠤ | ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠥᠪᠡᠷ ᠤᠨ | ᠴᠢᠳᠠᠪᠤᠷᠢᠲᠠᠨ ᠢᠶᠠᠨ ᠰᠠᠶᠢᠲᠤᠷ ᠬᠥᠮᠦᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠣᠷᠣᠨ ᠰᠠᠭᠤᠴᠠ ᠶᠢᠨ | ᠪᠠᠲᠤᠯᠠᠭ᠎ᠠ ᠶᠢᠨ ᠲᠠᠯ᠎ᠠ ᠪᠠᠷ᠃ ᠦᠷᠭᠦᠯᠵᠢᠯᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠵᠠᠰᠠᠬᠤ ᠪᠠᠷ ᠭᠠᠷᠳᠠᠴᠠ ᠪᠣᠯᠭᠠᠨ ᠬᠤᠳᠠ ᠶᠢᠨ ᠰᠢᠨᠡᠴᠢᠯᠡᠯᠲᠡ ᠶᠢ ᠠᠬᠢᠭᠤᠯᠤᠨ ᠥᠷᠨᠢᠭᠦᠯᠵᠦ᠂ ᠬᠤᠳᠠ ᠶᠢᠨ | ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ | ᠡᠭᠦᠨ ᠤ ᠬᠠᠮᠲᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠡᠶᠢᠮᠡᠬᠡᠢ ᠬᠤᠲᠠ᠂ | ᠤᠶᠤᠨᠲᠤ ᠬᠤᠲᠠ ᠶᠢ ᠪᠥᠲᠥᠭᠡᠨ ᠪᠠᠶᠢᠭᠤᠯᠤᠨ᠎ᠠ᠃ ᠬᠦᠴᠢᠷᠳᠡᠯᠲᠡᠶ ᠤᠯᠠᠨ ᠲᠦᠮᠡᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠲᠦᠷᠢᠶᠡᠰᠦᠨ ᠣᠷᠣᠨ | ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠬᠠᠩᠭᠠᠯᠭ᠎ᠠ ᠶᠢ ᠥᠷᠭᠡᠳᠬᠡᠨ᠎ᠡ᠃ | | | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠠᠮᠠᠷ ᠪᠠᠶᠢᠳᠠᠯ | ᠲᠤᠯᠭᠠᠷᠠᠵᠤ ᠪᠠᠶᠢᠬᠤ ᠪᠣᠶ︖ ᠶᠠᠮᠠᠷ ᠶᠠᠮᠠᠷ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠤᠢ︖ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠳᠤ ᠶᠠᠮᠠᠷ ᠶᠠᠮᠠᠷ ᠮᠠᠭᠠᠳᠯᠠᠯᠲᠠ ᠭᠠᠷᠭᠠᠭᠰᠠᠨ ᠪᠣᠶ︖ | | | ᠯᠸᠢ ᠵᠢᠶ ᠫᠧᠩ᠄ | ᠡᠨᠡ ᠵᠢᠯ ᠤᠨ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ | ᠬᠦᠨᠳᠦ ᠬᠡᠴᠡᠭᠦᠦ ᠪᠠᠶᠢᠨ᠎ᠠ᠃ ᠳᠡᠯᠡᠬᠡᠢ ᠳ᠋ᠠᠬᠢᠨ ᠶᠠᠭ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ | ᠥᠩᠭᠡᠷᠡᠭᠡᠵᠦ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠰᠡᠷᠭᠦᠯᠲᠡ | ᠲᠣᠭᠲᠠᠭᠤᠨ ᠪᠤᠰᠤ ᠪᠥᠭᠡᠳ ᠲᠡᠩᠴᠡᠭᠦᠷᠢ ᠦᠭᠡᠢ ᠪᠠᠶᠢᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ | ᠭᠠᠳᠠᠭᠠᠳᠤ ᠣᠷᠴᠢᠨ ᠲᠣᠭᠤᠷᠢᠨ ᠳᠤ ᠮᠠᠰᠢ ᠤᠯᠠᠨ ᠲᠣᠭᠲᠠᠪᠤᠷᠢ ᠦᠭᠡᠢ ᠰᠢᠨᠵᠢ ᠴᠢᠨᠠᠷ ᠣᠷᠣᠰᠢᠵᠤ ᠪᠠᠶᠢᠨ᠎ᠠ᠃ | ᠮᠠᠨ ᠤ ᠤᠯᠤᠰ ᠤᠨ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠣᠯᠣᠭᠠᠳᠤᠢ᠂ | ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠯᠡ ᠲᠤᠪᠤᠶᠢᠮ᠎ᠠ ᠪᠠᠶᠢᠵᠤ᠂ ᠬᠢᠵᠢᠭ ᠤᠨ | ᠪᠠᠶᠢᠳᠠᠯ ᠤᠨ ᠨᠥᠯᠥᠭᠡ ᠮᠥᠨ ᠯᠡ ᠦᠷᠭᠦᠯᠵᠢᠯᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠰᠣᠯᠪᠢᠴᠠᠨ | ᠳᠠᠪᠬᠤᠴᠠᠵᠤ ᠪᠠᠶᠢᠨ᠎ᠠ᠃ ᠮᠠᠨ ᠤ ᠣᠷᠣᠨ ᠤ ᠠᠵᠤ ᠠᠬᠤᠶ ᠶᠢᠨ ᠰᠡᠷᠭᠦᠯᠲᠡ ᠶᠢᠨ ᠬᠥᠳᠡᠯᠭᠡᠬᠦ ᠬᠦᠴᠦᠨ ᠨᠡᠯᠢᠶᠡᠳ | ᠪᠠᠭᠤᠷᠠᠶ ᠪᠠᠶᠢᠵᠤ᠂ ᠰᠡᠷᠭᠦᠯᠲᠡ ᠶᠢᠨ ᠬᠤᠷᠳᠤᠴᠠ ᠬᠠᠷᠢᠴᠠᠩᠭᠤᠶ ᠪᠠᠷ ᠤᠳᠠᠭᠠᠨ ᠪᠠᠶᠢᠨ᠎ᠠ᠃ ᠵᠠᠷᠢᠮ ᠤᠷᠳᠤ | ᠬᠤᠭᠤᠴᠠᠭ᠎ᠠ ᠪᠠᠷ ᠣᠷᠣᠰᠢᠭᠰᠠᠭᠠᠷ ᠢᠷᠡᠭᠰᠡᠨ ᠭᠦᠨ ᠲᠡᠰ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠠᠰᠠᠭᠤᠳᠠᠯ | ᠪᠣᠯᠤᠨ ᠪᠠᠶᠢᠭᠤᠯᠤᠮᠵᠢ ᠶᠢᠨ ᠴᠢᠨᠠᠷᠲᠠᠢ ᠵᠥᠷᠢᠴᠡᠯ ᠢ ᠬᠠᠷᠠᠬᠠᠨ ᠰᠢᠢᠳᠪᠦᠷᠢᠯᠡᠭᠡᠳᠦᠢ ᠪᠠᠶᠢᠵᠤ᠂ ᠢᠯᠠᠩᠭᠤᠶ᠎ᠠ | ᠤᠯᠠᠮᠵᠢᠯᠠᠯᠲᠤ ᠬᠥᠭᠵᠢᠯᠲᠡ ᠶᠢᠨ ᠠᠷᠭ᠎ᠠ ᠵᠠᠮ ᠳᠠᠬᠢ ᠲᠦᠰᠢᠭᠯᠡᠯ᠂ ᠠᠵᠤ ᠦᠢᠯᠡᠰ ᠤᠨ ᠪᠦᠲᠦᠴᠡ ᠳᠠᠬᠢ ᠲᠦᠰᠢᠭᠯᠡᠯ᠂ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠡᠬᠢ ᠪᠠᠶᠠᠯᠢᠭ ᠣᠷᠴᠢᠨ ᠲᠣᠭᠤᠷᠢᠨ ᠤ | ᠬᠢᠵᠠᠭᠠᠷᠯᠠᠯ ᠵᠡᠷᠭᠡ ᠨᠢ ᠲᠥᠪᠯᠡᠷᠡᠨ ᠮᠦᠷᠭᠦᠯᠳᠦᠵᠦ᠂ ᠮᠠᠨ ᠤ ᠣᠷᠣᠨ ᠤ ᠠᠵᠤ ᠠᠬᠤᠢ ᠶᠢᠨ ᠦᠷᠭᠦᠯᠵᠢᠯᠡᠨ ᠰᠡᠷᠭᠦᠬᠦ | ᠪᠠ ᠴᠢᠨᠠᠷᠯᠢᠭ ᠢᠶᠠᠷ ᠬᠥᠭᠵᠢᠬᠦ ᠶᠢ ᠬᠢᠵᠠᠭᠠᠷᠯᠠᠨ ᠨᠥᠯᠥᠭᠡᠯᠡᠵᠦ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠤᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠪᠦ᠋ ᠰᠢᠶᠤᠤ ᠯᠢᠨ | ᠲᠡᠷᠢᠭᠦᠯᠡᠭᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠠᠨ ᠳ᠋ᠦᠩᠨᠡᠯᠲᠡ ᠬᠢᠵᠡᠢ᠃ ᠡᠭᠦᠨ ᠳᠤ | ᠭᠤᠣᠯᠳᠠᠭᠤ᠄ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠳᠤᠲᠠᠭᠳᠠᠬᠤ ᠠᠰᠠᠭᠤᠳᠠᠯ ᠲᠤᠪᠤᠶᠢᠮ᠎ᠠ | ᠪᠠᠶᠢᠨ᠎ᠠ︔ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠭᠤᠯᠤᠯ ᠤᠨ | ᠬᠦᠴᠦᠯᠡᠴᠡ ᠨᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠵᠦ ᠴᠢᠳᠠᠭ᠎ᠠ ᠦᠭᠡᠢ᠂ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠳᠤ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠠᠵᠤ ᠠᠬᠤᠶᠢᠯᠠᠯ ᠢᠯᠠᠩᠭᠤᠶ᠎ᠠ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠨ᠎ᠠ︔ ᠬᠡᠰᠡᠭ ᠭᠠᠵᠠᠷ ᠣᠷᠣᠨ ᠤ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ | ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠬᠡᠯᠪᠡᠷᠢᠴᠢ | ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ | ᠪᠣᠯᠤᠨ᠎ᠠ᠃ ᠡᠭᠦᠨ ᠤ ᠬᠠᠮᠲᠤ᠂ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ | ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠢ ᠲᠣᠭᠲᠠᠭᠤᠨ ᠤ ᠳᠤᠮᠳᠠ | ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ 2020 | ᠣᠨ ᠳᠤ ᠮᠠᠨ ᠤ ᠤᠯᠤᠰ ᠪᠣᠯ ᠪᠦᠬᠦ ᠪᠥᠮᠪᠥᠷᠴᠡᠭ ᠤᠨ ᠴᠤᠷ ᠤᠨ ᠭᠠᠭᠴᠠ ᠠᠵᠤ ᠠᠬᠤᠢ ᠶᠢᠨ ᠡᠶᠡᠷᠭᠦ ᠨᠡᠮᠡᠭᠳᠡᠯ ᠢ | ᠪᠡᠶᠡᠯᠡᠭᠦᠯᠦᠭᠰᠡᠨ ᠭᠤᠣᠯ ᠠᠵᠤ ᠠᠬᠤᠢ ᠶᠢᠨ ᠴᠣᠭᠴᠠ ᠪᠠᠶᠢᠵᠤ᠂ ᠴᠠᠭ ᠪᠠ ᠪᠠᠶᠢᠳᠠᠯ ᠮᠠᠨ ᠤ ᠲᠠᠯ᠎ᠠ ᠳᠤ ᠪᠠᠶᠢᠨ᠎ᠠ᠂ | ᠡᠨᠡ ᠪᠣᠯ ᠮᠠᠨ ᠤ ᠲᠣᠭᠲᠠᠯ ᠬᠦᠴᠦᠨ ᠪᠠ ᠢᠳᠡ ᠬᠦᠴᠦᠨ ᠮᠥᠨ᠂ ᠪᠠᠰᠠ ᠴᠤ ᠮᠠᠨ ᠤ ᠡᠷᠡᠰ ᠵᠣᠷᠢᠭ ᠪᠠ ᠢᠲᠡᠭᠡᠯ | ᠵᠣᠷᠢᠭ ᠮᠥᠨ ᠭᠡᠳᠡᠭ ᠢ ᠪᠢᠳᠡ ᠪᠠᠰᠠ ᠲᠠᠨᠢᠵᠤ ᠮᠡᠳᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠲᠠᠨᠢᠨ ᠡᠵᠡᠮᠳᠡᠵᠦ᠂ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠡᠷᠬᠡᠪᠰᠢ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ | ᠠᠵᠠ ᠲᠣᠬᠢᠶᠠᠯ ᠢ ᠡᠵᠡᠮᠳᠡᠨ᠂ ᠥᠷᠢᠰᠥᠯᠳᠦᠭᠡᠨ ᠢ ᠠᠷᠭᠠᠴᠠᠭᠠᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ | ᠬᠡᠷᠡᠭᠲᠡᠢ᠃ | | | ᠬᠥᠲᠥᠯᠥᠭᠴᠢ᠄ | ᠲᠤᠭᠤᠷᠪᠢᠨ ᠪᠢᠴᠢᠬᠦ ᠳᠤᠭᠤᠶᠢᠯᠠᠩ ᠤᠨ ᠭᠤᠣᠯ ᠭᠡᠰᠢᠭᠦᠨ ᠪᠣᠯᠤᠭᠰᠠᠨ ᠤ ᠬᠤᠪᠢ ᠳᠤ᠂ ᠲᠠᠨ ᠤ ᠦᠵᠡᠬᠦ ᠪᠠᠷ᠂ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠣᠶᠢᠯᠠᠭᠠᠵᠤ᠂ 2021 ᠣᠨ ᠤ ᠠᠵᠢᠯ ᠢ | ᠰᠠᠶᠢᠲᠤᠷ ᠬᠢᠬᠦ ᠳᠤ ᠡᠵᠡᠮᠳᠡᠬᠦ ᠴᠢᠬᠤᠯᠠᠲᠠᠢ ᠴᠢᠭᠯᠡᠯ ᠪᠣᠯᠤᠨ ᠭᠤᠣᠯᠳᠠᠯᠭ᠎ᠠ ᠨᠢ ᠶᠠᠭᠤ ᠪᠤᠢ︖ | | | ᠯᠸᠢ ᠵᠢᠶ ᠫᠧᠩ᠄ | ᠡᠨᠡ ᠵᠢᠯ ᠪᠣᠯ ︽14 · 5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠥᠨ ᠴᠤ | ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢᠶᠠᠨ ᠡᠬᠢᠯᠡᠭᠦᠯᠦᠭᠰᠡᠨ ᠠᠩᠬᠠᠨ ᠤ ᠵᠢᠯ ᠪᠣᠯᠬᠤ ᠪᠠᠷ ᠪᠠᠷᠠᠬᠤ ᠦᠭᠡᠢ᠂ ᠪᠠᠰᠠ ᠳᠤᠮᠳᠠᠳᠤ ᠤᠯᠤᠰ ᠤᠨ | ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠪᠣᠯᠤᠨ᠎ᠠ ᠭᠡᠵᠦ ᠪᠢ ᠳᠡᠭᠡᠷ᠎ᠡ | ᠳᠤᠷᠠᠳᠴᠤ ᠥᠩᠭᠡᠷᠡᠭᠰᠡᠨ ᠪᠢᠯᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠂ ᠡᠭᠦᠨ ᠳᠤ ᠭᠤᠣᠯᠳᠠᠭᠤ ᠳᠣᠣᠷᠠᠬᠢ ᠲᠠᠪᠤᠨ ᠲᠠᠯ᠎ᠠ ᠶᠢ ᠰᠠᠶᠢᠲᠤᠷ ᠡᠵᠡᠮᠳᠡᠬᠦ ᠬᠡᠷᠡᠭᠲᠡᠶ᠄ | ᠨᠢᠭᠡ ᠳᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠶ ᠡᠵᠡᠮᠳᠡᠨ᠎ᠡ᠃ ᠬᠤᠪᠢᠰᠤᠩᠭᠤᠢ | ᠰᠡᠳᠬᠢᠬᠦᠢ ᠪᠠᠷ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ | ᠬᠠᠨᠳᠤᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ | ᠬᠤᠪᠢᠷᠠᠯᠲᠠ ᠶᠢ ᠣᠨᠣᠪᠴᠢᠲᠠᠢ ᠲᠠᠨᠢᠬᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠬᠤ ᠪᠠ | ᠰᠠᠨᠠᠭᠠᠴᠢᠯᠠᠭ᠎ᠠ ᠠᠴᠠ ᠪᠠᠨ ᠰᠢᠨᠡᠴᠢᠯᠡᠯᠲᠡ ᠬᠢᠵᠦ᠂ ᠬᠢᠮᠤᠷᠠᠯ ᠤᠨ ᠳᠤᠮᠳᠠ ᠠᠵᠠ ᠲᠣᠬᠢᠶᠠᠯ ᠢ ᠲᠠᠨᠢᠨ ᠮᠡᠳᠡᠵᠦ᠂ | ᠬᠤᠪᠢᠷᠠᠯᠲᠠ ᠶᠢᠨ ᠳᠤᠮᠳᠠ ᠴᠢᠳᠠᠮᠠᠭᠠᠢ ᠪᠠᠷ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠦᠬᠦᠯᠢ ᠴᠣᠭᠴᠠ ᠪᠠ ᠭᠤᠤᠯᠳᠠᠯᠭ᠎ᠠ ᠶᠢ | ᠨᠢᠭᠡᠳᠦᠯᠲᠡᠶ ᠲᠥᠯᠥᠪᠯᠡᠨ᠂ ᠣᠳᠣᠬᠠᠨ ᠤ ᠪᠠᠶᠢᠳᠠᠯ ᠪᠠ ᠠᠯᠤᠰ ᠬᠡᠲᠦ ᠶᠢᠨ ᠲᠥᠯᠥᠪᠯᠡᠭᠡ ᠶᠢ ᠬᠠᠮᠲᠤ ᠳᠤ ᠨᠢ | ᠬᠠᠷᠠᠭᠠᠯᠵᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠪᠥᠬᠦ ᠣᠷᠣᠨ ᠤ ᠠᠵᠤ | ᠠᠬᠤᠶ ᠶᠢᠨ ᠲᠣᠭᠲᠠᠭᠤᠨ ᠨᠡᠮᠡᠭᠳᠡᠯ ᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ | ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ︽14 · 5︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠨᠠᠷᠯᠢᠭ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠣᠶᠢᠯᠠᠭᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠥᠭᠵᠢᠯᠲᠡ ᠶᠢᠨ | ᠣᠨᠣᠯᠵᠢᠬᠤᠨ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ | ᠬᠠᠷᠠᠯᠲᠠ ᠠᠴᠠ ᠶᠡᠷᠦᠩᠬᠡᠢ ᠱᠦᠵᠢ ᠶᠢᠨ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠯᠲᠠ ᠬᠠᠷᠢᠴᠠᠭᠤᠯᠤᠯ | ᠬᠢᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠦᠳᠦᠭᠡᠨ | ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ | ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠨ᠎ᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ | ᠠᠭᠤᠰᠤᠯᠴᠠᠨ ᠠᠵᠢᠯ ᠢᠶᠠᠨ ᠥᠷᠨᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠢ ᠪᠠᠷᠢᠮᠲᠠᠯᠠᠵᠤ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠨ | ᠴᠢᠩᠭᠠᠳᠬᠠᠵᠤ᠂ ᠲᠦᠭᠵᠢᠷᠡᠯ ᠢ ᠨᠡᠪᠲᠡᠷᠡᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠦᠢᠯᠡᠳᠪᠦᠷᠢᠯᠡᠯ᠂ | ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡᠨ ᠵᠡᠷᠭᠡ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠴᠢᠨᠠᠷ ᠰᠠᠶᠢᠲᠠᠢ | ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠤᠳᠤ ᠦᠶ᠎ᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ | ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠣᠷᠣᠨ ᠵᠠᠢ ᠶᠢ ᠥᠷᠭᠡᠳᠬᠡᠬᠦ ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ | ᠬᠦᠴᠦᠯᠡᠵᠦ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠥᠨᠳᠥᠷ | ᠬᠢᠷᠢ ᠲᠦᠪᠰᠢᠨ ᠤ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠤᠨ ᠳᠣᠲᠣᠭᠠᠳᠤ ᠶᠢᠨ ᠲᠤᠮᠤ ᠵᠠᠬ᠎ᠠ | ᠳᠡᠯᠭᠡᠭᠦᠷ ᠪᠠ ᠤᠯᠤᠰ ᠤᠨ ᠳᠣᠲᠣᠭᠠᠳᠤ᠂ ᠤᠯᠠᠨ ᠤᠯᠤᠰ ᠤᠨ ᠬᠤᠣᠰ ᠣᠷᠴᠢᠯ ᠳᠤ ᠨᠡᠩ ᠰᠠᠶᠢᠨ ᠠᠭᠤᠰᠤᠯᠴᠠᠨ᠎ᠠ᠃ | ᠲᠦᠷᠪᠡ ᠳᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ | ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠭᠦᠯᠬᠦ ᠪᠠ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠪᠠᠷ ᠠᠯᠢᠪᠠ ᠠᠵᠢᠯ ᠤᠨ ᠢᠶᠠᠨ ᠡᠭᠦᠰᠭᠡᠯ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠢ | ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ | ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠠᠵᠢᠯ ᠣᠯᠭᠤᠯᠲᠠ᠂ ᠰᠤᠷᠭᠠᠨ ᠬᠥᠮᠦᠵᠢᠯ᠂ | ᠨᠠᠰᠤᠵᠢᠯ ᠤᠨ ᠠᠰᠠᠷᠠᠮᠵᠢ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ | ᠠᠷᠠᠳ ᠤᠯᠠᠨ ᠢ ᠦᠨᠡᠨ ᠪᠣᠳᠠᠲᠤ ᠬᠦᠷᠲᠡᠭᠡᠮᠵᠢᠲᠦ ᠲᠦᠷᠦᠭᠳᠡᠯ ᠲᠠᠢ ᠪᠣᠯᠭᠠᠨ᠎ᠠ᠃ ᠲᠠᠪᠤ ᠳᠤ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ | ᠬᠦᠷᠢᠶᠡᠨ ᠤ ᠪᠦᠬᠦ ᠶᠠᠪᠤᠴᠠ ᠳᠤ ᠲᠤᠭᠤᠰᠢᠯᠠᠭᠤᠯᠵᠤ᠂ ᠵᠣᠪᠠᠨᠢᠬᠤᠢ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ | ᠭᠡᠮ ᠢ ᠢᠷᠡᠯᠲᠡ ᠠᠴᠠ ᠨᠢ ᠰᠡᠷᠭᠡᠶᠢᠯᠡᠨ ᠨᠠᠮᠳᠠᠭᠠᠵᠤ᠂ ᠠᠰᠠᠭᠤᠳᠠᠯ ᠢ ᠰᠣᠶᠣᠭᠠᠯᠠᠯ ᠤᠨ ᠦᠶ᠎ᠡ᠂ ᠭᠠᠮᠰᠢᠭ ᠪᠣᠯᠣᠨ | ᠪᠦᠷᠢᠯᠳᠦᠬᠦ ᠠᠴᠠ ᠡᠮᠦᠨ᠎ᠡ ᠦᠨᠡᠨ ᠬᠦ ᠰᠢᠢᠳᠪᠦᠷᠢᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ | ᠡᠷᠡᠰ ᠰᠠᠬᠢᠬᠤ ᠬᠡᠷᠡᠭᠲᠡᠢ᠃ | | | ᠬᠥᠲᠥᠯᠥᠭᠴᠢ᠄ | ᠯᠸᠢ ᠡᠷᠬᠢᠯᠡᠭᠴᠢ ᠶᠢᠨ ᠨᠠᠷᠢᠯᠢᠭ ᠲᠠᠶᠢᠯᠪᠤᠷᠢᠯᠠᠭᠰᠠᠨ ᠳᠤ ᠪᠠᠶᠠᠷᠯᠠᠯ᠎ᠠ᠂ 2021 ᠣᠨ ᠤ ᠥᠪᠡᠷᠲᠡᠭᠡᠨ ᠵᠠᠰᠠᠬᠤ | ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠶ ᠬᠠᠮᠢᠶ᠎ᠠ ᠪᠥᠬᠦᠶ ᠶᠠᠷᠢᠶᠠᠨ ᠤ ᠰᠡᠳᠦᠪ | ᠮᠥᠨ ᠬᠦ ᠮᠠᠰᠢ ᠣᠯᠠᠨ ᠪᠠᠶᠢᠨ᠎ᠠ᠂ ᠭᠡᠪᠡᠴᠦ ᠴᠠᠭ ᠤᠨ ᠬᠠᠷᠠᠭ᠎ᠠ ᠠᠴᠠ ᠪᠣᠯᠵᠣ᠂ ᠥᠨᠥᠳᠦᠷ ᠤᠨ ᠰᠤᠷᠪᠤᠯᠵᠢᠯᠠᠭ᠎ᠠ | ᠠᠳᠡ ᠬᠥᠷᠥᠭᠡᠳ ᠥᠨᠳᠥᠷᠯᠡᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠤ ᠠᠨᠳᠠ ᠨᠠᠷ ᠲᠠᠢ ᠪᠠᠨ ᠶᠠᠷᠢᠯᠴᠠᠬᠤ | ᠵᠠᠪᠰᠢᠶᠠᠨ ᠲᠠᠢ ᠪᠣᠯᠬᠤ ᠶᠢ ᠬᠦᠰᠡᠵᠦ ᠪᠠᠶᠢᠨ᠎ᠠ᠃ ᠥᠷᠭᠡᠨ ᠤᠯᠠᠨ ᠰᠦᠯᠵᠢᠶᠡᠨ ᠠᠨᠳᠠ ᠨᠠᠷ ᠤᠨ ᠲᠤᠰ ᠤᠳᠠᠭᠠᠨ ᠤ | ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ︕ ᠪᠠᠶᠠᠷᠲᠠᠢ︕ | | | ᠯᠸᠢ ᠵᠢᠶ ᠫᠧᠩ᠄ | ᠪᠠᠶᠠᠷᠲᠠᠶ︕ | |