ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠶᠠᠩ ᠸᠠᠩ ᠬᠤ᠋ ᠨᠢᠩ ᠵᠤᠤ ᠯᠧ ᠵᠶᠢ ᠬᠠᠨ ᠵᠧᠩ | ᠸᠠᠩ ᠴᠢ ᠱᠠᠨ ᠬᠤᠷᠠᠯ ᠳᠤ ᠣᠷᠣᠯᠴᠠᠵᠠᠢ | | | | 1 ᠰᠠᠷ᠎ᠠ ᠶᠢᠨ 11 ᠤ ᠡᠳᠦᠷ᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ 11 ᠤ ᠦᠳᠡ ᠶᠢᠨ ᠡᠮᠦᠨ᠎ᠡ | ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ | ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 11 ᠤ ᠴᠠᠬᠢᠯᠭᠠᠨ ᠮᠡᠳᠡᠭᠡ ᠮᠤᠵᠢ ᠶᠠᠮᠤᠨ ᠤ | ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ | ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ | ᠰᠤᠳᠤᠯᠤᠨ ᠶᠠᠷᠢᠯᠴᠠᠬᠤ ᠠᠩᠬᠢ 11 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ | ᠲᠠᠯᠪᠢᠬᠤ ᠳᠠᠭᠠᠨ᠂ ᠨᠠᠮ ᠤᠨ ᠲᠥᠪ ᠬᠤᠷᠢᠶ᠎ᠠ ᠡᠨᠡ ᠤᠳᠠᠭ᠎ᠠ ᠶᠢᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ | ᠠᠩᠬᠢ ᠶᠢ ᠡᠷᠬᠢᠯᠡᠭᠰᠡᠨ ᠤ ᠵᠣᠷᠢᠯᠭ᠎ᠠ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ | ᠵᠢᠷᠭᠤᠳᠤᠭᠠᠷ ᠪᠦᠬᠦᠳᠠ ᠬᠤᠷᠠᠯ ᠤᠨ ᠰᠢᠢᠳᠪᠦᠷᠢ ᠶᠢ ᠭᠦᠨᠵᠡᠭᠡᠢ ᠰᠤᠳᠤᠯᠤᠨ ᠤᠩᠰᠢᠬᠤ ᠪᠠ ᠣᠶᠢᠯᠠᠭᠠᠵᠥ᠂ ᠨᠠᠮ ᠤᠨ | ᠲᠡᠦᠬᠡ ᠶᠢᠨ ᠳ᠋ᠦᠩᠨᠡᠯᠳᠡ᠂ ᠰᠤᠷᠤᠯᠴᠠᠯᠭ᠎ᠠ᠂ ᠬᠦᠮᠦᠵᠢᠯ᠂ ᠤᠬᠠᠭᠤᠯᠭ᠎ᠠ ᠶᠢ ᠦᠷᠬᠦᠯᠵᠢᠯᠡᠨ ᠭᠦᠨᠵᠡᠭᠡᠶᠢᠷᠡᠭᠦᠯᠵᠥ᠂ | ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ ᠡᠵᠡᠮᠰᠢᠨ ᠬᠡᠷᠡᠭᠯᠡᠵᠥ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠥ᠂ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠤᠨ᠂ | ᠪᠦᠯᠬᠦᠮᠳᠡᠯ ᠨᠢᠭᠡᠳᠦᠯ ᠢ ᠴᠢᠩᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠪᠦᠬᠦ ᠨᠠᠮ ᠪᠦᠬᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠵᠥ ᠪᠠᠶᠢᠭᠠᠳ ᠢᠲᠡᠭᠡᠯ ᠵᠣᠷᠢᠭ ᠢ ᠨᠢ | ᠪᠠᠲᠤᠳᠬᠠᠨ᠂ ᠡᠷᠡᠯᠬᠡᠭ ᠢᠶᠠᠷ ᠤᠷᠤᠭᠰᠢᠯᠠᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠶᠢᠨ ᠳᠦᠯᠦᠬᠡ ᠶᠤᠮ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠺᠧ ᠴᠢᠶᠠᠩ | ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠯᠢ ᠵᠠᠨ ᠱᠤ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ | ᠤᠯᠤᠰ ᠤᠨ ᠳᠡᠳ᠋ ᠲᠡᠷᠢᠭᠦᠯᠡᠭᠴᠢ ᠸᠠᠩ ᠴᠢ ᠱᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ | ᠰᠢ ᠶᠢᠨ ᠫᠢᠩ ᠶᠠᠷᠢᠶᠠᠨ ᠳᠠᠭᠠᠨ᠂ ᠨᠢᠭᠡ ᠦᠨᠳᠦᠰᠦᠲᠡᠨ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠬᠤᠰᠢᠭᠤᠷᠠᠬᠤ ᠭᠡᠪᠡᠯ ᠴᠠᠭ ᠢᠮᠠᠭᠲᠠ ᠤᠨᠤᠯ ᠤᠨ ᠰᠡᠳᠭᠢᠬᠦᠢ ᠦᠬᠡᠢ ᠪᠠᠶᠢᠵᠤ ᠪᠤᠯᠬᠤ ᠦᠬᠡᠢ᠂ ᠴᠠᠭ ᠢᠮᠠᠭᠲᠠ | ᠵᠥᠪ ᠦᠵᠡᠯ ᠰᠠᠨᠠᠭᠠᠨ ᠤ ᠵᠢᠯᠤᠭᠤᠳᠤᠯᠭ᠎ᠠ ᠦᠬᠡᠢ ᠪᠠᠶᠢᠵᠥ ᠪᠤᠯᠬᠤ ᠦᠬᠡᠢ᠃ ᠳᠤᠮᠳᠠᠳᠤ ᠤᠯᠤᠰ ᠤᠨ ᠡᠪ ᠬᠠᠮᠲᠤ | ᠨᠠᠮ ᠶᠠᠭᠠᠬᠢᠭᠠᠳ ᠪᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ | ᠪᠠᠶᠢᠳᠠᠭ ᠨᠢ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠰᠠᠶᠢᠨ ᠪᠠᠶᠢᠳᠠᠭ ᠠᠴᠠ ᠪᠣᠯᠤᠭᠰᠠᠨ ᠶᠤᠮ᠃ | ᠮᠠᠷᠺᠰ ᠤᠨ ᠦᠵᠡᠯ ᠰᠠᠶᠢᠨ ᠪᠠᠶᠢᠬᠤ ᠶᠢᠨ ᠰᠢᠯᠲᠠᠭᠠᠨ ᠨᠢ ᠨᠠᠮ ᠠᠴᠠ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠶᠢᠨ ᠬᠠᠮᠲᠤ ᠲᠡᠭᠦᠨ ᠢᠶᠠᠷ | ᠦᠢᠯᠡᠳᠦᠯᠭᠡ ᠶᠢ ᠵᠢᠯᠣᠭᠤᠳᠤᠭᠰᠠᠨ ᠳᠤ ᠪᠤᠢ᠃ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠢᠳᠪᠦᠷᠢ ᠨᠢ ᠵᠠᠭᠤᠨ | ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ ᠨᠠᠮ ᠠᠴᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ | ᠦᠶᠡᠴᠢᠯᠡᠬᠦ ᠶᠢ ᠲᠠᠰᠤᠷᠠᠯᠲᠠ ᠥᠬᠡᠶ ᠠᠬᠢᠭᠤᠯᠤᠬᠰᠠᠨ ᠲᠤᠬᠠᠢ ᠪᠥᠬᠦ ᠲᠠᠯ᠎ᠠ ᠶᠢᠨ ᠳ᠋ᠦᠩᠨᠡᠯᠲᠡ ᠬᠢᠵᠡᠶ᠃ ᠵᠠᠭᠤᠨ | ᠵᠢᠯ ᠤᠨ ᠲᠡᠮᠡᠴᠡᠯ ᠤᠨ ᠶᠠᠪᠤᠴᠠ ᠳᠤᠮᠳᠠᠬᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ | ᠵᠠᠳᠠᠯᠤᠨ ᠰᠤᠳᠤᠯᠵᠤ ᠳ᠋ᠦᠩᠨᠡᠬᠦ ᠶᠢ ᠴᠢᠬᠤᠯᠠᠴᠢᠯᠠᠬᠰᠠᠨ ᠨᠢ ᠪᠥᠬᠦᠳᠡ ᠬᠤᠷᠠᠯ ᠤᠨ ᠰᠢᠢᠳᠪᠦᠷᠢ ᠳᠤ | ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠡᠷᠬᠡᠪᠰᠢ ᠭᠦᠨᠵᠡᠭᠡᠶ ᠰᠤᠷᠤᠯᠴᠠᠵᠤ᠂ ᠪᠥᠬᠦ | ᠲᠠᠯ᠎ᠠ ᠪᠠᠷ ᠣᠶᠢᠯᠠᠭᠠᠬᠤ ᠬᠡᠷᠡᠭᠲᠡᠶ᠃ ᠮᠠᠷᠺᠰ ᠤᠨ ᠦᠵᠡᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ | ᠲᠠᠪᠰᠢᠯᠳᠠ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠂ ᠡᠨᠡ ᠪᠣᠯ ᠪᠢᠳᠡᠨ ᠤ ᠶᠢᠷᠲᠢᠨᠴᠦ ᠶᠢ ᠲᠠᠨᠢᠬᠤ᠂ ᠵᠢᠮ᠎ᠡ | ᠶᠣᠰᠣ ᠶᠢ ᠡᠵᠡᠮᠳᠡᠬᠦ᠂ ᠦᠨᠡᠨ ᠶᠣᠰᠣ ᠶᠢ ᠬᠥᠭᠡᠭᠡᠴᠡᠯᠳᠦᠬᠦ᠂ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ | ᠦᠵᠡᠯ ᠰᠠᠨᠠᠭᠠᠨ ᠤ ᠵᠡᠪᠰᠡᠭ ᠮᠥᠨ᠃ ᠡᠭᠦᠨ ᠤ ᠬᠠᠮᠲᠤ᠂ ᠮᠠᠷᠺᠰ ᠤᠨ ᠦᠵᠡᠯ ᠤᠨ ᠤᠨᠤᠯ ᠪᠣᠯ ᠨᠣᠮᠯᠠᠯ ᠪᠢᠰᠢ᠂ | ᠬᠠᠷᠢᠨ ᠠᠵᠢᠯᠯᠠᠭᠠᠨ ᠤ ᠵᠦᠭᠯᠡᠭᠦᠷ ᠮᠥᠨ᠂ ᠡᠷᠬᠡᠪᠰᠢ ᠦᠢᠯᠡᠳᠦᠯᠭᠡ ᠶᠢᠨ ᠬᠤᠪᠢᠷᠠᠯᠲᠠ ᠶᠢ ᠲᠠᠭᠠᠯᠳᠤᠨ ᠬᠥᠭᠵᠢᠬᠦ | ᠬᠡᠷᠡᠭᠲᠡᠢ᠃ ᠮᠠᠷᠺᠰ ᠤᠨ ᠦᠵᠡᠯ ᠦᠢᠯᠡᠳᠦᠯᠭᠡ ᠶᠢᠨ ᠳᠤᠮᠳᠠ ᠦᠢᠯᠡᠳᠦᠯ ᠢᠶᠠᠨ ᠪᠠᠳᠠᠷᠠᠭᠤᠯᠵᠤ ᠴᠢᠳᠠᠬᠤ ᠡᠰᠡᠬᠦ ᠶᠢᠨ | ᠵᠠᠩᠭᠢᠯᠠᠭ᠎ᠠ ᠨᠢ ᠮᠠᠷᠺᠰ ᠤᠨ ᠦᠵᠡᠯ ᠤᠨ ᠦᠨᠳᠤᠰᠤᠨ ᠤᠬ ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ | ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠵᠤ ᠴᠢᠳᠠᠬᠤ ᠡᠰᠡᠬᠦ ᠳᠤ ᠪᠤᠢ᠃ ᠲᠦᠷᠭᠡᠨ ᠬᠤᠪᠢᠷᠠᠵᠤ ᠪᠠᠶᠢᠭ᠎ᠠ | ᠳᠡᠯᠡᠬᠡᠢ ᠶᠢᠷᠲᠢᠨᠴᠦ ᠪᠣᠯᠤᠨ ᠳᠤᠮᠳᠠᠳᠤ ᠤᠯᠤᠰ ᠲᠤ᠂ ᠬᠡᠷᠪᠡ ᠬᠠᠭᠤᠴᠢᠨ ᠢᠶᠠᠨ ᠦᠬᠦᠨ ᠪᠠᠷᠢᠮᠲᠠᠯᠠᠵᠤ᠂ ᠦᠵᠡᠯ | ᠰᠠᠨᠠᠭ᠎ᠠ ᠨᠢ ᠬᠥᠰᠢᠭᠦᠷᠡᠵᠦ᠂ ᠤᠨᠤᠯ ᠤᠨ ᠰᠢᠨ᠎ᠡ ᠶᠢ ᠡᠭᠦᠳᠬᠦ ᠰᠥᠰᠥ ᠵᠣᠷᠢᠭ ᠦᠭᠡᠢ᠂ ᠳᠤᠮᠳᠠᠳᠤ ᠤᠯᠤᠰ ᠤᠨ | ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ ᠴᠠᠭ ᠦᠶ᠎ᠡ ᠶᠢᠨ ᠠᠰᠠᠭᠤᠯᠲᠠ ᠳᠤ | ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ ᠳᠡᠶᠢᠯᠬᠦ ᠦᠭᠡᠢ ᠪᠣᠯ᠂ ᠨᠠᠮ ᠪᠣᠯᠤᠨ ᠤᠯᠤᠰ ᠤᠨ ᠠᠵᠢᠯ | ᠦᠢᠯᠡᠰ ᠦᠷᠭᠦᠯᠵᠢᠯᠡᠨ ᠤᠷᠤᠭᠰᠢᠯᠠᠬᠤ ᠶᠢᠨ ᠠᠷᠭ᠎ᠠ ᠦᠭᠡᠢ ᠪᠣᠯᠬᠤ ᠪᠠᠷ ᠪᠠᠷᠠᠬᠤ ᠦᠭᠡᠢ ᠮᠠᠷᠺᠰ ᠤᠨ ᠦᠵᠡᠯ ᠴᠦ | ᠠᠮᠢᠵᠢᠷᠠᠯ ᠤᠨ ᠬᠦᠴᠦᠨ᠂ ᠢᠲᠡᠭᠡᠭᠦᠯᠬᠦ ᠬᠦᠴᠦᠨ ᠢᠶᠠᠨ ᠠᠯᠳᠠᠬᠤ ᠪᠣᠯᠤᠨ᠎ᠠ᠃ ᠤᠳᠤ ᠦᠶ᠎ᠡ ᠶᠢᠨ ᠳᠤᠮᠳᠠᠳᠤ | ᠤᠯᠤᠰ ᠶᠠᠭ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠠᠤᠭ᠎ᠠ ᠶᠡᠭᠡ ᠪᠥᠭᠡᠳ ᠥᠪᠡᠷᠮᠢᠴᠡ | ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠦᠡᠭᠭᠡᠷᠡᠬᠦᠯᠵᠤ ᠪᠠᠶᠢᠨ᠎ᠠ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ | ᠡᠭᠦᠷᠭᠡ ᠶᠢᠨ ᠬᠦᠨᠳᠦ᠂ ᠵᠥᠷᠢᠴᠡᠯ ᠲᠦᠭᠰᠢᠭᠦᠷᠢ ᠥᠷᠢᠰᠥᠯᠳᠦᠭᠡᠨ ᠤ ᠤᠯᠠᠨ᠂ ᠲᠦᠷᠦ ᠶᠢ ᠵᠠᠰᠠᠵᠤ ᠵᠠᠰᠠᠭ ᠢ | ᠡᠷᠬᠢᠯᠡᠬᠦ ᠰᠢᠯᠭᠠᠯᠲᠠ ᠶᠢᠨ ᠤᠯᠠᠨ ᠪᠠᠶᠢᠭ᠎ᠠ ᠨᠢ ᠤᠷᠢᠳ ᠡᠮᠦᠨ᠎ᠡ ᠪᠠᠶᠢᠭ᠎ᠠ ᠦᠭᠡᠢ᠂ ᠳᠡᠯᠡᠬᠡᠢ ᠳ᠋ᠠᠬᠢᠨ ᠤ ᠵᠠᠭᠤᠨ | ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠭᠦᠨᠵᠡᠭᠡᠢ ᠬᠤᠪᠢᠷᠠᠯᠲᠠ ᠤᠷᠢᠳ ᠡᠮᠤᠨ᠎ᠠ ᠪᠠᠶᠢᠭ᠎ᠠ ᠦᠭᠡᠢ᠂ | ᠬᠠᠷᠢᠭᠤᠯᠲᠠ ᠥᠭᠬᠦ ᠴᠢᠬᠤᠯᠠᠲᠠᠢ ᠶᠡᠭᠡ ᠬᠡᠮᠵᠢᠶᠡᠨ ᠤ ᠤᠨᠤᠯ ᠤᠨ ᠪᠠ ᠦᠢᠯᠡᠳᠦᠯᠭᠡ ᠶᠢᠨ ᠰᠡᠳᠦᠪ ᠢ ᠳᠤᠷᠠᠳᠴᠠᠢ᠃ | ᠪᠢᠳᠡ ᠴᠠᠭ ᠦᠶ᠎ᠡ ᠶᠢᠨ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠬᠥᠮᠦᠨ ᠲᠥᠷᠥᠯᠬᠢᠲᠡᠨ ᠤ | ᠬᠥᠭᠵᠢᠯᠲᠡ ᠶᠢᠨ ᠡᠮᠦᠨ᠎ᠡ ᠡᠩᠨᠡᠭᠡᠨ ᠳᠤ ᠵᠣᠷᠢᠭᠲᠠᠢ ᠵᠣᠭᠰᠣᠵᠤ᠂ ᠠᠷᠠᠳ ᠲᠦᠮᠡᠨ ᠤ ᠰᠡᠳᠭᠢᠯ ᠤᠨ ᠲᠠᠭᠤᠨ ᠢ | ᠰᠣᠨᠣᠰᠴᠤ᠂ ᠪᠣᠳᠠᠲᠤ ᠬᠡᠷᠡᠭᠴᠡᠭᠡ ᠳᠤ ᠬᠠᠷᠢᠭᠤᠯᠲᠠ ᠥᠭᠴᠦ᠂ ᠦᠵᠡᠯ ᠰᠠᠨᠠᠭ᠎ᠠ ᠪᠠᠨ ᠴᠢᠯᠥᠭᠡᠯᠡᠵᠤ᠂ ᠦᠨᠡᠨ ᠠᠴᠠ | ᠵᠥᠪ ᠢ ᠡᠷᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠢ | ᠪᠠᠷᠢᠮᠲᠠᠯᠠᠬᠤ ᠪᠠ ᠮᠠᠷᠺᠰ ᠤᠨ ᠦᠵᠡᠯ ᠢ ᠬᠥᠭᠵᠢᠭᠦᠯᠬᠦ ᠶᠢ ᠨᠡᠩ ᠰᠠᠶᠢᠲᠤᠷ ᠨᠢᠭᠡᠳᠭᠡᠵᠦ᠂ ᠮᠠᠷᠺᠰ ᠤᠨ ᠦᠵᠡᠯ ᠤᠨ ︽ | ᠰᠤᠮᠤ︾ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ︽ᠫᠠᠢ︾ ᠶᠢ ᠬᠠᠷᠪᠤᠬᠤ ᠶᠢ ᠪᠠᠷᠢᠮᠲᠠᠯᠠᠵᠤ᠂ | ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ | ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠦᠷᠭᠦᠯᠵᠢᠯᠡᠨ | ᠠᠬᠢᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠬᠠᠭᠤᠳᠠᠰᠤ ᠶᠢ | ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠪᠣᠯᠤᠨ ᠠᠷᠠᠳ ᠲᠦᠮᠡᠨ ᠤ ᠦᠢᠯᠡᠰ ᠵᠥᠪ ᠴᠢᠭᠯᠡᠯ ᠢᠶᠠᠷ ᠤᠷᠤᠭᠰᠢᠯᠠᠵᠤ ᠴᠢᠳᠠᠬᠤ | ᠡᠰᠡᠬᠦ ᠨᠢ ᠪᠢᠳᠡᠨ ᠤ ᠨᠡᠶᠢᠭᠡᠮ ᠤᠨ ᠭᠤᠣᠯ ᠵᠥᠷᠢᠴᠡᠯ ᠢ ᠣᠨᠣᠪᠴᠢᠲᠠᠢ ᠲᠠᠨᠢᠨ ᠡᠵᠡᠮᠳᠡᠵᠦ᠂ ᠭᠤᠣᠯ ᠡᠭᠦᠷᠭᠡ ᠶᠢ | ᠲᠣᠭᠲᠠᠭᠠᠵᠤ ᠴᠢᠳᠠᠬᠤ ᠡᠰᠡᠬᠦ ᠪᠠᠷ ᠲᠤᠬᠳᠠᠭᠠᠭᠳᠠᠨᠡ᠃ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ | ᠣᠨᠣᠪᠴᠢᠲᠠᠢ ᠮᠠᠭᠠᠳᠯᠠᠪᠠᠯ ᠨᠠᠮ ᠪᠠ ᠠᠷᠠᠳ ᠲᠦᠮᠡᠨ ᠤ ᠦᠢᠯᠡᠰ ᠳᠠᠷᠤᠢ ᠤᠷᠤᠭᠰᠢᠲᠠᠢ ᠬᠥᠭᠵᠢᠵᠦ ᠴᠢᠳᠠᠨ᠎ᠠ᠂ | ᠡᠰᠡ ᠲᠡᠭᠡᠪᠡᠯ ᠨᠠᠮ ᠪᠠ ᠠᠷᠠᠳ ᠲᠦᠮᠡᠨ ᠤ ᠦᠢᠯᠡᠰ ᠳᠠᠷᠤᠢ ᠨᠤᠭᠤᠷᠠᠯ ᠪᠦᠳᠦᠷᠢᠯ ᠳᠤ ᠤᠴᠠᠷᠠᠬᠤ ᠪᠣᠯᠤᠨ᠎ᠠ | ᠭᠡᠳᠡᠭ ᠢ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠢᠳᠡᠨ ᠳᠤ ᠬᠡᠯᠡᠵᠦ ᠥᠭᠪᠠ᠃ ᠡᠨᠡ ᠤᠳᠠᠭ᠎ᠠ ᠶᠢᠨ | ᠪᠦᠬᠦᠳᠡ ᠬᠤᠷᠠᠯ ᠤᠨ ᠰᠢᠢᠳᠪᠦᠷᠢ ᠳᠤ ᠨᠠᠮ ᠠᠴᠠ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ | ᠴᠢᠳᠠᠮᠠᠭᠠᠢ ᠠᠳᠬᠤᠵᠤ ᠪᠦᠬᠦ ᠲᠠᠯ᠎ᠠ ᠶᠢ ᠳᠠᠶᠢᠴᠢᠯᠠᠬᠰᠠᠨ ᠲᠠᠯ᠎ᠡ ᠪᠠᠷ ᠪᠦᠬᠦ ᠲᠠᠯ᠎ᠠ ᠶᠢᠨ ᠵᠠᠳᠠᠯᠤᠯᠲᠠ ᠬᠢᠪᠡ᠃ | ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠠᠬᠢ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ | ᠪᠠ ᠭᠤᠣᠯ ᠡᠭᠦᠷᠭᠡ ᠶᠢᠨ ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ | ᠪᠦᠭᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ | ᠵᠠᠪᠠᠯ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠨᠠᠷᠢᠨ ᠪᠤᠳᠤᠯᠢᠶᠠᠨᠲᠠᠢ ᠪᠠᠶᠢᠳᠠᠯ᠂ | ᠨᠠᠷᠢᠨ ᠪᠤᠳᠤᠯᠢᠶᠠᠨᠲᠠᠢ ᠵᠥᠷᠢᠴᠡᠯ᠂ ᠨᠦᠰᠡᠷ ᠬᠦᠨᠳᠦ ᠡᠭᠦᠷᠭᠡ ᠶᠢᠨ ᠡᠮᠦᠨ᠎ᠡ᠂ ᠭᠤᠣᠯ ᠳᠡᠳ᠋ ᠭᠡᠵᠦ ᠪᠠᠶᠢᠬᠤ ᠦᠭᠡᠢ᠂ | ᠢᠯᠭᠠᠭ᠎ᠠ ᠦᠭᠡᠢ᠂ ᠰᠠᠶᠢᠨ ᠮᠠᠭᠤ ᠬᠡᠵᠦ ᠢᠯᠭᠠᠯ ᠦᠬᠡᠢ ᠨᠢᠬᠡᠯᠡ ᠠᠳᠬᠤᠪᠠᠯ ᠠᠵᠢᠯ ᠢᠶᠠᠨ ᠰᠠᠶᠢᠳᠤᠷ ᠬᠢᠵᠦ | ᠴᠢᠳᠠᠬᠤ ᠦᠭᠡᠢ ᠶᠤᠮ᠃ ᠪᠢᠳᠡ ᠪᠦᠬᠦ ᠲᠠᠯ᠎ᠠ ᠶᠢᠨ ᠦᠵᠡᠯᠲᠡ ᠲᠠᠢ ᠪᠠᠶᠢᠵᠤ᠂ ᠡᠯ᠎ᠡ ᠵᠦᠢᠯ ᠤᠨ ᠵᠥᠷᠢᠴᠡᠯ ᠤᠨ | ᠲᠤᠬᠠᠢ ᠳᠤᠳᠤᠷ᠎ᠡ ᠪᠠᠨ ᠲᠤᠭ᠎ᠠ ᠲᠠᠢ ᠪᠠᠶᠢᠬᠤ ᠶᠢᠨ ᠬᠠᠮᠲᠤ ᠪᠠᠰᠠ ᠭᠤᠣᠯ ᠵᠥᠷᠢᠴᠡᠯ ᠪᠠ ᠭᠤᠣᠯ ᠡᠭᠦᠷᠭᠡ ᠲᠠᠢ | ᠨᠢᠭᠲᠠ ᠤᠶᠠᠯᠳᠤᠭᠤᠯᠤᠨ᠂ ᠭᠤᠣᠯ ᠵᠥᠷᠢᠴᠡᠯ ᠪᠠ ᠵᠥᠷᠢᠴᠡᠯ ᠤᠨ ᠭᠤᠤᠯ ᠲᠠᠯ᠎ᠠ ᠶᠢ ᠤᠷᠢᠳ ᠢᠶᠠᠷ ᠰᠢᠢᠳᠪᠦᠷᠢᠯᠡᠵᠦ᠂ | ᠡᠭᠦᠨ ᠢᠶᠠᠷ ᠪᠤᠰᠤᠳ ᠵᠥᠷᠢᠴᠡᠯ ᠢ ᠰᠢᠢᠳᠪᠦᠷᠢᠯᠡᠬᠦ ᠶᠢ ᠲᠠᠶᠢᠴᠢᠯᠠᠨ᠂ ᠪᠦᠬᠦᠯᠢ ᠴᠣᠭᠴᠠ ᠪᠠᠷ ᠨᠢ ᠠᠬᠢᠭᠤᠯᠬᠤ | ᠳᠤᠮᠳᠠ ᠭᠤᠣᠯᠳᠠᠯᠭ᠎ᠠ ᠲᠠᠢ ᠰᠢᠪᠲᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠤ ᠪᠦᠬᠦᠯᠢ ᠴᠣᠭᠴᠠ ᠶᠢᠨ ᠦᠰᠦᠷᠦᠯᠲᠡ ᠶᠢ ᠲᠠᠶᠢᠴᠢᠯᠠᠨ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠲᠡᠮᠡᠴᠡᠯ ᠤᠨ ᠬᠠᠷᠠᠯᠲᠠ ᠲᠡᠶᠢᠰᠢ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠪᠣᠯ ᠨᠢᠭᠡ ᠲᠦᠷᠦ ᠶᠢᠨ ᠨᠠᠮ᠂ ᠨᠢᠭᠡ | ᠤᠯᠤᠰ ᠤᠨ ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠃ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠣᠨᠣᠪᠴᠢᠲᠠᠢ | ᠮᠠᠭᠠᠳᠯᠠᠵᠤ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ | ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠠᠨᠠᠭᠠᠴᠢᠯᠠᠭᠠᠲᠤ ᠪᠠᠶᠢᠷᠢ ᠶᠢ ᠣᠯᠪᠠᠯ ᠨᠠᠮ ᠪᠠ ᠠᠷᠠᠳ ᠲᠦᠮᠡᠨ ᠤ ᠦᠢᠯᠡᠰ | ᠳᠠᠷᠤᠢ ᠮᠠᠰᠢ ᠶᠡᠭᠡ ᠬᠦᠰᠡᠯ ᠡᠷᠡᠮᠡᠯᠵᠡᠯ ᠲᠠᠢ ᠪᠣᠯᠬᠤ ᠶᠤᠮ᠃ ᠵᠠᠭᠤᠨ ᠵᠢᠯ ᠤᠨ ᠲᠤᠷᠰᠢ᠂ ᠨᠠᠮ ᠶᠡᠷᠦ ᠨᠢ ᠴᠢᠬᠤᠯᠠ | ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠡᠦᠬᠡᠨ ᠠᠰᠠᠭᠤᠳᠠᠯ ᠢ | ᠪᠠᠶᠢᠯᠳᠤᠬᠤ ᠪᠤᠳᠤᠯᠭ᠎ᠠ ᠶᠢᠨ ᠲᠠᠯ᠎ᠠ ᠠᠴᠠ ᠲᠠᠨᠢᠵᠤ᠂ ᠵᠠᠳᠠᠯᠵᠦ᠂ ᠮᠠᠭᠠᠳᠯᠠᠵᠤ᠂ ᠵᠥᠪ ᠣᠨᠣᠪᠴᠢᠲᠠᠢ ᠤᠯᠤᠰ | ᠲᠦᠷᠦ ᠶᠢᠨ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠳᠤᠯᠭ᠎ᠠ ᠶᠢ ᠲᠣᠭᠲᠠᠭᠠᠵᠤ ᠴᠢᠳᠠᠳᠠᠭ᠂ ᠡᠨᠡ ᠪᠣᠯ ᠨᠠᠮ ᠤᠨ | ᠲᠤᠭ᠎ᠠ ᠲᠣᠮᠰᠢ ᠦᠭᠡᠢ ᠤᠯᠠᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠢᠯᠠᠯᠲᠠ ᠠᠴᠠ ᠢᠯᠠᠯᠲᠠ | ᠲᠠᠶᠢᠰᠢ ᠲᠠᠰᠤᠷᠠᠯᠳᠠ ᠦᠭᠡᠢ ᠤᠷᠤᠭᠰᠢᠯᠠᠬᠰᠠᠨ ᠤ ᠬᠦᠴᠦᠲᠡᠢ ᠪᠠᠲᠤᠯᠠᠭ᠎ᠠ ᠮᠥᠨ᠃ ᠡᠨᠡ ᠤᠳᠠᠭ᠎ᠠ ᠶᠢᠨ ᠪᠥᠬᠦᠳᠡ | ᠬᠤᠷᠠᠯ ᠤᠨ ᠰᠢᠢᠳᠪᠦᠷᠢ ᠨᠢ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ ᠨᠠᠮ ᠠᠴᠠ ᠪᠠᠶᠢᠯᠳᠤᠬᠤ | ᠪᠣᠳᠣᠯᠭ᠎ᠠ ᠠᠷᠭ᠎ᠠ ᠪᠣᠳᠣᠯᠭ᠎ᠠ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ | ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢ ᠲᠠᠰᠤᠷᠠᠯᠲᠠ ᠥᠬᠡᠶ ᠳᠤᠷᠠᠳᠤᠨ ᠭᠠᠷᠭᠠᠬᠰᠠᠨ ᠢ ᠪᠦᠬᠦ ᠲᠠᠯ᠎ᠠ ᠪᠠᠷ | ᠳ᠋ᠦᠩᠨᠡᠪᠡ᠃ ᠵᠠᠭᠤᠨ ᠵᠢᠯ ᠤᠨ ᠲᠡᠮᠡᠴᠡᠯ ᠤᠨ ᠶᠠᠪᠤᠴᠠ ᠳᠤᠮᠳᠠᠬᠢ ᠪᠠᠶᠢᠯᠳᠤᠬᠤ ᠪᠤᠳᠤᠯᠭ᠎ᠠ ᠠᠷᠭ᠎ᠠ ᠪᠤᠳᠤᠯᠭ᠎ᠠ ᠶᠢᠨ | ᠲᠤᠬᠠᠢ ᠨᠠᠮ ᠤᠨ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ ᠪᠦᠬᠦᠳᠡ ᠬᠤᠷᠠᠯ ᠤᠨ | ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠵᠠᠪᠠᠯ ᠭᠦᠨᠵᠡᠭᠡᠢ | ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠪᠣᠯ ᠪᠦᠬᠦ ᠲᠠᠯ᠎ᠠ᠂ ᠠᠯᠤᠰ | ᠬᠡᠳᠦ᠂ ᠶᠡᠭᠡ ᠪᠠᠶᠢᠳᠠᠯ ᠤᠨ ᠲᠠᠯ᠎ᠠ ᠠᠴᠠ ᠮᠠᠭᠠᠳᠯᠠᠯᠲᠠ ᠪᠠ ᠰᠢᠢᠳᠪᠦᠷᠢᠲᠦ ᠪᠤᠳᠤᠯᠭ᠎ᠠ ᠭᠠᠷᠭᠠᠳᠠᠭ᠃ ᠪᠢᠳᠠ ᠪᠣᠯ | ᠨᠢᠭᠡᠨ ᠲᠤᠮᠦ ᠨᠠᠮ ᠮᠥᠨ᠂ ᠨᠢᠭᠡᠨ ᠲᠤᠮᠦ ᠤᠯᠤᠰ ᠢ ᠤᠳᠤᠷᠢᠳᠴᠤ᠂ ᠠᠭᠤᠤ ᠶᠡᠭᠡ ᠦᠢᠯᠡᠰ ᠢ ᠪᠦᠲᠦᠭᠡᠵᠦ | ᠪᠠᠶᠢᠳᠠᠭ᠂ ᠪᠠᠶᠢᠯᠳᠤᠬᠤ ᠪᠤᠳᠦᠯᠭ᠎ᠠ ᠶᠢᠨ ᠰᠡᠳᠭᠢᠬᠦᠢ ᠲᠠᠢ ᠪᠠᠶᠢᠬᠤ ᠳᠠᠭᠠᠨ ᠴᠢᠳᠠᠮᠠᠭᠠᠢ᠂ ᠪᠠᠶᠢᠯᠳᠤᠬᠤ ᠪᠤᠳᠦᠯᠭ᠎ᠠ ᠶᠢᠨ | ᠲᠠᠯ᠎ᠠ ᠠᠴᠠ ᠠᠰᠠᠭᠤᠳᠠᠯ ᠢ ᠦᠵᠡᠵᠦ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠬᠤ ᠭᠡᠷᠡᠭᠲᠡᠢ᠃ ᠵᠥᠪ | ᠪᠠᠶᠢᠯᠳᠤᠬᠤ ᠪᠣᠳᠣᠯᠭ᠎ᠠ ᠶᠢ ᠵᠥᠪ ᠠᠷᠭ᠎ᠠ ᠪᠣᠳᠣᠯᠭ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠭ᠎ᠠ ᠪᠤᠳᠤᠯᠭ᠎ᠠ ᠪᠣᠯ | ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ ᠪᠠᠶᠢᠯᠳᠤᠬᠤ ᠪᠤᠳᠤᠯᠭ᠎ᠠ ᠳᠤ ᠦᠢᠯᠡᠴᠢᠯᠡᠳᠡᠭ᠃ ᠪᠠᠶᠢᠯᠳᠤᠬᠤ | ᠪᠤᠳᠤᠯᠭ᠎ᠠ ᠪᠠ ᠠᠷᠭ᠎ᠠ ᠪᠤᠳᠤᠯᠭ᠎ᠠ ᠪᠣᠯ ᠬᠤᠪᠢᠰᠤᠩᠭᠤᠢ ᠨᠢᠭᠡᠳᠦᠯ ᠤᠨ ᠬᠠᠷᠢᠴᠠᠭ᠎ᠠ ᠮᠥᠨ᠂ ᠪᠠᠶᠢᠯᠳᠤᠬᠤ | ᠪᠤᠳᠤᠯᠭ᠎ᠠ ᠶᠢᠨ ᠡᠷᠡᠰ ᠪᠠᠲᠤ ᠴᠢᠨᠠᠷ ᠪᠠ ᠠᠷᠭ᠎ᠠ ᠪᠤᠳᠤᠯᠭ᠎ᠠ ᠶᠢᠨ ᠠᠮᠢᠳᠤᠯᠢᠭ ᠴᠢᠨᠠᠷ ᠢ ᠤᠶᠠᠯᠳᠤᠭᠤᠯᠬᠤ ᠬᠡᠷᠡᠭᠲᠡᠢ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠰᠡᠳᠭᠢᠴᠡ᠂ ᠠᠵᠢᠯ ᠤᠨ ᠪᠠᠶᠢᠷᠢᠯᠠᠭᠤᠯᠤᠯᠲᠠ᠂ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠬᠤ ᠳᠤ᠂ ᠤᠬᠠᠮᠰᠠᠷ ᠠᠴᠠ ᠪᠠᠨ ᠨᠠᠮ ᠤᠨ ᠤᠨᠤᠯ ᠪᠠ | ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠭᠡᠯᠪᠠᠶᠢᠬᠦᠦ ᠪᠠᠨ ᠴᠠᠭ | ᠲᠤᠬᠠᠢ ᠳᠤᠨᠢ ᠵᠠᠯᠠᠷᠠᠭᠤᠯᠵᠤ᠂ ᠨᠠᠮ ᠤᠨ ᠲᠥᠪ ᠬᠤᠷᠢᠶ᠎ᠠ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ | ᠰᠢᠢᠳᠪᠦᠷᠢᠲᠦ ᠪᠤᠳᠤᠯᠭ᠎ᠠ ᠶᠢ ᠡᠷᠬᠡᠪᠰᠢ ᠨᠥᠬᠦᠴᠡᠯ ᠦᠭᠡᠢ ᠪᠠᠷ ᠬᠡᠷᠡᠭᠵᠢᠭᠦᠯᠵᠦ᠂ ᠬᠡᠯᠪᠠᠶᠢᠬᠦ ᠦᠭᠡᠢ᠂ ᠬᠤᠪᠢᠷᠠᠬᠤ | ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠨᠠᠮ ᠠᠴᠠ ᠠᠷᠠᠳ ᠲᠦᠮᠡᠨ ᠢ | ᠤᠳᠤᠷᠢᠳᠤᠨ ᠠᠯᠢ ᠤᠯᠠᠨ ᠠᠭᠤᠤ ᠶᠡᠭᠡ ᠠᠮᠵᠢᠯᠲᠠ ᠪᠦᠲᠦᠮᠵᠢ ᠣᠯᠵᠤ᠂ ᠠᠯᠢ ᠤᠯᠠᠨ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠵᠤ᠂ ᠳᠠᠪᠲᠠᠭᠳᠠᠨ ᠪᠣᠯᠪᠠᠰᠤᠷᠠᠭᠠᠳ ᠮᠥᠨ ᠬᠦ ᠴᠤᠭ ᠵᠢᠪᠬᠤᠭ᠎ᠠ ᠪᠠᠳᠠᠷᠠᠩᠭᠤᠢ ᠪᠠᠶᠢᠳᠠᠭ᠂ | ᠠᠷᠠᠳ ᠤᠯᠠᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠭᠰᠠᠨ ᠤ ᠰᠢᠯᠲᠠᠭᠠᠨ ᠭᠡᠪᠡᠯ᠂ ᠨᠠᠮ ᠠᠴᠠ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠣᠷᠣᠰᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠵᠤ᠂ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠢᠮᠠᠭᠲᠠ ᠲᠡᠷᠢᠭᠦᠨ ᠤ ᠴᠢᠨᠠᠷ ᠪᠠ ᠴᠡᠪᠡᠷ ᠴᠢᠨᠠᠷ ᠢᠶᠠᠨ | ᠪᠠᠲᠤᠯᠠᠵᠤ᠂ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢᠶᠠᠨ ᠲᠠᠰᠤᠷᠠᠯᠳᠡ ᠦᠭᠡᠢ | ᠴᠢᠩᠭᠠᠳᠬᠠᠵᠤ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠭᠰᠠᠨ ᠳᠤ | ᠪᠤᠢ᠃ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠶ᠋ᠳᠪᠦᠷᠢ ᠨᠢ ᠵᠠᠭᠤᠨ ᠵᠢᠯ ᠤᠨ ᠲᠡᠮᠡᠴᠡᠯ ᠤᠨ ᠲᠡᠦᠬᠡᠨ | ᠶᠠᠪᠤᠴᠠ ᠳᠤ ᠨᠠᠮ ᠠᠴᠠ ᠨᠠᠮ ᠢ ᠬᠠᠮᠢᠶᠠᠷᠴᠤ ᠨᠠᠮ ᠢ ᠵᠠᠰᠠᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ | ᠲᠠᠰᠤᠷᠠᠯᠲᠠ ᠥᠬᠡᠶ ᠠᠬᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠳᠤ ᠪᠥᠬᠦ ᠲᠠᠯ᠎ᠠ ᠶᠢᠨ ᠳ᠋ᠦᠩᠨᠡᠯᠲᠡ | ᠬᠢᠪᠠ᠃ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ ᠶᠠᠪᠤᠴᠠ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ ᠪᠦᠬᠦᠳᠡ ᠬᠤᠷᠠᠯ ᠤᠨ | ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠡᠷᠬᠡᠪᠰᠢ ᠭᠦᠨᠵᠡᠭᠡᠢ | ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠲᠡᠦᠬᠡᠨ ᠰᠢᠨ᠎ᠡ ᠨᠥᠬᠦᠴᠡᠯ ᠳᠣᠣᠷ᠎ᠠ᠂ ᠨᠠᠮ ᠤᠨ | ᠮᠠᠷᠺᠰ ᠤᠨ ᠦᠵᠡᠯ ᠤᠨ ᠲᠦᠷᠦ ᠶᠢᠨ ᠨᠠᠮ ᠤᠨ ᠤᠤᠷ ᠴᠢᠨᠠᠷ ᠢ ᠡᠭᠦᠷᠢᠳᠡ ᠬᠠᠳᠠᠭᠠᠯᠠᠬᠤ ᠶᠢᠨ ᠵᠠᠩᠭᠢᠯᠠᠭ᠎ᠠ ᠨᠢ ᠮᠦᠨ | ᠬᠦ ᠮᠠᠨ ᠤ ᠨᠠᠮ ᠤᠨ ᠥᠪᠡᠷ ᠤᠨ ᠪᠡᠶ᠎ᠡ ᠳᠡᠭᠡᠨ ᠲᠦᠰᠢᠭᠯᠡᠬᠦ ᠳᠤ ᠪᠠᠶᠢᠨ᠎ᠠ᠃ ᠬᠡᠨ ᠤ ᠲᠥᠯᠥᠭᠡ ᠲᠦᠷᠦ ᠪᠠᠷᠢᠬᠤ᠂ | ᠬᠡᠨ ᠤ ᠲᠥᠯᠥᠭᠡ ᠡᠷᠬᠡ ᠬᠡᠷᠡᠭᠯᠡᠬᠦ᠂ ᠬᠡᠨ ᠳᠤ ᠠᠰᠢᠭ ᠲᠤᠰᠠ ᠣᠯᠭᠤᠬᠤ ᠡᠨᠡ ᠬᠦ ᠦᠨᠳᠦᠰᠦᠨ ᠠᠰᠠᠭᠤᠳᠠᠯ ᠳᠡᠭᠡᠷ᠎ᠡ | ᠂ ᠪᠢᠳᠡ ᠲᠠᠷᠢᠬᠢ ᠲᠣᠯᠣᠭᠠᠢ ᠪᠠᠨ ᠣᠨᠴᠠᠭᠠᠢ ᠰᠡᠷᠭᠡᠭ ᠪᠠᠶᠢᠯᠭᠠᠵᠤ᠂ ᠵᠣᠭᠰᠣᠯᠲᠠ ᠪᠠᠨ ᠣᠨᠴᠠᠭᠠᠢ ᠪᠠᠲᠤ ᠪᠣᠯᠭᠠᠬᠤ | ᠬᠡᠷᠡᠭᠲᠡᠢ᠃ ᠪᠦᠬᠦ ᠨᠠᠮ ᠤᠨ ᠨᠥᠬᠦᠳ ᠴᠥᠮ ᠶᠡᠭᠡ ᠶᠤᠰᠤ ᠶᠢ ᠮᠡᠳᠡᠵᠦ᠂ ᠨᠡᠶᠢᠲᠡ ᠶᠢᠨ ᠶᠤᠰᠤ ᠶᠢ ᠰᠠᠬᠢᠵᠤ᠂ | ᠬᠤᠪᠢ ᠶᠢᠨ ᠶᠤᠰᠤ ᠶᠢ ᠴᠢᠩᠳᠠᠯᠠᠨ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠴᠡᠪᠡᠷ ᠴᠢᠬᠡᠴᠢ ᠪᠠᠷ ᠠᠵᠢᠯ ᠬᠢᠵᠦ᠂ | ᠪᠡᠶ᠎ᠡ ᠪᠠᠨ ᠪᠠᠷᠢᠵᠤ ᠨᠡᠶᠢᠲᠡ ᠶᠢᠨ ᠲᠥᠯᠥᠭᠡ ᠵᠢᠳᠬᠦᠨ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂ ᠲᠦᠪ | ᠭᠤᠤᠯᠴᠢ ᠠᠷᠢᠭᠤᠨ ᠴᠢᠭᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢᠨ ᠵᠠᠩᠭᠢᠯᠠᠭ᠎ᠠ ᠨᠢ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ | ᠪᠠ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠬᠤ ᠰᠥᠰᠥ ᠵᠣᠷᠢᠭ ᠲᠠᠢ ᠪᠠᠶᠢᠬᠤ ᠬᠡᠷᠡᠭᠲᠡᠢ᠃ ᠤᠳᠤᠬᠠᠨ ᠳᠤ᠂ | ᠢᠯᠵᠠᠷᠡᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ ᠪᠦᠬᠦ ᠲᠠᠯ᠎ᠠ ᠪᠠᠷ | ᠪᠠᠬᠢᠵᠢᠪᠡ᠂ ᠭᠡᠪᠡᠴᠦ ᠪᠦᠬᠦ ᠨᠠᠮ ᠤᠨ ᠨᠥᠬᠦᠳ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ | ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠪᠠᠶᠢᠬᠤ | ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠨᠢᠭᠡᠨᠳᠡ ᠴᠢᠩᠭ᠎ᠠ ᠬᠠᠲᠠᠭᠤ ᠪᠤᠯᠤᠭᠰᠠᠨ ᠭᠡᠬᠦ ᠬᠠᠯᠠᠰᠢᠷᠠᠬᠤ | ᠰᠡᠳᠭᠢᠯᠭᠡ ᠡᠭᠦᠰᠴᠦ ᠶᠠᠭᠠᠬᠢᠭᠰᠠᠨ ᠴᠤ ᠪᠣᠯᠬᠤ ᠦᠭᠡᠢ᠃ ᠨᠠᠮ ᠤᠨ ᠰᠤᠷᠲᠠᠯ ᠴᠢᠬᠡᠴᠢ ᠵᠠᠰᠠᠬ ᠤᠨ ᠪᠠᠶᠢᠭᠤᠯᠤᠯᠳᠠ | ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠬᠡᠵᠢᠶᠡᠳᠡ ᠵᠤᠬᠰᠤᠰᠢ ᠦᠭᠡᠢ᠂ ᠨᠢᠭᠡ ᠮᠥᠴᠡ ᠴᠦ ᠰᠤᠯᠠᠷᠠᠭᠤᠯᠵᠤ | ᠪᠣᠯᠬᠤ ᠦᠭᠡᠢ᠂ ᠲᠡᠮᠦᠷ ᠪᠠᠷᠢᠪᠠᠯ ᠤᠷᠤᠮ ᠲᠠᠢ᠂ ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ ᠪᠠᠶᠢᠬᠤ ᠬᠠᠳᠠᠨ ᠵᠣᠷᠢᠭ | ᠪᠠ ᠡᠷᠡᠰ ᠪᠠᠷᠢᠮᠲᠠᠯᠠᠯ ᠢᠶᠠᠷ ᠨᠠᠮ ᠤᠨ ᠰᠤᠷᠲᠠᠯ ᠴᠢᠬᠡᠴᠢ ᠵᠠᠰᠠᠬ ᠤᠨ ᠪᠠᠶᠢᠭᠤᠯᠤᠯᠳᠠ ᠬᠢᠭᠡᠳ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠡᠨᠡ ᠬᠦ ᠪᠤᠭᠤᠮᠳᠠ ᠰᠢᠪᠳᠤᠯᠬᠤ ᠲᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠲᠠᠶᠢᠨ ᠢ | ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠬᠡᠨ ᠬᠥᠮᠦᠨ ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠳᠠᠯ᠎ᠠ ᠪᠠᠷ | ᠠᠰᠠᠭᠤᠳᠠᠯ ᠭᠠᠷᠭᠠᠭᠰᠠᠨ ᠴᠤ ᠨᠠᠮ ᠤᠨ ᠰᠠᠬᠢᠯᠭ᠎ᠠ ᠤᠯᠤᠰ ᠤᠨ ᠬᠠᠤᠯᠢ ᠶᠠᠭᠠᠬᠢᠭᠰᠠᠨ ᠴᠤ ᠠᠭᠤᠴᠢᠯᠠᠬᠤ ᠦᠭᠡᠢ | ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠢᠳᠪᠦᠷᠢ ᠨᠢ ᠵᠠᠭᠤᠨ ᠵᠢᠯ ᠤᠨ ᠲᠡᠮᠡᠴᠡᠯ ᠤᠨ | ᠲᠡᠤᠬᠡᠨ ᠶᠠᠪᠤᠴᠠ ᠳᠤ ᠨᠠᠮ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠬᠢᠬᠦ ᠶᠢ ᠴᠢᠬᠤᠯᠠᠴᠢᠯᠠᠬᠰᠠᠨ | ᠲᠠᠯ᠎ᠡ ᠪᠠᠷ ᠪᠥᠬᠦ ᠲᠠᠯ᠎ᠠ ᠶᠢᠨ ᠳ᠋ᠦᠩᠨᠡᠯᠲᠡ ᠬᠢᠵᠦ᠂ ᠪᠥᠬᠦ ᠨᠠᠮ ᠢᠶᠠᠷ ᠢᠶᠠᠨ ᠪᠣᠳᠠᠰᠴᠢ ᠲᠡᠦᠬᠡ ᠶᠢᠨ ᠦᠵᠡᠯᠲᠡ ᠪᠣᠯᠤᠨ | ᠵᠥᠪ ᠣᠨᠣᠪᠴᠢᠲᠠᠶ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ ᠲᠡᠮᠡᠴᠡᠯ | ᠳᠤᠮᠳᠠ ᠠᠴᠠ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠶ ᠲᠠᠨᠢᠵᠤ᠂ | ᠢᠷᠡᠭᠡᠳᠦᠶ ᠳᠤ ᠪᠢᠳᠡ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠶᠢ ᠲᠣᠳᠣᠷᠬᠠᠶ | ᠣᠶᠢᠯᠠᠭᠠᠬᠤ ᠶᠢᠨ ᠤᠯᠠᠮ ᠢᠶᠠᠷ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠡᠷᠡᠰ ᠪᠠᠲᠤ᠂ ᠨᠠᠩ | ᠤᠬᠠᠮᠰᠠᠷ ᠠᠴᠠ ᠪᠠᠨ ᠦᠢᠯᠡᠳᠦᠯᠭᠡᠵᠢᠬᠦᠯᠵᠦ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠨᠠᠩ ᠰᠠᠶᠢᠲᠤᠷ ᠪᠠᠷᠢᠮᠲᠠᠯᠠᠨ ᠬᠥᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠡᠨᠡ ᠪᠣᠯ | ᠵᠢᠷᠭᠤᠳᠤᠭᠠᠷ ᠪᠦᠬᠦᠳᠠ ᠬᠤᠷᠠᠯ ᠠᠴᠠ ᠳᠤᠷᠠᠳᠤᠨ ᠭᠠᠷᠭᠠᠭᠰᠠᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ | ᠪᠢᠳᠠ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠭᠤᠷᠪᠠᠳᠡᠬᠢ | ᠲᠡᠦᠬᠡ ᠶᠢᠨ ᠰᠢᠢᠳᠪᠦᠷᠢ ᠨᠢ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢᠨ ᠲᠤᠬᠠᠢ ᠰᠢᠨ᠎ᠡ | ᠲᠠᠨᠢᠯᠲᠠ ᠶᠢ ᠢᠯᠡᠷᠡᠭᠦᠯᠪᠠ᠂ ᠡᠨᠡ ᠲᠠᠯ᠎ᠠ ᠪᠠᠷ ᠨᠡᠩ ᠭᠦᠨᠵᠡᠭᠡᠢ ᠰᠤᠷᠤᠯᠴᠠᠨ ᠣᠶᠢᠯᠠᠭᠠᠵᠤ ᠭᠡᠷᠡᠭᠲᠡᠢ᠂ ᠡᠨᠡ ᠨᠢ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠨᠡᠩ | ᠰᠠᠶᠢᠲᠤᠷ ᠲᠠᠨᠢᠵᠤ ᠡᠵᠡᠮᠰᠢᠬᠦ ᠳᠤ ᠠᠰᠢᠭᠲᠠᠢ ᠶᠤᠮ᠃ ᠡᠨᠡ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠪᠠᠶᠢᠩᠭᠤᠵᠢᠭᠰᠠᠠ ᠤᠷᠳᠤ | ᠬᠤᠭᠤᠴᠠᠭᠠᠨ ᠤ ᠪᠦᠲᠦᠮᠵᠢᠲᠡᠢ ᠲᠦᠷᠢᠮ ᠲᠣᠭᠲᠠᠴᠠ ᠶᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠪᠦᠬᠦ | ᠨᠠᠮ ᠢᠶᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ | ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ | ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠭᠦᠯᠭᠦ ᠶᠢ ᠴᠢᠨᠠᠭᠰᠢᠳᠠ ᠪᠡᠶᠡᠯᠡᠭᠦᠯᠵᠦ᠂ ᠪᠦᠬᠦ ᠨᠠᠮ ᠤᠨ | ᠨᠥᠬᠦᠳ ᠤᠨ ᠨᠠᠮ ᠤᠨ ᠲᠡᠦᠬᠡ ᠶᠢ ᠰᠤᠷᠤᠯᠴᠠᠵᠦ᠂ ᠦᠵᠡᠯ ᠰᠠᠨᠠᠭ᠎ᠠ ᠪᠠᠨ ᠰᠡᠩᠭᠡᠷᠡᠬᠦᠯᠵᠤ᠂ ᠪᠣᠳᠠᠲᠠᠢ ᠶᠠᠪᠤᠳᠠᠯ | ᠬᠢᠵᠦ᠂ ᠰᠢᠨ᠎ᠡ ᠪᠠᠶᠢᠳᠠᠯ ᠢ ᠡᠭᠦᠳᠴᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠨᠡᠩ ᠰᠠᠶᠢᠨ | ᠵᠡᠪᠰᠡᠭᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠡᠯ᠎ᠡ ᠵᠦᠢᠯ ᠤᠨ | ᠡᠭᠦᠷᠭᠡ ᠶᠢ ᠨᠠᠶᠢᠳᠠᠪᠤᠷᠢᠵᠢᠭᠤᠯᠬᠤ ᠶᠢ ᠬᠦᠮᠦᠵᠢᠬᠦᠯᠦᠨ ᠵᠢᠯᠤᠭᠤᠳᠬᠤ ᠬᠡᠷᠡᠭᠲᠡᠢ᠃ ᠪᠥᠬᠦᠳᠡ ᠬᠤᠷᠠᠯ ᠤᠨ | ᠰᠢᠢᠳᠪᠦᠷᠢ ᠶᠢ ᠲᠡᠷᠡ ᠬᠡᠪ ᠢᠶᠠᠷ ᠨᠢ ᠰᠤᠷᠤᠯᠴᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ | ᠥᠩᠭᠡᠷᠡᠯᠲᠡ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ᠂ ᠨᠠᠮ ᠤᠨ ᠣᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠰᠠᠬᠢᠬᠤ ᠪᠠᠷᠢᠮᠲᠠᠯᠠᠯ ᠲᠡᠮᠡᠴᠡᠯ ᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ᠂ | ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠪᠠ ᠲᠡᠦᠬᠡᠨ ᠲᠤᠷᠰᠢᠯᠭ᠎ᠠ ᠶᠢ ᠰᠤᠷᠤᠯᠴᠠᠨ | ᠣᠶᠢᠯᠠᠭᠠᠵᠤ ᠲᠤᠭᠤᠷᠠᠳᠠᠯ᠎ᠡ ᠮᠡᠳᠡᠵᠤ᠂ ᠲᠡᠦᠬᠡ ᠪᠠᠷ ᠲᠣᠯᠢ ᠪᠣᠯᠭᠠᠵᠤ ᠢᠷᠡᠭᠡᠳᠦᠶ ᠶᠢ ᠨᠡᠭᠡᠭᠡᠬᠦ ᠴᠢᠬᠤᠯᠠ | ᠱᠠᠭᠠᠷᠳᠠᠯᠭ᠎ᠠ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠬᠦ ᠬᠡᠷᠡᠭᠲᠡᠶ᠃ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠦᠷᠢᠮ ᠢ ᠰᠠᠶᠢᠲᠤᠷ | ᠬᠡᠷᠡᠭᠯᠡᠵᠦ᠂ ᠤᠳᠤᠷᠢᠳᠬᠤ ᠪᠠᠭ᠂ ᠤᠳᠤᠷᠢᠳᠬᠤ ᠺᠠᠳ᠋ᠷ ᠲᠦᠷᠦᠭᠦᠯᠡᠨ ᠨᠠᠮ ᠤᠨ ᠲᠡᠦᠬᠡ ᠶᠢ ᠰᠤᠷᠤᠯᠴᠠᠬᠤ᠂ | ᠦᠷᠭᠦᠯᠵᠢ ᠨᠠᠮ ᠤᠨ ᠲᠡᠦᠬᠡ ᠶᠢ ᠰᠤᠷᠤᠯᠴᠠᠬᠤ ᠶᠢ ᠠᠬᠢᠭᠤᠯᠬᠤ ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠤᠨ | ᠲᠣᠭᠲᠠᠴᠠ ᠶᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ ᠦᠷᠭᠦᠯᠵᠢᠯᠡᠨ ᠨᠠᠮ ᠤᠨ ᠰᠤᠷᠭᠠᠭᠤᠯᠢ ︵ᠵᠠᠰᠠᠭ | ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ᠂ ᠪᠠᠶᠢᠩᠭᠤ | ᠰᠤᠷᠬᠤ ᠬᠢᠴᠢᠶᠡᠯ ᠪᠣᠯᠭᠠᠬᠤ ᠬᠡᠷᠡᠭᠲᠡᠢ᠃ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ | ᠡᠨᠡ ᠬᠦ ᠠᠷᠭ᠎ᠠ ᠵᠠᠮ ᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ ᠵᠢᠭᠠᠬᠤ ᠮᠠᠲ᠋ᠧᠷᠢᠶᠠᠯ᠂ ᠬᠢᠴᠢᠶᠡᠯ ᠤᠨ | ᠲᠠᠩᠬᠢᠮ ᠳᠤ ᠤᠷᠤᠭᠤᠯᠵᠤ᠂ ᠲᠠᠷᠢᠬᠢ ᠲᠣᠯᠣᠭᠠᠢ ᠳᠠᠭᠠᠨ ᠬᠠᠲᠠᠩᠰᠢᠭᠤᠯᠬᠤ ᠶᠢ ᠠᠬᠢᠭᠤᠯᠵᠤ᠂ ᠨᠠᠮ ᠤᠨ ᠲᠡᠦᠬᠡ ᠪᠠᠷ | ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ | ᠰᠤᠷᠲᠠᠬᠤᠨ ᠤ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠪᠠᠶᠢᠭᠠᠳ ᠨᠡᠩ ᠰᠠᠶᠢᠠ | ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠬᠤ ᠪᠣᠯᠭᠠᠬᠤ ᠬᠡᠷᠡᠭᠲᠡᠢ᠃ | ︽ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠪᠦᠷᠢᠯᠳᠦᠭᠰᠡᠨ | ᠰᠠᠶᠢᠨ ᠰᠠᠶᠢᠬᠠᠨ ᠲᠣᠭᠲᠠᠴᠠ ᠶᠢ ᠰᠠᠶᠢᠲᠤᠷ ᠠᠰᠢᠭᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠠᠷ ᠤᠯᠠᠨ | ᠲᠦᠮᠡᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠢᠨ᠎ᠡ ᠴᠠᠭ | ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ | ᠭᠠᠷᠭᠠᠪᠠ᠃ | ᠯᠢ ᠺᠧ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠦ ᠴᠠᠭ ᠦᠶᠡᠴᠢᠯᠡᠬᠦ ᠶᠢ ᠠᠬᠢᠭᠤᠯᠬᠤ᠂ | ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ ᠵᠥᠪ ᠡᠵᠡᠮᠰᠢᠬᠦ᠂ ᠪᠠᠶᠢᠯᠳᠤᠬᠤ ᠪᠤᠳᠤᠯᠭ᠎ᠠ ᠠᠷᠭ᠎ᠠ | ᠪᠤᠳᠤᠯᠭ᠎ᠠ ᠶᠢ ᠴᠢᠬᠤᠯᠠᠴᠢᠯᠠᠬᠤ ᠠᠰᠠᠭᠤᠳᠠᠯ᠂ ᠨᠠᠮ ᠤᠨ ᠮᠠᠷᠺᠰ ᠤᠨ ᠦᠵᠡᠯ ᠤᠨ ᠲᠥᠷᠥ ᠶᠢᠨ ᠨᠠᠮ ᠤᠨ ᠤᠤᠷ | ᠴᠢᠨᠠᠷ ᠢ ᠡᠭᠦᠷᠢᠳᠡ ᠬᠠᠳᠠᠭᠠᠯᠠᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠦ ᠤᠷᠲᠤ | ᠬᠤᠭᠤᠴᠠᠭ᠎ᠠ ᠪᠦᠲᠦᠮᠵᠢᠲᠡᠶ ᠪᠠᠶᠢᠯᠭᠠᠬᠤ ᠵᠡᠷᠭᠡ ᠲᠠᠪᠤᠨ ᠠᠰᠠᠭᠤᠳᠠᠯ ᠢ ᠠᠬᠢᠭᠤᠯᠬᠤ ᠲᠤᠬᠠᠶ ᠭᠦᠨᠵᠡᠭᠡᠶ | ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ | ᠪᠦᠬᠦᠳᠠ ᠬᠤᠷᠠᠯ ᠤᠨ ᠰᠢᠢᠳᠪᠦᠷᠢ ᠶᠢ ᠭᠦᠨᠵᠡᠭᠡᠢ ᠰᠤᠳᠤᠯᠤᠨ ᠤᠩᠰᠢᠵᠤ ᠣᠶᠢᠯᠠᠭᠠᠵᠤ᠂ ᠨᠠᠮ ᠤᠨ ᠵᠠᠭᠤᠨ ᠵᠢᠯ ᠤᠨ | ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ ᠡᠵᠡᠮᠳᠡᠨ ᠬᠡᠷᠡᠭᠯᠡᠵᠦ᠂ ᠨᠠᠮ ᠪᠠᠶᠢᠭᠤᠯᠬᠤ ᠠᠭᠤᠤ ᠶᠡᠭᠡ | ᠵᠣᠷᠢᠭ ᠰᠠᠨᠠᠭ᠎ᠠ ᠶᠢ ᠪᠠᠳᠠᠷᠠᠭᠤᠯᠤᠠ᠂ ᠨᠠᠮ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠂ ᠮᠠᠰᠢ ᠴᠢᠩᠭ᠎ᠠ | ᠤᠯᠤᠰ ᠲᠥᠷᠥ ᠶᠢᠨ ᠴᠢᠨᠠᠷ᠂ ᠤᠨᠤᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠦ᠂ ᠪᠥᠬᠦ ᠨᠠᠮ ᠤᠨ ︽ | ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠴᠢᠨᠠᠬᠰᠢᠳᠠ ︽ | ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ ᠭᠡᠵᠦ ᠵᠢᠭᠠᠵᠦ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ | ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ | ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ | ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠵᠠᠢ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠭᠤᠣᠯ | ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠡᠯ᠎ᠡ ᠶᠡᠭᠡ ᠨᠢᠭᠡᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ | ᠶᠠᠷᠢᠯᠴᠠᠬᠤ ᠠᠩᠬᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ | ᠨᠦᠬᠦᠳ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠵᠠᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | |