ᠲᠦᠩᠯᠢᠶᠣᠤ ᠬᠤᠲᠠ ᠶᠢᠨ ᠣᠶ ᠰᠢᠭᠤᠢ ᠶᠢᠨ ᠠᠵᠤ ᠦᠢᠯᠡᠰ ᠤᠨ ᠰᠢᠰᠲ᠋ᠧᠮ ᠦᠨᠳᠦᠰᠦᠨ ᠳᠡᠭᠡᠨ ᠪᠥᠷᠢᠯᠳᠥᠵᠤ ᠠᠮᠢ ᠠᠬᠤᠶ ᠪᠠ ᠠᠵᠤ ᠠᠬᠤᠶ ᠶᠢᠨ ᠬᠤᠣᠰ ᠦᠷ᠎ᠠ ᠠᠰᠢᠬ ᠢ ᠡᠭᠦᠳᠴᠥ ᠪᠤᠢ
ᠨᠡᠶᠢᠲᠡᠯᠡᠭᠰᠡᠨ ᠴᠠᠭ᠄
2022/4/14
     ᠲᠦᠩᠯᠢᠶᠣᠤ ᠬᠤᠲᠠ ᠶᠢᠨ ᠣᠶ ᠰᠢᠭᠤᠢ ᠡᠪᠡᠰᠦ ᠡᠯᠡᠰᠦᠨ ᠤ ᠠᠵᠤ ᠦᠢᠯᠡᠰ ᠲᠦᠷᠭᠡᠨ ᠬᠦᠭᠵᠢᠵᠦ᠂ ᠣᠷᠣᠨ ᠨᠤᠲᠤᠭ ᠤᠨ ᠠᠵᠤ ᠠᠬᠤᠶ ᠶᠢᠨ ᠬᠦᠭᠵᠢᠯᠲᠡ ᠶᠢ ᠪᠦᠲᠦᠮᠵᠢᠲᠡᠶ ᠠᠬᠢᠭᠤᠯᠵᠤ ᠪᠠᠶᠢᠨ᠎ᠠ᠃      ᠲᠤᠰ ᠬᠤᠳᠠ ᠶᠢᠨ ᠮᠣᠳᠣᠨ ᠮᠠᠲ᠋ᠧᠷᠢᠶᠠᠯ ᠢ ᠡᠳ᠋ᠰᠢᠭᠦᠯᠬᠦ᠂ ᠵᠢᠮᠢᠰ ᠤᠨ ᠮᠤᠳᠥᠠ ᠤ ᠥᠢᠵᠢᠭᠤᠯᠤᠯᠲᠠ᠂ ᠴᠢᠬᠢ ᠮᠤᠳᠤ ᠪᠠ ᠬᠤᠧᠠᠷ ᠴᠡᠴᠡᠭ ᠲᠠᠷᠢᠬᠤ᠂ ᠪᠣᠬᠢᠷᠲᠤᠯ ᠦᠭᠡᠢ ᠳᠠᠷᠢᠵᠤ ᠲᠡᠵᠢᠭᠡᠬᠦ ᠪᠠᠷ ᠭᠤᠣᠯ ᠪᠣᠯᠭᠠᠭᠰᠠᠨ ᠤᠢ ᠰᠢᠭᠤᠢ ᠶᠢᠨ ᠠᠵᠤ ᠦᠢᠯᠡᠰ ᠤᠨ ᠰᠢᠰᠲ᠋ᠧᠮ ᠦᠨᠳᠦᠰᠦᠨ ᠳᠡᠭᠡᠨ ᠪᠦᠷᠢᠯᠳᠦᠵᠦ᠂ ᠮᠣᠳᠣᠨ ᠮᠠᠲ᠋ᠧᠷᠢᠶᠠᠯ ᠢ ᠡᠳ᠋ᠰᠢᠭᠦᠯᠬᠦ ᠦᠢᠯᠡᠰ ᠤᠨ ᠵᠢᠯ ᠤᠨ ᠦᠢᠯᠡᠳᠭᠦᠨ ᠤ ᠦᠷᠲᠡᠭ 5 ᠳ᠋ᠦᠩᠰᠢᠭᠤᠷ ᠲᠦᠭᠦᠷᠢᠭ ᠢ ᠲᠡᠪᠡᠪᠠ︔ ᠡᠯᠡᠰᠦᠷᠬᠡᠭ ᠭᠠᠵᠠᠷ ᠤᠨ ᠦᠵᠦᠮ᠂ ᠪᠤᠭᠤᠮᠲᠠ ᠶᠢᠨ ᠭᠠᠳᠠᠨᠠᠬᠢ ᠤᠯᠠᠭᠠᠨ ᠠᠯᠮᠤᠷᠠᠳ ᠵᠡᠷᠭᠡ ᠰᠢᠨ᠎ᠡ ᠰᠣᠷᠭᠤᠭ ᠵᠢᠮᠢᠰ ᠤᠨ ᠠᠵᠤ ᠦᠢᠯᠡᠰ ᠤᠨ ᠰᠠᠭᠤᠷᠢᠨ 100 ᠲᠦᠮᠡᠨ ᠮᠦ ᠳᠤ ᠬᠦᠷᠴᠦ᠂ ᠠᠭᠤᠯᠠᠨ ᠬᠦᠢᠯᠡᠰᠦ ᠬᠠᠪᠲᠠᠭᠠᠶ ᠬᠦᠢᠯᠡᠰᠦ ᠵᠡᠷᠭᠡ ᠬᠠᠲᠠᠭᠠᠮᠠᠯ ᠵᠢᠮᠢᠰ ᠤᠨ ᠲᠥᠷᠥᠯ ᠤᠨ ᠰᠠᠭᠤᠷᠢᠨ 260 ᠭᠠᠷᠤᠶ ᠲᠦᠮᠡᠨ ᠮᠥ ᠳᠤ ᠬᠦᠷᠴᠦ᠂ ᠵᠢᠮᠢᠰ ᠤᠨ ᠠᠵᠤ ᠦᠢᠯᠡᠰ ᠤᠨ ᠵᠢᠯ ᠤᠨ ᠦᠢᠯᠡᠳᠭᠦᠨ ᠤ ᠥᠷᠲᠡᠭ 13 ᠳ᠋ᠦᠩᠰᠢᠭᠤᠷ ᠲᠥᠭᠦᠷᠢᠭ ᠲᠤ ᠬᠦᠷᠴᠡᠶ︔ ᠴᠢᠬᠢ ᠮᠣᠳᠣ ᠪᠠ ᠬᠤᠧᠠᠷ ᠴᠡᠴᠡᠭ ᠲᠡᠷᠢᠵᠥ ᠪᠤᠶᠢᠵᠢᠭᠤᠯᠬᠤ ᠲᠠᠯᠠᠪᠠᠶ 5 ᠲᠦᠮᠡᠨ ᠮᠥ ᠳᠤ ᠬᠦᠷᠴᠤ᠂ ᠵᠢᠯ ᠤᠨ ᠦᠢᠯᠡᠳᠭᠦᠨ ᠤ ᠥᠷᠲᠡᠭ 4 ᠳ᠋ᠦᠩᠰᠢᠭᠤᠷ ᠲᠦᠭᠦᠷᠢᠭ ᠢ ᠬᠥᠷᠪᠡ︔ ᠮᠣᠩᠭᠤᠯ ᠬᠢᠲᠠᠳ ᠡᠮ ᠤᠨ ᠮᠠᠲ᠋ᠧᠷᠢᠶᠠᠯ ᠲᠠᠷᠢᠬᠤ᠂ ᠢᠳᠡᠰᠢᠨ ᠮᠥᠭᠦ ᠪᠤᠶᠢᠵᠢᠭᠤᠯᠬᠤ ᠵᠡᠷᠭᠡ ᠪᠣᠬᠢᠷᠲᠤᠯ ᠥᠬᠡᠶ ᠳᠠᠷᠢᠵᠤ ᠲᠡᠵᠢᠭᠡᠬᠦ ᠦᠢᠯᠡᠰ ᠢ ᠡᠮᠬᠢ ᠵᠢᠷᠤᠮ ᠲᠠᠢ ᠬᠦᠭᠵᠢᠭᠦᠯᠵᠦ᠂ ︽ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ︾᠎ ᠶᠢᠨ ᠵᠠᠬᠪᠤᠷ ᠢ ᠬᠡᠷᠡᠭᠯᠡᠨ᠂ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠰᠠᠭᠤᠷᠢᠨ ᠢ 20 ᠭᠠᠷᠤᠶ ᠲᠦᠮᠡᠨ ᠮᠥ ᠪᠠᠶᠢᠭᠤᠯᠵᠤ᠂ ᠵᠢᠯ ᠤᠨ ᠦᠢᠯᠡᠳᠭᠦᠨ ᠤ ᠥᠷᠲᠡᠭ 10 ᠳ᠋ᠦᠩᠰᠢᠭᠤᠷ ᠲᠥᠭᠦᠷᠢᠭ ᠲᠤ ᠬᠥᠷᠴᠠᠢ᠃ ᠠᠮᠢ ᠠᠬᠤᠶ ᠶᠢᠨ ᠵᠢᠭᠤᠯᠴᠢᠯᠠᠯ ᠤᠨ ᠠᠵᠤ ᠦᠢᠯᠡᠰ ᠥᠷᠨᠢᠨ ᠬᠦᠭᠵᠢᠵᠦ᠂ ᠵᠢᠯ ᠤᠨ ᠦᠢᠯᠡᠳᠭᠦᠨ ᠤ ᠥᠷᠲᠡᠭ 30 ᠳ᠋ᠦᠩᠰᠢᠭᠤᠷ ᠲᠥᠭᠦᠷᠢᠭ ᠲᠤ ᠬᠦᠷᠴᠤ᠂ ᠦᠩᠭᠡᠷᠡᠭᠰᠡᠨ ᠤ ᠡᠯᠡᠰᠥ ᠰᠢᠭᠤᠷᠴᠥ ᠠᠷᠠᠳ ᠤᠨ ᠠᠮᠢᠳᠤᠷᠠᠯ ᠬᠥᠴᠢᠷᠳᠡᠯᠲᠠᠢ ᠪᠠᠶᠢᠭᠰᠠᠨ ᠡᠯᠡᠰᠥᠨ ᠨᠤᠲᠤᠬ ᠥᠨᠥᠳᠥᠷ ᠤᠨ ᠡᠯᠡᠰᠥ ᠤᠬᠤᠷᠢᠨ ᠠᠷᠠᠳ ᠪᠠᠶᠠᠵᠢᠬᠰᠠᠨ ᠥᠵᠡᠮᠵᠢᠳᠥ ᠤᠷᠤᠨ ᠪᠤᠯᠵᠤ ᠬᠤᠪᠢᠷᠠᠬᠰᠠᠨ ᠪᠠᠶᠢᠨ᠎ᠠ᠃      ᠣᠳᠣ᠂ ᠲᠤᠰ ᠬᠤᠲᠠ ᠶᠢᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠨᠢᠭᠡᠨᠲᠡ ᠬᠡᠪᠴᠢᠶ᠎ᠡ ᠶᠢ ᠡᠷᠬᠢᠮᠯᠡᠬᠦ ᠶᠠᠰᠤ ᠴᠢᠨᠠᠷ ᠢ ᠡᠷᠬᠢᠮᠯᠡᠬᠦ᠂ ᠦᠷ᠎ᠡ ᠠᠰᠢᠭ ᠢ ᠴᠢᠬᠤᠯᠠᠴᠢᠯᠠᠬᠤ ᠬᠦᠭᠵᠢᠯᠲᠡ ᠶᠢᠨ ᠱᠠᠲᠤᠨ ᠳᠤ ᠣᠷᠣᠵᠤ᠂ ᠠᠮᠤ ᠪᠤᠳᠠᠭᠠᠨ ᠤ ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠠᠶᠢᠬᠤ᠂ ᠮᠠᠯ ᠠᠵᠤ ᠠᠬᠤᠶ ᠶᠢᠨ ᠲᠤᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ᠂ ᠬᠥᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ᠂ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠦᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠥᠨ᠂ ᠤᠯᠤᠰ ᠤᠨ ᠬᠥᠬᠢᠭᠦᠯᠦᠯ ᠱᠠᠩᠨᠠᠯ ᠢ ᠣᠯᠠᠨᠲᠠ ᠭᠥᠷᠳᠡᠪᠡ᠃      ᠲᠤᠰ ᠬᠤᠲᠠ ᠪᠥᠬᠦ ᠤᠯᠤᠰ ᠤᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠭᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠪᠠ ︽ᠭᠤᠷᠪᠠᠨ ᠤᠮᠠᠷᠠᠲᠤ ᠶᠢᠨ ᠬᠠᠯᠬᠠᠪᠴᠢ ᠤᠢ︾᠎ ᠶᠢᠨ ᠢᠨᠵᠧᠨᠧᠷᠢᠭ ᠤᠨ ᠪᠥᠲᠥᠭᠡᠨ ᠪᠠᠶᠢᠭᠤᠯᠤᠯᠲᠠ ᠶᠢᠨ ᠴᠣᠷ ᠤᠨ ᠭᠠᠭᠴᠠ ᠭᠠᠵᠠᠷ ᠣᠷᠤᠨ ᠤ ᠲᠠᠰ ᠤᠨ ᠵᠢᠱᠢᠶ᠎ᠡ ᠦᠵᠡᠭᠦᠯᠬᠦ ᠬᠤᠲᠠ ᠳᠤ ᠵᠢᠭᠰᠠᠭᠠᠭᠳᠠᠵᠤ᠂ ᠤᠷᠢᠳ ᠬᠤᠵᠢᠳ ᠪᠥᠬᠦ ᠤᠯᠤᠰ ᠤᠨ ᠣᠶ ᠰᠢᠭᠤᠢ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠭᠠᠵᠠᠷ ᠣᠷᠣᠨ᠂ ᠪᠥᠬᠦ ᠤᠯᠤᠰ ᠤᠨ ᠲᠠᠯ᠎ᠠ ᠭᠠᠵᠠᠷ ᠤᠨ ᠨᠤᠭᠤᠭᠠᠷᠠᠭᠤᠯᠤᠯᠲᠠ ᠶᠢᠨ ᠲᠡᠷᠢᠭᠦᠨ ᠤ ᠬᠤᠲᠠ᠂ ᠪᠥᠬᠦ ᠤᠯᠤᠰ ᠤᠨ ᠣᠶᠢᠵᠢᠭᠤᠯᠵᠤ ᠨᠣᠭᠤᠭᠠᠷᠠᠭᠤᠯᠤᠭᠰᠠᠨ ᠵᠢᠱᠢᠶᠡᠴᠢ ᠬᠤᠲᠠ᠂ ᠤᠯᠤᠰ ᠤᠨ ᠴᠡᠴᠡᠷᠯᠢᠭᠵᠢᠭᠦᠯᠦᠭᠰᠡᠨ ᠬᠤᠲᠠ ᠵᠡᠷᠭᠡ ᠴᠤᠯᠠ ᠶᠢ ᠭᠥᠷᠳᠡᠭᠰᠡᠨ ᠪᠠᠶᠢᠨ᠎ᠠ᠃        
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号