︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2021/7/26
     ᠨᠢᠭᠡ᠂ ᠨᠡᠶᠢᠲᠡᠯᠡᠭᠰᠡᠨ ᠠᠬᠤᠶ ᠪᠠᠶᠢᠳᠠᠯ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠢ ᠬᠠᠮᠠᠭᠠᠯᠠᠬᠤ ᠲᠤᠬᠠᠶ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤᠳᠬᠠᠵᠤ᠂ ᠭᠠᠵᠠᠷ ᠰᠢᠷᠣᠶ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠶ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠳᠠᠪᠠᠭ᠋ᠤ ᠦᠭᠡᠶ᠂ ᠲᠠᠷᠢᠶᠠᠴᠢᠳ ᠤᠨ ᠠᠰᠢᠭ ᠲᠤᠰᠠ ᠳᠤ ᠬᠤᠬᠢᠷᠠᠯ ᠤᠴᠠᠷᠠᠭᠤᠯᠬᠤ ᠦᠭᠡᠶ ᠪᠠᠶᠢᠬᠤ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠰᠠᠶᠢᠵᠢᠷᠠᠭᠤᠯᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠨ᠂ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠬᠤ ᠪᠠ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ ᠲᠠᠷᠬᠠᠭᠠᠭᠰᠠᠨ ︹2017︺ 4 ᠳ᠋ᠦ᠋ᠭᠡᠷ ᠲᠣᠭᠠᠲᠤ︶᠂ ︽ᠲᠠᠷᠢᠶᠠᠨ ᠭᠠᠵᠠᠷ ᠤᠨ ︿ᠲᠠᠷᠢᠶᠠᠯᠠᠩ ᠤᠨ ᠪᠤᠰᠤ ᠪᠣᠯᠭᠠᠬᠤ﹀ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠡᠭᠦᠳᠦᠯᠲᠡ ᠴᠠᠬᠢᠯᠭᠠᠨ ︹2020︺ 24 ᠳ᠋ᠦ᠋ᠭᠡᠷ ᠲᠣᠭᠠᠲᠤ︶᠂ ︽ᠲᠠᠷᠢᠶᠠᠨ ᠭᠠᠵᠠᠷ ᠤᠨ ︿ᠠᠮᠤ ᠪᠤᠳᠠᠭᠠᠨ ᠤ ᠪᠤᠰᠤ ᠪᠣᠯᠭᠠᠬᠤ﹀᠎ ᠶᠢ ᠰᠡᠷᠭᠡᠶᠢᠯᠡᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 44 ᠳ᠋ᠦ᠋ᠭᠡᠷ ᠲᠣᠭᠠᠲᠤ︶᠎ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠶᠢ ᠦᠨᠡᠨ ᠬᠦ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠬᠤ︾ ᠬᠠᠮᠠᠭᠠᠯᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠨ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠰᠡᠷᠭᠡᠶᠢᠯᠡᠨ᠂ ᠬᠠᠮᠠᠭᠠᠯᠠᠯᠲᠠ ᠨᠢ ᠨᠠᠩ ᠬᠦᠴᠦᠲᠡᠶ᠂ ᠬᠡᠷᠡᠭᠵᠢᠭᠦᠯᠦᠯᠲᠡ ᠨᠢ ᠨᠠᠩ ᠤᠷᠤᠭᠰᠢᠲᠠᠶ᠂ ᠬᠠᠮᠢᠶᠠᠷᠤᠯᠲᠠ ᠨᠢ ᠨᠠᠩ ᠥᠨᠳᠥᠷ ᠦᠷ᠎ᠡ ᠪᠦᠲᠦᠮᠵᠢᠲᠡᠶ ᠲᠠᠷᠢᠶᠠᠨ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠲᠠᠷᠢᠶᠠᠨ ᠭᠠᠵᠠᠷ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠲᠣᠭᠲᠠᠭᠠᠨ ᠨᠡᠶᠢᠲᠡᠯᠡᠪᠡ᠃      ᠬᠤᠶᠠᠷ᠂ ︽ᠰᠠᠨᠠᠯ︾᠎ ᠤᠨ ᠭᠤᠣᠯ ᠠᠭᠤᠯᠭ᠎ᠠ      ︽ᠰᠠᠨᠠᠯ︾᠎ ᠤᠨ ᠭᠤᠤᠯ ᠠᠭᠤᠯᠭ᠎ᠠ ᠳᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ᠂ ᠪᠥᠲᠥᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠴᠢᠩᠭ᠎ᠠ ᠡᠵᠡᠮᠳᠡᠬᠦ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠬᠤ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠵᠡᠷᠭᠡ 4 ᠶᠡᠭᠡ ᠬᠡᠰᠡᠭ ᠢ ᠪᠠᠭᠲᠠᠭᠠᠵᠤ᠂ ᠭᠤᠤᠯᠳᠠᠭᠤ 8 ᠲᠠᠯ᠎ᠠ ᠪᠠᠷ ᠢᠯᠡᠷᠡᠵᠦ ᠪᠠᠶᠢᠨ᠎ᠠ᠄      ︵ᠨᠢᠭᠡ︶ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠲᠠᠯ᠎ᠠ ᠪᠠᠷ᠂ 5 ᠵᠦᠢᠯ ᠤᠨ ᠪᠣᠳᠠᠲᠠᠶ ᠱᠠᠭᠠᠷᠳᠠᠯᠭ᠎ᠠ ᠶᠢ ᠭᠤᠤᠯᠳᠠᠯᠭ᠎ᠠ ᠲᠠᠢ ᠳᠤᠷᠠᠳᠪᠠ᠄      ᠨᠢᠭᠡ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠎ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠷᠢᠶᠠᠨ ᠭᠠᠵᠠᠷ ᠢ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠲᠣᠰ ᠭᠠᠵᠠᠷ ᠣᠷᠣᠨ ᠤ ᠪᠠᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠬᠠᠷᠠᠯᠲᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠤᠶᠠᠷ ᠲᠤ᠂ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ ᠬᠠᠮᠵᠢᠯᠴᠠᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃      ᠭᠤᠷᠪᠠ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠬᠠᠷᠠᠯᠲᠠ ᠶᠢ ᠰᠢᠯᠭᠠᠨ ᠬᠢᠨᠠᠬᠤ ᠲᠦᠷᠢᠮ ᠢ ᠲᠡᠭᠦᠯᠳᠡᠷᠵᠢᠭᠦᠯᠵᠦ᠂ ︽ᠲᠠᠷᠢᠶᠠᠨ ᠳᠠᠷᠤᠭ᠎ᠠ ᠶᠢᠨ ᠲᠦᠷᠢᠮ︾᠎ ᠢ ᠰᠦᠪᠡᠭᠴᠢᠯᠡᠨ ᠪᠠᠶᠢᠭᠤᠯᠵᠤ᠂ ᠬᠤᠰᠢᠭᠤ ᠰᠢᠶᠠᠨ᠂ ᠰᠢᠶᠠᠩ ᠪᠠᠯᠭᠠᠰᠤ᠂ ᠲᠣᠰᠬᠤᠨ ᠭᠠᠴᠠᠭ᠎ᠠ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠰᠠᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃      ᠳᠥᠷᠪᠡ ᠳᠤ᠂ ᠲᠠᠷᠢᠶᠠᠨ ᠭᠠᠵᠠᠷ ᠢ ᠬᠠᠮᠠᠭᠠᠯᠠᠬᠤ ᠢᠯᠡᠷᠡᠭᠦᠯᠬᠦ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠵᠣᠬᠢᠴᠠᠭᠤᠯᠤᠨ᠂ ᠪᠥᠬᠦ ᠶᠠᠪᠤᠴᠠ ᠳᠤ ᠬᠢᠨᠠᠨ ᠬᠠᠮᠢᠶᠠᠷᠬᠤ᠂ ᠴᠠᠭ ᠲᠤᠬᠠᠶ ᠳᠤ ᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠢᠨ᠎ᠡ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃      ᠲᠠᠪᠤ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ ᠪᠠᠶᠢᠭᠤᠯᠤᠮᠵᠢ ᠪᠣᠯ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠤᠯ ᠴᠣᠭᠴᠠ ᠪᠠᠶᠢᠵᠤ ᠂ ᠲᠠᠷᠢᠶᠠᠨ ᠭᠠᠵᠠᠷ ᠢ ᠡᠪᠳᠡᠵᠦ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ ᠡᠷᠴᠢᠮ ᠢᠶᠠᠨ ᠴᠢᠩᠭᠠᠷᠠᠭᠤᠯᠵᠤ᠂ ᠥᠨᠳᠥᠷ ᠳᠠᠷᠤᠯᠲᠠᠲᠤ ᠰᠦᠷᠳᠡᠭᠦᠯᠦᠯ ᠤᠨ ᠪᠠᠶᠢᠳᠠᠯ ᠢ ᠪᠣᠶ ᠪᠣᠯᠭᠠᠬᠤ ᠬᠡᠷᠡᠭᠲᠡᠶ᠃        ︵ᠬᠤᠶᠠᠷ︶ ᠲᠠᠷᠢᠶᠠᠨ ᠭᠠᠵᠠᠷ ᠤᠨ ᠲᠥᠯᠥᠪᠵᠢᠭᠦᠯᠭᠡ ᠪᠠ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠴᠢᠩᠭ᠎ᠠ ᠡᠵᠡᠮᠳᠡᠬᠦ ᠲᠠᠯ᠎ᠠ ᠪᠠᠷ ᠬᠤᠶᠠᠷ ᠵᠦᠢᠯ ᠤᠨ ᠱᠠᠭᠠᠷᠳᠠᠯᠭ᠎ᠠ ᠶᠢ ᠴᠢᠬᠤᠯᠠᠴᠢᠯᠠᠵᠠᠶ᠄ ᠨᠢᠭᠡ ᠳᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠤᠨ ᠵᠣᠬᠢᠶᠠᠵᠤ᠂ ᠭᠠᠵᠠᠷ ᠰᠢᠷᠣᠶ ᠶᠢᠨ ᠬᠡᠷᠡᠭᠯᠡᠯᠲᠡ ᠶᠢ ᠵᠠᠬᠢᠷᠤᠨ ᠬᠢᠵᠠᠭᠠᠷᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠬᠤᠷᠢᠭᠯᠠᠨ ᠵᠣᠭᠰᠣᠭᠠᠬᠤ ᠲᠤᠬᠠᠶ ᠲᠥᠪ ᠤᠨ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠰᠡᠷᠭᠡᠶᠢᠯᠡᠨ᠎ᠡ᠃ ᠬᠤᠶᠠᠷ ᠲᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠴᠢᠩᠭᠠᠳᠬᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠤ ᠲᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠦᠨ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠦᠭᠡᠢ ᠭᠡᠵᠦ ᠱᠠᠭᠠᠷᠳᠠᠵᠠᠶ᠃      ︵ᠭᠤᠷᠪᠠ︶ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ 3 ᠵᠦᠢᠯ ᠤᠨ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ᠂ ︽ᠬᠡᠷᠡᠭᠵᠢᠭᠦᠯᠬᠦ ᠰᠠᠨᠠᠯ︾᠎ ᠳᠤ ᠲᠠᠷᠢᠶᠠᠨ ᠭᠠᠵᠠᠷ ᠢ ᠨᠥᠬᠦᠪᠥᠷᠢᠯᠡᠬᠦ ᠳᠤ ᠲᠤᠭ᠎ᠠ ᠬᠡᠮᠵᠢᠶ᠎ᠡ ᠶᠢ ᠱᠠᠭᠠᠷᠳᠠᠬᠤ ᠪᠠᠷ ᠪᠠᠷᠠᠬᠤ ᠥᠬᠡᠶ᠂ ᠶᠠᠰᠤ ᠴᠢᠨᠠᠷ ᠢ ᠨᠠᠩ ᠴᠢᠬᠤᠯᠠᠴᠢᠯᠠᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠮᠥᠨ ᠯᠠ ︽ᠤᠷᠢᠳ ᠢᠶᠠᠷ ᠨᠥᠬᠦᠪᠥᠷᠢᠯᠡᠵᠦ ᠳᠠᠷᠠᠭ᠎ᠠ ᠨᠢ ᠡᠵᠡᠯᠡᠬᠦ᠂ ᠨᠢᠭᠡ ᠶᠢ ᠡᠵᠡᠯᠡᠪᠡᠯ ᠨᠢᠭᠡ ᠶᠢ ᠨᠥᠬᠦᠪᠥᠷᠢᠯᠡᠬᠦ᠂ ᠰᠢᠯᠢᠳᠡᠭ ᠢ ᠡᠵᠡᠯᠡᠪᠡᠯ ᠰᠢᠯᠢᠳᠡᠭ ᠢ ᠨᠥᠬᠦᠪᠥᠷᠢᠯᠡᠬᠦ᠂ ᠤᠰᠤᠨ ᠲᠠᠷᠢᠶ᠎ᠠ ᠶᠢ ᠡᠵᠡᠯᠡᠪᠡᠯ ᠤᠰᠤᠨ ᠲᠠᠷᠢᠶ᠎ᠠ ᠶᠢ ᠨᠥᠬᠦᠪᠥᠷᠢᠯᠡᠬᠦ︾ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠱᠠᠭᠠᠷᠳᠠᠯᠭ᠎ᠠ ᠶᠢ ᠦᠨᠡᠨ ᠬᠦ ᠵᠢᠷᠤᠮᠯᠠᠬᠤ ᠬᠡᠷᠡᠭᠲᠡᠶ ᠭᠡᠵᠦ ᠱᠠᠭᠠᠷᠳᠠᠪᠠ᠃ ᠬᠤᠶᠠᠷ ᠲᠤ᠂ ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ ᠬᠡᠷᠡᠭᠯᠡᠬᠦ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠲᠠᠢ ᠬᠤᠯᠪᠣᠭᠳᠠᠭᠤᠯᠤᠭᠰᠠᠨ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠶᠢ ᠬᠡᠷᠡᠭᠯᠡᠬᠦ ᠳᠤ᠂ ᠰᠡᠷᠭᠦᠭᠡᠨ ᠬᠠᠭᠠᠯᠪᠤᠷᠢᠯᠠᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠎ ᠤ ᠠᠷᠠᠳ ᠤᠨ ᠵᠠᠰᠠᠭ ᠤᠨ ᠣᠷᠳᠣᠨ ᠡᠷᠬᠡᠪᠰᠢ ᠠᠮᠠᠯᠳᠠᠭᠰᠠᠨ ᠴᠠᠭ ᠤᠨ ᠬᠢᠵᠠᠭᠠᠷ ᠶᠣᠰᠣᠭᠠᠷ ᠲᠠᠷᠢᠶᠠᠨ ᠭᠠᠵᠠᠷ ᠢ ᠰᠡᠷᠭᠦᠭᠡᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠡᠯ᠎ᠡ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠢ ᠰᠣᠩᠭᠤᠬᠤ ᠳᠤ ᠪᠠᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠶ ᠦᠨᠳᠦᠰᠦᠯᠡᠯ ᠬᠠᠩᠭᠠᠵᠤ᠂ ᠡᠯ᠎ᠡ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠡᠪ ᠤᠨ ᠶᠣᠰᠣᠭᠠᠷ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃      ︵ᠳᠥᠷᠪᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠢᠷᠡᠯᠲᠡ ᠶᠢ ᠨᠥᠬᠦᠪᠥᠷᠢᠯᠡᠬᠦ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠲᠠᠷᠢᠶᠠᠨ ᠭᠠᠵᠠᠷ ᠤᠨ ᠢᠷᠡᠯᠲᠡ ᠶᠢ ᠨᠥᠬᠦᠪᠥᠷᠢᠯᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠩ ᠴᠢᠩᠭ᠎ᠠ ᠪᠣᠯᠭᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠭᠰᠠᠨ ᠤᠷᠢᠲᠠᠯ ᠳᠣᠤᠷ᠎ᠠ᠂ ᠲᠠᠷᠢᠶᠠᠨ ᠭᠠᠵᠠᠷ ᠢ ᠨᠥᠬᠦᠪᠥᠷᠢᠯᠡᠬᠦ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ︔ ᠬᠡᠰᠡᠭᠷᠡᠭᠰᠡᠨ ᠠᠰᠢᠭᠯᠠᠭᠠᠳᠤᠶ ᠭᠠᠵᠠᠷ ᠰᠢᠷᠣᠶ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠬᠤ ᠳᠤ ᠲᠣᠬᠢᠷᠠᠮᠵᠢᠲᠠᠶ ᠭᠠᠵᠠᠷ ᠰᠢᠷᠣᠶ ᠶᠢᠨ ᠪᠡᠯᠡᠳᠬᠡᠯ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠬᠤ ᠬᠡᠷᠡᠭᠲᠡᠶ︔ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠶᠢ ᠪᠣᠶ ᠪᠣᠯᠭᠠᠭᠰᠠᠨ ᠤ ᠳᠠᠷᠠᠭ᠎ᠠ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠨᠢᠭᠡᠨᠲᠡ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠢᠯ ᠪᠣᠯᠭᠠᠭᠰᠠᠨ ᠪᠣᠯ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠣᠷᠣᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃      ︵ᠲᠠᠪᠤ︶ ᠲᠠᠷᠢᠶᠠᠨ ᠭᠠᠵᠠᠷ ᠢ ᠨᠥᠬᠦᠪᠥᠷᠢᠯᠡᠬᠦ ᠶᠢ ᠴᠢᠩᠭ᠎ᠠ ᠪᠠᠶᠢᠴᠠᠭᠠᠵᠤ ᠰᠢᠯᠭᠠᠨ ᠠᠪᠬᠤ ᠲᠠᠯ᠎ᠠ ᠪᠠᠷ᠂ ᠨᠥᠬᠦᠪᠥᠷᠢᠯᠡᠬᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠵᠢᠷᠤᠮᠵᠢᠭᠤᠯᠤᠨ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠯᠠᠩᠭᠤᠶ᠎ᠠ ᠳᠡᠩᠰᠡᠯᠡᠵᠦ ᠬᠥᠮᠥᠷᠭᠡ ᠳᠤ ᠣᠷᠣᠭᠠᠯᠠᠭᠰᠠᠨ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠴᠠᠭ ᠲᠤᠬᠠᠶ ᠳᠤ ᠨᠢ ᠬᠤᠪᠢᠷᠠᠭᠤᠯᠬᠤ ᠶᠢ ᠴᠢᠩᠭᠠᠳᠬᠠᠬᠤ ᠬᠡᠷᠡᠭᠲᠡᠶ᠃      ︵ᠵᠢᠷᠭᠤᠭ᠎ᠠ︶ ᠲᠠᠷᠢᠶᠠᠨ ᠭᠠᠵᠠᠷ ᠢ ᠨᠥᠬᠦᠪᠥᠷᠢᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠨᠥᠬᠦᠪᠦᠷᠢᠯᠡᠭᠰᠡᠨ ᠲᠠᠷᠢᠶᠠᠨ ᠭᠠᠵᠠᠷ ᠤᠨ ᠦᠷᠭᠦᠯᠵᠢᠯᠡᠨ ᠲᠣᠭᠲᠠᠭᠤᠨ ᠢᠶᠠᠷ ᠳᠠᠷᠢᠵᠤ ᠪᠣᠯᠬᠤ ᠶᠢ ᠦᠨᠡᠨ ᠬᠦ ᠪᠠᠲᠤᠯᠠᠵᠤ᠂ ᠠᠲᠠᠷᠰᠢᠭᠤᠯᠵᠤ ᠲᠠᠷᠢᠶᠠᠯᠠᠬᠤ ᠪᠠᠨ ᠪᠤᠯᠢᠬᠤ ᠪᠠ ᠦᠢᠯᠡᠳᠪᠦᠷᠢᠯᠡᠬᠦ ᠴᠢᠳᠠᠪᠤᠷᠢ ᠶᠢᠨ ᠪᠠᠭᠤᠷᠠᠬᠤ ᠶᠢ ᠰᠡᠷᠭᠡᠶᠢᠯᠡᠬᠦ ᠶᠢᠨ ᠲᠥᠯᠥᠭᠡ᠂ ︽ᠬᠡᠷᠡᠭᠵᠢᠭᠦᠯᠬᠦ ᠰᠠᠨᠠᠯ︾᠎ ᠳᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠨᠥᠬᠦᠪᠦᠷᠢᠯᠡᠭᠰᠡᠨ ᠲᠠᠷᠢᠶᠠᠨ ᠭᠠᠵᠠᠷ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢᠭᠡᠨᠲᠡ ᠬᠥᠮᠥᠷᠭᠡ ᠳᠤ ᠣᠷᠣᠭᠤᠯᠤᠭᠰᠠᠨ ᠲᠠᠷᠢᠶᠠᠨ ᠭᠠᠵᠠᠷ ᠢ ᠨᠥᠬᠦᠪᠥᠷᠢᠯᠡᠬᠦ ᠲᠥᠷᠥᠯ ᠵᠦᠢᠯ ᠳᠤ ᠵᠢᠯ ᠪᠦᠷᠢ ᠨᠢᠭᠡ ᠤᠳᠠᠭ᠎ᠠ ᠪᠥᠬᠦ ᠲᠠᠯ᠎ᠠ ᠶᠢᠨ ᠳᠦᠷᠰᠦ ᠰᠢᠩᠭᠡᠭᠡᠯᠲᠡ ᠶᠢᠨ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ︵ᠳᠣᠯᠤᠭ᠎ᠠ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠳᠡᠩᠰᠡᠯᠡᠵᠦ ᠬᠢᠨᠠᠨ ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠳᠠᠩᠰᠠᠯᠠᠬᠤ ᠶᠠᠪᠤᠴᠠ ᠳᠤ᠂ ᠲᠠᠷᠢᠶᠠᠨ ᠭᠠᠵᠠᠷ ᠢ ᠴᠢᠩᠭ᠎ᠠ ᠬᠠᠮᠠᠭᠠᠯᠠᠬᠤ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠬᠡᠷᠡᠭᠯᠡᠬᠦ ᠵᠠᠷᠴᠢᠮ ᠶᠣᠰᠣᠭᠠᠷ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠵᠦᠶ ᠵᠣᠬᠢᠰᠲᠠᠶ ᠪᠠᠶᠢᠷᠢᠯᠠᠭᠤᠯᠬᠤ ᠬᠡᠷᠡᠭᠲᠡᠶ︔ ᠲᠣᠰᠬᠤᠨ ︵ᠭᠠᠴᠠᠭ᠎ᠠ︶᠎ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠨᠤᠭᠤᠳ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠲᠤᠰᠠᠭᠠᠷ ᠭᠠᠵᠠᠷ ᠰᠣᠩᠭᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠮᠠᠯᠴᠢᠨ ᠲᠠᠷᠢᠶᠠᠴᠢᠨ ᠤ ᠬᠡᠷ ᠪᠠᠶᠢᠰᠢᠩ ᠤᠨ ᠢᠶᠠᠨ ᠠᠷᠤ ᠥᠪᠥᠷ ᠲᠤ ᠥᠪᠡᠷ ᠢᠶᠠᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠢ ᠢᠯᠭᠠᠨ ᠬᠠᠮᠢᠶᠠᠷᠬᠤ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠬᠥᠳᠡᠭᠡ ᠲᠣᠰᠬᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠮᠡᠳᠡᠭᠡ ᠵᠠᠩᠭᠢᠴᠢᠯᠠᠯᠲᠠ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠶ᠃      ︵ᠨᠠᠢᠮᠠ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠲᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠬᠦ ᠶᠢ ᠴᠢᠩᠭ᠎ᠠ ᠵᠢᠷᠤᠮᠵᠢᠭᠤᠯᠬᠤ ᠲᠠᠯ᠎ᠠ ᠪᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠨ ᠬᠤᠪᠢᠶᠠᠷᠢᠯᠠᠬᠤ ᠲᠥᠰᠦᠯ ᠢ ᠳᠠᠩᠰᠠᠯᠠᠭᠤᠯᠬᠤ ᠦᠶ᠎ᠡ ᠳᠤ ᠡᠷᠬᠡᠪᠰᠢ ᠲᠠᠩ ᠴᠣᠭᠴᠠᠲᠤ ᠲᠥᠷᠥᠯ ᠵᠦᠢᠯ ᠤᠨ ᠬᠡᠯᠪᠡᠷᠢ ᠪᠠᠷ ᠳᠠᠩᠰᠠᠯᠠᠭᠤᠯᠵᠤ᠂ ︽ᠪᠣᠭᠤᠵᠢᠯᠠᠬᠤ︾ ᠬᠡᠯᠪᠡᠷᠢ ᠪᠠᠷ ᠣᠯᠠᠨ ᠴᠡᠭ ᠲᠤ ᠪᠠᠶᠢᠷᠢᠯᠠᠭᠤᠯᠤᠭᠰᠠᠨ ᠲᠥᠷᠥᠯ ᠵᠦᠢᠯ ᠢ ᠨᠢᠭᠡ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢᠶᠠᠷ ᠳᠠᠩᠰᠠᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠪᠡᠯᠡᠳᠬᠡᠮᠵᠢᠲᠦ ᠲᠠᠷᠢᠶᠠᠯᠠᠩ ᠤᠨ ᠪᠤᠰᠤ ᠲᠥᠷᠥᠯ ᠵᠦᠢᠯ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠲᠤ ᠣᠷᠣᠭᠤᠯᠤᠨ ᠳᠠᠩᠰᠠᠯᠠᠭᠤᠯᠬᠤ ᠶᠢ ᠡᠷᠡᠰ ᠴᠠᠭᠠᠵᠠᠯᠠᠬᠤ ᠬᠡᠷᠡᠭᠲᠡᠢ︔ ᠲᠥᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ︽ᠬᠤᠤᠰ ᠬᠢᠵᠠᠭᠠᠷ︾᠎ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠡᠵᠡᠯᠡᠨ ᠬᠡᠷᠡᠭᠯᠡᠬᠦ ᠲᠠᠯᠠᠪᠠᠶ ᠶᠢ ᠶᠡᠷᠦᠩᠬᠡᠶ ᠲᠠᠯᠠᠪᠠᠶ ᠶᠢᠨ 25% ᠳᠣᠲᠣᠷ᠎ᠠ ᠬᠢᠵᠠᠭᠠᠷᠯᠠᠵᠤ᠂ ᠡᠵᠡᠯᠡᠨ ᠬᠡᠷᠡᠭᠯᠡᠬᠦ ᠲᠠᠯᠠᠪᠠᠶ ᠶᠢ 30 ᠮᠥ ᠠᠴᠠ ᠬᠡᠲᠦᠷᠡᠭᠦᠯᠵᠦ ᠪᠣᠯᠬᠤ ᠥᠬᠡᠶ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号