ᠬᠢᠩᠭᠠᠨ ᠵᠠᠮᠤᠷ ︵ᠨᠤᠬᠠᠢ ᠬᠤᠰᠢᠭᠤ︶
ᠨᠡᠶᠢᠲᠡᠯᠡᠭᠰᠡᠨ ᠴᠠᠭ᠄
2022/4/19
     ᠲᠤᠮᠳᠠᠰᠠᠭ ᠪᠤᠲᠠ ᠮᠤᠳᠤ᠃ ᠤᠶᠢᠲᠤ ᠤᠷᠤᠨ᠂ ᠠᠭᠤᠯᠠᠨ ᠬᠦᠲᠦᠯ᠂ ᠡᠯᠡᠰᠦᠷᠬᠡᠭ ᠭᠠᠵᠠᠷ ᠢᠶᠠᠷ ᠤᠷᠭᠤᠳᠠᠭ ᠃ ᠮᠠᠨ ᠤ ᠤᠷᠤᠨ ᠤ ᠬᠢᠩᠭᠠᠨ ᠤ ᠬᠤᠶᠢᠲᠦ ᠬᠡᠰᠡᠭ᠂ ᠬᠢᠩᠭᠠᠨ ᠤ ᠡᠮᠦᠨᠡᠲᠦ ᠬᠡᠰᠡᠭ᠂ ᠳᠠᠪᠠᠭᠠᠨ ᠤ ᠪᠠᠷᠠᠭᠤᠨ ᠲᠤᠭᠤᠷᠢᠭ᠂ ᠯᠢᠶᠤᠤ ᠡᠾᠧ ᠭᠤᠤᠯ ᠤᠨ ᠲᠠᠯ᠎ᠠ ᠭᠠᠵᠠᠷ᠂ ᠬᠤᠷᠴᠢᠨ ᠲᠤᠭᠤᠷᠢᠭ᠂ ᠤᠯᠠᠭᠠᠨᠬᠠᠳᠠ ᠶᠢᠨ ᠲᠤᠪᠤ ᠲᠤᠪᠤᠷᠴᠠᠭ᠂ ᠶᠠᠨᠱᠠᠨ ᠠᠭᠤᠯᠠᠨ ᠤ ᠬᠤᠶᠢᠲᠦ ᠬᠡᠰᠡᠭ᠂ ᠬᠦᠯᠦᠨ ᠪᠤᠶᠢᠷ- ᠰᠢᠯᠢ ᠶᠢᠨ ᠭᠤᠤᠯ ᠤᠨ ᠦᠨᠳᠦᠷᠯᠢᠭ ᠤᠨ ᠵᠡᠬᠦᠨ ᠬᠡᠰᠡᠭ ᠪᠠ ᠡᠮᠦᠨᠡᠲᠦ ᠬᠡᠰᠡᠭ᠂ ᠤᠯᠠᠭᠠᠨᠴᠠᠪ ᠲᠤᠭᠤᠷᠢᠭ ᠤᠨ ᠡᠮᠦᠨᠡᠲᠦ ᠬᠡᠰᠡᠭ ᠤᠨ ᠲᠤᠪᠤ ᠲᠤᠪᠤᠷᠴᠠᠭ᠂ ᠮᠤᠨᠢ ᠠᠭᠤᠯᠠ ᠶᠢᠨ ᠲᠤᠭᠤᠷᠢᠭ᠂ ᠠᠯᠠᠱᠠ ᠠᠭᠤᠯᠠ ᠶᠢᠨ ᠲᠤᠭᠤᠷᠢᠭ ᠢᠶᠠᠷ ᠤᠷᠭᠤᠨ᠎ᠠ᠃ ᠮᠠᠨ ᠤ ᠤᠯᠤᠰ ᠤᠨ ᠤᠮᠠᠷᠠᠲᠦ ᠤᠷᠤᠨ᠂ ᠵᠡᠬᠦᠨ ᠬᠤᠶᠢᠲᠦ ᠤᠷᠤᠨ ᠢᠶᠠᠷ ᠳᠠᠷᠬᠠᠨ᠂ ᠤᠷᠤᠰ ᠤᠨ ᠰᠢᠪᠧᠷᠢᠶ᠎ᠠ ᠪᠤᠯᠤᠨ ᠠᠯᠤᠰ ᠲᠤᠷᠤᠨᠠᠲᠦ᠂ ᠰᠤᠯᠤᠩᠭᠤᠰ ᠤᠨ ᠬᠤᠶᠢᠲᠦ ᠬᠡᠰᠡᠭ ᠢᠶᠠᠷ ᠪᠠᠰᠠ ᠲᠠᠷᠬᠠᠵᠤ ᠪᠠᠶᠢᠳᠠᠭ᠃ ᠵᠢᠮᠢᠰ ᠨᠢ ᠤᠯᠠᠨ ᠵᠦᠢᠯ ᠤᠨ ᠸᠢᠲ᠋ᠠᠮᠢᠨ ᠠᠭᠤᠯᠠᠬᠤ ᠲᠤᠯᠠ ᠵᠢᠮᠢᠰ ᠢ ᠡᠭᠡᠳᠡᠩ ᠪᠠ ᠠᠷᠢᠬᠢ ᠨᠡᠷᠡᠵᠦ ᠪᠤᠯᠳᠠᠭ᠃ ᠴᠡᠴᠡᠭ ᠠᠴᠠ ᠨᠢ ᠲᠣᠰᠣ ᠰᠢᠬᠠᠵᠤ ᠪᠤᠯᠳᠠᠭ ᠮᠦᠷᠳᠡᠭᠡᠨ ᠦᠨᠳᠦᠰᠦ᠂ ᠡᠰᠢ ᠠᠴᠠ ᠨᠢ ᠴᠠᠪᠠᠣ ᠭᠠᠷᠭᠠᠨ ᠠᠪᠴᠤ ᠪᠤᠯᠳᠠᠭ᠃ ᠡᠮ ᠳᠤ ᠤᠷᠤᠬᠤ ᠮᠦᠷᠳᠡᠭᠡᠨ ᠤᠳᠠᠭᠠᠨ ᠴᠢᠨᠠᠷᠳᠠᠢ ᠰᠠᠯᠪᠤᠷᠢ ᠮᠦᠬᠡᠷᠡᠰᠦᠨ ᠬᠤᠭᠤᠯᠠᠢ ᠶᠢᠨ ᠦᠷᠪᠢᠰᠦᠯ᠂ ᠭᠡᠳᠡᠰᠦᠨ ᠦᠷᠪᠢᠰᠦᠯ᠂ ᠠᠵᠢᠯᠯᠠᠭᠠᠨ ᠤ ᠴᠢᠨᠠᠷᠳᠠᠢ ᠬᠡᠦᠬᠡᠨ ᠬᠡᠪᠳᠡᠰᠢ ᠠᠴᠠ ᠴᠢᠰᠦ ᠭᠠᠷᠬᠤ᠂ ᠭᠠᠳᠠᠷ ᠰᠢᠷᠬ᠎ᠠ ᠵᠡᠷᠭᠡ ᠶᠢ ᠡᠮᠨᠡᠨ ᠵᠠᠰᠠᠳᠠᠭ᠃
 
 
ᠢᠷᠡᠯᠲᠡ᠄ ︽ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠢ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号