ᠥᠪᠥᠷ ᠮᠣᠩᠭᠤᠯ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠡᠯᠪᠡᠭ ᠬᠤᠷᠢᠶᠠᠯᠲᠠ ᠶᠢ ᠪᠠᠲᠤᠯᠠᠪᠠ
ᠨᠡᠶᠢᠲᠡᠯᠡᠭᠰᠡᠨ ᠴᠠᠭ᠄
2022/11/1
     ᠡᠨᠡ ᠵᠢᠯ᠂ ᠥᠪᠥᠷ ᠮᠣᠩᠭᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠮᠤ ᠪᠤᠳᠠᠭᠠᠨ ᠤ ᠠᠮᠤᠷ ᠲᠦᠪᠰᠢᠨ ᠤ ᠨᠠᠮ ᠵᠠᠰᠠᠭ ᠲᠠᠢ ᠠᠳᠠᠯᠢ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠬᠤ ᠪᠠ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠲᠠᠷᠢᠶᠠᠯᠠᠩ ᠦᠢᠯᠡᠳᠪᠦᠷᠢᠯᠡᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠪᠠ᠃ ᠦᠢᠯᠡᠳᠪᠦᠷᠢᠯᠡᠯ ᠤᠨ ᠮᠡᠷᠭᠡᠵᠢᠯ ᠤᠨ ᠬᠡᠪ ᠵᠠᠭᠪᠤᠷ ᠢ ᠳ᠋ᠦᠩᠨᠡᠨ ᠪᠣᠯᠪᠠᠰᠤᠷᠠᠭᠤᠯᠵᠤ᠂ ᠭᠤᠣᠯ ᠪᠣᠯᠬᠤ ᠲᠠᠷᠢᠮᠠᠯ ᠤᠨ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠦᠨ᠂ ᠠᠮᠤ ᠪᠤᠳᠠᠭᠠᠨ ᠤ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠪᠠ᠃      ᠵᠢᠯ ᠤᠨ ᠡᠬᠢᠨ ᠳᠤ᠂ ᠥᠪᠡᠷᠲᠡᠭᠡᠨ ᠵᠠᠰᠠᠬᠤ ᠣᠷᠣᠨ ᠠᠴᠠ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠲᠤᠬᠠᠢ ᠲᠤᠰᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠂ ᠨᠢᠭᠡ ᠳᠤ ᠲᠦᠷᠦᠯ ᠵᠦᠢᠯ ᠤᠨ ᠳᠡᠮᠵᠢᠯᠭᠡ ᠶᠢ ᠴᠢᠩᠭᠠᠳᠬᠠᠪᠠ᠂ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠪᠠ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠲᠦᠷᠦᠯ ᠵᠦᠢᠯ ᠢ ᠠᠰᠢᠭᠯᠠᠨ ᠪᠦᠬᠦ ᠣᠷᠣᠨ ᠤ 12 ᠠᠶᠢᠮᠠᠭ ᠬᠤᠳᠠ ᠶᠢᠨ 65 ᠬᠤᠰᠢᠭᠤ ᠰᠢᠶᠠᠨ ᠳᠤ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ ᠭᠤᠣᠯ ᠪᠣᠯᠬᠤ ᠲᠠᠷᠢᠮᠠᠯ ᠤᠨ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠨᠡᠶᠢᠳᠡ 130 ᠲᠦᠮᠡᠨ ᠮᠦ ᠶᠢᠨ ᠵᠢᠱᠢᠶ᠎ᠡ ᠦᠵᠡᠭᠦᠯᠬᠦ ᠤᠷᠤᠨ᠂ 690 ᠮᠢᠩᠭᠠᠨ ᠮᠦ ᠶᠢᠨ ᠵᠢᠱᠢᠶ᠎ᠡ ᠦᠵᠡᠭᠦᠯᠬᠦ ᠵᠣᠷ ᠪᠣᠯᠣᠨ 240 ᠵᠠᠭᠤᠨ ᠮᠦ ᠶᠢᠨ ᠥᠨᠳᠥᠷ ᠤᠨᠠᠯᠲᠠ ᠲᠠᠢ ᠵᠢᠱᠢᠶ᠎ᠡ ᠦᠵᠡᠭᠦᠯᠬᠦ ᠲᠠᠷᠢᠶ᠎ᠠ ᠶᠢ ᠪᠦᠲᠦᠭᠡᠨ ᠪᠠᠶᠢᠭᠤᠯᠪᠠ᠃ ᠲᠤᠭᠤᠷᠢᠨ ᠦᠵᠡᠬᠦ ᠭᠠᠷᠠᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 424 ᠲᠠᠯᠠᠪᠤᠷ ᠤᠳᠠᠭ᠎ᠠ ᠶᠢᠨ ᠪᠣᠯᠪᠠᠰᠤᠷᠠᠭᠤᠯᠤᠯ ᠦᠷᠨᠢᠭᠦᠯᠵᠦ᠂ 27 ᠲᠦᠮᠡᠨ ᠬᠥᠮᠥᠨ ᠤᠳᠠᠭ᠎ᠠ ᠶᠢ ᠲᠤᠭᠤᠷᠢᠨ ᠦᠵᠡᠬᠦ ᠪᠣᠯᠪᠠᠰᠤᠷᠠᠭᠤᠯᠤᠯ ᠤᠨ ᠠᠵᠢᠯᠯᠠᠭ᠎ᠠ ᠳᠤ ᠤᠷᠤᠯᠴᠠᠭᠤᠯᠵᠤ᠂ ᠲᠠᠷᠢᠶᠠᠴᠢᠳ ᠢ ᠰᠤᠷᠤᠯᠴᠠᠬᠤ ᠳᠤ ᠦᠯᠢᠭᠡᠷ ᠳᠠᠭᠤᠷᠢᠶᠠᠯ ᠲᠠᠢ᠂ ᠠᠵᠢᠯᠯᠠᠬᠤ ᠳᠤ ᠵᠢᠷᠤᠮᠯᠠᠯ ᠲᠠᠢ ᠪᠣᠯᠭᠠᠪᠠ᠃ ᠬᠤᠶᠠᠷ ᠲᠤ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠶᠢ ᠴᠢᠩᠭᠠᠳᠬᠠᠪᠠ᠂ ᠵᠢᠯ ᠤᠨ ᠡᠬᠢᠨ ᠳᠤ ᠲᠠᠷᠢᠮᠠᠯ ᠢᠶᠠᠷ ᠬᠤᠪᠢᠶᠠᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤ ᠵᠢᠭᠠᠨ ᠵᠢᠯᠤᠭᠤᠳᠬᠤ ᠪᠦᠯᠬᠦᠮ ᠨᠡᠶᠢᠲᠡ ᠶᠢ ᠲᠣᠭᠲᠠᠭᠠᠵᠤ᠂ ᠳᠡᠯᠭᠡᠷᠡᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠬᠤᠣᠰ ᠲᠡᠷᠢᠭᠦᠨ ᠰᠠᠭᠤᠳᠠᠯ ᠤᠨ ᠠᠵᠢᠯ ᠤᠨ ᠳᠦᠷᠢᠮ ᠢ ᠲᠠᠷᠢᠮᠠᠯ ᠢᠶᠠᠷ ᠬᠤᠪᠢᠶᠠᠨ ᠳᠤᠭᠳᠠᠭᠠᠵᠤ᠂ ᠣᠷᠣᠨ ᠨᠤᠲᠤᠭ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠢ ᠬᠠᠮᠲᠤᠷᠠᠨ ᠥᠨᠳᠥᠷ ᠤᠨᠠᠯᠲᠠ ᠶᠢᠨ ᠮᠡᠷᠭᠡᠵᠢᠯ ᠢ ᠰᠢᠯᠢᠨ ᠰᠣᠩᠭᠤᠵᠤ᠂ ᠬᠡᠷᠡᠭᠵᠢᠭᠦᠯᠬᠦ ᠲᠥᠰᠥᠯ ᠢ ᠬᠢᠨᠠᠨ ᠲᠣᠭᠲᠠᠭᠠᠵᠤ᠂ ᠪᠥᠬᠦ ᠶᠠᠪᠤᠴᠠ ᠶᠢ ᠳᠠᠭᠠᠭᠠᠴᠢᠯᠠᠨ ᠵᠢᠯᠤᠭᠤᠳᠴᠤ᠂ ᠪᠣᠳᠠᠲᠠᠢ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠪᠡ᠃ ᠭᠤᠷᠪᠠ ᠳᠤ ᠤᠯᠠᠨ ᠵᠦᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠭᠠᠵᠠᠷ ᠰᠢᠷᠣᠢ ᠪᠠᠷ ᠠᠮᠤ ᠪᠤᠳᠠᠭ᠎ᠠ ᠶᠢ ᠪᠠᠲᠤᠯᠠᠬᠤ᠂ ᠤᠷ᠎ᠠ ᠮᠡᠷᠭᠡᠵᠢᠯ ᠢᠶᠠᠷ ᠠᠮᠤ ᠪᠤᠳᠠᠭ᠎ᠠ ᠶᠢ ᠪᠠᠲᠤᠯᠠᠬᠤ ᠶᠢ ᠨᠠᠶᠢᠳᠠᠪᠤᠷᠢᠵᠢᠭᠤᠯᠵᠤ᠂ ᠰᠢᠯᠢᠳᠡᠭ ᠲᠠᠷᠢᠶ᠎ᠠ᠂ ᠰᠢᠯᠢᠳᠡᠭ ᠡᠭᠦᠯᠳᠡᠷ᠂ ᠰᠢᠯᠢᠳᠡᠭ ᠠᠷᠭ᠎ᠠ᠂ ᠰᠠᠶᠢᠨ ᠲᠣᠬᠢᠶᠠᠯ ᠢ ᠢᠵᠢ ᠪᠦᠷᠢᠳᠦᠭᠦᠯᠬᠦ ᠪᠠᠷ ᠳᠠᠮᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠢ ᠬᠠᠶᠢᠨ ᠰᠦᠪᠡᠭᠴᠢᠯᠡᠵᠦ᠂ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠳᠠᠶᠢᠴᠢᠯᠡᠪᠡ᠃      ᠨᠢᠭᠡ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠪᠦᠬᠦ ᠣᠷᠣᠨ ᠳᠤ ᠨᠢᠭᠡ ᠪᠦᠯᠦᠭ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠴᠣᠯᠭᠤᠷᠠᠨ ᠭᠠᠷᠴᠤ᠂ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ ᠤ ᠬᠢᠨ ᠨᠢᠭᠲᠠ ᠳᠤ ᠳᠠᠭᠠᠴᠠᠲᠠᠢ ᠪᠥᠭᠡᠳ ᠤᠶᠢᠴᠢᠬᠤ ᠦᠭᠡᠢ ᠡᠭᠦᠯᠳᠡᠷ ᠢ ᠰᠣᠩᠭᠤᠨ ᠬᠡᠷᠡᠭᠯᠡᠬᠦ᠂ ᠵᠠᠮᠴᠢᠯᠠᠨ ᠳᠠᠷᠢᠬᠤ᠂ ᠤᠰᠤ ᠳᠤᠰᠤᠯᠭᠠᠨ ᠴᠢᠬᠢ ᠪᠤᠶᠢᠵᠢᠭᠤᠯᠬᠤ᠂ ᠵᠦᠢ ᠵᠣᠬᠢᠰᠲᠠᠢ ᠪᠠᠷ ᠨᠢᠭᠲᠠ ᠳᠠᠷᠢᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠤᠳᠠᠭ᠎ᠠ ᠬᠤᠪᠢᠶᠠᠨ ᠪᠣᠷᠳᠣᠭᠤᠷ ᠣᠷᠣᠭᠤᠯᠬᠤ᠂ ᠬᠢᠮᠢ ᠶᠢᠨ ᠲᠣᠬᠢᠷᠠᠭᠤᠯᠤᠯ ᠡᠵᠡᠮᠳᠡᠯ ᠬᠢᠬᠦ ᠵᠡᠷᠭᠡ ᠠᠷᠭ᠎ᠠ ᠬᠡᠮᠵᠢᠶ᠎ᠡ ᠶᠢ ᠠᠪᠬᠤ ᠪᠠᠷ ᠳᠠᠮᠵᠢᠭᠤᠯᠵᠤ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠴᠢᠶᠠᠨ ᠵᠢᠶᠠ ᠳ᠋ᠢᠶᠠᠨ ᠪᠠᠯᠭᠠᠰᠤ ᠶᠢᠨ ᠴᠢᠶᠠᠨ ᠰᠢ ᠠᠶᠢᠯ ᠲᠣᠰᠬᠤᠨ ᠤ 1. 35 ᠲᠦᠮᠡᠨ ᠮᠦ ᠡᠷᠳᠡᠨᠢ ᠰᠢᠰᠢ᠂ ᠳᠤᠮᠳᠠᠴᠢ ᠪᠠᠷ ᠨᠢᠭᠡᠴᠢ ᠲᠠᠯᠠᠪᠠᠢ ᠶᠢᠨ ᠤᠨᠠᠯᠲᠠ 1087.93 ᠺᠢᠯᠣᠭ᠍ᠷᠠᠮ ᠳᠤ ᠬᠦᠷᠴᠦ᠂ ᠵᠡᠭᠦᠨ ᠬᠤᠶᠢᠲᠤ ᠶᠢᠨ ᠬᠠᠪᠤᠷ ᠤᠨ ᠡᠷᠳᠡᠨᠢ ᠰᠢᠰᠢ ᠶᠢᠨ ᠤᠷᠤᠨ ᠤ ᠲᠦᠮᠡᠨ ᠮᠦ ᠶᠢᠨ ᠨᠢᠭᠡᠴᠢ ᠲᠠᠯᠠᠪᠠᠢ ᠎ ᠶᠢᠨ ᠤᠨᠠᠯᠲᠠ ᠶᠢᠨ ᠲᠡᠮᠳᠡᠭᠯᠡᠯ ᠢ ᠡᠬᠦᠳᠪᠡ᠃ ᠺᠠᠶᠢᠯᠤ ᠰᠢᠶᠠᠨ ᠤ ᠺᠠᠶᠢᠯᠤ ᠪᠠᠯᠭᠠᠰᠤ ᠶᠢᠨ ᠨᠢᠰᠬᠡᠯ ᠤᠨ ᠪᠠᠭᠤᠳᠠᠯ ᠤᠨ ᠲᠣᠰᠬᠤᠨ ᠤ ᠮᠢᠩᠭᠠᠨ ᠮᠦ ᠶᠢᠨ ᠵᠢᠱᠢᠶ᠎ᠡ ᠦᠵᠡᠭᠦᠯᠬᠦ ᠲᠣᠭᠤᠷᠢᠭ᠂ ᠳᠤᠮᠳᠠᠴᠢ ᠪᠠᠷ ᠨᠢᠭᠡᠴᠢ ᠲᠠᠯᠠᠪᠠᠢ ᠶᠢᠨ ᠤᠨᠠᠯᠲᠠ 1227.58 ᠺᠢᠯᠣᠭ᠍ᠷᠠᠮ ᠳᠤ ᠬᠦᠷᠴᠦ᠂ ᠵᠡᠭᠦᠨ ᠬᠤᠶᠢᠲᠤ ᠶᠢᠨ ᠬᠠᠪᠤᠷ ᠤᠨ ᠡᠷᠳᠡᠨᠢ ᠰᠢᠰᠢ ᠶᠢᠨ ᠤᠷᠤᠨ ᠤ ᠨᠢᠭᠡᠴᠢ ᠲᠠᠯᠠᠪᠠᠢ ᠶᠢᠨ ᠤᠨᠠᠯᠲᠠ ᠶᠢᠨ ᠲᠡᠮᠳᠡᠭᠯᠡᠯ ᠢ ᠡᠭᠦᠳᠴᠡᠢ᠃ ᠰᠢᠷ᠎ᠠ ᠪᠤᠷᠴᠠᠭ ᠤᠨ ᠭᠤᠣᠯ ᠭᠠᠷᠤᠯᠲᠠ ᠶᠢᠨ ᠣᠷᠣᠨ ᠥᠨᠳᠥᠷ ᠤᠨᠠᠯᠲᠠ ᠲᠠᠢ ᠡᠭᠦᠯᠳᠡᠷ ᠢ ᠰᠣᠩᠭᠤᠨ ᠬᠡᠷᠡᠭᠯᠡᠬᠦ᠂ ᠨᠠᠷᠢᠯᠢᠭ ᠲᠠᠷᠢᠬᠤ᠂ ᠶᠡᠭᠡ ᠳᠠᠯᠠᠩ ᠢᠶᠠᠷ ᠨᠢᠭᠲᠠ ᠲᠠᠷᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤᠨ ᠤ ᠦ᠋ ᠵᠢᠶᠠ ᠽᠢ ᠲᠣᠰᠬᠤᠨ ᠤ 200 ᠮᠦ ᠰᠢᠷ᠎ᠠ ᠪᠤᠷᠴᠠᠭ ᠤᠨ ᠨᠢᠭᠡᠴᠢ ᠲᠠᠯᠠᠪᠠᠢ ᠶᠢᠨ ᠳᠤᠮᠳᠠᠴᠢ ᠤᠨᠠᠯᠲᠠ ᠨᠢ 303.5 ᠺᠢᠯᠣᠭ᠍ᠷᠠᠮ ᠳᠤ ᠬᠦᠷᠴᠦ᠂ ᠥᠪᠥᠷ ᠮᠣᠩᠭᠤᠯ ᠤᠨ ᠬᠠᠭᠤᠷᠠᠢ ᠭᠠᠵᠠᠷ ᠤᠨ ᠰᠢᠷ᠎ᠠ ᠪᠤᠷᠴᠠᠭ ᠤᠨ ᠤᠨᠠᠯᠳᠠ ᠶᠢᠨ ᠰᠢᠨ᠎ᠡ ᠲᠡᠮᠳᠡᠭᠯᠡᠯ ᠢ ᠡᠭᠦᠳᠴᠡᠢ᠃ ᠤᠰᠤᠨ ᠲᠤᠲᠤᠷᠭ᠎ᠠ ᠶᠢᠨ ᠭᠤᠣᠯ ᠭᠠᠷᠤᠯᠲᠠ ᠶᠢᠨ ᠣᠷᠣᠨ ᠤ ᠬᠢᠨ ᠴᠢᠨᠠᠷ ᠰᠠᠶᠢᠲᠠᠢ ᠥᠨᠳᠥᠷ ᠤᠨᠠᠯᠲᠠ ᠲᠠᠢ ᠡᠭᠦᠯᠳᠡᠷ ᠢ ᠰᠣᠩᠭᠤᠨ ᠬᠡᠷᠡᠭᠯᠡᠬᠦ᠂ ᠢᠳᠡᠷᠡᠭᠦᠨ ᠴᠢᠬᠢ ᠶᠢ ᠪᠤᠶᠢᠵᠢᠭᠤᠯᠬᠤ᠂ ᠵᠦᠢ ᠵᠣᠬᠢᠰᠲᠠᠢ ᠰᠦᠷᠦᠭᠵᠢᠯ ᠢ ᠪᠠᠶᠢᠭᠤᠯᠬᠤ᠂ ᠭᠦᠢᠬᠡᠨ ᠨᠦᠢᠲᠠᠨ ᠬᠠᠭᠤᠷᠠᠢ ᠶᠢ ᠵᠠᠪᠰᠠᠷᠯᠠᠨ ᠡᠭᠡᠯᠵᠢᠯᠡᠨ ᠤᠰᠤᠯᠠᠬᠤ᠂ ᠬᠠᠵᠠᠭᠤ ᠪᠠᠷ ᠨᠢ ᠭᠦᠨ ᠪᠣᠷᠳᠣᠭᠤᠷ ᠣᠷᠣᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠤ 500 ᠮᠦ ᠵᠢᠱᠢᠶ᠎ᠡ ᠦᠵᠡᠭᠦᠯᠬᠦ ᠣᠷᠣᠨ ᠤ ᠳᠣᠲᠣᠷ᠎ᠠ᠂ ᠭᠤᠣᠯ ᠵᠢᠱᠢᠶ᠎ᠡ ᠦᠵᠡᠭᠦᠯᠬᠦ ᠣᠷᠣᠨ ᠤ ᠪᠣᠳᠠᠲᠠᠢ ᠬᠤᠷᠢᠶᠠᠭᠰᠠᠨ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠨᠢ 743.5 ᠺᠢᠯᠣᠭ᠍ᠷᠠᠮ ᠪᠠᠶᠢᠵᠤ᠂ ᠥᠪᠥᠷ ᠮᠣᠩᠭᠤᠯ ᠤᠨ ᠤᠰᠤᠨ ᠲᠤᠲᠤᠷᠭ᠎ᠠ ᠶᠢᠨ ᠮᠦ ᠪᠦᠷᠢ ᠶᠢᠨ ᠤᠨᠠᠯᠲᠠ ᠶᠢᠨ ᠰᠢᠨ᠎ᠡ ᠲᠡᠮᠳᠡᠭᠯᠡᠯ ᠢ ᠡᠭᠦᠳᠪᠡ᠃ ᠪᠤᠭᠤᠳᠠᠢ ᠶᠢᠨ ᠭᠤᠣᠯ ᠭᠠᠷᠤᠯᠲᠠ ᠶᠢᠨ ᠣᠷᠣᠨ ᠤ ᠬᠢᠨ ᠵᠦᠢ ᠵᠣᠬᠢᠰᠲᠠᠢ ᠪᠠᠷ ᠨᠢᠭᠲᠠ ᠲᠠᠷᠢᠬᠤ᠂ ᠰᠠᠶᠢᠲᠤᠷ ᠪᠣᠷᠳᠣᠭᠤᠷ ᠣᠷᠣᠭᠤᠯᠬᠤ᠂ ᠡᠭᠡᠳᠡᠩ ᠲᠠᠢ ᠤᠰᠤ ᠪᠠᠷ ᠰᠠᠶᠢᠲᠤᠷ ᠤᠰᠤᠯᠠᠬᠤ᠂ ︽ᠨᠢᠭᠡ ᠶᠢ ᠰᠦᠷᠴᠢᠵᠦ ᠭᠤᠷᠪᠠ ᠶᠢ ᠰᠡᠷᠭᠡᠶᠢᠯᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠤ ᠰᠢᠨ ᠬᠦᠩ ᠵᠦᠩ ᠪᠠᠯᠭᠠᠰᠤ ᠶᠢᠨ ᠰᠢᠦᠢ ᠿᠢ ᠲᠣᠰᠬᠤᠨ ᠤ 500 ᠮᠦ ᠪᠤᠭᠤᠳᠠᠢ ᠶᠢᠨ ᠲᠠᠷᠢᠶᠠᠨ ᠤ ᠭᠤᠣᠯ ᠪᠣᠯᠬᠤ ᠭᠠᠵᠠᠷ ᠤᠨ ᠮᠦ ᠪᠦᠷᠢ ᠶᠢᠨ ᠳᠤᠮᠳᠠᠴᠢ ᠤᠨᠠᠯᠲᠠ ᠨᠢ 569.5 ᠺᠢᠯᠣᠭ᠍ᠷᠠᠮ ᠳᠤ ᠬᠦᠷᠴᠦ᠂ ᠲᠤᠬᠠᠢ ᠶᠢᠨ ᠭᠠᠵᠠᠷ ᠤᠨ ᠶᠡᠭᠡ ᠬᠡᠪᠴᠢᠶ᠎ᠡ ᠪᠠᠷ ᠪᠣᠳᠠᠲᠠᠢ ᠬᠤᠷᠢᠶᠠᠭᠰᠠᠨ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠴᠡᠢ᠃ ᠲᠥᠮᠥᠰᠥᠨ ᠤ ᠭᠤᠣᠯ ᠭᠠᠷᠤᠯᠲᠠ ᠶᠢᠨ ᠣᠷᠣᠨ ᠤ ᠬᠢᠨ ᠴᠢᠨᠠᠷ ᠰᠠᠶᠢᠲᠠᠢ ᠥᠨᠳᠥᠷ ᠤᠨᠠᠯᠲᠠ ᠲᠠᠢ ᠲᠦᠷᠦᠯ ᠵᠦᠢᠯ ᠢ ᠰᠣᠩᠭᠤᠨ ᠬᠡᠷᠡᠭᠯᠡᠬᠦ᠂ ᠮᠠᠰᠢᠨ ᠮᠧᠬᠠᠨᠢᠭ ᠥᠨᠳᠥᠷ ᠳᠠᠯᠠᠩ ᠲᠠᠢ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠡᠪᠡᠳᠴᠢᠨ ᠬᠤᠷᠣᠬᠠᠢ ᠶᠢᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠰᠢᠯᠢ ᠶᠢᠨ ᠭᠤᠣᠯ ᠠᠶᠢᠮᠠᠭ ᠤᠨ ᠲᠠᠶᠢᠹᠦᠰᠧ ᠬᠤᠰᠢᠭᠤᠨ ᠤ ᠴᠢᠶᠠᠨ ᠵᠢᠩ ᠭᠧᠦ ᠪᠠᠯᠭᠠᠰᠤᠨ ᠤ ᠰᠠᠨ ᠵᠢᠶᠧ ᠲᠣᠰᠬᠤᠨ ᠤ ᠮᠢᠩᠭᠠᠨ ᠮᠦ ᠶᠢᠨ ᠵᠢᠱᠢᠶ᠎ᠡ ᠦᠵᠡᠭᠦᠯᠬᠦ ᠤᠷᠤᠨ ᠳᠤ ᠮᠦ ᠪᠦᠷᠢ ᠠᠴᠠ 5173.7 ᠺᠢᠯᠣᠭ᠍ᠷᠠᠮ ᠰᠢᠨ᠎ᠡ ᠰᠣᠷᠭᠤᠭ ᠲᠥᠮᠥᠰᠥ ᠬᠤᠷᠢᠶᠠᠵᠤ᠂ ᠲᠤᠬᠠᠢ ᠶᠢᠨ ᠭᠠᠵᠠᠷ ᠤᠨ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠴᠡᠢ᠃ ᠡᠭᠦᠨ ᠠᠴᠠ ᠭᠠᠳᠠᠨ᠎ᠠ᠂ ᠡᠨᠡ ᠵᠢᠯ ᠰᠢᠯᠢᠮᠳᠡᠭ ᠤᠨ ᠭᠤᠣᠯ ᠭᠠᠷᠤᠯᠲᠠ ᠶᠢᠨ ᠣᠷᠣᠨ ᠳᠤ ᠥᠨᠳᠥᠷ ᠤᠨᠠᠯᠲᠠ ᠲᠠᠢ ᠡᠭᠦᠯᠳᠡᠷ ᠢ ᠰᠣᠩᠭᠤᠨ ᠬᠡᠷᠡᠭᠯᠡᠬᠦ ᠪᠠᠷ ᠳᠠᠮᠵᠢᠭᠤᠯᠤᠨ᠂ ᠡᠭᠡᠯᠵᠢᠯᠡᠨ ᠳᠠᠷᠢᠬᠤ᠂ ᠵᠦᠢ ᠵᠣᠬᠢᠰᠲᠠᠢ ᠨᠢᠭᠲᠠ ᠳᠠᠷᠢᠬᠤ᠂ ᠠᠽᠣᠲ ᠪᠣᠷᠳᠣᠭᠤᠷ ᠢ ᠬᠤᠶᠢᠰᠢᠯᠠᠭᠤᠯᠬᠤ᠂ ᠤᠷᠭᠤᠯᠲᠠ ᠶᠢᠨ ᠬᠤᠭᠤᠴᠠᠭᠠᠨ ᠳᠤ ᠪᠣᠷᠳᠣᠭᠤᠷ ᠨᠡᠮᠡᠬᠦ᠂ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠥᠯᠥᠨ ᠪᠤᠶᠢᠷ ᠬᠤᠲᠠ ᠶᠢᠨ ᠲᠧ ᠨᠢ ᠾᠧ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠢᠱᠢᠶ᠎ᠡ ᠦᠵᠡᠭᠦᠯᠬᠦ ᠣᠷᠣᠨ ᠤ 274 ᠮᠦ ᠶᠢᠨ ᠲᠥᠪᠯᠡᠷᠡᠨ ᠵᠠᠯᠭᠠᠯᠳᠤᠭᠰᠠᠨ ᠣᠷᠣᠨ ᠳᠤ᠂ ᠮᠦ ᠪᠦᠷᠢ ᠶᠢᠨ ᠳᠤᠮᠳᠠᠴᠢ ᠤᠨᠠᠯᠲᠠ ᠨᠢ 261.5 ᠺᠢᠯᠣᠭ᠍ᠷᠠᠮ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠬᠠᠪᠤᠷ ᠤᠨ ᠰᠢᠯᠢᠮᠳᠡᠭ ᠤᠨ ᠲᠥᠪᠯᠡᠷᠡᠨ ᠵᠠᠯᠭᠠᠯᠳᠤᠭᠰᠠᠨ ᠣᠷᠣᠨ ᠤ ᠰᠢᠨ᠎ᠡ ᠲᠡᠮᠳᠡᠭᠯᠡᠯ ᠢ ᠡᠭᠦᠳᠪᠡ᠃      ᠬᠤᠶᠢᠰᠢᠳᠠ ᠥᠪᠡᠷᠲᠡᠭᠡᠨ ᠵᠠᠰᠠᠬᠤ ᠣᠷᠣᠨ ᠠᠴᠠ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠠᠳᠬᠤᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢᠨ ᠲᠣᠭᠤᠷᠢᠨ ᠳᠤ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ‍ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠪᠤᠢ ᠪᠣᠯᠭᠠᠵᠤ᠂ ᠮᠡᠷᠭᠡᠵᠢᠯ ᠢᠶᠠᠷ ᠵᠢᠯᠤᠭᠤᠳᠬᠤ᠂ ᠵᠦᠢ ᠵᠣᠬᠢᠰᠲᠠᠢ ᠨᠢᠭᠲᠠ ᠲᠠᠷᠢᠬᠤ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠵᠤ ᠡᠮ ᠬᠡᠷᠡᠭᠯᠡᠬᠦ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠳᠠᠯᠢ ᠪᠤᠰᠤ ᠣᠷᠣᠨ ᠪᠦᠰᠡ ᠪᠣᠯᠣᠨ ᠲᠠᠷᠢᠮᠠᠯ ᠳᠤ ᠲᠣᠬᠢᠷᠠᠬᠤ ᠥᠨᠳᠥᠷ ᠤᠨᠠᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠪᠦᠬᠦ ᠣᠷᠣᠨ ᠤ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号