2021 ᠣᠨ ᠤ ᠭᠤᠤᠯᠳᠠᠯᠭ᠎ᠠ ᠲᠠᠢ ᠰᠡᠳᠦᠪ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ | ᠤᠢ ᠰᠢᠭᠤᠢ ᠰᠢᠨᠵᠢᠯᠡᠬᠦ ᠤᠬᠠᠭᠠᠨ ᠳᠠᠷᠤᠮᠠᠯᠯᠠᠨ ᠲᠠᠷᠬᠠᠭᠠᠭᠰᠠᠨ ﹇2021﹈ 45 ᠳ᠋ᠤᠭᠠᠷ ᠲᠣᠭᠠᠲᠤ | | ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠡᠯ᠎ᠡ ᠵᠤᠷᠭᠠᠨ ᠲᠤᠪᠴᠢᠶ᠎ᠠ᠂ ᠡᠯ᠎ᠡ | ᠲᠣᠮᠢᠯᠠᠭᠰᠠᠨ ᠪᠠᠶᠢᠭᠤᠯᠤᠮᠵᠢ᠂ ᠡᠯ᠎ᠡ ᠰᠢᠭᠤᠳ ᠬᠠᠷᠢᠶ᠎ᠠ ᠨᠢᠭᠡᠴᠢ᠂ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ | ᠪᠦᠯᠦᠭᠯᠡᠯ᠄ | ᠡᠳᠦᠭᠡ 2021 ᠣᠨ ᠤ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ | ᠭᠤᠤᠯᠳᠠᠯᠭ᠎ᠠ ᠲᠠᠢ ᠰᠡᠳᠦᠪ ︵ᠳᠠᠭᠠᠯᠳᠤᠭᠤᠯᠤᠯ ᠢ ᠦᠵᠡ︶ ᠢ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ | ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠡᠯ᠎ᠡ ᠬᠤᠰᠢᠭᠤᠴᠢᠯᠠᠨ ᠬᠢᠬᠦ ᠵᠤᠷᠭᠠᠨ ᠲᠣᠪᠴᠢᠶ᠎ᠠ ᠳᠠᠭᠠᠭᠠᠴᠢᠯᠠᠭᠰᠠᠨ ᠰᠡᠳᠦᠪ ᠢᠶᠠᠨ ᠪᠦᠬᠦ ᠲᠠᠯ᠎ᠠ ᠪᠠᠷ | ᠬᠠᠷᠢᠭᠤᠴᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠪᠡᠶᠡᠴᠢᠯᠡᠨ ᠰᠤᠳᠤᠯᠤᠨ ᠪᠠᠶᠢᠷᠢᠯᠠᠭᠤᠯᠵᠤ᠂ | ᠱᠠᠯᠠᠪᠳᠠᠭᠤᠯᠤᠨ ᠠᠬᠢᠭᠤᠯᠵᠤ᠂ ᠠᠵᠢᠯᠲᠠᠨ᠂ ᠬᠠᠷᠢᠭᠤᠴᠠᠯᠭ᠎ᠠ᠂ ᠱᠠᠭᠠᠷᠳᠠᠯᠭ᠎ᠠ᠂ ᠴᠠᠭ ᠤᠨ ᠬᠢᠵᠠᠭᠠᠷ ᠢ | ᠲᠣᠳᠣᠷᠬᠠᠶᠢᠯᠠᠨ᠂ ᠡᠭᠦᠷᠭᠡ ᠶᠢᠨ ᠪᠢᠴᠢᠭ ᠢ ᠨᠠᠶᠢᠷᠠᠭᠤᠯᠵᠤ᠂ ᠰᠡᠳᠦᠪ ᠤᠨ ᠰᠤᠳᠤᠯᠭᠠᠨ ᠢ ᠴᠠᠭ ᠲᠤᠬᠠᠢ ᠳᠤᠨᠢ ᠴᠢᠨᠠᠷ | ᠰᠠᠶᠢᠲᠠᠢ ᠥᠷᠨᠢᠭᠦᠯᠬᠦ ᠶᠢ ᠪᠠᠲᠤᠯᠠᠬᠤ ᠬᠡᠷᠡᠭᠲᠡᠢ᠃ ᠬᠡᠷᠡᠭᠯᠡᠭᠡᠨ ᠤ ᠲᠥᠷᠥᠯ᠂ ᠰᠠᠭᠤᠷᠢ ᠲᠥᠷᠥᠯ ᠤᠨ ᠰᠡᠳᠦᠪ ᠢ | ᠡᠷᠬᠡᠪᠰᠢ 2021 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠡᠬᠢᠯᠡᠨ ᠬᠡᠷᠡᠭᠵᠢᠭᠦᠯᠬᠦ ᠬᠡᠷᠡᠭᠲᠡᠶ᠃ | ᠪᠠᠶᠢᠴᠠᠭᠠᠨ ᠰᠤᠳᠤᠯᠤᠯᠲᠠ ᠶᠢᠨ ᠲᠥᠷᠥᠯ ᠤᠨ ᠰᠡᠳᠦᠪ ᠢ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠴᠠᠭ | ᠲᠤᠬᠠᠢ ᠳᠤᠨᠢ ᠲᠥᠰᠦᠯ ᠪᠤᠯᠭᠠᠨ ᠪᠦᠷᠢᠯᠳᠦᠬᠦᠯᠬᠦ ᠬᠡᠷᠡᠭᠳᠡᠢ᠃ | ᠬᠤᠶᠠᠷ᠂ ᠬᠡᠷᠡᠭᠯᠡᠭᠡᠨ ᠤ ᠲᠥᠷᠥᠯ᠂ ᠰᠠᠭᠤᠷᠢ ᠲᠥᠷᠥᠯ ᠤᠨ ᠰᠡᠳᠦᠪ ᠢ ᠬᠤᠰᠢᠭᠤᠴᠢᠯᠠᠨ ᠬᠢᠬᠦ ᠵᠤᠷᠭᠠᠨ | ᠲᠣᠪᠴᠢᠶ᠎ᠠ ᠨᠢᠭᠡᠴᠢ ᠰᠤᠳᠤᠯᠭᠠᠨ ᠤ ᠪᠦᠯᠬᠦᠮ ᠢ ᠵᠣᠬᠢᠶᠠᠨ ᠪᠠᠶᠢᠭᠤᠯᠬᠤ᠂ ᠲᠤᠰᠬᠠᠶ ᠮᠡᠷᠭᠡᠵᠢᠯᠲᠡᠨ ᠤ ᠪᠦᠯᠬᠦᠮ ᠢ | ᠤᠷᠢᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ︽ᠴᠢᠳᠠᠭᠴᠢᠳ ᠢ ᠠᠵᠢᠯᠯᠠᠭᠤᠯᠬᠤ︾ ᠱᠠᠭᠠᠷᠳᠠᠯᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢᠨ ᠲᠦᠷᠦᠯ ᠤᠨ ᠰᠡᠳᠦᠪ ᠠᠴᠠ ᠭᠠᠳᠠᠨᠠᠬᠢ ᠶᠢ | ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠠᠴᠠ ᠰᠡᠳᠦᠪ ᠲᠣᠭᠲᠠᠭᠠᠵᠤ᠂ ᠡᠭᠦᠷᠭᠡ ᠶᠢᠨ ᠪᠢᠴᠢᠭ ᠲᠤ ᠭᠠᠷ ᠤᠨ | ᠦᠰᠦᠭ ᠵᠢᠷᠤᠨ᠎ᠠ᠃ ᠡᠯ᠎ᠡ ᠬᠤᠰᠢᠭᠤᠴᠢᠯᠠᠨ ᠬᠢᠬᠦ ᠵᠤᠷᠭᠠᠨ ᠲᠣᠪᠴᠢᠶ᠎ᠠ ᠨᠢᠭᠡᠴᠢ ᠪᠣᠯᠤᠨ ᠰᠤᠳᠤᠯᠭᠠᠨ ᠤ ᠪᠦᠯᠬᠦᠮ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠳᠤᠯᠭᠠᠨ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠥᠷᠨᠢᠭᠦᠯᠬᠦ | ᠬᠡᠷᠡᠭᠲᠡᠶ᠃ ᠰᠡᠳᠦᠪ ᠤᠨ ᠰᠤᠳᠤᠯᠭᠠᠨ ᠤ ᠪᠦᠯᠬᠦᠮ ᠨᠢ ᠲᠥᠪ ᠤᠨ ᠡᠳ᠋ ᠤᠨ ᠵᠠᠰᠠᠭ ᠤᠨ ᠵᠠᠷᠤᠳᠠᠯ ᠤᠨ | ᠬᠠᠮᠢᠶᠠᠷᠤᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠵᠠᠷᠤᠳᠠᠯ ᠢ ᠰᠢᠨᠵᠢᠯᠡᠬᠦ ᠤᠬᠠᠭᠠᠨᠴᠢ ᠪᠠᠷ | ᠳᠣᠭᠢᠷᠠᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ | ᠭᠤᠷᠪᠠ᠂ ᠲᠣᠪᠴᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠨᠢ ᠡᠳ᠋ ᠤᠨ ᠶᠠᠪᠤᠳᠠᠯ ᠤᠨ | ᠲᠥᠯᠥᠪᠵᠢᠭᠦᠯᠭᠡ ᠶᠢᠨ ᠵᠤᠷᠭᠠᠨ᠂ ᠠᠵᠤ ᠠᠬᠤᠶ ᠶᠢᠨ ᠰᠤᠳᠤᠯᠭᠠᠨ ᠤ ᠲᠥᠪ ᠲᠠᠢ ᠬᠠᠮᠲᠤᠷᠠᠨ ᠬᠥᠳᠡᠯᠦᠩᠭᠦᠶ | ᠰᠢᠮᠳᠠᠭᠤᠯᠤᠨ ᠪᠠᠶᠢᠴᠠᠭᠠᠯᠲᠠ ᠶᠢ ᠰᠠᠶᠢᠲᠤᠷ ᠬᠢᠵᠦ᠂ ᠰᠠᠷ᠎ᠠ ᠪᠦᠷᠢ ᠨᠢᠭᠡ ᠤᠳᠠᠭ᠎ᠠ ᠠᠬᠢᠴᠠ ᠶᠢᠨ ᠪᠠᠶᠢᠳᠠᠯ ᠢ | ᠬᠤᠷᠢᠶᠠᠩᠭᠤᠶᠢᠯᠠᠨ᠂ ᠤᠯᠠᠷᠢᠯ ᠪᠦᠷᠢ ᠲᠣᠪᠴᠢᠶᠠᠨ ᠤ ᠤᠳᠤᠷᠢᠳᠤᠯᠭ᠎ᠠ ᠳᠤ ᠨᠢᠭᠡ ᠤᠳᠠᠭ᠎ᠠ ᠪᠢᠴᠢᠭ ᠢᠶᠠᠷ ᠬᠠᠷᠢᠭᠤ | ᠮᠡᠳᠡᠭᠦᠯᠵᠦ᠂ ᠵᠢᠯ ᠤᠨ ᠡᠴᠦᠰ ᠲᠤ ᠰᠢᠯᠭᠠᠨ ᠠᠪᠬᠤ ᠪᠤᠶᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ᠂ | ᠵᠣᠬᠢᠴᠠᠩᠭᠤᠶ ᠦᠨᠡᠯᠡᠯᠲᠡ ᠬᠢᠨ᠎ᠠ᠃ ᠴᠢᠬᠤᠯᠠ ᠦᠷ᠎ᠡ ᠪᠦᠲᠦᠭᠡᠯ ᠣᠯᠤᠭᠰᠠᠨ ᠢ ᠨᠢ ᠬᠤᠰᠢᠭᠤᠴᠢᠯᠠᠨ ᠬᠠᠷᠢᠭᠤᠴᠠᠬᠤ | ᠵᠤᠷᠭᠠᠨ ᠲᠣᠪᠴᠢᠶ᠎ᠠ ᠨᠢᠭᠡᠴᠢ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠠᠴᠠ ᠴᠠᠭ ᠲᠤᠬᠠᠶ ᠳᠤᠨᠢ | ᠳᠡᠯᠭᠡᠷᠡᠭᠦᠯᠦᠨ ᠬᠡᠷᠡᠭᠯᠡᠬᠦ ᠬᠡᠷᠡᠭᠲᠡᠶ᠃ | ᠤᠨᠴᠤᠭᠤᠶᠢᠯᠠᠨ ᠮᠡᠳᠡᠭᠳᠡᠪᠡ᠃ | | ᠳᠠᠭᠠᠯᠳᠤᠭᠤᠯᠤᠯ᠄ 2021 ᠣᠨ ᠤ ᠭᠤᠤᠯᠳᠠᠯᠭ᠎ᠠ ᠲᠠᠢ ᠰᠡᠳᠦᠪ ᠤᠨ ᠬᠡᠯᠬᠢᠶᠡᠰᠦ ᠤᠯᠤᠰ ᠤᠨ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ | | 2021 ᠣᠨ ᠤ 5 ᠳ᠋ᠤᠭᠠᠷ ᠰᠠᠷ᠎ᠠ ᠶᠢᠨ 24 ᠤ ᠡᠳᠦᠷ᠃ | | | 2021 ᠣᠨ ᠤ ᠭᠤᠤᠯᠳᠠᠯᠭ᠎ᠠ ᠲᠠᠢ ᠰᠡᠳᠦᠪ ᠤᠨ ᠬᠡᠯᠬᠢᠶᠡᠰᠦ | | ᠨᠢᠭᠡ ᠬᠤᠰᠢᠭᠤᠴᠢᠯᠠᠬᠤ ᠭᠤᠤᠯᠳᠠᠯᠭᠠᠳᠤ ᠰᠡᠳᠦᠪ ︵2 ᠵᠦᠢᠯ︶ | ︵ᠨᠢᠭᠡ︶ ᠨᠠᠷᠠᠰᠤᠨ ᠮᠤᠳᠤᠨ ᠤ ᠤᠲᠠᠰᠤᠯᠢᠭ ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠴᠢᠮ | ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ᠃ | ᠭᠤᠤᠯᠳᠠᠭᠤ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠢ ᠪᠠᠶᠢᠴᠠᠭᠠᠨ ᠬᠡᠮᠵᠢᠬᠦ ᠮᠡᠷᠭᠡᠵᠢᠯ ᠵᠢᠴᠢ | ᠦᠢᠯᠡᠳᠬᠦᠨ᠂ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠰᠢᠨ᠎ᠡ | ᠬᠡᠯᠪᠡᠷᠢ ᠶᠢᠨ ᠮᠡᠷᠭᠡᠵᠢᠯ ᠵᠢᠴᠢ ᠦᠢᠯᠡᠳᠬᠦᠨ᠂ ᠵᠠᠭᠤᠴᠢ ᠶᠢᠨ ᠰᠢᠪᠠᠵᠢ ︽ᠦᠬᠡᠷ ᠪᠤᠮᠪᠤᠳᠠᠢ︾ ᠵᠡᠷᠭᠡ ᠠᠮᠢᠳᠤ | ᠪᠣᠳᠠᠰ ᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠤᠨ ᠰᠢᠨ᠎ᠡ ᠡᠬᠦᠳᠡᠯᠳᠡ ᠪᠠ ᠵᠢᠱᠢᠶ᠎ᠡ᠂ ᠨᠠᠷᠠᠰᠤᠨ ᠮᠣᠳᠣᠨ ᠤ | ᠤᠲᠠᠰᠤᠯᠢᠭ ᠬᠤᠷᠣᠬᠠᠶ ᠶᠢᠨ ᠡᠪᠡᠳᠴᠢᠨ ᠢ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠮᠡᠷᠭᠡᠵᠢᠯ᠂ ᠨᠠᠷᠠᠰᠤᠨ | ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠢ ᠵᠢᠯᠣᠭᠤᠴᠢ ᠥᠬᠡᠶ ᠨᠢᠰᠬᠡᠯ ᠪᠠ ᠳᠠᠭᠠᠭᠤᠯᠢ ᠣᠳᠣᠨ ᠤ | ᠠᠯᠤᠰ ᠰᠡᠷᠡᠯ ᠤᠨ ᠣᠶᠤᠨᠴᠢ ᠪᠠᠷ ᠬᠢᠨᠠᠨ ᠬᠡᠮᠵᠢᠬᠦ ᠮᠡᠷᠭᠡᠵᠢᠯ᠂ ᠲᠣᠮᠣ ᠳ᠋ᠠᠶᠢᠲ᠋ᠠ ᠳᠤ ᠰᠠᠭᠤᠷᠢᠯᠠᠭᠰᠠᠨ ᠨᠠᠷᠠᠰᠤᠨ | ᠮᠣᠳᠣᠨ ᠤ ᠤᠲᠠᠰᠤᠯᠢᠭ ᠬᠤᠷᠣᠬᠠᠶ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠬᠠᠮᠢᠶᠠᠷᠬᠤ ᠰᠢᠰᠲ᠋ᠧᠮ | ᠵᠡᠷᠭᠡ ᠶᠢ ᠰᠤᠳᠤᠯᠤᠨ᠎ᠠ᠃ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ ᠨᠡᠶᠢᠲᠡ 2 ᠵᠢᠯ᠂ 2021 ᠣᠨ ᠤ | ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠬᠤ ᠪᠠᠷ ᠴᠢᠷᠮᠠᠶᠢᠨ᠎ᠠ᠃ ︵ᠬᠤᠰᠢᠭᠤᠴᠢᠯᠠᠬᠤ | ᠨᠢᠭᠡᠴᠢ᠄ ᠠᠮᠢ ᠠᠬᠤᠶ ᠶᠢᠨ ᠵᠤᠷᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ︔ ᠣᠷᠣᠯᠴᠠᠭᠰᠠᠨ ᠨᠢᠭᠡᠴᠡ᠄ | ᠣᠶ ᠰᠢᠭᠤᠶ ᠪᠠ ᠨᠤᠳᠤᠭ ᠪᠡᠯᠴᠢᠭᠡᠷ ᠢ ᠰᠡᠷᠭᠡᠶᠢᠯᠡᠨ ᠵᠠᠰᠠᠬᠤ ᠶᠡᠷᠦᠩᠬᠡᠶ ᠥᠷᠲᠡᠭᠡ︶ | ︵ᠬᠤᠶᠠᠷ︶ ᠣᠢ ᠰᠢᠭᠤᠶ ᠶᠢᠨ ᠠᠶᠤᠩᠭ᠎ᠠ ᠶᠢᠨ ᠳᠠᠭᠠᠷᠢᠯᠲᠠ ᠶᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ | ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ᠃ ᠭᠤᠣᠯᠳᠠᠭᠤ ᠠᠶᠤᠩᠭ᠎ᠠ ᠨᠢᠷᠭᠡᠯᠲᠡ ᠶᠢᠨ | ᠭᠠᠯ ᠢ ᠬᠢᠨᠠᠨ ᠬᠡᠮᠵᠢᠵᠦ ᠣᠷᠣᠨ ᠪᠠᠶᠢᠷᠢ ᠲᠣᠭᠲᠠᠭᠠᠬᠤ ᠮᠡᠷᠭᠡᠵᠢᠯ ᠤᠨ ᠰᠢᠰᠲ᠋ᠧᠮᠵᠢᠭᠰᠡᠨ ᠪᠠᠶᠢᠭᠤᠯᠤᠯᠲᠠ᠂ ᠶᠡᠭᠡ | ᠬᠢᠩᠭᠠᠨ ᠳᠠᠪᠠᠭᠠᠨ ᠤ ᠭᠤᠣᠯᠳᠠᠯᠭ᠎ᠠ ᠲᠠᠢ ᠠᠶᠤᠩᠭ᠎ᠠ ᠨᠢᠷᠭᠡᠯᠲᠡ ᠶᠢᠨ ᠣᠷᠣᠨ ᠤ ᠨᠤᠴᠤᠯᠳᠠ ᠶᠢᠨ ᠪᠣᠳᠠᠰ ᠤᠨ | ᠠᠶᠤᠩᠭ᠎ᠠ ᠨᠢᠷᠭᠡᠯᠲᠡ ᠳᠤ ᠨᠣᠴᠣᠬᠤ ᠲᠦᠭᠰᠢᠭᠦᠷᠢ ᠶᠢᠨ ᠦᠨᠡᠯᠡᠨ ᠵᠢᠱᠢᠯᠲᠡ᠂ ᠭᠤᠣᠯᠳᠠᠯᠭ᠎ᠠ ᠲᠠᠢ ᠣᠷᠣᠨ | ᠪᠦᠰᠡ ᠶᠢᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠮᠡᠷᠭᠡᠵᠢᠯ ᠤᠨ ᠪᠣᠯᠤᠮᠵᠢ ᠶᠢᠨ ᠰᠤᠳᠤᠯᠤᠯ᠂ | ᠠᠶᠤᠩᠭ᠎ᠠ ᠨᠢᠷᠭᠡᠯᠲᠡ ᠶᠢ ᠠᠯᠤᠰ ᠰᠡᠷᠡᠯ ᠢᠶᠠᠷ ᠬᠢᠨᠠᠨ ᠬᠡᠮᠵᠢᠵᠦ ᠢᠯᠭᠠᠨ ᠲᠠᠨᠢᠬᠤ ᠮᠡᠷᠭᠡᠵᠢᠯ᠂ ᠶᠡᠭᠡ ᠬᠢᠩᠭᠠᠨ | ᠳᠠᠪᠠᠭᠠᠨ ᠤ ᠠᠶᠤᠩᠭ᠎ᠠ ᠨᠢᠷᠭᠡᠯᠲᠡ ᠶᠢᠨ ᠲᠠᠷᠬᠠᠯᠲᠠ ᠬᠢᠭᠡᠳ ᠰᠡᠷᠡᠮᠵᠢᠯᠡᠭᠦᠯᠬᠦ ᠮᠡᠷᠭᠡᠵᠢᠯ᠂ ᠰᠧᠴᠤᠸᠠᠨ ᠤ ᠪᠠᠷᠠᠭᠤᠨ | ᠬᠡᠰᠡᠭ ᠤᠨ ᠠᠶᠤᠩᠭ᠎ᠠ ᠨᠢᠷᠭᠡᠯᠲᠡ ᠶᠢᠨ ᠭᠠᠯ ᠤᠨ ᠲᠠᠷᠬᠠᠯᠲᠠ ᠬᠢᠭᠡᠳ ᠰᠡᠷᠡᠮᠵᠢᠯᠡᠭᠦᠯᠬᠦ ᠮᠡᠷᠭᠡᠵᠢᠯ᠂ ᠲᠣᠮᠣ | ᠳ᠋ᠠᠶᠢᠲ᠋ᠠ ᠳᠤ ᠰᠠᠭᠤᠷᠢᠯᠠᠭᠰᠠᠨ ᠣᠶ ᠰᠢᠭᠤᠶ ᠶᠢᠨ ᠠᠶᠤᠩᠭ᠎ᠠ ᠨᠢᠷᠭᠡᠯᠲᠡ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ | ᠰᠡᠷᠭᠡᠶᠢᠯᠡᠨ ᠡᠵᠡᠮᠳᠡᠬᠦ ᠰᠢᠰᠲ᠋ᠧᠮ ᠢ ᠰᠤᠳᠤᠯᠤᠨ ᠦᠢᠯᠡᠳᠬᠦ ᠵᠡᠷᠭᠡ ᠶᠢ ᠪᠠᠭᠲᠠᠭᠠᠨ᠎ᠠ᠃ ᠲᠥᠷᠥᠯ ᠵᠦᠢᠯ ᠢ | ᠬᠡᠷᠡᠭᠵᠢᠭᠦᠯᠬᠦ ᠬᠤᠭᠤᠴᠠᠭ᠎ᠠ ᠨᠢ ᠨᠡᠶᠢᠲᠡ 2 ᠵᠢᠯ᠂ 2021 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ | ᠦᠷ᠎ᠡ ᠪᠦᠲᠦᠭᠡᠯ ᠤᠯᠬᠤ ᠪᠠᠷ ᠴᠢᠷᠮᠠᠶᠢᠨ᠎ᠠ᠃ ︵ᠬᠤᠰᠢᠭᠤᠴᠢᠯᠠᠬᠤ ᠨᠢᠭᠡᠴᠢ᠄ ᠭᠠᠯ ᠰᠡᠷᠭᠡᠶᠢᠯᠡᠬᠦ ᠵᠤᠷᠭᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ︶ | ᠬᠤᠶᠠᠷ᠂ ᠰᠠᠭᠤᠷᠢ ᠲᠦᠷᠦᠯ ᠤᠨ ᠭᠤᠣᠯᠳᠠᠯᠭ᠎ᠠ ᠲᠠᠢ ᠰᠡᠳᠦᠪ ︵5 ᠵᠦᠢᠯ︶ | ︵ᠨᠢᠭᠡ︶ ᠣᠢ ᠰᠢᠭᠤᠶ ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠠᠭᠠᠷᠠᠮᠠᠭᠵᠢᠭᠤᠯᠬᠤ ᠪᠠ | ᠬᠠᠷᠠᠯᠲᠠ ᠪᠠᠨ ᠪᠡᠶᠡᠯᠡᠬᠦᠯᠬᠦ ᠪᠠᠶᠢᠯᠳᠤᠬᠤ ᠪᠣᠳᠣᠯᠭ᠎ᠠ ᠶᠢᠨ ᠰᠤᠳᠤᠯᠤᠯ᠃ ᠭᠤᠤᠯᠳᠠᠭᠤ ᠣᠶ ᠰᠢᠭᠤᠶ᠂ ᠨᠤᠲᠤᠭ | ᠪᠡᠯᠴᠢᠭᠡᠷ᠂ ᠴᠢᠭᠢᠭᠯᠢᠭ ᠭᠠᠵᠠᠷ ᠪᠠ ᠡᠯᠡᠰᠦᠨ ᠴᠦᠯ ᠵᠡᠷᠭᠡ ᠠᠮᠢ ᠠᠬᠤᠶ ᠶᠢᠨ ᠰᠢᠰᠲ᠋ᠧᠮ ᠵᠢᠴᠢ ᠠᠮᠢᠳᠤ ᠪᠣᠳᠠᠰ ᠤᠨ | ᠡᠨᠧᠷᠭᠢ ᠪᠠ ᠮᠣᠳᠣ ᠬᠤᠯᠤᠰᠤᠨ ᠤ ᠪᠠᠷᠢᠯᠭ᠎ᠠ ᠶᠢᠨ ᠮᠠᠲ᠋ᠧᠷᠢᠶᠠᠯ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠳᠠᠯᠳᠠ ᠬᠦᠴᠦᠨ ᠢ ᠰᠤᠳᠤᠯᠵᠤ᠂ ᠠᠷᠭ᠎ᠠ ᠵᠠᠮ᠂ ᠭᠤᠤᠯ ᠡᠭᠦᠷᠭᠡ᠂ ᠬᠢᠨᠠᠨ ᠰᠢᠨᠵᠢᠵᠦ ᠦᠨᠡᠯᠡᠨ ᠵᠢᠱᠢᠬᠦ᠂ | ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮᠵᠢ ᠶᠢ | ᠪᠡᠶᠡᠯᠡᠭᠦᠯᠦᠨ᠂ ᠣᠶ ᠰᠢᠭᠤᠶ ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠶᠢ ᠰᠠᠭᠠᠷᠮᠠᠭᠵᠢᠭᠤᠯᠬᠤ ᠬᠠᠷᠠᠯᠳᠠ ᠪᠠᠨ ᠪᠡᠶᠡᠯᠡᠭᠦᠯᠬᠦ | ᠠᠷᠭ᠎ᠠ ᠵᠠᠮ ᠢ ᠲᠣᠳᠣᠷᠬᠠᠶᠢᠯᠠᠵᠤ᠂ ᠤᠯᠤᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠳᠤ | ᠲᠤᠯᠭᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠬᠠᠷᠠᠯᠳᠠ ᠳᠤ ᠦᠢᠯᠡᠴᠢᠯᠡᠬᠦ ᠳᠤ | ᠰᠢᠢᠳᠪᠦᠷᠢᠯᠡᠬᠦ ᠲᠥᠰᠦᠯ ᠢ ᠬᠠᠩᠭᠠᠨ᠎ᠠ᠃ 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ | ᠬᠤᠰᠢᠭᠤᠴᠢᠯᠠᠬᠤ ᠨᠢᠭᠡᠴᠢ᠄ ᠠᠮᠢ ᠠᠬᠤᠶ ᠶᠢᠨ ᠵᠤᠷᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ︔ | ᠤᠷᠤᠯᠴᠠᠬᠤ ᠨᠢᠭᠡᠴᠢ᠄ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠠᠵᠤ ᠠᠬᠤᠶ ᠶᠢᠨ ᠰᠤᠳᠤᠯᠭᠠᠨ ᠤ | ᠲᠥᠪ᠂ ᠲᠥᠯᠥᠪᠵᠢᠭᠦᠯᠭᠡ ᠶᠢᠨ ᠬᠦᠷᠢᠶᠡᠯᠡᠩ︶᠃ | ︵ᠬᠤᠶᠠᠷ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠬᠠᠮᠢᠶᠠᠷᠤᠯᠲᠠ ᠶᠢᠨ | ᠲᠥᠷᠥᠯ ᠬᠤᠪᠢᠶᠠᠭᠰᠠᠨ ᠰᠤᠳᠤᠯᠤᠯ | ᠭᠤᠤᠯᠳᠠᠭᠤ ᠮᠠᠨ ᠤ ᠤᠯᠤᠰ ᠤᠨ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ | ᠪᠠᠶᠠᠯᠢᠭ ᠤᠨ ᠲᠠᠷᠬᠠᠯᠲᠠ ᠶᠢᠨ ᠪᠠᠶᠢᠳᠠᠯ᠂ ᠬᠠᠮᠠᠭᠠᠯᠠᠯᠲᠠ ᠶᠢᠨ ᠪᠠᠶᠢᠳᠠᠯ᠂ ᠠᠰᠢᠭᠯᠠᠯᠲᠠ ᠶᠢᠨ ᠪᠠᠶᠢᠳᠠᠯ ᠢ ᠰᠤᠳᠤᠯᠵᠤ᠂ | ᠲᠥᠷᠥᠯ ᠬᠤᠪᠢᠶᠠᠨ ᠬᠠᠮᠢᠶᠠᠷᠬᠤ ᠠᠷᠭ᠎ᠠ ᠬᠡᠮᠵᠢᠶ᠎ᠡ᠂ ᠬᠡᠪᠴᠢᠶ᠎ᠡ ᠪᠣᠯᠤᠨ ᠰᠠᠨᠠᠭᠤᠯᠭ᠎ᠠ ᠳᠤᠷᠠᠳᠤᠨ᠎ᠠ᠃ 2021 | ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠬᠤᠰᠢᠭᠤᠴᠢᠯᠠᠬᠤ ᠨᠢᠭᠡᠴᠢ᠄ ᠠᠮᠢᠲᠠᠨ ᠤᠷᠭᠤᠮᠠᠯ ᠤᠨ ᠵᠤᠷᠭᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ︶ | ︵ᠭᠤᠷᠪᠠ︶ ᠳᠤᠮᠳᠠᠳᠤ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠲᠣᠭᠠᠴᠠᠭ᠎ᠠ | ᠬᠢᠬᠦ ᠰᠤᠳᠤᠯᠤᠯ᠃ ᠭᠤᠤᠯᠳᠠᠭᠤ ᠳᠤᠮᠳᠠᠳᠤ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠲᠣᠭᠠᠴᠠᠭ᠎ᠠ᠂ ᠠᠮᠢ ᠠᠬᠤᠶ ᠶᠢᠨ ᠦᠢᠯᠡᠴᠢᠯᠡᠭᠡᠨ ᠤ ᠥᠷᠲᠡᠭ ᠤᠨ ᠲᠣᠭᠠᠴᠠᠭ᠎ᠠ᠂ ᠰᠣᠶᠣᠯ ᠤᠨ ᠥᠷᠲᠡᠭ ᠤᠨ | ᠦᠨᠡᠯᠡᠨ ᠵᠢᠱᠢᠯᠲᠡ ᠵᠢᠴᠢ ᠣᠶ ᠰᠢᠭᠤᠶ ᠨᠤᠲᠤᠭ ᠪᠡᠯᠴᠢᠭᠡᠷ ᠤᠨ ᠨᠤᠭᠤᠭᠠᠨᠯᠢᠭ ᠠᠵᠤ ᠠᠬᠤᠶ ᠶᠢᠨ ᠦᠨᠡᠯᠡᠯᠲᠡ ᠶᠢᠨ | ᠬᠦᠢᠴᠡᠳᠬᠡᠯ ᠲᠤᠭ᠎ᠠ ᠶᠢᠨ ᠰᠢᠰᠲ᠋ᠧᠮᠵᠢ ᠵᠡᠷᠭᠡ ᠶᠢ ᠰᠤᠳᠤᠯᠤᠨ᠎ᠠ᠃ 2021 ᠣᠨ ᠤ ᠡᠴᠦᠰ ᠠᠴᠠ ᠡᠮᠦᠨ᠎ᠡ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ ᠳᠥᠷᠪᠡᠳᠦᠭᠡᠷ ᠬᠤᠭᠤᠴᠠᠭᠠᠨ ᠤ ᠲᠣᠭᠠᠴᠠᠭ᠎ᠠ | ᠬᠢᠬᠦ ᠰᠤᠳᠤᠯᠭᠠᠨ ᠢ ᠡᠬᠢᠯᠡᠬᠦᠯᠬᠦ ᠪᠥᠭᠡᠳ 5 ᠮᠤᠵᠢ ᠳᠤ ᠲᠤᠷᠰᠢᠯᠲᠠ ᠬᠢᠨ᠎ᠡ᠃ ︵ᠬᠤᠰᠢᠭᠤᠴᠢᠯᠠᠬᠤ ᠨᠢᠭᠡᠴᠢ᠄ | ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ︔ ᠤᠷᠤᠯᠴᠠᠬᠤ ᠨᠢᠭᠡᠴᠢ᠄ ᠣᠶ ᠰᠢᠭᠤᠶ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ᠂ ᠬᠤᠯᠤᠰᠤ ᠣᠷᠢᠶᠠᠩᠭᠤ ᠶᠢᠨ ᠲᠥᠪ᠂ ᠠᠵᠤ ᠠᠬᠤᠶ ᠶᠢᠨ ᠰᠤᠳᠤᠯᠭᠠᠨ ᠤ ᠲᠥᠪ ︶ | ︵ᠳᠥᠷᠪᠡ︶ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ | ᠮᠠᠩᠬ᠎ᠠ ᠶᠢ ᠰᠢᠰᠲ᠋ᠧᠮ ᠲᠠᠢ ᠵᠠᠰᠠᠬᠤ ᠵᠠᠭᠪᠤᠷ ᠤᠨ ᠰᠤᠳᠤᠯᠤᠯ᠃ ᠭᠤᠣᠯᠳᠠᠭᠤ ᠠᠭᠤᠯᠠ ᠤᠰᠤ ᠤᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠤᠨᠤᠯ ᠤᠨ ᠰᠢᠰᠲ᠋ᠧᠮ᠂ | ᠣᠷᠣᠨ ᠵᠠᠢ ᠶᠢᠨ ᠲᠥᠯᠥᠪᠵᠢᠭᠦᠯᠭᠡ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠶᠡᠷᠦᠩᠬᠡᠶᠢᠯᠡᠨ ᠬᠢᠨᠠᠨ ᠬᠡᠮᠵᠢᠵᠦ | ᠦᠨᠡᠯᠡᠬᠦ᠂ ᠲᠦᠷᠦ ᠶᠢᠨ ᠪᠤᠳᠤᠯᠭ᠎ᠠ ᠲᠦᠷᠢᠮ ᠲᠤᠭᠲᠠᠭᠠᠯ ᠵᠡᠷᠭᠡ ᠵᠠᠰᠠᠨ ᠰᠡᠷᠭᠦᠭᠡᠬᠦ ᠵᠠᠭᠪᠤᠷ ᠢ ᠰᠤᠳᠤᠯᠤᠨ᠎ᠠ᠃ | 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ ᠬᠤᠰᠢᠭᠤᠴᠢᠯᠠᠬᠤ ᠨᠢᠭᠡᠴᠢ᠄ ᠰᠢᠨᠵᠢᠯᠡᠬᠦ ᠤᠬᠠᠭᠠᠨ | ᠮᠡᠷᠭᠡᠵᠢᠯ ᠤᠨ ᠵᠤᠷᠭᠠᠨ︔ ᠤᠷᠤᠯᠴᠠᠬᠤ ᠨᠢᠭᠡᠴᠢ᠄ ᠤᠢ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠠᠵᠤ | ᠠᠬᠤᠶ ᠶᠢᠨ ᠰᠤᠳᠤᠯᠭᠠᠨ ᠤ ᠲᠥᠪ ︶ | ︵ᠲᠠᠪᠤ︶ ᠣᠶ ᠰᠢᠭᠤᠶ ᠨᠤᠳᠤᠭ ᠪᠡᠯᠴᠢᠭᠡᠷ ᠤᠨ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ | ᠳᠠᠭᠠᠭᠠᠴᠠ ᠶᠢᠨ ᠰᠤᠳᠤᠯᠤᠯ᠃ ᠭᠤᠤᠯᠳᠠᠭᠤ ᠭᠤᠤᠯᠳᠠᠯᠭ᠎ᠠ ᠲᠠᠢ ᠭᠠᠵᠠᠷ ᠣᠷᠣᠨ ᠪᠤᠶᠤ ᠢᠨᠵᠧᠨᠧᠷᠢᠩ ᠤᠨ | ᠣᠷᠣᠨ ᠤ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ᠂ ᠡᠯᠡᠰᠦᠨ ᠴᠥᠯ ᠵᠡᠷᠭᠡ ᠠᠮᠢ ᠠᠬᠤᠶ ᠶᠢᠨ | ᠰᠢᠰᠲ᠋ᠧᠮ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠬᠢᠭᠡᠳ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ᠂ ᠲᠣᠷᠤᠭ ᠮᠣᠳᠣ ᠪᠤᠲᠠ ᠮᠣᠳᠣ ᠡᠪᠡᠰᠦ ᠤᠰᠤ ᠶᠢ ᠲᠡᠩᠴᠡᠭᠦᠷᠢᠲᠡᠶ | ᠪᠠᠶᠢᠯᠭᠠᠬᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠳᠣᠭᠢᠷᠠᠭᠤᠯᠬᠤ ᠵᠠᠭᠪᠤᠷ ᠢ ᠰᠤᠳᠤᠯᠤᠨ᠎ᠠ᠃ | ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠨᠢ ᠨᠡᠶᠢᠲᠡ 2 ᠵᠢᠯ᠂ 2021 ᠣᠨ ᠤ ᠡᠴᠦᠰ ᠲᠤ ᠱᠠᠲᠤᠴᠢ | ᠴᠢᠨᠠᠷᠲᠠᠶ ᠦᠷ᠎ᠡ ᠪᠦᠲᠦᠭᠡᠯ ᠤᠯᠤᠨ᠎ᠠ᠃ ︵ ᠬᠤᠰᠢᠭᠤᠴᠢᠯᠠᠬᠤ ᠨᠢᠭᠡᠴᠢ᠄ ᠰᠢᠨᠵᠢᠯᠡᠬᠦ ᠤᠬᠠᠭᠠᠨ ᠮᠡᠷᠭᠡᠵᠢᠯ ᠤᠨ | ᠵᠤᠷᠭᠠᠨ᠂ ᠣᠷᠣᠯᠴᠠᠬᠤ ᠨᠢᠭᠡᠴᠢ᠄ ᠭᠤᠷᠪᠠᠨ ᠤᠮᠠᠷᠠᠲᠤ ᠶᠢᠨ ᠲᠣᠪᠴᠢᠶ᠎ᠠ︶ | ᠭᠤᠷᠪᠠ᠂ ᠬᠡᠷᠡᠭᠯᠡᠭᠡᠨ ᠤ ᠲᠦᠷᠦᠯ ᠤᠨ ᠭᠤᠣᠯᠳᠠᠯᠭ᠎ᠠ ᠲᠠᠢ ᠰᠡᠳᠦᠪ ︵6 ᠵᠦᠢᠯ︶ | ︵ᠨᠢᠭᠡ︶ ᠤᠯᠤᠰ ᠤᠨ ᠴᠡᠴᠡᠷᠯᠢᠭ ᠤᠨ ᠬᠠᠮᠢᠶᠠᠷᠤᠯᠲᠠ ᠶᠢᠨ ᠲᠦᠷᠢᠮ ᠪᠠ ᠠᠵᠢᠯᠯᠠᠭᠠᠨ ᠤ ᠲᠣᠭᠲᠠᠴᠠ ᠶᠢ | ᠰᠤᠳᠤᠯᠬᠤ᠃ ᠭᠤᠤᠯᠳᠠᠭᠤ ᠤᠯᠤᠰ ᠤᠨ ᠴᠡᠴᠡᠷᠯᠢᠭ ᠤᠨ ᠣᠷᠣᠨ ᠵᠠᠶ ᠶᠢᠨ ᠪᠠᠶᠢᠷᠢᠰᠢᠭᠤᠯᠤᠯᠲᠠ᠂ ᠬᠠᠤᠯᠢ | ᠲᠣᠭᠲᠠᠭᠠᠯᠲᠠ ᠶᠢᠨ ᠨᠤᠲᠠᠯᠠᠯᠲᠠ᠂ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠣᠯᠠᠨ ᠡᠰᠢᠵᠢᠭᠰᠡᠨ | ᠪᠠᠯᠠ ᠮᠥᠩᠭᠦ ᠶᠢᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠵᠡᠷᠭᠡ ᠶᠢ ᠰᠤᠳᠤᠯᠬᠤ ᠶᠢᠨ ᠬᠠᠮᠲᠤ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ 2021 ᠣᠨ ᠤ ᠡᠴᠦᠰ ᠠᠴᠠ ᠡᠮᠦᠨ᠎ᠡ | ᠪᠡᠶᠡᠯᠡᠭᠦᠯᠦᠨ᠎ᠡ᠃ ᠤᠯᠤᠰ ᠤᠨ ᠴᠡᠴᠡᠷᠯᠢᠭ ᠤᠨ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ᠂ | ᠨᠡᠶᠢᠭᠡᠮ ᠲᠣᠭᠤᠷᠢᠭ ᠤᠨ ᠵᠣᠬᠢᠴᠠᠩᠭᠤᠶ ᠬᠥᠭᠵᠢᠯᠲᠡ᠂ ᠣᠨᠴᠠ ᠵᠥᠪᠰᠢᠶᠡᠷᠡᠯ ᠲᠠᠢ ᠡᠵᠡᠩᠨᠡᠯᠲᠡ᠂ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠢᠴᠢ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ | ᠦᠨᠡᠯᠡᠨ ᠵᠢᠱᠢᠬᠦ ᠵᠡᠷᠭᠡ ᠲᠦᠷᠢᠮ ᠲᠤᠭᠲᠠᠭᠠᠯ᠂ ᠠᠷᠭ᠎ᠠ ᠪᠤᠳᠤᠯᠭ᠎ᠠ ᠶᠢᠨ ᠡᠮᠦᠨᠡᠬᠢ ᠬᠤᠭᠤᠴᠠᠭᠠᠨ ᠤ ᠰᠠᠭᠤᠷᠢ | ᠰᠤᠳᠤᠯᠭᠠᠨ ᠢ ᠥᠷᠨᠢᠭᠦᠯᠦᠨ᠎ᠡ᠃ 2 ᠵᠢᠯ ᠤᠨ ᠳᠣᠲᠣᠷ᠎ᠠ ᠪᠡᠶᠡᠯᠡᠭᠦᠯᠬᠦ ᠪᠠᠷ ᠴᠢᠷᠮᠠᠶᠢᠵᠤ᠂ 2021 ᠣᠨ ᠤ | ᠰᠡᠭᠦᠯᠴᠢ ᠪᠠᠷ ᠱᠠᠲᠤᠴᠢ ᠴᠢᠨᠠᠷᠲᠠᠶ ᠦᠷ᠎ᠡ ᠪᠦᠲᠦᠭᠡᠯ ᠣᠯᠤᠨ᠎ᠠ᠃ ︵ᠬᠤᠰᠢᠭᠤᠴᠢᠯᠠᠬᠤ ᠨᠢᠭᠡᠴᠢ᠄ ᠴᠡᠴᠡᠷᠯᠢᠭ ᠤᠨ | ᠠᠯᠪᠠᠨ ᠭᠡᠷ︶ | ︵ᠬᠤᠶᠠᠷ︶ ᠨᠤᠲᠤᠭ ᠪᠡᠯᠴᠢᠭᠡᠷ ᠤᠨ ᠠᠮᠢ ᠠᠬᠤᠶ ᠶᠢᠨ ᠦᠷᠭᠦᠯᠵᠢᠯᠡᠨ ᠬᠥᠭᠵᠢᠬᠦ ᠪᠠᠶᠢᠯᠳᠤᠬᠤ | ᠪᠣᠳᠣᠯᠭ᠎ᠠ ᠶᠢᠨ ᠰᠤᠳᠤᠯᠤᠯ᠃ ᠰᠢᠨ᠎ᠠ ᠴᠠᠭ ᠦᠶ᠎ᠡ ᠶᠢᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠪᠠ | ᠡᠪᠡᠰᠦᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠮᠠᠨ ᠤ ᠤᠯᠤᠰ ᠤᠨ ᠨᠤᠲᠤᠭ | ᠪᠡᠯᠴᠢᠭᠡᠷ ᠤᠨ ᠦᠷᠭᠦᠯᠵᠢᠯᠡᠬᠦ ᠬᠥᠭᠵᠢᠯᠲᠡ ᠶᠢᠨ ᠠᠵᠠ ᠲᠣᠬᠢᠶᠠᠯ ᠤᠨ ᠥᠷᠢᠰᠥᠯᠳᠦᠭᠡᠨ᠂ ᠪᠠᠶᠢᠯᠳᠤᠬᠤ | ᠪᠣᠳᠣᠯᠭ᠎ᠠ ᠶᠢᠨ ᠦᠵᠡᠯ ᠰᠠᠨᠠᠭ᠎ᠠ᠂ ᠬᠠᠷᠠᠯᠲᠠ᠂ ᠠᠷᠭ᠎ᠠ ᠵᠠᠮ᠂ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠵᠡᠷᠭᠡ ᠶᠢᠨ ᠲᠣᠭᠤᠷᠢᠨ ᠳᠤ ᠰᠤᠳᠤᠯᠭᠠᠨ ᠥᠷᠨᠢᠭᠦᠯᠵᠦ᠂ ᠢᠷᠡᠭᠡᠳᠦᠶ ᠶᠢᠨ 10—15 ᠵᠢᠯ ᠤᠨ ᠮᠠᠨ ᠤ | ᠤᠯᠤᠰ ᠤᠨ ᠨᠤᠲᠤᠭ ᠪᠡᠯᠴᠢᠭᠡᠷ ᠤᠨ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠤᠨ | ᠭᠠᠷᠭᠠᠨ᠎ᠠ᠃ 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠬᠤᠰᠢᠭᠤᠴᠢᠯᠠᠬᠤ ᠨᠢᠭᠡᠴᠢ᠄ ᠨᠤᠲᠤᠭ | ᠪᠡᠯᠴᠢᠭᠡᠷ ᠤᠨ ᠵᠤᠷᠭᠠᠨ︶ | ︵ᠭᠤᠷᠪᠠ︶ ᠴᠢᠭᠢᠭᠯᠢᠭ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠬᠦᠮᠦᠰ ᠤᠨ | ᠠᠵᠢᠯᠯᠠᠭ᠎ᠠ ᠶᠢᠨ ᠬᠤᠭᠤᠷᠣᠨᠳᠣᠬᠢ ᠬᠠᠷᠢᠴᠠᠭ᠎ᠠ ᠶᠢᠨ ᠰᠤᠳᠤᠯᠤᠯ᠃ ᠭᠤᠤᠯᠳᠠᠭᠤ ᠤᠯᠠᠭᠠᠨ ᠽᠠᠨᠳᠠᠨ | ᠮᠤᠳᠤᠨ ᠤ ᠲᠠᠷᠬᠠᠯᠲᠠ ᠶᠢᠨ ᠣᠷᠣᠨ᠂ ᠴᠠᠭᠠᠨᠨᠠᠭᠤᠷ ᠶᠢᠨ ᠣᠷᠣᠨ ᠪᠦᠰᠡ ᠵᠡᠷᠭᠡ ᠴᠢᠬᠤᠯᠠ ᠴᠢᠭᠢᠭᠯᠢᠭ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ᠂ ᠬᠥᠮᠦᠰ ᠤᠨ ᠠᠵᠢᠯᠯᠠᠭᠠᠨ ᠤ ᠬᠠᠷᠢᠯᠴᠠᠨ ᠦᠢᠯᠡᠳᠦᠯᠴᠡᠬᠦ ᠬᠠᠷᠢᠴᠠᠭ᠎ᠠ ᠶᠢ | ᠰᠤᠳᠤᠯᠵᠤ᠂ ᠴᠢᠭᠢᠭᠯᠢᠭ ᠭᠠᠵᠠᠷ ᠢ ᠬᠠᠮᠠᠭᠠᠯᠠᠨ ᠰᠡᠷᠭᠦᠭᠡᠬᠦ ᠳᠤ ᠲᠤᠯᠭᠠᠭᠤᠷᠢᠯᠠᠯ ᠬᠠᠩᠭᠠᠨ᠎ᠠ᠃ 2021 ᠣᠨ ᠤ | ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ ᠬᠤᠰᠢᠭᠤᠴᠢᠯᠠᠬᠤ ᠨᠢᠭᠡᠴᠢ᠄ ᠴᠢᠭᠢᠭᠯᠢᠭ ᠭᠠᠵᠠᠷ ᠤᠨ ᠵᠤᠷᠭᠠᠨ︶ | ︵ᠲᠦᠷᠪᠡ︶ ᠡᠯᠡᠰᠦᠨ ᠴᠦᠯ ᠤᠨ ᠠᠮᠢ ᠠᠬᠤᠢ ᠶᠢᠨ ᠰᠢᠰᠲ᠋ᠧᠮ ᠤᠨ ᠦᠷᠭᠦᠯᠵᠢᠯᠡᠬᠦ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢᠨ ᠰᠤᠳᠤᠯᠤᠯ᠃ ᠭᠤᠤᠯᠳᠠᠭᠤ ᠴᠦᠯᠯᠡᠷᠭᠡᠭᠵᠢᠭᠰᠡᠨ ᠭᠠᠵᠠᠷ ᠣᠷᠣᠨ ᠤ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ᠂ ᠣᠷᠣᠨ ᠪᠦᠰᠡ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠠᠶᠠᠯᠢᠭᠵᠢᠯ ᠵᠡᠷᠭᠡ ᠶᠢᠨ ᠲᠣᠭᠤᠷᠢᠨ ᠳᠤ᠂ ᠴᠦᠯᠯᠡᠷᠭᠡᠭᠵᠢᠭᠰᠡᠨ ᠣᠷᠣᠨ | ᠪᠦᠰᠡ ᠶᠢᠨ ᠠᠮᠢ ᠠᠬᠤᠶ ᠶᠢᠨ ᠣᠷᠣᠨ ᠪᠠᠶᠢᠷᠢ᠂ ᠠᠭᠤᠷ ᠠᠮᠢᠰᠬᠤᠯ ᠤᠨ ᠬᠤᠪᠢᠷᠠᠯᠲᠠ᠂ ᠤᠰᠤᠨ ᠤ ᠡᠬᠢ | ᠪᠠᠶᠠᠯᠢᠭ ᠤᠨ ᠪᠠᠶᠢᠳᠠᠯ ᠵᠡᠷᠭᠡ ᠬᠦᠴᠦᠨ ᠵᠦᠢᠯ ᠢ ᠶᠡᠷᠦᠩᠬᠡᠶᠢᠯᠡᠨ ᠵᠠᠳᠠᠯᠵᠤ᠂ 2035 ᠣᠨ ᠤ ᠡᠯᠡᠰᠦᠨ ᠴᠦᠯ ᠤᠨ | ᠠᠮᠢ ᠠᠬᠤᠶ ᠶᠢᠨ ᠰᠢᠰᠲ᠋ᠧᠮ ᠤᠨ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ᠂ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠤᠷᠢᠳ ᠢᠶᠠᠷ ᠵᠠᠰᠠᠬᠤ | ᠬᠦᠷᠢᠶ᠎ᠡ ᠶᠢ ᠰᠤᠳᠤᠯᠤᠨ ᠳᠤᠷᠠᠳᠴᠤ᠂ ᠶᠡᠷᠦᠩᠬᠡᠶᠢᠯᠡᠨ ᠵᠠᠰᠠᠬᠤ᠂ ᠨᠤᠭᠤᠭᠠᠨᠯᠢᠭ ᠬᠥᠭᠵᠢᠯᠲᠡ᠂ ᠬᠠᠤᠯᠢ ᠴᠠᠭᠠᠵᠠ | ᠲᠥᠷᠥ ᠶᠢᠨ ᠪᠣᠳᠣᠯᠭ᠎ᠠ᠂ ᠣᠯᠠᠨ ᠤᠯᠤᠰ ᠤᠨ ᠬᠠᠮᠲᠤᠷᠠᠯᠴᠠᠭ᠎ᠠ ᠵᠡᠷᠭᠡ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠲᠤᠷᠠᠳᠤᠨ ᠭᠠᠷᠭᠠᠨ᠎ᠠ᠃ 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ | ᠬᠤᠰᠢᠭᠤᠴᠢᠯᠠᠬᠤ ᠨᠢᠭᠡᠴᠢ᠄ ᠡᠯᠡᠰᠦ ᠶᠢ ᠵᠠᠰᠠᠬᠤ ᠵᠤᠷᠭᠠᠨ︶ | ︵ᠲᠠᠪᠤ︶ ᠣᠶ ᠰᠢᠭᠤᠶ ᠨᠤᠳᠤᠭ ᠪᠡᠯᠴᠢᠭᠡᠷ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠰᠤᠳᠤᠯᠭᠠᠨ᠃ ᠭᠤᠣᠯᠳᠠᠭᠤ ᠠᠮᠢ ᠠᠬᠤᠢ ᠪᠠᠷ ᠶᠠᠳᠠᠭᠤ ᠶᠢ ᠲᠡᠳᠬᠦᠬᠦ | ᠪᠣᠭᠤᠮᠲᠠ ᠰᠢᠪᠲᠤᠯᠠᠬᠤ ᠦᠷ᠎ᠡ ᠪᠦᠲᠦᠭᠡᠯ ᠤᠨ ᠲᠣᠭᠲᠠᠴᠠ ᠶᠢ ᠬᠡᠷᠬᠢᠨ ᠪᠠᠬᠢᠵᠢᠭᠦᠯᠬᠦ᠂ ᠤᠢ ᠰᠢᠭᠤᠢ ᠨᠤᠲᠤᠭ | ᠪᠡᠯᠴᠢᠭᠡᠷ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠵᠠᠮ ᠪᠣᠯᠤᠨ ᠠᠷᠭ᠎ᠠ ᠬᠡᠯᠪᠡᠷᠢ ᠶᠢ ᠰᠤᠳᠤᠯᠤᠨ᠎ᠠ᠃ 2021 | ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠬᠤᠰᠢᠭᠤᠴᠢᠯᠠᠬᠤ ᠨᠢᠭᠡᠴᠢ᠄ ᠡᠳ᠋ ᠤᠨ ᠶᠠᠪᠤᠳᠠᠯ ᠤᠨ | ᠲᠦᠯᠦᠪᠵᠢᠬᠦᠯᠭᠡ ᠶᠢᠨ ᠵᠤᠷᠭᠠᠨ︶ | ︵ᠵᠢᠷᠭᠤᠭ᠎ᠠ︶ ᠣᠶ ᠰᠢᠭᠤᠶ ᠨᠤᠳᠤᠭ ᠪᠡᠯᠴᠢᠭᠡᠷ ᠤᠨ ᠣᠯᠠᠨ ᠤᠯᠤᠰ ᠤᠨ ᠬᠠᠮᠲᠤᠷᠠᠯᠴᠠᠭᠠᠨ ᠤ ᠪᠠᠶᠢᠯᠳᠤᠬᠤ | ᠪᠣᠳᠣᠯᠭ᠎ᠠ ᠶᠢᠨ ᠰᠤᠳᠤᠯᠤᠯ᠃ ᠭᠤᠤᠯᠳᠠᠭᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠰᠢᠨ᠎ᠡ ᠡᠭᠦᠷᠭᠡ ᠴᠢᠳᠠᠪᠤᠷᠢ ᠰᠢᠨ᠎ᠡ ᠡᠭᠦᠷᠭᠡ ᠬᠠᠷᠢᠭᠤᠴᠠᠯᠭ᠎ᠠ ᠳᠤᠤᠷ᠎ᠠ᠂ ᠭᠤᠤᠯᠳᠠᠯᠭ᠎ᠠ ᠲᠠᠢ | ᠤᠯᠤᠰ ᠪᠠ ᠣᠷᠣᠨ ᠪᠦᠰᠡ ᠯᠦᠭᠡ ᠣᠶ ᠰᠢᠭᠤᠶ ᠨᠤᠲᠤᠭ ᠪᠡᠯᠴᠢᠭᠡᠷ ᠤᠨ ᠬᠠᠮᠲᠤᠷᠠᠯᠴᠠᠭ᠎ᠠ ᠥᠷᠨᠢᠭᠦᠯᠬᠦ ᠬᠦᠰᠡᠯ | ᠱᠠᠭᠠᠷᠳᠠᠯᠭ᠎ᠠ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠢᠯᠣᠭᠤᠳᠬᠤ ᠵᠠᠷᠴᠢᠮ᠂ ᠲᠥᠷᠥ ᠶᠢᠨ ᠪᠣᠳᠣᠯᠭ᠎ᠠ ᠶᠢᠨ | ᠲᠤᠯᠭᠠᠭᠤᠷᠢᠯᠠᠯ ᠵᠡᠷᠭᠡ ᠶᠢ ᠰᠤᠳᠤᠯᠵᠤ᠂ ᠤᠯᠤᠰ ᠤᠨ ᠭᠠᠳᠠᠭᠠᠳᠤ ᠬᠠᠷᠢᠯᠴᠠᠭ᠎ᠠ ᠭᠠᠳᠠᠭᠠᠳᠤ ᠶᠠᠪᠤᠳᠠᠯ ᠤᠨ | ᠠᠵᠢᠯᠯᠠᠭ᠎ᠠ ᠳᠤ ᠦᠢᠯᠡᠴᠢᠯᠡᠨ᠎ᠡ᠃ 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠬᠤᠰᠢᠭᠤᠴᠢᠯᠠᠬᠤ | ᠨᠢᠭᠡᠴᠢ᠄ ᠣᠯᠠᠨ ᠤᠯᠤᠰ ᠤᠨ ᠵᠤᠷᠭᠠᠨ︶ | ᠳᠥᠷᠪᠡ᠂ ︽ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠭᠠᠷ ᠳᠡᠪᠲᠡᠷ︾ ᠤᠨ ᠰᠤᠳᠤᠯᠬᠤ ᠰᠡᠳᠦᠪ | ︵1 ᠵᠦᠢᠯ︶ | ᠰᠠᠭᠤᠷᠢ ᠲᠤᠭ᠎ᠠ ᠪᠠᠷᠢᠮᠲᠠ᠂ ᠰᠠᠭᠤᠷᠢ ᠮᠡᠳᠡᠯᠭᠡ ᠶᠢ ᠴᠤᠭᠯᠠᠭᠤᠯᠤᠨ ᠡᠮᠬᠢᠯᠡᠵᠦ᠂ ᠣᠨ ᠤ ᠭᠤᠤᠯᠳᠠᠯᠭ᠎ᠠ ᠲᠠᠢ | ᠠᠵᠢᠯ ᠢᠶᠠᠨ ᠰᠢᠰᠲ᠋ᠧᠮ ᠲᠠᠢ ᠳ᠋ᠦᠩᠨᠡᠨ᠂ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠴᠠᠭᠠᠵᠠ ᠬᠠᠤᠯᠢ | ᠲᠣᠭᠲᠠᠭᠠᠯ ᠢ ᠡᠮᠬᠢᠯᠡᠵᠦ᠂ ᠭᠤᠤᠯ ᠪᠣᠯᠬᠤ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠡᠮᠬᠢᠯᠡᠨ᠂ ᠳᠡᠯᠡᠬᠡᠶ ᠶᠢᠨ | ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠪᠠ ᠬᠦᠳᠡᠯᠦᠩᠬᠦᠢ | ᠪᠠᠶᠢᠳᠠᠯ ᠢ ᠡᠮᠬᠢᠳᠬᠡᠵᠦ᠂ ︽ᠣᠶ ᠰᠢᠭᠤᠶ ᠨᠤᠲᠤᠭ ᠪᠡᠯᠴᠢᠭᠡᠷ ᠤᠨ ᠠᠵᠢᠯ ᠤᠨ ᠭᠠᠷ ᠳᠡᠪᠲᠡᠷ︾ ᠢ ᠨᠠᠶᠢᠷᠠᠭᠤᠯᠤᠨ | ᠪᠢᠴᠢᠨ᠎ᠡ᠃ 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠬᠤᠰᠢᠭᠤᠴᠢᠯᠠᠬᠤ ᠨᠢᠭᠡᠴᠢ᠄ ᠠᠯᠪᠠᠨ | ᠭᠡᠷ︶ | ᠲᠠᠪᠤ᠂ ᠪᠠᠶᠢᠴᠠᠭᠠᠨ ᠰᠤᠳᠤᠯᠬᠤ ᠲᠥᠷᠥᠯ ᠤᠨ ᠭᠤᠤᠯᠳᠠᠯᠭ᠎ᠠ ᠲᠠᠢ ᠰᠡᠳᠦᠪ ︵5 ᠵᠦᠢᠯ︶ | ︵ᠨᠢᠭᠡ︶ ᠬᠠᠮᠲᠤ ᠶᠢᠨ ᠣᠶ ᠰᠢᠭᠤᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠥᠰᠦᠯ ᠤᠨ ᠰᠤᠳᠤᠯᠤᠯ᠃ ᠰᠤᠳᠤᠯᠬᠤ ᠠᠭᠤᠯᠭ᠎ᠠ᠄ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠥᠪᠯᠡᠯ ᠤᠨ ᠪᠠᠭᠤᠯᠭᠠᠭᠰᠠᠨ ᠬᠠᠮᠲᠤ ᠶᠢᠨ ᠣᠶ ᠰᠢᠭᠤᠶ ᠶᠢᠨ ᠡᠷᠬᠡ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ ᠢ ᠲᠣᠭᠲᠠᠭᠠᠬᠤ ᠱᠠᠭᠠᠷᠳᠠᠯᠭ᠎ᠠ ᠶᠢ ᠦᠨᠳᠦᠰᠦᠯᠡᠨ᠂ ᠬᠠᠮᠲᠤ ᠶᠢᠨ | ᠣᠶ ᠰᠢᠭᠤᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠠᠴᠠ ᠨᠠᠰᠢᠬᠢ ᠬᠠᠮᠲᠤ ᠶᠢᠨ ᠰᠢᠭᠤᠶᠢᠲᠤ ᠣᠷᠣᠨ ᠤ | ᠣᠶ ᠰᠢᠭᠤᠶ ᠶᠢᠨ ᠡᠬᠢ ᠪᠠᠶᠠᠯᠢᠭ ᠪᠣᠯᠤᠨ ᠠᠮᠢ ᠠᠬᠤᠶ ᠶᠢᠨ ᠪᠠᠶᠢᠳᠠᠯ ᠤᠨ ᠬᠤᠪᠢᠷᠠᠯᠲᠠ᠂ ᠲᠠᠷᠢᠶᠠᠴᠢᠳ ᠤᠨ | ᠣᠷᠣᠯᠭ᠎ᠠ᠂ ᠡᠵᠡᠩᠨᠡᠯᠲᠡ ᠶᠢᠨ ᠭᠤᠣᠯ ᠴᠣᠭᠴᠠ ᠶᠢᠨ ᠬᠤᠪᠢᠷᠠᠯᠲᠠ ᠶᠢᠨ ᠪᠠᠶᠢᠳᠠᠯ ᠢ ᠭᠦᠨᠵᠡᠭᠡᠶ ᠪᠠᠶᠢᠴᠠᠭᠠᠵᠤ᠂ ᠣᠶ | ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ᠂ ᠣᠶ ᠰᠢᠭᠤᠶ ᠶᠢᠨ ᠠᠵᠤ ᠦᠢᠯᠡᠰ᠂ | ᠬᠥᠳᠡᠯᠮᠦᠷᠢ ᠬᠦᠴᠦᠨ ᠤ ᠬᠠᠩᠭᠠᠯᠭ᠎ᠠ᠂ ᠰᠢᠶᠠᠨ ᠰᠢᠶᠠᠩ ᠤᠨ ᠣᠶ ᠰᠢᠭᠤᠶ ᠨᠤᠳᠤᠭ ᠪᠡᠯᠴᠢᠭᠡᠷ ᠤᠨ | ᠪᠠᠶᠢᠭᠤᠯᠤᠮᠵᠢ ᠶᠢᠨ ᠬᠤᠪᠢᠷᠠᠯᠲᠠ ᠶᠢᠨ ᠠᠮᠢ ᠠᠬᠤᠶ ᠭᠤᠶᠣ ᠰᠠᠶᠢᠬᠠᠨ ᠠᠷᠠᠳ ᠢᠷᠭᠡᠳ ᠪᠠᠶᠠᠨ ᠴᠢᠨᠡᠭᠡᠯᠢᠭ | ᠪᠣᠯᠬᠤ ᠳᠤ ᠦᠵᠡᠭᠦᠯᠦᠭᠰᠡᠨ ᠨᠥᠯᠥᠭᠡ ᠶᠢ ᠵᠠᠳᠠᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠪᠣᠯᠤᠨ ᠣᠶ | ᠰᠢᠭᠤᠶ ᠶᠢᠨ ᠲᠠᠷᠢᠶᠠᠯᠠᠩ ᠵᠢᠴᠢ ᠰᠢᠨ᠎ᠡ ᠬᠡᠯᠪᠡᠷᠢ ᠶᠢᠨ ᠣᠶ ᠰᠢᠭᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ | ᠬᠠᠮᠲᠤ ᠶᠢᠨ ᠰᠢᠭᠤᠶᠢᠲᠤ ᠣᠷᠣᠨ ᠤ ᠣᠶ ᠰᠢᠭᠤᠶ ᠶᠢᠨ ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ | ᠬᠡᠷᠡᠭᠴᠡᠭᠡ ᠱᠠᠭᠠᠷᠳᠠᠯᠭ᠎ᠠ ᠶᠢᠨ ᠲᠤᠬᠠᠶ ᠬᠦᠰᠡᠯ ᠡᠷᠡᠮᠡᠯᠵᠡᠯ ᠢ ᠣᠶᠢᠯᠠᠭᠠᠵᠤ᠂ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠠᠭᠤᠯᠭ᠎ᠠ ᠪᠣᠯᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠤᠳᠤᠯᠤᠨ ᠲᠦᠯᠦᠪᠯᠡᠨ᠎ᠡ᠃ | 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠲᠣᠪᠴᠢᠶᠠᠨ ᠤ ᠤᠳᠤᠷᠢᠳᠤᠯᠭ᠎ᠠ᠄ ᠯᠢᠦ ᠳ᠋ᠦᠩ ᠱᠧᠩ︔ | ᠬᠤᠰᠢᠭᠤᠴᠢᠯᠠᠬᠤ ᠨᠢᠭᠡᠴᠢ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠤᠷᠭᠠᠨ︔ ᠤᠷᠤᠯᠴᠠᠬᠤ ᠨᠢᠭᠡᠴᠢ᠄ ᠠᠵᠤ | ᠠᠬᠤᠶ ᠶᠢᠨ ᠰᠤᠳᠤᠯᠭᠠᠨ ᠤ ᠲᠥᠪ ︶ | ︵ᠬᠤᠶᠠᠷ︶ ᠡᠷᠳᠡᠮ ᠰᠢᠨᠵᠢᠯᠡᠭᠡᠨ ᠤ ᠬᠦᠷᠢᠶᠡᠯᠡᠩ ᠤᠨ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ | ᠡᠭᠦᠳᠬᠦ ᠪᠠᠶᠢᠴᠠᠭᠠᠨ ᠰᠤᠳᠤᠯᠤᠯᠲᠠ᠃ ᠰᠤᠳᠤᠯᠬᠤ ᠠᠭᠤᠯᠭ᠎ᠠ᠄ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ᠂ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ | ᠲᠣᠭᠲᠠᠴᠠ ᠶᠢᠨ ᠰᠢᠨ᠎ᠡ ᠶᠢ ᠡᠭᠦᠳᠦᠭᠰᠡᠨ ᠲᠤᠷᠰᠢᠯᠭ᠎ᠠ ᠠᠷᠭ᠎ᠠ ᠪᠠᠷᠢᠯ ᠢ ᠰᠤᠷᠤᠯᠴᠠᠨ᠂ ᠣᠶ ᠰᠢᠭᠤᠶ ᠨᠤᠲᠤᠭ | ᠪᠡᠯᠴᠢᠭᠡᠷ ᠤᠨ ᠪᠣᠳᠠᠲᠤ ᠪᠠᠶᠢᠳᠠᠯ ᠲᠠᠢ ᠨᠡᠶᠢᠴᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ | ᠠᠵᠢᠯᠯᠠᠭᠠᠨ ᠤ ᠲᠣᠭᠲᠠᠴᠠ ᠪᠠ ᠴᠢᠳᠠᠪᠤᠷᠢᠲᠠᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠤᠨ ᠡᠭᠦᠳᠦᠯᠳᠡ ᠶᠢᠨ ᠴᠢᠨᠠᠷᠳᠠᠢ ᠰᠢᠨ᠎ᠠ ᠬᠠᠮᠢᠶᠠᠷᠤᠯᠳᠠ ᠶᠢᠨ ᠵᠢᠯᠣᠭᠤᠳᠬᠤ ᠰᠠᠨᠠᠯ ᠢ ᠪᠣᠶ ᠪᠣᠯᠭᠠᠨ᠂ | ᠣᠶ ᠰᠢᠭᠤᠶ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠤᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ | ᠲᠣᠪᠴᠢᠶᠠᠨ ᠤ ᠤᠳᠤᠷᠢᠳᠤᠯᠭ᠎ᠠ᠄ ᠫᠧᠩ ᠶᠸᠦ ᠳ᠋ᠦᠩ︔ ᠬᠤᠰᠢᠭᠤᠴᠢᠯᠠᠬᠤ ᠨᠢᠭᠡᠴᠢ᠄ ᠰᠢᠨᠵᠢᠯᠡᠬᠦ ᠤᠬᠠᠭᠠᠨ | ᠮᠡᠷᠭᠡᠵᠢᠯ ᠤᠨ ᠵᠤᠷᠭᠠᠨ︔ ᠣᠷᠣᠯᠴᠠᠭᠰᠠᠨ ᠨᠢᠭᠡᠴᠢ᠄ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ | ᠬᠤᠯᠤᠰᠤ ᠣᠷᠢᠶᠠᠩᠭᠤ ᠶᠢᠨ ᠲᠥᠪ᠂ ᠠᠵᠤ ᠠᠬᠤᠶ ᠶᠢᠨ ᠰᠤᠳᠤᠯᠭᠠᠨ ᠤ ᠲᠥᠪ ︶ | ︵ᠭᠤᠷᠪᠠ︶ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠭᠰᠡᠨ | ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ᠃ ᠰᠤᠳᠤᠯᠬᠤ ᠠᠭᠤᠯᠭ᠎ᠠ᠄ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠳᠠᠷᠤᠮᠠᠯᠯᠠᠨ ᠲᠠᠷᠬᠠᠭᠠᠭᠰᠠᠨ ︽ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠡᠯ᠎ᠡ | ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠣᠳᠣᠬᠠᠨ ᠤ ᠬᠡᠷᠡᠭᠵᠢᠭᠦᠯᠵᠦ ᠪᠠᠶᠢᠭ᠎ᠠ ᠪᠠᠶᠢᠳᠠᠯ᠂ ᠣᠷᠣᠨ | ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ | ᠬᠠᠮᠠᠭᠠᠯᠠᠨ ᠬᠥᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠨ ᠬᠥᠭᠵᠢᠭᠦᠯᠬᠦ ᠶᠢ ᠠᠬᠢᠭᠤᠯᠤᠭᠰᠠᠨ ᠪᠠ | ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠳᠠᠯ ᠢ | ᠪᠠᠶᠢᠴᠠᠭᠠᠨ ᠣᠶᠢᠯᠠᠭᠠᠵᠤ᠂ ᠠᠵᠢᠯ ᠤᠨ ᠳᠤᠮᠳᠠ ᠢᠯᠡᠷᠡᠭᠰᠡᠨ ᠰᠢᠨ᠎ᠡ ᠪᠠᠶᠢᠳᠠᠯ ᠪᠠ ᠰᠢᠨ᠎ᠡ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠵᠦ᠂ ᠠᠷᠭᠠᠴᠠᠬᠤ ᠪᠣᠳᠣᠯᠭ᠎ᠠ ᠪᠠ ᠰᠠᠨᠠᠭᠤᠯᠭ᠎ᠠ ᠳᠤᠷᠠᠳᠤᠨ᠎ᠠ᠃ 2021 ᠣᠨ ᠤ | ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠲᠣᠪᠴᠢᠶᠠᠨ ᠤ ᠤᠳᠤᠷᠢᠳᠤᠯᠭ᠎ᠠ᠄ ᠯᠢ ᠱᠤ᠋ ᠮᠢᠩ︔ ᠬᠤᠰᠢᠭᠤᠴᠢᠯᠠᠬᠤ | ᠨᠢᠭᠡᠴᠢ᠄ ᠡᠬᠢ ᠪᠠᠶᠠᠯᠢᠭ ᠤᠨ ᠵᠤᠷᠭᠠᠨ︔ ᠤᠷᠤᠯᠴᠠᠬᠤ ᠨᠢᠭᠡᠴᠢ᠄ ᠲᠣᠪᠴᠢᠶᠠᠨ ᠳᠠᠷᠤᠭ᠎ᠠ ᠶᠢᠨ ᠲᠦᠷᠢᠮ ᠤᠨ | ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠢ᠂ ᠬᠠᠮᠢᠶ᠎ᠠ ᠪᠥᠬᠦᠶ ᠲᠤᠰᠬᠠᠶ | ᠲᠤᠰᠢᠶᠠᠯᠲᠠᠨ ᠤ ᠠᠯᠪᠠᠨ ᠬᠡᠷ᠂ ᠠᠵᠤ ᠠᠬᠤᠶ ᠶᠢᠨ ᠰᠤᠳᠤᠯᠭᠠᠨ ᠤ ᠲᠥᠪ ︶ | ︵ᠳᠥᠷᠪᠡ︶ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠤᠷᠬᠢᠯ ᠳᠤ ᠲᠤᠯᠭᠠᠬᠤ ᠵᠢᠴᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠪᠠ ᠣᠶ ᠰᠢᠭᠤᠶ ᠨᠤᠳᠤᠭ ᠪᠡᠯᠴᠢᠭᠡᠷ ᠲᠠᠢ | ᠬᠤᠯᠪᠣᠭᠳᠠᠭᠰᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠪᠠᠶᠢᠴᠠᠭᠠᠨ ᠰᠤᠳᠤᠯᠤᠯᠲᠠ᠃ ᠰᠤᠳᠤᠯᠬᠤ | ᠠᠭᠤᠯᠭ᠎ᠠ᠄ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ︽ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠠᠮᠢ ᠠᠬᠤᠶ ᠶᠢᠨ | ᠰᠢᠰᠲ᠋ᠧᠮ ᠤᠨ ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠬᠦ︾ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠤᠷᠬᠢᠯ ᠳᠤ ᠲᠤᠯᠭᠠᠬᠤ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯ ᠢ | ᠢᠳᠡᠪᠬᠢᠲᠡᠶ ᠰᠠᠶᠢᠲᠤᠷ ᠬᠢᠵᠦ᠂ ᠲᠡᠬᠦᠨ ᠤ ᠢᠳᠡᠪᠬᠢ ᠦᠢᠯᠡᠳᠦᠯ ᠢ ᠰᠤᠳᠤᠯᠤᠨ ᠪᠠᠶᠢᠴᠠᠭᠠᠵᠤ᠂ ᠡᠳ᠋ ᠤᠨ | ᠵᠠᠰᠠᠭ ᠠᠴᠠ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠶᠢ ᠳᠡᠮᠵᠢᠬᠦ᠂ | ᠨᠡᠭᠦᠷᠡᠰᠦᠲᠥ᠋ᠷᠥᠭᠴᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ᠃ 2021 ᠣᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ ︵ᠲᠣᠪᠴᠢᠶᠠᠨ ᠤ ᠤᠳᠤᠷᠢᠳᠤᠯᠭ᠎ᠠ᠄ ᠯᠢ | ᠴᠦᠨ ᠯᠢᠶᠠᠩ︔ ᠬᠤᠰᠢᠭᠤᠴᠢᠯᠠᠬᠤ ᠨᠢᠭᠡᠴᠢ᠄ ᠡᠳ᠋ ᠤᠨ ᠶᠠᠪᠤᠳᠠᠯ ᠤᠨ ᠲᠦᠯᠦᠪᠵᠢᠬᠦᠯᠭᠡ ᠶᠢᠨ ᠵᠤᠷᠭᠠᠨ︔ | ᠤᠷᠤᠯᠴᠠᠬᠤ ᠨᠢᠭᠡᠴᠢ᠄ ᠠᠮᠢ ᠠᠬᠤᠶ ᠶᠢᠨ ᠵᠤᠷᠭᠠᠨ᠂ ᠠᠵᠤ ᠠᠬᠤᠶ ᠶᠢᠨ ᠰᠤᠳᠤᠯᠭᠠᠨ ᠤ ᠲᠥᠪ ︶ | ︵ᠲᠠᠪᠤ︶ ᠤᠢ ᠰᠢᠭᠤᠶ ᠶᠢᠨ ᠶᠠᠰᠤ ᠴᠢᠨᠠᠷ᠂ ᠠᠮᠢ ᠠᠬᠤᠶ ᠶᠢᠨ ᠴᠢᠳᠠᠮᠵᠢ ᠶᠢ ᠦᠨᠡᠯᠡᠬᠦ ᠭᠦᠢᠴᠡᠳᠬᠡᠬᠦ | ᠲᠤᠭ᠎ᠠ ᠶᠢᠨ ᠲᠤᠬᠠᠶ ᠰᠤᠳᠤᠯᠤᠯ᠃ ᠰᠤᠳᠤᠯᠬᠤ ᠠᠭᠤᠯᠭ᠎ᠠ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠦᠭᠰᠡᠨ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠥᠪ ᠤᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠥᠰᠦᠯ︾ | ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠣᠲᠣ ᠶᠢᠨ ᠪᠠᠶᠢᠭ᠎ᠠ ᠣᠶ ᠰᠢᠭᠤᠶ ᠶᠢᠨ ᠡᠬᠢ | ᠪᠠᠶᠠᠯᠢᠭ ᠤᠨ ᠲᠠᠯᠠᠪᠠᠶ᠂ ᠬᠠᠳᠠᠭᠠᠯᠠᠭᠳᠠᠴᠠ ᠶᠢᠨ ᠬᠡᠮᠵᠢᠶ᠎ᠡ ᠶᠢ ᠰᠢᠯᠭᠠᠨ ᠬᠢᠨᠠᠬᠤ ᠬᠦᠢᠴᠡᠳᠬᠡᠯ ᠲᠤᠭ᠎ᠠ ᠶᠢᠨ ᠰᠠᠭᠤᠷᠢᠨ | ᠳᠡᠭᠡᠷ᠎ᠡ᠂ ᠬᠤᠯᠪᠣᠭᠳᠠᠯ ᠪᠥᠬᠦᠶ ᠣᠯᠠᠨ ᠤᠯᠤᠰ ᠤᠨ ᠲᠤᠷᠰᠢᠯᠭ᠎ᠠ ᠪᠠᠷ ᠲᠣᠯᠢ ᠪᠣᠯᠭᠠᠵᠤ᠂ ᠠᠮᠢ ᠠᠬᠤᠶ ᠶᠢ | ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠪᠠᠷ ᠬᠥᠭᠵᠢᠭᠦᠯᠬᠦ ᠦᠨᠳᠦᠰᠦᠨ ᠵᠠᠷᠴᠢᠮ ᠢ ᠵᠢᠷᠤᠮᠯᠠᠨ᠂ ᠮᠠᠨ ᠤ | ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠰᠢᠨᠵᠢᠵᠦ ᠦᠨᠡᠯᠡᠬᠦ ᠠᠵᠢᠯ ᠤᠨ | ᠪᠣᠳᠠᠲᠠᠶ ᠲᠠᠢ ᠤᠶᠠᠯᠳᠤᠭᠤᠯᠵᠤ᠂ ᠣᠷᠣᠨ ᠪᠦᠰᠡ ᠶᠢᠨ ᠣᠶ ᠰᠢᠭᠤᠶ ᠶᠢᠨ ᠶᠠᠰᠤ ᠴᠢᠨᠠᠷ ᠵᠢᠴᠢ ᠠᠮᠢ ᠠᠬᠤᠶ ᠶᠢᠨ | ᠴᠢᠳᠠᠮᠵᠢ ᠶᠢ ᠶᠡᠷᠦᠩᠬᠡᠶᠢᠯᠡᠨ ᠲᠤᠰᠬᠠᠭᠰᠠᠨ ᠦᠨᠡᠯᠡᠯᠲᠡ ᠶᠢᠨ ᠬᠦᠢᠴᠡᠳᠬᠡᠯ ᠲᠤᠭ᠎ᠠ ᠶᠢ ᠰᠤᠳᠤᠯᠤᠨ ᠲᠣᠭᠲᠠᠭᠠᠨ᠎ᠠ᠃ | 2021 ᠣᠨ ᠳᠤ ᠠᠩᠬ᠎ᠠ ᠠᠯᠬᠤᠮ ᠤᠨ ᠦᠷ᠎ᠡ ᠪᠦᠲᠦᠭᠡᠯ ᠣᠯᠵᠤ᠂ 2022 ᠣᠨ ᠤ ᠵᠢᠯ ᠤᠨ ᠰᠡᠭᠦᠯᠴᠢ ᠠᠴᠠ | ᠡᠮᠦᠨ᠎ᠡ ᠪᠡᠶᠡᠯᠡᠭᠦᠯᠦᠨ᠎ᠡ᠃ ︵ᠲᠣᠪᠴᠢᠶᠠᠨ ᠤ ᠤᠳᠤᠷᠢᠳᠤᠯᠭ᠎ᠠ᠄ ᠲᠠᠨ ᠭᠤᠸᠠᠩ ᠮᠢᠩ︔ ᠬᠤᠰᠢᠭᠤᠴᠢᠯᠠᠬᠤ | ᠨᠢᠭᠡᠴᠢ᠄ ᠠᠵᠤ ᠠᠬᠤᠶ ᠶᠢᠨ ᠰᠤᠳᠤᠯᠤᠯ ᠤᠨ ᠲᠥᠪ︔ ᠤᠷᠤᠯᠴᠠᠬᠤ ᠨᠢᠭᠡᠴᠢ᠄ ᠠᠮᠢ ᠠᠬᠤᠶ ᠶᠢᠨ ᠵᠤᠷᠭᠠᠨ᠂ ᠡᠬᠢ | ᠪᠠᠶᠠᠯᠢᠭ ᠤᠨ ᠵᠤᠷᠭᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠤᠷᠭᠠᠨ᠂ ᠵᠢᠷᠤᠭ ᠲᠥᠯᠥᠪᠯᠡᠭᠡᠨ ᠤ ᠬᠦᠷᠢᠶᠡᠯᠡᠩ᠂ | ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ︶ |