ᠯᠢᠶᠡᠩᠴᠧᠩ ᠰᠢᠶᠠᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠶᠢᠨ ᠬᠠᠮᠠᠭᠠᠯᠠᠯᠳᠠ ᠶᠢ ᠦᠨᠡᠨᠬᠦ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2022/12/16
      ᠨᠢᠭᠡ ᠳᠤ᠂ 2018᠂ 2019᠂ 2020 ᠣᠨ ᠤ ᠲᠠᠷᠢᠶᠠᠯᠠᠬᠤ ᠶᠢ ᠵᠣᠭᠰᠣᠭᠠᠵᠤ ᠴᠢᠭᠢᠭᠯᠢᠭ ᠢ ᠰᠡᠷᠭᠦᠭᠡᠬᠦ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ 2022 ᠣᠨ ᠤ ᠲᠥᠪ ᠤᠨ ᠡᠳ᠋ ᠤᠨ ᠵᠠᠰᠠᠭ ᠤᠨ ᠨᠤᠭᠤ ᠭᠠᠵᠠᠷ ᠢ ᠬᠠᠮᠠᠭᠠᠯᠠᠬᠤ ᠪᠡᠯᠡ ᠮᠥᠩᠭᠦ ᠶᠢᠨ ᠲᠦᠷᠦᠯ ᠵᠦᠢᠯ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠪᠡ︔ ᠬᠤᠶᠠᠷ ᠲᠤ᠂ ᠤᠤᠯ ᠤᠨ ᠳᠠᠭ᠎ᠠ ᠶᠢᠨ ᠨᠠᠭᠤᠷ ᠤᠨ ᠪᠠᠷᠠᠭᠤᠨ ᠬᠡᠰᠡᠭ ᠤᠨ ᠬᠠᠮᠢᠶᠠᠷᠤᠯᠲᠠ ᠶᠢᠨ ᠥᠷᠲᠡᠭᠡ ᠶᠢᠨ ᠰᠠᠭᠤᠷᠢᠨ ᠳᠡᠭᠡᠷ᠎ᠡ ᠡᠬᠢ ᠪᠠᠶᠠᠯᠢᠭ ᠢ ᠰᠢᠯᠢᠳᠡᠭᠵᠢᠭᠦᠯᠦᠨ ᠨᠡᠶᠢᠳᠬᠡᠵᠦ᠂ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠴᠡᠭ ᠢ ᠪᠠᠶᠢᠭᠤᠯᠪᠡ᠃ ᠭᠤᠷᠪᠠ ᠳᠤ᠂ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ ᠣᠷᠣᠨ ᠪᠦᠰᠡ ᠶᠢᠨ 26 ᠤᠲᠠᠰᠤ ᠦᠭᠡᠢ ᠺᠠᠮᠧᠷᠠ᠂ 10 ᠨᠡᠷᠡᠨ ᠤ ᠡᠨᠧᠷᠭᠢ ᠶᠢᠨ ᠬᠠᠪᠲᠠᠰᠤ ᠶᠢ ᠲᠠᠰ ᠳᠡᠪᠰᠢᠭᠦᠯᠦᠨ ᠥᠭᠡᠷᠡᠴᠢᠯᠡᠵᠦ᠂ 24 ᠴᠠᠭ ᠤᠨ ᠰᠢᠯᠵᠢᠮᠡᠯ ᠦᠵᠦᠭᠦᠷ ᠢ ᠲᠣᠭᠤᠷᠢᠨ ᠪᠠᠶᠢᠴᠠᠭᠠᠬᠤ ᠶᠢ ᠪᠡᠶᠡᠯᠡᠭᠦᠯᠪᠡ᠃ ᠳᠥᠷᠪᠡ ᠳᠤ᠂ ︽ᠳᠠᠭ᠎ᠠ ᠶᠢᠨ ᠨᠠᠭᠤᠷ ᠤᠨ ᠨᠢᠰᠦᠯᠲᠡ ᠶᠢ ᠬᠠᠮᠠᠭᠠᠯᠠᠬᠤ ᠲᠤᠰᠬᠠᠢ ᠠᠵᠢᠯᠯᠠᠭ᠎ᠠ︾ ᠥᠷᠨᠢᠭᠦᠯᠵᠦ᠂ ᠨᠡᠭᠦᠳᠡᠯ ᠤᠨ ᠰᠢᠪᠠᠭᠤᠳ ᠤᠨ ᠳᠠᠭ᠎ᠠ ᠶᠢᠨ ᠨᠠᠭᠤᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠤᠷᠤᠭᠰᠢᠲᠠᠢ ᠨᠡᠭᠦᠳᠡᠯᠯᠡᠬᠦ ᠶᠢ ᠦᠨᠡᠨ ᠬᠦ ᠪᠠᠲᠤᠯᠠᠪᠡ᠃ ᠲᠠᠪᠤ ᠳᠤ᠂ ᠨᠡᠭᠦᠳᠡᠯ ᠤᠨ ᠰᠢᠪᠠᠭᠤ ᠶᠢ ᠢᠳᠡᠭᠦᠯᠬᠦ ᠠᠵᠢᠯ ᠢ ᠥᠷᠨᠢᠭᠦᠯᠵᠦ᠂ ᠪᠦᠬᠦ ᠵᠢᠯ ᠳᠤ ᠡᠷᠳᠡᠨᠢ ᠰᠢᠰᠢ ᠶᠢ 500 ᠺᠢᠯᠣᠭ᠍ᠷᠠᠮ᠂ ᠰᠢᠷ᠎ᠠ ᠪᠤᠷᠴᠠᠭ ᠢ 400 ᠺᠢᠯᠣᠭ᠍ᠷᠠᠮ᠂ ᠰᠢᠰᠢ ᠶᠢ 300 ᠺᠢᠯᠣᠭ᠍ᠷᠠᠮ ᠲᠠᠯᠪᠢᠪᠡ᠃ ᠵᠢᠷᠭᠤᠭ᠎ᠠ ᠳᠤ᠂ ᠬᠡᠭᠡᠷ᠎ᠡ ᠶᠢᠨ ᠠᠮᠢᠳᠠᠨ ᠢ ᠴᠢᠨᠡᠭᠡ ᠮᠡᠳᠡᠨ ᠠᠪᠤᠷᠠᠵᠤ᠂ ᠬᠡᠭᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠢ ᠡᠪᠳᠡᠭᠰᠡᠨ ᠠᠯᠢᠪᠠ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ 2022 ᠣᠨ ᠳᠤ ᠨᠡᠶᠢᠳᠡ 1 ᠬᠥᠬᠡ ᠳᠡᠭᠡᠯᠡᠢ ᠶᠢ ᠠᠪᠤᠷᠠᠨ ᠲᠤᠰᠠᠯᠠᠪᠠ᠃ ᠳᠣᠯᠤᠭ᠎ᠠ ᠳᠤ᠂ ︽ᠳᠡᠯᠡᠬᠡᠢ ᠶᠢᠨ ᠴᠢᠭᠢᠭᠯᠢᠭ ᠭᠠᠵᠠᠷ ᠤᠨ ᠡᠳᠦᠷ︾ ︽ᠰᠢᠪᠠᠭᠤ ᠪᠠᠨ ᠬᠠᠶᠢᠷᠠᠯᠠᠬᠤ ᠭᠠᠷᠠᠭ︾ ︽ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠡᠳᠦᠷ︾ ᠵᠡᠷᠭᠡ ᠳᠠᠭ᠎ᠠ ᠶᠢᠨ ᠨᠠᠭᠤᠷ ᠢ ᠬᠠᠮᠠᠭᠠᠯᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︽ᠯᠢᠶᠡᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠠᠭ᠎ᠠ ᠶᠢᠨ ᠨᠠᠭᠤᠷ ᠤᠨ ᠬᠠᠮᠠᠭᠠᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠵᠠᠷᠯᠠᠯ︾ ︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ ᠬᠢᠬᠢᠷᠢ ᠶᠢᠨ ᠨᠠᠭᠤᠷ ᠤᠨ ᠬᠠᠮᠠᠭᠠᠯᠠᠯᠲᠠ ᠶᠢᠨ ᠳᠦᠷᠢᠮ︾ ᠵᠡᠷᠭᠡ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 10000 ᠭᠠᠷᠤᠢ ᠬᠤᠪᠢ ᠲᠠᠷᠬᠠᠭᠠᠵᠠᠢ︔ 200 ᠭᠠᠷᠤᠢ ᠤᠬᠠᠭᠤᠯᠭ᠎ᠠ ᠶᠢᠨ ᠯᠣᠽᠦ᠋ᠩ ᠡᠯᠭᠦᠵᠡᠢ᠃ ᠨᠠᠢᠮᠠ ᠳᠤ᠂ ᠪᠦᠬᠦ ᠵᠢᠯ ᠳᠤ ᠨᠡᠶᠢᠳᠡ 260 ᠭᠠᠷᠤᠢ ᠡᠳᠦᠷ ᠲᠣᠭᠤᠷᠢᠨ ᠬᠠᠮᠠᠭᠠᠯᠠᠵᠤ᠂ ᠲᠣᠭᠤᠷᠢᠨ ᠬᠠᠮᠠᠭᠠᠯᠠᠬᠤ ᠵᠠᠮ ᠤᠨ ᠤᠷᠳᠤ ᠨᠢ 50000 ᠭᠠᠷᠤᠢ ᠺᠢᠯᠦᠮᠧᠲᠷ ᠲᠤ ᠬᠦᠷᠴᠡᠢ᠃ ᠬᠠᠮᠢᠶᠠᠷᠤᠨ ᠬᠠᠮᠠᠭᠠᠯᠠᠬᠤ ᠣᠷᠣᠨ ᠳᠤ ᠪᠡᠯᠴᠢᠭᠡᠷᠯᠡᠭᠦᠯᠬᠦ ᠶᠢ ᠪᠥᠬᠦ ᠲᠠᠯ᠎ᠠ ᠪᠠᠷ ᠴᠠᠭᠠᠵᠠᠯᠠᠬᠤ ᠶᠢ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠴᠢ ᠬᠠᠮᠠᠭᠠᠯᠠᠯᠲᠠ ᠶᠢᠨ ᠲᠣᠣᠷ ᠬᠠᠰᠢᠶ᠎ᠠ ᠶᠢᠨ ᠤᠬᠠᠭᠤᠯᠭ᠎ᠠ ᠶᠢᠨ ᠪᠢᠴᠢᠭᠡᠰᠦ ᠶᠢ ᠨᠡᠶᠢᠲᠡ 50 ᠭᠠᠷᠤᠢ ᠵᠤᠷᠪᠤᠰ ᠨᠠᠭᠠᠵᠤ᠂ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ 5 ᠤᠳᠠᠭ᠎ᠠ ᠴᠠᠭᠳᠠᠭ᠎ᠠ ᠳᠤ ᠮᠡᠳᠡᠭᠦᠯᠵᠦ ᠰᠢᠢᠳᠪᠦᠷᠢᠯᠡᠪᠡ᠃ ᠠᠯᠢᠪᠠ ᠭᠠᠯ ᠤᠨ ᠡᠬᠢ ᠰᠤᠷᠪᠤᠯᠵᠢ ᠶᠢ ᠬᠠᠮᠠᠭᠠᠯᠠᠯᠲᠠ ᠶᠢᠨ ᠣᠷᠣᠨ ᠳᠤ ᠣᠷᠣᠭᠤᠯᠬᠤ ᠶᠢ ᠲᠠᠰᠤ ᠬᠤᠷᠢᠭᠯᠠᠵᠤ᠂ ᠭᠠᠯ ᠰᠡᠷᠭᠡᠶᠢᠯᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠪᠡ᠃      ᠤᠷᠴᠢᠭᠤᠯᠤᠭᠴᠢ᠄ ᠬᠦᠰᠡᠯ      ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号