ᠬᠤᠷᠠᠭᠠᠨ ᠴᠢᠬᠢ
ᠨᠡᠶᠢᠲᠡᠯᠡᠭᠰᠡᠨ ᠴᠠᠭ᠄
2022/1/19
     ᠤᠯᠠᠨ ᠨᠠᠰᠤᠲᠤ ᠡᠪᠡᠰᠦᠯᠢᠭ ᠤᠷᠭᠤᠮᠠᠯ᠃ ᠠᠭᠤᠯᠠᠷᠬᠠᠭ ᠭᠠᠵᠠᠷ᠂ ᠤᠢ ᠶᠢᠨ ᠬᠦᠪᠡᠭᠡ᠂ ᠨᠤᠭᠤ᠂ ᠵᠠᠮ ᠤᠨ ᠬᠠᠵᠠᠭᠤ ᠪᠠᠷ ᠤᠷᠭᠤᠳᠠᠭ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠳᠠᠪᠠᠭᠠᠨ ᠤ ᠵᠡᠬᠦᠨ ᠲᠤᠭᠤᠷᠢᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠬᠢᠩᠭᠠᠨ ᠤ ᠡᠮᠦᠨᠡᠲᠤ ᠬᠡᠰᠡᠭ᠂ ᠬᠤᠷᠴᠢᠨ ᠲᠤᠭᠤᠷᠢᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠤᠯᠠᠭᠠᠬᠠᠨᠳᠠ ᠶᠢᠨ ᠲᠤᠪᠤ ᠲᠤᠪᠤᠷᠴᠠᠭ ᠢᠶᠠᠷ ᠤᠷᠭᠤᠨ᠎ᠠ᠃ ᠮᠠᠨ ᠤ ᠤᠯᠤᠰ ᠤᠨ ᠡᠯ᠎ᠡ ᠮᠤᠵᠢ ᠤᠷᠤᠨ ᠢᠶᠠᠷ ᠪᠦᠷ ᠲᠠᠷᠬᠠᠵᠤ ᠪᠤᠢ᠃ ᠰᠤᠯᠤᠩᠭᠤᠰ᠂ ᠶᠠᠫᠤᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ᠂ ᠲᠤᠮᠳᠠ ᠠᠽᠢᠶ᠎ᠠ᠂ ᠡᠸᠦ᠋ᠷᠦᠫᠠ ᠵᠢᠴᠢ ᠤᠮᠠᠷᠠᠲᠤ ᠠᠮᠧᠷᠢᠺᠠ ᠪᠠᠷ ᠪᠠᠰᠠ ᠲᠠᠷᠬᠠᠵᠤ ᠪᠠᠶᠢᠳᠠᠭ᠃ ᠵᠦᠭᠡᠯᠡᠨ ᠡᠰᠢ ᠨᠠᠪᠴᠢ ᠨᠢ ᠬᠦᠴᠢᠯᠯᠢᠭ ᠠᠮᠳᠠᠳᠠᠢ ᠪᠤᠯᠬᠤᠷ᠂ ᠢᠳᠡᠰᠢᠨ ᠨᠤᠭᠤᠭ᠎ᠠ ᠬᠢᠵᠦ ᠪᠤᠯᠳᠠᠭ᠃ ᠵᠤᠨ ᠤ ᠤᠯᠠᠷᠢᠯ ᠳᠤ ᠨᠤᠭᠤᠭᠠᠨ ᠨᠠᠪᠴᠢ ᠶᠢ ᠨᠢ ᠬᠤᠨᠢ ᠢᠮᠠᠭ᠎ᠠ ᠠᠮᠳᠠᠷᠬᠠᠨ ᠢᠳᠡᠳᠡᠭ᠃ ᠦᠨᠳᠦᠰᠦ ᠨᠠᠪᠴᠢ ᠠᠴᠠ ᠨᠢ ᠡᠯᠳᠡᠭᠦᠷᠢ ᠶᠢᠨ ᠴᠠᠪᠠᠤ ᠢᠯᠭᠠᠷᠠᠭᠤᠯᠤᠨ ᠠᠪᠴᠤ ᠪᠤᠯᠳᠠᠭ᠃ ᠪᠦᠬᠦᠯᠢ ᠡᠪᠡᠰᠦ ᠨᠢ ᠡᠮ ᠳᠤ ᠤᠷᠤᠵᠤ᠂ ᠭᠤᠤᠯᠳᠠᠭᠤ ᠴᠢᠰᠤᠨ ᠬᠠᠯᠠᠭᠤᠨ ᠢ ᠬᠦᠭᠡᠭᠡᠬᠦ᠂ ᠬᠤᠤᠷ ᠲᠠᠶᠢᠯᠠᠬᠤ᠂ ᠬᠤᠷᠤᠬᠠᠢ ᠠᠯᠠᠬᠤ ᠵᠡᠷᠭᠡ ᠦᠢᠯᠡᠳᠦᠯ ᠲᠠᠢ ᠪᠠᠶᠢᠳᠠᠭ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号