ᠯᠢ ᠺᠧ ᠴᠢᠶᠠᠩ ᠸᠠᠩ ᠬᠣ᠋ ᠨᠢᠩ ᠬᠠᠨ ᠵᠧᠩ ᠣᠷᠣᠯᠴᠠᠪᠠ ᠰᠢᠨᠬᠤᠸᠠ ᠬᠤᠷᠢᠶᠠᠨ ᠤ ᠪᠡᠭᠡᠵᠢᠩ ᠤᠨ 4 | ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠡᠳ᠋ ᠤᠨ ᠵᠠᠰᠠᠭ | ᠠᠵᠤ ᠠᠬᠤᠢ ᠶᠢᠨ ᠬᠤᠷᠢᠶᠠᠨ ᠤ ᠡᠷᠬᠢᠯᠡᠭᠴᠢ ᠰᠢ ᠶᠢᠨ ᠫᠢᠩ 4 ᠰᠠᠷ᠎ᠠ ᠶᠢᠨ 26 ᠤ ᠡᠳᠦᠷ ᠲᠥᠪ ᠤᠨ ᠡᠳ᠋ ᠤᠨ | ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠰᠠᠭᠤᠳᠠᠯ ᠢ | ᠰᠤᠳᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠲᠥᠪ ᠤᠨ ᠡᠳ᠋ ᠤᠨ ᠵᠠᠰᠠᠭ ᠠᠵᠤ | ᠠᠬᠤᠢ ᠶᠢᠨ ᠬᠤᠷᠢᠶᠠᠨ ᠤ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠤᠳᠤᠯᠪᠠ᠃ | ᠰᠢ ᠶᠢᠨ ᠫᠢᠩ᠂ ᠰᠠᠭᠤᠷᠢ ᠲᠥᠬᠦᠭᠡᠷᠦᠮᠵᠢ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ | ᠲᠤᠯᠭᠠᠭᠤᠷᠢᠯᠠᠯ ᠮᠥᠨ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠠᠭᠤᠷᠢ | ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠣᠯᠤᠨ ᠬᠥᠭᠵᠢᠯᠲᠡ ᠶᠢᠨ ᠵᠠᠭᠪᠤᠷ ᠢ | ᠰᠢᠯᠢᠳᠡᠭᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ | ᠲᠠᠯᠪᠢᠵᠤ ᠦᠭᠬᠦ ᠬᠡᠷᠡᠭᠲᠡᠢ︔ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠪᠣᠯ ᠨᠠᠮ ᠤᠨ ᠲᠥᠪ | ᠬᠤᠷᠢᠶᠠᠨ ᠤ ᠠᠵᠤ ᠠᠬᠤᠶ ᠶᠢᠨ ᠠᠵᠢᠯ ᠢ ᠤᠳᠤᠷᠢᠳᠬᠤ ᠴᠢᠬᠤᠯᠠ ᠲᠦᠷᠢᠮ ᠤᠨ ᠲᠣᠬᠢᠷᠠᠭᠤᠯᠤᠯᠲᠠ ᠮᠥᠨ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ | ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠵᠤ᠂ ᠰᠢᠶ᠋ᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠮᠲᠤ ᠪᠠᠷ ᠠᠬᠢᠭᠤᠯᠬᠤ ᠬᠡᠷᠡᠭᠲᠡᠶ | ᠭᠡᠵᠦ ᠴᠢᠬᠤᠯᠠᠴᠢᠯᠠᠵᠠᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ | ᠡᠷᠬᠢᠯᠡᠭᠴᠢ ᠯᠢ ᠺᠧ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ | ᠬᠤᠷᠢᠶᠠᠨ ᠤ ᠭᠡᠰᠢᠭᠦᠨ ᠸᠠᠩ ᠬᠣ᠋ ᠨᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠲᠥᠪ ᠤᠨ | ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠨ ᠬᠠᠨ ᠵᠧᠩ ᠬᠤᠷᠠᠯ ᠳᠤ ᠣᠷᠣᠯᠴᠠᠪᠠ᠃ | ᠬᠤᠷᠠᠯ ᠠᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ | ᠤᠰᠤᠨ ᠠᠰᠢᠭᠯᠠᠯᠲᠠ ᠶᠢᠨ ᠶᠠᠮᠤᠨ ᠵᠡᠷᠭᠡ ᠰᠠᠯᠠᠭ᠎ᠠ ᠮᠥᠴᠢᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠰᠠᠭᠤᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠳᠤᠮᠳᠠᠳᠤ ᠤᠯᠤᠰ ᠤᠨ | ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠬᠤᠷᠠᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠴᠢᠬᠤᠯᠠ | ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠬᠦᠭᠡᠷᠦᠮᠵᠢ᠂ ᠤᠰᠤᠨ ᠠᠰᠢᠭᠯᠠᠯᠲᠠ ᠶᠢᠨ ᠢᠨᠵᠧᠨᠧᠷᠢᠩ᠂ | ᠵᠠᠮ ᠬᠠᠷᠢᠯᠴᠠᠭᠠᠨ ᠤ ᠬᠦᠢᠰᠦ᠂ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ᠂ ᠤᠯᠤᠰ ᠤᠨ ᠪᠠᠶᠢᠯᠳᠤᠬᠤ | ᠪᠤᠳᠤᠯᠭ᠎ᠠ ᠶᠢᠨ ᠨᠥᠭᠡᠴᠡ ᠵᠡᠷᠭᠡ ᠲᠠᠯ᠎ᠠ ᠪᠠᠷ ᠨᠢᠭᠡ ᠪᠦᠯᠦᠭ ᠳᠡᠯᠡᠬᠡᠢ ᠶᠢᠨ ᠲᠡᠷᠢᠭᠦᠨ ᠤ ᠦᠷ᠎ᠡ ᠪᠦᠲᠦᠭᠡᠯ ᠢ | ᠡᠬᠦᠳᠴᠤ᠂ ᠰᠠᠭᠤᠷᠢ ᠲᠥᠬᠦᠭᠡᠷᠦᠮᠵᠢ ᠶᠢᠨ ᠪᠦᠬᠦᠯᠢ ᠴᠣᠭᠴᠠ ᠶᠢᠨ ᠲᠦᠪᠰᠢᠨ ᠲᠠᠪᠠᠯᠳᠠᠳᠤ ᠮᠠᠶ᠋ᠢᠭ ᠤᠨ | ᠳᠡᠭᠡᠭᠰᠢᠯᠡᠯᠲᠡ ᠶᠢ ᠪᠡᠶᠡᠯᠡᠭᠦᠯᠪᠡ᠃ ᠡᠭᠦᠨ ᠤ ᠬᠠᠮᠲᠤ᠂ ᠮᠠᠨ ᠤ ᠤᠯᠤᠰ ᠤᠨ ᠰᠠᠭᠤᠷᠢ ᠲᠥᠬᠦᠭᠡᠷᠦᠮᠵᠢ ᠨᠢ | ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠪᠠᠲᠤᠯᠠᠭ᠎ᠠ ᠶᠢᠨ ᠬᠡᠷᠡᠭᠴᠡᠭᠡ ᠲᠠᠢ ᠬᠠᠷᠢᠴᠠᠭᠤᠯᠪᠠᠯ ᠪᠠᠰᠠ | ᠵᠣᠬᠢᠴᠠᠬᠤ ᠦᠭᠡᠢ ᠪᠠᠶᠢᠵᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠨᠢ ᠤᠯᠤᠰ ᠤᠨ ᠠᠮᠤᠷ ᠲᠦᠪᠰᠢᠨ ᠢ ᠪᠠᠲᠤᠯᠠᠬᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠰᠢᠯᠤᠭᠤᠳᠬᠠᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠠᠬᠢᠭᠤᠯᠬᠤ᠂ ᠳᠣᠲᠣᠭᠠᠳᠤ | ᠬᠡᠷᠡᠭᠴᠡᠭᠡ ᠶᠢ ᠥᠷᠭᠡᠳᠭᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠥᠮ ᠴᠢᠬᠤᠯᠠ ᠶᠡᠭᠡ ᠠᠴᠢ | ᠬᠤᠯᠪᠣᠭᠳᠠᠯ ᠲᠠᠢ ᠭᠡᠳᠡᠭ ᠢ ᠡᠷᠬᠡᠪᠰᠢ ᠲᠠᠨᠢᠵᠤ ᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠬᠤᠷᠠᠯ ᠠᠴᠠ᠂ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠵᠤ᠂ ᠰᠢᠰᠲ᠋ᠧᠮ ᠲᠠᠢ ᠲᠦᠯᠦᠪᠵᠢᠭᠦᠯᠦᠨ᠂ ᠪᠦᠬᠦᠯᠢ ᠴᠣᠭᠴᠠ ᠪᠠᠷ ᠬᠠᠮᠵᠢᠯᠴᠠᠵᠤ᠂ ᠤᠨᠢᠨ | ᠲᠡᠭᠡᠷ᠎ᠡ ᠨᠢ ᠳᠤᠲᠠᠭᠤᠳᠠᠯ ᠢ ᠨᠥᠬᠦᠪᠥᠷᠢᠯᠡᠨ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠵᠤ᠂ ᠰᠠᠭᠤᠷᠢ | ᠲᠥᠬᠦᠭᠡᠷᠦᠮᠵᠢ ᠶᠢᠨ ᠪᠠᠶᠢᠷᠢᠰᠢᠭᠤᠯᠤᠯᠲᠠ᠂ ᠪᠦᠲᠦᠴᠡ᠂ ᠴᠢᠳᠠᠮᠵᠢ ᠪᠠ ᠬᠥᠭᠵᠢᠯᠲᠡ ᠶᠢᠨ ᠵᠠᠭᠪᠤᠷ ᠢ | ᠰᠢᠯᠢᠳᠡᠭᠵᠢᠭᠦᠯᠵᠤ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠵᠤ᠂ ᠣᠳᠣᠬᠢᠴᠢᠯᠠᠭᠰᠠᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠤ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ | ᠠᠮᠢ ᠠᠬᠤᠶ ᠶᠢᠨ ᠦᠷ᠎ᠡ ᠠᠰᠢᠭ᠂ ᠠᠮᠤᠷ ᠲᠦᠪᠰᠢᠨ ᠤ ᠦᠷ᠎ᠡ ᠠᠰᠢᠭ ᠢ ᠨᠢᠭᠡᠳᠭᠡᠬᠦ ᠶᠢ ᠪᠡᠶᠡᠯᠡᠭᠦᠯᠵᠦ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠶ᠋ᠯᠡᠴᠢᠯᠡᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠳᠡᠮᠵᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠶ᠃ ᠠᠯᠤᠰ ᠬᠡᠳᠦ ᠠᠴᠠ ᠪᠤᠳᠤᠯᠬᠢᠯᠠᠵᠤ᠂ | ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ᠂ ᠦᠢᠯᠡᠳᠪᠦᠷᠢᠯᠡᠯ ᠤᠨ | ᠬᠦᠴᠦᠨ ᠤ ᠪᠠᠶᠢᠷᠢᠰᠢᠭᠤᠯᠤᠯᠲᠠ ᠪᠣᠯᠤᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠳᠠᠬᠢ ᠰᠠᠭᠤᠷᠢ | ᠲᠥᠬᠦᠭᠡᠷᠦᠮᠵᠢ ᠶᠢᠨ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠤᠯᠠᠮᠵᠢᠯᠠᠯᠲᠤ ᠰᠠᠭᠤᠷᠢ ᠲᠥᠬᠦᠭᠡᠷᠦᠮᠵᠢ ᠶᠢᠨ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠣᠬᠢᠰᠲᠠᠢ ᠪᠠᠷ ᠤᠷᠢᠳᠴᠢᠯᠠᠭᠤᠯᠵᠤ᠂ ᠠᠵᠤ ᠦᠢᠯᠡᠰ ᠤᠨ | ᠬᠥᠭᠵᠢᠯᠲᠡ ᠶᠢ ᠬᠦᠳᠦᠯᠦᠨ ᠳᠠᠭᠠᠭᠤᠯᠬᠤ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠠᠰᠢᠭᠲᠠᠢ | ᠰᠠᠭᠤᠷᠢ ᠲᠥᠬᠦᠭᠡᠷᠦᠮᠵᠢ ᠶᠢ ᠪᠠᠶᠢᠷᠢᠰᠢᠭᠤᠯᠬᠤ ᠶᠢᠨ ᠬᠠᠮᠲᠤ ᠤᠷᠢᠳᠴᠢᠯᠠᠨ ᠪᠦᠳᠦᠭᠡᠨ ᠪᠠᠶᠢᠭᠤᠯᠬᠤ ᠬᠡᠮ ᠬᠡᠮᠵᠢᠶ᠎ᠠ ᠶᠢ | ᠰᠠᠶᠢᠲᠤᠷ ᠡᠵᠡᠮᠳᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠦᠬᠦ ᠠᠮᠢ ᠨᠠᠰᠤᠨ ᠤ ᠦᠶᠡᠯᠡᠯ ᠳᠤ ᠰᠠᠭᠤᠷᠢᠯᠠᠨ᠂ ᠡᠯ᠎ᠡ ᠲᠦᠷᠦᠯ ᠤᠨ | ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠤᠯᠪᠣᠯᠳᠤᠨ | ᠨᠡᠪᠲᠡᠷᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ | ᠪᠡᠶᠡᠯᠡᠭᠦᠯᠬᠦ ᠬᠡᠷᠡᠭᠲᠡᠢ᠃ ᠣᠯᠠᠨ ᠲᠠᠯ᠎ᠠ ᠪᠠᠷ ᠬᠥᠳᠡᠯᠭᠡᠭᠦᠷ ᠪᠣᠯᠭᠠᠵᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ | ᠲᠥᠪ ᠪᠠ ᠣᠷᠣᠨ ᠨᠤᠲᠤᠭ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠪᠠ ᠨᠡᠶᠢᠭᠡᠮ ᠤᠨ ᠡᠳ᠋ ᠬᠥᠷᠥᠩᠭᠡ | ᠵᠡᠷᠭᠡ ᠣᠯᠠᠨ ᠲᠠᠯ᠎ᠠ ᠶᠢᠨ ᠦᠶ᠋ᠯᠡᠳᠦᠯ ᠢ ᠪᠠᠳᠠᠷᠠᠭᠤᠯᠵᠤ᠂ ᠳᠠᠪᠬᠤᠷᠭ᠎ᠠ ᠬᠤᠪᠢᠶᠠᠨ ᠲᠥᠷᠥᠯ ᠬᠤᠪᠢᠶᠠᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠦᠷ᠎ᠡ ᠠᠰᠢᠭ ᠢ ᠴᠢᠬᠤᠯᠠᠴᠢᠯᠠᠵᠤ᠂ | ᠠᠵᠤ ᠠᠬᠤᠶ ᠶᠢᠨ ᠲᠠᠩᠰᠠ ᠶᠢ ᠪᠤᠳᠤᠬᠤ ᠮᠥᠷᠲᠡᠭᠡᠨ ᠪᠠᠰᠠ ᠶᠡᠷᠦᠩᠬᠡᠢ ᠲᠠᠩᠰᠠ ᠶᠢ ᠪᠤᠳᠤᠵᠤ᠂ ᠰᠠᠭᠤᠷᠢ | ᠲᠥᠬᠦᠭᠡᠷᠦᠮᠵᠢ ᠶᠢᠨ ᠪᠥᠬᠦ ᠠᠮᠢ ᠨᠠᠰᠤᠨ ᠤ ᠦᠶᠡᠯᠡᠯ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ | ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ᠂ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠰᠦᠯᠵᠢᠶᠡᠨ ᠤ ᠬᠡᠯᠪᠡᠷᠢ ᠶᠢᠨ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶ᠎ᠡ ᠶᠢ ᠬᠤᠯᠪᠣᠬᠤ᠂ | ᠰᠦᠯᠵᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠬᠦᠴᠦᠷᠬᠡᠭᠵᠢᠭᠦᠯᠬᠦ ᠶᠢ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ | ᠪᠣᠯᠭᠠᠵᠤ᠂ ᠰᠦᠯᠵᠢᠶᠡᠨ ᠤ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ | ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠭᠤᠣᠯ ᠠᠷᠤᠭ ᠶᠠᠰᠤ ᠶᠢ ᠲᠦᠷᠭᠡᠳᠭᠡᠨ | ᠪᠠᠶᠢᠭᠤᠯᠵᠤ᠂ ᠳᠠᠯᠠᠢ ᠳᠠᠭᠠᠤ ᠪᠠ ᠳᠣᠲᠣᠭᠠᠳᠤ ᠭᠤᠣᠯ ᠮᠥᠷᠡᠨ ᠤ ᠭᠠᠷᠠᠮ ᠤᠨ ᠤᠰᠤᠨ ᠵᠠᠮ ᠤᠨ ᠲᠥᠯᠥᠪᠵᠢᠭᠦᠯᠭᠡ | ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠤᠯᠤᠰ ᠤᠨ ᠤᠰᠤᠨ ᠲᠡᠭᠡᠭᠡᠪᠦᠷᠢ ᠶᠢᠨ | ᠲᠥᠬᠦᠭᠡᠷᠦᠮᠵᠢ ᠶᠢᠨ ᠲᠣᠣᠷ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠬᠡᠷᠡᠭᠳᠠᠢ᠃ ᠲᠠᠷᠬᠠᠮᠠᠯ ᠮᠠᠶ᠋ᠢᠭ ᠤᠨ | ᠣᠶᠤᠨᠴᠢᠯᠠᠭᠰᠠᠨ ᠴᠠᠬᠢᠯᠭᠠᠨ ᠲᠣᠣᠷ ᠢ ᠬᠥᠭᠵᠢᠭᠦᠯᠵᠦ᠂ ᠨᠢᠭᠡ ᠪᠦᠯᠦᠭ ᠰᠢᠨ᠎ᠡ ᠬᠡᠯᠪᠡᠷᠢ ᠶᠢᠨ ᠪᠣᠬᠢᠷᠲᠤᠯ ᠦᠭᠡᠢ | ᠪᠠᠭ᠎ᠠ ᠨᠡᠭᠦᠷᠡᠰᠦᠲᠥ᠋ᠷᠥᠭᠴᠢᠳᠤ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠲᠣᠰᠣ ᠬᠡᠢ ᠶᠢᠨ | ᠬᠤᠭᠤᠯᠠᠢ ᠶᠢᠨ ᠲᠣᠣᠷ ᠢ ᠲᠦᠷᠭᠡᠳᠭᠡᠨ ᠲᠡᠭᠦᠯᠳᠡᠷᠵᠢᠭᠦᠯᠬᠦ ᠬᠡᠷᠡᠭᠳᠠᠢ᠃ ᠤᠯᠤᠰ ᠤᠨ ᠤᠰᠤᠨ ᠤ ᠲᠤᠤᠷ ᠤᠨ ᠭᠤᠤᠯ | ᠠᠷᠤᠭ ᠶᠠᠰᠤ ᠪᠠ ᠲᠣᠮᠣ ᠯᠤᠭᠰᠢᠭᠤᠨ ᠰᠤᠳᠠᠯ ᠢ ᠲᠦᠷᠭᠡᠳᠭᠡᠨ ᠪᠠᠶᠢᠭᠤᠯᠵᠤ᠂ ᠭᠤᠤᠯᠳᠠᠯᠭ᠎ᠠ ᠲᠠᠢ ᠤᠰᠤᠨ | ᠰᠤᠷᠪᠤᠯᠵᠢ᠂ ᠤᠰᠤᠯᠠᠯᠲᠠ ᠶᠢᠨ ᠣᠷᠣᠨ᠂ ᠦᠶᠡᠷ ᠢ ᠲᠣᠭᠲᠠᠭᠠᠨ ᠬᠤᠷᠢᠭᠯᠠᠬᠤ ᠣᠷᠣᠨ ᠤ ᠪᠥᠲᠥᠭᠡᠨ | ᠪᠠᠶᠢᠭᠤᠯᠤᠯᠲᠠ ᠪᠠ ᠣᠳᠣᠬᠢᠴᠢᠯᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠳᠠᠢ᠃ ᠮᠡᠳᠡᠭᠡ ᠵᠠᠩᠭᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ᠂ ᠪᠠᠷᠠᠭᠠᠨ ᠤ ᠭᠦᠢᠯᠭᠡᠭᠡ ᠵᠡᠷᠭᠡ ᠠᠵᠤ ᠦᠢᠯᠡᠰ ᠤᠨ ᠰᠠᠭᠤᠷᠢ ᠲᠥᠬᠦᠭᠡᠷᠦᠮᠵᠢ ᠪᠠᠨ | ᠳᠡᠰ ᠳᠡᠪᠰᠢᠭᠦᠯᠬᠦ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠨᠢᠭᠡ ᠦᠶ᠎ᠡ ᠶᠢᠨ ᠭᠡᠳᠦ ᠪᠤᠳᠤᠯᠳᠠ᠂ | ᠡᠭᠦᠯᠡᠨ ᠪᠤᠳᠤᠯᠳᠠ᠂ ᠵᠣᠬᠢᠶᠠᠮᠠᠯ ᠤᠶᠤᠨ ᠴᠢᠳᠠᠪᠤᠷᠢ ᠶᠢᠨ ᠲᠠᠪᠴᠠᠩ᠂ ᠥᠷᠭᠡᠨ ᠪᠦᠰᠡᠲᠦ ᠰᠠᠭᠤᠷᠢ ᠰᠦᠯᠵᠢᠶ᠎ᠠ | ᠵᠡᠷᠭᠡ ᠲᠥᠬᠦᠭᠡᠷᠦᠮᠵᠢ ᠶᠢ ᠪᠠᠶᠢᠷᠢᠰᠢᠭᠤᠯᠤᠨ ᠪᠦᠳᠦᠭᠡᠨ ᠪᠠᠶᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠪᠠᠶᠢᠷᠢᠰᠢᠭᠤᠯᠤᠨ ᠪᠦᠳᠦᠭᠡᠨ ᠪᠠᠶᠢᠭᠤᠯᠬᠤ ᠶᠢ ᠠᠬᠢᠭᠤᠯᠵᠤ᠂ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠢᠴᠢ ᠲᠥᠪᠯᠡᠷᠡᠭᠦᠯᠦᠨ ᠲᠠᠷᠬᠠᠭᠠᠵᠤ ᠵᠥᠭᠡᠭᠡᠪᠦᠷᠢᠯᠡᠬᠦ | ᠰᠢᠰᠲ᠋ᠧᠮ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠰᠠᠯᠪᠤᠷᠢ ᠱᠤᠭᠤᠮ ᠤᠨ ᠨᠢᠰᠭᠡᠯ ᠤᠨ | ᠪᠠᠭᠤᠳᠠᠯ᠂ ᠨᠡᠶᠢᠳᠡᠮ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠪᠣᠯᠤᠨ ᠪᠠᠷᠠᠭᠠᠨ ᠤ ᠲᠡᠭᠡᠭᠡᠪᠦᠷᠢ ᠶᠢᠨ ᠨᠢᠰᠭᠡᠯ ᠤᠨ | ᠪᠠᠭᠤᠳᠠᠯ ᠢ ᠪᠠᠶᠢᠷᠢᠰᠢᠭᠤᠯᠤᠨ ᠪᠦᠳᠦᠭᠡᠨ ᠪᠠᠶᠢᠭᠤᠯᠬᠤ ᠬᠡᠷᠡᠭᠲᠡᠢ᠃ ᠬᠤᠲᠠ ᠶᠢᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠠᠮᠢᠳᠤᠷᠠᠯ ᠤᠨ ᠣᠷᠣᠨ ᠵᠠᠶ ᠶᠢ ᠴᠤᠭᠴᠠᠯᠠᠵᠤ᠂ | ᠬᠤᠲᠠ ᠶᠢᠨ ᠪᠦᠯᠦᠭᠵᠢᠯ ᠤᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠳᠥᠭᠦᠮ ᠲᠦᠷᠬᠡᠨ | ᠥᠨᠳᠥᠷ ᠪᠦᠲᠦᠮᠵᠢᠲᠡᠶ ᠬᠤᠲᠠ ᠶᠢᠨ ᠬᠤᠭᠤᠷᠣᠨᠳᠣᠬᠢ ᠲᠡᠮᠦᠷ ᠵᠠᠮ ᠤᠨ ᠲᠤᠤᠷ ᠢ ᠪᠥᠲᠥᠭᠡᠨ ᠪᠠᠶᠢᠭᠤᠯᠵᠤ᠂ | ᠬᠤᠲᠠ ᠶᠢᠨ ᠲᠣᠭᠤᠷᠢᠭ ︵ᠲᠡᠭᠦᠷᠭᠡ︶ ᠤᠨ ᠲᠡᠮᠦᠷ ᠵᠠᠮ ᠪᠣᠯᠤᠨ ᠬᠤᠲᠠ ᠶᠢᠨ ᠵᠢᠮᠳᠤ ᠵᠠᠮ ᠬᠠᠷᠢᠯᠴᠠᠭ᠎ᠠ ᠶᠢ | ᠬᠥᠭᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮ ᠢ ᠪᠥᠲᠥᠭᠡᠨ ᠪᠠᠶᠢᠭᠤᠯᠬᠤ ᠶᠢ | ᠠᠬᠢᠭᠤᠯᠵᠤ᠂ ᠭᠠᠵᠠᠷ ᠳᠤᠤᠷᠠᠬᠢ ᠶᠡᠷᠦᠩᠬᠡᠶᠢᠯᠡᠭᠰᠡᠨ ᠬᠤᠭᠤᠯᠠᠶ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠠᠬᠢᠭᠤᠯᠵᠤ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠭᠠᠳᠠᠭᠰᠢᠯᠠᠭᠤᠯᠬᠤ᠂ ᠪᠣᠬᠢᠷ ᠤᠰᠤ | ᠪᠣᠯᠤᠨ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠭᠤᠷᠢ ᠲᠥᠬᠦᠭᠡᠷᠦᠮᠵᠢ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠡᠭᠠᠬᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠶᠤᠨᠲᠤ ᠵᠠᠮ᠂ ᠤᠶᠤᠨᠲᠤ ᠴᠠᠬᠢᠯᠭᠠᠨ | ᠡᠭᠦᠰᠭᠡᠭᠴᠢ᠂ ᠤᠶᠤᠨᠲᠤ ᠣᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠤᠶᠤᠨᠴᠢ ᠰᠠᠭᠤᠷᠢ ᠲᠦᠬᠦᠭᠡᠷᠤᠮᠵᠢ ᠶᠢᠨ | ᠪᠦᠲᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠠᠢ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠦᠳᠦᠭᠡᠨ | ᠪᠠᠶᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠰᠢᠰᠲ᠋ᠧᠮ ᠢ | ᠲᠡᠭᠦᠯᠳᠡᠷᠵᠢᠭᠦᠯᠦᠨ᠂ ᠬᠤᠳᠠ ᠬᠥᠳᠡᠭᠡ ᠶᠢᠨ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠬᠡᠪᠴᠢᠶᠡᠵᠢᠭᠦᠯᠦᠭᠰᠡᠨ ᠤᠰᠤ ᠬᠠᠩᠭᠠᠬᠤ ᠢᠨᠵᠧᠨᠧᠷᠢᠩ ᠢ | ᠬᠡᠷᠡᠭᠵᠢᠭᠦᠯᠦᠨ᠂ ᠬᠥᠳᠡᠭᠡ ᠲᠣᠰᠬᠤᠨ ᠤ ᠪᠣᠬᠢᠷ ᠤᠰᠤ ᠪᠠ ᠬᠤᠭ ᠨᠣᠪᠰᠢ ᠶᠢ ᠴᠤᠭᠯᠠᠭᠤᠯᠤᠨ ᠰᠢᠢᠳᠪᠦᠷᠢᠯᠡᠬᠦ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ | ᠣᠳᠣᠬᠢᠴᠢᠯᠠᠯᠲᠠ ᠪᠠᠷ ᠬᠦᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ | ᠤᠯᠤᠰ ᠤᠨ ᠠᠮᠤᠷ ᠲᠦᠪᠰᠢᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠠᠴᠢᠨ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠲᠦᠷᠭᠡᠳᠬᠡᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠤᠯᠭᠠᠭᠤᠷᠢᠯᠠᠯ | ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ | ᠪᠠᠶᠢᠭᠤᠯᠵᠤ᠂ ᠡᠯ᠎ᠡ ᠬᠦᠷᠢᠶ᠎ᠡ᠂ ᠡᠯ᠎ᠡ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠲᠥᠯᠥᠪᠵᠢᠭᠦᠯᠭᠡ ᠪᠣᠯᠤᠨ | ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠭᠠᠵᠠᠷ ᠰᠢᠷᠦᠢ ᠶᠢ ᠬᠡᠷᠡᠭᠯᠡᠬᠦ᠂ | ᠲᠠᠯᠠᠢ ᠲᠠᠩᠬᠢᠰ ᠢ ᠬᠡᠷᠡᠭᠯᠡᠬᠦ᠂ ᠡᠨᠧᠷᠭᠢ ᠶᠢ ᠬᠡᠷᠡᠭᠯᠡᠬᠦ ᠵᠡᠷᠭᠡ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠬᠤᠷᠠᠮᠳᠤᠭᠤᠯᠬᠤ | ᠬᠡᠷᠡᠭᠴᠡᠭᠡ ᠳᠤ ᠵᠣᠬᠢᠴᠠᠭᠤᠯᠤᠨ᠂ ᠤᠷᠳᠤ ᠬᠤᠭᠤᠴᠠᠭᠠᠨ ᠤ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ | ᠥᠷᠭᠡᠳᠭᠡᠵᠦ᠂ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠨᠡᠮᠡᠭᠳᠡᠭᠦᠯᠦᠨ᠂ ᠤᠯᠤᠰ ᠤᠨ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ ᠨᠡᠩ ᠰᠠᠶᠢᠲᠤᠷ | ᠲᠥᠪᠯᠡᠷᠡᠭᠦᠯᠦᠨ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠪᠣᠯᠤᠨ ᠨᠡᠶᠢᠭᠡᠮ ᠤᠨ ᠡᠳ᠋ ᠬᠦᠷᠦᠩᠭᠡ ᠶᠢᠨ | ᠬᠠᠮᠲᠤᠷᠠᠯᠴᠠᠭᠠᠨ ᠤ ᠵᠠᠭᠪᠤᠷ ᠤᠨ ᠵᠢᠷᠤᠮᠵᠢᠭᠰᠠᠨ ᠬᠥᠭᠵᠢᠯᠲᠡ᠂ ᠢᠯᠠ ᠪᠠᠷ ᠬᠡᠷᠡᠭᠵᠢᠬᠦᠯᠬᠦ ᠶᠢ ᠠᠬᠢᠭᠤᠯᠵᠤ᠂ | ᠨᠡᠶᠢᠭᠡᠮ ᠤᠨ ᠡᠳ᠋ ᠬᠦᠷᠦᠩᠭᠡ ᠶᠢᠨ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ | ᠡᠵᠡᠩᠨᠡᠯᠲᠡ ᠳᠤ ᠣᠷᠣᠯᠴᠠᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ | ᠰᠠᠭᠤᠷᠢ ᠲᠥᠬᠦᠭᠡᠷᠦᠮᠵᠢ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ᠃ ᠮᠤᠨᠳᠠᠭ ᠶᠡᠭᠡ ᠬᠡᠪᠴᠢᠶ᠎ᠡ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢ ᠪᠤᠢ ᠪᠣᠯᠭᠠᠵᠤ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠂ ᠦᠯᠡᠮᠵᠢ | ᠤᠯᠠᠨ ᠰᠢᠯᠭᠠᠷᠠᠭᠰᠠᠨ ᠢᠨᠵᠧᠨᠧᠷ ᠢ ᠬᠥᠮᠦᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠲᠥᠪ ᠤᠨ ᠡᠳ᠋ ᠤᠨ ᠵᠠᠰᠠᠭ | ᠠᠵᠤ ᠠᠬᠤᠢ ᠶᠢᠨ ᠬᠤᠷᠢᠶ᠎ᠠ ᠨᠢᠭᠡ ᠪᠦᠯᠦᠭ ᠦᠨᠳᠦᠰᠦᠨ ᠪᠠ ᠠᠯᠤᠰ ᠢᠷᠡᠭᠡᠳᠦᠢ ᠳᠤ ᠬᠤᠯᠪᠣᠭᠳᠠᠬᠤ ᠴᠢᠬᠤᠯᠠ | ᠶᠡᠭᠡ ᠠᠰᠠᠭᠤᠳᠠᠯ ᠢ ᠭᠦᠨᠵᠡᠭᠡᠢ ᠰᠤᠳᠤᠯᠵᠤ᠂ ᠪᠠᠶᠢᠯᠳᠤᠬᠤ ᠪᠤᠳᠤᠯᠭ᠎ᠠ ᠶᠢᠨ ᠬᠦᠳᠦᠯᠦᠨ ᠵᠢᠯᠣᠭᠤᠳᠬᠤ | ᠦᠢᠯᠡᠳᠦᠯ ᠢᠶᠠᠨ ᠪᠠᠳᠠᠷᠠᠭᠤᠯᠪᠠ᠃ ᠠᠵᠤ ᠠᠬᠤᠢ ᠶᠢᠨ ᠠᠵᠢᠯ ᠳᠠᠬᠢ ᠨᠠᠮ ᠤᠨ ᠲᠥᠪ ᠬᠤᠷᠢᠶᠠᠨ ᠤ | ᠤᠳᠤᠷᠢᠳᠤᠯᠭ᠎ᠠ ᠶᠢ ᠴᠢᠩᠭᠠᠳᠬᠠᠬᠤ ᠳᠤ᠂ ᠤᠯᠤᠰ ᠲᠦᠷᠦ ᠪᠠᠷ ᠬᠦᠲᠦᠯᠦᠨ ᠳᠠᠭᠠᠭᠤᠯᠬᠤ᠂ ᠬᠥᠲᠥᠯᠪᠦᠷᠢ ᠶᠢ | ᠠᠳᠬᠤᠪᠠᠯ ᠠᠯᠢᠪᠠ ᠪᠦᠬᠦᠨ ᠨᠢ ᠳᠠᠭᠠᠯᠳᠤᠨ ᠰᠢᠢᠳᠪᠦᠷᠢᠯᠡᠭᠳᠡᠬᠦ ᠶᠢ ᠴᠢᠬᠤᠯᠠᠴᠢᠯᠠᠵᠤ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠴᠢᠬᠤᠯᠠᠴᠢᠯᠠᠵᠤ᠂ ᠪᠠᠶᠢᠯᠳᠤᠬᠤ ᠪᠤᠳᠤᠯᠭ᠎ᠠ ᠶᠢᠨ ᠠᠷᠭ᠎ᠠ | ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢ ᠴᠢᠬᠤᠯᠠᠴᠢᠯᠠᠵᠤ᠂ ᠦᠢᠯᠡᠳᠦᠯᠭᠡ ᠶᠢᠨ ᠰᠢᠨ᠎ᠡ ᠶᠢ | ᠡᠭᠦᠳᠬᠦ᠂ ᠤᠨᠤᠯ ᠤᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠬᠤᠯᠠ ᠤᠢᠢᠷ᠎ᠠ ᠶᠢ ᠤᠶᠠᠯᠳᠤᠭᠤᠯᠬᠤ᠂ ᠦᠡᠭᠭᠡᠨ | ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ ᠶᠢ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠶᠢ ᠴᠢᠬᠤᠯᠠᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠶ | ᠲᠥᠯᠥᠪᠵᠢᠭᠦᠯᠵᠦ᠂ ᠬᠤᠷᠢᠭ᠎ᠠ ᠱᠤᠭᠤᠮ ᠤᠨ ᠰᠡᠳᠭᠢᠬᠦᠶ ᠶᠢ ᠪᠠᠲᠤ ᠪᠣᠶ ᠪᠣᠯᠭᠠᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠦᠨᠡᠨ ᠬᠦ ᠴᠢᠩᠭᠠᠳᠬᠠᠵᠤ᠂ | ᠦᠨᠡᠨ ᠬᠦ ᠲᠤᠰᠠᠳᠠᠢ ᠠᠷᠭᠠᠴᠠᠭᠠᠬᠤ ᠲᠥᠰᠦᠯ ᠵᠢᠴᠢ ᠪᠣᠳᠠᠲᠠᠶ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠲᠠᠢ | ᠪᠠᠶᠢᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠡᠳ᠋ ᠤᠨ ᠵᠠᠰᠠᠭ ᠠᠵᠤ | ᠠᠬᠤᠢ ᠶᠢᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠣᠨᠣᠪᠴᠢᠲᠠᠢ | ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠵᠢᠳᠬᠦᠯ ᠴᠢᠷᠮᠠᠶᠢᠯᠭ᠎ᠠ | ᠭᠠᠷᠭᠠᠵᠤ᠂ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠤᠲᠠᠲᠠᠢ ᠰᠠᠶᠢᠲᠤᠷ ᠨᠠᠶᠢᠳᠠᠪᠤᠷᠢᠵᠢᠭᠤᠯᠬᠤ ᠶᠢ | ᠬᠠᠮᠲᠤ ᠪᠠᠷ ᠠᠬᠢᠭᠤᠯᠬᠤ ᠬᠡᠷᠡᠭᠲᠡᠢ᠃ ᠦᠨᠡᠯᠡᠨ ᠵᠢᠱᠢᠵᠦ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ | ᠶᠡᠷᠦᠩᠬᠡᠶᠢᠯᠡᠨ ᠲᠡᠩᠴᠡᠭᠦᠷᠢᠰᠢᠭᠦᠯᠬᠦ ᠠᠵᠢᠯ ᠢ ᠰᠠᠶᠢᠲᠤᠷ ᠬᠢᠵᠦ᠂ ᠠᠰᠠᠭᠤᠳᠠᠯ ᠪᠠᠶᠢᠪᠠᠯ ᠴᠠᠭ ᠲᠤᠬᠠᠢ ᠳᠤᠨᠢ | ᠵᠠᠯᠠᠷᠠᠭᠤᠯᠬᠤ ᠬᠡᠷᠡᠭᠲᠡᠢ᠃ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠦᠷ᠎ᠡ ᠪᠦᠳᠦᠮᠵᠢᠳᠤ ᠴᠢᠨᠠᠷ ᠢ | ᠴᠢᠩᠭᠠᠳᠬᠠᠵᠤ᠂ ᠦᠢᠯᠡᠳᠦᠯᠭᠡ ᠶᠢᠨ ᠦᠷ᠎ᠡ ᠳ᠋ᠦᠩ ᠢᠶᠠᠷ ᠡᠯ᠎ᠡ ᠲᠠᠯ᠎ᠠ ᠶᠢᠨ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠵᠢᠱᠢᠯᠲᠡ ᠶᠢ ᠰᠠᠶᠢᠲᠤᠷ | ᠬᠦᠳᠦᠯᠦᠨ ᠵᠢᠯᠣᠭᠤᠳᠴᠤ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠵᠠᠷᠴᠢᠮ ᠢ ᠲᠣᠳᠣᠷᠬᠠᠢ ᠶᠠᠷᠢᠵᠤ᠂ | ᠵᠠᠬ᠎ᠠ ᠳᠡᠯᠭᠡᠭᠦᠷ ᠤᠨ ᠢᠲᠡᠭᠡᠯ ᠢ ᠲᠣᠭᠲᠠᠪᠤᠷᠢᠵᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠪᠠᠨ | ᠴᠢᠩᠭᠠᠳᠬᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠷ᠎ᠡ | ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠲᠥᠪ ᠤᠨ ᠡᠳ᠋ ᠤᠨ ᠵᠠᠰᠠᠭ | ᠠᠵᠤ ᠠᠬᠤᠢ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠪᠠ᠃ | | |