ᠶᠠᠭᠤ ᠶᠢ ᠹᠢᠽᠢᠺ ᠤᠨ ᠠᠷᠭ᠎ᠠ ᠪᠠᠷ ᠡᠪᠡᠳᠴᠢᠨ ᠬᠤᠷᠤᠬᠠᠢ ᠶᠢᠨ ᠬᠦᠨᠦᠭᠡᠯ ᠤᠨ ᠰᠡᠷᠭᠡᠶᠢᠯᠡᠨ ᠵᠠᠰᠠᠬᠤ ᠭᠡᠬᠦ ᠪᠤᠢ
ᠨᠡᠶᠢᠲᠡᠯᠡᠭᠰᠡᠨ ᠴᠠᠭ᠄
2021/9/28
     ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ ᠭᠡᠳᠡᠭ ᠨᠢ ᠳᠦᠭᠦᠮ ᠪᠠᠭᠠᠵᠢ ᠭᠡᠷᠡᠭᠰᠡᠯ ᠪᠠ ᠡᠯ᠎ᠡ ᠵᠦᠢᠯ ᠤᠨ ᠹᠢᠽᠢᠺ ᠤᠨ ᠡᠯᠧᠮᠧᠨ᠋ᠲ᠂ ᠵᠢᠱᠢᠶᠡᠯᠡᠪᠡᠯ ᠭᠡᠷᠡᠯ᠂ ᠢᠯᠴᠢ᠂ ᠴᠠᠬᠢᠯᠭᠠᠨ᠂ ᠳᠤᠯᠠᠭᠠᠨ ᠤ ᠬᠡᠮᠵᠢᠶ᠎ᠡ᠂ ᠴᠢᠬᠢᠭ ᠤᠨ ᠬᠡᠮᠵᠢᠶ᠎ᠡ ᠪᠠ ᠰᠠᠴᠤᠷᠠᠭ ᠤᠨ ᠡᠨᠧᠷᠬᠢ᠂ ᠳᠠᠭᠤᠨ ᠳᠣᠯᠬᠢᠶᠠᠨ ᠵᠡᠷᠭᠡ ᠶᠢ ᠠᠰᠢᠭᠯᠠᠨ ᠡᠪᠡᠳᠴᠢᠨ ᠬᠤᠷᠤᠬᠠᠢ ᠶᠢᠨ ᠬᠦᠨᠦᠭᠡᠯ ᠢ ᠰᠡᠷᠭᠡᠶᠢᠯᠡᠨ ᠵᠠᠰᠠᠬᠤ ᠠᠷᠭ᠎ᠠ ᠶᠢ ᠬᠡᠯᠡᠨ᠎ᠡ᠃ ᠡᠳᠡᠭᠡᠷ ᠠᠷᠭ᠎ᠠ ᠨᠢ ᠭᠤᠣᠯᠳᠠᠭᠤ ᠬᠦᠨᠦᠭᠡᠯᠲᠦ ᠰᠢᠪᠡᠵᠢ ᠶᠢᠨ ᠭᠡᠷᠡᠯ ᠤᠨ ᠬᠠᠨᠳᠤᠯᠭ᠎ᠠ᠂ ᠬᠢᠮᠢ ᠶᠢᠨ ᠬᠠᠨᠳᠤᠯᠭ᠎ᠠ᠂ ᠢᠯᠴᠢ ᠶᠢᠨ ᠬᠠᠨᠳᠤᠯᠭ᠎ᠠ᠂ ᠰᠢᠪᠡᠵᠢ ᠶᠢᠨ ᠴᠢᠨᠠᠷᠲᠠᠢ ᠵᠠᠩᠬᠢ ᠡᠳ᠋ ︵昆虫性 信息素︶ ᠵᠡᠷᠭᠡ ᠶᠢ ᠠᠰᠢᠭᠯᠠᠨ ᠬᠦᠨᠦᠭᠡᠯᠲᠦ ᠰᠢᠪᠡᠵᠢ ᠶᠢ ᠬᠢᠵᠠᠭᠠᠷᠯᠠᠨ᠎ᠠ᠃ ᠡᠳᠡᠭᠡᠷ ᠠᠷᠭ᠎ᠠ ᠨᠢ ᠣᠷᠴᠢᠨ ᠲᠤᠭᠤᠷᠢᠨ ᠢ ᠪᠤᠬᠢᠷᠳᠤᠭᠤᠯᠬᠤ ᠦᠭᠡᠢ᠂ ᠬᠤᠣᠷᠲᠦ ᠦᠯᠡᠳᠡᠭᠳᠡᠯ ᠦᠭᠡᠢ᠂ ᠬᠦᠮᠦᠨ ᠮᠠᠯ ᠳᠤ ᠬᠤᠣᠷ ᠦᠭᠡᠢ ᠲᠤᠯᠠ ᠨᠢᠭᠡᠨ ᠲᠦᠷᠦᠯ ᠤᠨ ᠬᠦᠭᠵᠢᠯ ᠤᠨ ᠢᠷᠡᠭᠡᠳᠦᠢ ᠲᠠᠢ ᠪᠤᠬᠢᠷᠳᠤᠯ ᠦᠭᠡᠢ ᠰᠡᠷᠭᠡᠶᠢᠯᠡᠨ ᠬᠢᠵᠠᠭᠠᠷᠯᠠᠬᠤ ᠮᠡᠷᠭᠡᠵᠢᠯ ᠪᠤᠯᠤᠨ᠎ᠠ᠃      ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号