ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠳᠤ᠂ ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠪᠣᠶ ᠪᠣᠯᠭᠠᠬᠤ ᠪᠠ ᠦᠢᠯᠡᠳᠦᠯᠭᠡᠵᠢᠬᠦᠯᠵᠦ᠂ ᠠᠷᠠᠳ | ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ | ᠬᠠᠮᠠᠭᠠᠯᠠᠨ ᠬᠥᠭᠵᠢᠭᠦᠯᠬᠦ ᠶᠢ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠵᠤ᠂ ᠠᠮᠢ | ᠠᠬᠤᠶ ᠶᠢᠨ ᠠᠵᠤ ᠦᠶᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ ᠢᠳᠡᠪᠬᠢᠲᠡᠶ ᠠᠬᠢᠭᠤᠯᠤᠨ᠂ ᠣᠶ | ᠰᠢᠭᠤᠶ ᠶᠢᠨ ᠡᠵᠡᠩᠨᠡᠯᠲᠡ᠂ ᠣᠨᠴᠠᠯᠢᠠᠠᠳᠦ ᠠᠵᠤ ᠦᠢᠯᠡᠰ ᠤᠨ ᠬᠥᠭᠵᠢᠯᠲᠡ᠂ ᠲᠤᠰᠬᠠᠶ ᠪᠠᠯᠠ ᠮᠥᠩᠭᠦ ᠶᠢᠨ | ᠣᠷᠣᠭᠤᠯᠤᠯᠲᠠ ᠵᠡᠷᠭᠡ ᠪᠠᠷ ᠳᠠᠮᠵᠢᠭᠤᠯᠤᠨ᠂ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠣᠶᠢᠲᠤ | ᠭᠠᠵᠠᠷ ᠤᠨ ᠭᠠᠷᠤᠯᠲᠠ ᠶᠢ ᠨᠡᠮᠡᠭᠳᠡᠭᠦᠯᠦᠨ᠂ ᠦᠨᠳᠦᠰᠦᠨ ᠱᠠᠲᠤᠨ ᠤ ᠣᠯᠠᠨ ᠲᠦᠮᠡᠨ ᠤ ᠠᠵᠢᠯ ᠣᠯᠭᠤᠯᠲᠠ ᠶᠢ | ᠥᠷᠭᠡᠳᠬᠡᠵᠦ᠂ ᠠᠷᠠᠳ ᠣᠯᠠᠨ ᠳᠤ ᠦᠵᠡᠰᠬᠦᠯᠡᠩᠲᠤ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ᠂ | ᠰᠢᠯᠢᠳᠡᠭ ᠰᠠᠶᠢᠨ ᠠᠮᠢ ᠠᠬᠤᠶ ᠶᠢᠨ ᠦᠢᠯᠡᠳᠬᠦᠨ᠂ ᠴᠢᠨᠠᠷ ᠰᠠᠶᠢᠲᠠᠶ ᠠᠮᠢ ᠠᠬᠤᠶ ᠶᠢᠨ ᠦᠢᠯᠡᠴᠢᠯᠡᠭᠡ ᠶᠢ ᠬᠠᠩᠭᠠᠨ᠎ᠠ᠃ | ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠶᠠᠪᠤᠴᠠ ᠳᠤ᠂ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠢ ᠬᠠᠮᠠᠭᠠᠯᠠᠬᠤ ᠪᠠ ᠬᠥᠭᠵᠢᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠬᠠᠮᠲᠤ᠂ ᠠᠮᠢ ᠠᠬᠤᠶ ᠪᠠᠷ | ᠠᠷᠠᠳ ᠲᠤ ᠠᠰᠢᠭ ᠬᠦᠷᠲᠡᠭᠡᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠪᠠᠷ ᠠᠷᠠᠳ ᠲᠤ ᠠᠰᠢᠭ ᠬᠦᠷᠲᠡᠭᠡᠬᠦ ᠶᠢ | ᠪᠠᠷᠢᠮᠲᠠᠯᠠᠵᠤ᠂ ᠠᠵᠤ ᠦᠢᠯᠡᠰ ᠢ ᠬᠥᠭᠵᠢᠭᠦᠯᠦᠨ ᠠᠷᠠᠳ ᠢ ᠪᠠᠶᠠᠵᠢᠭᠤᠯᠵᠤ᠂ ︽ᠠᠮᠢ ᠠᠬᠤᠶ ᠶᠢᠨ ᠠᠰᠢᠭᠯᠠᠮᠵᠢ︾ | ᠶᠢ ᠪᠥᠬᠦ ᠬᠦᠴᠦᠨ ᠢᠶᠠᠷ ᠢᠶᠠᠨ ᠪᠠᠳᠠᠷᠠᠭᠤᠯᠵᠤ᠂ ᠠᠮᠢ ᠠᠬᠤᠶ ᠦᠵᠡᠰᠬᠦᠯᠡᠩᠲᠦ ᠰᠠᠶᠢᠬᠠᠨ᠂ ᠠᠵᠤ ᠦᠢᠯᠡᠰ | ᠬᠥᠭᠵᠢᠭᠰᠡᠨ᠂ ᠠᠷᠠᠳ ᠢᠷᠭᠡᠳ ᠪᠠᠶᠠᠵᠢᠭᠰᠠᠨ ᠣᠯᠠᠨ ᠠᠰᠢᠭ ᠬᠦᠷᠳᠡᠭᠡᠮᠵᠢᠲᠣ ᠬᠠᠷᠠᠯᠲᠠ ᠶᠢ ᠪᠡᠶᠡᠯᠡᠭᠦᠯᠬᠦ ᠬᠡᠷᠡᠭᠲᠡᠶ᠃ | |