4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ | ᠴᠡᠷᠢᠭ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠣᠷᠣᠨ ᠤ ᠲᠥᠪ ᠤᠨ ᠪᠠᠶᠢᠭᠤᠯᠤᠯᠭ᠎ᠠ ᠶᠢᠨ | ᠺᠠᠳ᠋ᠷᠴᠤᠳ ᠲᠠᠢ ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠰᠤᠷᠪᠤᠯᠵᠢᠯᠠᠭᠴᠢ | ᠶᠤᠸᠠᠨ ᠶᠦᠩ ᠬᠤᠩ ᠰᠡᠭᠦᠳᠡᠷᠯᠡᠪᠡ | 4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠱᠢ ᠲᠠᠢ ᠹᠧᠩ ᠬᠥᠬᠡᠬᠤᠲᠠ ᠶᠢᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠠᠯᠪᠠᠨ | ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠣᠷᠣᠨ ᠤ ᠲᠥᠪ ᠤᠨ ᠪᠠᠶᠢᠭᠤᠯᠤᠯᠭ᠎ᠠ ᠶᠢᠨ ᠺᠠᠳ᠋ᠷᠴᠤᠳ ᠲᠠᠢ | ᠬᠠᠮᠲᠤ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ ᠰᠤᠷᠪᠤᠯᠵᠢᠯᠠᠭᠴᠢ ᠶᠤᠸᠠᠨ ᠶᠦᠩ | ᠬᠤᠩ ᠰᠡᠭᠦᠳᠡᠷᠯᠡᠪᠡ | ᠮᠣᠳᠣ ᠲᠠᠷᠢᠬᠤ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠪᠠᠶᠢᠯ᠎ᠠ᠃ ᠦᠳᠡ ᠶᠢᠨ ᠡᠮᠦᠨᠡᠬᠢ 9 | ᠴᠠᠭ 30 ᠮᠢᠨᠦ᠋ᠲ ᠤᠨ ᠦᠶ᠎ᠡ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠴᠡᠷᠢᠭ ᠤᠨ ᠤᠳᠤᠷᠢᠳᠬᠤ | ᠨᠥᠬᠦᠳ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠲᠤ ᠬᠦᠷᠴᠦ ᠤᠯᠠᠨ ᠢᠶᠠᠷ ᠢᠶᠠᠨ ᠬᠠᠮᠲᠤ ᠪᠠᠷ | ᠤᠯᠢᠶᠠᠰᠤ᠂ ᠲᠤᠭᠤᠷᠤᠨ ᠮᠤᠳᠤ ᠵᠡᠷᠭᠡ ᠤᠷᠤᠨ ᠨᠤᠲᠤᠭ ᠤᠨ ᠰᠢᠯᠢᠳᠡᠭ ᠴᠢᠬᠢ ᠮᠣᠳᠣ ᠶᠢ ᠲᠠᠷᠢᠪᠠ᠃ | ᠮᠣᠳᠣ ᠲᠠᠷᠢᠬᠤ ᠵᠠᠭᠤᠷ᠎ᠠ᠂ ᠱᠢ ᠲᠠᠢ ᠹᠧᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠲᠠᠢ ᠰᠠᠨᠠᠯ ᠢᠶᠠᠨ ᠰᠣᠯᠢᠯᠴᠠᠵᠤ᠂ ᠴᠢᠬᠢ ᠮᠣᠳᠣᠨ ᠤ ᠲᠦᠷᠦᠯ ᠵᠦᠢᠯ᠂ ᠡᠳᠦᠷ ᠲᠤᠳᠤᠮ ᠤᠨ ᠠᠷᠠᠴᠢᠯᠠᠯᠲᠠ | ᠬᠠᠮᠢᠶᠠᠷᠤᠯᠲᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠮᠣᠳᠣ ᠳᠠᠷᠢᠵᠤ | ᠣᠶᠢᠵᠢᠭᠤᠯᠬᠤ ᠳᠤ ᠳᠠᠷᠢᠬᠤ ᠶᠢ ᠴᠢᠬᠤᠯᠠᠴᠢᠯᠠᠬᠤ ᠪᠠᠷ ᠪᠠᠷᠠᠬᠤ ᠥᠬᠡᠶ ᠬᠠᠮᠢᠶᠠᠷᠴᠤ ᠬᠠᠮᠠᠭᠠᠯᠠᠬᠤ ᠶᠢ ᠨᠠᠩ | ᠴᠢᠬᠤᠯᠠᠴᠢᠯᠠᠵᠤ᠂ ᠣᠶ ᠮᠣᠳᠣ ᠶᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠂ ᠡᠳᠡᠭᠡᠷᠡᠯᠲᠡ ᠶᠢᠨ | ᠨᠣᠷᠮ᠎ᠠ ᠶᠢ ᠪᠠᠲᠤᠯᠠᠬᠤ ᠬᠡᠷᠡᠭᠲᠡᠶ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠣᠬᠢᠷᠠᠮᠵᠢᠲᠠᠶ | ᠴᠢᠬᠢ ᠮᠣᠳᠣ ᠶᠢ ᠰᠤᠩᠭᠤᠨ ᠲᠠᠷᠢᠵᠦ᠂ ᠮᠣᠳᠣᠨ ᠤ ᠲᠦᠷᠦᠯ ᠤᠨ ᠤᠯᠠᠨ ᠶᠠᠩᠵᠤᠲᠤ ᠴᠢᠨᠠᠷ ᠢ ᠴᠢᠬᠤᠯᠠᠴᠢᠯᠠᠵᠤ᠂ | ᠬᠤᠯᠢᠮᠠᠭ ᠤᠢ ᠶᠢ ᠪᠤᠶᠢᠵᠢᠭᠤᠯᠬᠤ ᠮᠡᠷᠭᠡᠵᠢᠯ ᠢᠶᠠᠷ ᠳᠠᠮᠵᠢᠭᠤᠯᠤᠨ᠂ ᠭᠠᠭᠴᠠ ᠮᠣᠳᠣᠨ ᠤ ᠲᠦᠷᠦᠯ ᠢ ᠥᠷᠭᠡᠨ ᠢᠶᠠᠷ | ᠲᠠᠷᠢᠭᠰᠠᠨ ᠠᠴᠠ ᠪᠤᠯᠵᠤ ᠡᠪᠡᠳᠴᠢᠨ ᠬᠤᠷᠣᠬᠠᠶ ᠶᠢᠨ ᠭᠠᠮᠰᠢᠭ ᠡᠭᠦᠰᠬᠦ ᠪᠠ ᠬᠦᠷᠦᠰᠦᠨ ᠤ ᠰᠢᠮ᠎ᠡ ᠰᠤᠯᠠᠷᠠᠬᠤ ᠵᠡᠷᠭᠡ | ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠶ᠃ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠦᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠶᠡᠬᠡᠪᠡᠷ ᠦᠷᠨᠢᠬᠦᠯᠵᠦ᠂ ᠠᠮᠢ ᠠᠬᠤᠢ ᠶᠢᠨ | ᠣᠷᠴᠢᠨ ᠲᠣᠭᠤᠷᠢᠨ ᠢ ᠦᠷᠭᠦᠯᠵᠢᠯᠡᠨ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠦᠪᠦᠷ ᠮᠤᠩᠭᠤᠯ ᠢ ᠪᠠᠶᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ | ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠠᠦᠯᠢ ᠴᠠᠭᠠᠵᠠ ᠶᠢᠨ ᠪᠠᠶᠢᠭᠤᠯᠤᠯᠭ᠎ᠠ ᠶᠢᠨ | ᠤᠳᠤᠷᠢᠳᠬᠤ ᠨᠦᠬᠦᠳ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ | ᠮᠣᠩᠭᠤᠯ ᠤᠨ ᠶᠡᠷᠦᠩᠬᠡᠢ ᠠᠩᠬᠢ ᠶᠢᠨ ᠠᠷᠮᠢ ᠶᠢᠨ ᠲᠡᠰ ᠤᠨ ᠤᠳᠤᠷᠢᠳᠬᠤ ᠨᠥᠬᠦᠳ᠂ ᠣᠷᠣᠨ ᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠪᠠᠶᠢᠭᠤᠯᠤᠯᠭ᠎ᠠ ᠶᠢᠨ ᠺᠠᠳ᠋ᠷᠴᠤᠳ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠪᠠ᠃ | 1981 ᠣᠨ ᠳᠤ ᠮᠠᠨ ᠤ ᠤᠯᠤᠰ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ | ᠬᠥᠳᠡᠯᠭᠡᠭᠡᠨ ᠢ ᠥᠷᠨᠢᠭᠦᠯᠬᠦ ᠲᠤᠬᠠᠶ ᠰᠢᠢᠳᠪᠦᠷᠢ︾ ᠶᠢ ᠪᠠᠲᠤᠯᠠᠭᠰᠠᠨ ᠠᠴᠠ ᠨᠠᠰᠢ᠂ ᠥᠪᠥᠷ ᠮᠣᠩᠭᠤᠯ ᠳᠤ ᠨᠡᠶᠢᠲᠡ | 3.9 ᠳ᠋ᠦᠩᠰᠢᠭᠤᠷ ᠬᠥᠮᠦᠨ ᠤᠳᠠᠭ᠎ᠠ ᠠᠯᠪᠠᠨ ᠵᠢᠷᠤᠮ ᠤᠨ ᠮᠣᠳᠣ ᠳᠠᠷᠢᠬᠤ ᠳᠤ ᠣᠷᠣᠯᠴᠠᠵᠤ᠂ ᠳᠠᠷᠢᠭᠰᠠᠨ | ᠶᠡᠷᠦᠩᠬᠡᠶ ᠬᠡᠮᠵᠢᠶ᠎ᠡ ᠨᠢ 20 ᠳ᠋ᠦᠩᠰᠢᠭᠤᠷ ᠰᠠᠭᠤᠷᠢ ᠶᠢ ᠳᠠᠪᠠᠵᠤ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ | ᠭᠠᠵᠠᠷ ᠢ ᠨᠡᠶᠢᠲᠡ 3800 ᠭᠠᠷᠤᠶ ᠪᠠᠶᠢᠭᠤᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ 23% ᠳᠤ | ᠬᠥᠷᠪᠡ᠃ | | | | | | |