ᠴᠤᠯᠢᠭᠡᠷ
ᠨᠡᠶᠢᠲᠡᠯᠡᠭᠰᠡᠨ ᠴᠠᠭ᠄
2022/1/19
     ᠨᠢᠭᠡ ᠨᠠᠰᠤᠲᠤ ᠡᠪᠡᠰᠦᠯᠢᠭ ᠬᠡᠳᠦ ᠭᠠᠩᠰᠠᠭ ᠤᠷᠭᠤᠮᠠᠯ᠃ ᠰᠠᠷᠠᠨ ᠬᠡᠯᠪᠡᠷᠢᠳᠠᠢ ᠨᠡᠭᠦᠳᠡᠯ ᠡᠯᠡᠰᠦᠨ ᠲᠤᠪᠤ ᠶᠢᠨ ᠲᠤᠤᠷ᠎ᠠ ᠬᠡᠰᠡᠭ ᠪᠤᠶᠤ ᠲᠤᠪᠤ ᠶᠢᠨ ᠬᠤᠭᠤᠷᠤᠨᠳᠤᠬᠢ ᠬᠤᠳᠤᠭᠤᠷ ᠬᠠᠶᠢᠷᠬᠠᠭ ᠬᠦᠷᠦᠰᠦᠨ ᠳᠤ ᠤᠷᠭᠤᠨ᠎ᠠ᠃ ᠨᠡᠭᠦᠳᠡᠯ ᠡᠯᠡᠰᠦᠨ ᠳᠤ ᠤᠷᠭᠤᠳᠠᠭ ᠤᠷᠭᠤᠮᠠᠯ ᠪᠤᠯᠤᠨ᠎ᠠ᠃ ᠪᠦᠬᠦ ᠤᠷᠤᠨ ᠳᠤ ᠨᠡᠶᠢᠳᠠᠮ ᠤᠷᠭᠤᠨ᠎ᠠ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠲᠤ ᠤᠷᠤᠨ᠂ ᠪᠠᠷᠠᠭᠤᠨ ᠬᠤᠶᠢᠲᠤ ᠤᠷᠤᠨ ᠢᠶᠠᠷ ᠲᠠᠷᠬᠠᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ᠂ ᠲᠤᠮᠳᠠ ᠠᠽᠢᠶ᠎ᠠ ᠶᠢᠨ ᠭᠠᠵᠠᠷ ᠤᠷᠤᠨ ᠢᠶᠠᠷ ᠪᠠᠰᠠ ᠤᠷᠭᠤᠨ᠎ᠠ᠃ ᠲᠡᠮᠡᠭᠡ ᠠᠮᠳᠠᠷᠬᠠᠨ ᠢᠳᠡᠳᠡᠭ᠃ ᠬᠤᠨᠢ ᠢᠮᠠᠭ᠎ᠠ ᠦᠬᠡᠷ ᠵᠦᠭᠡᠯᠡᠨ ᠨᠠᠪᠴᠢ ᠶᠢ ᠨᠢ ᠢᠳᠡᠳᠡᠭ᠂ ᠴᠡᠴᠡᠭᠯᠡᠭᠰᠡᠨ ᠤ ᠰᠡᠭᠦᠯᠡᠷ ᠬᠠᠲᠠᠭᠤᠷᠠᠨ ᠬᠦᠭᠰᠢᠷᠠᠵᠦ ᠤᠯᠠᠨ ᠦᠷᠭᠡᠰᠦ ᠲᠠᠢ ᠪᠤᠯᠪᠠᠯ ᠭᠡᠷ ᠤᠨ ᠲᠡᠵᠢᠭᠡᠪᠦᠷᠢ ᠢᠳᠡᠬᠦ ᠪᠠᠨ ᠪᠤᠯᠢᠳᠠᠭ᠃ ᠦᠷ᠎ᠡ ᠶᠢᠨ ᠰᠤᠶᠤᠭᠠᠯᠠᠯᠳᠠ ᠨᠢ ᠲᠦᠷᠭᠡᠨ ᠪᠦᠭᠡᠳ ᠢᠳᠡᠷᠡᠬᠦᠨ᠂ ᠨᠡᠭᠦᠳᠡᠯ ᠡᠯᠡᠰᠦ ᠶᠢ ᠲᠤᠭᠲᠠᠪᠤᠷᠢᠵᠢᠭᠤᠯᠬᠤ ᠦᠢᠯᠡᠳᠦᠯ ᠲᠠᠢ᠃ ᠦᠷ᠎ᠡ ᠨᠢ ᠡᠮ ᠳᠤ ᠤᠷᠤᠵᠤ᠂ ᠭᠤᠤᠯᠳᠠᠭᠤ ᠬᠠᠯᠠᠭᠤᠨ ᠲᠠᠭᠰᠢᠭᠤᠷ᠂ ᠪᠦᠭᠡᠷᠡᠨ ᠦᠷᠪᠢᠰᠦᠯ ᠵᠡᠷᠭᠡ ᠶᠢ ᠵᠠᠰᠠᠨ᠎ᠠ᠃ ᠦᠷ᠎ᠡ ᠶᠢ ᠨᠢ ᠪᠤᠷᠳᠤᠭ᠎ᠠ ᠪᠤᠯᠭᠠᠵᠤ ᠪᠤᠯᠳᠠᠭ᠃
   
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号