ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠠᠴᠠ 11 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠦᠲᠦᠮᠵᠢᠲᠡᠢ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ | ᠪᠠᠶᠢᠳᠠᠯ ᠢ ᠲᠠᠨᠢᠯᠴᠠᠭᠤᠯᠪᠠ᠂ ᠬᠠᠮᠲᠤ ᠪᠠᠷ ᠠᠩᠬᠠᠷᠴᠠᠭᠠᠶ᠎ᠠ︕ | ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ | ᠬᠡᠷᠡᠭᠲᠡᠢ | ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠨᠢ ᠠᠷᠠᠳ ᠣᠯᠠᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠵᠢᠷᠤᠮ ᠢ ᠲᠦᠢᠯ ᠤᠨ ᠶᠡᠭᠡ ᠪᠠᠷ ᠨᠥᠯᠥᠭᠡᠯᠡᠬᠦ ᠪᠠᠷ ᠪᠠᠷᠠᠬᠤ ᠦᠭᠡᠢ ᠠᠮᠠᠷᠬᠠᠨ ᠪᠤᠬᠢᠨᠢᠳᠤᠬᠤ | ᠰᠡᠳᠬᠢᠯᠭᠡ ᠶᠢ ᠡᠭᠦᠰᠭᠡᠵᠦ᠂ ᠠᠮᠢᠳᠤᠷᠠᠯ ᠤᠨ ᠬᠦᠴᠢᠷᠳᠡᠯ ᠢ ᠪᠣᠢ ᠪᠣᠯᠭᠠᠳᠠᠭ᠃ ᠡᠶᠢᠮᠦᠷᠬᠦᠦ ᠪᠠᠶᠢᠳᠠᠯ ᠢ ᠡᠷᠬᠡᠪᠰᠢ | ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ᠃ ᠡᠶᠢᠮᠦ ᠠᠴᠠ᠂ ᠡᠯ᠎ᠡ ᠭᠠᠵᠠᠷ ᠤᠨ ᠬᠢᠨ ᠥᠨᠳᠥᠷ ᠳᠣᠣᠷ᠎ᠠ ᠳᠡᠰ ᠤᠨ | ᠲᠦᠭᠰᠢᠭᠦᠷᠢᠲᠦ ᠣᠷᠣᠨ ᠢ ᠬᠤᠪᠢᠶᠠᠷᠢᠯᠠᠬᠤ ᠪᠠᠷᠢᠮᠵᠢᠶ᠎ᠠ ᠶᠢᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ | ᠲᠦᠭᠰᠢᠭᠦᠷᠢᠲᠦ ᠣᠷᠣᠨ ᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ | ᠵᠠᠷᠴᠢᠮ ᠳᠡᠭᠡᠷ᠎ᠡ ᠪᠠᠨ ᠥᠨᠳᠥᠷ ᠳᠡᠰ ᠤᠨ ᠲᠦᠭᠰᠢᠭᠦᠷᠢᠲᠦ ᠣᠷᠣᠨ ᠢ ᠡᠩ ᠤᠨ ᠪᠠᠶᠢᠳᠠᠯ ᠳᠤ ᠣᠷᠣᠴᠠ᠂ | ᠠᠰᠠᠷ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠬᠤ ᠬᠡᠷᠡᠭᠲᠡᠢ᠂ ᠳᠤᠷ᠎ᠠ ᠪᠠᠷ ᠢᠶᠠᠨ ᠥᠷᠭᠡᠳᠬᠡᠵᠦ ᠪᠣᠯᠬᠤ | ᠦᠭᠡᠢ᠃ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠲᠣᠳᠣᠷᠬᠠᠢ ᠦᠭᠡᠢ ᠪᠤᠶᠤ ᠨᠡᠶᠢᠭᠡᠮ | ᠲᠣᠭᠤᠷᠢᠭ ᠲᠤ ᠥᠷᠭᠡᠨ ᠢᠶᠠᠷ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠶᠢᠭ᠎ᠠ ᠪᠠᠶᠢᠳᠠᠯ ᠳᠣᠣᠷ᠎ᠠ᠂ ᠥᠨᠳᠥᠷ | ᠳᠡᠰ ᠤᠨ ᠲᠦᠭᠰᠢᠭᠦᠷᠢᠲᠦ ᠣᠷᠣᠨ ᠤ ᠬᠤᠪᠢᠶᠠᠷᠢᠯᠠᠨ ᠲᠣᠭᠲᠠᠭᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ | ᠥᠷᠭᠡᠳᠬᠡᠵᠦ ᠪᠣᠯᠤᠨ᠎ᠠ᠂ ᠭᠡᠬᠦ ᠳᠤ ᠪᠠᠨ ᠴᠠᠭ ᠲᠤᠬᠠᠢ ᠳᠤ ᠨᠢ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠪᠠ | ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠲᠦᠷᠭᠡᠨ ᠪᠢᠲᠡᠭᠦᠮᠵᠢᠯᠡᠵᠦ ᠲᠦᠷᠭᠡᠨ | ᠲᠠᠶᠢᠯᠬᠤ ᠬᠡᠷᠡᠭᠲᠡᠢ᠃ ᠲᠦᠭᠰᠢᠭᠦᠷᠢᠲᠦ ᠬᠥᠮᠦᠰ ᠢ ᠮᠠᠭᠠᠳᠯᠠᠨ ᠲᠣᠭᠲᠠᠭᠠᠬᠤ ᠳᠤ ᠪᠠᠨ ᠲᠤᠬᠠᠢ ᠶᠢᠨ ᠲᠠᠯᠠᠪᠤᠷ ᠤᠨ | ᠬᠠᠯᠳᠠᠪᠤᠷᠢᠲᠤ ᠡᠪᠡᠳᠴᠢᠨ ᠤ ᠪᠠᠶᠢᠴᠠᠭᠠᠯᠲᠠ ᠪᠠᠷ ᠦᠨᠳᠦᠰᠦᠯᠡᠯ ᠪᠣᠯᠭᠠᠬᠤ ᠬᠡᠷᠡᠭᠲᠡᠢ᠂ ᠴᠠᠭ ᠬᠤᠭᠤᠴᠠᠭ᠎ᠠ ᠪᠠ | ᠣᠷᠣᠨ ᠵᠠᠢ ᠶᠢᠨ ᠳᠠᠭᠠᠯᠲᠠ ᠪᠠᠷ ᠳᠠᠮᠵᠢᠭᠤᠯᠤᠨ ᠬᠡᠪᠴᠢᠶ᠎ᠡ ᠶᠢ ᠨᠢ ᠥᠷᠭᠡᠳᠬᠡᠵᠦ᠂ ᠶᠡᠭᠡ ᠬᠡᠪᠴᠢᠶ᠎ᠡ ᠪᠠᠷ ︽ | ᠠᠳᠡᠭᠦᠷᠡᠨ ᠪᠢᠲᠡᠭᠦᠮᠵᠢᠯᠡᠵᠦ︾ ᠪᠣᠯᠬᠤ ᠦᠭᠡᠢ᠃ ᠬᠢᠵᠢᠭ ᠤᠨ ᠪᠠᠶᠢᠳᠠᠯ ᠠᠴᠠ ᠪᠣᠯᠵᠤ ᠣᠯᠠᠨ ᠲᠦᠮᠡᠨ ᠳᠤ ᠶᠠᠷᠰᠢᠭ | ᠲᠦᠪᠡᠭ ᠤᠴᠠᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠥᠨᠳᠥᠷ ᠳᠡᠰ ᠤᠨ | ᠲᠦᠭᠰᠢᠭᠦᠷᠢᠲᠦ ᠣᠷᠣᠨ ᠢ ᠴᠢᠩᠭ᠎ᠠ ᠬᠠᠮᠢᠶᠠᠷᠤᠨ ᠡᠵᠡᠮᠳᠡᠵᠦ᠂ ︽ᠭᠡᠷ ᠠᠴᠠ ᠪᠠᠨ ᠭᠠᠷᠬᠤ ᠦᠭᠡᠢ︾ ᠪᠠᠶᠢᠬᠤ ᠶᠢ | ᠪᠡᠶᠡᠯᠡᠭᠦᠯᠬᠦ ᠪᠠᠷ ᠪᠠᠷᠠᠬᠤ ᠦᠭᠡᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠭᠦᠨ ᠤ ᠵᠡᠷᠭᠡ ᠳᠤ᠂ ᠪᠢᠲᠡᠭᠦᠮᠵᠢᠯᠡᠨ ᠡᠵᠡᠮᠳᠡᠬᠦ ᠪᠠ ᠲᠤᠰᠠᠭᠠᠷᠯᠠᠬᠤ | ᠬᠥᠮᠦᠰ ᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ | ᠵᠢᠷᠮᠦᠰᠦᠨ ᠵᠡᠷᠭᠡ ᠣᠨᠴᠠᠭᠠᠢ ᠬᠥᠮᠦᠰ ᠢ ᠬᠠᠯᠠᠮᠵᠢᠯᠠᠨ ᠬᠠᠪᠰᠤᠷᠬᠤ ᠡᠷᠴᠢᠮ ᠢᠶᠠᠨ ᠴᠢᠩᠭᠠᠷᠠᠭᠤᠯᠵᠤ᠂ ᠠᠷᠠᠳ | ᠣᠯᠠᠨ ᠤ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | | | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠵᠠᠷᠯᠠᠨ ᠨᠡᠶᠢᠲᠡᠯᠡᠬᠦ᠂ | ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠲᠦᠷᠭᠡᠨ | ᠦᠷᠪᠢᠰᠬᠦ ᠬᠠᠨᠳᠤᠰᠢ ᠲᠠᠢ ᠪᠣᠯᠵᠤ᠂ ᠬᠢᠵᠢᠭ ᠤᠨ ᠪᠠᠶᠢᠳᠠᠯ ᠤᠨ ᠬᠠᠮᠤᠷᠬᠤ ᠬᠡᠪᠴᠢᠶ᠎ᠡ ᠥᠷᠭᠡᠳᠴᠦ᠂ ᠬᠡᠰᠡᠭ ᠭᠠᠵᠠᠷ | ᠣᠷᠣᠨ ᠳᠤ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠳᠠᠬᠢᠨ ᠨᠡᠮᠡᠭᠳᠡᠬᠦ ᠠᠶᠤᠯ ᠲᠦᠭᠰᠢᠭᠦᠷᠢ | ᠢᠯᠡᠷᠡᠵᠦ᠂ ᠵᠠᠷᠢᠮ ᠭᠠᠵᠠᠷ ᠣᠷᠣᠨ ᠳᠤ ᠭᠤᠷᠪᠠᠨ ᠵᠢᠯ ᠤᠨ ᠲᠤᠷᠰᠢᠬᠢ ᠬᠠᠮᠤᠭ ᠤᠨ ᠪᠤᠳᠤᠯᠢᠶᠠᠨᠲᠠᠢ᠂ ᠬᠠᠮᠤᠭ ᠤᠨ | ᠬᠦᠨᠳᠦ ᠨᠣᠴᠢᠲᠠᠢ ᠪᠠᠶᠢᠳᠠᠯ ᠳᠤ ᠲᠤᠯᠭᠠᠷᠠᠵᠤ ᠪᠠᠶᠢᠨ᠎ᠠ᠃ | ᠤᠯᠤᠰ ᠤᠨ ︽ᠶᠢᠰᠦ ᠶᠢ ᠦᠯᠦ ᠵᠥᠪᠰᠢᠶᠡᠷᠡᠬᠦ︾ ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ ᠬᠡᠯᠡᠯᠴᠡᠭᠡᠨ ᠤ | ᠪᠠᠶᠢᠳᠠᠯ ᠢᠶᠠᠷ ᠳᠡᠮᠵᠢᠨ ᠣᠶᠢᠯᠠᠭᠠᠭᠰᠠᠨ ᠢᠶᠠᠷ᠂ ᠣᠳᠣᠬᠠᠨ ᠳᠤ ᠣᠯᠠᠨ ᠲᠦᠮᠡᠨ ᠤ ᠲᠤᠰᠬᠠᠭᠰᠠᠨ ᠭᠤᠣᠯ | ᠠᠰᠠᠭᠤᠳᠠᠯ ᠳᠤ ᠡᠨᠡ ᠬᠡᠳᠦᠨ ᠲᠠᠯ᠎ᠠ ᠪᠠᠭᠲᠠᠨ᠎ᠠ᠄ | ᠨᠢᠭᠡ ᠳᠤ᠂ ᠵᠠᠷᠢᠮ ᠭᠠᠵᠠᠷ ᠣᠷᠣᠨ ᠤ ᠠᠪᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠣᠨᠣᠪᠴᠢᠲᠠᠢ | ᠪᠢᠰᠢ ᠪᠠᠶᠢᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ ᠦᠵᠡᠭᠦᠯᠵᠦ | ᠪᠠᠶᠢᠬᠤ ᠮᠥᠷᠲᠡᠭᠡᠨ ᠤᠯᠤᠰ ᠤᠨ ᠲᠥᠷᠥ ᠶᠢᠨ ᠪᠣᠳᠣᠯᠭ᠎ᠠ ᠲᠠᠢ ᠨᠡᠶᠢᠴᠡᠬᠦ ᠦᠭᠡᠢ ᠪᠠᠶᠢᠨ᠎ᠠ︔ ᠬᠤᠶᠠᠷ ᠲᠤ᠂ ᠣᠨᠴᠠ | ᠵᠠᠷᠢᠮ ᠦᠨᠳᠦᠰᠦᠨ ᠱᠠᠲᠤᠨ ᠤ ᠠᠵᠢᠯᠲᠠᠨ ᠤ ᠠᠵᠢᠯᠯᠠᠬᠤ ᠠᠷᠭ᠎ᠠ ᠨᠢ ᠳᠠᠩ ᠴᠤᠯᠭᠤᠢ᠂ ᠣᠪᠣᠷ ᠨᠢ ᠮᠠᠭᠤ᠂ | ᠬᠦᠯᠢᠴᠡᠩᠭᠦᠢ ᠪᠤᠰᠤ᠂ ᠣᠯᠠᠨ ᠲᠦᠮᠡᠨ ᠲᠠᠢ ᠨᠡᠪᠲᠡᠷᠡᠯᠴᠡᠬᠦ ᠨᠢ ᠰᠢᠯᠤᠭᠤᠨ ᠪᠢᠰᠢ᠂ ᠵᠥᠷᠢᠴᠡᠯ ᠢ ᠠᠮᠠᠷᠬᠠᠨ | ᠬᠤᠷᠴᠠᠳᠬᠠᠵᠤ ᠪᠠᠶᠢᠨ᠎ᠠ︔ ᠭᠤᠷᠪᠠ ᠳᠤ᠂ ᠴᠥᠭᠡᠨ ᠲᠣᠭᠠᠨ ᠤ ᠭᠠᠵᠠᠷ ᠣᠷᠣᠨ ᠤ ᠬᠢᠵᠢᠭ ᠲᠤ ᠬᠤᠯᠪᠣᠭᠳᠠᠭᠰᠠᠨ | ᠮᠡᠳᠡᠭᠡ ᠵᠠᠩᠭᠢ ᠶᠢ ᠴᠠᠭ ᠲᠤᠬᠠᠢ ᠳᠤ ᠨᠢ ᠪᠦᠷᠢᠨ ᠭᠦᠢᠴᠡᠳ ᠨᠡᠶᠢᠲᠡᠯᠡᠭᠰᠡᠨ ᠦᠭᠡᠢ ᠠᠴᠠ ᠪᠣᠯᠵᠤ ᠣᠯᠠᠨ | ᠲᠦᠮᠡᠨ ᠳᠤ ᠠᠮᠠᠷᠬᠠᠨ ᠡ᠊ᠨᠳᠡᠭᠦᠦ ᠣᠶᠢᠯᠠᠭᠠᠯᠲᠠ ᠥᠭᠴᠦ ᠪᠠᠶᠢᠨ᠎ᠠ᠃ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ | ᠴᠡᠭᠴᠡᠯᠡᠨ ᠵᠠᠰᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ | ᠡᠷᠬᠡᠪᠰᠢ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠤᠯᠤᠰ ᠤᠨ ᠰᠡᠷᠭᠡᠶᠢᠯᠡᠨ ᠡᠵᠡᠮᠳᠡᠬᠦ | ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠳᠤᠷ᠎ᠠ ᠪᠠᠷ ᠰᠤᠷᠭᠠᠭᠤᠯᠢ ᠶᠢ ᠪᠢᠲᠡᠭᠦᠮᠵᠢᠯᠡᠨ | ᠬᠢᠴᠢᠶᠡᠯ ᠢ ᠵᠣᠭᠰᠣᠭᠠᠬᠤ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠣᠭᠠᠬᠤ᠂ ᠪᠠᠰᠠ ᠵᠥᠪᠰᠢᠶᠡᠷᠡᠯ | ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ ︽ᠲᠣᠭᠲᠠᠩᠭᠤᠢ︾ ᠬᠠᠮᠢᠶᠠᠷᠤᠯᠲᠠ ᠶᠠᠪᠤᠭᠤᠯᠬᠤ᠂ | ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠤᠷᠲᠤ ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ᠂ ᠳᠤᠷ᠎ᠠ ᠪᠠᠷ | ᠡᠮᠴᠢᠯᠡᠭᠡ ᠶᠢ ᠵᠣᠭᠰᠣᠭᠠᠬᠤ ᠵᠡᠷᠭᠡ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠢᠯᠡ | ᠠᠵᠢᠯᠯᠠᠭ᠎ᠠ ᠶᠢ ᠵᠠᠷᠯᠠᠨ ᠮᠡᠳᠡᠭᠳᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠦᠨᠳᠦ ᠨᠣᠴᠢᠲᠠᠢ | ᠦᠷ᠎ᠡ ᠳ᠋ᠦᠩ ᠭᠠᠷᠭᠠᠭᠰᠠᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | | | | ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ | ᠦᠭᠡᠢ ᠴᠢᠨᠠᠷ ᠢ ᠣᠨᠴᠠᠭᠠᠶᠢᠯᠠᠨ ᠠᠩᠬᠠᠷᠬᠤ ᠬᠡᠷᠡᠭᠲᠡᠢ | ᠵᠠᠷᠢᠮ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ | ᠠᠵᠢᠯ ᠢ ᠥᠷᠨᠢᠭᠦᠯᠬᠦ ᠪᠠᠷ ᠲᠤᠷᠰᠢᠵᠤ ᠪᠠᠶᠢᠨ᠎ᠠ᠂ ᠭᠡᠪᠡᠴᠦ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ | ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠴᠤ᠂ ᠪᠦᠷᠢᠨ | ᠲᠡᠭᠦᠯᠳᠡᠷ ᠬᠡᠷᠡᠭᠵᠢᠭᠦᠯᠬᠦ ᠲᠥᠰᠦᠯ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ | ᠰᠠᠶᠢᠲᠤᠷ ᠬᠢᠵᠦ᠂ ᠮᠡᠷᠭᠡᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠬᠤ ᠬᠡᠷᠡᠭᠲᠡᠢ᠃ ᠤᠴᠢᠷ ᠨᠢ ᠦᠯᠢᠭᠡᠷ | ᠠᠪᠬᠤ ᠶᠢᠨ ᠶᠠᠰᠤ ᠴᠢᠨᠠᠷ ᠤᠨ ᠵᠢᠷᠤᠮᠵᠢᠭᠤᠨ ᠴᠢᠨᠠᠷ ᠪᠠ ᠠᠶᠤᠯ ᠦᠭᠡᠢ ᠴᠢᠨᠠᠷ ᠪᠣᠯ ᠲᠦᠢᠯ ᠤᠨ ᠴᠢᠬᠤᠯᠠ ᠶᠤᠮ᠂ | ᠡᠶᠢᠮᠦ ᠠᠴᠠ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠳᠤ ᠴᠤ ᠦᠯᠢᠭᠡᠷ ᠠᠪᠬᠤ ᠶᠢᠨ ᠶᠠᠰᠤ ᠴᠢᠨᠠᠷ ᠢ | ᠪᠠᠲᠤᠯᠠᠬᠤ ᠬᠡᠷᠡᠭᠲᠡᠢ᠃ | | | ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠬᠤᠪᠢᠰᠤᠭᠰᠠᠨ ᠰᠠᠯᠪᠤᠷᠢ ᠶᠢᠨ ᠡᠪᠡᠳᠴᠢᠯᠡᠭᠦᠯᠬᠦ | ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ | ᠬᠠᠷᠢᠴᠠᠭᠤᠯᠪᠠᠯ ᠢᠯᠡᠳᠲᠡ ᠪᠠᠭᠤᠷᠠᠵᠠᠢ | ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ | ᠭᠡᠷᠡᠴᠢᠯᠡᠭᠰᠡᠨ ᠢᠶᠠᠷ᠂ ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠰᠠᠯᠪᠤᠷᠢᠯᠠᠨ ᠬᠤᠪᠢᠰᠤᠭᠰᠠᠨ BA.1᠂ | BA.2᠂ BA.5᠂ BF.7᠂ BQ.1 ᠪᠠ ᠳᠠᠬᠢᠨ ᠨᠡᠶᠢᠯᠡᠭᠰᠡᠨ ᠴᠣᠭᠴᠠ XBB ᠶᠢᠨ ᠡᠪᠡᠳᠴᠢᠯᠡᠭᠦᠯᠬᠦ | ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ | ᠬᠠᠷᠢᠴᠠᠭᠤᠯᠪᠠᠯ ᠢᠯᠡᠳᠲᠡ ᠪᠠᠭᠤᠷᠠᠭᠰᠠᠨ ᠪᠠᠶᠢᠨ᠎ᠠ᠃ ᠤᠯᠤᠰ ᠤᠨ ᠭᠠᠳᠠᠭᠠᠳᠤ ᠶᠢᠨ ᠰᠤᠳᠤᠯᠭᠠᠨ ᠠᠴᠠ ᠦᠵᠡᠪᠡᠯ᠂ | ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠬᠦ ᠪᠠ ᠦᠬᠦᠬᠦ | ᠬᠠᠷᠢᠴᠠᠯ ᠨᠢ ᠠᠩᠬᠠᠨ ᠤ ᠸᠢᠷᠦ᠋ᠰ ᠪᠠ ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠠᠴᠠ ᠢᠯᠡᠳᠲᠡ | ᠳᠣᠣᠷ᠎ᠠ ᠪᠠᠶᠢᠵᠤ᠂ ᠡᠨᠡ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠣᠨᠴᠠᠯᠢᠭ ᠪᠣᠯᠬᠤ ᠪᠠᠷ ᠪᠠᠷᠠᠬᠤ ᠦᠭᠡᠢ | ᠸᠠᠺᠼᠢᠨ ᠤ ᠲᠠᠷᠢᠯᠭ᠎ᠠ ᠶᠢᠨ ᠬᠥᠮᠦᠰ ᠤᠨ ᠡᠭᠡᠯᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠ ᠴᠠᠭ | ᠲᠤᠬᠠᠢ ᠳᠤ ᠨᠢ ᠡᠮᠴᠢᠯᠡᠭᠰᠡᠨ ᠵᠡᠷᠭᠡ ᠬᠦᠴᠦᠨ ᠵᠦᠢᠯ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ᠃ ᠮᠠᠨ ᠤ ᠤᠯᠤᠰ ᠤᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ ᠵᠢᠴᠢ | ᠲᠡᠭᠦᠨ ᠲᠠᠢ ᠬᠤᠯᠪᠣᠭᠳᠠᠬᠤ ᠦᠬᠦᠯ ᠤᠨ ᠨᠣᠷᠮ᠎ᠠ ᠨᠢ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ ᠪᠠᠶᠢᠨ᠎ᠠ᠂ | ᠡᠨᠡ ᠨᠢ ᠮᠠᠨ ᠤ ᠢᠳᠡᠪᠬᠢᠲᠡᠢ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠪᠠ ᠴᠢᠨᠠᠷ ᠰᠠᠶᠢᠲᠠᠢ ᠠᠪᠤᠷᠠᠨ ᠵᠠᠰᠠᠬᠤ | ᠬᠦᠴᠦᠨ ᠢ ᠨᠢᠭᠡᠳᠦᠯᠲᠡᠢ ᠲᠥᠯᠥᠪᠵᠢᠭᠦᠯᠦᠭᠰᠡᠨ ᠲᠠᠢ ᠬᠤᠯᠪᠣᠭ᠎ᠠ ᠲᠠᠢ ᠶᠤᠮ᠃ ᠬᠢᠲᠠᠳ ᠡᠮ ᠡᠮᠨᠡᠯᠭᠡ ᠨᠢ ᠪᠠᠰᠠ | ᠢᠳᠡᠪᠬᠢᠲᠡᠢ ᠦᠢᠯᠡᠳᠦᠯ ᠭᠠᠷᠭᠠᠭᠰᠠᠨ ᠪᠣᠯᠪᠠᠴᠤ ᠰᠠᠭᠤᠷᠢ ᠴᠢᠨᠠᠷᠲᠠᠢ ᠡᠪᠡᠳᠴᠢᠨ ᠲᠠᠢ᠂ ᠥᠨᠳᠥᠷ ᠨᠠᠰᠤᠲᠠᠢ | ᠡᠪᠡᠳᠴᠢᠲᠡᠨ ᠪᠠ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠦᠰ ᠬᠡᠷᠪᠡ ᠣᠮᠢᠺᠷᠦᠨ ᠣᠨᠳᠣᠣᠰᠢᠭᠰᠠᠨ | ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠮᠥᠨ ᠬᠦ ᠵᠣᠬᠢᠬᠤ ᠬᠠᠷᠢᠴᠠᠯ ᠢᠶᠠᠷ ᠬᠦᠨᠳᠦ ᠡᠪᠡᠳᠴᠢᠨ ᠳᠤ ᠨᠡᠷᠪᠡᠭᠳᠡᠵᠦ | ᠮᠡᠳᠡᠨ᠎ᠡ᠃ ᠭᠡᠪᠡᠴᠦ ᠣᠳᠣ ᠶᠢᠨ ᠪᠠᠶᠢᠭ᠎ᠠ ᠸᠠᠺᠼᠢᠨ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ | ᠬᠠᠯᠳᠠᠪᠤᠷᠢᠯᠠᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ ᠪᠠ ᠦᠬᠦᠬᠦ ᠨᠤᠷᠮ᠎ᠠ ᠶᠢ ᠪᠠᠭᠠᠰᠬᠠᠬᠤ ᠳᠤ | ᠮᠥᠨ ᠨᠡᠯᠢᠶᠡᠳ ᠰᠠᠶᠢᠨ ᠦᠢᠯᠡᠳᠦᠯ ᠲᠠᠢ ᠶᠤᠮ᠃ | | | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠶᠢᠨ ᠦᠢᠯᠡᠳᠦᠯᠭᠡ ᠠᠴᠠ | ᠦᠵᠡᠪᠡᠯ᠂ ᠭᠤᠷᠪᠠᠨ ᠲᠥᠷᠥᠯ ᠤᠨ ᠬᠥᠮᠦᠰ ᠬᠦᠨᠳᠦ ᠡᠪᠡᠳᠴᠢᠨ ᠳᠤ ᠨᠡᠷᠪᠡᠭᠳᠡᠬᠦ ᠬᠠᠨᠳᠤᠰᠢ ᠲᠠᠢ | ᠨᠢᠭᠡ ᠳᠤ᠂ ᠨᠠᠰᠤᠲᠠᠶᠢᠴᠤᠳ᠃ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠰᠢᠨ᠎ᠡ ᠲᠢᠲᠢᠮᠯᠢᠭ | ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠨᠢ ᠬᠦᠨᠳᠦᠷᠡᠬᠦ ᠠᠶᠤᠯᠲᠠᠢ ᠬᠥᠮᠦᠰ ᠪᠣᠯᠤᠨ᠎ᠠ᠃ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠨᠡᠩ ᠴᠤ ᠡᠪᠡᠳᠴᠢᠨ ᠬᠦᠨᠳᠦᠷᠡᠬᠦ ᠠᠶᠤᠯ ᠶᠡᠬᠡᠲᠡᠢ ᠬᠥᠮᠦᠰ | ᠪᠣᠯᠤᠨ᠎ᠠ᠃ ᠡᠶᠢᠮᠦ ᠠᠴᠠ ᠨᠠᠰᠤᠲᠠᠶᠢᠴᠤᠳ ᠲᠠᠢ ᠭᠡᠷ ᠪᠦᠯᠢ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ | ᠬᠠᠯᠳᠠᠪᠤᠷᠢᠯᠠᠯ ᠤᠨ ᠲᠦᠭᠰᠢᠭᠦᠷᠢ ᠶᠢ ᠨᠡᠩ ᠢᠯᠡᠭᠦᠦ ᠰᠡᠷᠭᠡᠶᠢᠯᠡᠬᠦ ᠬᠡᠷᠡᠭᠲᠡᠢ᠃ ᠬᠢᠵᠢᠭ ᠤᠨ ᠪᠠᠶᠢᠳᠠᠯ ᠡᠭᠦᠰᠬᠦ | ᠦᠶ᠎ᠡ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ | ᠨᠠᠰᠤᠲᠠᠶᠢᠴᠤᠳ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ ᠨᠠᠰᠤᠲᠠᠶᠢᠴᠤᠳ ᠪᠠᠰᠠ | ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠤᠭᠯᠠᠷᠠᠬᠤ ᠦᠭᠡᠢ | ᠵᠡᠷᠭᠡ ᠬᠤᠪᠢ ᠬᠥᠮᠦᠨ ᠤ ᠪᠦᠲᠦᠮᠵᠢᠲᠡᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠬᠤᠶᠠᠷ ᠲᠤ᠂ | ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ᠃ ᠡᠮᠴᠢᠯᠡᠭᠡᠨ ᠤ ᠳᠤᠮᠳᠠ᠂ ᠰᠠᠭᠤᠷᠢ ᠴᠢᠨᠠᠷᠲᠠᠢ | ᠡᠪᠡᠳᠴᠢᠨ ᠲᠠᠢ᠂ ᠢᠯᠠᠩᠭᠤᠶ᠎ᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ | ᠰᠢᠰᠲ᠋ᠧᠮ ᠤᠨ ᠡᠪᠡᠳᠴᠢᠨ᠂ ᠬᠠᠪᠤᠳᠠᠷ᠂ ᠤᠳᠠᠭᠠᠨ ᠴᠢᠨᠠᠷᠲᠠᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠵᠡᠷᠭᠡ | ᠰᠠᠭᠤᠷᠢ ᠴᠢᠨᠠᠷᠲᠠᠢ ᠡᠪᠡᠳᠴᠢᠨ ᠲᠠᠢ ᠬᠥᠮᠦᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ | ᠡᠪᠡᠳᠴᠢᠨ ᠨᠢ ᠬᠦᠨᠳᠦᠷᠡᠬᠦ ᠲᠦᠭᠰᠢᠭᠦᠷᠢ ᠨᠢ ᠨᠡᠩ ᠶᠡᠭᠡ ᠪᠠᠶᠢᠳᠠᠭ᠃ ᠭᠤᠷᠪᠠ ᠳᠤ᠂ ᠸᠠᠺᠼᠢᠨ ᠤ ᠲᠠᠷᠢᠯᠭ᠎ᠠ ᠬᠢᠭᠰᠡᠨ | ᠦᠭᠡᠢ ᠬᠥᠮᠦᠰ᠃ ᠸᠠᠺᠼᠢᠨ ᠤ ᠲᠠᠷᠢᠯᠭ᠎ᠠ ᠨᠢ ᠡᠪᠡᠳᠴᠢᠨ ᠬᠦᠨᠳᠦᠷᠡᠬᠦ ᠪᠠ ᠦᠬᠦᠯ ᠤᠨ ᠲᠦᠭᠰᠢᠭᠦᠷᠢ ᠶᠢ | ᠪᠦᠲᠦᠮᠵᠢᠲᠡᠢ ᠪᠠᠭᠤᠷᠠᠭᠤᠯᠵᠤ ᠪᠣᠯᠤᠨ᠎ᠠ᠃ ᠴᠡᠭᠡᠷᠯᠡᠬᠦ ᠡᠪᠡᠳᠴᠢᠨ ᠦᠭᠡᠢ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ | ᠬᠥᠮᠦᠰ᠂ ᠢᠯᠠᠩᠭᠤᠶ᠎ᠠ ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠦᠷᠭᠡᠬᠡᠨ ᠳᠠᠷᠢᠵᠤ᠂ | ᠪᠠᠲᠤᠳᠬᠠᠨ ᠲᠠᠷᠢᠬᠤ ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ ᠪᠠᠲᠤᠳᠬᠠᠬᠤ ᠲᠠᠷᠢᠯᠭ᠎ᠠ ᠶᠢ ᠲᠠᠷᠢᠬᠤ ᠶᠢ | ᠰᠠᠨᠠᠭᠤᠯᠬᠤ ᠬᠡᠷᠡᠭᠲᠡᠢ᠃ | | | ᠬᠤᠪᠢ ᠬᠥᠮᠦᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶ᠎ᠡ ᠶᠢᠨ ᠬᠠᠯᠳᠠᠪᠤᠷᠢᠯᠠᠯ ᠤᠨ | ᠲᠦᠭᠰᠢᠭᠦᠷᠢ ᠠᠴᠠ ᠬᠡᠷᠬᠢᠨ ᠵᠠᠶᠢᠯᠠᠰᠬᠢᠬᠦ ᠪᠤᠢ︖ | ᠬᠤᠪᠢ ᠬᠥᠮᠦᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠠᠪᠤᠴᠠ ᠳᠤ ᠠᠮᠠᠪᠴᠢ ᠪᠠᠨ ᠰᠠᠶᠢᠲᠤᠷ ᠵᠡᠭᠦᠬᠦ ᠶᠢ | ᠵᠢᠷᠤᠮᠵᠢᠭᠤᠯᠵᠤ᠂ ᠴᠤᠭᠯᠠᠷᠠᠬᠤ ᠦᠭᠡᠢ ᠪᠠᠶᠢᠬᠤ ᠶᠢᠨ ᠬᠠᠮᠲᠤ ᠡᠮᠦᠨ᠎ᠡ ᠬᠤᠶᠢᠨᠠᠬᠢ ᠬᠥᠮᠦᠰ ᠲᠠᠢ ᠪᠠᠨ ᠨᠢᠭᠡ | ᠮᠧᠳ᠋ᠷ ᠠᠴᠠ ᠳᠡᠭᠡᠭᠰᠢ ᠵᠠᠢ ᠶᠢ ᠪᠠᠲᠤᠯᠠᠵᠤ᠂ ᠲᠤᠬᠠᠢ ᠶᠢᠨ ᠲᠠᠯᠠᠪᠤᠷ ᠤᠨ ᠠᠵᠢᠯᠲᠠᠨ ᠤ ᠵᠢᠯᠣᠭᠤᠳᠣᠯᠭ᠎ᠠ ᠶᠢ | ᠤᠬᠠᠮᠰᠠᠷ ᠠᠴᠠ ᠪᠠᠨ ᠳᠠᠭᠠᠬᠤ ᠬᠡᠷᠡᠭᠲᠡᠢ᠃ ᠦᠯᠢᠭᠡᠷ ᠠᠪᠬᠤ ᠶᠠᠪᠤᠴᠠ ᠳᠤ ᠡᠮᠦᠨᠡᠬᠢ ᠬᠥᠮᠦᠨ ᠶᠠᠪᠤᠭᠰᠠᠨ ᠤ ᠳᠠᠷᠠᠭ᠎ᠠ | ᠦᠯᠢᠭᠡᠷ ᠠᠪᠤᠭᠴᠢ ᠭᠠᠷ ᠢᠶᠠᠨ ᠰᠠᠶᠢᠲᠤᠷ ᠠᠷᠢᠭᠤᠳᠬᠠᠭᠰᠠᠨ ᠤ ᠳᠠᠷᠠᠭ᠎ᠠ ᠰᠠᠶ᠋ᠢ ᠤᠷᠤᠭᠰᠢ ᠪᠠᠨ ᠣᠴᠢᠵᠤ ᠦᠯᠢᠭᠡᠷ | ᠠᠪᠤᠭᠤᠯᠬᠤ ᠬᠡᠷᠡᠭᠲᠡᠢ᠃ ᠡᠭᠦᠨ ᠤ ᠬᠠᠮᠲᠤ᠂ ᠦᠯᠢᠭᠡᠷ ᠠᠪᠬᠤ ᠦᠶ᠎ᠡ ᠳᠤ᠂ ᠦᠯᠢᠭᠡᠷ ᠠᠪᠤᠭᠤᠯᠤᠭᠴᠢ ᠦᠯᠢᠭᠡᠷ | ᠠᠪᠬᠤ ᠲᠠᠪᠴᠠᠩ ᠳᠡᠭᠡᠷᠡᠬᠢ ᠶᠠᠮᠠᠷ ᠴᠤ ᠶᠠᠭᠤᠮ᠎ᠠ ᠶᠢ ᠬᠥᠨᠳᠡᠵᠦ ᠪᠣᠯᠬᠤ ᠦᠭᠡᠢ᠂ ᠦᠯᠢᠭᠡᠷ ᠠᠪᠤᠭᠤᠯᠤᠭᠰᠠᠨ ᠤ | ᠳᠠᠷᠠᠭ᠎ᠠ ᠪᠠᠰᠠ ᠠᠮᠠᠪᠴᠢ ᠪᠠᠨ ᠲᠦᠷᠭᠡᠨ ᠵᠡᠭᠦᠵᠦ᠂ ᠦᠯᠢᠭᠡᠷ ᠠᠪᠬᠤ ᠲᠠᠯᠠᠪᠤᠷ ᠠᠴᠠ ᠲᠦᠷᠭᠡᠨ ᠵᠠᠶᠢᠯᠠᠬᠤ ᠬᠡᠷᠡᠭᠲᠡᠢ᠃ | | | | ᠬᠤᠳᠠᠯ ᠬᠠᠭᠤᠷᠮᠠᠭ ᠪᠥᠭᠡᠮ ᠬᠦᠴᠢᠯ ᠤᠨ ᠪᠠᠶᠢᠴᠠᠭᠳᠠ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠠᠴᠠ | ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ | ᠰᠢᠢᠳᠪᠦᠷᠢᠯᠡᠨ᠎ᠡ | ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠲᠠᠯ᠎ᠠ ᠪᠠᠷ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠶᠡᠷᠦ ᠠᠴᠠ ᠪᠠᠶᠢᠴᠠᠭᠠᠨ ᠰᠢᠯᠭᠠᠬᠤ ᠬᠢᠷᠢ ᠭᠡᠮ ᠤᠨ ᠵᠥᠪᠰᠢᠶᠡᠷᠡᠨ ᠣᠷᠣᠭᠤᠯᠬᠤ | ᠪᠠ ᠶᠠᠰᠤ ᠴᠢᠨᠠᠷ ᠤᠨ ᠡᠵᠡᠮᠳᠡᠯ ᠢ ᠴᠢᠩᠳᠠᠯᠠᠵᠤ᠂ ᠮᠡᠷᠭᠡᠵᠢᠯ ᠤᠨ ᠵᠢᠷᠤᠮᠵᠢᠯ ᠢ ᠲᠠᠰᠤᠷᠠᠯᠲᠠ ᠦᠭᠡᠢ | ᠰᠢᠯᠢᠳᠡᠭᠵᠢᠭᠦᠯᠬᠦ ᠶᠢᠨ ᠬᠠᠮᠲᠤ᠂ ᠭᠤᠷᠪᠠᠳᠠᠭᠴᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ | ᠪᠠᠭᠲᠠᠭᠠᠭᠰᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ | ᠴᠢᠩᠭᠠᠳᠬᠠᠭᠰᠠᠭᠠᠷ ᠢᠷᠡᠵᠡᠢ᠃ ᠡᠨᠡ ᠵᠢᠯ ᠠᠴᠠ ᠨᠠᠭᠠᠰᠢ᠂ ᠪᠡᠭᠡᠵᠢᠩ᠂ ᠠᠨᠾᠦ᠋ᠢ ᠶᠢᠨ ᠾᠧᠹᠧᠢ᠂ ᠾᠧᠪᠧᠢ ᠶᠢᠨ | ᠱᠢ ᠵᠢᠶᠠ ᠵᠤᠸᠠᠩ᠂ ᠾᠧᠨᠠᠨ ᠤ ᠰᠢᠦᠢ ᠴᠠᠩ᠂ ᠥᠪᠥᠷ ᠮᠣᠩᠭᠤᠯ ᠵᠡᠷᠭᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠴᠥᠮ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ | ᠬᠠᠮᠢᠶᠠᠷᠬᠤ ᠳᠤᠮᠳᠠ ᠪᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠠᠤᠯᠢ ᠲᠣᠭᠲᠠᠭᠠᠯ ᠢ ᠵᠥᠷᠢᠴᠡᠭᠰᠡᠨ ᠵᠠᠷᠢᠮ | ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠥᠭᠡᠳ ᠴᠥᠮ ᠴᠢᠩᠭ᠎ᠠ ᠰᠢᠢᠳᠬᠡᠯ ᠥᠭᠴᠦ᠂ ᠬᠠᠤᠯᠢ ᠶᠢ | ᠵᠥᠷᠢᠴᠡᠭᠰᠡᠨ ᠵᠠᠷᠢᠮ ᠪᠠᠶᠢᠭᠤᠯᠤᠮᠵᠢ ᠪᠠ ᠬᠤᠪᠢ ᠬᠥᠮᠦᠨ ᠠᠴᠠ ᠪᠠᠰᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠬᠤᠳᠠᠯ ᠬᠠᠭᠤᠷᠮᠠᠭ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠶᠢ ᠵᠥᠷᠢᠴᠡᠭᠰᠡᠨ | ᠬᠦᠨᠳᠦ ᠨᠣᠴᠢᠲᠠᠢ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ᠃ | | | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠦᠰ ᠤᠨ ᠬᠠᠮᠲᠤ ᠰᠠᠭᠤᠭᠰᠠᠳ ᠢ ᠬᠡᠷᠬᠢᠨ ᠬᠠᠮᠢᠶᠠᠷᠬᠤ ᠪᠤᠢ︖ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠦᠰ ᠤᠨ ᠬᠠᠮᠲᠤ ᠰᠠᠭᠤᠭᠰᠠᠳ ᠪᠤᠶᠤ ᠠᠰᠠᠷᠠᠵᠤ ᠰᠤᠪᠢᠯᠠᠭᠴᠢᠳ | ᠭᠡᠷ ᠲᠤ ᠪᠠᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠬᠠᠮᠲᠤ ᠳᠤ ᠨᠢ ᠵᠢᠷᠤᠮᠯᠠᠬᠤ ᠬᠡᠷᠡᠭᠲᠡᠢ᠃ | ᠨᠢᠭᠡ ᠳᠤ᠂ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠠᠳᠠᠭᠰᠢ ᠭᠠᠷᠬᠤ ᠦᠭᠡᠢ ᠪᠠᠶᠢᠬᠤ ᠶᠢ | ᠴᠢᠩᠭ᠎ᠠ ᠪᠠᠷᠢᠮᠲᠠᠯᠠᠨ᠂ ᠠᠯᠢᠪᠠ ᠪᠣᠯᠭᠤᠭᠠᠨ ᠦᠵᠡᠬᠦ ᠶᠢ ᠲᠡᠪᠴᠢᠬᠦ ᠬᠡᠷᠡᠭᠲᠡᠢ︔ ᠡᠪᠡᠳᠴᠢᠨ ᠦᠵᠡᠭᠦᠯᠬᠦ ᠵᠡᠷᠭᠡ ᠠᠴᠠ | ᠪᠣᠯᠣᠭᠠᠳ ᠦᠨᠡᠨ ᠬᠦ ᠭᠠᠳᠠᠭᠰᠢ ᠭᠠᠷᠬᠤ ᠬᠡᠷᠡᠭᠴᠡᠭᠡ ᠲᠠᠢ ᠬᠥᠮᠦᠰ ᠲᠤ᠂ ᠨᠡᠶᠢᠭᠡᠮ ᠲᠣᠭᠤᠷᠢᠭ ᠲᠤ ᠭᠤᠶᠤᠴᠢᠯᠠᠯ | ᠳᠡᠪᠰᠢᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠢ ᠬᠥᠮᠦᠨ ᠲᠤᠰᠬᠠᠢ ᠲᠡᠷᠭᠡ ᠲᠣᠬᠢᠷᠠᠭᠤᠯᠵᠤ᠂ ᠬᠤᠪᠢ | ᠬᠥᠮᠦᠨ ᠤ ᠬᠠᠮᠠᠭᠠᠯᠠᠯᠲᠠ ᠶᠢ ᠪᠦᠬᠦ ᠶᠠᠪᠤᠴᠠ ᠳᠤ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ ᠲᠤ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠦᠰ ᠤᠨ ᠥᠷᠥᠭᠡᠨ ᠳᠤ ᠠᠯᠢ ᠴᠢᠳᠠᠬᠤ ᠪᠠᠷ | ᠣᠷᠣᠵᠤ ᠪᠣᠯᠬᠤ ᠦᠭᠡᠢ᠂ ᠵᠣᠷᠯᠣᠩ ᠪᠤᠶᠤ ᠠᠮᠢᠳᠤᠷᠠᠯ ᠤᠨ ᠬᠡᠷᠡᠭᠰᠡᠯ ᠢ ᠬᠠᠮᠲᠤ ᠪᠠᠷ ᠬᠡᠷᠡᠭᠯᠡᠬᠦ ᠠᠴᠠ ᠵᠠᠶᠢᠯᠠᠰᠬᠢᠨ᠎ᠡ᠃ | ᠬᠡᠷᠪᠡ ᠶᠠᠮᠠᠷ ᠨᠢᠭᠡᠨ ᠰᠢᠭᠤᠳ ᠬᠦᠷᠦᠯᠴᠡᠬᠦ ᠪᠣᠯᠤᠮᠵᠢ ᠪᠤᠶᠤ ᠪᠣᠬᠢᠷᠲᠤᠯ ᠪᠣᠳᠠᠰ ᠢ ᠰᠢᠢᠳᠪᠦᠷᠢᠯᠡᠬᠦ ᠦᠶ᠎ᠡ ᠳᠤ | ᠡᠷᠬᠡᠪᠰᠢ ᠥᠪᠡᠷ ᠤᠨ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠴᠠᠭ ᠲᠤᠬᠠᠢ ᠳᠤ ᠨᠢ ᠭᠠᠷ ᠢᠶᠠᠨ ᠴᠡᠪᠡᠷᠯᠡᠵᠦ | ᠠᠷᠢᠭᠤᠳᠬᠠᠬᠤ ᠬᠡᠷᠡᠭᠲᠡᠢ᠃ | ᠭᠤᠷᠪᠠ ᠳᠤ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠦᠰ ᠪᠠ ᠨᠠᠰᠤᠲᠠᠶᠢᠴᠤᠳ ᠮᠡᠲᠦ ᠶᠢᠨ ᠬᠦᠨᠳᠦ | ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠲᠠᠢ ᠬᠥᠮᠦᠰ ᠢᠶᠠᠷ ᠭᠡᠷ ᠲᠤ ᠪᠠᠨ ᠲᠤᠰᠠᠭᠠᠷᠯᠠᠬᠤ ᠬᠥᠮᠦᠰ ᠤᠨ | ᠠᠰᠠᠷᠠᠭᠴᠢ ᠪᠣᠯᠭᠠᠵᠤ ᠪᠣᠯᠬᠤ ᠦᠭᠡᠢ᠃ | | | ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠦᠰ ᠭᠡᠷ ᠲᠤ ᠪᠠᠨ ᠲᠤᠰᠠᠭᠠᠷᠯᠠᠬᠤ | ᠬᠤᠭᠤᠴᠠᠭᠠᠨ ᠳᠤ ᠠᠷᠭ᠎ᠠ ᠴᠢᠨᠠᠷ ᠢ ᠪᠠᠶᠢᠴᠠᠭᠠᠵᠤ ᠭᠠᠷᠭᠠᠪᠠᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 | ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠬᠦ ᠬᠡᠷᠡᠭᠲᠡᠢ | ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠲᠣᠭᠲᠠᠭᠠᠯ ᠢ ᠦᠨᠳᠦᠰᠦᠯᠡᠪᠡᠯ᠂ ᠥᠨᠳᠥᠷ | ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠦᠰ ᠲᠤ 7 ᠡᠳᠦᠷ ᠤᠨ ᠭᠡᠷ ᠲᠤ ᠪᠠᠨ | ᠲᠤᠰᠠᠭᠠᠷᠯᠠᠬᠤ ᠵᠠᠢ ᠬᠡᠷᠡᠭᠵᠢᠭᠦᠯᠵᠦ᠂ ᠡᠨᠡ ᠬᠤᠭᠤᠴᠠᠭᠠᠨ ᠳᠤ ᠺᠣᠳ᠋ ᠣᠯᠭᠤᠬᠤ ᠬᠠᠮᠢᠶᠠᠷᠤᠯᠲᠠ ᠶᠢ ᠬᠡᠷᠡᠭᠵᠢᠭᠦᠯᠦᠨ᠂ | ᠭᠠᠳᠠᠭᠰᠢ ᠭᠠᠷᠴᠤ ᠪᠣᠯᠬᠤ ᠦᠭᠡᠢ᠃ ᠭᠡᠷ ᠲᠤ ᠪᠠᠨ ᠲᠤᠰᠠᠭᠠᠷᠯᠠᠭᠰᠠᠨ ᠤ 1᠂ 3᠂ 5᠂ 7 ᠳ᠋ᠤᠭᠠᠷ ᠡᠳᠦᠷ ᠲᠤ | ᠲᠤᠰ ᠲᠤᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠠᠮᠢᠶ᠎ᠠ ᠪᠦᠬᠦᠢ ᠬᠥᠮᠦᠰ ᠨᠢ | ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠡᠷ ᠲᠤ ᠪᠠᠨ ᠲᠤᠰᠠᠭᠠᠷᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ | ᠢᠯᠡᠷᠡᠭᠦᠯᠬᠦ ᠳᠤ ᠭᠦᠷᠪᠡᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ | ᠠᠵᠢᠭᠯᠠᠬᠤ ᠪᠠ ᠡᠮᠨᠡᠨ ᠵᠠᠰᠠᠭᠤᠯᠵᠤ᠂ ᠬᠠᠮᠲᠤ ᠰᠠᠭᠤᠭ᠎ᠠ ᠬᠥᠮᠦᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ | ᠱᠠᠭᠠᠷᠳᠠᠬᠤ ᠶᠢᠨ ᠬᠠᠮᠲᠤ ᠲᠦᠭᠰᠢᠭᠦᠷᠢ ᠶᠢ ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠲᠦᠭᠰᠢᠭᠦᠷᠢᠲᠦ ᠬᠥᠮᠦᠰ ᠢ | ᠮᠥᠷᠳᠡᠨ ᠬᠠᠮᠢᠶᠠᠷᠬᠤ ᠬᠡᠷᠡᠭᠲᠡᠢ᠃ | | | ᠨᠠᠰᠤᠲᠠᠶᠢᠴᠤᠳ ᠵᠡᠷᠭᠡ ᠪᠠᠭᠤᠷᠠᠢ ᠬᠥᠮᠦᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ | ᠠᠮᠠᠷᠬᠠᠨ ᠡᠪᠡᠳᠴᠢᠨ ᠨᠢ ᠬᠦᠨᠳᠦᠷᠡᠵᠦ᠂ ᠬᠦᠨᠳᠦ ᠲᠦᠭᠰᠢᠭᠦᠷᠢᠲᠡᠢ ᠡᠪᠡᠳᠴᠢᠨ ᠴᠢᠨᠠᠭᠰᠢᠯᠠᠨ ᠦᠬᠦᠵᠦ ᠮᠡᠳᠡᠨ᠎ᠡ᠂ | ᠡᠶᠢᠮᠦ ᠠᠴᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠪᠡᠯ ᠬᠠᠮᠤᠭ ᠤᠨ ᠶᠡᠭᠡ ᠠᠰᠢᠭ ᠬᠦᠷᠲᠡᠵᠦ | ᠪᠣᠯᠤᠨ᠎ᠠ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.394 ᠳ᠋ᠦᠩᠰᠢᠭᠤᠷ ᠬᠥᠮᠦᠨ ᠲᠠᠷᠢᠯᠭ᠎ᠠ ᠲᠠᠷᠢᠵᠤ᠂ 2. | 28165 ᠳ᠋ᠦᠩᠰᠢᠭᠤᠷ ᠬᠥᠮᠦᠨ ᠪᠦᠬᠦ ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠦᠨ ᠤ | ᠲᠤᠭ᠎ᠠ ᠪᠠ ᠪᠦᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠦᠨ ᠤ ᠲᠤᠭ᠎ᠠ ᠲᠤᠰ ᠲᠤᠰ ᠨᠠᠰᠤᠲᠠᠶᠢᠴᠤᠳ ᠤᠨ 90. | 68% ᠪᠠ 86.42% ᠢ ᠡᠵᠡᠯᠡᠨ᠂ 1.81511 ᠳ᠋ᠦᠩᠰᠢᠭᠤᠷ ᠬᠥᠮᠦᠨ ᠡᠭᠡᠯᠢᠯᠡᠭᠡ ᠶᠢᠨ ᠪᠠᠲᠤᠳᠬᠠᠬᠤ | ᠲᠠᠷᠢᠯᠭ᠎ᠠ ᠬᠢᠪᠡ᠃ ᠡᠭᠦᠨ ᠳᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠠᠷᠢᠯᠭ᠎ᠠ ᠬᠢᠭᠰᠡᠨ ᠬᠥᠮᠦᠨ ᠤ | ᠲᠤᠭ᠎ᠠ 2742.6 ᠲᠦᠮᠡ ᠪᠠᠶᠢᠵᠤ᠂ 2356.3 ᠲᠦᠮᠡᠨ ᠬᠥᠮᠦᠨ ᠪᠦᠬᠦ ᠶᠠᠪᠤᠴᠠ ᠶᠢᠨ ᠲᠠᠷᠢᠯᠭ᠎ᠠ ᠬᠢᠬᠦ ᠶᠢ | ᠪᠡᠶᠡᠯᠡᠭᠦᠯᠵᠦ᠂ ᠬᠠᠮᠤᠷᠤᠭᠰᠠᠨ ᠬᠥᠮᠦᠨ ᠤ ᠲᠤᠭ᠎ᠠ ᠪᠠ ᠪᠦᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠦᠨ ᠤ ᠲᠤᠭ᠎ᠠ | ᠲᠤᠰ ᠲᠤᠰ 80 ᠨᠠᠰᠤᠨ ᠠᠴᠠ ᠳᠡᠭᠡᠭᠰᠢᠬᠢ ᠬᠥᠮᠦᠨ ᠠᠮᠠ ᠶᠢᠨ 76.6%᠂ 65.8% ᠶᠢ ᠡᠵᠡᠯᠡᠨ᠂ 1445. | 6 ᠲᠦᠮᠡᠨ ᠬᠥᠮᠦᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ᠃ ᠨᠠᠰᠤᠲᠠᠶᠢᠴᠤᠳ ᠤᠨ ᠲᠠᠷᠢᠯᠭ᠎ᠠ ᠬᠢᠬᠦ ᠶᠢ | ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠨᠠᠰᠤᠲᠠᠶᠢᠴᠤᠳ ᠤᠨ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠠᠵᠢᠯ ᠤᠨ ᠲᠥᠰᠦᠯ ᠢ ᠳᠠᠷᠤᠮᠠᠯᠯᠠᠨ | ᠲᠠᠷᠬᠠᠭᠠᠵᠤ᠂ ᠲᠣᠭᠲᠠᠴᠠ ᠶᠢ ᠪᠦᠷᠢᠨᠰᠢᠭᠦᠯᠬᠦ᠂ ᠪᠠᠶᠢᠳᠠᠯ ᠢ ᠣᠶᠢᠯᠠᠭᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ | ᠨᠠᠷᠢᠯᠢᠭᠵᠢᠭᠤᠯᠤᠨ ᠤᠬᠠᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ | ᠪᠢᠳᠡ ᠲᠥᠰᠦᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠭᠠᠵᠠᠷ ᠤᠨ ᠬᠢᠨ ᠢ | ᠵᠢᠯᠣᠭᠤᠳᠤᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠲᠠᠷᠢᠯᠭ᠎ᠠ ᠶᠢᠨ ᠦᠢᠯᠡᠴᠢᠯᠡᠭᠡ ᠶᠢ | ᠰᠢᠯᠢᠳᠡᠭᠵᠢᠭᠦᠯᠦᠨ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢ ᠴᠢᠩᠭᠠᠳᠬᠠᠬᠤ | ᠪᠠ ᠨᠠᠰᠤᠲᠠᠶᠢᠴᠤᠳ ᠤᠨ ᠲᠠᠷᠢᠯᠭ᠎ᠠ ᠶᠢᠨ ᠠᠵᠢᠯ ᠢ ᠰᠠᠶᠢᠲᠤᠷ ᠬᠢᠨ᠎ᠡ᠃ ᠪᠠᠰᠠ ᠨᠠᠰᠤᠲᠠᠶᠢᠴᠤᠳ᠂ ᠢᠯᠠᠩᠭᠤᠶ᠎ᠠ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ | ᠬᠢᠵᠦ᠂ ᠬᠤᠪᠢ ᠬᠥᠮᠦᠨ ᠤ ᠡᠷᠡᠭᠦᠯ ᠮᠡᠨᠳᠦ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ᠃ | | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ ᠵᠡᠷᠭᠡ | ᠭᠤᠣᠯᠳᠠᠯᠭ᠎ᠠ ᠲᠠᠢ ᠬᠥᠮᠦᠰ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠬᠤ ᠬᠡᠷᠡᠭᠲᠡᠢ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ᠂ ᠣᠨᠴᠠᠭᠠᠶᠢᠯᠠᠨ | ᠬᠠᠪᠤᠳᠠᠷ ᠡᠪᠡᠳᠴᠢᠨ ᠢ ᠡᠮᠨᠡᠨ ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠣᠯ ᠬᠦᠨᠳᠦ ᠡᠪᠡᠳᠴᠢᠨ ᠳᠤ | ᠠᠮᠠᠷᠬᠠᠨ ᠨᠡᠷᠪᠡᠭᠳᠡᠳᠡᠭ ᠲᠦᠭᠰᠢᠭᠦᠷᠢ ᠶᠡᠬᠡᠲᠡᠢ ᠬᠥᠮᠦᠰ ᠲᠤ ᠲᠣᠭᠠᠴᠠᠭᠳᠠᠨ᠎ᠠ᠂ ᠡᠶᠢᠮᠦ ᠠᠴᠠ ᠡᠮᠨᠡᠨ ᠵᠠᠰᠠᠬᠤ | ᠶᠠᠪᠤᠴᠠ ᠳᠤ ᠣᠨᠴᠠᠭᠠᠶᠢᠯᠠᠨ ᠠᠩᠬᠠᠷᠬᠤ ᠬᠡᠷᠡᠭᠲᠡᠢ᠃ | ᠡᠩ ᠲᠡᠷᠢᠭᠦᠨ ᠳᠤ ᠥᠨᠳᠥᠷ ᠨᠠᠰᠤᠲᠠᠢ ᠨᠠᠰᠤᠲᠠᠶᠢᠴᠤᠳ ᠲᠤ ᠠᠪᠴᠤ ᠬᠡᠯᠡᠪᠡᠯ᠂ ᠪᠢᠳᠡᠨ ᠤ ᠮᠡᠳᠡᠬᠦ ᠪᠠᠷ | ᠥᠨᠳᠥᠷ ᠨᠠᠰᠤᠲᠠᠢ ᠨᠠᠰᠤᠲᠠᠶᠢᠴᠤᠳ ᠶᠡᠷᠦ ᠨᠢ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠵᠠᠷᠢᠮ ᠰᠠᠭᠤᠷᠢ | ᠴᠢᠨᠠᠷᠲᠠᠢ ᠡᠪᠡᠳᠴᠢᠨ ᠨᠢ ᠪᠠᠰᠠ ᠨᠡᠯᠢᠶᠡᠳ ᠬᠦᠨᠳᠦ ᠪᠠᠶᠢᠵᠤ᠂ ᠵᠠᠷᠢᠮ ᠨᠠᠰᠤᠲᠠᠨ ᠣᠯᠠᠨ ᠵᠦᠢᠯ ᠤᠨ ᠰᠠᠭᠤᠷᠢ | ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠬᠤᠷ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠪᠡᠯ᠂ ᠨᠢᠭᠡ | ᠲᠠᠯ᠎ᠠ ᠪᠠᠷ ᠵᠠᠷᠢᠮ ᠰᠠᠭᠤᠷᠢ ᠴᠢᠨᠠᠷᠲᠠᠢ ᠡᠪᠡᠳᠴᠢᠨ ᠢ ᠨᠢ ᠬᠦᠨᠳᠦᠷᠡᠭᠦᠯᠵᠦ ᠮᠡᠳᠡᠨ᠎ᠡ᠃ ᠬᠠᠪᠤᠳᠠᠷ ᠡᠪᠡᠳᠴᠢᠨ ᠢ ᠡᠮᠨᠡᠨ | ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠳᠤ ᠠᠪᠴᠤ ᠬᠡᠯᠡᠪᠡᠯ᠂ ᠮᠡᠰᠡ ᠵᠠᠰᠠᠯ ᠪᠤᠶᠤ ᠰᠠᠴᠤᠷᠠᠭ ᠬᠢᠮᠢ ᠶᠢᠨ | ᠵᠠᠰᠠᠯ ᠠᠴᠠ ᠪᠣᠯᠵᠤ ᠡᠭᠡᠯᠢᠯᠡᠭᠡ ᠶᠢᠨ ᠴᠢᠳᠠᠪᠤᠷᠢ ᠨᠢ ᠪᠠᠭᠤᠷᠠᠳᠠᠭ᠂ ᠡᠶᠢᠮᠦ ᠠᠴᠠ ᠮᠥᠨ ᠴᠦ ᠡᠪᠡᠳᠴᠢᠨ ᠨᠢ | ᠬᠦᠨᠳᠦᠷᠡᠬᠦ ᠠᠶᠤᠯ ᠲᠠᠢ ᠲᠦᠭᠰᠢᠭᠦᠷᠢᠲᠦ ᠬᠥᠮᠦᠰ ᠪᠣᠯᠤᠨ᠎ᠠ᠃ ᠪᠢᠳᠡᠨ ᠤ ᠮᠡᠳᠡᠭᠡᠵᠢ ᠪᠠᠷ᠂ ᠬᠠᠪᠤᠳᠠᠷ ᠡᠪᠡᠳᠴᠢᠨ ᠤ | ᠵᠠᠰᠠᠯᠭ᠎ᠠ ᠶᠢᠨ ᠬᠤᠭᠤᠴᠠᠭᠠᠨ ᠳᠠᠬᠢ ᠡᠪᠡᠳᠴᠢᠲᠡᠨ ᠤ ᠬᠠᠪᠤᠳᠠᠷ ᠤᠨ ᠵᠠᠰᠠᠯᠭ᠎ᠠ ᠶᠢ ᠲᠠᠰᠤᠯᠳᠠᠭᠤᠯᠵᠤ ᠪᠣᠯᠬᠤ ᠦᠭᠡᠢ᠂ | ᠡᠨᠡ ᠨᠢ ᠮᠥᠨ ᠴᠦ ᠪᠢᠳᠡᠨ ᠤ ᠪᠠᠷᠢᠮᠲᠠᠯᠠᠭᠰᠠᠭᠠᠷ ᠢᠷᠡᠭᠰᠡᠨ ᠰᠠᠭᠤᠷᠢ ᠴᠢᠨᠠᠷᠲᠠᠢ ᠡᠪᠡᠳᠴᠢᠨ ᠪᠠ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠵᠠᠪᠠᠯ ᠬᠠᠮᠲᠤ ᠳᠤ ᠨᠢ ᠵᠠᠰᠠᠬᠤ ᠵᠠᠷᠴᠢᠮ ᠪᠣᠯᠤᠨ᠎ᠠ᠃ | ᠡᠶᠢᠮᠦ ᠠᠴᠠ ᠡᠶᠢᠮᠦᠷᠬᠦᠦ ᠪᠠᠶᠢᠳᠠᠯ ᠳᠣᠣᠷ᠎ᠠ᠂ ᠡᠷᠬᠡᠪᠰᠢ ᠡᠶᠢᠮᠦᠷᠬᠦᠦ ᠬᠠᠯᠳᠠᠪᠤᠷᠢᠯᠠᠭᠰᠠᠳ ᠢ ᠰᠢᠨᠵᠢᠯᠡᠬᠦ | ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠵᠤ᠂ ᠠᠪᠤᠷᠠᠨ ᠵᠠᠰᠠᠬᠤ ᠠᠵᠢᠯ ᠢ ᠲᠣᠬᠢᠲᠠᠢ ᠰᠠᠶᠢᠲᠤᠷ ᠬᠢᠵᠦ᠂ | ᠰᠠᠭᠤᠷᠢ ᠴᠢᠨᠠᠷᠲᠠᠢ ᠡᠪᠡᠳᠴᠢᠨ ᠢ ᠢᠳᠡᠪᠬᠢᠲᠡᠢ ᠡᠮᠨᠡᠨ ᠵᠠᠰᠠᠵᠤ᠂ ᠡᠪᠡᠳᠴᠢᠲᠡᠨ ᠤ ᠡᠷᠡᠭᠦᠯ ᠮᠡᠨᠳᠦ ᠪᠠ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ ︽ᠬᠥᠮᠦᠨ ᠤ ᠠᠮᠢ ᠨᠠᠰᠤ ᠮᠢᠩᠭᠠᠨ ᠯᠠᠩ ᠠᠯᠲᠠ ᠮᠥᠩᠭᠦᠨ ᠠᠴᠠ ᠴᠤ | ᠴᠤᠬᠠᠭ︾ ᠭᠡᠳᠡᠭᠴᠢᠯᠡᠨ᠂ ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ ᠳᠤᠮᠳᠠ ᠪᠠᠨ ᠪᠢᠳᠡ ︽ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠬᠥᠮᠦᠨ ᠢᠶᠠᠷ ᠦᠨᠳᠦᠰᠦ | ᠪᠣᠯᠭᠠᠬᠤ ᠵᠣᠷᠢᠯᠲᠠ ᠶᠢ ᠪᠠᠷᠢᠮᠲᠠᠯᠠᠵᠤ᠂ ᠥᠨᠳᠥᠷ ᠨᠠᠰᠤᠲᠠᠢ ᠨᠠᠰᠤᠲᠠᠶᠢᠴᠤᠳ᠂ ᠡᠪᠡᠳᠴᠢᠨ ᠳᠤ ᠨᠡᠷᠪᠡᠭᠳᠡᠭᠰᠡᠳ | ᠵᠡᠷᠭᠡ ᠭᠤᠣᠯᠳᠠᠯᠭ᠎ᠠ ᠲᠠᠢ ᠬᠥᠮᠦᠰ ᠤᠨ ᠡᠮᠴᠢᠯᠡᠭᠡᠨ ᠤ ᠠᠵᠢᠯ ᠢ ᠵᠣᠬᠢᠰᠲᠠᠢ ᠰᠠᠶᠢᠲᠤᠷ ᠵᠣᠬᠢᠶᠠᠨ ᠪᠠᠶᠢᠭᠤᠯᠵᠤ᠂ | ᠡᠪᠡᠳᠴᠢᠲᠡᠨ ᠢ ᠬᠠᠮᠤᠭ ᠤᠨ ᠰᠠᠶᠢᠨ ᠠᠪᠤᠷᠠᠨ ᠵᠠᠰᠠᠬᠤ ᠪᠠ ᠬᠠᠷᠠᠭᠠᠯᠵᠠᠨ ᠰᠤᠪᠢᠯᠠᠬᠤ ᠶᠢ ᠪᠠᠲᠤᠯᠠᠵᠤ᠂ | ᠡᠪᠡᠳᠴᠢᠲᠡᠨ ᠤ ᠡᠷᠲᠡᠬᠡᠨ ᠡᠷᠡᠭᠦᠯᠵᠢᠬᠦ ᠶᠢ ᠠᠬᠢᠭᠤᠯᠬᠤ ᠬᠡᠷᠡᠭᠲᠡᠢ᠃ |