ᠰᠢᠨᠠᠪᠠᠯᠭᠠᠰᠤ ᠶᠢᠨ ᠮᠡᠳᠡᠭᠡ ᠬᠠᠨᠭ᠍ᠭᠢᠨ ᠬᠤᠰᠢᠭᠤᠨ ᠤ ᠶᠡᠭᠡᠨ᠋ᠤᠰᠤ ᠰᠤᠮᠤ ᠠᠯᠢ ᠤᠯᠠᠨ ᠠᠷᠭ᠎ᠠ ᠬᠡᠮᠵᠢᠶ᠎ᠠ | ᠠᠪᠴᠤ ᠤᠢ ᠰᠢᠭᠤᠢ ᠨᠤᠳᠤᠭ ᠪᠡᠯᠴᠢᠭᠡᠷ ᠤᠨ ᠬᠠᠮᠠᠭᠠᠯᠠᠯᠳᠠ ᠪᠤᠯᠤᠨ ᠬᠠᠮᠢᠶᠠᠷᠤᠯᠳᠠ ᠶᠢ ᠴᠢᠩᠭᠠᠳᠬᠠᠵᠤ᠂ ᠤᠢ | ᠰᠢᠭᠤᠢ ᠨᠤᠳᠤᠭ ᠪᠠᠯᠴᠢᠭᠡᠷ ᠤᠨ ᠶᠠᠰᠤ ᠴᠢᠨᠠᠷ ᠪᠠ ᠠᠮᠢ ᠠᠬᠤᠢ ᠶᠢᠨ ᠰᠢᠰᠲ᠋ᠧᠮ ᠤᠨ ᠲᠤᠭᠳᠠᠪᠤᠷᠢᠳᠤ ᠴᠢᠨᠠᠷ ᠢ | ᠲᠡᠭᠡᠭᠰᠢᠯᠡᠬᠦᠯᠦᠨ ᠪᠠᠳᠤᠯᠠᠵᠦ ᠪᠤᠢ᠃ ︽ᠤᠢ ᠰᠢᠭᠤᠢ ᠶᠢᠨ ᠲᠠᠷᠤᠭ᠎ᠠ︾ ᠶᠢᠨ ᠲᠦᠷᠢᠮ ᠢ ᠯᠠᠪᠳᠠᠭᠤᠨ ᠠᠬᠢᠭᠤᠯᠪᠠ᠃ | ᠰᠤᠮᠤ ᠪᠠ ᠭᠠᠴᠠᠭ᠎ᠠ ᠬᠤᠶᠠᠷ ᠱᠠᠲᠤᠨ ᠤ ᠤᠢ ᠰᠢᠭᠤᠢ ᠶᠢᠨ ᠲᠠᠷᠤᠭ᠎ᠠ ᠶᠢᠨ ᠲᠦᠷᠢᠮ ᠢ ᠪᠦᠷᠢᠨᠰᠢᠬᠦᠯᠵᠤ᠂ ᠶᠠᠷᠦᠩᠭᠡᠢ | ᠤᠢ ᠰᠢᠭᠤᠢ ᠶᠢᠨ ᠲᠠᠷᠤᠭ᠎ᠠ ᠪᠠᠷ 1 ᠬᠦᠮᠦᠨ᠂ ᠲᠠᠳ᠋ ᠤᠢ ᠰᠢᠭᠤᠢ ᠶᠢᠨ ᠲᠠᠷᠤᠭ᠎ᠠ ᠪᠠᠷ 13 ᠬᠦᠮᠦᠨ᠂ | ᠭᠠᠴᠠᠭᠠᠨ ᠤ ᠱᠠᠲᠤᠨ ᠤ ᠤᠢ ᠰᠢᠭᠤᠢ ᠶᠢᠨ ᠲᠠᠷᠤᠭ᠎ᠠ ᠪᠠᠷ 12 ᠬᠦᠮᠦᠨ᠂ ᠤᠢ ᠰᠢᠭᠤᠢ ᠶᠢᠨ ᠬᠠᠮᠠᠭᠠᠯᠠᠭᠴᠢ ᠪᠠ | ᠨᠤᠳᠤᠭ ᠪᠡᠯᠴᠢᠭᠡᠷ ᠤᠨ ᠬᠠᠮᠢᠶᠠᠷᠤᠭᠴᠢ ᠪᠠᠷ 42 ᠬᠦᠮᠦᠨ ᠢ ᠲᠤᠮᠢᠯᠠᠨ ᠲᠤᠭᠳᠠᠭᠠᠵᠦ᠂ ᠤᠢ ᠰᠢᠭᠤᠢ᠂ ᠨᠤᠳᠤᠭ | ᠪᠡᠯᠴᠢᠭᠡᠷ᠂ ᠨᠤᠭᠤ ᠭᠠᠵᠠᠷ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ | ᠦᠷᠨᠢᠬᠦᠯᠪᠠ᠃ ᠵᠢᠯ ᠤᠨ ᠡᠬᠢᠨ ᠠᠴᠠ ᠤᠳᠤ ᠪᠤᠯᠳᠠᠯ᠎ᠠ᠂ ᠨᠡᠶᠢᠲᠡ 610 ᠬᠦᠮᠦᠨ ᠤᠳᠠᠭ᠎ᠠ ᠴᠠᠭᠳᠠᠨ | ᠪᠠᠶᠢᠴᠠᠭᠠᠯᠲᠠ ᠥᠷᠨᠢᠭᠦᠯᠵᠦ᠂ ᠮᠠᠯ ᠢᠶᠠᠨ ᠲᠤᠷ᠎ᠠ ᠪᠠᠷ ᠬᠠᠰᠢᠶᠠᠨ ᠠᠴᠠ ᠪᠠᠨ ᠭᠠᠷᠭᠠᠵᠦ ᠪᠡᠯᠴᠢᠭᠡᠭᠰᠡᠨ᠂ ᠬᠤᠭ | ᠨᠤᠪᠰᠢ ᠶᠢ ᠬᠡᠭᠡᠷ᠎ᠠ ᠬᠦᠳᠡᠭᠡ ᠲᠤᠷ᠎ᠠ ᠪᠠᠷ ᠬᠡᠭᠡᠵᠦ ᠤᠪᠤᠭᠠᠯᠠᠬᠰᠠᠨ ᠵᠡᠷᠭᠡ ᠠᠰᠠᠭᠤᠳᠠᠯ ᠢ ᠴᠠᠭ ᠲᠤᠬᠠᠢ ᠳᠤᠨᠢ | ᠢᠯᠡᠷᠡᠬᠦᠯᠵᠦ ᠰᠢᠢᠳᠭᠡᠭᠰᠡᠨ ᠪᠠᠶᠢᠨ᠎ᠠ᠃ ︽ᠪᠠᠶᠢᠬᠤ ᠪᠠᠨ ᠪᠠᠳᠤᠯᠠᠵᠦ᠂ ᠬᠡᠮᠵᠢᠶ᠎ᠠ ᠪᠠᠨ ᠨᠠᠮᠡᠭᠳᠡᠬᠦᠯᠵᠦ᠂ ᠴᠢᠨᠠᠷ ᠢ | ᠲᠡᠭᠡᠭᠰᠢᠯᠡᠬᠦᠯᠬᠦ︾ ᠵᠠᠷᠴᠢᠮ ᠢᠶᠠᠷ᠂ ᠠᠮᠢ ᠠᠬᠤᠢ ᠶᠢᠨ ᠰᠢᠰᠲ᠋ᠧᠮ ᠤᠨ ᠰᠠᠶᠢᠵᠢᠷᠠᠯᠲᠠ ᠶᠢ ᠠᠬᠢᠭᠤᠯᠪᠠ᠃ ᠡᠨᠡ ᠵᠢᠯ᠂ | ᠰᠣᠮᠤᠨ ᠤ ᠪᠦᠬᠦ ᠺᠠᠳ᠋ᠷ ᠠᠵᠢᠯᠳᠠᠨ ᠨᠠᠮ ᠤᠨ ᠬᠡᠰᠢᠬᠦᠨ ᠪᠤᠯᠤᠨ ᠭᠠᠴᠠᠭᠠᠨ ᠤ 4500 ᠭᠠᠷᠤᠢ ᠮᠠᠯᠴᠢᠨ | ᠲᠠᠷᠢᠶᠠᠴᠢᠨ ᠢ ᠳᠠᠶᠢᠴᠢᠯᠠᠨ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠳᠤ ᠤᠷᠤᠯᠴᠠᠭᠤᠯᠵᠤ᠂ 4300 | ᠰᠠᠭᠤᠷᠢ ᠮᠤᠳᠤ ᠵᠠᠶᠢᠯᠠᠵᠤ᠂ 25.1 ᠲᠦᠮᠠᠨ ᠰᠠᠭᠤᠷᠢ ᠪᠤᠳᠠᠯᠢᠭ ᠮᠤᠳᠤ ᠲᠠᠷᠢᠪᠠ᠃ ᠡᠭᠦᠨ ᠤ ᠬᠠᠮᠳᠤ᠂ ᠰᠠᠶᠢᠨ | ᠴᠢᠨᠠᠷ ᠤᠨ ᠡᠪᠡᠰᠦ ᠲᠠᠷᠢᠬᠤ ᠲᠦᠷᠦᠯ ᠵᠦᠢᠯ ᠢ ᠬᠡᠷᠡᠭᠵᠢᠬᠦᠯᠵᠦ᠂ 2.93 ᠲᠦᠮᠠᠨ ᠮᠦ ᠨᠢ ᠬᠢᠨᠠᠨ ᠰᠢᠯᠭᠠᠯᠳᠠ ᠳᠤ | ᠬᠢᠷᠢ ᠲᠡᠩᠴᠡᠪᠠ᠃ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ ᠰᠠᠬᠢᠪᠠ᠃ ᠤᠢ ᠰᠢᠭᠤᠢ ᠨᠤᠳᠤᠭ | ᠪᠠᠯᠴᠢᠭᠡᠷ ᠤᠨ ᠭᠠᠯ ᠲᠦᠮᠠᠷ ᠢ ᠰᠡᠷᠭᠡᠶᠢᠯᠡᠵᠦ ᠤᠨᠳᠠᠷᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ | ᠬᠠᠷᠢᠭᠤᠴᠠᠯᠭ᠎ᠠ ᠶᠢ ᠭᠠᠴᠠᠭ᠎ᠠ᠂ ᠨᠡᠶᠢᠭᠡᠮ ᠲᠤᠭᠤᠷᠢᠭ ᠬᠦᠷᠳᠡᠯ᠎ᠠ ᠨᠠᠶᠢᠳᠠᠪᠤᠷᠢᠵᠢᠭᠤᠯᠪᠠ᠃ 10 ᠰᠠᠷ᠎ᠠ ᠶᠢᠨ ᠰᠡᠬᠦᠯᠴᠢ | ᠬᠦᠷᠳᠡᠯ᠎ᠠ᠂ ᠤᠢ ᠰᠢᠭᠤᠢ ᠨᠤᠳᠤᠭ ᠪᠠᠯᠴᠢᠭᠡᠷ ᠤᠨ ᠭᠠᠯ ᠲᠦᠮᠠᠷ ᠢ ᠰᠡᠷᠭᠡᠶᠢᠯᠡᠬᠦ ᠠᠮᠤᠷ ᠲᠦᠪᠰᠢᠨ ᠤ ᠪᠤᠯᠪᠠᠰᠤᠷᠠᠯ | ᠰᠤᠷᠤᠯᠴᠠᠯᠭ᠎ᠠ ᠶᠢ 3 ᠤᠳᠠᠭ᠎ᠠ ᠦᠷᠨᠢᠬᠦᠯᠵᠦ᠂ 1 ᠤᠳᠠᠭ᠎ᠠ ᠰᠤᠷᠢᠯᠳᠠ ᠬᠢᠭᠰᠡᠨ ᠪᠠᠶᠢᠨ᠎ᠠ᠃ | |