ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠤᠯᠪᠠᠰᠤᠷᠠᠭᠤᠯᠤᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/4/26
     ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠪᠠ᠃ ᠪᠤᠯᠪᠠᠰᠤᠷᠠᠭᠤᠯᠤᠯ ᠬᠦᠷᠲᠡᠭᠰᠡᠳ ᠨᠢ ᠪᠥᠬᠦ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠣᠯᠤᠨ᠎ᠠ᠂ ᠡᠭᠦᠨ ᠳᠤ ᠡᠯ᠎ᠡ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠷᠢᠶ᠎ᠠ ᠨᠢᠭᠡᠴᠡ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠵᠡᠷᠭᠡ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠᠭᠲᠠᠨ᠎ᠠ᠃      ᠣᠶᠢᠷ᠎ᠠ ᠶᠢᠨ ᠬᠤᠭᠤᠴᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ ᠰᠦᠯᠵᠢᠶᠡᠨ ᠳᠡᠭᠡᠷ᠎ᠡ ᠪᠣᠯᠪᠠᠰᠤᠷᠠᠭᠤᠯᠤᠯ ᠡᠷᠬᠢᠯᠡᠵᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠡᠷᠡᠭᠦᠤ ᠰᠢᠢᠳᠬᠡᠯ ᠤᠨ ᠬᠤᠯᠪᠣᠭᠳᠠᠯ ᠪᠥᠬᠦᠶ ᠲᠣᠭᠲᠠᠭᠠᠯ᠂ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠤᠯᠪᠣᠭᠳᠠᠯ ᠪᠥᠬᠦᠶ ᠲᠣᠭᠲᠠᠭᠠᠯ ᠵᠡᠷᠭᠡ ᠶᠢ ᠲᠠᠶᠢᠯᠪᠤᠷᠢᠯᠠᠨ ᠲᠤᠳᠤᠷᠬᠠᠶᠢᠯᠠᠪᠠ᠃ ᠪᠣᠯᠪᠠᠰᠤᠷᠠᠭᠤᠯᠤᠯ ᠢ ᠠᠶᠢᠮᠠᠭ ᠬᠤᠲᠠ ᠶᠢᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠪᠠ ᠡᠯ᠎ᠡ ᠬᠤᠰᠢᠭᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠭᠡᠬᠦ  ᠬᠤᠶᠠᠷ ᠪᠦᠯᠦᠭ ᠲᠤ ᠬᠤᠪᠢᠶᠠᠨ ᠶᠠᠪᠤᠭᠳᠠᠭᠤᠯᠪᠠ᠃      4 ᠰᠠᠷ᠎ᠠ ᠶᠢᠨ 11᠎ ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠲᠧᠩ ᠰᠢᠶᠦ᠋ᠨ ᠬᠤᠷᠠᠯ ᠢᠶᠠᠷ ᠳᠠᠮᠵᠢᠭᠤᠯᠤᠨ ᠬᠠᠤᠯᠢ ᠪᠠᠷ ᠵᠠᠰᠠᠬᠤ ᠲᠠᠶᠢᠯᠤᠮᠵᠢ ᠡᠷᠭᠢᠯᠡᠵᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠢᠩ ᠫᠢᠩ ᠫᠷᠤᠹᠧᠰᠰᠤᠷ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠰᠤᠳᠤᠨ᠂ ᠡᠬᠢ ᠪᠠᠶᠠᠯᠢᠭ ᠤᠨ ᠭᠠᠵᠠᠷ ᠤᠨ ᠸᠠᠩ ᠺᠠᠶ ᠶᠢ ᠤᠷᠢᠵᠤ᠂ ᠰᠢᠨ᠎ᠡ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠴᠠᠭ᠎ᠠ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ᠂ ᠣᠶ ᠰᠢᠭᠤᠶ ᠶᠢᠨ ᠡᠬᠢ ᠪᠠᠶᠠᠯᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠣᠭᠲᠠᠭᠠᠯ ᠢ ᠲᠠᠶᠢᠯᠪᠤᠷᠢᠯᠠᠨ ᠲᠠᠨᠢᠯᠴᠠᠭᠤᠯᠪᠠ᠃ 337 ᠬᠠᠤᠯᠢ ᠬᠡᠷᠡᠭᠵᠢᠭᠦᠯᠬᠦ ᠠᠵᠢᠯᠲᠠᠨ  ᠪᠤᠯᠪᠠᠰᠤᠷᠠᠭᠤᠯᠤᠯ ᠳᠤ ᠣᠷᠣᠯᠴᠠᠵᠠᠶ᠃ 4 ᠰᠠᠷ᠎ᠠ ᠶᠢᠨ 11᠎ ᠤ ᠡᠳᠦᠷ ᠠᠴᠠ 15᠎ ᠤ ᠡᠳᠦᠷ ᠪᠣᠯᠲᠠᠯ᠎ᠠ ᠡᠯ᠎ᠡ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠯ᠎ᠡ ᠬᠤᠰᠢᠭᠤ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠢ ᠵᠣᠬᠢᠶᠠᠨ ᠪᠠᠶᠢᠭᠤᠯᠤᠨ ᠰᠦᠯᠵᠢᠶᠡᠨ ᠲᠡᠭᠡᠷᠡᠬᠢ ᠪᠣᠯᠪᠠᠰᠤᠷᠠᠭᠤᠯᠤᠯ ᠶᠠᠪᠤᠭᠳᠠᠭᠤᠯᠵᠤ᠂ 1617 ᠬᠠᠤᠯᠢ ᠬᠡᠷᠡᠭᠵᠢᠭᠦᠯᠬᠦ ᠠᠵᠢᠯᠲᠠᠨ ᠢ ᠪᠤᠯᠪᠠᠰᠤᠷᠠᠭᠤᠯᠤᠯ ᠳᠤ ᠤᠷᠤᠯᠴᠠᠭᠤᠯᠪᠠ᠃       ᠪᠣᠯᠪᠠᠰᠤᠷᠠᠭᠤᠯᠤᠯ ᠢᠶᠠᠷ ᠳᠠᠮᠵᠢᠨ ᠪᠦᠬᠦ ᠤᠷᠤᠨ ᠤ ᠣᠶ ᠰᠢᠭᠤᠶ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号