ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠭᠤᠤᠯᠳᠠᠯᠭᠠᠲᠤ ᠴᠢᠭᠢᠭᠯᠢᠭ ᠭᠠᠵᠠᠷ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2022/11/25
ᠡᠯ᠎ᠡ ᠠᠶᠢᠮᠠᠭ ᠬᠤᠲᠠ ᠶᠢᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠠᠨᠵᠤᠤᠷ᠂ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠄      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠭᠢᠭᠯᠢᠭ ᠭᠠᠵᠠᠷ ᠢ ᠬᠠᠮᠠᠭᠠᠯᠠᠬᠤ ᠬᠠᠤᠯᠢ︾᠎ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠭᠢᠭᠯᠢᠭ ᠭᠠᠵᠠᠷ ᠢ ᠱᠠᠲᠤ ᠬᠤᠪᠢᠶᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭᠠᠲᠤ ᠴᠢᠭᠢᠭᠯᠢᠭ ᠭᠠᠵᠠᠷ ᠤᠨ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠲᠣᠪᠴᠢᠶ᠎ᠠ ᠠᠴᠠ ᠯᠢᠨ ᠾᠧ ᠭᠤᠣᠯ᠂ ᠬᠠᠲᠤᠨ ᠭᠤᠣᠯ᠂ ᠨᠠᠷᠢᠨ ᠨᠠᠭᠤᠷ ᠵᠡᠷᠭᠡ 12 ᠴᠢᠭᠢᠭᠯᠢᠭ ᠭᠠᠵᠠᠷ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭᠠᠲᠤ ᠴᠢᠭᠢᠭᠯᠢᠭ ᠭᠠᠵᠠᠷ ᠤᠨ ᠨᠡᠷᠡᠰ ᠤᠨ ᠵᠢᠭᠰᠠᠭᠠᠯᠲᠠ︾᠎ ᠳᠤ ᠣᠷᠣᠭᠤᠯᠬᠤ ᠪᠠᠷ ᠲᠣᠭᠲᠠᠵᠤ᠂ ᠡᠳᠦᠭᠡ ᠨᠡᠶᠢᠲᠡᠯᠡᠪᠡ᠃        ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠭᠤᠤᠯᠳᠠᠯᠭᠠᠲᠤ ᠴᠢᠭᠢᠭᠯᠢᠭ ᠭᠠᠵᠠᠷ ᠤᠨ ᠨᠡᠷᠡᠰ ᠤᠨ ᠵᠢᠭᠰᠠᠭᠠᠯᠲᠠ(http://lcj.nmg.gov.cn/xxgk/tzgg_7157/202211/P020221120585739363716.xlsx)                                         2022 ᠣᠨ ᠤ 11 ᠰᠠᠷ᠎ᠠ ᠶᠢᠨ 20᠎ ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号