ᠬᠥᠬᠡᠬᠤᠲᠠ ᠵᠠᠰᠠᠭ ᠲᠠᠷᠬᠠᠭᠠᠭᠰᠠᠨ | ︹2021︺ 22 ᠳ᠋ᠤᠭᠠᠷ ᠲᠣᠭᠠᠲᠤ | 2021 ᠣᠨ ᠤ 11 ᠳ᠋ᠦ᠋ᠭᠡᠷ ᠰᠠᠷ᠎ᠠ ᠶᠢᠨ 3 ᠤ ᠡᠳᠦᠷ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ | ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠣᠳᠣ ᠦᠶ᠎ᠡ ᠶᠢᠨ ᠲᠠᠷᠢᠶᠠᠯᠠᠩ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠮᠠᠨ ᠤ | ᠬᠤᠲᠠ ᠶᠢᠨ ᠣᠳᠣ ᠦᠶ᠎ᠡ ᠶᠢᠨ ᠲᠠᠷᠢᠶᠠᠯᠠᠩ ᠤᠨ ᠡᠷᠡᠭᠦᠯ ᠢᠶᠠᠷ ᠬᠥᠭᠵᠢᠬᠦ ᠶᠢ ᠲᠦᠷᠭᠡᠳᠬᠡᠵᠦ᠂ ᠣᠷᠣᠨ ᠤ ᠲᠥᠪ | ᠬᠤᠲᠠ ᠶᠢᠨ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠨᠡᠶᠢᠭᠡᠮ ᠤᠨ ᠲᠣᠭᠲᠠᠭᠤᠨ ᠢ ᠪᠡᠶᠡᠯᠡᠭᠦᠯᠬᠦ ᠶᠢᠨ | ᠲᠤᠰᠠᠳᠠ᠂ ᠡᠳᠦᠭᠡ ᠮᠠᠨ ᠤ ᠬᠤᠲᠠ ᠶᠢᠨ ᠲᠠᠷᠢᠮᠠᠯ ᠤᠨ ᠲᠥᠷᠥᠯ ᠤᠨ ᠪᠡᠯᠡᠳᠭᠡᠮᠵᠢᠳᠤ ᠲᠠᠷᠢᠶᠠᠯᠠᠩ ᠤᠨ | ᠬᠥᠭᠵᠢᠯᠲᠡ ᠶᠢ ᠲᠦᠷᠭᠡᠳᠬᠡᠬᠦ ᠲᠤᠬᠠᠶ ᠳᠣᠣᠷᠠᠬᠢ ᠮᠡᠲᠦ ᠰᠠᠨᠠᠯ ᠢ ᠳᠤᠷᠠᠳᠤᠶ᠎ᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠴᠢᠨᠠᠷ ᠰᠠᠶᠢᠲᠠᠶ | ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠬᠤ ᠪᠠ ᠲᠠᠷᠢᠶᠠᠯᠠᠩ ᠤᠨ ᠦᠨᠳᠦᠰᠦᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠬᠤ ᠪᠠᠷ ᠳᠠᠮᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠶᠠᠰᠤ ᠴᠢᠨᠠᠷ᠂ ᠲᠥᠷᠥᠯ | ᠲᠡᠮᠳᠡᠭᠲᠦ ᠶᠢᠨ ᠲᠤᠯᠭᠠᠭᠤᠷᠢᠯᠠᠬᠤ ᠰᠢᠰᠲ᠋ᠧᠮᠵᠢ ᠶᠢ ᠴᠢᠩᠭᠠᠳᠬᠠᠵᠤ᠂ ᠣᠷᠣᠨ ᠤ ᠲᠥᠪ ᠬᠤᠲᠠ ᠶᠢᠨ ᠢᠳᠡᠰᠢᠨ | ᠨᠣᠭᠤᠭ᠎ᠠ ᠪᠠᠷ ᠭᠤᠤᠯ ᠪᠣᠯᠭᠠᠭᠰᠠᠨ ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ | ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠣᠷᠣᠨ ᠤ ᠪᠡᠯᠡᠳᠬᠡᠮᠵᠢᠲᠦ ᠲᠠᠷᠢᠶᠠᠯᠠᠩ ᠤᠨ | ᠪᠣᠬᠢᠷᠲᠤᠯ ᠥᠬᠡᠶ ᠬᠥᠭᠵᠢᠯᠲᠡ ᠶᠢᠨ ᠥᠯᠢᠭᠡᠷ ᠳᠠᠭᠤᠷᠢᠶᠠᠯ ᠢ ᠡᠭᠦᠳᠴᠦ᠂ ᠣᠷᠣᠨ ᠤ ᠲᠥᠪ ᠬᠤᠲᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠠᠮᠢ ᠠᠬᠤᠶ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠵᠢᠷᠤᠮᠯᠠᠨ᠂ ᠠᠮᠢ | ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠪᠠᠷ ᠶᠡᠷᠦᠩᠬᠡᠢ | ᠱᠠᠭᠠᠷᠳᠠᠯᠭ᠎ᠠ ᠪᠣᠯᠭᠠᠵᠤ᠂ ᠪᠡᠯᠡᠳᠬᠡᠮᠵᠢᠲᠦ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠶᠡᠬᠡᠪᠡᠷ | ᠠᠬᠢᠭᠤᠯᠵᠤ᠂ ᠭᠠᠵᠠᠷ ᠰᠢᠷᠣᠢ᠂ ᠤᠰᠤᠨ ᠤ ᠡᠬᠢ ᠪᠠᠶᠠᠯᠢᠭ ᠵᠡᠷᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠪᠣᠯᠤᠨ | ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠵᠦ᠂ ᠪᠦᠬᠦ ᠬᠤᠳᠠ ᠶᠢᠨ ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ | ᠪᠡᠶᠡᠯᠡᠭᠦᠯᠦᠨ᠎ᠡ᠃ | ︵ᠬᠤᠶᠠᠷ︶ ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠵᠠᠰᠠᠭ ᠤᠨ ᠣᠷᠳᠣᠨ ᠠᠴᠠ ᠬᠥᠲᠥᠯᠦᠨ | ᠵᠢᠯᠣᠭᠤᠳᠬᠤ ᠶᠢ ᠪᠠᠷᠢᠮᠲᠠᠯᠠᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠡᠬᠢ | ᠪᠠᠶᠠᠯᠢᠭ ᠢ ᠲᠣᠬᠢᠷᠠᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠲᠠᠯ᠎ᠠ ᠪᠠᠷ ᠬᠢ ᠵᠠᠰᠠᠭ ᠤᠨ ᠣᠷᠳᠣᠨ ᠤ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠶᠢᠨ ᠢᠳᠡᠪᠬᠢᠵᠢᠯ ᠪᠠ | ᠪᠦᠲᠦᠭᠡᠯᠴᠢ ᠴᠢᠨᠠᠷ ᠢ ᠳᠠᠶᠢᠴᠢᠯᠠᠨ᠂ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ | ᠬᠠᠩᠰᠢ ᠶᠡᠷᠦᠩᠬᠡᠶ ᠳᠡᠭᠡᠨ ᠵᠦᠶ ᠵᠣᠬᠢᠰᠲᠠᠶ ᠬᠢᠷᠢ ᠲᠥᠪᠰᠢᠨ ᠳᠤ ᠪᠠᠶᠢᠬᠤ ᠶᠢ ᠪᠠᠲᠤᠯᠠᠨ᠎ᠠ᠃ | ︵ᠭᠤᠷᠪᠠ︶ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠵᠣᠬᠢᠴᠠᠩᠭᠤᠶ ᠪᠠᠷ ᠬᠥᠭᠵᠢᠭᠦᠯᠬᠦ ᠶᠢ | ᠪᠠᠷᠢᠮᠲᠠᠯᠠᠨ᠎ᠠ᠃ ᠡᠯ᠎ᠡ ᠭᠠᠵᠠᠷ ᠣᠷᠣᠨ ᠤ ᠡᠬᠢ ᠪᠠᠶᠠᠯᠢᠭ ᠤᠨ ᠨᠥᠬᠦᠴᠡᠯ ᠪᠠ ᠦᠢᠯᠡᠳᠪᠦᠷᠢᠯᠡᠯ ᠤᠨ ᠰᠠᠭᠤᠷᠢ ᠶᠢ | ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠪᠡᠯᠡᠳᠭᠡᠮᠵᠢᠳᠤ ᠲᠠᠷᠢᠶᠠᠯᠠᠩ ᠢ | ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠪᠠᠶᠢᠷᠢᠯᠠᠭᠤᠯᠤᠨ᠎ᠠ᠃ ᠵᠣᠬᠢᠰᠲᠠᠶ ᠬᠡᠪᠴᠢᠶᠡᠲᠦ ᠡᠵᠡᠩᠨᠡᠯᠲᠡ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠡᠪᠴᠢᠶᠡᠲᠦ ᠦᠷ᠎ᠡ ᠠᠰᠢᠭ ᠢ ᠪᠡᠶᠡᠯᠡᠭᠦᠯᠦᠨ᠎ᠡ᠃ ᠠᠵᠤ ᠦᠢᠯᠡᠰ ᠤᠨ | ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ | ᠬᠤᠭᠤᠷᠣᠨᠳᠣᠬᠢ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠲᠠᠷᠢᠶᠠᠴᠢᠳ ᠢ | ᠲᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ᠎ᠡ᠃ | ︵ᠳᠥᠷᠪᠡ︶ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ᠂ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠨ᠎ᠠ᠃ ᠣᠷᠣᠨ ᠤ ᠲᠥᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ | ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ ᠶᠢ | ᠣᠷᠣᠭᠤᠯᠤᠨ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠪᠠᠷᠢᠮᠵᠢᠶᠠᠵᠢᠭᠰᠠᠨ᠂ ᠠᠵᠤ | ᠦᠢᠯᠡᠰᠵᠢᠭᠰᠡᠨ ᠬᠥᠭᠵᠢᠯᠲᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠦᠢᠲᠡᠨ ᠬᠡᠯᠬᠢᠶᠡᠨ ᠤ | ᠪᠠᠷᠠᠭᠠᠨ ᠤ ᠭᠦᠢᠯᠭᠡᠭᠡ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠤᠨ ᠬᠥᠭᠵᠢᠯᠲᠡ ᠶᠢ | ᠴᠢᠩᠭᠠᠳᠬᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃ | ᠶᠠᠰᠤ ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠪᠠ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠶᠠᠰᠤ ᠴᠢᠨᠠᠷ ᠦᠷ᠎ᠡ ᠠᠰᠢᠭ ᠪᠠ | ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠰᠠᠭᠤᠷᠢᠨ ᠭᠠᠵᠠᠷ ᠤᠨ ᠦᠢᠯᠡᠳᠪᠦᠷᠢᠯᠡᠯ ᠢ ᠬᠡᠪᠴᠢᠶᠡᠵᠢᠭᠦᠯᠬᠦ᠂ | ᠲᠣᠨᠤᠭ ᠲᠥᠬᠦᠭᠡᠷᠦᠮᠵᠢ ᠶᠢᠨ ᠮᠡᠷᠭᠡᠵᠢᠯ ᠢ ᠲᠥᠪᠯᠡᠷᠡᠭᠦᠯᠬᠦ᠂ ᠪᠡᠯᠡᠳᠬᠡᠮᠵᠢ ᠶᠢᠨ ᠲᠥᠷᠥᠯ ᠵᠦᠢᠯ ᠢ ᠲᠤᠰᠬᠠᠶ ᠬᠡᠷᠡᠭᠯᠡᠬᠦ᠂ | ᠪᠦᠷᠬᠦᠪᠴᠢ ᠮᠠᠲ᠋ᠧᠷᠢᠶᠠᠯ ᠢ ᠣᠯᠠᠨ ᠶᠠᠩᠵᠤ ᠶᠢᠨ ᠪᠣᠯᠭᠠᠬᠤ ᠵᠢᠴᠢ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠡᠵᠡᠮᠳᠡᠵᠦ ᠪᠣᠬᠢᠷᠲᠤᠯ ᠥᠬᠡᠶ ᠪᠣᠯᠭᠠᠬᠤ ᠪᠠᠶᠢᠳᠠᠯ ᠢ ᠪᠣᠶ ᠪᠣᠯᠭᠠᠨ᠎ᠠ᠃ | ᠭᠤᠷᠪᠠ᠂ ᠬᠥᠭᠵᠢᠯᠲᠡ ᠶᠢᠨ ᠬᠠᠷᠠᠯᠲᠠ | ︵ᠨᠢᠭᠡ︶ ᠪᠡᠯᠡᠳᠭᠡᠮᠵᠢᠳᠤ ᠲᠠᠷᠢᠶᠠᠯᠠᠩ ᠤᠨ ᠬᠡᠪᠴᠢᠶ᠎ᠡ ᠢᠯᠡᠳᠲᠡ ᠥᠷᠭᠡᠵᠢᠨ᠎ᠡ᠃ ᠣᠳᠣᠬᠠᠨ ᠤ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠴᠡᠪᠡᠷ ᠲᠠᠯᠠᠪᠠᠶ 1.6 ᠲᠦᠮᠡᠨ ᠮᠥ ᠶᠢᠨ ᠰᠠᠭᠤᠷᠢᠨ | ᠳᠡᠭᠡᠷ᠎ᠡ᠂ 2022 — 2025 ᠣᠨ ᠳᠤ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ | ᠴᠡᠪᠡᠷ ᠲᠠᠯᠠᠪᠠᠶ ᠶᠢ ᠵᠢᠯ ᠪᠦᠷᠢ 1000 ᠮᠥ ᠰᠢᠨ᠎ᠡ ᠪᠠᠷ ᠨᠡᠮᠡᠭᠳᠡᠭᠦᠯᠦᠨ᠎ᠡ᠃ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ ᠪᠥᠬᠦ ᠬᠤᠲᠠ ᠶᠢᠨ ᠪᠡᠯᠡᠳᠭᠡᠮᠵᠢᠳᠤ | ᠢᠳᠡᠰᠢᠨ ᠨᠣᠭᠤᠭ᠎ᠠ ᠶᠢᠨ ᠳᠠᠷᠢᠬᠤ ᠲᠠᠯᠠᠪᠠᠶ ᠶᠢ 5 ᠲᠦᠮᠡᠨ ᠮᠥ ︵ᠦᠢᠯᠡᠳᠪᠦᠷᠢᠯᠡᠯ ᠤᠨ ᠴᠡᠪᠡᠷ ᠲᠠᠯᠠᠪᠠᠶ ᠶᠢ 2 | ᠲᠦᠮᠡᠨ ᠮᠥ᠂ ᠣᠯᠠᠨ ᠤᠳᠠᠭ᠎ᠠ ᠳᠠᠷᠢᠬᠤ ᠲᠠᠯᠠᠪᠠᠢ ᠶᠢ 5 ᠲᠦᠮᠡᠨ ᠮᠥ ᠪᠠᠷ ᠪᠣᠳᠣᠯᠬᠢᠯᠠᠨ᠎ᠠ︶ ᠬᠦᠷᠴᠦ᠂ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠭᠠᠷᠤᠯᠲᠠ 30 ᠲᠦᠮᠡᠨ ᠲᠣᠨ ᠢ ᠳᠠᠪᠠᠵᠤ᠂ ᠡᠪᠦᠯ ᠬᠠᠪᠤᠷ ᠤᠨ | ᠤᠯᠠᠷᠢᠯ ᠤᠨ ᠣᠷᠣᠨ ᠨᠤᠲᠤᠭ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ 2022 — 2025 ᠣᠨ ᠳᠤ ᠪᠡᠯᠡᠳᠭᠡᠮᠵᠢᠳᠤ ᠭᠤᠸ᠎ᠠ ᠵᠢᠮᠢᠰ᠂ ᠬᠤᠸᠠᠷ | ᠴᠡᠴᠡᠭ ᠳᠠᠷᠢᠬᠤ ᠲᠠᠯᠠᠪᠠᠶ ᠶᠢ ᠵᠢᠯ ᠪᠦᠷᠢ 500 ᠮᠥ ᠰᠢᠨ᠎ᠡ ᠪᠠᠷ ᠨᠡᠮᠡᠭᠳᠡᠭᠦᠯᠵᠦ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠰᠡᠭᠦᠯᠴᠢ ᠪᠣᠯᠬᠤ ᠳᠤ ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ | ᠵᠡᠷᠭᠡ ᠶᠢᠨ ᠳᠠᠷᠢᠬᠤ ᠲᠠᠯᠠᠪᠠᠶ 8000 ᠮᠥ ᠶᠢ ᠳᠠᠪᠠᠨ᠎ᠠ᠃ ᠪᠥᠬᠦ ᠬᠤᠲᠠ ᠳᠤ ᠡᠷᠴᠢᠮᠵᠢᠭᠦᠯᠦᠭᠰᠡᠨ ᠴᠢᠬᠢ | ᠪᠤᠶᠢᠵᠢᠭᠤᠯᠬᠤ ᠰᠠᠭᠤᠷᠢᠨ ᠭᠠᠵᠠᠷ ᠢ 3 ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠴᠢᠬᠢ ᠪᠤᠶᠢᠵᠢᠭᠤᠯᠬᠤ ᠴᠢᠳᠠᠪᠤᠷᠢ | 1.5 ᠳ᠋ᠦᠩᠰᠢᠭᠤᠷ ᠰᠠᠭᠤᠷᠢ ᠶᠢ ᠳᠠᠪᠠᠨ᠎ᠠ᠃ | ︵ᠬᠤᠶᠠᠷ︶ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢᠯᠡᠳᠲᠡ | ᠴᠢᠩᠭᠠᠷᠠᠨ᠎ᠠ᠃ 2025 ᠣᠨ ᠳᠤ᠂ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠬᠦ ᠴᠢᠳᠠᠪᠤᠷᠢ 1 ᠲᠦᠮᠡᠨ ᠲᠣᠨ ᠳᠤ ᠬᠦᠷᠴᠦ᠂ 2020 ᠣᠨ ᠤ ᠬᠢ ᠠᠴᠠ 50% ᠠᠴᠠ ᠳᠡᠭᠡᠭᠰᠢ | ᠨᠡᠮᠡᠭᠳᠡᠨ᠎ᠡ︔ ᠢᠳᠡᠰᠢᠨ ᠨᠣᠭᠤᠭ᠎ᠠ᠂ ᠵᠢᠮᠢᠰ ᠢ ᠰᠢᠨ᠎ᠡ ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ 2. | 5 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ︔ ᠪᠡᠯᠡᠳᠭᠡᠮᠵᠢᠳᠤ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠢ | 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ ᠬᠤᠲᠠ ᠶᠢᠨ ᠳᠥᠷᠪᠡᠨ ᠲᠣᠭᠤᠷᠢᠭ ᠴᠥᠮ ᠦᠢᠯᠡᠳᠪᠦᠷᠢᠯᠡᠬᠦ᠂ | ᠰᠡᠯᠡᠭᠦᠴᠡᠬᠦ᠂ ᠲᠣᠭᠤᠷᠢᠨ ᠦᠵᠡᠬᠦ ᠶᠢ ᠨᠢᠭᠡ ᠴᠣᠭᠴᠠᠵᠢᠭᠤᠯᠤᠭᠰᠠᠨ ᠪᠡᠯᠡᠳᠭᠡᠮᠵᠢᠳᠤ ᠲᠠᠷᠢᠶᠠᠯᠠᠩ ᠤᠨ | ᠶᠡᠷᠦᠩᠬᠡᠶᠢᠯᠡᠭᠰᠡᠨ ᠴᠣᠭᠴᠠ ᠶᠢ ᠵᠢᠯ ᠪᠦᠷᠢ 2 ᠪᠠᠶᠢᠭᠤᠯᠤᠨ᠎ᠠ︔ 5 ᠲᠠᠷᠢᠶᠠᠯᠠᠩ ᠤᠨ ᠬᠤᠰᠢᠭᠤ ᠰᠢᠶᠠᠨ ᠴᠥᠮ | ᠦᠢᠯᠡᠳᠪᠦᠷᠢᠯᠡᠬᠦ᠂ ᠰᠡᠯᠡᠭᠦᠴᠡᠬᠦ᠂ ᠲᠣᠭᠤᠷᠢᠨ ᠦᠵᠡᠬᠦ ᠶᠢ ᠨᠢᠭᠡ ᠴᠣᠠᠠᠴᠠᠵᠢᠭᠤᠯᠥᠠᠠᠰᠠᠨ ᠪᠡᠯᠡᠳᠭᠡᠮᠵᠢᠳᠤ | ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢ ᠵᠢᠯ ᠪᠦᠷᠢ 1 ᠪᠠᠶᠢᠭᠤᠯᠤᠨ᠎ᠠ︔ ᠪᠥᠬᠦ ᠬᠤᠲᠠ ᠶᠢᠨ ᠬᠤᠲᠠ ᠶᠢᠨ | ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠵᠢᠯ ᠤᠨ ᠭᠥᠯᠢᠶᠡᠨ ᠠᠪᠬᠤ ᠬᠥᠮᠦᠨ ᠤ ᠲᠤᠭ᠎ᠠ 150 ᠲᠦᠮᠡᠨ ᠬᠥᠮᠦᠨ | ᠤᠳᠠᠭ᠎ᠠ ᠶᠢ ᠳᠠᠪᠠᠵᠤ᠂ ᠡᠵᠡᠩᠨᠡᠯᠲᠡ ᠶᠢᠨ ᠣᠷᠣᠯᠭ᠎ᠠ 5 ᠳ᠋ᠦᠩᠰᠢᠭᠤᠷ ᠲᠥᠭᠦᠷᠢᠭ ᠲᠤ ᠬᠦᠷᠦᠨ᠎ᠡ᠃ | ︵ᠭᠤᠷᠪᠠ︶ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢᠨ ᠬᠢᠷᠢ ᠲᠦᠪᠰᠢᠨ | ᠢᠯᠡᠳᠲᠡ ᠳᠡᠭᠡᠭᠰᠢᠯᠡᠨ᠎ᠡ᠃ 2025 ᠣᠨ ᠪᠣᠯᠬᠤ ᠳᠤ ᠪᠥᠬᠦ ᠬᠤᠲᠠ ᠶᠢᠨ ᠬᠡᠪᠴᠢᠶᠡᠵᠢᠭᠰᠡᠨ ᠪᠡᠯᠡᠳᠭᠡᠮᠵᠢᠳᠤ | ᠲᠠᠷᠢᠶᠠᠯᠠᠩ ᠤᠨ ᠦᠢᠯᠡᠳᠪᠦᠷᠢᠯᠡᠯ ᠦᠨᠳᠦᠰᠦᠨ ᠳᠡᠭᠡᠨ ᠪᠠᠷᠢᠮᠵᠢᠶᠠᠵᠢᠵᠤ᠂ ᠪᠡᠯᠡᠳᠭᠡᠮᠵᠢᠳᠤ ᠲᠠᠷᠢᠶᠠᠯᠠᠩ ᠤᠨ ᠬᠥᠲᠥᠴᠢ | ᠠᠵᠤ ᠠᠬᠤᠶᠢᠯᠠᠯ ᠨᠡᠶᠢᠳᠡᠮ ᠳᠡᠭᠡᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢ ᠣᠯᠵᠤ᠂ | ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ | ᠲᠦᠪᠰᠢᠨ 98% ᠠᠴᠠ ᠳᠡᠭᠡᠭᠰᠢ ᠳᠤ ᠲᠣᠭᠲᠠᠪᠤᠷᠢᠵᠢᠨᠠ᠃ | ︵ᠳᠥᠷᠪᠡ︶ ᠪᠣᠬᠢᠷᠲᠤᠯ ᠥᠬᠡᠶ ᠦᠢᠯᠡᠳᠪᠦᠷᠢᠯᠡᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠨ᠎ᠡ᠃ | 2025 ᠣᠨ ᠪᠣᠯᠬᠤ ᠳᠤ᠂ ᠪᠥᠬᠦ ᠬᠤᠲᠠ ᠶᠢᠨ ᠪᠡᠯᠡᠳᠬᠡᠮᠵᠢᠲᠦ ᠲᠠᠷᠢᠶᠠᠯᠠᠩ ᠤᠨ ᠬᠢᠮᠢ ᠶᠢᠨ ᠲᠠᠷᠢᠶᠠᠨ ᠡᠮ ᠢ | ᠬᠡᠷᠡᠭᠯᠡᠬᠦ ᠬᠡᠮᠵᠢᠶ᠎ᠡ 2020 ᠣᠨ ᠤ ᠬᠢ ᠠᠴᠠ 18% ᠪᠠᠷ ᠪᠠᠭᠠᠰᠤᠨ᠎ᠠ︔ ᠬᠢᠮᠢ ᠶᠢᠨ ᠪᠤᠷᠳᠤᠭᠤᠷ ᠬᠡᠷᠡᠭᠯᠡᠬᠦ | ᠬᠡᠮᠵᠢᠶ᠎ᠡ 2020 ᠣᠨ ᠤ ᠬᠢ ᠠᠴᠠ 18% ᠠᠴᠠ ᠢᠯᠡᠭᠦᠦ ᠪᠠᠭᠠᠰᠤᠨ᠎ᠠ︔ ᠪᠡᠯᠡᠳᠭᠡᠮᠵᠢᠳᠤ ᠲᠠᠷᠢᠶᠠᠯᠠᠩ ᠤᠨ | ᠤᠰᠤ ᠠᠷᠪᠢᠯᠠᠬᠤ ᠤᠰᠤᠯᠠᠯᠲᠠ ᠪᠠ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠤᠨ ᠬᠠᠶᠠᠭᠳᠠᠮᠠᠯ ᠪᠣᠳᠠᠰ ᠢ | ᠡᠭᠡᠭᠦᠯᠦᠨ ᠬᠤᠷᠢᠶᠠᠵᠤ ᠠᠰᠢᠭᠯᠠᠬᠤ ᠠᠰᠢᠭᠯᠠᠮᠵᠢ ᠢᠯᠡᠳᠲᠡ ᠳᠡᠭᠡᠭᠰᠢᠯᠡᠵᠦ᠂ ᠠᠮᠢ ᠠᠬᠤᠶ ᠶᠢᠨ ᠦᠷ᠎ᠡ ᠠᠰᠢᠭ᠂ | ᠨᠡᠶᠢᠭᠡᠮ ᠤᠨ ᠦᠷ᠎ᠡ ᠠᠰᠢᠭ ᠢᠯᠡᠳᠲᠡ ᠪᠣᠯᠣᠨ᠎ᠠ᠃ | ᠳᠥᠷᠪᠡ᠂ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ | ︵ᠨᠢᠭᠡ︶ ᠣᠲᠣ ᠦᠶ᠎ᠡ ᠶᠢᠨ ᠬᠤᠲᠠ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠪᠠᠶᠢᠷᠢᠰᠢᠭᠤᠯᠤᠯᠲᠠ᠃ | ︽ᠨᠢᠭᠡ ᠭᠤᠣᠯ᠂ ᠲᠠᠪᠤᠨ ᠴᠠᠭᠠᠷᠢᠭ᠂ ᠳᠥᠷᠪᠡᠨ ᠪᠦᠰᠡ︾ ᠶᠢᠨ ᠣᠲᠣ ᠦᠶ᠎ᠡ ᠶᠢᠨ ᠬᠤᠲᠠ ᠶᠢᠨ ᠰᠡᠯᠡᠭᠦᠴᠡᠯ | ᠵᠤᠭᠠᠴᠠᠯ ᠤᠨ ᠲᠠᠷᠢᠶᠠᠯᠠᠩ ᠢ ᠪᠠᠶᠢᠭᠤᠯᠤᠨ᠎ᠠ᠃ ᠣᠶᠢᠷ᠎ᠠ ᠲᠡᠭᠦᠷᠭᠡ ᠶᠢᠨ ᠭᠤᠤᠯᠳᠠᠯᠭ᠎ᠠ ᠲᠠᠢ ᠪᠡᠯᠡᠳᠭᠡᠮᠵᠢᠳᠤ | ᠲᠠᠷᠢᠶᠠᠯᠠᠩ ᠢᠶᠠᠷ ᠲᠦᠰᠢᠭ ᠪᠣᠯᠭᠠᠵᠤ᠂ ᠬᠤᠲᠠ ᠶᠢᠨ ᠭᠤᠣᠯ ᠲᠣᠭᠤᠷᠢᠭ ᠢ ᠲᠣᠭᠤᠷᠢᠭᠰᠠᠨ 20 ᠺᠢᠯᠣᠮᠧᠳ᠋ᠷ ᠤᠨ | ᠷᠠᠳᠢᠦ᠋ᠰ ᠤᠨ ᠳᠣᠲᠣᠷ᠎ᠠ᠂ ᠬᠤᠲᠠ ᠶᠢᠨ ᠭᠤᠣᠯ ᠲᠣᠭᠤᠷᠢᠭ ᠲᠤ ᠬᠠᠨᠳᠤᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ | ᠬᠤᠲᠠ ᠶᠢᠨ ᠣᠲᠣ ᠦᠶ᠎ᠡ ᠶᠢᠨ ᠰᠡᠯᠡᠭᠦᠴᠡᠯ ᠵᠤᠭᠠᠴᠠᠯ ᠤᠨ ᠲᠠᠷᠢᠶᠠᠯᠠᠩ ᠤᠨ ᠠᠵᠤ ᠦᠢᠯᠡᠰ ᠤᠨ ᠭᠤᠤᠯ ᠴᠠᠭᠠᠷᠢᠭ ᠢ | ᠪᠣᠶ ᠪᠣᠯᠭᠠᠨ᠎ᠠ︔ ᠲᠠᠷᠢᠶᠠᠯᠠᠩ ᠤᠨ ᠬᠤᠰᠢᠭᠤ ᠰᠢᠶᠠᠨ ᠤ ᠪᠠᠶᠢᠷᠢᠯᠠᠭ᠎ᠠ ᠬᠤᠲᠠ ᠪᠠᠷ ᠲᠥᠪ ᠪᠣᠯᠭᠠᠵᠤ᠂ 10 | ᠺᠢᠯᠤᠮᠧᠲᠷ ᠢᠶᠠᠷ ᠷᠠᠳᠢᠦ᠋ᠰ ᠪᠣᠯᠭᠠᠨ᠂ ᠬᠤᠰᠢᠭᠤ ᠰᠢᠶᠠᠨ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ | ᠬᠡᠷᠡᠭᠯᠡᠭᠡ ᠳᠤ ᠦᠢᠯᠡᠴᠢᠯᠡᠬᠦ ᠪᠠᠷ ᠭᠤᠤᠯ ᠪᠣᠯᠭᠠᠵᠤ᠂ ᠲᠠᠪᠤᠨ ᠲᠠᠷᠢᠶᠠᠯᠠᠩ ᠤᠨ ᠬᠤᠰᠢᠭᠤ ᠰᠢᠶᠠᠨ ᠤ ᠪᠠᠶᠢᠷᠢᠯᠠᠭ᠎ᠠ | ᠬᠤᠲᠠ ᠶᠢ ᠬᠦᠷᠢᠶᠡᠯᠡᠭᠰᠡᠨ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠤᠨ ᠲᠠᠪᠤᠨ ᠴᠠᠭᠠᠷᠢᠭ ᠢ ᠪᠣᠶ ᠪᠣᠯᠭᠠᠨ᠎ᠠ︔ | ᠣᠷᠣᠨ ᠤ ᠲᠥᠪ ᠬᠤᠲᠠ ᠶᠢᠨ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠬᠦᠷᠥᠮ ᠨᠤᠲᠤᠭ | ᠪᠡᠯᠴᠢᠭᠡᠷ ᠵᠡᠷᠭᠡ ᠡᠬᠢ ᠪᠠᠶᠠᠯᠢᠭ ᠤᠨ ᠨᠥᠬᠦᠴᠡᠯ ᠳᠤ ᠲᠦᠰᠢᠭᠯᠡᠨ᠂ ᠣᠲᠣ ᠶᠢᠨ ᠪᠠᠶᠢᠭ᠎ᠠ ᠪᠡᠯᠡᠳᠭᠡᠮᠵᠢᠳᠤ | ᠲᠠᠷᠢᠶᠠᠯᠠᠩ ᠢᠶᠠᠷ ᠰᠠᠭᠤᠷᠢ ᠪᠣᠯᠭᠠᠵᠤ᠂ ᠳᠠᠯᠠᠨ ᠬᠠᠷ᠎ᠠ ᠠᠭᠤᠯᠠ ᠳᠠᠭᠠᠤ ᠪᠠᠷ ᠭᠤᠤᠯ ᠣᠷᠣᠨ ᠪᠦᠰᠡ ᠪᠣᠯᠭᠠᠨ | ᠠᠭᠤᠯᠠ ᠳᠠᠭᠠᠤ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠦᠰᠡ ᠶᠢ ᠪᠠᠶᠢᠭᠤᠯᠤᠨ᠎ᠠ︔ ᠬᠠᠲᠤᠨ | ᠭᠤᠤᠯ ᠳᠠᠭᠠᠤ ᠪᠠᠷ ᠭᠤᠤᠯ ᠣᠷᠣᠨ ᠪᠦᠰᠡ ᠪᠣᠯᠭᠠᠵᠤ ᠭᠤᠤᠯ ᠳᠠᠭᠠᠤ ᠶᠢᠨ ᠣᠲᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠪᠦᠰᠡ ᠶᠢ ᠪᠠᠶᠢᠭᠤᠯᠤᠨ᠎ᠠ︔ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠪᠣᠯᠤᠨ ᠡᠦ ᠢ | ᠤᠰᠤᠨ ᠴᠥᠭᠦᠷᠥᠮ᠂ ᠰᠢᠨ᠎ᠡ ᠬᠤᠲᠠ ᠲᠣᠭᠤᠷᠢᠭ ᠤᠨ ᠬᠠᠷᠠᠴᠢᠨ ᠤᠰᠤᠨ ᠴᠥᠭᠦᠷᠥᠮ᠂ ᠬᠤᠷᠢᠨᠭᠡᠷ ᠰᠢᠶᠠᠨ ᠤ | ᠴᠢᠯᠠᠭᠤᠨ ᠬᠤᠰᠢᠭᠤ ᠤᠰᠤᠨ ᠴᠥᠭᠦᠷᠥᠮ᠂ ᠴᠢᠩ ᠱᠦᠢ ᠾᠧ ᠰᠢᠶᠠᠨ ᠤ ᠳ᠋ᠠᠩ ᠶᠠᠩ ᠴᠢᠶᠣᠤ ᠤᠰᠤᠨ ᠴᠥᠭᠦᠷᠥᠮ᠂ | ᠲᠣᠭᠲᠠᠬᠤ ᠰᠢᠶᠠᠨ ᠤ ᠡᠮᠦᠨ᠎ᠡ ᠨᠠᠭᠤᠷ ᠵᠡᠷᠭᠡ ᠣᠷᠣᠨ ᠪᠦᠰᠡ ᠪᠠᠷ ᠲᠦᠰᠢᠭ ᠪᠣᠯᠭᠠᠨ ᠴᠥᠬᠦᠷᠦᠮ ᠳᠠᠭᠠᠤ ᠶᠢᠨ | ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠪᠦᠰᠡ ᠶᠢ ᠪᠠᠶᠢᠭᠤᠯᠤᠨ᠎ᠠ︔ ᠬᠥᠬᠡᠬᠤᠲᠠ ᠪᠤᠭᠤᠲᠤ᠂ | ᠬᠥᠬᠡᠬᠤᠲᠠ ᠵᠡᠭᠦᠨᠭᠠᠷ᠂ ᠬᠥᠬᠡᠬᠤᠲᠠ ᠱᠦᠸᠧᠵᠸᠦ ᠶᠢᠨ ᠲᠦᠷᠭᠡᠨ ᠤ ᠵᠠᠮ᠂ 110᠂ 209 ᠤᠯᠤᠰ ᠤᠨ ᠵᠠᠮ ᠂ | 102᠂ 103᠂ 104 ᠮᠤᠵᠢ ᠶᠢᠨ ᠵᠠᠮ᠂ ᠠᠮᠢ ᠠᠬᠤᠶ ᠶᠢᠨ ᠵᠠᠮ᠂ ᠲᠦᠮᠡᠳ ᠤᠨ ᠲᠠᠯ᠎ᠠ ᠵᠠᠮ᠂ ᠶᠢᠨ ᠱᠧᠩ ᠵᠠᠮ | ᠵᠡᠷᠭᠡ ᠵᠠᠮ ᠳᠠᠭᠠᠤ ᠪᠠᠷ ᠲᠦᠰᠢᠭ ᠪᠣᠯᠭᠠᠨ ᠵᠠᠮ ᠳᠠᠭᠠᠤ ᠶᠢᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠪᠦᠰᠡ ᠶᠢ ᠪᠠᠶᠢᠭᠤᠯᠤᠨ᠎ᠠ᠃ ᠲᠥᠪ ᠢ ᠲᠣᠭᠤᠷᠢᠭᠰᠠᠨ᠂ ᠬᠠᠷᠢᠯᠴᠠᠨ ᠬᠤᠯᠪᠣᠯᠳᠤᠭᠰᠠᠨ᠂ ᠪᠦᠰᠡ ᠬᠡᠯᠪᠡᠷᠢ ᠪᠠᠷ | ᠳᠡᠯᠭᠡᠭᠳᠡᠭᠰᠡᠨ ᠶᠡᠭᠡ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠶᠡᠷᠦᠩᠬᠡᠢ ᠬᠥᠭᠵᠢᠯᠲᠡ ᠶᠢᠨ ᠪᠠᠶᠢᠷᠢᠰᠢᠯ ᠢ | ᠪᠤᠢ ᠪᠣᠯᠭᠠᠨ᠎ᠠ᠃ | ︵ᠬᠤᠶᠠᠷ︶ ᠡᠷᠴᠢᠮᠵᠢᠭᠦᠯᠦᠭᠰᠡᠨ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠷᠢᠰᠢᠭᠤᠯᠤᠯᠲᠠ᠃ | ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ ᠪᠠᠷ ᠭᠤᠣᠯᠳᠠᠯᠭ᠎ᠠ ᠪᠣᠯᠭᠠᠨ᠂ ᠪᠡᠯᠡᠳᠭᠡᠮᠵᠢᠳᠤ ᠲᠠᠷᠢᠶᠠᠯᠠᠩ ᠤᠨ | ᠡᠷᠴᠢᠮᠵᠢᠭᠦᠯᠦᠭᠰᠡᠨ ᠴᠢᠬᠢ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠬᠤ ᠪᠠ | ᠲᠡᠭᠦᠯᠳᠡᠷᠵᠢᠭᠦᠯᠵᠦ᠂ ᠮᠠᠨ ᠤ ᠬᠤᠳᠠ ᠳᠤ ᠲᠤᠬᠢᠷᠠᠬᠤ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠵᠤ᠂ | ᠲᠡᠭᠦᠨ ᠯᠦᠭᠡ ᠢᠵᠢ ᠪᠦᠷᠢᠳᠦᠭᠦᠯᠦᠭᠰᠡᠨ ᠴᠢᠬᠢ ᠪᠤᠶᠢᠵᠢᠭᠤᠯᠬᠤ ᠮᠡᠷᠭᠡᠵᠢᠯ ᠢ ᠬᠡᠷᠡᠭᠵᠢᠭᠦᠯᠵᠦ᠂ ᠴᠢᠬᠢ ᠪᠤᠶᠢᠵᠢᠭᠤᠯᠬᠤ | ᠬᠡᠪᠴᠢᠶ᠎ᠡ ᠶᠢ ᠥᠷᠭᠡᠳᠬᠡᠨ᠂ ᠦᠷ᠎ᠡ ᠴᠢᠬᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ︵ᠭᠤᠷᠪᠠ︶ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ᠃ | ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ ᠴᠢᠦᠸᠠᠨ ᠲᠣᠭᠤᠷᠢᠭ ᠢᠶᠠᠷ ᠭᠤᠣᠯ ᠪᠣᠯᠭᠠᠨ᠂ ᠪᠤᠰᠤᠳ | ᠬᠤᠰᠢᠭᠤ ᠰᠢᠶᠠᠨ ᠢᠶᠠᠷ ᠨᠥᠬᠦᠪᠦᠷᠢᠯᠡᠵᠦ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ | ᠲᠠᠯᠠᠪᠠᠢ ᠶᠢ ᠠᠯᠬᠤᠮ ᠠᠯᠬᠤᠮ ᠢᠶᠠᠷ ᠥᠷᠭᠡᠳᠬᠡᠵᠦ᠂ 2 ᠲᠦᠮᠡᠨ ᠮᠦ ᠪᠡᠯᠡᠳᠭᠡᠮᠵᠢᠳᠤ ᠢᠳᠡᠰᠢᠨ ᠨᠣᠭᠤᠭ᠎ᠠ ᠲᠠᠷᠢᠬᠤ | ᠬᠡᠪᠴᠢᠶ᠎ᠡ ᠳᠤ ᠬᠦᠷᠭᠡᠨ᠂ ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠲᠦᠷᠦᠯ ᠵᠦᠢᠯ ᠢ ᠪᠠᠶᠠᠯᠢᠭᠵᠢᠭᠤᠯᠵᠤ᠂ ᠪᠦᠬᠦ ᠬᠤᠳᠠ ᠶᠢᠨ | ᠪᠡᠯᠡᠳᠭᠡᠮᠵᠢᠳᠤ ᠢᠳᠡᠰᠢᠨ ᠨᠣᠭᠤᠭ᠎ᠠ ᠶᠢᠨ ᠤᠨᠠᠯᠲᠠ ᠶᠢ ᠲᠣᠭᠲᠠᠪᠤᠷᠢᠵᠢᠭᠤᠯᠤᠨ᠎ᠠ᠃ ᠢᠳᠡᠰᠢᠨ ᠤ ᠮᠥᠭᠦ ᠶᠢᠨ ᠠᠵᠤ | ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠴᠤᠸᠠᠨ ᠰᠢᠶᠠᠨ᠂ ᠰᠠᠶᠢᠬᠠᠨ ᠲᠣᠭᠤᠷᠢᠭ᠂ | ᠰᠢᠨ᠎ᠡ ᠬᠤᠲᠠ ᠲᠣᠭᠤᠷᠢᠭ᠂ ᠢᠦᠶ ᠴᠢᠤᠸᠠᠨ ᠲᠣᠭᠤᠷᠢᠭ ᠪᠣᠯᠤᠨ ᠴᠢᠩ ᠱᠦᠶ ᠾᠧ ᠰᠢᠶᠠᠨ ᠳᠤ ᠦᠨᠦᠷᠲᠦ ᠮᠥᠭᠦ᠂ | ᠭᠤᠯᠭᠤᠮᠠᠲᠠᠭᠠᠶ ᠮᠥᠭᠦ᠂ ᠬᠤᠨᠢᠨ ᠤ ᠴᠦᠨᠳᠦᠭᠦᠷ ᠮᠥᠭᠦ ᠵᠡᠷᠭᠡ ᠢᠳᠡᠰᠢᠨ ᠤ ᠮᠥᠭᠦ ᠶᠢᠨ ᠦᠢᠯᠡᠳᠪᠦᠷᠢᠯᠡᠯ ᠤᠨ | ᠬᠡᠪᠴᠢᠶ᠎ᠡ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠬᠤᠲᠠ ᠶᠢᠨ ᠭᠤᠣᠯ | ᠲᠣᠭᠤᠷᠢᠭ ᠠᠴᠠ 50 ᠺᠢᠯᠤᠮᠧᠲᠷ ᠤᠨ ᠬᠡᠪᠴᠢᠶᠡᠨ ᠳᠣᠲᠣᠷ᠎ᠠ᠂ ᠨᠢᠭᠡ ᠪᠦᠯᠦᠭ ᠬᠡᠪᠴᠢᠶᠡᠵᠢᠭᠰᠡᠨ ᠵᠠᠳᠠᠭᠠᠶ ᠢᠳᠡᠰᠢᠨ | ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠡᠯ᠎ᠡ ᠭᠠᠵᠠᠷ ᠣᠷᠣᠨ ᠤ | ᠤᠨᠴᠠᠯᠢᠬᠳᠤ ᠢᠳᠡᠰᠢᠨ ᠨᠣᠭᠤᠭ᠎ᠠ ᠶᠢᠨ ᠲᠥᠷᠥᠯ ᠲᠡᠮᠳᠡᠭᠲᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ | ᠳᠠᠷᠢᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ︽ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ | ᠰᠢᠶᠠᠩ ᠨᠢᠭᠡ ᠠᠵᠤ ᠦᠢᠯᠡᠰ︾ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠳᠥᠷᠪᠡ︶ ᠪᠡᠯᠡᠳᠭᠡᠮᠵᠢᠳᠤ ᠭᠤᠸ᠎ᠠ ᠵᠢᠮᠢᠰ᠂ ᠬᠤᠸᠠᠷ ᠴᠡᠴᠡᠭ ᠤᠨ ᠠᠵᠤ ᠦᠢᠯᠡᠰ ᠤᠨ | ᠪᠠᠶᠢᠷᠢᠰᠢᠭᠤᠯᠤᠯᠲᠠ᠃ ᠰᠡᠯᠡᠭᠦᠴᠡᠨ ᠲᠣᠭᠤᠷᠢᠵᠤ ᠲᠡᠭᠦᠬᠦ ᠪᠠᠷ ᠰᠠᠭᠤᠷᠢ ᠪᠣᠯᠭᠠᠨ᠂ ᠭᠤᠣᠯᠳᠠᠭᠤ ᠰᠢᠨ᠎ᠡ ᠬᠤᠳᠠ | ᠲᠣᠭᠤᠷᠢᠭ᠂ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠬᠤᠷᠢᠨᠭᠡᠷ ᠰᠢᠶᠠᠨ ᠳᠤ | ᠭᠦᠵᠡᠯᠵᠡᠭᠡᠨ᠎ᠡ᠂ ᠦᠵᠦᠮ᠂ ᠠᠮᠲᠠᠲᠤ ᠬᠡᠮᠬᠡ ᠪᠠᠷ ᠭᠤᠣᠯ ᠪᠣᠯᠭᠠᠭᠰᠠᠨ ᠪᠡᠯᠡᠳᠭᠡᠮᠵᠢᠳᠤ ᠭᠤᠸ᠎ᠠ ᠵᠢᠮᠢᠰ ᠲᠠᠷᠢᠬᠤ | ᠰᠠᠭᠤᠷᠢᠨ ᠭᠠᠵᠠᠷ ᠢ ᠪᠥᠳᠥᠭᠡᠨ ᠪᠠᠶᠢᠭᠤᠯᠤᠨ᠎ᠠ᠃ ᠦᠴᠤᠸᠠᠨ ᠰᠢᠶᠠᠨ ᠤ ᠬᠦᠢᠲᠡᠨ ᠰᠡᠷᠢᠭᠦᠨ ᠠᠭᠤᠷ ᠠᠮᠢᠰᠬᠤᠯ ᠤᠨ | ᠨᠥᠬᠦᠴᠡᠯ ᠢ ᠠᠰᠢᠭᠯᠠᠨ᠂ ᠬᠦᠢᠲᠡᠨ ᠰᠡᠷᠢᠭᠦᠨ ᠭᠦᠵᠡᠯᠵᠡᠭᠡᠨ᠎ᠡ ᠶᠢᠨ ᠴᠢᠬᠢ ᠪᠤᠶᠢᠵᠢᠭᠤᠯᠬᠤ᠂ ᠦᠢᠯᠡᠳᠪᠦᠷᠢᠯᠡᠬᠦ᠂ | ᠡᠳ᠋ᠰᠢᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠤᠨ᠎ᠠ᠃ ᠥᠷᠭᠡᠨ ᠣᠯᠠᠨ ᠬᠤᠲᠠ ᠶᠢᠨ ᠠᠷᠠᠳ ᠤᠨ ᠴᠢᠨᠠᠷ | ᠰᠠᠶᠢᠲᠠᠶ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠣᠲᠣ ᠶᠢᠨ ᠪᠠᠶᠢᠭ᠎ᠠ ᠫᠧᠩᠰᠡᠨ ᠳᠤ ᠵᠠᠶᠢᠯᠠᠬᠤ | ᠴᠡᠴᠡᠭ ᠳᠠᠷᠢᠬᠤ ᠬᠦᠷᠢᠶᠡᠯᠡᠩ ᠲᠣᠭᠤᠷᠢᠭ᠂ ᠰᠣᠷᠭᠤᠭ ᠴᠡᠴᠡᠭ ᠳᠠᠷᠢᠬᠤ ᠰᠠᠭᠤᠷᠢᠨ ᠭᠠᠵᠠᠷ ᠲᠤ ᠲᠦᠰᠢᠭᠯᠡᠨ᠂ | ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ᠂ ᠢᠦᠶ ᠴᠢᠤᠸᠠᠨ ᠲᠣᠭᠤᠷᠢᠭ᠂ ᠬᠤᠷᠢᠨᠭᠡᠷ ᠰᠢᠶᠠᠨ ᠳᠤ ᠨᠢᠭᠡ | ᠪᠦᠯᠦᠭ ᠪᠡᠯᠡᠳᠬᠡᠮᠵᠢᠲᠦ ᠬᠤᠸᠠᠷ ᠴᠡᠴᠡᠭ ᠳᠠᠷᠢᠬᠤ ᠰᠠᠭᠤᠷᠢᠨ ᠭᠠᠵᠠᠷ ᠢ ᠭᠤᠤᠯᠳᠠᠯᠭ᠎ᠠ ᠲᠠᠢ ᠬᠥᠭᠵᠢᠭᠦᠯᠦᠨ᠎ᠡ᠃ | ︵ᠲᠠᠪᠤ︶ ᠠᠵᠤ ᠦᠢᠯᠡᠰ ᠤᠨ ᠠᠭᠤᠰᠤᠯᠴᠠᠭᠰᠠᠨ ᠬᠥᠭᠵᠢᠯᠲᠡ ᠶᠢᠨ ᠪᠠᠶᠢᠷᠢᠰᠢᠭᠤᠯᠤᠯᠲᠠ᠃ ᠰᠠᠶᠢᠬᠠᠨ | ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ ᠴᠢᠦᠸᠠᠨ ᠲᠣᠭᠤᠷᠢᠭ ᠵᠡᠷᠭᠡ ᠪᠡᠯᠡᠳᠬᠡᠮᠵᠢᠲᠦ ᠲᠠᠷᠢᠶᠠᠯᠠᠩ ᠤᠨ | ᠭᠤᠣᠯ ᠭᠠᠷᠤᠯᠲᠠ ᠶᠢᠨ ᠣᠷᠣᠨ ᠳᠤ᠂ ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠶᠢ ᠲᠠᠷᠢᠶᠠᠨ ᠭᠠᠵᠠᠷ ᠲᠤ ᠰᠢᠨ᠎ᠡ | ᠰᠣᠷᠭᠤᠭ ᠢᠶᠠᠷ ᠬᠠᠳᠠᠭᠠᠯᠠᠬᠤ ᠬᠦᠢᠳᠡᠨ ᠬᠡᠯᠬᠢᠶᠡᠨ ᠤ ᠲᠥᠬᠦᠭᠡᠷᠦᠮᠵᠢ ᠶᠢ ᠲᠥᠪᠯᠡᠷᠡᠭᠦᠯᠦᠨ ᠪᠠᠶᠢᠭᠤᠯᠤᠨ᠎ᠠ︔ | ᠪᠡᠯᠡᠳᠭᠡᠮᠵᠢᠳᠤ ᠲᠠᠷᠢᠶᠠᠯᠠᠩ ᠤᠨ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠦᠷᠳᠡᠭ ᠢ ᠳᠡᠭᠡᠭᠰᠢᠯᠡᠭᠦᠯᠦᠨ᠎ᠡ︔ ᠪᠥᠬᠦ ᠬᠤᠲᠠ ᠶᠢᠨ | ᠬᠡᠪᠴᠢᠶᠡᠨ ᠳᠤ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠢ ᠵᠣᠬᠢᠰᠲᠠᠶ ᠲᠥᠯᠥᠪᠵᠢᠭᠦᠯᠦᠨ ᠪᠠᠶᠢᠷᠢᠯᠠᠭᠤᠯᠤᠨ᠎ᠠ᠃ | ᠲᠠᠪᠤ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠡᠭᠦᠷᠭᠡ | ︵ᠨᠢᠭᠡ︶ ᠪᠡᠯᠡᠳᠬᠡᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ | ᠨᠢᠭᠡ ᠳᠤ ᠪᠡᠯᠡᠳᠭᠡᠮᠵᠢᠳᠤ ᠲᠠᠷᠢᠶᠠᠯᠠᠩ ᠤᠨ ᠡᠷᠴᠢᠮᠵᠢᠭᠦᠯᠦᠨ ᠴᠢᠬᠢ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ ᠪᠡᠯᠡᠳᠬᠡᠮᠵᠢᠲᠦ ᠢᠳᠡᠰᠢᠨ ᠨᠣᠭᠤᠭ᠎ᠠ᠂ ᠬᠤᠸᠠᠷ ᠴᠡᠴᠡᠭ᠂ | ᠭᠤᠸ᠎ᠠ ᠵᠢᠮᠢᠰ ᠤᠨ ᠡᠷᠴᠢᠮᠵᠢᠭᠦᠯᠦᠨ ᠴᠢᠬᠢ ᠪᠤᠶᠢᠵᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠠᠰᠢ ᠵᠢᠮᠢᠰ ᠤᠨ ᠲᠦᠷᠦᠯ᠂ ᠭᠤᠸ᠎ᠠ ᠵᠢᠮᠢᠰ ᠤᠨ ᠲᠦᠷᠦᠯ᠂ ᠴᠠᠭᠠᠨ | ᠨᠣᠭᠤᠭ᠎ᠠ ᠶᠢᠨ ᠲᠦᠷᠦᠯ ᠵᠡᠷᠭᠡ ᠶᠢ ᠨᠦᠬᠡᠯᠡᠭᠰᠡᠨ ᠲᠠᠪᠠᠭ ᠲᠤ ᠡᠷᠴᠢᠮᠵᠢᠭᠦᠯᠦᠨ ᠴᠢᠬᠢ ᠪᠤᠶᠢᠵᠢᠭᠤᠯᠬᠤ ᠮᠡᠷᠭᠡᠵᠢᠯ ᠢ | ᠭᠤᠣᠯᠳᠠᠯᠭ᠎ᠠ ᠲᠠᠢ ᠳᠡᠯᠭᠡᠷᠡᠭᠦᠯᠵᠦ᠂ ᠴᠢᠬᠢ ᠪᠤᠶᠢᠵᠢᠭᠤᠯᠬᠤ ᠲᠤᠰᠬᠠᠶ ᠪᠡᠯᠡᠳᠬᠡᠮᠵᠢ ᠶᠢᠨ ᠲᠠᠯᠠᠪᠠᠢ ᠶᠢ ᠥᠷᠭᠡᠳᠬᠡᠨ᠂ | ᠴᠢᠬᠢ ᠪᠤᠶᠢᠵᠢᠭᠤᠯᠬᠤ ᠲᠤᠰᠬᠠᠶ ᠮᠠᠰᠢᠨ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠴᠢᠬᠢ ᠪᠤᠶᠢᠵᠢᠭᠤᠯᠬᠤ | ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠴᠢᠬᠢ ᠪᠤᠶᠢᠵᠢᠭᠤᠯᠬᠤ ᠦᠢᠯᠡᠳᠪᠦᠷᠢᠯᠡᠯ ᠢ ᠪᠠᠷᠢᠮᠵᠢᠶᠠᠵᠢᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠴᠢᠬᠢ ᠪᠤᠶᠢᠵᠢᠭᠤᠯᠬᠤ ᠶᠠᠰᠤ ᠴᠢᠨᠠᠷ ᠪᠠ ᠬᠡᠪᠴᠢᠶ᠎ᠡ ᠶᠢ ᠳᠡᠭᠡᠭᠰᠢᠯᠡᠭᠦᠯᠦᠨ᠎ᠡ᠃ | ᠴᠢᠨᠠᠷ ᠰᠠᠶᠢᠨ᠂ ᠤᠨᠠᠯᠲᠠ ᠰᠠᠶᠢᠨ᠂ ᠰᠥᠷᠬᠦ ᠶᠢ ᠡᠰᠡᠷᠭᠦᠴᠡᠬᠦ ᠴᠢᠨᠠᠷ ᠢᠶᠠᠷ ᠰᠠᠶᠢᠨ ᠡᠭᠦᠯᠳᠡᠷ ᠢ ᠰᠣᠩᠭᠤᠨ | ᠪᠤᠶᠢᠵᠢᠭᠤᠯᠬᠤ ᠶᠢ ᠴᠢᠩᠭᠠᠳᠬᠠᠵᠤ᠂ ᠲᠡᠭᠦᠨ ᠯᠦᠭᠡ ᠢᠵᠢ ᠪᠦᠷᠢᠳᠦᠭᠦᠯᠦᠭᠰᠡᠨ ᠪᠣᠬᠢᠷᠲᠤᠯ ᠦᠭᠡᠢ ᠲᠠᠷᠢᠵᠤ | ᠪᠤᠶᠢᠵᠢᠭᠤᠯᠬᠤ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠡᠯᠭᠡᠷᠡᠭᠦᠯᠦᠨ᠎ᠡ᠃ 2025 ᠣᠨ | ᠪᠣᠯᠬᠤ ᠳᠤ᠂ ᠪᠡᠯᠡᠳᠭᠡᠮᠵᠢᠳᠤ ᠲᠠᠷᠢᠶᠠᠯᠠᠩ ᠤᠨ ᠦᠷ᠎ᠡ ᠴᠢᠬᠢ ᠦᠨᠳᠦᠰᠦᠨ ᠳᠡᠭᠡᠨ ᠥᠪᠡᠷ ᠢ ᠪᠠᠨ ᠬᠠᠩᠭᠠᠬᠤ ᠶᠢ | ᠪᠡᠶᠡᠯᠡᠭᠦᠯᠵᠦ᠂ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠲᠠᠷᠢᠮᠠᠯ ᠤᠨ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ ᠬᠤᠶᠠᠷ ᠲᠤ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠵᠤ ᠲᠠᠰ ᠳᠡᠪᠰᠢᠭᠦᠯᠦᠨ᠎ᠡ᠃ ᠤᠤᠯ ᠤᠨ | ᠪᠠᠶᠢᠭᠰᠠᠨ ᠪᠡᠯᠡᠳᠬᠡᠮᠵᠢᠲᠦ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠥᠭᠡᠷᠡᠴᠢᠯᠡᠨ | ᠰᠠᠶᠢᠵᠢᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠬᠤᠭᠤᠰᠣᠨ ᠬᠦᠯᠡᠮᠵᠢ ᠳᠤ ᠪᠠᠷᠢᠮᠵᠢᠶᠠᠵᠢᠭᠤᠯᠬᠤ | ᠥᠭᠡᠷᠡᠴᠢᠯᠡᠯᠲᠡ ᠬᠢᠨ᠎ᠡ᠃ ᠬᠡᠷᠡᠭᠯᠡᠭᠡᠨ ᠤ ᠲᠧᠭᠨᠢᠭ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠵᠦ᠂ | ᠠᠦ᠋ᠲ᠋ᠣᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠳᠡᠯᠮᠦᠷᠢ ᠶᠢᠨ ᠡᠷᠴᠢᠮ ᠢ ᠪᠠᠭᠤᠷᠠᠭᠤᠯᠤᠨ᠂ | ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠎ᠡ︔ ᠪᠣᠳᠠᠲᠤ ᠬᠦᠴᠦᠨ ᠲᠠᠢ ᠬᠥᠲᠥᠴᠢ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ ᠥᠨᠳᠥᠷ ᠪᠠᠷᠢᠮᠵᠢᠶᠠᠲᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠯᠠᠪᠠᠶ ᠶᠢ | ᠥᠷᠭᠡᠳᠬᠡᠨ᠎ᠡ᠃ 2025 ᠣᠨ ᠪᠣᠯᠬᠤ ᠳᠤ᠂ ᠬᠦᠯᠡᠮᠵᠢ ᠲᠣᠮᠣ ᠫᠧᠩ ᠢ ᠰᠢᠨ᠎ᠡ ᠪᠠᠷ ᠪᠠᠶᠢᠭᠤᠯᠬᠤ᠂ ᠰᠡᠯᠪᠢᠨ | ᠵᠠᠰᠠᠬᠤ ᠪᠠᠷ ᠳᠠᠮᠵᠢᠭᠤᠯᠤᠨ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠲᠠᠯᠠᠪᠠᠶ ᠶᠢ 6000 ᠮᠥ | ᠰᠢᠨ᠎ᠡ ᠪᠠᠷ ᠨᠡᠮᠡᠭᠳᠡᠭᠦᠯᠦᠨ᠎ᠡ᠃ ᠡᠭᠦᠨ ᠳᠤ ᠪᠡᠯᠡᠳᠭᠡᠮᠵᠢᠳᠤ ᠢᠳᠡᠰᠢᠨ ᠨᠣᠭᠤᠭ᠎ᠠ ᠳᠠᠷᠢᠬᠤ ᠲᠠᠯᠠᠪᠠᠶ ᠶᠢ 4000 ᠮᠥ | ᠰᠢᠨ᠎ᠡ ᠪᠠᠷ ᠨᠡᠮᠡᠭᠳᠡᠭᠦᠯᠵᠦ᠂ ᠪᠡᠯᠡᠳᠭᠡᠮᠵᠢᠳᠤ ᠭᠤᠸ᠎ᠠ ᠵᠢᠮᠢᠰ ᠬᠤᠸᠠᠷ ᠴᠡᠴᠡᠭ ᠳᠠᠷᠢᠬᠤ ᠲᠠᠯᠠᠪᠠᠶ ᠶᠢ 2000 ᠮᠥ | ᠰᠢᠨ᠎ᠡ ᠪᠠᠷ ᠨᠡᠮᠡᠭᠳᠡᠭᠦᠯᠦᠨ᠎ᠡ᠃ ᠭᠤᠷᠪᠠ ᠳᠤ ᠪᠡᠯᠡᠳᠭᠡᠮᠵᠢᠳᠤ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ ᠢ | ᠲᠦᠯᠬᠢᠨ ᠠᠬᠢᠭᠤᠯᠤᠨ᠎ᠠ᠃ ᠲᠠᠷᠢᠬᠤ ᠵᠠᠭᠪᠤᠷ ᠢ ᠰᠢᠯᠢᠳᠡᠭᠵᠢᠭᠦᠯᠵᠦ᠂ ᠪᠣᠬᠢᠷᠲᠤᠯ ᠦᠭᠡᠢ᠂ ᠣᠷᠭᠠᠨᠢᠭ | ᠪᠠᠷᠢᠮᠵᠢᠶᠠᠵᠢᠭᠰᠠᠨ ᠲᠠᠷᠢᠬᠤ ᠮᠡᠷᠭᠡᠵᠢᠯ ᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃ ᠤᠶᠤᠨᠴᠢᠯᠠᠭᠰᠠᠨ᠂ | ᠲᠣᠭᠠᠴᠢᠯᠠᠭᠰᠠᠨ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ | ᠤᠶᠤᠨᠴᠢᠯᠠᠭᠰᠠᠨ᠂ ᠬᠦᠡᠭᠭᠡᠨ ᠬᠢᠯᠪᠠᠷᠴᠢᠯᠠᠭᠰᠠᠨ᠂ ᠠᠦ᠋ᠲ᠋ᠣᠴᠢᠯᠠᠭᠰᠠᠨ ᠲᠤᠨᠤᠭ ᠲᠥᠬᠦᠭᠡᠷᠦᠮᠵᠢ ᠶᠢ ᠣᠷᠣᠭᠤᠯᠤᠨ | ᠬᠡᠷᠡᠭᠯᠡᠭᠰᠡᠨ ᠰᠠᠭᠤᠷᠢᠨ ᠭᠠᠵᠠᠷ ᠲᠤ ᠨᠥᠬᠦᠪᠥᠷᠢ ᠣᠯᠭᠤᠵᠤ᠂ ᠪᠡᠯᠡᠳᠬᠡᠮᠵᠢᠲᠦ ᠲᠠᠷᠢᠶᠠᠯᠠᠩ ᠤᠨ ᠠᠵᠢᠯᠴᠢᠨ ᠬᠡᠷᠡᠭᠯᠡᠬᠦ | ᠥᠪᠡᠷ ᠤᠨ ᠦᠷᠳᠡᠭ ᠢ ᠪᠠᠭᠠᠰᠬᠠᠨ᠎ᠠ᠃ ᠪᠡᠯᠡᠳᠭᠡᠮᠵᠢᠳᠤ ᠲᠠᠷᠢᠶᠠᠯᠠᠩ ᠳᠤ ᠬᠦᠡᠭᠭᠡᠨ ᠲᠦᠬᠦᠮ ᠲᠠᠷᠢᠵᠤ | ᠪᠤᠶᠢᠵᠢᠭᠤᠯᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠪᠠᠷ | ᠭᠤᠣᠯ ᠪᠣᠯᠭᠠᠭᠰᠠᠨ ᠰᠢᠨ᠎ᠡ ᠮᠡᠷᠭᠡᠵᠢᠯ ᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠬᠡᠲᠦ ᠪᠠᠭ᠎ᠠ ᠡᠨᠧᠷᠭᠢ ᠶᠢᠨ | ᠬᠤᠷᠣᠭᠳᠠᠯ ᠲᠠᠢ ᠰᠢᠨ᠎ᠡ ᠬᠡᠯᠪᠡᠷᠢ ᠶᠢᠨ ᠤᠶᠤᠨᠲᠤ ᠬᠦᠯᠡᠮᠵᠢ ᠶᠢ ᠣᠷᠣᠭᠤᠯᠤᠨ ᠠᠪᠴᠢᠷᠠᠵᠤ᠂ ᠰᠠᠷᠠᠪᠴᠢᠨ ᠬᠡᠷ ᠤᠨ | ᠵᠢᠶᠠᠰᠠ ᠲᠤᠯᠤᠭᠤᠷ᠂ ᠪᠦᠷᠬᠦᠬᠦ ᠮᠠᠲ᠋ᠧᠷᠢᠶᠠᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠵᠦ᠂ ᠬᠡᠷᠡᠯ ᠲᠤᠰᠬᠠᠨ | ᠳᠤᠯᠠᠭᠠᠨ ᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ | ᠴᠢᠩᠭᠠᠷᠠᠭᠤᠯᠤᠨ᠎ᠠ︔ ᠲᠠᠷᠢᠶᠠᠨ ᠭᠠᠵᠠᠷ ᠢ ᠠᠷᠪᠢᠯᠠᠭᠰᠠᠨ᠂ ᠴᠢᠨᠠᠷ ᠴᠢᠨᠰᠠᠭ᠎ᠠ ᠪᠠᠷ ᠰᠢᠯᠢᠳᠡᠭ᠂ ᠦᠢᠯᠡᠳᠪᠦᠷᠢᠯᠡᠯ ᠤᠨ | ᠴᠢᠳᠠᠪᠤᠷᠢ ᠪᠠᠷ ᠥᠨᠳᠥᠷ᠂ ᠦᠷ᠎ᠡ ᠠᠰᠢᠭ ᠢᠶᠠᠷ ᠰᠠᠶᠢᠨ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ | ᠬᠡᠯᠪᠡᠷᠢ ᠶᠢᠨ ᠪᠡᠯᠡᠳᠬᠡᠮᠵᠢᠲᠦ ᠲᠠᠷᠢᠶᠠᠯᠠᠩ ᠳᠤ ᠨᠥᠬᠦᠪᠥᠷᠢ ᠣᠯᠭᠤᠨ᠎ᠠ᠃ | ︵ᠬᠤᠶᠠᠷ︶ ᠪᠡᠯᠡᠳᠬᠡᠮᠵᠢᠲᠦ ᠲᠠᠷᠢᠶᠠᠯᠠᠩ ᠤᠨ ᠠᠭᠤᠰᠤᠯᠴᠠᠭᠰᠠᠨ ᠬᠥᠭᠵᠢᠯᠲᠡ ᠶᠢ ᠲᠦᠯᠬᠢᠨ ᠠᠬᠢᠭᠤᠯᠤᠨ᠎ᠠ | ᠨᠢᠭᠡ ᠳᠤ ᠢᠳᠡᠰᠢᠨ ᠨᠣᠭᠤᠭ᠎ᠠ ᠡᠳ᠋ᠰᠢᠭᠦᠯᠬᠦ ᠦᠢᠯᠡᠰ ᠢ ᠬᠥᠭᠵᠢᠭᠦᠯᠦᠨ᠎ᠡ᠃ ᠰᠠᠶᠢᠬᠠᠨ ᠲᠣᠭᠤᠷᠢᠭ᠂ ᠲᠦᠮᠡᠳ ᠵᠡᠭᠦᠨ | ᠬᠤᠰᠢᠭᠤ ᠵᠡᠷᠭᠡ ᠪᠡᠯᠡᠳᠭᠡᠮᠵᠢᠳᠤ ᠲᠠᠷᠢᠶᠠᠯᠠᠩ ᠤᠨ ᠭᠤᠣᠯ ᠭᠠᠷᠤᠯᠲᠠ ᠶᠢᠨ ᠣᠷᠣᠨ ᠳᠤ ᠪᠡᠯᠡᠳᠭᠡᠮᠵᠢᠳᠤ | ᠲᠠᠷᠢᠶᠠᠯᠠᠩ ᠤᠨ ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠳᠡᠭ ᠢ ᠳᠡᠭᠡᠭᠰᠢᠯᠡᠭᠦᠯᠦᠨ᠎ᠡ᠃ ᠬᠤᠶᠠᠷ ᠲᠤ᠂ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠤᠨ ᠠᠬᠢᠴᠠ ᠶᠢ ᠲᠦᠷᠭᠡᠳᠬᠡᠨ᠎ᠡ᠃ ᠪᠡᠯᠡᠳᠭᠡᠮᠵᠢᠳᠤ ᠢᠳᠡᠰᠢᠨ | ᠨᠣᠭᠤᠭ᠎ᠠ᠂ ᠬᠤᠸᠠᠷ ᠴᠡᠴᠡᠭ᠂ ᠭᠤᠸ᠎ᠠ ᠵᠢᠮᠢᠰ ᠤᠨ ᠰᠠᠭᠤᠷᠢᠨ ᠭᠠᠵᠠᠷ ᠲᠤ ᠲᠦᠰᠢᠭᠯᠡᠨ᠂ ᠪᠡᠯᠡᠳᠭᠡᠮᠵᠢᠳᠤ | ᠲᠠᠷᠢᠶᠠᠯᠠᠩ ᠤᠨ ᠰᠡᠯᠡᠭᠦᠴᠡᠯ ᠵᠤᠭᠠᠴᠠᠯ᠂ ᠰᠤᠳᠤᠯᠤᠨ ᠰᠤᠷᠤᠯᠴᠠᠵᠤ ᠪᠡᠶᠡᠴᠢᠯᠡᠨ ᠣᠶᠢᠯᠠᠭᠠᠬᠤ᠂ ᠡᠷᠡᠭᠦᠯ ᠮᠡᠨᠳᠦ | ᠠᠮᠠᠷᠠᠵᠤ ᠰᠤᠪᠢᠯᠠᠬᠤ ᠵᠡᠷᠭᠡ ᠴᠢᠳᠠᠪᠤᠷᠢ ᠶᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡᠳᠭᠡᠮᠵᠢᠳᠤ ᠲᠠᠷᠢᠶᠠᠯᠠᠩ ᠤᠨ ᠡᠬᠢ | ᠪᠠᠶᠠᠯᠢᠭ ᠤᠨ ᠳᠠᠪᠠᠭᠤᠯᠢᠭ ᠢ ᠪᠦᠲᠦᠮᠵᠢᠲᠡᠢ ᠪᠠᠳᠠᠷᠠᠭᠤᠯᠵᠤ᠂ ᠠᠵᠤ ᠦᠢᠯᠡᠰ ᠤᠨ ᠠᠭᠤᠰᠤᠯᠴᠠᠯ᠂ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ᠂ ᠦᠢᠯᠡᠰ ᠪᠤᠰᠬᠠᠬᠤ ᠲᠠᠪᠴᠠᠩ᠂ ᠭᠤᠣᠯᠯᠠᠬᠤ ᠨᠥᠯᠥᠭᠡᠯᠡᠯ ᠵᠡᠷᠭᠡ ᠴᠢᠳᠠᠮᠵᠢ ᠶᠢᠨ | ᠦᠢᠯᠡᠳᠦᠯ ᠢ ᠲᠤᠪᠤᠶᠢᠯᠭᠠᠵᠦ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠬᠦᠳᠦᠯᠦᠨ ᠳᠠᠭᠠᠭᠤᠯᠤᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠡᠯᠡᠳᠭᠡᠮᠵᠢᠳᠤ | ᠲᠠᠷᠢᠶᠠᠯᠠᠩ ᠳᠤ ᠲᠦᠰᠢᠭᠯᠡᠨ ᠨᠢᠭᠡ ᠲᠣᠰᠬᠤᠨ ᠨᠢᠭᠡ ᠪᠦᠲᠦᠭᠡᠭᠳᠡᠬᠦᠨ᠂ ᠨᠢᠭᠡ ᠲᠣᠰᠬᠤᠨ ᠨᠢᠭᠡ ᠦᠵᠡᠮᠵᠢ ᠲᠠᠢ | ᠦᠵᠡᠰᠬᠦᠯᠡᠩᠲᠦ ᠰᠠᠶᠢᠬᠠᠨ ᠠᠶᠢᠯ ᠲᠣᠰᠬᠤᠨ ᠪᠠ ᠵᠤᠭᠠᠴᠠᠬᠤ ᠳᠤ ᠲᠣᠬᠢᠷᠠᠮᠵᠢᠲᠠᠢ ᠪᠡᠶ᠎ᠡ ᠰᠣᠪᠢᠯᠠᠬᠤ ᠳᠤ | ᠲᠣᠬᠢᠷᠠᠮᠵᠢᠲᠠᠶ ᠬᠥᠳᠡᠭᠡ ᠲᠣᠰᠬᠤᠨ ᠤ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠤ | ᠵᠢᠭᠤᠯᠴᠢᠯᠠᠯ ᠤᠨ ᠰᠣᠳᠣᠨ ᠵᠠᠮ ᠱᠤᠭᠤᠮ ᠢ ᠰᠢᠯᠢᠳᠡᠭᠵᠢᠭᠦᠯᠦᠨ᠂ ᠪᠡᠯᠡᠳᠭᠡᠮᠵᠢᠳᠤ ᠲᠠᠷᠢᠶᠠᠯᠠᠩ ᠬᠢᠭᠡᠳ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ ᠤ ᠲᠥᠪ | ᠬᠤᠲᠠ ᠶᠢᠨ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠤᠨ᠎ᠠ᠃ ᠭᠤᠷᠪᠠ ᠳᠤ ᠬᠦᠢᠳᠡᠨ | ᠬᠡᠯᠬᠢᠶᠡᠨ ᠤ ᠪᠠᠷᠠᠭᠠᠨ ᠤ ᠭᠦᠢᠯᠭᠡᠭᠡ᠂ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠪᠡᠯᠡᠳᠭᠡᠮᠵᠢᠳᠤ ᠲᠠᠷᠢᠶᠠᠯᠠᠩ ᠤᠨ ᠭᠤᠤᠯ ᠭᠠᠷᠤᠯᠲᠠ ᠶᠢᠨ ᠣᠷᠣᠨ ᠳᠤ ᠵᠢᠮᠢᠰ ᠢᠳᠡᠰᠢᠨ ᠨᠣᠭᠤᠭ᠎ᠠ ᠶᠢ ᠰᠣᠷᠭᠤᠭ ᠢᠶᠠᠷ | ᠬᠠᠳᠠᠭᠠᠯᠠᠬᠤ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ | ᠨᠢᠭᠡ ᠪᠦᠯᠦᠭ ᠵᠢᠮᠢᠰ ᠢᠳᠡᠰᠢᠨ ᠨᠣᠭᠤᠭ᠎ᠠ ᠶᠢᠨ ᠲᠠᠷᠢᠶᠠᠨ ᠭᠠᠵᠠᠷ ᠰᠢᠨ᠎ᠡ ᠰᠣᠷᠭᠤᠭ ᠢᠶᠠᠷ ᠬᠥᠮᠥᠷᠭᠡᠯᠡᠨ | ᠬᠠᠳᠠᠭᠠᠯᠠᠬᠤ ᠬᠦᠢᠲᠡᠨ ᠬᠡᠯᠬᠢᠶᠡᠨ ᠤ ᠲᠥᠬᠦᠭᠡᠷᠦᠮᠵᠢ ᠶᠢ ᠪᠥᠲᠥᠭᠡᠨ ᠪᠠᠶᠢᠭᠤᠯᠵᠤ᠂ ᠮᠡᠳᠡᠭᠡ ᠵᠠᠩᠭᠢ ᠶᠢ ᠠᠦ᠋ᠲ᠋ᠣ᠋ | ᠴᠤᠭᠯᠠᠭᠤᠯᠬᠤ ᠲᠥᠬᠦᠭᠡᠷᠦᠮᠵᠢ ᠶᠢ ᠳᠣᠭᠢᠷᠠᠭᠤᠯᠤᠨ᠂ ᠢᠳᠡᠰᠢᠨ ᠨᠣᠭᠤᠭ᠎ᠠ ᠶᠢᠨ ᠪᠦᠲᠦᠭᠡᠭᠳᠡᠬᠦᠨ ᠤ ᠭᠠᠷᠤᠯᠲᠠ ᠶᠢᠨ | ᠣᠷᠣᠨ ᠤ ᠰᠢᠨ᠎ᠡ ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠦᠢᠯᠡᠳᠪᠦᠷᠢᠯᠡᠯ ᠤᠨ ᠳᠠᠷᠠᠭᠠᠬᠢ ᠬᠤᠬᠢᠷᠠᠯ ᠢ ᠪᠠᠭᠠᠰᠬᠠᠨ᠎ᠠ᠃ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ | ᠪᠦᠲᠦᠭᠡᠭᠳᠡᠬᠦᠨ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠷᠠᠭᠠᠨ ᠤ ᠭᠦᠢᠯᠭᠡᠭᠡᠨ ᠤ ᠠᠷᠭ᠎ᠠ | ᠵᠠᠮ ᠢ ᠰᠢᠯᠤᠭᠤᠳᠬᠠᠵᠤ᠂ ᠠᠷᠠᠳ ᠤᠨ ᠠᠮᠢᠳᠤᠷᠠᠯ ᠪᠠ ᠲᠠᠷᠢᠶᠠᠯᠠᠩ ᠤᠨ ᠦᠢᠯᠡᠳᠪᠦᠷᠢᠯᠡᠯ ᠤᠨ ᠡᠮᠬᠢ ᠵᠢᠷᠤᠮ ᠲᠠᠢ | ᠶᠠᠪᠤᠭᠳᠠᠬᠤ ᠶᠢ ᠪᠠᠲᠤᠯᠠᠨ᠎ᠠ᠃ ᠲᠠᠷᠢᠶᠠᠯᠠᠩ ᠤᠨ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ | ᠵᠦᠢ ᠵᠣᠬᠢᠰᠲᠠᠶ ᠪᠠᠶᠢᠷᠢᠰᠢᠭᠤᠯᠵᠤ᠂ ᠤᠳᠤ ᠶᠢᠨ ᠪᠠᠶᠢᠭ᠎ᠠ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ | ᠪᠦᠳᠦᠭᠡᠨ ᠪᠠᠶᠢᠭᠤᠯᠵᠤ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠬᠤ ᠶᠢ ᠲᠡᠮᠵᠢᠨ᠎ᠠ᠃ ᠨᠡᠶᠢᠭᠡᠮ ᠤᠨ | ᠬᠦᠴᠦᠨ ᠠᠴᠠ ᠪᠡᠯᠡ ᠣᠷᠣᠭᠤᠯᠵᠤ ᠥᠨᠳᠥᠷ ᠭᠠᠷᠤᠭ᠎ᠠ ᠠᠴᠠ ᠂ ᠥᠨᠳᠥᠷ ᠪᠠᠷᠢᠮᠵᠢᠶ᠎ᠠ ᠪᠠᠷ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠬ᠎ᠠ | ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠳᠡᠰᠢᠨ ᠨᠣᠭᠤᠭ᠎ᠠ | ᠵᠡᠷᠭᠡ ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠢ ᠰᠢᠭᠤᠳ ᠡᠵᠡᠩᠨᠡᠵᠦ ᠰᠢᠭᠤᠳ ᠬᠠᠩᠭᠠᠬᠤ᠂ | ᠰᠦᠯᠵᠢᠶ᠎ᠡ ᠪᠠᠷ ᠪᠣᠷᠣᠯᠠᠭᠤᠯᠬᠤ ᠵᠡᠷᠭᠡ ᠵᠢᠵᠢᠭᠯᠡᠨ ᠬᠤᠳᠠᠯᠳᠤᠬᠤ ᠰᠢᠨ᠎ᠡ ᠵᠠᠭᠪᠤᠷ ᠢ ᠵᠣᠷᠢᠭᠵᠢᠭᠤᠯᠵᠤ᠂ ︽ᠬᠤᠯᠢᠰᠢᠨ | ᠢᠳᠡᠰᠢ︾ ᠶᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠲᠣᠤᠷ ᠴᠡᠭ ᠤᠨ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠭᠤᠷᠪᠠ︶ ᠪᠡᠯᠡᠳᠬᠡᠮᠵᠢᠲᠦ ᠲᠠᠷᠢᠶᠠᠯᠠᠩ ᠤᠨ ᠪᠣᠬᠢᠷᠲᠤᠯ ᠦᠭᠡᠢ ᠵᠦᠭ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠶᠢ ᠲᠦᠯᠬᠢᠨ ᠠᠬᠢᠭᠤᠯᠤᠨ᠎ᠠ ᠨᠢᠭᠡ ᠳᠤ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠪᠣᠬᠢᠷᠲᠤᠯ ᠥᠬᠡᠶ | ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠠᠬᠢᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠲᠤᠰᠬᠠᠢ | ᠮᠡᠷᠭᠡᠵᠢᠭᠰᠡᠨ ᠨᠢᠭᠡᠳᠦᠯᠲᠡᠶ ᠰᠡᠷᠭᠡᠶᠢᠯᠡᠨ ᠨᠢᠭᠡᠳᠦᠯᠲᠡᠢ ᠤᠰᠠᠳᠬᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠂ | ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠬᠡᠷᠡᠭᠯᠡᠯᠲᠡ ᠶᠢ ᠨᠡᠭᠡᠭᠡᠨ ᠬᠥᠭᠵᠢᠭᠦᠯᠬᠦ ᠪᠠ ᠳᠡᠯᠭᠡᠷᠡᠭᠦᠯᠬᠦ ᠶᠢ | ᠲᠦᠷᠭᠡᠳᠬᠡᠵᠦ᠂ ᠠᠮᠢᠳᠤ ᠪᠣᠳᠠᠰ ᠤᠨ ᠠᠮᠢ ᠠᠬᠤᠶ ᠶᠢᠨ ᠲᠣᠬᠢᠷᠠᠭᠤᠯᠤᠯᠲᠠ ᠶᠢ ᠠᠬᠢᠭᠤᠯᠤᠨ᠂ ᠥᠨᠳᠥᠷ ᠦᠷ᠎ᠡ | ᠪᠦᠲᠦᠮᠵᠢᠲᠡᠶ᠂ ᠬᠤᠤᠷ ᠪᠠᠭ᠎ᠠ᠂ ᠦᠯᠡᠳᠡᠭᠳᠡᠯ ᠪᠠᠭ᠎ᠠ ᠠᠮᠢᠳᠤ ᠪᠣᠳᠠᠰ ᠤᠨ ᠲᠠᠷᠢᠶᠠᠨ ᠡᠮ ᠢ ᠰᠠᠨᠠᠭᠠᠴᠢᠯᠠᠨ᠂ | ᠰᠢᠨᠵᠢᠯᠡᠬᠦ ᠤᠬᠠᠭᠠᠨᠴᠢ᠂ ᠠᠶᠤᠯᠭᠦᠢ᠂ ᠵᠦᠶ ᠵᠣᠬᠢᠰᠲᠠᠶ ᠬᠡᠷᠡᠭᠯᠡᠬᠦ ᠶᠢ ᠵᠢᠯᠣᠭᠤᠳᠤᠨ᠎ᠠ᠃ ᠪᠡᠯᠡᠳᠭᠡᠮᠵᠢᠳᠤ | ᠲᠠᠷᠢᠶᠠᠯᠠᠩ ᠤᠨ ᠡᠪᠡᠳᠴᠢᠨ ᠬᠤᠷᠣᠬᠠᠶ ᠶᠢᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠴᠢᠩᠭᠠᠳᠬᠠᠵᠤ᠂ ᠰᠣᠬᠤᠷ | ᠪᠠᠯᠠᠶ ᠪᠠᠷ ᠡᠮ ᠬᠡᠷᠡᠭᠯᠡᠬᠦ ᠶᠢ ᠪᠠᠭᠠᠰᠬᠠᠨ᠎ᠠ᠃ ᠬᠤᠶᠠᠷ ᠲᠤ ᠪᠤᠷᠳᠤᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ | ᠮᠡᠷᠭᠡᠵᠢᠯ ᠢ ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠣᠷᠭᠠᠨᠢᠭ ᠪᠤᠷᠳᠤᠭᠤᠷ ᠢᠶᠠᠷ ᠬᠢᠮᠢ ᠶᠢᠨ | ᠪᠤᠷᠳᠤᠭᠤᠷ ᠢ ᠣᠷᠣᠯᠠᠭᠤᠯᠬᠤ ᠲᠠᠷᠢᠶᠠᠯᠠᠩ ᠤᠨ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠬᠡᠷᠡᠭᠯᠡᠯᠲᠡ ᠶᠢ ᠨᠡᠭᠡᠭᠡᠨ | ᠬᠥᠭᠵᠢᠭᠦᠯᠬᠦ ᠪᠠ ᠳᠡᠯᠭᠡᠷᠡᠭᠦᠯᠬᠦ ᠶᠢ ᠶᠡᠬᠡᠪᠡᠷ ᠲᠦᠭᠡᠮᠡᠯᠵᠢᠭᠦᠯᠵᠦ᠂ ᠪᠢᠴᠢᠯ ᠠᠮᠢᠳᠤ ᠪᠣᠳᠠᠰ ᠤᠨ ᠪᠤᠷᠳᠤᠭᠤᠷ᠂ | ᠤᠰᠤᠨ ᠳᠤ ᠠᠭᠤᠰᠬᠤ ᠪᠤᠷᠳᠤᠭᠤᠷ ᠵᠡᠷᠭᠡ ᠰᠢᠨ᠎ᠡ ᠬᠡᠯᠪᠡᠷᠢ ᠶᠢᠨ ᠠᠮᠢ ᠠᠬᠤᠶ᠂ ᠣᠷᠭᠠᠨᠢᠭ ᠲᠦᠷᠦᠯ ᠤᠨ | ᠪᠤᠷᠳᠤᠭᠤᠷ ᠢ ᠣᠷᠣᠭᠤᠯᠤᠨ ᠠᠪᠴᠢᠷᠠᠨ᠎ᠠ᠃ ᠪᠤᠷᠳᠤᠭᠤᠷ ᠢ ᠪᠠᠷᠢᠮᠵᠢᠶᠠᠵᠢᠭᠤᠯᠤᠨ ᠣᠷᠣᠭᠤᠯᠬᠤ ᠶᠢ ᠳᠡᠯᠭᠡᠷᠡᠭᠦᠯᠵᠦ᠂ | ᠪᠤᠷᠳᠤᠭᠤᠷ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠮᠢᠳᠤ ᠪᠣᠳᠠᠰ ᠤᠨ ᠮᠡᠷᠭᠡᠵᠢᠯ ᠤᠨ | ᠬᠡᠷᠡᠭᠯᠡᠯᠲᠡ ᠶᠢ ᠴᠢᠩᠭᠠᠳᠬᠠᠵᠤ᠂ ᠬᠥᠷᠥᠰᠥ ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ ᠣᠷᠣᠭᠤᠯᠬᠤ | ᠮᠡᠷᠭᠡᠵᠢᠯ ᠢ ᠳᠡᠯᠭᠡᠷᠡᠭᠦᠯᠦᠨ᠎ᠡ᠃ ᠭᠤᠷᠪᠠ ᠳᠤ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ | ᠴᠢᠩᠭᠠᠳᠬᠠᠨ᠎ᠠ᠃ ᠬᠠᠶᠠᠭᠳᠠᠭᠰᠠᠨ ᠬᠠᠭᠤᠴᠢᠨ ᠲᠠᠷᠢᠶᠠᠯᠠᠩ ᠤᠨ ᠪᠦᠷᠬᠦᠪᠴᠢ᠂ ᠲᠠᠷᠢᠶᠠᠨ ᠡᠮ ᠬᠢᠮᠢ ᠶᠢᠨ | ᠪᠤᠷᠳᠤᠭᠤᠷ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠪᠠ ᠰᠢᠢᠳᠪᠦᠷᠢᠯᠡᠵᠦ ᠠᠰᠢᠭᠯᠠᠬᠤ | ᠡᠷᠴᠢᠮ ᠢ ᠴᠢᠩᠭᠠᠷᠠᠭᠤᠯᠤᠨ᠎ᠠ᠃ ᠡᠰᠢ ᠰᠦᠷᠡᠯ ᠳᠣᠲᠤᠷ᠎ᠠ ᠢᠳᠡᠰᠢᠨ ᠤ ᠮᠥᠭᠦ ᠳᠠᠷᠢᠵᠤ ᠪᠤᠶᠢᠵᠢᠭᠤᠯᠬᠤ ᠪᠠ | ᠮᠦᠬᠦ ᠶᠢᠨ ᠰᠢᠭᠠᠷᠤ ᠶᠢ ᠡᠷᠭᠢᠯᠳᠦᠭᠦᠯᠦᠨ ᠠᠰᠢᠭᠯᠠᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠲᠠᠷᠢᠮᠠᠯ ᠤᠨ ᠡᠰᠢ | ᠰᠦᠷᠡᠯ ᠢ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠲᠥᠷᠪᠡ︶ ᠪᠡᠯᠡᠳᠬᠡᠮᠵᠢᠲᠦ ᠲᠠᠷᠢᠶᠠᠯᠠᠩ ᠤᠨ ᠠᠵᠤ ᠦᠢᠯᠡᠰ ᠤᠨ ᠲᠤᠯᠭᠠᠭᠤᠷᠢᠯᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ ᠨᠢᠭᠡ ᠳᠤ ᠪᠡᠯᠡᠳᠬᠡᠮᠵᠢᠲᠦ ᠲᠠᠷᠢᠶᠠᠯᠠᠩ ᠳᠤ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠦᠨ᠎ᠡ᠃ ᠡᠩ ᠲᠡᠷᠢᠭᠦᠨ ᠳᠤ᠂ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠳᠤ ᠬᠡᠷᠡᠭᠯᠡᠬᠦ ᠭᠠᠵᠠᠷ | ᠰᠢᠷᠣᠶ ᠶᠢ ᠤᠷᠢᠳᠠᠪᠠᠷ ᠪᠠᠲᠤᠯᠠᠨ᠎ᠠ᠃ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠳᠡᠮᠵᠢᠵᠦ᠂ | ᠲᠠᠷᠢᠶᠠᠯᠠᠩ ᠤᠨ ᠦᠢᠯᠡᠳᠪᠦᠷᠢᠯᠡᠯ ᠳᠠᠬᠢ ᠲᠠᠷᠢᠮᠠᠯ ᠳᠠᠷᠢᠬᠤ ᠳᠤ ᠰᠢᠭᠤᠳ ᠬᠡᠷᠡᠭᠯᠡᠬᠦ ᠪᠡᠯᠡᠳᠬᠡᠮᠵᠢ ᠳᠤ ᠬᠡᠷᠡᠭᠯᠡᠬᠦ | ᠭᠠᠵᠠᠷ ᠢ ︽ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠵᠢᠷᠤᠮᠵᠢᠭᠤᠯᠤᠨ | ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠮᠡᠳᠡᠭᠳᠡᠯ︾ ︵ᠥᠪᠥᠷ ᠪᠠᠶᠢᠭᠠᠯᠢ ᠡᠬᠢ ᠪᠠᠶᠠᠯᠢᠭ ᠥᠰᠥᠭ ︹2020︺ 310 ᠳ᠋ᠤᠭᠠᠷ ᠲᠣᠭᠠᠲᠤ | ︶ ᠤᠨ ᠱᠠᠭᠠᠷᠳᠠᠯᠭ᠎ᠠ ᠶᠣᠰᠣᠭᠠᠷ ᠴᠢᠩᠭ᠎ᠠ ᠵᠢᠷᠤᠮᠯᠠᠨ ᠬᠡᠷᠡᠭᠯᠡᠨ᠎ᠡ᠂ ᠪᠡᠯᠡᠳᠭᠡᠮᠵᠢᠳᠤ ᠲᠠᠷᠢᠶᠠᠯᠠᠩ ᠨᠢ ᠲᠠᠷᠢᠶᠠᠯᠠᠩ ᠤᠨ | ᠳᠣᠲᠣᠭᠠᠳᠤ ᠪᠦᠲᠦᠴᠡ ᠶᠢᠨ ᠲᠣᠬᠢᠷᠠᠭᠤᠯᠤᠯᠲᠠ ᠳᠤ ᠬᠠᠷᠢᠶᠠᠯᠠᠭᠳᠠᠵᠤ᠂ ᠡᠩ ᠤᠨ ᠲᠠᠷᠢᠶᠠᠨ ᠭᠠᠵᠠᠷ ᠢ ᠬᠡᠷᠡᠭᠯᠡᠵᠦ | ᠪᠣᠯᠤᠨ᠎ᠠ᠂ ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠨᠠᠶᠢᠳᠠᠪᠤᠷᠢᠵᠢᠭᠤᠯᠬᠤ ᠴᠢᠬᠤᠯᠠ ᠥᠬᠡᠶ᠃ | ᠲᠠᠷᠢᠮᠠᠯ ᠤᠨ ᠪᠡᠯᠡᠳᠬᠡᠮᠵᠢ ᠨᠢ ᠲᠠᠷᠢᠶᠠᠨ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢ ᠡᠪᠳᠡᠬᠦ ᠥᠬᠡᠶ ᠪᠣᠯ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠡᠷᠡᠭᠯᠡᠵᠦ ᠪᠣᠯᠤᠨ᠎ᠠ᠂ ᠨᠥᠬᠦᠵᠦ ᠬᠤᠪᠢᠶᠠᠷᠢᠯᠠᠬᠤ ᠴᠢᠬᠤᠯᠠ ᠥᠬᠡᠶ︔ | ᠲᠠᠷᠢᠶᠠᠯᠠᠬᠤ ᠳᠠᠪᠬᠤᠷᠭ᠎ᠠ ᠶᠢ ᠡᠪᠳᠡᠭᠰᠡᠨ ᠪᠣᠯᠪᠠᠴᠤ ᠣᠷᠣᠨ ᠪᠠᠶᠢᠷᠢ ᠶᠢᠨ ᠬᠠᠷᠢᠴᠠᠭ᠎ᠠ ᠠᠴᠠ ᠪᠤᠯᠵᠤ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠠᠴᠠ ᠦᠨᠡᠬᠡᠷ ᠵᠠᠶᠢᠯᠠᠭᠤᠯᠬᠤ ᠶᠢᠨ ᠠᠷᠭ᠎ᠠ ᠦᠭᠡᠢ ᠪᠣᠯ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠡᠷᠡᠭᠯᠡᠬᠦ ᠶᠢ ᠵᠥᠪᠰᠢᠶᠡᠷᠡᠬᠦ ᠳᠡᠭᠡᠨ ᠡᠷᠬᠡᠪᠰᠢ ᠨᠥᠬᠦᠵᠦ ᠬᠤᠪᠢᠶᠠᠷᠢᠯᠠᠬᠤ ᠬᠡᠷᠡᠭᠲᠡᠶ᠃ | ᠳᠠᠷᠠᠭ᠎ᠠ ᠨᠢ᠂ ᠪᠡᠯᠡᠳᠭᠡᠮᠵᠢᠳᠤ ᠲᠠᠷᠢᠶᠠᠯᠠᠩ ᠤᠨ ᠲᠥᠷᠥᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ | ᠵᠢᠷᠤᠮᠵᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠲᠤ ᠬᠡᠯᠡᠯᠴᠡᠭᠡᠷ ᠢᠶᠠᠷ ᠳᠠᠩᠰᠠᠯᠠᠭᠤᠯᠬᠤ | ᠲᠦᠷᠢᠮ ᠢ ᠬᠡᠷᠡᠭᠵᠢᠭᠦᠯᠵᠦ᠂ ᠬᠠᠷᠢᠶ᠎ᠠ ᠲᠣᠭᠤᠷᠢᠭ ᠤᠨ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ | ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠠᠩᠰᠠᠯᠠᠭᠤᠯᠤᠨ᠎ᠠ᠃ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠤᠷᠢᠳᠠᠪᠠᠷ ᠳᠠᠩᠰᠠᠯᠠᠭᠤᠯᠵᠤ ᠳᠠᠷᠠᠭ᠎ᠠ ᠨᠢ ᠬᠡᠷᠡᠭᠯᠡᠬᠦ | ᠬᠡᠷᠡᠭᠲᠡᠶ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠵᠡᠩᠨᠡᠭᠴᠢ ᠠᠴᠠ ᠲᠣᠰᠬᠤᠨ ᠤ ᠬᠠᠮᠲᠤ | ᠨᠡᠶᠢᠲᠡ ᠲᠠᠢ ᠭᠠᠵᠠᠷ ᠬᠡᠷᠡᠭᠯᠡᠬᠦ ᠬᠡᠯᠡᠯᠴᠡᠭᠡᠷ ᠲᠣᠭᠲᠠᠭᠰᠠᠨ ᠤ ᠳᠠᠷᠠᠭ᠎ᠠ᠂ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠰᠢᠶᠠᠩ ᠪᠠᠯᠭᠠᠰᠤᠨ ᠤ ᠵᠠᠰᠠᠭ ᠤᠨ | ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠵᠦ | ᠳᠠᠩᠰᠠᠯᠠᠭᠤᠯᠤᠨ᠎ᠠ᠃ ᠰᠠᠷ᠎ᠠ ᠪᠦᠷᠢ ᠶᠢᠨ 15 ᠤ ᠡᠳᠦᠷ ᠠᠴᠠ ᠡᠮᠦᠨ᠎ᠡ᠂ ᠰᠢᠶᠠᠩ ᠪᠠᠯᠭᠠᠰᠤᠨ ᠤ ᠵᠠᠰᠠᠭ ᠤᠨ | ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ | ᠳᠠᠩᠰᠠᠯᠠᠭᠤᠯᠤᠭᠰᠠᠨ ᠪᠠᠶᠢᠳᠠᠯ ᠪᠠ ᠲᠥᠷᠥᠯ ᠵᠦᠢᠯ ᠤᠨ ᠨᠠᠷᠢᠨ ᠳᠠᠩᠰᠠ ᠪᠠᠨ ᠰᠢᠶᠠᠨ ᠤ ᠱᠠᠲᠤᠨ ᠤ ᠪᠠᠶᠢᠭᠠᠯᠢ ᠶᠢᠨ | ᠡᠬᠢ ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠴᠠᠭ | ᠲᠤᠬᠠᠶ ᠳᠤᠨᠢ ᠮᠡᠳᠡᠭᠳᠡᠬᠦ ᠬᠡᠷᠡᠭᠲᠡᠶ᠃ ᠭᠤᠷᠪᠠᠳᠤᠭᠠᠷ ᠲᠤ᠂ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠵᠦᠢᠯ ᠳᠤ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠵᠣᠬᠢᠬᠤ ᠬᠡᠮᠵᠢᠶ᠎ᠡ ᠪᠠᠷ ᠲᠣᠬᠢᠷᠠᠭᠤᠯᠤᠨ᠎ᠠ᠃ | ᠬᠡᠪᠴᠢᠶᠡᠵᠢᠭᠦᠯᠦᠭᠰᠡᠨ ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠨᠢ 1000 ᠮᠥ ᠬᠦᠷᠬᠦ ᠦᠭᠡᠢ | ᠪᠠᠶᠢᠪᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ 10 ᠮᠥ ᠶᠢᠨ ᠳᠣᠲᠣᠷ᠎ᠠ | ᠬᠢᠵᠠᠭᠠᠷᠯᠠᠨ᠎ᠠ︔ 1000 ᠮᠥ ᠠᠴᠠ 5000 ᠮᠥ ᠶᠢᠨ ᠬᠤᠭᠤᠷᠣᠨᠳᠣ ᠪᠠᠶᠢᠪᠠᠯ᠂ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ 15 ᠮᠥ ᠶᠢᠨ ᠳᠣᠲᠣᠷ᠎ᠠ ᠬᠢᠵᠠᠭᠠᠷᠯᠠᠨ᠎ᠠ︔ 5000 ᠮᠥ ᠠᠴᠠ | 10000 ᠮᠥ ᠶᠢᠨ ᠬᠤᠭᠤᠷᠣᠨᠳᠣ ᠪᠠᠶᠢᠪᠠᠯ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ | ᠳᠡᠭᠡᠷ᠎ᠡ ᠪᠠᠨ 20 ᠮᠥ ᠶᠢᠨ ᠳᠣᠲᠣᠷ᠎ᠠ ᠬᠢᠵᠠᠭᠠᠷᠯᠠᠨ᠎ᠠ︔ 10000 ᠮᠤ᠋ ᠠᠴᠠ ᠢᠯᠡᠭᠦᠦ ᠪᠠᠶᠢᠪᠠᠯ᠂ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠷᠴᠢᠮ ᠳᠡᠭᠡᠷ᠎ᠡ ᠪᠠᠨ 25 ᠮᠤ᠋ ᠶᠢᠨ ᠳᠣᠲᠣᠷ᠎ᠠ ᠬᠢᠵᠠᠭᠠᠷᠯᠠᠨ᠎ᠠ᠃ | ᠳᠥᠷᠪᠡᠳᠦᠭᠡᠷ ᠲᠤ᠂ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ | ᠲᠣᠭᠲᠠᠭᠠᠯ ᠢ ᠵᠥᠷᠢᠴᠡᠨ ᠲᠠᠷᠢᠶᠠᠨ ᠭᠠᠵᠠᠷ ᠢ ᠡᠵᠡᠯᠡᠨ ᠬᠥᠳᠡᠭᠡ ᠲᠣᠰᠬᠤᠨ ᠤ ᠠᠵᠤ ᠦᠢᠯᠡᠰ ᠤᠨ ᠪᠦᠳᠦᠭᠡᠨ | ᠪᠠᠶᠢᠭᠤᠯᠤᠯᠲᠠ ᠬᠢᠬᠦ ᠶᠢ ᠴᠢᠩᠭ᠎ᠠ ᠴᠠᠭᠠᠵᠠᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ | ᠰᠡᠷᠭᠡᠶᠢᠯᠡᠨ ᠬᠤᠷᠢᠭᠯᠠᠵᠤ᠂ ᠲᠠᠷᠢᠶᠠᠨ ᠭᠠᠵᠠᠷ ᠢ ᠪᠣᠬᠢᠷᠲᠤᠭᠤᠯᠵᠤ ᠪᠣᠯᠬᠤ ᠦᠭᠡᠢ᠃ ᠬᠥᠳᠡᠭᠡ ᠲᠣᠰᠬᠤᠨ ᠤ ᠠᠵᠤ | ᠦᠢᠯᠡᠰ ᠤᠨ ᠠᠭᠤᠰᠤᠯᠴᠠᠭᠰᠠᠨ ᠬᠥᠭᠵᠢᠯᠲᠡ ᠳᠤ ᠬᠡᠷᠡᠭᠯᠡᠬᠦ ᠭᠠᠵᠠᠷ ᠢ ᠲᠠᠸᠠᠷ ᠤᠨ ᠣᠷᠣᠨ ᠰᠠᠭᠤᠴᠠ᠂ ᠵᠤᠰᠠᠯᠠᠩ᠂ | ᠪᠠᠭᠤᠳᠠᠯ᠂ ᠨᠡᠶᠢᠲᠡ ᠶᠢᠨ ᠪᠠᠶᠢᠷᠢ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠭᠦᠷᠦᠩᠭᠡ ᠶᠢ ᠨᠡᠭᠡᠭᠡᠨ | ᠠᠰᠢᠭᠯᠠᠬᠤ ᠳᠤ ᠬᠡᠷᠡᠭᠯᠡᠵᠦ ᠪᠣᠯᠬᠤ ᠦᠭᠡᠢ᠂ ᠳᠤᠷ᠎ᠠ ᠪᠠᠷ ᠢᠶᠠᠨ ᠬᠡᠷᠡᠭᠴᠡᠭᠡ ᠶᠢ ᠨᠢ ᠬᠤᠪᠢᠷᠠᠭᠤᠯᠬᠤ ᠪᠤᠶᠤ ᠬᠡᠰᠡᠭᠯᠡᠨ | ᠰᠢᠯᠵᠢᠭᠦᠯᠦᠨ ᠬᠤᠳᠠᠯᠳᠤᠵᠤ ᠰᠢᠯᠵᠢᠭᠦᠯᠦᠨ ᠲᠦᠷᠢᠶᠡᠰᠦᠯᠡᠭᠦᠯᠵᠦ ᠪᠣᠯᠬᠤ ᠦᠭᠡᠢ᠃ ᠰᠢᠶᠠᠩ ᠪᠠᠯᠭᠠᠰᠤᠨ ᠤ | ᠵᠠᠰᠠᠭ ᠤᠨ ᠣᠷᠳᠣᠨ ︵ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ | ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯ ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠭᠤᠣᠯ ᠴᠣᠭᠴᠠ ᠮᠥᠨ᠂ ᠰᠢᠶᠠᠨ ᠤ ᠱᠠᠲᠤᠨ ᠤ ᠪᠠᠶᠢᠭᠠᠯᠢ ᠶᠢᠨ ᠡᠬᠢ | ᠪᠠᠶᠠᠯᠢᠭ ᠪᠠ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠬᠠᠮᠲᠤ ᠪᠠᠷ ᠪᠡᠯᠡᠳᠭᠡᠮᠵᠢᠳᠤ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ ︽ᠬᠦᠯᠡᠮᠵᠢᠨ ᠭᠡᠷ︾ ᠤᠨ | ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠬᠤᠶᠠᠷ ᠲᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ | ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠠᠵᠤ ᠦᠢᠯᠡᠰᠵᠢᠭᠰᠡᠨ | ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠡᠯᠡᠳᠭᠡᠮᠵᠢᠳᠤ ᠲᠠᠷᠢᠶᠠᠯᠠᠩ ᠤᠨ ᠳᠠᠪᠠᠯᠲᠠᠲᠤ | ᠮᠠᠶ᠋ᠢᠭ ᠤᠨ ᠬᠥᠭᠵᠢᠯᠲᠡ ᠶᠢ ᠬᠥᠲᠥᠯᠦᠨ ᠳᠠᠭᠠᠭᠤᠯᠤᠨ᠎ᠠ᠃ ᠨᠢᠭᠡ ᠪᠦᠯᠦᠭ ᠲᠤᠰᠬᠠᠢ ᠮᠡᠷᠭᠡᠵᠢᠭᠰᠡᠨ᠂ | ᠨᠡᠶᠢᠭᠡᠮᠴᠢᠯᠡᠭᠰᠡᠨ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠬᠤ ᠠᠵᠤ ᠠᠬᠤᠶᠢᠯᠠᠯ᠂ ᠬᠤᠷᠰᠢᠶ᠎ᠠ ᠪᠠ ᠲᠠᠷᠢᠶᠠᠯᠠᠬᠤ | ᠲᠤᠮᠤ ᠡᠷᠦᠭᠡ ᠶᠢ ᠭᠤᠣᠯᠳᠠᠯᠭ᠎ᠠ ᠲᠠᠢ ᠪᠤᠶᠢᠵᠢᠭᠤᠯᠵᠤ᠂ ᠵᠢᠮᠢᠰ ᠨᠣᠭᠤᠭ᠎ᠠ ᠶᠢᠨ ᠴᠢᠬᠢ ᠪᠤᠶᠢᠵᠢᠭᠤᠯᠬᠤ᠂ ᠨᠢᠭᠡᠳᠦᠯᠲᠡᠶ | ᠰᠡᠷᠭᠡᠶᠢᠯᠡᠨ ᠨᠢᠭᠡᠳᠦᠯᠲᠡᠢ ᠤᠰᠠᠳᠬᠠᠬᠤ᠂ ᠬᠥᠷᠥᠰᠥ ᠰᠢᠷᠣᠶ ᠶᠢ ᠬᠡᠮᠵᠢᠵᠦ ᠨᠠᠶᠢᠷᠠᠯᠭ᠎ᠠ ᠲᠠᠢ ᠪᠠᠷ ᠪᠤᠷᠳᠤᠭᠤᠷ | ᠣᠷᠣᠭᠤᠯᠬᠤ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠲᠠᠷᠢᠶᠠᠯᠠᠩ ᠤᠨ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠭᠤᠣᠯ ᠴᠣᠭᠴᠠ ᠶᠢ ᠢᠳᠡᠪᠬᠢᠲᠡᠶ ᠪᠤᠶᠢᠵᠢᠭᠤᠯᠤᠨ᠎ᠠ᠃ | ᠲᠠᠷᠢᠶᠠᠯᠠᠩ ᠤᠨ ᠪᠦᠲᠦᠭᠡᠭᠳᠡᠬᠦᠨ ᠤ ᠡᠯᠧᠺᠳ᠋ᠷᠣᠨ ᠬᠤᠳᠠᠯᠳᠤᠭ᠎ᠠ ᠵᠡᠷᠭᠡ ᠤᠳᠤ ᠦᠶ᠎ᠡ ᠶᠢᠨ ᠭᠦᠢᠯᠭᠡᠭᠡᠨ ᠤ | ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠲᠡᠮᠵᠢᠵᠤ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ | ᠴᠢᠩᠭᠠᠳᠬᠠᠨ᠎ᠠ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠢᠳᠡᠰᠢᠨ | ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠢᠳᠡᠰᠢᠨ ᠨᠣᠭᠤᠭ᠎ᠠ ᠬᠤᠸᠠᠷ ᠴᠡᠴᠡᠭ ᠰᠤᠳᠤᠯᠬᠤ ᠭᠠᠵᠠᠷ᠂ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | ᠬᠤᠷᠢᠨᠭᠡᠷ ᠰᠢᠶᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ | ᠪᠡᠯᠴᠢᠭᠡᠷ ᠤᠨ ᠰᠤᠳᠤᠯᠭᠠᠨ ᠤ ᠭᠠᠵᠠᠷ ᠤᠨ ᠰᠠᠭᠤᠷᠢᠨ ᠭᠠᠵᠠᠷ ᠵᠢᠴᠢ ᠬᠥᠬᠡᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠲᠣᠭᠤᠷᠢᠭ ᠲᠤ ᠠᠳᠠᠯᠢ ᠪᠤᠰᠤ | ᠲᠥᠷᠥᠯ ᠬᠡᠯᠪᠡᠷᠢ᠂ ᠠᠳᠠᠯᠢ ᠪᠤᠰᠤ ᠮᠡᠷᠭᠡᠵᠢᠯ ᠤᠨ ᠵᠠᠭᠪᠤᠷ ᠤᠨ ᠲᠡᠷᠢᠭᠦᠨ ᠤ ᠤᠶᠤᠨᠲᠤ ᠬᠦᠯᠡᠮᠵᠢ ᠶᠢᠨ ᠮᠡᠷᠭᠡᠵᠢᠯ ᠢ | ᠣᠷᠣᠭᠤᠯᠤᠨ ᠠᠪᠴᠢᠷᠠᠵᠤ᠂ ᠲᠤᠬᠠᠶ ᠶᠢᠨ ᠭᠠᠵᠠᠷ ᠤᠨ ᠦᠢᠯᠡᠳᠪᠦᠷᠢᠯᠡᠯ ᠳᠤ ᠳᠣᠭᠢᠷᠠᠬᠤ ᠲᠡᠷᠢᠭᠦᠨ ᠤ ᠤᠶᠤᠨᠲᠤ | ᠬᠦᠯᠡᠮᠵᠢ ᠶᠢ ᠲᠤᠷᠰᠢᠨ ᠳᠡᠯᠭᠡᠷᠡᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ ᠰᠢᠨ᠎ᠡ ᠡᠭᠦᠯᠳᠡᠷ ᠪᠠ ᠰᠢᠨ᠎ᠡ | ᠮᠡᠷᠭᠡᠵᠢᠯ ᠢ ᠣᠷᠣᠭᠤᠯᠤᠨ ᠠᠪᠴᠢᠷᠠᠵᠤ᠂ ᠵᠢᠱᠢᠶ᠎ᠡ ᠦᠵᠡᠭᠦᠯᠵᠦ᠂ ᠳᠡᠯᠭᠡᠷᠡᠭᠦᠯᠦᠨ᠂ ᠦᠢᠯᠡᠳᠪᠦᠷᠢᠯᠡᠬᠦ ᠵᠢᠭᠠᠬᠤ | ᠰᠤᠳᠤᠯᠬᠤ ᠳᠡᠯᠭᠡᠷᠡᠭᠦᠯᠬᠦ ᠲᠦᠷᠪᠡ ᠶᠢ ᠨᠢᠭᠡ ᠴᠤᠭᠴᠠᠵᠢᠭᠤᠯᠤᠭᠰᠠᠨ ᠮᠡᠷᠭᠡᠵᠢᠯ ᠢ ᠣᠷᠣᠭᠤᠯᠤᠨ ᠳᠡᠯᠭᠡᠷᠡᠭᠦᠯᠬᠦ ᠵᠢᠱᠢᠶ᠎ᠡ | ᠦᠵᠡᠭᠦᠯᠬᠦ ᠬᠠᠮᠲᠤᠷᠠᠯᠴᠠᠭᠠᠨ ᠤ ᠲᠠᠪᠴᠠᠩ ᠢ ᠬᠦᠴᠦᠯᠡᠨ ᠪᠠᠶᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ | ᠬᠠᠮᠢᠶᠠᠷᠤᠯᠲᠠ ᠶᠢᠨ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ᠂ ᠠᠳᠠᠯ ᠦᠢᠯᠡᠰ ᠴᠣᠭᠴᠠᠯᠠᠬᠤ ᠬᠡᠯᠪᠡᠷᠢ ᠶᠢᠨ | ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠤᠨ ᠴᠢᠳᠠᠪᠤᠷᠢᠲᠠᠨ ᠤ | ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠪᠡᠯᠡᠳᠭᠡᠮᠵᠢᠳᠤ ᠲᠠᠷᠢᠶᠠᠯᠠᠩ ᠤᠨ ᠬᠦᠷᠢᠶᠡᠯᠡᠩ ᠲᠣᠭᠤᠷᠢᠭ ᠨᠢᠭᠡᠪᠦᠷᠢ ᠳᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠪᠠᠶᠢᠩᠭᠤ ᠵᠢᠯᠣᠭᠤᠳᠣᠯᠭ᠎ᠠ ᠬᠢᠬᠦ ᠶᠢ ᠦᠨᠡᠨᠬᠦ ᠪᠠᠲᠤᠯᠠᠨ᠎ᠠ᠃ ᠪᠡᠯᠡᠳᠭᠡᠮᠵᠢᠳᠤ ᠲᠠᠷᠢᠶᠠᠯᠠᠩ ᠤᠨ | ᠬᠦᠷᠢᠶᠡᠯᠡᠩ ᠲᠣᠭᠤᠷᠢᠭ ᠲᠠᠬᠢ ᠡᠵᠡᠩᠨᠡᠭᠴᠢ ᠪᠠ ᠦᠢᠯᠡᠳᠪᠦᠷᠢᠯᠡᠭᠴᠢ ᠶᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ | ᠲᠠᠷᠢᠶᠠᠴᠢᠨ ᠤ ᠪᠣᠯᠪᠠᠰᠤᠷᠠᠭᠤᠯᠤᠯ ᠤᠨ ᠬᠡᠪᠴᠢᠶᠡᠨ ᠳᠤ ᠣᠷᠣᠭᠤᠯᠵᠤ᠂ ᠨᠢᠭᠡ ᠪᠦᠯᠦᠭ ᠥᠨᠳᠥᠷ ᠬᠢᠷᠢ | ᠲᠦᠪᠰᠢᠨ ᠲᠠᠢ ᠬᠠᠮᠢᠶᠠᠷᠤᠯᠲᠠ ᠶᠢᠨ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ | ᠴᠢᠳᠠᠪᠤᠷᠢᠲᠠᠨ ᠪᠠ ᠬᠥᠳᠡᠭᠡ ᠲᠣᠰᠬᠤᠨ ᠤ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠦᠨ᠎ᠡ᠃ 2025 ᠣᠨ | ᠪᠣᠯᠬᠤ ᠳᠤ ᠪᠡᠯᠡᠳᠭᠡᠮᠵᠢᠳᠤ ᠲᠠᠷᠢᠶᠠᠯᠠᠩ ᠤᠨ ᠡᠵᠡᠩᠨᠡᠯᠲᠡ ᠬᠠᠮᠢᠶᠠᠷᠤᠯᠲᠠ ᠂ ᠲᠤᠬᠠᠶᠢᠯᠠᠭᠰᠠᠨ ᠠᠵᠢᠯ ᠤᠨ | ᠮᠡᠷᠭᠡᠵᠢᠯ ᠤᠨ ᠠᠵᠢᠯᠲᠠᠨ ᠢ 1000 ᠬᠥᠮᠦᠨ ᠤᠳᠠᠭ᠎ᠠ ᠪᠣᠯᠪᠠᠰᠤᠷᠠᠭᠤᠯᠤᠨ᠎ᠠ᠃ ᠲᠦᠷᠪᠡ ᠳᠤ᠂ ᠶᠠᠰᠤ ᠴᠢᠨᠠᠷ ᠢ | ᠮᠥᠷᠳᠡᠬᠦ ᠰᠢᠰᠲ᠋ᠧᠮᠵᠢ ᠪᠣᠯᠤᠨ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ︽ᠡᠭᠦᠯᠳᠡᠷ ᠢ ᠰᠠᠶᠢᠵᠢᠷᠠᠭᠤᠯᠬᠤ᠂ ᠶᠠᠰᠤ ᠴᠢᠨᠠᠷ ᠢ | ᠳᠡᠭᠡᠭᠰᠢᠯᠡᠭᠦᠯᠬᠦ᠂ ᠲᠥᠷᠥᠯ ᠲᠡᠮᠳᠡᠭᠲᠦ ᠶᠢ ᠪᠣᠶ ᠪᠣᠯᠭᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ︾ ᠴᠢᠨᠠᠷ | ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠪᠡᠯᠡᠳᠭᠡᠮᠵᠢᠳᠤ ᠲᠠᠷᠢᠶᠠᠯᠠᠩ ᠤᠨ ᠶᠠᠰᠤ ᠴᠢᠨᠠᠷ ᠤᠨ | ᠠᠶᠤᠯᠭᠦᠢ ᠶᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠭᠤᠯᠤᠯᠲᠠ ᠶᠢᠨ ᠡᠳ᠋ | ᠪᠣᠳᠠᠰ ᠤᠨ ᠬᠠᠮᠢᠶᠠᠷᠤᠯᠲᠠ᠂ ᠦᠢᠯᠡᠳᠪᠦᠷᠢᠯᠡᠯ ᠤᠨ ᠲᠠᠩᠰᠠ ᠡᠪᠬᠡᠮᠡᠯ᠂ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ᠂ | ᠰᠠᠭᠤᠷᠢᠨ ᠭᠠᠵᠠᠷ ᠢ ᠵᠥᠪᠰᠢᠶᠡᠷᠡᠨ ᠭᠠᠷᠭᠠᠬᠤ ᠪᠠ ᠶᠠᠰᠤ ᠴᠢᠨᠠᠷ ᠢ ᠮᠥᠷᠳᠡᠬᠦ ᠵᠡᠷᠭᠡ ᠲᠦᠷᠢᠮ ᠢ ᠲᠡᠭᠦᠯᠳᠡᠷᠵᠢᠭᠦᠯᠵᠦ᠂ | ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ | ᠲᠦᠪᠰᠢᠨ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠪᠥᠬᠦ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠢ ᠶᠢᠨ ᠬᠢᠷᠢ ᠲᠦᠪᠰᠢᠨ ᠢ 98% ᠠᠴᠠ ᠥᠨᠳᠥᠷ ᠲᠤ | ᠲᠣᠭᠲᠠᠪᠤᠷᠢᠵᠢᠭᠤᠯᠤᠨ᠎ᠠ᠃ ᠪᠡᠯᠡᠳᠬᠡᠮᠵᠢᠲᠦ ᠲᠠᠷᠢᠶᠠᠯᠠᠩ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠶᠡᠬᠡᠪᠡᠷ | ᠲᠥᠯᠬᠢᠨ ᠠᠬᠢᠭᠤᠯᠤᠨ᠎ᠠ᠃ ᠪᠡᠯᠡᠳᠭᠡᠮᠵᠢᠳᠤ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠪᠥᠬᠦ ᠶᠠᠪᠤᠴᠠ ᠳᠤ ᠶᠠᠰᠤ | ᠴᠢᠨᠠᠷ ᠢ ᠡᠵᠡᠮᠳᠡᠬᠦ ᠮᠡᠷᠭᠡᠵᠢᠯ ᠤᠨ ᠰᠢᠰᠲ᠋ᠧᠮᠵᠢ ᠶᠢ ᠡᠩ ᠲᠡᠷᠢᠭᠦᠨ ᠳᠤ ᠬᠡᠷᠡᠭᠵᠢᠭᠦᠯᠵᠦ᠂ ᠡᠩ ᠲᠡᠷᠢᠭᠦᠨ ᠳᠤ ︽ | ᠬᠤᠶᠠᠷ ᠪᠦᠲᠦᠭᠡᠭᠳᠡᠬᠦᠨ ᠨᠢᠭᠡ ᠲᠡᠮᠳᠡᠭ ︵ᠪᠣᠬᠢᠷᠲᠤᠯ ᠥᠬᠡᠶ ᠢᠳᠡᠭᠡᠨ᠂ ᠣᠷᠭᠠᠨᠢᠭ ᠢᠳᠡᠭᠡᠨ᠂ ᠭᠠᠵᠠᠷ ᠵᠦᠶ ᠶᠢᠨ | ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ︶︾ ᠲᠠᠢ ᠵᠢᠴᠢ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ᠂ ᠣᠨᠴᠠ ᠴᠢᠨᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠵᠦ᠂ ᠭᠡᠷᠡᠴᠢᠯᠡᠯ | ᠠᠪᠴᠤ᠂ ᠲᠡᠮᠳᠡᠭ ᠬᠡᠷᠡᠭᠯᠡᠭᠰᠡᠨ ᠠᠵᠤ ᠠᠬᠤᠶᠢᠯᠠᠯ ᠪᠣᠯᠣᠨ ᠪᠤᠶᠢᠵᠢᠵᠤ᠂ ᠭᠤᠶᠤᠴᠢᠯᠠᠨ ᠮᠡᠳᠡᠭᠦᠯᠦᠭᠡᠳ ᠠᠮᠵᠢᠯᠲᠠ | ᠣᠯᠤᠭᠰᠠᠨ ᠪᠡᠯᠡᠳᠭᠡᠮᠵᠢᠳᠤ ᠲᠠᠷᠢᠶᠠᠯᠠᠩ ᠤᠨ ᠠᠵᠤ ᠠᠬᠤᠶᠢᠯᠠᠯ ᠢ ︽ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ | ᠬᠡᠯᠪᠡᠷᠢ ᠪᠠᠷ ᠱᠠᠩᠨᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠳᠠ ᠶᠢᠨ ᠵᠠᠰᠠᠭ ᠤᠨ | ᠣᠷᠳᠣᠨ ᠠᠴᠠ ᠪᠡᠯᠡᠳᠭᠡᠮᠵᠢᠳᠤ ᠲᠠᠷᠢᠶᠠᠯᠠᠩ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ | ᠪᠣᠳᠠᠲᠠᠶ ᠬᠠᠷᠢᠭᠤᠴᠠᠵᠤ᠂ ᠭᠡᠰᠢᠭᠦᠳ ᠢ ᠨᠢ ᠬᠥᠭᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠢᠶᠠᠷ ᠪᠦᠷᠢᠯᠳᠦᠭᠦᠯᠵᠦ᠂ ᠠᠵᠢᠯ ᠤᠨ ᠳᠤᠮᠳᠠ ᠲᠣᠬᠢᠶᠠᠯᠳᠤᠭᠰᠠᠨ ᠡᠯ᠎ᠡ ᠲᠦᠷᠦᠯ ᠤᠨ ᠬᠦᠴᠢᠷᠳᠡᠯ ᠪᠠ | ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠢᠳᠪᠦᠷᠢᠯᠡᠨ᠎ᠡ᠃ ᠠᠮᠢ ᠠᠬᠤᠶ ᠶᠢ ᠣᠷᠢᠳᠠᠪᠡᠷ | ᠪᠣᠳᠤᠯᠬᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠲᠠᠢ ᠭᠦᠢᠴᠡᠳ ᠤᠶᠠᠯᠳᠤᠭᠤᠯᠤᠨ᠂ ᠬᠡᠷᠡᠭᠵᠢᠭᠦᠯᠬᠦ | ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠱᠠᠲᠤ ᠦᠶ᠎ᠡ᠂ ᠡᠯ᠎ᠡ ᠭᠤᠭᠴᠤᠭ᠎ᠠ ᠶᠢᠨ ᠠᠵᠢᠯ ᠤᠨ | ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠰᠢᠨᠵᠢᠯᠡᠬᠦ ᠤᠬᠠᠭᠠᠨ ᠤ ᠰᠣᠳᠤᠯᠭᠠᠨ ᠤ ᠨᠢᠭᠡᠴᠡ ᠯᠦᠭᠡ ᠶᠢᠨ ᠬᠠᠷᠢᠯᠴᠠᠭ᠎ᠠ ᠪᠠᠨ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠰᠢᠶᠠᠨ ᠲᠣᠭᠤᠷᠢᠭ ᠭᠤᠷᠪᠠᠨ ᠱᠠᠲᠤᠨ ᠤ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠨᠡᠪᠲᠡᠷᠡᠯᠴᠡᠨ ᠵᠣᠯᠭᠠᠭᠤᠯᠵᠤ᠂ ᠮᠡᠳᠡᠭᠡ ᠵᠠᠩᠭᠢ ᠪᠠᠨ | ᠬᠠᠷᠢᠯᠴᠠᠨ ᠬᠤᠪᠢᠶᠠᠯᠴᠠᠵᠤ᠂ ᠬᠠᠷᠢᠯᠴᠠᠨ ᠳᠡᠮᠵᠢᠵᠦ᠂ ᠨᠡᠶᠢᠯᠡᠯ ᠬᠦᠴᠦᠨ ᠢ ᠪᠦᠷᠢᠯᠳᠦᠭᠦᠯᠦᠨ᠂ ᠮᠠᠨ ᠤ ᠬᠤᠲᠠ ᠶᠢᠨ | ᠪᠡᠯᠡᠳᠭᠡᠮᠵᠢᠳᠤ ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡ᠂ ᠳᠠᠭᠠᠳᠬᠠᠯ ᠤᠨ ᠳᠡᠮᠵᠢᠯᠭᠡ ᠶᠢ | ᠴᠢᠩᠭᠠᠳᠬᠠᠨ᠎ᠠ᠃ ᠬᠤᠳᠠ ᠶᠢᠨ ᠡᠳ᠋ ᠤᠨ ᠵᠠᠰᠠᠭ ᠠᠴᠠ 2021 ᠣᠨ ᠠᠴᠠ ᠡᠬᠢᠯᠡᠨ ᠲᠠᠪᠤᠨ ᠵᠢᠯ ᠳᠠᠷᠠᠭᠠᠯᠠᠨ ᠵᠢᠯ | ᠪᠦᠷᠢ 5000 ᠲᠦᠮᠡᠨ ᠲᠥᠭᠦᠷᠢᠭ ᠠᠴᠠ ᠳᠣᠣᠷ᠎ᠠ ᠦᠬᠡᠢ ᠪᠡᠯᠡ ᠮᠥᠩᠭᠦ ᠣᠷᠣᠭᠤᠯᠵᠤ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠢ ᠳᠡᠮᠵᠢᠨ᠎ᠡ᠃ ︽ᠬᠥᠬᠡᠬᠤᠲᠠ ᠶᠢᠨ ᠢᠳᠡᠰᠢᠨ ᠨᠣᠭᠤᠭᠠᠨ ᠤ ᠦᠢᠯᠡᠳᠪᠦᠷᠢᠯᠡᠯ ᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠬᠥᠬᠡᠬᠤᠲᠠ ᠵᠠᠰᠠᠭ ᠲᠠᠷᠬᠠᠭᠠᠭᠰᠠᠨ ︹2020︺ | 29 ᠳ᠋ᠦ᠋ᠭᠡᠷ ᠲᠣᠭᠠᠲᠤ︶ ᠢ ᠨᠠᠶᠢᠳᠠᠪᠤᠷᠢᠵᠢᠭᠤᠯᠵᠤ᠂ ᠨᠥᠬᠦᠪᠥᠷᠢ ᠪᠠᠯᠠ ᠮᠥᠩᠭᠦ ᠶᠢ ᠴᠠᠭ ᠲᠤᠬᠠᠶ ᠳᠤᠨᠢ᠂ ᠲᠤᠭ᠎ᠠ | ᠶᠣᠰᠣᠭᠠᠷ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠥᠪᠡᠷ ᠤᠨ | ᠪᠠᠶᠢᠳᠠᠯ ᠢᠶᠠᠨ ᠦᠨᠳᠦᠰᠦᠯᠡᠨ ᠵᠢᠯ ᠪᠦᠷᠢ 1000 ᠲᠦᠮᠡᠨ ᠲᠥᠭᠦᠷᠢᠭ ᠠᠴᠠ ᠳᠣᠣᠷ᠎ᠠ ᠥᠬᠡᠶ ᠪᠠᠯᠠ ᠮᠥᠩᠭᠦ ᠶᠢᠨ | ᠳᠡᠮᠵᠢᠯᠭᠡ ᠶᠢᠨ ᠡᠷᠴᠢᠮ ᠢᠶᠠᠨ ᠳᠤᠷᠠᠳᠴᠤ᠂ ᠠᠳᠠᠯᠢᠬᠠᠨ ᠢᠶᠠᠷ ᠦᠷᠭᠦᠯᠵᠢᠯᠡᠨ ᠲᠠᠪᠤᠨ ᠵᠢᠯ ᠳᠡᠮᠵᠢᠬᠦ ᠬᠡᠷᠡᠭᠲᠡᠶ᠃ | ᠬᠤᠸᠠᠷ ᠴᠡᠴᠡᠭ᠂ ᠭᠤᠸ᠎ᠠ ᠵᠢᠮᠢᠰ ᠢᠶᠠᠷ ᠭᠤᠣᠯ ᠠᠭᠤᠯᠭ᠎ᠠ ᠪᠣᠯᠭᠠᠭᠰᠠᠨ ᠬᠤᠳᠠ ᠶᠢᠨ ᠤᠳᠤ ᠦᠶ᠎ᠡ ᠶᠢᠨ ᠰᠡᠯᠡᠭᠦᠴᠡᠯ | ᠵᠤᠭᠠᠴᠠᠯ ᠤᠨ ᠲᠠᠷᠢᠶᠠᠯᠠᠩ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠨ ᠨᠡᠶᠢᠲᠡᠯᠡᠨ᠎ᠡ᠃ | ᠮᠥᠩᠭᠦᠨ ᠭᠦᠢᠯᠭᠡᠭᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠳᠠᠭᠠᠳᠬᠠᠯ ᠵᠡᠷᠭᠡ ᠰᠠᠯᠠᠭ᠎ᠠ | ᠮᠥᠴᠢᠷ ᠤᠳ ᠤᠨ ᠬᠠᠷᠢᠯᠴᠠᠨ ᠬᠠᠮᠵᠢᠯᠴᠠᠭᠰᠠᠨ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠠᠩᠬᠢ | ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ ᠵᠣᠯᠭᠠᠭᠤᠯᠬᠤ ᠶᠢ ᠴᠢᠩᠭᠠᠳᠬᠠᠨ᠎ᠠ᠃ ᠬᠦᠯᠡᠮᠵᠢ ᠶᠢᠨ ᠲᠣᠮᠣ ᠫᠧᠩ ᠢ | ᠬᠠᠤᠯᠢ ᠲᠣᠭᠲᠠᠭᠠᠯ ᠳᠤ ᠨᠡᠶᠢᠴᠡᠭᠦᠯᠦᠨ ᠪᠠᠷᠢᠴᠠᠭᠠᠯᠠᠵᠤ ᠪᠠᠯᠠ ᠲᠣᠬᠢᠷᠠᠭᠤᠯᠬᠤ ᠶᠢ ᠵᠣᠷᠢᠭᠵᠢᠭᠤᠯᠤᠨ᠎ᠠ᠃ | ᠲᠠᠷᠢᠶᠠᠯᠠᠩ ᠤᠨ ᠳᠠᠭᠠᠳᠬᠠᠯ ᠤᠨ ᠲᠤᠯᠭᠠᠭᠤᠷᠢᠯᠠᠯ ᠢ ᠴᠢᠩᠭᠠᠳᠬᠠᠵᠤ᠂ ᠪᠡᠯᠡᠳᠭᠡᠮᠵᠢᠳᠤ ᠲᠠᠷᠢᠶᠠᠯᠠᠩ ᠤᠨ | ᠳᠠᠭᠠᠳᠬᠠᠯ ᠢ ᠲᠦᠷᠦ ᠶᠢᠨ ᠪᠤᠳᠤᠯᠭ᠎ᠠ ᠶᠢᠨ ᠴᠢᠨᠠᠷᠲᠠᠶ ᠳᠠᠭᠠᠳᠬᠠᠯ ᠤᠨ ᠨᠥᠬᠦᠪᠥᠷᠢ ᠶᠢᠨ ᠬᠡᠪᠴᠢᠶᠡᠨ ᠳᠤ | ᠣᠷᠣᠭᠤᠯᠵᠤ᠂ ᠪᠡᠯᠡᠳᠭᠡᠮᠵᠢᠳᠤ ᠲᠠᠷᠢᠶᠠᠯᠠᠩ ᠤᠨ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠦᠨ ᠳᠡᠯᠭᠡᠷᠡᠭᠦᠯᠦᠨ᠎ᠡ᠃ | | ︵ᠭᠤᠷᠪᠠ︶ ᠮᠡᠳᠡᠭᠡ ᠵᠠᠩᠭᠢ ᠶᠢᠨ ᠮᠡᠷᠭᠡᠵᠢᠯ ᠤᠨ ᠳᠡᠮᠵᠢᠯᠭᠡ ᠶᠢ ᠴᠢᠩᠭᠠᠷᠠᠭᠤᠯᠤᠨ᠎ᠠ᠃ ᠬᠥᠬᠡᠬᠤᠲᠠ ᠶᠢᠨ ︽ | ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠤᠨ ᠲᠡᠭᠦᠯᠳᠡᠷᠵᠢᠭᠦᠯᠵᠦ᠂ ︽ᠬᠤᠯᠢᠰᠢᠨ ᠢᠳᠡᠰᠢ︾ ᠶᠢᠨ ᠪᠦᠲᠦᠭᠡᠭᠳᠡᠬᠦᠨ ᠤ ᠮᠡᠳᠡᠭᠡ ᠵᠠᠩᠭᠢ ᠶᠢ ᠬᠢᠨᠠᠨ | ᠠᠵᠢᠭᠯᠠᠬᠤ᠂ ᠪᠦᠲᠦᠭᠡᠭᠳᠡᠬᠦᠨ ᠢ ᠮᠥᠷᠳᠡᠬᠦ᠂ ᠬᠠᠩᠭᠠᠨ ᠪᠣᠷᠣᠯᠠᠭᠤᠯᠭ᠎ᠠ ᠶᠢᠨ ᠰᠡᠷᠡᠮᠵᠢᠯᠡᠭᠦᠯᠬᠦ ᠰᠢᠰᠲ᠋ᠧᠮᠵᠢ ᠶᠢ | ᠪᠠᠶᠢᠭᠤᠯᠤᠨ᠂ ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ | ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠪᠠ ᠪᠣᠷᠣᠯᠠᠭᠤᠯᠭ᠎ᠠ ᠳᠤ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠵᠤ᠂ ᠲᠠᠷᠢᠶᠠᠴᠢᠨ ᠡᠷᠦᠬᠡ ᠶᠢ ᠵᠢᠯᠣᠭᠤᠳᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠪᠠᠶᠢᠳᠠᠯ ᠢ | ᠣᠨᠣᠪᠴᠢᠲᠠᠶ ᠡᠵᠡᠮᠰᠢᠵᠦ᠂ ᠰᠣᠬᠤᠷ ᠪᠠᠯᠠᠶ ᠪᠠᠷ ᠳᠠᠷᠢᠬᠤ ᠶᠢ ᠪᠠᠭᠠᠰᠬᠠᠨ᠂ ᠲᠠᠷᠢᠶᠠᠯᠠᠩ ᠤᠨ ᠭᠠᠷᠤᠯᠲᠠ ᠪᠠ ᠦᠷ᠎ᠡ | ᠠᠰᠢᠭ ᠢ ᠳᠡᠭᠡᠭᠰᠢᠯᠡᠭᠦᠯᠦᠨ᠎ᠡ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠶᠢᠨ | ᠮᠡᠷᠭᠡᠵᠢᠯ ᠢ ᠢᠳᠡᠪᠬᠢᠲᠡᠶ ᠠᠰᠢᠭᠯᠠᠨ᠂ ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠳᠤ ᠴᠠᠭ ᠠᠭᠤᠷ᠂ | ᠬᠥᠷᠥᠰᠥ ᠰᠢᠷᠣᠶ᠂ ᠤᠰᠤ᠂ ᠳᠤᠯᠠᠭᠠᠨ ᠤ ᠬᠡᠮᠵᠢᠶ᠎ᠡ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠬᠦ ᠪᠠ | ᠮᠡᠷᠭᠡᠵᠢᠯ ᠤᠨ ᠵᠢᠯᠣᠭᠤᠳᠣᠯᠭ᠎ᠠ ᠬᠢᠨ᠎ᠡ᠃ | ︵ᠳᠥᠷᠪᠡ︶ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ᠎ᠠ᠃ ᠪᠡᠯᠡᠳᠬᠡᠮᠵᠢᠲᠦ | ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠶᠢ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠵᠤ᠂ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠤᠨ᠂ | ᠰᠢᠯᠭᠠᠨ ᠦᠨᠡᠯᠡᠬᠦ ᠠᠷᠭ᠎ᠠ ᠶᠢ ᠲᠣᠭᠲᠠᠭᠠᠵᠤ᠂ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢ ᠨᠠᠷᠢᠯᠢᠬᠵᠢᠭᠤᠯᠤᠨ᠂ | ᠡᠭᠦᠷᠭᠡ ᠬᠠᠷᠠᠯᠲᠠ ᠶᠢ ᠬᠤᠰᠢᠭᠤ ᠰᠢᠶᠠᠨ ᠲᠣᠭᠤᠷᠢᠭ ᠵᠢᠴᠢ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠳᠤ | ᠨᠠᠶᠢᠳᠠᠪᠤᠷᠢᠵᠢᠭᠤᠯᠵᠤ᠂ ᠬᠢᠨᠠᠨ ᠵᠢᠯᠣᠭᠤᠳᠴᠤ ᠪᠠᠶᠢᠴᠠᠭᠠᠬᠤ ᠠᠵᠢᠯ ᠢ ᠴᠢᠩᠭᠠᠳᠬᠠᠨ᠂ ᠨᠠᠶᠢᠳᠠᠪᠤᠷᠢᠵᠢᠭᠤᠯᠤᠯᠲᠠ ᠶᠢ | ᠴᠢᠩᠭ᠎ᠠ ᠠᠳᠬᠤᠨ᠎ᠠ᠃ | ︵ᠲᠠᠪᠤ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠪᠡᠯᠡᠳᠭᠡᠮᠵᠢᠳᠤ ᠲᠠᠷᠢᠶᠠᠯᠠᠩ ᠤᠨ | ᠬᠥᠭᠵᠢᠯᠲᠡ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ ᠮᠡᠳᠡᠭᠡᠯᠡᠬᠦ ᠶᠢ ᠴᠢᠩᠭᠠᠳᠬᠠᠵᠤ᠂ ︽ᠪᠢᠴᠢᠯ | ᠪᠦᠷᠭᠡ᠂ ᠸᠢᠴᠠᠲ᠂ ᠨᠢᠭᠡ ᠦᠵᠦᠭᠦᠷ︾ ᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠰᠠᠶᠢᠲᠤᠷ ᠬᠡᠷᠡᠭᠯᠡᠵᠦ᠂ | ᠨᠡᠶᠢᠭᠡᠮ ᠤᠨ ᠡᠯ᠎ᠡ ᠡᠲᠡᠭᠡᠳ ᠤᠨ ᠬᠢᠨ ᠢ ᠬᠥᠲᠥᠯᠥᠨ ᠵᠢᠯᠣᠭᠤᠳᠴᠤ ᠬᠤᠯᠪᠣᠭᠳᠠᠯ ᠪᠦᠬᠦᠢ ᠠᠵᠢᠯ ᠢ ᠠᠩᠬᠠᠷᠬᠤ ᠪᠠ | ᠲᠡᠭᠦᠨ ᠳᠤ ᠣᠷᠣᠯᠴᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠤ ᠬᠠᠮᠲᠤ ᠪᠠᠷ ᠠᠷᠭ᠎ᠠ ᠤᠬᠠᠭᠠᠨ ᠭᠠᠷᠭᠠᠵᠤ | ᠬᠠᠮᠲᠤ ᠪᠠᠷ ᠴᠢᠷᠮᠠᠶᠢᠵᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ | | | |