ᠠᠷᠤ ᠬᠤᠷᠴᠢᠨ ᠬᠤᠰᠢᠭᠤᠨ ᠤ ᠬᠠᠷ᠎ᠠ ᠬᠥᠷᠥᠰᠥᠨ ᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠲᠥᠷᠥᠯ ᠵᠦᠢᠯ ᠪᠣᠳᠠᠲᠤ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2022/5/17
     ᠠᠷᠤ ᠬᠤᠷᠴᠢᠨ ᠬᠤᠰᠢᠭᠤᠨ ᠤ ᠬᠠᠷ᠎ᠠ ᠬᠥᠷᠥᠰᠥᠨ ᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠲᠥᠷᠥᠯ ᠵᠦᠢᠯ ᠪᠣᠳᠠᠲᠤ ᠦᠷ᠎ᠡ ᠪᠦᠲᠦᠮᠵᠢ ᠣᠯᠪᠠ᠃ 2022 ᠣᠨ ᠳᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠨᠡᠶᠢᠲᠡ 16.6 ᠲᠦᠮᠡᠨ ᠮᠥ ᠪᠡᠶᠡᠯᠡᠭᠦᠯᠵᠦ᠂ ᠭᠤᠤᠯᠳᠠᠭᠤ ᠪᠠᠯᠴᠢᠷᠤᠳ ᠰᠤᠮᠤ᠂ ᠱᠤᠤ ᠪᠠᠯᠭᠠᠰᠤ᠂ ᠵᠢᠭᠠᠰᠤᠲᠠᠶ ᠪᠠᠯᠭᠠᠰᠤ᠂ ᠬᠠᠨᠰᠦ᠋ᠮ᠎ᠡ ᠰᠤᠮᠤ ᠵᠡᠷᠭᠡ 7 ᠰᠤᠮᠤ ᠰᠢᠶᠠᠩ ᠪᠠᠯᠭᠠᠰᠤᠨ ᠳᠤ ᠲᠠᠷᠬᠠᠵᠤ ᠪᠣᠶ᠃      ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠳᠤ ᠭᠤᠤᠯᠳᠠᠭᠤ ᠬᠤᠶᠠᠷ ᠵᠦᠢᠯ ᠤᠨ ᠮᠡᠷᠭᠡᠵᠢᠯ ᠤᠨ ᠵᠠᠭᠪᠤᠷ ᠢ ᠳᠡᠯᠭᠡᠷᠡᠭᠦᠯᠪᠡ᠄ ᠨᠢᠭᠡ ᠳᠤ ᠨᠠᠮᠤᠷ ᠤᠨ ᠤᠯᠠᠷᠢᠯ ᠤᠨ ᠲᠠᠷᠢᠮᠠᠯ ᠢ ᠬᠤᠷᠢᠶᠠᠭᠰᠠᠨ ᠤ ᠳᠠᠷᠠᠭ᠎ᠠ ᠡᠰᠢ ᠰᠦᠷᠡᠯ ᠢ ᠪᠥᠬᠦ ᠬᠡᠮᠵᠢᠶ᠎ᠡ ᠪᠠᠷ ᠪᠥᠷᠬᠦᠭᠦᠯᠦᠨ ᠡᠪᠦᠯ ᠦᠩᠭᠡᠷᠡᠭᠦᠯᠵᠦ᠂ ᠬᠠᠪᠤᠷ ᠤᠨ ᠤᠯᠠᠷᠢᠯ ᠳᠤ ᠬᠠᠭᠠᠯᠪᠤᠷᠢᠯᠠᠬᠤ ᠥᠬᠡᠶ ᠪᠠᠷ ︵ᠪᠠᠭ᠎ᠠ︶ ᠳᠠᠷᠢᠬᠤ ᠵᠠᠭᠪᠤᠷ᠃ ᠡᠷᠳᠡᠨᠢ ᠰᠢᠰᠢ ᠠᠴᠠ ᠭᠠᠳᠠᠨ᠎ᠠ᠂ ᠪᠤᠰᠤᠳ ᠲᠠᠷᠢᠮᠠᠯ ᠢ ᠨᠠᠮᠤᠷ ᠤᠨ ᠤᠯᠠᠷᠢᠯ ᠳᠤ ᠪᠦᠬᠦᠨ ᠢ ᠲᠠᠷᠢᠶᠠᠨ ᠳᠤ ᠣᠷᠣᠭᠤᠯᠵᠤ᠂ ᠠᠷᠤ ᠬᠤᠷᠴᠢᠨ ᠬᠤᠰᠢᠭᠤᠨ ᠤ ᠪᠣᠳᠠᠲᠤ ᠪᠠᠶᠢᠳᠠᠯ ︵ᠰᠠᠯᠬᠢᠨ ᠳᠤ ᠢᠳᠡᠭᠳᠡᠬᠦ᠂ ᠮᠠᠯ ᠬᠡᠮᠡᠯᠢᠬᠦ ᠵᠡᠷᠭᠡ ᠬᠦᠴᠦᠨ ᠵᠦᠢᠯ ᠠᠴᠠ ᠪᠣᠯᠵᠣ ᠡᠰᠢ ᠰᠦᠷᠡᠯ ᠤᠨ ᠪᠦᠷᠬᠦᠴᠡ ᠶᠢ ᠪᠠᠭᠠᠰᠬᠠᠨ᠎ᠠ︶᠎ ᠲᠠᠢ ᠤᠶᠠᠯᠳᠤᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ ᠵᠠᠷᠴᠢᠮ ᠳᠡᠭᠡᠷ᠎ᠡ ᠪᠠᠨ ᠪᠥᠬᠦ ᠬᠡᠮᠵᠢᠶ᠎ᠡ ᠶᠢᠨ 60 %᠎ ᠠᠴᠠ ᠳᠤᠤᠷ᠎ᠠ ᠦᠭᠡᠢ ᠪᠠᠶᠢᠪᠠᠯ ᠡᠰᠢ ᠰᠦᠷᠡᠯ ᠢ ᠪᠥᠬᠦ ᠬᠡᠮᠵᠢᠶ᠎ᠡ ᠪᠠᠷ ᠪᠦᠷᠬᠦᠭᠦᠯᠦᠭᠰᠡᠨ ᠢᠶᠠᠷ ᠦᠵᠡᠨ᠎ᠡ︔ ᠬᠤᠶᠠᠷ ᠲᠤ᠂ ᠡᠷᠳᠡᠨᠢ ᠰᠢᠰᠢ ᠶᠢ ᠨᠠᠮᠤᠷ ᠤᠨ ᠤᠯᠠᠷᠢᠯ ᠳᠤ ᠬᠤᠷᠢᠶᠠᠭᠰᠠᠨ ᠤ ᠳᠠᠷᠠᠭ᠎ᠠ ᠥᠨᠳᠥᠷ ᠭᠤᠤᠷᠰᠤ ᠦᠯᠡᠳᠡᠭᠡᠬᠦ ᠪᠤᠶᠤ ᠡᠰᠢ ᠰᠦᠷᠡᠯ ᠠᠴᠠ ᠨᠢᠭᠡ ᠬᠡᠰᠡᠭ ᠢ ᠦᠯᠡᠳᠡᠭᠡᠵᠦ ᠡᠪᠦᠯ ᠦᠩᠭᠡᠷᠡᠭᠡᠵᠦ᠂ ᠬᠠᠪᠤᠷ ᠤᠨ ᠤᠯᠠᠷᠢᠯ ᠳᠤ ᠬᠠᠭᠠᠯᠪᠤᠷᠢᠯᠠᠬᠤ ᠥᠬᠡᠶ ᠪᠠᠷ ︵ᠪᠠᠭ᠎ᠠ︶ ᠳᠠᠷᠢᠬᠤ ᠵᠠᠭᠪᠤᠷ᠃ ᠵᠠᠷᠴᠢᠮ ᠳᠡᠭᠡᠷ᠎ᠡ ᠪᠠᠨ ᠦᠯᠡᠳᠡᠭᠳᠡᠯ ᠭᠤᠤᠷᠰᠤ ᠬᠢᠭᠡᠳ ᠦᠯᠡᠳᠡᠭᠳᠡᠯ ᠡᠰᠢ ᠰᠦᠷᠡᠯ ᠤᠨ ᠪᠦᠷᠬᠦᠴᠡ ᠶᠢᠨ ᠬᠡᠮᠵᠢᠶ᠎ᠡ ᠶᠢᠨ ᠨᠡᠶᠢᠯᠡᠪᠦᠷᠢ ᠶᠢ ᠡᠰᠢ ᠰᠦᠷᠡᠯ ᠤᠨ ᠪᠥᠬᠦ ᠬᠡᠮᠵᠢᠶ᠎ᠡ ᠶᠢᠨ 10 %᠎ ᠠᠴᠠ ᠳᠤᠤᠷ᠎ᠠ ᠪᠠᠶᠢᠯᠭᠠᠬᠤ ᠥᠬᠡᠶ᠃ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠭᠦᠨ ᠤᠷᠪᠠᠭᠤᠯᠬᠤ᠂ ᠤᠰᠤᠯᠠᠬᠤ ᠵᠡᠷᠭᠡ ᠥᠪᠡᠷ ᠤᠨ ᠥᠷᠲᠡᠭ ᠢ ᠮᠥ ᠪᠦᠷᠢ ᠳᠤ 80 ᠲᠥᠭᠦᠷᠢᠭ ᠠᠷᠪᠢᠯᠠᠵᠤ᠂ ᠡᠷᠳᠡᠨᠢ ᠰᠢᠰᠢ ᠶᠢᠨ ᠣᠷᠭᠤᠮᠠᠯ ᠤᠨ ᠥᠨᠳᠥᠷ ᠤᠨ ᠬᠡᠮᠵᠢᠶ᠎ᠡ᠂ ᠡᠰᠢ ᠰᠦᠷᠡᠯ ᠤᠨ ᠳ᠋ᠢᠶᠠᠮᠧᠲᠷ ᠨᠢ ᠲᠣᠰ ᠲᠣᠰ ᠤᠯᠠᠮᠵᠢᠯᠠᠯᠲᠤ ᠳᠠᠷᠢᠬᠤ ᠠᠷᠭ᠎ᠠ ᠮᠠᠶ᠋ᠢᠭ ᠠᠴᠠ 2 - 3 cm ᠪᠠ 0.4 - 0.5 cm ᠥᠨᠳᠥᠷ ᠪᠠᠶᠢᠵᠤ᠂ ᠡᠷᠳᠡᠨᠢ ᠰᠢᠰᠢ ᠶᠢᠨ  ᠵᠢᠭᠳᠡ ᠶᠢᠨ ᠬᠡᠮᠵᠢᠶ᠎ᠡ ᠨᠢ ᠤᠯᠠᠮᠵᠢᠯᠠᠯᠲᠤ ᠳᠠᠷᠢᠬᠤ ᠠᠷᠭ᠎ᠠ ᠮᠠᠶ᠋ᠢᠭ ᠠᠴᠠ ᠢᠯᠡᠳᠲᠡ ᠳᠠᠪᠠᠭᠤᠯᠢᠭ ᠪᠠᠶᠢᠨ᠎ᠠ᠃ ᠡᠭᠦᠨ ᠤ ᠬᠠᠮᠲᠤ᠂ ᠰᠠᠯᠬᠢᠨ ᠤ ᠢᠳᠡᠭᠳᠡᠯ ᠢ ᠡᠰᠡᠷᠭᠦᠴᠡᠬᠦ  ᠦᠢᠯᠡᠳᠦᠯ ᠢᠯᠡᠷᠬᠡᠶ ᠪᠠᠶᠢᠵᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠳᠤ ᠡᠰᠢ ᠰᠦᠷᠡᠯ ᠢ ᠭᠤᠤᠷᠰᠤ ᠦᠯᠡᠳᠡᠭᠡᠵᠦ ᠪᠦᠷᠬᠦᠭᠦᠯᠬᠦ ᠶᠢ ᠬᠡᠷᠡᠭᠵᠢᠭᠦᠯᠵᠦ᠂ ᠰᠠᠯᠬᠢ ᠶᠢ ᠬᠠᠯᠬᠠᠯᠠᠵᠤ ᠬᠥᠷᠥᠰᠥ ᠶᠢ ᠲᠣᠭᠲᠠᠪᠤᠷᠢᠵᠢᠭᠤᠯᠬᠤ ᠦᠢᠯᠡᠳᠦᠯ ᠦᠵᠡᠭᠦᠯᠵᠦ᠂ ᠶᠡᠭᠡ ᠬᠡᠪᠴᠢᠶ᠎ᠡ ᠪᠠᠷ ᠬᠡᠷᠡᠭᠵᠢᠭᠦᠯᠪᠡᠯ ᠲᠠᠷᠢᠶᠠᠨ ᠭᠠᠵᠠᠷ ᠤᠨ ᠲᠣᠭᠤᠰᠣ ᠳᠡᠭᠳᠡᠬᠦ ᠶᠢ ᠪᠦᠲᠦᠮᠵᠢᠲᠡᠶ ᠪᠠᠭᠠᠰᠬᠠᠵᠤ᠂ ᠡᠯᠡᠰᠦᠨ ᠰᠢᠭᠤᠷᠭ᠎ᠠ ᠡᠭᠦᠰᠬᠦ ᠶᠢ ᠰᠡᠷᠭᠡᠶᠢᠯᠡᠨ᠂ ᠡᠰᠢ ᠰᠦᠷᠡᠯ ᠢ ᠪᠦᠷᠬᠦᠭᠦᠯᠬᠦ ᠪᠠ ᠭᠦᠨ ᠰᠤᠯᠠᠷᠠᠭᠤᠯᠬᠤ ᠮᠡᠷᠭᠡᠵᠢᠯ ᠎ ᠨᠢ ᠬᠥᠷᠥᠰᠥ ᠰᠢᠷᠣᠶ ᠶᠢᠨ ᠤᠰᠤᠨ ᠤ ᠠᠭᠤᠷᠰᠢᠯᠲᠠ ᠶᠢ ᠪᠠᠭᠠᠰᠬᠠᠵᠤ᠂ ᠬᠥᠷᠥᠰᠥ ᠰᠢᠷᠣᠶ ᠶᠢᠨ ᠤᠰᠤ ᠬᠠᠳᠠᠭᠠᠯᠠᠬᠤ ᠴᠢᠳᠠᠪᠤᠷᠢ ᠶᠢ ᠨᠡᠮᠡᠭᠳᠡᠭᠦᠯᠵᠦ᠂ ᠶᠡᠭᠡ ᠪᠣᠷᠣᠭᠠᠨ ᠪᠠ ᠰᠢᠷᠦᠭᠦᠨ ᠪᠣᠷᠣᠭᠠᠨ ᠠᠴᠠ ᠪᠣᠯᠤᠭᠰᠠᠨ ᠬᠥᠷᠥᠰᠥ ᠰᠢᠷᠣᠶ ᠶᠢᠨ ᠢᠳᠡᠭᠳᠡᠯ ᠢ ᠪᠠᠭᠠᠰᠬᠠᠨ᠎ᠠ᠃ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠰᠢᠯ ᠤᠨ ᠭᠦᠨᠵᠡᠭᠡᠶ ᠠᠭᠤᠰᠤᠯᠴᠠᠯ ᠢᠶᠠᠷ ᠳᠠᠮᠵᠢᠭᠤᠯᠤᠨ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ ᠠᠵᠢᠯᠯᠠᠭᠠᠨ ᠢᠶᠠᠷ ︽ᠠᠮᠤ ᠶᠢ ᠬᠤᠷᠢᠶᠠᠬᠤ ᠳᠤ ᠭᠠᠵᠠᠷ ᠲᠤ ᠲᠦᠰᠢᠭᠯᠡᠵᠦ᠂ ᠤᠨᠠᠯᠲᠠ ᠶᠢ ᠨᠡᠮᠡᠭᠳᠡᠭᠦᠯᠬᠦ ᠳᠤ ᠮᠡᠷᠭᠡᠵᠢᠯ ᠳᠤ ᠲᠦᠰᠢᠭᠯᠡᠬᠦ︾᠎ ᠶᠢ ᠪᠡᠶᠡᠯᠡᠭᠦᠯᠪᠡ᠃    
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号