| | | 4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ | ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠬᠠᠶᠢᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 11 ᠤ ᠦᠳᠡ ᠶᠢᠨ ᠬᠤᠶᠢᠨ᠎ᠠ᠂ ᠰᠢ ᠶᠢᠨ ᠫᠢᠩ ᠦ᠋ ᡁᠢ | ᠱᠠᠨ ᠬᠤᠳᠠ ᠶᠢᠨ ᠱᠦᠢᠮᠠᠨ ᠰᠢᠶᠠᠩ ᠤᠨ ᠮᠤᠤᠨᠠ ᠲᠣᠰᠬᠤᠨ ᠳᠤ ᠲᠤᠬᠠᠢ ᠶᠢᠨ ᠭᠠᠵᠠᠷ ᠤᠨ ᠺᠠᠳ᠋ᠷ ᠤᠯᠠᠨ | ᠲᠦᠮᠡᠨ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | | | | | | 4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ | ᠤᠯᠣᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠬᠠᠶᠢᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 12 ᠤᠨ ᠦᠳᠡ ᠶᠢᠨ ᠡᠮᠦᠨ᠎ᠡ᠂ ᠰᠢ ᠶᠢᠨ ᠫᠢᠩ ᠶᠠᠩᠫᠦ᠋ | ᠤᠯᠠᠨ ᠤᠯᠤᠰ ᠤᠨ ᠴᠢᠩᠭᠡᠯᠢᠭ ᠤᠨ ᠤᠯᠤᠮ ᠤᠨ ᠰᠢᠶᠤᠤ ᠴᠠᠨ ᠲᠠᠨ ᠭᠠᠷᠠᠮ ᠤᠨ ᠲᠣᠭᠤᠷᠢᠭ ᠲᠤ ᠲᠤᠬᠠᠢ ᠶᠢᠨ | ᠲᠠᠯᠠᠪᠠᠢ ᠳᠠᠬᠢ ᠠᠵᠢᠯᠲᠡᠨ᠂ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠲᠥᠯᠥᠭᠡᠯᠡᠭᠴᠢ ᠨᠠᠷ ᠲᠠᠢ | ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ ᠰᠡᠭᠦᠳᠡᠷᠯᠡᠪᠡ | ᠰᠢᠨᠬᠤᠸᠠ ᠬᠤᠷᠢᠶᠠᠨ ᠤ ᠬᠠᠶᠢᠺᠸᠤ ᠶᠢᠨ 4 ᠰᠠᠷ᠎ᠠ ᠶᠢᠨ 13 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ ᠤᠢᠢᠷ᠎ᠠ ᠶᠢᠨ ᠡᠳᠦᠷ ᠬᠠᠶᠢᠨᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ | ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠵᠦ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠡᠮ ᠨᠡᠭᠡᠭᠡᠨ ᠰᠢᠨ᠎ᠡ ᠶᠢ ᠡᠭᠦᠳᠴᠦ᠂ ᠪᠦᠯᠬᠦᠮᠳᠡᠨ | ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠡᠯᠡᠬᠡᠢ ᠳ᠋ᠠᠬᠢᠨ ᠳᠤ ᠨᠥᠯᠥᠭᠡᠯᠡᠬᠦ ᠬᠦᠴᠦᠨ ᠪᠦᠬᠦᠢ | ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠢ ᠲᠦᠷᠭᠡᠳᠭᠡᠨ ᠪᠦᠲᠦᠬᠡᠨ ᠪᠠᠶᠢᠭᠤᠯᠵᠤ᠂ | ᠬᠠᠶᠢᠨᠠᠨ ᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠦᠯᠢᠭᠡᠷ ᠵᠢᠱᠢᠶ᠎ᠡ | ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠵᠠᠢ᠃ | 4 ᠰᠠᠷ᠎ᠠ ᠶᠢᠨ 10 ᠠᠴᠠ 13 ᠤ ᠡᠳᠦᠷ ᠪᠣᠯᠲᠠᠯ᠎ᠠ᠂ ᠰᠢ ᠶᠢᠨ ᠫᠢᠩ ᠬᠠᠶᠢᠨᠠᠨ ᠮᠤᠵᠢ ᠶᠢᠨ ᠨᠠᠮ ᠤᠨ | ᠬᠤᠷᠢᠶᠠᠨ ᠤ ᠱᠦᠵᠢ ᠱᠧᠨ ᠰᠢᠶᠤᠤ ᠮᠢᠩ᠂ ᠮᠤᠵᠢ ᠶᠢᠨ ᠳᠠᠷᠤᠭ᠎ᠠ ᠹᠧᠩ ᠹᠸᠢ ᠶᠢᠨ ᠪᠠᠷ᠎ᠠ ᠪᠣᠯᠣᠯᠭ᠎ᠠ ᠲᠠᠢ ᠪᠠᠷ | ᠤᠷᠢᠳ ᠬᠤᠵᠢᠳ ᠰᠠᠨᠶᠠ᠂ ᠦ᠋ ᡁᠢ ᠱᠠᠨ᠂ ᠳ᠋ᠠᠨᠵᠸᠦ ᠵᠡᠷᠭᠡ ᠭᠠᠵᠠᠷ ᠲᠤ ᠬᠦᠷᠴᠦ᠂ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ᠂ ᠤᠯᠤᠰ ᠤᠨ ᠴᠡᠴᠡᠷᠯᠢᠭ᠂ ᠯᠢ ᠦᠨᠳᠦᠰᠦᠲᠡᠨ ᠤ ᠲᠣᠰᠬᠤᠨ᠂ ᠭᠠᠷᠠᠮ ᠤᠯᠤᠮ ᠵᠡᠷᠭᠡ ᠳᠤ | ᠭᠦᠨᠵᠡᠭᠡᠶᠢᠷᠡᠵᠦ ᠪᠠᠶᠢᠴᠠᠭᠠᠨ ᠰᠤᠳᠤᠯᠪᠠ᠃ | 10 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠰᠠᠨᠶᠠ ᠬᠤᠳᠠ ᠶᠢᠨ ᠶᠠ ᠵᠧᠦ ᠸᠠᠨ | ᠪᠤᠯᠤᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ ᠳᠤ ᠪᠠᠶᠢᠷᠢᠯᠠᠭ᠎ᠠ ᠶᠠ ᠵᠧᠦ ᠸᠠᠨ ᠪᠤᠯᠤᠩ ᠤᠨ | ᠦᠷ᠎ᠡ ᠶᠢᠨ ᠲᠤᠷᠰᠢᠯᠲᠠ ᠶᠢᠨ ᠲᠠᠰᠤᠭ ᠲᠤ ᠬᠦᠷᠴᠦ ᠰᠢᠨᠵᠢᠯᠡᠨ ᠪᠠᠶᠢᠴᠠᠭᠠᠪᠠ᠃ | ᠰᠢ ᠶᠢᠨ ᠫᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠ ᠶᠢᠨ ᠲᠥᠯᠥᠪᠵᠢᠭᠦᠯᠭᠡ ᠪᠦᠳᠦᠭᠡᠨ | ᠪᠠᠶᠢᠭᠤᠯᠤᠯᠲᠠ ᠪᠠ ᠲᠤᠷᠰᠢᠯᠲᠠ ᠶᠢᠨ ᠲᠠᠰᠤᠭ ᠤᠨ ᠶᠡᠷᠦᠩᠬᠡᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ | ᠲᠤᠷᠰᠢᠯᠲᠠ ᠶᠢᠨ ᠲᠠᠰᠤᠭ ᠤᠨ ᠲᠠᠪᠴᠠᠩ ᠪᠠᠶᠢᠭᠤᠯᠵᠤ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠶᠢ ᠳᠡᠮᠵᠢᠭᠰᠡᠨ | ᠦᠷ᠎ᠡ ᠪᠦᠲᠦᠭᠡᠯ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠬᠠᠶᠢᠨᠠᠨ ᠮᠤᠵᠢ ᠶᠢᠨ ᠲᠠᠷᠢᠶᠠᠯᠠᠩ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠭᠪᠤᠷ ᠢ ᠬᠠᠶᠢᠨ ᠰᠦᠪᠡᠭᠴᠢᠯᠡᠵᠦ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠨ ᠲᠤᠯᠭᠠᠭᠤᠷᠢᠯᠠᠵᠦ ᠪᠠᠶᠢᠭ᠎ᠠ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ | ᠢᠯᠡᠳᠭᠡᠪᠡ᠃ ᠰᠢ ᠶᠢᠨ ᠫᠢᠩ ᠤᠷᠢᠳ ᠬᠤᠵᠢᠳ ᠲᠤᠮᠤ ᠬᠡᠯᠪᠡᠷᠢ ᠶᠢᠨ ᠬᠡᠮᠵᠢᠭᠦᠷᠯᠢᠭ ᠤᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠥᠪ᠂ ᠨᠠᠷᠢᠯᠢᠭ ᠣᠨᠣᠴᠠᠲᠠᠢ ᠮᠣᠯᠧᠺᠦ᠋ᠯ ᠤᠨ ᠵᠢᠷᠤᠭ ᠲᠥᠯᠥᠪᠯᠡᠭᠡᠨ ᠤ ᠦᠷ᠎ᠡ ᠪᠤᠶᠢᠵᠢᠭᠤᠯᠬᠤ | ᠲᠥᠪ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | | ᠰᠢ ᠶᠢᠨ ᠫᠢᠩ᠂ ᠳᠤᠮᠳᠠᠳᠤᠴᠤᠳ ᠠᠮᠤ ᠪᠤᠳᠠᠭᠠᠨ ᠤ ᠠᠰᠠᠭᠤᠳᠠᠯ ᠢ ᠦᠪᠡᠷ ᠲᠡᠭᠡᠨ ᠰᠢᠢᠳᠪᠦᠷᠢᠯᠡᠶ᠎ᠠ ᠭᠡᠪᠡᠯ | ᠡᠷᠬᠡᠪᠰᠢ ᠦᠷ᠎ᠡ ᠶᠢ ᠭᠠᠷ ᠲᠠᠭᠠᠨ ᠯᠠᠪᠳᠠᠭᠤᠨ ᠠᠳᠬᠤᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠪᠠ | ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠲᠠᠢ ᠤᠶᠠᠯᠳᠤᠭᠤᠯᠵᠦ ᠲᠥᠪᠯᠡᠷᠡᠭᠦᠯᠦᠨ | ᠪᠤᠭᠤᠮᠲᠠ ᠰᠢᠪᠲᠤᠯᠵᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠦᠷ᠎ᠡ ᠶᠢᠨ ᠢᠷᠡᠯᠳᠡ ᠶᠢ ᠪᠡᠶ᠎ᠡ ᠪᠠᠨ ᠳᠠᠭᠠᠭᠠᠵᠤ | ᠡᠵᠡᠮᠳᠡᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠦᠷ᠎ᠡ ᠪᠠᠷ ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠬᠡᠷᠡᠭᠲᠡᠢ᠃ ᠠᠬᠠᠮᠠᠳ ᠨᠢᠭᠡ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠳ ᠤᠨ ᠬᠡᠬᠦᠳᠡᠭ ᠴᠡᠭᠡᠵᠢᠨ ᠳᠡᠭᠡᠨ ᠡᠭᠡ ᠤᠯᠤᠰ ᠢᠶᠠᠨ ᠪᠠᠭᠲᠠᠭᠠᠵᠤ᠂ ᠠᠷᠠᠳ ᠲᠦᠮᠡᠨ ᠳᠤ | ᠦᠢᠯᠡᠴᠢᠯᠡᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ᠠᠷᠪᠠᠨ ᠵᠢᠯ ᠰᠢᠷᠭᠠᠭᠤ ᠴᠢᠷᠮᠠᠶᠢᠯᠭ᠎ᠠ | ᠭᠠᠷᠭᠠᠬᠤ ᠡᠷᠴᠢ ᠵᠤᠷᠢᠭ ᠢᠶᠠᠷ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠤᠷᠬᠢᠯ ᠳᠤ | ᠵᠣᠷᠢᠭᠲᠠᠢ ᠪᠠᠷ ᠠᠪᠠᠷᠢᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠲᠠᠷᠠᠭ᠎ᠠ ᠨᠢ᠂ ᠰᠢ ᠶᠢᠨ ᠫᠢᠩ ᠳᠤᠮᠳᠠᠳᠤ ᠤᠯᠤᠰ ᠤᠨ ᠲᠠᠯᠠᠢ ᠲᠠᠩᠭᠢᠰ ᠤᠨ ᠶᠡᠭᠡ ᠰᠤᠷᠭᠠᠭᠤᠯᠢ ᠶᠢᠨ | ᠰᠠᠨᠶᠠ ᠳᠠᠬᠢ ᠲᠠᠯᠠᠢ ᠲᠠᠩᠭᠢᠰ ᠤᠨ ᠰᠤᠳᠤᠯᠭᠠᠨ ᠤ ᠬᠦᠷᠢᠶᠡᠯᠡᠩ ᠳᠤ ᠬᠦᠷᠴᠦ᠂ ᠲᠠᠯᠠᠢ ᠲᠠᠩᠭᠢᠰ ᠢ ᠠᠵᠢᠭᠯᠠᠨ | ᠬᠡᠮᠵᠢᠬᠦ ᠲᠥᠬᠦᠭᠡᠷᠦᠮᠵᠢ ᠪᠣᠯᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠰᠤᠳᠤᠯᠤᠨ ᠨᠡᠭᠡᠭᠡᠵᠦ | ᠬᠡᠷᠡᠭᠯᠡᠭᠰᠡᠨ ᠪᠠᠶᠢᠳᠠᠯ ᠢ ᠣᠶᠢᠯᠠᠭᠠᠵᠤ᠂ ︽ᠭᠦᠨ ᠲᠠᠯᠠᠢ ᠨᠢᠭᠡᠳᠦᠭᠡᠷ ᠨᠡᠷᠡᠮᠵᠢᠳᠤ︾ ᠠᠵᠢᠯᠯᠠᠬᠤ ᠲᠠᠪᠴᠠᠩ ᠲᠠᠢ | ᠬᠤᠯᠪᠤᠭ᠎ᠠ ᠠᠪᠤᠪᠠ᠃ ᠡᠮᠦᠨ᠎ᠡ ᠹᠷᠣᠨᠲ ᠤᠨ ᠠᠵᠢᠯᠲᠠᠳ ᠶᠡᠷᠦᠩᠬᠡᠢ ᠱᠦᠵᠢ ᠳᠤ ᠡᠮᠦᠨ᠎ᠡ ᠹᠷᠣᠨᠲ ᠤᠨ ᠠᠵᠢᠯ ᠤᠨ | ᠪᠠᠶᠢᠳᠠᠯ ᠢ ᠬᠠᠷᠢᠭᠤ ᠮᠡᠳᠡᠭᠦᠯᠪᠡ᠃ ᠰᠢ ᠶᠢᠨ ᠫᠢᠩ ᠳᠡᠳᠡᠨ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ | ᠳᠡᠳᠡᠨ ᠢ ᠠᠮᠤᠷ ᠲᠦᠪᠰᠢᠨ ᠢ ᠠᠩᠬᠠᠷᠴᠤ᠂ ᠪᠡᠶ᠎ᠡ ᠪᠠᠨ ᠰᠠᠶᠢᠳᠤᠷ ᠭᠠᠮᠨᠠᠭᠠᠷᠠᠢ ᠭᠡᠵᠦ ᠵᠠᠬᠢᠪᠠ᠃ ᠰᠢ ᠶᠢᠨ ᠫᠢᠩ᠂ | ᠲᠠᠯᠠᠢ ᠲᠠᠩᠭᠢᠰ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠮᠥᠨ᠃ ᠲᠠᠯᠠᠢ | ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ | ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠤᠤᠭᠠᠯ ᠡᠭᠦᠳᠦᠯᠲᠡ ᠶᠢᠨ ᠴᠢᠨᠠᠷᠲᠠᠢ᠂ ᠬᠦᠲᠦᠯᠦᠨ | ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ | ᠮᠠᠰᠢᠨ ᠲᠣᠨᠣᠭᠯᠠᠯ ᠦᠢᠯᠡᠳᠬᠦ ᠠᠵᠢᠯ ᠢ ᠥᠪᠡᠷ ᠲᠡᠭᠡᠨ ᠰᠠᠶᠢᠳᠤᠷ ᠡᠵᠡᠮᠳᠡᠵᠦ᠂ ᠥᠪᠡᠷ ᠤᠨ ᠮᠠᠰᠢᠨ | ᠲᠣᠨᠣᠭᠯᠠᠯ ᠢᠶᠠᠷ ᠢᠶᠠᠨ ᠴᠢᠯᠠᠭᠤᠨ ᠲᠤᠰᠤ ᠰᠢᠲᠠᠮᠠᠬᠠᠢ ᠬᠡᠢ ᠶᠢᠨ ᠡᠬᠢ ᠪᠠᠶᠠᠯᠢᠭ ᠢ ᠴᠢᠷᠮᠠᠶᠢᠨ ᠨᠡᠭᠡᠭᠡᠨ ᠬᠥᠭᠵᠢᠭᠦᠯᠵᠦ᠂ | ᠡᠨᠧᠷᠭᠢ ᠶᠢᠨ ᠥᠪᠡᠷ ᠢ ᠪᠠᠨ ᠬᠠᠩᠭᠠᠬᠤ ᠨᠤᠷᠮ᠎ᠠ ᠶᠢ ᠳᠡᠭᠡᠭᠰᠢᠯᠡᠭᠦᠯᠵᠦ᠂ ᠤᠯᠤᠰ ᠤᠨ ᠡᠨᠧᠷᠭᠢ ᠶᠢᠨ ᠠᠮᠤᠷ | ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢᠨᠵᠢᠯᠡᠨ ᠪᠠᠶᠢᠴᠠᠭᠠᠬᠤ ᠵᠠᠮ ᠲᠠᠭᠠᠤ᠂ ᠰᠢ ᠶᠢᠨ ᠫᠢᠩ ᠲᠡᠷᠭᠡᠨ ᠠᠴᠠ ᠪᠠᠭᠤᠵᠤ ᠲᠠᠯᠠᠢ ᠳᠠᠭᠠᠤ ᠶᠢᠨ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠦᠵᠡᠭᠰᠡᠨ ᠪᠥᠭᠡᠳ ᠲᠡᠭᠦᠨ ᠤ 12 | ᠵᠢᠯ ᠤᠨ ᠡᠮᠦᠨ᠎ᠡ ᠲᠠᠷᠢᠭᠰᠠᠠ ᠨᠢᠭᠡ ᠰᠠᠭᠤᠷᠢ ᠮᠦᠩᠭᠡ ᠨᠠᠷᠠᠰᠤᠨ ᠳᠤ ᠪᠣᠷᠳᠤᠭᠤᠷ ᠣᠷᠣᠭᠤᠯᠵᠤ ᠤᠰᠤᠯᠠᠭᠰᠠᠨ | ᠪᠠᠶᠢᠨ᠎ᠠ᠃ ᠰᠢ ᠶᠢᠨ ᠫᠢᠩ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠳᠤ ᠡᠬᠡ ᠬᠠᠭᠤᠷᠠᠢ ᠳᠠᠯᠠᠢ ᠲᠠᠩᠭᠢᠰ ᠢ | ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠢ ᠨᠢᠭᠡᠨ | ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ ᠭᠡᠵᠦ ᠵᠠᠬᠢᠪᠠ᠃ | ᠬᠠᠶᠢᠨᠠᠨ ᠮᠤᠵᠢ 2011 ᠣᠨ ᠤ 4 ᠰᠠᠷ᠎ᠠ ᠶᠢᠨ 20 ᠤ ᠡᠳᠦᠷ ᠠᠷᠠᠯ ᠠᠴᠠ ᠰᠠᠯᠬᠤ ᠭᠠᠶᠢᠯᠢ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠲᠤᠷᠰᠢᠨ ᠬᠡᠷᠡᠭᠵᠢᠭᠦᠯᠪᠡ᠃ | 11 ᠤ ᠦᠳᠡ ᠶᠢᠨ ᠡᠮᠦᠨ᠎ᠡ᠂ ᠰᠢ ᠶᠢᠨ ᠫᠢᠩ ᠰᠠᠨᠶᠠ ᠶᠢᠨ ᠣᠯᠠᠨ ᠤᠯᠤᠰ ᠤᠨ ᠭᠠᠶᠢᠯᠢ ᠬᠡᠯᠲᠦᠷᠢᠭᠦᠯᠬᠦ | ᠬᠤᠲᠠ ᠳᠤ ᠬᠦᠷᠴᠦ᠂ ᠠᠷᠠᠯ ᠠᠴᠠ ᠰᠠᠯᠬᠤ ᠭᠠᠶᠢᠯᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠰᠢ ᠶᠢᠨ | ᠫᠢᠩ᠂ ᠬᠡᠷᠡᠭᠯᠡᠭᠡ ᠶᠢᠨ ᠠᠵᠤ ᠠᠬᠤᠶ ᠶᠢᠨ ᠬᠥᠭᠵᠢᠯᠲᠡ ᠳᠤ ᠦᠵᠡᠭᠦᠯᠬᠦ ᠰᠠᠭᠤᠷᠢ ᠴᠢᠨᠠᠷᠲᠠᠶ ᠦᠶ᠋ᠯᠡᠳᠦᠯ ᠢ ᠨᠠᠩ | ᠰᠠᠶᠢᠲᠤᠷ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠬᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠳᠠᠪᠠᠭᠤᠯᠢᠭ ᠲᠤ ᠲᠦᠰᠢᠭᠯᠡᠨ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠬᠠᠤᠯᠢᠵᠢᠯ ᠤᠨ | ᠣᠷᠴᠢᠨ ᠲᠣᠭᠤᠷᠢᠨ ᠢ ᠪᠣᠶ ᠪᠣᠯᠭᠠᠵᠤ᠂ ᠦᠨᠡᠨᠴᠢ ᠢᠲᠡᠭᠡᠮᠵᠢᠲᠡᠶ ᠡᠵᠡᠩᠨᠡᠯᠲᠡ᠂ ᠴᠢᠨᠠᠷ ᠰᠠᠶᠢᠲᠠᠶ ᠦᠶ᠋ᠯᠡᠴᠢᠯᠡᠭᠡ ᠪᠠᠷ | ᠬᠡᠷᠡᠭᠯᠡᠭᠴᠢᠳ ᠢ ᠲᠡᠳᠡᠨ ᠠᠪᠴᠢᠷᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ | ᠭᠠᠷᠠᠮ ᠢ ᠪᠥᠲᠥᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | | 11 ᠤ ᠦᠳᠡ ᠶᠢᠨ ᠬᠤᠶᠢᠨ᠎ᠠ᠂ ᠰᠢ ᠶᠢᠨ ᠫᠢᠩ ᠬᠠᠶᠢᠨᠠᠨ ᠠᠷᠠᠯ ᠤᠨ ᠳᠤᠮᠳᠠ ᠡᠮᠦᠨ᠎ᠡ ᠬᠡᠰᠡᠭ ᠤᠨ ᠦ᠋ ᡁᠢ | ᠱᠠᠨ ᠬᠤᠳᠠ ᠳᠤ ᠰᠢᠨᠵᠢᠯᠡᠨ ᠪᠠᠶᠢᠴᠠᠭᠠᠪᠠ᠃ ᠬᠠᠶᠢᠨᠠᠨ ᠤ ᠬᠠᠯᠠᠭᠤᠨ ᠪᠦᠰᠡᠨ ᠤ ᠪᠣᠷᠣᠭᠠᠨᠲᠤ ᠣᠶ ᠶᠢᠨ ᠤᠯᠤᠰ ᠤᠨ | ᠴᠡᠴᠡᠷᠯᠢᠭ ᠪᠣᠯ ᠮᠠᠨ ᠤ ᠤᠯᠤᠰ ᠤᠨ ᠲᠦᠷᠦᠭᠦᠦ ᠪᠦᠯᠦᠭ ᠤᠨ 5 ᠤᠯᠤᠰ ᠤᠨ ᠴᠡᠴᠡᠷᠯᠢᠭ ᠤᠨ ᠨᠢᠭᠡ ᠪᠣᠯᠤᠨ᠎ᠠ᠃ | ᠰᠢ ᠶᠢᠨ ᠫᠢᠩ ᠦ᠋ ᡁᠢ ᠱᠠᠨ ᠠᠭᠤᠯᠠ ᠶᠢᠨ ᠣᠷᠣᠨ ᠢᠶᠠᠷ ᠭᠦᠨᠵᠡᠭᠡᠶᠢᠷᠡᠵᠦ᠂ ᠮᠣᠳᠣᠨ ᠬᠥᠭᠦᠷᠭᠡᠨ ᠵᠠᠮ ᠢᠶᠠᠷ | ᠠᠯᠬᠤᠯᠠᠨ ᠴᠡᠴᠡᠷᠯᠢᠭ ᠤᠨ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠪᠠᠶᠢᠨ ᠪᠠᠶᠢᠨ ᠵᠣᠭᠰᠣᠵᠤ᠂ | ᠤᠢ ᠮᠣᠳᠣᠨ ᠤ ᠤᠷᠭᠤᠴᠠ᠂ ᠤᠰᠤᠨ ᠤ ᠡᠬᠢ ᠰᠤᠷᠪᠤᠯᠵᠢ ᠶᠢᠨ ᠬᠠᠳᠠᠭᠠᠯᠠᠯᠲᠠ᠂ ᠠᠮᠢᠳᠠᠨ ᠤᠷᠭᠤᠮᠠᠯ ᠤᠨ ᠡᠬᠢ | ᠪᠠᠶᠠᠯᠢᠭ ᠤᠨ ᠬᠠᠮᠠᠭᠠᠯᠠᠯᠲᠠ ᠵᠡᠷᠭᠡ ᠪᠠᠶᠢᠳᠠᠯ ᠢ ᠯᠠᠪᠯᠠᠨ ᠠᠰᠠᠭᠤᠪᠠ᠃ ᠲᠡᠷᠡ᠂ ᠬᠠᠶᠢᠨᠠᠨ ᠠᠮᠢ ᠠᠬᠤᠶ ᠪᠠᠷ ᠮᠤᠵᠢ | ᠪᠠᠶᠢᠭᠤᠯᠬᠤ ᠶᠢ ᠭᠤᠶᠢᠪᠢᠰᠢ ᠥᠬᠡᠶ ᠪᠠᠷᠢᠮᠲᠠᠯᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ | ᠭᠤᠤᠯᠳᠠᠯᠭ᠎ᠠ ᠶᠢᠨ ᠭᠤᠤᠯᠳᠠᠯᠭ᠎ᠠ ᠪᠣᠯᠭᠠᠵᠤ᠂ ᠬᠠᠯᠠᠭᠤᠨ ᠪᠦᠰᠡᠨ ᠤ ᠪᠣᠷᠣᠭᠠᠨᠲᠤ ᠣᠶ ᠶᠢ ᠴᠢᠩᠭ᠎ᠠ ᠬᠠᠮᠠᠭᠠᠯᠠᠵᠤ᠂ | ᠠᠮᠢ ᠠᠬᠤᠶ ᠶᠢ ᠬᠠᠮᠠᠭᠠᠯᠠᠬᠤ᠂ ᠪᠣᠬᠢᠷᠲᠤᠯ ᠥᠬᠡᠶ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠬᠠᠷᠢᠯᠴᠠᠨ ᠨᠢᠭᠡᠳᠭᠡᠬᠦ ᠶᠢ ᠪᠡᠶᠡᠯᠡᠭᠦᠯᠵᠦ᠂ ᠳᠡᠯᠡᠬᠡᠶ ᠳ᠋ᠠᠬᠢᠨ ᠳᠤ ᠳᠤᠮᠳᠠᠳᠤ ᠤᠯᠤᠰ ᠤᠨ ᠤᠯᠤᠰ ᠤᠨ ᠴᠡᠴᠡᠷᠯᠢᠭ ᠤᠨ | ᠪᠥᠲᠥᠭᠡᠨ ᠪᠠᠶᠢᠭᠤᠯᠤᠯᠲᠠ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ ᠡᠯᠪᠡᠭ | ᠦᠷ᠎ᠡ ᠪᠦᠲᠦᠭᠡᠯ ᠢ ᠲᠡᠯᠭᠡᠨ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠱᠦᠢᠮᠠᠨ ᠰᠢᠶᠠᠩ ᠤᠨ ᠮᠤᠤᠨᠠ ᠲᠣᠰᠬᠤᠨ ᠪᠣᠯ ᠦ᠋ ᡁᠢ ᠱᠠᠨ ᠬᠤᠳᠠ ᠶᠢᠨ ᠯᠢ ᠦᠨᠳᠦᠰᠦᠲᠡᠨ ᠤ ᠨᠢᠭᠡᠨ | ᠲᠣᠰᠬᠤᠨ ᠪᠣᠯᠤᠨ᠎ᠠ᠂ ᠤᠢᠢᠷ᠎ᠠ ᠶᠢᠨ ᠵᠢᠯ ᠠᠴᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠶᠡᠭᠡ ᠪᠠᠷ | ᠬᠥᠭᠵᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠲᠣᠰᠬᠤᠨ ᠳᠤ ᠬᠦᠷᠴᠦ ᠪᠠᠶᠢᠴᠠᠭᠠᠨ ᠰᠤᠳᠤᠯᠵᠤ᠂ | ᠲᠣᠰᠬᠤᠨ ᠤ ᠵᠠᠮ ᠳᠠᠭᠠᠤ ᠲᠤᠭᠤᠷᠢᠨ ᠦᠵᠡᠪᠡ᠃ ᠯᠢ ᠦᠨᠳᠦᠰᠦᠲᠡᠨ ᠤ ᠲᠣᠰᠬᠤᠨ ᠤ ᠠᠷᠠᠳ ᠸᠠᠩ ᠪᠠᠢ | ᠾᠧ ᠶᠢᠨ ᠬᠢᠨ ᠶᠡᠷᠦᠩᠬᠡᠢ ᠱᠦᠵᠢ ᠶᠢ ᠬᠠᠯᠠᠭᠤᠮᠰᠤᠭ ᠢᠶᠠᠷ ᠭᠡᠷ ᠲᠡᠭᠡᠨ ᠵᠠᠯᠠᠪᠠ᠃ ᠰᠢ ᠶᠢᠨ ᠫᠢᠩ ᠬᠦᠷᠢᠶ᠎ᠡ ᠬᠠᠰᠢᠶ᠎ᠠ᠂ | ᠵᠣᠴᠢᠨ ᠤ ᠥᠷᠥᠭᠡ᠂ ᠤᠨᠲᠠᠬᠤ ᠥᠷᠥᠭᠡ ᠵᠡᠷᠭᠡ ᠶᠢ ᠪᠠᠶᠢᠴᠠᠭᠠᠨ ᠦᠵᠡᠵᠦ᠂ ᠴᠠᠶ ᠶᠢᠨ ᠦᠢᠯᠡᠳᠭᠡᠯ ᠳᠤᠨᠢ ᠴᠠᠶ | ᠬᠠᠭᠤᠷᠬᠤ ᠬᠥᠳᠡᠯᠮᠦᠷᠢ ᠳᠤ ᠣᠷᠣᠯᠴᠠᠭᠰᠠᠨ ᠪᠥᠭᠡᠳ ᠬᠤᠶᠠᠷ ᠤᠭᠤᠲᠠ ᠴᠠᠶ ᠬᠤᠳᠠᠯᠳᠤᠨ ᠠᠪᠴᠠᠶ᠃ ᠰᠢ ᠶᠢᠨ | ᠫᠢᠩ ᠲᠡᠳᠡᠨ ᠢ ᠴᠠᠶ ᠪᠠᠨ ᠰᠠᠶᠢᠲᠤᠷ ᠡᠵᠡᠩᠨᠡᠵᠦ᠂ ᠠᠮᠢᠳᠤᠷᠠᠯ ᠢᠶᠠᠨ ᠨᠠᠩ ᠥᠭᠡᠳᠡ ᠡᠰᠡᠷᠡᠭ ᠪᠣᠯᠭᠠᠭᠠᠷᠠᠶ ᠭᠡᠵᠦ | ᠵᠣᠷᠢᠭᠵᠢᠭᠤᠯᠪᠠ᠃ | ᠲᠣᠰᠬᠤᠨ ᠤ ᠰᠡᠷᠢᠭᠦᠨ ᠲᠢᠩᠰᠡ ᠳᠤ᠂ ᠰᠢ ᠶᠢᠨ ᠫᠢᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ | ᠰᠢᠶᠠᠩ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠬᠤ ᠠᠩᠬᠢ ᠶᠢᠨ ᠳᠠᠷᠤᠭ᠎ᠠ᠂ | ᠲᠣᠰᠬᠤᠨ ᠤ ᠨᠠᠮ ᠤᠨ ᠡᠭᠦᠷ ᠤᠨ ᠱᠦᠵᠢ᠂ ᠠᠬᠠᠮᠠᠳ ᠨᠠᠮ ᠤᠨ ᠭᠡᠰᠢᠭᠦᠨ᠂ ᠪᠠᠶᠠᠵᠢᠯ ᠤᠨ ᠲᠠᠭᠠᠭᠤᠯᠤᠬᠴᠢ ᠶᠢᠨ | ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠰᠣᠶᠣᠯ ᠢ | ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠭᠰᠠᠨ ᠵᠡᠷᠭᠡ ᠪᠠᠶᠢᠳᠠᠯ ᠢ ᠣᠶᠢᠯᠠᠭᠠᠪᠠ᠃ | ᠰᠢ ᠶᠢᠨ ᠫᠢᠩ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠵᠠᠩᠭᠢᠯᠠᠭ᠎ᠠ ᠨᠢ | ᠬᠥᠮᠦᠨ ᠳᠤ ᠲᠦᠰᠢᠭᠯᠡᠬᠦ ᠳᠤ ᠪᠠᠶᠢᠨ᠎ᠠ᠃ ᠤᠯᠤᠰ ᠲᠦᠷᠦ ᠶᠢᠨ ᠲᠠᠯ᠎ᠠ ᠪᠠᠷ ᠴᠠᠭᠤᠷᠬᠠᠢ᠂ ᠡᠷᠳᠡᠮ ᠴᠢᠳᠠᠪᠤᠷᠢ ᠨᠢ | ᠭᠠᠷᠮᠠᠭᠠᠢ᠂ ᠣᠪᠣᠷ ᠰᠤᠷᠲᠠᠯ ᠨᠢ ᠪᠠᠳᠤ ᠴᠢᠩᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ | ᠡᠩᠨᠡᠭᠡ ᠶᠢ ᠪᠠᠶᠢᠭᠤᠯᠵᠤ᠂ ᠪᠠᠶᠠᠵᠢᠯ ᠤᠨ ᠲᠠᠭᠠᠭᠤᠯᠤᠬᠴᠢ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠣᠶᠤᠲᠠᠨ | ᠂ ᠴᠡᠷᠢᠭ ᠠᠴᠠ ᠬᠠᠯᠠᠭᠳᠠᠭᠰᠠᠳ ᠵᠡᠷᠭᠡ ᠶᠢ ᠪᠠᠭᠲᠠᠭᠠᠭᠰᠠᠨ ᠡᠯ᠎ᠡ ᠲᠦᠷᠦᠯ ᠤᠨ ᠴᠢᠳᠠᠪᠤᠷᠢᠲᠠᠨ ᠢ ᠤᠷᠢᠵᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠭᠠᠪᠢᠶ᠎ᠠ ᠵᠢᠳᠬᠦᠯ ᠦᠵᠡᠭᠦᠯᠬᠦ ᠬᠡᠷᠡᠭᠲᠡᠢ᠃ ᠬᠥᠳᠡᠭᠡ | ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ ᠰᠢ ᠶᠢᠨ ᠫᠢᠩ ᠬᠤᠩᠭᠢᠯ ᠳᠠᠭᠠᠤ ᠯᠢ | ᠦᠨᠳᠦᠰᠦᠲᠡᠨ ᠤ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠯᠢ ᠦᠨᠳᠦᠰᠦᠳᠡᠨ ᠤ ᠬᠡᠮᠡᠷᠯᠢᠭ᠂ | ᠣᠷᠢᠶᠠᠩᠭᠤ ᠶᠢᠨ ᠭᠦᠷᠦᠮᠡᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢ ᠦᠵᠡᠪᠡ᠃ | ᠠᠭᠤᠳᠠᠮ ᠲᠠᠯᠠᠪᠠᠢ ᠳᠡᠭᠡᠷ᠎ᠡ᠂ ᠤᠶᠠᠩᠭᠠᠳᠤ ᠳᠠᠭᠤᠤ ᠬᠠᠩᠭᠢᠨᠠᠵᠤ᠂ ᠬᠡᠩᠭᠡᠷᠭᠡ ᠴᠠᠩ ᠲᠦᠴᠢᠬᠢᠨᠠᠵᠦ᠂ ᠲᠣᠰᠬᠤᠨ ᠤ | ᠠᠷᠠᠳ ᠬᠤᠯᠤᠰᠤᠨ ᠪᠥᠵᠢᠭ ᠪᠥᠵᠢᠭᠯᠡᠵᠦ ᠠᠯᠤᠰ ᠤᠨ ᠵᠣᠴᠢᠨ ᠢᠶᠠᠨ ᠤᠭᠲᠤᠪᠠ᠃ ᠰᠢ ᠶᠢᠨ ᠫᠢᠩ᠂ ᠯᠢ | ᠦᠨᠳᠦᠰᠦᠲᠡᠨ ᠤ ᠠᠬ᠎ᠠ ᠳᠡᠭᠦᠦ ᠨᠡᠷ ᠢ ᠡᠷᠬᠢᠨ ᠦᠵᠡᠭᠡᠳ ᠮᠠᠰᠢ ᠪᠠᠶᠠᠷᠯᠠᠵᠤ ᠪᠠᠶᠢᠨ᠎ᠠ᠂ ᠲᠠ ᠨᠠᠷ ᠤᠨ ᠵᠣᠯ | ᠵᠢᠷᠭᠠᠯ ᠲᠠᠢ ᠠᠮᠢᠳᠤᠷᠠᠯ ᠢ ᠬᠠᠷᠠᠭᠠᠳ ᠪᠢ ᠪᠠᠶᠠᠰᠤᠯ᠎ᠠ᠃ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠦᠭᠰᠡᠨ ᠤ ᠲᠠᠷᠠᠭ᠎ᠠ ᠪᠠᠰᠠ ᠦᠷᠭᠦᠯᠵᠢᠯᠡᠨ ᠪᠦᠬᠦ ᠠᠷᠠᠳ ᠲᠦᠮᠡᠨ ᠤ ᠬᠠᠮᠲᠤ ᠶᠢᠨ ᠪᠠᠶᠠᠵᠢᠯ ᠵᠦᠭ | ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠠᠮᠢ ᠠᠬᠤᠶᠢᠵᠢᠭᠤᠯᠬᠤ ᠪᠠ ᠠᠮᠢ ᠠᠬᠤᠢ ᠶᠢ ᠠᠵᠤ | ᠦᠢᠯᠡᠰᠵᠢᠭᠦᠯᠬᠦ ᠳᠡᠭᠡᠷ᠎ᠡ ᠬᠦᠴᠦ ᠲᠠᠯᠪᠢᠵᠤ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ | ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠲᠠᠷᠢᠶᠠᠯᠠᠩ ᠵᠡᠷᠭᠡ ᠠᠵᠤ ᠦᠢᠯᠡᠰ ᠢ ᠦᠷᠭᠦᠯᠵᠢᠯᠡᠨ | ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠠᠵᠢᠯ ᠢ | ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠭᠡᠬᠦ ᠶᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠨᠠᠮ ᠤᠨ ᠤᠯᠠᠨ ᠲᠦᠮᠡᠨᠴᠢ | ᠱᠤᠭᠤᠮ ᠢ ᠲᠤᠭᠤᠰᠢᠯᠠᠭᠤᠯᠵᠤ᠂ ᠨᠠᠮ ᠤᠨ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠵᠦ᠂ ᠤᠯᠠᠨ ᠲᠦᠮᠡᠨ ᠤ | ᠪᠤᠳᠤᠵᠦ ᠪᠠᠶᠢᠭ᠎ᠠ ᠵᠦᠢᠯ ᠢ ᠪᠤᠳᠤᠵᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠶᠠᠪᠤᠳᠠᠯ ᠳᠤ ᠰᠠᠨᠠᠭᠠᠰᠢᠷᠠᠵᠤ᠂ | ᠪᠦᠬᠦ ᠬᠦᠴᠦᠨ ᠴᠢᠳᠠᠯ ᠢᠶᠠᠨ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠳᠡᠭᠡᠷ᠎ᠡ ᠬᠡᠷᠡᠭᠯᠡᠬᠦ ᠬᠡᠷᠡᠭᠲᠡᠢ | ᠭᠡᠵᠤ ᠤᠯᠠᠨ ᠲᠦᠮᠡᠨ ᠳᠤ ᠳᠤᠳᠤᠨᠤᠰᠤᠭ ᠢᠶᠠᠷ ᠬᠡᠯᠡᠪᠡ᠃ | 12 ᠤᠨ ᠦᠳᠡ ᠶᠢᠨ ᠡᠮᠦᠨ᠎ᠡ᠂ ᠰᠢ ᠶᠢᠨ ᠫᠢᠩ ᠬᠠᠶᠢᠨᠠᠨ ᠠᠷᠠᠯ ᠤᠨ ᠪᠠᠷᠠᠭᠤᠨ ᠬᠤᠶᠢᠲᠤ ᠬᠡᠰᠡᠭ ᠲᠤ | ᠪᠠᠶᠢᠭ᠎ᠠ ᠳ᠋ᠠᠨᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠦᠵᠡᠭᠦᠯᠭᠡ ᠶᠢᠨ ᠣᠷᠳᠣᠨ ᠳᠤ᠂ ᠰᠢ ᠶᠢᠨ ᠫᠢᠩ ᠶᠠᠩᠫᠦ᠋ | ᠠᠵᠤ ᠠᠬᠤᠢ ᠶᠢᠨ ᠨᠡᠭᠡᠭᠡᠯᠳᠡ ᠶᠢᠨ ᠣᠷᠣᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠶᠡᠷᠦᠩᠬᠡᠢ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠨᠡᠭᠡᠭᠡᠯᠳᠡ ᠶᠢᠨ ᠣᠷᠣᠨ ᠤ ᠬᠥᠭᠵᠢᠯᠲᠡ ᠶᠢᠨ ᠶᠠᠪᠤᠴᠠ᠂ ᠪᠦᠳᠦᠭᠡᠨ | ᠪᠠᠶᠢᠭᠤᠯᠤᠯᠲᠠ ᠶᠢᠨ ᠠᠮᠵᠢᠯᠲᠠ ᠪᠦᠲᠦᠮᠵᠢ᠂ ᠢᠷᠡᠭᠡᠳᠦᠢ ᠶᠢᠨ ᠲᠥᠯᠥᠪᠵᠢᠭᠦᠯᠭᠡ ᠵᠢᠴᠢ ᠣᠷᠣᠵᠤ ᠰᠠᠭᠤᠭᠰᠠᠨ ᠠᠵᠤ | ᠠᠬᠤᠶᠢᠯᠠᠯ ᠤᠨ ᠦᠷ᠎ᠡ ᠪᠦᠲᠦᠭᠡᠯ ᠵᠡᠷᠭᠡ ᠦᠵᠡᠭᠦᠯᠭᠡ ᠶᠢ ᠨᠠᠷᠢᠨ ᠬᠢᠨᠠᠮᠠᠭᠠᠢ ᠦᠵᠡᠪᠡ᠃ ᠰᠢ ᠶᠢᠨ ᠫᠢᠩ᠂ ᠶᠠᠩᠫᠦ᠋ | ᠠᠵᠤ ᠠᠬᠤᠢ ᠶᠢᠨ ᠨᠡᠬᠡᠬᠡᠯᠳᠡ ᠶᠢᠨ ᠣᠷᠣᠨ ᠨᠢ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠤᠷᠢᠳ ᠢᠶᠠᠷ | ᠬᠡᠷᠡᠭᠵᠢᠭᠦᠯᠬᠦ ᠣᠷᠣᠨ᠂ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠬᠠᠶᠢᠨᠠᠨ ᠤ ᠠᠵᠤ ᠠᠬᠤᠢ ᠶᠢᠨ | ᠣᠨᠴᠠᠭᠠᠢ ᠣᠷᠣᠨ ᠪᠠᠶᠢᠭᠤᠯᠤᠭᠰᠠᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ︽ᠳᠤᠮᠳᠠᠳᠤ ᠤᠯᠤᠰ ᠤᠨ ᠶᠠᠩᠫᠦ᠋ | ᠭᠠᠷᠠᠮ︾ ᠤᠨ ᠣᠩᠭᠤᠴᠠ ᠳᠠᠩᠰᠠᠯᠠᠬᠤ ᠭᠠᠷᠠᠮ ᠤᠨ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠢ ᠰᠠᠶᠢᠲᠤᠷ | ᠠᠰᠢᠭᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠬᠡᠷᠡᠭᠲᠡᠢ | ᠭᠡᠵᠤ ᠵᠢᠭᠠᠵᠤ ᠭᠠᠷᠭᠠᠵᠠᠢ᠃ ᠳᠠᠷᠠᠭ᠎ᠠ ᠨᠢ᠂ ᠰᠢ ᠶᠢᠨ ᠫᠢᠩ ᠶᠠᠩᠫᠦ᠋ ᠤᠯᠠᠨ ᠤᠯᠤᠰ ᠤᠨ ᠴᠢᠩᠭᠡᠯᠢᠭ ᠤᠨ | ᠤᠯᠤᠮ ᠤᠨ ᠰᠢᠶᠤᠤ ᠴᠠᠨ ᠲᠠᠨ ᠭᠠᠷᠠᠮ ᠤᠨ ᠲᠣᠭᠤᠷᠢᠭ ᠲᠤ ᠬᠦᠷᠴᠦ᠂ ᠭᠠᠷᠠᠮ ᠤᠨ ᠪᠦᠲᠦᠭᠡᠨ ᠪᠠᠶᠢᠭᠤᠯᠤᠯᠲᠠ | ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠲᠤᠬᠠᠢ ᠶᠢᠨ ᠲᠠᠯᠠᠪᠠᠢ ᠳᠠᠬᠢ ᠠᠵᠢᠯᠳᠠᠨ᠂ ᠲᠦᠷ ᠴᠠᠭ ᠲᠤᠰᠢᠶᠠᠯ | ᠡᠭᠦᠷᠭᠡᠯᠡᠵᠤ ᠪᠠᠶᠢᠭ᠎ᠠ ᠺᠠᠳ᠋ᠷ ᠤᠨ ᠲᠥᠯᠥᠭᠡᠯᠡᠭᠴᠢ ᠨᠡᠷ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠭᠠᠷᠠᠮ ᠢ | ᠬᠥᠭᠵᠢᠭᠦᠯᠦᠨ ᠮᠠᠨᠳᠤᠭᠤᠯᠵᠤ᠂ ᠲᠡᠭᠡᠭᠡᠪᠦᠷᠢ ᠶᠢᠨ ᠦᠢᠯᠡᠰ ᠢ ᠬᠥᠭᠵᠢᠭᠦᠯᠬᠦ ᠳᠤ ᠪᠠᠶᠢᠷᠢ ᠲᠣᠭᠲᠠᠭᠠᠯᠲᠠ ᠶᠢ ᠰᠠᠶᠢᠲᠤᠷ | ᠡᠵᠡᠮᠳᠡᠵᠦ᠂ ᠵᠣᠬᠢᠴᠠᠬᠤ ᠴᠢᠨᠠᠷ ᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠬᠦᠯᠬᠦ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ ᠶᠢ ᠪᠠᠷᠢᠮᠲᠠᠯᠠᠵᠤ᠂ ᠭᠠᠷᠠᠮ ᠤᠨ ᠬᠥᠭᠵᠢᠯᠲᠡ ᠪᠣᠯᠤᠨ ᠶᠠᠩᠫᠦ᠋ ᠠᠵᠤ ᠠᠬᠤᠢ ᠶᠢᠨ ᠨᠡᠭᠡᠭᠡᠯᠳᠠ ᠶᠢᠨ | ᠣᠷᠣᠨ᠂ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠬᠠᠷᠢᠯᠴᠠᠨ ᠬᠠᠪᠰᠤᠷᠤᠯᠴᠠᠵᠤ | ᠬᠠᠷᠢᠯᠴᠠᠨ ᠲᠦᠰᠢᠭᠯᠡᠯᠴᠡᠵᠤ᠂ ᠬᠠᠷᠢᠯᠴᠠᠨ ᠠᠬᠢᠭᠤᠯᠵᠤ ᠬᠠᠮᠲᠤ ᠪᠠᠷ ᠳᠠᠪᠰᠢᠬᠤ ᠶᠢ ᠴᠢᠩᠭᠠᠳᠬᠠᠵᠤ᠂ ᠪᠠᠷᠠᠭᠤᠨ | ᠣᠷᠣᠨ ᠤ ᠡᠬᠡ ᠬᠠᠭᠤᠷᠠᠢ ᠪᠠ ᠲᠠᠯᠠᠢ ᠶᠢᠨ ᠰᠢᠨ᠎ᠡ ᠵᠠᠮ ᠢ ᠪᠦᠳᠦᠭᠡᠨ ᠪᠠᠶᠢᠭᠤᠯᠬᠤ᠂ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠳᠦᠭᠡᠨ ᠪᠠᠶᠢᠭᠤᠯᠬᠤ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠵᠤ ᠴᠢᠬᠤᠯᠠᠴᠢᠯᠠᠪᠠ᠃ ᠲᠡᠷᠡ᠂ | ᠨᠠᠮ ᠤᠨ ᠲᠥᠪ ᠬᠤᠷᠢᠶ᠎ᠠ ᠠᠴᠠ ᠺᠠᠳ᠋ᠷ ᠢ ᠲᠣᠮᠢᠯᠠᠨ ᠢᠷᠡᠭᠦᠯᠵᠤ ᠴᠢᠯᠥᠭᠡᠲᠦ ᠠᠷᠠᠯᠵᠢᠶᠠᠨ ᠤ ᠭᠠᠷᠠᠮ ᠳᠤ ᠲᠦᠷ ᠴᠠᠭ | ᠲᠤᠰᠢᠶᠠᠯ ᠡᠭᠦᠷᠭᠡᠯᠡᠭᠦᠯᠵᠤ ᠪᠠᠶᠢᠬᠤ ᠨᠢ ᠨᠠᠮ ᠤᠨ ᠲᠥᠪ ᠬᠤᠷᠢᠶ᠎ᠠ ᠠᠴᠠ ᠴᠢᠯᠥᠭᠡᠲᠦ ᠠᠷᠠᠯᠵᠢᠶᠠᠨ ᠤ ᠭᠠᠷᠠᠮ ᠤᠨ | ᠪᠦᠳᠦᠭᠡᠨ ᠪᠠᠶᠢᠭᠤᠯᠤᠯᠲᠠ ᠶᠢ ᠬᠠᠯᠠᠮᠵᠢᠯᠠᠨ ᠲᠡᠮᠵᠢᠵᠤ ᠪᠠᠶᠢᠬᠤ ᠶᠢ ᠢᠯᠡᠷᠡᠭᠦᠯᠦᠭᠰᠡᠨ ᠪᠦᠭᠡᠳ ᠪᠠᠰᠠ ᠺᠠᠳ᠋ᠷ ᠢ | ᠬᠥᠮᠦᠵᠢᠭᠦᠯᠦᠨ ᠪᠣᠯᠪᠠᠰᠤᠷᠠᠭᠤᠯᠵᠤ ᠪᠠᠶᠢᠭ᠎ᠠ ᠶᠠᠪᠤᠳᠠᠯ ᠪᠣᠯᠤᠨ᠎ᠠ᠂ ᠲᠦᠷ ᠴᠠᠭ ᠲᠤᠰᠢᠶᠠᠯ ᠡᠭᠦᠷᠭᠡᠯᠡᠵᠤ ᠪᠠᠶᠢᠭ᠎ᠠ | ᠺᠠᠳ᠋ᠷ ᠤᠨ ᠢᠳᠡᠪᠬᠢ ᠦᠢᠯᠡᠳᠦᠯ ᠢ ᠪᠠᠳᠠᠷᠠᠭᠤᠯᠵᠤ᠂ ᠲᠡᠳᠡᠨ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ | ᠠᠪᠢᠶᠠᠰ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | 13 ᠤ ᠦᠳᠡ ᠶᠢᠨ ᠡᠮᠦᠨ᠎ᠡ᠂ ᠰᠢ ᠶᠢᠨ ᠫᠢᠩ ᠬᠠᠶᠢᠨᠠᠨ ᠤ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠪᠠ ᠳᠤᠮᠳᠠᠳᠤ ᠤᠯᠤᠰ ᠤᠨ ᠣᠨᠴᠠᠯᠢᠭ ᠲᠠᠢ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠭᠰᠡᠨ ᠤ ᠲᠠᠷᠠᠭ᠎ᠠ᠂ ᠬᠠᠶᠢᠨᠠᠨ | ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠠᠶᠢᠨᠠᠨ ᠤ ᠡᠯ᠎ᠡ ᠵᠦᠢᠯ ᠤᠨ ᠠᠵᠢᠯ ᠳᠤ ᠣᠯᠤᠭᠰᠠᠨ ᠠᠮᠵᠢᠯᠲᠠ ᠪᠦᠲᠦᠮᠵᠢ ᠶᠢ ᠨᠤᠲᠠᠯᠠᠵᠤ᠂ | ᠬᠠᠶᠢᠨᠠᠨ ᠤ ︽ᠠᠮᠵᠢᠯᠲᠠ ᠠᠨᠤ ᠭᠠᠭᠴᠠ ᠮᠢᠨᠦ ᠭᠠᠪᠢᠶ᠎ᠠ ᠪᠤᠰᠤ︾ ᠭᠡᠬᠦ ᠵᠣᠷᠢᠭ ᠰᠠᠨᠠᠭᠠᠨ ᠤ ᠪᠠᠶᠢᠳᠠᠯ ᠪᠣᠯᠤᠨ ︽ | ᠠᠮᠵᠢᠯᠲᠠ ᠤᠯᠬᠤ ᠳᠤ ᠯᠠᠪᠲᠠᠢ ᠪᠢ ᠵᠢᠳᠭᠦᠨ᠎ᠠ︾ ᠭᠡᠬᠦ ᠲᠡᠦᠬᠡᠲᠦ ᠡᠭᠦᠷᠭᠡᠯᠡᠯ ᠢᠶᠠᠷ ᠬᠠᠶᠢᠨᠠᠨ ᠤ ᠴᠢᠯᠥᠭᠡᠲᠦ | ᠠᠷᠠᠯᠵᠢᠶᠠᠨ ᠤ ᠭᠠᠷᠠᠮ ᠢ ᠳᠤᠮᠳᠠᠳᠤ ᠤᠯᠤᠰ ᠤᠨ ᠬᠡᠪ ᠨᠠᠮᠪᠠ ᠶᠢ ᠢᠯᠡᠷᠡᠭᠦᠯᠬᠦ ᠢᠷᠠᠭᠤ ᠰᠠᠶᠢᠬᠠᠨ ᠨᠡᠷ᠎ᠡ ᠶᠢᠨ | ᠬᠠᠭᠤᠳᠠᠰᠤ ᠪᠣᠯᠭᠠᠬᠤ ᠶᠢ ᠬᠦᠰᠡᠪᠡ᠃ | ᠰᠢ ᠶᠢᠨ ᠫᠢᠩ᠂ ᠴᠢᠯᠥᠭᠡᠲᠦ ᠠᠷᠠᠯᠵᠢᠶᠠᠨ ᠤ ᠭᠠᠷᠠᠮ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠪᠣᠯ | ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠤᠷᠳᠤ ᠬᠤᠭᠤᠴᠠᠭ᠎ᠠ ᠪᠠᠷ ᠲᠡᠮᠡᠴᠡᠬᠦ ᠦᠵᠡᠯ ᠰᠠᠨᠠᠭᠠᠨ ᠤ | ᠪᠡᠯᠡᠳᠭᠡᠯ ᠪᠣᠯᠤᠨ ᠠᠵᠢᠯ ᠤᠨ ᠪᠡᠯᠡᠳᠭᠡᠯ ᠢ ᠰᠠᠶᠢᠲᠤᠷ ᠬᠢᠬᠦ ᠬᠡᠷᠡᠭᠲᠡᠢ᠃ ᠬᠠᠶᠢᠨᠠᠨ ᠤ ᠴᠢᠯᠥᠭᠡᠲᠦ ᠠᠷᠠᠯᠵᠢᠶᠠᠨ ᠤ | ᠭᠠᠷᠠᠮ ᠤᠨ ᠪᠦᠳᠦᠭᠡᠨ ᠪᠠᠶᠢᠭᠤᠯᠤᠯᠲᠠ ᠶᠢᠨ ᠶᠡᠷᠦᠩᠬᠡᠢ ᠲᠥᠰᠦᠯ ᠪᠣᠯᠤᠨ ᠬᠠᠶᠢᠨᠠᠨ ᠤ ᠴᠢᠯᠥᠭᠡᠲᠦ ᠠᠷᠠᠯᠵᠢᠶᠠᠨ ᠤ | ᠭᠠᠷᠠᠮ ᠤᠨ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ | ᠲᠦᠷᠢᠮ ᠤᠨ ᠰᠢᠨ᠎ᠡ ᠡᠭᠦᠳᠦᠯᠲᠡ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ︽ᠲᠥᠪ ᠠᠴᠠ ᠨᠢᠭᠡᠳᠦᠯᠲᠡᠢ | ᠲᠥᠯᠥᠪᠵᠢᠭᠦᠯᠬᠦ᠂ ᠰᠠᠯᠠᠭ᠎ᠠ ᠮᠥᠴᠢᠷ ᠠᠴᠠ ᠳᠡᠮᠵᠢᠬᠦ᠂ ᠮᠤᠵᠢ ᠠᠴᠠ ᠨᠠᠶᠢᠳᠠᠪᠤᠷᠢᠵᠢᠭᠤᠯᠬᠤ︾ ᠠᠵᠢᠯ ᠤᠨ | ᠲᠣᠭᠲᠡᠴᠡ ᠶᠢ ᠴᠢᠩᠭᠠᠳᠬᠠᠵᠤ᠂ ᠬᠠᠶᠢᠨᠠᠨ ᠤ ᠴᠢᠯᠥᠭᠡᠲᠦ ᠠᠷᠠᠯᠵᠢᠶᠠᠨ ᠤ ᠭᠠᠷᠠᠮ ᠤᠨ ᠲᠣᠭᠲᠠᠭᠰᠠᠨ | ᠬᠤᠭᠤᠴᠠᠭᠠᠨ ᠳᠤ ᠤᠷᠤᠭᠰᠢᠲᠠᠢ ᠠᠵᠢᠯᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠭᠤᠶᠢᠪᠢᠰᠢ | ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠪᠣᠯᠤᠨ ᠤᠯᠤᠰ ᠤᠨ ᠶᠡᠭᠡ ᠲᠠᠯ᠎ᠠ ᠳᠤ ᠵᠣᠭᠰᠣᠨ ᠠᠰᠠᠭᠤᠳᠠᠯ ᠢ | ᠪᠣᠳᠣᠯᠬᠢᠯᠠᠵᠤ᠂ ᠤᠴᠢᠷ ᠶᠠᠪᠤᠳᠠᠯ ᠢ ᠬᠢᠵᠤ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠬᠤ ᠬᠡᠷᠡᠭᠲᠡᠢ᠃ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠭᠤᠶᠢᠪᠢᠰᠢ ᠦᠭᠡᠢ ᠪᠠᠷᠢᠮᠲᠠᠯᠠᠵᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠨᠡ ᠬᠦ ᠰᠢᠨᠵᠢ ᠴᠢᠨᠠᠷ ᠢ ᠪᠠᠲᠤ ᠡᠵᠡᠮᠳᠡᠬᠦ ᠬᠡᠷᠡᠭᠲᠡᠢ᠃ | ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠢᠯᠭᠠᠨ ᠲᠠᠨᠢᠬᠤ ᠪᠠ ᠰᠡᠷᠭᠡᠶᠢᠯᠡᠬᠦ ᠶᠢ ᠴᠢᠩᠭᠠᠳᠬᠠᠵᠤ᠂ ᠥᠭᠡᠷᠡᠴᠢᠯᠡᠯᠲᠡ ᠬᠥᠭᠵᠢᠯᠲᠡ | ᠲᠣᠭᠲᠠᠭᠤᠨ ᠢ ᠨᠢᠭᠡᠳᠦᠯᠲᠡᠢ ᠲᠥᠯᠥᠪᠵᠢᠭᠦᠯᠵᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ᠂ ᠪᠠᠶᠢᠭᠤᠯᠬᠤ | ᠦᠭᠡᠢ ᠪᠣᠯ ᠡᠪᠳᠡᠬᠦ ᠦᠭᠡᠢ ᠪᠠᠶᠢᠬᠤ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠠᠶᠢᠨᠠᠨ ᠤ ᠨᠡᠩ ᠰᠠᠶᠢᠨ ᠬᠥᠭᠵᠢᠯᠲᠡ ᠶᠢ ᠠᠬᠢᠭᠤᠯᠬᠤ ᠳᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠦᠨᠳᠦᠰᠦᠨ ᠭᠠᠷᠬᠤ | ᠵᠠᠮ ᠮᠥᠨ᠃ ᠵᠢᠭᠤᠯᠴᠢᠯᠠᠯ ᠤᠨ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ᠂ ᠬᠠᠯᠠᠭᠤᠨ ᠪᠦᠰᠡ ᠶᠢᠨ ᠣᠨᠴᠠᠯᠢᠭᠳᠤ ᠥᠨᠳᠥᠷ ᠦᠷ᠎ᠡ ᠠᠰᠢᠭᠲᠤ ᠲᠠᠷᠢᠶᠠᠯᠠᠩ ᠢ | ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ | ᠲᠦᠷᠭᠡᠳᠭᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠷ᠎ᠡ ᠪᠦᠲᠦᠭᠡᠯ ᠢ ᠤᠨᠳᠤᠤᠰᠢᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠬᠡ ᠬᠠᠭᠤᠷᠠᠢ ᠳᠠᠯᠠᠢ | ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠠᠭᠤᠯᠠ ᠳᠠᠯᠠᠢ ᠬᠤᠯᠪᠣᠭᠠᠯᠠᠨ ᠬᠥᠳᠡᠯᠦᠯᠴᠡᠬᠦ᠂ ᠡᠬᠢ ᠪᠠᠶᠠᠯᠢᠭ ᠢ | ᠠᠭᠤᠰᠤᠯᠴᠠᠭᠤᠯᠤᠨ ᠨᠡᠪᠲᠡᠷᠡᠭᠦᠯᠬᠦ ᠶᠢ ᠳᠤᠪᠤᠶᠢᠯᠭᠠᠵᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠬᠡᠮ ᠰᠣᠭᠤᠭ ᠢ | ᠬᠦᠴᠦᠯᠡᠨ ᠠᠷᠢᠯᠭᠠᠵᠤ᠂ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ | ᠭᠠᠳᠠᠭᠠᠳᠤ ᠨᠡᠭᠡᠭᠡᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠳᠡᠭᠡ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ | ᠴᠢᠨᠠᠷᠳᠠᠢ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ | ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠪᠠᠳᠦ ᠰᠠᠬᠢᠬᠤ ᠬᠡᠷᠡᠭᠲᠡᠢ᠃ ᠬᠤᠲᠠ ᠬᠥᠳᠡᠭᠡ ᠵᠢᠴᠢ ᠠᠲᠠᠷ | ᠬᠠᠭᠠᠯᠪᠤᠷᠢᠯᠠᠯᠲᠠ ᠶᠢᠨ ᠣᠷᠣᠨ ᠤ ᠨᠢᠭᠡ ᠴᠣᠭᠴᠠᠵᠢᠭᠰᠠᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠤᠯᠤᠰ ᠤᠨ | ᠡᠮᠦᠨᠡᠲᠦ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠤᠶᠢᠵᠢᠭᠤᠯᠬᠤ ᠰᠠᠭᠤᠷᠢᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠪᠠᠶᠢᠭᠠᠯᠢ ᠶᠢᠨ ᠭᠤᠮ ᠤᠨ ᠠᠵᠤ ᠦᠶ᠋ᠯᠡᠰ ᠢ ᠲᠡᠳᠬᠦᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠠᠯᠠᠢ ᠶᠢ ᠬᠦᠷᠢᠶᠡᠯᠡᠨ ᠪᠥᠭᠯᠡᠬᠦ ᠶᠢ ᠬᠠᠮᠢᠶᠠᠷᠤᠨ ᠡᠵᠡᠮᠳᠡᠬᠦ ᠪᠠ | ᠡᠷᠭᠢ ᠳᠠᠭᠠᠤ ᠶᠢᠨ ᠨᠡᠭᠡᠭᠡᠨ ᠬᠥᠭᠵᠢᠭᠦᠯᠦᠯᠲᠡ ᠶᠢ ᠬᠠᠮᠢᠶᠠᠷᠤᠨ ᠡᠵᠡᠮᠳᠡᠬᠦ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠠᠯᠠᠭᠤᠨ ᠪᠦᠰᠡᠨ ᠤ ᠪᠣᠷᠣᠭᠠᠨᠲᠤ | ᠣᠶ ᠶᠢᠨ ᠤᠯᠤᠰ ᠤᠨ ᠴᠡᠴᠡᠷᠯᠢᠭ ᠪᠣᠯ ᠤᠯᠤᠰ ᠤᠨ ᠡᠷᠳᠡᠨᠢ ᠮᠥᠨ᠂ ᠤᠰᠤᠨ ᠴᠥᠭᠦᠷᠥᠮ᠂ ᠠᠮᠤ ᠪᠤᠳᠠᠭᠠᠨ ᠤ | ᠬᠥᠮᠥᠷᠭᠡ᠂ ᠵᠣᠭᠤᠰᠣᠨ ᠬᠥᠮᠥᠷᠭᠡ ᠮᠥᠨ᠂ ᠨᠠᠩ ᠴᠤ ᠨᠡᠭᠦᠷᠡᠰᠦᠲᠥ᠋ᠷᠥᠭᠴᠢ ᠶᠢᠨ ᠬᠥᠮᠥᠷᠭᠡ ᠮᠥᠨ᠂ ᠲᠡᠭᠦᠨ ᠤ | ᠤᠯᠤᠰ ᠲᠤ ᠦᠵᠡᠭᠦᠯᠬᠦ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠡᠯᠪᠡᠭ ᠪᠠᠶᠠᠯᠢᠭ | ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠳᠠ ᠶᠢ ᠥᠷᠭᠡᠳᠭᠡᠬᠦ ᠲᠤᠳᠤᠮ ᠤᠶᠤᠨ ᠤ | ᠪᠣᠯᠪᠠᠰᠤᠨ ᠤ ᠪᠠᠶᠢᠭᠤᠯᠤᠯᠲᠠ ᠶᠢ ᠤᠯᠠᠮ ᠴᠢᠩᠭᠠᠳᠬᠠᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠤᠨ | ᠬᠥᠮᠦᠵᠢᠯ ᠢ ᠴᠥᠬᠦᠷᠡᠰᠢ ᠥᠬᠡᠶ ᠰᠠᠶᠢᠲᠤᠷ ᠠᠳᠬᠤᠵᠤ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ | ᠦᠵᠡᠯᠲᠡ ᠶᠢ ᠪᠤᠶᠢᠵᠢᠭᠤᠯᠤᠨ ᠪᠠᠳᠠᠷᠠᠭᠤᠯᠵᠤ᠂ ᠣᠯᠠᠨ ᠲᠦᠮᠡᠨᠴᠢ ᠴᠢᠨᠠᠷᠲᠠᠶ ᠣᠶᠤᠨ ᠤ ᠪᠣᠯᠪᠠᠰᠤᠨ ᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠲᠦᠮᠡᠨ ᠤ ᠪᠣᠯᠪᠠᠰᠤᠨ ᠬᠡᠪ ᠪᠣᠯᠪᠠᠰᠤᠷᠠᠯ ᠪᠣᠯᠤᠨ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠦᠨᠡᠨᠴᠢ ᠢᠲᠡᠭᠡᠮᠵᠢᠲᠡᠢ | ᠪᠠᠶᠢᠬᠤ ᠪᠠᠶᠢᠭᠤᠯᠤᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ | ᠦᠨᠡᠨᠴᠢ ᠢᠲᠡᠭᠡᠮᠵᠢᠲᠡᠢ ᠪᠠᠶᠢᠬᠤ ᠨᠡᠶᠢᠭᠡᠮ ᠤᠨ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠩ ᠤᠯᠠᠨ ᠬᠠᠶᠢᠷ᠎ᠠ ᠰᠡᠳᠭᠢᠯᠭᠡ ᠲᠠᠢ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠡᠩ ᠤᠯᠠᠨ | ᠠᠷᠠᠳ ᠤᠨ ᠰᠡᠳᠭᠢᠯ ᠢ ᠳᠤᠯᠠᠭᠠᠴᠠᠭᠤᠯᠬᠤ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠪᠠᠴᠢᠮᠳᠠᠵᠤ᠂ | ᠲᠦᠪᠡᠭᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠰᠡᠳᠭᠢᠯ ᠲᠠᠯᠪᠢᠨ ᠬᠦᠴᠦ ᠣᠷᠣᠭᠤᠯᠤᠨ ᠰᠠᠶᠢᠲᠤᠷ | ᠰᠢᠢᠳᠪᠦᠷᠢᠯᠡᠵᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ | ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠭᠡᠬᠦ | ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠪᠠ ᠬᠤᠳᠠ ᠬᠥᠳᠡᠭᠡ ᠶᠢᠨ ᠨᠢᠭᠡ ᠴᠤᠭᠴᠠᠵᠢᠯᠳᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠠᠵᠢᠯ ᠢ ᠪᠥᠬᠦ ᠲᠠᠯ᠎ᠠ ᠪᠠᠷ | ᠰᠠᠶᠢᠲᠤᠷ ᠬᠢᠵᠦ᠂ ᠠᠶᠤᠯᠭᠦᠢ ᠦᠶ᠋ᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠲᠡᠯᠡᠶ ᠲᠠᠩᠬᠢᠰ ᠲᠤ | ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠩᠭ᠎ᠠ ᠭᠤᠣᠯ ᠬᠦᠭ ᠠᠶᠠᠰ ᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠢᠭᠡᠳᠦᠯᠲᠡᠢ | ᠵᠢᠯᠤᠭᠤᠳᠤᠭᠤᠯᠤᠨ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠨᠠᠮ ᠪᠠᠶᠢᠭᠤᠯᠬᠤ ᠠᠭᠤᠤ ᠶᠡᠭᠡ | ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠨᠠᠨ ᠤ ᠴᠢᠶᠦ᠋ᠩ ᠶᠠ ᠶᠢᠨ ᠴᠤᠪᠤᠭ᠎ᠠ ᠠᠩᠬᠢ ᠶᠢᠨ ᠳᠤᠷᠠᠰᠬᠠᠯ ᠤᠨ | ᠲᠠᠯᠠᠪᠤᠷ᠂ ᠬᠤᠪᠢᠰᠬᠠᠯᠲᠤ ᠡᠮᠡᠭᠲᠡᠢ ᠴᠡᠷᠢᠭ ᠤᠨ ᠳᠤᠷᠠᠰᠬᠠᠯ ᠤᠨ ᠬᠦᠷᠢᠶᠡᠯᠡᠩ ᠵᠡᠷᠭᠡ ᠬᠤᠪᠢᠰᠬᠠᠯ ᠤᠨ ᠡᠬᠢ | ᠪᠠᠶᠠᠯᠢᠭ ᠢ ᠰᠠᠶᠢᠲᠤᠷ ᠠᠰᠢᠭᠯᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ | ᠪᠠᠶᠢᠭᠠᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ | ᠬᠤᠪᠢᠰᠬᠠᠯ ᠤᠨ ᠤᠳᠤᠮᠰᠢᠯ ᠢ ᠦᠷᠭᠦᠯᠵᠢᠯᠡᠭᠦᠯᠬᠦ ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ | ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠰᠢᠨ᠎ᠡ ᠶᠢ ᠡᠭᠦᠳᠬᠦ | ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠤᠬᠠᠮᠰᠠᠷ ᠠᠴᠠ ᠪᠠᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ︽ᠴᠢᠳᠠᠪᠤᠷᠢ ᠶᠢᠨ ᠮᠡᠭᠦᠰᠳᠡᠯ︾᠂ ᠴᠢᠳᠠᠪᠤᠷᠢ ᠬᠦᠷᠦᠯᠴᠡᠬᠦ ᠦᠭᠡᠢ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠦᠴᠦᠯᠡᠨ ᠲᠡᠪᠴᠢᠬᠦ | ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠦᠲᠦᠮᠵᠢᠲᠡᠢ ᠪᠦᠷᠬᠦᠴᠡ ᠶᠢ ᠦᠷᠭᠦᠯᠵᠢᠯᠡᠨ ᠥᠷᠭᠡᠳᠭᠡᠵᠦ᠂ ᠡᠯ᠎ᠡ ᠬᠦᠷᠢᠶᠡᠨ ᠳᠠᠬᠢ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ᠃ | ᠢᠯᠵᠠᠷᠡᠯ ᠢ ᠡᠰᠡᠷᠭᠦᠴᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ | ᠱᠠᠳᠤᠴᠢ ᠴᠢᠨᠠᠷᠲᠠᠢ ᠣᠨᠴᠠᠯᠢᠭ ᠢ ᠣᠨᠣᠪᠴᠢᠲᠠᠢ ᠡᠵᠡᠮᠳᠡᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ | ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠭᠠᠵᠠᠷ ᠰᠢᠷᠣᠢ ᠶᠢ | ᠲᠦᠷᠢᠶᠡᠰᠦᠯᠡᠬᠦ ᠶᠢ ᠵᠥᠪᠰᠢᠶᠡᠷᠡᠬᠦ᠂ ᠭᠡᠷ ᠭᠠᠵᠠᠷ ᠤᠨ ᠬᠦᠷᠦᠩᠭᠡ ᠶᠢ ᠨᠡᠭᠡᠭᠡᠨ ᠠᠰᠢᠭᠯᠠᠬᠤ᠂ ᠠᠷᠠᠯᠵᠢᠶᠠᠴᠢᠨ ᠤᠷᠢᠵᠤ | ᠪᠡᠯᠡ ᠮᠥᠩᠭᠦ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ | ᠲᠦᠷᠢᠮ ᠢ ᠪᠦᠷᠢᠨᠰᠢᠬᠦᠯᠵᠤ᠂ ᠠᠯᠳᠠᠰᠢ ᠭᠠᠷᠬᠤ ᠶᠢ ᠬᠤᠷᠢᠭᠯᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ | ᠠᠬᠤᠢ ᠶᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ ᠮᠥᠨ ᠬᠦ ᠲᠦᠢᠯ ᠤᠨ ᠬᠦᠨᠳᠦ ᠨᠣᠴᠢᠲᠠᠢ ᠪᠠᠶᠢᠨ᠎ᠠ᠂ ᠢᠯᠠᠩᠭᠤᠶ᠎ᠠ ᠰᠡᠷᠭᠡᠶᠢᠯᠡᠨ ᠡᠵᠡᠮᠳᠡᠬᠦ | ᠠᠵᠢᠯ ᠢ ᠰᠤᠯᠠᠷᠠᠭᠤᠯᠵᠤ ᠪᠣᠯᠬᠤ ᠦᠭᠡᠢ᠃ ᠪᠠᠷᠢᠮᠲᠠᠯᠠᠯ ᠪᠣᠯ ᠳᠠᠷᠤᠢ ᠢᠯᠠᠯᠲᠠ ᠮᠦᠨ᠃ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠲᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ | ᠣᠨᠣᠴᠠᠲᠠᠢ ᠪᠠᠶᠢᠬᠤ᠂ ᠡᠪᠡᠳᠴᠢᠨ ᠤ ᠵᠢᠱᠶ᠋ᠶᠡ ᠶᠢ ᠳᠠᠷᠤᠢ ᠲᠦᠷᠭᠡᠨ ᠦᠭᠡᠢ ᠪᠤᠯᠭᠠᠬᠤ ᠶᠢ ᠪᠠᠷᠢᠮᠲᠠᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠠᠳᠬᠤᠬᠤ | ᠬᠡᠷᠡᠭᠲᠡᠢ᠃ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠳᠭᠢᠯᠭᠡ᠂ ᠭᠤᠷᠢᠳᠠᠬᠤ ᠪᠤᠳᠤᠯ᠂ ᠰᠤᠯᠠᠷᠠᠬᠤ ᠰᠡᠳᠭᠢᠯᠭᠡ ᠶᠢ | ᠢᠯᠠᠨ ᠳᠠᠪᠠᠵᠤ᠂ ᠸᠢᠷᠦ᠋ᠰ ᠤᠨ ᠣᠨᠳᠣᠣᠰᠢᠯ ᠤᠨ ᠰᠢᠨ᠎ᠡ ᠣᠨᠴᠠᠯᠢᠭ ᠲᠤ ᠴᠢᠭᠯᠡᠭᠦᠯᠦᠨ᠂ ᠰᠢᠨᠵᠢᠯᠡᠬᠦ | ᠤᠬᠠᠭᠠᠨᠴᠢ ᠪᠠᠷ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠡᠯ᠎ᠡ ᠵᠦᠢᠯ ᠤᠨ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠲᠡᠭᠦᠯᠳᠡᠷᠵᠢᠭᠦᠯᠦᠨ᠂ ᠪᠠᠶᠢᠩᠭᠤᠵᠢᠬᠰᠠᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ ᠲᠥᠪ ᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |