ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ | ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠰᠦᠬᠡᠢ | ᠰᠢ ᠶᠢᠨ ᠫᠢᠩ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶ᠎ᠠ ᠶᠢ ᠲᠦᠯᠦᠬᠡᠯᠡᠨ ᠶᠡᠭᠡ ᠬᠤᠷᠠᠯ ᠳᠤ | ᠢᠯᠡᠳᠬᠡᠯ ᠬᠢᠪᠡ | ᠰᠢ ᠶᠢᠨ ᠫᠢᠡᠭ ᠵᠢᠭᠠᠵᠦ ᠭᠠᠷᠭᠠᠬᠰᠡᠨ ᠨᠢ᠂ ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠭᠤᠣᠯ ᠡᠭᠦᠷᠭᠡ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠨᠡᠶᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ | ᠲᠠᠯ᠎ᠠ ᠪᠠᠷ ᠠᠬᠢᠭᠤᠯᠬᠤ ᠶᠠᠪᠤᠳᠠᠯ ᠪᠣᠯᠣᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠴᠢᠬᠤᠯᠠ ᠶᠡᠭᠡ | ᠵᠠᠷᠴᠢᠮ ᠢ ᠪᠠᠲᠤ ᠡᠵᠡᠮᠳᠡᠬᠦ ᠬᠡᠷᠡᠭᠲᠡᠢ᠄ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ | ᠯᠢ ᠺᠧ ᠴᠢᠶᠠᠩ ᠶᠡᠭᠡ ᠬᠤᠷᠠᠯ ᠢ ᠡᠷᠬᠢᠯᠡᠵᠥ 2340 ᠲᠦᠯᠦᠬᠡᠯᠡᠭᠴᠢ ᠪᠤᠯᠤᠨ ᠤᠨᠴᠠ ᠤᠷᠢᠬᠰᠠᠨ | ᠳᠦᠯᠦᠬᠡᠯᠡᠭᠴᠢ ᠶᠡᠭᠡ ᠬᠤᠷᠠᠯ ᠳᠤ ᠤᠷᠤᠯᠴᠠᠵᠠᠢ | | | ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠰᠡᠷᠭᠦᠨ ᠮᠠᠨᠳᠤᠯᠲᠠ ᠶᠢᠨ ᠰᠢᠨ᠎ᠡ ᠠᠤᠭ᠎ᠠ ᠲᠥᠰᠥᠪ ᠢ | ᠵᠢᠷᠤᠭᠯᠠᠵᠤ᠂ ᠪᠦᠯᠬᠦᠮᠳᠡᠨ ᠲᠡᠮᠡᠴᠡᠵᠦ ᠲᠡᠦᠬᠡ ᠶᠢᠨ ᠰᠢᠨ᠎ᠡ ᠠᠭᠤᠤ ᠦᠢᠯᠡᠰ ᠢ ᠡᠭᠦᠳᠦᠨ ᠪᠦᠲᠦᠭᠡᠨ᠎ᠡ᠃ ᠳᠡᠯᠡᠬᠡᠶ | ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠲᠠᠭ᠎ᠠ ᠶᠢᠨ ᠪᠦᠬᠦ | ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 16 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ | ᠲᠠᠩᠭᠢᠮ ᠳᠤ ᠡᠬᠢᠯᠡᠪᠡ᠃ ᠰᠢ ᠶᠢᠨ ᠫᠢᠩ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠡᠮᠤᠨ᠎ᠠ ᠠᠴᠠ | ᠶᠡᠭᠡ ᠬᠤᠷᠠᠯ ᠳᠤ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ | ᠲᠥᠯᠥᠭᠡ ᠪᠦᠯᠬᠦᠮᠳᠡᠨ ᠲᠡᠮᠡᠴᠡᠰᠦᠬᠡᠢ︾ ᠭᠡᠬᠦ ᠰᠡᠳᠦᠪ ᠢᠶᠠᠷ ᠢᠯᠡᠳᠭᠡᠯ ᠬᠢᠪᠠ᠃ ᠰᠢ ᠶᠢᠨ ᠫᠢᠩ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ | ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠤᠷᠳᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠦᠶ᠎ᠡ ᠳᠤ | ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠶᠡᠭᠡ ᠬᠤᠷᠠᠯ ᠤᠨ ᠭᠤᠣᠯ | ᠰᠡᠳᠦᠪ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ ᠪᠠᠶᠢᠭᠤᠯᠤᠬᠰᠠᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠥᠪᠡᠷ ᠢ ᠪᠠᠨ ᠢᠲᠡᠬᠡᠵᠤ ᠥᠪᠡᠷ ᠢ ᠪᠠᠨ ᠬᠥᠴᠥᠷᠬᠡᠭᠵᠢᠬᠦᠯᠥᠨ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠤᠮᠤᠬ ᠵᠤᠷᠢᠭ ᠪᠠᠳᠠᠷᠠᠩᠭᠤᠢ ᠡᠷᠡᠮᠡᠬᠡᠶᠢᠯᠡᠨ ᠳᠡᠮᠡᠴᠡᠵᠥ᠂ ᠡᠷᠡᠯᠬᠡᠭ ᠰᠢᠭᠤᠷᠬᠠᠢ ᠪᠠᠷ | ᠤᠷᠤᠬᠰᠢᠯᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ | ᠲᠥᠯᠥᠭᠡ ᠪᠦᠯᠬᠦᠮᠳᠡᠨ ᠲᠡᠮᠡᠴᠡᠬᠦ ᠶᠠᠪᠤᠳᠠᠯ ᠪᠤᠯᠤᠨ᠎ᠠ ᠬᠡᠵᠥ ᠵᠢᠭᠠᠵᠥ ᠭᠠᠷᠭᠠᠪᠠ᠃ | | ᠠᠷᠠᠳ ᠤᠨ ᠶᠡᠭᠡ ᠬᠤᠷᠠᠯ ᠤᠨ ᠲᠠᠩᠭᠢᠮ ᠰᠦᠷ ᠵᠢᠪᠬᠤᠯᠠᠩᠳᠠᠢ ᠪᠦᠬᠡᠳ ᠳᠦᠪ ᠶᠡᠬᠡᠮᠰᠦᠭ ᠪᠠᠶᠢᠵᠤ᠂ ᠲᠦᠮᠡᠨ | ᠬᠦᠮᠦᠨ ᠤ ᠶᠣᠰᠣᠯᠠᠯ ᠤᠨ ᠲᠠᠩᠭᠢᠮ ᠳᠤ ᠪᠠᠶᠠᠷ ᠬᠦᠷ ᠢᠶᠠᠷ ᠪᠢᠯᠬᠠᠵᠥ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ | ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠶᠢᠨ ᠬᠦᠰᠢᠭᠡ ᠶᠢᠨ ᠭᠤᠣᠯ | ᠳᠤᠮᠳᠠ ᠨᠢ ᠠᠯᠤᠬ᠎ᠠ ᠬᠠᠳᠤᠭᠤᠷ ᠢᠶᠠᠷ ᠪᠦᠷᠢᠯᠳᠦᠭᠰᠡᠨ ᠨᠠᠮ ᠤᠨ ᠰᠦᠯᠳᠡ ᠶᠢ ᠡᠯᠭᠦᠵᠦ᠂ 10 ᠤᠯᠠᠭᠠᠨ ᠲᠤᠭ ᠢ | ᠬᠤᠶᠠᠷ ᠲᠠᠯ᠎ᠠ ᠪᠠᠷ ᠨᠢ ᠵᠢᠬᠰᠠᠭᠠᠨ ᠳᠠᠯᠪᠢᠵᠠᠢ᠃ ᠬᠤᠶᠠᠳᠤᠭᠠᠷ ᠳᠠᠪᠬᠤᠷᠯᠢᠭ ᠪᠠ ᠭᠤᠷᠪᠠᠳᠤᠭᠠᠷ ᠳᠠᠪᠬᠤᠷᠯᠢᠭ ᠤᠨ | ᠪᠠᠷᠠᠯᠠᠬᠤ ᠲᠠᠶᠢᠰᠠᠨ ᠳᠡᠭᠡᠷ᠎ᠡ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠭᠤᠤ ᠶᠡᠭᠡ ᠨᠠᠮ | ᠪᠠᠶᠢᠭᠤᠯᠤᠬᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠰᠦᠭᠡᠢ︕︾᠂ ︽ᠠᠭᠤᠤ ᠶᠡᠭᠡ᠂ ᠢᠷᠠᠭᠤ | ᠠᠯᠳᠠᠷ ᠲᠠᠢ᠂ ᠵᠥᠪ ᠣᠨᠣᠪᠴᠢᠲᠠᠢ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠢ︕︾ ᠭᠡᠬᠦ ᠬᠥᠨᠳᠡᠯᠡᠨ | ᠪᠢᠴᠢᠭᠡᠰᠦ ᠶᠢ ᠲᠤᠰ ᠲᠤᠰ ᠡᠯᠬᠦᠵᠡᠢ᠃ | ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠭᠰᠠᠨ ᠶᠡᠭᠡ ᠬᠤᠷᠠᠯ ᠤᠨ ᠲᠡᠷᠢᠭᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠺᠤᠮᠢᠰ ᠤᠨ ᠪᠦᠷᠢᠯᠳᠦᠬᠦᠨ ᠳᠤ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠤ᠋᠂ | ᠸᠠᠩ ᠶᠠᠩ᠂ ᠸᠠᠩ ᠬᠤ᠋ ᠨᠢᠩ᠂ ᠵᠣᠣ ᠯᠧ ᠵᠢᠶ᠂ ᠬᠠᠨ ᠵᠧᠩ᠂ ᠳ᠋ᠢᠩ ᠰᠢᠤᠸᠠᠢ ᠰᠢᠶᠠᠩ᠂ ᠸᠠᠩ ᠴᠧᠨ᠂ ᠯᠢᠦ ᠾᠧ᠂ | ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠤᠩ ᠵᠥᠩ᠂ ᠶᠠᠩ ᠵᠢᠶᠧ ᡂᠢ᠂ ᠶᠠᠩ | ᠰᠢᠶᠣᠣ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ ᠴᠦᠨ ᠬᠤᠸᠠ᠂ | ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠬᠤ᠋ ᠶᠢᠨ ᠲᠤᠤ᠂ ᠯᠢ ᠷᠦᠢ ᠬᠤᠸᠠᠨ᠂ ᠸᠧᠨ ᠵᠢᠶᠠ | ᠪᠦᠦ᠂ ᠵᠢᠶᠠ ᠴᠢᠩ ᠯᠢᠨ᠂ ᠵᠠᠩ ᠳ᠋ᠧ ᠵᠢᠶᠠᠩ᠂ ᠢᠦᠶ ᠵᠧᠩ ᠱᠧᠩ᠂ ᠰᠦᠩ ᠫᠢᠩ᠂ ᠯᠢ ᠯᠠᠨ ᠴᠢᠩ᠂ ᠽᠤᠩ | ᠴᠢᠩ ᠬᠤᠩ᠂ ᠡᠦ ᠭᠤᠸᠠᠨ ᠵᠧᠩ᠂ ᠯᠢ ᠴᠠᠩ ᠴᠦᠨ᠂ ᠾᠧ ᠭᠦᠸᠧ ᠴᠢᠶᠠᠩ᠂ ᠯᠢᠦ ᠶᠦᠨ ᠱᠠᠨ᠂ ᠵᠠᠩ ᠭᠤᠤ | ᠯᠢ᠂ ᠶᠢᠦ ᠴᠢᠤᠸᠠᠨ᠂ ᠵᠠᠩ ᠴᠢᠩ ᠯᠢ ᠨᠠᠷ ᠪᠤᠢ᠃ ᠶᠡᠭᠡ ᠬᠤᠷᠠᠯ ᠢ ᠯᠢ ᠺᠧ ᠴᠢᠶᠠᠩ ᠡᠷᠬᠢᠯᠡᠪᠡ᠃ ᠦᠳᠡ ᠶᠢᠨ | ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠪᠦᠬᠦᠳᠡᠬᠡᠷ ᠢᠶᠠᠨ ᠪᠣᠰᠴᠤ ᠵᠣᠭᠰᠣᠨ᠂ ︽ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ︾ ᠶᠢ ᠬᠠᠩᠭᠢᠨᠠᠳᠠᠯ᠎ᠠ ᠳᠠᠭᠤᠯᠠᠪᠠ᠃ ᠳᠠᠷᠠᠭ᠎ᠠ ᠨᠢ᠂ | ᠪᠦᠬᠦᠳᠡᠬᠡᠷ ᠢᠶᠠᠨ ᠮᠠᠤ ᠽᠧ ᠳ᠋ᠦᠩ᠂ ᠵᠧᠦ ᠧᠨ ᠯᠠᠢ᠂ ᠯᠢᠦ ᠱᠤᠤ ᠴᠢ᠂ ᠵᠦ ᠳ᠋ᠧ᠂ ᠳ᠋ᠧᠩ ᠰᠢᠶᠣᠣ ᠫᠢᠩ᠂ ᠴᠧᠨ | ᠶᠦᠨ ᠵᠡᠷᠭᠡ ᠨᠠᠰᠤ ᠪᠠᠷᠠᠭᠰᠠᠨ ᠠᠬᠠᠮᠠᠳ ᠨᠢᠭᠡ ᠦᠶ᠎ᠡ ᠶᠢᠨ ᠦᠭᠡᠶᠢᠭᠦᠦ ᠠᠩᠭᠢ ᠶᠢᠨ ᠬᠤᠪᠢᠰᠬᠠᠯᠴᠢ ᠪᠣᠯᠤᠨ | ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃ | ᠯᠢ ᠺᠧ ᠴᠢᠶᠠᠩ᠂ ᠨᠠᠮ ᠤᠨ ᠬᠤᠷᠢᠳᠤᠭᠠᠷ ᠶᠡᠭᠡ ᠬᠤᠷᠠᠯ ᠳᠤ ᠣᠷᠣᠯᠴᠠᠪᠠᠯ ᠵᠣᠬᠢᠬᠤ ᠲᠥᠯᠥᠭᠡᠯᠡᠭᠴᠢ | 2296 ᠬᠥᠮᠦᠨ᠂ ᠣᠨᠴᠠ ᠤᠷᠢᠭᠰᠠᠨ ᠲᠥᠯᠥᠭᠡᠯᠡᠭᠴᠢ 83 ᠬᠥᠮᠦᠨ᠂ ᠨᠡᠶᠢᠲᠡ 2379 ᠬᠥᠮᠦᠨ ᠪᠤᠢ᠂ ᠡᠨᠡ | ᠡᠳᠦᠷ ᠤᠨ ᠬᠤᠷᠠᠯ ᠳᠤ 2340 ᠬᠥᠮᠦᠨ ᠤᠷᠤᠯᠴᠠᠵᠠᠢ ᠭᠡᠵᠥ ᠨᠡᠶᠢᠳᠡᠯᠡᠪᠡ᠃ ᠲᠡᠷᠡ ᠶᠡᠭᠡ ᠬᠤᠷᠠᠯ ᠳᠤ ᠰᠤᠯᠠ | ᠣᠷᠣᠯᠴᠠᠭᠰᠠᠨ ᠨᠠᠮ ᠤᠨ ᠭᠠᠳᠠᠨᠠᠬᠢ ᠨᠠᠶᠢᠵᠠ ᠨᠠᠷ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ | ᠨᠥᠬᠦᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠡᠢ᠃ | ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠡ ᠶᠢ ᠲᠦᠯᠦᠭᠡᠯᠡᠨ ᠶᠡᠭᠡ | ᠬᠤᠷᠠᠯ ᠳᠤ ᠬᠢᠭᠰᠡᠨ ᠢᠯᠡᠳᠭᠡᠯ 15 ᠬᠡᠰᠡᠭ ᠲᠤ ᠬᠤᠪᠢᠶᠠᠬᠳᠠᠪᠠ᠄ ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ | ᠪᠣᠯᠤᠨ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ; ᠬᠤᠶᠠᠷ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠨᠡᠭᠡᠭᠡᠨ᠎ᠠ ; ᠭᠤᠷᠪᠠ᠂ ᠰᠢᠨ᠎ᠡ | ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ; | ᠳᠥᠷᠪᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠬᠦᠴᠦᠯᠡᠨ ᠠᠬᠢᠭᠤᠯᠤᠨ᠎ᠠ ; ᠲᠠᠪᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ | ᠲᠤᠯᠭᠠᠭᠤᠷᠢᠯᠠᠯ ᠢ ᠴᠢᠩᠭᠠᠳᠬᠠᠨ᠎ᠠ ; ᠵᠢᠷᠭᠤᠭ᠎ᠠ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ | ᠂ ᠠᠷᠠᠳ ᠲᠦᠮᠡᠨ ᠤ ᠡᠷᠬᠡ ᠮᠡᠳᠡᠵᠥ ᠡᠵᠡᠨ ᠰᠠᠭᠤᠬᠤ ᠶᠢ ᠪᠠᠲᠤᠯᠠᠨ᠎ᠠ ; ᠲᠤᠯᠤᠭ᠎ᠠ᠂ ᠪᠦᠬᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠠᠶᠢᠭᠤᠯᠤᠯᠲᠠ ᠶᠢ | ᠠᠬᠢᠭᠤᠯᠤᠨ᠎ᠠ ; ᠨᠠᠶᠢᠮᠠ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ | ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠲᠤᠨ᠎ᠠ ; ᠶᠢᠰᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ ; ᠠᠷᠪᠠ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠪᠠᠶᠢᠭᠠᠯᠢ ᠶᠢᠨ ᠡᠶ᠎ᠡ | ᠵᠣᠬᠢᠴᠠᠩᠭᠤᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ ; ᠠᠷᠪᠠᠨ ᠨᠢᠭᠡ᠂ ᠤᠯᠤᠰ ᠤᠨ ᠠᠮᠤᠷ ᠲᠦᠪᠰᠢᠨ ᠤ | ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠪᠠᠶᠢᠳᠠᠯ ᠢ ᠡᠷᠡᠰ ᠬᠠᠮᠠᠭᠠᠯᠠᠨ᠎ᠠ ; ᠠᠷᠪᠠᠨ ᠬᠤᠶᠠᠷ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ | ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠡᠭᠦᠲᠤᠨ᠎ᠠ ; ᠠᠷᠪᠠᠨ ᠭᠤᠷᠪᠠ᠂ ︽ᠨᠢᠭᠡ ᠤᠯᠤᠰ ᠲᠤ ᠬᠤᠶᠠᠷ | ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠡ ᠤᠯᠤᠰ ᠤᠨ ᠨᠢᠭᠡᠳᠦᠯ ᠢ ᠠᠬᠢᠭᠤᠯᠤᠨ᠎ᠠ ; | ᠠᠷᠪᠠᠨ ᠲᠦᠷᠪᠡ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ; ᠠᠷᠪᠠᠨ ᠲᠠᠪᠤ᠂ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠭᠦᠨᠵᠡᠭᠡᠢ ᠠᠬᠢᠭᠤᠯᠤᠨ᠎ᠠ᠃ | ᠰᠢ ᠶᠢᠨ ᠫᠢᠩ ᠢᠯᠡᠳᠬᠡᠯ ᠳᠡᠭᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠠᠪᠤᠨ | ᠵᠢᠯ ᠳᠤ᠂ ᠨᠠᠮ ᠤᠨ ᠲᠥᠪ ᠬᠤᠷᠢᠶ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠲᠤᠬᠠᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠪᠦᠬᠦ ᠨᠠᠮ | ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠤᠨ ᠵᠠᠯᠭᠠᠭ᠎ᠠ ᠪᠠᠷ ᠡᠭᠦᠰᠤ᠋ᠭ᠋ᠰᠡᠨ ᠯᠤᠲᠤ ᠶᠡᠭᠡ | ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠡᠷᠡᠮᠡᠬᠡᠶᠢᠯᠡᠨ ᠲᠡᠮᠡᠴᠡᠵᠥ ᠵᠢᠳᠬᠦᠯ | ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠲᠠᠰᠤᠷᠠᠯᠳᠠ ᠦᠭᠡᠢ ᠤᠷᠤᠭᠰᠢ ᠠᠬᠢᠭᠤᠯᠪᠠ᠃ ᠲᠠᠪᠤᠨ ᠵᠢᠯ ᠤᠨ ᠲᠤᠷᠰᠢ᠂ ᠮᠠᠨ ᠤ ᠨᠠᠮ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠤᠷᠳᠤ ᠬᠤᠭᠤᠴᠠᠭ᠎ᠠ ᠪᠠᠷ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ | ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠯᠤᠰ ᠬᠡᠲᠦ ᠳᠤ ᠬᠤᠯᠪᠣᠭᠳᠠᠬᠤ ᠮᠠᠰᠢ ᠤᠯᠠᠨ ᠶᠡᠭᠡ | ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠳᠡᠯᠡᠬᠡᠢ ᠳ᠋ᠠᠬᠢᠨ ᠤ | ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠪᠠ ᠭᠡᠵᠥ ᠵᠢᠭᠠᠵᠥ ᠭᠠᠷᠭᠠᠪᠠ᠃ | ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠵᠢᠯ ᠢ ᠳ᠋ᠦᠩᠨᠡᠬᠦ ᠦᠶ᠎ᠡ ᠳᠤ ᠰᠢ ᠶᠢᠨ ᠫᠢᠩ᠂ ᠠᠷᠪᠠᠨ ᠵᠢᠯ ᠤᠨ | ᠲᠤᠷᠰᠢ᠂ ᠪᠢᠳᠡ ᠨᠠᠮ ᠪᠣᠯᠣᠨ ᠠᠷᠠᠳ ᠲᠦᠮᠡᠨ ᠤ ᠦᠢᠯᠡᠰ ᠲᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠲᠠᠢ | ᠪᠥᠭᠡᠳ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠭᠤᠷᠪᠠᠨ ᠶᠡᠭᠡ ᠶᠠᠪᠤᠳᠠᠯ ᠢ ᠥᠩᠭᠡᠷᠡᠭᠦᠯᠵᠡᠢ᠄ | ᠨᠢᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠤᠭᠲᠤᠨ | ᠠᠪᠴᠢᠷᠠᠪᠠ᠂ ᠬᠤᠶᠠᠷ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ | ᠣᠷᠣᠪᠠ᠂ ᠭᠤᠷᠪᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠲᠡᠦᠬᠡᠲᠦ ᠡᠭᠦᠷᠭᠡ ᠶᠢ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠪᠡ᠃ ᠡᠨᠡ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠤ ᠪᠦᠯᠬᠦᠮᠳᠡᠨ ᠲᠡᠮᠡᠴᠡᠵᠦ ᠣᠯᠣᠭᠰᠠᠨ ᠲᠡᠦᠬᠡᠲᠦ ᠴᠢᠨᠠᠷᠲᠠᠢ ᠢᠯᠠᠯᠲᠠ ᠮᠥᠨ᠂ ᠳᠤᠮᠳᠠᠳᠤ ᠶᠢᠨ | ᠦᠨᠳᠦᠰᠦᠲᠡᠨ ᠤ ᠬᠥᠭᠵᠢᠯᠲᠡ ᠶᠢᠨ ᠲᠡᠦᠬᠡᠨ ᠬᠠᠭᠤᠳᠠᠰᠤ ᠶᠢ ᠭᠡᠶᠢᠭᠦᠯᠦᠭᠰᠡᠨ ᠲᠡᠦᠬᠡᠲᠦ ᠴᠢᠨᠠᠷᠲᠠᠢ ᠢᠯᠠᠯᠲᠠ ᠮᠥᠨ᠂ | ᠪᠠᠰᠠ ᠴᠦ ᠳᠡᠯᠡᠬᠡᠢ ᠳ᠋ᠠᠬᠢᠨ ᠳᠤ ᠠᠯᠤᠰ ᠬᠡᠲᠦ ᠶᠢᠨ ᠨᠥᠯᠥᠭᠡ ᠲᠠᠢ ᠲᠡᠦᠬᠡᠲᠦ ᠴᠢᠨᠠᠷᠲᠠᠢ ᠢᠯᠠᠯᠲᠠ ᠮᠥᠨ ᠬᠡᠵᠦ | ᠵᠢᠭᠠᠵᠦ ᠭᠠᠷᠭᠠᠪᠠ᠃ | ᠰᠢ ᠶᠢᠨ ᠫᠢᠩ᠂ ᠠᠷᠪᠠᠨ ᠵᠢᠯ ᠤᠨ ᠲᠤᠷᠰᠢ ᠨᠠᠮ ᠪᠣᠯᠣᠨ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ | ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠮᠠᠨ ᠤ ᠤᠯᠤᠰ ᠤᠨ ᠨᠡᠶᠢᠭᠡᠮ ᠵᠢᠷᠤᠮᠲᠦ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠣᠷᠣᠬᠤ ᠶᠢ | ᠠᠬᠢᠭᠤᠯᠪᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠡᠭᠦᠳᠦᠨ ᠪᠠᠶᠢᠭᠤᠯᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠨᠡᠭᠡᠯᠢᠭ | ᠨᠡᠶᠢᠭᠡᠮ ᠭᠡᠬᠦ ᠡᠨᠡ ᠬᠦ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠬᠦᠰᠡᠯ ᠵᠡᠭᠦᠳᠦ ᠶᠢ ᠪᠡᠶᠡᠯᠡᠭᠦᠯᠵᠦ᠂ | ᠰᠢᠨ᠎ᠡ ᠴᠠᠭ ᠦᠶ᠎ᠡ ᠶᠢᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ | ᠪᠦᠷᠢᠨ ᠪᠦᠲᠦᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠳᠤᠷᠠᠳᠬᠠᠬᠤ ᠶᠢᠨ ᠬᠠᠮᠲᠤ ᠲᠤᠭᠤᠰᠢᠯᠠᠭᠤᠯᠵᠤ᠂ ᠯᠤᠲᠤ ᠶᠡᠭᠡ ᠤᠯᠤᠰ ᠲᠥᠷᠥ ᠶᠢᠨ ᠰᠥᠰᠥ | ᠵᠣᠷᠢᠭ ᠢᠶᠠᠷ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠩ ᠢᠳᠡᠪᠬᠢᠲᠡᠢ ᠪᠥᠭᠡᠳ | ᠰᠠᠨᠠᠭᠠᠴᠢᠯᠠᠭ᠎ᠠ ᠲᠠᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠦ᠂ | ᠮᠠᠷᠺᠰ ᠤᠨ ᠦᠵᠡᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠵᠢᠯᠤᠭᠤᠳᠬᠤ ᠪᠠᠶᠢᠷᠢ ᠰᠠᠭᠤᠷᠢ ᠶᠢᠨ | ᠦᠨᠳᠦᠰᠦᠨ ᠪᠠᠶᠢᠭᠤᠯᠤᠯ ᠢ ᠲᠣᠭᠲᠠᠭᠠᠨ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ | ᠲᠤᠭᠤᠰᠢᠯᠠᠭᠤᠯᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠲᠣᠭᠲᠠᠭᠠᠵᠤ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠦᠢᠯᠡᠳᠦᠯᠭᠡ ᠶᠢ ᠪᠦᠬᠦ ᠲᠠᠯ᠎ᠠ ᠪᠠᠷ ᠣᠨᠣᠪᠴᠢᠲᠠᠢ | ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠪᠦᠬᠦ | ᠲᠠᠯ᠎ᠠ ᠪᠠᠷ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠪᠠ᠃ ᠡᠭᠦᠨ ᠤ | ᠵᠡᠷᠭᠡ ᠪᠠᠷ᠂ ᠮᠠᠨ ᠤ ᠠᠵᠢᠯ ᠳᠤ ᠪᠠᠰᠠ ᠡᠳᠦᠢ ᠲᠡᠳᠦᠢ ᠬᠦᠷᠦᠯᠴᠡᠬᠦ ᠦᠭᠡᠢ ᠲᠠᠯ᠎ᠠ ᠣᠷᠣᠰᠢᠵᠤ᠂ ᠴᠥᠭᠡᠨ ᠪᠤᠰᠤ | ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠡᠷᠬᠡᠪᠰᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ ᠬᠡᠵᠦ | ᠬᠡᠯᠡᠪᠡ᠃ | ᠰᠢ ᠶᠢᠨ ᠫᠢᠩ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠨᠢ ᠨᠠᠮ ᠤᠨ | ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ | ᠵᠢᠷᠤᠮ ᠤᠨ ᠬᠥᠭᠵᠢᠯᠲᠡ ᠶᠢᠨ ᠲᠡᠦᠬᠡ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠤ ᠬᠥᠰᠢᠶ᠎ᠡ | ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠵᠠᠭᠤᠨ ᠵᠢᠯ ᠤᠨ ᠲᠡᠮᠡᠴᠡᠯ ᠤᠨ ᠶᠠᠪᠤᠴᠠ ᠶᠢ | ᠥᠩᠭᠡᠷᠡᠭᠦᠯᠦᠭᠰᠡᠨ ᠳᠤᠮᠳᠠᠳᠤ ᠤᠯᠤᠰ ᠤᠨ ᠡᠪ ᠬᠠᠮᠲᠤ ᠨᠠᠮ ᠬᠤᠪᠢᠰᠬᠠᠯ ᠤᠨ ᠴᠢᠨᠠᠷᠲᠠᠢ ᠳᠠᠪᠲᠠᠯᠲᠠ ᠳᠤᠮᠳᠠ ᠨᠡᠩ | ᠪᠠᠲᠤ ᠴᠢᠩᠭ᠎ᠠ ᠬᠦᠴᠦᠨ ᠲᠠᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠲᠡᠦᠬᠡᠨ ᠶᠠᠪᠤᠴᠠ ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠵᠠᠢ᠃ ᠳᠤᠮᠳᠠᠳᠤ | ᠤᠯᠤᠰ ᠤᠨ ᠠᠷᠠᠳ ᠲᠦᠮᠡᠨ ᠤ ᠤᠷᠤᠭᠰᠢᠯᠠᠯᠲᠠ ᠶᠢᠨ ᠬᠥᠳᠡᠯᠭᠡᠭᠦ ᠬᠦᠴᠦᠨ ᠨᠡᠩ ᠬᠦᠴᠦᠷᠬᠡᠭᠵᠢᠵᠦ᠂ ᠲᠡᠮᠡᠴᠡᠯ ᠤᠨ | ᠵᠣᠷᠢᠭ ᠰᠠᠨᠠᠭ᠎ᠠ ᠨᠡᠩ ᠪᠠᠳᠠᠷᠠᠨ᠂ ᠵᠠᠪᠠᠯ ᠢᠯᠠᠬᠤ ᠢᠲᠡᠭᠡᠯ ᠵᠣᠷᠢᠭ ᠨᠡᠩ ᠪᠠᠲᠤᠵᠢᠵᠤ᠂ ᠳᠤᠮᠳᠠᠳᠤ ᠤᠯᠤᠰ ᠤᠨ ᠡᠪ | ᠬᠠᠮᠲᠤ ᠨᠠᠮ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠪᠣᠰᠴᠤ | ᠵᠣᠭᠰᠣᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠢᠲᠡᠭᠡᠯ ᠲᠡᠭᠦᠯᠳᠡᠷ ᠢᠶᠠᠷ | ᠠᠬᠢᠭᠤᠯᠵᠤ ᠪᠠᠶᠢᠨ᠎ᠠ ᠬᠡᠵᠦ ᠵᠢᠭᠠᠵᠦ ᠭᠠᠷᠭᠠᠪᠠ᠃ | ᠰᠢ ᠶᠢᠨ ᠫᠢᠩ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ | ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠬᠦ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ | ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ᠃ ᠦᠢᠯᠡᠳᠦᠯᠭᠡ ᠶᠢᠨ ᠰᠠᠭᠤᠷᠢᠨ ᠳᠡᠭᠡᠷᠡᠬᠢ | ᠤᠨᠤᠯ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠠᠬᠢᠭᠤᠯᠬᠤ ᠳᠤ᠂ ᠡᠩ ᠲᠡᠷᠢᠭᠦᠨ ᠳᠤ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ | ᠪᠣᠯᠣᠨ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ | ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ | ᠪᠠᠷᠢᠮᠲᠠᠯᠠᠵᠤ᠂ ᠢᠲᠡᠭᠡᠯ ᠲᠡᠭᠦᠯᠲᠡᠷ ᠢᠶᠠᠷ ᠪᠡᠶ᠎ᠡ ᠪᠠᠨ ᠳᠠᠭᠠᠭᠠᠬᠤ ᠶᠢ ᠪᠠᠷᠢᠮᠲᠠᠯᠠᠵᠤ᠂ ᠲᠥᠪ ᠶᠤᠰᠤ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ ᠶᠢ | ᠪᠠᠷᠢᠮᠲᠠᠯᠠᠬᠤ ᠬᠡᠷᠡᠭᠲᠡᠢ ᠬᠡᠵᠦ ᠴᠢᠬᠤᠯᠠᠴᠢᠯᠠᠪᠠ᠃ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠠᠬᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠶᠠᠷᠢᠬᠤ ᠳᠠᠭᠠᠨ ᠰᠢ ᠶᠢᠨ ᠫᠢᠩ᠂ | ᠤᠳᠤ ᠠᠴᠠ ᠡᠬᠢᠯᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠣᠯ ᠡᠭᠦᠷᠭᠡ ᠪᠣᠯ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠦ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ | ᠪᠣᠯᠣᠨ᠎ᠠ᠃ ᠤᠷᠤᠭᠰᠢᠯᠠᠯᠲᠠ ᠶᠢᠨ ᠵᠠᠮ ᠳᠡᠭᠡᠷ᠎ᠡ ᠡᠷᠬᠡᠪᠰᠢ ᠴᠢᠬᠤᠯᠠ ᠶᠡᠭᠡ ᠵᠠᠷᠴᠢᠮ ᠢ ᠪᠠᠲᠤ ᠡᠵᠡᠮᠳᠡᠬᠦ ᠬᠡᠷᠡᠭᠲᠡᠢ᠄ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠢ | ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠬᠡᠪᠰᠢ ᠪᠦᠷᠢᠨ ᠪᠦᠲᠦᠨ᠂ ᠵᠦᠪ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠨ᠂ ᠥᠨᠳᠥᠷ ᠲᠦᠪᠰᠢᠨ ᠪᠦᠬᠦᠢ ᠭᠠᠳᠠᠭᠠᠲᠦ ᠨᠡᠭᠡᠭᠡᠯᠲᠡ ᠶᠢ | ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ | ᠳᠣᠲᠣᠭᠠᠳᠤ ᠶᠢᠨ ᠪᠠ ᠣᠯᠠᠨ ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠯᠴᠠᠭᠰᠠᠨ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠤᠶ ᠪᠣᠯᠭᠠᠬᠤ ᠬᠡᠷᠡᠭᠲᠡᠢ᠃ ᠥᠨᠳᠥᠷ ᠲᠦᠪᠰᠢᠨ ᠪᠦᠬᠦᠢ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ | ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠦ ᠬᠦᠴᠦᠨ | ᠪᠣᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ | ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ | ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠭᠦ | ᠬᠦᠴᠦᠨ ᠰᠢᠨ᠎ᠡ ᠳᠠᠪᠠᠭᠤᠯᠢᠭ ᠢ ᠳᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠢ | ᠤᠷᠢᠳ ᠢᠶᠠᠷ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠥᠪᠡᠷ ᠢ ᠪᠠᠨ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠬᠦᠳᠡᠯᠭᠡᠭᠦᠷ ᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ | ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ | ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠬᠡᠵᠦ ᠵᠢᠭᠠᠵᠤ | ᠭᠠᠷᠭᠠᠪᠠ᠃ ᠰᠢ ᠶᠢᠨ ᠫᠢᠩ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ | ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠤᠳᠤᠷᠢᠳᠤᠯᠭ᠎ᠠ᠂ ᠠᠷᠠᠳ | ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠬᠡᠳᠬᠡᠬᠦ ᠶᠢ | ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠲᠦᠷᠢᠮ ᠤᠨ ᠪᠠᠲᠤᠯᠠᠭ᠎ᠠ ᠶᠢ | ᠴᠢᠩᠭᠠᠳᠬᠠᠵᠤ᠂ ᠵᠥᠪᠯᠡᠬᠦ ᠠᠷᠠᠳᠴᠢᠯᠠᠯ ᠢ ᠪᠦᠬᠦ ᠲᠠᠯ᠎ᠠ ᠪᠠᠷ ᠬᠥᠭᠵᠢᠭᠦᠯᠵᠦ᠂ ᠦᠨᠳᠦᠰᠦᠨ ᠱᠠᠲᠤᠨ ᠤ | ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠬᠠᠮᠤᠭ ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ ᠢ | ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠬᠡᠵᠦ ᠬᠡᠯᠡᠪᠡ᠃ | ᠰᠢ ᠶᠢᠨ ᠫᠢᠩ᠂ ᠡᠷᠬᠡᠪᠰᠢ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ | ᠬᠡᠲᠦ ᠳᠤ ᠠᠰᠢᠭᠲᠠᠢ ᠪᠠᠶᠢᠯᠭᠠᠬᠤ ᠬᠠᠤᠯᠢᠵᠢᠯ ᠤᠨ ᠪᠠᠲᠤᠯᠠᠭ᠎ᠠ ᠶᠢᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ | ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠬᠡᠷᠡᠭᠲᠡᠢ᠃ ᠦᠨᠳᠦᠰᠦᠨ ᠬᠠᠤᠯᠢ ᠪᠠᠷ ᠭᠤᠣᠯ ᠪᠤᠯᠭᠠᠭᠰᠠᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠶᠤᠰᠤᠭᠠᠷ ᠵᠠᠰᠠᠭ | ᠶᠠᠪᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠵᠤ᠂ | ᠬᠠᠤᠯᠢᠵᠢᠯ ᠤᠨ ᠨᠡᠶᠢᠭᠡᠮ ᠢ ᠲᠦᠷᠭᠡᠳᠭᠡᠨ ᠪᠠᠶᠢᠭᠤᠯᠬᠤ ᠬᠡᠷᠡᠭᠲᠡᠢ ᠬᠡᠵᠦ ᠵᠢᠭᠠᠵᠤ ᠭᠠᠷᠭᠠᠪᠠ᠃ ᠰᠢ ᠶᠢᠨ ᠫᠢᠩ᠂ | ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠪᠦᠬᠦᠢ ᠨᠡᠶᠢᠭᠡᠮ ᠵᠢᠷᠤᠮ ᠤᠨ | ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠨᠡᠶᠢᠭᠡᠮ ᠵᠢᠷᠤᠮ ᠤᠨ ᠭᠤᠣᠯᠯᠠᠬᠴᠢ ᠥᠷᠲᠡᠭ ᠤᠨ ᠦᠵᠡᠯᠲᠡ ᠶᠢ | ᠥᠷᠭᠡᠨ ᠲᠠᠯᠬᠡᠷ ᠦᠢᠯᠡᠳᠦᠯᠭᠡᠵᠢᠭᠦᠯᠵᠤ᠂ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ | ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠶᠢᠨ | ᠪᠣᠯᠪᠠᠰᠤᠨ ᠤ ᠲᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠤᠨ᠎ᠠ ᠬᠡᠵᠦ ᠢᠯᠡᠷᠬᠡᠶᠢᠯᠡᠪᠡ᠃ | ᠰᠢ ᠶᠢᠨ ᠫᠢᠩ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠠᠷᠠᠳ ᠲᠦᠮᠡᠨ ᠤ ᠬᠠᠮᠤᠭ ᠠᠴᠠ | ᠠᠩᠬᠠᠷᠴᠤ ᠪᠠᠶᠢᠭ᠎ᠠ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ | ᠠᠳᠬᠤᠵᠤ᠂ ᠪᠦᠬᠦ ᠬᠦᠴᠦ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ᠃ | ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ | ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠳᠠᠢ ᠬᠡᠵᠦ | ᠵᠢᠭᠠᠵᠤ ᠭᠠᠷᠭᠠᠪᠠ᠃ ᠰᠢ ᠶᠢᠨ ᠫᠢᠩ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ | ᠭᠡᠬᠦ ᠣᠶᠢᠯᠠᠭᠠᠭᠳᠠᠬᠤᠨ ᠢ ᠡᠷᠬᠡᠪᠰᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠬᠥᠮᠥᠨ ᠬᠢᠭᠡᠳ | ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠥᠨᠳᠥᠷᠴᠡ ᠠᠴᠠ ᠬᠥᠭᠵᠢᠯᠲᠡ ᠶᠢ ᠰᠦᠪᠡᠭᠴᠢᠯᠡᠬᠦ | ᠬᠡᠷᠡᠭᠲᠡᠢ᠃ ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠳᠤᠯ ᠦᠭᠡᠢ ᠬᠦᠭᠵᠢᠯᠳᠠ ᠲᠡᠶᠢᠰᠢ ᠬᠤᠪᠢᠷᠠᠭᠤᠯᠬᠤ ᠶᠢ | ᠲᠦᠷᠭᠡᠳᠬᠡᠨ᠂ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠠᠮᠢ | ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠲᠡᠯ ᠳᠤ ᠬᠦᠷᠬᠦ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠦᠬᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ | ᠬᠡᠵᠦ ᠴᠢᠬᠤᠯᠠᠴᠢᠯᠠᠪᠠ᠃ ᠰᠢ ᠶᠢᠨ ᠫᠢᠩ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠨᠠᠮ ᠪᠣᠯᠣᠨ | ᠤᠯᠤᠰ ᠤᠨ ᠠᠵᠢᠯ ᠤᠨ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠤᠯᠤᠰ ᠤᠨ ᠠᠮᠤᠷ | ᠲᠦᠪᠰᠢᠨ ᠤ ᠰᠢᠰᠲ᠋ᠧᠮ ᠢ ᠪᠦᠷᠢᠨᠰᠢᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠶᠢ | ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠬᠡᠵᠦ ᠲᠤᠷᠠᠳᠴᠠᠢ᠃ | ᠰᠢ ᠶᠢᠨ ᠫᠢᠩ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠵᠦ᠂ ᠠᠷᠠᠳ ᠤᠨ ᠴᠡᠷᠢᠭ ᠠᠩᠭᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ | ᠠᠩᠭᠢ ᠪᠣᠯᠭᠠᠨ ᠪᠦᠲᠦᠭᠡᠨ ᠪᠠᠶᠢᠭᠤᠯᠬᠤ ᠶᠢ ᠲᠦᠷᠭᠡᠳᠬᠡᠬᠦ ᠪᠣᠯ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠮᠥᠨ᠃ ᠴᠡᠷᠢᠭ ᠢ | ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠴᠡᠷᠢᠭ ᠤᠨ ᠶᠠᠪᠤᠳᠠᠯ ᠤᠨ | ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠢᠭᠡ ᠴᠣᠭᠴᠠᠵᠢᠭᠤᠯᠤᠭᠰᠠᠨ ᠤᠯᠤᠰ ᠤᠨ ᠪᠠᠶᠢᠯᠳᠤᠬᠤ | ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠤᠨ᠎ᠠ ᠬᠡᠵᠦ ᠢᠯᠡᠷᠬᠡᠶᠢᠯᠡᠪᠡ᠃ ᠰᠢ ᠶᠢᠨ | ᠫᠢᠩ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠡᠭᠦᠳᠦᠯᠲᠡ ᠮᠥᠨ᠂ ᠰᠢᠶᠠᠩᠭᠠᠩ᠂ ᠣᠣᠮᠧᠨ ᠡᠬᠡ ᠤᠯᠤᠰ ᠲᠠᠭᠠᠨ ᠪᠤᠴᠠᠵᠤ | ᠢᠷᠡᠭᠰᠡᠨ ᠤ ᠳᠠᠷᠠᠭᠠᠬᠢ ᠣᠷᠳᠣ ᠬᠤᠭᠤᠴᠠᠭᠠᠨ ᠤ ᠬᠥᠭᠵᠢᠯ ᠴᠡᠴᠡᠭᠯᠡᠯ ᠪᠠ ᠲᠣᠭᠲᠠᠭᠤᠨ ᠪᠠᠶᠢᠳᠠᠯ ᠢ ᠪᠠᠲᠤᠯᠠᠬᠤ | ᠬᠠᠮᠤᠭ ᠤᠨ ᠰᠠᠶᠢᠨ ᠳᠦᠷᠢᠮ ᠤᠨ ᠲᠣᠬᠢᠷᠠᠭᠤᠯᠤᠯᠲᠠ ᠮᠥᠨ᠂ ᠡᠷᠬᠡᠪᠰᠢ ᠣᠷᠳᠣ ᠬᠤᠭᠤᠴᠠᠭ᠎ᠠ ᠪᠠᠷ ᠪᠠᠷᠢᠮᠲᠠᠯᠠᠬᠤ | ᠬᠡᠷᠡᠭᠲᠡᠢ᠃ ᠬᠠᠤᠯᠢ ᠪᠠᠷ ᠰᠢᠶᠠᠩᠭᠠᠩ ᠢ ᠵᠠᠰᠠᠬᠤ ᠬᠠᠤᠯᠢ ᠪᠠᠷ ᠣᠣᠮᠧᠨ ᠢ ᠵᠠᠰᠠᠬᠤ ᠶᠢ ᠪᠠᠷᠢᠮᠲᠠᠯᠠᠵᠤ᠂ ᠲᠥᠪ ᠤᠨ | ᠪᠦᠬᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ᠂ ︽ᠡᠬᠡ ᠤᠷᠤᠨᠴᠢ ᠬᠦᠮᠦᠰ ᠢᠶᠠᠷ | ᠰᠢᠶᠠᠩᠭᠠᠩ ᠢ ᠵᠠᠰᠠᠭᠤᠯᠬᠤ︾᠂ ︽ᠡᠬᠡ ᠤᠷᠤᠨᠴᠢ ᠬᠦᠮᠦᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ | ᠨᠠᠶᠢᠳᠠᠪᠤᠷᠢᠵᠢᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ | ᠠᠭᠤᠰᠤᠯᠴᠠᠬᠤ ᠶᠢ ᠲᠡᠮᠵᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠦᠢᠯᠡᠳᠤᠯ ᠢ ᠨᠢ ᠨᠡᠩ ᠰᠠᠶᠢᠲᠤᠷ ᠪᠠᠳᠠᠷᠠᠭᠤᠯᠬᠤ ᠬᠡᠷᠡᠭᠳᠠᠢ᠃ ᠬᠠᠮᠤᠭ ᠤᠨ ᠶᠡᠭᠡ ᠦᠨᠡᠨᠴᠢ | ᠰᠡᠳᠬᠢᠯ ᠢᠶᠠᠷ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠨᠠᠶᠢᠷᠠᠮᠳᠠᠯ ᠢᠶᠠᠷ ᠨᠢᠭᠡᠳᠬᠡᠬᠦ ᠢᠷᠡᠭᠡᠳᠦᠢ ᠶᠢ | ᠲᠡᠮᠡᠴᠡᠨ ᠣᠯᠬᠤ ᠶᠢ ᠪᠠᠷᠢᠮᠲᠠᠯᠠᠨ᠎ᠠ᠂ ᠭᠡᠪᠡᠴᠦ ᠠᠯᠢᠪᠠ ᠴᠢᠬᠤᠯᠠ ᠪᠦᠬᠦᠢ ᠠᠷᠭ᠎ᠠ ᠬᠡᠮᠵᠢᠶ᠎ᠡ ᠠᠪᠬᠤ ᠰᠣᠩᠭᠤᠯᠲᠠ ᠪᠠᠨ | ᠦᠯᠡᠳᠡᠬᠡᠨᠠ᠃ ᠡᠬᠡ ᠤᠯᠤᠰ ᠤᠨ ᠪᠦᠷᠢᠨ ᠨᠢᠭᠡᠳᠦᠯ ᠢ ᠵᠠᠪᠠᠯ ᠪᠡᠶᠡᠯᠡᠭᠦᠯᠬᠦ ᠪᠥᠭᠡᠳ ᠯᠠᠪᠲᠠᠢ ᠪᠡᠶᠡᠯᠡᠭᠦᠯᠵᠦ ᠴᠢᠳᠠᠨ᠎ᠠ | ︕ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ | ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠠᠷᠭ᠎ᠠ ᠬᠡᠯᠪᠡᠷᠢ ᠪᠠᠷ ᠶᠠᠪᠤᠭᠳᠠᠵᠤ ᠪᠠᠶᠢᠨ᠎ᠠ᠃ ᠳᠤᠮᠳᠠᠳᠤ | ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭ᠎ᠠ ᠶᠢ ᠡᠷᠡᠰ ᠬᠡᠷᠡᠭᠵᠢᠭᠦᠯᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠤᠨ ᠰᠠᠭᠤᠷᠢᠨ | ᠳᠡᠭᠡᠷ᠎ᠡ ᠡᠯ᠎ᠡ ᠤᠯᠤᠰ ᠯᠤᠭ᠎ᠠ ᠨᠥᠬᠦᠷᠰᠡᠭ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠪᠠᠷᠢᠮᠲᠠᠯᠠᠵᠤ᠂ ᠭᠠᠳᠠᠭᠰᠢ | ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠨ᠎ᠠ᠂ ᠳᠤᠮᠳᠠᠳᠤ ᠤᠯᠤᠰ ᠤᠨ ᠠᠷᠠᠳ ᠲᠦᠮᠡᠨ | ᠳᠤᠷᠠᠲᠠᠶ᠎ᠠ ᠳᠡᠯᠡᠬᠡᠢ ᠶᠢᠨ ᠠᠷᠠᠳ ᠲᠦᠮᠡᠨ ᠲᠠᠢ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠨᠡᠩ ᠰᠠᠶᠢᠨ | ᠰᠠᠶᠢᠬᠠᠨ ᠢᠷᠡᠭᠡᠳᠦᠢ ᠶᠢ ᠡᠭᠦᠳᠦᠨ᠎ᠠ︕ ᠬᠡᠵᠦ ᠢᠯᠡᠷᠬᠡᠶᠢᠯᠡᠪᠡ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ᠂ ᠨᠠᠮ ᠤᠨ | ᠥᠪᠡᠷ ᠤᠨ ᠪᠡᠶ᠎ᠡ ᠳᠡᠭᠡᠨ ᠬᠢᠬᠦ ᠬᠤᠪᠢᠰᠬᠠᠯ ᠡᠭᠦᠷᠢᠳᠡ ᠵᠣᠭᠰᠣᠰᠢ ᠦᠭᠡᠢ ᠶᠤᠮ᠂ ᠶᠠᠭᠠᠬᠢᠭᠰᠠᠨ ᠴᠦ ᠬᠦᠴᠦ ᠪᠠᠨ | ᠰᠤᠯᠠᠷᠠᠭᠤᠯᠵᠤ ᠬᠦᠯ ᠢᠶᠠᠨ ᠠᠮᠠᠷᠠᠭᠤᠯᠬᠤ᠂ ᠵᠦᠳᠡᠷᠡᠯ᠎ᠠ ᠬᠡᠮᠡᠨ ᠬᠠᠯᠠᠰᠢᠷᠠᠬᠤ ᠪᠤᠳᠤᠯ ᠲᠠᠢ ᠪᠠᠶᠢᠵᠤ ᠪᠣᠯᠬᠤ ᠦᠭᠡᠢ᠂ | ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠨ ᠠᠬᠢᠭᠤᠯᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ | ᠠᠬᠢᠭᠤᠯᠵᠤ᠂ ᠨᠠᠮ ᠤᠨ ᠥᠪᠡᠷ ᠤᠨ ᠪᠡᠶ᠎ᠡ ᠳᠡᠭᠡᠨ ᠬᠢᠬᠦ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ | ᠳᠠᠭᠠᠭᠤᠯᠬᠤ ᠬᠡᠷᠡᠭᠲᠡᠢ ᠭᠡᠳᠡᠭ ᠢ ᠪᠦᠬᠦ ᠨᠠᠮ ᠢᠶᠠᠷ ᠢᠶᠠᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ᠬᠡᠵᠦ ᠵᠢᠭᠠᠵᠤ | ᠭᠠᠷᠭᠠᠪᠠ᠃ ᠲᠡᠷᠡ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ | ᠪᠦᠬᠦᠢ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ | ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠴᠢᠩᠭᠠᠳᠬᠠᠵᠤ᠂ ᠴᠢᠩᠭ᠎ᠠ ᠪᠠᠶᠢᠬᠤ ᠬᠦᠭ | ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠪᠠᠷᠢᠮᠲᠠᠯᠠᠵᠤ᠂ ᠢᠯᠵᠠᠷᠡᠯ ᠢ ᠡᠰᠡᠷᠭᠦᠴᠡᠬᠦ | ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ | ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠨᠠᠮ ᠠᠭᠤᠤ ᠶᠡᠭᠡ ᠲᠡᠮᠡᠴᠡᠯ ᠢᠶᠠᠷ ᠢᠶᠠᠨ ᠵᠠᠭᠤᠨ | ᠵᠢᠯ ᠤᠨ ᠠᠭᠤᠤ ᠶᠡᠭᠡ ᠦᠢᠯᠡᠰ ᠢ ᠡᠭᠦᠳᠦᠨ ᠪᠦᠲᠦᠭᠡᠭᠰᠡᠨ ᠶᠤᠮ᠂ ᠰᠢᠨ᠎ᠡ ᠠᠭᠤᠤ ᠶᠡᠭᠡ ᠲᠡᠮᠡᠴᠡᠯ ᠢᠶᠠᠷ ᠢᠶᠠᠨ ᠰᠢᠨ᠎ᠡ | ᠠᠭᠤᠤ ᠶᠡᠭᠡ ᠦᠢᠯᠡᠰ ᠢ ᠡᠭᠦᠳᠦᠨ ᠪᠦᠲᠦᠭᠡᠵᠦ ᠴᠢᠳᠠᠬᠤ ᠨᠢ ᠯᠠᠪᠳᠠᠢ ᠶᠤᠮ ᠬᠡᠵᠦ ᠵᠢᠭᠠᠵᠤ ᠭᠠᠷᠭᠠᠪᠠ᠃ | ᠰᠢ ᠶᠢᠨ ᠫᠢᠩ ᠢᠯᠡᠳᠬᠡᠯ ᠬᠢᠬᠦ ᠶᠠᠪᠤᠴᠠ ᠳᠤ ᠲᠠᠯᠠᠪᠠᠢ ᠲᠠᠶᠠᠭᠠᠷ ᠢᠶᠠᠨ ᠪᠠᠶᠢᠨ ᠳᠠᠬᠢᠨ ᠬᠠᠯᠠᠭᠤᠨ ᠢᠶᠠᠷ | ᠠᠯᠠᠭ᠎ᠠ ᠳᠠᠰᠢᠵᠠᠭᠠᠵᠤ ᠪᠠᠶᠢᠯ᠎ᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠭ᠎ᠠ ᠪᠠ ᠬᠠᠷᠢᠭᠤᠴᠠᠵᠤ ᠪᠠᠶᠢᠭᠰᠠᠨ ᠨᠠᠮ ᠤᠨ ᠭᠠᠳᠠᠨᠠᠬᠢ | ᠬᠥᠮᠥᠰ᠂ ᠪᠡᠭᠡᠵᠢᠩ ᠳᠤ ᠪᠠᠶᠢᠭ᠎ᠠ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ᠂ ᠨᠠᠮ ᠪᠦᠯᠦᠭ ᠤᠨ ᠪᠤᠰᠤ ᠲᠥᠯᠥᠭᠡᠯᠡᠭᠴᠢ | ᠬᠥᠮᠥᠰ᠂ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠥᠰ᠂ ᠪᠡᠭᠡᠵᠢᠩ ᠳᠤ ᠪᠠᠶᠢᠭ᠎ᠠ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠪᠠᠶᠢᠩᠭᠤ ᠶᠢᠨ ᠭᠡᠰᠢᠭᠦᠳ ᠤᠨ ᠳᠣᠲᠣᠷᠠᠬᠢ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ | ᠪᠤᠰᠤ ᠬᠥᠮᠥᠰ ᠪᠠ ᠦᠨᠳᠦᠰᠦᠲᠡᠨ ᠱᠠᠰᠢᠨ ᠰᠤᠷᠲᠠᠬᠤᠨ ᠤ ᠡᠲᠡᠭᠡᠳ ᠤᠨ ᠬᠥᠮᠥᠰ ᠵᠣᠴᠢᠨ ᠤ ᠬᠤᠪᠢ ᠪᠠᠷ ᠶᠡᠭᠡ | ᠬᠤᠷᠠᠯ ᠳᠤ ᠰᠤᠯᠠ ᠣᠷᠣᠯᠴᠠᠪᠠ᠃ ᠨᠠᠮ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ | ᠶᠡᠭᠡ ᠬᠤᠷᠠᠯ ᠳᠤ ᠰᠤᠯᠠ ᠣᠷᠣᠯᠴᠠᠪᠠ᠃ | ᠤᠯᠤᠰ ᠤᠨ ᠳᠤᠳᠤᠭᠠᠳᠤ ᠭᠠᠳᠠᠭᠠᠳᠤ ᠶᠢᠨ 2500 ᠰᠢᠬᠠᠮ ᠰᠤᠷᠪᠤᠯᠵᠢᠯᠠᠭᠴᠢ ᠡᠬᠢᠯᠡᠯᠳᠡ ᠶᠢᠨ ᠬᠤᠷᠠᠯ ᠤᠨ | ᠦᠪᠡᠳᠡᠭᠰᠢ ᠪᠠᠶᠢᠳᠠᠯ ᠢ ᠮᠡᠳᠡᠬᠡᠯᠡᠵᠡᠢ᠃ | |