ᠵᠡᠯᠡᠲᠦ ᠰᠤᠭᠤᠨ ᠴᠢᠬᠢ
ᠨᠡᠶᠢᠲᠡᠯᠡᠭᠰᠡᠨ ᠴᠠᠭ᠄
2022/2/9
     ᠤᠯᠠᠨ ᠨᠠᠰᠤᠲᠤ ᠡᠪᠡᠰᠦᠯᠢᠭ ᠤᠷᠭᠤᠮᠠᠯ᠃ ᠠᠭᠤᠯᠠᠨ ᠬᠦᠲᠦᠯ ᠤᠨ ᠡᠪᠡᠰᠦᠲᠦ ᠭᠠᠵᠠᠷ᠂ ᠲᠤᠭᠲᠠᠪᠤᠷᠢᠵᠢᠭᠰᠠᠨ ᠡᠯᠡᠰᠦᠨ ᠲᠤᠪᠤ᠂ ᠠᠭᠤᠯᠠᠨ ᠭᠤᠤ ᠶᠢᠨ ᠭᠤᠷᠤᠬ᠎ᠠ ᠶᠢᠨ ᠬᠦᠪᠡᠭᠡ ᠪᠠᠷ ᠤᠷᠭᠤᠨ᠎ᠠ᠃ ᠮᠠᠨ ᠤ ᠤᠷᠤᠨ ᠤ ᠬᠢᠩᠭᠠᠨ ᠤ ᠬᠤᠶᠢᠲᠤ ᠬᠡᠰᠡᠭ᠂ ᠬᠢᠩᠭᠠᠨ ᠤ ᠡᠮᠦᠨᠡᠲᠦ ᠬᠡᠰᠡᠭ᠂ ᠳᠠᠪᠠᠭᠠᠨ ᠤ ᠵᠡᠬᠦᠨ ᠲᠤᠭᠤᠷᠢᠭ᠂ ᠳᠠᠪᠠᠭᠠᠨ ᠤ ᠪᠠᠷᠠᠭᠤᠨ ᠲᠤᠭᠤᠷᠢᠭ᠂ ᠬᠤᠷᠴᠢᠨ ᠲᠤᠭᠤᠷᠢᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠶᠠᠨᠱᠠᠨ ᠠᠭᠤᠯᠠᠨ ᠤ ᠬᠤᠶᠢᠲᠤ ᠬᠡᠰᠡᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ᠂ ᠤᠯᠠᠭᠠᠨᠴᠠᠪ ᠲᠤᠭᠤᠷᠢᠭ᠂ ᠮᠤᠨᠢ ᠠᠭᠤᠯᠠ ᠶᠢᠨ ᠲᠤᠭᠤᠷᠢᠭ᠂ ᠤᠷᠳᠤᠰ ᠲᠤᠭᠤᠷᠢᠭ᠂ ᠠᠯᠠᠱᠠ ᠠᠭᠤᠯᠠ ᠶᠢᠨ ᠲᠤᠭᠤᠷᠢᠭ ᠢᠶᠠᠷ ᠤᠷᠭᠤᠨ᠎ᠠ᠃ ᠮᠠᠨ ᠤ ᠤᠯᠤᠰ ᠤᠨ ᠵᠡᠬᠦᠨ ᠬᠤᠶᠢᠲᠤ ᠤᠷᠤᠨ᠂ ᠤᠮᠠᠷᠠᠳᠤ ᠤᠷᠤᠨ᠂ ᠪᠠᠷᠠᠭᠤᠨ ᠬᠤᠶᠢᠲᠤ ᠤᠷᠤᠨ ᠢᠶᠠᠷ ᠤᠷᠭᠤᠵᠤ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ᠂ ᠰᠤᠯᠤᠩᠭᠤᠰ᠂ ᠶᠠᠫᠤᠨ ᠵᠡᠷᠭᠡ ᠭᠠᠵᠠᠷ ᠤᠷᠤᠨ ᠢᠶᠠᠷ ᠪᠠᠰᠠ ᠤᠷᠭᠤᠨ᠎ᠠ᠃ ᠦᠨᠳᠦᠰᠦ ᠨᠢ ᠡᠮ ᠳᠤ ᠤᠷᠤᠨ᠎ᠠ᠃ ᠡᠰᠢ ᠪᠤᠯᠤᠨ ᠨᠠᠪᠴᠢ ᠶᠢ ᠨᠢ ᠪᠤᠷᠳᠤᠭ᠎ᠠ ᠪᠤᠯᠭᠠᠵᠤ ᠪᠤᠯᠳᠠᠭ᠃
     ᠢᠷᠠᠯᠲᠠ᠄ ︽ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠢ︾
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号