ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠤᠪᠴᠢᠶ᠎ᠠ ᠤᠯᠤᠰ ᠤᠨ ᠬᠠᠮᠠᠭᠠᠯᠠᠯᠲᠠ ᠶᠢᠨ ᠠᠮᠢᠲᠠᠨ ᠤᠯᠠᠭᠠᠨ ᠴᠤᠬᠤᠷ ᠨᠤᠭᠤᠰᠤ ᠶᠢ ᠡᠮᠨᠡᠨ ᠵᠠᠰᠠᠵᠤ᠂ ᠡᠬᠡ ᠪᠠᠶᠢᠭᠠᠯᠢ ᠳᠤ ᠨᠢ ᠪᠤᠴᠠᠭᠠᠪᠠ
ᠨᠡᠶᠢᠲᠡᠯᠡᠭᠰᠡᠨ ᠴᠠᠭ᠄
2022/5/18
   ᠣᠶᠢᠷ᠎ᠠ ᠳᠤ᠂ ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡᠨ ᠰᠢᠷᠬᠠᠲᠤᠭᠰᠠᠨ ᠤᠯᠠᠭᠠᠨ ᠠᠯᠠᠭ ᠨᠤᠭᠤᠰᠤ ᠶᠢ ᠬᠦᠯᠢᠶᠠᠨ ᠠᠪᠤᠪᠠ᠃ ᠤᠯᠠᠭᠠᠨ ᠴᠤᠬᠤᠷ ᠨᠤᠭᠤᠰᠤ ᠪᠣᠯ ᠤᠯᠤᠰ ᠤᠨ ︽ᠭᠤᠷᠪᠠᠨ ᠦᠷᠳᠡᠭᠲᠦ︾ ᠬᠠᠮᠠᠭᠠᠯᠠᠯᠲᠠ ᠶᠢᠨ ᠠᠮᠢᠲᠠᠨ ︵ᠲᠤᠬᠠᠶᠢᠯᠠᠪᠠᠯ ᠤᠯᠤᠰ ᠤᠨ ᠴᠢᠬᠤᠯᠠ ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠪᠦᠬᠦᠢ ᠡᠬᠡ ᠬᠠᠭᠤᠷᠠᠢ ᠶᠢᠨ ᠬᠠᠮᠠᠭᠠᠯᠯᠠᠳᠠ ᠶᠢᠨ ᠬᠡᠭᠡᠷ᠎ᠡ ᠶᠢᠨ ᠠᠮᠢᠲᠠᠨ︶ ᠪᠤᠯᠤᠨ᠎ᠠ᠃ ᠭᠠᠳᠠᠷ ᠲᠦᠷᠬᠦ ᠨᠢ ᠤᠯᠠᠪᠤᠷ ᠬᠦᠷᠡᠩ ᠥᠩᠭᠡᠲᠡᠢ᠂ ᠳᠠᠯᠠᠪᠴᠢᠨ ᠳᠡᠭᠡᠷ᠎ᠡ ᠨᠢ ᠴᠠᠭᠠᠨ ᠲᠣᠯᠪᠤ ᠲᠠᠢ᠂ ᠬᠤᠰᠢᠭᠤ᠂ ᠰᠠᠪᠠᠷ᠂ ᠰᠡᠭᠦᠯ ᠨᠢ ᠬᠠᠷ᠎ᠠ ᠥᠩᠭᠡᠲᠡᠢ᠂ ᠡᠯ᠎ᠡ ᠵᠦᠢᠯ ᠤᠨ ᠰᠢᠪᠠᠵᠢ᠂ ᠬᠤᠶᠠᠭᠲᠤ ᠠᠮᠢᠳᠡᠠ᠂ ᠮᠡᠯᠡᠬᠡᠢ᠂ ᠰᠠᠮ ᠬᠤᠷᠤᠬᠠᠢ᠂ ᠤᠰᠤᠨ ᠤ ᠤᠷᠭᠤᠮᠠᠯ ᠢᠶᠠᠷ ᠢᠳᠡᠰᠢ ᠪᠣᠯᠭᠠᠳᠠᠭ᠃     ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠰᠠᠯᠠᠭᠠᠨ ᠤ ᠲᠤᠰᠬᠠᠢ ᠮᠡᠷᠭᠡᠵᠢᠯᠲᠡᠨ ᠤᠯᠠᠭᠠᠨ ᠴᠤᠬᠤᠷ ᠨᠤᠭᠤᠰᠤᠨ ᠤ ᠪᠠᠷᠠᠭᠤᠨ ᠲᠠᠯ᠎ᠠ ᠶᠢᠨ ᠵᠢᠭᠦᠷ ᠤᠨ ᠬᠡᠰᠡᠭ ᠨᠢ ᠰᠢᠷᠬᠠᠳᠤᠭᠰᠠᠨ ᠢ ᠮᠡᠳᠡᠪᠡ᠃ ᠲᠤᠰᠬᠠᠢ ᠮᠡᠷᠭᠡᠵᠢᠯᠲᠠᠨ ᠠᠴᠠ ᠲᠡᠭᠦᠨ ᠤ ᠰᠢᠷᠬ᠎ᠠ ᠶᠢ ᠠᠷᠢᠭᠤᠳᠬᠠᠵᠤ᠂ ᠦᠷᠪᠢᠰᠦᠯ ᠢ ᠳᠠᠷᠤᠵᠦ ᠠᠨᠠᠭᠠᠭᠰᠠᠨ ᠪᠠᠶᠢᠨ᠎ᠠ᠃ ᠬᠡᠰᠡᠭ ᠬᠤᠭᠤᠴᠠᠭ᠎ᠠ ᠦᠩᠭᠡᠷᠡᠭᠰᠡᠨ ᠤ ᠳᠠᠷᠠᠭ᠎ᠠ᠂ ᠤᠯᠠᠭᠠᠨ ᠠᠯᠠᠭ ᠨᠤᠭᠤᠰᠤᠨ ᠤ ᠰᠢᠷᠬ᠎ᠠ ᠨᠢ  ᠡᠳᠡᠭᠡᠷᠡᠪᠡ᠃    ᠬᠡᠭᠡᠷ᠎ᠡ ᠶᠢᠨ ᠠᠮᠢᠲᠠᠨ ᠤ ᠬᠠᠮᠠᠭᠠᠯᠠᠯᠳᠠ ᠶᠢᠨ ᠲᠦᠪ ᠤᠨ ᠬᠢᠨ ᠤᠯᠠᠭᠠᠨ ᠴᠤᠬᠤᠷ ᠨᠤᠭᠤᠰᠤ ᠶᠢ ᠡᠬᠡ ᠪᠠᠶᠢᠭᠠᠯᠢ ᠳᠤ ᠨᠢ ᠪᠤᠴᠠᠭᠠᠵᠤ᠂ ᠡᠷᠬᠡ ᠴᠢᠯᠦᠭᠡ ᠶᠢ ᠨᠢ ᠤᠯᠭᠤᠯ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号