ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠪᠠᠶᠢᠭᠠᠯᠢ ᠶᠢᠨ ᠡᠬᠢ | ᠪᠠᠶᠠᠯᠢᠭ ᠤᠨ ᠶᠠᠮᠤᠨ᠂ ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠬᠠᠮᠲᠤᠷᠠᠨ ︽ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ | ᠪᠦᠲᠦᠭᠡᠯ ᠢ ᠪᠠᠬᠢᠵᠢᠭᠦᠯᠬᠦ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ᠂ ᠬᠤᠶᠠᠳᠤᠭᠠᠷ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠢ | ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠪᠡᠯᠡ ᠮᠦᠩᠬᠦ ᠶᠢᠨ ᠨᠥᠬᠦᠪᠥᠷᠢ ᠶᠢᠨ ᠬᠤᠭᠤᠴᠠᠭ᠎ᠠ ᠳᠦᠭᠦᠷᠦᠭᠰᠡᠨ ᠤ | ᠳᠠᠷᠠᠭ᠎ᠠ᠂ ᠨᠥᠬᠦᠪᠥᠷᠢ ᠥᠭᠬᠦ ᠬᠤᠭᠤᠴᠠᠭ᠎ᠠ ᠶᠢ ᠤᠷᠲᠤᠳᠬᠠᠬᠤ ᠶᠢᠨ ᠬᠠᠮᠲᠤ ᠲᠠᠷᠢᠶᠠᠯᠠᠬᠤ ᠶᠢ ᠵᠣᠭᠰᠣᠭᠠᠵᠤ ᠣᠢ | ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠤᠨ ᠭᠤᠣᠯᠳᠠᠯᠭ᠎ᠠ ᠶᠢ ᠨᠢᠭᠡᠨᠲᠡ ᠪᠠᠶᠢᠭ᠎ᠠ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠳᠡᠭᠡᠷ᠎ᠡ ᠰᠢᠯᠵᠢᠭᠦᠯᠵᠦ᠂ ᠨᠢᠭᠡᠨᠲᠡ ᠪᠠᠶᠢᠭ᠎ᠠ ᠦᠷ᠎ᠡ | ᠪᠦᠲᠦᠭᠡᠯ ᠳᠤ ᠨᠠᠷᠢᠯᠢᠭ ᠣᠨᠣᠴᠠᠲᠠᠢ ᠬᠠᠮᠢᠶᠠᠷᠤᠯᠲᠠ ᠶᠠᠪᠤᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠴᠢᠨᠠᠷ ᠰᠠᠶᠢᠲᠠᠢ ᠬᠥᠭᠵᠢᠯᠲᠡ ᠪᠠᠷ ᠳᠠᠮᠵᠢᠭᠤᠯᠤᠨ ᠠᠮᠢ ᠠᠬᠤᠢ ᠶᠢᠨ ᠠᠵᠤ ᠠᠬᠤᠢ ᠶᠢᠨ | ᠦᠢᠯᠡᠳᠬᠦᠨ ᠤ ᠪᠦᠲᠦᠮᠵᠢᠲᠡᠢ ᠬᠠᠩᠭᠠᠯᠭ᠎ᠠ ᠶᠢ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ | ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ | ᠬᠡᠷᠡᠭᠵᠢᠭᠦᠯᠦᠭᠰᠡᠨ 20 ᠭᠠᠷᠤᠢ ᠵᠢᠯ ᠤᠨ ᠲᠤᠷᠰᠢ᠂ ᠦᠷ᠎ᠡ ᠠᠰᠢᠭ ᠢᠯᠡᠳᠲᠡ ᠪᠣᠯᠵᠣ᠂ ᠠᠮᠢ ᠠᠬᠤᠢ ᠶᠢᠨ | ᠰᠠᠶᠢᠵᠢᠷᠠᠯᠲᠠ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠬᠦᠴᠦᠲᠡᠢ ᠠᠬᠢᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠵᠡᠷᠭᠡ ᠳᠤ ᠴᠢᠬᠤᠯᠠ ᠦᠢᠯᠡᠳᠦᠯ ᠪᠠᠳᠠᠷᠠᠭᠤᠯᠪᠠ᠃ ᠶᠠᠭᠤᠨ ᠤ ᠤᠴᠢᠷ ᠠᠴᠠ ᠡᠨᠡ | ᠦᠶ᠎ᠡ ᠳᠤ ᠡᠨᠡᠬᠦ ︽ᠮᠡᠳᠡᠭᠳᠡᠯ︾ ᠢ ᠨᠡᠶᠢᠲᠡᠯᠡᠭᠰᠡᠨ ᠪᠤᠢ︖ ︽ᠮᠡᠳᠡᠭᠳᠡᠯ︾ ᠳᠤ ᠶᠠᠮᠠᠷ ᠶᠠᠮᠠᠷ ᠰᠢᠨ᠎ᠡ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠪᠠᠶᠢᠬᠤ ᠪᠤᠢ︖ ᠳᠠᠷᠠᠭᠠᠴᠢ ᠶᠢᠨ ᠠᠯᠬᠤᠮ ᠳᠤ ︽ᠮᠡᠳᠡᠭᠳᠡᠯ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠬᠡᠷᠬᠢᠨ ᠠᠬᠢᠭᠤᠯᠬᠤ ᠪᠤᠢ︖ ᠣᠶᠢᠷ᠎ᠠ ᠳᠤ᠂ ᠰᠤᠷᠪᠤᠯᠵᠢᠯᠠᠭᠴᠢ ᠤᠯᠤᠰ ᠤᠨ ᠣᠢ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ | ᠲᠤᠰᠬᠠᠶᠢᠯᠠᠨ ᠰᠤᠷᠪᠤᠯᠵᠢᠯᠠᠪᠠ᠃ | | ᠰᠤᠷᠪᠤᠯᠵᠢᠯᠠᠭᠴᠢ᠄ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠲᠠ ᠮᠠᠨ ᠤ ᠤᠯᠤᠰ ᠤᠨ ᠲᠠᠷᠢᠶᠠᠯᠠᠬᠤ ᠶᠢ ᠵᠣᠭᠰᠣᠭᠠᠵᠤ ᠣᠢ | ᠰᠢᠭᠤᠢ ᠡᠪᠡᠰᠦ ᠪᠡᠯᠴᠢᠭᠡᠷ ᠢ ᠰᠡᠷᠬᠦᠭᠡᠵᠦ ᠪᠠᠶᠢᠳᠠᠯ ᠪᠣᠯᠤᠨ ᠣᠯᠤᠭᠰᠠᠨ ᠠᠮᠵᠢᠯᠲᠠ ᠪᠦᠲᠦᠮᠵᠢ ᠶᠢ | ᠲᠠᠨᠢᠯᠴᠠᠭᠤᠯᠤᠭᠠᠳ ᠦᠭᠬᠦᠨ᠎ᠡ ᠤᠤ︖ | ᠠᠮᠢ ᠠᠬᠤᠢ ᠶᠢᠨ ᠲᠥᠪ ᠤᠨ ᠬᠠᠷᠢᠭᠤᠴᠠᠯᠭᠠᠲᠠᠨ᠄ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ | ᠪᠡᠯᠴᠢᠭᠡᠷ ᠢ ᠰᠡᠷᠭᠦᠭᠡᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠳᠤᠮᠳᠠᠳᠤ ᠶᠢᠨ | ᠦᠨᠳᠦᠰᠦᠲᠡᠨ ᠤ ᠠᠯᠤᠰ ᠬᠡᠳᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠠᠵᠤ | ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢᠨ ᠪᠦᠬᠦ ᠲᠠᠯ᠎ᠠ ᠶᠢ ᠪᠣᠳᠣᠯᠬᠢᠯᠠᠨ᠂ ᠠᠮᠢ ᠠᠬᠤᠢ ᠶᠢᠨ ᠣᠷᠴᠢᠨ | ᠨᠥᠬᠦᠴᠡᠯ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠶᠢᠨ ᠲᠥᠯᠥᠭᠡ ᠭᠠᠷᠭᠠᠭᠰᠠᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠃ ᠢᠯᠠᠩᠭᠤᠶ᠎ᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠢ ᠱᠦᠵᠢ ︽ᠲᠠᠷᠢᠶᠠᠯᠠᠬᠤ ᠶᠢ ᠵᠣᠭᠰᠣᠭᠠᠵᠤ ᠣᠢ | ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠴᠥᠬᠦᠷᠡᠰᠢ ᠦᠭᠡᠢ ᠥᠷᠨᠢᠭᠦᠯᠬᠦ︾ ᠴᠢᠬᠤᠯᠠ ᠵᠢᠭᠠᠪᠤᠷᠢ ᠭᠠᠷᠭᠠᠵᠤ | ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ | ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠶᠢ ᠰᠡᠷᠭᠦᠭᠡᠬᠦ ᠬᠦᠷᠢᠶ᠎ᠡ ᠬᠡᠪᠴᠢᠶ᠎ᠡ ᠶᠢ ᠲᠣᠭᠲᠠᠪᠤᠷᠢᠵᠢᠭᠤᠯᠤᠨ | ᠥᠷᠭᠡᠳᠬᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢᠨ ᠨᠢᠭᠡ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ | ᠪᠡᠯᠴᠢᠭᠡᠷ ᠢ ᠰᠡᠷᠭᠦᠭᠡᠬᠦ ᠠᠵᠢᠯ ᠢ ᠥᠷᠭᠡᠳᠬᠡᠬᠦ ᠬᠡᠷᠡᠭᠲᠡᠢ ᠭᠡᠵᠦ ᠱᠠᠭᠠᠷᠳᠠᠵᠠᠢ᠂ 2021 ᠣᠨ ᠤ ᠲᠥᠪ ᠤᠨ 1 | ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠤ ︽ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ | ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠮᠬᠢ | ᠵᠢᠷᠤᠮ ᠲᠠᠢ ᠠᠬᠢᠭᠤᠯᠬᠤ︾ ᠱᠠᠭᠠᠷᠳᠠᠯᠭ᠎ᠠ ᠳᠤᠷᠠᠳᠴᠤ᠂ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ | ᠪᠡᠯᠴᠢᠭᠡᠷ ᠢ ᠰᠡᠷᠭᠦᠭᠡᠬᠦ ᠠᠵᠢᠯ ᠤᠨ ᠤᠷᠤᠭᠰᠢᠲᠠᠢ ᠶᠠᠪᠤᠭᠳᠠᠬᠤ ᠳᠤ ᠦᠨᠳᠦᠰᠦᠨ ᠪᠠᠲᠤᠯᠠᠭ᠎ᠠ ᠬᠠᠩᠭᠠᠵᠠᠢ᠃ 1999 | ᠣᠨ ᠠᠴᠠ ᠨᠠᠰᠢ᠂ ᠮᠠᠨ ᠤ ᠤᠯᠤᠰ ᠬᠤᠶᠠᠷ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ | ᠪᠡᠯᠴᠢᠭᠡᠷ ᠢ ᠰᠡᠷᠭᠦᠭᠡᠬᠦ ᠡᠭᠦᠷᠭᠡ ᠶᠢ ᠬᠡᠷᠡᠭᠵᠢᠭᠦᠯᠵᠦ᠂ ᠨᠡᠶᠢᠲᠡ 25 ᠮᠤᠵᠢ ︵ᠣᠷᠣᠨ᠂ ᠬᠤᠲᠠ︶ ᠪᠣᠯᠤᠨ | ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠲᠠᠷᠢᠶᠠᠯᠠᠬᠤ ᠶᠢ ᠵᠣᠭᠰᠣᠭᠠᠵᠤ | ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠡᠭᠦᠷᠭᠡ ᠶᠢ 2.13 ᠳ᠋ᠦᠩᠰᠢᠭᠤᠷ ᠮᠦ ᠲᠣᠬᠢᠷᠠᠭᠤᠯᠤᠭᠰᠠᠨ ᠤ ᠬᠠᠮᠲᠤ | ᠠᠭᠯᠠᠭ ᠠᠭᠤᠯᠠ ᠠᠲᠠᠷ ᠭᠠᠵᠠᠷ ᠢ ᠣᠶᠢᠵᠢᠭᠤᠯᠬᠤ ᠪᠠ ᠠᠭᠤᠯᠠ ᠶᠢ ᠪᠢᠲᠡᠭᠦᠮᠵᠢᠯᠡᠨ ᠤᠶᠢᠵᠢᠭᠤᠯᠵᠤ᠂ 3.1 | ᠳ᠋ᠦᠩᠰᠢᠭᠤᠷ ᠮᠦ ᠭᠠᠵᠠᠷ ᠢ ᠣᠶᠢᠵᠢᠭᠤᠯᠤᠭᠰᠠᠨ ᠪᠠᠶᠢᠨ᠎ᠠ᠃ 2021 ᠣᠨ ᠤ ᠡᠴᠦᠰ ᠪᠣᠯᠲᠠᠯ᠎ᠠ᠂ ᠲᠥᠪ ᠠᠴᠠ | ᠨᠡᠶᠢᠲᠡ 5515 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 4100 ᠲᠦᠮᠡᠨ ᠲᠠᠷᠢᠶᠠᠴᠢᠨ ᠡᠷᠦᠬᠡ᠂ 1. | 58 ᠳ᠋ᠦᠩᠰᠢᠭᠤᠷ ᠮᠠᠯᠴᠢᠨ ᠲᠠᠷᠢᠶᠠᠴᠢᠨ ᠳᠤ ᠬᠤᠯᠪᠤᠭᠳᠠᠭᠰᠠᠨ ᠪᠠᠶᠢᠨ᠎ᠠ᠃ | ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠪᠣᠯ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠪᠣᠳᠠᠲᠠᠢ ᠢᠯᠡᠷᠡᠯ ᠮᠥᠨ᠃ ᠢᠨᠵᠧᠨᠧᠷᠢᠩ ᠢ | ᠬᠡᠷᠡᠭᠵᠢᠭᠦᠯᠦᠭᠰᠡᠨ ᠠᠴᠠ ᠨᠠᠰᠢ ᠯᠤᠲᠤ ᠶᠡᠭᠡ ᠠᠮᠵᠢᠯᠲᠠ ᠣᠯᠵᠠᠢ᠄ ᠢᠨᠵᠧᠨᠧᠷᠢᠩ ᠤᠨ ᠣᠷᠣᠨ ᠤ ᠣᠢ ᠰᠢᠭᠤᠢ ᠶᠢᠨ | ᠪᠦᠷᠬᠦᠴᠡ ᠶᠢᠨ ᠨᠣᠷᠮ᠎ᠠ ᠶᠡᠷᠦᠩᠬᠡᠢ ᠳᠡᠭᠡᠨ 4 ᠵᠠᠭᠤᠨ ᠤ ᠴᠡᠭ ᠠᠴᠠ ᠳᠡᠭᠡᠭᠰᠢ ᠳᠡᠭᠡᠭᠰᠢᠯᠡᠵᠦ᠂ ᠣᠢ ᠰᠢᠭᠤᠢ ᠡᠪᠡᠰᠦ | ᠤᠷᠭᠤᠮᠠᠯ ᠤᠨ ᠬᠤᠴᠢᠯᠭ᠎ᠠ ᠶᠢᠨ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠬᠥᠷᠥᠰᠥ ᠰᠢᠷᠣᠢ ᠶᠢ | ᠲᠣᠭᠲᠠᠪᠤᠷᠢᠵᠢᠭᠤᠯᠤᠨ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ᠂ ᠡᠯᠡᠰᠦ ᠶᠢ ᠰᠡᠷᠭᠡᠶᠢᠯᠡᠨ ᠡᠯᠡᠰᠦ ᠶᠢ | ᠲᠣᠭᠲᠠᠪᠤᠷᠢᠵᠢᠭᠤᠯᠬᠤ᠂ ᠬᠤᠭ ᠲᠣᠭᠤᠰᠣ ᠪᠣᠬᠢᠷ ᠮᠠᠨᠠᠨ ᠢ ᠪᠠᠭᠠᠰᠬᠠᠬᠤ ᠵᠡᠷᠭᠡ ᠠᠮᠢ ᠠᠬᠤᠢ ᠶᠢᠨ ᠴᠢᠳᠠᠮᠵᠢ | ᠲᠠᠰᠤᠷᠠᠯᠲᠠ ᠥᠬᠡᠶ ᠴᠢᠩᠭᠠᠷᠠᠵᠤ᠂ ᠠᠮᠢ ᠠᠬᠤᠢ ᠶᠢᠨ ᠪᠠᠶᠢᠳᠠᠯ ᠢᠯᠡᠳᠲᠡ ᠰᠠᠶᠢᠵᠢᠷᠠᠨ᠂ ᠵᠢᠯ ᠤᠨ ᠠᠮᠢ ᠠᠬᠤᠢ ᠶᠢᠨ | ᠦᠷ᠎ᠡ ᠠᠰᠢᠭ ᠤᠨ ᠶᠡᠷᠦᠩᠬᠡᠢ ᠥᠷᠲᠡᠭ ᠤᠨ ᠬᠡᠮᠵᠢᠶ᠎ᠡ 1.42 ᠲᠦᠮᠡᠨ ᠳ᠋ᠦᠩᠰᠢᠭᠤᠷ ᠲᠥᠭᠦᠷᠢᠭ ᠲᠤ ᠬᠦᠷᠪᠡ᠃ | ᠪᠦᠬᠦ ᠤᠯᠤᠰ ᠤᠨ 812 ᠶᠠᠳᠠᠭᠤ ᠠᠴᠠ ᠠᠩᠭᠢᠵᠢᠷᠠᠭᠰᠠᠨ ᠰᠢᠶᠠᠨ ᠳᠤ ᠲᠠᠷᠢᠶᠠᠯᠠᠬᠤ ᠶᠢ ᠵᠣᠭᠰᠣᠭᠠᠵᠤ ᠣᠢ ᠰᠢᠭᠤᠢ | ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠦᠷᠨᠢᠬᠦᠯᠪᠡ᠃ ᠡᠨᠡ ᠨᠢ ᠶᠠᠳᠠᠭᠤ ᠠᠴᠠ ᠠᠩᠭᠢᠵᠢᠷᠠᠭᠰᠠᠨ ᠰᠢᠶᠠᠨ ᠤ | ᠪᠦᠬᠦ ᠲᠣᠭᠠᠨ ᠤ 97.6% ᠶᠢ ᠡᠵᠡᠯᠡᠪᠡ᠃ ᠢᠯᠠᠩᠭᠤᠶ᠎ᠠ ᠬᠤᠶᠠᠳᠤᠭᠠᠷ ᠡᠭᠡᠯᠵᠢ ᠶᠢᠨ ᠲᠠᠷᠢᠶᠠᠯᠠᠬᠤ ᠶᠢ | ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠠᠵᠢᠯ ᠤᠨ ᠲᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯ ᠲᠠᠢ ᠡᠷᠦᠬᠡ 31.2% ᠲᠤ ᠬᠦᠷᠴᠦ᠂ 200 ᠭᠠᠷᠤᠶ ᠲᠦᠮᠡᠨ ᠲᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯ ᠲᠠᠢ ᠡᠷᠦᠬᠡ᠂ ᠮᠢᠩᠭ᠎ᠠ ᠰᠢᠬᠠᠮ ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠤᠨ ᠣᠷᠣᠯᠭ᠎ᠠ ᠶᠢ ᠨᠢ ᠨᠡᠮᠡᠭᠳᠡᠭᠦᠯᠪᠡ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ | ᠪᠡᠯᠴᠢᠭᠡᠷ ᠢ ᠰᠡᠷᠭᠦᠭᠡᠬᠦ ᠵᠢᠴᠢ ᠬᠤᠯᠪᠣᠭᠳᠠᠯ ᠪᠦᠬᠦᠢ ᠠᠵᠤ ᠦᠢᠯᠡᠰ ᠢ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠶᠢᠨ ᠴᠢᠬᠤᠯᠠ ᠠᠷᠭ᠎ᠠ ᠵᠠᠮ ᠪᠣᠯᠭᠠᠵᠤ᠂ ︽ᠬᠥᠬᠡᠮᠳᠦᠭ ᠨᠣᠭᠤᠭᠠᠨ ᠠᠭᠤᠯᠠ ᠤᠰᠤ︾ | ᠨᠢ ᠶᠠᠭ ᠠᠯᠬᠤᠮ ᠠᠯᠬᠤᠮ ᠢᠶᠠᠷ ᠠᠷᠠᠳ ᠤᠯᠠᠨ ᠤ ︽ᠠᠯᠳᠠ ᠮᠥᠩᠭᠦᠨ ᠠᠭᠤᠯᠠ︾ ᠪᠤᠯᠵᠤ ᠪᠠᠶᠢᠨ᠎ᠠ᠃ | 10 ᠰᠠᠷ᠎ᠠ ᠶᠢᠨ 26 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠶᠠᠨ ᠠᠨ | ᠬᠤᠳᠠ ᠶᠢᠨ ᠠᠨᠰᠠᠢ ᠲᠣᠭᠤᠷᠢᠭ ᠤᠨ ᠭᠤᠤ ᠴᠢᠶᠣᠤ ᠪᠠᠯᠭᠠᠰᠤᠨ ᠤ ᠨᠠᠨ ᠭᠸᠤ ᠲᠣᠰᠬᠤᠨ ᠳᠤ ᠰᠢᠨᠵᠢᠯᠡᠨ | ᠪᠠᠶᠢᠴᠠᠭᠠᠬᠤ ᠳᠠᠭᠠᠨ᠄ ᠪᠢ ᠱᠠᠨᠪᠸᠢ ᠳᠤ 7 ᠵᠢᠯ ᠠᠮᠢᠳᠤᠷᠠᠪᠠ᠂ ᠲᠤᠬᠠᠢ ᠶᠢᠨ ᠵᠢᠯ ᠳᠤ ᠠᠷᠠᠳ ᠤᠨ ᠠᠮᠢᠳᠤᠷᠠᠯ ᠮᠠᠰᠢ | ᠬᠦᠴᠢᠷᠳᠡᠯᠳᠡᠢ ᠪᠠᠶᠢᠬᠤ ᠶᠢ ᠦᠵᠡᠭᠡᠳ ᠶᠠᠭᠠᠬᠢᠵᠤ ᠤᠯᠠᠨ ᠤ ᠠᠮᠢᠳᠤᠷᠠᠯ ᠢ ᠰᠠᠶᠢᠵᠢᠷᠠᠭᠤᠯᠬᠤ ᠶᠢ ᠪᠤᠳᠤᠵᠠᠢ᠃ ᠡᠨᠡ | ᠤᠳᠠᠭ᠎ᠠ ᠶᠠᠨ ᠠᠨ ᠳᠤ ᠢᠷᠡᠭᠡᠳ ᠠᠷᠠᠳ ᠤᠯᠠᠨ ᠡᠯᠪᠡᠭ ᠬᠤᠷᠢᠶᠠᠯᠲᠠ ᠤᠯᠵᠤ᠂ ᠵᠠᠮ ᠬᠠᠷᠢᠯᠴᠠᠭᠠᠨ ᠤ ᠨᠥᠬᠦᠴᠡᠯ | ᠶᠡᠭᠡ ᠪᠠᠷ ᠰᠠᠶᠢᠵᠢᠷᠠᠵᠤ᠂ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠶ᠃ ᠥᠩᠭᠡᠷᠡᠭᠰᠡᠨ ᠳᠤ | ᠱᠠᠨᠪᠸᠢ ᠶᠢᠨ ᠠᠷᠠᠳ ᠤᠳ ᠱᠠᠲᠤᠨ ᠲᠠᠷᠢᠶ᠎ᠠ ᠲᠠᠷᠢᠵᠦ᠂ ᠲᠡᠭᠷᠢ ᠶᠢ ᠲᠦᠰᠢᠵᠦ ᠲᠠᠷᠢᠶᠠᠯᠠᠨ ᠠᠮᠢᠳᠤᠷᠠᠵᠤ᠂ ᠲᠦᠢᠯ ᠤᠨ | ᠵᠦᠳᠡᠷᠡᠯᠲᠡᠢ ᠪᠠᠶᠢᠪᠠ᠂ ᠤᠳᠤ ᠠᠭᠤᠯᠠᠨ ᠬᠥᠲᠥᠯ ᠳᠡᠭᠡᠷ᠎ᠡ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ | ᠰᠡᠷᠭᠦᠭᠡᠬᠦ ᠳᠤ ᠠᠯᠮᠤᠷᠠᠳ ᠲᠠᠷᠢᠵᠦ᠂ ᠠᠷᠠᠳ ᠤᠳ ᠠᠵᠢᠯ ᠲᠠᠢ᠂ ᠲᠣᠭᠲᠠᠭᠤᠨ ᠣᠷᠣᠯᠭ᠎ᠠ ᠲᠠᠢ᠂ ᠬᠡᠦᠬᠡᠳ | ᠪᠠᠭᠠᠴᠤᠳ ᠰᠢᠯᠢᠳᠡᠭ ᠰᠠᠶᠢᠨ ᠰᠤᠷᠭᠠᠨ ᠬᠥᠮᠦᠵᠢᠯ ᠬᠦᠷᠳᠡᠵᠤ᠂ ᠨᠠᠰᠤᠲᠠᠳ ᠴᠥᠮ ᠡᠮ ᠡᠮᠨᠡᠯᠭᠡ ᠶᠢᠨ | ᠳᠠᠭᠠᠳᠬᠠᠯ ᠲᠠᠢ ᠪᠤᠯᠵᠤ᠂ ᠠᠮᠢᠳᠤᠷᠠᠯ ᠨᠢ ᠶᠠᠪᠤᠬᠤ ᠳᠤᠳᠤᠮ ᠰᠠᠶᠢᠵᠢᠷᠠᠵᠤ ᠪᠠᠶᠢᠨ᠎ᠠ᠃ ᠱᠠᠨᠰᠢ ᠶᠢᠨ ᠬᠤᠶᠢᠲᠤ | ᠬᠡᠰᠡᠭ ᠤᠨ ᠬᠤᠪᠢᠷᠠᠯᠲᠠ ᠠᠴᠠ ᠳᠤᠮᠳᠠᠳᠤ ᠤᠯᠤᠰ ᠤᠨ ᠬᠤᠪᠢᠷᠠᠯᠲᠠ ᠶᠢ ᠤᠶᠢᠯᠠᠭᠠᠵᠤ ᠪᠣᠯᠤᠨ᠎ᠠ᠃ | ᠰᠢ ᠶᠢᠨ ᠫᠢᠩ ᠶᠡᠷᠦᠩᠬᠡᠶ ᠱᠦᠵᠢ ᠥᠪᠡᠷ ᠤᠨ ᠥᠩᠭᠡᠷᠡᠯᠲᠡ ᠪᠠ ᠲᠥᠷᠥᠭᠳᠡᠯ ᠲᠠᠢ ᠪᠠᠨ ᠤᠶᠠᠯᠳᠤᠭᠤᠯᠤᠨ᠂ | ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ ᠠᠵᠢᠯ ᠤᠨ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠳᠤ ᠦᠵᠡᠭᠦᠯᠬᠦ ᠴᠢᠬᠤᠯᠠ ᠦᠢᠯᠡᠳᠦᠯ ᠢ ᠭᠦᠢᠴᠡᠳ ᠨᠤᠲᠠᠯᠠᠵᠤ᠂ ᠲᠠᠷᠢᠶᠠᠯᠠᠬᠤ ᠶᠢ | ᠵᠣᠭᠰᠣᠭᠠᠵᠤ ᠣᠶ ᠰᠢᠭᠤᠶ ᠶᠢ ᠰᠡᠷᠭᠦᠭᠡᠬᠦ ᠨᠢ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠳᠥᠯᠭᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠤᠭᠰᠠᠨ ᠪᠠᠶᠢᠨ᠎ᠠ᠃ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠨᠢ ᠳᠡᠯᠡᠬᠡᠶ ᠶᠢᠨ | ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠡᠦᠬᠡᠨ ᠳᠡᠭᠡᠷᠡᠬᠢ ᠭᠠᠶᠢᠬᠠᠮᠰᠢᠭ ᠢ ᠡᠭᠦᠳᠴᠦ᠂ ᠲᠡᠭᠦᠨ ᠤ ᠪᠡᠯᠡ | ᠣᠷᠣᠭᠤᠯᠤᠯᠲᠠ᠂ ᠢᠨᠵᠧᠨᠧᠷᠢᠩ ᠤᠨ ᠬᠦᠷᠢᠶ᠎ᠡ ᠬᠡᠪᠴᠢᠶ᠎ᠡ᠂ ᠤᠯᠠᠨ ᠲᠦᠮᠡᠨ ᠤ ᠣᠷᠣᠯᠴᠠᠭᠰᠠᠨ ᠬᠡᠮᠵᠢᠶ᠎ᠡ ᠨᠢ ᠴᠥᠮ | ᠪᠦᠬᠦ ᠪᠥᠮᠪᠥᠷᠴᠡᠭ ᠤᠨ ᠪᠤᠰᠤᠳ ᠴᠢᠬᠤᠯᠠ ᠶᠡᠭᠡ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ | ᠢᠨᠵᠧᠨᠧᠷᠢᠩ ᠠᠴᠠ ᠳᠠᠪᠠᠭᠰᠠᠨ ᠪᠠᠶᠢᠨ᠎ᠠ᠃ NASA ︵ᠠᠮᠧᠷᠢᠺᠠ ᠶᠢᠨ ᠠᠭᠠᠷ ᠤᠨ ᠠᠶᠠᠯᠠᠯ ᠰᠠᠨᠰᠠᠷ ᠤᠨ | ᠠᠶᠠᠯᠠᠯ ᠤᠨ ᠲᠣᠪᠴᠢᠶ᠎ᠠ︶ ᠶᠢᠨ 2019 ᠣᠨ ᠤ ᠰᠤᠳᠤᠯᠭᠠᠨ ᠤ ᠦᠷ᠎ᠡ ᠳ᠋ᠦᠩ ᠢ ᠦᠨᠳᠦᠰᠦᠯᠡᠨ ᠲᠥᠰᠦᠭᠡᠯᠡᠨ | ᠪᠤᠳᠤᠭᠰᠠᠨ ᠢᠶᠠᠷ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠨᠢ ᠪᠥᠬᠦ | ᠳᠡᠯᠡᠬᠡᠶ ᠶᠢᠨ ᠪᠣᠬᠢᠷᠲᠤᠯ ᠥᠬᠡᠶ ᠴᠡᠪᠡᠷ ᠨᠡᠮᠡᠭᠳᠡᠯ ᠤᠨ ᠲᠠᠯᠠᠪᠠᠶ ᠶᠢᠨ 4% ᠠᠴᠠ ᠳᠡᠭᠡᠭᠰᠢᠬᠢ ᠶᠢ ᠳᠠᠪᠠᠭᠰᠠᠨ ᠪᠠᠶᠢᠨ᠎ᠠ | ᠃ ᠠᠮᠧᠷᠢᠺᠠ᠂ ᠧᠦ᠋ᠷᠣᠫᠠ ᠶᠢᠨ ᠬᠤᠯᠪᠣᠭ᠎ᠠ᠂ ᠶᠠᠫᠣᠨ᠂ ᠠᠦ᠋ᠰᠲᠷᠠᠯᠢᠶ᠎ᠠ ᠵᠡᠷᠭᠡ 30 ᠭᠠᠷᠤᠶ ᠤᠯᠤᠰ ᠪᠠ ᠤᠯᠠᠨ | ᠤᠯᠤᠰ ᠤᠨ ᠵᠣᠬᠢᠶᠠᠨ ᠪᠠᠶᠢᠭᠤᠯᠤᠯᠲᠠ ᠴᠥᠮ ᠮᠠᠨ ᠤ ᠤᠯᠤᠰ ᠤᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ | ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠠᠶᠢᠨ᠎ᠠ᠃ | | ᠰᠤᠷᠪᠤᠯᠵᠢᠯᠠᠭᠴᠢ᠄ ᠲᠠ ︽ᠮᠡᠳᠡᠭᠳᠡᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ | ᠤᠤ︖ | ᠠᠮᠢ ᠠᠬᠤᠶ ᠶᠢᠨ ᠲᠥᠪ ᠤᠨ ᠬᠠᠷᠢᠭᠤᠴᠠᠯᠭᠠᠲᠠᠨ᠄ ᠬᠤᠶᠠᠳᠤᠭᠠᠷ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ | ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠬᠤᠭᠤᠴᠠᠭ᠎ᠠ ᠨᠢ | 2019 ᠣᠨ ᠠᠴᠠ ᠡᠬᠢᠯᠡᠨ ᠠᠯᠭᠤᠷ ᠢᠶᠠᠷ ᠲᠦᠭᠦᠷᠴᠤ᠂ ᠣᠳᠣᠬᠠᠨ ᠳᠤ ᠲᠠᠷᠢᠶᠠᠯᠠᠬᠤ ᠶᠢ ᠵᠣᠭᠰᠣᠭᠠᠭᠰᠠᠨ ᠲᠠᠷᠢᠶᠠᠨ | ᠭᠠᠵᠠᠷ ᠤᠨ ᠣᠶ ᠮᠣᠳᠣ ᠪᠠᠰᠠ ᠲᠣᠭᠲᠠᠭᠤᠨ ᠪᠤᠰᠤ᠂ ᠠᠵᠤ ᠠᠬᠤᠶ ᠶᠢᠨ ᠦᠷ᠎ᠡ ᠠᠰᠢᠭ ᠨᠢ ᠴᠦ ᠢᠯᠡᠷᠬᠡᠶ ᠪᠢᠰᠢ | ᠪᠠᠶᠢᠵᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ | ᠲᠦᠷᠭᠡᠨ ᠪᠠᠬᠢᠵᠢᠭᠦᠯᠬᠦ ᠴᠢᠬᠤᠯᠠᠲᠠᠶ ᠪᠠᠶᠢᠨ᠎ᠠ᠃ ᠨᠢᠭᠡᠳᠦᠭᠡᠷ ᠡᠭᠡᠯᠵᠢ ᠶᠢᠨ ᠬᠢ ᠲᠠᠢ ᠬᠠᠷᠢᠴᠠᠭᠤᠯᠪᠠᠯ᠂ ᠬᠤᠶᠠᠳᠤᠭᠠᠷ | ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠳᠤ ᠦᠷ᠎ᠡ ᠪᠦᠲᠦᠭᠡᠯ ᠢ | ᠪᠠᠲᠤᠳᠬᠠᠬᠤ ᠬᠤᠭᠤᠴᠠᠭ᠎ᠠ ᠨᠢ ᠪᠠᠭ᠎ᠠ ᠪᠠᠶᠢᠨ᠎ᠠ᠃ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ | ᠰᠡᠷᠭᠦᠭᠡᠬᠦ ᠨᠢ 4100 ᠲᠦᠮᠡᠨ ᠲᠠᠷᠢᠶᠠᠴᠢᠨ ᠡᠷᠦᠬᠡ ᠶᠢᠨ 1.58 ᠳ᠋ᠦᠩᠰᠢᠭᠤᠷ ᠮᠠᠯᠴᠢᠨ ᠲᠠᠷᠢᠶᠠᠴᠢᠨ ᠳᠤ | ᠬᠤᠯᠪᠣᠭᠳᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠨᠢ ᠨᠡᠶᠢᠭᠡᠮ ᠨᠡᠶᠢᠲᠡ ᠶᠢᠨ ᠠᠩᠬᠠᠷᠤᠯ ᠤᠨ ᠲᠥᠪ | ᠪᠣᠯᠤᠭᠰᠠᠭᠠᠷ ᠢᠷᠡᠵᠡᠶ᠂ ᠥᠩᠭᠡᠷᠡᠭᠰᠡᠨ ᠵᠢᠯ ᠤᠳ ᠲᠤ ᠪᠥᠬᠦ ᠤᠯᠤᠰ ᠤᠨ ︽ᠬᠤᠶᠠᠷ ᠬᠤᠷᠠᠯ︾ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠴᠦ | ᠳᠡᠭᠡᠳᠦ ᠬᠡᠮᠵᠢᠶ᠎ᠡ ᠪᠠᠷ ᠠᠩᠬᠠᠷᠴᠤ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠥᠬᠦᠪᠥᠷᠢ ᠥᠭᠬᠦ ᠬᠤᠭᠤᠴᠠᠭ᠎ᠠ ᠶᠢ ᠤᠷᠲᠤᠳᠬᠠᠨ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠶ ᠭᠡᠵᠦ ᠣᠯᠠᠨᠲᠠ ᠤᠷᠢᠶᠠᠯᠠᠭᠰᠠᠨ | ᠪᠠᠶᠢᠨ᠎ᠠ᠃ 2021 ᠣᠨ ᠤ ᠲᠥᠪ ᠤᠨ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠳᠤ ᠪᠠᠰᠠ ︽ᠲᠠᠷᠢᠶᠠᠯᠠᠬᠤ ᠶᠢ | ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠡᠮᠬᠢ ᠵᠢᠷᠤᠮ ᠲᠠᠢ ᠪᠠᠷ ᠳᠥᠯᠭᠢᠨ ᠠᠬᠢᠭᠤᠯᠬᠤ︾ ᠱᠠᠭᠠᠷᠳᠠᠯᠭ᠎ᠠ ᠶᠢ ᠳᠤᠷᠠᠳᠤᠨ | ᠭᠠᠷᠭᠠᠵᠠᠶ᠃ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠵᠣᠷᠢᠭ | ᠰᠠᠨᠠᠭ᠎ᠠ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠡᠳ᠋ ᠤᠨ ᠵᠠᠰᠠᠭ ᠤᠨ ᠶᠠᠮᠤᠨ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠠᠢ ᠬᠠᠮᠲᠤᠷᠠᠨ ᠬᠤᠶᠠᠳᠤᠭᠠᠷ ᠡᠭᠡᠯᠵᠢ ᠶᠢᠨ ᠲᠠᠷᠢᠶᠠᠯᠠᠬᠤ ᠶᠢ | ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠪᠠᠶᠢᠳᠠᠯ ᠳᠤ ᠪᠦᠬᠦ ᠲᠠᠯ᠎ᠠ ᠶᠢᠨ ᠦᠨᠡᠯᠡᠯᠲᠡ ᠬᠢᠵᠡᠶ᠃ | ᠣᠳᠣᠬᠠᠨ ᠤ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠶ ᠶᠢᠨ ᠠᠮᠤᠷ ᠲᠦᠪᠰᠢᠨ ᠤ ᠪᠠᠶᠢᠳᠠᠯ ᠢ ᠨᠠᠷᠢᠨ | ᠬᠢᠨᠠᠮᠠᠭᠠᠶ ᠵᠠᠳᠠᠯᠵᠤ᠂ 25 ᠮᠤᠵᠢ ︵ᠣᠷᠣᠨ᠂ ᠬᠤᠲᠠ︶ ᠪᠣᠯᠤᠨ ᠰᠢᠨᠵᠢᠶᠠᠩ ᠤᠨ ᠦᠶ᠋ᠯᠡᠳᠪᠦᠷᠢᠯᠡᠯ ᠪᠥᠲᠥᠭᠡᠨ | ᠪᠠᠶᠢᠭᠤᠯᠤᠯᠲᠠ ᠶᠢᠨ ᠪᠢᠩᠲ᠋ᠤᠸᠠᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠠᠨᠠᠯ ᠢ ᠥᠷᠭᠡᠨ ᠢᠶᠠᠷ | ᠬᠤᠷᠢᠶᠠᠭᠰᠠᠨ ᠰᠠᠭᠤᠷᠢᠨ ᠳᠡᠭᠡᠷ᠎ᠡ᠂ ᠲᠠᠷᠠᠭᠠᠴᠢ ᠶᠢᠨ ᠠᠯᠬᠤᠮ ᠤᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠶ | ᠡᠪᠡᠰᠦ ᠪᠡᠯᠴᠢᠭᠡᠷ ᠢ ᠰᠡᠷᠭᠦᠭᠡᠬᠦ ᠠᠵᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠪᠣᠶ | ᠪᠣᠯᠭᠠᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠲᠣᠰ ︽ᠮᠡᠳᠡᠭᠳᠡᠯ︾ ᠢ ᠳᠠᠷᠤᠮᠠᠯᠯᠠᠨ | ᠲᠠᠷᠬᠠᠭᠠᠪᠠ᠃ | | ᠰᠤᠷᠪᠤᠯᠵᠢᠯᠠᠭᠴᠢ᠄ ︽ᠮᠡᠳᠡᠭᠳᠡᠯ︾ ᠳᠤ ᠶᠠᠮᠠᠷ ᠶᠠᠮᠠᠷ ᠰᠢᠨ᠎ᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ | ᠪᠠᠶᠢᠬᠤ ᠪᠣᠶ︖ | ᠠᠮᠢ ᠠᠬᠤᠶ ᠶᠢᠨ ᠲᠥᠪ ᠤᠨ ᠬᠠᠷᠢᠭᠤᠴᠠᠯᠭᠠᠲᠠᠨ᠄ ︽ᠮᠡᠳᠡᠭᠳᠡᠯ︾ ᠳᠤ ᠲᠠᠷᠢᠶᠠᠯᠠᠬᠤ ᠶᠢ ᠵᠣᠭᠰᠣᠭᠠᠵᠤ ᠣᠶ | ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠠᠪᠤᠨ ᠲᠠᠯ᠎ᠠ ᠪᠠᠷ ᠤᠯᠠᠮ | ᠨᠢᠭᠡ ᠠᠯᠬᠤᠮ ᠲᠡᠭᠦᠯᠳᠡᠷᠵᠢᠭᠦᠯᠪᠡ᠃ | ᠨᠢᠭᠡ ᠳᠤ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠶ ᠶᠢᠨ ᠠᠮᠤᠷ ᠲᠦᠪᠰᠢᠨ ᠢ ᠨᠢᠭᠡᠳᠦᠯᠲᠡᠶ | ᠲᠥᠯᠥᠪᠯᠡᠵᠦ᠂ ᠣᠳᠣᠬᠠᠨ ᠤ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ | ᠠᠵᠢᠯ ᠤᠨ ᠭᠤᠣᠯᠳᠠᠯᠭ᠎ᠠ ᠶᠢ ᠨᠢᠭᠡᠨᠲᠡ ᠪᠠᠶᠢᠭ᠎ᠠ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ | ᠳᠡᠭᠡᠷ᠎ᠡ ᠰᠢᠯᠵᠢᠭᠦᠯᠦᠨ᠎ᠡ᠃ ᠡᠯ᠎ᠡ ᠭᠠᠵᠠᠷ ᠤᠨ ᠬᠢᠨ ᠮᠤᠵᠢ ᠶᠢᠨ ᠱᠠᠲᠤᠨ ᠤ ᠲᠠᠷᠢᠶᠠᠯᠠᠬᠤ ᠶᠢ ᠵᠣᠭᠰᠣᠭᠠᠵᠤ ᠣᠶ | ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠨ᠎ᠠ᠃ ᠲᠠᠷᠢᠶᠠᠯᠠᠬᠤ ᠶᠢ | ᠵᠣᠭᠰᠣᠭᠠᠭᠰᠠᠨ ᠲᠠᠷᠢᠶᠠᠨ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠢ ᠦᠨᠳᠦᠰᠦᠯᠡᠨ ᠰᠢᠨᠵᠢᠯᠡᠬᠦ ᠤᠬᠠᠭᠠᠨᠴᠢ | ᠡᠵᠡᠩᠨᠡᠯᠲᠡ ᠶᠢ ᠴᠢᠩᠭᠠᠳᠬᠠᠵᠤ᠂ ᠪᠣᠬᠢᠷᠲᠤᠯ ᠦᠭᠡᠢ ᠪᠠᠷ ᠠᠷᠠᠳ ᠢ ᠪᠠᠶᠠᠵᠢᠭᠤᠯᠬᠤ ᠠᠵᠤ ᠦᠢᠯᠡᠰ ᠢ | ᠢᠳᠡᠪᠬᠢᠲᠡᠶ ᠪᠠᠷ ᠬᠥᠭᠵᠢᠭᠦᠯᠦᠨ᠎ᠡ᠃ | ᠬᠤᠶᠠᠷ ᠲᠤ᠂ ᠬᠤᠶᠠᠳᠤᠭᠠᠷ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ | ᠰᠡᠷᠭᠦᠭᠡᠬᠦ ᠪᠡᠯᠡ ᠮᠦᠩᠬᠦ ᠶᠢᠨ ᠨᠥᠬᠦᠪᠥᠷᠢ ᠶᠢᠨ ᠬᠤᠭᠤᠴᠠᠭ᠎ᠠ ᠳᠦᠭᠦᠷᠦᠭᠰᠡᠨ ᠤ ᠲᠠᠷᠠᠭ᠎ᠠ᠂ ᠲᠥᠪ ᠤᠨ ᠡᠳ᠋ ᠤᠨ | ᠵᠠᠰᠠᠭ ᠠᠴᠠ ᠪᠡᠯᠡ ᠮᠥᠩᠭᠦ ᠲᠣᠬᠢᠷᠠᠭᠤᠯᠵᠤ᠂ ᠨᠥᠬᠦᠪᠥᠷᠢ ᠥᠭᠬᠦ ᠬᠤᠭᠤᠴᠠᠭ᠎ᠠ ᠶᠢ ᠤᠷᠲᠤᠳᠬᠠᠨ᠎ᠠ ᠃ ᠡᠭᠦᠨ ᠳᠤ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠪᠡᠯᠡ ᠮᠦᠩᠬᠦ ᠶᠢᠨ ᠨᠥᠬᠦᠪᠥᠷᠢ ᠶᠢᠨ ᠬᠤᠭᠤᠴᠠᠭ᠎ᠠ ᠶᠢ 5 | ᠵᠢᠯ ᠤᠷᠲᠤᠳᠬᠠᠵᠤ᠂ ᠮᠦ ᠪᠦᠷᠢ ᠳᠤ 500 ᠲᠥᠭᠦᠷᠢᠭ ᠨᠥᠬᠦᠪᠥᠷᠢᠯᠡᠵᠦ᠂ ᠵᠢᠯ ᠪᠦᠷᠢ ᠮᠦ ᠪᠦᠷᠢ ᠳᠤ 100 | ᠲᠥᠭᠦᠷᠢᠭ ᠨᠥᠬᠦᠪᠥᠷᠢᠯᠡᠨ᠎ᠡ︔ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠪᠡᠯᠡ ᠮᠦᠩᠬᠦ ᠶᠢᠨ | ᠨᠥᠬᠦᠪᠥᠷᠢ ᠶᠢᠨ ᠬᠤᠭᠤᠴᠠᠭ᠎ᠠ ᠶᠢ 3 ᠵᠢᠯ ᠤᠷᠲᠤᠳᠬᠠᠵᠤ᠂ ᠮᠥ ᠪᠦᠷᠢ ᠳᠤ 300 ᠲᠥᠭᠦᠷᠢᠭ ᠨᠥᠬᠦᠪᠥᠷᠢᠯᠡᠵᠦ᠂ | ᠵᠢᠯ ᠪᠦᠷᠢ ᠮᠥ ᠪᠦᠷᠢ ᠳᠤ 100 ᠲᠥᠭᠦᠷᠢᠭ ᠨᠥᠬᠦᠪᠥᠷᠢᠯᠡᠨ᠎ᠡ᠃ | ᠭᠤᠷᠪᠠ ᠳᠤ᠂ ᠬᠤᠶᠠᠳᠤᠭᠠᠷ ᠡᠭᠡᠯᠵᠢ ᠶᠢᠨ ᠲᠠᠷᠢᠶᠠᠯᠠᠬᠤ ᠪᠠᠨ ᠵᠣᠭᠰᠣᠭᠰᠠᠨ ᠭᠠᠵᠠᠷ ᠢ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠵᠢᠷᠤᠭ ᠲᠦᠯᠦᠪᠯᠡᠭᠡ ᠳᠤ ᠣᠷᠣᠭᠤᠯᠵᠤ᠂ | ᠬᠥᠳᠡᠯᠦᠩᠭᠦᠶ ᠪᠠᠷ ᠬᠢᠨᠠᠨ ᠬᠠᠮᠢᠶᠠᠷᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠬᠡᠷᠡᠭᠵᠢᠭᠦᠯᠦᠨ᠂ ᠡᠷᠬᠡ ᠶᠢ | ᠨᠤᠲᠠᠯᠠᠨ ᠦᠨᠡᠮᠯᠡᠯ ᠣᠯᠭᠤᠬᠤ ᠶᠢ ᠲᠦᠷᠭᠡᠳᠬᠡᠨ ᠠᠬᠢᠭᠤᠯᠤᠨ᠎ᠠ᠃ | ᠳᠥᠷᠪᠡ ᠳᠤ᠂ ᠨᠥᠬᠦᠴᠡᠯ ᠳᠤ ᠨᠡᠶᠢᠴᠡᠬᠦ ᠲᠠᠷᠢᠶᠠᠯᠠᠬᠤ ᠶᠢ ᠵᠣᠭᠰᠣᠭᠠᠭᠰᠠᠨ ᠲᠠᠷᠢᠶᠠᠨ ᠭᠠᠵᠠᠷ ᠢ ᠲᠣᠭᠲᠠᠭᠠᠯ | ᠶᠣᠰᠣᠭᠠᠷ ᠲᠣᠰ ᠲᠣᠰ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠪᠠ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ ᠱᠠᠩᠨᠠᠯ ᠤᠨ ᠬᠡᠪᠴᠢᠶᠡᠨ ᠳᠤ ᠣᠷᠣᠭᠤᠯᠤᠨ᠎ᠠ᠃ | ᠲᠠᠪᠤ ᠳᠤ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰ ᠭᠠᠵᠠᠷ ᠣᠷᠣᠨ ᠤ ᠪᠠᠨ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠶᠡᠷᠦᠩᠬᠡᠶ ᠬᠠᠷᠢᠭᠤᠴᠠᠯᠭ᠎ᠠ ᠶᠢ | ᠡᠭᠦᠷᠭᠡᠯᠡᠬᠦ ᠶᠢ ᠦᠷᠭᠦᠯᠵᠢᠯᠡᠨ ᠬᠡᠷᠡᠭᠵᠢᠭᠦᠯᠵᠦ᠂ ᠤᠯᠤᠰ ᠤᠨ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠠᠴᠠ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ ᠤᠢ ᠰᠢᠭᠤᠶ ᠶᠢᠨ | ᠳᠠᠷᠤᠭ᠎ᠠ ᠶᠢᠨ ᠳᠦᠷᠢᠮ ᠤᠨ ᠬᠢᠨᠠᠨ ᠵᠢᠯᠣᠭᠤᠳᠴᠤ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃ | | ᠰᠤᠷᠪᠤᠯᠵᠢᠯᠠᠭᠴᠢ᠄ ᠲᠠᠷᠠᠭᠠᠴᠢ ᠶᠢᠨ ᠠᠯᠬᠤᠮ ᠳᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ︽ᠮᠡᠳᠡᠭᠳᠡᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠠᠬᠢᠭᠤᠯᠬᠤ ᠪᠣᠶ︖ | ᠠᠮᠢ ᠠᠬᠤᠶ ᠶᠢᠨ ᠲᠥᠪ ᠤᠨ ᠬᠠᠷᠢᠭᠤᠴᠠᠯᠭᠠᠲᠠᠨ᠄ ︽ᠮᠡᠳᠡᠭᠳᠡᠯ︾ ᠪᠣᠯ ᠣᠳᠣᠬᠠᠨ ᠤ ᠪᠠ ᠬᠤᠶᠢᠰᠢᠳᠠ ᠶᠢᠨ | ᠨᠢᠭᠡ ᠬᠤᠭᠤᠴᠠᠭᠠᠨ ᠤ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠠᠵᠢᠯ ᠢ | ᠵᠢᠯᠣᠭᠤᠳᠬᠤ ᠴᠢᠬᠤᠯᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠣᠯᠤᠨ᠎ᠠ᠃ ᠤᠯᠤᠰ ᠤᠨ ᠣᠶ ᠰᠢᠭᠤᠶ | ᠪᠠ ᠨᠤᠲᠤᠭ ᠪᠡᠯᠴᠢᠭᠡᠷ ᠤᠨ ᠲᠣᠪᠴᠢᠶ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠮᠡᠳᠡᠭᠳᠡᠯ︾ ᠢ ᠨᠠᠶᠢᠳᠠᠪᠤᠷᠢᠵᠢᠭᠤᠯᠬᠤ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠨᠢᠭᠲᠠ | ᠬᠠᠮᠵᠢᠯᠴᠠᠨ᠂ ᠵᠣᠬᠢᠶᠠᠨ ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ | ᠪᠠᠳᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠨ᠎ᠠ︔ ᠲᠠᠷᠢᠶᠠᠯᠠᠬᠤ ᠶᠢ ᠵᠣᠭᠰᠣᠭᠠᠵᠤ | ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ ᠪᠠᠬᠢᠵᠢᠭᠦᠯᠬᠦ ᠡᠨᠡ ᠬᠦ ᠭᠤᠣᠯᠳᠠᠯᠭ᠎ᠠ ᠶᠢᠨ | ᠲᠣᠭᠤᠷᠢᠨ ᠳᠤ᠂ ᠣᠷᠣᠨ ᠨᠤᠲᠤᠭ ᠢ ᠵᠢᠯᠣᠭᠤᠳᠤᠨ ᠮᠤᠵᠢ ᠶᠢᠨ ᠱᠠᠲᠤᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠬᠡᠷᠡᠭᠵᠢᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ ᠲᠦᠷᠦᠯ | ᠬᠤᠪᠢᠶᠠᠨ ᠪᠠᠬᠢᠵᠢᠭᠦᠯᠦᠨ ᠳᠡᠭᠡᠭᠰᠢᠯᠡᠭᠦᠯᠵᠦ᠂ ᠦᠷ᠎ᠡ ᠪᠦᠲᠦᠭᠡᠯ ᠢ ᠪᠠᠬᠢᠵᠢᠭᠦᠯᠬᠦ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠤᠯᠠᠮ ᠨᠢᠭᠡ ᠠᠯᠬᠤᠮ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨ ᠬᠢᠨ ᠤ ᠠᠵᠤ | ᠦᠢᠯᠡᠰ ᠢ ᠬᠥᠭᠵᠢᠭᠦᠯᠬᠦ ᠶᠢ ᠬᠥᠲᠥᠯᠥᠨ ᠵᠢᠯᠣᠭᠤᠳᠤᠨ᠎ᠠ︔ ᠡᠯ᠎ᠡ ᠭᠠᠵᠠᠷ ᠤᠨ ᠬᠢᠨ ᠤ ︽ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ ᠨᠢᠭᠡᠨᠲᠡ ᠪᠠᠭᠤᠯᠭᠠᠭᠰᠠᠨ ᠡᠭᠦᠷᠭᠡ ᠶᠢ ᠣᠨᠣᠪᠴᠢᠲᠠᠶ ᠬᠡᠷᠡᠭᠵᠢᠭᠦᠯᠬᠦ ᠶᠢ ᠵᠢᠯᠣᠭᠤᠳᠴᠤ᠂ | ᠨᠢᠭᠡᠨᠲᠡ ᠣᠯᠤᠭᠰᠠᠨ ᠦᠷ᠎ᠡ ᠪᠦᠲᠦᠭᠡᠯ ᠢ ᠬᠥᠮᠥᠷᠭᠡ ᠳᠤ ᠣᠷᠣᠭᠤᠯᠬᠤ ᠪᠠ ᠰᠢᠨᠵᠢᠯᠡᠬᠦ ᠤᠬᠠᠭᠠᠨᠴᠢ ᠪᠠᠷ | ᠬᠠᠮᠢᠶᠠᠷᠬᠤ ᠶᠢ ᠲᠦᠷᠭᠡᠳᠬᠡᠨ᠎ᠡ︔ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ | ᠠᠵᠢᠯ ᠢ ᠤᠢ ᠰᠢᠭᠤᠶ ᠶᠢᠨ ᠳᠠᠷᠤᠭ᠎ᠠ ᠶᠢᠨ ᠳᠦᠷᠢᠮ ᠤᠨ ᠬᠢᠨᠠᠨ ᠵᠢᠯᠣᠭᠤᠳᠴᠤ ᠬᠢᠨᠠᠨ ᠰᠢᠯᠭᠠᠬᠤ ᠬᠡᠪᠴᠢᠶᠡᠨ ᠳᠤ | ᠣᠷᠣᠭᠤᠯᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ | ᠦᠨᠡᠨ ᠬᠦ ᠪᠠᠬᠢᠵᠢᠭᠦᠯᠦᠨ ᠬᠥᠭᠵᠢᠭᠦᠯᠵᠦ᠂ ᠠᠮᠢ ᠠᠬᠤᠶ ᠶᠢᠨ ᠪᠣᠯᠪᠠᠰᠤᠨ ᠢ ᠪᠠᠶᠢᠭᠤᠯᠬᠤ᠂ ︽ᠬᠤᠣᠰ | ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ᠂ ᠤᠢ ᠰᠢᠭᠤᠶ ᠡᠪᠡᠰᠦ ᠪᠡᠯᠴᠢᠭᠡᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠦᠨ᠎ᠡ᠃ |