ᠮᠤᠬᠤᠷ ᠰᠡᠴᠡᠨ ᠡᠪᠡᠰᠦ
ᠨᠡᠶᠢᠲᠡᠯᠡᠭᠰᠡᠨ ᠴᠠᠭ᠄
2022/3/22
     ᠬᠤᠶᠠᠷ ᠨᠠᠰᠤᠲᠤ ᠡᠪᠡᠰᠦᠯᠢᠭ ᠭᠠᠩᠰᠠᠭ ᠤᠷᠭᠤᠮᠠᠯ᠃ ᠤᠯᠠᠩᠬᠢ ᠳᠠᠭᠠᠨ ᠠᠭᠤᠯᠠᠷᠬᠠᠭ ᠭᠠᠵᠠᠷ᠂ ᠲᠤᠮᠤ ᠳᠤᠪᠤᠷᠴᠠᠭ᠂ ᠴᠢᠯᠠᠭᠤᠯᠢᠭ ᠬᠦᠲᠦᠯ ᠭᠠᠵᠠᠷ ᠵᠢᠴᠢ ᠲᠡᠭᠰᠢᠬᠡᠨ ᠡᠯᠡᠰᠦᠷᠬᠡᠭ ᠭᠠᠵᠠᠷ ᠢᠶᠠᠷ ᠤᠷᠭᠤᠨ᠎ᠠ᠃ ᠦᠷᠭᠦᠯᠵᠢ ᠲᠠᠯ᠎ᠠ ᠨᠤᠲᠤᠭ ᠵᠢᠴᠢ ᠨᠤᠭᠤ ᠪᠡᠯᠴᠢᠭᠡᠷ ᠤᠨ ᠬᠤᠴᠢᠯᠭ᠎ᠠ ᠳᠤ ᠲᠠᠭᠠᠯᠳᠤᠬᠤ ᠤᠷᠭᠤᠮᠠᠯ ᠢᠶᠠᠷ ᠢᠯᠡᠷᠡᠳᠡᠭ᠃ ᠮᠠᠨ ᠤ ᠤᠷᠤᠨ ᠤ ᠬᠢᠩᠭᠠᠨ ᠤ ᠬᠤᠶᠢᠲᠦ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠳᠠᠪᠠᠭᠠᠨ ᠤ ᠵᠡᠬᠦᠨ ᠲᠤᠭᠤᠷᠢᠭ᠂ ᠬᠢᠩᠭᠠᠨ ᠤ ᠡᠮᠦᠨᠡᠲᠦ ᠬᠡᠰᠡᠭ᠂ ᠶᠠᠨᠱᠠᠨ ᠠᠭᠤᠯᠠᠨ ᠤ ᠬᠤᠶᠢᠲᠦ ᠬᠡᠰᠡᠭ᠂ ᠤᠯᠠᠭᠠᠨᠬᠠᠳᠠ ᠶᠢᠨ ᠲᠤᠪᠤ ᠲᠤᠪᠤᠷᠴᠠᠭ᠂ ᠬᠦᠯᠦᠨ ᠪᠤᠶᠢᠷ— ᠰᠢᠯᠢ ᠶᠢᠨ ᠭᠤᠤᠯ ᠤᠨ ᠦᠨᠳᠦᠷᠯᠢᠭ ᠤᠨ ᠲᠤᠮᠳᠠ ᠬᠡᠰᠡᠭ ᠪᠠ ᠵᠡᠬᠦᠨ ᠬᠡᠰᠡᠭ᠂ ᠤᠯᠠᠭᠠᠨᠴᠠᠪ ᠲᠤᠭᠤᠷᠢᠭ ᠤᠨ ᠡᠮᠦᠨᠡᠲᠦ ᠬᠡᠰᠡᠭ ᠮᠤᠨᠢ ᠠᠭᠤᠯᠠ ᠶᠢᠨ ᠲᠤᠭᠤᠷᠢᠭ ᠢᠶᠠᠷ ᠲᠠᠷᠬᠠᠳᠠᠭ᠃ ᠮᠠᠨ ᠤ ᠤᠯᠤᠰ ᠤᠨ ᠵᠡᠬᠦᠨ ᠬᠤᠶᠢᠲᠦ ᠤᠷᠤᠨ᠂ ᠤᠮᠠᠷᠠᠲᠤ ᠤᠷᠤᠨ ᠢᠶᠠᠷ ᠳᠠᠷᠬᠠᠨ᠂ ᠮᠤᠩᠭᠤᠯ ᠤᠯᠤᠰ᠂ ᠤᠷᠤᠰ ᠤᠨ ᠰᠢᠪᠧᠷᠢᠶ᠎ᠠ ᠵᠢᠴᠢ ᠠᠯᠤᠰ ᠲᠤᠷᠤᠨᠠᠲᠦ ᠪᠠᠷ ᠪᠠᠰᠠ ᠲᠠᠷᠬᠠᠵᠤ ᠪᠠᠶᠢᠳᠠᠭ᠃ ᠰᠢᠭᠦᠰᠦᠯᠢᠭ ᠲᠡᠵᠢᠭᠡᠯᠲᠦ ᠤᠷᠭᠤᠮᠠᠯ᠃ ᠪᠦᠬᠦᠯᠢ ᠡᠪᠡᠰᠦ ᠨᠢ ᠡᠮ ᠳᠤ ᠤᠷᠤᠵᠦ᠂ ᠴᠢᠰᠦᠨ ᠤ ᠡᠷᠭᠢᠯᠲᠠ ᠶᠢ ᠰᠠᠶᠢᠵᠢᠷᠠᠭᠤᠯᠬᠤ᠂ ᠴᠢᠰᠤ ᠲᠤᠭᠲᠠᠭᠠᠬᠤ᠂ ᠬᠠᠳᠠᠭᠢ ᠵᠢᠴᠢ ᠰᠢᠲᠦ ᠬᠠᠪᠤᠳᠴᠤ ᠡᠪᠡᠳᠬᠦ ᠶᠢ ᠵᠤᠭᠰᠤᠭᠠᠬᠤ ᠦᠢᠯᠡᠳᠦᠯ ᠲᠠᠢ᠃ ᠨᠠᠪᠴᠢᠨ ᠤᠭᠤᠷᠠᠭ ᠢ ᠨᠢ ᠢᠳᠡᠵᠦ ᠪᠤᠯᠬᠤ ᠮᠦᠷᠳᠡᠭᠡᠨ ᠪᠠᠰᠠ ᠡᠪᠡᠰᠦᠨ ᠬᠦᠴᠢᠯ ᠭᠠᠷᠭᠠᠨ ᠠᠪᠴᠤ ᠪᠤᠯᠤᠨ᠎ᠠ᠃
     ᠢᠷᠠᠯᠲᠠ᠄  ︽ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠢ︾
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号