ᠰᠢᠯᠢ ᠶᠢᠨ ᠭᠤᠤᠯ ᠠᠶᠢᠮᠠᠭ ᠤᠨ 2.5 ᠳ᠋ᠦᠡᠭᠰᠢᠭᠤᠷ ᠮᠦ ᠪᠡᠯᠴᠢᠭᠡᠷ ︽ᠴᠠᠯᠢᠩ ᠲᠠᠢ ᠠᠮᠠᠷᠠᠯᠳᠠ︾᠎ ᠪᠠᠨ ᠠᠪᠤᠯ᠎ᠠ
ᠨᠡᠶᠢᠲᠡᠯᠡᠭᠰᠡᠨ ᠴᠠᠭ᠄
2022/4/14
     4 ᠰᠠᠷ᠎ᠠ ᠶᠢᠨ 10᠎ ᠤ ᠡᠳᠦᠷ ᠠᠴᠠ ᠡᠬᠢᠯᠡᠨ ᠪᠦᠬᠦ ᠠᠶᠢᠮᠠᠭ ᠤᠨ ᠬᠡᠪᠴᠢᠶᠠᠨ ᠳᠠᠬᠢ 2.5 ᠳ᠋ᠦᠡᠭᠰᠢᠭᠤᠷ ᠮᠦ ᠪᠡᠯᠴᠢᠭᠡᠷ ᠲᠡᠭᠡᠨ ︽ᠴᠠᠯᠢᠩ ᠲᠠᠢ ᠠᠮᠠᠷᠠᠯᠳᠠ︾ ᠲᠠᠯᠪᠢᠯ᠎ᠠ᠃ ᠣᠶᠢᠯᠠᠭᠠᠭᠰᠠᠨ ᠢᠶᠠᠷ᠂ ᠡᠨᠡ ᠵᠢᠯ ᠲᠤᠰ ᠠᠶᠢᠮᠠᠭ ᠤᠨ ᠰᠡᠷᠭᠦᠭᠡᠬᠦ ᠨᠤᠲᠤᠭ ᠪᠡᠯᠴᠢᠭᠡᠷ ᠤᠨ ᠲᠠᠯᠠᠪᠠᠢ᠂ ᠦᠷᠭᠦᠯᠵᠢᠯᠡᠬᠦ ᠴᠠᠭ ᠬᠤᠭᠤᠴᠠᠭ᠎ᠠ᠂ ᠨᠦᠬᠦᠪᠦᠷᠢ ᠶᠢᠨ ᠲᠤᠭ᠎ᠠ ᠬᠡᠮᠵᠢᠶ᠎ᠡ ᠵᠡᠷᠭᠡ ᠨᠢ ᠴᠦᠮ ᠦᠡᠭᠭᠡᠷᠡᠭᠰᠡᠨ ᠵᠢᠯ ᠤᠳ ᠠᠴᠠ ᠲᠠᠪᠠᠭ᠋ᠤ ᠠᠵᠢ᠃      2018 ᠤᠨ ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠬᠠᠪᠤᠷ ᠤᠨ ᠤᠯᠠᠷᠢᠯ ᠤᠨ ᠬᠠᠭᠳᠠ ᠨᠢᠳᠤᠯᠡᠬᠦ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠡ ᠬᠤᠭᠤᠴᠠᠭᠠᠨ ᠳᠠᠬᠢ ᠮᠠᠯ ᠤᠨᠠᠭᠠᠨ ᠤ ᠲᠡᠵᠢᠭᠡᠯ ᠪᠣᠷᠳᠤᠭᠠᠨ ᠤ ᠠᠰᠠᠭᠤᠳᠠᠯ ᠢ ᠵᠠᠰᠠᠭ ᠤᠨ ᠤᠷᠳᠤᠨ ᠠᠴᠠ ᠬᠠᠳᠠᠭᠠᠯᠠᠵᠤ ᠨᠦᠭᠡᠴᠡᠯᠡᠬᠦ᠂ ᠮᠠᠯᠴᠢᠳ ᠦᠪᠡᠷᠰᠡᠳ ᠢᠶᠠᠨ ᠪᠡᠯᠡᠳᠭᠡᠬᠦ ᠪᠤᠶᠤ ᠲᠤᠬᠢᠷᠠᠭᠤᠯᠤᠨ ᠵᠦᠭᠡᠭᠡᠪᠦᠷᠢᠯᠡᠬᠦ ᠵᠡᠷᠭᠡ ᠪᠠᠷ ᠵᠤᠬᠢᠰᠳᠠᠢ ᠰᠢᠢᠳᠪᠦᠷᠢᠯᠡᠭᠰᠡᠭᠡᠷ ᠢᠷᠡᠵᠠᠢ᠃ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠦᠴᠢᠷ ᠤᠨ ᠬᠢᠨ ᠤ ᠪᠦᠷᠢᠳᠭᠡᠯ ᠠᠴᠠ ᠦᠵᠡᠪᠡᠯ᠂ ᠲᠤᠰ ᠠᠶᠢᠮᠠᠭ ᠵᠢᠯ ᠪᠦᠷᠢ 3.5 ᠳ᠋ᠦᠡᠭᠰᠢᠭᠤᠷ ᠵᠢᠩ ᠠᠴᠠ ᠲᠡᠭᠡᠭᠰᠢ ᠲᠡᠵᠢᠭᠡᠯ ᠡᠪᠡᠰᠤ ᠨᠦᠭᠡᠴᠡᠯᠡᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠤ ᠡᠪᠡᠰᠤ ᠪᠣᠷᠳᠤᠭᠠᠨ ᠤ ᠬᠠᠨᠭ᠍ᠭᠠᠯᠭ᠎ᠠ ᠬᠦᠷᠦᠯᠴᠡᠭᠡᠳᠡᠢ ᠪᠠᠶᠢᠬᠤ ᠶᠢ ᠪᠠᠳᠤᠯᠠᠬᠰᠠᠨ ᠪᠠᠶᠢᠨ᠎ᠠ᠃ ᠰᠢᠯᠢ ᠶᠢᠨ ᠭᠤᠤᠯ ᠠᠶᠢᠮᠠᠭ ᠦᠷᠭᠦᠯᠵᠢᠯᠡᠨ 4 ᠵᠢᠯ ᠲᠠᠷᠠᠭᠠᠯᠠᠨ ᠬᠠᠪᠤᠷ ᠤᠨ ᠤᠯᠠᠷᠢᠯ ᠳᠤ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠢᠶᠠᠷ ᠲᠠᠯ᠎ᠠ ᠨᠤᠲᠤᠭ ᠤᠨ ᠠᠮᠢ ᠠᠬᠤᠢ ᠠᠮᠢᠯᠠᠨ ᠰᠡᠷᠭᠦᠵᠦ᠂ ᠪᠡᠯᠴᠢᠭᠡᠷ ᠡᠪᠡᠰᠤᠨ ᠤ ᠤᠷᠭᠤᠴᠠ ᠢᠯᠡᠳᠲᠡ ᠰᠠᠶᠢᠵᠢᠷᠠᠭᠰᠠᠨ ᠪᠠᠶᠢᠨ᠎ᠠ᠃ ᠰᠢᠯᠢ ᠶᠢᠨ ᠭᠤᠤᠯ ᠠᠶᠢᠮᠠᠭ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠳᠠ ᠶᠢᠨ ᠰᠠᠯᠠᠭᠠᠨ ᠤ ᠲᠠᠷᠤᠭ᠎ᠠ ᠭᠦᠸᠧ ᠵᠢᠩ ᠪᠦᠸᠧ ᠬᠡᠯᠡᠬᠦ ᠳᠡᠭᠡᠨ᠄ ︽ᠨᠢᠳᠤᠨᠤᠨ ᠵᠢᠯ ᠪᠦᠬᠦ ᠠᠶᠢᠮᠠᠭ ᠤᠨ ᠬᠠᠪᠤᠷ ᠤᠨ ᠡᠪᠡᠰᠤ ᠪᠡᠯᠴᠢᠭᠡᠷ ᠤᠨ ᠤᠷᠭᠤᠴᠠ ᠶᠢᠨ ᠪᠠᠶᠢᠴᠠᠭᠠᠯᠲᠠ ᠶᠢᠨ ᠳ᠋ᠦᠡᠭ ᠠᠴᠠ ᠦᠵᠡᠬᠦ ᠳᠤ ᠪᠦᠬᠦ ᠠᠶᠢᠮᠠᠭ ᠤᠨ ᠪᠠᠶᠢᠭᠠᠯᠢ ᠶᠢᠨ ᠪᠡᠯᠴᠢᠭᠡᠷ ᠤᠨ ᠪᠦᠷᠬᠦᠴᠡ ᠶᠢᠨ ᠲᠤᠮᠳᠠᠴᠢ ᠨᠤᠷᠮ᠎ᠠ 24.9%᠎ ᠳᠤ ᠬᠦᠷᠴᠤ᠂ ᠤᠷᠭᠤᠴᠠ ᠶᠢᠨ ᠲᠤᠮᠳᠠᠴᠢ ᠦᠨᠳᠦᠷ 7.4 ᠰᠡᠨᠲ᠋ᠢᠮᠧᠳ᠋ᠷ ᠪᠠᠶᠢᠵᠤ᠂ ᠲᠠᠯ᠎ᠠ ᠨᠤᠲᠤᠭ ᠤᠨ ᠠᠮᠢ ᠠᠬᠤᠢ ᠵᠢᠯ ᠲᠤᠳᠤᠮ ᠰᠡᠷᠭᠦᠵᠦ ᠪᠠᠶᠢᠨ᠎ᠠ︾ ᠭᠡᠪᠡ᠃      ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠲᠤᠬᠠᠢ ᠲᠦᠷᠢᠮ︾᠎ ᠢ ᠨᠡᠶᠢᠲᠡᠯᠡᠨ ᠬᠡᠷᠡᠭᠵᠢᠭᠦᠯᠦᠭᠰᠡᠨ ᠤ ᠲᠠᠷᠠᠭᠠᠬᠢ ᠨᠢᠭᠡᠳᠦᠭᠡᠷ ᠵᠢᠯ ᠳᠤ᠂ ᠰᠢᠯᠢ ᠶᠢᠨ ᠭᠤᠤᠯ ᠠᠶᠢᠮᠠᠭ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠴᠠᠭ ᠤᠨ ᠬᠢᠵᠠᠭᠠᠷ ᠢ ᠦᠩᠭᠡᠷᠡᠭᠰᠡᠨ ᠤ 30 ᠡᠳᠦᠷ ᠪᠠᠶᠢᠭᠰᠠᠨ ᠢ ᠤᠷᠳᠤᠳᠬᠠᠭᠠᠳ 45 ᠡᠳᠦᠷ ᠪᠤᠯᠭᠠᠪᠠ᠃ ᠡᠭᠦᠨ ᠤ ᠬᠠᠮᠳᠤ ᠰᠢᠯᠢ ᠶᠢᠨ ᠭᠤᠤᠯ ᠠᠶᠢᠮᠠᠭ 1.68 ᠳ᠋ᠦᠡᠭᠰᠢᠭᠤᠷ ᠲᠦᠭᠦᠷᠢᠭ ᠲᠤᠬᠢᠷᠠᠭᠤᠯᠵᠤ᠂ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠠᠬᠢ ᠨᠦᠬᠦᠪᠦᠷᠢ ᠶᠢᠨ ᠪᠡᠷᠢᠮᠵᠢᠶ᠎ᠠ ᠶᠢ ᠦᠩᠭᠡᠷᠡᠭᠰᠡᠨ ᠤ ᠮᠦ ᠪᠦᠷᠢ 0.75 ᠲᠦᠭᠦᠷᠢᠭ ᠪᠠᠶᠢᠭᠰᠠᠨ ᠢ ᠲᠡᠭᠡᠭᠰᠢᠯᠡᠭᠦᠯᠦᠭᠡᠳ 1.125 ᠲᠦᠭᠦᠷᠢᠭ ᠪᠤᠯᠭᠠᠪᠠ᠃ ᠭᠦᠸᠧ ᠵᠢᠩ ᠪᠦᠸᠧ ᠶᠢᠨ ᠲᠠᠨᠢᠯᠴᠠᠭᠤᠯᠬᠤ ᠪᠠᠷ᠂ ᠬᠡᠳᠦᠨ ᠵᠢᠯ ᠪᠡᠯᠴᠢᠭᠡᠷ ᠢ ᠰᠡᠷᠭᠦᠭᠡᠬᠦ ᠪᠠᠷ ᠲᠠᠮᠵᠢᠭᠠᠳ ᠮᠠᠯᠴᠢᠳ ᠤᠨ ᠡᠵᠡᠩᠨᠡᠯᠳᠡ ᠶᠢᠨ ᠬᠡᠯᠪᠡᠷᠢ ᠲᠠᠷᠠᠬᠠᠢ ᠪᠤᠳᠠᠷᠬᠠᠢ ᠠᠴᠠ ᠪᠠᠨ ᠡᠷᠴᠢᠮᠵᠢᠵᠦ ᠬᠡᠪᠴᠢᠶᠡᠵᠢᠭᠰᠡᠨ ᠬᠡᠯᠪᠡᠷᠢ᠂ ᠲᠠᠩ ᠴᠤᠯᠭᠤᠢ ᠪᠡᠯᠴᠢᠭᠡᠷᠯᠡᠭᠦᠯᠬᠦ ᠬᠡᠯᠪᠡᠷᠢ ᠠᠴᠠ ᠪᠠᠨ ᠪᠡᠯᠴᠢᠭᠡᠷᠯᠡᠭᠦᠯᠬᠦ ᠪᠤᠯᠤᠨ ᠲᠡᠵᠢᠭᠡᠬᠦ ᠬᠠᠭᠠᠰ ᠲᠡᠵᠢᠭᠡᠬᠦ ᠶᠢ ᠤᠶᠠᠯᠳᠤᠭᠤᠯᠤᠭᠰᠠᠨ ᠬᠡᠯᠪᠡᠷᠢ ᠲᠡᠶᠢᠰᠢ ᠠᠭᠠᠵᠢᠮ ᠢᠶᠠᠷ ᠰᠢᠯᠵᠢᠵᠦ᠂ ᠮᠠᠯᠴᠢᠨ ᠲᠠᠷᠢᠶᠠᠴᠢᠳ ᠤᠨ ᠲᠠᠯ᠎ᠠ ᠨᠤᠲᠤᠭ ᠤᠨ ᠠᠮᠢ ᠠᠬᠤᠢ ᠪᠠᠨ ᠬᠠᠶᠢᠷᠠᠯᠠᠨ ᠬᠠᠮᠠᠭᠠᠯᠠᠬᠤ ᠤᠬᠠᠮᠰᠠᠷ ᠲᠠᠨᠢᠯᠳᠠ ᠤᠯᠠᠮ ᠲᠡᠭᠡᠭᠰᠢᠯᠡᠵᠤ ᠪᠠᠶᠢᠨ᠎ᠠ ᠬᠡᠪᠡ᠃        
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号