ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠲᠠᠷᠢᠶᠠᠯᠠᠩ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2021/7/12
   ︽ᠲᠠᠷᠢᠶᠠᠴᠢᠳ ᠠᠮᠤ ᠪᠤᠳᠠᠭ᠎ᠠ ᠳᠠᠷᠢᠵᠤ᠂ ᠳᠠᠭᠠᠳᠬᠠᠯ ᠢᠶᠠᠷ ᠠᠶᠠᠯᠠᠯ ᠢᠶᠠᠨ ᠬᠠᠮᠠᠭᠠᠯᠠᠨ᠎ᠠ︾᠂ ᠭᠠᠶ ᠭᠠᠮᠰᠢᠭ ᠤᠨ ᠡᠮᠦᠨ᠎ᠡ᠂ ᠲᠠᠷᠢᠶᠠᠯᠠᠩ ᠤᠨ ᠳᠠᠭᠠᠳᠬᠠᠯ ᠪᠣᠯ ᠳᠠᠷᠤᠶ ᠲᠠᠷᠢᠶᠠᠴᠢᠳ ᠤᠨ ︽ᠰᠡᠳᠬᠢᠯ ᠢ ᠠᠮᠤᠷᠵᠢᠭᠤᠯᠬᠤ ᠡᠮ︾ ᠮᠥᠨ᠃ ᠲᠦᠷᠦᠭᠦᠬᠡᠨ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠬᠢᠨᠠᠨ ᠪᠠᠲᠤᠯᠠᠵᠤ᠂ ᠡᠳ᠋ ᠤᠨ ᠵᠠᠰᠠᠭ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠲᠠᠢ ᠬᠠᠮᠲᠤᠷᠠᠨ ᠣᠶᠢᠷ᠎ᠠ ᠳᠤ ︽ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠥᠷᠭᠡᠳᠬᠡᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠪᠠ᠃ ᠾᠧᠪᠧᠢ᠂ ᠥᠪᠥᠷ ᠮᠣᠩᠭᠤᠯ᠂ ᠯᠢᠶᠣᠤᠨᠢᠩ᠂ ᠭᠢᠷᠢᠨ᠂ ᠬᠠᠷᠠᠮᠥ᠋ᠷᠡᠨ᠂ ᠵᠢᠶᠠᠩᠰᠦ᠂ ᠠᠨᠾᠦ᠋ᠢ᠂ ᠵᠢᠶᠠᠩᠰᠢ᠂ ᠱᠠᠨᠳᠦ᠋ᠩ᠂ ᠾᠧᠨᠠᠨ᠂ ᠬᠤᠪᠸᠢ᠂ ᠬᠤᠨᠠᠨ᠂ ᠰᠧᠴᠤᠸᠠᠨ ᠵᠡᠷᠭᠡ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠶᠢᠨ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠳᠤ ᠲᠤᠲᠤᠷᠭ᠎ᠠ᠂ ᠪᠤᠭᠤᠳᠠᠶ᠂ ᠡᠷᠳᠡᠨᠢ ᠰᠢᠰᠢ ᠵᠡᠷᠭᠡ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠳᠤ ᠴᠢᠭᠯᠡᠭᠦᠯᠦᠨ᠂ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠥᠷᠨᠢᠭᠦᠯᠵᠦ᠂ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠳᠠᠭᠠᠳᠬᠠᠭᠤᠯᠤᠭᠰᠠᠨ ᠲᠠᠷᠢᠶᠠᠴᠢᠨ ᠡᠷᠦᠬᠡ ᠳᠤ ᠳᠠᠭᠠᠳᠬᠠᠯ ᠤᠨ ᠵᠠᠷᠤᠳᠠᠯ ᠤᠨ ᠨᠥᠬᠦᠪᠥᠷᠢ ᠥᠭᠭᠦᠨ᠎ᠡ ᠭᠡᠵᠦ ᠲᠣᠳᠣᠷᠬᠠᠶ ᠲᠣᠭᠲᠠᠭᠠᠵᠠᠶ᠃      7 ᠰᠠᠷ᠎ᠠ ᠶᠢᠨ 6᠎ ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠤᠨ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠳ᠋ ᠤᠨ ᠵᠠᠰᠠᠭ ᠤᠨ ᠶᠠᠮᠤᠨ ᠤ ᠳᠡᠳ᠋ ᠰᠠᠶᠢᠳ ᠽᠸᠦ ᠵᠢᠶᠠ ᠢ ᠲᠠᠨᠢᠯᠴᠠᠭᠤᠯᠬᠤ ᠳᠠᠭᠠᠨ᠂ ᠡᠨᠡ ᠵᠢᠯ ᠤᠨ ᠲᠥᠷᠥ ᠶᠢᠨ ᠪᠣᠳᠣᠯᠭ᠎ᠠ ᠶᠢ ᠡᠩ ᠲᠡᠷᠢᠭᠦᠨ ᠳᠤ ᠠᠮᠤ ᠪᠤᠳᠠᠭᠠᠨ ᠤ ᠭᠤᠤᠯ ᠭᠠᠷᠤᠯᠲᠠ ᠶᠢᠨ ᠮᠤᠵᠢ ᠣᠷᠣᠨ ᠤ ᠪᠠᠷᠤᠭ 60%᠎ ᠶᠢᠨ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ︵500︶᠎ ᠢ ᠬᠠᠮᠤᠷᠴᠤ᠂ ᠢᠷᠡᠬᠦ ᠵᠢᠯ ᠪᠣᠯᠬᠤ ᠳᠤ ᠬᠡᠷᠡᠭᠵᠢᠭᠦᠯᠬᠦ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠣᠷᠣᠨ ᠤ ᠳᠣᠲᠣᠷᠠᠬᠢ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠪᠦᠬᠦᠨ ᠢ ᠬᠠᠮᠤᠷᠴᠤ᠂ ᠪᠣᠶ ᠪᠥᠬᠦᠶ ᠲᠠᠷᠢᠶᠠᠴᠢᠨ ᠡᠷᠦᠬᠡ ᠴᠥᠮ ᠳᠠᠭᠠᠳᠬᠠᠯ ᠳᠤ ᠣᠷᠣᠵᠤ ᠪᠣᠯᠤᠨ᠎ᠠ ᠭᠡᠵᠡᠶ᠃ ᠡᠭᠦᠨ ᠳᠤ᠂ ᠪᠦᠷᠢᠨ ᠥᠪᠡᠷ ᠤᠨ ᠥᠷᠲᠡᠭ ᠤᠨ ᠳᠠᠭᠠᠳᠬᠠᠯ ᠨᠢ ᠲᠠᠷᠢᠶᠠᠯᠠᠩ ᠤᠨ ᠦᠢᠯᠡᠳᠪᠦᠷᠢᠯᠡᠯ ᠢ ᠬᠠᠮᠤᠷᠤᠭᠰᠠᠨ ᠶᠡᠷᠦᠩᠬᠡᠶ ᠥᠪᠡᠷ ᠤᠨ ᠥᠷᠲᠡᠭ ᠪᠣᠯᠤᠨ᠎ᠠ᠂ ᠡᠭᠦᠨ ᠳᠤ ᠰᠢᠭᠤᠳ ᠪᠣᠳᠠᠰᠵᠢᠭᠰᠠᠨ ᠥᠪᠡᠷ ᠤᠨ ᠥᠷᠲᠡᠭ᠂ ᠭᠠᠵᠠᠷ ᠰᠢᠷᠣᠶ ᠪᠠ ᠬᠥᠮᠦᠨ ᠤ ᠬᠦᠴᠦᠨ ᠤ ᠥᠪᠡᠷ ᠤᠨ ᠥᠷᠲᠡᠭ ᠢ ᠪᠠᠭᠲᠠᠭᠠᠵᠤ᠂ ᠭᠤᠤᠯ ᠪᠣᠯᠬᠤ ᠪᠠᠶᠢᠭᠠᠯᠢ ᠶᠢᠨ ᠭᠠᠮᠰᠢᠭ᠂ ᠬᠦᠨᠳᠦ ᠶᠡᠭᠡ ᠡᠪᠡᠳᠴᠢᠨ ᠬᠤᠷᠣᠬᠠᠶ ᠶᠢᠨ ᠭᠠᠮᠰᠢᠭ ᠵᠡᠷᠭᠡ ᠠᠴᠠ ᠪᠣᠯᠤᠭᠰᠠᠨ ᠬᠤᠬᠢᠷᠠᠯ ᠢ ᠨᠥᠬᠦᠪᠥᠷᠢᠯᠡᠨ᠎ᠡ᠂ ᠥᠭᠡᠷ᠎ᠡ ᠪᠠᠷ ᠬᠡᠯᠡᠪᠡᠯ᠂ ᠪᠠᠶᠢᠭᠠᠯᠢ ᠶᠢᠨ ᠭᠠᠮᠰᠢᠭ᠂ ᠡᠪᠡᠳᠴᠢᠨ ᠬᠤᠷᠣᠬᠠᠶ ᠶᠢᠨ ᠭᠠᠮᠰᠢᠭ ᠵᠡᠷᠭᠡ ᠣᠨᠴᠠᠭᠠᠶ ᠪᠠᠶᠢᠳᠠᠯ ᠭᠠᠷᠪᠠᠯ᠂ ᠥᠷᠭᠡᠨ ᠣᠯᠠᠨ ᠲᠠᠷᠢᠶᠠᠴᠢᠨ ᠡᠷᠦᠬᠡ ᠪᠠᠷ ᠨᠠᠭᠠᠳᠤ ᠵᠠᠬ᠎ᠠ ᠳᠠᠭᠠᠨ ᠥᠪᠡᠷ ᠤᠨ ᠥᠷᠲᠡᠭ ᠢ ᠨᠢ ᠪᠤᠴᠠᠭᠠᠨ ᠠᠪᠴᠢᠷᠠᠭᠤᠯᠤᠨ᠎ᠠ᠃      ︽ᠬᠤᠶᠠᠷ ᠵᠦᠢᠯ ᠤᠨ ᠳᠠᠭᠠᠳᠬᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠨᠢ ᠬᠠᠮᠤᠭ ᠤᠨ ᠥᠨᠳᠥᠷ ᠲᠡᠭᠡᠨ ᠴᠥᠮ ᠵᠣᠬᠢᠴᠠᠩᠭᠤᠶ ᠡᠭᠦᠯᠳᠡᠷ ᠤᠨ ᠲᠠᠷᠢᠮᠠᠯ ᠤᠨ ᠣᠷᠣᠯᠭ᠎ᠠ ᠶᠢᠨ 80%᠎ ᠳᠤ ᠬᠦᠷᠴᠦ ᠪᠣᠯᠤᠨ᠎ᠠ᠃ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠳᠠᠭᠠᠳᠬᠠᠭᠤᠯᠤᠭᠰᠠᠨ ᠲᠠᠷᠢᠶᠠᠴᠢᠨ ᠡᠷᠦᠬᠡ ᠳᠤ ᠳᠠᠭᠠᠳᠬᠠᠯ ᠤᠨ ᠵᠠᠷᠤᠳᠠᠯ ᠤᠨ ᠨᠥᠬᠦᠪᠥᠷᠢ ᠥᠭᠬᠦ ᠶᠢ ᠬᠡᠷᠡᠭᠵᠢᠭᠦᠯᠬᠦ ᠳᠤ᠂ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠨᠥᠬᠦᠪᠥᠷᠢ 25%᠎ ᠠᠴᠠ ᠳᠣᠣᠷ᠎ᠠ ᠦᠭᠡᠢ ᠪᠠᠶᠢᠬᠤ ᠰᠠᠭᠤᠷᠢᠨ ᠳᠡᠭᠡᠷ᠎ᠡ᠂ ᠲᠥᠪ ᠤᠨ ᠡᠳ᠋ ᠤᠨ ᠵᠠᠰᠠᠭ ᠠᠴᠠ ᠳᠤᠮᠳᠠ ᠬᠡᠰᠡᠭ ᠪᠠᠷᠠᠭᠤᠨ ᠬᠡᠰᠡᠭ ᠵᠢᠴᠢ ᠵᠡᠭᠦᠨ ᠬᠤᠶᠢᠲᠤ ᠣᠷᠣᠨ ᠳᠤ 45%᠎ ᠶᠢᠨ ᠨᠥᠬᠦᠪᠥᠷᠢ ᠥᠭᠴᠦ᠂ ᠵᠡᠭᠦᠨ ᠬᠡᠰᠡᠭ ᠤᠨ ᠭᠠᠵᠠᠷ ᠣᠷᠣᠨ ᠳᠤ 35%᠎ ᠶᠢᠨ ᠨᠥᠬᠦᠪᠥᠷᠢ ᠥᠭᠭᠦᠨ᠎ᠡ᠃ ᠡᠭᠦᠨ ᠤ ᠬᠠᠮᠲᠤ ᠳᠠᠭᠠᠳᠬᠠᠯ ᠤᠨ ᠪᠠᠶᠢᠭᠤᠯᠤᠮᠵᠢ ᠶᠢ ᠪᠡᠯᠡ ᠪᠠᠨ ᠪᠠᠲᠤᠯᠠᠵᠤ ᠥᠴᠦᠬᠡᠨ ᠠᠰᠢᠭ ᠤᠯᠬᠤ ᠵᠠᠷᠴᠢᠮ ᠢᠶᠠᠷ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠴᠡᠭᠴᠡᠯᠡᠨ ᠲᠣᠭᠲᠠᠭᠠᠵᠤ᠂ ᠡᠵᠡᠩᠨᠡᠯᠲᠡ ᠶᠢᠨ ᠥᠪᠡᠷ ᠤᠨ ᠥᠷᠲᠡᠭ ᠢ ᠲᠤᠰᠬᠠᠭᠰᠠᠨ ᠶᠡᠷᠦᠩᠬᠡᠶᠢᠯᠡᠭᠰᠡᠨ ᠵᠠᠷᠤᠳᠠᠯ ᠤᠨ ᠨᠣᠷᠮ᠎ᠠ ᠶᠢ 20%᠎ ᠠᠴᠠ ᠳᠡᠭᠡᠭᠰᠢ ᠪᠠᠶᠢᠯᠭᠠᠬᠤ ᠥᠬᠡᠶ ᠪᠠᠶᠢᠬᠤ ᠶᠢ ᠱᠠᠭᠠᠷᠳᠠᠪᠠ᠃ ᠶᠡᠷᠦᠩᠬᠡᠶ ᠵᠠᠷᠤᠳᠠᠯ ᠤᠨ ᠨᠣᠷᠮ᠎ᠠ ᠶᠢ 20%᠎ ᠠᠴᠠ ᠥᠨᠳᠥᠷ ᠪᠠᠶᠢᠯᠭᠠᠬᠤ ᠦᠭᠡᠶ ᠭᠡᠳᠡᠭ ᠨᠢ ᠪᠦᠬᠦ ᠳᠠᠭᠠᠳᠬᠠᠯ ᠤᠨ ᠵᠠᠷᠤᠳᠠᠯ ᠤᠨ ᠳᠣᠲᠣᠷ᠎ᠠ ᠳᠠᠭᠠᠳᠬᠠᠯ ᠤᠨ ᠺᠣᠮᠫᠠᠨᠢ ᠶᠢᠨ ᠥᠪᠡᠷ ᠤᠨ ᠥᠷᠲᠡᠭ ᠢ ᠬᠠᠮᠤᠷᠤᠭᠰᠠᠨ ᠡᠨᠡ ᠬᠡᠰᠡᠭ ᠨᠢ ᠪᠦᠬᠦ ᠳᠠᠭᠠᠳᠬᠠᠯ ᠤᠨ ᠵᠠᠷᠤᠳᠠᠯ ᠤᠨ 20%᠎ ᠠᠴᠠ ᠥᠨᠳᠥᠷ ᠪᠠᠶᠢᠯᠭᠠᠬᠤ ᠦᠭᠡᠶ ᠭᠡᠰᠡᠨ ᠤᠳᠬ᠎ᠠ ᠲᠠᠢ ᠶᠤᠮ︾ ᠭᠡᠵᠦ ᠽᠸᠦ ᠵᠢᠶᠠ ᠢ ᠤᠯᠠᠮ ᠨᠢᠭᠡ ᠠᠯᠬᠤᠮ ᠲᠠᠶᠢᠯᠪᠤᠷᠢᠯᠠᠵᠠᠶ᠃      ᠲᠦᠷᠦ ᠶᠢᠨ ᠪᠤᠳᠦᠯᠭ᠎ᠠ ᠶᠢᠨ ᠦᠷ᠎ᠡ ᠪᠦᠲᠦᠮᠵᠢ ᠶᠢᠨ ᠰᠡᠶᠢᠠ ᠡᠰᠡᠬᠦ ᠶᠢ ᠦᠵᠡᠬᠦ ᠳᠤ ᠲᠦᠷᠦ ᠶᠢᠨ ᠪᠤᠳᠦᠯᠭ᠎ᠠ ᠶᠢᠨ ᠲᠤᠰ ᠪᠡᠶ᠎ᠡ ᠶᠢᠨ ᠬᠢᠨᠢ ᠠᠭᠤᠯᠭ᠎ᠠ ᠶᠢ ᠦᠵᠡᠬᠦ ᠠᠴᠠ ᠭᠠᠳᠠᠨ᠎ᠠ ᠪᠠᠰᠠ ᠬᠡᠷᠡᠭᠵᠢᠭᠦᠯᠬᠦ ᠬᠡᠷᠬᠢᠨ ᠲᠥᠯᠥᠪᠦᠷᠢ ᠶᠢᠨ ᠶᠠᠪᠤᠴᠠ ᠶᠢᠨ ᠨᠡᠩ ᠤᠷᠤᠭᠰᠢᠲᠠᠶ ᠶᠠᠪᠤᠭᠳᠠᠬᠤ ᠶᠢ ᠪᠠᠲᠤᠯᠠᠵᠤ᠂ ᠲᠠᠷᠢᠶᠠᠯᠠᠩ ᠤᠨ ᠳᠠᠭᠠᠳᠬᠠᠯ ᠤᠨ ᠬᠡᠷᠡᠭᠵᠢᠭᠦᠯᠦᠯᠲᠡ ᠶᠢᠨ ᠨᠡᠩ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠪᠤᠶ︖ ᠡᠳ᠋ ᠤᠨ ᠵᠠᠰᠠᠭ ᠤᠨ ᠶᠠᠮᠤᠨ ᠤ ᠮᠥᠩᠭᠦᠨ ᠭᠦᠢᠯᠭᠡᠭᠡᠨ ᠤ ᠵᠤᠷᠭᠠᠨ ᠤ ᠳᠠᠷᠤᠭ᠎ᠠ ᠸᠠᠩ ᠺᠧ ᠪᠢᠩ᠂ ᠡᠳ᠋ ᠤᠨ ᠵᠠᠰᠠᠭ ᠤᠨ ᠶᠠᠮᠤᠨ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ ᠲᠦᠷᠦᠭᠦᠯᠡᠨ ᠬᠠᠷᠢᠭᠤᠴᠠᠬᠤ ᠬᠠᠷᠢᠭᠤᠴᠠᠯᠭ᠎ᠠ ᠶᠢ ᠬᠡᠷᠡᠭᠵᠢᠭᠦᠯᠵᠦ᠂ ᠶᠠᠮᠤᠨ ᠤ ᠬᠤᠭᠤᠷᠣᠨᠳᠣᠬᠢ ᠬᠥᠨᠳᠡᠯᠡᠨ ᠢᠶᠠᠷ ᠬᠠᠮᠵᠢᠯᠴᠠᠬᠤ᠂ ᠣᠷᠣᠨ ᠨᠤᠲᠤᠭ ᠤᠨ ᠭᠤᠯᠳᠤ ᠴᠢᠭᠯᠡᠯ ᠢᠶᠠᠷ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠲᠠᠷᠢᠶᠠᠯᠠᠩ ᠤᠨ ᠳᠠᠭᠠᠳᠬᠠᠯ ᠤᠨ ᠠᠵᠢᠯ ᠢ ᠬᠠᠮᠵᠢᠯᠴᠠᠨ ᠠᠬᠢᠭᠤᠯᠵᠠᠢ᠃ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠤᠯᠬᠤ᠂ ᠳᠠᠭᠠᠳᠬᠠᠯ ᠬᠦᠯᠢᠶᠡᠬᠦ ᠪᠠᠶᠢᠭᠤᠯᠤᠮᠵᠢ ᠶᠢ ᠰᠢᠯᠢᠨ ᠰᠣᠩᠭᠤᠬᠤ ᠵᠢᠴᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠲᠠᠯ᠎ᠠ ᠪᠠᠷ ᠲᠦᠷᠢᠮ ᠲᠣᠭᠲᠠᠭᠠᠯ ᠲᠣᠭᠲᠠᠭᠠᠵᠤ᠂ ᠣᠷᠣᠨ ᠨᠤᠲᠤᠭ ᠢ ᠰᠢᠮᠳᠠᠭᠤᠯᠵᠤ ᠪᠠᠶᠢᠭᠠᠳ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠠᠷᠢᠶᠠᠯᠠᠩ ᠤᠨ ᠳᠠᠭᠠᠳᠬᠠᠯ ᠤᠨ ᠬᠡᠷᠡᠭᠵᠢᠭᠦᠯᠦᠯᠲᠡ ᠳᠤ ᠲᠣᠭᠲᠠᠴᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃      ᠡᠳ᠋ ᠤᠨ ᠵᠠᠰᠠᠭ ᠤᠨ ᠳᠡᠮᠵᠢᠯᠭᠡ ᠪᠣᠯ ᠲᠠᠷᠢᠶᠠᠯᠠᠩ ᠤᠨ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠶᠢᠨ ᠴᠢᠬᠤᠯᠠ ᠪᠠᠲᠤᠯᠠᠭ᠎ᠠ ᠮᠥᠨ᠃ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ 2007 ᠣᠨ ᠳᠤ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ ᠳᠠᠭᠠᠳᠬᠠᠯ ᠤᠨ ᠰᠦᠢᠳᠬᠡᠯ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠮᠠᠨ ᠤ ᠤᠯᠤᠰ ᠤᠨ ᠲᠠᠷᠢᠶᠠᠯᠠᠩ ᠤᠨ ᠳᠠᠭᠠᠳᠬᠠᠯ ᠤᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠪᠦᠲᠦᠭᠡᠭᠳᠡᠬᠦᠨ ᠢ ᠨᠡᠮᠡᠭᠳᠡᠭᠦᠯᠦᠨ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠭᠤᠷᠪᠠᠨ ᠲᠣᠮᠣ ᠠᠮᠤ ᠪᠤᠳᠠᠭᠠᠨ ᠤ ᠲᠠᠷᠢᠮᠠᠯ᠂ ᠪᠠᠶᠢᠭᠠᠯᠢ ᠶᠢᠨ ᠭᠤᠮ᠂ ᠲᠣᠰᠣᠯᠢᠭ ᠲᠠᠷᠢᠮᠠᠯ ᠵᠡᠷᠭᠡ 16 ᠶᠡᠭᠡ ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠬᠦᠨ ᠵᠢᠴᠢ 60 ᠭᠠᠷᠤᠶ ᠣᠷᠣᠨ ᠨᠤᠲᠤᠭ ᠤᠨ ᠳᠠᠪᠠᠭᠤᠯᠢᠭ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠢ ᠬᠠᠮᠤᠷᠴᠤ᠂ ᠤᠯᠤᠰ ᠤᠨ ᠪᠠᠶᠢᠳᠠᠯ ᠳᠤ ᠨᠡᠶᠢᠴᠡᠭᠰᠡᠨ ᠲᠠᠷᠢᠶᠠᠯᠠᠩ ᠤᠨ ᠳᠠᠭᠠᠳᠬᠠᠯ ᠤᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾᠎ ᠶᠢ ᠠᠩᠬ᠎ᠠ ᠠᠯᠬᠤᠮ ᠪᠣᠶ ᠪᠣᠯᠭᠠᠵᠤ᠂ ︽ᠲᠥᠪ ᠠᠴᠠ ᠶᠡᠭᠡ ᠬᠡᠮᠵᠢᠶᠡᠨ ᠤ ᠳᠠᠭᠠᠳᠬᠠᠯ ᠢ ᠪᠠᠲᠤᠯᠠᠵᠤ᠂ ᠣᠷᠣᠨ ᠨᠤᠲᠤᠭ ᠤᠨ ᠣᠨᠴᠠᠯᠢᠭ ᠢ ᠪᠠᠲᠤᠯᠠᠬᠤ︾ ᠨᠥᠬᠦᠪᠥᠷᠢ ᠶᠢᠨ ᠰᠢᠰᠲ᠋ᠧᠮ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠱᠠᠲᠤ ᠦᠶ᠎ᠡ ᠶᠢ ᠤᠭᠲᠤᠨ ᠠᠪᠴᠢᠷᠠᠭᠰᠠᠨ ᠪᠠᠶᠢᠨ᠎ᠠ᠃ 2020 ᠣᠨ ᠳᠤ᠂ ᠮᠠᠨ ᠤ ᠤᠯᠤᠰ ᠤᠨ ᠲᠠᠷᠢᠶᠠᠯᠠᠩ ᠤᠨ ᠳᠠᠭᠠᠳᠬᠠᠯ ᠤᠨ ᠰᠦᠢᠳᠬᠡᠯ ᠤᠨ ᠬᠡᠪᠴᠢᠶ᠎ᠡ 815 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠪᠥᠮᠪᠥᠷᠴᠡᠭ ᠤᠨ ᠲᠠᠷᠢᠶᠠᠯᠠᠩ ᠤᠨ ᠳᠠᠭᠠᠳᠬᠠᠯ ᠤᠨ ᠰᠦᠢᠳᠬᠡᠯ ᠤᠨ ᠬᠡᠪᠴᠢᠶ᠎ᠡ ᠪᠠᠷ ᠬᠠᠮᠤᠭ ᠤᠨ ᠶᠡᠭᠡ ᠤᠯᠤᠰ ᠪᠣᠯᠪᠠ᠃
 
ᠢᠷᠡᠯᠲᠡ᠄ ᠪᠠᠶᠠᠨᠨᠠᠭᠤᠷ ᠬᠤᠳᠠ ᠶᠢᠨ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号