< ᠰᠢᠷᠠᠮᠦ᠋ᠷᠡᠨ > ᠬᠠᠶᠢᠲᠠᠩ> | < ᠰᠢᠷᠠᠮᠦ᠋ᠷᠡᠨ > ᠮᠤᠳᠤᠨ ᠤ ᠲᠦᠷᠦᠯ᠄ ᠬᠠᠶᠢᠲᠠᠩ > | < ᠰᠢᠷᠠᠮᠦ᠋ᠷᠡᠨ > ᠰᠢᠨᠵᠢᠯᠡᠭᠡᠨ ᠤ ᠨᠡᠷ᠎ᠡ᠄ Malus spectabilis ︵Xilamulun︶ > | < ᠰᠢᠷᠠᠮᠦ᠋ᠷᠡᠨ > ᠪᠠᠲᠤᠯᠠᠭᠰᠠᠨ ᠬᠡᠯᠪᠡᠷᠢ᠄ ᠬᠢᠨᠠᠨ ᠲᠤᠭᠲᠠᠭᠠᠯᠲᠠ> | < ᠰᠢᠷᠠᠮᠦ᠋ᠷᠡᠨ > ᠡᠭᠦᠯᠳᠡᠷ ᠤᠨ ᠳ᠋ᠤᠭᠠᠷᠯᠠᠯ ᠄ ᠮᠧᠩ S — ETS — MS — 002 — 2021 | | | | | ᠡᠭᠦᠯᠳᠡᠷ ᠤᠨ ᠣᠨᠴᠠᠯᠢᠭ᠄ | ᠵᠢᠮᠢᠰ ᠤᠨ ᠬᠠᠯᠢᠰᠤ ᠨᠢ ᠪᠣᠯᠪᠠᠰᠤᠷᠠᠭᠰᠠᠨ ᠤ ᠳᠠᠷᠠᠭ᠎ᠠ ᠭᠦᠨ ᠤᠯᠠᠭᠠᠨ ᠦᠩᠭᠡ ᠲᠠᠢ᠃ ᠵᠢᠮᠢᠰ ᠤᠨ | ᠮᠢᠬ᠎ᠠ ᠨᠢ ᠭᠦᠢᠬᠡᠨ ᠰᠢᠷ᠎ᠠ ᠥᠩᠭᠡ ᠲᠠᠢ᠂ ᠰᠢᠭᠦᠰᠦᠯᠢᠭ᠃ ᠺᠠᠯᠼ ᠤᠨ ᠠᠭᠤᠯᠤᠭᠳᠠᠴᠠ ᠨᠢ 118 mg / Kg᠂ | ᠲᠡᠮᠦᠷ ᠤᠨ ᠠᠭᠤᠯᠤᠭᠳᠠᠴᠠ ᠨᠢ 2.04 mg / Kg᠂ ᠺᠠᠯᠢ ᠶᠢᠨ ᠠᠭᠤᠯᠤᠭᠳᠠᠴᠠ ᠨᠢ 1010 mg / Kg᠂ | ᠮᠠᠭᠨᠢ ᠶᠢᠨ ᠠᠭᠤᠯᠤᠭᠳᠠᠴᠠ ᠨᠢ 81.25 mg / Kg᠂ ᠪᠦᠷᠢᠨ ᠠᠽᠣᠲ ᠤᠨ ᠠᠭᠤᠯᠤᠭᠳᠠᠴᠠ ᠨᠢ 0.05 %᠂ | ᠤᠭᠤᠷᠠᠭ ᠤᠨ ᠠᠭᠤᠯᠤᠭᠳᠠᠴᠠ ᠨᠢ 0.30 g / 100 g᠂ ᠸᠢᠲ᠋ᠠᠮᠢᠨ C ᠶᠢᠨ ᠠᠭᠤᠯᠤᠭᠳᠠᠴᠠ ᠨᠢ 10.32 | mg / 100 g᠂ ᠠᠭᠤᠰᠤᠮᠠᠯ ᠰᠢᠬᠢᠷ ᠤᠨ ᠠᠭᠤᠯᠤᠭᠳᠠᠴᠠ ᠨᠢ 14.7%᠂ ᠲᠤᠰᠤᠭᠠᠮᠠᠯ ᠬᠦᠴᠢᠯ ᠤᠨ | ᠠᠭᠤᠯᠤᠭᠳᠠᠴᠠ ᠨᠢ 3.41 g / Kg ᠪᠣᠯᠤᠨ᠎ᠠ᠃ ᠬᠦᠢᠲᠡᠨ ᠳᠤ ᠲᠡᠰᠪᠦᠷᠢᠳᠠᠢ᠂ ᠬᠠᠳᠠᠭᠠᠯᠠᠬᠤ ᠳᠤ ᠲᠠᠭᠠᠭᠠᠴᠠ | ᠲᠠᠢ ᠵᠡᠷᠭᠡ ᠣᠨᠴᠠᠯᠢᠭ ᠲᠠᠢ᠃ | ᠭᠤᠣᠯ ᠬᠡᠷᠡᠭᠴᠡᠭᠡ ᠄ | ᠭᠤᠤᠯᠳᠠᠭᠤ ᠠᠵᠤ ᠠᠬᠤᠶ ᠶᠢᠨ ᠣᠶ᠂ ᠰᠤᠷᠭᠤᠭ ᠢᠳᠡᠭᠡᠨ ᠳᠤ ᠬᠡᠷᠡᠭᠯᠡᠨ᠎ᠡ᠂ ᠪᠠᠰᠠ ᠦᠵᠡᠮᠦᠷᠢ ᠶᠢᠨ | ᠮᠣᠳᠣᠨ ᠤ ᠲᠥᠷᠥᠯ ᠪᠣᠯᠭᠠᠵᠤ ᠪᠣᠯᠤᠨ᠎ᠠ᠃ | ᠲᠠᠷᠢᠵᠦ ᠠᠷᠠᠴᠢᠯᠠᠬᠤ ᠮᠡᠷᠭᠡᠵᠢᠯ ᠤᠨ ᠭᠤᠣᠯᠳᠠᠯᠭ᠎ᠠ᠄ | 2~3 ᠵᠢᠯ ᠤᠨ ᠪᠠᠷᠢᠮᠵᠢᠶ᠎ᠠ ᠳᠤ ᠨᠡᠶᠢᠴᠡᠭᠰᠡᠨ ᠴᠢᠬᠢ ᠮᠣᠳᠣ ᠶᠢ ᠳᠠᠷᠢᠨ᠎ᠠ᠂ ᠵᠠᠶᠢᠯᠠᠬᠤ ᠠᠴᠠ ᠡᠮᠦᠨ᠎ᠡ | ᠤᠰᠤᠨ ᠳᠤ 1 ᠡᠳᠦᠷ ᠳᠡᠪᠲᠦᠭᠡᠬᠦ ᠪᠤᠶᠤ ᠵᠠᠶᠢᠯᠠᠬᠤ ᠦᠶ᠎ᠡ ᠳᠤ ᠤᠰᠤ ᠬᠠᠳᠠᠭᠠᠯᠠᠬᠤ ᠡᠳ᠋ ᠬᠡᠷᠡᠭᠯᠡᠵᠦ ᠪᠤᠯᠤᠨ᠎ᠠ᠃ | ᠮᠥᠷ ᠤᠨ ᠵᠠᠶ ᠨᠢ 4 m × 4 m᠂᠂ ᠵᠠᠶᠢᠯᠠᠬᠤ ᠨᠦᠬᠡ ᠨᠢ 0.8 m × 0.8 m × 0.6 m᠃᠂ | ᠵᠠᠶᠢᠯᠠᠬᠤ ᠦᠶ᠎ᠡ ᠳᠤ ᠰᠠᠭᠤᠷᠢ ᠪᠣᠷᠲᠣᠭᠤᠷ ᠪᠣᠯᠤᠨ ᠬᠥᠷᠥᠰᠥ ᠶᠢ ᠵᠢᠭᠳᠡ ᠬᠤᠯᠢᠵᠤ᠂ ᠴᠢᠬᠢ ᠮᠣᠳᠣᠨ ᠤ | ᠦᠨᠳᠦᠰᠦᠨ ᠤ ᠰᠢᠰᠲ᠋ᠧᠮ ᠤᠨ ᠳᠤᠤᠷ᠎ᠠ ᠳᠠᠪᠬᠤᠷᠭ᠎ᠠ ᠵᠢᠴᠢ ᠭᠠᠳᠠᠷᠭᠤ ᠳᠤ ᠰᠠᠴᠤᠨ᠎ᠠ᠃ ᠲᠣᠭᠤᠰᠣ ᠬᠦᠷᠲᠡᠭᠡᠬᠦ | ᠮᠣᠳᠣ ᠶᠢ K 9 ᠪᠤᠶᠤ ᠯᠦᠩ ᠹᠧᠩ ᠠᠯᠮᠤᠷᠠᠳ ᠢᠶᠠᠷ ᠰᠣᠩᠭᠤᠵᠤ ᠪᠣᠯᠤᠨ᠎ᠠ᠂ ᠲᠣᠭᠤᠰᠣ ᠬᠦᠷᠲᠡᠭᠡᠬᠦ ᠮᠣᠳᠣ ᠶᠢ | 6᠄ 1 ᠶᠢᠨ ᠬᠠᠷᠢᠴᠠᠯ ᠢᠶᠠᠷ ᠵᠠᠶᠢᠯᠠᠵᠦ ᠪᠣᠯᠤᠨ᠎ᠠ᠃ ᠮᠥᠴᠢᠷ ᠢ ᠬᠠᠶᠢᠴᠢᠯᠠᠨ ᠪᠤᠭᠤᠨᠢᠰᠬᠠᠵᠤ᠂ ᠴᠠᠭ ᠲᠤᠬᠠᠶ ᠳᠤᠨᠢ | ᠴᠡᠴᠡᠭ ᠵᠢᠮᠢᠰ ᠢ ᠰᠡᠶᠢᠷᠡᠭᠵᠢᠭᠦᠯᠦᠨᠡ᠃ ᠡᠪᠡᠳᠴᠢᠨ ᠬᠤᠷᠣᠬᠠᠶ ᠶᠢᠨ ᠬᠥᠨᠥᠭᠡᠯ ᠢ ᠴᠠᠭ ᠲᠤᠬᠠᠶ ᠳᠤᠨᠢ ᠰᠡᠷᠭᠡᠶᠢᠯᠡᠨ | ᠵᠠᠰᠠᠬᠤ ᠬᠡᠷᠡᠭᠲᠡᠶ᠃ | | ᠲᠠᠷᠢᠬᠤ ᠳᠤ ᠲᠣᠬᠢᠷᠠᠮᠵᠢᠲᠠᠶ ᠤᠷᠤᠨ ᠪᠦᠰᠡ᠄ | ᠲᠤᠰ ᠡᠭᠦᠯᠳᠡᠷ ᠢ ᠮᠠᠨ ᠤ ᠣᠷᠣᠨ ᠤ ᠵᠢᠯ ᠤᠨ ᠳᠤᠮᠳᠠᠴᠢ ᠳᠤᠯᠠᠭᠠᠨ ᠤ ᠬᠡᠮᠵᠢᠶ᠎ᠡ ᠨᠢ 5.5 ℃ ᠣᠷᠴᠢᠮ᠂ | ᠲᠤᠨᠳᠠᠰᠤᠨ ᠤ ᠬᠡᠮᠵᠢᠶ᠎ᠡ ᠨᠢ 300400 mm ᠪᠠᠶᠢᠬᠤ᠂ ᠡᠷᠭᠦᠭᠳᠡᠭᠴᠡ ᠨᠢ 800 m ᠠᠴᠠ ᠳᠣᠷᠣᠭᠰᠢ | ᠭᠠᠵᠠᠷ ᠣᠷᠣᠨ ᠳᠤ ᠲᠠᠷᠢᠬᠤ ᠳᠤ ᠲᠣᠬᠢᠷᠠᠨ᠎ᠠ᠃ |