ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠭᠡᠵᠢᠩ ᠳᠤ ᠡᠬᠢᠯᠡᠪᠡ
ᠨᠡᠶᠢᠲᠡᠯᠡᠭᠰᠡᠨ ᠴᠠᠭ᠄
2022/3/9
     ᠰᠢ ᠶᠢᠨ ᠫᠢᠩ ᠸᠠᠩ ᠶᠠᠩ ᠸᠠᠩ ᠬᠤ᠋ ᠨᠢᠩ ᠵᠤᠤ ᠯᠧ ᠵᠶᠢ ᠬᠠᠨ ᠵᠧᠩ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ      ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠵᠦ ᠯᠢ ᠵᠠᠨ ᠱᠤ᠋ ᠬᠤᠷᠠᠯ ᠢ ᠡᠷᠬᠢᠯᠡᠪᠡ      ᠣᠷᠣᠨ ᠨᠤᠲᠤᠭ ᠤᠨ ᠵᠣᠬᠢᠶᠠᠨ ᠪᠠᠶᠢᠭᠤᠯᠤᠯᠳᠠ ᠶᠢᠨ ᠬᠠᠤᠯᠢ ᠳᠤ ᠵᠠᠰᠠᠪᠤᠷᠢ ᠣᠷᠣᠭᠤᠯᠬᠤ ᠳᠤᠬᠠᠢ ᠲᠥᠰᠦᠯ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠪᠣᠯᠤᠨ ᠰᠣᠩᠭᠤᠭᠤᠯᠢ ᠶᠢᠨ ᠠᠰᠠᠭᠤᠳᠠᠯ ᠤᠨ ᠲᠣᠭᠲᠠᠭᠠᠯ ᠤᠨ ᠲᠤᠬᠠᠢ ᠲᠥᠰᠦᠯ ᠤᠨ ᠲᠣᠳᠣᠷᠬᠠᠶᠢᠯᠠᠯᠲᠠ ᠵᠡᠷᠭᠡ ᠶᠢ ᠰᠣᠨᠣᠰᠪᠠ      ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5᠎ ᠤ ᠴᠠᠬᠢᠯᠭᠠᠨ ᠮᠡᠳᠡᠭᠡ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ 5᠎ ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 3000 ᠰᠢᠬᠠᠮ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠶᠡᠭᠡ ᠬᠤᠷᠠᠯ ᠳᠤ ᠣᠷᠣᠯᠴᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠨ᠎ᠡ᠃
     3 ᠰᠠᠷ᠎ᠠ ᠶᠢᠨ 5᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠨᠠᠮ ᠪᠠ ᠲᠦᠷᠦ ᠶᠢᠨ ᠤᠳᠤᠷᠢᠳᠬᠤ ᠬᠥᠮᠦᠨ ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ ᠸᠠᠩ ᠴᠢ ᠱᠠᠨ ᠨᠠᠷ ᠬᠤᠷᠠᠯ ᠳᠤ ᠣᠷᠣᠯᠴᠠᠵᠤ᠂ ᠯᠢ ᠵᠠᠨ ᠱᠤ᠋ ᠬᠤᠷᠠᠯ ᠢ ᠡᠷᠬᠢᠯᠡᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ
    3 ᠰᠠᠷ᠎ᠠ ᠶᠢᠨ 5᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠲᠡᠬᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠣᠣ ᠳ᠋ᠠ ᠸᠧᠶ ᠰᠡᠭᠦᠳᠡᠷᠯᠡᠪᠡ      ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠦᠨ ᠤ ᠶᠣᠰᠣᠯᠠᠯ ᠤᠨ ᠲᠠᠩᠬᠢᠮ ᠳᠤ ᠠᠭᠤᠷ ᠠᠮᠢᠰᠬᠤᠯ ᠥᠪᠡᠲᠡᠭᠰᠢ ᠶᠡᠭᠡ ᠪᠥᠭᠡᠳ ᠬᠥᠷ ᠬᠥᠭᠵᠢᠶᠡᠨ ᠢᠶᠠᠷ ᠪᠢᠯᠬᠠᠵᠤ᠂ ᠲᠡᠷᠢᠭᠦᠯᠡᠭᠴᠢᠳ ᠤᠨ ᠲᠠᠶᠢᠰᠠᠨ ᠤ ᠬᠥᠰᠢᠭᠡ ᠶᠢᠨ ᠭᠤᠤᠯ ᠳᠤᠮᠳᠠ ᠡᠯᠬᠦᠭᠳᠡᠭᠰᠡᠨ ᠤᠯᠤᠰ ᠤᠨ ᠰᠦᠯᠳᠡ ᠬᠢᠭᠡᠳ ᠬᠤᠷᠴᠠ ᠤᠯᠠᠭᠠᠨ ᠲᠤᠭ ᠦᠩᠬᠡ ᠢᠯᠭᠠᠷᠠᠨ ᠬᠡᠷᠡᠯ ᠳᠠᠳᠠᠨ ᠬᠢᠯᠠᠯᠵᠠᠨ᠎ᠠ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠵᠠᠨ ᠱᠤ᠋ ᠬᠤᠷᠠᠯ ᠢ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠴᠧᠨ᠂ ᠼᠤᠤ ᠵᠢᠶᠠᠨ ᠮᠢᠩ᠂ ᠵᠠᠩ ᠴᠦᠨ ᠰᠢᠶᠠᠨ᠂ ᠱᠧᠨ ᠶᠤᠸᠠᠢ ᠶᠤᠸᠠᠢ᠂ ᠵᠶᠢ ᠪᠢᠩ ᠰᠢᠤᠸᠠᠨ᠂ ᠡ᠋ᠶᠢᠯᠢᠭᠧᠩ · ᠢᠮᠢᠩᠪᠠᠭ᠋ᠠᠢ᠂ ᠸᠠᠨ ᠧ ᠰᠢᠶᠠᠩ᠂ ᠴᠧᠨ ᠵᠦ᠂ ᠸᠠᠩ ᠳ᠋ᠦᠩ ᠮᠢᠩ᠂ ᠪᠠᠳᠮᠠᠫᠧᠷᠡᠩᠯᠠᠢ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠡᠤ ᠸᠧᠢ ᠬᠤᠸᠠ᠂ ᠶᠠᠩ ᠵᠧᠨ ᠡᠤ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃
     3 ᠰᠠᠷ᠎ᠠ ᠶᠢᠨ 5᠎ ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠵᠠᠨ ᠱᠤ᠋ ᠬᠤᠷᠠᠯ ᠢ ᠡᠷᠬᠢᠯᠡᠪᠡ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ     ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ ᠸᠠᠩ ᠴᠢ ᠱᠠᠨ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃      ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠤᠷᠤᠯᠴᠠᠬᠤ ᠶᠤᠰᠤᠳᠠᠢ ᠲᠥᠯᠥᠭᠡᠯᠡᠭᠴᠢ 2951 ᠬᠦᠮᠦᠨ ᠪᠤᠢ᠃ 5᠎ ᠤ ᠦᠳᠡ ᠶᠢᠨ ᠡᠮᠦᠨᠡᠬᠢ ᠬᠤᠷᠠᠯ ᠳᠤ 2790 ᠬᠥᠮᠦᠨ ᠣᠷᠣᠯᠴᠠᠵᠤ᠂ 161 ᠬᠥᠮᠦᠨ ᠣᠷᠣᠯᠴᠠᠭᠰᠠᠨ ᠥᠬᠡᠶ᠂ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃      ᠦᠳᠡ ᠶᠢᠨ ᠡᠮᠦᠨᠡᠬᠢ 9 ᠴᠠᠭ ᠲᠤ ᠯᠢ ᠵᠠᠨ ᠱᠤ᠋᠄ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠯ᠎ᠡ ᠭᠡᠵᠦ ᠨᠡᠶᠢᠲᠡᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠬᠢᠨᠠᠳᠠᠯ᠎ᠠ ᠳᠠᠭᠤᠯᠠᠪᠠ᠃      ᠬᠤᠷᠠᠯ ᠤᠨ ᠵᠥᠪᠯᠡᠬᠦ ᠵᠦᠢᠯ ᠢ ᠦᠨᠳᠦᠰᠦᠯᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠲᠡᠬᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠬᠢᠵᠡᠢ᠃ ᠢᠯᠡᠳᠭᠡᠯ ᠨᠢ ᠭᠤᠷᠪᠠᠨ ᠬᠡᠰᠡᠭ ᠢᠶᠠᠷ ᠪᠦᠷᠢᠯᠳᠦᠪᠡ᠄ ᠨᠢᠭᠡ᠂ 2021 ᠣᠨ ᠤ ᠠᠵᠢᠯ ᠤᠨ ᠡᠷᠭᠢᠴᠡᠭᠦᠯᠦᠯ︔ ᠬᠤᠶᠠᠷ᠂ 2022 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ︔ ᠭᠤᠷᠪᠠ᠂ 2022 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ᠃ ᠯᠢ ᠺᠧ ᠴᠢᠶᠠᠩ ᠢᠯᠡᠳᠭᠡᠯ ᠳᠡᠭᠡᠨ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠤᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃      ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ  ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠨᠠᠮ ᠤᠨ ᠭᠤᠷᠪᠠᠳᠤᠭᠠᠷ ᠲᠡᠦᠬᠡᠨ ᠰᠢᠢᠳᠪᠦᠷᠢ ᠶᠢ ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠢᠶᠠᠨ ᠡᠬᠢᠯᠡᠭᠦᠯᠪᠡ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠶ ᠪᠡᠷᠭᠡ ᠬᠠᠳᠠᠭᠤᠵᠢᠯᠳᠠᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠤᠨ ᠠᠯᠢ ᠣᠯᠠᠨ ᠠᠶᠤᠯ ᠲᠦᠭᠰᠢᠭᠦᠷᠢ ᠥᠷᠢᠰᠥᠯᠳᠦᠭᠡᠨ ᠤ ᠡᠮᠦᠨ᠎ᠡ᠂ ᠤᠯᠤᠰ ᠳᠠᠶᠠᠭᠠᠷ ᠢᠶᠠᠨ ᠬᠠᠮᠲᠤ ᠪᠠᠷ ᠴᠢᠷᠮᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠪᠥᠬᠦ ᠵᠢᠯ ᠤᠨ ᠭᠤᠤᠯ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠠᠶᠢᠨ ᠰᠠᠶᠢᠬᠠᠨ ᠡᠬᠢᠯᠡᠯᠲᠡ ᠲᠠᠢ ᠪᠣᠯᠭᠠᠵᠤ᠂ ᠮᠠᠨ ᠤ ᠤᠯᠤᠰ ᠤᠨ ᠬᠥᠭᠵᠢᠯᠲᠡ ᠪᠠᠰᠠ ᠴᠢᠬᠤᠯᠠ ᠶᠡᠭᠡ ᠰᠢᠨ᠎ᠡ ᠠᠮᠵᠢᠯᠲᠠ ᠤᠯᠵᠠᠢ ᠬᠡᠵᠥ ᠵᠢᠭᠠᠵᠥ ᠭᠠᠷᠭᠠᠪᠠ᠃      ᠯᠢ ᠺᠧ ᠴᠢᠶᠠᠩ ᠢᠯᠡᠳᠬᠡᠯ ᠳᠡᠭᠡᠨ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠶᠡᠯᠡᠯ ᠠᠯᠤᠰᠯᠠᠬᠤ ᠪᠠ ᠦᠶᠡᠯᠡᠯ ᠦᠭᠰᠦᠬᠦ ᠲᠤᠬᠢᠷᠠᠭᠤᠯᠤᠯᠳᠠ ᠶᠢ ᠴᠢᠬᠤᠯᠠᠴᠢᠯᠠᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ᠂ ᠭᠤᠣᠯᠳᠠᠭᠤ ᠳᠣᠣᠷᠠᠬᠢ ᠠᠵᠢᠯ ᠢ ᠬᠢᠪᠡ᠄ ᠨᠢᠭᠡ ᠳᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠦᠷᠭᠦᠯᠵᠢᠯᠡᠬᠦ ᠴᠢᠨᠠᠷ ᠬᠠᠨᠳᠤᠯᠭᠠᠲᠤ ᠴᠢᠨᠠᠷ ᠢ ᠪᠠᠲᠤᠯᠠᠵᠤ᠂ ᠠᠵᠤ ᠠᠬᠤᠢ ᠶᠢᠨ ᠡᠷᠬᠢᠯᠳᠠ ᠵᠣᠬᠢᠰᠲᠠᠢ ᠬᠡᠪᠴᠢᠶᠡᠨ ᠳᠤ ᠪᠠᠶᠢᠬᠤ ᠶᠢ ᠠᠬᠢᠭᠤᠯᠪᠠ︔ ᠬᠤᠶᠠᠷ ᠲᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠠᠴᠠ ᠮᠤᠯᠳᠤᠷᠠᠭᠤᠯᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠪᠠ︔ ᠭᠤᠷᠪᠠ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ︔ ᠳᠥᠷᠪᠡ ᠳᠤ᠂ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ︔ ᠲᠠᠪᠤ ᠳᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠰᠢᠭᠤᠯᠤᠯᠳᠠ ᠶᠢ ᠲᠠᠰᠤᠷᠠᠯᠳᠠ ᠦᠭᠡᠢ ᠰᠢᠯᠢᠳᠡᠭᠵᠢᠭᠦᠯᠪᠠ︔ ᠵᠢᠷᠭᠤᠭ᠎ᠠ ᠳᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠦᠷᠭᠦᠯᠵᠢᠯᠡᠬᠦ ᠬᠥᠭᠵᠢᠯᠲᠡ ᠶᠢ ᠠᠬᠢᠭᠤᠯᠪᠠ︔ ᠲᠤᠯᠤᠭ᠎ᠠ ᠳᠤ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠦᠢᠯᠡᠰ ᠢ ᠲᠦᠷᠭᠡᠳᠭᠡᠨ ᠬᠦᠭᠵᠢᠬᠦᠯᠪᠠ︔ ᠨᠠᠢᠮᠠ ᠳᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠵᠠᠢ ᠭᠡᠵᠤ ᠵᠢᠭᠠᠵᠤ ᠭᠠᠷᠭᠠᠪᠠ᠃      ᠯᠢ ᠺᠧ ᠴᠢᠶᠠᠩ ᠢᠯᠡᠳᠭᠡᠯ ᠳᠡᠭᠡᠨ᠂ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠠ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠣᠯᠤᠨ ᠥᠷᠢᠰᠥᠯᠳᠦᠭᠡᠨ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠥᠷᠢᠰᠥᠯᠳᠦᠭᠡᠨ ᠳᠤ ᠰᠢᠭᠤᠳ ᠬᠠᠨᠳᠤᠵᠤ᠂ ᠪᠦᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠯᠢ ᠺᠧ ᠴᠢᠶᠠᠩ ᠢᠯᠡᠳᠭᠡᠯ ᠳᠡᠭᠡᠨ᠂ 2022 ᠣᠨ ᠤ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 1100 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ ᠪᠦᠬᠦ ᠵᠢᠯ ᠳᠤ 5.5%᠎ ᠶᠢᠨ ᠳᠣᠲᠣᠷ᠎ᠠ ᠡᠵᠡᠮᠳᠡᠨ᠎ᠡ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠢᠵᠢᠯᠢ ᠠᠯᠬᠤᠮ ᠲᠠᠢ ᠪᠠᠶᠢᠯᠭᠠᠨ᠎ᠠ︔ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠤᠨ ᠪᠠᠶᠢᠳᠠᠯ ᠢ ᠪᠠᠲᠤᠯᠠᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ︔ ᠠᠮᠢ ᠠᠬᠤᠢ ᠣᠷᠴᠢᠨ ᠲᠤᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠭᠤᠣᠯ ᠪᠤᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠤᠨ᠎ᠠ︔ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠶ ᠲᠥᠯᠥᠪᠵᠢᠬᠦᠯᠤᠨ ᠬᠢᠨᠡᠨ ᠪᠠᠶᠢᠴᠠᠭᠠᠬᠤ ᠶᠢᠨ ᠬᠠᠮᠲᠤ ᠵᠣᠬᠢᠰᠲᠠᠶ ᠬᠠᠷᠢᠮᠠᠬᠠᠶ ᠴᠢᠨᠠᠷ ᠦᠯᠡᠳᠡᠭᠡᠵᠦ᠂ ᠰᠢᠨ᠎ᠡ ᠪᠠᠷ ᠨᠡᠮᠡᠭᠳᠡᠬᠦ ᠲᠠᠬᠢᠯᠳᠠ ᠡᠨᠧᠷᠭᠢ ᠪᠠ ᠲᠦᠭᠦᠬᠡᠶ ᠮᠠᠲ᠋ᠧᠷᠢᠶᠠᠯ ᠤᠨ ᠬᠡᠷᠡᠭᠯᠡᠬᠦ ᠡᠨᠧᠷᠭᠢ ᠶᠢ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠳᠤ ᠣᠷᠣᠭᠤᠯᠬᠤ ᠥᠬᠡᠶ ᠭᠡᠵᠤ ᠲᠤᠷᠠᠳᠪᠠ᠃      ᠯᠢ ᠺᠧ ᠴᠢᠶᠠᠩ ᠢᠯᠡᠳᠭᠡᠯ ᠳᠡᠭᠡᠨ᠂ 2022 ᠣᠨ ᠳᠤ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠄ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠨ᠎ᠠ︔ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠦᠴᠦᠯᠡᠨ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠨ᠂ ᠬᠤᠷᠸ᠎ᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ︔ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠨ᠎ᠡ︔ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠤᠨ᠎ᠠ︔ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠬᠢᠭᠤᠯᠤᠨ᠎ᠠ︔ ᠲᠠᠷᠢᠶᠠᠯᠠᠩ ᠤᠨ ᠦᠶ᠋ᠯᠡᠳᠪᠦᠷᠢᠯᠡᠯ ᠢ ᠬᠦᠴᠤᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︔ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠲᠣᠭᠲᠠᠭᠤᠨ ᠬᠥᠭᠵᠢᠯᠲᠡ ᠶᠢ ᠠᠬᠢᠭᠤᠯᠤᠨ᠎ᠠ︔ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠦᠨ᠎ᠡ ᠭᠡᠵᠤ ᠵᠢᠭᠠᠵᠤ ᠭᠠᠷᠭᠠᠪᠠ᠃      ᠢᠯᠡᠳᠭᠡᠯ ᠳᠤ᠂ ᠯᠢ ᠺᠧ ᠴᠢᠶᠠᠩ ᠪᠠᠰᠠ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ᠂ ᠦᠨᠳᠦᠰᠦᠲᠡᠨ᠂ ᠱᠠᠰᠢᠨ ᠰᠤᠷᠲᠠᠬᠤᠨ ᠪᠣᠯᠤᠨ ᠬᠠᠷᠢᠶᠠᠲᠤ ᠨᠠᠷ ᠤᠨ ᠠᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ᠂ ᠰᠢᠶᠠᠩᠭᠠᠩ᠂ ᠣᠣᠮᠧᠨ ᠤ ᠬᠥᠭᠵᠢᠯᠲᠡ ᠪᠣᠯᠤᠨ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠬᠠᠷᠢᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠵᠡᠷᠭᠡ ᠶᠢᠨ ᠲᠤᠬᠠᠢ ᠲᠣᠳᠣᠷᠬᠠᠶᠢᠯᠠᠨ ᠥᠭᠦᠯᠡᠵᠡᠢ᠃      ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ᠵᠢᠴᠢ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ᠂ ᠲᠥᠷᠥ ᠶᠢᠨ ᠶᠠᠪᠤᠳᠠᠯ ᠤᠨ ᠬᠤᠷᠢᠶᠠᠨ ᠤ 2021 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2022 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠵᠢᠴᠢ 2022 ᠣᠨ ᠤ ᠲᠥᠪ ᠤᠨ ᠪᠠ ᠣᠷᠣᠨ ᠨᠤᠲᠤᠭ ᠤᠨ ᠲᠥᠰᠦᠪ ᠤᠨ ᠲᠥᠰᠦᠯ ᠢ ᠬᠢᠨᠠᠨ ᠪᠠᠶᠢᠴᠠᠭᠠᠨ᠎ᠠ᠃      ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠸᠠᠩ ᠴᠧᠨ ᠲᠤᠰ ᠲᠤᠰ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠳᠠ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠥᠰᠦᠯ ᠤᠨ ᠲᠣᠳᠣᠷᠬᠠᠶᠢᠯᠠᠯᠲᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠷᠤᠨ ᠲᠤᠭ᠎ᠠ ᠪᠣᠯᠤᠨ ᠰᠣᠩᠭᠤᠭᠤᠯᠢ ᠶᠢᠨ ᠠᠰᠠᠭᠤᠳᠠᠯ ᠤᠨ ᠲᠤᠭᠲᠠᠭᠠᠯ ᠤᠨ ᠲᠤᠬᠠᠢ ᠲᠥᠰᠦᠯ ᠤᠨ ᠲᠣᠳᠣᠷᠬᠠᠶᠢᠯᠠᠯᠲᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠤᠬᠠᠢ ᠲᠥᠰᠦᠯ ᠤᠨ ᠲᠣᠳᠣᠷᠬᠠᠶᠢᠯᠠᠯᠲᠠ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠤᠬᠠᠢ ᠲᠥᠰᠦᠯ ᠤᠨ ᠲᠣᠳᠣᠷᠬᠠᠶᠢᠯᠠᠯᠲᠠ ᠬᠢᠪᠡ᠃      ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠳᠠ ᠶᠢᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠢ ᠲᠥᠰᠦᠯ ᠤᠨ ᠲᠣᠳᠣᠷᠬᠠᠶᠢᠯᠠᠯᠲᠠ ᠳᠤ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠳᠠ ᠶᠢᠨ ᠬᠠᠤᠯᠢ ᠪᠣᠯ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ ᠪᠠ ᠠᠵᠢᠯ ᠤᠨ ᠳᠦᠷᠢᠮ ᠤᠨ ᠲᠤᠬᠠᠢ ᠦᠨᠳᠦᠰᠦᠨ ᠬᠠᠤᠯᠢ ᠴᠠᠭᠠᠵᠠ ᠮᠥᠨ᠂ ᠣᠷᠣᠨ ᠨᠤᠲᠤᠭ ᠤᠨ ᠵᠠᠰᠠᠭ ᠤᠨ ᠡᠷᠬᠡ ᠶᠢᠨ ᠪᠠᠶᠢᠭᠤᠯᠤᠯᠲᠠ ᠶᠢᠨ ᠲᠤᠬᠠᠢ ᠦᠨᠳᠦᠰᠦᠨ ᠬᠠᠤᠯᠢ ᠶᠢᠨ ᠬᠠᠤᠯᠢ ᠲᠣᠭᠲᠠᠭᠠᠯᠲᠠ ᠶᠢᠨ ᠬᠡᠷᠡᠭᠵᠢᠭᠦᠯᠦᠯᠲᠡ ᠮᠥᠨ᠂ ᠣᠷᠣᠨ ᠨᠤᠲᠤᠭ ᠤᠨ ᠡᠯ᠎ᠡ ᠱᠠᠲᠤᠨ ᠤ ᠤᠯᠤᠰ ᠤᠨ ᠡᠷᠬᠡᠲᠦ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠬᠤᠯᠠ ᠲᠦᠷᠢᠮ ᠤᠨ ᠪᠠᠲᠤᠯᠠᠭ᠎ᠠ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠤᠯᠤᠰ ᠤᠨ ᠲᠦᠷᠦ ᠶᠢᠨ ᠡᠷᠬᠡᠲᠦ ᠪᠠᠶᠢᠭᠤᠯᠭ᠎ᠠ ᠶᠢᠨ ᠠᠵᠢᠯ ᠪᠣᠯᠤᠨ ᠪᠦᠲᠦᠭᠡᠡ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ ᠠᠯᠢ ᠤᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠵᠠᠢ᠃      ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠤ᠂ ᠦᠢᠯᠡᠳᠦᠯᠭᠡ ᠶᠢᠨ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠭᠰᠡᠨ ᠰᠠᠭᠤᠷᠢᠨ ᠳᠡᠭᠡᠷ᠎ᠡ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠴᠢᠬᠤᠯᠠᠲᠠᠢ ᠭᠡᠵᠤ ᠵᠢᠭᠠᠵᠤ ᠭᠠᠷᠭᠠᠪᠠ᠃ ᠲᠥᠰᠦᠯ ᠳᠤ ᠨᠡᠶᠢᠳᠡ 48 ᠵᠦᠢᠯ ᠪᠤᠢ᠂ ᠭᠤᠣᠯ ᠵᠠᠰᠠᠪᠤᠷᠢ ᠣᠷᠣᠭᠤᠯᠬᠤ ᠠᠭᠤᠯᠭ᠎ᠠ ᠳᠤ᠄ ︽ᠶᠡᠷᠦᠩᠬᠡᠢ ᠲᠦᠷᠢᠮ︾ ᠭᠡᠬᠦ ᠪᠦᠯᠦᠭ ᠤᠨ ᠠᠭᠤᠯᠭ᠎ᠠ ᠶᠢ ᠲᠡᠭᠦᠯᠳᠡᠷᠵᠢᠭᠦᠯᠦᠨ᠎ᠡ︔ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠵᠣᠬᠢᠶᠠᠨ ᠪᠠᠶᠢᠭᠤᠯᠬᠤ᠂ ᠡᠷᠬᠡ ᠲᠤᠰᠢᠶᠠᠯ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ︔ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ᠂ ᠡᠷᠬᠡ ᠲᠤᠰᠢᠶᠠᠯ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ︔ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠵᠣᠬᠢᠴᠠᠬᠤ ᠬᠤᠯᠪᠣᠭᠳᠠᠯ ᠪᠦᠬᠦᠢ ᠠᠭᠤᠯᠭ᠎ᠠ ᠶᠢ ᠨᠡᠮᠡᠬᠦ ᠴᠢᠬᠤᠯᠠᠲᠠᠢ︔ ᠣᠷᠣᠨ ᠪᠦᠰᠡ ᠶᠢᠨ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢ ᠲᠣᠳᠣᠷᠬᠠᠶᠢᠯᠠᠨ᠎ᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠠᠭᠤᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠢ ᠲᠡᠭᠦᠯᠳᠡᠷᠵᠢᠭᠦᠯᠦᠨ᠎ᠡ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠤᠷᠤᠨ ᠲᠤᠭ᠎ᠠ ᠪᠣᠯᠤᠨ ᠰᠣᠩᠭᠤᠭᠤᠯᠢ ᠶᠢᠨ ᠠᠰᠠᠭᠤᠳᠠᠯ ᠤᠨ ᠲᠣᠭᠲᠠᠭᠠᠯ ᠤᠨ ᠲᠤᠬᠠᠢ ᠲᠥᠰᠦᠯ ᠤᠨ ᠲᠣᠳᠣᠷᠬᠠᠶᠢᠯᠠᠯᠲᠠ ᠳᠤ᠂ ᠦᠨᠳᠦᠰᠦᠨ ᠬᠠᠤᠯᠢ ᠪᠣᠯᠤᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠪᠠᠯ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ ᠬᠤᠭᠤᠴᠠᠭ᠎ᠠ ᠨᠢ 2023 ᠣᠨ ᠤ 3 ᠰᠠᠷ᠎ᠠ ᠳᠤ ᠳᠠᠭᠤᠰᠴᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 2023 ᠣᠨ ᠤ 1 ᠰᠠᠷ᠎ᠠ ᠳᠤ ᠰᠣᠩᠭᠤᠨ ᠭᠠᠷᠭᠠᠨ᠎ᠠ᠃      ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠢ ᠰᠠᠶᠢᠲᠤᠷ ᠬᠢᠬᠦ ᠨᠢ ᠨᠠᠮ ᠪᠠ ᠲᠦᠷᠦ ᠶᠢᠨ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠮᠥᠨ᠂ ᠨᠠᠮ ᠤᠨ ᠣᠷᠳᠣ ᠬᠤᠭᠤᠴᠠᠭ᠎ᠠ ᠪᠠᠷ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ᠂ ᠤᠯᠤᠰ ᠤᠨ ᠲᠦᠷᠦ ᠶᠢᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠡᠯ᠎ᠡ ᠲᠠᠯ᠎ᠠ ᠶᠢᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠦᠨᠳᠦᠰᠦᠨ ᠬᠠᠤᠯᠢ᠂ ᠰᠣᠩᠭᠤᠭᠤᠯᠢ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠶᠠᠨ ᠳᠠᠷᠤᠭ᠎ᠠ ᠶᠢᠨ ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ ᠲᠤᠭ᠎ᠠ ᠪᠣᠯᠤᠨ ᠰᠣᠩᠭᠤᠭᠤᠯᠢ ᠶᠢᠨ ᠠᠰᠠᠭᠤᠳᠠᠯ ᠤᠨ ᠲᠣᠭᠲᠠᠭᠠᠯ ᠤᠨ ᠲᠤᠬᠠᠢ ᠲᠥᠰᠦᠯ ᠢ ᠲᠤᠭᠤᠷᠪᠢᠵᠤ᠂ 2021 ᠣᠨ ᠤ 12 ᠰᠠᠷ᠎ᠠ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠬᠤᠷᠠᠯ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃      ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠤᠬᠠᠢ ᠲᠥᠰᠦᠯ ᠤᠨ ᠲᠣᠳᠣᠷᠬᠠᠶᠢᠯᠠᠯᠲᠠ ᠪᠠ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠤᠬᠠᠢ ᠲᠥᠰᠦᠯ ᠤᠨ ᠲᠣᠳᠣᠷᠬᠠᠶᠢᠯᠠᠯᠲᠠ ᠳᠤ᠂ ᠰᠣᠩᠭᠤᠭᠤᠯᠢ ᠶᠢᠨ ᠬᠠᠤᠯᠢ ᠶᠢᠨ ᠲᠣᠭᠲᠠᠭᠠᠯ ᠶᠣᠰᠣᠭᠠᠷ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠬᠢᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠳᠤ ᠤᠷᠤᠯᠴᠠᠬᠤ ᠲᠥᠯᠥᠭᠡᠯᠡᠭᠴᠢ ᠶᠢᠨ ᠤᠷᠤᠨ ᠲᠤᠭ᠎ᠠ ᠪᠠ ᠲᠥᠯᠥᠭᠡᠯᠡᠭᠴᠢ ᠶᠢ ᠰᠣᠩᠭᠤᠨ ᠭᠠᠷᠭᠠᠬᠤ ᠠᠷᠭ᠎ᠠ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠠᠰ ᠲᠤᠨᠢ ᠲᠣᠭᠲᠠᠭᠠᠨ᠎ᠠ᠃ ᠡᠶᠢᠮᠦ ᠠᠴᠠ᠂ ᠲᠤᠰ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ᠂ ᠰᠢᠶᠠᠩᠭᠠᠩ᠂ ᠣᠣᠮᠧᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢ ᠲᠣᠭᠲᠠᠭᠠᠬᠤ ᠴᠢᠬᠤᠯᠠᠲᠠᠢ᠃ ᠬᠤᠯᠪᠣᠭᠳᠠᠯ ᠪᠦᠬᠦᠢ ᠠᠵᠢᠯ ᠤᠨ ᠲᠤᠬᠢᠷᠠᠭᠤᠯᠤᠯᠲᠠ ᠶᠢ ᠦᠨᠳᠦᠰᠦᠯᠡᠵᠦ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠬᠤᠷᠢᠶ᠎ᠠ᠂ ᠰᠢᠶᠠᠩᠭᠠᠩ ᠣᠣᠮᠧᠨ ᠤ ᠦᠨᠳᠦᠰᠦ ᠪᠤᠯᠬᠤ ᠬᠠᠤᠯᠢ ᠴᠠᠭᠠᠵᠠ ᠶᠢᠨ ᠬᠤᠷᠢᠶ᠎ᠠ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠰᠣᠩᠭᠤᠬᠤ ᠠᠷᠭ᠎ᠠ ᠶᠢᠨ ᠲᠥᠰᠦᠯ ᠢ ᠬᠠᠮᠲᠤ ᠪᠠᠷ ᠰᠤᠳᠤᠯᠤᠨ ᠲᠤᠭᠤᠷᠪᠢᠭᠰᠠᠨ ᠪᠥᠭᠡᠳ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ᠂ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠪᠠ ᠣᠣᠮᠧᠨ ᠤᠨᠴᠠᠭᠠᠢ ᠵᠠᠰᠠᠭ ᠵᠠᠬᠢᠷᠭᠠᠨ ᠤ ᠣᠷᠣᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠴᠠ ᠰᠠᠨᠠᠯ ᠬᠤᠷᠢᠶᠠᠵᠠᠢ ᠭᠡᠵᠦ ᠵᠢᠭᠠᠵᠤ ᠭᠠᠷᠭᠠᠪᠠ᠃      ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ ᠪᠠᠰᠠ᠄ ᠳ᠋ᠢᠩ ᠰᠢᠤᠸᠠᠢ ᠰᠢᠶᠠᠩ᠂ ᠯᠢᠦ ᠾᠧ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠰᠢ᠂ ᠯᠢ ᠴᠢᠶᠠᠩ᠂ ᠯᠢ ᠬᠤᠩ ᠵᠥᠩ᠂ ᠶᠠᠩ ᠵᠢᠶᠧ ‍ᠤᠤᠢ᠂ ᠶᠠᠩ ᠰᠢᠶᠣᠤ ᠳ᠋ᠦ᠋᠂ ᠵᠠᠩ ᠶᠢᠦ ᠰᠢᠶᠠ᠂ ᠴᠧᠨ ᠰᠢ᠂ ᠴᠧᠨ ᠴᠢᠤᠸᠠᠨ ᠭᠦᠸᠧ᠂ ᠴᠧᠨ ᠮᠢᠨ ᠡᠯ᠂ ᠬᠤ᠋ ᠴᠦᠨ ᠬᠤᠸᠠ᠂ ᠭᠦᠸᠧ ᠱᠧᠩ ᠺᠦᠨ᠂ ᠬᠤᠸᠠᠩ ᠺᠦᠨ ᠮᠢᠩ᠂ ᠼᠠᠢ ᠴᠢ᠂ ᠶᠢᠤ ᠴᠢᠤᠸᠠᠨ᠂ ᠸᠧᠶ ᠹᠧᠩ ᠾᠧ᠂ ᠸᠠᠩ ᠶᠦᠩ᠂ ᠸᠠᠩ ᠢ᠂ ᠰᠢᠶᠣᠤ ᠵᠢᠶᠧ᠂ ᠵᠣᠣ ᠺᠧ ᡁᠢ᠂ ᠵᠧᠤ ᠴᠢᠶᠠᠩ᠂ ᠵᠠᠩ ᠵᠢᠶᠦ᠋ᠨ᠂ ᠵᠠᠩ ᠴᠢᠩ ᠯᠢ᠂ ᠯᠢᠦ ᠴᠢ ᠪᠣᠣ᠂ ᠫᠠᠪᠠᠯᠠ · ᠭᠧᠯᠧᠭᠨᠡᠮᠵᠢᠯ᠂ ᠸᠠᠨ ᠭᠠᠩ᠂ ᠾᠧ ᠾᠧᠦ ᠬᠤᠸᠠ᠂ ᠯᠦ ᠵᠠᠨ ᠬᠥᠩ᠂ ᠮᠠ ᠪᠢᠶᠤᠤ᠂ ᠴᠧᠨ ᠰᠢᠶᠤᠤ ᠭᠤᠸᠠᠩ᠂ ᠯᠢᠶᠠᠩ ᠵᠧᠨ ᠶᠢᠩ᠂ ᠰᠢᠶᠠ ᠪᠣᠣ ᠯᠦᠩ᠂ ᠯᠢ ᠪᠢᠨ᠂ ᠪᠠᠭᠠᠲᠤᠷ᠂ ᠸᠠᠩ ᠶᠦᠩ ᠴᠢᠩ᠂ ᠾᠧ ᠯᠢ ᠹᠧᠩ᠂ ᠰᠤ᠋ ᠬᠤᠶ᠂ ᠵᠧᠩ ᠵᠢᠶᠠᠨ ᠪᠠᠩ᠂ ᠭᠦ ᠱᠧᠩ ᠽᠤ᠋᠂ ᠯᠢᠦ ᠰᠢᠨ ᠴᠧᠩ᠂ ᠾᠧ ᠸᠧᠶ᠂ ᠱᠤᠤ ᠬᠤᠩ᠂ ᠭᠤᠤ ᠶᠦᠨ ᠯᠦᠩ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠯᠢ ᠽᠦᠸᠧ ᠴᠧᠩ᠂ ᠮᠢᠶᠣᠣ ᠬᠤᠸᠠ᠂ ᠵᠠᠩ ᠱᠧᠩ ᠮᠢᠨ ᠨᠡᠷ ᠪᠤᠢ᠃ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ ᠰᠤᠯᠠ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ᠃      ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠵᠠᠢ᠃      ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠥᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ᠂ ᠡᠯ᠎ᠡ ᠠᠷᠠᠳ ᠤᠨ ᠪᠦᠯᠬᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠭᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ᠃      ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠴᠠᠢ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号