ᠮᠠᠨ ᠤ ᠤᠯᠤᠰ ᠤᠨ ᠣᠶ ᠰᠢᠭᠤᠶ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠤᠨ ᠠᠮᠢ ᠠᠬᠤᠶ ᠶᠢᠨ | ᠴᠢᠳᠠᠮᠵᠢ ᠶᠢᠨ ᠶᠡᠷᠦᠩᠬᠡᠶ ᠥᠷᠲᠡᠭ ᠵᠢᠯ ᠪᠦᠷᠢ 28.58 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ ᠪᠠᠶᠢᠨ᠎ᠠ᠃ | | | ᠲᠦᠷᠦᠭᠦᠬᠡᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽2021 ᠣᠨ ᠤ | ᠳᠤᠮᠳᠠᠳᠤ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠠᠮᠢ ᠠᠬᠤᠶ ᠶᠢᠨ ᠪᠠᠶᠢᠳᠠᠯ︾ ᠢ | ᠨᠡᠶᠢᠲᠡᠯᠡᠪᠡ᠃ ᠡᠨᠡ ᠪᠣᠯ ᠮᠠᠨ ᠤ ᠤᠯᠤᠰ ᠤᠨ ᠠᠩᠬᠠᠳᠤᠭᠠᠷ ᠤᠳᠠᠭᠠᠨ ᠤ ᠤᠯᠤᠰ ᠤᠨ ᠤᠢ ᠰᠢᠭᠤᠢ ᠨᠤᠲᠤᠭ | ᠪᠡᠯᠴᠢᠭᠡᠷ ᠤᠨ ᠠᠮᠢ ᠠᠬᠤᠢ ᠶᠢ ᠬᠢᠨᠠᠨ ᠬᠡᠮᠵᠢᠵᠤ ᠬᠢᠨᠡᠨ ᠦᠨᠡᠯᠡᠬᠦ ᠠᠵᠢᠯ ᠢ ᠥᠷᠨᠢᠭᠦᠯᠵᠦ ᠪᠠᠶᠢᠭ᠎ᠠ ᠠᠵᠢᠯᠯᠠᠭ᠎ᠠ | ᠪᠤᠯᠬᠤ ᠮᠦᠷᠲᠡᠭᠡᠨ ᠤᠯᠤᠰ ᠠᠴᠠ ᠤᠢ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠵᠡᠷᠭᠡ ᠭᠤᠷᠪᠠᠨ ᠶᠡᠭᠡ | ᠠᠮᠢ ᠠᠬᠤᠢ ᠶᠢᠨ ᠰᠢᠰᠲ᠋ᠧᠮ ᠢᠶᠠᠷ ᠪᠦᠷᠢᠯᠳᠦᠭᠰᠡᠨ ᠠᠮᠢ ᠠᠬᠤᠢ ᠶᠢᠨ ᠣᠷᠣᠨ ᠵᠠᠢ᠂ ᠠᠮᠢ ᠠᠬᠤᠢ ᠶᠢᠨ | ᠪᠦᠲᠦᠭᠡᠭᠳᠡᠬᠦᠨ᠂ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠶᠢᠨ ᠦᠷᠳᠡᠭ ᠤᠨ ᠬᠡᠮᠵᠢᠶ᠎ᠡ ᠳᠤ ᠰᠢᠰᠲ᠋ᠧᠮ ᠲᠠᠢ | ᠦᠨᠡᠯᠡᠯᠲᠡ ᠬᠢᠵᠦ ᠪᠠᠶᠢᠭ᠎ᠠ ᠶᠠᠪᠤᠳᠠᠯ ᠪᠣᠯᠤᠨ᠎ᠠ᠃ | ᠮᠠᠨ ᠤ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠵᠢᠴᠢ ᠠᠮᠢ ᠠᠬᠤᠶ ᠶᠢᠨ ᠪᠠᠶᠢᠳᠠᠯ ᠢ | ᠣᠨᠣᠪᠴᠢᠲᠠᠶ ᠡᠵᠡᠮᠰᠢᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠭᠰᠡᠨ ᠦᠷ᠎ᠡ | ᠪᠦᠲᠦᠮᠵᠢ ᠶᠢ ᠪᠤᠰᠤᠳᠴᠢ ᠪᠠᠷ ᠦᠨᠡᠯᠡᠬᠦ ᠶᠢᠨ ᠲᠥᠯᠥᠭᠡ᠂ 2021 ᠣᠨ ᠳᠤ ᠤᠯᠤᠰ ᠤᠨ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠤᠯᠤᠰ ᠤᠨ ᠨᠤᠲᠤᠭ ᠳᠡᠪᠢᠰᠬᠡᠷ ᠤᠨ ︽ᠭᠤᠷᠪᠠ ᠶᠢ ᠲᠣᠬᠢᠷᠠᠭᠤᠯᠬᠤ︾ ᠲᠤᠭ᠎ᠠ | ᠪᠠᠷᠢᠮᠲᠠ ᠳᠤ ᠰᠠᠭᠤᠷᠢᠯᠠᠵᠤ᠂ ᠰᠢᠨ᠎ᠡ ᠮᠡᠷᠭᠡᠵᠢᠯ ᠤᠨ ᠠᠷᠭ᠎ᠠ ᠶᠢ ᠬᠡᠷᠡᠭᠯᠡᠵᠦ᠂ ᠣᠶ ᠰᠢᠭᠤᠶ᠂ ᠨᠤᠲᠤᠭ ᠪᠡᠯᠴᠢᠭᠡᠷ᠂ | ᠴᠢᠭᠢᠭᠯᠢᠭ ᠭᠠᠵᠠᠷ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠲᠤ ᠬᠢᠨᠠᠨ ᠬᠡᠮᠵᠢᠯᠲᠠ ᠬᠢᠵᠦ᠂ ᠤᠯᠤᠰ ᠤᠨ ᠤᠢ | ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢ ᠶᠡᠷᠦᠩᠬᠡᠶᠢᠯᠡᠨ ᠬᠢᠨᠠᠨ ᠬᠡᠮᠵᠢᠵᠦ ᠬᠢᠨᠠᠨ ᠦᠨᠡᠯᠡᠬᠦ ᠠᠵᠢᠯ ᠢ | ᠦᠷᠨᠢᠬᠦᠯᠪᠡ᠃ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ | ᠣᠷᠣᠨ ᠵᠠᠢ ᠣᠷᠣᠨ ᠪᠠᠶᠢᠷᠢ᠂ ᠬᠠᠮᠢᠶᠠᠷᠤᠯᠲᠠ ᠶᠢᠨ ᠪᠠᠶᠢᠳᠠᠯ᠂ ᠪᠠᠶᠢᠭᠠᠯᠢ ᠶᠢᠨ ᠡᠯᠧᠮᠧᠨ᠋ᠲ᠂ ᠡᠬᠢ ᠪᠠᠶᠠᠯᠢᠭ ᠤᠨ | ᠣᠨᠴᠠᠯᠢᠭ ᠵᠡᠷᠭᠡ ᠮᠡᠳᠡᠭᠡ ᠵᠠᠩᠭᠢ ᠶᠢ ᠬᠠᠮᠤᠷᠤᠭᠰᠠᠨ᠂ ᠤᠯᠤᠰ ᠪᠣᠯᠤᠨ ᠣᠷᠣᠨ ᠨᠤᠲᠤᠭ ᠢ ᠵᠣᠯᠭᠠᠭᠤᠯᠤᠭᠰᠠᠨ ᠤᠢ | ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠪᠠᠶᠢᠳᠠᠯ ᠤᠨ ᠲᠤᠭᠠᠵᠢᠭᠤᠯᠤᠭᠰᠠᠨ ᠬᠦᠮᠦᠷᠭᠡ ᠶᠢ ᠪᠠᠶᠢᠭᠤᠯᠪᠠ᠃ | ᠬᠡᠷᠡᠭᠯᠡᠬᠦ ᠬᠦᠷᠭᠡᠵᠦ | ᠬᠢᠨᠠᠨ ᠬᠡᠮᠵᠢᠵᠦ ᠬᠢᠨᠠᠨ ᠦᠨᠡᠯᠡᠭᠰᠡᠨ ᠦᠷ᠎ᠡ ᠳ᠋ᠦᠩ ᠠᠴᠠ ᠦᠵᠡᠪᠡᠯ᠂ 2021 ᠣᠨ ᠳᠤ ᠮᠠᠨ ᠤ | ᠤᠯᠤᠰ ᠤᠨ ᠣᠶ ᠰᠢᠭᠤᠶ ᠶᠢᠨ ᠲᠠᠯᠠᠪᠠᠶ 34.6 ᠳ᠋ᠦᠩᠰᠢᠭᠤᠷ ᠮᠥ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ | 24.02%᠂ ᠣᠶ ᠰᠢᠭᠤᠶ ᠶᠢᠨ ᠬᠠᠳᠠᠭᠠᠯᠠᠭᠳᠠᠴᠠ ᠶᠢᠨ ᠬᠡᠮᠵᠢᠶ᠎ᠡ 194.93 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ᠂ ᠡᠪᠡᠰᠦ ᠪᠡᠯᠴᠢᠭᠡᠷ ᠤᠨ ᠲᠠᠯᠠᠪᠠᠶ 39.68 ᠳ᠋ᠦᠩᠰᠢᠭᠤᠷ ᠮᠥ᠂ ᠨᠤᠲᠤᠭ ᠪᠡᠯᠴᠢᠭᠡᠷ ᠤᠨ | ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ 50.32%᠂ ᠰᠢᠨ᠎ᠡ ᠰᠣᠷᠭᠤᠭ ᠡᠪᠡᠰᠦᠨ ᠤ | ᠵᠢᠯ ᠤᠨ ᠶᠡᠷᠦᠩᠬᠡᠶ ᠭᠠᠷᠤᠯᠲᠠ 5.95 ᠳ᠋ᠦᠩᠰᠢᠭᠤᠷ ᠲᠣᠨ᠂ ᠣᠶ ᠰᠢᠭᠤᠶ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠨᠡᠭᠦᠷᠡᠰᠦᠲᠥ᠋ᠷᠥᠭᠴᠢ ᠶᠢᠨ ᠶᠡᠷᠦᠩᠬᠡᠶ ᠬᠠᠳᠠᠭᠠᠯᠠᠭᠳᠠᠴᠠ 114.43 ᠳ᠋ᠦᠩᠰᠢᠭᠤᠷ ᠲᠣᠨ ᠪᠣᠯᠤᠨ᠎ᠠ᠃ | | 2021 ᠣᠨ ᠳᠤ ᠮᠠᠨ ᠤ ᠤᠯᠤᠰ ᠤᠨ ᠤᠢ ᠰᠢᠭᠤᠢ᠂ ᠨᠤᠲᠤᠭ ᠪᠡᠯᠴᠢᠭᠡᠷ᠂ ᠴᠢᠭᠢᠭᠯᠢᠭ ᠭᠠᠵᠠᠷ ᠤᠨ ᠠᠮᠢ | ᠠᠬᠤᠢ ᠶᠢᠨ ᠰᠢᠰᠲ᠋ᠧᠮ ᠤᠨ ᠵᠢᠯ ᠤᠨ ᠤᠰᠤᠨ ᠰᠤᠷᠪᠤᠯᠵᠢ ᠶᠢ ᠬᠠᠳᠠᠭᠠᠯᠠᠬᠤ ᠬᠡᠮᠵᠢᠶ᠎ᠡ 8038.53 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ᠂ ᠵᠢᠯ ᠤᠨ ᠬᠥᠷᠥᠰᠥ ᠶᠢ ᠲᠣᠭᠲᠠᠪᠤᠷᠢᠵᠢᠭᠤᠯᠬᠤ ᠬᠡᠮᠵᠢᠶ᠎ᠡ 117.20 ᠳ᠋ᠦᠩᠰᠢᠭᠤᠷ | ᠲᠣᠨ᠂ ᠵᠢᠯ ᠤᠨ ᠠᠭᠠᠷ ᠮᠠᠨᠳᠠᠯ ᠤᠨ ᠪᠣᠬᠢᠷᠲᠤᠯ ᠪᠣᠳᠠᠰ ᠢ ᠰᠢᠩᠭᠡᠭᠡᠨ ᠠᠪᠬᠤ ᠬᠡᠮᠵᠢᠶ᠎ᠡ 0.75 ᠳ᠋ᠦᠩᠰᠢᠭᠤᠷ ᠲᠣᠨ᠂ | ᠵᠢᠯ ᠤᠨ ᠲᠣᠭᠤᠰᠣ ᠰᠢᠷᠣᠢ ᠶᠢ ᠲᠤᠭᠳᠠᠪᠤᠷᠢᠵᠢᠭᠤᠯᠬᠤ ᠬᠡᠮᠵᠢᠶ᠎ᠡ 102.57 ᠳ᠋ᠦᠩᠰᠢᠭᠤᠷ ᠲᠣᠨ᠂ ᠵᠢᠯ ᠤᠨ | ᠬᠦᠴᠢᠯᠲᠥ᠋ᠷᠥᠭᠴᠢ ᠢᠯᠭᠠᠷᠠᠭᠤᠯᠬᠤ ᠬᠡᠮᠵᠢᠶ᠎ᠡ 9.34 ᠳ᠋ᠦᠩᠰᠢᠭᠤᠷ ᠲᠣᠨ᠂ ᠵᠢᠯ ᠤᠨ ᠤᠷᠭᠤᠮᠠᠯ ᠤᠨ ᠰᠢᠮ᠎ᠡ | ᠲᠡᠵᠢᠭᠡᠯ ᠢ ᠲᠣᠭᠲᠠᠪᠤᠷᠢᠵᠢᠭᠤᠯᠬᠤ ᠬᠡᠮᠵᠢᠶ᠎ᠡ 0.49 ᠳ᠋ᠦᠩᠰᠢᠭᠤᠷ ᠲᠣᠨ ᠳᠤ ᠬᠦᠷᠴᠡᠢ᠃ ᠣᠶ ᠰᠢᠭᠤᠶ᠂ ᠨᠤᠲᠤᠭ | ᠪᠡᠯᠴᠢᠭᠡᠷ᠂ ᠴᠢᠭᠢᠭᠯᠢᠭ ᠭᠠᠵᠠᠷ ᠤᠨ ᠠᠮᠢ ᠠᠬᠤᠶ ᠶᠢᠨ ᠪᠦᠲᠦᠭᠡᠭᠳᠡᠬᠦᠨ ᠤ ᠶᠡᠷᠦᠩᠬᠡᠶ ᠥᠷᠲᠡᠭ ᠤᠨ ᠬᠡᠮᠵᠢᠶ᠎ᠡ ᠨᠢ ᠵᠢᠯ | ᠪᠦᠷᠢ 28.58 ᠲᠦᠮᠡᠨ ᠳ᠋ᠦᠩᠰᠢᠭᠤᠷ ᠲᠥᠭᠦᠷᠢᠭ ᠪᠣᠯᠤᠨ᠎ᠠ᠃ | ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠰᠠᠶᠢᠵᠢᠷᠠᠬᠤ᠂ ᠠᠮᠢ ᠠᠬᠤᠢ ᠶᠢᠨ | ᠴᠢᠳᠠᠮᠵᠢ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠯᠡᠷᠡᠪᠡ᠃ |