| 1.ᠡᠮᠴᠢ ᠳᠤ ︽ᠡᠮ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠲᠠᠬᠢ ᠪᠠᠷᠢᠮᠵᠢᠶ᠎ᠠ ᠠᠴᠠ ᠬᠡᠲᠦᠷᠡᠭᠦᠯᠦᠨ | ᠡᠮ ᠬᠡᠷᠡᠭᠯᠡᠬᠦ︾ ᠲᠠᠰᠤᠯᠤᠯᠲᠠ ᠶᠢᠨ ᠡᠷᠬᠡ ᠶᠢ ᠣᠯᠭᠤᠨ᠎ᠠ | ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠴᠢ ᠶᠢᠨ ᠬᠠᠤᠯᠢ︾ ᠶᠢ 3 ᠰᠠᠷ᠎ᠠ ᠶᠢᠨ | 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠤ ᠳᠠᠭᠠᠤ ᠳᠤᠨᠢ ᠨᠢᠭᠡᠨᠲᠡ 20 ᠭᠠᠷᠤᠢ ᠵᠢᠯ | ᠬᠡᠷᠡᠭᠵᠢᠭᠦᠯᠦᠭᠰᠡᠨ ︽ᠪᠦᠬᠦᠳᠠᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠡᠷᠬᠢᠯᠡᠬᠦ ᠡᠮᠴᠢ ᠶᠢᠨ ᠬᠠᠤᠯᠢ︾ | ᠶᠢ ᠬᠦᠴᠦᠨ ᠤᠢᠭᠡᠢ ᠪᠣᠯᠭᠠᠨ᠎ᠠ᠃ ᠡᠮᠴᠢ ᠶᠢᠨ ᠬᠠᠤᠯᠢ ᠶᠢᠨ ᠬᠢᠯᠠᠰ ᠴᠡᠭ ᠮᠠᠰᠢ ᠣᠯᠠᠨ᠂ ᠵᠢᠱᠢᠶᠡᠯᠡᠪᠡᠯ 27 ᠳ᠋ᠤᠭᠠᠷ | ᠵᠦᠢᠯ ᠳᠤ᠂ ᠤᠯᠤᠰ ᠠᠴᠠ ᠡᠮᠴᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠵᠡᠷᠭᠡ ᠣᠯᠠᠨ | ᠨᠡᠶᠢᠲᠡ ᠶᠢᠨ ᠲᠠᠯᠠᠪᠤᠷ ᠤᠨ ᠲᠦᠷᠭᠡᠨ ᠠᠪᠤᠷᠠᠯᠳᠠ ᠶᠢᠨ ᠦᠢᠯᠡᠴᠢᠯᠡᠭᠡ ᠳᠤ ᠢᠳᠡᠪᠬᠢᠲᠡᠶ ᠣᠷᠣᠯᠴᠠᠬᠤ ᠶᠢ | ᠵᠣᠷᠢᠭᠵᠢᠭᠤᠯᠤᠨ᠎ᠠ︔ ᠡᠮᠴᠢ ᠰᠡᠶᠢᠠ ᠳᠤᠷ᠎ᠠ ᠠᠴᠠ ᠪᠠᠨ ᠲᠦᠷᠭᠡᠨ ᠠᠪᠤᠷᠠᠯᠳᠠ ᠬᠢᠭᠡᠳ ᠲᠤᠰᠠᠯᠠᠮᠵᠢ ᠬᠦᠷᠳᠡᠭᠴᠢ ᠳᠤ | ᠬᠤᠬᠢᠷᠠᠯ ᠤᠴᠠᠷᠠᠭᠤᠯᠤᠭᠰᠠᠨ ᠪᠠᠶᠢᠪᠠᠯ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠤᠢᠭᠡᠢ ᠭᠡᠵᠦ | ᠲᠣᠭᠲᠠᠭᠠᠵᠠᠶ᠃ | ᠡᠭᠦᠨ ᠠᠴᠠ ᠭᠠᠳᠠᠨ᠎ᠠ᠂ ᠡᠮᠴᠢ ᠶᠢᠨ ᠬᠠᠤᠯᠢ ᠳᠤ ᠶᠡᠭᠡ ᠡᠮᠴᠢ ᠳᠤ ︽ᠡᠮ ᠬᠡᠷᠡᠭᠯᠡᠬᠦ ᠲᠣᠳᠣᠷᠬᠠᠶᠢᠯᠠᠯᠲᠠ ᠶᠢᠨ | ᠪᠢᠴᠢᠭ ᠲᠠᠬᠢ ᠪᠠᠷᠢᠮᠵᠢᠶ᠎ᠠ ᠠᠴᠠ ᠬᠡᠲᠦᠷᠡᠭᠦᠯᠦᠨ ᠡᠮ ᠬᠡᠷᠡᠭᠯᠡᠬᠦ︾ ᠲᠠᠰᠤᠯᠤᠯᠲᠠ ᠶᠢᠨ ᠡᠷᠬᠡ ᠣᠯᠭᠤᠵᠤ᠂ ︽ᠣᠯᠠᠨ | ᠴᠡᠭ ᠲᠤ ᠠᠵᠢᠯ ᠡᠷᠭᠢᠯᠡᠬᠦ︾ ᠬᠠᠮᠢᠶ᠎ᠠ ᠪᠥᠬᠦᠶ ᠵᠢᠷᠤᠮᠵᠢᠯ ᠢ ᠲᠣᠳᠣᠷᠬᠠᠶᠢᠯᠠᠵᠤ᠂ ︽ᠳᠠᠳᠤᠯᠭ᠎ᠠ ᠶᠢᠨ ᠡᠮᠴᠢ︾ ᠶᠢᠨ | ᠡᠮᠴᠢᠯᠡᠭᠡᠨ ᠤ ᠣᠨᠣᠰᠢᠯᠠᠨ ᠡᠮᠨᠡᠬᠦ ᠠᠵᠢᠯᠯᠠᠭ᠎ᠠ ᠳᠤ ᠣᠷᠣᠯᠴᠠᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠲᠣᠳᠣᠷᠬᠠᠶᠢᠯᠠᠪᠠ᠃ | | 2.ᠨᠠᠰᠤᠨ ᠳᠤ ᠦᠯᠦ ᠬᠦᠷᠦᠭᠰᠡᠳ ᠤᠨ ᠬᠦᠷᠲᠡᠬᠦ ᠬᠢᠨᠠᠨ ᠬᠠᠮᠠᠭᠠᠯᠠᠬᠤ ᠡᠷᠬᠡ ᠠᠰᠢᠭ ᠢ ᠪᠠᠲᠤᠯᠠᠨ᠎ᠠ | | ᠢᠷᠭᠡᠨ ᠤ ᠬᠠᠤᠯᠢ ᠶᠢᠨ ᠪᠢᠴᠢᠭ ᠤᠨ ᠶᠡᠷᠦᠩᠬᠡᠶ ᠲᠦᠷᠢᠮ ᠤᠨ ᠬᠠᠤᠯᠢ ᠶᠢᠨ ᠲᠠᠶᠢᠯᠪᠤᠷᠢᠯᠠᠯᠲᠠ ᠶᠢ 3 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ | ᠬᠠᠮᠠᠭᠠᠯᠠᠬᠤ ᠲᠠᠯ᠎ᠠ ᠪᠠᠷ᠂ ᠲᠠᠶᠢᠯᠪᠤᠷᠢᠯᠠᠯᠲᠠ ᠳᠤ᠂ ᠨᠠᠰᠤᠨ ᠳᠤ ᠦᠯᠦ ᠬᠦᠷᠦᠭᠰᠡᠳ ᠤᠨ ᠡᠴᠢᠭᠡ ᠡᠬᠡ ᠨᠢ ᠬᠠᠤᠯᠢ | ᠶᠣᠰᠣᠭᠠᠷ ᠬᠢᠨᠠᠨ ᠬᠠᠮᠠᠭᠠᠯᠠᠬᠤ ᠬᠢᠷᠢ ᠬᠡᠮ ᠲᠠᠢ ᠪᠤᠰᠤᠳ ᠬᠥᠮᠦᠨ ᠲᠠᠢ ᠬᠡᠯᠡᠯᠴᠡᠭᠡᠷ ᠪᠠᠷ ᠳᠠᠮᠵᠢᠨ᠂ ᠬᠢᠨᠠᠨ | ᠬᠠᠮᠠᠭᠠᠯᠠᠬᠤ ᠴᠢᠳᠠᠪᠤᠷᠢ ᠲᠠᠢ ᠡᠴᠢᠭᠡ ᠡᠬᠡ ᠶᠢᠨ ᠬᠢᠨᠠᠨ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠶᠢ | ᠬᠡᠯᠲᠦᠷᠢᠭᠦᠯᠬᠦ ᠪᠠᠷ ᠪᠣᠯᠵᠣᠨ ᠲᠣᠭᠲᠠᠭᠰᠠᠨ ᠪᠠᠶᠢᠪᠠᠯ᠂ ᠠᠷᠠᠳ ᠤᠨ ᠰᠢᠭᠦᠬᠦ ᠬᠤᠷᠢᠶ᠎ᠠ ᠳᠡᠮᠵᠢᠬᠦ ᠦᠭᠡᠢ᠃ ᠰᠢᠭᠦᠬᠦ | ᠬᠤᠷᠢᠶ᠎ᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠢᠨᠠᠨ ᠬᠠᠮᠠᠭᠠᠯᠠᠭᠴᠢ ᠶᠢ ᠵᠢᠭᠠᠨ ᠲᠣᠭᠲᠠᠭᠠᠬᠤ ᠳᠠᠭᠠᠨ᠂ | ᠬᠢᠨᠠᠨ ᠬᠠᠮᠠᠭᠠᠯᠠᠭᠳᠠᠭᠴᠢ ᠶᠢᠨ ᠦᠨᠡᠨ ᠪᠣᠳᠠᠲᠠᠢ ᠬᠦᠰᠡᠯ ᠰᠠᠨᠠᠭ᠎ᠠ ᠶᠢ ᠬᠦᠨᠳᠦᠳᠬᠡᠵᠦ᠂ ᠬᠢᠨᠠᠨᠬᠠᠮᠠᠭᠠᠯᠠᠭᠳᠠᠭᠴᠢ ᠳᠤ | ᠬᠠᠮᠤᠭ ᠤᠨ ᠠᠰᠢᠭᠲᠠᠢ ᠪᠠᠶᠢᠬᠤ ᠵᠠᠷᠴᠢᠮ ᠶᠣᠰᠣᠭᠠᠷ ᠵᠢᠭᠠᠨ ᠲᠣᠭᠲᠠᠭᠠᠬᠤ ᠬᠡᠷᠡᠭᠲᠡᠢ᠂ ︽ | ᠬᠢᠨᠠᠨᠬᠠᠮᠠᠭᠠᠯᠠᠭᠳᠠᠭᠴᠢ ᠶᠢᠨ ᠠᠮᠢᠳᠤᠷᠠᠯ᠂ ᠬᠠᠶᠢᠷ᠎ᠠ ᠰᠡᠳᠬᠢᠯᠭᠡ ᠲᠠᠢ ᠨᠢᠭᠲᠠ ᠬᠤᠯᠪᠣᠭ᠎ᠠ ᠲᠠᠢ ᠪᠠᠶᠢᠬᠤ ᠬᠡᠮᠵᠢᠶ᠎ᠡ︾ | ᠵᠡᠷᠭᠡ ᠬᠦᠴᠦᠨ ᠵᠦᠢᠯ ᠢᠶᠠᠷ ᠪᠣᠳᠠᠲᠠᠢ ᠯᠠᠪᠯᠠᠯᠲᠠ ᠪᠣᠯᠭᠠᠬᠤ ᠬᠡᠷᠡᠭᠲᠡᠢ ᠭᠡᠵᠡᠢ᠃ | 3.ᠠᠷᠠᠳ ᠤᠨ ᠳᠡᠭᠡᠳᠦ ᠰᠢᠭᠦᠬᠦ ᠬᠤᠷᠢᠶ᠎ᠠ ᠬᠠᠤᠯᠢ ᠪᠠᠷᠢᠬᠤ ᠲᠠᠶᠢᠯᠪᠤᠷᠢᠯᠠᠯᠲᠠ ᠳᠤ ᠵᠠᠰᠠᠪᠤᠷᠢ ᠣᠷᠣᠭᠤᠯᠵᠤ | P2P ᠵᠡᠷᠭᠡ ᠬᠠᠤᠯᠢ ᠪᠤᠰᠤ ᠪᠠᠷ ᠪᠠᠯᠠ ᠴᠤᠭᠯᠠᠭᠤᠯᠬᠤ ᠠᠵᠢᠯᠯᠠᠭ᠎ᠠ ᠶᠢ ᠵᠠᠯᠬᠠᠭᠠᠨ ᠰᠢᠳᠬᠡᠬᠦ ᠳᠤ ᠦᠨᠳᠦᠰᠦᠯᠡᠯ | ᠬᠠᠩᠭᠠᠪᠠ | ᠠᠷᠠᠳ ᠤᠨ ᠳᠡᠭᠡᠳᠦ ᠰᠢᠭᠦᠬᠦ ᠬᠤᠷᠢᠶ᠎ᠠ ᠣᠶᠢᠷ᠎ᠠ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠤᠯᠢ | ᠪᠤᠰᠤ ᠪᠠᠷ ᠪᠠᠯᠠ ᠴᠤᠭᠯᠠᠭᠤᠯᠤᠭᠰᠠᠨ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠲᠠᠶᠢᠯᠪᠤᠷᠢᠯᠠᠯᠲᠠ ᠶᠢ ᠨᠡᠶᠢᠲᠡᠯᠡᠪᠡ᠂ | 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠰᠦᠯᠵᠢᠶᠡᠨ ᠤ ᠵᠢᠭᠡᠯᠡᠯᠭᠡ᠂ ᠵᠢᠱᠢᠮᠡᠭ ᠵᠣᠭᠤᠰ ᠤᠨ | ᠠᠷᠠᠯᠵᠢᠶ᠎ᠠ᠂ ᠪᠡᠯᠡ ᠲᠤᠬᠢᠷᠠᠭᠤᠯᠭ᠎ᠠ ᠶᠢᠨ ᠲᠦᠷᠢᠶᠡᠰᠦᠯᠡᠯ ᠵᠡᠷᠭᠡ ᠪᠡᠯᠡ ᠮᠥᠩᠭᠦ ᠶᠢ ᠬᠠᠤᠯᠢ ᠪᠤᠰᠤ ᠪᠠᠷ ᠰᠢᠩᠭᠡᠭᠡᠨ | ᠠᠪᠬᠤ ᠰᠢᠨ᠎ᠡ ᠬᠡᠯᠪᠡᠷᠢ ᠶᠢᠨ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ ᠢ ᠨᠡᠮᠡᠵᠦ ᠲᠣᠭᠲᠠᠭᠠᠬᠤ ᠶᠢᠨ ᠬᠠᠮᠲᠤ ︽︿ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ﹀ ᠬᠠᠩᠭᠠᠬᠤ᠂ ︿ᠨᠠᠰᠤᠵᠢᠯ ᠤᠨ ᠠᠰᠠᠷᠠᠮᠵᠢ ᠶᠢᠨ ᠵᠦᠢᠯᠡᠰ﹀ ᠳᠤ ᠪᠡᠯᠡ | ᠣᠷᠣᠭᠤᠯᠬᠤ᠂ ︿ᠨᠠᠰᠤᠲᠠᠶᠢᠴᠤᠳ ᠤᠨ ᠦᠢᠯᠡᠳᠬᠦᠨ﹀ ᠢ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠪᠡᠯᠡ | ᠮᠥᠩᠭᠦ ᠶᠢ ᠬᠠᠤᠯᠢ ᠪᠤᠰᠤ ᠪᠠᠷ ᠰᠢᠩᠭᠡᠭᠡᠨ ᠠᠪᠬᠤ︾ᠪᠠᠶᠢᠳᠠᠯ ᠢ ᠨᠡᠮᠡᠵᠦ᠂ P2P᠂ ᠵᠢᠱᠢᠮᠡᠭ ᠵᠣᠭᠤᠰ ᠤᠨ ᠠᠷᠠᠯᠵᠢᠶ᠎ᠠ᠂ | ᠨᠠᠰᠤᠵᠢᠯ ᠤᠨ ᠠᠰᠠᠷᠠᠮᠵᠢ ᠶᠢᠨ ᠬᠦᠷᠢᠶ᠎ᠡ ᠵᠡᠷᠭᠡ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠭᠰᠠᠨ ᠶᠠᠯᠠᠲᠤ | ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠳᠬᠡᠬᠦ ᠳᠤ ᠦᠨᠳᠦᠰᠦᠯᠡᠯᠬᠠᠩᠭᠠᠪᠠ᠃ | 4.ᠰᠢᠭᠦᠬᠦ ᠬᠤᠷᠢᠶ᠎ᠠ ᠠᠴᠠ ᠭᠦᠢᠴᠡᠳᠬᠡᠬᠦ ᠡᠳ᠋ ᠬᠦᠷᠦᠩᠭᠡ ᠶᠢ ᠪᠤᠷᠤᠭᠤ ᠰᠢᠢᠳᠪᠦᠷᠢᠯᠡᠭᠰᠡᠨ ᠪᠠᠶᠢᠪᠠᠯ | ᠤᠯᠤᠰ ᠤᠨ ᠲᠥᠯᠥᠪᠦᠷᠢ ᠡᠷᠡᠮᠡᠯᠵᠡᠯᠡᠵᠦ ᠪᠣᠯᠤᠨ᠎ᠠ | ᠠᠷᠠᠳ ᠤᠨ ᠳᠡᠭᠡᠳᠦ ᠰᠢᠭᠦᠬᠦ ᠬᠤᠷᠢᠶ᠎ᠠ ︽ᠬᠠᠤᠯᠢ ᠴᠠᠭᠠᠵᠠ ᠶᠢᠨ ᠲᠥᠯᠥᠪᠦᠷᠢ ᠳᠤ ᠬᠤᠯᠪᠣᠭᠳᠠᠭᠰᠠᠨ | ᠬᠡᠷᠡᠭ ᠢ ᠰᠢᠭᠦᠬᠦ ᠳᠤ ᠬᠠᠤᠯᠢ ᠴᠠᠭᠠᠵᠠ ᠶᠢ ᠬᠡᠷᠡᠭᠯᠡᠬᠦ ᠠᠰᠠᠭᠤᠳᠠᠯ ᠤᠳ ᠤᠨ ᠲᠤᠬᠠᠢ ᠲᠠᠶᠢᠯᠪᠤᠷᠢᠯᠠᠯᠲᠠ︾ ᠶᠢ | ᠨᠡᠶᠢᠲᠡᠯᠡᠪᠡ᠂ ︽ᠲᠠᠶᠢᠯᠪᠤᠷᠢᠯᠠᠯᠲᠠ︾ ᠳᠤ᠂ ᠠᠷᠠᠳ ᠤᠨ ᠰᠢᠭᠦᠬᠦ ᠬᠤᠷᠢᠶ᠎ᠠ ᠲᠠᠰᠤᠯᠤᠯᠲᠠ᠂ ᠲᠣᠭᠲᠠᠭᠠᠯᠲᠠ ᠵᠢᠴᠢ ᠪᠤᠰᠤᠳ | ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠭᠦᠢᠴᠡᠳᠬᠡᠬᠦ ᠶᠠᠪᠤᠴᠠ ᠳᠤ᠂ ᠡᠳ᠋ | ᠬᠥᠷᠥᠩᠭᠡ ᠶᠢ ᠪᠠᠶᠢᠴᠠᠭᠠᠬᠤ᠂ ᠡᠵᠡᠮᠳᠡᠬᠦ᠂ ᠰᠢᠢᠳᠪᠦᠷᠢᠯᠡᠬᠦ᠂ ᠲᠤᠰᠢᠶᠠᠬᠤ᠂ ᠬᠤᠪᠢᠶᠠᠷᠢᠯᠠᠬᠤ ᠵᠡᠷᠭᠡ ᠭᠦᠢᠴᠡᠳᠬᠡᠬᠦ ᠠᠷᠭ᠎ᠠ | ᠬᠡᠮᠵᠢᠶ᠎ᠡ ᠪᠤᠶᠤ ᠵᠣᠭᠤᠰ ᠢᠶᠠᠷ ᠲᠣᠷᠭᠠᠬᠤ᠂ ᠲᠦᠷ ᠬᠤᠷᠢᠬᠤ ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠪᠤᠷᠤᠭᠤ | ᠠᠪᠴᠤ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ | ᠡᠷᠬᠡ ᠠᠰᠢᠭ ᠲᠤ ᠬᠠᠯᠳᠠᠭᠰᠠᠨ ᠪᠥᠭᠡᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠬᠢᠷᠠᠯ ᠠᠮᠰᠠᠭᠴᠢ ᠤᠯᠤᠰ ᠤᠨ | ᠲᠥᠯᠥᠪᠦᠷᠢ ᠢ ᠡᠷᠡᠮᠡᠯᠵᠡᠯᠡᠵᠦ ᠪᠣᠯᠤᠨ᠎ᠠ᠃ ︽ᠲᠠᠶᠢᠯᠪᠤᠷᠢᠯᠠᠯᠲᠠ︾ ᠶᠢ ᠡᠨᠡ ᠵᠢᠯ ᠤᠨ 3 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | 5.ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠲᠤᠰᠬᠠᠢ ᠳᠠᠭᠠᠳᠬᠠᠯ ᠤᠨ ᠲᠤᠷᠰᠢᠯᠲᠠ ᠶᠢ ᠪᠦᠬᠦ | ᠤᠯᠤᠰ ᠲᠤ᠋ᠬᠦ᠋ᠷᠲᠡᠯᠡ ᠥᠷᠭᠡᠳᠬᠡᠨ᠎ᠡ | ᠣᠶᠢᠷ᠎ᠠ ᠳᠤ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ︽ᠬᠤᠳᠠᠯᠳᠤᠭᠠᠨ ᠤ | ᠨᠠᠰᠤᠵᠢᠯ ᠤᠨ ᠠᠰᠠᠷᠠᠮᠵᠢ ᠶᠢᠨ ᠲᠤᠰᠬᠠᠢ ᠳᠠᠭᠠᠳᠬᠠᠯ ᠤᠨ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠬᠦ ᠲᠤᠬᠠᠶ | ᠮᠡᠳᠡᠭᠳᠡᠯ︾ ᠢ ᠳᠠᠷᠤᠮᠠᠯᠯᠠᠨᠲ᠋ᠠᠷᠬᠠᠭᠠᠪᠠ᠃ ︽ᠮᠡᠳᠡᠭᠳᠡᠯ︾ ᠳᠤ᠂ 3 ᠰᠠᠷ᠎ᠠ ᠶᠢᠨ 1 ᠤ ᠡᠳᠦᠷ ᠠᠴᠠ ᠡᠬᠢᠯᠡᠨ᠂ | ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠲᠤᠰᠬᠠᠢ ᠳᠠᠭᠠᠳᠬᠠᠯ ᠤᠨ ᠲᠤᠷᠰᠢᠯᠲᠠ ᠶᠢᠨ ᠣᠷᠣᠨ ᠢ ᠪᠥᠬᠦ | ᠤᠯᠤᠰ ᠤᠨ ᠬᠡᠪᠴᠢᠶᠡᠨ ᠳᠤ ᠬᠦᠷᠲᠡᠯ᠎ᠡ ᠥᠷᠭᠡᠳᠬᠡᠵᠦ᠂ ᠤᠤᠯ ᠤᠨ 6 ᠲᠤᠷᠰᠢᠯᠲᠠ ᠶᠢᠨ ᠳᠠᠭᠠᠳᠬᠠᠯ ᠤᠨ | ᠺᠣᠮᠫᠠᠨᠢ ᠶᠢᠨ ᠰᠠᠭᠤᠷᠢᠨ ᠳᠡᠭᠡᠷ᠎ᠡ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠺᠣᠮᠫᠠᠨᠢ ᠶᠢᠨ ᠲᠤᠷᠰᠢᠯᠲᠠ ᠳᠤ | ᠣᠷᠣᠯᠴᠠᠬᠤ ᠶᠢ ᠵᠥᠪᠰᠢᠶᠡᠷᠡᠨ᠎ᠡ᠃ ᠬᠤᠳᠠᠯᠳᠤᠭᠠᠨ ᠤ ᠨᠠᠰᠤᠵᠢᠯ ᠤᠨ ᠠᠰᠠᠷᠠᠮᠵᠢ ᠶᠢᠨ ᠲᠤᠰᠬᠠᠢ ᠳᠠᠭᠠᠳᠬᠠᠯ | ᠭᠡᠳᠡᠭ ᠨᠢ ᠨᠠᠰᠤᠵᠢᠯ ᠤᠨ ᠪᠠᠲᠤᠯᠠᠭ᠎ᠠ ᠪᠠᠷ ᠵᠣᠷᠢᠯᠭ᠎ᠠ ᠪᠣᠯᠭᠠᠭᠰᠠᠨ᠂ ᠪᠦᠬᠦᠯᠢ 60 ᠨᠠᠰᠤ ᠵᠢᠴᠢ ᠲᠡᠭᠦᠨ ᠠᠴᠠ | ᠳᠡᠭᠡᠭᠰᠢᠬᠢ ᠨᠠᠰᠤ ᠵᠢᠯ ᠲᠠᠢ ᠬᠤᠪᠢ ᠬᠥᠮᠦᠨ ᠤ ᠨᠠᠰᠤᠵᠢᠯ ᠤᠨ ᠮᠥᠩᠭᠦ ᠶᠢᠨ ᠳᠠᠭᠠᠳᠬᠠᠯ ᠤᠨ ᠨᠡᠷᠡᠳᠬᠦᠨ ᠢ ᠵᠢᠭᠠᠵᠤ | ᠪᠤᠢ᠃ ᠦᠢᠯᠡᠳᠬᠦᠨ ᠨᠢ ᠬᠤᠷᠠᠮᠳᠤᠭᠤᠯᠬᠤ ᠬᠤᠭᠤᠴᠠᠭ᠎ᠠ ᠪᠠ ᠭᠠᠷᠭᠠᠨ ᠠᠪᠬᠤ ᠬᠤᠭᠤᠴᠠᠭ᠎ᠠ ᠭᠡᠵᠦ ᠬᠤᠶᠠᠷ ᠱᠠᠲᠤ | ᠬᠤᠪᠢᠶᠠᠵᠤ᠂ ᠭᠠᠷᠭᠠᠨ ᠠᠪᠬᠤ ᠬᠤᠭᠤᠴᠠᠭ᠎ᠠ ᠶᠢ 10 ᠵᠢᠯ ᠠᠴᠠ ᠣᠬᠤᠷ ᠪᠠᠶᠢᠯᠭᠠᠵᠤ ᠪᠣᠯᠬᠤ ᠥᠬᠡᠶ᠃ | 6. ︽ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠪᠤᠳᠤᠬᠤ ᠠᠷᠭ᠎ᠠ ᠶᠢᠨ | ᠲᠠᠨᠢᠯᠴᠠᠭᠤᠯᠭ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ᠬᠡᠷᠡᠭᠵᠢᠭᠦᠯᠵᠦ᠂ ︽ᠲᠣᠮᠣ ᠳ᠋ᠠᠶᠢᠲ᠋ᠠ ᠶᠢ ᠠᠰᠢᠭᠯᠠᠨ | ᠲᠠᠨᠢᠯ ᠢᠶᠠᠨ ᠵᠣᠯᠢᠬᠤ︾ ᠶᠢ ᠬᠤᠷᠢᠭᠯᠠᠵᠠᠢ | ᠵᠠᠷᠢᠮ ᠠᠵᠤ ᠠᠬᠤᠶᠢᠯᠠᠯ ᠤᠨ ᠬᠤᠪᠢ ᠬᠥᠮᠦᠨ ᠤ ᠮᠡᠳᠡᠭᠡ ᠵᠠᠩᠭᠢ ᠶᠢ ᠠᠰᠢᠭᠯᠠᠨ ᠲᠣᠮᠣ ᠳ᠋ᠠᠶᠢᠲ᠋ᠠ ᠪᠠᠷ | ᠳᠠᠮᠵᠢᠨ ︽ᠲᠠᠨᠢᠯ ᠢᠶᠠᠨ ᠵᠣᠯᠢᠵᠤ︾᠂ ᠠᠳᠠᠯᠢ ᠪᠤᠰᠤ ᠬᠠᠮᠲᠤ ᠨᠡᠶᠢᠲᠡ ᠳᠤ ᠵᠥᠷᠢᠶᠡᠲᠦ ᠦᠨ᠎ᠡ ᠲᠣᠭᠲᠠᠭᠠᠯᠲᠠ ᠬᠢᠵᠦ᠂ | ︽ᠦᠨ᠎ᠡ ᠬᠠᠩᠰᠢ ᠶᠢᠨ ᠭᠠᠳᠠᠭᠤᠷᠴᠢᠯᠠᠯ︾ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠴᠢᠭᠯᠡᠭᠦᠯᠦᠨ᠂ 3 ᠰᠠᠷ᠎ᠠ ᠶᠢᠨ | 1 ᠤ ᠡᠳᠦᠷ ᠠᠴᠠ ᠡᠬᠢᠯᠡᠨ ᠬᠡᠷᠡᠭᠵᠢᠭᠦᠯᠬᠦ ︽ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ | ᠪᠤᠳᠤᠬᠤ ᠠᠷᠭ᠎ᠠ ᠶᠢ ᠲᠠᠨᠢᠯᠴᠠᠭᠤᠯᠬᠤ ᠬᠠᠮᠢᠶᠠᠷᠤᠯᠲᠠ ᠶᠢᠨ ᠲᠣᠭᠲᠠᠭᠠᠯ︾ ᠳᠤ ᠲᠣᠳᠣᠷᠬᠠᠶ ᠲᠣᠭᠲᠠᠭᠠᠭᠰᠠᠨ ᠨᠢ᠄ | ᠪᠤᠳᠤᠬᠤ ᠠᠷᠭ᠎ᠠ ᠶᠢ ᠠᠰᠢᠭᠯᠠᠨ ᠦᠢᠯᠡᠴᠢᠯᠡᠭᠡ ᠬᠠᠩᠭᠠᠭᠴᠢ ᠠᠴᠠ ᠬᠡᠷᠡᠭᠯᠡᠭᠴᠢᠳ ᠲᠤ ᠲᠠᠸᠠᠷ ᠪᠣᠷᠣᠯᠠᠭᠤᠯᠬᠤ ᠪᠤᠶᠤ | ᠦᠢᠯᠡᠴᠢᠯᠡᠭᠡ ᠬᠠᠩᠭᠠᠬᠤ ᠳᠤ ᠭᠦᠷᠪᠡᠯ᠂ ᠬᠡᠷᠡᠭᠯᠡᠭᠴᠢᠳ ᠤᠨ ᠡᠷᠬᠡ ᠲᠡᠭᠰᠢ ᠪᠠᠷ ᠠᠷᠠᠯᠵᠢᠶᠠᠯᠠᠬᠤ ᠡᠷᠬᠡ ᠶᠢ ᠬᠠᠮᠠᠭᠠᠯᠠᠬᠤ | ᠬᠡᠷᠡᠭᠲᠡᠶ᠂ ᠬᠡᠷᠡᠭᠯᠡᠭᠴᠢᠳ ᠤᠨ ᠳᠤᠷᠠᠰᠢᠯ᠂ ᠠᠷᠠᠯᠵᠢᠶᠠᠨ ᠤ ᠳᠠᠳᠬᠠᠯ ᠵᠡᠷᠭᠡ ᠣᠨᠴᠠᠯᠢᠭ ᠢ ᠦᠨᠳᠦᠰᠦᠯᠡᠨ᠂ ᠪᠤᠳᠤᠬᠤ | ᠠᠷᠭ᠎ᠠ ᠶᠢ ᠠᠰᠢᠭᠯᠠᠨ ᠠᠷᠠᠯᠵᠢᠶᠠᠯᠠᠬᠤ ᠦᠨ᠎ᠡ ᠵᠡᠷᠭᠡ ᠠᠷᠠᠯᠵᠢᠶᠠᠯᠠᠬᠤ ᠨᠥᠬᠦᠴᠡᠯ ᠤᠨ ᠲᠠᠯ᠎ᠠ ᠪᠠᠷ ᠵᠦᠶ ᠵᠣᠬᠢᠰ ᠥᠬᠡᠶ | ᠵᠦᠷᠢᠶ᠎ᠡ ᠲᠠᠢ ᠬᠠᠨᠳᠤᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠡᠷᠡᠭᠵᠢᠭᠦᠯᠵᠦ ᠪᠣᠯᠬᠤ ᠥᠬᠡᠶ᠃ | | 7. ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠠᠤᠯᠢ ᠪᠤᠰᠤ ᠪᠠᠷ ᠬᠡᠷᠡᠭᠯᠡᠭᠰᠡᠨ ᠢ ᠢᠯᠡᠴᠢᠯᠡᠨ | ᠮᠡᠳᠡᠭᠦᠯᠪᠡᠯ ᠱᠠᠩᠨᠠᠯ ᠣᠯᠵᠤ ᠪᠣᠯᠤᠨ᠎ᠠ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠲᠡᠯᠡᠭᠰᠡᠨ ︽ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠢᠯᠡᠴᠢᠯᠡᠨ | ᠮᠡᠳᠡᠭᠦᠯᠦᠯᠲᠡ ᠶᠢ ᠰᠢᠢᠳᠪᠦᠷᠢᠯᠡᠬᠦ ᠲᠦᠷ ᠬᠡᠷᠡᠭᠵᠢᠭᠦᠯᠬᠦ ᠠᠷᠭ᠎ᠠ︾ ᠶᠢ 3 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠠᠷᠭ᠎ᠠ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠵᠥᠷᠢᠴᠡᠭᠰᠡᠨ ᠰᠡᠵᠢᠭᠯᠡᠯᠲᠡᠶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠨᠡᠶᠢᠭᠡᠮ ᠨᠡᠶᠢᠲᠡ ᠶᠢᠨ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠵᠣᠷᠢᠭᠵᠢᠭᠤᠯᠤᠨ᠎ᠠ | ᠭᠡᠵᠦ ᠲᠣᠳᠣᠷᠬᠠᠶ ᠲᠣᠭᠲᠠᠭᠠᠪᠠ᠃ ᠢᠯᠡᠴᠢᠯᠡᠨ ᠮᠡᠳᠡᠭᠦᠯᠦᠭᠴᠢ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠶ ᠪᠣᠳᠠᠲᠠᠶ ᠰᠦᠪᠡᠭᠴᠢ ᠶᠢ ᠬᠠᠩᠭᠠᠬᠤ ᠬᠡᠷᠡᠭᠲᠡᠶ᠃ ᠢᠯᠡᠴᠢᠯᠡᠨ | ᠮᠡᠳᠡᠭᠦᠯᠦᠭᠰᠡᠨ ᠨᠢ ᠱᠠᠩᠨᠠᠬᠤ ᠨᠥᠬᠦᠴᠡᠯ ᠳᠤ ᠨᠡᠶᠢᠴᠡᠪᠡᠯ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠲᠣᠭᠲᠠᠭᠠᠯ ᠶᠣᠰᠣᠭᠠᠷ ᠱᠠᠩᠨᠠᠨ᠎ᠠ᠃ |